— 2017 ᠤᠨ ᠤ 1ᠰᠠᠷ᠎ᠠ ᠶᠢᠨ 18 ᠤ ᠡᠳᠤᠷ ᠤᠷᠳᠤᠰ ᠬᠤᠳᠠ ᠶᠢᠨ ᠳ᠋ᠦᠩᠱᠧᠩ | ᠳᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠶᠢᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠳᠡᠬᠡᠷ᠎ᠡ | | ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ ᠸᠠᠩ ᠮᠸᠢ ᠪᠢᠨ | | ᠲᠦᠯᠦᠬᠡᠯᠡᠭᠴᠢᠳ ᠡ᠄ | ᠤᠳᠤ ᠪᠢ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ᠂ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠶ᠎ᠡ᠂ ᠬᠢᠨᠠᠨ | ᠵᠦᠪᠰᠢᠶᠡᠷᠡᠬᠦ ᠪᠤᠯᠪᠠᠤ᠂ ᠤᠯᠤᠰ ᠲᠦᠷᠦ ᠶᠢᠨ ᠵᠦᠪᠯᠡᠯᠬᠡᠨ ᠤ ᠪᠦᠬᠦ ᠬᠡᠰᠢᠬᠦᠳ ᠪᠤᠯᠤᠨ ᠰᠤᠯᠠ ᠪᠠᠷ ᠤᠷᠤᠯᠴᠠᠭᠰᠠᠨ ᠨᠦᠬᠦᠳ ᠰᠠᠨᠠᠯ ᠵᠦᠪᠯᠡᠯᠬᠡ ᠪᠠᠨ ᠳᠡᠪᠰᠢᠬᠦᠯᠬᠦ | ᠶᠢ ᠬᠦᠰᠡᠵᠤ ᠪᠠᠶᠢᠨ᠎ᠠ᠃ | | ᠨᠢᠬᠡ᠂ 2016 ᠤᠨ ᠤ ᠠᠵᠢᠯ ᠤᠨ ᠡᠷᠬᠢᠴᠡᠬᠦᠯᠦᠯ | | 2016 ᠤᠨ ᠪᠤᠯ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠦᠯᠦᠪᠯᠡᠭᠡ ᠶᠢᠨ ᠡᠬᠢᠯᠡᠯᠳᠡ ᠶᠢᠨ ᠵᠢᠯ ᠪᠤᠯᠤᠨ᠎ᠠ᠂ ᠮᠠᠨ ᠤ ᠳᠤᠭᠤᠷᠢᠭ ᠨᠢ ᠬᠦᠨᠳᠤ | ᠴᠢᠬᠤᠯᠠ ᠰᠢᠯᠭᠠᠯᠳᠠ ᠪᠤᠯᠤᠨ ᠦᠷᠢᠰᠦᠯᠳᠦᠬᠡᠨ ᠤ ᠳᠤᠮᠳᠠ ᠬᠦᠴᠢᠷ ᠢ ᠢᠯᠡᠨ ᠴᠢᠷᠮᠠᠶᠢᠨ ᠤᠷᠤᠭᠰᠢᠯᠠᠵᠤ ᠨᠡᠯᠢᠶᠡᠳ ᠰᠠᠶᠢᠨ ᠪᠦᠳᠦᠮᠵᠢ ᠤᠯᠪᠠ᠃ ᠨᠢᠬᠡ ᠵᠢᠯ ᠳᠤ᠂ | ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠤᠯᠤᠨ ᠳᠤᠭᠤᠷᠢᠭ ᠤᠨ ᠨᠠᠮ ᠤᠨ | ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠰᠢᠪᠳᠤᠯᠤᠯᠳᠠ ᠶᠢᠨ ᠡᠷᠴᠢ᠂ ᠦᠬᠡᠷᠡᠴᠢᠯᠡᠯᠳᠡ ᠶᠢᠨ ᠬᠦᠴᠦᠨ᠂ ᠪᠤᠳᠠᠳᠤ ᠠᠵᠢᠯ ᠬᠢᠬᠦ ᠯᠠᠪᠳᠠᠭᠤᠨ | ᠰᠤᠷᠳᠠᠯ ᠢᠶᠠᠷ ᠳᠤᠭᠳᠠᠭᠤᠨ ᠦᠰᠦᠯᠳᠡ ᠶᠢ ᠪᠠᠳᠤᠯᠠᠨ᠂ ᠬᠡᠯᠪᠡᠷᠢ ᠪᠠᠨ ᠬᠤᠪᠢᠷᠠᠭᠠᠨ ᠬᠦᠭᠵᠢᠬᠦ ᠶᠢ ᠠᠬᠢᠭᠤᠯᠵᠤ᠂ ᠦᠬᠡᠷᠡᠴᠢᠯᠡᠯᠳᠡ ᠶᠢ ᠠᠳᠬᠤᠨ᠂ ᠠᠷᠠᠳ ᠤᠨ | ᠠᠮᠢᠳᠤᠷᠠᠯ ᠳᠤ ᠬᠠᠷᠠᠭᠠᠯᠵᠠᠯ ᠦᠵᠡᠬᠦᠯᠦᠨ᠂ ᠲᠦᠭᠰᠢᠬᠦᠷᠢ ᠶᠢ ᠰᠡᠷᠬᠡᠶᠢᠯᠡᠵᠤ᠂ ᠠᠵᠤ ᠠᠬᠤᠢ ᠨᠡᠶᠢᠬᠡᠮ ᠤᠨ ᠳᠤᠭᠳᠠᠭᠤᠨ ᠪᠠᠶᠢᠳᠠᠯ ᠢ ᠪᠠᠳᠤᠯᠠᠪᠠ᠃ ᠪᠦᠬᠦ ᠵᠢᠯ ᠤᠨ | ᠤᠷᠤᠨ ᠪᠦᠰᠡ ᠶᠢᠨ ᠦᠢᠯᠡᠳᠪᠤᠷᠢᠯᠡᠯ ᠤᠨ ᠶᠡᠷᠦᠩᠬᠡᠢ ᠦᠷᠳᠡᠭ ᠨᠢ ᠪᠠᠷᠤᠭ 930 ᠳ᠋ᠦᠩᠰᠢᠭᠤᠷ ᠲᠦᠬᠦᠷᠢᠭ ᠲᠤ ᠬᠦᠷᠴᠤ᠂ ᠦᠰᠦᠯᠳᠡ ᠨᠢ 7.5% ᠪᠤᠯᠪᠠ᠃ | ᠨᠡᠶᠢᠳᠡ ᠶᠢᠨ ᠡᠳ᠋ ᠬᠦᠷᠦᠩᠬᠡ ᠶᠢᠨ ᠲᠦᠰᠦᠪ ᠤᠨ ᠤᠷᠤᠯᠭ᠎ᠠ ᠨᠢ 83.3 ᠳ᠋ᠦᠩᠰᠢᠭᠤᠷ ᠲᠦᠬᠦᠷᠢᠭ᠂ ᠦᠰᠦᠯᠳᠡ ᠨᠢ 3% ᠬᠦᠷᠪᠡ᠃ ᠳᠤᠭᠳᠠᠮᠠᠯ ᠬᠦᠷᠦᠩᠬᠡ | ᠶᠢᠨ ᠪᠡᠯᠡ ᠤᠷᠤᠭᠤᠯᠤᠯᠳᠠ 505 ᠳ᠋ᠦᠩᠰᠢᠭᠤᠷ ᠲᠦᠬᠦᠷᠢᠭ ᠢ ᠪᠡᠶᠡᠯᠡᠬᠦᠯᠵᠤ᠂ ᠦᠰᠦᠯᠳᠡ ᠨᠢ 12% ᠬᠦᠷᠪᠡ᠃ ᠨᠡᠶᠢᠬᠡᠮ ᠤᠨ ᠬᠡᠷᠡᠭᠯᠡᠬᠡᠨ ᠤ ᠰᠤᠯᠠ | ᠪᠤᠷᠤᠯᠠᠭᠤᠯᠤᠯᠳᠠ ᠶᠢᠨ ᠶᠡᠷᠦᠩᠬᠡᠢ ᠦᠷᠳᠡᠭ ᠤᠨ ᠵᠢᠯ ᠤᠨ ᠳᠤᠮᠳᠠᠴᠢ ᠨᠡᠮᠡᠭᠳᠡᠯ ᠨᠢ 243 ᠳ᠋ᠦᠩᠰᠢᠭᠤᠷ ᠲᠦᠬᠦᠷᠢᠭ ᠢ ᠪᠡᠶᠡᠯᠡᠬᠦᠯᠵᠤ᠂ ᠦᠰᠦᠯᠳᠡ ᠨᠢ 9% ᠳᠤ | ᠬᠦᠷᠪᠡ᠃ ᠬᠤᠳᠠ ᠪᠠᠯᠭᠠᠰᠤᠨ ᠤ ᠪᠠᠶᠢᠩᠭᠤ ᠰᠠᠭᠤᠷᠢᠵᠤ ᠪᠠᠶᠢᠭ᠎ᠠ ᠰᠠᠭᠤᠭᠠᠯᠢ ᠠᠷᠠᠳ ᠤᠨ ᠳᠤᠮᠳᠠᠴᠢ ᠡᠵᠡᠨ ᠮᠡᠳᠡᠬᠦ ᠤᠷᠤᠯᠭ᠎ᠠ ᠨᠢ ᠨᠡᠮᠡᠭᠳᠡᠬᠡᠳ41911 | ᠲᠦᠬᠦᠷᠢᠭ ᠲᠤ ᠬᠦᠷᠴᠤ᠂ ᠵᠢᠯ ᠪᠦᠷᠢ ᠳᠤᠮᠳᠠᠴᠢ ᠪᠠᠷ 8% ᠪᠠᠷ ᠦᠰᠴᠤ᠂ ᠪᠦᠬᠦ ᠤᠯᠤᠰ ᠤᠨ ᠳᠤᠮᠳᠠ ᠵᠢᠵᠢᠭ ᠬᠤᠳᠠ ᠶᠢᠨ ᠶᠡᠷᠦᠩᠬᠡᠢ ᠪᠤᠳᠠᠳᠤ ᠬᠦᠴᠦᠨ ᠢᠶᠠᠷ | 16 ᠳᠤ ᠪᠠᠶᠢᠷᠢᠯᠠᠵᠤ᠂ ᠪᠦᠬᠦ ᠤᠯᠤᠰ ᠤᠨ ᠳᠤᠮᠳᠠ ᠵᠢᠵᠢᠭ ᠬᠤᠳᠠ ᠶᠢᠨ ᠰᠢᠨ᠎ᠡ ᠶᠢ ᠡᠬᠦᠳᠤᠨ ᠦᠢᠯᠡᠰ ᠪᠤᠰᠬᠠᠭᠰᠠᠨ ᠵᠠᠭᠤᠨ ᠬᠦᠴᠦᠷᠬᠡᠭ ᠳᠤᠭᠤᠷᠢᠭ ᠤᠨ | ᠢᠷᠠᠭᠤ ᠠᠯᠳᠠᠷ ᠢ ᠤᠯᠪᠠ᠃ | ︵ᠨᠢᠬᠡ︶ ᠠᠵᠤ ᠦᠢᠯᠡᠳᠪᠤᠷᠢ ᠶᠢᠨ ᠬᠡᠯᠪᠡᠷᠢ ᠪᠠᠨ ᠬᠤᠪᠢᠷᠠᠭᠠᠬᠤ ᠬᠦᠳᠡᠯᠬᠡᠭᠴᠢ ᠬᠦᠴᠦᠨ ᠢ ᠳᠡᠬᠡᠭᠰᠢᠯᠡᠬᠦᠯᠬᠦ ᠰᠢᠨ᠎ᠡ ᠠᠯᠬᠤᠮ ᠢ ᠠᠯᠬᠤᠪᠠ᠃ ᠰᠢᠨ᠎ᠡ ᠶᠢ | ᠡᠬᠦᠳᠬᠦ ᠳ᠋ᠦᠩᠱᠧᠩ ᠢᠶᠠᠷ ᠤᠳᠤᠷᠢᠳᠤᠭᠤᠯᠤᠨ᠂ ᠠᠷᠭ᠎ᠠ ᠤᠬᠠᠭᠠᠨ ᠢ ᠰᠦᠪᠡᠭᠴᠢᠯᠡᠨ᠂ ᠲᠦᠷᠦᠯ ᠵᠦᠢᠯ ᠢ ᠠᠳᠬᠤᠨ᠂ ᠬᠦᠭᠵᠢᠯᠳᠡ ᠶᠢ ᠳᠤᠭᠳᠠᠭᠤᠨ ᠪᠠᠶᠢᠯᠭᠠᠵᠤ᠂ | ᠨᠦᠬᠡᠴᠡ ᠬᠦᠴᠦᠨ ᠢ ᠨᠡᠮᠡᠭᠳᠡᠬᠦᠯᠪᠡ᠃ ᠬᠤᠳᠠ ᠶᠢᠨ ᠳᠡᠰ ᠤᠨ ᠳ᠋ᠦᠩᠰᠢᠭᠤᠷ ᠲᠦᠬᠦᠷᠢᠭ ᠠᠴᠠ ᠳᠡᠬᠡᠭᠰᠢᠬᠢ16 ᠲᠦᠷᠦᠯ ᠵᠦᠢᠯ ᠢ ᠪᠦᠬᠦᠳᠡ ᠶᠢ ᠰᠡᠷᠬᠦᠬᠡᠨ | ᠠᠵᠢᠯᠯᠠᠭᠤᠯᠵᠤ᠂122 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠪᠡ᠃ ᠠᠵᠤ ᠦᠢᠯᠡᠳᠪᠤᠷᠢ ᠶᠢᠨ ᠠᠵᠤ ᠠᠬᠤᠢ ᠨᠢ ᠰᠡᠷᠬᠦᠵᠤ᠂ | ᠬᠡᠪᠴᠢᠶᠡᠳᠤ ᠠᠵᠤ ᠦᠢᠯᠡᠳᠪᠤᠷᠢ ᠶᠢᠨ ᠦᠷᠳᠡᠭ ᠤᠨ ᠨᠡᠮᠡᠭᠳᠡᠯ ᠨᠢ 8.5% ᠳᠤ ᠬᠦᠷᠴᠤ᠂ 60% ᠠᠴᠠ ᠳᠡᠬᠡᠭᠰᠢᠬᠢ ᠠᠵᠤ ᠦᠢᠯᠡᠳᠪᠤᠷᠢ ᠶᠢᠨ ᠠᠵᠤ | ᠠᠬᠤᠶᠢᠯᠠᠯ ᠨᠢ ᠬᠤᠨᠵᠢᠪᠤᠷᠢ ᠤᠯᠵᠤ ᠡᠬᠢᠯᠡᠪᠡ᠃ ᠠᠩᠬᠠᠳᠠᠭᠴᠢ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠢᠮᠠᠭᠠᠨ ᠨᠤᠯᠤᠤᠷ ᠤᠨ ᠦᠵᠡᠰᠬᠦᠯᠡᠩ ᠨᠢ | ᠠᠮᠵᠢᠯᠳᠠ ᠲᠠᠢ ᠪᠠᠷ ᠶᠠᠪᠤᠭᠳᠠᠵᠤ᠂ ᠦᠢᠯᠡᠳᠪᠤᠷᠢ᠂ ᠳᠡᠯᠬᠡᠬᠦᠷ ᠪᠤᠯᠤᠨ ᠰᠦᠯᠵᠢᠶ᠎ᠡ ᠳᠡᠬᠡᠷᠡᠬᠢ ᠰᠤᠯᠢᠯᠴᠠᠭᠠᠨ ᠤ ᠳᠠᠪᠴᠠᠩ ᠢ ᠡᠬᠢᠯᠡᠬᠦᠯᠵᠤ᠂ ᠢᠮᠠᠭᠠᠨ ᠨᠤᠯᠤᠤᠷ ᠤᠨ | ᠦᠢᠯᠡᠳᠬᠦᠨ ᠤ ᠪᠤᠷᠤᠯᠠᠭᠤᠯᠤᠯᠳᠠ ᠨᠢ 400 ᠲᠦᠮᠡᠨ ᠬᠡᠰᠡᠭ ᠢ ᠰᠢᠪᠳᠤᠯᠵᠤ᠂ ᠦᠰᠦᠯᠳᠡ ᠨᠢ18% ᠪᠤᠯᠪᠠ᠃ ᠨᠡᠬᠦᠷᠡᠰᠤᠨ ᠤ ᠦᠨ᠎ᠡ ᠶᠢᠨ ᠦᠰᠦᠯᠳᠡ ᠶᠢ | 20% ᠪᠠᠷ ᠨᠡᠮᠡᠭᠳᠡᠬᠦᠯᠬᠦ ᠳᠠᠭᠠᠭᠤᠯᠭ᠎ᠠ ᠳᠤᠤᠷ᠎ᠠ᠂ ᠪᠦᠬᠦ ᠵᠢᠯ 6131 ᠲᠦᠮᠡᠨ ᠳᠤᠨ ᠨᠡᠬᠦᠷᠡᠰᠤ ᠶᠢ ᠦᠢᠯᠡᠳᠪᠤᠷᠢᠯᠡᠨ ᠪᠤᠷᠤᠯᠠᠭᠤᠯᠵᠤ᠂ 21% ᠪᠠᠷ | ᠨᠡᠮᠡᠭᠳᠡᠬᠦᠯᠪᠡ᠃ ᠨᠡᠬᠦᠷᠡᠰᠤᠨ ᠤ ᠡᠯᠧᠺᠲᠷᠤᠨ ᠰᠤᠯᠢᠯᠴᠠᠭ᠎ᠠ ᠨᠢ 9631 ᠳᠤᠨ ᠪᠠᠶᠢᠵᠤ᠂ ᠰᠤᠯᠢᠯᠴᠠᠭᠠᠨ ᠤ ᠦᠷᠳᠡᠭ ᠨᠢ 167 ᠳ᠋ᠦᠩᠰᠢᠭᠤᠷ ᠲᠦᠬᠦᠷᠢᠭ ᠢ | ᠪᠡᠶᠡᠯᠡᠬᠦᠯᠦᠨ᠂ ᠦᠰᠦᠯᠳᠡ ᠨᠢ 60% ᠪᠤᠯᠪᠠ᠃ ᠳᠤᠨᠤᠭ ᠲᠦᠬᠦᠬᠡᠷᠦᠮᠵᠢ ᠦᠢᠯᠡᠳᠬᠦ ᠰᠠᠭᠤᠷᠢᠨ ᠭᠠᠵᠠᠷ ᠤᠨ ᠪᠡᠯᠡ ᠤᠷᠤᠭᠤᠯᠤᠯᠳᠠ ᠨᠢ 142 ᠳ᠋ᠦᠩᠰᠢᠭᠤᠷ | ᠲᠦᠬᠦᠷᠢᠭ ᠢ ᠪᠡᠶᠡᠯᠡᠬᠦᠯᠦᠨ᠂ ᠠᠵᠤ ᠦᠢᠯᠡᠳᠪᠤᠷᠢ ᠶᠢᠨ ᠦᠷᠳᠡᠭ ᠨᠢ 148 ᠳ᠋ᠦ᠋ᠩᠰᠢᠭᠤᠷ ᠲᠦᠬᠦᠷᠢᠭ ᠢ ᠪᠡᠶᠡᠯᠡᠬᠦᠯᠪᠡ᠃ ᠴᠢ ᠷᠦᠢ ᠵᠢᠵᠢᠭ ᠰᠡᠤᠬᠡ ᠮᠠᠰᠢᠨ | SUV ᠶᠢᠨ ᠦᠢᠯᠡᠳᠪᠤᠷᠢᠯᠡᠭᠰᠡᠨ ᠲᠦᠷᠦᠯ ᠵᠦᠢᠯ ᠨᠢ ᠪᠦᠬᠦ ᠳᠠᠯ᠎ᠠ ᠪᠠᠷ ᠦᠢᠯᠡᠪᠤᠷᠢᠯᠡᠬᠦ ᠶᠢ ᠪᠡᠶᠡᠯᠡᠬᠦᠯᠵᠤ᠂ ᠵᠢᠩ ᠳ᠋ᠦᠩ ᠹᠠᠩ ᠬᠤᠶᠠᠳᠠᠬᠢ ᠬᠤᠭᠤᠴᠠᠭ᠎ᠠ ᠶᠢᠨ | ᠲᠦᠷᠦᠯ ᠵᠦᠢᠯ ᠢ ᠪᠦᠷᠢᠨ ᠦᠢᠯᠡᠳᠪᠤᠷᠢᠯᠡᠬᠦᠯᠦᠨ ᠠᠵᠢᠯᠯᠠᠭᠤᠯᠵᠤ᠂ ᠪᠦᠬᠦ ᠵᠢᠯ ᠳᠤ 7.8 ᠲᠦᠮᠡᠨ ᠮᠠᠰᠢᠨ ᠳᠡᠷᠬᠡ᠂7.8 ᠲᠦᠮᠡᠨ ᠮᠠᠰᠢᠨ ᠤ ᠬᠦᠳᠡᠯᠬᠡᠬᠦᠷ᠂ | 3460 ᠲᠦᠮᠡᠨ ᠭᠠᠷ ᠤᠳᠠᠰᠤᠨ ᠤ ᠴᠡᠬᠡᠨ ᠬᠦᠰᠢᠬᠡ ᠶᠢ ᠦᠢᠯᠡᠳᠪᠤᠷᠢᠯᠡᠨ ᠪᠤᠷᠤᠯᠠᠭᠤᠯᠪᠠ᠃ ᠨᠡᠬᠦᠷᠡᠰᠤᠨ ᠤ ᠪᠤᠰᠤ ᠠᠵᠤ ᠦᠢᠯᠡᠰ ᠤᠨ ᠦᠢᠯᠡᠳᠪᠤᠷᠢᠯᠡᠭᠰᠡᠨ | ᠦᠷᠳᠡᠭ ᠨᠢ 15% ᠪᠠᠷ ᠨᠡᠮᠡᠭᠳᠡᠨ᠂ ᠬᠦᠳᠡᠯᠬᠡᠬᠦ ᠬᠦᠴᠦᠨ ᠢ ᠦᠷᠬᠦᠯᠵᠢᠯᠡᠨ ᠬᠤᠪᠢᠷᠠᠭᠠᠪᠠ᠃ | ︵ᠬᠤᠶᠠᠷ︶ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠪᠦᠳᠦᠴᠡ ᠶᠢ ᠰᠢᠯᠢᠳᠡᠭᠴᠢᠯᠡᠬᠦ ᠳᠤᠮᠳᠠ ᠰᠢᠨ᠎ᠡ ᠳᠠᠪᠠᠭᠤᠯᠢᠭ ᠢ ᠪᠣᠶᠢᠵᠢᠭᠤᠯᠪᠠ᠃ | ᠦᠢᠯᠡᠴᠢᠯᠡᠬᠡᠨ ᠤ ᠦᠢᠯᠡᠰ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠳᠡᠷᠢᠬᠦᠨ ᠳᠤ ᠦᠷᠨᠢᠬᠦᠯᠦᠨ᠂100 ᠲᠦᠷᠦᠯ ᠤᠨ ᠭᠤᠤᠯᠳᠠᠯᠭᠠᠳᠤ ᠲᠦᠷᠦᠯ | ᠵᠦᠢᠯ ᠢ ᠡᠬᠢᠯᠡᠨ ᠬᠡᠷᠡᠭᠵᠢᠬᠦᠯᠵᠤ᠂168 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠨ᠂ ᠦᠢᠯᠡᠴᠢᠯᠡᠬᠡᠨ ᠤ ᠦᠢᠯᠡᠰ ᠤᠨ ᠨᠡᠮᠡᠭᠳᠡᠯ ᠤᠨ | ᠬᠦᠨᠳᠤᠴᠡ ᠨᠢ 1 ᠵᠠᠭᠤᠨ ᠤ ᠴᠢᠭ ᠢ ᠨᠡᠮᠡᠭᠳᠡᠬᠦᠯᠪᠡ᠃ ᠳᠠᠮᠤᠷ ᠵᠠᠮ ᠤᠨ ᠪᠠᠷᠠᠭᠤᠨᠳᠡᠬᠢ ᠸᠠᠨ ᠵᠢᠶᠠ ᠬᠤᠢ ᠨᠢ ᠬᠤᠳᠠᠯᠳᠤᠭᠠᠨ ᠤ ᠭᠠᠵᠠᠷ ᠠᠴᠠ ᠵᠤᠭᠠᠴᠠᠯ ᠤᠨ | ᠴᠢᠭ ᠪᠤᠯᠭᠠᠨ ᠬᠡᠯᠪᠡᠷᠢ ᠪᠠᠨ ᠠᠮᠵᠢᠯᠳᠠᠳᠠᠢ ᠬᠤᠪᠢᠷᠠᠭᠠᠨ᠂ ᠪᠡᠬᠡᠵᠢᠩ ᠤᠨ ᠠᠮᠢᠳᠠᠨ ᠤ ᠬᠦᠷᠢᠶᠡᠯᠡᠩ ᠤᠨ ᠪᠦᠬᠡᠮ ᠢᠶᠠᠷ ᠬᠤᠳᠠᠯᠳᠤᠬᠤ ᠵᠠᠬ᠎ᠠ ᠳᠡᠯᠬᠡᠬᠦᠷ ᠲᠠᠢ ᠭᠠᠷ | ᠤᠨ ᠦᠰᠦᠭ ᠵᠢᠷᠤᠵᠤ ᠤᠷᠢᠨ ᠤᠷᠤᠭᠤᠯᠵᠤ᠂ ᠭᠤᠤᠯᠳᠠᠯᠭ᠎ᠠ ᠲᠠᠢ ᠪᠠᠷ 4 ᠦᠪᠡᠷᠮᠢᠴᠡ ᠤᠨᠴᠠᠯᠢᠭ ᠲᠠᠢ ᠵᠡᠬᠡᠯᠢ ᠳᠤᠭᠤᠷᠢᠭ ᠢ ᠴᠤᠭᠴᠠᠯᠠᠨ᠂ ︽ᠷᠦᠩ ᠴᠧᠩ | ᠺᠸᠤ︾ ᠵᠡᠷᠬᠡ 6 ᠡᠯᠧᠺᠲᠷᠤᠨ ᠬᠤᠳᠠᠯᠳᠤᠭᠠᠨ ᠤ ᠳᠠᠪᠴᠠᠩ ᠪᠤᠯᠤᠨ ᠬᠤᠸᠠ ᠶᠡᠨ CBD ᠡᠯᠧᠺᠲᠷᠤᠨ ᠬᠤᠳᠠᠯᠳᠤᠭᠠᠨ ᠤ ᠳᠤᠮᠤ ᠠᠰᠠᠷ ᠤᠨ ᠡᠵᠡᠩᠨᠡᠯᠳᠡ ᠶᠢ | ᠪᠡᠶᠡᠯᠡᠬᠦᠯᠪᠡ᠃ ᠤᠯᠠᠨ ᠤᠯᠤᠰ ᠤᠨ ᠡᠷᠡᠬᠦᠯ ᠮᠡᠨᠳᠤ ᠶᠢᠨ ᠨᠠᠰᠤᠳᠠᠨ ᠢ ᠠᠰᠠᠷᠠᠬᠤ ᠦᠢᠯᠡᠴᠢᠯᠡᠬᠡᠨ ᠤ ᠬᠤᠯᠪᠤᠭᠠᠯᠠᠯ ᠢ ᠪᠠᠶᠢᠭᠤᠯᠤᠨ᠂ ᠪᠡᠶ᠎ᠡ ᠰᠤᠪᠢᠯᠠᠯ᠂ ᠨᠠᠰᠤᠳᠠᠨ ᠢ | ᠠᠰᠠᠷᠠᠬᠤ᠂ ᠡᠮᠨᠡᠯᠬᠡ ᠡᠷᠬᠦᠯᠵᠢᠯ᠂ ᠬᠠᠷᠠᠵᠤ ᠬᠠᠷᠠᠭᠠᠯᠵᠠᠬᠤ ᠵᠡᠷᠬᠡ ᠦᠢᠯᠡᠳᠤᠯ ᠴᠢᠳᠠᠪᠬᠢ ᠶᠢ ᠤᠶᠠᠯᠳᠤᠭᠤᠯᠤᠭᠰᠠᠨ ᠨᠡᠶᠢᠬᠡᠮ ᠳᠤᠭᠤᠷᠢᠭ ᠤᠨ ᠨᠠᠰᠤᠳᠠᠨ ᠢ ᠠᠰᠠᠷᠠᠬᠤ | ᠦᠢᠯᠡᠴᠯᠢᠡᠬᠡᠨ ᠤ ᠲᠦᠪ ᠢ 4 ᠪᠠᠶᠢᠭᠤᠯᠤᠨ ᠬᠡᠷᠡᠭᠯᠡᠯᠳᠡ ᠳᠤ ᠤᠷᠤᠭᠤᠯᠵᠤ᠂ ᠵᠤᠭᠠᠴᠠᠯ ᠰᠠᠭᠤᠷᠢᠰᠢᠯ ᠵᠤᠰᠠᠯᠠᠩᠳᠤ ᠨᠠᠰᠤᠳᠠᠨ ᠢ ᠠᠰᠠᠷᠠᠬᠤ ᠳᠠᠯ᠎ᠠ ᠪᠠᠷ 1 ᠲᠦᠮᠡᠨ | ᠬᠦᠮᠦᠨ ᠤᠳᠠᠭ᠎ᠠ ᠶᠢ ᠳᠠᠪᠠᠵᠤ ᠡᠷᠡᠬᠦᠯ ᠮᠡᠨᠳᠤ ᠶᠢᠨ ᠨᠠᠰᠤᠳᠠᠨ ᠢ ᠠᠰᠠᠷᠠᠬᠤ᠂ ᠠᠵᠤ ᠦᠢᠯᠡᠰ ᠤᠨ ᠬᠦᠷᠢᠶᠡᠯᠡᠩ ᠨᠢ ᠤᠯᠤᠰ ᠤᠨ ᠦᠢᠯᠡᠴᠢᠯᠡᠬᠡᠨ ᠤ ᠦᠢᠯᠡᠰ ᠤᠨ | ᠪᠠᠷᠢᠮᠵᠢᠶᠠᠳᠤ ᠳᠤᠷᠰᠢᠯᠳᠠ ᠶᠢᠨ ᠴᠢᠭ ᠪᠤᠯᠪᠠ᠃ ᠲᠦᠩ ᠴᠤᠸᠠᠨ ᠤ ᠮᠠᠰᠢᠨ ᠳᠡᠷᠬᠡᠨ ᠤ ᠦᠵᠡᠰᠬᠦᠯᠡᠩ ᠤᠨ ᠬᠦᠷᠢᠶᠡᠯᠡᠩ ᠤᠨ ᠭᠠᠷ ᠳᠠᠮᠵᠢᠭᠰᠠᠨ ᠮᠠᠰᠢᠨ ᠳᠡᠷᠬᠡᠨ ᠤ | ᠠᠷᠠᠯᠵᠢᠶ᠎ᠡ ᠶᠢᠨ ᠠᠷᠠᠯᠵᠢᠶᠠᠯᠠᠭᠰᠠᠨ ᠳᠡᠷᠬᠡ ᠨᠢ 5 ᠲᠦᠮᠡᠨ ᠰᠠᠤᠷᠢ ᠬᠦᠷᠴᠤ᠂ ᠬᠦᠷᠢᠶᠡᠯᠡᠩ ᠤᠨ ᠪᠤᠷᠤᠯᠠᠭᠤᠯᠤᠯᠳᠠ ᠶᠢᠨ ᠤᠷᠤᠯᠭ᠎ᠠ ᠶᠢ ᠳᠠᠶᠢᠴᠢᠯᠠᠨ 142 | ᠳ᠋ᠦᠩᠰᠢᠭᠤᠷ ᠲᠦᠬᠦᠷᠢᠭ ᠢ ᠪᠡᠶᠡᠯᠡᠬᠦᠯᠪᠡ᠃ ᠠᠮᠢᠳᠠᠨ ᠤ ᠬᠦᠷᠢᠶᠡᠯᠡᠩ ᠢ ᠳᠡᠰ ᠳᠡᠪᠰᠢᠬᠦᠯᠦᠨ ᠦᠬᠡᠷᠡᠴᠢᠯᠡᠨ ᠵᠠᠰᠠᠬᠤ ᠶᠢ ᠬᠡᠷᠡᠭᠵᠢᠬᠦᠯᠵᠤ᠂ ᠦᠪᠡᠷᠳᠡᠬᠡᠨ ᠵᠠᠰᠠᠬᠤ | ᠤᠷᠤᠨ ᠤ ᠮᠠᠯᠤᠷ ᠦᠳᠡᠭᠡ ᠶᠢ ᠬᠠᠮᠤᠭ ᠤᠨ ᠠᠩᠬᠠᠳᠠᠭᠴᠢ ᠤᠷᠢᠨ ᠤᠷᠤᠭᠤᠯᠤᠭᠰᠠᠨ᠂ ᠤᠯᠤᠰ ᠤᠨ4A ᠳᠡᠰ ᠤᠨ 2 ᠦᠵᠡᠮᠵᠢ ᠶᠢᠨ ᠤᠷᠤᠨ᠂3A ᠳᠡᠰ ᠤᠨ 1 | ᠦᠵᠡᠮᠵᠢ ᠶᠢᠨ ᠤᠷᠤᠨ ᠢ ᠰᠢᠨ᠎ᠡ ᠪᠠᠷ ᠨᠡᠮᠡᠭᠳᠡᠬᠦᠯᠦᠨ᠂ ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ ᠪᠦᠬᠦ ᠤᠯᠤᠰ ᠤᠨ ᠵᠤᠭᠠᠴᠠᠯ ᠤᠨ ᠪᠠᠷᠢᠮᠵᠢᠶᠠᠵᠢᠭᠤᠯᠤᠯᠳᠠ | ᠶᠢᠨ ᠳᠤᠷᠰᠢᠯᠳᠠ ᠶᠢᠨ ᠴᠢᠭ ᠤᠨ ᠬᠤᠳᠠ ᠳᠤᠭᠤᠷᠢᠭ ᠢ ᠪᠠᠶᠢᠭᠤᠯᠤᠨ᠂ ᠪᠦᠬᠦ ᠵᠢᠯ 357 ᠲᠦᠮᠡᠨ ᠵᠤᠭᠠᠴᠠᠭᠰᠠᠳ ᠢ ᠬᠦᠯᠢᠶᠡᠨ ᠠᠪᠴᠤ ᠵᠤᠭᠠᠴᠠᠯ ᠤᠨ ᠤᠷᠤᠯᠭ᠎ᠠ | ᠶᠢ 84 ᠳ᠋ᠦᠩᠰᠢᠭᠤᠷ ᠲᠦᠬᠦᠷᠢᠭ ᠢ ᠪᠡᠶᠡᠯᠡᠬᠦᠯᠵᠤ᠂ ᠢᠳᠡᠬᠡᠨ ᠤᠮᠳᠠᠭᠠᠨ ᠤ ᠪᠤᠷᠤᠯᠠᠭᠤᠯᠤᠯᠳᠠ ᠪᠤᠯᠤᠨ ᠤᠷᠤᠨ ᠰᠠᠭᠤᠴᠠ ᠶᠢᠨ ᠦᠷᠳᠡᠭ ᠤᠨ ᠤᠷᠤᠯᠭ᠎ᠠ ᠨᠢ | 18% ᠪᠤᠯᠤᠨ 21% ᠢᠶᠠᠷ ᠨᠡᠮᠡᠭᠳᠡᠬᠦᠯᠪᠡ᠃ ᠰᠤᠶᠤᠯ ᠵᠤᠭᠠᠴᠠᠯ ᠤᠨ ᠴᠡᠴᠡᠭᠯᠡᠨ ᠬᠦᠭᠵᠢᠯᠳᠡ᠂ ᠬᠡᠯᠪᠡᠷᠢ ᠪᠠᠨ ᠬᠤᠪᠢᠷᠠᠭᠠᠨ ᠬᠦᠭᠵᠢᠬᠦᠯᠬᠦ ᠳᠤ ᠰᠢᠨ᠎ᠡ ᠠᠮᠢᠵᠢᠷᠠᠯ | ᠤᠨ ᠬᠦᠴᠦᠨ᠂ ᠰᠢᠨ᠎ᠡ ᠬᠢᠯᠠᠰ ᠴᠢᠭ᠂ ᠰᠢᠨ᠎ᠡ ᠳᠠᠪᠠᠭᠤᠯᠢᠭ ᠢ ᠪᠦᠷᠢᠯᠳᠦᠬᠦᠯᠪᠡ᠃ | ︵ᠭᠤᠷᠪᠠ︶ ᠬᠡᠪ ᠲᠦᠪᠰᠢᠨ ᠢᠶᠠᠷ ᠦᠨᠳᠤᠷ ᠳ᠋ᠦᠩᠱᠧᠩ ᠤᠨ ᠪᠦᠳᠦᠬᠡᠨ ᠪᠠᠶᠢᠭᠤᠯᠤᠯᠳᠠ ᠶᠢᠨ ᠳᠤᠮᠳᠠ ᠳᠤᠳᠠᠭᠳᠠᠯ ᠢᠶᠠᠨ ᠨᠦᠬᠦᠪᠤᠷᠢᠯᠡᠨ ᠰᠢᠨ᠎ᠡ ᠦᠷ᠎ᠡ | ᠪᠦᠳᠦᠮᠵᠢ ᠶᠢ ᠤᠯᠪᠠ᠃ ᠬᠡᠷᠡᠭᠴᠡᠬᠡᠨ ᠳᠤ ᠵᠤᠬᠢᠴᠠᠭᠤᠯᠤᠨ ᠬᠠᠩᠭᠠᠬᠤ ᠪᠦᠳᠦᠴᠡ ᠶᠢᠨ ᠦᠬᠡᠷᠡᠴᠢᠯᠡᠯᠳᠡ ᠲᠠᠢ ᠤᠶᠠᠯᠳᠤᠭᠤᠯᠤᠨ ᠬᠡᠷ ᠪᠠᠶᠢᠰᠢᠩ ᠭᠠᠵᠠᠷ ᠬᠦᠷᠦᠩᠬᠡ | ᠶᠢᠨ ᠨᠦᠬᠡᠴᠡ ᠶᠢ ᠰᠢᠢᠳᠪᠤᠷᠢᠯᠡᠬᠦ ᠶᠢ ᠠᠬᠢᠭᠤᠯᠵᠤ᠂ ᠪᠦᠷᠬᠡ ᠬᠡᠷ ᠤᠨ ᠳᠤᠭᠤᠷᠢᠭ ᠤᠨ ᠦᠬᠡᠷᠡᠴᠢᠯᠡᠯᠳᠡ ᠪᠤᠯᠤᠨ ᠳᠠᠷᠢᠶᠠᠴᠢᠨ ᠢ ᠨᠡᠬᠦᠯᠬᠡᠨ ᠰᠢᠯᠵᠢᠬᠦᠯᠵᠤ᠂ ᠬᠤᠳᠠ | ᠳᠤ ᠤᠷᠤᠭᠤᠯᠬᠤ ᠬᠤᠶᠠᠷ ᠶᠡᠭᠡ ᠠᠷᠭ᠎ᠠ ᠵᠠᠮ ᠢ ᠠᠪᠴᠤ᠂ ︽ᠬᠡᠷ ᠬᠤᠳᠠᠯᠳᠤᠨ ᠠᠪᠬᠤ ᠪᠢᠯᠧᠲ᠂ ᠭᠠᠵᠠᠷ ᠬᠤᠳᠠᠯᠳᠤᠨ ᠠᠪᠬᠤ ᠪᠢᠯᠧᠲ᠂ ᠦᠮᠴᠢᠯᠡᠯ ᠤᠨ ᠡᠷᠬᠡ | ᠶᠢ ᠬᠠᠮᠳᠤ ᠪᠠᠷ ᠡᠳ᠋ᠯᠡᠬᠦ︾ ᠵᠡᠷᠬᠡ ᠰᠢᠨ᠎ᠡ ᠠᠷᠭ᠎ᠠ ᠠᠪᠴᠢᠯ ᠢ ᠠᠪᠴᠤ᠂ ᠤᠶᠠᠯᠳᠤᠭᠤᠯᠤᠭᠰᠠᠨ ᠲᠦᠷᠦ ᠶᠢᠨ ᠪᠤᠳᠤᠯᠭ᠎ᠠ ᠶᠢ ᠳᠤᠭᠳᠠᠭᠠᠪᠠ᠃ ᠪᠦᠷᠬᠡ ᠬᠡᠷ ᠤᠨ | ᠦᠬᠡᠷᠡᠴᠢᠯᠡᠯᠳᠡ ᠵᠠᠰᠠᠯᠳᠠ 11269 ᠡᠷᠦᠬᠡ᠂ 158 ᠲᠦᠮᠡᠨ ᠳᠡᠭᠰᠢ ᠲᠦᠷᠪᠡᠯᠵᠢᠨ ᠮᠧᠲᠷ ᠬᠦᠷᠴᠤ᠂ ᠬᠤᠳᠠ ᠳᠤᠭᠤᠷᠢᠭ ᠪᠤᠯᠤᠨ ᠬᠤᠳᠠ ᠶᠢᠨ ᠳᠤᠮᠳᠠᠬᠢ | ᠳᠤᠰᠬᠤᠨ ᠤ ᠡᠷᠦᠬᠡ ᠶᠢ ᠨᠡᠬᠦᠯᠬᠡᠨ ᠳᠤᠬᠢᠷᠠᠭᠤᠯᠤᠭᠰᠠᠨ ᠨᠤᠷᠮ᠎ᠠ ᠨᠢ 70% ᠪᠤᠯᠤᠨ 86% ᠬᠦᠷᠴᠠᠢ᠃ ᠬᠡᠷ ᠪᠠᠶᠢᠰᠢᠩ ᠤᠨ ᠪᠢᠯᠧᠲ ᠪᠠᠷ ᠦᠭᠴᠡᠭᠡ ᠦᠭᠬᠦ᠂ | ᠳᠠᠩᠰᠠ ᠶᠢ ᠬᠠᠮᠳᠤ ᠪᠠᠷ ᠬᠠᠮᠢᠶᠠᠷᠬᠤ ᠬᠡᠯᠪᠡᠷᠢ ᠮᠠᠶ᠋ᠢᠭ ᠢ ᠬᠡᠷᠡᠭᠯᠡᠨ 15 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠵᠤ᠂ 72 ᠲᠦᠷᠦᠯ᠂ 838 | ᠲᠦᠮᠡᠨ ᠳᠡᠭᠰᠢ ᠲᠦᠷᠪᠡᠯᠵᠢᠨ ᠮᠧᠲᠷ ᠤᠨ ︽ᠳᠤᠷᠭᠤᠨ ᠵᠤᠭᠰᠤᠭᠠᠭᠰᠠᠨ︾ ᠠᠰᠠᠷ ᠪᠠᠷᠢᠯᠭ᠎ᠠ ᠶᠢᠨ ᠠᠵᠢᠯ ᠢ ᠰᠡᠷᠬᠦᠬᠡᠬᠦ ᠶᠢ ᠠᠬᠢᠭᠤᠯᠤᠨ᠂ 361 ᠲᠦᠮᠡᠨ ᠳᠡᠭᠰᠢ | ᠲᠦᠷᠪᠡᠯᠵᠢᠨ ᠮᠧᠲᠷ ᠤᠨ ᠠᠵᠢᠯ ᠢ ᠪᠠᠷᠠᠭᠠᠵᠤ᠂ 158 ᠳ᠋ᠦᠩᠰᠢᠭᠤᠷ ᠲᠦᠬᠦᠷᠢᠭ ᠤᠨ ᠬᠦᠳᠡᠯᠦᠩᠬᠦᠢ ᠪᠤᠰᠤ ᠡᠳ᠋ ᠬᠦᠷᠦᠩᠬᠡ ᠶᠢ ᠰᠡᠷᠬᠦᠬᠡᠨ᠂ 5870 ᠡᠷᠦᠬᠡ | ᠶᠢᠨ ᠦᠩᠬᠡᠷᠡᠭᠰᠡᠨ ᠵᠢᠯ ᠤᠨ ᠪᠦᠷᠬᠡ ᠬᠡᠷ ᠤᠨ ᠦᠬᠡᠷᠡᠴᠢᠯᠡᠯᠳᠡ ᠳᠤᠮᠳᠠ ᠤᠷᠤᠰᠢᠭᠰᠠᠨ ᠠᠰᠠᠭᠤᠳᠠᠯ ᠪᠤᠯᠤᠨ ᠬᠤᠳᠠᠯᠳᠤᠭᠠᠨ ᠤ ᠬᠡᠷ ᠪᠠᠶᠢᠰᠢᠩ ᠤᠨ ᠲᠦᠯᠬᠢᠬᠦᠷ | ᠳᠤᠰᠢᠶᠠᠬᠤ ᠴᠠᠭ ᠢ ᠨᠢ ᠤᠷᠤᠶᠢᠳᠠᠭᠤᠯᠤᠭᠰᠠᠨ ᠠᠰᠠᠭᠤᠳᠠᠯ ᠢ ᠬᠠᠮᠳᠤ ᠳᠤ ᠨᠢ ᠰᠢᠢᠳᠪᠤᠷᠢᠯᠡᠬᠦᠯᠵᠡᠢ᠃ ᠬᠡᠷ ᠬᠦᠷᠦᠩᠬᠡ ᠶᠢᠨ ᠪᠢᠯᠧᠲ ᠤᠨ ᠦᠨᠡᠨ ᠨᠡᠷ᠎ᠡ ᠪᠠᠷ | ᠰᠢᠯᠵᠢᠬᠦᠯᠬᠦ ᠶᠢ ᠳᠡᠷᠢᠬᠦᠨ ᠳᠤ ᠠᠬᠢᠭᠤᠯᠵᠤ᠂ ᠬᠡᠷ ᠬᠦᠷᠦᠩᠬᠡ ᠶᠢᠨ ᠪᠢᠯᠧᠲ ᠢ 21 ᠳ᠋ᠦᠩᠰᠢᠭᠤᠷ ᠲᠦᠬᠦᠷᠢᠭ ᠰᠢᠯᠵᠢᠬᠦᠯᠦᠨ᠂ ᠳᠤᠮᠳᠠᠴᠢ ᠰᠢᠯᠵᠢᠬᠦᠯᠦᠭᠰᠡᠨ | ᠤᠳᠠᠭ᠎ᠠ ᠨᠢ 5 ᠤᠳᠠᠭ᠎ᠠ᠂ ᠤᠯᠠᠨ ᠳᠠᠯᠠᠳᠤ ᠦᠷᠢ ᠦᠭᠴᠡᠭᠡ ᠶᠢ ᠵᠠᠭᠤᠨ ᠳ᠋ᠦᠩᠰᠢᠭᠤᠷ ᠢ ᠦᠬᠡᠶᠢᠰᠬᠡᠪᠡ᠃ ᠨᠦᠬᠡᠴᠡ ᠶᠢ ᠰᠢᠢᠳᠪᠤᠷᠢᠯᠡᠬᠦ ᠲᠦᠷᠦ ᠶᠢᠨ ᠪᠤᠳᠤᠯᠭ᠎ᠠ | ᠶᠢ ᠬᠡᠷᠡᠭᠯᠡᠬᠦ ᠪᠠᠷ ᠳᠠᠮᠵᠢᠭᠤᠯᠤᠨ᠂ 1.1 ᠲᠦᠮᠡᠨ ᠢᠵᠢ ᠤᠷᠤᠨ ᠰᠠᠭᠤᠴᠠ᠂ 169 ᠲᠦᠮᠡᠨ ᠳᠡᠭᠰᠢ ᠲᠦᠷᠪᠡᠯᠵᠢᠨ ᠮᠧᠲᠷ ᠤᠨ ᠬᠡᠷ ᠤᠷᠤᠨ ᠪᠠ ᠤᠷᠤᠨ | ᠰᠠᠭᠤᠴᠠ ᠶᠢᠨ ᠪᠤᠰᠤ 81 ᠲᠦᠮᠡᠨ ᠳᠡᠭᠰᠢ ᠲᠦᠷᠪᠡᠯᠵᠢᠨ ᠮᠧᠲᠷ ᠪᠠᠷᠢᠯᠭ᠎ᠠ ᠶᠢ ᠰᠢᠢᠳᠪᠤᠷᠢᠯᠡᠵᠡᠢ᠃ ︽ᠤᠷᠢᠳᠠᠪᠠᠷ ᠦᠨᠡᠮᠯᠡᠯ ᠠᠪᠴᠤ ᠳᠠᠷᠠᠭ᠎ᠠ ᠨᠢ ᠭᠠᠶᠢᠯᠢ | ᠳᠤᠰᠢᠶᠠᠬᠤ︾᠂ ᠬᠤᠳᠠ ᠳᠤᠭᠤᠷᠢᠭ ᠤᠨ ᠬᠤᠶᠠᠷ ᠱᠠᠳᠤ᠂ ᠬᠤᠯᠪᠤᠭᠠᠯᠠᠵᠤ ᠠᠯᠪᠠᠯᠠᠬᠤ ᠵᠡᠷᠬᠡ ᠶᠢᠨ ᠠᠷᠭ᠎ᠠ ᠠᠪᠴᠢᠯ᠂ 97 ᠬᠡᠷ ᠪᠠᠶᠢᠰᠢᠩ ᠭᠠᠵᠠᠷ ᠬᠦᠷᠦᠩᠬᠡ | ᠶᠢᠨ ᠲᠦᠷᠦᠯ ᠵᠦᠢᠯ ᠢ 613 ᠲᠦᠷᠦᠯ ᠤᠨ ᠭᠠᠷ ᠬᠦᠢᠴᠡᠳᠬᠡᠯ ᠢ ᠨᠢ ᠳᠡᠬᠦᠯᠳᠡᠷᠵᠢᠬᠦᠯᠪᠡ᠃ ᠬᠤᠳᠠ ᠶᠢᠨ ᠨᠠᠷᠢᠯᠢᠭᠴᠢᠯᠠᠭᠰᠠᠨ ᠵᠠᠰᠠᠯᠳᠠ ᠪᠤᠯᠤᠨ ᠰᠠᠭᠤᠭᠠᠯᠢ | ᠠᠷᠠᠳ ᠤᠨ ᠳᠤᠭᠤᠷᠢᠭ ᠤᠨ ᠪᠤᠯᠪᠠᠰᠤᠨ ᠢ ᠡᠬᠦᠳᠬᠦ ᠠᠵᠢᠯᠯᠠᠭ᠎ᠠ ᠶᠢ ᠠᠬᠢᠭᠤᠯᠵᠤ᠂150 ᠬᠠᠭᠤᠴᠢᠨ ᠰᠠᠭᠤᠭᠠᠯᠢ ᠠᠷᠠᠳ ᠤᠨ ᠳᠤᠭᠤᠷᠢᠭ ᠤᠨ ᠰᠠᠭᠤᠷᠢ | ᠲᠦᠬᠦᠬᠡᠷᠦᠮᠵᠢ ᠶᠢ ᠦᠬᠡᠷᠡᠴᠢᠯᠡᠨ ᠵᠠᠰᠠᠵᠤ᠂140 ᠰᠠᠭᠤᠭᠠᠯᠢ ᠠᠷᠠᠳ ᠤᠨ ᠳᠤᠭᠤᠷᠢᠭ ᠤᠨ ᠨᠤᠭᠤᠭᠠᠷᠠᠭᠤᠯᠤᠯᠳᠠ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ | ᠬᠡᠷᠡᠭᠵᠢᠬᠦᠯᠦᠨ᠂ 41 ᠪᠤᠯᠪᠠᠰᠤᠨ ᠤ ᠪᠠᠷᠢᠮᠵᠢᠶ᠎ᠡ ᠳᠤ ᠬᠦᠷᠦᠭᠰᠡᠨ ᠰᠠᠭᠤᠭᠠᠯᠢ ᠠᠷᠠᠳ ᠤᠨ ᠳᠤᠭᠤᠷᠢᠭ ᠢ ᠨᠡᠮᠡᠭᠳᠡᠬᠦᠯᠦᠨ᠂ ᠰᠠᠭᠤᠭᠠᠯᠢ ᠠᠷᠠᠳ ᠤᠨ ᠳᠤᠭᠤᠷᠢᠭ ᠤᠨ | ᠠᠳᠠᠯ ᠦᠢᠯᠡᠰ ᠤᠨ ᠦᠢᠯᠡᠴᠢᠯᠡᠬᠡᠨ ᠤ ᠪᠦᠷᠬᠦᠭᠰᠡᠨ ᠬᠡᠮᠵᠢᠶ᠎ᠡ ᠶᠢ 90% ᠠᠴᠠ ᠳᠡᠬᠡᠭᠰᠢ ᠪᠤᠯᠭᠠᠨ ᠨᠡᠮᠡᠭᠳᠡᠬᠦᠯᠪᠡ᠃ ᠳ᠋ᠦᠩ ᠺᠠᠩ ᠤᠰᠤ ᠬᠠᠩᠭᠠᠬᠤ ᠬᠤᠭᠤᠯᠠᠢ | ᠶᠢᠨ ᠰᠦᠯᠵᠢᠶ᠎ᠡ ᠶᠢ ᠵᠠᠯᠭᠠᠵᠤ ᠨᠡᠪᠳᠡᠬᠦᠯᠬᠦ ᠠᠩᠬᠠᠳᠠᠭᠴᠢ ᠬᠤᠭᠤᠴᠠᠭᠠᠨ ᠤ ᠢᠨᠵᠧᠨᠧᠷᠢᠩ ᠨᠢ ᠵᠢᠩᠬᠢᠨᠢ ᠪᠠᠷ ᠤᠰᠤ ᠨᠡᠪᠳᠡᠷᠡᠬᠦᠯᠵᠤ᠂ ᠢ ᠰᠢᠩ ᠳᠤᠭᠤᠷᠢᠭ ᠵᠡᠷᠬᠡ | 45 ᠺᠢᠯᠤᠮᠧᠲᠷ ᠤᠨ ᠢᠯᠴᠢ ᠬᠠᠩᠭᠠᠬᠤ ᠬᠤᠭᠤᠯᠠᠢ ᠶᠢᠨ ᠰᠦᠯᠵᠢᠶ᠎ᠡ ᠶᠢ ᠦᠬᠡᠷᠡᠴᠢᠯᠡᠨ ᠵᠠᠰᠠᠬᠤ ᠪᠤᠯᠤᠨ ᠪᠤᠵᠠᠷ ᠰᠢᠷᠦᠢ ᠶᠢ ᠰᠢᠢᠳᠪᠤᠷᠢᠯᠡᠬᠦ ᠦᠢᠯᠡᠳᠪᠤᠷᠢ ᠶᠢᠨ | ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠪᠡ᠃ 7 ᠵᠤᠷᠪᠤᠰ ᠬᠤᠳᠠ ᠶᠢᠨ ᠳᠤᠳᠤᠷᠠᠬᠢ ᠵᠠᠮ ᠢ ᠵᠠᠰᠠᠵᠤ᠂1240 ᠲᠦᠮᠡᠨ ᠳᠡᠭᠰᠢ ᠲᠦᠷᠪᠡᠯᠵᠢᠨ ᠮᠧᠲᠷ | ᠨᠤᠭᠤᠭᠠᠷᠠᠭᠤᠯᠤᠯᠳᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠦᠬᠡᠷᠡᠴᠢᠯᠡᠨ ᠵᠠᠰᠠᠵᠤ᠂ 4.7 ᠲᠦᠮᠡᠨ ᠮᠤ᠋ ᠦᠢᠵᠢᠭᠤᠯᠤᠭᠰᠠᠨ ᠭᠠᠵᠠᠷ ᠢ ᠨᠡᠮᠡᠭᠳᠡᠬᠦᠯᠦᠨ᠂ | ᠪᠦᠬᠦ ᠤᠯᠤᠰ ᠤᠨ ᠨᠤᠭᠤᠭᠠᠷᠠᠭᠤᠯᠤᠯᠳᠠ ᠶᠢᠨ ᠵᠢᠱᠢᠶᠡᠴᠢ ᠨᠢᠬᠡᠴᠡ ᠶᠢᠨ ᠢᠷᠠᠭᠤ ᠠᠯᠳᠠᠷ ᠢ ᠬᠦᠷᠳᠡᠪᠡ᠃ | ︵ᠲᠦᠷᠪᠡ︶ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠪᠤᠭᠤᠮᠳᠠ ᠶᠢ ᠰᠢᠪᠳᠤᠯᠤᠨ ᠬᠦᠴᠢᠷ ᠢ ᠳᠤᠭᠤᠯᠬᠤ ᠳᠤᠮᠳᠠ ᠰᠢᠨ᠎ᠡ ᠰᠢᠪᠳᠤᠯᠤᠯᠳᠠ ᠶᠢ | ᠪᠡᠶᠡᠯᠡᠬᠦᠯᠪᠡ᠃ ᠦᠬᠡᠷᠡᠴᠢᠯᠡᠯᠳᠡ ᠬᠢᠵᠤ ᠰᠢᠨ᠎ᠡ ᠶᠢ ᠡᠬᠦᠳᠬᠦ ᠰᠡᠳᠬᠢᠴᠡ ᠶᠢ ᠵᠠᠰᠠᠭ ᠤᠨ ᠤᠷᠳᠤᠨ ᠤ ᠡᠯ᠎ᠡ ᠬᠦᠷᠢᠶ᠎ᠡ ᠴᠠᠷ᠎ᠠ ᠶᠢᠨ ᠠᠵᠢᠯ ᠳᠤ ᠠᠭᠤᠰᠬᠠᠨ᠂ | ᠦᠬᠡᠷᠡᠴᠢᠯᠡᠯᠳᠡ ᠠᠴᠠ ᠠᠮᠢᠵᠢᠷᠠᠯ ᠤᠨ ᠬᠦᠴᠦ ᠪᠤᠯᠤᠨ ᠬᠦᠳᠡᠯᠬᠡᠭᠴᠢ ᠬᠦᠴᠦᠨ ᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶ᠎ᠡ ᠳᠡᠬᠡᠷ᠎ᠡ ᠠᠵᠢᠯ | ᠬᠦᠢᠴᠡᠳᠬᠡᠬᠦ ᠶᠡᠭᠡ ᠲᠢᠩᠬᠢᠮ ᠢ ᠵᠤᠬᠢᠶᠠᠨ ᠪᠠᠶᠢᠭᠤᠯᠵᠤ᠂ ᠦᠪᠡᠷᠳᠡᠬᠡᠨ ᠵᠠᠰᠠᠬᠤ ᠤᠷᠤᠨ ᠳᠤ ︽ᠬᠤᠶᠠᠷ ᠦᠨᠡᠮᠯᠡᠯ ᠢ ᠬᠠᠮᠳᠤᠳᠬᠠᠬᠤ︾᠂ ︽ᠳᠠᠪᠤᠨ ᠦᠨᠡᠮᠯᠡᠯ ᠢ | ᠬᠠᠮᠳᠤᠳᠬᠠᠬᠤ︾ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠬᠠᠮᠤᠭ ᠤᠨ ᠳᠡᠷᠢᠬᠦᠨ ᠳᠤ ᠳᠡᠯᠬᠡᠷᠡᠬᠦᠯᠦᠨ᠂ ᠦᠢᠯᠡᠴᠢᠯᠡᠬᠡᠨ ᠤ ᠦᠢᠯᠡᠰ | ᠵᠠᠬ᠎ᠠ ᠳᠡᠯᠬᠡᠬᠦᠷ ᠲᠤ ᠤᠷᠤᠬᠤ ︽ᠬᠠᠮ ᠴᠤᠩᠬᠤᠪᠴᠢ ᠪᠠᠷ ᠬᠦᠯᠢᠶᠡᠨ ᠠᠪᠬᠤ᠂ ᠨᠢᠬᠡ ᠦᠷᠳᠡᠬᠡᠴᠢᠯᠡᠭᠰᠡᠨ ᠮᠠᠶ᠋ᠢᠭ ᠤᠨ ᠬᠠᠮᠳᠤᠷᠠᠵᠤ ᠬᠤᠯᠪᠤᠭᠠᠯᠠᠨ ᠬᠢᠨᠠᠨ | ᠵᠦᠪᠰᠢᠶᠡᠷᠡᠬᠦ︾ ᠶᠢ ᠵᠦᠪᠰᠢᠶᠡᠷᠡᠬᠦ ᠠᠵᠢᠯ ᠢ ᠲᠦᠷᠦᠬᠦᠯᠡᠨ ᠦᠷᠨᠢᠬᠦᠯᠵᠤ᠂ ᠬᠢᠨᠠᠨ ᠵᠦᠪᠰᠢᠶᠡᠷᠡᠵᠤ ᠠᠵᠢᠯ ᠬᠦᠢᠴᠡᠳᠬᠡᠬᠦ ᠴᠠᠭ ᠤᠨ ᠬᠢᠵᠠᠭᠠᠷᠯᠠᠯ ᠢ ᠳᠤᠮᠳᠠᠴᠢ ᠪᠠᠷ | 58 ᠡᠳᠤᠷ ᠪᠠᠶᠢᠭᠰᠠᠨ ᠠᠴᠠ ᠪᠠᠨ 7 ᠡᠳᠤᠷ ᠪᠤᠯᠭᠠᠵᠤ᠂ ᠡᠯ᠎ᠡ ᠲᠦᠷᠦᠯ ᠤᠨ ᠵᠠᠬ᠎ᠠ ᠳᠡᠯᠬᠡᠬᠦᠷ ᠤᠨ ᠪᠡᠶᠡᠴᠢ ᠴᠤᠭᠴᠠ ᠶᠢ 1.3 ᠲᠦᠮᠡᠨ ᠡᠷᠦᠬᠡ ᠨᠡᠮᠡᠭᠳᠡᠬᠦᠯᠵᠤ᠂ | 20 % ᠶᠢᠨ ᠦᠰᠦᠯᠳᠡ ᠶᠢ ᠤᠯᠪᠠ᠃ ᠳᠤᠭᠤᠷᠢᠭ ᠤᠨ ᠱᠠᠳᠤᠨ ᠤ ᠠᠪᠴᠠᠭᠠᠨ ᠤ ᠡᠷᠬᠡ ᠶᠢᠨ ᠨᠠᠷᠢᠨ ᠳᠠᠩᠰᠠ ᠶᠢ ᠨᠠᠶᠢᠷᠠᠭᠤᠯᠤᠨ ᠦᠢᠯᠡᠳᠴᠤ ᠨᠡᠶᠢᠳᠡᠯᠡᠪᠡ᠃ | ᠬᠦᠷᠢᠶᠡᠯᠡᠩ ᠳᠤᠭᠤᠷᠢᠭ ᠤᠨ ᠬᠠᠮᠢᠶᠠᠷᠤᠯᠳᠠ ᠶᠢᠨ ᠳᠤᠭᠳᠠᠯᠴᠠᠭ᠎ᠠ ᠶᠢᠨ ᠦᠬᠡᠷᠡᠴᠢᠯᠡᠯᠳᠡ ᠶᠢ ᠪᠡᠶᠡᠯᠡᠬᠦᠯᠦᠨ᠂ ᠡᠬᠦᠷᠬᠡ ᠳᠠᠷᠤᠭᠠᠰᠤ ᠶᠢ ᠨᠢ ᠬᠦᠩᠬᠡᠯᠡᠨ ︽ᠤᠨᠴᠠᠭᠠᠢ | ᠳᠤᠭᠤᠷᠢᠭ︾ ᠵᠦᠭ ᠤᠷᠤᠭᠤ ᠬᠤᠪᠢᠷᠠᠭᠤᠯᠬᠤ ᠶᠢ ᠠᠬᠢᠭᠤᠯᠵᠠᠢ᠃ ᠬᠤᠳᠠ ᠶᠢᠨ ᠶᠠᠪᠤᠳᠠᠯ ᠤᠨ ᠤᠷᠴᠢᠨ ᠳᠤᠭᠤᠷᠢᠨ ᠢ ᠬᠠᠮᠠᠭᠠᠯᠠᠬᠤ ᠪᠤᠯᠤᠨ ᠬᠤᠳᠠ ᠶᠢᠨ ᠬᠠᠤᠯᠢ | ᠬᠡᠷᠡᠭᠵᠢᠬᠦᠯᠬᠦ ᠶᠢ ᠨᠢᠬᠡ ᠴᠤᠭᠴᠠᠵᠢᠭᠤᠯᠤᠨ ᠦᠬᠡᠷᠡᠴᠢᠯᠡᠬᠦ ᠶᠢ ᠪᠡᠶᠡᠯᠡᠬᠦᠯᠪᠡ᠃ ᠪᠡᠯᠴᠢᠬᠡᠷ ᠤᠨ ᠡᠷᠬᠡ ᠶᠢ ᠤᠨᠤᠴᠢᠯᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ | ᠪᠦᠬᠦ ᠬᠤᠳᠠ ᠶᠢᠨ ᠬᠦᠳᠡᠭᠡ ᠳᠤᠰᠬᠤᠨ ᠤ ᠭᠠᠵᠠᠷ ᠰᠢᠷᠦᠢ ᠶᠢ ᠳᠠᠭᠠᠭᠠᠴᠢᠯᠠᠨ ᠡᠵᠡᠩᠨᠡᠬᠦ ᠡᠷᠬᠡ ᠶᠢ ᠤᠨᠤᠴᠢᠯᠠᠬᠤ ᠳᠤᠷᠰᠢᠯᠳᠠ ᠶᠢᠨ ᠴᠢᠭ ᠪᠤᠯᠪᠠ᠃ ᠴᠢᠳᠠᠪᠤᠷᠢᠳᠠᠨ | ᠤ ᠳᠤᠬᠢᠷᠠᠭᠤᠯᠤᠯᠳᠠ ᠶᠢ ᠲᠦᠪᠯᠡᠷᠡᠬᠦᠯᠬᠦ ᠪᠠᠷ ᠦᠬᠡᠷᠡᠴᠢᠯᠡᠯᠳᠡ ᠶᠢ ᠠᠳᠬᠤᠵᠤ᠂ ᠵᠠᠷᠢᠮ ᠨᠢᠬᠡᠴᠡ ᠶᠢᠨ 194 ᠢᠯᠡᠬᠦᠴᠡ ᠬᠦᠮᠦᠨ ᠢ ᠦᠨᠳᠤᠰᠤᠨ ᠱᠠᠳᠤᠨ ᠤ | ᠨᠢᠬᠡᠳᠤᠬᠡᠷ ᠹᠷᠤᠨᠲ ᠲᠤ ᠠᠪᠴᠢᠷᠠᠪᠠ᠃ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠠᠵᠢᠯ ᠢ ᠨᠡᠶᠢᠬᠡᠮ ᠳᠤᠭᠤᠷᠢᠭ ᠲᠤ ᠤᠷᠤᠭᠤᠯᠬᠤ ᠳᠤᠷᠰᠢᠯᠳᠠ ᠶᠢᠨ | ᠴᠢᠭ ᠢ ᠦᠷᠬᠦᠯᠵᠢᠯᠡᠨ ᠬᠦᠨᠵᠡᠬᠡᠶᠢᠷᠡᠬᠦᠯᠵᠤ᠂ ᠦᠨᠳᠤᠰᠤᠳᠡᠨ ᠤ ᠪᠦᠯᠬᠦᠮᠳᠡᠯ ᠳᠠᠪᠰᠢᠯᠳᠠ ᠶᠢᠨ ᠰᠢᠨ᠎ᠡ ᠪᠠᠶᠢᠳᠠᠯ ᠢ ᠡᠬᠢᠯᠡᠬᠦᠯᠪᠡ᠃ | ︵ᠳᠠᠪᠤ︶ ᠠᠷᠠᠳ ᠤᠨ ᠠᠮᠢᠳᠤᠷᠠᠯ ᠤᠨ ᠠᠵᠢᠯ ᠦᠢᠯᠡᠰ ᠲᠤ ᠳᠠᠰᠤᠷᠠᠯᠳᠠ ᠦᠬᠡᠢ ᠤᠷᠤᠭᠤᠯᠤᠯᠳᠠ ᠬᠢᠬᠦ ᠶᠢᠨ ᠳᠠᠭᠠᠤ ᠰᠢᠨ᠎ᠡ ᠦᠷ᠎ᠡ ᠪᠦᠳᠦᠮᠵᠢ ᠶᠢ | ᠤᠯᠪᠠ᠃ ᠵᠤᠯ ᠵᠢᠷᠭᠠᠯᠳᠤ ᠳ᠋ᠦᠩᠱᠧᠩ ᠢ ᠪᠦᠳᠦᠬᠡᠨ ᠪᠠᠶᠢᠭᠤᠯᠬᠤ ᠶᠢᠨ ᠳᠤᠭᠤᠷᠢᠨ ᠳᠤ ᠰᠠᠭᠤᠷᠢ ᠶᠢ ᠪᠠᠳᠤᠯᠠᠵᠤ᠂ ᠳᠤᠳᠠᠭᠳᠠᠯ ᠢᠶᠠᠨ ᠨᠦᠬᠦᠪᠤᠷᠢᠯᠡᠨ᠂ ᠠᠷᠠᠳ ᠤᠨ | ᠠᠮᠢᠳᠤᠷᠠᠯ ᠳᠤ ᠬᠠᠷᠠᠭᠠᠯᠵᠠᠯ ᠦᠵᠡᠬᠦᠯᠬᠦ ᠪᠠᠷ ᠬᠦᠴᠦᠯᠡᠪᠡ᠃ 4 ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠤᠶᠤ ᠦᠬᠡᠷᠡᠴᠢᠯᠡᠨ ᠵᠠᠰᠠᠵᠤ᠂ ᠢᠯᠡ ᠪᠠᠷ ᠰᠢᠯᠢᠳᠡᠭ | ᠪᠠᠭᠰᠢ 460 ᠨᠠᠷᠠᠰ ᠢ ᠡᠯᠰᠡᠵᠤ᠂ ᠳᠠᠪᠤᠳᠠᠬᠢ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠪᠠᠭᠰᠢ ᠡᠯᠰᠡᠬᠦ ᠪᠤᠯᠤᠨ ᠪᠠᠭᠰᠢ ᠨᠠᠷ ᠤᠨ ᠠᠵᠢᠯ ᠤᠨ ᠪᠠᠶᠢᠷᠢ ᠪᠠᠨ | ᠰᠤᠯᠢᠵᠤ ᠬᠠᠷᠢᠯᠴᠠᠨ ᠳᠤᠷᠰᠢᠯᠭ᠎ᠠ ᠰᠤᠯᠢᠯᠴᠠᠬᠤ ᠶᠢ ᠪᠡᠶᠡᠯᠡᠬᠦᠯᠵᠤ᠂ ᠠᠩᠬᠠᠳᠠᠭᠴᠢ ᠪᠦᠯᠦᠭ ︽ᠰᠤᠷᠭᠠᠨ ᠬᠦᠮᠦᠵᠢᠯ ᠤᠨ ᠤᠨᠴᠠ ᠱᠠᠩᠨᠠᠯ︾ ᠢ ᠪᠠᠶᠢᠭᠤᠯᠵᠤ᠂ | ᠰᠤᠩᠭᠤᠨ ᠰᠢᠯᠭᠠᠷᠠᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠬᠢᠷᠢ ᠲᠦᠪᠰᠢᠨ ᠨᠢ ᠦᠪᠡᠷᠳᠡᠬᠡᠨ ᠵᠠᠰᠠᠬᠤ ᠤᠷᠤᠨ ᠳᠤ ᠪᠠᠨ ᠳᠡᠷᠢᠬᠦᠨ ᠤ | ᠵᠢᠠᠠᠰᠠᠭᠠᠯᠳᠠ ᠳᠤ ᠪᠠᠶᠢᠷᠢᠯᠠᠪᠠ᠃3.2 ᠲᠦᠮᠡᠨ ᠨᠡᠷ᠎ᠡ ᠳ᠋ᠦᠩᠱᠧᠩ ᠤᠨ ᠪᠤᠰᠤ ᠡᠷᠦᠬᠡ ᠠᠮᠠᠨ ᠳᠤᠭ᠎ᠠ ᠲᠠᠢ ᠰᠤᠷᠤᠭᠴᠢ ᠳᠤ ᠬᠤᠳᠠ ᠶᠢᠨ ᠠᠮᠠᠨ ᠳᠤᠭ᠎ᠠ ᠲᠠᠢ | ᠰᠤᠷᠤᠭᠴᠢ ᠲᠠᠢ ᠠᠳᠠᠯᠢᠬᠠᠨ ᠬᠠᠷᠠᠭᠠᠯᠵᠠᠯ ᠬᠦᠷᠳᠡᠬᠡᠵᠤ᠂ ᠰᠢᠯᠢᠳᠡᠭ ᠰᠤᠷᠭᠠᠨ ᠬᠦᠮᠦᠵᠢᠯ ᠤᠨ ᠲᠦᠪᠯᠡᠷᠡᠯ ᠢ ᠤᠯᠠᠮ ᠨᠢᠬᠡ ᠠᠯᠬᠤᠮ ᠳᠤᠪᠤᠶᠢᠯᠭᠠᠪᠠ᠃ ᠰᠤᠷᠭᠠᠨ | ᠬᠦᠮᠦᠵᠢᠯ ᠤᠨ ᠶᠡᠷᠦᠩᠬᠡᠢ ᠦᠬᠡᠷᠡᠴᠢᠯᠡᠯᠳᠡ ᠶᠢᠨ ᠳᠤᠷᠰᠢᠯᠳᠠ ᠶᠢᠨ ᠳᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠪᠦᠯᠬᠦᠮ ᠢᠶᠠᠷ ᠬᠦᠭᠵᠢᠬᠦᠯᠬᠦ᠂ | ᠬᠤᠯᠪᠤᠭᠠᠯᠠᠨ ᠠᠬᠢᠭᠤᠯᠬᠤ᠂ ︽421 ᠪᠠᠶᠢᠷᠢᠯᠠᠭᠤᠯᠤᠯᠳᠠ︾ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠳᠤᠮᠳᠠᠳᠤ ᠶᠢ ᠵᠤᠯᠭᠤᠭᠤᠯᠬᠤ᠂ ᠰᠤᠷᠭᠠᠭᠤᠯᠢ ᠶᠢᠨ | ᠳᠤᠭᠤᠷᠢᠭ ᠤᠨ ᠬᠠᠮᠢᠶᠠᠷᠤᠯᠳᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠳᠦᠬᠡᠨ ᠪᠠᠶᠢᠭᠤᠯᠪᠠ᠃ 5 ᠪᠠᠯᠭᠠᠰᠤ ᠶᠢᠨ ᠡᠷᠡᠬᠦᠯ ᠬᠠᠮᠠᠭᠠᠯᠠᠯ ᠤᠨ ᠭᠠᠵᠠᠷ᠂ 12 | ᠳᠤᠰᠬᠤᠨ ᠤ ᠡᠷᠡᠬᠦᠯ ᠬᠠᠮᠠᠭᠠᠯᠠᠯ ᠤᠨ ᠬᠡᠷ ᠲᠤ ᠨᠢᠬᠡ ᠴᠤᠭᠴᠠᠵᠢᠭᠤᠯᠤᠭᠰᠠᠨ ᠬᠠᠮᠢᠶᠠᠷᠤᠯᠳᠠ ᠶᠢ ᠬᠡᠷᠡᠭᠵᠢᠬᠦᠯᠦᠨ᠂ 5 ︽ᠬᠢᠳᠠᠳ ᠡᠮᠨᠡᠯᠬᠡ ᠶᠢᠨ ᠬᠤᠷᠢᠶ᠎ᠠ︾ | ᠪᠤᠯᠤᠨ 1 ᠪᠠᠷᠢᠮᠵᠢᠶᠡᠵᠢᠭᠤᠯᠤᠭᠰᠠᠨ ᠨᠡᠶᠢᠬᠡᠮ ᠳᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠢ ᠰᠢᠨ᠎ᠡ ᠪᠠᠷ ᠪᠠᠶᠢᠭᠤᠯᠪᠠ᠃ ︽ᠳᠠᠯ᠎ᠠ ᠨᠤᠳᠤᠭ | ᠤᠨ ᠡᠵᠢ︾᠂ ᠸᠠᠨ ᠵᠢᠶᠠ ᠬᠤᠢ ᠬᠤᠤᠰ ᠡᠬᠦᠳᠦᠯᠳᠡ ᠶᠢᠨ ᠬᠦᠷᠢᠶᠡᠯᠡᠩ᠂ ᠳ᠋ᠦᠩ ᠰᠢᠩ ᠴᠠᠭ ᠡᠷᠢᠨ ᠤ ᠬᠤᠤᠰ ᠡᠬᠦᠳᠤᠯᠳᠡ ᠶᠢᠨ ᠬᠤᠳᠠ ᠶᠢ ᠡᠬᠢᠯᠡᠬᠦᠯᠦᠨ᠂ | ᠬᠦᠷᠢᠶᠡᠯᠡᠩ ᠳᠤ 383 ᠠᠵᠤ ᠠᠬᠤᠶᠢᠯᠠᠯᠳᠠᠨ ᠢ ᠨᠡᠮᠡᠭᠳᠡᠬᠦᠯᠪᠡ᠃ ᠳ᠋ᠦᠩᠱᠧᠩ ᠤᠨ ᠨᠤᠮ ᠤᠨ ᠰᠠᠩ ᠨᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ︽ᠠᠷᠪᠠᠨ ᠰᠢᠯᠢᠳᠡᠭ ᠨᠤᠮ ᠤᠨ ᠰᠠᠩ︾ ᠢᠶᠠᠷ ᠦᠨᠡᠯᠡᠭᠳᠡᠪᠡ᠃13.5 ᠳ᠋ᠦᠩᠰᠢᠭᠤᠷ ᠲᠦᠬᠦᠷᠢᠭ ᠤᠨ ᠤᠷᠤᠭᠤᠯᠤᠯᠳᠠ ᠬᠢᠵᠤ ᠬᠦᠳᠡᠭᠡ ᠳᠤᠰᠬᠤᠨ ᠤ ︽ᠠᠷᠪᠠ | ᠶᠢ ᠪᠦᠷᠬᠦᠬᠦᠯᠬᠦ︾ ᠡᠯ᠎ᠡ ᠲᠦᠷᠦᠯ ᠤᠨ ᠡᠬᠦᠷᠬᠡ ᠶᠢ ᠦᠨᠳᠤᠷ ᠴᠢᠨᠠᠷ ᠲᠠᠢ ᠪᠠᠳᠤᠯᠠᠨ ᠪᠡᠶᠡᠯᠡᠬᠦᠯᠵᠤ᠂ ᠵᠤᠤᠬ᠎ᠠ ᠶᠢᠨ ᠬᠤᠭᠤᠯᠠᠢ ᠵᠡᠷᠬᠡ 7 ᠵᠢᠱᠢᠶ᠎ᠡ ᠦᠵᠡᠬᠦᠯᠬᠦ | ᠳᠤᠰᠬᠤᠨ ᠢ ᠪᠠᠶᠢᠭᠤᠯᠵᠤ᠂ ᠦᠵᠡᠰᠬᠦᠯᠡᠩᠳᠤ ᠬᠦᠳᠡᠭᠡ ᠳᠤᠰᠬᠤᠨ ᠤ ᠪᠦᠳᠦᠬᠡᠨ ᠪᠠᠶᠢᠭᠤᠯᠤᠯᠳᠠ ᠶᠢᠨ ᠪᠦᠳᠦᠮᠵᠢ ᠨᠢ ᠢᠯᠡᠳᠳᠡ ᠳᠤᠪᠤᠶᠢᠮ᠎ᠠ ᠪᠤᠯᠵᠠᠢ᠃ ᠬᠤᠳᠠ | ᠬᠦᠳᠡᠭᠡ ᠶᠢᠨ ᠶᠠᠳᠠᠭᠤ ᠶᠢ ᠳᠡᠳᠬᠦᠬᠦ ᠠᠵᠢᠯ ᠢ ᠴᠢᠬᠤᠯᠠᠴᠢᠯᠠᠨ᠂ ᠤᠯᠤᠰ ᠤᠨ ᠶᠠᠳᠠᠭᠤ ᠶᠢᠨ ᠪᠠᠷᠢᠮᠵᠢᠶ᠎ᠡ ᠠᠴᠠ ᠳᠤᠤᠷ᠎ᠠ ᠠᠮᠢᠳᠤᠷᠠᠯ ᠲᠠᠢ ᠶᠠᠳᠠᠭᠤ ᠬᠦᠴᠢᠷᠳᠡᠯ ᠲᠠᠢ | ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠦᠨ᠂ ᠡᠯ᠎ᠡ ᠲᠦᠷᠦᠯ ᠤᠨ ᠳᠡᠮᠵᠢᠯᠬᠡ ᠳᠡᠳᠬᠦᠯᠳᠡ ᠶᠢᠨ ᠪᠡᠯᠡ ᠮᠦᠩᠬᠦ ᠶᠢ 2400 | ᠲᠦᠮᠡᠨ ᠲᠦᠬᠦᠷᠢᠭ ᠵᠠᠷᠤᠴᠠᠭᠤᠯᠵᠤ᠂ 4650 ᠳᠤᠤᠷ᠎ᠠ ᠤᠷᠤᠯᠭ᠎ᠠ ᠲᠠᠢ ᠬᠦᠮᠦᠰ ᠢ ᠠᠪᠤᠷᠠᠨ ᠳᠤᠰᠠᠯᠠᠵᠤ᠂ ᠨᠡᠶᠢᠬᠡᠮ ᠤᠨ ᠶᠡᠷᠦᠩᠬᠡᠢ ᠠᠪᠤᠷᠠᠨ ᠳᠤᠰᠠᠯᠠᠬᠤ | ᠳᠤᠭᠳᠠᠯᠴᠠᠭ᠎ᠠ ᠶᠢᠨ ᠪᠠᠶᠢᠭᠤᠯᠤᠯᠳᠠ ᠨᠢ ᠦᠪᠡᠷᠳᠡᠬᠡᠨ ᠵᠠᠠᠬᠤ ᠤᠷᠤᠨ ᠤ ᠡᠮᠤᠨ᠎ᠡ ᠨᠡᠷᠡᠰ ᠲᠤ ᠪᠠᠶᠢᠷᠢᠯᠠᠪᠠ᠃ | ︵ᠵᠢᠷᠭᠤᠭ᠎ᠠ︶ ᠬᠦᠭᠵᠢᠯᠳᠡ ᠶᠢ ᠪᠠᠳᠤᠯᠠᠬᠤ ᠴᠢᠳᠠᠪᠤᠷᠢ ᠶᠢ ᠯᠠᠪᠳᠠᠭᠤᠨ ᠪᠠᠳᠤᠯᠠᠬᠤ ᠶᠢᠨ ᠬᠠᠮᠳᠤ ᠰᠢᠨ᠎ᠡ ᠳᠡᠬᠡᠭᠰᠢᠯᠡᠯᠳᠡ ᠶᠢ ᠪᠡᠶᠡᠯᠡᠬᠦᠯᠪᠡ᠃ ᠰᠡᠷᠡᠮᠵᠢ ᠶᠢᠨ | ᠱᠤᠭᠤᠮ ᠤᠨ ᠰᠡᠳᠬᠢᠴᠡ ᠶᠢ ᠪᠤᠢ ᠪᠤᠯᠭᠠᠵᠤ᠂ ᠠᠮᠤᠷ ᠲᠦᠪᠰᠢᠨ ᠢ ᠬᠦᠴᠦᠯᠡᠨ ᠬᠠᠮᠠᠭᠠᠯᠠᠵᠤ᠂ ᠲᠦᠭᠰᠢᠬᠦᠷᠢ ᠶᠢ ᠰᠡᠷᠬᠡᠶᠢᠯᠡᠨ᠂ ᠯᠠᠪᠳᠠᠭᠤᠨ ᠳᠤᠭᠳᠠᠭᠤᠨ ᠢ | ᠠᠬᠢᠭᠤᠯᠪᠠ᠃ ᠪᠦᠬᠦ ᠬᠤᠳᠠ ᠳᠤ ᠲᠦᠷᠦᠬᠦᠯᠡᠨ᠂ ᠠᠶᠤᠯ ᠦᠬᠡᠢ ᠦᠢᠯᠡᠳᠪᠤᠷᠢᠯᠡᠯ᠂ ᠤᠷᠴᠢᠨ ᠳᠤᠭᠷᠤᠶᠢᠨ ᠤ ᠬᠠᠮᠠᠭᠠᠯᠠᠯᠳᠠ᠂ ᠢᠳᠡᠬᠡᠨ ᠡᠮ ᠤᠨ ᠵᠦᠢᠯ ᠤᠨ | ᠠᠶᠤᠯ ᠦᠬᠡᠢ ᠶᠢᠨ ᠰᠤᠷᠠᠭ ᠵᠠᠩᠬᠢᠴᠢᠯᠠᠯᠳᠠ ᠶᠢ ᠵᠢᠯᠤᠭᠤᠳᠤᠨ ᠳᠤᠬᠢᠷᠠᠭᠤᠯᠬᠤ ᠳᠠᠪᠴᠠᠩ ᠢ ᠪᠠᠶᠢᠭᠤᠯᠤᠨ᠂ 6750 ᠠᠵᠤ ᠠᠬᠤᠶᠢᠯᠠᠯᠳᠠᠨ ᠤ ᠳᠤᠷᠠᠭ ᠵᠠᠩᠬᠢ ᠶᠢ | ᠳᠤᠭ᠎ᠠ ᠪᠠᠷᠢᠮᠳᠠ ᠶᠢᠨ ᠬᠦᠮᠦᠷᠬᠡ ᠳᠤ ᠤᠷᠤᠭᠤᠯᠵᠤ᠂1230 ᠭᠤᠤᠯᠳᠠᠯᠭᠠᠳᠤ ᠠᠵᠤ ᠠᠬᠤᠶᠢᠯᠠᠯ ᠢ ᠰᠦᠯᠵᠢᠶ᠎ᠡ ᠳᠡᠬᠡᠷ᠎ᠡ ᠬᠢᠨᠠᠨ ᠡᠵᠡᠮᠰᠢᠪᠡ᠃ ᠠᠶᠤᠯ ᠦᠬᠡᠢ | ᠦᠢᠯᠡᠳᠪᠤᠷᠢᠯᠡᠯ ᠤᠨ ᠳᠤᠰᠬᠠᠢ ᠮᠡᠷᠬᠡᠵᠢᠯᠳᠡᠨ ᠠᠴᠠ ᠳᠠᠯᠳᠠ ᠬᠡᠮ ᠢ ᠪᠠᠶᠢᠴᠠᠭᠠᠬᠤ ᠶᠢ ᠬᠡᠪ ᠤᠨ ᠪᠠᠶᠢᠳᠠᠯ ᠲᠠᠢ ᠪᠤᠯᠭᠠᠬᠤ ᠶᠢ ᠠᠬᠢᠭᠤᠯᠤᠨ᠂ ᠦᠨᠳᠤᠰᠤᠨ ᠱᠠᠳᠤᠨ | ᠳᠤ 15 ᠠᠶᠤᠯ ᠦᠬᠡᠢ ᠶᠢ ᠬᠢᠨᠠᠨ ᠬᠠᠮᠢᠶᠠᠷᠬᠤ ᠦᠷᠳᠡᠭᠡ᠂13 ᠢᠳᠡᠬᠡᠨ ᠡᠮ ᠤᠨ ᠪᠦᠳᠦᠬᠡᠭᠳᠡᠬᠦᠨ ᠢ ᠬᠢᠨᠠᠨ ᠬᠠᠮᠢᠶᠠᠷᠬᠤ ᠭᠠᠵᠠᠷ ᠢ ᠪᠠᠶᠢᠭᠤᠯᠵᠤ᠂ ᠬᠢᠨᠠᠨ | ᠬᠠᠮᠢᠶᠠᠷᠬᠤ ᠠᠵᠢᠯ ᠢ ᠦᠨᠴᠦᠭ ᠪᠤᠯᠦᠩ ᠦᠯᠡᠳᠡᠬᠡᠯ ᠦᠬᠡᠢ ᠳᠡᠯᠬᠡᠷᠡᠬᠦᠯᠪᠡ᠃ ᠲᠦᠪ᠂ ᠦᠪᠡᠷᠳᠡᠬᠡᠨ ᠵᠠᠰᠠᠬᠤ ᠤᠷᠤᠨ ᠤ ᠤᠷᠴᠢᠨ ᠳᠤᠭᠤᠷᠢᠨ ᠢ ᠬᠢᠨᠠᠨ | ᠪᠠᠶᠢᠴᠠᠭᠠᠬᠤ ᠳᠤᠭᠤᠶᠢᠯᠠᠩ ᠤᠨ ᠡᠬᠡᠬᠦᠯᠦᠭᠰᠡᠨ ᠠᠰᠠᠭᠤᠳᠠᠯ ᠳᠤ ᠴᠢᠭᠯᠡᠬᠦᠯᠦᠨ᠂ ᠨᠢᠮᠪᠠᠢ ᠬᠢᠨᠠᠵᠤ ᠴᠢᠩᠭ᠎ᠠ ᠠᠳᠬᠤᠨ᠂ ᠨᠤᠮᠸᠠᠷ ᠢ ᠦᠬᠡᠶᠢᠰᠬᠡᠨ ᠴᠡᠭᠴᠡᠯᠡᠨ ᠵᠠᠰᠠᠵᠤ | ᠂ ᠪᠦᠬᠦ ᠵᠢᠯ ᠤᠨ ᠠᠶᠤᠯ ᠦᠬᠡᠢ ᠦᠢᠯᠡᠳᠪᠤᠷᠢᠯᠡᠯ᠂ ᠤᠷᠴᠢᠨ ᠳᠤᠭᠤᠷᠢᠨ ᠤ ᠬᠠᠮᠠᠭᠠᠯᠠᠯᠳᠠ ᠪᠤᠯᠤᠨ ᠢᠳᠡᠬᠡᠨ ᠤ ᠵᠦᠢᠯ ᠤᠨ ᠠᠶᠤᠯ ᠦᠬᠡᠢ ᠨᠢ ᠦᠷᠬᠦᠯᠵᠢᠯᠡᠨ | ᠰᠠᠶᠢᠨ ᠪᠠᠶᠢᠳᠠᠯ ᠲᠠᠢ ᠪᠤᠯᠵᠤ ᠬᠤᠪᠢᠷᠠᠨ᠂ ᠠᠭᠠᠷ ᠤᠨ ᠴᠡᠪᠡᠷᠴᠡ ᠶᠢᠨ ᠬᠡᠮᠵᠢᠶ᠎ᠡ ᠶᠢᠨ ᠤᠬᠢ ᠰᠢᠯᠢᠳᠡᠭ ᠡᠳᠤᠷ ᠤᠨ ᠳᠤᠬ᠎ᠠ ᠨᠢ 320 ᠡᠳᠤᠷ ᠪᠤᠯᠤᠨ ᠨᠡᠮᠡᠭᠳᠡᠵᠤ᠂ | ᠴᠢᠨᠠᠷ ᠨᠢ ᠪᠦᠬᠦ ᠤᠯᠤᠰ ᠤᠨ ᠡᠮᠤᠨ᠎ᠡ ᠨᠡᠷᠡᠰ ᠲᠤ ᠪᠠᠶᠢᠷᠢᠯᠠᠪᠠ᠃ ᠡᠷᠡᠰ ᠴᠢᠩᠭ᠎ᠠ ᠠᠷᠭ᠎ᠠ ᠠᠪᠴᠢᠯ ᠢ ᠠᠪᠴᠤ᠂116 ᠠᠵᠤ ᠠᠬᠤᠶᠢᠯᠠᠯ 1641ᠾᠧᠺᠲ᠋ᠡᠷ | ᠰᠤᠯᠠ ᠭᠠᠵᠠᠷ ᠨᠤᠳᠤᠭ ᠢ ᠰᠢᠢᠳᠪᠤᠷᠢᠯᠡᠨ᠂ ᠰᠢᠢᠳᠪᠤᠷᠢᠯᠡᠭᠰᠡᠨ ᠨᠤᠷᠮ᠎ᠠ ᠨᠢ 92% ᠬᠦᠷᠴᠠᠢ᠃ ᠪᠡᠶᠡᠴᠢ ᠴᠤᠭᠴᠠᠵᠢᠭᠤᠯᠤᠭᠰᠠᠨ᠂ ᠰᠤᠷᠠᠭ ᠵᠠᠩᠬᠢᠴᠢᠯᠠᠯᠳᠠ᠂ | ᠠᠮᠤᠷ ᠢ ᠬᠠᠮᠠᠭᠠᠯᠠᠬᠤ᠂ ᠰᠡᠷᠬᠡᠶᠢᠯᠡᠨ ᠡᠵᠡᠮᠰᠢᠬᠦ ᠳᠤᠭᠳᠠᠯᠴᠠᠭ᠎ᠠ ᠶᠢ ᠳᠡᠬᠦᠯᠳᠡᠷᠵᠢᠬᠦᠯᠦᠨ᠂ ᠡᠷᠡᠬᠦᠦ ᠶᠢᠨ ᠬᠡᠷᠡᠭ ᠤᠨ ᠳᠤᠭ᠎ᠠ ᠭᠤᠷᠪᠠᠨ ᠵᠢᠯ ᠳᠠᠷᠠᠭᠠᠯᠠᠨ 15% ᠪᠠᠷ | ᠪᠠᠭᠤᠷᠠᠵᠤ᠂ ᠠᠮᠤᠷ ᠳᠤᠭᠳᠠᠭᠤᠨ ᠤᠷᠴᠢᠨ ᠳᠤᠭᠤᠷᠢᠨ ᠨᠢ ᠬᠤᠳᠠ ᠶᠢᠨ ᠨᠡᠷᠡᠳᠤ ᠳᠡᠮᠳᠡᠭ ᠤᠨ ᠨᠢᠬᠡ ᠨᠢ ᠪᠤᠯᠪᠠ᠃ ᠤᠳᠤᠷᠢᠳᠤᠯᠭ᠎ᠠ ᠰᠤᠷᠪᠤᠯᠵᠢᠯᠠᠭ᠎ᠠ ᠶᠢ | ᠬᠦᠯᠢᠶᠡᠨ ᠠᠪᠴᠤ ᠬᠡᠷᠡᠭ ᠢ ᠨᠢ ᠳᠠᠭᠠᠭᠠᠴᠢᠯᠠᠨ ᠰᠢᠢᠳᠪᠤᠷᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠳᠤᠭ᠎ᠠ ᠨᠢ | 21% ᠢᠶᠠᠷ ᠪᠠᠭᠤᠷᠠᠵᠤ᠂ ᠨᠢᠬᠡ ᠪᠦᠯᠦᠭ ᠤᠨ ᠤᠳᠠᠭᠠᠨ ᠳᠤ ᠰᠢᠢᠳᠪᠤᠷᠢᠯᠡᠭᠳᠡᠭᠡ ᠦᠬᠡᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠳᠦᠮᠵᠢᠳᠡᠢ ᠪᠠᠷ | ᠰᠢᠢᠳᠪᠤᠷᠢᠯᠡᠪᠡ᠃ ᠳᠡᠬᠡᠳᠤ ᠱᠠᠳᠤᠨ ᠤ ᠳᠤᠰᠬᠠᠢ ᠲᠦᠷᠦᠯ᠂ ᠵᠠᠰᠠᠭ ᠤᠨ ᠤᠷᠳᠤᠨ ᠤ ᠵᠢᠬᠡᠯᠡᠯᠬᠡ ᠵᠡᠷᠬᠡ ᠪᠡᠯᠡ ᠮᠦᠩᠬᠦ ᠶᠢ 262 ᠳ᠋ᠦᠩᠰᠢᠭᠤᠷ ᠲᠦᠬᠦᠷᠢᠭ | ᠤᠯᠵᠤ᠂ ᠵᠠᠰᠠᠭ ᠤᠨ ᠤᠷᠳᠤᠨ ᠤ ᠤᠬᠤᠷ ᠬᠤᠭᠤᠴᠠᠭᠠᠳᠤ ᠦᠨᠳᠤᠷ ᠬᠦᠦ ᠲᠠᠢ ᠵᠢᠬᠡᠯᠡᠯᠬᠡ ᠶᠢ 117 ᠳ᠋ᠦᠩᠰᠢᠭᠤᠷ ᠲᠦᠬᠦᠷᠢᠭ ᠲᠦᠯᠦᠵᠤ᠂16 ᠳ᠋ᠦᠩᠰᠢᠭᠤᠷ | ᠲᠦᠬᠦᠷᠢᠭ ᠤᠨ ᠬᠦᠦ ᠮᠦᠩᠬᠦ ᠶᠢ ᠠᠷᠪᠢᠯᠠᠪᠠ᠃ ᠢᠯᠡ ᠬᠠᠷᠢᠴᠠᠯ ᠢᠶᠠᠷ 7656 ᠠᠪᠴᠠᠭᠠᠨ ᠤ ᠬᠦᠮᠦᠨ ᠤ 94 ᠳ᠋ᠦᠩᠰᠢᠭᠤᠷ ᠲᠦᠬᠦᠷᠢᠭ ᠤᠨ ᠦᠷᠢ ᠶᠢ | ᠰᠢᠢᠳᠪᠤᠷᠢᠯᠡᠪᠡ᠃ 35 ᠠᠪᠴᠠᠭᠠᠨ ᠤ ᠠᠵᠤ ᠠᠬᠤᠶᠢᠯᠠᠯ ᠤᠨ 28 ᠳ᠋ᠦᠩᠰᠢᠭᠤᠷ ᠲᠦᠬᠦᠷᠢᠭ ᠤᠨ ᠵᠢᠬᠡᠯᠡᠯᠬᠡ ᠶᠢ ᠪᠤᠴᠠᠭᠠᠯ ᠦᠬᠡᠢ ᠰᠢᠢᠳᠪᠤᠷᠢᠯᠡᠨ᠂ 352 ᠠᠵᠤ | ᠠᠬᠤᠶᠢᠯᠠᠯ ᠤᠨ 197 ᠳ᠋ᠦᠩᠰᠢᠭᠤᠷ ᠲᠦᠬᠦᠷᠢᠭ ᠤᠨ ᠵᠢᠬᠡᠯᠡᠯᠬᠡ ᠰᠢᠯᠵᠢᠬᠦᠯᠬᠦ ᠪᠠ ᠬᠤᠭᠤᠴᠠᠭ᠎ᠠ ᠶᠢ ᠨᠢ ᠤᠷᠳᠤᠳᠬᠠᠨ ᠦᠭᠴᠤ᠂ ᠵᠠᠰᠠᠭ ᠤᠨ ᠤᠷᠳᠤᠨ ᠤ | ᠢᠳᠡᠬᠡᠮᠵᠢ ᠪᠠᠷ ᠨᠡᠶᠢᠬᠡᠮ ᠤᠨ ᠢᠳᠡᠬᠡᠯ ᠢ ᠦᠨᠡᠨ ᠬᠦ ᠳᠠᠶᠢᠴᠢᠯᠠᠨ ᠳᠡᠬᠡᠭᠰᠢᠯᠡᠬᠦᠯᠪᠡ᠃ | ︵ᠳᠤᠯᠤᠭ᠎ᠠ︶ ᠵᠠᠰᠠᠭ ᠤᠨ ᠤᠷᠳᠤᠨ ᠤ ᠦᠪᠡᠷ ᠤᠨ ᠪᠠᠶᠢᠭᠤᠯᠤᠯᠳᠠ ᠨᠢ ᠬᠠᠤᠯᠢ ᠶᠤᠰᠤᠭᠠᠷ ᠳᠤᠰᠢᠶᠠᠯ ᠢᠶᠠᠨ ᠶᠠᠪᠤᠭᠤᠯᠬᠤ ᠳᠤᠮᠳᠠ ᠰᠢᠨ᠎ᠡ ᠳᠡᠬᠡᠭᠰᠢᠯᠡᠯᠳᠡ | ᠶᠢ ᠤᠯᠪᠠ᠃ ᠨᠠᠮ ᠤᠨ ᠪᠠᠶᠢᠭᠤᠯᠤᠯᠳᠠ ᠶᠢᠨ ᠪᠡᠶᠡᠴᠢ ᠴᠤᠭᠴᠠ ᠶᠢᠨ ᠬᠠᠷᠢᠭᠤᠴᠠᠯᠭ᠎ᠠ ᠪᠤᠯᠤᠨ ᠨᠠᠮ ᠤᠨ ᠰᠤᠷᠳᠠᠯ ᠴᠢᠬᠡᠴᠢ ᠵᠠᠰᠠᠭ ᠤᠨ ᠬᠠᠷᠢᠭᠤᠴᠠᠯᠭ᠎ᠠ ᠶᠢᠨ | ᠲᠦᠷᠢᠮ ᠢ ᠨᠠᠷᠢᠨ ᠬᠢᠨᠠᠮᠠᠭᠠᠢ ᠬᠦᠢᠴᠡᠳᠬᠡᠨ᠂ ︽ᠨᠢᠬᠡ ᠪᠠᠶᠢᠷᠢ ᠬᠤᠤᠰ ᠬᠠᠷᠢᠭᠤᠴᠠᠯᠭ᠎ᠠ︾ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠬᠦᠷᠬᠡᠯᠡᠪᠡ᠃ | ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠤᠯᠤᠰ ᠲᠦᠷᠦ ᠶᠢᠨ ᠵᠦᠪᠯᠡᠯᠬᠡᠨ ᠤ ᠵᠠᠰᠠᠭ ᠤᠨ ᠶᠠᠪᠤᠳᠠᠯ ᠳᠤ ᠤᠷᠤᠯᠴᠠᠬᠤ ᠵᠠᠰᠠᠭ ᠤᠨ ᠶᠠᠪᠤᠳᠠᠯ ᠢ ᠵᠦᠪᠯᠡᠬᠦ ᠳᠤ | ᠤᠷᠤᠯᠴᠠᠬᠤ ᠶᠢ ᠢᠳᠡᠪᠬᠢᠳᠡᠢ ᠳᠡᠮᠵᠢᠨ᠂ 64 ᠬᠤᠪᠢ ᠠᠷᠠᠳ ᠤᠨ ᠲᠦᠯᠦᠬᠡᠯᠡᠭᠴᠢᠳ ᠤᠨ ᠵᠦᠪᠯᠡᠯᠬᠡ᠂73 ᠬᠤᠪᠢ ᠤᠯᠤᠰ ᠲᠦᠷᠦ ᠶᠢᠨ ᠵᠦᠪᠯᠡᠯᠬᠡᠨ ᠤ | ᠬᠡᠰᠢᠬᠦᠨ ᠤ ᠰᠠᠨᠠᠯ ᠳᠤᠷᠠᠳᠤᠯᠭ᠎ᠠ ᠶᠢ ᠪᠦᠬᠦᠳᠡ ᠶᠢ ᠬᠦᠢᠴᠡᠳᠬᠡᠪᠡ᠃ ︽ᠭᠤᠷᠪᠠᠨ ᠭᠤᠤᠯᠳᠠᠯᠭ᠎ᠠ ᠨᠢᠬᠡ ᠴᠢᠬᠤᠯᠠ︾ ᠬᠠᠮᠳᠤ ᠶᠢᠨ ᠰᠢᠢᠳᠪᠤᠷᠢᠳᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠦᠨᠳᠤ ᠴᠢᠬᠤᠯᠠ ᠰᠢᠢᠳᠪᠤᠷᠢᠳᠤ ᠳᠡᠰ ᠳᠠᠷᠠᠭᠠᠯᠠᠯ ᠤᠨ ᠳᠤᠭᠳᠠᠭᠠᠯ ᠢ ᠭᠠᠷᠭᠠᠵᠤ᠂ ᠵᠠᠰᠠᠭ ᠤᠨ ᠤᠷᠳᠤᠨ ᠤ | ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠳᠡᠬᠦᠯᠳᠡᠷᠵᠢᠬᠦᠯᠦᠨ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠤᠨ ᠴᠢᠨᠠᠷᠳᠠᠢ᠂ ᠬᠠᠤᠯᠢ ᠶᠤᠰᠤ ᠶᠢ | ᠦᠨᠳᠤᠰᠤᠯᠡᠭᠰᠡᠨ ᠰᠢᠢᠳᠪᠤᠷᠢᠳᠤ ᠪᠤᠳᠤᠯᠭ᠎ᠠ ᠭᠠᠷᠭᠠᠨ᠎ᠠ᠃ ︽ᠨᠡᠷᠡᠳᠤ ᠬᠠᠤᠯᠢᠴᠢ ᠦᠨᠳᠤᠰᠤᠨ ᠱᠠᠳᠤᠨ ᠳᠤ ᠪᠠᠭᠤᠬᠤ︾ ᠵᠡᠷᠬᠡ ᠬᠠᠤᠯᠢ ᠲᠦᠬᠡᠮᠡᠯᠵᠢᠬᠦᠯᠬᠦ | ᠠᠵᠢᠯᠯᠠᠭ᠎ᠠ ᠶᠢ ᠬᠡᠷᠡᠭᠵᠢᠬᠦᠯᠦᠨ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠤᠷᠴᠢᠨ ᠳᠤᠭᠤᠷᠢᠨ ᠢ ᠪᠦᠷᠢᠯᠳᠦᠬᠦᠯᠪᠡ᠃ ︽ᠬᠤᠶᠠᠷ ᠢ ᠰᠤᠷᠤᠯᠴᠠᠵᠤ᠂ ᠬᠢᠷᠢ | ᠳᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠦᠨ᠂ ᠠᠵᠢᠯ ᠤᠨ ᠰᠤᠷᠳᠠᠯ ᠪᠤᠯᠤᠨ ᠵᠠᠰᠠᠭ ᠵᠠᠬᠢᠷᠭᠠᠨ ᠤ | ᠦᠢᠯᠡᠳᠤᠯ ᠴᠢᠳᠠᠪᠬᠢ ᠶᠢ ᠦᠷᠬᠦᠯᠵᠢᠯᠡᠨ ᠦᠬᠡᠷᠡᠴᠢᠯᠡᠨ ᠰᠠᠶᠢᠵᠢᠷᠠᠭᠤᠯᠪᠠ᠃ ︽ᠬᠦᠴᠢᠷᠳᠡᠯᠳᠡᠢ ᠡᠳᠤᠷ︾ ᠢ ᠦᠩᠬᠡᠷᠡᠬᠦᠯᠬᠦ ᠦᠵᠡᠯ ᠰᠠᠨᠠᠭ᠎ᠠ ᠶᠢ ᠪᠤᠢ ᠪᠤᠯᠭᠠᠨ᠂ | ᠵᠢᠷᠭᠤᠭᠠᠨ ᠳᠡᠰ ᠤᠨ ᠲᠦᠰᠦᠪ ᠤᠨ ᠬᠠᠮᠢᠶᠠᠷᠤᠯᠳᠠ ᠶᠢ ᠬᠡᠷᠡᠭᠵᠢᠬᠦᠯᠦᠨ᠂ ᠠᠯᠪᠠᠨ ᠤ ᠶᠠᠪᠤᠳᠠᠯ ᠢᠶᠠᠷ ᠳᠡᠷᠬᠡ ᠬᠡᠷᠡᠭᠯᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠢ | ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠠᠯᠪᠠᠨ︾ ᠤ ᠵᠠᠷᠤᠳᠠᠯ ᠢ 40% ᠪᠠᠷ ᠬᠠᠰᠤᠭᠳᠠᠭᠤᠯᠪᠠ᠃ ᠪᠠᠯᠭᠠᠰᠤ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠳᠤᠭ᠎ᠠ ᠪᠦᠷᠢᠳᠬᠡᠯ ᠤᠨ ᠭᠠᠵᠠᠷ ᠢ 3 ᠪᠠᠶᠢᠭᠤᠯᠵᠤ᠂ ᠳᠤᠭ᠎ᠠ ᠪᠦᠷᠢᠳᠬᠡᠯ ᠤᠨ ᠬᠢᠨᠠᠯᠳᠠ ᠳᠠᠯᠪᠢᠬᠤ ᠬᠦᠷᠢᠶ᠎ᠡ ᠬᠡᠪᠴᠢᠶ᠎ᠡ ᠠᠭᠠᠵᠢᠮ ᠢᠶᠠᠷ ᠦᠷᠬᠡᠳᠤᠨ᠂ | ᠬᠦᠴᠦᠯᠡᠴᠡ ᠨᠢ ᠵᠢᠯ ᠳᠠᠷᠠᠭᠠᠯᠠᠨ ᠨᠡᠮᠡᠭᠳᠡᠪᠡ᠃ ᠰᠠᠬᠢᠯᠭ᠎ᠠ ᠪᠠᠳᠤ ᠶᠢᠨ ᠬᠠᠷᠢᠭᠤᠴᠠᠯᠭ᠎ᠠ ᠨᠡᠬᠡᠮᠵᠢᠯᠡᠬᠦ ᠦᠨᠳᠤᠷ ᠳᠠᠷᠤᠯᠳᠠ ᠲᠠᠢ ᠪᠠᠶᠢᠳᠠᠯ ᠢ ᠪᠠᠳᠤᠯᠠᠨ᠂ ᠨᠠᠮ ᠤᠨ | ᠰᠠᠬᠢᠯᠭ᠎ᠠ ᠵᠠᠰᠠᠭ ᠤᠨ ᠰᠠᠬᠢᠯᠭ᠎ᠠ ᠲᠠᠢ ᠬᠤᠯᠪᠤᠭᠳᠠᠭᠰᠠᠨ43 ᠬᠦᠮᠦᠨ ᠳᠤ ᠰᠢᠢᠳᠬᠡᠯ ᠤᠯᠭᠤᠵᠤ ᠰᠤᠷᠳᠠᠯ ᠴᠢᠬᠡᠴᠢ ᠲᠦᠪ ᠭᠤᠤᠯᠴᠢ᠂ ᠠᠷᠢᠭᠤᠨ ᠴᠡᠪᠡᠷ ᠢᠶᠠᠷ | ᠠᠵᠢᠯ ᠬᠦᠢᠴᠡᠳᠬᠡᠬᠦ ᠰᠠᠶᠢᠨ ᠰᠠᠶᠢᠬᠠᠨ ᠤᠷᠴᠢᠨ ᠳᠤᠭᠤᠷᠢᠨ ᠢ ᠪᠦᠷᠢᠯᠳᠦᠬᠦᠯᠪᠡ᠃ ᠡᠬᠦᠨ ᠠᠴᠠ ᠭᠠᠳᠠᠨ᠎ᠠ᠂ ᠠᠷᠠᠳ ᠲᠦᠮᠡᠨ ᠤ ᠬᠤᠤᠰ ᠬᠦᠷᠢᠶᠡᠯᠡᠯ ᠢ ᠬᠠᠮᠳᠤ | ᠪᠠᠷ ᠪᠠᠶᠢᠭᠤᠯᠬᠤ ᠠᠵᠢᠯ᠂ ᠳᠠᠩᠰᠠ ᠡᠪᠬᠡᠮᠡᠯ ᠳᠡᠤᠬᠡ ᠦᠢᠯᠠᠯᠭ᠎ᠠ ᠶᠢᠨ ᠠᠵᠢᠯ᠂ ᠠᠵᠢᠯᠳᠠᠨ ᠵᠠᠯᠠᠭᠤᠴᠤᠳ ᠡᠮᠡᠭᠳᠡᠶᠢᠴᠤᠳ ᠤᠨ ᠠᠵᠢᠯ᠂ ᠤᠯᠠᠭᠠᠨ ᠵᠠᠭᠠᠯᠮᠠᠶᠢᠳᠠᠨ᠂ | ᠵᠡᠮᠳᠡᠭᠴᠤᠳ᠂ ᠠᠭᠤᠷ ᠠᠮᠢᠰᠬᠤᠯ᠂ ᠱᠠᠰᠢᠨ ᠰᠤᠷᠳᠠᠬᠤᠨ ᠵᠡᠷᠬᠡ ᠠᠵᠢᠯ ᠤᠨ ᠳᠠᠯ᠎ᠠ ᠪᠠᠷ ᠴᠦᠮ ᠰᠢᠨ᠎ᠡ ᠤᠷᠤᠭᠰᠢᠯᠠᠯᠳᠠ ᠶᠢ ᠤᠯᠪᠠ᠃ ᠦᠩᠬᠡᠷᠡᠭᠰᠡᠨ ᠤ ᠨᠢᠬᠡ | ᠵᠢᠯ ᠢ ᠡᠷᠬᠢᠴᠡᠬᠦᠯᠪᠡᠯ᠂ ᠦᠨᠦᠳᠤᠷ ᠤᠨ ᠦᠷ᠎ᠡ ᠪᠦᠳᠦᠮᠵᠢ ᠶᠢᠨ ᠢᠷᠡᠯᠳᠡ ᠨᠢ ᠬᠢᠯᠪᠡᠷ ᠪᠤᠰᠤ᠃ ᠡᠨᠡ ᠨᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ | ᠤᠨ ᠤᠷᠳᠤᠨ ᠪᠤᠯᠤᠨ ᠳᠤᠭᠤᠷᠢᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠪᠤᠯᠤᠨ ᠰᠢᠨᠵᠢᠯᠡᠬᠦ ᠤᠬᠠᠭᠠᠨᠴᠢ ᠰᠢᠢᠳᠪᠤᠷᠢᠳᠤ ᠪᠤᠳᠤᠯᠭ᠎ᠠ ᠶᠢᠨ | ᠦᠷ᠎ᠡ ᠪᠦᠳᠦᠬᠡᠯ ᠮᠦᠨ᠂ ᠳᠤᠭᠤᠷᠢᠭ ᠤᠨ ᠬᠡᠳᠤᠨ ᠶᠡᠭᠡ ᠤᠳᠤᠷᠢᠳᠬᠤ ᠪᠠᠭ᠂ ᠡᠯ᠎ᠡ ᠬᠦᠷᠢᠶᠡᠯᠡᠩ ᠳᠤᠭᠤᠷᠢᠭ᠂ ᠡᠯ᠎ᠡ ᠰᠠᠯᠠᠭ᠎ᠠ ᠮᠦᠴᠢᠷ᠂ ᠡᠯ᠎ᠡ ᠪᠠᠯᠭᠠᠰᠤ᠂ | ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ ᠡᠯ᠎ᠡ ᠡᠳᠡᠬᠡᠳ ᠤᠨ ᠬᠢᠨ᠂ ᠠᠵᠤ ᠠᠬᠤᠶᠢᠯᠠᠯᠳᠠᠨ ᠵᠤᠪᠠᠯ ᠵᠢᠷᠭᠠᠯ ᠢᠶᠠᠨ ᠬᠠᠮᠳᠤᠳᠬᠠᠨ᠂ ᠴᠢᠷᠮᠠᠶᠢᠨ | ᠤᠷᠤᠭᠰᠢᠯᠠᠭᠰᠠᠨ ᠤ ᠦᠷ᠎ᠡ ᠳ᠋ᠦᠩ ᠮᠦᠨ᠂ ᠪᠦᠬᠦ ᠳᠤᠭᠤᠷᠢᠭ ᠤᠨ ᠡᠯ᠎ᠡ ᠦᠨᠳᠤᠰᠤᠳᠡᠨ ᠤ ᠺᠠᠳ᠋ᠷ ᠤᠯᠠᠨ ᠲᠦᠮᠡᠨ ᠤ ᠬᠠᠳᠠᠭᠤ ᠰᠢᠷᠭᠠᠭᠤ ᠴᠢᠷᠮᠠᠶᠢᠯᠭ᠎ᠠ᠂ | ᠯᠠᠪᠳᠠᠭᠤᠨ ᠪᠠᠳᠤᠳᠠᠢ ᠠᠵᠢᠯᠯᠠᠭᠠᠨ ᠤ ᠦᠷ᠎ᠡ ᠳ᠋ᠦᠩ ᠶᠤᠮ᠃ ᠠᠳᠡ ᠪᠢ ᠳᠤᠭᠤᠷᠢᠭ ᠤᠨ ᠵᠠᠰᠠᠭ ᠤᠨ ᠤᠷᠳᠤᠨ ᠢ ᠲᠦᠯᠦᠬᠡᠯᠡᠨ᠂ ᠳ᠋ᠦᠩᠱᠧᠩ ᠳᠤᠭᠤᠷᠢᠭ ᠤᠨ | ᠪᠦᠳᠦᠬᠡᠨ ᠪᠠᠶᠢᠭᠤᠯᠤᠯᠳᠠ᠂ ᠬᠦᠭᠵᠢᠬᠦᠯᠦᠯᠳᠡ ᠶᠢ ᠬᠠᠯᠠᠮᠵᠢᠯᠠᠨ ᠳᠡᠮᠵᠢᠵᠤ᠂ ᠤᠷᠤᠯᠴᠠᠭᠰᠠᠨ ᠡᠯ᠎ᠡ ᠦᠨᠳᠤᠰᠤᠳᠡᠨ ᠤ ᠺᠠᠳ᠋ᠷ ᠤᠯᠠᠨ ᠲᠦᠮᠡᠨ᠂ ᠨᠡᠶᠢᠬᠡᠮ ᠤᠨ ᠡᠯ᠎ᠡ | ᠡᠳᠡᠬᠡᠳ ᠤᠨ ᠬᠢᠨ᠂ ᠡᠯ᠎ᠡ ᠠᠵᠤ ᠠᠬᠤᠶᠢᠯᠠᠯᠳᠠᠨ ᠳᠤ ᠴᠢᠭ ᠰᠡᠳᠬᠢᠯ ᠤᠨ ᠬᠦᠨᠳᠤᠳᠬᠡᠯ ᠳᠠᠯᠠᠷᠬᠠᠯ ᠢᠶᠠᠨ ᠳᠡᠪᠰᠢᠬᠦᠯᠵᠤ ᠪᠠᠶᠢᠨ᠎ᠠ᠃ | ᠲᠦᠯᠦᠬᠡᠯᠡᠭᠴᠢᠳ ᠡ᠂ ᠠᠮᠵᠢᠯᠳᠠ ᠪᠦᠳᠦᠮᠵᠢ ᠨᠢ ᠪᠢᠳᠠᠨ ᠤ ᠠᠷᠢᠭᠤᠨ ᠴᠠᠭᠠᠨ ᠬᠦᠴᠦ ᠬᠦᠯᠦᠰᠤ ᠤᠨ ᠬᠠᠷᠢᠭᠤ ᠪᠤᠯᠵᠤ ᠦᠯᠡᠳᠡᠭᠰᠡᠨ ᠪᠠᠶᠢᠨ᠎ᠠ᠃ | ᠳᠡᠮᠡᠴᠡᠨ ᠴᠢᠷᠮᠠᠶᠢᠬᠤ ᠶᠠᠪᠤᠴᠠ ᠳᠤ ᠪᠢᠳᠠ ᠯᠠᠪᠳᠠᠢ ᠢᠯᠠᠯᠳᠠ ᠤᠯᠬᠤ ᠢᠳᠡᠬᠡᠯ ᠵᠤᠷᠢᠭ ᠳᠡᠬᠦᠯᠳᠡᠷ ᠪᠠᠶᠢᠨ᠎ᠠ᠃ ᠠᠵᠤ ᠠᠬᠤᠢ ᠶᠢᠨ ᠤᠷᠴᠢᠯ ᠡᠷᠬᠢᠯᠳᠡ ᠶᠢᠨ | ᠳᠤᠪᠤᠶᠢᠮ᠎ᠠ ᠵᠦᠷᠢᠴᠡᠯ᠂ ᠠᠵᠤ ᠠᠬᠤᠶᠢᠯᠠᠯ ᠤᠨ ᠪᠡᠯᠡ ᠤᠷᠤᠭᠤᠯᠤᠯᠳᠠ ᠶᠢᠨ ᠢᠳᠡᠬᠡᠯ ᠳᠤᠳᠠᠮᠠᠭ᠂ ᠡᠳ᠋ ᠤᠨ ᠵᠠᠰᠠᠭ ᠤᠨ ᠳᠠᠷᠤᠯᠳᠠ ᠦᠷᠬᠦᠯᠵᠢᠯᠡᠨ ᠬᠦᠨᠳᠤᠷᠡᠭᠰᠡᠨ | ᠪᠠᠶᠢᠳᠠᠯ ᠳᠤᠤᠷ᠎ᠠ ᠤᠬᠤᠷᠢᠰᠢ ᠦᠬᠡᠢ ᠤᠷᠤᠭᠰᠢᠯᠠᠬᠤ ᠵᠤᠷᠢᠭ ᠢᠶᠠᠨ ᠬᠦᠪᠴᠢᠯᠡᠨ᠂ ᠦᠷᠬᠡᠨ ᠤᠯᠠᠨ ᠺᠠᠳ᠋ᠷ ᠠᠵᠢᠯᠳᠠᠨ ᠰᠡᠳᠬᠢᠯ ᠨᠢᠬᠡᠳᠤᠨ ᠬᠦᠴᠦ ᠪᠠᠨ | ᠬᠠᠮᠳᠤᠳᠬᠠᠵᠤ᠂ ᠵᠤᠷᠢᠠᠠᠳᠠᠢ ᠪᠠᠷ ᠳᠡᠮᠡᠴᠡᠨ᠂ ᠤᠴᠢᠷ ᠶᠠᠪᠤᠳᠠᠯ ᠢ ᠪᠦᠳᠦᠬᠡᠬᠦ ᠢᠳᠡ ᠬᠦᠴᠦ᠂ ᠨᠤᠭᠤᠷᠠᠰᠢ ᠦᠬᠡᠢ ᠳᠡᠰᠪᠤᠷᠢ ᠵᠤᠷᠢᠭ ᠢ ᠡᠪᠤᠷᠯᠡᠵᠤ ᠪᠦᠬᠦ ᠬᠦᠴᠦᠨ | ᠢᠶᠠᠨ ᠰᠢᠪᠬᠠᠨ ᠲᠦᠷᠦᠯ ᠵᠦᠢᠯ ᠢ ᠠᠳᠬᠤᠨ᠂ ᠬᠡᠯᠪᠡᠷᠢ ᠪᠠᠨ ᠬᠤᠪᠢᠷᠠᠭᠠᠨ ᠲᠦᠭᠰᠢᠬᠦᠷᠢ ᠶᠢ ᠰᠡᠷᠬᠡᠶᠢᠯᠡᠨ᠂ ᠳᠤᠭᠳᠠᠭᠤᠨ ᠬᠦᠭᠵᠢᠯᠳᠡ ᠶᠢ ᠪᠠᠳᠤᠯᠠᠵᠤ᠂ ᠨᠡᠶᠢᠬᠡᠮ | ᠤᠨ ᠶᠡᠭᠡ ᠪᠠᠶᠢᠳᠠᠯ ᠤᠨ ᠦᠷᠬᠦᠯᠵᠢᠯᠡᠨ ᠳᠤᠭᠳᠠᠭᠤᠨ ᠪᠠᠶᠢᠬᠤ ᠶᠢ ᠪᠠᠳᠤᠯᠠᠪᠠ᠃ ᠴᠢᠷᠮᠠᠶᠢᠨ ᠳᠡᠮᠡᠴᠡᠬᠦ ᠶᠠᠪᠤᠴᠠ ᠳᠤᠮᠳᠠ ᠪᠠᠨ ᠪᠢᠳᠠ ᠦᠬᠡᠷᠡᠴᠢᠯᠡᠯᠳᠡ ᠬᠢᠵᠤ ᠰᠢᠨ᠎ᠡ | ᠶᠢ ᠡᠬᠦᠳᠬᠦ ᠡᠷᠴᠢ ᠵᠤᠷᠢᠭ ᠢ ᠢᠮᠠᠭᠳᠠ ᠬᠦᠪᠴᠢᠯᠡᠪᠡ᠃ ᠬᠠᠭᠤᠴᠢᠨ ᠵᠠᠮ ᠢᠶᠠᠷ ᠶᠠᠪᠤᠭᠠᠳ ᠨᠡᠪᠳᠡᠷᠡᠬᠦ ᠦᠬᠡᠢ᠂ ᠬᠤᠯᠠ ᠠᠶᠠᠯᠠᠵᠤ ᠳᠡᠶᠢᠯᠬᠦ ᠦᠬᠡᠢ᠂ ᠦᠷᠳᠡᠭ ᠨᠢ | ᠦᠨᠳᠤᠷ ᠵᠡᠷᠬᠡ ᠪᠠᠶᠢᠳᠠᠯ ᠳᠤᠤᠷ᠎ᠠ᠂ ᠰᠡᠳᠬᠢᠴᠡ ᠶᠢᠨ ᠬᠡᠪᠰᠢᠭᠰᠡᠨ ᠬᠡᠯᠪᠡᠷᠢ ᠶᠢ ᠡᠪᠳᠡᠨ᠂ ᠰᠢᠨ᠎ᠡ ᠵᠠᠮ ᠢᠶᠠᠷ ᠵᠤᠷᠢᠠᠠᠳᠠᠢ ᠠᠯᠬᠤᠵᠤ᠂ ᠦᠬᠡᠷᠡᠴᠢᠯᠡᠯᠳᠡ ᠶᠢᠨ ᠠᠷᠭ᠎ᠠ | ᠪᠠᠷ ᠬᠦᠭᠵᠢᠬᠦᠯᠦᠯᠳᠡ ᠶᠢᠨ ᠬᠦᠴᠢᠷ ᠠᠰᠠᠭᠤᠳᠠᠯ ᠢ ᠰᠢᠢᠳᠪᠤᠷᠢᠯᠡᠨ᠂ ᠬᠤᠳᠠ ᠶᠢᠨ ᠨᠠᠷᠢᠯᠢᠠᠠᠴᠢᠯᠠᠭᠰᠠᠨ ᠵᠠᠰᠠᠯᠳᠠ᠂ ᠬᠡᠷ ᠪᠠᠶᠢᠰᠢᠩ ᠭᠠᠵᠠᠷ ᠬᠦᠷᠦᠩᠬᠡ ᠶᠢᠨ | ᠨᠦᠬᠡᠴᠡ ᠶᠢ ᠰᠢᠢᠳᠪᠤᠷᠢᠯᠡᠬᠦ᠂ ᠦᠢᠯᠡᠴᠢᠯᠡᠬᠡᠨ ᠤ ᠦᠢᠯᠡᠰ ᠤᠨ ᠳᠤᠳᠠᠭᠳᠠᠯ ᠢ ᠨᠦᠬᠦᠪᠤᠷᠢᠯᠡᠬᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠦᠬᠡᠷᠡᠴᠢᠯᠡᠯᠳᠡ | ᠵᠡᠷᠬᠡ ᠶᠢᠨ ᠬᠦᠷᠢᠶ᠎ᠡ ᠴᠠᠷ᠎ᠠ ᠳᠤ ᠰᠢᠨ᠎ᠡ ᠠᠷᠭ᠎ᠠ᠂ ᠰᠢᠪᠳᠤᠯᠤᠯᠳᠠ ᠶᠢ ᠱᠠᠭᠠᠷᠳᠠᠨ ᠬᠡᠯᠪᠡᠷᠢ ᠪᠠᠨ ᠬᠤᠪᠢᠷᠠᠭᠠᠨ ᠬᠦᠭᠵᠢᠬᠦᠯᠬᠦ ᠶᠢᠨ ᠬᠦᠳᠡᠯᠬᠡᠭᠴᠢ ᠬᠦᠴᠦᠨ᠂ | ᠠᠮᠢᠵᠢᠷᠠᠯ ᠤᠨ ᠬᠦᠴᠦᠨ ᠪᠤᠯᠤᠨ ᠦᠷᠢᠰᠦᠯᠳᠦᠬᠡᠨ ᠤ ᠬᠦᠴᠦᠨ ᠢ ᠦᠷᠬᠦᠯᠵᠢᠯᠡᠨ ᠨᠡᠮᠡᠭᠳᠡᠬᠦᠯᠪᠡ᠃ ᠴᠢᠷᠮᠠᠶᠢᠨ ᠳᠡᠮᠡᠴᠡᠬᠦ ᠶᠠᠪᠤᠴᠠ ᠳᠤᠮᠳᠠ ᠪᠢᠳᠠ ᠵᠦᠷᠢᠴᠡᠯ ᠲᠠᠢ | ᠰᠢᠭᠤᠳ ᠨᠢᠭᠤᠷᠳᠠᠬᠤ ᠵᠤᠷᠢᠭ ᠢ ᠨᠡᠮᠡᠭᠳᠡᠬᠦᠯᠪᠡ᠃ ᠬᠡᠷ ᠪᠠᠶᠢᠰᠢᠩ ᠭᠠᠵᠠᠷ ᠬᠦᠷᠦᠩᠬᠡ᠂ ᠠᠷᠠᠳ ᠤᠨ ᠳᠤᠮᠳᠠᠬᠢ ᠵᠢᠬᠡᠯᠡᠯᠬᠡ᠂ ᠵᠠᠰᠠᠭ ᠤᠨ ᠤᠷᠳᠤᠨ ᠤ ᠦᠷᠢ ᠰᠢᠷᠢ | ᠵᠢᠭᠤᠷᠠᠯᠳᠤᠭᠠᠨ ᠦᠷᠬᠦᠯᠵᠢᠯᠡᠭᠰᠡᠨ ᠪᠠᠶᠢᠳᠠᠯ᠂ ᠮᠦᠩᠬᠦᠨ ᠬᠦᠢᠯᠬᠡᠬᠡᠨ ᠤ ᠨᠡᠶᠢᠬᠡᠮ ᠤᠨ ᠲᠦᠭᠰᠢᠬᠦᠷᠢ ᠤᠨ ᠲᠦᠪᠯᠡᠷᠡᠭᠰᠡᠨ ᠵᠡᠷᠬᠡ ᠵᠦᠷᠢᠴᠡᠯ ᠤᠨ ᠳᠤᠪᠤᠶᠢᠮ᠎ᠠ ᠪᠤᠯᠵᠤ | ᠢᠷᠡᠭᠰᠡᠨ ᠠᠴᠠ ᠰᠦᠷᠳᠡᠯ ᠦᠬᠡᠢ᠂ ᠪᠦᠯᠬᠦᠮᠳᠡᠨ ᠨᠢᠠᠠᠳᠠᠷᠠᠵᠤ ᠴᠤᠭ ᠰᠦᠯᠳᠡ ᠪᠠᠨ ᠪᠠᠳᠠᠷᠠᠭᠤᠯᠤᠨ᠂ ᠳᠡᠰᠪᠤᠷᠢ ᠬᠠᠳᠠᠭᠤᠵᠢᠯᠳᠡᠢ ᠵᠤᠷᠢᠠᠠᠳᠠᠢ ᠪᠠᠷ ᠤᠷᠤᠭᠰᠢᠯᠠᠵᠤ | ᠠᠵᠢᠯ ᠪᠦᠬᠦᠨ ᠢ ᠴᠢᠩᠭ᠎ᠠ ᠠᠳᠬᠤᠨ᠂ ᠪᠤᠭᠤᠮᠳᠠ ᠪᠦᠬᠦᠨ ᠢ ᠰᠢᠪᠳᠤᠯᠤᠨ᠂ ᠤᠷᠳᠤ ᠬᠤᠭᠤᠴᠠᠭ᠎ᠠ ᠪᠠᠷ ᠤᠪᠤᠭᠠᠷᠠᠭᠰᠠᠨ ᠨᠢᠬᠡ ᠪᠦᠯᠦᠭ ᠳᠤᠪᠤᠶᠢᠮ᠎ᠠ ᠠᠰᠠᠭᠤᠳᠠᠯ ᠢ | ᠦᠬᠡᠶᠢᠰᠬᠡᠨ᠂ ᠬᠦᠭᠵᠢᠯᠳᠡ ᠶᠢᠨ ᠳᠠᠷᠤᠭᠠᠰᠤ ᠶᠢ ᠶᠡᠬᠡᠪᠡᠷ ᠬᠦᠩᠬᠡᠯᠡᠪᠡ᠃ ᠪᠢᠳᠠ ᠬᠦᠴᠢᠷ ᠵᠤᠪᠠᠯᠠᠩ ᠢ ᠢᠯᠠᠨ᠂ ᠢᠳᠡᠬᠡᠯ ᠴᠢᠳᠠᠪᠤᠷᠢ᠂ ᠢᠳᠡ ᠬᠦᠴᠦ ᠲᠠᠢ ᠪᠠᠷ | ᠬᠦᠭᠵᠢᠯᠳᠡ ᠶᠢᠨ ᠰᠢᠨ᠎ᠡ ᠨᠢᠬᠡᠨ ᠴᠢᠭ ᠲᠤ ᠵᠤᠭᠰᠤᠯᠳᠠ ᠪᠠᠨ ᠪᠠᠶᠢᠷᠢᠯᠠᠭᠤᠯᠵᠤ᠂ ᠬᠠᠷᠠᠭᠠᠰᠤ ᠪᠠᠨ ᠦᠷᠬᠡᠳᠬᠡᠨ᠂ ᠴᠤᠭ ᠰᠦᠯᠳᠡ ᠲᠠᠢ ᠪᠠᠷ ᠬᠡᠪ ᠲᠦᠪᠰᠢᠨ ᠢᠶᠠᠷ | ᠦᠨᠳᠤᠷ ᠳ᠋ᠦᠩᠱᠧᠩ ᠤᠨ ᠪᠠᠶᠢᠭᠤᠯᠤᠯᠳᠠ ᠶᠢ ᠰᠢᠨ᠎ᠡ ᠨᠢᠬᠡᠨ ᠳᠡᠭᠳᠡᠷ ᠲᠤ ᠲᠦᠯᠬᠢᠨ ᠭᠠᠷᠭᠠᠪᠠ᠃ | ᠡᠬᠦᠨ ᠤ ᠬᠠᠮᠳᠤ᠂ ᠳᠤᠭᠤᠷᠢᠭ ᠤᠨ ᠪᠠᠶᠢᠳᠠᠯ ᠳᠤ ᠪᠠᠨ ᠵᠤᠭᠰᠤᠴᠠ ᠪᠠᠨ ᠪᠠᠶᠢᠷᠢᠯᠠᠭᠤᠯᠤᠨ᠂ ᠳᠠᠷᠠᠭ᠎ᠠ ᠨᠢᠬᠡ ᠠᠯᠬᠤᠮ ᠤᠨ ᠬᠦᠭᠵᠢᠯᠳᠡ ᠶᠢ ᠰᠦᠪᠡᠭᠴᠢᠯᠡᠵᠤ | ᠂ ᠠᠰᠠᠭᠤᠳᠠᠯ ᠤᠨ ᠴᠢᠭᠯᠡᠯ ᠢ ᠳᠤᠳᠤᠳᠬᠠᠨ᠂ ᠨᠡᠩ ᠳᠤᠳᠤᠷᠬᠠᠢ ᠪᠠᠷ ᠳᠠᠨᠢᠵᠤ ᠤᠯᠤᠭᠰᠠᠨ ᠨᠢ ᠬᠡᠪᠡᠯ᠄ ᠮᠠᠨ ᠤ ᠳᠤᠭᠤᠷᠢᠭ ᠤᠨ ᠠᠵᠤ ᠠᠬᠤᠢ ᠶᠢᠨ ᠦᠰᠦᠯᠳᠡ | ᠶᠢᠨ ᠳᠤᠳᠤᠭᠠᠳᠤ ᠬᠦᠳᠡᠯᠬᠡᠭᠴᠢ ᠬᠦᠴᠦᠨ ᠨᠢ ᠪᠠᠭᠤᠷᠠᠢ᠂ ᠨᠡᠶᠢᠬᠡᠮ ᠤᠨ ᠪᠡᠯᠡ ᠤᠷᠤᠭᠤᠯᠤᠯᠳᠠ ᠶᠢᠨ ᠦᠰᠦᠯᠳᠡ ᠶᠢᠨ ᠬᠦᠴᠦᠨ ᠳᠤᠳᠠᠮᠠᠭ᠂ ᠵᠠᠰᠠᠭ᠂ ᠠᠵᠤ | ᠠᠬᠤᠶᠢᠯᠠᠯ ᠤᠨ ᠦᠷᠢ ᠰᠢᠷᠢ ᠶᠢᠨ ᠳᠠᠷᠤᠭᠠᠰᠤ ᠬᠦᠨᠳᠤ᠂ ᠤᠷᠤᠨ ᠨᠤᠳᠤᠭ ᠤᠨ ᠮᠦᠩᠬᠦᠨ ᠬᠦᠢᠯᠬᠡᠬᠡᠨ ᠤ ᠲᠦᠭᠰᠢᠬᠦᠷᠢ ᠳᠤᠪᠤᠶᠢᠮ᠎ᠠ᠂ ᠬᠡᠷ ᠪᠠᠶᠢᠰᠢᠩ ᠭᠠᠵᠠᠷ | ᠬᠦᠷᠦᠩᠬᠡ᠂ ᠠᠷᠠᠳ ᠤᠨ ᠳᠤᠮᠳᠠᠬᠢ ᠵᠢᠬᠡᠯᠡᠯᠬᠡ᠂ ᠠᠮᠤᠷ ᠳᠤᠭᠳᠠᠭᠤᠨ ᠤ ᠬᠠᠮᠠᠭᠠᠯᠠᠯᠳᠠᠨ ᠵᠡᠷᠬᠡ ᠶᠢᠨ ᠬᠦᠷᠢᠶ᠎ᠡ ᠴᠠᠷ᠎ᠠ ᠶᠢᠨ ᠵᠦᠷᠢᠴᠡᠯ ᠨᠢ ᠨᠢᠬᠡᠨᠳᠡᠢ ᠬᠤᠷᠴᠠᠳᠤᠨ | ᠢᠯᠠᠯᠳᠠ ᠤᠯᠤᠶ᠎ᠠ ᠬᠡᠪᠡᠯ ᠡᠷᠬᠡᠪᠰᠢ ᠤᠷᠤᠭᠰᠢᠯᠠᠬᠤ ᠬᠡᠷᠡᠭᠳᠡᠢ ᠵᠠᠩᠬᠢᠯᠠᠭ᠎ᠠ ᠶᠢᠨ ᠴᠠᠭ ᠮᠦᠴᠡ ᠪᠤᠯᠵᠠᠢ᠃ ᠬᠡᠪ ᠲᠦᠪᠰᠢᠨ ᠢᠶᠠᠷ ᠦᠨᠳᠤᠷ ᠳ᠋ᠦᠩᠱᠧᠩ ᠤᠨ | ᠪᠠᠶᠢᠭᠤᠯᠤᠯᠳᠠ᠂ ᠨᠠᠷᠢᠯᠢᠠᠠᠴᠢᠯᠠᠭᠰᠠᠨ ᠵᠠᠰᠠᠯᠳᠠ ᠶᠢᠨ ᠠᠵᠢᠯ ᠤᠨ ᠡᠬᠦᠷᠬᠡ ᠬᠦᠨᠳᠤ᠂ ᠵᠠᠮ ᠬᠤᠯᠠ︔ ᠦᠬᠡᠷᠡᠴᠢᠯᠡᠯᠳᠡ ᠬᠢᠵᠤ ᠰᠢᠨ᠎ᠡ ᠶᠢ ᠡᠬᠦᠳᠬᠦ ᠨᠢ ᠰᠠᠶ᠋ᠢ | ᠡᠬᠢᠯᠡᠯᠳᠡ ᠶᠢᠨ ᠬᠤᠭᠤᠴᠠᠭᠠᠨ ᠳᠤ ᠪᠠᠨ ᠪᠠᠶᠢᠵᠤ᠂ ᠵᠠᠰᠠᠭ ᠤᠨ ᠤᠷᠳᠤᠨ ᠬᠠᠤᠯᠢ ᠶᠤᠰᠤᠭᠠᠷ ᠵᠠᠰᠠᠭ ᠶᠠᠪᠤᠭᠤᠯᠬᠤ᠂ ᠴᠢᠳᠠᠪᠬᠢ ᠶᠢᠨ ᠪᠠᠶᠢᠭᠤᠯᠤᠯᠳᠠ ᠶᠢ ᠪᠠᠰᠠ | ᠦᠷᠬᠦᠯᠵᠢᠯᠡᠨ ᠴᠢᠩᠭᠠᠳᠬᠠᠬᠤ ᠴᠢᠬᠤᠯᠠᠳᠠᠢ ᠪᠠᠶᠢᠨ᠎ᠠ᠃ ᠪᠢᠳᠠ ᠠᠩᠬᠠᠷᠤᠯ ᠢᠶᠠᠨ ᠲᠦᠪᠯᠡᠷᠡᠬᠦᠯᠦᠨ᠂ ᠡᠳᠡᠬᠡᠷ ᠠᠰᠠᠭᠤᠳᠠᠯ ᠳᠤ ᠴᠢᠭᠯᠡᠬᠦᠯᠦᠨ᠂ ᠨᠠᠷᠢᠨ ᠬᠢᠨᠠᠮᠠᠭᠠᠢ | ᠰᠢᠢᠳᠪᠤᠷᠢᠯᠡᠯᠳᠡ ᠭᠠᠷᠭᠠᠬᠤ ᠬᠡᠷᠡᠭᠳᠡᠢ ᠪᠠᠶᠢᠨ᠎ᠠ᠃ | | ᠬᠤᠶᠠᠷ᠂ 2017 ᠤᠨ ᠤ ᠠᠵᠢᠯ ᠤᠨ ᠳᠤᠬᠢᠷᠠᠭᠤᠯᠤᠯᠳᠠ | | 2017 ᠤᠨ ᠪᠤᠯ ︽ᠠᠷᠪᠠᠨ ᠭᠤᠷᠪᠠᠳᠤᠭᠠᠷ ᠳᠠᠪᠤᠨ ᠵᠢᠯ ᠤᠨ ᠲᠦᠯᠦᠪᠯᠡᠭᠡ︾ ᠶᠢ ᠬᠡᠷᠡᠭᠵᠢᠬᠦᠯᠬᠦ ᠴᠢᠬᠤᠯᠠ ᠵᠢᠯ᠂ ᠬᠡᠷᠡᠭᠴᠡᠬᠡᠨ ᠳᠤ ᠵᠤᠬᠢᠴᠠᠭᠤᠯᠤᠨ | ᠬᠠᠩᠭᠠᠬᠤ ᠪᠦᠳᠦᠴᠡ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠵᠢᠯ᠂ ᠮᠦᠨ ᠴᠤ ᠮᠠᠨ ᠤ ᠳᠤᠭᠤᠷᠢᠭ ᠤᠨ ᠠᠵᠠ ᠳᠤᠬᠢᠶᠠᠯ ᠢ ᠴᠢᠩᠭ᠎ᠠ ᠠᠳᠬᠤᠨ᠂ ᠠᠰᠢᠭᠳᠠᠢ | ᠪᠠᠶᠢᠳᠠᠯ ᠤᠨ ᠳᠤᠷ᠎ᠠ ᠵᠤᠷᠢᠭᠳᠠᠢ ᠤᠷᠤᠭᠰᠢᠯᠠᠬᠤ ᠵᠠᠩᠬᠢᠯᠠᠭ᠎ᠠ ᠶᠢᠨ ᠵᠢᠯ ᠪᠤᠯᠤᠨ᠎ᠠ᠃ ᠤᠳᠤᠬᠠᠨ ᠳᠤ ︽ᠭᠤᠷᠪᠠ ᠶᠢ ᠦᠬᠡᠶᠢᠰᠬᠡᠨ᠂ ᠨᠢᠬᠡ ᠶᠢ ᠪᠠᠭᠤᠷᠠᠭᠤᠯᠵᠤ᠂ | ᠨᠢᠬᠡ ᠶᠢ ᠨᠦᠬᠦᠪᠤᠷᠢᠯᠡᠬᠦ︾ ᠳᠠᠪᠤᠨ ᠶᠡᠭᠡ ᠡᠬᠦᠷᠬᠡ ᠶᠢ ᠦᠷᠬᠦᠯᠵᠢᠯᠡᠨ ᠠᠬᠢᠭᠤᠯᠬᠤ ᠶᠢ ᠳᠠᠭᠠᠯᠳᠤᠨ᠂ ᠠᠵᠤ ᠠᠬᠤᠢ ᠶᠢᠨ ᠪᠠᠶᠢᠳᠠᠯ ᠠᠯᠭᠤᠷ ᠳᠤᠭᠳᠠᠭᠤᠨ ᠢᠶᠠᠷ | ᠰᠠᠶᠢᠵᠢᠷᠠᠵᠤ᠂ ᠪᠢᠳᠠᠨ ᠳᠤ ᠳᠤᠭᠳᠠᠭᠤᠨ ᠢᠶᠠᠷ ᠤᠷᠤᠭᠰᠢᠯᠠᠬᠤ᠂ ᠳᠤᠭᠳᠠᠭᠤᠨ ᠢᠶᠠᠷ ᠰᠠᠶᠢᠵᠢᠷᠠᠬᠤ ᠬᠤᠷᠸ᠎ᠠ ᠠᠵᠤ ᠠᠬᠤᠢ ᠶᠢᠨ ᠤᠷᠴᠢᠨ ᠳᠤᠭᠤᠷᠢᠨ ᠢ ᠡᠬᠦᠳᠪᠡ᠃ | ᠰᠢᠨ᠎ᠡ ᠬᠡᠪ ᠤᠨ ᠪᠠᠶᠢᠳᠠᠯ ᠳᠤᠤᠷ᠎ᠠ᠂ ᠳᠤᠭᠤᠷᠢᠭ ᠤᠨ ᠨᠠᠮ ᠤᠨ ᠬᠤᠷᠢᠶ᠎ᠠ ᠪᠦᠬᠦ ᠳᠠᠯ᠎ᠠ ᠪᠤᠯᠤᠨ ᠪᠠᠶᠢᠯᠳᠤᠬᠤ ᠪᠤᠳᠤᠯᠭ᠎ᠠ ᠶᠢᠨ ᠦᠨᠳᠤᠷᠴᠡ ᠠᠴᠠ ᠬᠡᠪ ᠲᠦᠪᠰᠢᠨ | ᠢᠶᠠᠷ ᠦᠨᠳᠤᠷ ᠳ᠋ᠦᠩᠱᠧᠩ ᠢ ᠪᠦᠳᠦᠬᠡᠨ ᠪᠠᠶᠢᠭᠤᠯᠬᠤ᠂ ᠨᠡᠯᠢᠶᠡᠳ ᠴᠢᠨᠠᠷᠯᠢᠭ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠳᠤ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ ᠰᠢᠢᠳᠪᠤᠷᠢ ᠭᠠᠷᠭᠠᠵᠤ᠂ ᠪᠢᠳᠠᠨ ᠳᠤ᠂ ᠳ᠋ᠦᠩᠱᠧᠩ ᠳᠤᠭᠤᠷᠢᠭ ᠤᠨ ᠬᠡᠯᠪᠡᠷᠢ ᠪᠠᠨ ᠬᠤᠪᠢᠷᠠᠭᠠᠨ ᠬᠦᠭᠵᠢᠬᠦᠯᠬᠦ ᠪᠠᠷ ᠴᠢᠷᠮᠠᠶᠢᠨ ᠳᠡᠮᠡᠴᠡᠬᠦ | ᠬᠠᠷᠠᠯᠳᠠ ᠶᠢ ᠤᠨᠤᠪᠴᠢᠳᠠᠢ ᠵᠢᠭᠠᠵᠤ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳ᠋ᠦᠩᠱᠧᠩ ᠳᠤᠭᠤᠷᠢᠭ ᠤᠨ ᠨᠠᠢᠮᠠᠳᠤᠭᠠᠷ | ᠬᠤᠭᠤᠴᠠᠭᠠᠨ ᠤ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠠᠭᠴᠢ ᠤᠳᠠᠭᠠᠨ ᠤ ᠬᠤᠷᠠᠯᠳᠤᠭᠠᠨ ᠵᠢᠴᠢ ᠳᠤᠭᠤᠷᠢᠭ ᠤᠨ ᠨᠠᠮ ᠤᠨ ᠬᠤᠷᠢᠶ᠎ᠠ ᠶᠢᠨ | ᠨᠠᠢᠮᠠᠳᠤᠭᠠᠷ ᠬᠤᠭᠤᠴᠠᠭᠠᠨ ᠤ ᠬᠤᠶᠠᠳᠠᠬᠢ ᠤᠳᠠᠭᠠᠨ ᠤ ᠪᠦᠬᠦᠳᠡ ᠬᠤᠷᠠᠯ ᠢ ᠰᠠᠶ᠋ᠢᠬᠠᠨ ᠬᠤᠷᠠᠯᠳᠤᠵᠤ ᠪᠠᠷᠠᠭᠠᠳ᠂ 2017 ᠤᠨ ᠤ ᠡᠯ᠎ᠡ ᠲᠦᠷᠦᠯ ᠤᠨ ᠠᠵᠢᠯ ᠢ | ᠴᠢᠩᠭ᠎ᠠ ᠠᠳᠬᠤᠵᠤ᠂ ᠶᠡᠷᠦᠩᠬᠡᠢ ᠴᠤᠭᠴᠠ ᠶᠢᠨ ᠰᠡᠳᠬᠢᠴᠡ ᠶᠢ ᠤᠨᠤᠪᠴᠢᠯᠠᠨ᠂ ᠬᠠᠷᠠᠯᠳᠠᠳᠤ ᠡᠬᠦᠷᠬᠡ ᠶᠢ ᠳᠤᠭᠳᠠᠭᠠᠪᠠ᠃ ᠪᠢᠳᠠ ᠨᠠᠮ ᠤᠨ ᠬᠤᠷᠢᠶ᠎ᠠ ᠶᠢᠨ | ᠰᠢᠢᠳᠪᠤᠷᠢᠳᠤ ᠪᠤᠳᠤᠯᠭ᠎ᠠ ᠶᠢᠨ ᠳᠤᠭᠤᠷᠢᠨ ᠳᠤ ᠴᠤᠭ ᠰᠦᠯᠳᠡ ᠪᠠᠨ ᠪᠠᠳᠠᠷᠠᠭᠤᠯᠤᠨ᠂ ᠰᠡᠳᠬᠢᠯ ᠢᠶᠠᠨ ᠨᠢᠬᠡᠳᠬᠡᠨ ᠬᠦᠴᠦᠨ ᠢᠶᠠᠨ ᠬᠠᠮᠳᠤᠳᠬᠠᠨ᠂ ᠬᠦᠴᠦᠯᠡᠨ | ᠴᠢᠷᠮᠠᠶᠢᠵᠤ᠂ ᠬᠡᠪ ᠲᠦᠪᠰᠢᠨ ᠢᠶᠠᠷ ᠦᠨᠳᠤᠷ ᠳ᠋ᠦᠩᠱᠧᠩ ᠢ ᠪᠦᠳᠦᠬᠡᠨ ᠪᠠᠶᠢᠭᠤᠯᠬᠤ ᠪᠠᠷ ᠳᠡᠮᠡᠴᠡᠨ᠂ ᠰᠢᠨ᠎ᠡ ᠪᠦᠳᠦᠮᠵᠢ ᠶᠢ ᠳᠠᠬᠢᠨ ᠡᠬᠦᠳᠴᠤ᠂ ᠰᠢᠨ᠎ᠡ ᠬᠡᠷᠡᠯ | ᠬᠢᠯᠪᠠᠭ᠎ᠠ ᠶᠢ ᠳᠠᠬᠢᠨ ᠪᠤᠢ ᠪᠤᠯᠭᠠᠶ᠎ᠠ᠃ | ᠳᠤᠰ ᠵᠢᠯ ᠤᠨ ᠵᠠᠰᠠᠭ ᠤᠨ ᠤᠷᠳᠤᠨ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠤᠯ᠄ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ | ᠬᠤᠷᠢᠶ᠎ᠠ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠤᠯᠤᠨ ᠳᠤᠭᠤᠷᠢᠭ ᠤᠨ ᠨᠠᠮ ᠤᠨ ᠬᠤᠷᠢᠶ᠎ᠠ | ᠶᠢᠨ ᠰᠢᠢᠳᠪᠤᠷᠢᠳᠤ ᠪᠠᠶᠢᠷᠢᠯᠠᠭᠤᠯᠤᠯᠳᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ ︽ᠳᠠᠪᠤ ᠶᠢ ᠨᠢᠬᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ | ᠪᠤᠯᠤᠨ ︽ᠲᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢᠨ ᠶᠤᠰᠤ ᠪᠠᠷ ᠨᠢᠬᠡᠳᠤᠯᠳᠡᠢ ᠲᠦᠯᠦᠪᠵᠢᠬᠦᠯᠦᠨ ᠠᠬᠢᠭᠤᠯᠵᠤ᠂ | ᠳᠤᠭᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠭᠤᠤᠯ ᠰᠠᠨᠠᠭ᠎ᠠ ᠶᠢ ᠴᠢᠬᠤᠯᠠᠴᠢᠯᠠᠨ᠂ ᠰᠢᠨ᠎ᠡ ᠬᠦᠭᠵᠢᠬᠦᠯᠦᠯᠳᠡ ᠶᠢᠨ ᠦᠵᠡᠯᠳᠡ ᠶᠢ ᠯᠠᠪᠳᠠᠭᠤᠨ | ᠪᠠᠳᠤᠳᠠᠢ ᠪᠤᠢ ᠪᠤᠯᠭᠠᠨ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠳᠡᠬᠡᠭᠰᠢᠯᠡᠬᠦᠯᠬᠦ ᠪᠠᠷ ᠭᠤᠤᠯᠳᠠᠯᠭ᠎ᠠ | ᠪᠤᠯᠭᠠᠵᠤ᠂ ᠬᠡᠷᠡᠭᠴᠡᠬᠡᠨ ᠳᠤ ᠵᠤᠬᠢᠴᠠᠭᠤᠯᠤᠨ ᠬᠠᠩᠭᠠᠬᠤ ᠪᠦᠳᠦᠴᠡ ᠶᠢᠨ ᠦᠬᠡᠷᠡᠴᠢᠯᠡᠯᠳᠡ ᠪᠠᠷ ᠭᠤᠤᠯ ᠱᠤᠭᠤᠮ ᠪᠤᠯᠭᠠᠨ ᠠᠬᠢᠭᠤᠯᠵᠤ᠂ ᠦᠬᠡᠷᠡᠴᠢᠯᠡᠯᠳᠡ ᠬᠢᠵᠤ | ᠰᠢᠨ᠎ᠡ ᠶᠢ ᠡᠬᠦᠳᠬᠦ ᠶᠢ ᠡᠴᠤᠰ ᠲᠤᠨᠢ ᠳᠤᠯᠳᠠᠯ᠎ᠠ ᠳᠤᠤᠱᠯᠠᠭᠤᠯᠵᠤ᠂ ︽ᠳᠠᠪᠤ ᠶᠢ ᠨᠢᠬᠡ ᠴᠤᠭᠴᠠᠵᠢᠭᠤᠯᠬᠤ︾ ᠶᠢ ᠬᠦᠴᠦᠯᠡᠨ ᠠᠬᠢᠭᠤᠯᠵᠤ᠂ ᠬᠦᠭᠵᠢᠯᠳᠡ ᠶᠢᠨ | ᠬᠡᠯᠪᠡᠷᠢ ᠪᠠᠨ ᠬᠤᠪᠢᠷᠠᠭᠠᠬᠤ ᠶᠢ ᠬᠦᠴᠦᠯᠡᠨ ᠲᠦᠷᠬᠡᠳᠬᠡᠵᠤ᠂ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ ᠬᠦᠭᠵᠢᠯᠳᠡ᠂ ᠬᠤᠳᠠ ᠶᠢᠨ ᠨᠠᠷᠢᠯᠢᠭᠴᠢᠯᠠᠭᠰᠠᠨ | ᠵᠠᠰᠠᠯᠳᠠ ᠶᠢᠨ ᠠᠵᠢᠯᠯᠠᠭ᠎ᠠ᠂ ᠰᠠᠭᠤᠭᠠᠯᠢ ᠠᠷᠠᠳ ᠤᠨ ᠳᠤᠭᠤᠷᠢᠭ ᠤᠨ ᠪᠤᠯᠪᠠᠰᠤᠨ ᠤ ᠡᠬᠦᠳᠤᠨ ᠪᠠᠶᠢᠭᠤᠯᠤᠯᠳᠠ ᠶᠢᠨ ᠭᠤᠷᠪᠠᠨ ᠵᠢᠯ ᠤᠨ ᠰᠢᠪᠳᠤᠯᠤᠯᠳᠠ ᠵᠡᠷᠬᠡ | ᠠᠵᠢᠯᠯᠠᠭ᠎ᠠ ᠶᠢ ᠪᠠᠳᠤᠳᠠᠢ ᠦᠷᠨᠢᠬᠦᠯᠵᠤ᠂ ᠳᠤᠭᠳᠠᠭᠤᠨ ᠦᠰᠦᠯᠳᠡ ᠶᠢ ᠨᠡᠮᠡᠭᠳᠡᠬᠦᠯᠦᠨ᠂ ᠦᠬᠡᠷᠡᠴᠢᠯᠡᠯᠳᠡ ᠶᠢ ᠠᠬᠢᠭᠤᠯᠤᠨ᠂ ᠪᠦᠳᠦᠴᠡ ᠶᠢ ᠳᠤᠬᠢᠷᠠᠭᠤᠯᠤᠨ᠂ | ᠠᠷᠠᠳ ᠤᠨ ᠠᠮᠢᠳᠤᠷᠠᠯ ᠳᠤ ᠬᠠᠷᠠᠭᠠᠯᠵᠠᠯ ᠦᠵᠡᠬᠦᠯᠬᠦ᠂ ᠲᠦᠭᠰᠢᠬᠦᠷᠢ ᠠᠴᠠ ᠰᠡᠷᠬᠡᠶᠢᠯᠡᠬᠦ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ᠂ | ᠬᠦᠭᠵᠢᠬᠦᠯᠦᠯᠳᠡ᠂ ᠠᠷᠠᠳ ᠤᠨ ᠠᠮᠢᠳᠤᠷᠠᠯ ᠤᠨ ᠬᠠᠮᠤᠭ ᠤᠨ ᠳᠤᠤᠷ᠎ᠠ ᠪᠠᠶᠢᠳᠠᠯ ᠢ ᠴᠢᠬᠤᠯᠠᠴᠢᠯᠠᠨ ᠠᠩᠬᠠᠷᠴᠤ᠂ ᠬᠡᠪ ᠲᠦᠪᠰᠢᠨ ᠢᠶᠠᠷ ᠦᠨᠳᠤᠷ ᠳ᠋ᠦᠩᠱᠧᠩ ᠤᠨ | ᠪᠠᠶᠢᠭᠤᠯᠤᠯᠳᠠ ᠶᠢ ᠰᠢᠨ᠎ᠡ ᠨᠢᠬᠡᠨ ᠳᠡᠭᠳᠡᠷ ᠲᠤ ᠭᠠᠷᠭᠠᠬᠤ ᠪᠠᠷ ᠴᠢᠷᠮᠠᠶᠢᠨ ᠳᠡᠮᠡᠴᠡᠵᠤ᠂ ᠰᠢᠯᠢᠳᠡᠭ ᠬᠢᠷᠢ ᠪᠦᠳᠦᠮᠵᠢ ᠪᠠᠷ ᠦᠪᠡᠷᠳᠡᠬᠡᠨ ᠵᠠᠰᠠᠬᠤ ᠤᠷᠤᠨ | ᠪᠠᠶᠢᠭᠤᠯᠤᠭᠳᠠᠭᠰᠠᠨ 70 ᠵᠢᠯ ᠤᠨ ᠤᠢ ᠪᠤᠯᠤᠨ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠭᠳᠤᠬᠤ ᠶᠠᠪᠤᠳᠠᠯ ᠪᠤᠯᠤᠨ᠎ᠠ | ᠃ | ᠪᠦᠬᠦ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠵᠢᠱᠢᠯᠳᠡ ᠶᠢᠨ ᠭᠤᠤᠯ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ | ᠶᠡᠷᠦᠩᠬᠡᠢ ᠦᠷᠳᠡᠭ ᠢ 7.5% ᠪᠠᠷ ᠨᠡᠮᠡᠭᠳᠡᠬᠦᠯᠬᠦ︔ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 12% ᠢᠶᠠᠷ ᠨᠡᠮᠡᠭᠳᠡᠬᠦᠯᠬᠦ︔ ᠨᠡᠶᠢᠳᠡ ᠶᠢᠨ ᠡᠳ᠋ | ᠤᠨ ᠵᠠᠰᠠᠭ ᠤᠨ ᠲᠦᠰᠦᠪ ᠤᠨ ᠤᠷᠤᠯᠭ᠎ᠠ ᠶᠢ 2% ᠢᠶᠠᠷ ᠨᠡᠮᠡᠭᠳᠡᠬᠦᠯᠬᠦ︔ ᠨᠡᠶᠢᠬᠡᠮ ᠤᠨ ᠬᠡᠷᠡᠭᠯᠡᠬᠡᠨ ᠤ ᠳᠠᠸᠠᠷ ᠤᠨ ᠰᠤᠯᠠ ᠪᠤᠷᠤᠭᠤᠯᠤᠯᠳᠠ ᠶᠢᠨ ᠦᠷᠳᠡᠭ ᠢ | 10% ᠪᠠᠷ ᠨᠡᠮᠡᠭᠳᠡᠬᠦᠯᠬᠦ︔ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠡᠵᠡᠨ ᠮᠡᠳᠡᠬᠦ ᠤᠷᠤᠯᠭ᠎ᠠ ᠶᠢ 8% ᠢᠶᠠᠷ ᠨᠡᠮᠡᠭᠳᠡᠬᠦᠯᠬᠦ ᠶᠠᠪᠤᠳᠠᠯ ᠮᠦᠨ᠃ | ᠦᠨᠦ ᠵᠢᠯ ᠬᠦᠴᠦᠨ ᠢᠶᠠᠨ ᠲᠦᠪᠯᠡᠷᠡᠬᠦᠯᠦᠨ ᠳᠤᠤᠷᠠᠬᠢ ᠮᠡᠳᠤ ᠳᠤᠯᠤᠭᠠᠨ ᠳᠠᠯ᠎ᠠ ᠶᠢᠨ ᠠᠵᠢᠯ ᠢ ᠭᠤᠤᠯᠴᠢᠯᠠᠨ ᠠᠳᠬᠤᠨ᠎ᠠ᠃ | ︵ᠨᠢᠬᠡ)ᠪᠤᠳᠠᠳᠤ ᠴᠤᠭᠴᠠ ᠶᠢᠨ ᠠᠵᠤ ᠠᠬᠤᠢ ᠶᠢ ᠬᠦᠴᠦᠷᠬᠡᠭᠵᠢᠬᠦᠯᠬᠦ ᠪᠠᠷ ᠭᠤᠤᠯ ᠪᠤᠯᠭᠠᠨ᠂ ᠠᠵᠤ ᠠᠬᠤᠢ ᠶᠢᠨ ᠳᠤᠭᠳᠠᠭᠤᠨ ᠡᠷᠡᠬᠦᠯ ᠬᠦᠭᠵᠢᠯᠳᠡ ᠶᠢ | ᠬᠦᠴᠦᠯᠡᠨ ᠪᠠᠳᠤᠯᠠᠨ᠎ᠠ᠃ ᠳᠤᠭᠳᠠᠭᠤᠨ ᠦᠰᠦᠯᠳᠡ ᠶᠢ ᠳᠡᠷᠢᠬᠦᠨ ᠤ ᠡᠬᠦᠷᠬᠡ ᠪᠤᠯᠭᠠᠨ᠂ ᠠᠵᠤ ᠠᠬᠤᠢ ᠶᠢᠨ ᠪᠠᠭᠤᠷᠠᠯᠳᠠ ᠶᠢᠨ ᠪᠠᠶᠢᠳᠠᠯ ᠤᠨ ᠳᠠᠷᠤᠭᠠᠰᠤ ᠶᠢ | ᠰᠦᠷᠴᠤ᠂ ᠬᠡᠷᠡᠭᠴᠡᠬᠡᠨ ᠳᠤ ᠵᠤᠬᠢᠴᠠᠭᠤᠯᠤᠨ ᠬᠠᠩᠭᠠᠬᠤ ᠪᠦᠳᠦᠴᠡ ᠶᠢᠨ ᠦᠬᠡᠷᠡᠴᠢᠯᠡᠯᠳᠡ ᠶᠢ ᠬᠠᠮᠳᠤ ᠳᠤᠨᠢ ᠴᠢᠩᠭ᠎ᠠ ᠠᠳᠬᠤᠨ᠂ ᠬᠦᠭᠵᠢᠯᠳᠡ ᠶᠢᠨ ᠳᠣᠤᠷ᠎ᠠ | ᠬᠢᠵᠠᠭᠠᠷ ᠢ ᠡᠷᠡᠰ ᠡᠵᠡᠮᠳᠡᠨ᠎ᠡ᠃ | ᠪᠦᠳᠦᠮᠵᠢᠳᠤ ᠪᠡᠯᠡ ᠤᠷᠤᠭᠤᠯᠤᠯᠳᠠ ᠶᠢ ᠦᠷᠬᠦᠯᠵᠢᠯᠡᠨ ᠦᠷᠬᠡᠳᠬᠡᠨ᠎ᠡ᠃ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠤᠯ ︽ᠳᠤᠭᠳᠠᠭᠤᠨ︾ ᠳᠤ | ᠪᠠᠳᠤᠯᠠᠨ᠂ ︽ᠤᠷᠤᠭᠰᠢᠯᠠᠬᠤ︾ ᠶᠢ ᠳᠡᠮᠵᠢᠬᠦ ᠵᠦᠢᠯ ᠮᠦᠨ᠂ ᠪᠦᠬᠦ ᠳᠤᠭᠤᠷᠢᠭ ᠤᠨ ᠬᠦᠴᠦᠨ ᠢᠶᠠᠷ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ | ᠰᠢᠪᠳᠤᠯᠤᠯᠳᠠ ᠶᠢᠨ ᠠᠵᠢᠯᠯᠠᠭ᠎ᠠ ᠶᠢ ᠡᠬᠢᠯᠡᠬᠦᠯᠦᠨ᠎ᠡ᠃ ᠳᠡᠰ ᠬᠤᠪᠢᠶᠠᠨ ᠬᠠᠷᠢᠭᠤᠴᠠᠬᠤ᠂ ᠬᠠᠷᠢᠭᠤᠴᠠᠯᠭ᠎ᠠ ᠶᠢ ᠬᠤᠪᠢ ᠬᠦᠮᠦᠨ ᠳᠤ ᠬᠦᠷᠳᠡᠯ᠎ᠡ ᠳᠤᠤᠱᠯᠠᠭᠤᠯᠵᠤ᠂ | ᠨᠠᠷᠢᠨ ᠳᠠᠩᠰᠠ ᠶᠢᠨ ᠬᠠᠮᠢᠶᠠᠷᠤᠯᠳᠠ ᠶᠢ ᠲᠦᠯᠬᠢᠨ ᠠᠬᠢᠭᠤᠯᠬᠤ ᠳᠤᠭᠳᠠᠯᠴᠠᠭ᠎ᠠ ᠶᠢ ᠦᠨᠳᠤᠰᠤᠯᠡᠨ᠂ ᠵᠢᠯ ᠤᠨ ᠳᠤᠳᠤᠷ᠎ᠠ 298 ᠳ᠋ᠦᠩᠰᠢᠭᠤᠷ ᠲᠦᠬᠦᠷᠢᠭ ᠤᠨ | ᠲᠦᠷᠦᠯ ᠵᠦᠢᠯ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠲᠦᠯᠦᠪᠯᠡᠨ᠂ 321 ᠭᠤᠤᠯᠳᠠᠯᠭᠠᠳᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ | ᠠᠬᠢᠭᠤᠯᠤᠨ᠎ᠠ᠃ ︽ᠡᠪᠤᠯ ᠤᠨ ᠴᠢᠯᠦᠬᠡ︾ ᠶᠢ ︽ᠡᠪᠤᠯ ᠤᠨ ᠶᠠᠭᠠᠷᠠᠯᠳᠠᠢ ᠴᠠᠭ︾ ᠪᠤᠯᠭᠠᠨ ᠬᠤᠪᠢᠷᠠᠭᠤᠯᠵᠤ᠂ ᠡᠯ᠎ᠡ ᠲᠦᠷᠦᠯ ᠤᠨ ᠭᠠᠷ ᠬᠦᠢᠴᠡᠳᠬᠡᠯ ᠢ | ᠲᠦᠪᠯᠡᠷᠡᠬᠦᠯᠦᠨ ᠳᠡᠬᠦᠯᠳᠡᠷᠵᠢᠬᠦᠯᠵᠤ᠂ ᠭᠤᠤᠯ ᠡᠯᠧᠮᠧᠨ᠋ᠲ ᠶᠢᠨ ᠬᠢᠵᠠᠭᠠᠷᠯᠠᠯ ᠢ ᠬᠦᠴᠦᠯᠡᠨ ᠰᠢᠢᠳᠪᠤᠷᠢᠯᠡᠵᠤ᠂ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ | 70 ᠵᠢᠯ ᠤᠨ ᠤᠢ ᠳᠤ ᠵᠤᠷᠢᠭᠤᠯᠤᠭᠰᠠᠨ 4 ᠠᠵᠢᠯ ᠲᠦᠷᠦᠯ ᠢ ᠪᠦᠬᠦ ᠬᠦᠴᠦᠨ ᠢᠶᠠᠷ ᠠᠳᠬᠤᠵᠤ᠂70% ᠠᠴᠠ ᠳᠡᠬᠡᠭᠰᠢᠬᠢ ᠠᠵᠢᠯ ᠲᠦᠷᠦᠯ ᠢ ᠬᠠᠪᠤᠷ ᠤᠨ | ᠤᠯᠠᠷᠢᠯ ᠳᠤ ᠲᠦᠪᠯᠡᠷᠡᠬᠦᠯᠦᠨ᠂ ᠠᠵᠢᠯ ᠡᠬᠢᠯᠡᠬᠦᠯᠬᠦ ᠶᠢ ᠪᠠᠳᠤᠯᠠᠵᠤ᠂ ᠵᠢᠯ ᠤᠨ ᠳᠤᠳᠤᠷ᠎ᠠ 200 ᠢᠯᠡᠬᠦᠦ ᠲᠦᠷᠦᠯ ᠵᠦᠢᠯ ᠢ ᠪᠠᠷᠠᠭᠠᠬᠤ ᠪᠠᠷ ᠬᠦᠴᠦᠯᠡᠨ᠎ᠡ᠃ | ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠪᠡᠯᠡ ᠮᠦᠩᠬᠦ ᠶᠢ ᠠᠷᠭ᠎ᠠ ᠤᠬᠠᠭᠠᠨ ᠰᠦᠪᠡᠭᠴᠢᠯᠡᠨ ᠴᠤᠭᠯᠠᠭᠤᠯᠵᠤ᠂ ︽ᠪᠡᠯᠡ ᠮᠦᠩᠬᠦ ᠤᠯᠬᠤ ᠱᠠᠩᠨᠠᠬᠤ᠂ | ᠳᠤᠷᠠᠭᠭᠠᠬᠤ᠂ ᠵᠤᠷᠢᠠᠠᠵᠢᠭᠤᠯᠬᠤ ᠠᠷᠭ᠎ᠠ︾ ᠶᠢ ᠳᠤᠭᠳᠠᠭᠠᠨ᠂ ᠳᠡᠰ ᠳᠤᠭᠳᠠᠭᠠᠨ ᠬᠠᠷᠢᠭᠤᠴᠠᠵᠤ᠂ ᠲᠦᠷᠦᠯ ᠵᠦᠢᠯ ᠤᠨ ᠬᠠᠮᠢᠶᠠᠷᠤᠯᠳᠠ ᠶᠢᠨ ᠬᠠᠷᠢᠭᠤᠴᠠᠯᠭᠠᠳᠤ | ᠳᠤᠭᠳᠠᠯᠴᠠᠭ᠎ᠠ ᠶᠢ ᠤᠨᠤᠴᠢᠯᠠᠵᠤ᠂ ᠳᠤᠰᠬᠠᠢ ᠲᠦᠷᠦᠯ ᠤᠨ ᠪᠡᠯᠡ ᠮᠦᠩᠬᠦ ᠶᠢ 20 ᠳ᠋ᠦᠩᠰᠢᠭᠤᠷ ᠲᠦᠬᠦᠷᠢᠭ ᠠᠴᠠ ᠳᠡᠬᠡᠭᠰᠢ ᠴᠤᠭᠯᠠᠭᠤᠯᠤᠨ ᠤᠯᠵᠤ᠂PPP | ᠬᠤᠷᠰᠢᠯ ᠤᠨ ᠠᠷᠭ᠎ᠠ ᠬᠡᠯᠪᠡᠷᠢ᠂ ᠵᠠᠰᠠᠭ ᠤᠨ ᠤᠷᠳᠤᠨ ᠤ ᠦᠢᠯᠡᠴᠢᠯᠡᠬᠡᠨ ᠤ ᠠᠷᠭ᠎ᠠ ᠬᠡᠯᠪᠡᠷᠢ ᠵᠡᠷᠬᠡ ᠶᠢ ᠠᠰᠢᠭᠯᠠᠨ᠂100 ᠳ᠋ᠦᠩᠰᠢᠭᠤᠷ ᠲᠦᠬᠦᠷᠢᠭ ᠠᠴᠠ | ᠳᠡᠬᠡᠭᠰᠢ ᠪᠡᠯᠡ ᠮᠦᠩᠬᠦ ᠴᠤᠭᠯᠠᠭᠤᠯᠬᠤ ᠶᠢ ᠪᠠᠳᠤᠯᠠᠨ᠂ ᠡᠬᠦᠨ ᠤ ᠳᠤᠳᠤᠷ᠎ᠠ ᠪᠦᠷᠬᠡ ᠬᠡᠷ ᠢ ᠦᠬᠡᠷᠡᠴᠢᠯᠡᠨ ᠵᠠᠰᠠᠬᠤ ᠵᠢᠬᠡᠯᠡᠯᠬᠡ ᠶᠢ 50 ᠳ᠋ᠦᠩᠰᠢᠭᠤᠷ ᠲᠦᠬᠦᠷᠢᠭ | ᠤᠨ ᠰᠢᠪᠳᠤᠯᠤᠯᠳᠠ ᠬᠢᠯᠬᠡᠬᠦ ᠪᠠᠷ ᠴᠢᠷᠮᠠᠶᠢᠨ᠂ ᠨᠦᠬᠦᠴᠡᠯ ᠢ ᠪᠦᠷᠢᠯᠳᠦᠬᠦᠯᠦᠭᠰᠡᠨ ᠲᠦᠷᠦᠯ ᠵᠦᠢᠯ ᠢ ᠴᠦᠮ PPP ᠲᠦᠷᠦᠯ ᠵᠦᠢᠯ ᠢ ᠨᠦᠬᠡᠴᠡᠯᠡᠬᠦ ᠬᠦᠮᠦᠷᠬᠡ ᠳᠤ | ᠤᠷᠤᠭᠤᠯᠵᠤ᠂ ︽ᠵᠤᠭᠤᠰ ᠬᠠᠮᠢᠭ᠎ᠠ ᠠᠴᠠ ᠢᠷᠡᠬᠦ︾ ᠠᠰᠠᠭᠤᠳᠠᠯ ᠢ ᠦᠨᠡᠨ ᠬᠦ ᠰᠠᠶᠢᠳᠤᠷ ᠰᠢᠢᠳᠪᠤᠷᠢᠯᠡᠨ᠎ᠡ᠃ ︽ᠤᠷᠢᠵᠤ ᠤᠷᠤᠭᠤᠯᠬᠤ︾ ᠪᠤᠯᠤᠨ ︽ᠭᠠᠳᠠᠭᠰᠢ | ᠭᠠᠷᠭᠠᠵᠤ ᠶᠠᠪᠤᠭᠤᠯᠬᠤ︾ ᠶᠢ ᠬᠠᠮᠳᠤ ᠪᠠᠷᠢᠮᠳᠠᠯᠠᠨ᠂ ᠳᠤᠭᠤᠷᠢᠭ ᠤᠨ ᠪᠠᠶᠢᠷᠢ᠂ ᠡᠨᠧᠷᠬᠢ ᠶᠢᠨ ᠰᠤᠷᠪᠤᠯᠵᠢ᠂ ᠴᠢᠬᠤᠯᠠ ᠡᠯᠧᠮᠧᠨ᠋ᠲ ᠪᠦᠷᠢᠯᠳᠦᠬᠦᠯᠦᠭᠰᠡᠨ ᠪᠠ | ᠴᠢᠯᠦᠬᠡᠳᠡᠢ ᠶᠠᠪᠤᠯᠴᠠᠬᠤ ᠨᠦᠬᠦᠴᠡᠯ ᠪᠤᠯᠤᠨ ᠳᠠᠪᠠᠭᠤᠯᠢᠭ ᠳᠠᠯ᠎ᠠ ᠶᠢ ᠠᠰᠢᠭᠯᠠᠨ᠂ ᠦᠪᠡᠷᠳᠡᠬᠡᠨ ᠵᠠᠰᠠᠬᠤ ᠤᠷᠤᠨ ᠤ ︽ᠤᠮᠠᠷᠠᠰᠢ ᠶᠠᠪᠤᠬᠤ᠂ ᠡᠮᠤᠨᠡᠰᠢ ᠪᠠᠭᠤᠬᠤ᠂ | ᠵᠡᠬᠦᠨᠰᠢ ᠤᠷᠤᠵᠤ ᠪᠠᠷᠠᠭᠤᠨᠰᠢ ᠭᠠᠷᠬᠤ᠂ ᠳᠤᠳᠤᠭᠠᠳᠤ ᠭᠠᠳᠠᠭᠠᠳᠤ ᠬᠤᠯᠪᠤᠭᠠᠯᠠᠨ ᠬᠦᠳᠡᠯᠦᠯᠴᠠᠬᠦ᠂ ᠨᠠᠢᠮᠠᠨ ᠵᠦᠭ ᠠᠴᠠ ᠤᠷᠢᠨ ᠰᠠᠯᠬᠢ ᠢᠷᠡᠭᠰᠡᠨ︾ ᠴᠢᠯᠦᠬᠡᠳᠡᠢ | ᠶᠠᠪᠤᠯᠴᠠᠬᠤ ᠰᠢᠨ᠎ᠡ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠬᠠᠷᠢᠯᠴᠠᠨ ᠠᠰᠢᠭᠳᠠᠢ᠂ ᠬᠠᠮᠳᠤ ᠪᠠᠷ ᠢᠯᠠᠯᠳᠠ ᠤᠯᠬᠤ ᠶᠢ ᠪᠠᠷᠢᠮᠳᠠᠯᠠᠨ᠂ ᠳᠠᠯᠠᠢ | ᠳᠠᠭᠠᠤ ᠤᠷᠤᠨ ᠤ ᠳᠡᠷᠢᠬᠦᠨ ᠤ ᠠᠵᠤ ᠦᠢᠯᠡᠰ ᠤᠨ ᠰᠢᠯᠵᠢᠯᠳᠡ ᠶᠢ ᠢᠳᠡᠪᠬᠢᠳᠡᠢ ᠪᠠᠷ ᠵᠤᠯᠭᠤᠭᠤᠯᠵᠤ᠂ ᠬᠦᠬᠡᠬᠤᠳᠠ᠂ ᠪᠤᠭᠤᠳᠤ ᠶᠢᠨᠴᠤᠸᠠᠨ᠂ ᠳᠡᠮᠡᠬᠡᠳᠤ ᠵᠡᠷᠬᠡ | ᠬᠦᠷᠰᠢ ᠵᠡᠷᠬᠡᠯᠡᠳᠡᠭᠡ ᠭᠠᠵᠠᠷ ᠤᠷᠤᠨ ᠲᠠᠢ ᠬᠠᠷᠢᠯᠴᠠᠵᠤ᠂ ᠬᠠᠮᠳᠤᠷᠤᠯᠴᠠᠭ᠎ᠠ ᠪᠠᠨ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠳᠠᠳᠠᠬᠤ ᠲᠦᠷᠦ ᠶᠢᠨ | ᠪᠤᠳᠤᠯᠭ᠎ᠠ ᠶᠢᠨ ᠳᠤᠭᠳᠠᠯᠴᠠᠭ᠎ᠠ ᠶᠢ ᠪᠠᠶᠢᠭᠤᠯᠤᠨ᠂ ᠬᠤᠳᠠᠯᠳᠤᠭᠠᠴᠢᠨ ᠤᠷᠢᠵᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠳᠤᠭᠳᠠᠭᠠᠨ᠂ ᠰᠤᠷᠠᠭ ᠵᠠᠩᠬᠢ ᠪᠤᠯᠤᠨ | ᠬᠦᠮᠦᠨ ᠤ ᠬᠠᠷᠢᠯᠴᠠᠭ᠎ᠠ ᠶᠢ ᠡᠬᠢ ᠰᠤᠷᠪᠤᠯᠵᠢ ᠶᠢ ᠨᠢᠬᠡᠳᠬᠡᠨ ᠠᠰᠢᠭᠯᠠᠵᠤ᠂ ᠤᠳᠤᠷᠢᠳᠤᠯᠭ᠎ᠠ ᠺᠠᠳ᠋ᠷ ᠪᠤᠯᠤᠨ ᠨᠡᠶᠢᠬᠡᠮ ᠤᠨ ᠡᠯ᠎ᠡ ᠡᠳᠡᠬᠡᠳ ᠤᠨ ᠬᠢᠨ ᠤ | ᠬᠤᠳᠠᠯᠳᠤᠭᠠᠴᠢᠨ ᠤᠷᠢᠵᠤ᠂ ᠪᠡᠯᠡ ᠳᠠᠳᠠᠬᠤ ᠶᠢ ᠳᠠᠶᠢᠴᠢᠯᠠᠨ᠂ ᠵᠢᠯ ᠤᠨ ᠳᠤᠳᠤᠷ᠎ᠠ ᠳᠠᠳᠠᠭᠰᠠᠨ ᠪᠡᠯᠡ ᠶᠢ 200 ᠳ᠋ᠦᠩᠰᠢᠭᠤᠷ ᠲᠦᠬᠦᠷᠢᠭ ᠲᠤ ᠬᠦᠷᠬᠡᠨ᠎ᠡ᠃ ︽ | ᠲᠦᠯᠦᠪᠵᠢᠬᠦᠯᠦᠨ ᠤᠳᠤᠷᠢᠳᠴᠤ ᠳᠠᠭᠠᠭᠤᠯᠬᠤ︾ ᠰᠡᠳᠬᠢᠴᠡ ᠶᠢ ᠴᠢᠩᠭᠠᠳᠬᠠᠨ᠂ ᠪᠡᠯᠡ ᠤᠷᠤᠭᠤᠯᠤᠯᠳᠠ ᠪᠠᠨ ᠨᠡᠮᠡᠭᠳᠡᠬᠦᠯᠦᠨ᠂ ᠤᠯᠤᠰ ᠤᠨ ᠳᠤᠳᠤᠭᠠᠳᠤ ᠶᠢᠨ | ᠨᠡᠷ᠎ᠡ ᠬᠦᠨᠳᠤᠳᠤ ᠳᠤᠰᠬᠠᠢ ᠮᠡᠷᠬᠡᠵᠢᠯᠳᠡᠨ ᠢ ᠤᠷᠢᠵᠤ᠂ ᠡᠯ᠎ᠡ ᠲᠦᠷᠦᠯ ᠤᠨ ᠶᠡᠷᠦᠩᠬᠡᠢ ᠴᠢᠨᠠᠷ ᠲᠠᠢ ᠲᠦᠯᠦᠪᠵᠢᠬᠦᠯᠬᠡ᠂ ᠳᠤᠰᠬᠠᠢ ᠲᠦᠯᠦᠪᠵᠢᠬᠦᠯᠬᠡ ᠶᠢ | ᠨᠠᠶᠢᠷᠠᠭᠤᠯᠤᠨ ᠳᠤᠭᠳᠠᠭᠠᠵᠤ᠂ ᠮᠢᠩᠭᠠᠨ ᠳ᠋ᠦᠩᠰᠢᠭᠤᠷ ᠤᠨ ᠬᠡᠪᠴᠢᠶᠡᠨ ᠤ ᠨᠦᠬᠡᠴᠡᠯᠡᠭᠰᠡᠨ ᠲᠦᠷᠦᠯ ᠵᠦᠢᠯ ᠢ ᠠᠬᠢᠭᠤᠯᠬᠤ ᠲᠦᠯᠦᠪᠯᠡᠭᠡ ᠶᠢ ᠳᠤᠭᠳᠠᠭᠠᠵᠤ᠂ ᠨᠡᠩ | ᠤᠯᠠᠨ ᠲᠦᠷᠦᠯ ᠵᠦᠢᠯ ᠢ ᠳᠡᠬᠡᠳᠤ ᠱᠠᠳᠤᠨ ᠤ ᠲᠦᠯᠦᠪᠵᠢᠬᠦᠯᠬᠡ ᠶᠢᠨ ᠳᠠᠪᠴᠠᠩ ᠳᠤ ᠤᠷᠤᠭᠤᠯᠵᠤ᠂ ᠲᠦᠯᠦᠪᠵᠢᠬᠦᠯᠦᠨ ᠤᠳᠤᠷᠢᠳᠴᠤ ᠳᠠᠭᠠᠭᠤᠯᠬᠤ᠂ ᠲᠦᠷᠦᠯ | ᠵᠦᠢᠯ ᠢ ᠲᠦᠯᠬᠢᠨ ᠠᠬᠢᠭᠤᠯᠬᠤ᠂ ᠪᠡᠯᠡ ᠤᠷᠤᠭᠤᠯᠤᠯᠳᠠ ᠪᠠᠷ ᠪᠡᠯᠡ ᠳᠠᠳᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠤᠳᠠᠳᠤ ᠴᠤᠭᠴᠠ ᠶᠢᠨ ᠠᠵᠤ ᠠᠬᠤᠢ ᠶᠢᠨ | ᠬᠦᠳᠡᠯᠬᠡᠭᠴᠢ ᠬᠦᠴᠦᠨ ᠢ ᠨᠡᠮᠡᠭᠳᠡᠬᠦᠯᠦᠨ᠎ᠡ᠃ | ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠦᠷᠬᠦᠯᠵᠢᠯᠡᠨ ᠨᠡᠮᠡᠭᠳᠡᠬᠦᠯᠦᠨ᠎ᠡ᠃ ᠠᠵᠤ ᠠᠬᠤᠢ ᠬᠦᠭᠵᠢᠵᠤ᠂ ᠠᠷᠠᠳ ᠲᠦᠮᠡᠨ ᠬᠦᠰᠡᠯ ᠮᠦᠷᠦᠬᠡᠳᠤᠯ ᠲᠠᠢ᠂ | ᠠᠷᠠᠳ ᠤᠨ ᠡᠵᠡᠩᠨᠡᠯᠳᠡ ᠨᠢ ᠠᠮᠢᠵᠢᠷᠠᠯ ᠤᠨ ᠬᠦᠴᠦᠨ ᠲᠠᠢ᠂ ᠠᠷᠠᠳ ᠤᠨ ᠡᠳ᠋ ᠬᠦᠷᠦᠩᠬᠡ ᠨᠢ ᠬᠦᠳᠡᠯᠬᠡᠭᠴᠢ ᠬᠦᠴᠦᠨ ᠲᠠᠢ ᠪᠠᠶᠢᠳᠠᠯ ᠢ ᠪᠤᠢ ᠪᠤᠯᠭᠠᠨ᠎ᠠ᠃ | ᠳ᠋ᠦᠩᠱᠧᠩ ᠳᠤ 1.7 ᠲᠦᠮᠡᠨ ᠡᠷᠦᠬᠡ ᠠᠵᠤ ᠠᠬᠤᠶᠢᠯᠠᠯ ᠪᠤᠯᠤᠨ4.4 ᠲᠦᠮᠡᠨ ᠬᠤᠪᠢ ᠶᠢᠨ ᠬᠤᠳᠠᠯᠳᠤᠭᠠᠴᠢᠨ ᠡᠷᠦᠬᠡ ᠲᠠᠢ᠂ ᠪᠦᠬᠦ ᠳᠤᠭᠤᠷᠢᠭ ᠤᠨ ᠠᠵᠤ | ᠠᠬᠤᠢ ᠶᠢᠨ ᠶᠡᠷᠦᠩᠬᠡᠢ ᠳᠤᠭᠠᠨ ᠤ 80% ᠠᠴᠠ ᠳᠡᠬᠡᠭᠰᠢᠬᠢ ᠶᠢ ᠡᠵᠡᠯᠡᠵᠤ᠂ ᠡᠳᠡᠬᠡᠷ ᠵᠠᠬ᠎ᠠ ᠳᠡᠯᠬᠡᠬᠦᠷ ᠤᠨ ᠭᠤᠤᠯ ᠴᠤᠭᠴᠠ ᠪᠤᠯ ᠬᠦᠭᠵᠢᠯᠳᠡ ᠶᠢ ᠠᠬᠢᠭᠤᠯᠬᠤ | ᠭᠤᠤᠯ ᠬᠦᠴᠦᠨ ᠪᠤᠯᠵᠤ᠂ ᠳᠤᠭᠳᠠᠭᠤᠨ ᠠᠵᠢᠯ ᠤᠯᠭᠤᠯᠳᠠ ᠪᠠᠷ ᠭᠤᠤᠯ ᠠᠷᠭ᠎ᠠ ᠪᠠᠷᠢᠯ ᠪᠤᠯᠭᠠᠨ᠎ᠠ᠃ ᠠᠷᠠᠳ ᠤᠨ ᠡᠵᠡᠩᠨᠡᠯᠳᠡ ᠠᠵᠤ ᠠᠬᠤᠶᠢᠯᠠᠯ ᠤᠨ | ᠬᠦᠭᠵᠢᠯᠳᠡ ᠶᠢ ᠬᠠᠮᠠᠭᠠᠯᠠᠵᠤ ᠵᠤᠷᠢᠠᠠᠵᠢᠭᠤᠯᠤᠨ ᠳᠠᠮᠵᠢᠨ᠎ᠡ᠃ ︽ᠳᠤᠳᠤᠨᠤᠰᠤᠭ︾᠂ ︽ᠠᠷᠢᠭᠤᠨ ᠴᠢᠬᠡᠴᠢ︾ ᠵᠠᠰᠠᠭ ᠬᠤᠳᠠᠯᠳᠤᠭ᠎ᠠ ᠶᠢᠨ ᠬᠠᠷᠢᠴᠠᠭ᠎ᠠ ᠶᠢ | ᠢᠳᠡᠪᠬᠢᠳᠡᠢ ᠪᠠᠷ ᠪᠠᠶᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠨᠡᠶᠢᠳᠡ ᠶᠢᠨ ᠦᠢᠯᠡᠴᠢᠯᠡᠬᠡᠨ ᠤ ᠳᠠᠪᠴᠠᠩ ᠢ ᠬᠦᠨᠵᠡᠬᠡᠶᠢᠷᠡᠬᠦᠯᠵᠤ᠂ ᠵᠠᠰᠠᠭ ᠠᠴᠠ ᠬᠢᠨᠠᠨ | ᠵᠦᠪᠰᠢᠶᠡᠷᠡᠯ ᠤᠨ ᠶᠠᠪᠤᠴᠠ ᠶᠢ ᠳᠤᠪᠴᠢᠯᠠᠨ᠂ ᠠᠷᠠᠳ ᠲᠤ ᠬᠠᠷᠠᠭᠠᠯᠵᠠᠯ ᠦᠵᠡᠬᠦᠯᠬᠦ ᠳᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠦᠨ᠂ ︽ᠬᠤᠷᠢᠬᠤ ᠦᠬᠡᠢ | ᠪᠠᠷ ᠤᠷᠤᠭᠰᠢᠯᠠᠬᠤ︾ ᠲᠦᠷᠢᠮ ᠢ ᠦᠨᠳᠤᠰᠤᠯᠡᠨ᠂ ᠵᠠᠬ᠎ᠠ ᠳᠡᠯᠬᠡᠬᠦᠷ ᠲᠤ ᠤᠷᠤᠬᠤ ᠪᠠᠷᠢᠮᠵᠢᠶ᠎ᠡ ᠶᠢ ᠳᠤᠤᠷ᠎ᠠ ᠪᠤᠯᠭᠠᠵᠤ᠂ ᠠᠵᠤ ᠠᠬᠤᠶᠢᠯᠠᠯ ᠤᠨ ᠬᠦᠭᠵᠢᠯᠳᠡ ᠶᠢ | ᠬᠢᠵᠠᠭᠠᠷᠯᠠᠬᠤ ᠵᠦᠢᠯ ᠪᠤᠰᠤ ᠳᠤᠭᠳᠠᠭᠠᠯ᠂ ᠡᠯ᠎ᠡ ᠲᠦᠷᠦᠯ ᠤᠨ ᠬᠡᠷᠡᠴᠢ ᠭᠠᠷ ᠬᠦᠢᠴᠡᠳᠬᠡᠯ ᠢ ᠪᠦᠬᠦ ᠳᠠᠯ᠎ᠠ ᠪᠠᠷ ᠴᠡᠪᠡᠷᠯᠡᠨ᠂ ᠦᠵᠡᠯ ᠰᠠᠨᠠᠭ᠎ᠠ ᠳᠡᠬᠡᠷ᠎ᠡ ᠪᠠᠨ | ᠰᠡᠳᠬᠢᠯ ᠢᠶᠠᠨ ᠳᠡᠯᠬᠡᠨ᠂ ᠵᠤᠷᠢᠭ ᠢᠶᠠᠨ ᠡᠷᠴᠢᠯᠡᠵᠤ᠂ ᠲᠦᠷᠦ ᠶᠢᠨ ᠪᠤᠳᠤᠯᠭ᠎ᠠ ᠶᠢᠨ ᠳᠠᠯ᠎ᠠ ᠪᠠᠷ ᠰᠤᠯᠠᠳᠬᠠᠵᠤ ᠠᠮᠢᠵᠢᠷᠠᠯ ᠤᠨ ᠬᠦᠴᠦᠨ ᠤᠯᠭᠤᠨ᠎ᠠ᠃ ᠣᠷᠠᠴᠤᠳ | ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠴᠢᠨᠠᠷ ᠴᠢᠨᠰᠠᠭ᠎ᠠ ᠪᠠᠷ ᠴᠢᠩᠭ᠎ᠠ ᠳᠤᠭᠤᠷᠢᠭ ᠪᠤᠯᠤᠨ ︽ᠬᠤᠳᠠᠯᠳᠤᠭᠠᠨ ᠤ ᠨᠡᠷᠡᠳᠤ ᠳᠡᠮᠳᠡᠭ ᠢ ᠪᠤᠢ ᠪᠤᠯᠭᠠᠬᠤ ᠤᠨ︾ ᠤ | ᠠᠵᠢᠯᠯᠠᠭ᠎ᠠ ᠶᠢ ᠦᠷᠨᠢᠬᠦᠯᠦᠨ᠂ ᠦᠢᠯᠡᠰ ᠤᠨ ᠪᠠᠷᠢᠮᠵᠢᠶᠠᠵᠢᠭᠤᠯᠤᠯᠳᠠ ᠶᠢ ᠠᠬᠢᠭᠤᠯᠤᠨ᠂ ᠵᠠᠭᠤᠨ ᠤᠨ ᠤ ᠰᠤᠷᠪᠤᠯᠵᠢᠳᠤ ᠳᠡᠯᠬᠡᠬᠦᠷ ᠢ ᠬᠦᠴᠦᠯᠡᠨ ᠪᠠᠶᠢᠭᠤᠯᠵᠤ᠂ ︽ | ᠰᠠᠨ ᠮᠢᠩ︾ ᠨᠡᠷᠡᠳᠤ ᠳᠡᠮᠳᠡᠭ ᠢ10 ᠬᠤᠪᠢ ᠨᠡᠮᠡᠭᠳᠡᠬᠦᠯᠦᠨ᠂10 ᠡᠷᠦᠬᠡ ᠬᠡᠪᠴᠢᠶ᠎ᠡ ᠪᠠᠷ ᠶᠡᠭᠡ᠂ ᠳᠠᠯᠳᠠ ᠬᠦᠴᠦᠨ ᠢᠶᠠᠷ ᠬᠦᠢᠴᠡᠳ ᠨᠡᠷᠡᠳᠤ ᠳᠡᠮᠳᠡᠭ ᠲᠠᠢ | ᠰᠢᠯᠢᠳᠡᠭ ᠠᠵᠤ ᠠᠬᠤᠶᠢᠯᠠᠯ ᠢ ᠬᠦᠮᠦᠵᠢᠬᠦᠯᠦᠨ᠎ᠡ᠃ ᠠᠵᠤ ᠠᠬᠤᠶᠢᠯᠠᠯ ᠢ ᠬᠦᠴᠦᠯᠡᠨ ᠳᠡᠮᠵᠢᠵᠤ᠂ ᠨᠢᠬᠡ ᠪᠦᠯᠦᠭ ᠬᠦᠨᠳᠤ ᠴᠢᠬᠤᠯᠠ ᠰᠢᠨᠵᠢᠯᠡᠭᠡ ᠰᠤᠳᠤᠯᠭᠠᠨ ᠤ | ᠳᠤᠰᠬᠠᠢ ᠲᠦᠷᠦᠯ ᠢ ᠬᠡᠷᠡᠭᠵᠢᠬᠦᠯᠦᠨ᠂ ᠨᠢᠬᠡ ᠪᠦᠯᠦᠭ ᠭᠤᠤᠯᠳᠠᠯᠭᠠᠳᠤ ᠮᠡᠷᠬᠡᠵᠢᠯ ᠢ ᠰᠢᠪᠳᠤᠯᠤᠨ᠎ᠠ᠃ ᠰᠢᠨ᠎ᠡ ᠬᠤᠳᠠᠯᠳᠤᠭᠠᠨ ᠤ ᠦᠢᠯᠡᠰ ᠤᠨ ᠬᠡᠪ ᠵᠠᠭᠪᠤᠷ᠂ | ᠰᠢᠨ᠎ᠡ ᠦᠢᠯᠡᠴᠢᠯᠡᠬᠡᠨ ᠤ ᠠᠷᠭ᠎ᠠ ᠬᠡᠯᠪᠡᠷᠢ ᠶᠢ ᠪᠤᠶᠢᠵᠢᠭᠤᠯᠵᠤ᠂ ︽ᠳᠠᠯ᠎ᠠ ᠨᠤᠳᠤᠭ ᠤᠨ ᠮᠤᠩᠭᠤᠯ ᠡᠵᠢ︾ ᠪᠤᠯᠤᠨ ︽ᠶᠠᠩ ᠤᠪᠤᠭᠳᠤ ᠡᠵᠢ︾ ᠵᠡᠷᠬᠡ ᠨᠡᠷᠡᠳᠤ | ᠳᠡᠮᠳᠡᠭ ᠤᠨ ᠪᠠᠶᠢᠭᠤᠯᠤᠮᠵᠢ ᠲᠠᠢ ᠬᠦᠨᠵᠡᠬᠡᠢ ᠬᠤᠷᠰᠢᠬᠤ ᠶᠢ ᠠᠬᠢᠭᠤᠯᠤᠨ᠂ 2.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠬᠢᠵᠤ᠂ ᠬᠦᠮᠦᠵᠢᠬᠦᠯᠦᠨ | ᠪᠤᠶᠢᠵᠢᠭᠤᠯᠬᠤ ᠳᠤᠮᠤ ᠠᠰᠠᠷ᠂ ᠵᠠᠯᠠᠭᠤᠴᠤᠳ ᠤᠨ ᠲᠦᠪ ᠵᠡᠷᠬᠡ ᠨᠢᠬᠡ ᠪᠦᠯᠦᠭ ᠦᠢᠯᠡᠰ ᠪᠤᠰᠬᠠᠬᠤ ᠬᠦᠷᠢᠶᠡᠯᠡᠩ ᠢ ᠪᠠᠶᠢᠭᠤᠯᠵᠤ᠂ 20 ᠰᠢᠨ᠎ᠡ ᠶᠢ ᠡᠬᠦᠳᠬᠦ | ᠬᠡᠯᠪᠡᠷᠢᠳᠤ᠂ ᠪᠤᠶᠢᠵᠢᠯᠳᠠ ᠶᠢᠨ ᠶᠠᠪᠤᠴᠠ ᠳᠤ ᠪᠠᠶᠢᠭ᠎ᠠ᠂ ᠰᠢᠨᠵᠢᠯᠡᠭᠡ ᠮᠡᠷᠬᠡᠵᠢᠯ ᠢ ᠬᠦᠨᠳᠤᠳᠬᠡᠭᠰᠡᠨ ᠪᠠᠭ᠎ᠠ ᠵᠢᠵᠢᠭ ᠠᠵᠤ ᠠᠬᠤᠶᠢᠯᠠᠯ ᠢ ᠬᠦᠴᠦᠷᠬᠡᠭᠵᠢᠬᠦᠯᠦᠨ | ᠰᠢᠯᠢᠳᠡᠭᠴᠢᠯᠡᠬᠦ ᠶᠢ ᠴᠢᠬᠤᠯᠠᠴᠢᠯᠠᠨ ᠳᠡᠮᠵᠢᠵᠤ᠂ ᠵᠠᠬ᠎ᠠ ᠳᠡᠯᠬᠡᠬᠦᠷ ᠤᠨ ᠡᠯ᠎ᠡ ᠲᠦᠷᠦᠯ ᠤᠨ ᠭᠤᠤᠯ ᠴᠤᠭᠴᠠ ᠶᠢ ᠠᠬᠢᠭᠤᠯᠤᠨ᠂ ᠦᠩᠬᠡ ᠶᠢᠨ ᠴᠡᠴᠡᠬᠡᠰ ᠤᠷᠤᠯᠳᠤᠨ | ᠳᠡᠯᠬᠡᠷᠡᠭᠰᠡᠨ᠂ ᠮᠢᠩᠭᠠᠨ ᠳᠠᠯᠪᠠᠭ᠎ᠠ ᠦᠷᠢᠰᠦᠯᠳᠦᠨ ᠨᠠᠮᠢᠷᠠᠭᠰᠠᠨ᠂ ᠲᠦᠮᠡᠨ ᠠᠭᠳᠠ ᠵᠡᠷᠬᠡᠪᠡᠷ ᠤᠷᠤᠯᠳᠤᠭᠰᠠᠨ ᠠᠮᠢᠵᠢᠷᠠᠯ ᠤᠨ ᠬᠦᠴᠦᠨ ᠪᠦᠬᠦᠢ ᠪᠠᠶᠢᠳᠠᠯ ᠢ | ᠪᠦᠷᠢᠯᠳᠦᠬᠦᠯᠬᠦ ᠶᠢ ᠠᠬᠢᠭᠤᠯᠤᠨ᠎ᠠ᠃ | ᠰᠠᠭᠠᠳ ᠢ ᠠᠷᠢᠯᠭᠠᠨ ᠲᠦᠭᠰᠢᠬᠦᠷᠢ ᠶᠢ ᠦᠬᠡᠶᠢᠰᠬᠡᠬᠦ ᠶᠢ ᠦᠷᠬᠦᠯᠵᠢᠯᠡᠨ ᠠᠬᠢᠭᠤᠯᠤᠨ᠎ᠠ᠃ ᠵᠠᠰᠠᠭ ᠤᠨ ᠤᠷᠳᠤᠨ ᠤᠨ ᠦᠷᠢ ᠰᠢᠷᠢ᠂ ᠠᠵᠤ ᠠᠬᠤᠶᠢᠯᠠᠯ ᠤᠨ | ᠬᠤᠭᠤᠴᠠᠭ᠎ᠠ ᠦᠩᠬᠡᠷᠡᠭᠰᠡᠨ ᠵᠢᠬᠡᠯᠡᠯᠬᠡ᠂ ᠮᠦᠩᠬᠦᠨ ᠬᠦᠢᠯᠬᠡᠬᠡᠨ ᠤ ᠲᠦᠭᠰᠢᠬᠦᠷᠢ ᠶᠢᠨ ︽ᠵᠡᠷᠬᠡᠪᠡᠷ ᠡᠬᠦᠰᠬᠦ ᠡᠪᠡᠳᠴᠢᠨ︾ ᠡᠬᠦᠰᠬᠦ ᠶᠢ ᠡᠷᠡᠰ ᠰᠡᠷᠬᠡᠶᠢᠯᠡᠵᠤ᠂ | ᠰᠡᠷᠡᠮᠵᠢ ᠶᠢᠨ ᠱᠤᠭᠤᠮ ᠤᠨ ᠰᠡᠳᠬᠢᠮᠵᠢ ᠶᠢ ᠴᠢᠩᠭᠠᠳᠬᠠᠨ᠂ ᠴᠢᠭᠯᠡᠯᠳᠤ ᠴᠢᠨᠠᠷ ᠢᠶᠠᠷ ᠨᠡᠩ ᠴᠢᠩᠭ᠎ᠠ ᠠᠷᠭ᠎ᠠ ᠠᠪᠴᠢᠯ ᠢ ᠬᠡᠷᠡᠭᠯᠡᠨ᠂ ᠳᠤᠭᠳᠠᠭᠤᠨ ᠪᠠᠳᠤᠳᠠᠢ᠂ | ᠢᠯᠡ ᠪᠦᠯᠤᠨ ᠳᠠᠯᠳᠠ ᠶᠢ ᠬᠠᠮᠳᠤ ᠳᠤ ᠨᠢ ᠬᠠᠷᠠᠭᠠᠯᠵᠠᠭᠤᠯᠤᠨ ᠵᠠᠰᠠᠬᠤ ᠠᠵᠢᠯ ᠢ ᠢᠳᠡᠪᠬᠢᠳᠡᠢ ᠬᠢᠨ᠎ᠡ᠃ ᠵᠠᠰᠠᠭ ᠤᠨ ᠤᠷᠳᠤᠨ ᠤ ᠵᠢᠬᠡᠯᠡᠯᠬᠡ ᠶᠢᠨ ᠳᠡᠮᠳᠡᠭᠳᠤ ᠶᠢᠨ | ᠪᠡᠯᠡ ᠮᠦᠩᠬᠦ ᠶᠢ ᠤᠯᠬᠤ ᠬᠦᠴᠦᠯᠡᠴᠡ ᠶᠢ ᠦᠷᠬᠦᠯᠵᠢᠯᠡᠨ ᠨᠡᠮᠡᠭᠳᠡᠬᠦᠯᠵᠤ᠂ ᠵᠠᠰᠠᠭ ᠤᠨ ᠤᠷᠳᠤᠨ ᠤ 80 ᠳ᠋ᠦᠩᠰᠢᠭᠤᠷ ᠲᠦᠬᠦᠷᠢᠭ ᠤᠨ ᠦᠨᠳᠤᠷ ᠬᠦᠦ ᠲᠠᠢ | ᠤᠬᠤᠷ ᠬᠤᠭᠤᠴᠠᠭᠠᠨ ᠤ ᠵᠢᠬᠡᠯᠡᠯᠬᠡ ᠶᠢ ᠰᠤᠯᠢᠵᠤ ᠳᠤᠤᠷ᠎ᠠ ᠬᠦᠦ ᠲᠠᠢ ᠬᠤᠭᠤᠴᠠᠭ᠎ᠠ ᠤᠷᠳᠤ ᠵᠢᠬᠡᠯᠡᠯᠬᠡ ᠪᠤᠯᠭᠠᠬᠤ ᠪᠠᠷ ᠬᠦᠴᠦᠯᠡᠨ᠎ᠡ᠃ ᠠᠯᠪᠠᠨ ᠵᠢᠬᠡᠯᠡᠯᠬᠡ ᠶᠢᠨ | ᠳᠡᠮᠳᠡᠭᠳᠤ ᠰᠤᠯᠢᠬᠤ᠂ ᠮᠦᠩᠬᠦ ᠪᠠᠷ ᠦᠷᠢ ᠲᠦᠯᠦᠬᠦ᠂ ᠵᠠᠷᠤᠯᠭ᠎ᠠ ᠶᠢ ᠪᠠᠭᠠᠰᠬᠠᠬᠤ ᠵᠡᠷᠬᠡ ᠠᠷᠭ᠎ᠠ ᠬᠡᠯᠪᠡᠷᠢ ᠶᠢ ᠠᠪᠴᠤ ᠦᠷᠢ ᠠᠪᠴᠠᠭ᠎ᠠ ᠶᠢ ᠦᠬᠡᠶᠢᠰᠬᠡᠬᠦ | ᠬᠦᠴᠦᠯᠡᠴᠡ ᠪᠠᠨ ᠨᠡᠮᠡᠭᠳᠡᠬᠦᠯᠦᠨ᠂ ᠡᠨᠡ ᠵᠢᠯ ᠤᠨ ᠬᠠᠪᠤᠷ ᠠᠴᠠ ᠡᠮᠤᠨ᠎ᠡ᠂ ᠡᠯ᠎ᠡ ᠲᠦᠷᠦᠯ ᠤᠨ ᠪᠡᠯᠡ ᠮᠦᠩᠬᠦ ᠶᠢ ᠲᠦᠪᠯᠡᠷᠡᠬᠦᠯᠦᠨ ᠪᠡᠯᠡᠳᠬᠡᠵᠤ᠂ ᠠᠵᠤ | ᠠᠬᠤᠶᠢᠯᠠᠯ ᠤᠨ ᠦᠷᠢ ᠰᠢᠷᠢ ᠶᠢ 45 ᠳ᠋ᠦᠩᠰᠢᠭᠤᠷ ᠲᠦᠬᠦᠷᠢᠭ ᠰᠢᠢᠳᠪᠤᠷᠢᠯᠡᠵᠤ᠂ ᠡᠬᠦᠨ ᠤ ᠳᠤᠳᠤᠷ᠎ᠠ ᠠᠴᠠ 20 ᠳ᠋ᠦᠩᠰᠢᠭᠤᠷ ᠲᠦᠬᠦᠷᠢᠭ ᠠᠴᠠ ᠳᠤᠷᠤᠭᠰᠢᠬᠢ | ᠦᠷᠢ ᠰᠢᠷᠢ ᠶᠢ ᠨᠢᠬᠡᠯᠡ ᠳᠤᠤᠷ᠎ᠠ ᠰᠢᠢᠳᠪᠤᠷᠢᠯᠡᠵᠤ᠂ 2684 ᠡᠷᠦᠬᠡ ᠠᠪᠴᠠᠭᠠᠨ ᠤ ᠡᠷᠬᠡ ᠶᠢᠨ ᠬᠦᠮᠦᠰ ᠤᠨ ᠳᠠᠩᠰᠠ ᠶᠢ ᠰᠤᠯᠠᠯᠠᠨ᠂ ᠠᠪᠴᠠᠭᠠᠨ ᠤ ᠡᠷᠬᠡ ᠶᠢᠨ | ᠬᠦᠮᠦᠰ ᠤᠨ ︽ᠳᠠᠩᠰᠠ ᠦᠬᠡᠶᠢᠰᠬᠡᠬᠦ︾ ᠲᠦᠷᠢᠮ ᠢ ᠦᠷᠬᠦᠯᠵᠢᠯᠡᠨ ᠲᠦᠯᠬᠢᠨ ᠠᠬᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ᠂ ᠤᠷᠤᠨ ᠪᠦᠰᠡ ᠶᠢᠨ | ᠮᠦᠩᠬᠦᠨ ᠬᠦᠢᠯᠬᠡᠬᠡᠨ ᠤ ᠲᠦᠭᠰᠢᠬᠦᠷᠢ ᠶᠢ ᠰᠢᠢᠳᠪᠤᠷᠢᠯᠡᠨ᠂ ᠵᠠᠰᠠᠭ ᠮᠦᠩᠬᠦᠨ ᠬᠦᠢᠯᠬᠡᠬᠡᠨ ᠤ ᠪᠠᠶᠢᠭᠤᠯᠤᠮᠵᠢ᠂ ᠠᠵᠤ ᠠᠬᠤᠶᠢᠯᠠᠯ ᠭᠤᠷᠪᠠᠨ ᠳᠠᠯ᠎ᠠ ᠶᠢᠨ | ᠬᠠᠮᠳᠤᠷᠤᠯᠴᠠᠨ ᠤᠷᠤᠭᠰᠢᠯᠠᠬᠤ ᠦᠵᠡᠯᠳᠡ ᠶᠢ ᠪᠤᠢ ᠪᠤᠯᠭᠠᠨ᠂ ᠵᠠᠰᠠᠭ᠂ ᠮᠦᠩᠬᠦᠨ ᠬᠦᠢᠯᠬᠡᠬᠡ᠂ ᠠᠵᠤ ᠠᠬᠤᠶᠢᠯᠠᠯ ᠭᠤᠷᠪᠠᠨ ᠳᠠᠯ᠎ᠠ ᠶᠢᠨ ᠬᠠᠮᠳᠤᠷᠤᠯᠴᠠᠬᠤ | ᠳᠤᠭᠳᠠᠯᠴᠠᠭ᠎ᠠ ᠶᠢ ᠳᠡᠬᠦᠯᠳᠡᠷᠵᠢᠬᠦᠯᠦᠨ᠂ ᠵᠠᠰᠠᠭ ᠤᠨ ᠤᠷᠳᠤᠨ ᠤ ᠵᠢᠬᠡᠯᠡᠯᠬᠡ ᠶᠢᠨ ᠳᠡᠮᠳᠡᠭ ᠤᠨ ᠪᠡᠯᠡ ᠮᠦᠩᠬᠦ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ | ᠠᠪᠴᠠᠭᠠᠨ ᠤ ᠡᠷᠬᠡ ᠲᠠᠢ ᠠᠵᠤ ᠠᠬᠤᠶᠢᠯᠠᠯ ᠳᠤ ᠠᠷᠭ᠎ᠠ ᠪᠦᠬᠦᠨ ᠢ ᠰᠦᠪᠡᠭᠴᠢᠯᠡᠨ ᠤᠬᠤᠷ ᠬᠤᠭᠤᠴᠠᠭᠠᠨ ᠤ ᠦᠨᠳᠤᠷ ᠬᠦᠦ ᠲᠠᠢ ᠪᠡᠯᠡ ᠴᠤᠭᠯᠠᠭᠤᠯᠬᠤ ᠶᠢ | ᠰᠤᠯᠢᠵᠤ᠂ ᠵᠦᠢ ᠪᠤᠰᠤ ᠵᠢᠬᠡᠯᠡᠯᠬᠡ ᠶᠢ ᠤᠷᠢᠳᠠᠪᠠᠷ ᠰᠢᠢᠳᠪᠤᠷᠢᠯᠡᠨ᠎ᠡ᠃ ᠳᠠᠭᠠᠭᠠᠴᠢᠯᠠᠬᠤ ᠦᠢᠯᠡᠰ ᠤᠨ ᠬᠦᠭᠵᠢᠯ ᠪᠤᠵᠠᠭᠠᠶᠢᠷᠠᠯ ᠢ ᠳᠠᠮᠵᠢᠵᠤ᠂ ᠠᠪᠴᠠᠭᠠᠨ ᠤ ᠡᠷᠬᠡ | ᠲᠠᠢ ᠠᠵᠤ ᠠᠬᠤᠶᠢᠯᠠᠯ ᠤᠨ ᠵᠠᠰᠠᠭ ᠤᠨ ᠤᠷᠳᠤᠨ ᠤ ᠠᠪᠴᠠᠭᠠᠨ ᠤ ᠡᠷᠬᠡ ᠶᠢ ᠳᠠᠨᠵᠢᠯᠠᠬᠤ ᠵᠡᠷᠬᠡ ᠶᠢᠨ ᠠᠷᠭ᠎ᠠ ᠪᠠᠷ ᠪᠡᠯᠡ ᠴᠤᠭᠯᠠᠭᠤᠯᠬᠤ ᠶᠢ ᠳᠡᠮᠵᠢᠨ᠎ᠡ᠃ | ᠮᠦᠩᠬᠦᠨ ᠬᠦᠢᠯᠬᠡᠬᠡᠨ ᠤ ᠪᠠᠶᠢᠭᠤᠯᠤᠮᠵᠢ ︽ᠬᠦᠦ ᠮᠦᠩᠬᠦ ᠶᠢ ᠪᠠᠭᠤᠷᠠᠭᠤᠯᠬᠤ ᠬᠠᠰᠤᠬᠤ︾ ᠳᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠬᠦ ᠶᠢ | ᠳᠤᠬᠢᠷᠠᠭᠤᠯᠤᠨ᠂ ᠬᠦᠴᠢᠷᠳᠡᠯᠳᠡᠢ ᠠᠵᠤ ᠠᠬᠤᠶᠢᠯᠠᠯ ᠢ ᠳᠡᠮᠵᠢᠨ ᠡᠳ᠋ ᠬᠦᠷᠦᠩᠬᠡ ᠶᠢ ᠦᠷᠳᠡᠭᠳᠤ ᠳᠡᠮᠳᠡᠭ ᠪᠤᠯᠭᠠᠨ ᠬᠠᠤᠯᠢᠵᠢᠭᠤᠯᠵᠤ᠂ ᠠᠪᠴᠠᠭ᠎ᠠ ᠶᠢ ᠬᠤᠪᠢ | ᠤᠷᠤᠭᠤᠯᠤᠯᠳᠠ ᠪᠤᠯᠭᠠᠨ᠂ ᠵᠢᠬᠡᠯᠡᠯᠬᠡ ᠶᠢ ᠬᠤᠪᠢ ᠤᠷᠤᠭᠤᠯᠤᠯᠳᠠ ᠪᠤᠯᠭᠠᠵᠤ᠂ ᠤᠷᠤᠨ ᠨᠤᠳᠤᠭ ᠤᠨ ᠴᠢᠨᠠᠷᠳᠠᠢ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ | ᠴᠢᠬᠤᠯᠠᠴᠢᠯᠠᠨ ᠳᠡᠮᠵᠢᠵᠤ᠂ ᠲᠦᠭᠰᠢᠬᠦᠷᠢ ᠶᠢ ᠦᠬᠡᠶᠢᠰᠬᠡᠵᠤ᠂ ᠤᠷᠤᠨ ᠨᠤᠳᠤᠭ ᠤᠨ ᠪᠠᠩᠬᠢ ᠶᠢᠨ ᠵᠢᠬᠡᠯᠡᠯᠬᠡ ᠶᠢᠨ ᠵᠦᠢ ᠪᠤᠰᠤ ᠨᠤᠷᠮ᠎ᠠ ᠶᠢ ᠪᠦᠬᠦ ᠬᠤᠳᠠ ᠶᠢᠨ | ᠳᠤᠮᠳᠠᠴᠢ ᠬᠢᠷᠢ ᠲᠦᠪᠰᠢᠨ ᠠᠴᠠ ᠳᠤᠤᠷ᠎ᠠ ᠪᠠᠶᠢᠯᠭᠠᠬᠤ ᠶᠢ ᠪᠠᠳᠤᠯᠠᠨ᠂ ᠰᠢᠰᠲ᠋ᠧᠮ ᠤᠨ ᠴᠢᠨᠠᠷᠳᠠᠢ᠂ ᠤᠷᠤᠨ ᠪᠦᠰᠡ ᠶᠢᠨ ᠴᠢᠨᠠᠷᠳᠠᠢ ᠮᠦᠩᠬᠦᠨ ᠬᠦᠢᠯᠬᠡᠬᠡᠨ ᠤ | ᠲᠦᠭᠰᠢᠬᠦᠷᠢ ᠶᠢ ᠰᠡᠷᠬᠡᠶᠢᠯᠡᠬᠦ ᠰᠡᠷᠡᠮᠵᠢ ᠶᠢᠨ ᠱᠤᠭᠤᠮ ᠢ ᠡᠷᠡᠰ ᠰᠬᠢᠨᠡ᠃ | ︵ᠬᠤᠶᠠᠷ︶ ᠬᠠᠩᠭᠠᠯᠭ᠎ᠠ ᠶᠢᠨ ᠪᠦᠳᠦᠴᠡ ᠶᠢ ᠰᠢᠯᠢᠳᠡᠭᠴᠢᠯᠡᠬᠦ ᠪᠠᠷ ᠭᠠᠷᠳᠠᠬᠤ ᠴᠢᠭ ᠪᠤᠯᠭᠠᠨ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠬᠦᠯᠦᠨ᠎ᠡ᠃ ᠦᠢᠯᠡᠴᠢᠯᠡᠬᠡᠨ ᠤ ᠦᠢᠯᠡᠰ ᠤᠨ ᠬᠦᠭᠵᠢᠯᠳᠡ ᠨᠢ ᠨᠢᠬᠡᠳᠤᠯᠳᠡᠢ᠂ ᠬᠤᠯᠪᠤᠭᠠᠰᠤ ᠨᠢ ᠨᠢᠬᠡᠳᠤᠯᠳᠡᠢ ᠪᠠᠶᠢᠵᠤ᠂ ︽ᠨᠢᠬᠡ | ᠦᠢᠯᠡᠰ ᠳᠡᠭᠵᠢᠷᠡᠪᠡᠯ᠂ ᠪᠦᠬᠦ ᠦᠢᠯᠡᠰ ᠪᠠᠳᠠᠷᠠᠬᠤ︾ ᠦᠢᠯᠡᠳᠤᠯ ᠲᠠᠢ᠃ ᠬᠠᠩᠭᠠᠯᠭ᠎ᠠ ᠶᠢ ᠴᠢᠩᠭ᠎ᠠ ᠠᠳᠬᠤᠬᠤ ᠶᠢ ᠳᠡᠬᠡᠭᠰᠢᠯᠡᠬᠦᠯᠬᠦ ᠶᠢ ᠴᠢᠬᠤᠯᠠᠴᠢᠯᠠᠨ᠂ | ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠦᠷᠬᠡᠰᠬᠡᠨ᠂ ᠬᠦᠨᠳᠤᠴᠡ ᠶᠢ ᠨᠡᠮᠡᠭᠳᠡᠬᠦᠯᠦᠨ᠂ ᠦᠢᠯᠡᠰ ᠤᠨ ᠠᠬᠤᠢ ᠪᠠᠶᠢᠳᠠᠯ ᠢ ᠳᠡᠬᠡᠭᠰᠢᠯᠡᠬᠦᠯᠵᠤ᠂ | ᠬᠦᠬᠡᠬᠤᠳᠠ᠂ ᠪᠤᠭᠤᠳᠤ᠂ ᠤᠷᠳᠤᠰ᠂ ᠳᠡᠮᠡᠬᠡᠳᠤ ᠬᠤᠳᠠ ᠶᠢᠨ ᠰᠦᠷᠦᠭᠵᠢᠯ ᠢ ᠨᠦᠯᠦᠬᠡᠯᠡᠬᠦ ᠬᠦᠴᠦᠨ ᠢᠶᠠᠷ ᠴᠢᠩᠭ᠎ᠠ ᠤᠳᠤᠬᠢᠴᠢᠯᠠᠭᠰᠠᠨ ᠦᠢᠯᠡᠴᠢᠯᠡᠬᠡᠨ ᠤ | ᠦᠢᠯᠡᠰ ᠤᠨ ᠲᠦᠪᠯᠡᠷᠡᠭᠰᠡᠨ ᠤᠷᠤᠨ ᠪᠤᠯᠭᠠᠨ ᠴᠤᠭᠴᠠᠯᠠᠨ᠎ᠠ᠃ | ᠰᠤᠶᠤᠯ ᠵᠤᠭᠠᠴᠠᠯ ᠤᠨ ᠡᠷᠡᠬᠦᠯ ᠮᠡᠨᠳᠤ ᠶᠢᠨ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠤᠨ ᠳᠠᠪᠴᠠᠩ ᠳᠤ ᠭᠠᠷᠭᠠᠨ᠎ᠠ᠃ ᠬᠦᠬᠡᠬᠤᠳᠠ | ᠂ ᠪᠤᠭᠤᠳᠤ᠂ ᠤᠷᠳᠤᠰ᠂ ᠳᠡᠮᠡᠬᠡᠳᠤ ᠶᠢᠨ ᠵᠢᠭᠤᠯᠴᠢᠯᠠᠯ ᠤᠨ ᠳᠤᠭᠤᠷᠢᠭ ᠲᠤ ᠰᠠᠨᠠᠭᠠᠴᠢᠯᠠᠭ᠎ᠠ ᠲᠠᠢ ᠪᠠᠷ ᠠᠭᠤᠰᠤᠯᠴᠠᠨ᠂ ᠤᠷᠳᠤᠰ ᠤᠨ ᠵᠢᠭᠤᠯᠴᠢᠯᠠᠯ ᠤᠨ | ᠦᠢᠯᠡᠴᠢᠯᠡᠬᠡᠨ ᠤ ᠳᠤᠭᠤᠷᠢᠭ᠂ ᠦᠢᠯᠠᠭᠠᠯᠳᠠ ᠶᠢᠨ ᠬᠡᠯᠪᠡᠷᠢ ᠲᠠᠢ ᠰᠡᠯᠡᠬᠦᠯᠢᠭ ᠵᠤᠭᠠᠴᠠᠯ ᠤᠨ ᠳᠡᠷᠢᠬᠦᠨ ᠤ ᠳᠤᠭᠤᠷᠢᠭ ᠤᠨ ᠪᠠᠶᠢᠭᠤᠯᠤᠯᠳᠠ ᠶᠢ ᠲᠦᠷᠬᠡᠳᠬᠡᠨ᠎ᠡ᠃ | ᠪᠦᠬᠦ ᠤᠷᠤᠨ ᠤ ᠵᠤᠭᠠᠴᠠᠯ᠂ ᠲᠦᠷᠪᠡᠨ ᠤᠠᠯᠠᠷᠢᠯ ᠤᠨ ᠵᠤᠭᠠᠴᠠᠯ ᠤᠨ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠵᠤᠭᠠᠴᠠᠯ ᠤᠨ | ᠪᠠᠷᠢᠮᠵᠢᠶᠠᠵᠢᠭᠤᠯᠤᠯᠳᠠ ᠶᠢᠨ ᠬᠤᠳᠠ ᠳᠤᠭᠤᠷᠢᠭ ᠢ ᠡᠬᠦᠳᠬᠦ ᠦᠷ᠎ᠡ ᠪᠦᠳᠦᠮᠵᠢ ᠶᠢ ᠪᠠᠳᠤᠳᠠᠢ ᠳᠡᠬᠡᠭᠰᠢᠯᠡᠬᠦᠯᠦᠨ᠂ 30 ᠵᠤᠭᠠᠴᠠᠯ ᠤᠨ ᠭᠤᠤᠯ ᠰᠡᠳᠤᠪᠳᠤ | ᠪᠠᠭᠤᠳᠠᠯ᠂ ᠵᠤᠭᠠᠴᠠᠯ ᠰᠠᠭᠤᠷᠢᠰᠢᠯ ᠤᠨ ᠮᠠᠶ᠋ᠢᠭ ᠤᠨ ᠵᠤᠰᠠᠭᠠᠯᠢᠭ ᠨᠡᠶᠢᠳᠡ ᠶᠢᠨ ᠪᠠᠶᠢᠷᠢ ᠪᠤᠯᠤᠨ10 ᠵᠤᠭᠠᠴᠠᠯ ᠤᠨ ᠬᠤᠳᠠᠯᠳᠤᠨ ᠠᠪᠬᠤ ᠳᠡᠯᠬᠡᠬᠦᠷ ᠢ ᠦᠪᠡᠷᠮᠢᠴᠡ | ᠤᠨᠴᠠᠯᠢᠭᠳᠠᠢ ᠪᠤᠯᠭᠠᠨ ᠦᠬᠡᠷᠡᠴᠢᠯᠡᠨ ᠪᠠᠶᠢᠭᠤᠯᠤᠨ᠎ᠠ᠃ ᠵᠢᠯᠤᠭᠤᠴᠢᠨ ᠭᠤᠤᠯ ᠤᠨ ᠬᠤᠳᠠ ᠶᠢᠨ ᠰᠡᠯᠡᠬᠦᠯᠢᠭ ᠤᠰᠤᠨ ᠤ ᠰᠢᠰᠲ᠋ᠧᠮ ᠤᠨ ᠭᠤᠳᠤᠮᠵᠢ ᠶᠢᠨ ᠵᠠᠮ ᠢ | ᠨᠠᠷᠢᠯᠢᠭᠴᠢᠯᠠᠨ ᠴᠤᠭᠴᠠᠯᠠᠵᠤ᠂ ᠡᠪᠤᠯ ᠤᠨ ᠤᠯᠠᠷᠢᠯ ᠤᠨ10 ᠶᠡᠭᠡ ᠲᠦᠷᠦᠯ ᠤᠨ ᠴᠠᠰᠤ ᠮᠦᠰᠦᠨ ᠤ ᠭᠤᠤᠯ ᠰᠡᠳᠤᠪᠳᠤ ᠠᠵᠢᠯᠯᠠᠭ᠎ᠠ ᠶᠢ ᠨᠠᠷᠢᠯᠢᠭ ᠲᠦᠰᠦᠪᠯᠡᠵᠤ᠂ | ᠸᠠᠨ ᠵᠢᠶᠠ ᠬᠤᠢ ᠪᠠᠶᠠᠰᠤᠯᠳᠤ ᠬᠤᠷᠸ᠎ᠠ ᠶᠢᠨ ᠬᠤᠶᠠᠳᠠᠬᠢ ᠬᠤᠭᠤᠴᠠᠭ᠎ᠠ᠂ ᠳᠡᠯᠡᠢ ᠶᠢᠨ ᠤᠷᠳᠤᠨ᠂ ᠲᠦᠷᠪᠡᠨ ᠤᠯᠠᠷᠢᠯ ᠤᠨ ᠴᠠᠰᠤ ᠮᠦᠰᠦ᠂ ᠴᠡᠷᠢᠭ ᠤᠨ ᠶᠠᠪᠤᠳᠠᠯ | ᠤᠨ ᠵᠢᠶᠠ ᠨᠢᠶᠡᠨ ᠬᠤᠸᠠ ᠵᠡᠷᠬᠡ ᠨᠢᠬᠡ ᠪᠦᠯᠦᠭ ᠵᠤᠭᠠᠴᠠᠯ ᠤᠨ ᠲᠦᠷᠦᠯ ᠵᠦᠢᠯ ᠢ ᠡᠬᠢᠯᠡᠨ ᠬᠡᠷᠡᠭᠵᠢᠬᠦᠯᠵᠤ᠂ ᠡᠪᠤᠯᠵᠢᠶ᠎ᠡ᠂ ᠵᠤᠰᠠᠭᠠᠯ ᠤᠨ ᠠᠵᠢᠯᠯᠠᠭ᠎ᠠ ᠶᠢ ᠶᠡᠷᠦᠳᠡ | ᠶᠢᠨ ᠴᠢᠨᠠᠷᠳᠠᠢ ᠪᠠᠷ ᠦᠷᠨᠢᠬᠦᠯᠵᠤ᠂ ᠬᠤᠨᠤᠭᠯᠠᠬᠤ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠤᠨ ᠬᠦᠮᠦᠨ ᠤᠨ ᠳᠤᠭ᠎ᠠ ᠶᠢ ᠴᠢᠷᠮᠠᠶᠢᠨ ᠨᠡᠮᠡᠭᠳᠡᠬᠦᠯᠵᠤ᠂ ᠪᠦᠬᠦ | ᠵᠢᠯ ᠤᠨ ᠵᠤᠭᠠᠴᠠᠯ ᠤᠨ ᠳᠤᠭ᠎ᠠ ᠶᠢ 400 ᠲᠦᠮᠡᠨ ᠬᠦᠮᠦᠨ ᠤᠳᠠᠭ᠎ᠠ ᠶᠢ ᠳᠠᠪᠠᠭᠤᠯᠵᠤ᠂ ᠵᠤᠭᠠᠴᠠᠯ ᠤᠨ ᠤᠷᠤᠯᠭ᠎ᠠ ᠶᠢ100 ᠳ᠋ᠦᠩᠰᠢᠭᠤᠷ ᠲᠦᠬᠦᠷᠢᠭ ᠢ | ᠳᠠᠪᠠᠭᠤᠯᠤᠨ᠂ ᠪᠠᠭᠤᠳᠠᠯ ᠳᠤ ᠰᠠᠭᠤᠬᠤ ᠨᠤᠷᠮ᠎ᠠ ᠶᠢ 80% ᠠᠴᠠ ᠳᠡᠬᠡᠭᠰᠢ ᠪᠤᠯᠭᠠᠬᠤ ᠪᠠᠷ ᠬᠦᠴᠦᠯᠡᠨ᠎ᠡ᠃ ᠰᠤᠶᠤᠯ ᠤᠨ ᠪᠦᠳᠦᠬᠡᠯᠴᠢ ᠰᠡᠳᠬᠢᠬᠦᠢ ᠶᠢᠨ ᠠᠵᠤ | ᠦᠢᠯᠡᠰ ᠢ ᠨᠠᠷᠢᠯᠢᠭ ᠪᠤᠶᠢᠵᠢᠭᠤᠯᠤᠨ᠂ ᠰᠤᠶᠤᠯ ᠤᠨ ᠪᠦᠳᠦᠬᠡᠯᠴᠢ ᠰᠡᠳᠬᠢᠬᠦᠢ ᠶᠢᠨ ᠠᠵᠤ ᠦᠢᠯᠡᠰ ᠤᠨ ᠬᠦᠷᠢᠶᠡᠯᠡᠩ ᠢ 5 ᠳ᠋ᠤᠭᠠᠷ ᠰᠠᠷ᠎ᠠ ᠳᠤ ᠡᠵᠡᠩᠨᠡᠯᠳᠡ | ᠡᠬᠢᠯᠡᠬᠦᠯᠬᠦ ᠶᠢ ᠪᠠᠳᠤᠯᠠᠨ᠂ ᠶᠦᠩ ᠬᠦᠢ᠂ ᠢ ᠴᠠᠩ᠂ ᠱᠧᠩ ᠵᠸᠤ ᠵᠡᠷᠬᠡ ᠠᠷᠠᠳ ᠤᠨ ᠤᠷᠠᠯᠢᠭ ᠤᠨ ᠪᠦᠳᠦᠬᠡᠯ ᠤᠨ ᠦᠵᠡᠰᠬᠦᠯᠡᠩ ᠤᠨ ᠤᠷᠳᠤᠨ ᠢ | ᠲᠦᠪᠯᠡᠷᠡᠬᠦᠯᠦᠨ ᠰᠦᠷᠦᠭᠵᠢᠬᠦᠯᠵᠤ᠂ ᠨᠡᠶᠢᠬᠡᠮᠵᠢᠬᠦᠯᠵᠤ᠂ ᠠᠵᠤ ᠦᠢᠯᠡᠰᠵᠢᠬᠦᠯᠦᠨ ᠬᠦᠭᠵᠢᠬᠦᠯᠬᠦ ᠶᠢ ᠠᠬᠢᠭᠤᠯᠵᠤ᠂ ᠦᠪᠦᠷ ᠮᠤᠩᠭᠤᠯ ᠤᠨ ᠪᠤᠳᠠᠰ ᠤᠨ ᠡᠷᠬᠡ ᠶᠢᠨ | ᠤᠷᠠᠯᠢᠭ ᠤᠨ ᠪᠦᠳᠦᠬᠡᠯ ᠤᠨ ᠰᠤᠯᠢᠯᠴᠠᠭᠠᠨ ᠤ ᠲᠦᠪ ᠢ ᠡᠵᠡᠩᠨᠡᠯᠳᠡ ᠡᠬᠢᠯᠡᠬᠦᠯᠬᠦ ᠶᠢ ᠠᠬᠢᠭᠤᠯᠤᠨ᠂ ᠰᠤᠶᠤᠯ ᠤᠨ ᠪᠦᠳᠦᠬᠡᠯᠴᠢ ᠰᠡᠳᠬᠢᠬᠦᠢ ᠶᠢᠨ ᠬᠤᠳᠠ ᠶᠢ | ᠴᠤᠭᠴᠠᠯᠠᠨ᠎ᠠ᠃ ᠪᠦᠬᠦ ᠬᠤᠳᠠ ᠶᠢᠨ ᠪᠤᠳᠠᠳᠤ ᠪᠠᠶᠢᠷᠢ ᠳᠡᠬᠡᠷ᠎ᠡ ᠰᠠᠭᠤᠷᠢᠯᠠᠨ᠂ ᠪᠦᠬᠦ ᠤᠯᠤᠰ ᠢ ᠪᠠᠷᠠᠯᠠᠨ᠂ ᠡᠮᠴᠢᠯᠡᠭᠡ᠂ ᠰᠤᠪᠢᠯᠠᠯ᠂ ᠵᠤᠭᠠᠴᠠᠯ ᠢ | ᠠᠭᠤᠰᠤᠯᠴᠠᠭᠤᠯᠤᠨ ᠬᠦᠭᠵᠢᠬᠦᠯᠬᠦ ᠶᠢ ᠪᠠᠷᠢᠮᠳᠠᠯᠠᠵᠤ᠂ ᠤᠶᠤᠨᠴᠢ ᠪᠠᠷ ᠨᠠᠰᠤᠳᠠᠶᠢᠴᠤᠳ ᠢ ᠠᠰᠠᠷᠠᠬᠤ ᠳᠠᠪᠴᠠᠩ ᠪᠤᠯᠤᠨ ᠪᠠᠷᠢᠮᠵᠢᠶᠠᠵᠢᠭᠤᠯᠤᠯᠳᠠ ᠶᠢᠨ ᠢᠨᠵᠧᠨᠧᠷᠢᠩ | ᠢ ᠡᠬᠢᠯᠡᠬᠦᠯᠵᠤ᠂ ᠨᠡᠶᠢᠬᠡᠮ ᠳᠤᠭᠤᠷᠢᠭ ᠤᠨ ᠨᠠᠰᠤᠳᠠᠶᠢᠴᠤᠳ ᠢ ᠠᠰᠠᠷᠠᠬᠤ ᠶᠡᠷᠦᠩᠬᠡᠢ ᠦᠢᠯᠡᠴᠢᠯᠡᠬᠡᠨ ᠤ ᠲᠦᠪ ᠢ 7 ᠪᠠᠶᠢᠭᠤᠯᠤᠨ᠂ ᠵᠢᠭᠤᠯᠴᠢᠯᠠᠯ ᠰᠠᠭᠤᠷᠢᠰᠢᠯ᠂ | ᠨᠠᠰᠤᠳᠠᠶᠢᠴᠤᠳ ᠢ ᠠᠰᠠᠷᠠᠬᠤ ᠵᠤᠰᠠᠯᠠᠩ ᠤᠨ ᠬᠦᠯᠢᠶᠡᠨ ᠠᠪᠬᠤ ᠳᠤᠭ᠎ᠠ ᠶᠢ 2 ᠲᠦᠮᠡᠨ ᠬᠦᠮᠦᠨ ᠤᠳᠠᠭ᠎ᠠ ᠳᠤ ᠬᠦᠷᠦᠬᠦᠯᠬᠦ ᠪᠠᠷ ᠴᠢᠷᠮᠠᠶᠢᠨ᠂ ᠡᠷᠡᠬᠦᠯ ᠮᠡᠨᠳᠤ ᠶᠢᠨ | ᠨᠠᠰᠤᠳᠠᠶᠢᠴᠤᠳ ᠢ ᠠᠰᠠᠷᠠᠬᠤ ᠠᠵᠤ ᠦᠢᠯᠡᠰ ᠤᠨ ᠦᠢᠯᠡᠳᠪᠤᠷᠢᠯᠡᠯ ᠤᠨ ᠦᠷᠳᠡᠭ ᠢ 20 ᠳ᠋ᠦᠩᠰᠢᠭᠤᠷ ᠲᠦᠬᠦᠷᠢᠭ ᠢ ᠰᠢᠪᠳᠤᠯᠤᠭᠤᠯᠤᠨ᠂ ᠡᠷᠡᠬᠦᠯ ᠮᠡᠨᠳᠤ ᠶᠢᠨ | ᠨᠠᠰᠤᠳᠠᠶᠢᠴᠤᠳ ᠢ ᠠᠰᠠᠷᠠᠬᠤ ᠠᠵᠤ ᠦᠢᠯᠡᠰ ᠤᠨ ᠵᠢᠱᠢᠶ᠎ᠡ ᠦᠵᠡᠬᠦᠯᠬᠦ ᠳᠤᠭᠤᠷᠢᠭ ᠳᠤ ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ | ᠬᠤᠳᠠᠯᠳᠤᠭ᠎ᠠ ᠠᠷᠠᠯᠵᠢᠶ᠎ᠠ ᠶᠢᠨ ᠪᠤᠳᠠᠰ ᠤᠨ ᠬᠦᠢᠯᠬᠡᠬᠡ ᠶᠢᠨ ᠰᠢᠨ᠎ᠡ ᠶᠢ ᠡᠬᠦᠳᠬᠦ ᠦᠢᠯᠡᠰ ᠤᠨ ᠬᠡᠪ ᠲᠦᠪᠰᠢᠨ ᠢ ᠳᠡᠬᠡᠭᠰᠢᠯᠡᠬᠦᠯᠬᠦ ᠶᠢ ᠠᠬᠢᠭᠤᠯᠤᠨ᠎ᠠ᠃ | ᠬᠤᠳᠠᠯᠳᠤᠭ᠎ᠠ ᠠᠷᠠᠯᠵᠢᠶ᠎ᠡ ᠶᠢᠨ ᠪᠤᠳᠠᠰ ᠤᠨ ᠬᠦᠢᠯᠬᠡᠬᠡ ᠶᠢᠨ ᠨᠦᠯᠦᠬᠡᠯᠡᠵᠤ ᠪᠠᠶᠢᠭ᠎ᠠ ᠦᠢᠷ᠎ᠠ ᠬᠠᠪᠢ ᠶᠢᠨ 300 ᠲᠦᠮᠡᠨ ᠬᠦᠮᠦᠨ ᠠᠮᠠ ᠶᠢᠨ ᠬᠠᠷᠠᠯᠳᠠ ᠶᠢᠨ | ᠳᠤᠭᠤᠷᠢᠨ ᠳᠤ ᠦᠢᠯᠡᠴᠢᠯᠡᠬᠡᠨ ᠤ ᠲᠦᠪ ᠤᠨ ᠬᠤᠳᠠ ᠳᠤᠭᠤᠷᠢᠭ᠂ ᠮᠤᠩᠭᠤᠯ᠂ ᠱᠠᠨᠰᠢ ᠬᠦᠷᠰᠢ ᠵᠡᠷᠬᠡᠯᠡᠳᠡᠭᠡ ᠶᠢᠨ ᠭᠠᠵᠠᠷ ᠤᠷᠤᠨ ᠤ ᠬᠤᠳᠠᠯᠳᠤᠭ᠎ᠠ ᠠᠷᠠᠯᠵᠢᠶ᠎ᠠ | ᠶᠢᠨ ᠦᠢᠯᠡᠴᠢᠯᠡᠬᠡᠨ ᠤ ᠲᠦᠪ ᠢ ᠴᠤᠭᠴᠠᠯᠠᠨ᠎ᠠ᠃ ᠬᠤᠳᠠᠯᠳᠤᠭᠠᠨ ᠤ ᠦᠢᠯᠡᠰ ᠤᠨ ᠬᠠᠩᠭᠠᠯᠭ᠎ᠠ ᠶᠢᠨ ᠬᠡᠪ ᠵᠠᠭᠪᠤᠷ ᠤᠨ ᠰᠢᠨ᠎ᠡ ᠶᠢ ᠡᠬᠦᠳᠤᠨ᠂ ᠦᠢᠯᠡᠳᠪᠤᠷᠢᠯᠡᠬᠦ | ᠦᠢᠯᠡᠳᠪᠤᠷᠢ ᠪᠤᠯᠤᠨ ᠬᠤᠳᠠᠯᠳᠤᠭ᠎ᠠ ᠶᠢᠨ ᠰᠢᠭᠤᠳ ᠪᠤᠷᠤᠯᠠᠭᠤᠯᠬᠤ᠂ ᠰᠢᠭᠤᠳ ᠬᠠᠩᠭᠠᠬᠤ ᠬᠠᠷᠢᠴᠠᠭ᠎ᠠ ᠶᠢ ᠪᠠᠶᠢᠭᠤᠯᠤᠨ᠂ ᠤᠨᠴᠠᠯᠢᠭᠳᠤ᠂ ᠵᠠᠬᠢᠶᠠᠯᠠᠭᠰᠠᠨ ᠳᠠᠸᠠᠷ | ᠤᠨ ᠬᠠᠩᠭᠠᠯᠭ᠎ᠠ ᠶᠢᠨ ᠬᠡᠪ ᠵᠠᠭᠪᠤᠷ ᠤᠨ ᠰᠢᠨ᠎ᠡ ᠶᠢ ᠡᠬᠦᠳᠤᠨ᠂ ᠤᠷᠳᠤᠰ ᠤᠨ ᠡᠯᠧᠺᠲᠷᠤᠨ ᠬᠤᠳᠠᠯᠳᠤᠭᠠᠨ ᠤ ᠳᠤᠮᠤ ᠠᠰᠠᠷ ᠢ ᠪᠠᠶᠢᠭᠤᠯᠵᠤ᠂ ᠤᠯᠤᠰ ᠤᠨ ᠳᠡᠰ | ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠬᠤ ᠪᠠᠷ ᠴᠢᠷᠮᠠᠶᠢᠨ᠎ᠠ᠃ ᠳ᠋ᠠ ᠷᠦᠨ ᠹᠠ᠂ ᠸᠠᠨ ᠵᠢᠶᠠ ᠬᠤᠢ | ᠵᠡᠷᠬᠡ 3 ᠬᠤᠳᠠᠯᠳᠤᠭᠠᠨ ᠤ ᠦᠢᠯᠡᠰ ᠤᠨ ᠶᠡᠷᠦᠩᠬᠡᠢ ᠴᠤᠭᠴᠠ ᠶᠢᠨ ᠡᠵᠡᠩᠨᠡᠯᠳᠡ ᠶᠢ ᠲᠦᠪᠯᠡᠷᠡᠬᠦᠯᠦᠨ ᠠᠬᠢᠭᠤᠯᠵᠤ᠂ ᠪᠡᠬᠡᠵᠢᠩ ᠤᠨ ᠠᠮᠢᠳᠠᠨ ᠤ ᠬᠦᠷᠢᠶᠡᠯᠡᠩ ᠤᠨ | ᠬᠤᠪᠴᠠᠰᠤ ᠪᠦᠬᠡᠮ ᠢᠶᠠᠷ ᠪᠤᠷᠤᠯᠠᠭᠤᠯᠬᠤ ᠵᠠᠬ᠎ᠠ ᠳᠡᠯᠬᠡᠬᠦᠷ᠂ ᠳᠠᠮᠤᠷ ᠵᠠᠮ ᠤᠨ ᠪᠠᠷᠠᠭᠤᠨᠳᠡᠬᠢ ᠦᠵᠡᠬᠦᠯᠬᠡ ᠶᠢᠨ ᠠᠭᠤᠳᠠᠮ ᠳᠡᠯᠡᠪᠡᠢ ᠶᠢᠨ ᠡᠵᠡᠩᠨᠡᠯᠳᠡ ᠬᠢᠬᠦ ᠶᠢ | ᠪᠠᠳᠤᠯᠠᠨ᠎ᠠ᠃ ᠬᠤᠳᠠᠯᠳᠤᠭᠠᠨ ᠤ ᠦᠢᠯᠡᠰ ᠤᠨ ᠳᠤᠨᠤᠭ ᠲᠦᠬᠦᠬᠡᠷᠦᠮᠵᠢ ᠶᠢ ᠴᠡᠭᠴᠡᠯᠡᠬᠦ ᠪᠤᠯᠤᠨ ᠬᠤᠳᠠᠯᠳᠤᠭᠠᠨ ᠤ ᠳᠤᠭᠤᠷᠢᠭ ᠢ ᠳᠠᠬᠢᠨᠳᠠ ᠪᠠᠶᠢᠭᠤᠯᠬᠤ | ᠢᠨᠵᠧᠨᠧᠷᠢᠩ ᠢ ᠠᠬᠢᠭᠤᠯᠤᠨ᠂ 3 ᠶᠡᠭᠡ ᠭᠤᠤᠯᠳᠠᠯᠭᠠᠳᠤ ᠬᠤᠳᠠᠯᠳᠤᠭᠠᠨ ᠤ ᠳᠤᠭᠤᠷᠢᠭ ᠢ ᠦᠬᠡᠷᠡᠴᠢᠯᠡᠨ ᠵᠠᠰᠠᠵᠤ ᠳᠡᠬᠡᠭᠰᠢᠯᠡᠬᠦᠯᠦᠨ᠂ 6 ᠬᠤᠳᠠᠯᠳᠤᠭᠠᠨ ᠤ ᠵᠡᠬᠡᠯᠢ | ᠶᠢᠨ ᠳᠤᠭᠤᠷᠢᠭ ᠢ ᠦᠪᠡᠷᠮᠢᠴᠡ ᠤᠨᠴᠠᠯᠢᠭ ᠲᠠᠢ ᠪᠠᠷ ᠪᠠᠶᠢᠭᠤᠯᠵᠤ᠂ ᠵᠠᠬ᠎ᠠ ᠳᠡᠯᠬᠡᠬᠦᠷᠴᠢᠯᠡᠭᠰᠡᠨ᠂ 50 ᠲᠦᠮᠡᠨ ᠳᠡᠭᠰᠢ ᠲᠦᠷᠪᠡᠯᠵᠢᠨ ᠮᠧᠲᠷ ᠤᠨ ᠰᠤᠯᠠ | ᠬᠤᠳᠠᠯᠳᠤᠭᠠᠨ ᠤ ᠦᠢᠯᠡᠰ ᠢ ᠠᠮᠢᠵᠢᠷᠠᠭᠤᠯᠤᠨ᠂5 ᠳᠤᠮᠤ ᠬᠡᠯᠪᠡᠷᠢ ᠶᠢᠨ ᠶᠡᠷᠦᠩᠬᠡᠢ ᠪᠤᠳᠠᠰ ᠤᠨ ᠬᠦᠢᠯᠬᠡᠬᠡ ᠶᠢᠨ ᠠᠵᠤ ᠠᠬᠤᠶᠢᠯᠠᠯ ᠢ ᠭᠤᠤᠯᠳᠠᠯᠭ᠎ᠠ ᠲᠠᠢ ᠪᠠᠷ | ᠪᠤᠶᠢᠵᠢᠭᠤᠯᠤᠨ᠂ ᠲᠦᠩ ᠴᠤᠸᠠᠨ ᠤ ᠵᠢᠯ ᠳᠤ 92 ᠲᠦᠮᠡᠨ ᠰᠡᠤᠷᠢ ᠭᠠᠷ ᠳᠠᠮᠵᠢᠭᠰᠠᠨ ᠮᠠᠰᠢᠨ ᠳᠡᠷᠬᠡ ᠠᠷᠠᠯᠵᠢᠶᠠᠯᠠᠬᠤ ᠵᠠᠬ᠎ᠠ ᠳᠡᠯᠬᠡᠬᠦᠷ ᠢ ᠡᠬᠢᠯᠡᠬᠦᠯᠵᠤ᠂ 400 | ᠲᠦᠮᠡᠨ ᠳᠤᠨ ᠤ ᠤᠷᠳᠤᠰ ᠤᠨ ᠪᠤᠳᠠᠰ ᠤᠨ ᠬᠦᠢᠯᠬᠡᠬᠡᠨ ᠤ ᠰᠠᠭᠤᠷᠢ ᠪᠠᠶᠢᠭᠤᠯᠤᠯᠳᠠ ᠶᠢ ᠬᠢᠵᠤ᠂ ᠬᠤᠳᠠᠯᠳᠤᠭ᠎ᠠ ᠠᠷᠠᠯᠵᠢᠶ᠎ᠡ ᠶᠢᠨ ᠪᠤᠳᠠᠰ ᠤᠨ ᠬᠦᠢᠯᠬᠡᠬᠡᠨ ᠤ | ᠦᠢᠯᠡᠰ ᠤᠨ 20 ᠳ᠋ᠦᠩᠰᠢᠭᠤᠷ ᠲᠦᠬᠦᠷᠢᠭ ᠤᠨ ᠦᠷᠳᠡᠭ ᠢ ᠳᠠᠪᠠᠭᠤᠯᠤᠨ ᠪᠡᠶᠡᠯᠡᠬᠦᠯᠤᠨ᠎ᠡ᠃ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ ᠪᠤᠯᠪᠠᠰᠤᠷᠠᠯ | ᠤᠨ ᠰᠠᠭᠤᠷᠢᠨ ᠭᠠᠵᠠᠷ ᠢ ᠪᠠᠶᠢᠭᠤᠯᠵᠤ᠂ ᠮᠡᠷᠬᠡᠵᠢᠯ ᠴᠢᠳᠠᠪᠤᠷᠢ ᠬᠤᠤᠰᠯᠠᠭᠰᠠᠨ ᠴᠢᠬᠤᠯᠠ ᠰᠠᠭᠤᠷᠢᠨ ᠭᠠᠵᠠᠷ ᠢ ᠢᠳᠡᠭ ᠢᠳᠡᠭ ᠢᠶᠠᠷ ᠪᠦᠳᠦᠬᠡᠨ ᠪᠠᠶᠢᠭᠤᠯᠤᠨ᠎ᠠ᠃ | ᠬᠡᠷᠡᠭᠯᠡᠭᠴᠢᠳ ᠤᠨ ᠤᠷᠮ᠎ᠠ ᠪᠠᠬ᠎ᠠ ᠶᠢ ᠳᠠᠳᠠᠵᠤ᠂ ᠤᠯᠠᠨ ᠳᠠᠯ᠎ᠠ ᠪᠠᠷ᠂ ᠦᠪᠡᠷᠮᠢᠴᠡ ᠤᠨᠴᠠᠯᠢᠭ ᠲᠠᠢ᠂ ᠦᠢᠯᠠᠭᠠᠯᠳᠠ ᠶᠢᠨ ᠮᠠᠶ᠋ᠢᠭ ᠤᠨ ᠬᠡᠷᠡᠭᠯᠡᠬᠡᠨ ᠤ ᠱᠠᠭᠠᠷᠳᠠᠯᠭ᠎ᠠ | ᠶᠤᠰᠤᠭᠠᠷ᠂ ︽ᠦᠳᠡᠰᠢ ᠶᠢᠨ ᠠᠵᠤ ᠠᠬᠤᠢ︾ ᠪᠤᠯᠤᠨ ︽ᠪᠠᠶᠠᠷ ᠤᠨ ᠡᠳᠤᠷ ᠤᠨ ᠠᠵᠤ ᠠᠬᠤᠢ︾ ᠶᠢ ᠶᠡᠬᠡᠪᠡᠷ ᠬᠦᠭᠵᠢᠬᠦᠯᠦᠨ᠂ ᠵᠢᠷᠭᠤᠭᠠᠨ ᠶᠡᠭᠡ ᠭᠤᠤᠯ | ᠰᠡᠳᠤᠪᠳᠤ ᠬᠡᠷᠡᠭᠯᠡᠬᠡᠨ ᠤ ᠠᠵᠢᠯᠯᠠᠭ᠎ᠠ ᠶᠢ ᠪᠤᠢ ᠪᠤᠯᠭᠠᠵᠤ᠂ ︽ᠠᠮᠠᠷᠠᠯᠳᠠ ᠶᠢᠨ ᠳᠡᠯᠬᠡᠨ ᠪᠤᠷᠤᠯᠠᠭᠤᠯᠤᠯᠳᠠ︾᠂ ︽ᠨᠡᠷᠡᠳᠤ ᠳᠡᠮᠳᠡᠭ ᠤᠨ ᠪᠤᠷᠤᠯᠠᠭᠤᠯᠭ᠎ᠠ ᠶᠢ | ᠠᠬᠢᠭᠤᠯᠬᠤ︾ ᠵᠡᠷᠬᠡ ᠡᠯ᠎ᠡ ᠲᠦᠷᠦᠯ ᠤᠨ ᠡᠵᠡᠩᠨᠡᠯᠳᠡ ᠪᠤᠷᠤᠯᠠᠭᠤᠯᠬᠤ ᠠᠵᠢᠯᠯᠠᠭ᠎ᠠ ᠶᠢ ᠡᠬᠢᠯᠡᠬᠦᠯᠵᠤ᠂ ᠳᠤᠭᠤᠷᠢᠭᠴᠢᠯᠠᠭᠰᠠᠨ ᠰᠡᠳᠬᠢᠯ ᠠᠮᠤᠷ ᠬᠡᠷᠡᠭᠯᠡᠬᠡᠨ ᠤ | ᠦᠢᠯᠡᠴᠢᠯᠡᠬᠡᠨ ᠤ ᠵᠢᠱᠢᠶᠡᠴᠢ ᠳᠤᠭᠤᠷᠢᠭ ᠢ ᠪᠦᠳᠦᠬᠡᠨ ᠪᠠᠶᠢᠭᠤᠯᠤᠨ᠎ᠠ᠃ | ︵ᠭᠤᠷᠪᠠ︶ ᠠᠵᠤ ᠦᠢᠯᠡᠳᠪᠤᠷᠢ ᠶᠢᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠷᠬᠡᠳᠬᠡᠨ᠂ ᠠᠵᠤ ᠦᠢᠯᠡᠳᠪᠤᠷᠢ ᠶᠢᠨ ᠠᠵᠤ ᠠᠬᠤᠢ ᠶᠢᠨ ᠦᠷ᠎ᠡ | ᠪᠦᠳᠦᠮᠵᠢ ᠶᠢ ᠪᠦᠬᠦ ᠳᠠᠯ᠎ᠠ ᠪᠠᠷ ᠳᠡᠬᠡᠭᠰᠢᠯᠡᠬᠦᠯᠦᠨ᠎ᠡ᠃ ᠠᠵᠤ ᠦᠢᠯᠡᠳᠪᠤᠷᠢ ᠪᠤᠯ ᠠᠵᠤ ᠠᠬᠤᠢ ᠶᠢᠨ ᠳᠤᠭᠳᠠᠭᠤᠨ ᠦᠰᠦᠯᠳᠡ ᠶᠢ ᠳᠠᠭᠠᠭᠤᠯᠬᠤ ᠴᠢᠬᠤᠯᠠ | ᠬᠦᠳᠡᠯᠬᠡᠬᠦᠷ ᠮᠦᠨ᠂ ᠠᠵᠤ ᠦᠢᠯᠡᠳᠪᠤᠷᠢ ᠶᠢᠨ ᠠᠵᠤ ᠠᠬᠤᠢ ᠶᠢ ᠲᠦᠷᠢᠮᠵᠢᠭᠰᠡᠨ᠂ ᠦᠨᠳᠤᠷ ᠳᠡᠰᠵᠢᠭᠰᠡᠨ ᠬᠦᠭᠵᠢᠯᠳᠡ ᠲᠠᠢ ᠪᠠᠶᠢᠬᠤ ᠶᠢ ᠪᠠᠳᠤᠯᠠᠵᠤ᠂ ᠠᠵᠤ | ᠠᠬᠤᠢ ᠶᠢᠨ ᠰᠠᠭᠤᠷᠢ ᠶᠢ ᠳᠠᠰᠤᠷᠠᠯᠳᠠ ᠦᠬᠡᠢ ᠪᠠᠬᠢᠵᠢᠬᠦᠯᠦᠨ᠎ᠡ᠃ | ᠤᠯᠠᠮᠵᠢᠯᠠᠯᠳᠤ ᠠᠵᠤ ᠦᠢᠯᠡᠳᠪᠤᠷᠢ ᠶᠢ ᠳᠤᠮᠳᠠ ᠦᠨᠳᠤᠷ ᠳᠡᠰᠵᠢᠭᠰᠡᠨ ᠠᠵᠤ ᠦᠢᠯᠡᠳᠪᠤᠷᠢ ᠵᠦᠭ ᠬᠦᠳᠦᠯᠦᠨᠡ᠃ ︽ᠤᠷᠳᠤᠰ ᠢᠮᠠᠭᠠᠨ ᠨᠤᠯᠤᠤᠷ ᠪᠦᠬᠦ | ᠳᠡᠯᠡᠬᠡᠢ ᠢ ᠳᠤᠯᠠᠭᠠᠴᠠᠭᠤᠯᠤᠨ᠎ᠠ︾ ᠬᠡᠬᠦ ᠤᠷᠢᠶ᠎ᠠ ᠢ ᠨᠡᠩ ᠦᠨᠳᠤᠷ ᠴᠤᠤᠷᠢᠶᠠᠳᠤᠭᠤᠯᠵᠤ᠂ ᠨᠤᠯᠤᠤᠷ ᠤᠨ ᠨᠡᠬᠡᠮᠡᠯ ᠤᠨ ᠪᠦᠳᠦᠬᠡᠭᠳᠡᠬᠦᠨ ᠤ ᠬᠦᠭᠵᠢᠯᠳᠡ ᠶᠢᠨ | ᠲᠦᠰᠦᠪ ᠢ ᠳᠠᠰᠤᠷᠠᠯᠳᠠ ᠦᠬᠡᠢ ᠲᠦᠯᠬᠢᠨ ᠠᠬᠢᠭᠤᠯᠵᠤ᠂ ᠤᠷᠳᠤᠰ ᠪᠦᠯᠦᠭᠯᠡᠯ ᠢᠶᠠᠷ ᠳᠤᠯᠤᠭᠠᠶᠢᠯᠠᠭᠴᠢ ᠪᠤᠯᠭᠠᠵᠤ᠂ ᠨᠡᠷᠡᠳᠤ ᠳᠡᠮᠳᠡᠭ ᠢ ᠪᠦᠷᠢᠯᠳᠦᠬᠦᠯᠬᠦ ᠲᠦᠷᠦ | ᠶᠢᠨ ᠪᠤᠳᠤᠯᠭ᠎ᠠ ᠶᠢ ᠬᠡᠷᠡᠭᠵᠢᠬᠦᠯᠦᠨ᠂ ᠤᠶᠤᠨᠳᠤ ᠴᠢᠳᠠᠪᠬᠢ ᠶᠢᠨ ᠦᠢᠯᠡᠳᠪᠤᠷᠢᠯᠡᠯ᠂ ᠮᠡᠷᠬᠡᠵᠢᠯ ᠤᠨ ᠰᠢᠪᠳᠤᠯᠤᠯᠳᠠ᠂ ᠰᠤᠷᠠᠭ ᠵᠠᠩᠬᠢᠴᠢᠯᠠᠯᠳᠠ ᠶᠢᠨ | ᠦᠢᠯᠡᠳᠪᠤᠷᠢᠯᠡᠯ ᠵᠡᠷᠬᠡ 5 ᠰᠢᠨ᠎ᠡ ᠳᠡᠰᠵᠢᠭᠰᠡᠨ ᠲᠦᠷᠦᠯ ᠵᠦᠢᠯ ᠳᠤ1.4 ᠳ᠋ᠦᠩᠰᠢᠭᠤᠷ ᠤᠨ ᠪᠡᠯᠡ ᠮᠦᠩᠬᠦ ᠤᠷᠤᠭᠤᠯᠤᠨ᠎ᠠ᠃ ᠰᠤᠷᠠᠭ ᠵᠠᠩᠬᠢᠴᠢᠯᠠᠯᠳᠠ᠂ | ᠤᠨᠤᠭᠠᠷᠠᠭᠤᠯᠤᠯᠳᠠ᠂ ᠲᠦᠷᠢᠮᠵᠢᠭᠰᠡᠨ ᠬᠦᠭᠵᠢᠬᠦᠯᠦᠯᠳᠡ ᠶᠢᠨ ᠬᠢᠷᠢ ᠲᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠦᠨ᠎ᠡ᠃ ᠪᠦᠬᠦ ᠵᠢᠯ ᠳᠤ450 ᠲᠦᠮᠡᠨ ᠬᠡᠰᠡᠭ | ᠨᠤᠯᠤᠤᠷ ᠤᠨ ᠨᠡᠬᠡᠮᠡᠯ ᠤᠨ ᠪᠤᠷᠤᠯᠠᠭᠤᠯᠭ᠎ᠠ ᠶᠢ ᠪᠡᠶᠡᠯᠡᠬᠦᠯᠵᠤ᠂100 ᠳ᠋ᠦᠩᠰᠢᠭᠤᠷ ᠲᠦᠬᠦᠷᠢᠭ ᠤᠨ ᠡᠵᠡᠩᠨᠡᠯᠳᠡ ᠪᠤᠷᠤᠯᠠᠭᠤᠯᠭ᠎ᠠ ᠶᠢ ᠳᠠᠪᠠᠭᠤᠯᠤᠨ ᠪᠡᠶᠡᠯᠡᠬᠦᠯᠦᠨ᠎ᠡ᠃ | ᠵᠧᠵᠢᠶᠠᠩ᠂ ᠹᠦᠵᠢᠶᠡᠨ ᠵᠡᠷᠬᠡ ᠭᠠᠵᠠᠷ ᠤᠷᠤᠨ ᠤ ᠬᠤᠪᠴᠠᠰᠤ ᠪᠤᠯᠪᠠᠰᠤᠷᠠᠭᠤᠯᠬᠤ ᠦᠢᠯᠡᠳᠪᠤᠷᠢᠯᠡᠯ ᠤᠨ5 ᠠᠴᠠ ᠳᠡᠬᠡᠭᠰᠢᠬᠢ ᠶᠢ ᠠᠵᠤ ᠠᠬᠤᠶᠢᠯᠠᠯ ᠢ ᠨᠡᠬᠡᠮᠡᠯ ᠤᠨ | ᠳᠤᠭᠤᠷᠢᠭ ᠲᠤ ᠤᠷᠤᠭᠤᠯᠵᠤ᠂ ᠤᠷᠳᠤᠰ ᠤᠯᠠᠨ ᠤᠯᠤᠰ ᠤᠨ ᠢᠮᠠᠭᠠᠨ ᠨᠤᠯᠤᠤᠷ ᠤᠨ ᠳᠡᠯᠬᠡᠨ ᠦᠵᠡᠬᠦᠯᠦᠯᠬᠡ ᠶᠢᠨ ᠬᠤᠷᠠᠯ ᠢ ᠦᠷᠬᠦᠯᠵᠢ ᠶᠢᠨ ᠴᠢᠨᠠᠷ ᠲᠠᠢ | ᠶᠠᠪᠤᠭᠳᠠᠭᠤᠯᠵᠤ᠂ ᠬᠤᠷᠠᠯ ᠢᠶᠠᠷ ᠬᠤᠳᠠᠯᠳᠤᠭ᠎ᠠ ᠶᠢ ᠠᠬᠢᠭᠤᠯᠤᠨ᠂ ᠬᠤᠷᠠᠯ ᠢᠶᠠᠷ ᠬᠤᠳᠠᠯᠳᠤᠭ᠎ᠠ ᠶᠢ ᠤᠷᠢᠨ᠂ ᠬᠤᠷᠠᠯ ᠢᠶᠠᠷ ᠳᠤᠭᠤᠷᠢᠭ ᠢ ᠮᠠᠨᠳᠤᠭᠤᠯᠵᠤ᠂ ᠳᠤᠮᠳᠠ | ᠪᠠᠭ᠎ᠠ ᠨᠡᠬᠡᠮᠡᠯ ᠤᠨ ᠳᠤᠭᠤᠷᠢᠭ ᠤᠨ ᠬᠦᠴᠦᠨ ᠢ ᠲᠦᠪᠯᠡᠷᠡᠬᠦᠯᠦᠨ᠂ ︽ᠳᠤᠮᠳᠠᠳᠤ ᠤᠯᠤᠰ ᠤᠨ ᠢᠮᠠᠭᠠᠨ ᠨᠤᠯᠤᠤᠷ ᠤᠨ ᠨᠡᠷᠡᠳᠤ ᠬᠤᠳᠠ︾ ᠪᠤᠯᠤᠨ ︽ᠪᠦᠬᠦ | ᠤᠯᠤᠰ ᠤᠨ ᠢᠮᠠᠭᠠᠨ ᠨᠤᠯᠤᠤᠷ ᠤᠨ ᠨᠡᠷᠡᠳᠤ ᠪᠠᠯᠭᠠᠰᠤ︾ ᠶᠢ ᠲᠦᠷᠬᠡᠨ ᠡᠬᠦᠳᠤᠨ ᠪᠠᠶᠢᠭᠤᠯᠤᠨ᠎ᠠ᠃ ︽ᠤᠷᠳᠤᠰ ᠨᠡᠬᠦᠷᠡᠰᠤ︾ ᠬᠡᠬᠦ ᠨᠡᠷᠡᠳᠤ ᠳᠡᠮᠳᠡᠭ ᠢ | ᠲᠦᠰᠢᠭᠯᠡᠨ᠂ ᠨᠡᠬᠦᠷᠡᠰᠤ ᠴᠡᠪᠡᠷᠰᠢᠬᠦᠯᠬᠦ ᠨᠡᠷᠡᠳᠤ ᠳᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠂ ᠨᠡᠬᠦᠷᠡᠰᠤᠨ ᠤ ᠴᠢᠨᠠᠷ᠂ ᠳᠡᠰ ᠬᠤᠪᠢᠶᠠᠬᠤ ᠶᠢ | ᠠᠰᠢᠭᠯᠠᠨ᠂ ᠳᠤᠤᠷ᠎ᠠ ᠬᠠᠯᠠᠭᠤᠨ ᠤ ᠬᠡᠮᠵᠢᠭᠳᠡᠯᠳᠤ ᠨᠡᠬᠦᠷᠡᠰᠤᠨ ᠤ ᠴᠢᠨᠠᠷ ᠢ ᠳᠡᠬᠡᠭᠰᠢᠯᠡᠬᠦᠯᠬᠦ᠂ ᠬᠢᠮᠢ ᠶᠢᠨ ᠨᠡᠬᠦᠷᠡᠰᠤ ᠶᠢ ᠨᠡᠬᠡᠬᠡᠨ ᠰᠤᠳᠤᠯᠬᠤ᠂ ᠬᠡᠯᠪᠡᠷᠢᠳᠤ | ᠨᠡᠬᠦᠷᠡᠰᠤ ᠶᠢ ᠪᠤᠯᠪᠠᠰᠤᠷᠠᠭᠤᠯᠬᠤ ᠳᠤᠭᠤᠷᠢᠨ ᠳᠤ᠂ ᠨᠡᠬᠦᠷᠡᠰᠤᠨ ᠤ ᠶᠠᠰᠤ ᠴᠢᠨᠠᠷ ᠢ ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠲᠦᠷᠬᠡᠳᠬᠡᠨ᠂ ᠡᠨᠡ ᠵᠢᠯ ᠤᠨ | ᠨᠡᠬᠦᠷᠡᠰᠤ ᠤᠬᠢᠶᠠᠵᠤ ᠰᠤᠩᠭᠤᠬᠤ ᠨᠤᠷᠮ᠎ᠠ ᠶᠢ 10% ᠪᠠᠷ ᠨᠡᠮᠡᠭᠳᠡᠬᠦᠯᠦᠨ᠎ᠡ᠃ ᠡᠨᠡ ᠵᠢᠯ ᠳᠤ ᠬᠤᠪᠢᠶᠠᠷᠢ ᠨᠢᠬᠡᠳᠤᠬᠡᠷ ᠨᠡᠬᠦᠷᠡᠰᠤᠨ ᠠᠭᠤᠷᠬᠠᠢ᠂ ᠬᠤᠶᠠᠳᠤᠭᠠᠷ | ᠨᠡᠬᠦᠷᠡᠰᠤᠨ ᠠᠭᠤᠷᠬᠠᠢ ᠪᠤᠯᠤᠨ ᠪᠤᠷᠵᠠᠩ ᠨᠠᠭᠤᠷ᠂ ᠳᠠᠯ᠎ᠠ ᠶᠢᠨ ᠬᠤᠭᠤᠯᠠᠢ ᠵᠡᠷᠬᠡ 4 ᠰᠠᠭᠤᠷᠢ ᠨᠡᠬᠦᠷᠡᠰᠤᠨ ᠠᠭᠤᠷᠬᠠᠢ ᠶᠢᠨ ᠦᠢᠯᠡᠳᠪᠤᠷᠢᠯᠡᠯ ᠳᠤ ᠪᠡᠯᠡ | ᠤᠷᠤᠭᠤᠯᠬᠤ ᠶᠢ ᠪᠠᠳᠤᠯᠠᠵᠤ᠂ ᠪᠦᠬᠦ ᠵᠢᠯ ᠤᠨ ᠨᠡᠬᠦᠷᠡᠰᠤ ᠦᠢᠯᠡᠳᠪᠤᠷᠢᠯᠡᠵᠤ ᠪᠤᠷᠤᠯᠠᠭᠤᠯᠬᠤ ᠬᠡᠮᠵᠢᠶ᠎ᠡ ᠶᠢ 6500 ᠲᠦᠮᠡᠨ ᠲᠤᠨ ᠳᠤ ᠬᠦᠷᠬᠡᠵᠤ᠂ ᠨᠡᠬᠦᠷᠡᠰᠤᠨ ᠤ | ᠡᠯᠧᠺᠲᠷᠤᠨ ᠬᠤᠳᠠᠯᠳᠤᠭᠠᠨ ᠤ ᠬᠡᠮᠵᠢᠶ᠎ᠡ ᠢ 105 ᠳ᠋ᠦᠩᠰᠢᠭᠤᠷ ᠳᠤᠨ ᠢ ᠳᠠᠪᠠᠭᠤᠯᠤᠨ᠎ᠠ᠃ ᠰᠢᠤᠸᠠᠢ ᠵᠦᠩ ᠴᠢᠩ ᠪᠤᠬᠢᠷᠳᠤᠯ ᠦᠬᠡᠢ ᠨᠡᠬᠦᠷᠡᠰᠤ᠂ ᠪᠤᠷᠵᠠᠩ | ᠨᠠᠭᠤᠷ ᠤᠨ ᠴᠢ ᠲᠢᠶᠡᠨ ᠵᠡᠷᠬᠡ ᠳᠠᠪᠤᠨ ᠵᠦᠢᠯ ᠤᠨ ᠪᠠᠶᠢᠭᠤᠯᠤᠯᠳᠠ ᠳᠤ16 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠎ᠠ᠃ ᠤᠷᠳᠤᠰ ᠠᠷᠢᠬᠢᠨ ᠦᠢᠯᠡᠰ | ᠤᠨ ᠬᠦᠷᠢᠶᠡᠯᠡᠩ ᠳᠤᠭᠤᠷᠢᠭ᠂ ᠠᠷᠢᠬᠢᠨ ᠰᠤᠶᠤᠯ ᠤᠨ ᠵᠡᠬᠡᠯᠢ ᠪᠤᠯᠤᠨ ᠠᠷᠢᠬᠢᠨ ᠰᠤᠶᠤᠯ ᠤᠨ ᠮᠦᠽᠸᠢ ᠶᠢ ᠢᠳᠡᠭ ᠢᠳᠡᠭ ᠢᠶᠠᠷ ᠡᠬᠢᠯᠡᠬᠦᠯᠦᠨ᠎ᠡ᠃ ᠲᠢᠶᠡᠨ ᠵᠢᠶᠤᠤ᠂ | ᠦᠨᠳᠦᠷᠯᠢᠭ ᠤᠨ ᠵᠢᠮᠢᠰ ᠠᠷᠢᠬᠢᠨ ᠦᠢᠯᠡᠰ ᠤᠨ ᠬᠦᠷᠢᠶᠡᠯᠡᠩ ᠳᠤᠭᠤᠷᠢᠭ᠂ ᠠᠷᠢᠬᠢᠨ ᠰᠤᠶᠤᠯ ᠤᠨ ᠵᠡᠬᠡᠯᠢ ᠪᠤᠯᠤᠨ ᠠᠷᠢᠬᠢᠨ ᠰᠤᠶᠤᠯ ᠤᠨ ᠮᠦᠽᠴᠢ ᠶᠢ ᠢᠳᠡᠭ | ᠢᠳᠡᠭ ᠢᠶᠠᠷ ᠡᠬᠢᠯᠡᠬᠦᠯᠦᠨ᠎ᠡ᠃ ᠲᠢᠶᠡᠨ ᠵᠢᠶᠤᠤ᠂ ᠦᠨᠳᠦᠷᠯᠢᠭ ᠤᠨ ᠵᠢᠮᠢᠰ ᠵᠡᠷᠬᠡ ᠴᠡᠴᠡᠷᠭᠠᠨᠠ ᠶᠢᠨ ᠨᠡᠷᠡᠳᠤ ᠳᠡᠮᠳᠡᠭᠳᠤ ᠠᠵᠤ ᠦᠢᠯᠡᠰ ᠢ ᠰᠢᠨ᠎ᠡ ᠪᠦᠳᠦᠬᠡᠭᠳᠡᠬᠦᠨ | ᠤ ᠰᠤᠳᠤᠯᠤᠨ ᠨᠡᠬᠡᠬᠡᠯᠳᠡ᠂ ᠨᠡᠷ᠎ᠡ ᠳᠡᠮᠳᠡᠭᠵᠢᠭᠰᠡᠨ ᠡᠵᠡᠩᠨᠡᠨ ᠪᠤᠷᠤᠯᠠᠭᠤᠯᠤᠯᠳᠠ᠂ ᠲᠦᠷᠢᠮᠵᠢᠭᠰᠡᠨ ᠬᠦᠭᠵᠢᠬᠦᠯᠦᠯᠳᠡ ᠳᠡᠰᠢ ᠬᠦᠳᠦᠯᠦᠨᠡ᠃ | ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠢ ᠲᠦᠷᠢᠮᠵᠢᠬᠦᠯᠦᠨ ᠦᠷᠬᠡᠳᠬᠡᠨ᠎ᠡ᠃ ᠠᠵᠤ ᠦᠢᠯᠡᠰ ᠵᠠᠭᠤᠨ ᠳ᠋ᠦᠩᠰᠢᠭᠤᠷ ᠢ ᠳᠠᠪᠠᠭᠤᠯᠬᠤ᠂ ᠬᠦᠷᠢᠶᠡᠯᠡᠩ | ᠳᠤᠭᠤᠷᠢᠭ ᠮᠢᠩᠭᠠᠨ ᠳ᠋ᠦᠩᠰᠢᠭᠤᠷ ᠢ ᠳᠠᠪᠠᠭᠤᠯᠬᠤ ᠬᠠᠷᠠᠯᠳᠠ ᠶᠢᠨ ᠳᠤᠭᠤᠷᠢᠨ ᠳᠤ᠂ ᠳᠤᠨᠤᠭ ᠲᠦᠬᠦᠬᠡᠷᠦᠮᠵᠢ ᠦᠢᠯᠡᠳᠬᠦ ᠰᠠᠭᠤᠷᠢᠨ ᠭᠠᠵᠠᠷ ᠤᠨ ᠭᠤᠤᠯᠯᠠᠭᠴᠢ | ᠠᠵᠤ ᠦᠢᠯᠡᠰ ᠢ ᠲᠦᠷᠬᠡᠨ ᠬᠤᠷᠳᠤᠴᠠ ᠪᠠᠷ ᠰᠠᠶᠢᠳᠤᠷ ᠬᠢᠨ᠎ᠡ᠃ ᠴᠢ ᠷᠦᠢ᠂ ᠵᠢᠩ ᠳ᠋ᠦᠩ ᠹᠠᠩ ᠬᠤᠶᠠᠷ ᠳᠤᠯᠤᠭᠠᠶᠢᠯᠠᠭᠴᠢ ᠲᠦᠷᠦᠯ ᠵᠦᠢᠯ ᠢ ᠲᠦᠰᠢᠭᠯᠡᠨ᠂ | ᠦᠢᠯᠡᠳᠬᠦᠨ ᠤ ᠡᠨᠧᠷᠬᠢ ᠶᠢ ᠦᠷᠬᠡᠳᠬᠡᠨ᠂ ᠪᠦᠷᠢᠨ ᠢᠵᠢ ᠠᠵᠤ ᠠᠬᠤᠶᠢᠯᠠᠯ ᠢ ᠤᠷᠢᠨ ᠠᠪᠬᠤ ᠲᠦᠷᠦ ᠶᠢᠨ ᠪᠤᠳᠤᠯᠭ᠎ᠠ ᠶᠢ ᠭᠠᠷᠭᠠᠵᠤ᠂ ᠢᠰᠷᠧᠯ ᠪᠦᠯᠦᠭᠯᠡᠯ ᠢ | ᠬᠦᠷᠢᠶᠡᠯᠡᠩ ᠳᠤ ᠤᠷᠤᠭᠤᠯᠵᠤ ᠪᠡᠯᠡ ᠤᠷᠤᠭᠤᠯᠬᠤ ᠶᠢ ᠪᠡᠶᠡᠯᠡᠬᠦᠯᠦᠨ᠂ ᠭᠤᠸᠠᠨ ᡁᠢ ᠰᠢᠨ᠎ᠡ ᠡᠨᠧᠷᠬᠢ ᠶᠢᠨ ᠮᠠᠰᠢᠨ᠂ ᠴᠢ ᠷᠦᠢ ᠤᠶᠤᠨᠳᠤ ᠮᠠᠰᠢᠨ ᠤ ᠲᠦᠷᠦᠯ | ᠵᠦᠢᠯ ᠢ ᠳᠡᠮᠡᠴᠡᠨ ᠤᠯᠵᠤ᠂ ᠮᠠᠰᠢᠨ ᠳᠡᠷᠬᠡᠨ ᠤ ᠢᠵᠢ ᠲᠦᠬᠦᠬᠡᠷᠦᠮᠵᠢᠳᠤ ᠲᠦᠷᠦᠯ ᠵᠦᠢᠯ ᠢ 10 ᠠᠴᠠ ᠳᠡᠬᠡᠭᠰᠢ ᠰᠢᠨ᠎ᠡ ᠪᠠᠷ ᠨᠡᠮᠡᠭᠳᠡᠬᠦᠯᠦᠨ᠂ ᠮᠠᠰᠢᠨ ᠳᠡᠷᠬᠡ ᠶᠢ | ᠦᠢᠯᠡᠳᠪᠤᠷᠢᠯᠡᠵᠤ ᠪᠤᠷᠤᠯᠠᠭᠤᠯᠬᠤ ᠬᠡᠮᠵᠢᠶ᠎ᠡ ᠶᠢ10 ᠲᠦᠮᠡ ᠶᠢ ᠳᠠᠪᠠᠭᠤᠯᠤᠨ᠎ᠠ᠃ ᠵᠢᠩ ᠳ᠋ᠦᠩ ᠹᠠᠩ ᠬᠤᠶᠠᠳᠠᠬᠢ ᠬᠤᠭᠤᠴᠠᠭᠠᠨ ᠤ ᠲᠦᠷᠦᠯ ᠵᠦᠢᠯ ᠠᠰᠢᠭᠯᠠᠯᠳᠠ | ᠳᠤ ᠤᠷᠤᠭᠤᠯᠤᠨ᠂ ᠦᠷ᠎ᠡ ᠪᠦᠳᠦᠮᠵᠢ ᠤᠯᠬᠤ ᠶᠢ ᠳᠡᠳᠬᠦᠨ᠂ ᠵᠢᠩ ᠳ᠋ᠦᠩ ᠹᠠᠩ ᠰᠢᠯ ᠬᠠᠪᠳᠠᠰᠤᠨ ᠵᠠᠭᠪᠤᠷ ᠤᠨ ᠲᠦᠷᠦᠯ ᠵᠦᠢᠯ ᠢ ᠰᠢᠨ᠎ᠡ ᠪᠠᠷ ᠤᠷᠢᠨ | ᠤᠷᠤᠭᠤᠯᠵᠤ᠂ ᠭᠠᠷ ᠤᠳᠠᠰᠤᠨ ᠤ ᠳᠡᠯᠬᠡᠴᠡ ᠶᠢ 500 ᠲᠦᠮᠡᠨ ᠬᠡᠰᠡᠭ ᠪᠤᠷᠤᠯᠠᠭᠤᠯᠬᠤ ᠶᠢ ᠪᠡᠶᠡᠯᠡᠬᠦᠯᠦᠨ᠎ᠡ᠃ ᠵᠢᠤ ᠺᠧ ᠪᠤᠬᠢᠷᠳᠤᠯ ᠦᠬᠡᠢ 15 ᠲᠦᠷᠦᠯ ᠵᠦᠢᠯ | ᠤᠨ ᠪᠠᠶᠢᠭᠤᠯᠤᠯᠳᠠ ᠶᠢ ᠬᠤᠷᠳᠤᠳᠬᠠᠨ᠂ ᠨᠠᠷᠠᠨ ᠡᠨᠧᠷᠬᠢ ᠶᠢᠨ ᠳᠠᠯᠳᠠ ᠬᠡᠷᠡᠯ ᠤᠨ ᠳᠤᠨᠤᠭᠯᠠᠯ᠂ ᠠᠮᠠᠷᠬᠠᠨ ᠳᠤᠯᠠᠭᠠᠴᠠᠳᠠᠭ ᠪᠤᠬᠢᠷᠳᠤᠯ ᠦᠬᠡᠢ ᠡᠨᠧᠷᠬᠢ ᠠᠷᠪᠢᠯᠠᠳᠠᠭ | ᠵᠤᠤᠬ᠎ᠠ ᠶᠢᠨ ᠲᠦᠷᠦᠯ ᠵᠦᠢᠯ ᠤᠨ ᠪᠠᠶᠢᠭᠤᠯᠤᠯᠳᠠ ᠶᠢ ᠠᠰᠢᠭᠯᠠᠯᠳᠠ ᠳᠤ ᠤᠷᠤᠭᠤᠯᠤᠨ᠂ ᠴᠠᠬᠢᠯᠭᠠᠨ ᠬᠦᠴᠦᠨ ᠤ ᠳᠤᠨᠤᠭ ᠲᠦᠬᠦᠬᠡᠷᠦᠮᠵᠢ᠂ ᠪᠢᠳᠤᠷᠶ᠎ᠠ ᠴᠢᠯᠠᠭᠤ | ᠦᠢᠯᠡᠳᠬᠦ ᠵᠡᠷᠬᠡ ᠲᠦᠷᠦᠯ ᠵᠦᠢᠯ ᠶᠢ ᠶᠡᠭᠡ ᠬᠦᠴᠦᠨ ᠢᠶᠠᠷ ᠤᠷᠢᠨ ᠤᠷᠤᠭᠤᠯᠵᠤ᠂ ᠳᠤᠨᠤᠭ ᠲᠦᠬᠦᠬᠡᠷᠦᠮᠵᠢ ᠦᠢᠯᠡᠳᠬᠦ ᠰᠠᠭᠤᠷᠢᠨ ᠭᠠᠵᠠᠷ ᠤᠨ 180 | ᠳ᠋ᠦᠩᠰᠢᠭᠤᠷ ᠲᠦᠬᠦᠷᠢᠭ ᠤᠨ ᠦᠢᠯᠡᠳᠬᠦᠨ ᠤ ᠦᠷᠳᠡᠭ ᠢ ᠪᠡᠶᠡᠯᠡᠬᠦᠯᠬᠦ ᠶᠢ ᠪᠠᠳᠤᠯᠠᠨ᠎ᠠ᠃ | ︵ᠲᠦᠷᠪᠡ︶ ᠰᠤᠷᠠᠭ ᠵᠠᠩᠬᠢᠴᠢᠯᠠᠯᠳᠠ ᠶᠢᠨ ᠬᠦᠨᠵᠡᠬᠡᠢ ᠠᠭᠤᠰᠤᠯᠴᠠᠯ ᠢᠶᠠᠷ ᠰᠢᠪᠳᠤᠯᠤᠯᠳᠠ ᠪᠤᠯᠭᠠᠬᠤ ᠶᠢ ᠠᠬᠢᠭᠤᠯᠤᠨ᠂ ᠢᠨᠲ᠋ᠧᠷ ᠰᠦᠯᠵᠢᠶᠡᠨ ᠤ ᠠᠵᠤ | ᠠᠬᠤᠢ ᠶᠢ ᠶᠡᠬᠡᠪᠡᠷ ᠬᠦᠭᠵᠢᠬᠦᠯᠦᠨ᠎ᠡ᠃ ᠢᠨᠲ᠋ᠧᠷ ᠰᠦᠯᠵᠢᠶᠡᠨ ᠤ ᠰᠡᠳᠬᠢᠴᠡ᠂ ᠶᠡᠭᠡ ᠳᠤᠭ᠎ᠠ ᠪᠠᠷᠢᠮᠳᠠ ᠶᠢᠨ ᠠᠷᠭ᠎ᠠ ᠠᠪᠴᠠᠯ ᠢ ᠬᠡᠷᠡᠭᠯᠡᠨ᠂ ᠨᠢᠬᠡᠳᠤᠯᠳᠡᠢ | ᠲᠦᠯᠦᠪᠯᠡᠨ ᠳᠤᠬᠢᠷᠠᠭᠤᠯᠬᠤ ᠪᠤᠯᠤᠨ ᠦᠨᠳᠤᠷ ᠳᠡᠰ ᠤᠨ ᠲᠦᠯᠦᠪᠯᠡᠭᠡ ᠶᠢ ᠴᠢᠩᠭᠠᠳᠬᠠᠨ᠂ ᠰᠤᠷᠠᠭ ᠵᠠᠩᠬᠢᠴᠢᠯᠠᠯᠳᠠ ᠪᠠᠷ ᠠᠵᠤ ᠠᠬᠤᠢ ᠨᠡᠶᠢᠬᠡᠮ ᠤᠨ ᠬᠦᠭᠵᠢᠯᠳᠡ | ᠳᠤ ᠵᠠᠮᠴᠢᠯᠠᠭᠤᠯᠤᠨ᠂ ︽ᠡᠬᠦᠯᠡᠨᠴᠢᠷ ᠳ᠋ᠦᠩᠱᠧᠩ︾ ᠢ ᠪᠦᠳᠦᠬᠡᠨ ᠪᠠᠶᠢᠭᠤᠯᠤᠨ᠎ᠠ᠃ | ᠳᠠᠪᠴᠠᠩ ᠤᠨ ᠪᠠᠶᠢᠭᠤᠯᠤᠯᠳᠠ ᠶᠢ ᠴᠤᠭᠯᠠᠭᠤᠯᠤᠨ᠂ ᠱᠠᠭᠠᠷᠳᠠᠯᠭ᠎ᠠ ᠬᠠᠩᠭᠠᠵᠤ ᠵᠠᠮ ᠢ ᠨᠡᠬᠡᠨ᠎ᠡ᠃ ᠰᠤᠷᠠᠭ ᠵᠠᠩᠬᠢᠴᠢᠯᠠᠯᠳᠠ ᠶᠢᠨ ᠲᠦᠯᠬᠢᠬᠦ ᠬᠦᠴᠦᠨ ᠢ | ᠠᠰᠢᠭᠯᠠᠵᠤ᠂ ᠪᠦᠳᠦᠴᠡ ᠶᠢᠨ ᠦᠬᠡᠷᠡᠴᠢᠯᠡᠯᠳᠡ ᠳᠤ ᠬᠠᠩᠭᠠᠯᠳᠠ ᠬᠢᠵᠤ᠂ ᠬᠡᠷ ᠪᠠᠶᠢᠰᠢᠩ ᠭᠠᠵᠠᠷ ᠬᠦᠷᠦᠩᠬᠡ᠂ ᠨᠡᠬᠦᠷᠡᠰᠤ᠂ ᠭᠠᠷ ᠳᠠᠮᠵᠢᠭᠰᠠᠨ ᠮᠠᠰᠢᠨ ᠳᠡᠷᠬᠡ᠂ | ᠪᠤᠳᠠᠰ ᠤᠨ ᠬᠦᠢᠯᠬᠡᠬᠡ᠂ ᠵᠢᠭᠤᠯᠴᠢᠯᠠᠯ᠂ ᠠᠭᠤᠷᠬᠠᠢ ᠶᠢᠨ ᠮᠠᠰᠢᠨ ᠵᠡᠷᠬᠡ 28 ᠴᠢᠬᠤᠯᠠ ᠬᠦᠷᠢᠶ᠎ᠡ ᠴᠠᠷ᠎ᠠ ᠳᠠᠬᠢ ᠳᠤᠭ᠎ᠠ ᠪᠠᠷᠢᠮᠳᠠ ᠶᠢ ᠰᠢᠯᠢᠳᠡᠭᠵᠢᠬᠦᠯᠦᠨ | ᠨᠢᠬᠡᠳᠤᠬᠦᠯᠵᠤ᠂ ᠳᠤᠭ᠎ᠠ ᠪᠠᠷᠢᠮᠳᠠ ᠶᠢ ᠬᠠᠮᠳᠤᠪᠠᠷ ᠡᠳ᠋ᠯᠡᠬᠦ ᠶᠢ ᠪᠡᠶᠡᠯᠡᠬᠦᠯᠵᠤ᠂ ᠠᠵᠤ ᠦᠢᠯᠡᠰ ᠤᠨ ᠦᠬᠡᠷᠡᠴᠢᠯᠡᠯᠳᠡ ᠶᠢᠨ ᠰᠢᠨ᠎ᠡ ᠤᠷᠬᠢᠯ ᠢ ᠪᠤᠢ ᠪᠤᠯᠭᠠᠨ᠎ᠠ᠃ ᠬᠡᠷ | ᠤᠨ ᠪᠢᠯᠧᠲ ᠢ ᠨᠡᠷ᠎ᠡ ᠳᠡᠬᠡᠷ᠎ᠡ ᠪᠠᠨ ᠰᠢᠯᠵᠢᠬᠦᠯᠬᠦ ᠶᠢ ᠲᠦᠷᠬᠡᠳᠬᠡᠨ᠂ ᠬᠤᠳᠠᠯᠳᠤᠭᠠᠨ ᠤ ᠬᠡᠷ ᠪᠠᠶᠢᠰᠢᠩ ᠤᠨ ᠰᠦᠯᠵᠢᠶᠡᠨ ᠳᠡᠬᠡᠷ᠎ᠡ ᠠᠷᠠᠯᠵᠢᠶᠠᠯᠠᠬᠤ ᠳᠠᠪᠴᠠᠩ ᠢ | ᠪᠠᠶᠢᠭᠤᠯᠵᠤ᠂ ᠬᠡᠷ ᠪᠠᠶᠢᠰᠢᠩ ᠭᠠᠵᠠᠷ ᠬᠦᠷᠦᠩᠬᠡ ᠶᠢᠨ ᠨᠦᠬᠡᠴᠡᠯᠡᠭᠰᠡᠨ ᠬᠡᠷ ᠪᠠᠶᠢᠰᠢᠩ ᠢ ᠬᠤᠳᠠᠯᠳᠤᠬᠤ ᠠᠮᠢᠵᠢᠷᠠᠯ ᠤᠨ ᠬᠦᠴᠦᠨ ᠢ ᠳᠠᠰᠤᠷᠠᠯᠳᠠ ᠦᠬᠡᠢ ᠰᠡᠳᠤᠵᠤ᠂ | ᠨᠡᠬᠦᠷᠡᠰᠤ ᠦᠢᠯᠡᠳᠪᠤᠷᠢᠯᠡᠵᠤ ᠪᠤᠷᠤᠯᠠᠭᠤᠯᠬᠤ ᠪᠤᠯᠤᠨ ᠰᠤᠷᠠᠭ ᠵᠠᠩᠬᠢ ᠶᠢᠨ ᠬᠢᠨᠠᠨ ᠬᠠᠮᠢᠶᠠᠷᠤᠯᠳᠠ ᠶᠢᠨ ᠳᠠᠪᠴᠠᠩ ᠢ ᠪᠠᠶᠢᠭᠤᠯᠵᠤ᠂ ᠡᠯ᠎ᠡ ᠲᠦᠷᠦᠯ ᠤᠨ ᠠᠯᠳᠠᠰᠢ | ᠳᠤᠳᠠᠭᠳᠠᠯ ᠢ ᠨᠦᠬᠦᠵᠤ᠂ ᠨᠡᠬᠦᠷᠡᠰᠤᠨ ᠤ ᠵᠠᠬ᠎ᠠ ᠳᠡᠯᠬᠡᠬᠦᠷ ᠤᠨ ᠬᠢᠨᠠᠨ ᠬᠠᠮᠢᠶᠠᠷᠤᠯᠳᠠ ᠶᠢ ᠪᠦᠬᠦ ᠳᠠᠯ᠎ᠠ ᠪᠠᠷ ᠲᠦᠷᠢᠮᠵᠢᠬᠦᠯᠦᠨ ᠴᠢᠩᠭᠠᠳᠬᠠᠨ᠎ᠠ᠃ ᠪᠦᠬᠦ ᠬᠤᠳᠠ | ᠶᠢᠨ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠨᠦᠬᠦᠪᠤᠷᠢ | ᠮᠠᠲ᠋ᠧᠷᠢᠶᠠᠯ ᠤᠨ ᠳᠤᠭᠤᠷᠢᠨ ᠳᠤ ᠡᠯᠧᠺᠲᠷᠤᠨ ᠳᠤᠨᠤᠭ ᠵᠡᠷᠬᠡ ᠪᠤᠳᠠᠰ ᠤᠨ ᠦᠢᠯᠡᠳᠬᠦᠨ ᠢ ᠳᠤᠬᠢᠷᠠᠭᠤᠯᠤᠨ ᠬᠦᠷᠬᠡᠵᠤ᠂ ᠶᠡᠭᠡ ᠬᠡᠮᠵᠢᠶ᠎ᠡ ᠪᠠᠷ ᠠᠵᠤ ᠦᠢᠯᠡᠳᠪᠤᠷᠢ | ᠶᠢᠨ ᠦᠢᠯᠡᠳᠬᠦᠨ ᠪᠤᠯᠤᠨ ᠠᠭᠤᠷᠬᠠᠢ ᠶᠢᠨ ᠮᠠᠰᠢᠨ ᠢ ᠬᠠᠩᠭᠠᠬᠤ ᠳᠠᠪᠴᠠᠩ ᠢ ᠲᠦᠷᠬᠡᠳᠬᠡᠨ᠂ ᠡᠵᠡᠩᠨᠡᠨ ᠪᠤᠷᠤᠯᠠᠭᠤᠯᠬᠤ ᠳᠤᠭ᠎ᠠ ᠶᠢ 50 ᠳ᠋ᠦᠩᠰᠢᠭᠤᠷ ᠲᠦᠬᠦᠷᠢᠭ | ᠢ ᠳᠠᠪᠠᠭᠤᠯᠤᠨ᠎ᠠ᠃ ᠭᠠᠷ ᠳᠠᠮᠵᠢᠭᠰᠠᠨ ᠮᠠᠰᠢᠨ ᠳᠡᠷᠬᠡᠨ ᠤ ᠠᠷᠠᠯᠵᠢᠶ᠎ᠡ ᠶᠢᠨ ᠦᠢᠯᠡᠴᠢᠯᠡᠬᠡᠨ ᠤ ᠳᠠᠪᠴᠠᠩ ᠢ ᠪᠠᠶᠢᠭᠤᠯᠤᠨ᠎ᠠ᠃ ᠠᠷᠠᠯᠵᠢᠶᠡᠨ ᠤ ᠭᠠᠶᠢᠯᠢ ᠶᠢᠨ | ᠰᠦᠢᠳᠬᠡᠯ ᠪᠤᠯᠤᠨ ᠪᠡᠯᠡ ᠮᠦᠩᠬᠦᠨ ᠤ ᠬᠦᠢᠯᠬᠡᠬᠡ ᠶᠢ ᠲᠦᠪᠯᠡᠷᠡᠬᠦᠯᠦᠨ ᠬᠠᠮᠢᠶᠠᠷᠤᠨ᠎ᠠ᠃ ᠪᠤᠳᠠᠰ ᠤᠨ ᠬᠦᠢᠯᠬᠡᠬᠡᠨ ᠤ ᠠᠵᠤ ᠦᠢᠯᠡᠰ ᠤᠨ ᠡᠬᠢ ᠰᠤᠷᠪᠤᠯᠵᠢ ᠶᠢ | ᠨᠢᠬᠡᠳᠤᠬᠦᠯᠵᠤ᠂ ᠪᠤᠳᠠᠰ ᠤᠨ ᠬᠦᠢᠯᠬᠡᠬᠡᠨ ᠤ ᠰᠤᠷᠠᠭ ᠵᠠᠩᠬᠢ ᠶᠢ ᠵᠢᠯᠤᠭᠤᠳᠤᠨ ᠳᠤᠬᠢᠷᠠᠭᠤᠯᠬᠤ ᠦᠢᠯᠡᠴᠢᠯᠡᠬᠡᠨ ᠤ ᠳᠠᠪᠴᠠᠩ ᠢ ᠡᠬᠢᠯᠡᠬᠦᠯᠦᠨ᠎ᠡ᠃ ᠳᠤᠰ ᠭᠠᠵᠠᠷ | ᠲᠤ ᠨᠢ ᠳᠠᠩᠰᠠᠯᠠᠭᠤᠯᠤᠨ ᠭᠠᠶᠢᠯᠢ ᠳᠤᠰᠢᠶᠠᠬᠤ ᠶᠢ ᠵᠠᠮᠴᠢᠯᠠᠵᠤ᠂ ᠪᠤᠳᠠᠰ ᠤᠨ ᠬᠦᠢᠯᠬᠡᠬᠡ ᠶᠢ ᠳᠤᠬᠢᠷᠠᠭᠤᠯᠤᠨ ᠬᠦᠷᠬᠡᠬᠦ ᠨᠠᠷᠢᠯᠢᠭ ᠤᠨ ᠬᠡᠮᠵᠢᠶ᠎ᠡ ᠶᠢ | ᠳᠡᠬᠡᠭᠰᠢᠯᠡᠬᠦᠯᠦᠨ᠎ᠡ᠃ ᠤᠶᠤᠨ ᠪᠢᠯᠢᠭᠳᠦ ᠵᠤᠭᠠᠴᠠᠯ ᠤᠨ ᠬᠤᠳᠠ ᠶᠢ ᠪᠠᠶᠢᠭᠤᠯᠬᠤ ᠳᠤᠭᠤᠷᠢᠨ ᠳᠤ᠂ ᠵᠤᠭᠠᠴᠠᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ | ᠳᠤᠭᠠᠴᠠᠯᠠᠭᠰᠠᠨ ᠳᠠᠪᠴᠠᠩ ᠢ ᠪᠠᠶᠢᠭᠤᠯᠵᠤ᠂ ᠵᠤᠭᠠᠴᠠᠯ ᠤᠨ ᠨᠢᠬᠡ ᠺᠠᠷᠲᠴᠢᠯᠠᠭᠰᠠᠨ ᠳᠠᠰᠤᠯᠤᠨ ᠪᠤᠳᠤᠬᠤ ᠬᠠᠮᠢᠶᠠᠷᠤᠯᠳᠠ ᠶᠢ ᠬᠡᠷᠡᠭᠵᠢᠬᠦᠯᠵᠤ᠂ ᠵᠤᠭᠠᠴᠠᠯ ᠤᠨ | ᠬᠡᠷᠡᠭᠯᠡᠬᠡᠨ ᠤ ᠬᠡᠯᠬᠢᠶᠡᠰᠤ ᠶᠢ ᠨᠡᠪᠳᠡᠷᠡᠬᠦᠯᠦᠨ᠎ᠡ᠃ ᠡᠯ᠎ᠡ ᠲᠦᠷᠦᠯ ᠤᠨ ᠢᠳᠡᠬᠡᠨ ᠤᠮᠳᠠᠭᠠᠨ ᠤ ᠠᠵᠤ ᠦᠢᠯᠡᠰ ᠤᠨ ᠰᠤᠷᠠᠭ ᠵᠠᠩᠬᠢ ᠶᠢᠨ ᠡᠬᠢ ᠰᠤᠷᠪᠤᠯᠵᠢ ᠶᠢ | ᠨᠢᠬᠡᠳᠤᠬᠦᠯᠵᠤ᠂ ᠬᠦᠢᠳᠡᠨ ᠴᠢᠨᠠᠷᠳᠠᠢ ᠪᠤᠳᠠᠰ ᠤᠨ ᠬᠦᠢᠯᠬᠡᠬᠡ ᠪᠤᠯᠤᠨ ᠢᠳᠡᠬᠡᠨ ᠤᠮᠳᠠᠭᠠᠨ ᠤ ᠳᠤᠮᠳᠠ ᠦᠢᠷ᠎ᠠ ᠵᠠᠮ ᠤᠨ ᠬᠦᠢᠯᠬᠡᠬᠡ ᠶᠢ ᠳᠤᠬᠢᠷᠠᠭᠤᠯᠤᠨ ᠬᠦᠷᠬᠡᠬᠦ | ᠶᠢ ᠬᠦᠭᠵᠢᠬᠦᠯᠵᠤ᠂ ᠢᠳᠡᠬᠡᠨ ᠤᠮᠳᠠᠭᠠᠨ ᠢ ᠪᠤᠯᠪᠠᠰᠷᠠᠭᠤᠯᠤᠨ ᠦᠢᠯᠡᠳᠪᠤᠷᠢᠯᠡᠬᠦ ᠪᠤᠯᠤᠨ ᠪᠤᠳᠠᠰ ᠤᠨ ᠬᠦᠢᠯᠬᠡᠬᠡ ᠶᠢ ᠳᠤᠬᠢᠷᠠᠭᠤᠯᠤᠨ ᠬᠦᠷᠬᠡᠬᠦ ᠰᠤᠷᠠᠭ ᠵᠠᠩᠬᠢ ᠶᠢᠨ | ᠳᠠᠪᠴᠠᠩ ᠢ ᠪᠠᠶᠢᠭᠤᠯᠵᠤ᠂ ᠰᠡᠳᠬᠢᠯ ᠠᠮᠤᠷ ᠢᠳᠡᠬᠡᠨ ᠤᠮᠳᠠᠭᠠᠨ ᠢ ᠰᠢᠭᠤᠳ ᠬᠦᠷᠬᠡᠬᠦ ᠲᠦᠳᠡ ᠵᠠᠮ ᠢ ᠪᠠᠶᠢᠭᠤᠯᠤᠨ᠎ᠠ᠃ | ᠦᠢᠯᠡᠴᠢᠯᠡᠭᠡ ᠶᠢ ᠳᠡᠬᠡᠭᠰᠢᠯᠡᠬᠦᠯᠵᠤ᠂ ᠤᠶᠤᠨ ᠪᠢᠯᠢᠭᠳᠦ ᠬᠤᠳᠠ ᠶᠢᠨ ᠪᠠᠶᠢᠭᠤᠯᠤᠯᠳᠠ ᠶᠢ ᠬᠤᠷᠳᠤᠳᠬᠠᠨ᠎ᠠ᠃10 ᠲᠦᠷᠦᠯ ᠤᠨ ᠤᠶᠤᠨ ᠪᠢᠯᠢᠭᠳᠦ ᠬᠤᠳᠠ | ᠶᠢᠨ ᠪᠠᠶᠢᠭᠤᠯᠤᠯᠳᠠ ᠶᠢᠨ ᠢᠨᠵᠧᠨᠧᠷᠢᠩ ᠢ ᠡᠬᠢᠯᠡᠬᠦᠯᠦᠨ ᠬᠡᠷᠡᠭᠵᠢᠬᠦᠯᠵᠤ᠂ ᠳᠤᠨᠤᠭ ᠲᠦᠬᠦᠬᠡᠷᠦᠮᠵᠢ ᠶᠢ ᠦᠷᠬᠡᠳᠬᠡᠬᠦ ᠵᠡᠷᠬᠡ ᠶᠢᠨ 8 ᠲᠦᠷᠦᠯ ᠤᠨ ᠠᠵᠢᠯ ᠢ ᠵᠢᠯ | ᠤᠨ ᠳᠤᠳᠤᠷ᠎ᠠ ᠪᠠᠶᠢᠭᠤᠯᠵᠤ ᠳᠠᠭᠤᠰᠬᠠᠨ ᠠᠰᠢᠭᠯᠠᠯᠳᠠ ᠳᠤ ᠤᠷᠤᠭᠤᠯᠤᠨ᠎ᠠ᠃ ︽ᠳ᠋ᠦᠩᠱᠧᠩ ᠢᠶᠠᠨ ᠬᠠᠶᠢᠷᠠᠯᠠᠨ᠎ᠠ︾ ᠬᠡᠬᠦ ᠨᠡᠶᠢᠳᠡ ᠶᠢᠨ ᠦᠢᠯᠡᠴᠢᠯᠡᠬᠡᠨ ᠤ | ᠳᠠᠪᠴᠠᠩ ᠢ ᠪᠠᠶᠢᠭᠤᠯᠵᠤ᠂ ᠢᠨᠲ᠋ᠧᠷ ᠰᠦᠯᠵᠢᠶ᠎ᠡ ᠪᠠᠷ ᠠᠷᠠᠳ ᠲᠤ ᠲᠦᠬᠦᠮ ᠦᠵᠡᠬᠦᠯᠬᠦ ᠴᠤᠩᠬᠤᠪᠴᠢ ᠶᠢ ᠪᠠᠶᠢᠭᠤᠯᠤᠨ᠎ᠠ᠃ ᠰᠠᠭᠤᠭᠠᠯᠢ ᠠᠷᠠᠳ ᠲᠤ ᠢᠳᠡᠬᠦ᠂ | ᠰᠠᠭᠤᠬᠤ᠂ ᠶᠠᠪᠤᠬᠤ᠂ ᠨᠠᠭᠠᠳᠬᠤ ᠵᠡᠷᠬᠡ ᠳᠠᠯ᠎ᠠ ᠶᠢᠨ ᠦᠢᠯᠡᠴᠢᠯᠡᠭᠡ ᠶᠢ ᠬᠠᠩᠭᠠᠵᠤ᠂ ᠭᠠᠷ ᠤᠳᠠᠰᠤ ᠪᠠᠷ ᠲᠦᠪᠡᠯᠷᠡᠬᠦᠯᠦᠨ ᠰᠦᠢᠳᠬᠡᠯ ᠳᠤᠰᠢᠶᠠᠨ ᠠᠷᠠᠳ ᠲᠤ | ᠲᠦᠬᠦᠮ ᠦᠵᠡᠬᠦᠯᠬᠦ ᠳᠤᠬᠠᠶᠢᠯᠠᠭᠰᠠᠨ ᠠᠵᠢᠯ ᠢ ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠰᠠᠭᠤᠭᠠᠯᠢ ᠠᠷᠠᠳ ᠤᠨ ᠰᠤᠷᠠᠭ ᠵᠠᠩᠬᠢ ᠶᠢ | ᠴᠤᠭᠯᠠᠭᠤᠯᠬᠤ ᠵᠡᠷᠬᠡ ᠶᠢ ᠭᠠᠷ ᠤᠳᠠᠰᠤ APP ᠪᠠᠷ ᠳᠠᠷᠤᠢ ᠳᠤᠨᠢ ᠬᠦᠢᠴᠡᠳᠬᠡᠬᠦ ᠶᠢ ᠪᠡᠶᠡᠯᠡᠬᠦᠯᠵᠤ᠂ ᠬᠤᠳᠠ ᠶᠢᠨ ᠠᠷᠠᠳ ᠤᠨ ᠠᠮᠢᠳᠤᠷᠠᠯ ᠳᠤ ᠲᠦᠬᠦᠮ | ᠦᠵᠡᠬᠦᠯᠦᠨ᠎ᠡ᠃ ᠠᠮᠤᠷ ᠲᠦᠪᠰᠢᠨ ᠰᠤᠷᠠᠭ ᠵᠠᠩᠬᠢ ᠶᠢ ᠬᠢᠨᠠᠨ ᠬᠠᠮᠢᠶᠠᠷᠬᠤ ᠳᠠᠪᠴᠠᠩ ᠢ ᠵᠤᠬᠢᠶᠠᠨ ᠪᠠᠶᠢᠭᠤᠯᠵᠤ᠂ ᠠᠮᠤᠷ ᠲᠦᠪᠰᠢᠨ ᠢ ᠬᠢᠨᠠᠬᠤ᠂ ᠤᠷᠴᠢᠨ | ᠳᠤᠭᠤᠷᠢᠨ ᠢ ᠬᠠᠮᠠᠭᠠᠯᠬᠤ ᠳᠤᠪᠴᠢᠶ᠎ᠠ᠂ ᠢᠳᠡᠬᠡᠨ ᠡᠮ ᠤᠨ ᠪᠦᠳᠦᠬᠡᠭᠳᠡᠬᠦᠨ ᠢ ᠬᠢᠨᠠᠨ ᠬᠠᠮᠢᠶᠠᠷᠬᠤ ᠳᠤᠪᠴᠢᠶ᠎ᠠ᠂ ᠠᠮᠤᠷ ᠢ ᠬᠠᠮᠠᠭᠠᠯᠠᠬᠤ ᠳᠤᠪᠴᠢᠶ᠎ᠠ ᠵᠡᠷᠬᠡ | ᠲᠦᠷᠪᠡᠨ ᠶᠡᠭᠡ ᠠᠵᠢᠯ ᠲᠦᠷᠦᠯ ᠤᠨ ᠰᠤᠷᠠᠭ ᠵᠠᠩᠬᠢ ᠶᠢᠨ ᠬᠢᠨᠠᠨ ᠬᠠᠮᠢᠶᠠᠷᠤᠯᠳᠠ ᠶᠢᠨ ᠰᠢᠰᠲ᠋ᠧᠮ ᠤᠨ ᠬᠠᠷᠠᠭᠠᠨ ᠳᠠᠪᠳᠠᠮᠵᠢ᠂ ᠳᠤᠭ᠎ᠠ ᠪᠠᠷᠢᠮᠳᠠ ᠶᠢᠨ ᠡᠬᠢ | ᠰᠤᠷᠪᠤᠯᠵᠢ ᠶᠢ ᠪᠦᠳᠦᠮᠵᠢᠳᠡᠢ ᠪᠠᠷ ᠨᠢᠬᠡᠳᠤᠬᠦᠯᠦᠨᠡ᠃ ᠤᠳᠠᠰᠤᠨ ᠳᠡᠬᠡᠷ᠎ᠡ ᠬᠢᠨᠠᠨ ᠡᠵᠡᠮᠳᠡᠬᠦ᠂ ᠪᠠᠶᠢᠳᠠᠯ ᠢ ᠬᠢᠨᠠᠨ ᠬᠠᠮᠢᠶᠠᠷᠬᠤ᠂ ᠨᠢᠬᠡᠳᠤᠬᠦᠯᠦᠨ ᠪᠠᠶᠢᠯᠳᠤᠬᠤ | ᠴᠢᠳᠠᠪᠤᠷᠢ ᠶᠢ ᠳᠡᠬᠡᠭᠰᠢᠯᠡᠬᠦᠯᠦᠨ᠎ᠡ᠃ ᠰᠤᠷᠠᠭ ᠵᠠᠩᠬᠢ ᠶᠢᠨ ᠰᠦᠯᠵᠢᠶᠡᠨ ᠤ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠳ᠋ᠦᠩᠱᠸᠡᠭ ᠠᠴᠠ | ᠪᠡᠭᠡᠵᠢᠩ ᠬᠦᠷᠬᠦ ᠴᠢᠮᠡᠭᠡ ᠬᠤᠯᠪᠤᠭᠠᠨ ᠤ ᠪᠠᠶᠢᠭᠤᠯᠤᠯᠳᠠ ᠶᠢ ᠡᠬᠢᠯᠡᠬᠦᠯᠦᠨ᠎ᠡ᠃ ᠶᠡᠭᠡ ᠳᠤᠭ᠎ᠠ ᠪᠠᠷᠢᠮᠳᠠ ᠶᠢ ᠶᠡᠷᠦᠩᠬᠡᠶᠢᠯᠡᠨ ᠵᠠᠳᠠᠯᠠᠬᠤ ᠬᠡᠷᠡᠭᠯᠡᠬᠡᠨ ᠤ ᠳᠠᠪᠴᠠᠩ ᠢ | ᠪᠠᠶᠢᠭᠤᠯᠵᠤ᠂ ᠡᠯ᠎ᠡ ᠬᠦᠷᠢᠶ᠎ᠡ ᠴᠠᠷ᠎ᠠ ᠳᠠᠬᠢ ᠳᠤᠭ᠎ᠠ ᠪᠠᠷᠢᠮᠳᠠ ᠶᠢᠨ ᠡᠬᠢ ᠰᠤᠷᠪᠤᠯᠵᠢ ᠶᠢᠨ ᠰᠤᠷᠠᠭ ᠵᠠᠩᠬᠢ ᠶᠢᠨ ᠦᠢᠯᠡᠴᠢᠯᠡᠬᠡᠨ ᠤ ᠪᠠᠶᠢᠭᠤᠯᠤᠮᠵᠢ ᠶᠢ ᠬᠠᠩᠭᠠᠵᠤ | ᠦᠭᠬᠦ ᠶᠢ ᠰᠦᠪᠡᠭᠴᠢᠯᠡᠨ ᠬᠡᠷᠡᠭᠵᠢᠬᠦᠯᠵᠤ᠂ ᠸᠠᠨ ᠸᠧᠢ ᠢᠨᠲ᠋ᠧᠷ ᠰᠦᠯᠵᠢᠶᠡᠨ ᠤ ᠺᠤᠮᠫᠠᠨᠢ ᠶᠢ ᠰᠠᠶᠢᠳᠤᠷ ᠬᠢᠨ᠎ᠡ᠃ | ︵ᠳᠠᠪᠤ︶ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠰᠢᠨ᠎ᠡ ᠶᠢ ᠡᠬᠦᠳᠬᠦ ᠪᠠᠷ ᠵᠠᠮᠴᠢᠯᠠᠭᠤᠯᠵᠤ᠂ ᠬᠡᠯᠪᠡᠷᠢ ᠪᠠᠨ ᠬᠤᠪᠢᠷᠠᠭᠠᠨ ᠬᠦᠭᠵᠢᠬᠦᠯᠬᠦ ᠶᠢ ᠠᠮᠢᠵᠢᠷᠠᠯ | ᠤᠨ ᠬᠦᠴᠦᠨ ᠬᠦᠳᠡᠯᠬᠡᠬᠦ ᠬᠦᠴᠦᠨ ᠲᠠᠢ ᠪᠤᠯᠭᠠᠨ᠎ᠠ᠃ ᠴᠢᠬᠤᠯᠠ ᠤᠷᠤᠨ ᠪᠦᠰᠡ᠂ ᠵᠠᠩᠬᠢᠯᠠᠭ᠎ᠠ ᠶᠢᠨ ᠭᠤᠭᠴᠤᠭ᠎ᠠ ᠶᠢ ᠳᠤᠪᠤᠶᠢᠯᠭᠠᠨ᠂ ᠦᠬᠡᠷᠡᠴᠢᠯᠡᠯᠳᠡ ᠶᠢᠨ | ᠰᠡᠳᠬᠢᠴᠡ ᠪᠠᠷ ᠬᠦᠭᠵᠢᠯᠳᠡ ᠶᠢᠨ ᠳᠤᠳᠠᠭᠳᠠᠯ ᠢ ᠨᠦᠬᠦᠪᠤᠷᠢᠯᠡᠨ᠂ ᠦᠬᠡᠷᠡᠴᠢᠯᠡᠯᠳᠡ ᠬᠢᠵᠤ ᠰᠢᠨ᠎ᠡ ᠶᠢ ᠡᠬᠦᠳᠬᠦ ᠪᠠᠷ ᠬᠠᠷᠰᠢ ᠰᠠᠭᠠᠳ ᠢ ᠳᠠᠪᠠᠵᠤ᠂ ᠰᠢᠯᠢᠳᠡᠭ | ᠤᠷᠴᠢᠨ ᠳᠤᠭᠤᠷᠢᠨ ᠢ ᠪᠦᠷᠢᠯᠳᠦᠬᠦᠯᠵᠤ᠂ ᠤᠷᠤᠨ ᠵᠠᠢ ᠶᠢ ᠦᠷᠬᠡᠳᠬᠡᠨ᠎ᠡ᠃ | ᠦᠢᠯᠡᠴᠢᠯᠡᠭᠡ ᠶᠢᠨ ᠰᠢᠨ᠎ᠡ ᠶᠢ ᠡᠬᠦᠳᠬᠦ ᠪᠠᠷ ᠵᠠᠰᠠᠭ ᠤᠨ ᠶᠠᠪᠤᠳᠠᠯ ᠤᠨ ᠤᠷᠴᠢᠨ ᠳᠤᠭᠤᠷᠢᠨ ᠤ ᠳᠡᠬᠡᠭᠰᠢᠯᠡᠯᠳᠡ ᠶᠢ ᠳᠠᠭᠠᠭᠤᠯᠤᠨ᠎ᠠ᠃ ︽ᠬᠠᠮᠢᠶᠠᠷᠤᠯᠳᠠ ᠶᠢ | ᠰᠢᠯᠤᠭᠤᠳᠬᠠᠬᠤ ᠦᠢᠯᠡᠴᠢᠯᠡᠭᠡ︾ ᠶᠢᠨ ᠦᠬᠡᠷᠡᠴᠢᠯᠡᠯᠳᠡ ᠪᠠᠷ ᠴᠢᠭᠯᠡᠯ ᠪᠤᠯᠭᠠᠬᠤ ᠶᠢ ᠲᠦᠯᠬᠢᠨ ᠠᠬᠢᠭᠤᠯᠵᠤ᠂ ᠨᠢᠬᠡ ᠰᠦᠯᠵᠢᠶᠡᠴᠢᠯᠡᠭᠰᠡᠨ ᠦᠢᠯᠡᠴᠢᠯᠡᠬᠡᠨ ᠤ | ᠪᠠᠶᠢᠭᠤᠯᠤᠵᠢ ᠶᠢ ᠬᠡᠷᠡᠭᠵᠢᠬᠦᠯᠦᠨ ᠬᠤᠳᠠ ᠶᠢᠨ ᠠᠷᠠᠳ ᠤᠨ ᠲᠦᠪ ᠤᠨ ᠴᠢᠳᠠᠪᠬᠢ ᠶᠢᠨ ᠪᠠᠶᠢᠷᠢᠯᠠᠭᠤᠯᠤᠯᠳᠠ ᠶᠢ ᠦᠬᠡᠷᠡᠴᠢᠯᠡᠨ᠂ ᠵᠠᠰᠠᠭ ᠤᠨ ᠶᠠᠪᠤᠳᠠᠯ ᠤᠨ ᠬᠢᠨᠠᠨ | ᠵᠦᠪᠰᠢᠶᠡᠷᠡᠬᠦ ᠦᠢᠯᠡᠴᠢᠯᠡᠬᠡᠨ ᠤ ᠳᠤᠪᠴᠢᠶ᠎ᠠ ᠶᠢ ᠪᠠᠶᠢᠭᠤᠯᠵᠤ᠂ ᠪᠦᠬᠦ ᠳᠤᠭᠤᠷᠢᠭ ᠤᠨ 276 ᠠᠵᠢᠯ ᠲᠦᠷᠦᠯ ᠤᠨ ᠵᠠᠰᠠᠭ ᠤᠨ ᠶᠠᠪᠤᠳᠠᠯ ᠤᠨ ᠬᠢᠨᠠᠨ ᠵᠦᠪᠰᠢᠶᠡᠷᠡᠬᠦ | ᠵᠦᠢᠯ᠂ 271 ᠲᠦᠷᠦᠯ ᠤᠨ ᠦᠢᠯᠡᠴᠢᠯᠡᠬᠡᠨ ᠤ ᠵᠦᠢᠯ ᠢ ᠪᠦᠬᠦᠳᠡ ᠶᠢ ᠬᠤᠳᠠ ᠶᠢᠨ ᠠᠷᠠᠳ ᠤᠨ ᠲᠦᠪ ᠲᠤ ᠤᠷᠤᠭᠤᠯᠵᠤ᠂ ᠪᠦᠬᠦ ᠬᠢᠨᠠᠨ ᠵᠦᠪᠰᠢᠶᠡᠷᠡᠬᠦ | ᠰᠠᠯᠠᠭ᠎ᠠ ᠮᠦᠴᠢᠷ ᠢ ᠲᠦᠪᠯᠡᠷᠡᠬᠦᠯᠦᠨ᠂ ᠨᠢᠬᠡ ᠴᠤᠩᠬᠤᠪᠴᠢ ᠪᠠᠷ ᠬᠦᠯᠢᠶᠡᠨ ᠠᠪᠴᠤ ᠬᠦᠢᠴᠡᠳᠬᠡᠬᠦ᠂ ︽ᠦᠷᠳᠡᠬᠡᠴᠢᠯᠡᠭᠰᠡᠨ ᠮᠠᠶ᠋ᠢᠭ︾ ᠤᠨ ᠰᠦᠯᠵᠢᠶᠡᠨ ᠳᠡᠬᠡᠷ᠎ᠡ | ᠬᠤᠯᠪᠤᠭᠠᠯᠠᠨ ᠬᠦᠢᠴᠡᠳᠬᠡᠬᠦ ᠶᠢ ᠬᠡᠷᠡᠭᠵᠢᠬᠦᠯᠵᠤ᠂ ︽ᠨᠢᠬᠡ ᠡᠬᠦᠳᠡ ᠪᠠᠷ ᠤᠷᠤᠪᠠᠯ᠂ ᠤᠯᠠᠨ ᠠᠵᠢᠯ ᠢ ᠬᠦᠢᠴᠡᠳᠬᠡᠬᠦ︾ ᠶᠢ ᠪᠡᠶᠡᠯᠡᠬᠦᠯᠦᠨ᠎ᠡ᠃ ︽ᠤᠯᠠᠨ ᠦᠨᠡᠮᠯᠡᠯ | ᠢ ᠬᠠᠮᠳᠤᠳᠬᠠᠬᠤ︾ ᠲᠦᠷᠢᠮ ᠤᠨ ᠦᠬᠡᠷᠡᠴᠢᠯᠡᠯᠳᠡ ᠶᠢ ᠲᠦᠷᠬᠡᠳᠬᠡᠨ᠂ ᠵᠠᠰᠠᠭ ᠤᠨ ᠶᠠᠪᠤᠳᠠᠯ ᠤᠨ ᠬᠠᠮᠢᠶᠠᠷᠤᠯᠳᠠ ᠶᠢᠨ ᠵᠠᠭᠪᠤᠷ ᠤᠨ ᠡᠷᠬᠢᠯᠳᠡ ᠶᠢ ᠦᠬᠡᠷᠡᠴᠢᠯᠡᠵᠤ | ᠂ ᠡᠯ᠎ᠡ ᠬᠦᠷᠢᠶᠡᠯᠡᠩ ᠳᠤᠭᠤᠷᠢᠭ᠂ ᠡᠯ᠎ᠡ ᠰᠠᠯᠠᠭ᠎ᠠ ᠮᠦᠴᠢᠷ ᠲᠤ ᠡᠷᠬᠡᠳᠤ ᠬᠠᠷᠢᠭᠤᠴᠠᠯᠭ᠎ᠠ ᠶᠢ ᠦᠬᠡᠶᠢᠰᠬᠡᠬᠦ ᠪᠤᠯᠤᠨ ᠨᠠᠵᠠᠭᠠᠢ ᠳᠠᠯ᠎ᠠ ᠶᠢ ᠦᠬᠡᠶᠢᠰᠬᠡᠬᠦ ᠬᠠᠮᠢᠶᠠᠷᠤᠯᠳᠠ | ᠶᠢ ᠪᠦᠬᠦ ᠳᠠᠯ᠎ᠠ ᠪᠠᠷ ᠬᠡᠷᠡᠭᠵᠢᠬᠦᠯᠬᠦ ᠶᠢᠨ ᠬᠠᠮᠳᠤ ᠺᠠᠳ᠋ᠷ ᠠᠵᠢᠯᠳᠠᠨ ᠤ ᠬᠠᠮᠢᠶᠠᠷᠤᠯᠳᠠ ᠶᠢ ᠴᠢᠩᠭᠠᠳᠬᠠᠨ᠂ ᠪᠦᠷᠢᠨ ᠳᠡᠬᠦᠯᠳᠡᠷ ᠬᠠᠮᠢᠶᠠᠷᠤᠯᠳᠠ ᠶᠢᠨ ᠲᠦᠷᠢᠮ᠂ | ᠲᠦᠷᠢᠮᠵᠢᠭᠰᠡᠨ ᠶᠠᠪᠤᠴᠠ ᠶᠢᠨ ᠪᠠᠷᠢᠮᠵᠢᠶ᠎ᠡ ᠪᠠᠷ ᠬᠦᠮᠦᠨ ᠢ ᠬᠠᠮᠢᠶᠠᠷᠤᠨ ᠠᠵᠢᠯ ᠢ ᠬᠦᠢᠴᠡᠳᠬᠡᠵᠤ᠂ ᠵᠠᠰᠠᠭ ᠤᠨ ᠶᠠᠪᠤᠳᠠᠯ ᠤᠨ ᠦᠷ᠎ᠡ ᠪᠦᠳᠦᠮᠵᠢ ᠶᠢ ᠦᠨᠡᠨ ᠬᠦ | ᠳᠡᠬᠡᠭᠰᠢᠯᠡᠬᠦᠯᠦᠨ᠎ᠡ᠃ | ᠰᠢᠨ᠎ᠡ ᠶᠢ ᠡᠬᠦᠳᠬᠦ ᠰᠡᠳᠬᠢᠴᠡ ᠪᠠᠷ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠡᠳ᠋ ᠤᠨ ᠵᠠᠰᠠᠭ ᠤᠨ ᠦᠬᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃ | ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠤᠯᠤᠰ ᠤᠨ ᠬᠦᠷᠦᠩᠬᠡ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠬᠦᠷᠦᠩᠬᠡ ᠶᠢᠨ ᠬᠠᠮᠢᠶᠠᠷᠤᠯᠳᠠ ᠪᠠᠷ | ᠭᠤᠤᠯᠯᠠᠭᠰᠠᠨ ᠤᠯᠤᠰ ᠤᠨ ᠬᠦᠷᠦᠩᠬᠡ ᠶᠢᠨ ᠬᠢᠨᠠᠨ ᠬᠠᠮᠢᠶᠠᠷᠤᠯᠳᠠ ᠶᠢᠨ ᠰᠢᠰᠲ᠋ᠧᠮ ᠢ ᠳᠡᠬᠦᠯᠳᠡᠷᠵᠢᠬᠦᠯᠵᠤ᠂ ᠡᠵᠡᠩᠨᠡᠯᠳᠡ ᠶᠢᠨ ᠴᠢᠨᠠᠷᠳᠠᠢ ᠤᠯᠤᠰ ᠤᠨ ᠦᠮᠴᠢᠯᠡᠯᠳᠤ | ᠬᠦᠷᠦᠩᠬᠡ ᠶᠢ ᠲᠦᠪᠯᠡᠷᠡᠬᠦᠯᠦᠨ ᠬᠠᠮᠢᠶᠠᠷᠬᠤ ᠡᠷᠬᠢᠯᠳᠡ ᠶᠢ ᠴᠢᠩᠭᠠᠳᠬᠠᠨ᠎ᠠ᠃ ᠬᠦᠷᠦᠩᠬᠡᠵᠢᠯ ᠢ ᠳᠠᠬᠢᠨ ᠵᠤᠬᠢᠶᠠᠨ ᠪᠠᠶᠢᠭᠤᠯᠬᠤ᠂ ᠡᠷᠬᠡ ᠤᠯᠵᠤ ᠡᠵᠡᠩᠨᠡᠬᠦ᠂ | ᠬᠦᠭᠵᠢᠯᠳᠡ ᠲᠠᠢ ᠠᠭᠤᠰᠤᠯᠴᠠᠬᠤ ᠠᠯᠢᠪᠠ ᠠᠷᠭ᠎ᠠ ᠶᠢ ᠬᠡᠷᠡᠭᠵᠢᠬᠦᠯᠦᠨ᠂ ᠬᠦᠭᠵᠢᠬᠦᠨ ᠪᠤᠰᠤ ᠤᠯᠤᠰ ᠤᠨ ᠦᠮᠴᠢᠯᠡᠯᠳᠤ ᠬᠦᠷᠦᠩᠬᠡ ᠶᠢ ᠬᠦᠭᠵᠢᠭᠰᠡᠨ ᠤᠯᠤᠰ ᠤᠨ | ᠦᠮᠴᠢᠯᠡᠯᠳᠤ ᠠᠵᠤ ᠠᠬᠤᠶᠢᠯᠠᠯ ᠪᠤᠯᠭᠠᠬᠤ ᠲᠦᠯᠬᠢᠬᠦ ᠬᠦᠴᠦᠨ ᠢ ᠪᠤᠢ ᠪᠤᠯᠭᠠᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠰᠠᠭᠤᠷᠢ ᠲᠦᠬᠦᠬᠡᠷᠦᠮᠵᠢ᠂ | ᠰᠤᠶᠤᠯ᠂ ᠵᠤᠭᠠᠴᠠᠯ᠂ ᠢᠳᠡᠬᠡᠨ ᠤᠮᠳᠠᠭᠠᠨ ᠤ ᠪᠤᠯᠪᠠᠰᠤᠷᠠᠭᠤᠯᠤᠯᠳᠠ᠂ ᠰᠤᠷᠠᠭ ᠵᠠᠩᠬᠢᠴᠢᠯᠠᠭᠰᠠᠨ ᠶᠡᠭᠡ ᠬᠡᠮᠵᠢᠶᠡᠨ ᠤ ᠳᠤᠭ᠎ᠠ ᠪᠠᠷᠢᠮᠳᠠ ᠵᠡᠷᠬᠡ ᠠᠵᠤ ᠦᠢᠯᠡᠰ ᠲᠤ | ᠪᠡᠯᠡ ᠤᠷᠤᠭᠤᠯᠬᠤ ᠶᠢ ᠳᠡᠳᠬᠦᠨ᠂ ᠰᠤᠶᠤᠯ ᠵᠤᠭᠠᠴᠠᠯ ᠤᠨ ᠪᠦᠯᠦᠭᠯᠡᠯ᠂ ᠬᠤᠩ ᠵᠢᠢ ᠸᠧᠢ ᠶᠧ ᠪᠦᠯᠦᠭᠯᠡᠯ ᠵᠡᠷᠬᠡ ᠰᠢᠯᠢᠳᠡᠭ ᠭᠤᠤᠯᠯᠠᠭᠴᠢ ᠠᠵᠤ ᠠᠬᠤᠶᠢᠯᠠᠯ ᠢ | ᠰᠠᠶᠢᠳᠤᠷ ᠬᠢᠵᠤ᠂ ᠠᠯᠭᠤᠷ ᠢᠶᠠᠷ ᠵᠠᠭᠤᠨ ᠳ᠋ᠦᠩᠰᠢᠭᠤᠷ ᠳᠠᠪᠠᠭᠰᠠᠨ ᠬᠦᠷᠦᠩᠬᠡ ᠲᠠᠢ ᠠᠵᠤ ᠠᠬᠤᠶᠢᠯᠠᠯ ᠢ ᠪᠡᠶᠡᠯᠡᠬᠦᠯᠦᠨ᠎ᠡ᠃ ᠡᠳ᠋ ᠤᠨ ᠵᠠᠰᠠᠭ ᠤᠨ ᠬᠠᠮᠢᠶᠠᠷᠤᠯᠳᠠ | ᠶᠢᠨ ᠳᠤᠭᠳᠠᠯᠴᠠᠭ᠎ᠠ ᠶᠢᠨ ᠦᠬᠡᠷᠡᠴᠢᠯᠡᠯᠳᠡ ᠶᠢ ᠳᠤᠭᠳᠠᠭᠤᠨ ᠢᠶᠠᠷ ᠠᠬᠢᠭᠤᠯᠵᠤ᠂ ᠲᠦᠷᠦᠯ ᠵᠦᠢᠯ ᠤᠨ ᠪᠠᠶᠢᠭᠤᠯᠤᠯᠳᠠ ᠳᠤᠮᠳᠠ ᠳᠤᠷᠰᠢᠬᠤ ᠴᠢᠭ ᠰᠤᠩᠭᠤᠨ᠂ ᠡᠳ᠋ | ᠤᠨ ᠵᠠᠰᠠᠭ ᠤᠨ ᠪᠡᠯᠡ ᠣᠷᠤᠭᠤᠯᠤᠯᠳᠠ ᠶᠢᠨ ᠠᠮᠵᠢᠯᠳᠡ ᠳᠤ ᠦᠨᠡᠯᠡᠯᠳᠡ ᠬᠢᠬᠦ ᠶᠢ ᠬᠡᠷᠡᠭᠵᠢᠬᠦᠯᠦᠨ᠂ ᠠᠵᠢᠯ ᠤᠨ ᠡᠮᠤᠨ᠎ᠡ ᠦᠨᠡᠯᠡᠯᠳᠡ ᠬᠢᠬᠦ᠂ ᠠᠵᠢᠯ ᠤᠨ ᠳᠤᠮᠳᠠ | ᠮᠦᠷᠳᠡᠯᠳᠡ ᠬᠢᠬᠦ᠂ ᠠᠵᠢᠯ ᠤᠨ ᠬᠤᠶᠢᠨ᠎ᠠ ᠰᠢᠯᠭᠠᠨ ᠦᠨᠡᠯᠡᠯᠳᠡ ᠬᠢᠬᠦ ᠪᠦᠬᠦ ᠶᠠᠪᠤᠴᠠ ᠳᠠᠬᠢ ᠠᠮᠵᠢᠯᠳᠠ ᠶᠢᠨ ᠦᠨᠡᠯᠡᠯᠳᠡ ᠶᠢᠨ ᠰᠢᠰᠲ᠋ᠧᠮ ᠢ ᠪᠠᠶᠢᠭᠤᠯᠵᠤ᠂ ᠡᠳ᠋ | ᠤᠨ ᠵᠠᠰᠠᠭ ᠤᠨ ᠪᠦᠳᠦᠮᠵᠢᠳᠡᠢ ᠮᠦᠩᠬᠦ ᠬᠡᠷᠡᠭᠯᠡᠬᠦ ᠶᠢ ᠳᠡᠬᠡᠭᠰᠢᠯᠡᠬᠦᠯᠦᠨ᠎ᠡ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠪᠤᠯᠤᠨ ᠪᠠᠯᠭᠠᠰᠤ᠂ ᠵᠡᠬᠡᠯᠢ ᠭᠤᠳᠤᠮᠵᠢ | ᠶᠢᠨ ᠭᠠᠶᠢᠯᠢ ᠬᠤᠷᠢᠶᠠᠬᠤ ᠨᠡᠶᠢᠳᠡ ᠶᠢᠨ ᠵᠠᠰᠠᠯᠳᠠ ᠶᠢᠨ ᠮᠠᠶ᠋ᠢᠭ ᠢ ᠬᠠᠶᠢᠨ ᠰᠦᠪᠡᠭᠴᠢᠯᠡᠵᠤ᠂ ᠰᠢᠨᠵᠢᠯᠡᠬᠦ ᠤᠬᠠᠭᠠᠨᠴᠢᠯᠠᠭᠰᠠᠨ᠂ ᠤᠳᠤᠬᠢᠴᠢᠯᠠᠭᠰᠠᠨ ᠭᠠᠶᠢᠯᠢ ᠶᠢᠨ | ᠰᠢᠰᠲ᠋ᠧᠮ ᠢ ᠠᠯᠭᠤᠷ ᠢᠶᠠᠷ ᠪᠠᠶᠢᠭᠤᠯᠤᠨ᠎ᠠ᠃ ᠰᠠᠯᠠᠭ᠎ᠠ ᠮᠦᠴᠢᠷ ᠤᠨ ᠤᠷᠢᠳᠴᠢᠯᠠᠨ ᠪᠤᠳᠤᠬᠤ ᠲᠦᠰᠦᠪ ᠢ ᠨᠠᠷᠢᠯᠢᠠᠠᠴᠢᠯᠠᠨ ᠳᠡᠬᠦᠯᠳᠡᠷᠵᠢᠬᠦᠯᠵᠤ᠂ ᠤᠷᠢᠳᠴᠢᠯᠠᠨ | ᠪᠤᠳᠤᠬᠤ ᠲᠦᠰᠦᠪ ᠪᠤᠯᠤᠨ ᠬᠢᠨᠠᠨ ᠬᠠᠮᠢᠶᠠᠷᠤᠯᠳᠠ ᠶᠢ ᠴᠢᠩᠭᠠᠳᠬᠠᠨ᠂ ︽ᠭᠤᠷᠪᠠᠨ ᠨᠡᠶᠢᠳᠡ︾ ᠶᠢᠨ ᠵᠠᠷᠤᠳᠠᠯ ᠪᠤᠯᠤᠨ ᠡᠩ ᠤᠨ ᠵᠠᠷᠤᠯᠭ᠎ᠠ ᠶᠢ ᠬᠠᠰᠤᠭᠳᠠᠬᠤ ᠠᠴᠠ | ᠪᠢᠰᠢ ᠨᠡᠮᠡᠭᠳᠡᠬᠦᠯᠬᠦ ᠦᠬᠡᠢ ᠪᠠᠶᠢᠬᠤ ᠶᠢ ᠪᠠᠳᠤᠯᠠᠨ᠎ᠠ᠃ | ᠦᠬᠡᠷᠡᠴᠢᠯᠡᠯᠳᠡ ᠬᠢᠬᠦ ᠠᠷᠭ᠎ᠠ ᠪᠠᠷ ᠳᠠᠷᠢᠶᠠᠯᠠᠩ ᠮᠠᠯ ᠠᠵᠤ ᠠᠬᠤᠢ ᠶᠢᠨ ᠤᠨᠴᠠᠯᠢᠭᠳᠤ ᠬᠦᠭᠵᠢᠯᠳᠡ ᠶᠢ ᠲᠦᠷᠬᠡᠳᠬᠡᠨ᠎ᠡ᠃ ᠳᠠᠷᠢᠶᠠᠯᠠᠬᠤ ᠳᠤᠰᠬᠤᠨ ᠤ | ᠬᠠᠮᠳᠤ ᠶᠢᠨ ᠦᠮᠴᠢᠯᠡᠯᠳᠤ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠬᠡᠷᠡᠭᠵᠢᠬᠦᠯᠦᠨ᠂ ᠭᠠᠵᠠᠷ ᠰᠢᠷᠦᠢ ᠨᠤᠳᠤᠭ ᠪᠡᠯᠴᠢᠬᠡᠷ ᠤᠨ ᠡᠷᠬᠡ ᠶᠢ ᠪᠠᠳᠤᠯᠠᠵᠤ᠂ | ᠦᠨᠡᠮᠯᠡᠯ ᠤᠯᠭᠤᠬᠤ ᠶᠢ ᠪᠦᠬᠦ ᠳᠠᠯ᠎ᠠ ᠪᠠᠷ ᠪᠡᠶᠡᠯᠡᠬᠦᠯᠵᠤ᠂ ᠭᠠᠵᠠᠷ ᠰᠢᠷᠦᠢ ᠨᠤᠳᠤᠭ ᠪᠡᠯᠴᠢᠬᠡᠷ ᠤᠨ ᠠᠯᠢᠪᠠ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠶᠢ | ᠬᠤᠪᠢᠶᠠᠷᠢᠯᠠᠨ ᠦᠬᠡᠷᠡᠴᠢᠯᠡᠬᠦ ᠶᠢ ᠬᠡᠷᠡᠭᠵᠢᠬᠦᠯᠬᠦ ᠪᠠᠷ ᠬᠤᠰᠢᠭᠤᠴᠢ ᠪᠤᠯᠭᠠᠨ᠂ ᠭᠠᠵᠠᠷ ᠰᠢᠷᠦᠢ᠂ ᠨᠤᠳᠤᠭ ᠪᠡᠯᠴᠢᠬᠡᠷ ᠤᠨ ᠡᠷᠬᠢᠯᠳᠡ ᠶᠢᠨ ᠳᠠᠪᠴᠠᠩ ᠢ ᠪᠠᠶᠢᠭᠤᠯᠵᠤ᠂ | ︽ᠬᠡᠷ ᠬᠦᠷᠢᠶ᠎ᠡ ᠶᠢᠨ ᠠᠵᠤ ᠠᠬᠤᠢ︾ ᠶᠢ ᠪᠤᠢ ᠪᠤᠯᠭᠠᠨ᠂ ᠳᠠᠷᠢᠶᠠᠯᠠᠩ ᠮᠠᠯ ᠠᠵᠤ ᠠᠬᠤᠢ ᠶᠢᠨ ᠳᠤᠯᠤᠭᠠᠶᠢᠯᠠᠭᠴᠢ ᠠᠵᠤ ᠠᠬᠤᠶᠢᠯᠠᠯ᠂ ᠳᠤᠰᠬᠠᠢ ᠬᠤᠷᠰᠢᠶᠠᠵᠢᠯ᠂ | ᠬᠡᠷ ᠪᠦᠯᠢ ᠶᠢᠨ ᠳᠠᠷᠢᠶᠠᠯᠠᠩ ᠤᠨ ᠳᠡᠯᠡᠪᠡᠢ ᠵᠡᠷᠬᠡ ᠰᠢᠨ᠎ᠡ ᠬᠡᠯᠪᠡᠷᠢ ᠶᠢᠨ ᠡᠵᠡᠩᠨᠡᠬᠦ ᠭᠤᠤᠯ ᠴᠤᠭᠴᠠ ᠶᠢ ᠪᠤᠵᠠᠭᠠᠶᠢᠷᠠᠭᠤᠯᠤᠨ᠂ ᠳᠠᠷᠢᠶᠠᠯᠠᠬᠤ ᠡᠷᠦᠬᠡ ᠪᠠᠷ ᠭᠠᠵᠠᠷ | ᠰᠢᠷᠦᠢ ᠶᠢ ᠨᠡᠶᠢᠳᠡᠨ ᠬᠠᠮᠢᠶᠠᠷᠠᠭᠤᠯᠬᠤ᠂ ᠪᠡᠯᠴᠢᠬᠡᠷ ᠲᠤ ᠬᠤᠪᠢ ᠤᠷᠤᠭᠤᠯᠬᠤ᠂ ᠮᠠᠯ ᠢ ᠨᠡᠶᠢᠳᠡᠨ ᠳᠡᠵᠢᠬᠡᠬᠦ ᠵᠡᠷᠬᠡ ᠠᠷᠭ᠎ᠠ ᠬᠡᠯᠪᠡᠷᠢ ᠪᠠᠷ ᠳᠠᠷᠢᠶᠠᠯᠠᠩ ᠮᠠᠯ ᠠᠵᠤ | ᠠᠬᠤᠢ ᠶᠢᠨ ᠦᠢᠯᠡᠰ ᠤᠨ ᠲᠦᠷᠢᠮᠵᠢᠭᠰᠡᠨ ᠡᠵᠡᠩᠨᠡᠯᠳᠡ ᠳᠤ ᠤᠷᠤᠯᠴᠠᠬᠤ ᠶᠢ ᠵᠠᠮᠴᠢᠯᠠᠵᠤ᠂ ᠳᠠᠷᠢᠶᠠᠯᠠᠬᠤ ᠡᠷᠦᠬᠡ ᠶᠢ ᠲᠦᠷᠢᠶᠡᠰᠤᠨ ᠵᠤᠭᠤᠰ ᠬᠤᠨᠵᠢᠬᠤ᠂ ᠬᠤᠪᠢ | ᠤᠷᠤᠭᠤᠯᠤᠭᠰᠠᠨ ᠵᠤᠭᠤᠰ ᠬᠤᠪᠢᠶᠠᠯᠴᠠᠬᠤ᠂ ᠬᠦᠯᠦᠰᠤᠨ ᠮᠦᠩᠬᠦ ᠬᠤᠨᠵᠢᠬᠤ ᠵᠡᠷᠬᠡ ᠪᠠᠷ ᠳᠠᠷᠢᠶᠠᠴᠢᠨ ᠤ ᠤᠷᠤᠯᠭ᠎ᠠ ᠶᠢᠨ ᠳᠤᠭᠳᠠᠭᠤᠨ ᠦᠷᠬᠦᠯᠵᠢᠯᠡᠯ ᠢ | ᠳᠠᠭᠠᠭᠤᠯᠤᠨ᠎ᠠ᠃ ᠳᠠᠷᠢᠶᠠᠯᠠᠬᠤ ᠳᠤᠰᠬᠤᠨ ᠤ ︽ᠠᠷᠪᠠ ᠶᠢ ᠨᠡᠶᠢᠳᠡᠮ ᠪᠦᠷᠬᠦᠬᠦᠯᠬᠦ︾ ᠪᠠᠳᠤ ᠪᠠᠬᠢ ᠰᠠᠭᠤᠷᠢ ᠶᠢ ᠲᠦᠰᠢᠭᠯᠡᠨ᠂ ᠠᠵᠤ ᠦᠢᠯᠡᠰ ᠤᠨ ᠪᠦᠷᠢᠨ | ᠳᠡᠬᠦᠯᠳᠡᠷ ᠳᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠭᠠᠷᠭᠠᠨ᠂ ᠳᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠤ ᠪᠠᠷᠢᠮᠵᠢᠶᠠᠵᠢᠭᠤᠯᠤᠭᠰᠠᠨ | ᠦᠢᠯᠡᠳᠪᠤᠷᠢᠯᠡᠯ ᠢ ᠲᠦᠯᠬᠢᠨ ᠠᠬᠢᠭᠤᠯᠵᠤ᠂ ᠪᠤᠬᠢᠷᠳᠤᠯ ᠦᠬᠡᠢ ᠨᠡᠷᠡᠳᠤ ᠳᠡᠮᠳᠡᠭ ᠢ ᠴᠢᠷᠮᠠᠶᠢᠨ ᠪᠦᠳᠦᠬᠡᠵᠤ᠂ ᠤᠳᠤᠬᠠᠨ ᠤ ᠪᠠᠶᠢᠭ᠎ᠠ ᠳᠠᠷᠢᠶᠠᠯᠠᠩ ᠮᠠᠯ ᠠᠵᠤ ᠠᠬᠤᠢ | ᠶᠢᠨ ᠲᠦᠬᠦᠬᠡᠷᠦᠮᠵᠢ ᠪᠠᠨ ᠠᠰᠢᠭᠯᠠᠨ᠂ 5 ᠰᠡᠯᠡᠬᠦᠯᠢᠭ ᠳᠤᠭᠤᠷᠢᠨ ᠵᠤᠭᠠᠴᠠᠬᠤ ᠦᠢᠯᠠᠭᠠᠯᠳᠠ ᠬᠢᠬᠦ ᠬᠠᠮᠳᠤᠷᠠᠭᠰᠠᠨ ᠠᠵᠤ ᠦᠢᠯᠡᠰ ᠤᠨ ᠵᠢᠱᠢᠶ᠎ᠡ ᠦᠵᠡᠬᠦᠯᠬᠦ | ᠳᠤᠰᠬᠤᠨ ᠢ ᠪᠠᠶᠢᠭᠤᠯᠵᠤ᠂ ᠵᠢᠯ ᠳᠤ 150 ᠲᠦᠮᠡᠨ ᠺᠢᠯᠦᠭᠷᠠᠮ᠂ 8000 ᠳᠤᠯᠤᠭᠠᠢ ᠮᠢᠬᠠᠨ ᠦᠬᠡᠷ᠂ 2 ᠲᠦᠮᠡᠨ ᠳᠤᠯᠤᠭᠠᠢ ᠦᠷᠡᠵᠢᠯ ᠤᠨ ᠭᠠᠭ᠋ᠠᠢ᠂10 | ᠲᠦᠮᠡᠨ ᠦᠨᠳᠡᠬᠡᠨ ᠳᠠᠬᠢᠶ᠎ᠠ ᠲᠠᠢ ᠳᠡᠵᠢᠬᠡᠪᠤᠷᠢ ᠶᠢᠨ ᠦᠢᠯᠡᠰ ᠶᠢ ᠪᠠᠶᠢᠭᠤᠯᠵᠤ᠂ ︽ᠰᠡᠳᠬᠢᠯ ᠠᠮᠤᠷ ᠳᠠᠷᠢᠶᠠᠯᠠᠩ ᠤᠨ ᠳᠠᠯᠠᠪᠡᠢ︾᠂ ︽ᠰᠡᠯᠡᠬᠦᠯᠢᠭ ᠳᠠᠷᠢᠶᠠᠯᠠᠩ | ᠤᠨ ᠳᠠᠯᠠᠪᠡᠢ︾ ᠶᠢ ᠪᠤᠶᠢᠵᠢᠭᠤᠯᠤᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠨᠢ ᠳᠠᠷᠢᠶᠠᠯᠠᠩ ᠮᠠᠯ ᠠᠵᠤ ᠠᠬᠤᠢ ᠶᠢ ᠨᠡᠬᠡᠬᠡᠨ ᠡᠵᠡᠩᠨᠡᠯᠳᠡ ᠳᠤ | ᠤᠷᠤᠯᠴᠠᠬᠤ ᠶᠢ ᠬᠠᠶᠢᠨ ᠰᠦᠪᠡᠭᠴᠢᠯᠡᠵᠤ᠂ ᠳᠤᠰ ᠭᠠᠵᠠᠷ ᠤᠨ ᠳᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠢ ᠳᠡᠰ ᠬᠤᠪᠢᠶᠠᠨ ᠵᠠᠬ᠎ᠠ ᠳᠡᠯᠬᠡᠬᠦᠷ ᠲᠤ | ᠭᠠᠷᠭᠠᠵᠤ᠂ ᠪᠦᠬᠦ ᠶᠠᠪᠤᠴᠠ ᠳᠠᠬᠢ ᠪᠠᠷᠢᠮᠵᠢᠶᠠᠵᠢᠭᠤᠯᠤᠭᠰᠠᠨ ᠬᠢᠨᠠᠨ ᠬᠠᠮᠢᠶᠠᠷᠤᠯᠳᠠ᠂ ᠨᠢᠬᠡᠳᠤᠯᠳᠡᠢ ᠬᠤᠳᠠᠯᠳᠤᠨ ᠠᠪᠬᠤ ᠪᠠ ᠪᠤᠷᠤᠯᠠᠭᠤᠯᠬᠤ ᠶᠢ ᠳᠠᠭᠠᠭᠠᠴᠢᠯᠠᠬᠤ᠂ | ᠳᠠᠷᠢᠶᠠᠯᠠᠩ ᠤᠨ ᠪᠦᠳᠦᠬᠡᠭᠳᠡᠬᠦᠨ ᠢ ᠰᠢᠭᠤᠳ ᠬᠦᠷᠬᠡᠬᠦ ᠵᠡᠷᠬᠡ ᠠᠷᠭ᠎ᠠ ᠠᠪᠴᠠᠯ ᠢᠶᠠᠷ᠂ ᠪᠤᠬᠢᠷᠳᠤᠯ ᠦᠬᠡᠢ ᠳᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠢ | ᠠᠷᠠᠳ ᠢᠷᠬᠡᠳ ᠤᠨ ᠭᠠᠷ ᠲᠤ ᠰᠢᠭᠤᠳ ᠳᠤᠬᠢᠷᠠᠭᠤᠯᠤᠨ ᠬᠦᠷᠬᠡᠵᠤ᠂ ᠢᠳᠡᠬᠡᠨ ᠤᠮᠳᠠᠭᠠᠨ ᠤ ᠠᠶᠤᠯ ᠦᠬᠡᠢ ᠬᠢᠷᠢ ᠲᠦᠪᠰᠢᠨ ᠢ ᠳᠡᠬᠡᠭᠰᠢᠯᠡᠬᠦᠯᠦᠨ᠎ᠡ᠃ | ︵ᠵᠢᠷᠭᠤᠭ᠎ᠠ︶ ᠳᠠᠯᠳᠠ ᠬᠦᠴᠦᠨ ᠢ ᠢᠯᠡᠷᠡᠬᠦᠯᠬᠦ ᠪᠠᠷ ᠭᠤᠤᠯ ᠪᠤᠯᠭᠠᠨ᠂ ᠬᠡᠪ ᠴᠢᠨᠠᠷᠳᠤ ᠬᠤᠳᠠ ᠶᠢᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠤᠨ᠎ᠠ᠃ | ᠬᠦᠮᠦᠨ ᠢᠶᠠᠷ ᠭᠤᠤᠯ ᠪᠤᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠴᠢᠯᠠᠭᠰᠠᠨ᠂ ᠳᠤᠪᠤᠶᠢᠮ᠎ᠠ ᠠᠰᠠᠭᠤᠳᠠᠯ ᠳᠤ ᠴᠢᠭᠯᠡᠬᠦᠯᠬᠦ ᠪᠤᠯᠤᠨ ᠬᠠᠷᠠᠯᠳᠠᠳᠤ ᠤᠬᠠᠮᠰᠠᠷ ᠢ | ᠪᠠᠷᠢᠮᠳᠠᠯᠠᠨ᠂ ᠨᠦᠬᠡᠴᠡᠯᠡᠭᠰᠡᠨ ᠬᠡᠷ ᠪᠠᠶᠢᠰᠢᠩ ᠢ ᠰᠢᠢᠳᠪᠤᠷᠢᠯᠡᠬᠦ᠂ ᠨᠠᠷᠢᠯᠢᠠᠠᠴᠢᠯᠠᠭᠰᠠᠨ ᠬᠠᠮᠢᠶᠠᠷᠤᠯᠳᠠ ᠲᠦᠷᠢ ᠲᠦᠷᠬᠦ ᠪᠦᠳᠦᠬᠡᠬᠦ ᠶᠢ ᠳᠡᠬᠡᠭᠰᠢᠯᠡᠬᠦᠯᠬᠦ᠂ ᠰᠠᠭᠤᠷᠢ | ᠲᠦᠬᠦᠬᠡᠷᠦᠮᠵᠢ ᠶᠢ ᠳᠡᠬᠦᠯᠳᠡᠷᠵᠢᠬᠦᠯᠬᠦ ᠵᠡᠷᠬᠡ ᠴᠢᠬᠤᠯᠠ ᠬᠡᠪᠴᠢᠶ᠎ᠡ ᠪᠤᠯᠤᠨ ᠪᠠᠭᠤᠷᠠᠢ ᠳᠠᠯ᠎ᠠ ᠳᠤ ᠬᠦᠴᠦ ᠭᠠᠷᠭᠠᠨ ᠬᠤᠳᠠ ᠶᠢᠨ ᠳᠤᠳᠠᠭᠳᠠᠯ ᠢ ᠨᠦᠬᠦᠪᠤᠷᠢᠯᠡᠨ᠎ᠡ᠃ | ᠨᠦᠬᠡᠴᠡᠯᠡᠭᠰᠡᠨ ᠬᠡᠷ ᠪᠠᠶᠢᠰᠢᠩ ᠭᠠᠵᠠᠷ ᠬᠦᠷᠦᠩᠬᠡ ᠶᠢ ᠰᠢᠢᠳᠪᠤᠷᠢᠯᠡᠬᠦ ᠠᠵᠢᠯ ᠢ ᠰᠠᠶᠢᠳᠤᠷ ᠬᠢᠨ᠎ᠡ᠃ ᠨᠦᠬᠡᠴᠡᠯᠡᠭᠰᠡᠨ ᠬᠡᠷ ᠪᠠᠶᠢᠰᠢᠩ ᠭᠠᠵᠠᠷ ᠬᠦᠷᠦᠩᠬᠡ ᠶᠢ | ᠰᠢᠢᠳᠪᠤᠷᠢᠯᠡᠬᠦ ᠶᠢ ᠪᠦᠬᠦ ᠳᠤᠭᠤᠷᠢᠭ ᠤᠨ ᠳᠡᠷᠢᠬᠦᠨ ᠪᠠᠶᠢᠷᠢᠨ ᠳᠤ ᠳᠠᠯᠪᠢᠵᠤ᠂ ᠵᠦᠷᠢᠴᠡᠯ ᠢ ᠰᠢᠢᠳᠪᠤᠷᠢᠯᠡᠵᠤ᠂ ᠨᠡᠬᠦᠳᠡᠯᠯᠡᠬᠦᠯᠦᠨ ᠲᠦᠪᠬᠢᠨᠡᠬᠦᠯᠬᠦ ︽ᠳᠤᠯᠭᠠᠭᠤᠷᠢ︾ | ᠦᠢᠯᠡᠳᠤᠯ ᠢ ᠨᠡᠮᠡᠭᠳᠡᠬᠦᠯᠵᠤ᠂ ᠨᠦᠬᠡᠴᠡᠯᠡᠭᠰᠡᠨ ᠬᠡᠷ ᠪᠠᠶᠢᠰᠢᠩ ᠢ ᠰᠢᠢᠳᠪᠤᠷᠢᠯᠡᠬᠦ᠂ ᠪᠦᠷᠬᠡ ᠬᠡᠷ ᠤᠨ ᠦᠬᠡᠷᠡᠴᠢᠡᠯᠯᠳᠡ᠂ ︽ ᠳᠤᠷᠭᠤᠨ ᠵᠤᠭᠰᠤᠭᠠᠭᠰᠠᠨ︾ ᠬᠡᠷ | ᠪᠠᠶᠢᠰᠢᠩ ᠪᠠᠷᠢᠯᠭ᠎ᠠ ᠶᠢ ᠳᠠᠭᠤᠰᠬᠠᠬᠤ᠂ ᠬᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠳᠠᠩᠰᠠᠯᠠᠯ ᠢ ᠲᠦᠪᠯᠡᠷᠡᠬᠦᠯᠦᠨ ᠵᠠᠰᠠᠯᠳᠠ ᠬᠢᠬᠦ ᠲᠦᠷᠪᠡᠨ ᠲᠦᠷᠦᠯ ᠤᠨ | ᠴᠢᠬᠤᠯᠠ ᠠᠵᠢᠯ ᠢ ᠲᠦᠷᠬᠡᠳᠬᠡᠨ᠎ᠡ᠃ ᠬᠡᠷ ᠪᠠᠶᠢᠰᠢᠩ ᠤᠨ ᠡᠬᠢ ᠰᠤᠷᠪᠤᠯᠵᠢ ᠶᠢᠨ ᠰᠤᠷᠠᠭ ᠵᠠᠩᠬᠢ ᠪᠠᠷ ᠦᠨ᠎ᠡ ᠬᠠᠷᠢᠴᠠᠭᠤᠯᠬᠤ ᠪᠤᠯᠤᠨ ᠦᠪᠡᠷᠳᠡᠬᠡᠨ ᠬᠡᠷ | ᠰᠤᠩᠭᠤᠬᠤ ︽ᠬᠤᠶᠠᠷ ᠶᠡᠭᠡ ᠳᠠᠪᠴᠠᠩ︾ ᠢ ᠠᠰᠢᠭᠯᠠᠨ᠂ ᠬᠡᠷ ᠪᠠᠶᠢᠰᠢᠩ ᠤᠨ ᠰᠦᠯᠵᠢᠶᠡᠨ ᠳᠡᠬᠡᠷᠡᠬᠢ ᠴᠢᠯᠦᠬᠡᠳᠤ ᠠᠷᠠᠯᠵᠢᠶ᠎ᠡ ᠶᠢ ᠠᠬᠢᠭᠤᠯᠤᠨ᠂ ᠬᠡᠷ ᠪᠠᠶᠢᠰᠢᠩ | ᠤᠨ ᠦᠨ᠎ᠡ ᠶᠢᠨ ᠳᠤᠭᠳᠠᠭᠤᠨ ᠦᠰᠦᠯᠳᠡ ᠶᠢ ᠳᠠᠶᠢᠴᠢᠯᠠᠵᠤ᠂ ᠠᠷᠠᠳ ᠤᠨ ᠵᠢᠬᠡᠯᠡᠯᠬᠡ ᠪᠤᠯᠤᠨ ᠮᠦᠩᠬᠦᠨ ᠬᠦᠢᠯᠬᠡᠬᠡᠨ ᠤ ᠲᠦᠭᠰᠢᠬᠦᠷᠢ ᠶᠢ ᠰᠢᠢᠳᠪᠤᠷᠢᠯᠡᠬᠦ ᠶᠢ | ᠠᠬᠢᠭᠤᠯᠤᠨ᠎ᠠ᠃ ᠮᠠᠨ ᠤ ᠳᠤᠭᠤᠷᠢᠭ ᠤᠨ ᠪᠠᠶᠢᠰᠢᠩ ᠤᠨ ᠪᠢᠯᠧᠲ ᠢ ᠬᠤᠳᠠ ᠶᠢᠨ ᠬᠡᠪᠴᠢᠶᠡᠨ ᠳᠤ ᠬᠦᠢᠯᠬᠡᠬᠡᠯᠡᠨ ᠬᠡᠷᠡᠭᠯᠡᠵᠤ ᠪᠤᠯᠬᠤ ᠶᠢ ᠳᠡᠮᠡᠴᠡᠨ ᠤᠯᠵᠤ᠂ | ᠦᠢᠷ᠎ᠠ ᠬᠠᠪᠢ ᠶᠢᠨ ᠳᠠᠷᠢᠶᠠᠯᠠᠬᠤ ᠮᠠᠯᠵᠢᠬᠤ ᠡᠷᠦᠬᠡ ᠶᠢ ᠳ᠋ᠦᠩᠱᠧᠩ ᠠᠴᠠ ᠬᠡᠷ ᠬᠤᠳᠠᠯᠳᠤᠨ ᠠᠪᠬᠤ ᠶᠢ ᠵᠤᠷᠢᠭᠵᠢᠭᠤᠯᠤᠨ᠎ᠠ᠃ 4500 ᠡᠷᠦᠬᠡ ᠶᠢᠨ ᠪᠦᠷᠬᠡ ᠬᠡᠷ | ᠤᠨ ᠦᠬᠡᠷᠡᠴᠢᠯᠡᠯᠳᠡ ᠤᠨ ᠢᠨᠵᠧᠨᠧᠷᠢᠩ ᠢ ᠬᠡᠷᠡᠭᠵᠢᠬᠦᠯᠵᠤ᠂ ᠪᠦᠷᠬᠡ ᠬᠡᠷ ᠤᠨ ᠦᠬᠡᠷᠡᠴᠢᠯᠡᠯᠳᠡ ᠪᠠᠷ ᠭᠠᠵᠠᠷ ᠭᠠᠷᠭᠠᠨ᠂ ᠦᠵᠡᠮᠵᠢ ᠶᠢᠨ ᠭᠠᠵᠠᠷ᠂ ᠳᠡᠷᠬᠡᠨ | ᠵᠤᠭᠰᠤᠭᠠᠯ᠂ ᠨᠡᠶᠢᠳᠡ ᠶᠢᠨ ᠲᠦᠬᠦᠬᠡᠷᠦᠮᠵᠢ ᠶᠢ ᠨᠡᠮᠡᠵᠤ ᠳᠤᠬᠢᠷᠠᠭᠤᠯᠬᠤ᠂ ᠬᠠᠭᠤᠴᠢᠨ ᠬᠤᠳᠠ ᠶᠢᠨ ᠳᠤᠭᠤᠷᠢᠭ ᠤᠨ ᠴᠢᠳᠠᠪᠬᠢ ᠶᠢ ᠰᠢᠯᠢᠳᠡᠭᠵᠢᠬᠦᠯᠬᠦ | ᠪᠠᠶᠢᠷᠢᠯᠠᠭᠤᠯᠤᠯᠳᠠ ᠶᠢ ᠲᠦᠯᠦᠪᠵᠢᠬᠦᠯᠦᠨ᠎ᠡ᠃ ᠪᠦᠬᠦ ᠵᠢᠯ ᠳᠤ ᠤᠷᠤᠨ ᠰᠠᠭᠤᠴᠠ ᠶᠢᠨ ᠨᠦᠬᠡᠴᠡᠯᠡᠭᠰᠡᠨ ᠬᠡᠷ ᠪᠠᠶᠢᠰᠢᠩ ᠢ 1.5 ᠲᠦᠮᠡᠨ ᠬᠡᠷ᠂ 250 ᠲᠦᠮᠡᠨ | ᠳᠡᠭᠰᠢ ᠲᠦᠷᠪᠡᠯᠵᠢᠨ ᠮᠧᠲᠷ᠂ ᠤᠷᠤᠨ ᠰᠠᠭᠤᠴᠠ ᠶᠢᠨ ᠪᠤᠰᠤ ᠨᠦᠬᠡᠴᠡᠯᠡᠭᠰᠡᠨ ᠬᠡᠷ ᠪᠠᠶᠢᠰᠢᠩ ᠢ 100 ᠲᠦᠮᠡᠨ ᠳᠡᠭᠰᠢ ᠲᠦᠷᠪᠡᠯᠵᠢᠨ ᠮᠧᠲᠷ ᠢ ᠳᠡᠮᠡᠴᠡᠨ | ᠤᠯᠤᠨ᠎ᠠ᠃ ᠠᠵᠢᠯ ᠤᠨ ᠠᠷᠭ᠎ᠠ ᠠᠪᠴᠠᠯ ᠢᠶᠠᠨ ᠤᠯᠠᠮ ᠰᠢᠨᠡᠳᠬᠡᠨ᠂ ᠦᠩᠬᠡᠷᠡᠭᠰᠡᠨ ᠤ ᠦᠯᠡᠳᠡᠭᠳᠡᠵᠤ ᠬᠤᠴᠤᠷᠤᠭᠰᠠᠨ 555 ᠲᠦᠷᠦᠯ ᠵᠦᠢᠯ᠂ 2028 | ᠲᠦᠷᠦᠯ ᠤᠨ ᠢᠨᠵᠧᠨᠧᠷᠢᠩ ᠤᠨ ᠪᠠᠶᠢᠭᠤᠯᠤᠯᠳᠠ ᠶᠢᠨ ᠳᠤᠳᠠᠭᠤ ᠭᠠᠷ ᠬᠦᠢᠴᠡᠳᠬᠡᠯ ᠢᠶᠠᠨ ᠲᠦᠪᠯᠡᠷᠡᠬᠦᠯᠦᠨ ᠬᠦᠢᠴᠡᠳᠬᠡᠨ᠎ᠡ᠃ ᠬᠡᠷ ᠪᠠᠶᠢᠰᠢᠩ ᠤᠨ ᠪᠢᠯᠧᠲ ᠢ | ᠳᠤᠭᠠᠴᠠᠨ ᠪᠤᠳᠤᠬᠤ ᠬᠠᠮᠢᠶᠠᠷᠤᠯᠳᠠ ᠶᠢᠨ ᠶᠠᠪᠤᠴᠠ ᠶᠢ ᠦᠷᠬᠦᠯᠵᠢᠯᠡᠨ ᠰᠢᠯᠢᠳᠡᠭᠵᠢᠬᠦᠯᠵᠤ᠂ ᠪᠡᠯᠡ ᠮᠦᠩᠬᠦᠨ ᠤ ᠬᠦᠬᠦᠷᠬᠡ ᠪᠤᠯᠬᠤ ᠦᠢᠯᠡᠳᠤᠯ ᠢ ᠬᠦᠢᠴᠡᠳ | ᠪᠠᠳᠠᠷᠠᠭᠤᠯᠵᠤ᠂ 60 ᠲᠦᠷᠦᠯ ᠵᠦᠢᠯ᠂ 800 ᠲᠦᠮᠡᠨ ᠳᠡᠭᠰᠢ ᠲᠦᠷᠪᠡᠯᠵᠢᠨ ᠮᠧᠲᠷ ᠤᠨ ︽ᠳᠤᠷᠭᠤᠨ ᠵᠤᠭᠰᠤᠭᠠᠭᠰᠠᠨ︾ ᠢᠨᠵᠧᠨᠧᠷᠢᠭ ᠤᠨ ᠪᠠᠶᠢᠭᠤᠯᠤᠯᠳᠠ | ᠳᠤ ᠪᠡᠯᠡ ᠮᠦᠩᠬᠦ ᠤᠷᠤᠭᠤᠯᠤᠨ ᠳᠡᠳᠬᠦᠵᠤ᠂ ᠬᠦᠭᠵᠢᠬᠦᠨ ᠪᠤᠰᠤ ᠬᠡᠷ ᠪᠠᠶᠢᠰᠢᠩ ᠭᠠᠵᠠᠷ ᠬᠦᠷᠦᠩᠬᠡ ᠶᠢᠨ ᠢᠨᠵᠧᠨᠧᠷᠢᠩ ᠳᠤ 340 ᠳ᠋ᠦᠩᠰᠢᠭᠤᠷ ᠪᠡᠯᠡ ᠮᠦᠩᠬᠦ | ᠶᠢ ᠤᠷᠤᠭᠤᠯᠤᠨ᠎ᠠ᠃ ᠪᠦᠬᠦ ᠵᠢᠯ ᠳᠤ 80% ᠠᠴᠠ ᠳᠡᠬᠡᠭᠰᠢᠬᠢ ᠤᠷᠤᠨ ᠰᠠᠭᠤᠴᠠ ᠶᠢᠨ ᠪᠠᠶᠢᠭᠤᠯᠤᠯᠳᠠ ᠶᠢ ᠳᠠᠭᠤᠰᠬᠠᠵᠤ᠂ ᠪᠡᠯᠡ ᠮᠦᠩᠬᠦ ᠤᠷᠤᠭᠤᠯᠤᠭᠰᠠᠨ | ᠦᠷ᠎ᠡ ᠪᠦᠳᠦᠮᠵᠢ ᠶᠢ ᠳᠤᠪᠤᠶᠢᠯᠭᠠᠨ᠎ᠠ᠃ | ᠬᠤᠳᠠ ᠶᠢᠨ ᠰᠠᠭᠤᠭᠠᠯᠢ ᠠᠷᠠᠳ ᠤᠨ ᠤᠷᠴᠢᠨ ᠳᠤᠭᠤᠷᠢᠨ ᠤ ᠰᠠᠶᠢᠵᠢᠷᠠᠭᠤᠯᠤᠯᠳᠠ ᠶᠢ ᠲᠦᠪᠯᠡᠷᠡᠬᠦᠯᠦᠨ ᠠᠳᠬᠤᠨ᠎ᠠ᠃ ᠦᠪᠦᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠳᠠᠴᠢᠷᠰᠢᠯ ᠢ ᠰᠡᠷᠬᠡᠶᠢᠯᠡᠨ ᠵᠠᠰᠠᠬᠤ | ᠨᠡᠶᠢᠳᠡ ᠶᠢᠨ ᠬᠡᠷ᠎ᠡ ᠶᠢᠨ ᠬᠡᠷ᠎ᠡ ᠪᠠᠶᠢᠭᠤᠯᠬᠤ ᠳᠠᠯ᠎ᠠ ᠶᠢᠨ ᠬᠢᠨ ᠤ ᠶᠡᠭᠡ ᠬᠤᠷᠠᠯ ᠢ ᠬᠤᠷᠠᠯᠳᠤᠭᠤᠯᠬᠤ ᠳᠠᠰᠢᠷᠠᠮ ᠢᠶᠠᠷ᠂ ︽ᠬᠤᠷᠠᠯ ᠢᠶᠠᠷ ᠪᠠᠶᠢᠭᠤᠯᠤᠯᠳᠠ ᠶᠢ | ᠠᠬᠢᠭᠤᠯᠬᠤ︾ ᠶᠢ ᠪᠠᠷᠢᠮᠳᠠᠯᠠᠨ᠂ ᠮᠠᠨ ᠤ ᠳᠤᠭᠤᠷᠢᠭ ᠤᠨ ᠳᠠᠭᠠᠯᠠᠮᠵᠢᠳᠠᠢ᠂ ᠬᠢᠷᠢ ᠲᠦᠪᠰᠢᠨ ᠦᠨᠳᠤᠷ᠂ ᠴᠢᠯᠦᠬᠡᠳᠡᠢ ᠶᠠᠪᠤᠯᠴᠠᠵᠤ ᠠᠭᠤᠴᠢᠯᠠᠨ ᠪᠠᠭᠳᠠᠭᠠᠬᠤ | ᠬᠤᠳᠠ ᠶᠢᠨ ᠲᠦᠷᠢ ᠲᠦᠷᠬᠦ ᠶᠢ ᠬᠦᠢᠴᠡᠳ ᠳᠡᠯᠬᠡᠨ ᠦᠵᠡᠬᠦᠯᠦᠨ᠎ᠡ᠃ ᠬᠤᠳᠠ ᠶᠢᠨ ᠤᠰᠤᠨ ᠰᠢᠰᠲ᠋ᠧᠮ᠂ ᠨᠤᠭᠤᠭᠠᠷᠠᠭᠤᠯᠤᠯᠳᠠ ᠶᠢᠨ ᠰᠢᠰᠲ᠋ᠧᠮ᠂ ᠭᠠᠳᠠᠨ᠎ᠠ | ᠳᠤᠳᠤᠨ᠎ᠠ᠂ ᠵᠡᠬᠡᠯᠢ ᠶᠢᠨ ᠦᠵᠡᠮᠵᠢ ᠵᠡᠷᠬᠡ ᠳᠤ ᠦᠬᠡᠷᠡᠴᠢᠯᠡᠯᠳᠡ ᠬᠢᠵᠤ᠂ ᠤᠯᠤᠰ ᠤᠨ ᠳᠤᠳᠤᠭᠠᠳᠤ ᠶᠢᠨ ᠨᠡᠷᠡᠳᠤ ᠬᠡᠷᠡᠯᠳᠦᠬᠦᠯᠬᠡ ᠶᠢᠨ ᠵᠢᠷᠤᠭ ᠲᠦᠯᠦᠪᠯᠡᠭᠡ ᠶᠢᠨ | ᠬᠦᠷᠢᠶᠡᠯᠡᠩ ᠢ ᠤᠷᠢᠨ᠂ ᠵᠡᠬᠡᠯᠢ ᠶᠢᠨ ᠦᠵᠡᠮᠵᠢ ᠶᠢᠨ ᠲᠦᠷᠢ ᠲᠦᠷᠬᠦ ᠪᠤᠰᠬᠠᠬᠤ ᠲᠦᠰᠦᠪ ᠢ ᠦᠨᠳᠤᠷ ᠪᠠᠷᠢᠮᠵᠢᠶ᠎ᠡ ᠪᠠᠷ ᠳᠤᠭᠳᠠᠭᠠᠨ᠂ ᠡᠬᠢᠨ ᠤ ᠬᠤᠭᠤᠴᠠᠭᠠᠨ ᠳᠤ | ᠶᠢᠩ ᠪᠢᠨ ᠵᠠᠮ᠂ ᠲᠢᠶᠡᠨ ᠵᠢᠶᠤᠤ ᠵᠠᠮ ᠵᠡᠷᠬᠡ 6 ᠭᠤᠤᠯ ᠵᠡᠬᠡᠯᠢ ᠭᠤᠳᠤᠮᠵᠢ᠂ 395 ᠰᠠᠭᠤᠷᠢ ᠠᠰᠠᠷ ᠤᠨ ᠬᠡᠷᠡᠯᠳᠦᠬᠦᠯᠬᠡ ᠶᠢ ᠭᠤᠤᠯᠯᠠᠨ ᠬᠢᠨ᠎ᠡ᠃ ᠦᠵᠡᠮᠵᠢ | ᠶᠢᠨ ᠭᠤᠤᠯ ᠵᠡᠷᠬᠡ 30 ᠬᠡᠰᠡᠭ ᠵᠡᠬᠡᠯᠢ ᠳᠡᠬᠡᠷᠡᠬᠢ ᠤᠰᠤᠨ ᠰᠢᠰᠲ᠋ᠧᠮ ᠢ ᠵᠠᠰᠠᠵᠤ ᠦᠬᠡᠷᠡᠴᠢᠯᠡᠨ᠎ᠡ᠃ ᠪᠦᠬᠦ ᠬᠡᠪᠴᠢᠶᠡᠨ ᠳᠤ ᠮᠤᠳᠤ ᠳᠠᠷᠢᠬᠤ ᠨᠤᠭᠤᠭᠠᠷᠠᠭᠤᠯᠤᠯᠳᠠ | ᠶᠢᠨ ᠪᠠᠶᠢᠭᠤᠯᠤᠯᠳᠠ ᠶᠢ ᠡᠬᠢᠯᠡᠬᠦᠯᠦᠨ᠂ ᠤᠯᠤᠰ ᠤᠨ ᠠᠮᠢ ᠠᠬᠤᠢ ᠶᠢᠨ ᠬᠦᠷᠢᠶᠡᠯᠡᠩ᠂ ᠭᠦᠸᠧ ᠪᠢᠨ ᠭᠤᠸᠠᠨ ᠴᠡᠴᠡᠷᠯᠢᠭ ᠵᠡᠷᠬᠡ 10 ᠶᠡᠭᠡ ᠴᠡᠴᠡᠷᠯᠢᠭ ᠤᠨ | ᠨᠠᠷᠢᠯᠢᠠᠠᠴᠢᠯᠠᠭᠰᠠᠨ᠂ ᠴᠡᠴᠡᠷᠯᠢᠭᠵᠢᠭᠰᠡᠨ ᠦᠬᠡᠷᠡᠴᠢᠯᠡᠯᠳᠡ ᠶᠢ ᠬᠡᠷᠡᠭᠵᠢᠬᠦᠯᠦᠨ᠎ᠡ᠃ ᠬᠤᠳᠠ ᠶᠢᠨ ᠨᠢᠳᠤᠨ ᠳᠤ ᠦᠵᠡᠭᠳᠡᠬᠦ ᠬᠤᠭᠤᠰᠤᠨ ᠭᠠᠵᠠᠷ ᠲᠤ ᠵᠠᠰᠠᠯᠳᠠ ᠬᠢᠵᠤ | ᠂ ᠬᠤᠳᠠ ᠶᠢᠨ ᠦᠵᠡᠮᠵᠢ᠂ ᠭᠠᠵᠠᠷ ᠤᠨ ᠪᠠᠶᠢᠴᠠ ᠳᠤ ᠴᠢᠬᠤᠯᠠ ᠪᠦᠳᠦᠬᠡᠨ ᠪᠠᠶᠢᠭᠤᠯᠤᠯᠳᠠ ᠬᠢᠨ᠎ᠡ᠃ ᠳ᠋ᠦᠩᠱᠧᠩ ᠠᠴᠠ ᠬᠢᠶ᠎ᠡ ᠪᠠᠭᠰᠢ ᠬᠦᠷᠬᠦ ᠦᠨᠳᠤᠷ ᠬᠤᠷᠳᠤ | ᠶᠢᠨ ᠵᠠᠮ᠂ ᠨᠢᠰᠬᠡᠯ ᠤᠨ ᠪᠠᠭᠤᠳᠠᠯ ᠤᠨ ᠦᠨᠳᠤᠷ ᠬᠤᠷᠳᠤ ᠶᠢᠨ ᠬᠤᠶᠢᠨ᠎ᠠ ᠠᠴᠠ ᠤᠷᠤᠬᠤ ᠡᠬᠦᠳᠡ ᠪᠤᠯᠤᠨ ᠭᠤᠤᠯ ᠵᠠᠮ᠂ ᠦᠵᠡᠮᠵᠢ ᠵᠡᠷᠬᠡ ᠵᠠᠩᠬᠢᠯᠠᠭ᠎ᠠ ᠶᠢᠨ ᠴᠢᠭ | ᠤᠨ ᠦᠬᠡᠷᠡᠴᠢᠯᠡᠯᠳᠡ ᠶᠢ ᠳᠡᠬᠡᠭᠰᠢᠯᠡᠬᠦᠯᠵᠤ᠂ ᠪᠦᠬᠦ ᠵᠢᠯ ᠳᠤ ᠬᠤᠳᠠ ᠶᠢᠨ ᠨᠤᠭᠤᠭᠠᠷᠠᠭᠤᠯᠤᠯᠳᠠ ᠶᠢᠨ ᠳᠠᠯᠠᠪᠡᠢ ᠶᠢ 2100 ᠲᠦᠮᠡᠨ ᠳᠡᠭᠰᠢ ᠲᠦᠷᠪᠡᠯᠵᠢᠨ ᠮᠧᠲᠷ | ᠰᠢᠨ᠎ᠡ ᠪᠠᠷ ᠪᠠᠷᠢᠵᠤ ᠦᠬᠡᠷᠡᠴᠢᠯᠡᠨ᠎ᠡ᠃ ᠵᠠᠮ ᠨᠡᠪᠳᠡᠷᠡᠯᠬᠡ᠂ ᠠᠶᠢᠯ ᠳᠤᠰᠬᠤᠨ᠂ ᠬᠤᠳᠠ ᠶᠢᠨ ᠳᠡᠬᠦᠷᠬᠡ ᠵᠡᠷᠬᠡ ᠭᠤᠤᠯ ᠬᠦᠷᠢᠶ᠎ᠡ ᠬᠡᠪᠴᠢᠶᠡᠨ ᠳᠤ ᠮᠤᠳᠤ ᠳᠠᠷᠢᠵᠤ | ᠨᠤᠭᠤᠭᠠᠷᠠᠭᠤᠯᠬᠤ ᠬᠦᠴᠦᠨ ᠢ ᠬᠤᠷᠳᠤᠳᠬᠠᠨ᠎ᠠ᠃ ᠬᠤᠳᠠ ᠶᠢ ᠳᠤᠭᠤᠷᠢᠨ ᠮᠤᠳᠤ ᠳᠠᠷᠢᠬᠤ ᠵᠡᠷᠬᠡ 8 ᠲᠦᠷᠦᠯ ᠵᠦᠢᠯ ᠤᠨ ᠪᠠᠶᠢᠭᠤᠯᠤᠯᠳᠠ ᠶᠢ ᠠᠬᠢᠭᠤᠯᠤᠨ᠎ᠠ᠃ | 4 ᠲᠦᠮᠡᠨ ᠮᠤ᠋ ᠠᠴᠠ ᠳᠡᠬᠡᠭᠰᠢᠬᠢ ᠨᠤᠭᠤᠭᠠᠷᠠᠭᠤᠯᠤᠯᠳᠠ ᠶᠢ ᠨᠡᠮᠡᠭᠳᠡᠬᠦᠯᠵᠤ᠂ ᠬᠤᠳᠠ ᠶᠢᠨ ᠦᠩᠬᠡ ᠦᠵᠡᠮᠵᠢ ᠶᠢ ᠭᠤᠶᠤᠵᠢᠭᠤᠯᠤᠨ᠎ᠠ᠃ | ᠰᠠᠭᠤᠷᠢ ᠲᠦᠬᠦᠬᠡᠷᠦᠮᠵᠢ ᠶᠢᠨ ᠰᠦᠯᠵᠢᠶᠡᠨ ᠤ ᠪᠠᠶᠢᠭᠤᠯᠤᠯᠳᠠ ᠶᠢ ᠲᠦᠪᠯᠡᠷᠡᠬᠦᠯᠦᠨ ᠠᠳᠬᠤᠨ᠎ᠠ᠃ ᠬᠦᠬᠡᠬᠤᠳᠠ᠂ ᠪᠤᠭᠤᠳᠤ᠂ ᠤᠷᠳᠤᠰ ᠤᠨ ᠬᠠᠮᠳᠤᠪᠠᠷ | ᠬᠦᠭᠵᠢᠬᠦ ᠴᠢᠬᠤᠯᠠ ᠳᠤᠬᠢᠶᠠᠯ ᠢ ᠠᠳᠬᠤᠨ᠂ ᠳᠡᠮᠤᠷ ᠵᠠᠮ ᠤᠨ ᠰᠦᠯᠵᠢᠶ᠎ᠡ᠂ ᠵᠠᠰᠠᠮᠠᠯ ᠵᠠᠮ ᠤᠨ ᠰᠦᠯᠵᠢᠶ᠎ᠡ᠂ ᠬᠤᠳᠠ ᠶᠢᠨ ᠵᠠᠰᠠᠭ ᠤᠨ ᠰᠦᠯᠵᠢᠶ᠎ᠡ ᠶᠢᠨ | ᠪᠠᠶᠢᠭᠤᠯᠤᠯᠳᠠ ᠶᠢ ᠠᠭᠤᠰᠤᠯᠴᠠᠭᠤᠯᠤᠨ᠂ ᠬᠦᠬᠡᠬᠤᠳᠠ᠂ ᠪᠤᠭᠤᠳᠤ ᠶᠢᠨ ᠰᠠᠴᠤᠷᠠᠭ ᠬᠡᠯᠪᠡᠷᠢ ᠶᠢᠨ ᠤᠷᠤᠨ ᠤ ᠳᠠᠭᠠᠭᠤᠯᠤᠭᠴᠢ ᠬᠦᠴᠦᠨ ᠢ ᠢᠳᠡᠪᠬᠢᠳᠡᠢ ᠬᠦᠯᠢᠶᠡᠨ | ᠠᠪᠴᠤ᠂ ᠬᠦᠬᠡᠬᠤᠳᠠ᠂ ᠪᠤᠭᠤᠳᠤ᠂ ᠤᠷᠳᠤᠰ ᠤᠨ ︽ᠨᠢᠬᠡ ᠴᠠᠭ ᠤᠨ ᠦᠨᠳᠤᠷ ᠬᠤᠷᠳᠤᠴᠠᠳᠤ ᠳᠠᠮᠤᠷ ᠵᠠᠮ ᠤᠨ ᠳᠤᠭᠤᠷᠢᠭ︾᠂ ︽ᠬᠤᠶᠠᠷ ᠴᠠᠭ ᠤᠨ ᠵᠠᠰᠠᠮᠠᠯ | ᠵᠠᠮ ᠤᠨ ᠳᠤᠭᠤᠷᠢᠭ︾ ᠢ ᠪᠠᠶᠢᠭᠤᠯᠤᠨ᠎ᠠ᠃ ᠪᠤᠭᠤᠳᠤ ᠠᠴᠠ ᠰᠢ ᠠᠨ ᠬᠦᠷᠬᠦ ᠦᠨᠳᠤᠷ ᠬᠤᠷᠳᠤ ᠶᠢᠨ ᠳᠠᠮᠤᠷ ᠵᠠᠮ ᠤᠨ ᠳ᠋ᠦᠩᠱᠧᠩ ᠤᠨ ᠭᠠᠯᠳᠤ ᠳᠡᠷᠬᠡᠨ ᠤ | ᠪᠠᠷᠠᠭᠤᠨ ᠦᠷᠳᠡᠭᠡ ᠪᠠᠷ ᠦᠩᠬᠡᠷᠡᠬᠦ ᠲᠦᠯᠦᠪᠯᠡᠭᠡ ᠶᠢ ᠳᠡᠮᠡᠴᠡᠨ ᠤᠯᠵᠤ᠂ ᠳ᠋ᠦᠩᠱᠸᠡᠭ ᠠᠴᠠ ᠨᠢᠰᠬᠡᠯ ᠤᠨ ᠪᠠᠭᠤᠳᠠᠯ ᠬᠦᠷᠬᠦ ᠰᠢᠭᠤᠳ ᠵᠠᠮ ᠤᠨ ᠪᠠᠶᠢᠭᠤᠯᠤᠯᠳᠠ ᠶᠢ | ᠡᠬᠢᠯᠡᠬᠦᠯᠦᠨ᠎ᠡ᠃ ᠳᠡᠬᠡᠳᠤ ᠬᠠᠭᠠᠰ ᠵᠢᠯ ᠳᠤ ᠬᠦᠬᠡᠬᠤᠳᠠ ᠠᠴᠠ ᠵᠡᠬᠦᠠᠭᠠᠷ᠂ ᠤᠷᠳᠤᠰ ᠬᠦᠷᠬᠦ ᠠᠶᠠᠨᠴᠢᠳ ᠤᠨ ᠳᠡᠬᠡᠬᠡᠪᠤᠷᠢ ᠶᠢᠨ ᠦᠬᠡᠷᠡᠴᠢᠯᠡᠯᠳᠡ ᠪᠤᠯᠤᠨ | ᠳ᠋ᠦᠩᠱᠧᠩ ᠤᠨ ᠭᠠᠯᠳᠤ ᠳᠡᠷᠬᠡᠨ ᠤ ᠵᠡᠬᠦᠨ ᠦᠷᠳᠡᠭᠡ ᠶᠢ ᠪᠠᠷᠢᠵᠤ ᠳᠠᠭᠤᠰᠬᠠᠨ ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠎ᠠ᠃ 210 ᠵᠠᠮ ᠱᠤᠭᠤᠮ ᠤᠨ | ᠦᠬᠡᠷᠡᠴᠢᠯᠡᠯᠳᠡ᠂ ᠪᠤᠭᠤᠳᠤ ᠠᠴᠠ ᠮᠤᠤ ᠮᠢᠩ ᠬᠦᠷᠬᠦ ᠦᠨᠳᠤᠷ ᠬᠤᠷᠳᠤ ᠶᠢᠨ ᠵᠠᠮ᠂ ᠪᠤᠭᠤᠳᠤ ᠠᠴᠠ ᠳ᠋ᠦᠩᠱᠧᠩ ᠬᠦᠷᠬᠦ ᠵᠠᠮ ᠱᠤᠭᠤᠮ ᠤᠨ ︽ᠲᠦᠷᠪᠡ ᠶᠢ | ᠦᠬᠡᠷᠡᠴᠢᠯᠡᠨ ᠨᠠᠢᠮᠠ ᠪᠤᠯᠭᠠᠬᠤ︾᠂ ᠬᠦᠬᠡᠬᠤᠳᠠ ᠠᠴᠠ ᠳ᠋ᠦᠩᠱᠧᠩ ᠬᠦᠷᠬᠦ ᠦᠨᠳᠤᠷ ᠬᠤᠷᠳᠤ ᠶᠢᠨ ᠵᠠᠮ ᠵᠡᠷᠬᠡ ᠴᠢᠬᠤᠯᠠ ᠵᠠᠮ ᠬᠠᠷᠢᠯᠴᠠᠭᠠᠨ ᠤ ᠲᠦᠷᠦᠯ ᠵᠦᠢᠯ | ᠤᠨ ᠪᠠᠶᠢᠭᠤᠯᠤᠯᠳᠠ ᠶᠢ ᠠᠬᠢᠭᠤᠯᠬᠤ ᠶᠢ ᠪᠦᠬᠦ ᠬᠦᠴᠦᠨ ᠢᠶᠠᠷ ᠬᠠᠪᠰᠤᠷᠤᠨ᠂ ᠴᠢᠨ᠋ᠸ᠎ᠠ ᠶᠢᠨ ᠰᠢᠯᠢ ᠠᠴᠠ ᠹᠧᠩ ᠵᠢᠶᠠ ᠴᠢᠤᠢ ᠬᠦᠷᠬᠦ ᠵᠡᠷᠬᠡ 3 ᠵᠤᠷᠪᠤᠰ ᠵᠠᠰᠠᠮᠠᠯ | ᠵᠠᠮ ᠢ ᠪᠠᠶᠢᠭᠤᠯᠵᠤ᠂ ᠮᠠᠰᠢᠨ ᠨᠡᠪᠳᠡᠷᠡᠬᠦ ᠶᠢ ᠪᠠᠳᠤᠯᠠᠨ᠎ᠠ᠃ ᠡᠮᠤᠨ᠎ᠡ ᠬᠤᠶᠢᠨ᠎ᠠ ᠵᠡᠬᠦᠨ ᠪᠠᠷᠠᠭᠤᠨ ᠢ ᠬᠤᠯᠪᠤᠭᠰᠠᠨ ᠵᠠᠮ ᠨᠡᠪᠳᠡᠷᠡᠯᠬᠡ ᠬᠦᠭᠵᠢᠭᠰᠡᠨ ᠬᠤᠳᠠ ᠶᠢᠨ ᠵᠠᠮ | ᠤᠨ ᠰᠦᠯᠵᠢᠶᠡᠨ ᠤ ᠰᠢᠰᠲ᠋ᠧᠮ ᠢ ᠪᠠᠶᠢᠭᠤᠯᠤᠨ᠎ᠠ᠃ ᠰᠠᠭᠤᠷᠢ ᠲᠦᠬᠦᠬᠡᠷᠦᠮᠵᠢ ᠶᠢᠨ ᠳᠤᠳᠠᠭᠳᠠᠯ ᠢ ᠨᠦᠬᠦᠪᠤᠷᠢᠯᠡᠨ᠂ ᠰᠢᠩ ᠱᠧᠩ ᠡᠮᠤᠨ᠎ᠡ ᠵᠠᠮ᠂ ᠮᠢᠨ ᠵᠦᠩ | ᠵᠡᠬᠡᠯᠢ ᠵᠡᠷᠬᠡ13 ᠵᠤᠷᠪᠤᠰ ᠬᠤᠳᠠ ᠶᠢᠨ ᠵᠠᠰᠠᠯᠳᠠ ᠶᠢᠨ ᠵᠠᠮ ᠱᠤᠭᠤᠮ ᠤᠨ ᠢᠨᠵᠧᠨᠧᠷᠢᠩ ᠢ ᠡᠬᠢᠯᠡᠬᠦᠯᠦᠨ ᠬᠡᠷᠡᠭᠵᠢᠬᠦᠯᠵᠤ᠂ ᠬᠤᠩ ᠨᠢ ᠲᠠ ᠬᠤᠭ ᠨᠤᠪᠰᠢ ᠢ | ᠰᠢᠢᠳᠪᠤᠷᠢᠯᠡᠬᠦ ᠦᠷᠳᠡᠭᠡ᠂ ᠢᠯᠴᠢ ᠬᠠᠩᠭᠠᠬᠤ ᠬᠤᠭᠤᠯᠠᠢ ᠶᠢᠨ ᠰᠦᠯᠵᠢᠶ᠎ᠡ ᠶᠢ ᠦᠬᠡᠷᠡᠴᠢᠯᠡᠨ ᠵᠠᠯᠭᠠᠵᠤ ᠨᠡᠪᠳᠡᠷᠡᠬᠦᠯᠬᠦ ᠵᠡᠷᠬᠡ ᠶᠢᠨ ᠰᠠᠭᠤᠷᠢ ᠲᠦᠬᠦᠬᠡᠷᠦᠮᠵᠢ ᠶᠢᠨ | ᠪᠠᠶᠢᠭᠤᠯᠤᠯᠳᠠ ᠶᠢᠨ ᠢᠨᠵᠧᠨᠧᠷᠢᠩ ᠢ ᠡᠬᠢᠯᠡᠨ ᠪᠠᠶᠢᠭᠤᠯᠵᠤ᠂ ᠳ᠋ᠦᠩ ᠺᠠᠩ ᠤᠰᠤ ᠬᠠᠩᠭᠠᠬᠤ ᠬᠤᠭᠤᠯᠠᠢ ᠶᠢᠨ ᠱᠤᠭᠤᠮ ᠤᠨ ᠬᠤᠶᠠᠳᠠᠭᠴᠢ ᠬᠤᠭᠤᠴᠠᠭ᠎ᠠ ᠂ ᠰᠢ | ᠯᠢᠤ ᠭᠸᠤ ᠤᠰᠤᠨ ᠢᠷᠡᠯᠳᠡ ᠶᠢ ᠦᠷᠬᠡᠳᠬᠡᠵᠤ ᠦᠬᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠵᠤ᠂ 3 ᠰᠠᠭᠤᠷᠢ ᠤᠰᠤ ᠳᠤᠬᠢᠷᠠᠭᠤᠯᠬᠤ ᠦᠢᠯᠡᠳᠪᠤᠷᠢ ᠶᠢᠨ | ᠦᠬᠡᠷᠡᠴᠢᠯᠡᠨ ᠵᠠᠰᠠᠯᠳᠠ ᠦᠷᠬᠡᠳᠬᠡᠯᠳᠡ ᠶᠢ ᠪᠡᠶᠡᠯᠡᠬᠦᠯᠵᠤ᠂ ᠡᠳᠤᠷ ᠪᠦᠷᠢ ᠶᠢᠨ ᠤᠰᠤ ᠬᠠᠩᠭᠠᠬᠤ ᠴᠢᠳᠠᠪᠤᠷᠢ ᠶᠢ 5 ᠲᠦᠮᠡᠨ ᠳᠤᠨ ᠪᠤᠯᠭᠠᠨ ᠰᠢᠨ᠎ᠡ ᠪᠠᠷ | ᠨᠡᠮᠡᠭᠳᠡᠬᠦᠯᠬᠦ ᠪᠠᠷ ᠬᠦᠴᠦᠯᠡᠨ᠂ ᠳ᠋ᠦᠩᠱᠧᠩ ᠳᠤᠭᠤᠷᠢᠭ ᠤᠨ ᠤᠯᠠᠨ ᠵᠢᠯ ᠤᠨ ᠳᠤᠷᠰᠢ ᠬᠤᠳᠠ ᠳᠤᠭᠤᠷᠢᠭ ᠤᠨ ᠤᠰᠤᠨ ᠤ ᠬᠠᠩᠭᠠᠯᠭ᠎ᠠ ᠶᠢᠨ ᠬᠦᠷᠦᠯᠴᠡᠬᠦ ᠦᠬᠡᠢ | ᠠᠰᠠᠭᠤᠳᠠᠯ ᠢ ᠰᠢᠢᠳᠪᠤᠷᠢᠯᠡᠨ᠎ᠡ᠃ | ᠶᠡᠷᠦᠩᠬᠡᠢ ᠦᠢᠯᠡᠴᠢᠯᠡᠬᠡᠨ ᠤ ᠬᠠᠮᠢᠶᠠᠷᠤᠯᠳᠠ ᠶᠢ ᠲᠦᠪᠯᠡᠷᠡᠬᠦᠯᠦᠨ ᠴᠢᠩᠭ᠎ᠠ ᠠᠳᠬᠤᠵᠤ ᠳᠡᠬᠡᠭᠰᠢᠯᠡᠬᠦᠯᠦᠨ᠎ᠡ᠃ ᠬᠤᠳᠠ ᠶᠢᠨ ᠨᠠᠷᠢᠯᠢᠠᠠᠴᠢᠯᠠᠭᠰᠠᠨ ᠵᠠᠰᠠᠯᠳᠠ | ᠪᠤᠯᠤᠨ ᠰᠠᠭᠤᠭᠠᠯᠢ ᠠᠷᠠᠳ ᠤᠨ ᠪᠤᠯᠪᠠᠰᠤᠨ ᠢ ᠡᠬᠦᠳᠬᠦ ᠠᠵᠢᠯᠯᠠᠭ᠎ᠠ ᠶᠢ ᠦᠷᠬᠦᠯᠵᠢᠯᠡᠨ ᠬᠦᠨᠵᠡᠬᠡᠶᠢᠷᠡᠬᠦᠯᠦᠨ᠎ᠡ᠃ ᠬᠤᠳᠠ ᠶᠢᠨ ᠬᠠᠮᠢᠶᠠᠷᠤᠯᠳᠠ᠂ ᠶᠡᠷᠦᠩᠬᠡᠢ ᠬᠠᠤᠯᠢ | ᠬᠡᠷᠡᠭᠵᠢᠬᠦᠯᠦᠯᠳᠡ᠂ ᠬᠤᠳᠠ ᠶᠢᠨ ᠤᠷᠴᠢᠨ ᠳᠤᠭᠤᠷᠢᠨ ᠤ ᠡᠷᠡᠬᠦᠯ ᠬᠠᠮᠠᠭᠠᠯᠠᠯ᠂ ᠴᠤᠩᠬᠤᠪᠴᠢ ᠶᠢᠨ ᠦᠢᠯᠡᠴᠢᠯᠡᠭᠡ᠂ ᠨᠡᠶᠢᠬᠡᠮ ᠳᠤᠭᠤᠷᠢᠭ᠂ ᠰᠠᠭᠤᠭᠠᠯᠢ ᠠᠷᠠᠳ | ᠤᠨ ᠳᠤᠭᠤᠷᠢᠭ ᠵᠡᠷᠬᠡ ᠬᠦᠷᠢᠶ᠎ᠡ ᠴᠠᠷ᠎ᠠ ᠶᠢᠨ ᠳᠤᠭᠤᠷᠢᠨ ᠳᠤ ᠨᠠᠷᠢᠯᠢᠭᠴᠢᠯᠠᠭᠰᠠᠨ ᠬᠠᠮᠢᠶᠠᠷᠤᠯᠳᠠ ᠶᠢᠨ ᠳᠡᠰ ᠳᠠᠷᠠᠭᠠᠯᠠᠯ᠂ ᠦᠢᠯᠡᠴᠢᠯᠡᠬᠡᠨ ᠤ ᠪᠠᠷᠢᠮᠵᠢᠶ᠎ᠡ᠂ ᠮᠡᠷᠬᠡᠵᠢᠯ | ᠤᠨ ᠲᠦᠷᠢᠮᠵᠢᠯ ᠢ ᠰᠢᠰᠲ᠋ᠧᠮ ᠲᠠᠢ ᠪᠠᠶᠢᠭᠤᠯᠵᠤ᠂ 30 ᠬᠡᠪ ᠵᠠᠭᠪᠤᠷ ᠪᠦᠬᠦᠢ ᠨᠢᠬᠡᠴᠡ ᠶᠢ ᠴᠤᠭᠴᠠᠯᠠᠨ ᠪᠠᠶᠢᠭᠤᠯᠵᠤ᠂ ᠪᠠᠷᠢᠮᠵᠢᠶᠠᠵᠢᠭᠤᠯᠤᠭᠰᠠᠨ᠂ | ᠲᠦᠷᠢᠮᠵᠢᠬᠦᠯᠦᠭᠰᠡᠨ᠂ ᠰᠤᠷᠠᠭ ᠵᠠᠩᠬᠢᠴᠢᠯᠠᠭᠰᠠᠨ ᠬᠤᠳᠠ ᠶᠢᠨ ᠵᠠᠰᠠᠯᠳᠠ ᠶᠢᠨ ᠳᠤᠭᠳᠠᠯᠴᠠᠭ᠎ᠠ ᠶᠢ ᠪᠠᠶᠢᠭᠤᠯᠤᠨ᠎ᠠ᠃ 3 ᠳ᠋ᠦᠩᠰᠢᠭᠤᠷ ᠲᠦᠬᠦᠷᠢᠭ ᠢ ᠤᠷᠤᠭᠤᠯᠬᠤ | ᠬᠠᠭᠤᠴᠢᠨ ᠰᠠᠭᠤᠭᠠᠯᠢ ᠠᠷᠠᠳ ᠤᠨ ᠳᠤᠭᠤᠷᠢᠭ ᠤᠨ ᠤᠷᠴᠢᠨ ᠳᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠬᠦᠨᠵᠡᠬᠡᠶᠢᠷᠡᠬᠦᠯᠦᠨ᠂ 50 ᠲᠦᠮᠡᠨ ᠳᠡᠭᠰᠢ | ᠲᠦᠷᠪᠡᠯᠵᠢᠨ ᠮᠧᠲᠷ ᠤᠨ ᠪᠠᠶᠢᠭ᠎ᠠ ᠪᠠᠷᠢᠯᠭ᠎ᠠ ᠶᠢ ᠡᠨᠧᠷᠬᠢ ᠠᠷᠪᠢᠯᠠᠨ ᠦᠬᠡᠷᠡᠴᠢᠯᠡᠨ ᠵᠠᠰᠠᠬᠤ ᠶᠢ ᠡᠬᠢᠯᠡᠬᠦᠯᠵᠤ᠂ ᠬᠦᠨ ᠨᠦᠬᠡ ᠶᠢᠨ ᠬᠦᠷᠢᠶ᠎ᠡ ᠬᠡᠷᠡᠰᠬᠡ ᠶᠢ | ᠲᠦᠪᠯᠡᠷᠡᠬᠦᠯᠦᠨ ᠵᠠᠰᠠᠵᠤ ᠴᠡᠭᠴᠡᠯᠨ᠂ ᠭᠤᠸᠠᠵᠢᠭᠤᠯᠤᠨ ᠵᠠᠰᠠᠵᠤ᠂ 20 ᠰᠢᠨ᠎ᠡ ᠪᠠᠷ ᠪᠠᠷᠢᠵᠤ ᠪᠠᠶᠢᠭ᠎ᠠ ᠰᠠᠭᠤᠭᠠᠯᠢ ᠠᠷᠠᠳ ᠤᠨ ᠳᠤᠭᠤᠷᠢᠭ ᠤᠨ ᠦᠯᠡᠳᠡᠭᠰᠡᠨ | ᠪᠠᠷᠢᠯᠭ᠎ᠠ ᠶᠢ ᠪᠠᠷᠠᠭᠠᠵᠤ᠂ ᠪᠦᠬᠦ ᠤᠯᠤᠰ ᠤᠨ ᠪᠤᠯᠪᠠᠰᠤᠨ ᠬᠤᠳᠠ ᠶᠢᠨ ᠰᠢᠯᠭᠠᠨ ᠪᠠᠶᠢᠴᠠᠭᠠᠯᠳᠠ ᠪᠤᠯᠤᠨ ᠬᠢᠨᠠᠨ ᠬᠤᠷᠢᠶᠠᠬᠤ ᠠᠵᠢᠯ ᠢ ᠴᠢᠩᠭ᠎ᠠ ᠠᠳᠬᠤᠨ᠂ 230 | ᠪᠤᠯᠪᠠᠰᠤᠨ ᠤ ᠪᠠᠷᠢᠮᠵᠢᠶ᠎ᠡ ᠳᠤ ᠨᠡᠶᠢᠴᠡᠭᠰᠡᠨ ᠰᠠᠭᠤᠭᠠᠯᠢ ᠠᠷᠠᠳ ᠤᠨ ᠳᠤᠭᠤᠷᠢᠭ ᠢ ᠰᠢᠨ᠎ᠡ ᠪᠠᠷ ᠨᠡᠮᠡᠭᠳᠡᠬᠦᠯᠦᠨ᠂ ᠰᠠᠭᠤᠭᠠᠯᠢ ᠠᠷᠠᠳ ᠤᠨ ᠳᠤᠭᠤᠷᠢᠭ ᠤᠨ ᠰᠠᠭᠤᠷᠢ | ᠲᠦᠬᠦᠬᠡᠷᠦᠮᠵᠢ ᠶᠢᠨ ᠢᠵᠢ ᠪᠦᠷᠢᠯᠳᠦᠬᠦᠯᠦᠯ᠂ ᠠᠳᠠᠯ ᠦᠢᠯᠡᠰ ᠤᠨ ᠦᠢᠯᠡᠴᠢᠯᠡᠭᠡ᠂ ᠪᠤᠯᠪᠠᠰᠤᠨ ᠤ ᠡᠬᠦᠳᠤᠨ ᠪᠠᠶᠢᠭᠤᠯᠤᠯᠳᠠ ᠶᠢ ᠪᠦᠬᠦᠨ ᠢ ᠪᠦᠷᠬᠦᠬᠦᠯᠬᠦ ᠶᠢ | ᠪᠡᠶᠡᠯᠡᠬᠦᠯᠦᠨ᠂ ᠰᠠᠭᠤᠭᠠᠯᠢ ᠠᠷᠠᠳ ᠲᠤ ᠢᠵᠢ ᠪᠦᠷᠢᠯᠳᠦᠬᠦᠯᠦᠭᠰᠡᠨ᠂ ᠤᠷᠴᠢᠨ ᠳᠤᠭᠤᠷᠢᠨ ᠭᠤᠸ᠎ᠠ ᠰᠠᠶᠢᠬᠠᠨ᠂ ᠪᠤᠯᠪᠠᠰᠤᠨ ᠡᠶ᠎ᠡ ᠵᠤᠬᠢᠴᠠᠯ ᠲᠠᠢ ᠤᠷᠤᠰᠢᠨ | ᠰᠠᠭᠤᠷᠢᠰᠢᠬᠤ ᠤᠷᠴᠢᠨ ᠳᠤᠭᠤᠷᠢᠨ ᠢ ᠦᠨᠡᠨ ᠬᠦ ᠴᠣᠭᠴᠠᠯᠠᠨ ᠪᠠᠶᠢᠭᠤᠯᠤᠨ᠎ᠠ᠃ | ︵ᠳᠤᠯᠤᠭ᠎ᠠ︶ ᠠᠷᠠᠳ ᠲᠦᠮᠡᠨ ᠤ ᠪᠤᠶᠠᠨ ᠬᠡᠰᠢᠭ ᠢ ᠨᠡᠮᠡᠭᠳᠡᠬᠦᠯᠬᠦ ᠪᠠᠷ ᠬᠠᠷᠠᠯᠳᠠ ᠪᠤᠯᠭᠠᠵᠤ᠂ ᠠᠷᠠᠳ ᠤᠨ ᠠᠮᠢᠳᠤᠷᠠᠯ ᠢ ᠪᠠᠳᠤᠯᠠᠬᠤ ᠪᠤᠯᠤᠨ | ᠰᠠᠶᠢᠵᠢᠷᠠᠭᠤᠯᠬᠤ ᠳᠤ ᠬᠦᠴᠦᠯᠡᠨ᠎ᠡ᠃ ᠲᠦᠬᠡᠮᠡᠯ ᠬᠠᠷᠠᠭᠠᠯᠵᠠᠯ ᠦᠵᠡᠬᠦᠯᠬᠦ ᠴᠢᠨᠠᠷᠳᠠᠢ᠂ ᠰᠠᠭᠤᠷᠢ ᠰᠢᠨᠵᠢ ᠲᠠᠢ᠂ ᠰᠠᠭᠤᠷᠢ ᠠᠴᠠ ᠨᠢ ᠪᠠᠶᠢᠭᠤᠯᠬᠤ ᠰᠢᠨᠵᠢ ᠲᠠᠢ | ᠠᠷᠠᠳ ᠤᠨ ᠠᠮᠢᠳᠤᠷᠠᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠠᠷᠠᠳ ᠢᠷᠬᠡᠨ ᠤ ᠬᠠᠮᠤᠭ ᠤᠨ ᠠᠩᠬᠠᠷᠤᠯ ᠳᠠᠯᠪᠢᠵᠤ ᠪᠠᠶᠢᠭ᠎ᠠ ᠳᠤᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠠᠷᠠᠳ ᠤᠨ ᠠᠮᠢᠳᠤᠷᠠᠯ ᠪᠤᠯᠤᠨ ᠠᠶᠤᠯ ᠦᠬᠡᠢ ᠶᠢᠨ ᠰᠡᠷᠡᠮᠵᠢ ᠶᠢᠨ ᠱᠤᠭᠤᠮ ᠢ ᠡᠷᠡᠰ ᠰᠠᠬᠢᠨ᠎ᠠ᠃ | ᠠᠷᠠᠳ ᠤᠨ ᠠᠮᠢᠳᠤᠷᠠᠯ ᠢ ᠰᠠᠭᠤᠷᠢ ᠠᠴᠠ ᠨᠢ ᠪᠦᠳᠦᠬᠡᠨ ᠪᠠᠶᠢᠭᠤᠯᠬᠤ ᠶᠢ ᠪᠠᠳᠤᠯᠠᠬᠤ ᠠᠵᠢᠯ ᠢ ᠪᠦᠬᠦ ᠬᠦᠴᠦᠨ ᠢᠶᠠᠷ ᠠᠬᠢᠭᠤᠯᠤᠨ᠎ᠠ᠃ ᠵᠠᠰᠠᠭ ᠤᠨ ᠤᠷᠳᠤᠨ | ᠠᠴᠠ ᠦᠢᠯᠡᠴᠢᠯᠡᠭᠡ ᠬᠤᠳᠠᠯᠳᠤᠨ ᠠᠪᠬᠤ ᠪᠤᠯᠤᠨ ᠢᠯᠡ ᠪᠠᠷ ᠳᠠᠭᠠᠭᠠᠴᠢᠯᠠᠯᠳᠠ ᠵᠠᠷᠯᠠᠬᠤ ᠬᠡᠯᠪᠡᠷᠢ ᠪᠠᠷ13 ᠰᠤᠷᠭᠠᠭᠤᠯᠢ ᠴᠡᠴᠡᠷᠯᠢᠭ ᠢ ᠰᠢᠨ᠎ᠡ ᠪᠠᠷ ᠪᠠᠷᠢᠬᠤ ᠪᠤᠶᠤ | ᠬᠤᠳᠠᠯᠳᠤᠨ ᠠᠪᠴᠤ᠂ ᠰᠤᠷᠭᠠᠭᠤᠯᠢ ᠡᠷᠬᠢᠯᠡᠵᠤ ᠪᠤᠯᠬᠤ ᠵᠠᠰᠠᠭ ᠵᠠᠬᠢᠷᠭᠠᠨ ᠤ ᠪᠠᠶᠢᠭᠤᠯᠤᠮᠵᠢ᠂ ᠠᠵᠢᠯ ᠦᠢᠯᠡᠰ ᠤᠨ ᠨᠢᠬᠡᠴᠡ ᠶᠢᠨ ᠰᠤᠯᠠ ᠪᠠᠶᠢᠭ᠎ᠠ ᠳᠠᠯᠠᠪᠤᠷ ᠢ | ᠦᠬᠡᠷᠡᠴᠢᠯᠡᠨ ᠵᠠᠰᠠᠵᠤ ᠰᠤᠷᠭᠠᠭᠤᠯᠢ ᠪᠤᠯᠭᠠᠨ᠎ᠠ᠂ ᠬᠤᠳᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ ᠳᠤᠭᠤᠷᠢᠭ ᠤᠨ ᠪᠦᠳᠦᠬᠡᠨ ᠪᠠᠶᠢᠭᠤᠯᠵᠤ ᠨᠡᠬᠦᠨ | ᠤᠷᠤᠬᠤ ᠶᠢ ᠪᠡᠶᠡᠯᠡᠬᠦᠯᠦᠨ᠂ 4400 ᠰᠤᠷᠤᠭᠴᠢ ᠶᠢᠨ ᠪᠠᠶᠢᠷᠢ ᠶᠢ ᠰᠢᠨ᠎ᠡ ᠪᠠᠷ ᠨᠡᠮᠡᠭᠳᠡᠬᠦᠯᠦᠨ᠂ ᠰᠤᠷᠭᠠᠭᠤᠯᠢ ᠶᠢᠨ ᠪᠠᠶᠢᠷᠢ ᠳᠤᠳᠠᠭᠳᠠᠵᠤ᠂ ᠰᠤᠷᠭᠠᠭᠤᠯᠢ ᠳᠤ | ᠤᠷᠤᠬᠤ ᠳᠤ ᠬᠦᠴᠢᠷᠳᠡᠯᠳᠡᠢ ᠪᠠᠶᠢᠭ᠎ᠠ ᠠᠰᠭᠤᠳᠠᠯ ᠢ ᠦᠨᠳᠤᠰᠤᠨ ᠠᠴᠠ ᠨᠢ ᠰᠢᠢᠳᠪᠤᠷᠢᠯᠡᠨ᠎ᠡ︔ ︽ᠬᠡᠷ ᠠᠴᠠ ᠦᠢᠷ᠎ᠠ ᠳᠤ ᠨᠢ ᠤᠷᠤᠭᠤᠯᠬᠤ᠂ ᠰᠢᠯᠭᠠᠯᠳᠠ ᠠᠴᠠ | ᠬᠡᠯᠳᠤᠷᠢᠬᠦᠯᠬᠦ᠂ ᠬᠡᠰᠡᠭ ᠬᠤᠪᠢᠶᠠᠨ ᠰᠤᠷᠭᠠᠭᠤᠯᠢ ᠳᠤ ᠤᠷᠤᠭᠤᠯᠬᠤ︾ ᠵᠠᠷᠴᠢᠮ ᠢ ᠦᠨᠳᠤᠰᠤᠯᠡᠨ᠂ ᠤᠭ ᠬᠤᠳᠠ ᠳᠤ ᠪᠠᠨ ᠳᠡᠭᠰᠢ ᠪᠠᠷ ᠬᠤᠪᠢᠶᠠᠯᠴᠠᠨ | ᠰᠤᠷᠭᠠᠭᠤᠯᠢ᠂ ᠴᠡᠴᠡᠷᠯᠢᠭ ᠲᠤ ᠤᠷᠤᠬᠤ ᠲᠦᠷᠦ ᠶᠢᠨ ᠪᠤᠳᠤᠯᠭ᠎ᠠ ᠶᠢ ᠬᠦᠨᠵᠡᠬᠡᠶᠢᠷᠡᠬᠦᠯᠦᠨ ᠳᠤᠤᠱᠯᠠᠭᠤᠯᠤᠨ᠎ᠠ︔ ᠦᠨᠳᠤᠰᠤᠳᠡᠨ ᠤ ᠰᠤᠷᠭᠠᠨ ᠬᠦᠮᠦᠵᠢᠯ ᠪᠤᠯᠤᠨ | ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠶᠡᠭᠡ ᠪᠠᠷ ᠳᠡᠮᠵᠢᠨ ᠬᠦᠭᠵᠢᠬᠦᠯᠦᠨ᠎ᠡ︔ ᠰᠤᠷᠭᠠᠨ ᠬᠦᠮᠦᠵᠢᠯ ᠤᠨ ᠠᠷᠤ ᠳᠠᠯ᠎ᠠ ᠶᠢᠨ ᠠᠵᠢᠯ ᠤᠨ ᠤᠯᠤᠰ ᠤᠨ | ᠦᠮᠴᠢᠯᠡᠯᠳᠤ ᠺᠤᠮᠫᠠᠨᠢ ᠶᠢ ᠪᠠᠶᠢᠭᠤᠯᠤᠨ᠂ ᠠᠵᠤ ᠠᠬᠤᠶᠢᠯᠠᠯ ᠤᠨ ᠬᠠᠮᠢᠶᠠᠷᠤᠯᠳᠠ ᠶᠢᠨ ᠬᠡᠯᠪᠡᠷᠢ ᠶᠢ ᠵᠢᠬᠡᠯᠡᠨ ᠬᠡᠷᠡᠭᠯᠡᠵᠤ᠂ ᠡᠯ᠎ᠡ ᠲᠦᠷᠦᠯ ᠤᠨ ᠠᠷᠤ ᠳᠠᠯ᠎ᠠ ᠶᠢᠨ | ᠠᠵᠢᠯ ᠤᠨ ᠪᠠᠳᠤᠯᠠᠭ᠎ᠠ ᠶᠢᠨ ᠴᠢᠳᠠᠪᠤᠷᠢ ᠶᠢ ᠳᠡᠬᠡᠭᠰᠢᠯᠡᠬᠦᠯᠦᠨ᠎ᠡ︔ ︽ᠳ᠋ᠦᠩᠱᠧᠩ ᠤᠨ ᠤᠢ ᠪᠢᠯᠢᠭ ᠤᠨ ᠰᠤᠷᠭᠠᠨ ᠬᠦᠮᠦᠵᠢᠯ ᠤᠨ ᠡᠬᠦᠯᠡᠨᠴᠢᠷ ᠳᠠᠪᠴᠠᠩ︾ ᠤᠨ | ᠪᠠᠶᠢᠭᠤᠯᠤᠯᠳᠠ ᠶᠢ ᠡᠬᠢᠯᠡᠬᠦᠯᠦᠨ᠂ ᠤᠯᠤᠰ ᠤᠨ ᠳᠤᠳᠤᠭᠠᠳᠤ ᠶᠢᠨ ᠰᠢᠯᠢᠳᠡᠭ ᠰᠤᠷᠭᠠᠨ ᠬᠦᠮᠦᠵᠢᠯ ᠤᠨ ᠡᠬᠢ ᠰᠤᠷᠪᠤᠯᠵᠢ ᠲᠠᠢ ᠬᠠᠷᠢᠯᠴᠠᠭ᠎ᠠ ᠬᠤᠯᠪᠤᠭ᠎ᠠ ᠠᠪᠴᠤ᠂ | ᠳᠡᠩᠴᠡᠬᠦᠦ ᠪᠠᠷ ᠬᠤᠪᠢᠶᠠᠨ ᠡᠳ᠋ᠯᠡᠬᠦ ᠶᠢ ᠪᠡᠶᠡᠯᠡᠬᠦᠯᠦᠨ᠎ᠡ᠃ ᠡᠮ ᠡᠮᠨᠡᠯᠬᠡ ᠶᠢᠨ ᠦᠢᠯᠡᠴᠢᠯᠡᠬᠡᠨ ᠤ ᠨᠢᠬᠡ ᠴᠤᠭᠴᠠᠵᠢᠭᠤᠯᠤᠭᠰᠠᠨ ᠠᠬᠢᠴᠠ ᠶᠢ ᠠᠬᠢᠭᠤᠯᠤᠨ᠂ ︽ | ᠡᠮᠴᠢ ᠶᠢᠨ ᠪᠦᠯᠦᠭᠯᠡᠯ︾᠂ ︽ᠡᠮᠨᠡᠯᠬᠡ ᠶᠢᠨ ᠬᠤᠯᠪᠤᠭᠠᠳᠤ ᠴᠤᠭᠴᠠ︾ ᠶᠢ ᠳᠤᠷᠰᠢᠨ ᠬᠡᠷᠡᠭᠵᠢᠬᠦᠯᠵᠤ᠂ ᠳ᠋ᠦᠩᠱᠧᠩ ᠳᠤᠭᠤᠷᠢᠭ ᠤᠨ ᠡᠮᠨᠡᠯᠬᠡ ᠶᠢᠨ ᠬᠤᠷᠢᠶ᠎ᠠ ᠶᠢᠨ | ᠡᠬᠦᠳᠡᠨ ᠡᠮᠨᠡᠯᠬᠡ ᠵᠢᠴᠢ ᠡᠮᠨᠡᠯᠬᠡ ᠳᠤ ᠡᠮᠴᠢᠯᠡᠬᠦᠯᠬᠦ ᠠᠰᠠᠷ ᠤᠨ ᠦᠬᠡᠷᠡᠴᠢᠯᠡᠯᠳᠡ ᠶᠢᠨ ᠢᠨᠵᠧᠨᠧᠷᠢᠩ ᠢ ᠪᠡᠶᠡᠯᠡᠬᠦᠯᠦᠨ᠂ ᠳ᠋ᠦᠩᠱᠧᠩ ᠳᠤᠭᠤᠷᠢᠭ ᠤᠨ ᠡᠮᠨᠡᠯᠬᠡ ᠶᠢᠨ | ᠬᠤᠷᠢᠶ᠎ᠠ ᠶᠢ ᠳᠤᠭᠤᠷᠢᠭ ᠤᠨ ᠡᠮᠨᠡᠯᠬᠡ ᠶᠢᠨ ᠬᠤᠷᠢᠶ᠎ᠠ ᠶᠢᠨ ᠬᠤᠶᠠᠳᠤᠭᠠᠷ ᠬᠤᠷᠢᠶ᠎ᠠ ᠪᠤᠯᠭᠠᠨ ᠨᠢᠬᠡ ᠴᠤᠭᠴᠠᠯᠢᠭᠤᠯᠤᠨ ᠬᠠᠮᠢᠶᠠᠷᠤᠯᠳᠠ ᠬᠢᠵᠤ᠂ ᠬᠤᠶᠠᠷ ᠨᠡᠶᠢᠬᠡᠮ | ᠳᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠢ ᠳᠤᠷᠰᠢᠯᠳᠠ ᠶᠢᠨ ᠴᠢᠭ ᠪᠤᠯᠭᠠᠨ ᠰᠤᠷᠠᠭ ᠵᠠᠩᠬᠢᠴᠢᠯᠠᠭᠰᠠᠨ ᠪᠠᠶᠢᠭᠤᠯᠤᠯᠳᠠ ᠶᠢ ᠬᠢᠵᠤ᠂ | ᠰᠤᠷᠠᠭ ᠵᠠᠩᠬᠢ ᠬᠠᠷᠢᠯᠴᠠᠨ ᠨᠡᠪᠳᠡᠷᠡᠬᠦᠯᠴᠡᠬᠦ᠂ ᠬᠤᠤᠰ ᠴᠢᠭᠯᠡᠯᠳᠤ ᠡᠮᠴᠢᠯᠡᠭᠡ ᠰᠢᠯᠵᠢᠬᠦᠯᠬᠦ᠂ ᠳᠡᠬᠡᠳᠤ ᠳᠤᠤᠷᠠᠳᠤ ᠱᠠᠳᠤ ᠬᠠᠷᠢᠯᠴᠠᠨ ᠬᠤᠯᠪᠤᠭᠠᠯᠠᠨ ᠬᠦᠳᠦᠯᠦᠯᠴᠡᠬᠦ | ᠳᠡᠰ ᠬᠤᠪᠢᠶᠠᠭᠰᠠᠨ ᠡᠮᠨᠡᠯᠬᠡ ᠰᠤᠪᠢᠯᠠᠯ ᠤᠨ ᠳᠤᠭᠳᠠᠯᠴᠠᠭ᠎ᠠ ᠶᠢ ᠪᠠᠶᠢᠭᠤᠯᠤᠨ᠎ᠠ᠃ ᠡᠷᠡᠬᠦᠯ ᠮᠡᠨᠳᠤ ᠬᠤᠳᠠ ᠶᠢᠨ ᠪᠠᠶᠢᠭᠤᠯᠤᠯᠳᠠ ᠶᠢ ᠠᠬᠢᠭᠤᠯᠤᠨ᠂ ︽ᠶᠡᠭᠡ ᠡᠷᠡᠬᠦᠯ | ᠮᠡᠨᠳᠤ︾ ᠶᠢᠨ ᠦᠵᠡᠯᠳᠡ ᠶᠢ ᠪᠤᠢ ᠪᠤᠯᠭᠠᠵᠤ᠂ ︽ᠠᠷᠪᠠᠨ ᠶᠡᠭᠡ ᠡᠷᠡᠬᠦᠯ ᠮᠡᠨᠳᠤ︾ ᠶᠢᠨ ᠠᠵᠢᠯᠯᠠᠭ᠎ᠠ ᠶᠢ ᠬᠡᠷᠡᠭᠵᠢᠬᠦᠯᠦᠨ᠂ ᠡᠪᠡᠳᠴᠢᠨ ᠢ ᠵᠠᠰᠠᠬᠤ ᠪᠠᠷ ᠭᠤᠤᠯ | ᠪᠤᠯᠭᠠᠬᠤ ᠶᠢ ᠬᠤᠪᠢᠷᠠᠭᠠᠨ ᠡᠷᠡᠬᠦᠯ ᠮᠡᠨᠳᠤ ᠰᠤᠪᠢᠯᠠᠯ ᠢᠶᠠᠷ ᠭᠤᠤᠯ ᠪᠤᠯᠭᠠᠨ᠎ᠠ᠃ ᠣᠷᠳᠤᠰ ᠤᠨ ᠤᠷᠠᠨ ᠰᠠᠶᠢᠬᠠᠨ ᠤ ᠳᠤᠭᠯᠠᠯᠳᠠ ᠶᠢᠨ ᠠᠭᠤᠳᠠᠮ ᠳᠡᠯᠡᠪᠡᠢ ᠶᠢ | ᠪᠠᠶᠢᠭᠤᠯᠤᠨ᠂ ᠤᠯᠠᠨ ᠲᠦᠮᠡᠨ ᠤ ᠤᠷᠠᠨ ᠰᠠᠶᠢᠬᠠᠨ ᠤ ᠳᠤᠭᠯᠠᠯᠳᠠ ᠪᠤᠯᠤᠨ ᠳᠤᠭᠯᠠᠯᠳᠠ ᠶᠢᠨ ᠤᠳᠠᠭ᠎ᠠ ᠶᠢ ᠪᠠᠶᠠᠯᠢᠭᠵᠢᠭᠤᠯᠤᠨ᠂ 30 ᠤᠯᠠᠨ ᠨᠡᠶᠢᠳᠡ ᠶᠢᠨ | ᠰᠤᠶᠤᠯ ᠪᠡᠶ᠎ᠡ ᠶᠢᠨ ᠳᠠᠮᠢᠷ ᠤᠨ ᠪᠡᠶ᠎ᠡ ᠴᠢᠬᠢᠷᠠᠭᠵᠢᠭᠤᠯᠬᠤ ᠳᠤᠨᠤᠭ ᠲᠦᠬᠦᠬᠡᠷᠦᠮᠵᠢ ᠶᠢ ᠪᠠᠶᠢᠭᠤᠯᠤᠨ᠂ ᠤᠯᠤᠰ ᠤᠨ ᠤᠯᠠᠨ ᠨᠡᠶᠢᠳᠡ ᠶᠢᠨ ᠰᠤᠶᠤᠯ ᠤᠨ | ᠦᠢᠯᠡᠴᠢᠯᠡᠬᠡᠨ ᠤ ᠦᠢᠯᠡᠴᠢᠯᠡᠭᠡ ᠶᠢᠨ ᠪᠠᠷᠢᠮᠵᠢᠶᠠᠵᠢᠭᠤᠯᠤᠯᠳᠠ ᠶᠢᠨ ᠵᠢᠱᠢᠶ᠎ᠡ ᠦᠵᠡᠬᠦᠯᠬᠦ ᠳᠤᠭᠤᠷᠢᠭ ᠢ ᠴᠤᠭᠴᠠᠯᠠᠨ ᠪᠠᠶᠢᠭᠤᠯᠤᠨ᠎ᠠ᠃ ᠪᠦᠬᠦ ᠤᠯᠤᠰ ᠤᠨ ᠬᠤᠳᠠ | ᠶᠢᠨ ᠦᠨᠳᠤᠰᠤᠳᠡᠨ ᠤ ᠠᠵᠢᠯ ᠤᠨ ᠳᠤᠷᠰᠢᠯᠳᠠ ᠶᠢᠨ ᠬᠤᠳᠠ ᠶᠢ ᠢᠳᠡᠪᠬᠢᠳᠡᠢ ᠡᠬᠦᠳᠤᠨ ᠪᠠᠶᠢᠭᠤᠯᠤᠨ᠎ᠠ᠃ ᠬᠦᠳᠡᠭᠡ ᠳᠤᠰᠬᠤᠨ ᠤ ᠶᠠᠳᠠᠭᠤ ᠶᠢ ᠳᠡᠳᠬᠦᠬᠦ ᠪᠤᠯᠤᠨ | ᠬᠤᠳᠠ ᠶᠢᠨ ᠳᠤᠤᠷ᠎ᠠ ᠤᠷᠤᠯᠭ᠎ᠠ ᠲᠠᠢ ᠬᠦᠮᠦᠰ ᠢ ᠠᠪᠤᠷᠠᠨ ᠳᠤᠰᠠᠯᠠᠬᠠᠤ ᠶᠢ ᠬᠠᠮᠳᠤ ᠳᠤ ᠨᠢ ᠴᠢᠩᠭ᠎ᠠ ᠠᠳᠬᠤᠨ᠂ ᠭᠤᠷᠪᠠᠳᠤᠭᠠᠷ ᠡᠳᠡᠭᠡᠳ ᠢ ᠤᠷᠢᠨ | ᠰᠢᠯᠭᠠᠷᠠᠭᠤᠯᠬᠤ᠂ ᠤᠯᠠᠨ ᠲᠦᠮᠡᠨ ᠬᠠᠮᠳᠤ ᠪᠠᠷ ᠦᠨᠡᠯᠡᠬᠦ ᠵᠡᠷᠬᠡ ᠠᠷᠭ᠎ᠠ ᠬᠡᠯᠪᠡᠷᠢ ᠪᠠᠷ ︽ᠶᠠᠳᠠᠭᠤ ᠶᠢ ᠳᠡᠳᠬᠦᠬᠦ ᠡᠬᠦᠯᠡᠨᠴᠢᠷ︾ ᠳᠠᠪᠴᠠᠩ ᠢ ᠪᠠᠶᠢᠭᠤᠯᠤᠨ᠂ | ᠬᠦᠴᠢᠷᠳᠡᠯᠳᠡᠢ ᠡᠷᠦᠬᠡ ᠶᠢ ᠤᠨᠤᠪᠴᠢᠳᠠᠢ ᠤᠯᠬᠤ᠂ ᠤᠨᠪᠤᠪᠴᠢᠳᠠᠢ ᠬᠠᠮᠢᠶᠠᠷᠤᠯᠳᠠ ᠬᠢᠬᠦ ᠶᠢ ᠴᠢᠩᠭ᠎ᠠ ᠠᠳᠬᠤᠨ᠎ᠠ᠃ ᠶᠠᠳᠠᠭᠤ ᠠᠴᠠ ᠠᠩᠬᠢᠵᠢᠷᠠᠭᠤᠯᠬᠤ | ᠰᠢᠪᠳᠤᠯᠤᠯᠳᠠ ᠶᠢᠨ ᠠᠵᠢᠯ ᠤᠨ ︽ᠡᠷᠬᠢᠵᠤ ᠬᠠᠷᠠᠬᠤ︾ ᠠᠵᠢᠯ ᠢ ᠴᠢᠩᠭ᠎ᠠ ᠬᠢᠵᠤ᠂ ᠶᠠᠳᠠᠭᠤ ᠠᠴᠠ ᠠᠩᠬᠢᠵᠢᠷᠠᠭᠤᠯᠬᠤ ᠳᠤ ᠲᠦᠷᠦ ᠶᠢᠨ ᠪᠤᠳᠤᠯᠭ᠎ᠠ ᠳᠤ | ᠦᠨᠳᠤᠰᠤᠯᠡᠯ ᠪᠤᠯᠭᠠᠵᠤ᠂ ᠶᠠᠳᠠᠭᠤ ᠬᠦᠴᠢᠷᠳᠡᠯᠳᠡᠢ ᠡᠷᠦᠬᠡ ᠶᠢ ᠨᠢᠬᠡ ᠶᠢ ᠨᠢ ᠴᠤ ᠤᠷᠬᠢᠭᠳᠠᠭᠤᠯᠤᠯ ᠦᠬᠡᠢ ᠪᠠᠷ ᠬᠤᠳᠠ ᠶᠢᠨ ᠳᠡᠰ ᠤᠨ ᠶᠠᠳᠠᠭᠤ ᠬᠦᠴᠢᠷᠳᠡᠯᠳᠡᠢ | ᠡᠷᠦᠬᠡ ᠶᠢᠨ ᠤᠷᠤᠯᠭ᠎ᠠ ᠶᠢ 20% ᠠᠴᠠ ᠳᠡᠬᠡᠭᠰᠢ ᠳᠤᠭᠳᠠᠭᠤᠨ ᠪᠠᠶᠢᠯᠭᠠᠬᠤ ᠶᠢ ᠪᠠᠳᠤᠯᠠᠨ᠎ᠠ᠃ ᠨᠡᠶᠢᠬᠡᠮ ᠤᠨ ᠳᠠᠭᠠᠳᠬᠠᠯ ᠵᠡᠷᠬᠡ ᠶᠢᠨ ᠤᠯᠠᠨ ᠠᠷᠭ᠎ᠠ ᠠᠪᠴᠠᠯ ᠢ | ᠠᠪᠴᠤ ᠬᠦᠨᠳᠤ ᠡᠪᠡᠳᠴᠢᠳᠠᠨ ᠢ ᠠᠪᠤᠷᠠᠨ ᠳᠤᠰᠠᠯᠠᠬᠤ ᠳᠤᠭᠳᠠᠯᠴᠠᠭ᠎ᠠ ᠶᠢ ᠪᠠᠶᠢᠭᠤᠯᠤᠨ᠎ᠠ᠃ ᠴᠡᠴᠡᠷᠯᠢᠭᠵᠢᠬᠦᠯᠦᠯᠳᠡ᠂ ᠤᠷᠴᠢᠨ ᠳᠤᠭᠤᠷᠢᠨ ᠤ ᠡᠷᠡᠬᠦᠯ ᠬᠠᠮᠠᠭᠠᠯᠠᠯ | ᠢ ᠡᠷᠬᠢᠮᠯᠡᠬᠦ ᠵᠡᠷᠬᠡ ᠨᠡᠶᠢᠳᠡ ᠶᠢᠨ ᠠᠰᠢᠭᠳᠤ ᠶᠠᠳᠠᠭᠤ ᠶᠢ ᠳᠡᠳᠬᠦᠬᠦ ᠠᠵᠢᠯ ᠤᠨ ᠪᠠᠶᠢᠷᠢ ᠶᠢ ᠪᠤᠢ ᠪᠤᠯᠭᠠᠵᠤ᠂ ᠶᠠᠳᠠᠭᠤ ᠬᠦᠴᠢᠷᠳᠡᠯᠳᠡᠢ ᠬᠡᠷ ᠪᠦᠯᠢ ᠶᠢᠨ | ᠬᠦᠳᠡᠯᠮᠤᠷᠢᠯᠡᠬᠦ ᠬᠦᠴᠦᠨ ᠲᠠᠢ ᠬᠦᠮᠦᠨ ᠠᠴᠠ ᠠᠳᠠᠭ ᠲᠤ ᠪᠠᠨ ᠨᠢᠬᠡ ᠶᠢ ᠨᠢ ᠠᠵᠢᠯ ᠤᠯᠭᠤᠬᠤ ᠶᠢ ᠪᠠᠳᠤᠯᠠᠨ᠎ᠠ᠃ ᠶᠠᠳᠠᠭᠤ ᠬᠦᠴᠢᠷᠳᠡᠯᠳᠡᠢ ᠬᠡᠷ ᠪᠦᠯᠢ ᠶᠢᠨ | ᠤᠶᠤᠳᠠᠨ ᠤ ᠨᠢᠬᠡ ᠰᠤᠷᠤᠭᠴᠢ ᠳᠤ ᠨᠢᠬᠡ ᠵᠢᠯ 1 ᠲᠦᠮᠡᠨ ᠲᠦᠬᠦᠷᠢᠭ ᠤᠨ ᠳᠡᠳᠬᠦᠬᠦ ᠮᠦᠩᠬᠦ ᠶᠢ ᠨᠡᠶᠢᠳᠡᠪᠤᠷᠢᠵᠢᠭᠤᠯᠤᠨ᠂ ᠶᠠᠳᠠᠭᠤ ᠬᠦᠴᠢᠷᠳᠡᠯᠳᠡᠢ ᠠᠴᠠ ᠪᠤᠯᠵᠤ | ᠰᠤᠷᠤᠯᠭ᠎ᠠ ᠵᠤᠭᠰᠤᠭᠠᠬᠤ ᠦᠬᠡᠢ ᠪᠠᠶᠢᠯᠭᠠᠵᠤ᠂ ᠰᠤᠷᠤᠯᠭ᠎ᠠ ᠠᠴᠠ ᠪᠤᠯᠵᠤ ᠶᠠᠳᠠᠭᠤ ᠬᠦᠴᠢᠷᠳᠡᠯᠳᠡᠢ ᠪᠤᠯᠬᠤ ᠶᠢ ᠰᠡᠷᠬᠡᠶᠢᠯᠡᠨ ᠪᠠᠳᠤᠯᠠᠨ᠎ᠠ᠃ ᠠᠪᠤᠷᠠᠨ ᠳᠤᠰᠠᠯᠠᠯᠳᠠ | ᠨᠢ ᠬᠦᠴᠢᠷᠳᠡᠢ ᠠᠵᠢᠯ ᠢ ᠬᠦᠨᠵᠡᠬᠡᠶᠢᠷᠡᠬᠦᠯᠦᠨ᠂ ᠤᠨᠴᠠᠭᠠᠢ ᠬᠦᠴᠢᠷᠳᠡᠯᠳᠡᠢ ᠬᠦᠮᠦᠰ ᠲᠤ ᠬᠠᠪᠰᠤᠷᠤᠨ ᠳᠤᠰᠠᠯᠠᠬᠤ ᠠᠪᠤᠷᠠᠨ ᠳᠤᠰᠠᠯᠠᠬᠤ ᠬᠦᠴᠦᠯᠡᠴᠡ ᠪᠠᠨ | ᠨᠡᠮᠡᠭᠳᠡᠬᠦᠯᠦᠨ᠂ ᠴᠠᠭ ᠳᠤᠬᠠᠢ ᠳᠤ ᠨᠢ᠂ ᠡᠯ᠎ᠡ ᠵᠦᠢᠯ ᠤᠨ ᠨᠦᠬᠦᠪᠤᠷᠢ ᠮᠦᠩᠬᠦ ᠶᠢ ᠤᠯᠭᠤᠵᠤ᠂ ᠬᠦᠴᠢᠷᠳᠡᠯᠳᠡᠢ ᠬᠦᠮᠦᠰ ᠲᠤ ᠨᠡᠩ ᠤᠯᠠᠨ ᠬᠠᠨᠭᠠᠯᠵᠠᠯ ᠢ ᠦᠨᠡᠨ | ᠬᠦ ᠦᠵᠡᠬᠦᠯᠦᠨ᠎ᠡ᠃ | ᠨᠡᠶᠢᠬᠡᠮ ᠤᠨ ᠡᠶ᠎ᠡ ᠵᠤᠬᠢᠴᠠᠯ ᠠᠮᠤᠷ ᠳᠤᠭᠳᠠᠭᠤᠨ ᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠶᠤᠯ ᠦᠬᠡᠢ ᠪᠤᠯ ᠬᠠᠮᠤᠭ ᠤᠨ ᠳᠤᠮᠤ ᠠᠷᠠᠳ | ᠤᠨ ᠠᠮᠢᠳᠤᠷᠠᠯ ᠤᠨ ᠢᠨᠵᠧᠨᠧᠷᠢᠩ ᠶᠤᠮ᠃ ᠰᠡᠷᠡᠮᠵᠢ ᠶᠢᠨ ᠱᠤᠭᠤᠮ ᠲᠠᠢ ᠰᠡᠳᠬᠢᠮᠵᠢ ᠪᠠᠷ ᠠᠶᠤᠯ ᠦᠬᠡᠢ ᠦᠢᠯᠡᠳᠪᠤᠷᠢᠯᠡᠯ ᠤᠨ ᠪᠠᠷᠢᠮᠵᠢᠶᠠᠵᠢᠭᠤᠯᠤᠯᠳᠠ ᠶᠢᠨ | ᠪᠠᠶᠢᠭᠤᠯᠤᠯᠳᠠ ᠶᠢᠨ ᠤᠨ ᠤ ᠠᠵᠢᠯᠯᠠᠭ᠎ᠠ ᠶᠢ ᠦᠷᠨᠢᠬᠦᠯᠦᠨ᠂ ᠬᠦᠳᠡᠯᠦᠩᠬᠦᠢ ᠬᠢᠨᠠᠨ ᠬᠠᠮᠢᠶᠠᠷᠤᠯᠳᠠ ᠪᠤᠯᠤᠨ ᠲᠦᠭᠰᠢᠬᠦᠷᠢ ᠶᠢ ᠪᠠᠶᠢᠴᠠᠭᠠᠵᠤ ᠴᠡᠭᠴᠡᠯᠡᠨ ᠵᠠᠰᠠᠬᠤ ᠶᠢ | ᠦᠨᠴᠦᠭ ᠪᠤᠯᠤᠩ ᠢ ᠦᠯᠡᠳᠡᠬᠡᠯ ᠦᠬᠡᠢ ᠨᠡᠶᠢᠳᠡᠮ ᠪᠦᠷᠬᠦᠬᠦᠯᠬᠦ ᠶᠢ ᠪᠡᠶᠡᠯᠡᠬᠦᠯᠦᠨ᠎ᠡ᠃ ᠬᠤᠳᠠ ᠶᠢᠨ ᠳᠡᠰ ᠤᠨ ᠢᠳᠡᠬᠡᠨ ᠪᠤᠯᠤᠨ ᠳᠠᠷᠢᠶᠠᠯᠠᠩ ᠳᠡᠵᠢᠬᠡᠪᠤᠷᠢ ᠶᠢᠨ | ᠭᠠᠷᠤᠯᠳᠠ ᠶᠢ ᠰᠢᠯᠭᠠᠨ ᠪᠠᠶᠢᠴᠠᠭᠠᠬᠤ ᠲᠦᠪ ᠤᠨ ᠪᠠᠶᠢᠭᠤᠯᠤᠯᠳᠠ ᠶᠢ ᠡᠬᠢᠯᠡᠬᠦᠯᠦᠨ᠂ ᠬᠤᠶᠠᠷ ᠬᠡᠮᠵᠢᠯᠳᠤ ᠨᠤᠮᠸᠠᠷ ᠢᠶᠠᠷ ᠬᠠᠶᠢᠬᠤ᠂ ᠠᠯᠤᠰ ᠡᠵᠡᠮᠰᠢᠯᠳᠤ ᠬᠠᠷᠠᠭᠠᠨ | ᠳᠡᠪᠳᠡᠮᠵᠢ ᠶᠢᠨ ᠬᠢᠨᠠᠨ ᠡᠵᠡᠮᠳᠡᠯ ᠵᠡᠷᠬᠡ ᠶᠢᠨ ᠠᠷᠭ᠎ᠠ ᠠᠪᠴᠠᠯ ᠢᠶᠠᠷ ᠬᠠᠤᠯᠢ ᠬᠡᠷᠡᠭᠵᠢᠬᠦᠯᠦᠨ ᠳᠤᠷᠭᠠᠭᠠᠬᠤ ᠬᠦᠴᠦᠯᠡᠴᠡ ᠪᠠᠨ ᠨᠡᠮᠡᠭᠳᠡᠬᠦᠯᠦᠨ᠂ ᠢᠳᠡᠬᠡᠨ ᠡᠮ ᠤᠨ | ᠪᠦᠳᠦᠬᠡᠭᠳᠡᠬᠦᠨ ᠤ ᠠᠶᠤᠯ ᠦᠬᠡᠢ ᠶᠢᠨ ᠬᠤᠳᠠ ᠶᠢ ᠴᠢᠷᠮᠠᠶᠢᠨ ᠪᠠᠶᠢᠭᠤᠯᠤᠨ᠎ᠠ᠃ ᠲᠦᠪ ᠤᠨ ᠤᠷᠴᠢᠨ ᠳᠤᠭᠤᠷᠢᠨ ᠢ ᠬᠢᠨᠠᠨ ᠪᠠᠶᠢᠴᠠᠭᠠᠬᠤ ᠳᠤᠭᠤᠶᠢᠯᠠᠩ ᠤᠨ | ᠡᠬᠡᠬᠦᠯᠦᠭᠰᠡᠨ ᠠᠰᠠᠭᠤᠳᠠᠯ ᠳᠤ ᠴᠢᠩᠭ᠎ᠠ ᠤᠷᠤᠵᠤ᠂ ᠲᠦᠢᠯᠪᠤᠷᠢᠳᠡᠢ ᠰᠢᠢᠳᠪᠤᠷᠢᠯᠡᠨ᠎ᠡ︔ ᠤᠰᠤᠨ ᠤ ᠢᠷᠡᠯᠳᠡ ᠶᠢᠨ ᠬᠠᠮᠤᠭ ᠤᠨ ᠴᠢᠩᠭ᠎ᠠ ᠨᠢᠮᠪᠡᠢ ᠬᠠᠮᠢᠠᠶ᠋ᠷᠤᠯᠳᠠ | ᠶᠢᠨ ᠲᠦᠷᠢᠮ ᠢ ᠨᠠᠶᠢᠳᠠᠪᠤᠷᠢᠵᠢᠭᠤᠯᠤᠨ᠂ ᠦᠢᠯᠡᠳᠪᠤᠷᠢᠯᠡᠵᠤ ᠪᠠᠶᠢᠭ᠎ᠠ ᠤᠰᠤ ᠵᠢᠴᠢ ᠦᠢᠯᠡᠳᠪᠤᠷᠢ ᠶᠢᠨ ᠤᠰᠤᠨ ᠠᠰᠢᠭᠯᠠᠯᠳᠠ ᠶᠢᠨ ᠲᠦᠯᠦᠪᠵᠢᠬᠦᠯᠬᠡ ᠶᠢ ᠦᠨᠳᠤᠷ | ᠴᠢᠨᠠᠷ ᠴᠢᠨᠰᠠᠭ᠎ᠠ ᠲᠠᠢ ᠪᠠᠷ ᠪᠡᠶᠡᠯᠡᠬᠦᠯᠵᠤ᠂ ᠤᠰᠤᠨ ᠤ ᠢᠷᠡᠯᠳᠡ ᠶᠢᠨ ᠭᠠᠵᠠᠷ ᠤᠨ ᠬᠠᠮᠠᠭᠠᠯᠠᠯᠳᠠ᠂ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ᠂ ᠢ | ᠡᠸᠤ ᠬᠠᠮᠠᠭᠠᠯᠠᠯᠳᠠ ᠶᠢᠨ ᠤᠷᠤᠨ ᠤ ᠠᠮᠢ ᠠᠬᠤᠢ ᠶᠢ ᠰᠡᠷᠬᠦᠨ ᠰᠠᠶᠢᠵᠢᠷᠠᠭᠤᠯᠬᠤ᠂ ᠤᠯᠠᠭᠠᠨᠮᠦ᠋ᠷᠡᠨ ᠤᠰᠤᠨ ᠰᠢᠰᠲᠸᠡᠮ ᠪᠤᠯᠤᠨ ᠦᠢᠯᠡᠳᠪᠤᠷᠢᠯᠡᠵᠤ ᠪᠠᠶᠢᠭ᠎ᠠ ᠤᠰᠤ | ᠶᠢᠨ ᠬᠠᠳᠠᠭᠠᠯᠠᠯᠳᠠ ᠶᠢᠨ ᠶᠡᠷᠦᠩᠬᠡᠢ ᠵᠠᠰᠠᠯᠳᠠ ᠶᠢ ᠪᠦᠬᠦ ᠳᠠᠯ᠎ᠠ ᠪᠠᠷ ᠠᠬᠢᠭᠤᠯᠤᠨ᠎ᠠ︔20 ᠨᠡᠬᠦᠷᠡᠰᠤᠨ ᠠᠭᠤᠷᠬᠠᠢ ᠶᠢᠨ 400 ᠾᠧᠺᠲ᠋ᠡᠷ ᠭᠠᠵᠠᠷ ᠢ ᠰᠡᠷᠬᠦᠬᠡᠨ | ᠳᠠᠷᠢᠶᠠᠯᠠᠬᠤ ᠶᠢ ᠪᠡᠶᠡᠯᠡᠬᠦᠯᠦᠨ᠂ ᠨᠡᠬᠦᠷᠡᠰᠤᠨ ᠤ ᠡᠵᠡᠩᠨᠡᠯᠳᠡ ᠶᠢᠨ ᠭᠠᠵᠠᠷ ᠢ ᠴᠦᠮ ᠪᠢᠳᠠᠬᠦᠮᠵᠢᠯᠡᠨᠡ︔ ᠮᠠᠯᠵᠢᠬᠤ ᠶᠢ ᠵᠦᠢ ᠵᠤᠬᠢᠰᠳᠠᠢ ᠬᠤᠷᠢᠭᠯᠠᠬᠤ ᠠᠵᠢᠯ ᠢ | ᠠᠳᠬᠤᠨ ᠠᠮᠢ ᠠᠬᠤᠢ ᠶᠢᠨ ᠰᠡᠷᠡᠮᠵᠢ ᠶᠢᠨ ᠱᠤᠭᠤᠮ ᠢ ᠡᠷᠡᠰ ᠰᠠᠬᠢᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠵᠦᠷᠢᠴᠡᠯ ᠢ ᠢᠷᠡᠯᠳᠡ ᠠᠴᠠ ᠨᠢ ᠰᠢᠢᠳᠪᠤᠷᠢᠯᠡᠬᠦ ᠶᠢ | ᠴᠢᠩᠭᠠᠳᠬᠠᠨ᠂ ᠪᠦᠷᠬᠡ ᠬᠡᠷ ᠤᠨ ᠳᠤᠭᠤᠷᠢᠭ ᠤᠨ ᠦᠯᠡᠳᠡᠭᠳᠡᠭᠰᠡᠨ ᠳᠤᠬᠢᠷᠠᠭᠤᠯᠬᠤ ᠬᠡᠷ ᠪᠠᠶᠢᠰᠢᠩ᠂ ᠬᠤᠳᠠᠯᠳᠤᠭᠠᠨ ᠤ ᠬᠡᠷ ᠪᠠᠶᠢᠰᠢᠩ ᠤᠨ ᠬᠤᠭᠤᠴᠠᠭ᠎ᠠ | ᠬᠡᠳᠤᠷᠡᠬᠦᠯᠦᠨ ᠲᠦᠯᠬᠢᠬᠦᠷ ᠳᠤᠰᠢᠶᠠᠭᠠ ᠦᠬᠡᠢ ᠬᠡᠷ ᠪᠠᠶᠢᠰᠢᠩ᠂ ᠠᠷᠠᠳ ᠤᠨ ᠳᠤᠮᠳᠠᠬᠢ ᠵᠢᠬᠡᠯᠡᠯᠬᠡ ᠵᠡᠷᠬᠡ ᠭᠤᠤᠯ ᠵᠦᠷᠢᠴᠡᠯ ᠢ ᠰᠢᠢᠳᠪᠤᠷᠢᠯᠡᠬᠦ ᠬᠦᠴᠦᠯᠡᠴᠡ ᠪᠠᠨ | ᠨᠡᠮᠡᠭᠳᠡᠬᠦᠯᠵᠤ᠂ ᠦᠩᠬᠡᠷᠡᠭᠰᠡᠨ ᠵᠢᠯ ᠤᠨ ᠪᠦᠷᠬᠡ ᠬᠡᠷ ᠤᠨ ᠳᠤᠭᠤᠷᠢᠭ ᠤᠨ ᠨᠤᠷᠭᠠᠵᠤ ᠨᠡᠬᠦᠯᠬᠡᠨ ᠳᠤᠬᠢᠷᠠᠭᠤᠯᠬᠤ ᠠᠵᠢᠯ ᠢ ᠪᠦᠬᠦ ᠳᠠᠯ᠎ᠠ ᠪᠠᠷ ᠰᠢᠢᠳᠪᠤᠷᠢᠯᠡᠨ᠂ | 70% ᠳᠠᠬᠢ ᠳᠡᠬᠡᠭᠰᠢᠬᠢ ᠠᠷᠠᠳ ᠤᠨ ᠳᠤᠮᠳᠠᠬᠢ ᠵᠢᠬᠡᠯᠡᠯᠬᠡ ᠶᠢᠨ ᠵᠦᠷᠢᠴᠡᠯ ᠢ ᠪᠦᠳᠦᠮᠵᠢᠳᠡᠢ ᠰᠢᠢᠳᠪᠤᠷᠢᠯᠡᠬᠦ ᠶᠢ ᠪᠠᠳᠤᠯᠠᠵᠤ᠂ ᠬᠦᠭᠵᠢᠯᠳᠡ ᠶᠢᠨ ᠳᠤᠭᠳᠠᠭᠤᠨ | ᠪᠠᠶᠢᠳᠠᠯ ᠢ ᠦᠨᠡᠨ ᠬᠦ ᠪᠠᠳᠤᠯᠠᠨ᠎ᠠ᠃ | | ᠭᠤᠷᠪᠠ᠂ ᠤᠬᠤᠷᠢᠰᠢ ᠦᠬᠡᠢ ᠤᠷᠤᠭᠰᠢᠯᠠᠬᠤ ᠢᠳᠡᠬᠡᠯ ᠵᠤᠷᠢᠭ ᠢᠶᠠᠷ ᠠᠵᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠎ᠠ᠃ | | ᠨᠢᠬᠡ ᠬᠤᠪᠢ ᠪᠠᠶᠢᠷᠢᠰᠢᠭᠤᠯᠤᠯᠳᠠ᠂ ᠶᠢᠰᠤᠨ ᠬᠤᠪᠢ ᠶᠢᠨ ᠨᠠᠶᠢᠳᠠᠪᠤᠷᠢᠵᠢᠭᠤᠯᠭᠠ᠃ ᠳᠤᠭᠤᠷᠢᠭ ᠤᠨ ᠨᠠᠮ ᠤᠨ ᠬᠤᠷᠢᠶ᠎ᠠ ᠳᠤᠭᠳᠠᠭᠠᠭᠰᠠᠨ ᠬᠠᠷᠠᠯᠳᠠᠳᠤ | ᠡᠬᠦᠷᠬᠡ ᠶᠢ ᠦᠨᠳᠤᠰᠤᠯᠡᠨ᠂ ᠰᠠᠨᠠᠭᠠᠴᠢᠯᠠᠭ᠎ᠠ ᠠᠴᠠ ᠪᠠᠨ ᠡᠬᠦᠷᠬᠡᠯᠡᠨ᠂ ᠳᠡᠷᠢᠬᠢ ᠬᠦᠳᠡᠯᠬᠡᠬᠡᠨ᠂ ᠬᠦᠴᠦ ᠳᠠᠯᠪᠢᠵᠤ᠂ ᠭᠤᠶᠢᠪᠠᠰᠢ ᠦᠬᠡᠢ ᠡᠷᠴᠢ ᠵᠤᠷᠢᠭ᠂ ᠢᠳᠡᠬᠡᠯ | ᠳᠡᠬᠦᠯᠳᠡᠷ ᠢᠶᠠᠷ ᠰᠢᠨᠵᠢᠯᠡᠬᠦ ᠤᠬᠠᠭᠠᠨᠴᠢ ᠠᠷᠭ᠎ᠠ᠂ ᠬᠠᠳᠠᠭᠤ ᠴᠢᠩᠭ᠎ᠠ ᠠᠵᠢᠯ ᠤᠨ ᠰᠤᠷᠳᠠᠯ ᠢᠶᠠᠷ ᠠᠵᠢᠯ ᠢ ᠨᠠᠶᠢᠳᠠᠪᠤᠷᠢᠵᠢᠭᠤᠯᠬᠤ ᠶᠢ ᠠᠳᠬᠤᠵᠤ᠂ ᠬᠡᠯᠪᠡᠷᠢ ᠪᠠᠨ | ᠬᠤᠪᠢᠷᠠᠭᠠᠨ᠂ ᠰᠢᠨ᠎ᠡ ᠬᠦᠭᠵᠢᠯᠳᠡ ᠶᠢ ᠰᠦᠪᠡᠭᠴᠢᠯᠡᠨ᠎ᠡ᠃ | ᠬᠠᠳᠠᠭᠤ ᠰᠢᠷᠭᠠᠬᠤ᠂ ᠤᠬᠤᠷᠢᠰᠢ ᠦᠬᠡᠢ ᠤᠷᠤᠭᠰᠢᠯᠠᠬᠤ ᠢᠳᠡᠬᠡᠯ ᠵᠤᠷᠢᠭ ᠢ ᠡᠷᠴᠢᠯᠡᠨ ᠪᠠᠷᠢᠮᠳᠠᠯᠠᠨ᠎ᠠ᠃ ᠢᠳᠡᠬᠡᠯ ᠵᠤᠷᠢᠭ ᠠᠯᠳᠠ ᠠᠴᠠ ᠦᠨᠡᠳᠡᠢ᠃ | ᠤᠳᠤᠬᠠᠨ ᠳᠤ ᠳ᠋ᠦᠩᠱᠧᠩ ᠨᠢ ᠨᠢᠭᠤᠷᠳᠠᠨ ᠢᠷᠡᠭᠰᠡᠨ ᠠᠵᠤ ᠠᠬᠤᠢ ᠶᠢᠨ ᠪᠠᠭᠤᠷᠠᠯᠳᠠ᠂ ᠡᠯ᠎ᠡ ᠵᠦᠢᠯ ᠤᠨ ᠲᠦᠭᠰᠢᠬᠦᠷᠢ ᠶᠢᠨ ᠲᠦᠪᠯᠡᠷᠡᠯ᠂ ᠬᠡᠯᠪᠡᠷᠢ ᠬᠤᠪᠢᠷᠠᠭᠠᠨ | ᠬᠦᠭᠵᠢᠬᠦᠯᠦᠭᠰᠡᠨ ᠤ ᠨᠦᠯᠦᠬᠡ ᠵᠡᠷᠬᠡ ᠪᠠᠷ ᠵᠠᠰᠠᠭ ᠤᠨ ᠤᠷᠳᠤᠨ ᠤ ᠡᠯ᠎ᠡ ᠳᠡᠰ ᠤᠨ ᠤᠳᠤᠷᠢᠳᠤᠯᠭ᠎ᠠ ᠶᠢᠨ ᠪᠠᠶᠢᠯᠳᠤᠬᠤ ᠪᠤᠳᠤᠯᠭ᠎ᠠ ᠪᠤᠯᠤᠨ ᠦᠵᠡᠯ ᠰᠠᠨᠠᠭ᠎ᠠ ᠡᠷᠴᠢ | ᠵᠤᠷᠢᠭ ᠳᠤ ᠰᠢᠯᠭᠠᠵᠤ ᠪᠠᠶᠢᠨ᠎ᠠ᠃ ᠬᠦᠭᠵᠢᠭᠰᠡᠨ ᠤ ᠳᠠᠷᠠᠭᠠᠬᠢ ᠠᠰᠠᠭᠤᠳᠠᠯ ᠨᠢ ᠬᠦᠭᠵᠢᠬᠦ ᠠᠴᠠ ᠡᠮᠤᠨᠡᠬᠢ ᠵᠦᠷᠢᠴᠡᠯ ᠠᠴᠠ ᠳᠤᠳᠠᠭᠤ ᠦᠬᠡᠢ ᠬᠡᠰᠡᠨ ᠢ ᠬᠦᠢᠴᠡᠳ | ᠦᠢᠯᠠᠭᠠᠵᠤ᠂ ᠬᠦᠭᠵᠢᠭᠰᠡᠨ ᠤ ᠳᠠᠷᠠᠭ᠎ᠠ ᠠᠰᠠᠭᠤᠳᠠᠯ ᠢ ᠰᠢᠢᠳᠪᠤᠷᠢᠯᠡᠬᠦ ᠨᠦᠬᠦᠴᠡᠯ ᠨᠢ ᠯᠠᠪᠳᠠᠢ ᠬᠦᠭᠵᠢᠬᠦ ᠠᠴᠠ ᠡᠮᠤᠨᠡᠬᠢ ᠠᠴᠠ ᠳᠡᠬᠡᠷ᠎ᠡ ᠬᠡᠰᠡᠨ ᠢ ᠦᠢᠯᠠᠭᠠᠨ᠎ᠠ᠃ | ᠪᠦᠬᠦ ᠳᠤᠭᠤᠷᠢᠭ ᠤᠨ ᠬᠢᠨ ᠳ᠋ᠦᠩᠱᠧᠩ ᠳᠤᠭᠤᠷᠢᠭ ᠤᠨ ᠺᠠᠳ᠋ᠷ ᠤᠨ ᠳᠡᠮᠡᠴᠡᠨ ᠤᠷᠤᠭᠰᠢᠯᠠᠬᠤ ᠡᠷᠴᠢ ᠵᠤᠷᠢᠭ ᠪᠤᠯᠤᠨ ᠤᠳᠠᠭᠠᠨ ᠳᠠᠭᠠᠭᠠᠮᠠᠭᠠᠢ ᠳᠡᠰᠪᠤᠷᠢ | ᠬᠠᠳᠠᠭᠤᠵᠢᠯ ᠢ ᠭᠠᠷᠭᠠᠵᠤ᠂ ᠳᠠᠷᠤᠭᠠᠰᠤ ᠶᠢ ᠬᠦᠳᠡᠯᠬᠡᠬᠦ ᠬᠦᠴᠦᠨ ᠪᠤᠯᠭᠠᠨ ᠬᠤᠪᠢᠷᠠᠭᠠᠵᠤ᠂ ᠵᠦᠷᠢᠶ᠎ᠡ ᠶᠢ ᠳᠠᠯᠳᠠ ᠬᠦᠴᠦᠨ ᠪᠤᠯᠭᠠᠨ ᠬᠤᠪᠢᠷᠠᠭᠤᠯᠵᠤ᠂ | ᠦᠬᠡᠷᠡᠴᠢᠯᠡᠯᠳᠡ ᠬᠦᠭᠵᠢᠬᠦᠯᠦᠯᠳᠡ ᠶᠢ ᠬᠦᠨᠵᠡᠬᠡᠶᠢᠷᠡᠬᠦᠯᠬᠦ᠂ ᠠᠵᠤ ᠠᠬᠤᠶᠢᠯᠠᠯ ᠤᠨ ᠬᠡᠯᠪᠡᠷᠢ ᠶᠢ ᠬᠤᠪᠢᠷᠠᠭᠠᠬᠤ᠂ ᠬᠤᠳᠠᠯᠳᠤᠭᠴᠢᠨ ᠤᠷᠢᠵᠤ ᠪᠡᠯᠡ ᠴᠤᠭᠯᠠᠭᠤᠯᠬᠤ᠂ | ᠵᠦᠷᠢᠴᠡᠯ ᠢ ᠰᠢᠢᠳᠪᠤᠷᠢᠯᠡᠬᠦ ᠵᠡᠷᠬᠡ ᠶᠢᠨ ᠴᠢᠬᠤᠯᠠ ᠭᠤᠭᠴᠤᠭ᠎ᠠ ᠳᠤ ᠰᠢᠨ᠎ᠡ ᠠᠷᠭ᠎ᠠ᠂ ᠴᠢᠩᠭ᠎ᠠ ᠠᠷᠭ᠎ᠠ ᠠᠪᠤᠪᠠᠯ᠂ ᠬᠦᠴᠢᠷ ᠢ ᠰᠢᠢᠳᠪᠤᠷᠢᠯᠡᠨ᠂ ᠬᠦᠴᠢᠷᠳᠡᠯᠳᠡᠢ | ᠪᠠᠶᠢᠳᠠᠯ ᠠᠴᠠ ᠭᠠᠷᠴᠤ ᠢᠷᠡᠨ᠂ ᠬᠦᠭᠵᠢᠯᠳᠡ ᠳᠤ ᠲᠦᠷᠦᠬᠦᠯᠡᠬᠦ ᠠᠵᠠ ᠳᠤᠬᠢᠶᠠᠯ ᠢ ᠤᠯᠬᠤ ᠶᠤᠮ᠃ | ᠳᠡᠮᠡᠴᠡᠨ ᠴᠢᠷᠮᠠᠶᠢᠵᠤ᠂ ᠦᠷᠢᠰᠦᠯᠳᠤᠨ ᠤᠷᠤᠭᠰᠢᠯᠠᠨ ᠪᠤᠳᠠᠳᠤ ᠠᠵᠢᠯ ᠬᠢᠬᠦ ᠳᠤ ᠰᠤᠷᠳᠠᠯ ᠴᠢᠬᠡᠴᠢ ᠪᠠᠶᠢᠬᠤ ᠶᠢ ᠪᠠᠳᠤᠯᠠᠨ᠎ᠠ᠃ ᠰᠢᠨ᠎ᠡ ᠬᠡᠪ ᠤᠨ ᠪᠠᠶᠢᠳᠠᠯ | ᠳᠤ ᠤᠷᠤᠭᠰᠠᠨ ᠤ ᠳᠠᠷᠠᠭ᠎ᠠ᠂ ᠬᠡᠷᠪᠡ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ᠂ ᠰᠢᠨ᠎ᠡ ᠶᠢ ᠡᠬᠦᠳᠬᠦ ᠠᠵᠢᠯ ᠤᠨ ᠬᠡᠪ ᠵᠠᠭᠪᠤᠷ ᠢ ᠡᠵᠡᠮᠰᠢᠬᠦ ᠦᠬᠡᠢ | ᠪᠤᠯ ᠨᠠᠶᠢᠳᠠᠪᠤᠷᠢᠵᠢᠭᠤᠯᠬᠤ ᠨᠢ ᠵᠦᠪᠬᠡᠨ ᠴᠠᠭᠠᠰᠤᠨ ᠳᠡᠬᠡᠷ᠎ᠡ ᠪᠢᠴᠢᠭᠰᠡᠨ ᠪᠢᠴᠢᠭ᠂ ᠶᠠᠷᠢᠶᠠᠨ ᠳᠤᠮᠳᠠ ᠬᠡᠯᠡᠭᠰᠡᠨ ᠦᠬᠡ ᠶᠢᠨ ᠳᠡᠳᠤᠢ ᠪᠤᠯᠬᠤ ᠶᠤᠮ᠃ | ᠰᠤᠷᠤᠯᠴᠠᠯᠭ᠎ᠠ ᠰᠢᠨ᠎ᠡ ᠶᠢ ᠡᠬᠦᠳᠬᠦ ᠰᠤᠷᠳᠠᠯ ᠢ ᠶᠡᠬᠡᠪᠡᠷ ᠳᠡᠯᠬᠡᠷᠡᠬᠦᠯᠦᠨ᠂ ᠬᠦᠭᠵᠢᠯᠳᠡ ᠶᠢ ᠰᠠᠭᠠᠳᠠᠭᠤᠯᠬᠤ ᠰᠡᠳᠬᠢᠬᠦᠢ ᠶᠢᠨ ᠳᠤᠮᠢᠶ᠎ᠠ᠂ ᠵᠠᠩᠰᠢᠭᠰᠠᠨ ᠦᠢᠯᠡ | ᠠᠵᠢᠯᠯᠠᠭ᠎ᠠ᠂ ᠬᠠᠭᠤᠴᠢᠨ ᠵᠠᠮ ᠱᠤᠭᠤᠮ ᠳᠤ ᠲᠦᠰᠢᠭᠯᠡᠬᠦ ᠶᠢ ᠡᠪᠳᠡᠵᠤ᠂ ᠦᠨᠳᠤᠷ ᠲᠤ ᠭᠠᠷᠴᠤ ᠬᠤᠯᠠ ᠶᠢ ᠪᠠᠷᠠᠯᠠᠬᠤ᠂ ᠳᠠᠷᠢᠬᠢ ᠬᠦᠳᠡᠯᠬᠡᠬᠡᠵᠤ᠂ ᠤᠶᠤᠨ ᠢᠶᠠᠨ | ᠰᠢᠪᠬᠠᠬᠤ ᠶᠢ ᠪᠠᠷᠢᠮᠳᠠᠯᠠᠵᠤ᠂ ᠰᠢᠷᠭᠠᠭᠤ ᠬᠦᠳᠡᠯᠮᠤᠷᠢᠯᠡᠵᠤ᠂ ᠨᠡᠩ ᠰᠢᠨ᠎ᠡ ᠶᠢ ᠡᠬᠦᠳᠦᠭᠰᠡᠨ᠂ ᠨᠡᠩ ᠪᠤᠳᠠᠳᠤ᠂ ᠨᠡᠩ ᠬᠦᠴᠦᠯᠡᠴᠡ ᠲᠠᠢ ᠠᠷᠭ᠎ᠠ ᠠᠪᠴᠠᠯ ᠢ ᠴᠢᠩᠭ᠎ᠠ | ᠠᠳᠬᠤᠨ᠎ᠠ᠃ ᠳᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ︽ᠪᠤᠷᠤ ᠵᠢᠷᠤᠭ︾ ᠢ ︽ᠵᠠᠮ ᠱᠤᠭᠤᠮ ᠤᠨ ᠵᠢᠷᠤᠭ︾᠂ ︽ᠪᠠᠷᠢᠯᠭ᠎ᠠ ᠬᠢᠬᠦ ᠵᠢᠷᠤᠭ | ︾ ᠪᠤᠯᠭᠠᠨ ᠬᠤᠪᠢᠷᠠᠭᠤᠯᠵᠤ᠂ ᠡᠬᠦᠷᠬᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠤᠭᠴᠤᠭ᠎ᠠ ᠶᠢ ᠴᠢᠩᠭ᠎ᠠ ᠠᠳᠬᠤᠨ᠂ ᠬᠢᠨᠠᠨ ᠪᠠᠶᠢᠴᠠᠭᠠᠵᠤ ᠪᠦᠳᠦᠮᠵᠢ ᠶᠢ | ᠠᠰᠠᠭᠤᠬᠤ ︽ᠬᠦᠳᠡᠯᠬᠡᠭᠴᠢ ᠮᠠᠰᠢᠨ︾ ᠢ ᠬᠡᠷᠡᠭᠯᠡᠨ᠂ ᠴᠠᠭᠳᠠᠨ ᠬᠢᠨᠠᠬᠤ ᠰᠠᠬᠢᠯᠭ᠎ᠠ ᠪᠠᠳᠤ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ︽ᠬᠠᠳᠠᠭᠤ ᠠᠷᠭ᠎ᠠ ᠠᠪᠴᠠᠯ︾ ᠢ | ᠪᠠᠳᠠᠷᠠᠭᠤᠯᠤᠨ᠂ ᠳᠡᠰ ᠪᠤᠯᠭᠠᠨ ᠡᠬᠦᠷᠬᠡ ᠶᠢ ᠨᠠᠶᠢᠳᠠᠪᠤᠷᠢᠵᠢᠭᠤᠯᠤᠨ᠂ ᠳᠠᠪᠬᠤᠷᠭ᠎ᠠ ᠪᠤᠯᠭᠠᠨ ᠳᠠᠷᠤᠯᠳᠠ ᠦᠭᠴᠤ᠂ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠶᠢ | ᠨᠠᠶᠢᠳᠠᠪᠤᠷᠢᠵᠢᠭᠤᠯᠤᠨ ᠪᠤᠳᠠᠳᠤ ᠠᠵᠢᠯ ᠢ ᠯᠠᠪᠳᠠᠭᠤᠨ ᠪᠠᠳᠤᠳᠠᠢ ᠬᠢᠵᠤ ᠪᠦᠳᠦᠬᠡᠬᠦ ᠶᠢ ᠦᠨᠡᠨ ᠬᠦ ᠪᠠᠳᠤᠯᠠᠨ᠎ᠠ᠃ | ᠬᠠᠤᠯᠢ ᠶᠤᠰᠤᠭᠠᠷ ᠵᠠᠰᠠᠭ ᠶᠠᠪᠤᠭᠤᠯᠬᠤ᠂ ᠪᠤᠳᠠᠳᠤ ᠠᠵᠢᠯ ᠤᠨ ᠪᠦᠳᠦᠮᠵᠢ ᠶᠢ ᠳᠡᠬᠡᠭᠰᠢᠯᠡᠬᠦᠯᠬᠦ ᠠᠵᠢᠯ ᠤᠨ ᠦᠵᠡᠯᠳᠡ ᠶᠢ ᠴᠢᠩᠭᠠᠳᠬᠠᠨ᠎ᠠ᠃ ᠬᠠᠤᠯᠢ ᠪᠠᠷ | ᠵᠠᠰᠠᠭᠰᠠᠨ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠦᠴᠦᠯᠡᠴᠡ ᠶᠢ ᠨᠡᠮᠡᠭᠳᠡᠬᠦᠯᠦᠨ᠂ ᠬᠠᠤᠯᠢ ᠶᠤᠰᠤᠭᠠᠷ ᠵᠠᠰᠠᠭ ᠤᠨ ᠤᠷᠳᠤᠨ ᠤ ᠳᠤᠰᠢᠶᠠᠯ ᠤᠨ ᠴᠢᠳᠠᠪᠤᠷᠢ | ᠶᠢ ᠪᠦᠬᠦ ᠳᠠᠯ᠎ᠠ ᠪᠠᠷ ᠬᠦᠢᠴᠡᠳᠬᠡᠨ᠂ ᠬᠦᠨᠳᠤ ᠴᠢᠬᠤᠯᠠ ᠠᠵᠢᠯ ᠲᠦᠷᠦᠯ ᠢ ᠨᠠᠮ ᠤᠨ ᠬᠤᠷᠢᠶ᠎ᠠ ᠳᠤ ᠮᠡᠳᠡᠬᠦᠯᠬᠦ ᠲᠦᠷᠢᠮ ᠢ ᠪᠠᠷᠢᠮᠳᠠᠯᠠᠵᠤ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠩᠭᠤ ᠶᠢᠨ ᠬᠡᠰᠢᠬᠦᠨ ᠤ ᠬᠤᠷᠠᠯ ᠤᠨ ᠰᠢᠢᠳᠪᠤᠷᠢ ᠳᠤᠭᠳᠠᠭᠠᠯ ᠢ ᠬᠡᠷᠡᠭᠵᠢᠬᠦᠯᠦᠨ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠳᠠ ᠶᠢ ᠰᠠᠨᠠᠭᠠᠴᠢᠯᠠᠭ᠎ᠠ | ᠠᠴᠠ ᠪᠠᠨ ᠬᠦᠯᠢᠶᠡᠨ᠎ᠡ᠃ ︽ᠭᠤᠷᠪᠠᠨ ᠬᠦᠨᠳᠤ ᠨᠢᠬᠡ ᠶᠡᠭᠡ︾ ᠬᠠᠮᠳᠤ ᠶᠢᠨ ᠰᠢᠢᠳᠪᠤᠷᠢᠳᠤ ᠲᠦᠷᠢᠮ ᠢ ᠴᠢᠩᠭ᠎ᠠ ᠬᠡᠷᠡᠭᠵᠢᠬᠦᠯᠦᠨ᠂ ᠬᠦᠨᠳᠤ ᠴᠢᠬᠤᠯᠠ ᠳᠤᠰᠬᠠᠢ | ᠮᠡᠷᠬᠡᠵᠢᠯᠳᠡᠨ ᠤ ᠯᠠᠪᠯᠠᠯᠳᠠ ᠶᠢᠨ ᠵᠦᠪᠯᠡᠯ ᠢ ᠵᠤᠬᠢᠶᠠᠨ ᠪᠠᠶᠢᠭᠤᠯᠵᠤ᠂ ᠵᠠᠰᠠᠭ ᠤᠨ ᠤᠷᠳᠤᠨ ᠤ ᠰᠢᠢᠳᠪᠤᠷᠢ ᠶᠢᠨ ᠬᠢᠷᠢ ᠲᠦᠪᠰᠢᠨ ᠢ ᠳᠡᠬᠡᠭᠰᠢᠯᠡᠬᠦᠯᠦᠨ᠂ ᠵᠠᠰᠠᠭ | ᠵᠠᠬᠢᠷᠭᠠᠨ ᠤ ᠰᠢᠢᠳᠪᠤᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯ ᠤᠨ ᠴᠢᠨᠠᠷ᠂ ᠬᠠᠤᠯᠢ ᠴᠠᠭᠠᠵᠠ ᠶᠢᠨ ᠴᠢᠨᠠᠷ ᠢ ᠦᠨᠳᠤᠷ ᠬᠢᠷᠢ | ᠪᠠᠷᠢᠮᠵᠢᠶ᠎ᠡ ᠲᠠᠢ ᠪᠠᠷ ᠠᠬᠢᠭᠤᠯᠵᠤ ᠬᠠᠤᠯᠢ ᠶᠢ ᠦᠨᠳᠤᠰᠤᠯᠡᠨ ᠡᠷᠬᠡ᠂ ᠬᠡᠷᠡᠭ ᠤᠴᠢᠷ᠂ ᠬᠦᠮᠦᠨ ᠢ ᠦᠨᠡᠨ ᠬᠦ ᠬᠠᠮᠢᠶᠠᠷᠤᠨ᠎ᠠ᠃ ᠪᠤᠷᠤᠭᠤ ᠶᠢ ᠨᠢ ᠠᠭᠤᠴᠢᠯᠠᠬᠤ᠂ | ᠪᠤᠷᠤᠭᠤ ᠶᠢ ᠨᠢ ᠵᠠᠰᠠᠬᠤ ᠠᠵᠢᠯ ᠤᠨ ᠳᠤᠭᠳᠠᠯᠴᠠᠭ᠎ᠠ ᠶᠢ ᠪᠠᠶᠢᠭᠤᠯᠤᠨ᠂ ᠡᠬᠦᠷᠬᠡᠯᠡᠨ ᠬᠠᠷᠢᠭᠤᠴᠠᠭᠴᠢ ᠶᠢ ᠳᠡᠮᠵᠢᠨ ᠵᠤᠷᠢᠭᠵᠢᠭᠤᠯᠵᠤ ᠬᠠᠮᠠᠭᠠᠯᠠᠨ᠂ ᠰᠡᠳᠬᠢᠯ ᠰᠠᠨᠠᠭ᠎ᠠ | ᠠᠮᠤᠷ ᠢᠶᠠᠷ ᠠᠵᠢᠯ ᠬᠢᠬᠦ᠂ ᠬᠦᠴᠦᠯᠡᠨ ᠠᠵᠢᠯᠯᠠᠬᠤ᠂ ᠵᠤᠷᠢᠭᠳᠠᠢ ᠪᠠᠷ ᠬᠡᠷᠡᠭ ᠶᠠᠪᠤᠳᠠᠯ ᠢ ᠪᠦᠳᠦᠬᠡᠬᠦ ᠰᠠᠶᠢᠨ ᠰᠠᠶᠢᠬᠠᠨ ᠤᠷᠴᠢᠨ ᠳᠤᠭᠤᠷᠢᠨ ᠢ ᠪᠦᠷᠢᠯᠳᠦᠬᠦᠯᠦᠨ᠎ᠡ᠃ | | ᠠᠷᠠᠳ ᠤᠨ ᠲᠦᠯᠦᠬᠡ ᠠᠵᠢᠯᠴᠢ ᠬᠢᠴᠢᠶᠡᠩᠬᠦᠢ ᠪᠠᠷ ᠵᠠᠰᠠᠭ ᠪᠠᠷᠢᠬᠤ᠂ ᠠᠷᠢᠭᠤᠨ ᠴᠢᠬᠡᠴᠢ ᠰᠠᠶᠢᠨ ᠰᠠᠶᠢᠬᠠᠨ ᠲᠦᠷᠢ ᠲᠦᠷᠬᠦ ᠶᠢ ᠪᠤᠢ ᠪᠤᠯᠭᠠᠨ᠎ᠠ᠃ ᠵᠠᠰᠠᠭ | ᠤᠨ ᠤᠷᠳᠤᠨ ᠤ ᠰᠢᠰᠲ᠋ᠧᠮ ᠨᠠᠮ ᠢ ᠴᠢᠩᠭ᠎ᠠ ᠵᠠᠰᠠᠬᠤ᠂ ᠵᠠᠰᠠᠭ ᠢ ᠴᠢᠩᠭ᠎ᠠ ᠵᠠᠰᠠᠬᠤ ᠭᠤᠤᠯ ᠴᠤᠭᠴᠠ ᠶᠢᠨ ᠡᠬᠦᠷᠬᠡ ᠬᠠᠷᠢᠭᠤᠴᠠᠯᠭ᠎ᠠ ᠪᠤᠯᠤᠨ ︽ᠨᠢᠬᠡ ᠪᠠᠶᠢᠷᠢ | ᠬᠤᠤᠰ ᠬᠠᠷᠢᠭᠤᠴᠠᠯᠭ᠎ᠠ︾ ᠲᠠᠢ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠤᠨ᠂ ᠡᠳᠤᠷ ᠳᠤᠳᠤᠮ ᠤᠨ ᠰᠤᠷᠭᠠᠨ ᠬᠦᠮᠦᠵᠢᠯ᠂ ᠬᠠᠮᠢᠶᠠᠷᠤᠯᠳᠠ᠂ | ᠬᠢᠨᠠᠯᠳᠠ ᠠᠴᠠ ᠭᠠᠷᠳᠠᠨ ︽ᠲᠦᠷᠪᠡᠨ ᠰᠤᠷᠳᠠᠯ︾ ᠢ ᠴᠢᠩᠭ᠎ᠠ ᠠᠳᠬᠤᠵᠤ᠂ ︽ᠢᠯᠡ ᠲᠦᠷᠢᠮ︾ ᠢ ᠪᠤᠢ ᠪᠤᠯᠭᠠᠨ᠂ ︽ᠳᠠᠯᠳᠠ ᠲᠦᠷᠢᠮ︾ ᠢ ᠡᠪᠳᠡᠨ᠂ ︽ | ᠡᠮᠤᠨ᠎ᠡ ᠡᠬᠦᠳᠡ︾ ᠶᠢ ᠤᠩᠭᠤᠶᠢᠯᠭᠠᠵᠤ᠂ ︽ᠠᠷᠤ ᠡᠬᠦᠳᠡ︾ ᠶᠢ ᠳᠠᠰᠤ ᠬᠠᠭᠠᠨ᠎ᠠ᠃ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ᠂ ᠳᠤᠰᠬᠠᠢ ᠲᠦᠷᠦᠯ ᠤᠨ | ᠪᠡᠯᠡ ᠮᠦᠩᠬᠦ᠂ ᠶᠡᠭᠡ ᠦᠷᠳᠡᠭ ᠲᠠᠢ ᠵᠠᠷᠤᠯᠭ᠎ᠠ ᠵᠡᠷᠬᠡ ᠶᠢᠨ ᠬᠦᠷᠢᠶ᠎ᠡ ᠬᠡᠪᠴᠢᠶ᠎ᠡ ᠳᠠᠬᠢ ᠮᠦᠷᠳᠡᠨ ᠪᠦᠷᠢᠳᠬᠡᠬᠦ ᠬᠦᠴᠦᠯᠡᠴᠡ ᠪᠠᠨ ᠨᠡᠮᠡᠭᠳᠡᠬᠦᠯᠦᠨ᠂ ᠡᠯ᠎ᠡ ᠨᠢᠬᠡᠴᠡ | ᠶᠢᠨ ᠡᠳ᠋ ᠤᠨ ᠵᠠᠰᠠᠭ ᠤᠨ ᠶᠠᠪᠤᠳᠠᠯ ᠤᠨ ᠲᠦᠷᠢᠮᠵᠢᠬᠦᠯᠦᠯᠳᠡ ᠶᠢᠨ ᠬᠠᠮᠢᠶᠠᠷᠤᠯᠳᠠ ᠶᠢ ᠴᠢᠩᠭᠠᠳᠬᠠᠨ᠂ ᠳᠤᠳᠤᠭᠠᠳᠤ ᠶᠢᠨ ᠪᠦᠷᠢᠳᠬᠡᠬᠦ ᠠᠵᠢᠯ ᠢ ᠨᠡᠶᠢᠳᠡᠮ | ᠪᠦᠷᠬᠦᠬᠦᠯᠦᠨ᠂ ᠬᠡᠪ ᠤᠨ ᠪᠠᠶᠢᠳᠠᠯ ᠲᠠᠢ ᠪᠠᠷ ᠬᠢᠨᠠᠨ ᠬᠠᠮᠢᠶᠠᠷᠴᠤ ᠦᠨᠴᠦᠭ ᠪᠤᠯᠤᠩ ᠦᠯᠡᠳᠡᠬᠡᠬᠦ ᠦᠬᠡᠢ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠡ᠃ | ᠠᠵᠢᠯ ᠢ ᠬᠢᠬᠦ ᠦᠬᠡᠢ᠂ ᠬᠤᠶᠢᠰᠢᠯᠠᠭᠤᠯᠬᠤ ᠵᠡᠷᠬᠡ ᠵᠦᠢᠯ ᠪᠤᠰᠤ ᠶᠢᠨ ᠰᠤᠷᠳᠠᠯ ᠢ ᠴᠢᠩᠭ᠎ᠠ ᠰᠢᠢᠳᠬᠡᠵᠤ᠂ ︽ᠠᠯᠵᠠᠭᠤ ᠵᠠᠯᠬᠠᠭᠤ ᠡᠷᠦᠢ ᠬᠤᠷᠤᠢ ᠦᠬᠡᠢ︾ ᠪᠠᠶᠢᠳᠠᠯ | ᠢ ᠵᠠᠯᠬᠠᠭᠠᠨ᠂ ᠴᠢᠩᠭ᠎ᠠ ᠪᠠᠷ ᠪᠠᠶᠢᠴᠠᠭᠠᠨ ᠰᠢᠢᠳᠬᠡᠵᠤ᠂ ᠬᠠᠳᠠᠭᠤ ᠴᠢᠩᠭ᠎ᠠ ᠪᠠᠷ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠠᠯᠪᠠᠨ ᠠᠵᠢᠯᠳᠠᠨ ᠤ ᠰᠡᠷᠡᠮᠵᠢ ᠶᠢᠨ | ᠰᠤᠷᠭᠠᠨ ᠬᠦᠮᠦᠵᠢᠯ ᠢ ᠴᠢᠩᠭᠠᠳᠬᠠᠨ᠂ ᠢᠳᠡᠵᠤ ᠤᠤᠭᠤᠵᠤ ᠠᠪᠴᠠᠭ᠎ᠠ ᠠᠪᠬᠤ᠂ ᠳᠠᠯᠳᠠ ᠪᠠᠷ ᠬᠡᠮ ᠦᠢᠯᠡᠳᠬᠦ᠂ ᠡᠷᠬᠡ ᠪᠠᠨ ᠲᠦᠷᠢᠶᠡᠰᠦᠯᠡᠨ ᠬᠤᠳᠠᠯᠳᠤᠭᠠᠯᠠᠬᠤ᠂ | ᠬᠡᠬᠡᠯᠢ ᠬᠠᠭ᠋ᠤᠤᠯᠢ ᠢᠷᠡᠵᠤ ᠢᠯᠵᠢᠷᠡᠨ ᠳᠤᠷᠤᠶᠢᠳᠠᠬᠤ ᠵᠡᠷᠬᠡ ᠶᠢᠨ ᠬᠠᠤᠯᠢ ᠵᠦᠷᠢᠴᠡᠵᠤ᠂ ᠰᠠᠬᠢᠯᠭ᠎ᠠ ᠪᠠᠳᠤ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠬᠡᠵᠤ᠂ ᠢᠳᠡᠪᠬᠢᠳᠡᠢ ᠪᠠᠷ ᠳᠡᠬᠡᠭᠰᠢ ᠳᠡᠪᠰᠢᠬᠦ᠂ ᠰᠤᠷᠳᠠᠯ ᠴᠢᠬᠡᠴᠢ᠂ ᠦᠢᠯᠡᠰ ᠪᠦᠳᠦᠬᠡᠨ ᠪᠤᠳᠠᠳᠤ ᠠᠵᠢᠯ ᠬᠢᠬᠦ ᠵᠡᠷᠬᠡ ᠶᠢᠨ ᠰᠠᠶᠢᠨ ᠰᠠᠶᠢᠬᠠᠨ | ᠤᠷᠴᠢᠨ ᠳᠤᠭᠤᠷᠢᠨ ᠢ ᠤᠯᠠᠮ ᠨᠢᠬᠡ ᠠᠯᠬᠤᠮ ᠪᠦᠷᠢᠯᠳᠦᠬᠦᠯᠦᠨ᠎ᠡ᠃ | ᠲᠦᠯᠦᠬᠡᠯᠡᠭᠴᠢᠳ ᠡ᠂ ᠰᠢᠨ᠎ᠡ ᠬᠠᠷᠠᠯᠳᠠ ᠨᠢ ᠬᠦᠮᠦᠰ ᠲᠤ ᠰᠢᠨ᠎ᠡ ᠬᠦᠳᠡᠯᠬᠡᠭᠴᠢ ᠬᠦᠴᠦᠨ ᠤᠯᠭᠤᠵᠤ᠂ ᠰᠢᠨ᠎ᠡ ᠠᠶᠠᠨ ᠤ ᠡᠬᠦᠷᠬᠡ ᠬᠦᠨᠳᠤ ᠵᠠᠮ ᠬᠤᠯᠠ | ᠪᠠᠶᠢᠨ᠎ᠠ᠃ ᠪᠢᠳᠠ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠤᠯᠤᠨ ᠳᠤᠭᠤᠷᠢᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ | ᠤᠳᠤᠷᠢᠳᠤᠯᠭ᠎ᠠ ᠳᠤᠤᠷ᠎ᠠ ᠮᠤᠩᠭᠤᠯ ᠬᠦᠯᠦᠭ ᠤᠨ ᠳᠡᠰᠪᠤᠷᠢ ᠬᠠᠳᠠᠭᠤᠵᠢᠯᠳᠡᠢ᠂ ᠤᠬᠤᠷᠢᠰᠢ ᠦᠬᠡᠢ ᠤᠷᠤᠭᠰᠢ ᠴᠢᠷᠮᠠᠶᠢᠬᠤ ᠵᠤᠷᠢᠭ ᠰᠠᠨᠠᠭ᠎ᠠ ᠶᠢ ᠪᠠᠳᠠᠷᠠᠭᠤᠯᠤᠨ᠂ | ᠬᠡᠪ ᠲᠦᠪᠰᠢᠨ ᠢᠶᠠᠷ ᠦᠨᠳᠤᠷ ᠳ᠋ᠦᠩᠱᠧᠩ ᠤᠨ ᠪᠦᠳᠦᠬᠡᠨ ᠪᠠᠶᠢᠭᠤᠯᠤᠯᠳᠠ ᠶᠢ ᠰᠢᠨ᠎ᠡ ᠨᠢᠬᠡᠨ ᠳᠡᠭᠳᠡᠷ ᠲᠤ ᠭᠠᠷᠭᠠᠬᠤ ᠪᠠᠷ ᠬᠦᠴᠦᠯᠡᠨ ᠴᠢᠷᠮᠠᠶᠢᠵᠤ᠂ ᠰᠢᠯᠢᠳᠡᠭ | ᠦᠷ᠎ᠡ ᠪᠦᠳᠦᠮᠵᠢ ᠪᠠᠷ ᠢᠶᠠᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ70 ᠵᠢᠯ ᠤᠨ ᠤᠢ ᠪᠤᠯᠤᠨ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ | ᠠᠮᠵᠢᠯᠳᠠᠳᠠᠢ ᠬᠤᠷᠠᠯᠳᠤᠬᠤ ᠶᠢ ᠪᠡᠯᠬᠡᠯᠡᠶ᠎ᠡ︕ | |