ᠳ᠋ᠥᠩᠱᠧᠩ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2018/11/23
ᠦᠷᠭᠡᠨ ᠣᠯᠠᠨ ᠰᠦᠯᠵᠢᠶᠡᠨ ᠤ ᠠᠨᠳᠠ ᠨᠠᠷ ᠮᠢᠨᠢ᠄            ᠰᠠᠶᠢᠨ ᠪᠠᠶᠢᠵᠠᠭᠠᠨ᠎ᠠ ᠤᠤ︖ ᠰᠠᠶᠢᠬᠠᠨ ᠡᠪᠦᠯᠵᠢᠵᠦ ᠪᠠᠶᠢᠨ᠎ᠠ ᠤᠤ︖      ᠣᠷᠳᠣᠰ ᠬᠤᠲᠠ ᠶᠢᠨ ᠳ᠋ᠦᠩᠱᠧᠩ ᠲᠤᠭᠤᠷᠢᠭ ᠤᠨ ᠵᠠᠰᠠᠭ ᠤᠨ ᠣᠷᠳᠣᠨ ᠤ ᠮᠣᠩᠭᠤᠯ ᠠᠯᠪᠠᠨ ᠰᠦᠯᠵᠢᠶ᠎ᠡ ᠲᠠ ᠨᠠᠷ ᠲᠠᠢ ᠪᠠᠨ ᠰᠡᠳᠭᠢᠯ ᠤᠨ ᠰᠠᠮᠪᠠᠢ ᠬᠠᠳᠠᠭ ᠢᠶᠠᠨ ᠡᠷᠭᠦᠵᠦ ᠮᠡᠨᠳᠦᠴᠢᠯᠡᠨ ᠵᠤᠯᠭᠠᠵᠤ ᠪᠠᠶᠢᠨ᠎ᠠ᠃ ᠮᠠᠨ ᠤ ᠰᠦᠯᠵᠢᠶ᠎ᠡ 2018 ᠣᠨ ᠤ 11 ᠰᠠᠷ᠎ᠠ ᠳᠤ ᠪᠠᠶᠢᠭᠤᠯᠣᠭᠳᠠᠵᠤ᠂ ᠣᠳᠣᠬᠠᠨ ᠳᠤ ᠲᠣᠭᠤᠷᠢᠭ  ᠤᠨ ᠲᠣᠶᠢᠮᠤ ᠪᠠᠶᠢᠳᠠᠯ᠂ ᠲᠡᠷᠢᠭᠦᠨ ᠮᠡᠳᠡᠭᠡ᠂ ᠰᠣᠨᠢᠨ ᠮᠡᠳᠡᠭᠡ᠂ ᠢᠯᠡ ᠵᠠᠰᠠᠭ᠂ ᠦᠢᠯᠡᠴᠢᠯᠡᠭᠡ᠂ ᠰᠣᠶᠣᠯ ᠡᠷᠳᠡᠨᠢ ᠵᠡᠷᠭᠡ  ᠵᠢᠷᠭᠤᠭᠠᠨ ᠶᠡᠭᠡ ᠪᠤᠯᠤᠩ ᠢᠶᠠᠷ ᠪᠦᠷᠢᠯᠳᠦᠵᠦ᠂ ᠬᠤᠲᠠ ᠲᠣᠭᠤᠷᠢᠭ ᠬᠤᠰᠢᠭᠤ ᠪᠠᠯᠭᠠᠰᠤᠨ ᠤ ᠰᠤᠨᠢᠨ ᠮᠡᠳᠡᠭᠡ᠂ ᠵᠠᠰᠠᠭ ᠤᠨ ᠶᠠᠪᠤᠳᠠᠯ᠂ ᠬᠠᠤᠯᠢ ᠳᠦᠷᠢᠮ᠂ ᠰᠤᠶᠤᠯ  ᠂ ᠵᠤᠭᠠᠴᠠᠯ᠂ ᠦᠢᠯᠡᠴᠢᠯᠡᠭᠡ ᠵᠡᠷᠭᠡ ᠠᠭᠤᠯᠭ᠎ᠠ ᠶᠢ ᠨᠠᠶᠢᠷᠠᠭᠤᠯᠤᠨ ᠳᠠᠮᠵᠢᠭᠤᠯᠬᠤ ᠪᠠᠷ ᠪᠤᠯᠤᠯ᠎ᠠ᠃ ᠲᠣᠰ ᠰᠦᠯᠵᠢᠶ᠎ᠡ ᠶᠢᠨ ᠠᠭᠤᠯᠭ᠎ᠠ ᠶᠢ ᠳ᠋ᠦᠩᠱᠧᠩ ᠲᠤᠭᠤᠷᠢᠭ ᠤᠨ ᠵᠠᠰᠠᠭ ᠤᠨ ᠣᠷᠳᠣᠨ ᠤ ᠣᠷᠴᠢᠭᠤᠯᠣᠨ ᠨᠠᠶᠢᠷᠠᠭᠤᠯᠬᠤ ᠲᠠᠰᠤᠭ ᠠᠴᠠ ᠣᠷᠴᠢᠭᠤᠯᠤᠨ ᠨᠠᠶᠢᠷᠠᠭᠤᠯᠵᠤ᠂ ᠳ᠋ᠦᠩᠱᠧᠩ ᠲᠤᠭᠤᠷᠢᠭ ᠤᠨ ᠵᠠᠰᠠᠭ ᠤᠨ ᠣᠷᠳᠣᠨ ᠤ ᠮᠣᠩᠭᠤᠯ ᠬᠡᠯᠡᠨ  ᠤ ᠠᠯᠪᠠᠨ ᠰᠦᠯᠵᠢᠶ᠎ᠡ ᠶᠢ ᠬᠠᠮᠢᠶᠠᠷᠤᠨ ᠬᠠᠷᠢᠭᠤᠴᠠᠬᠤ ᠠᠯᠪᠠᠨ ᠭᠡᠷ ᠠᠴᠠ ᠶᠡᠷᠦᠩᠬᠡᠶᠢᠯᠡᠨ ᠬᠠᠮᠢᠶᠠᠷᠴᠤ᠂ ᠬᠢᠨᠠᠨ ᠬᠠᠷᠭᠤᠭᠤᠯᠵᠤ᠂ ᠰᠦᠯᠵᠢᠶᠡᠨ ᠳᠤ ᠳᠠᠮᠵᠢᠭᠤᠯᠤᠭᠠᠳ᠂ ᠠᠷᠤ ᠲᠠᠯ᠎ᠠ ᠶᠢᠨ ᠬᠠᠮᠠᠭᠠᠯᠠᠨ ᠪᠠᠲᠤᠯᠠᠬᠤ ᠠᠵᠢᠯ ᠶᠢ ᠬᠠᠷᠢᠭᠤᠴᠠᠵᠤ ᠪᠠᠶᠢᠬᠤ ᠶᠤᠮ᠃      ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ ᠨᠢ ᠮᠠᠨ ᠤ ᠲᠣᠭᠤᠷᠢᠭ ᠤᠨ ᠣᠬᠠᠭᠤᠯᠭ᠎ᠠ ᠶᠢᠨ ᠴᠣᠩᠬᠤ ᠪᠣᠯᠵᠣ᠂ ᠲᠣᠭᠤᠷᠢᠭ ᠤᠨ ᠠᠵᠤ ᠠᠬᠤᠢ  ᠶᠢᠨ ᠬᠦᠭᠵᠢᠯᠲᠡ ᠶᠢ ᠠᠬᠢᠭᠤᠯᠬᠤ᠂ ᠮᠤᠩᠭᠤᠯ ᠦᠨᠳᠦᠰᠦᠲᠡᠨ ᠤ ᠤᠯᠠᠨ ᠲᠦᠮᠡᠨ ᠤ ᠨᠠᠮ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠣᠶᠢᠯᠠᠭᠠᠬᠤ᠂ ᠴᠠᠭ ᠲᠦᠷᠦ ᠶᠢᠨ ᠪᠠᠶᠢᠳᠠᠯ ᠢ ᠣᠶᠢᠯᠠᠭᠠᠬᠤ᠂ ᠬᠡᠷᠡᠭᠯᠡᠭᠡᠨ ᠤ ᠮᠡᠷᠭᠡᠵᠢᠯ ᠤᠨ ᠮᠡᠳᠡᠯᠭᠡ ᠰᠤᠷᠤᠯᠴᠠᠬᠤ᠂ ᠲᠣᠰ ᠪᠡᠶ᠎ᠡ ᠶᠢᠨ ᠬᠦᠰᠡᠯ ᠱᠠᠭᠠᠷᠳᠠᠯᠭ᠎ᠠ ᠶᠢ ᠪᠡᠶᠡᠯᠡᠭᠦᠯᠬᠦ ᠳᠤ ᠲᠣᠰᠠᠯᠠᠮᠵᠢ ᠪᠣᠯᠣᠨ ᠣᠯᠠᠨ ᠲᠦᠮᠡᠨ ᠳᠤ ᠦᠢᠯᠡᠴᠢᠯᠡᠵᠦ᠂ ᠳ᠋ᠦᠩᠱᠧᠩ ᠲᠤᠭᠤᠷᠢᠭ ᠤᠨ ᠠᠵᠤ ᠠᠬᠤᠢ᠂ ᠨᠡᠶᠢᠭᠡᠮ ᠤᠨ ᠬᠦᠭᠵᠢᠯᠲᠡ ᠳᠤ ᠦᠪᠡᠷ ᠤᠨ ᠪᠦᠬᠦ ᠬᠦᠴᠦᠨ ᠨᠦᠯᠦᠭᠡ ᠪᠠᠨ ᠦᠵᠡᠭᠦᠯᠬᠦ ᠪᠠᠷ ᠪᠠᠶᠢᠨ᠎ᠠ᠃       ᠮᠠᠨ ᠤ ᠰᠦᠯᠵᠢᠶ᠎ᠡ ᠪᠦᠷᠢᠮᠦᠰᠦᠨ ᠨᠡᠭᠡᠭᠡᠯᠲᠠᠢ ᠪᠠᠶᠢᠵᠤ᠂ ᠤᠳᠬ᠎ᠠ ᠵᠣᠬᠢᠶᠠᠯ᠂ ᠤᠷᠠᠯᠢᠭ ᠮᠡᠳᠡᠭᠡᠯᠡᠯ ᠳᠤ ᠠᠪᠢᠶᠠᠰ ᠲᠠᠢ ᠤᠯᠠᠨ ᠨᠠᠶᠢᠵᠠ ᠨᠠᠷ ᠤᠨ ᠢᠶᠠᠨ ᠡᠬᠡ ᠪᠢᠴᠢᠭ ᠢᠷᠡᠭᠦᠯᠵᠦ ᠰᠢᠯᠢᠳᠡᠭ ᠰᠠᠶᠢᠬᠠᠨ ᠪᠦᠲᠦᠭᠡᠯ ᠤᠳ ᠢᠶᠠᠨ ᠪᠦᠭᠦᠳᠡ ᠣᠯᠠᠨ ᠲᠠᠢ ᠬᠤᠪᠢᠶᠠᠯᠴᠠᠬᠤ ᠪᠤᠶᠤ ᠡᠷᠬᠢᠮ ᠨᠠᠨᠳᠢᠨ ᠰᠠᠨᠠᠯ᠂ ᠰᠣᠷᠭᠠᠯ ᠢᠶᠠᠨ ᠳᠡᠪᠰᠢᠭᠦᠯᠵᠦ ᠮᠠᠨ ᠤ ᠰᠦᠯᠵᠢᠶ᠎ᠡ ᠪᠠᠨ ᠣᠯᠠᠮ ᠲᠡᠭᠦᠰ ᠰᠠᠶᠢᠬᠠᠨ ᠪᠤᠯᠭᠠᠬᠤ ᠶᠢ ᠬᠦᠰᠡᠨ ᠬᠦᠯᠢᠶᠡᠵᠦ ᠪᠡᠶᠢᠨ᠎ᠠ︕ ᠳ᠋ᠥᠩᠱᠧᠩ ᠲᠣᠭᠤᠷᠢᠭ ᠤᠨ ᠮᠠᠨᠢ ᠮᠠᠷᠭᠠᠰᠢ ᠣᠯᠠᠮ ᠰᠠᠷᠠᠭᠤᠯ ᠭᠡᠭᠡᠨ ᠪᠤᠯᠤᠭᠠᠰᠠᠢ︕                         ᠡᠬᠡ ᠪᠢᠴᠢᠭ ᠬᠦᠯᠢᠶᠡᠨ ᠠᠪᠬᠤ ᠢᠮᠧᠯ᠄ dsqmgwz@163.com                   ᠬᠠᠷᠢᠯᠴᠠᠬᠤ                ᠣᠲᠠᠰᠣ᠄ 0477--8381664                                                   0477--8381665
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ