— 2019 ᠤᠨ ᠤ 3 ᠰᠠᠷ᠎ᠠ ᠶᠢᠨ 7 ᠤ ᠡᠳᠦᠷ ᠤᠷᠳᠤᠰ ᠬᠤᠳᠠ ᠶᠢᠨ ᠳ᠋ᠦᠩᠱᠧᠩ | ᠲᠤᠭᠤᠷᠢᠭ ᠤᠨ ᠶᠢᠰᠦᠳᠦᠬᠡᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠲᠡᠬᠡᠷ᠎ᠡ | | | ᠳ᠋ᠥᠩᠱᠧᠩ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠤᠭ᠎ᠠ ᠮᠠ ᠢᠦᠢ ᠴᠢᠩ | | | | ᠲᠦᠯᠦᠬᠡᠯᠡᠭᠴᠢᠳ ᠡ᠄ | ᠤᠳᠤ ᠪᠢ ᠤᠷᠳᠤᠰ ᠬᠤᠳᠠ ᠶᠢᠨ ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ᠂ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠥᠪᠰᠢᠶᠡᠷᠡᠬᠦ ᠪᠤᠯᠪᠠᠤ᠂ ᠲᠡᠷᠡᠴᠢᠯᠠᠨ ᠡᠯ᠎ᠡ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠪᠤᠯᠤᠨ ᠰᠤᠯᠠ ᠪᠠᠷ ᠤᠷᠤᠯᠴᠠᠭᠰᠠᠨ | ᠨᠦᠬᠦᠳ ᠰᠠᠨᠠᠯ ᠢᠶᠠᠨ ᠲᠤᠷᠠᠳᠬᠤ ᠪᠤᠯᠪᠠᠦ᠃ | | | ᠨᠢᠬᠡ᠂ 2018 ᠤᠨ ᠤ ᠠᠵᠢᠯ ᠤᠨ ᠡᠷᠬᠢᠴᠡᠬᠦᠯᠦᠯ | | ᠦᠩᠬᠡᠷᠡᠭᠰᠠᠨ ᠨᠢᠬᠡ ᠵᠢᠯ ᠳᠤ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ | ᠤᠨ ᠤᠷᠳᠤᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠲᠤᠭᠤᠷᠢᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠬᠡ ᠶᠢᠨ ᠲᠤᠤᠷ᠎ᠠ᠂ ᠲᠤᠭᠳᠠᠭᠤᠨ ᠪᠠᠶᠢᠯᠭᠠᠬᠤ ᠶᠢ ᠲᠡᠷᠢᠬᠦᠨ ᠳᠤ ᠲᠠᠯᠪᠢᠵᠤ᠂ ᠠᠰᠠᠭᠤᠳᠠᠯ ᠤᠨ ᠬᠠᠨᠳᠤᠰᠢ | ᠶᠢ ᠲᠤᠪᠤᠶᠢᠯᠭᠠᠨ᠂ ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠳᠤᠳᠬᠠᠵᠤ᠂ ᠬᠦᠴᠢᠷ ᠢ ᠢᠯᠡᠨ ᠵᠤᠷᠢᠭᠳᠠᠢ ᠤᠷᠤᠭᠰᠢᠯᠠᠵᠤ᠂ ᠯᠠᠪᠳᠠᠭᠤᠨ ᠠᠵᠢᠯᠯᠠᠵᠣ ᠠᠵᠤ | ᠠᠬᠤᠢ ᠨᠡᠶᠢᠬᠡᠮ ᠤᠨ ᠦᠷᠬᠦᠯᠵᠢᠯᠡᠭᠰᠠᠨ ᠲᠤᠭᠳᠠᠭᠤᠨ ᠬᠦᠭᠵᠢᠯᠳᠠ ᠶᠢ ᠪᠠᠳᠤᠯᠠᠪᠠ᠃ ᠪᠦᠬᠦ ᠵᠢᠯ ᠤᠨ ᠤᠷᠤᠨ ᠨᠤᠳᠤᠭ ᠤᠨ ᠤᠶᠢᠯᠡᠳᠪᠤᠷᠢᠯᠠᠯ ᠤᠨ ᠶᠡᠷᠦᠩᠬᠡᠢ | ᠦᠷᠳᠡᠭ ᠢ 734 ᠳ᠋ᠦᠩᠰᠢᠭᠤᠷ ᠲᠦᠬᠦᠷᠢᠭ ᠪᠡᠶᠡᠯᠡᠬᠦᠯᠵᠤ᠂ 4.5% ᠪᠠᠷ ᠨᠡᠮᠡᠭᠳᠠᠪᠠ︔ ᠤᠯᠠᠨ ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ | 45.5 ᠳ᠋ᠦᠩᠰᠢᠭᠤᠷ ᠲᠦᠬᠦᠷᠢᠭ ᠪᠡᠶᠡᠯᠡᠬᠦᠯᠵᠤ᠂ 9.2% ᠢᠶᠠᠷ ᠨᠡᠮᠡᠭᠳᠠᠪᠠ︔ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢ 245. | 6 ᠳ᠋ᠦᠩᠰᠢᠭᠤᠷ ᠲᠦᠬᠦᠷᠢᠭ ᠪᠡᠶᠡᠯᠡᠬᠦᠯᠵᠤ᠂ 6.4% ᠪᠠᠷ ᠨᠡᠮᠡᠭᠳᠡᠪᠡ︔ ᠬᠤᠳᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ | ᠶᠢᠨ ᠳᠣᠮᠳᠠᠴᠢ ᠪᠠᠷ ᠡᠵᠡᠮᠳᠠᠵᠤ ᠪᠤᠯᠬᠤ ᠤᠷᠤᠯᠭ᠎ᠠ 48452 ᠲᠦᠬᠦᠷᠢᠭ ᠲᠤ ᠬᠦᠷᠴᠦ᠂ 7.4% ᠪᠠᠷ ᠨᠡᠮᠡᠭᠳᠠᠵᠤ᠂ ᠭᠤᠣᠯ ᠪᠤᠯᠬᠤ ᠠᠵᠤ ᠠᠬᠤᠢ ᠶᠢᠨ | ᠵᠢᠭᠠᠯᠲᠠ ᠲᠤᠭ᠎ᠠ ᠶᠢᠨ ᠨᠡᠮᠡᠭᠳᠡᠯ ᠪᠦᠬᠦ ᠬᠤᠲᠠ ᠶᠢᠨ ᠬᠢ ᠲᠠᠢ ᠦᠨᠳᠦᠰᠦᠨ ᠳᠤ ᠪᠠᠨ ᠨᠢᠭᠡᠳᠣᠯᠲᠡᠢ ᠪᠠᠶᠢᠵᠤ᠂ ᠵᠦᠢ ᠵᠤᠬᠢᠰᠳᠠᠢ ᠬᠦᠭᠵᠢᠯᠳᠠ ᠶᠢ ᠪᠠᠳᠤᠯᠠᠪᠠ᠃ | ︵ᠨᠢᠬᠡ︶ ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠬᠦᠴᠦᠨ ᠢᠶᠠᠷ ᠠᠬᠢᠭᠤᠯᠪᠠ᠃ ᠵᠠᠰᠠᠭ ᠤᠨ ᠤᠷᠳᠤᠨ ᠤ ᠦᠷᠢ ᠦᠭᠴᠡᠭᠡ ᠶᠢᠨ | ︽ᠨᠢᠬᠡ ᠬᠠᠭᠤᠳᠠᠰᠤ ᠭᠤᠷᠪᠡᠨ ᠲᠠᠩᠰᠠ︾ ᠶᠢᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠤ᠂ ᠦᠷᠬᠦᠯᠵᠢᠯᠡᠨ ᠵᠠᠷᠤᠯᠭ᠎ᠠ ᠶᠢ ᠪᠠᠭᠠᠰᠬᠠᠵᠤ᠂ ᠪᠡᠯᠡ ᠮᠦᠩᠬᠦ ᠶᠢ | ᠤᠯᠠᠨ ᠲᠠᠯ᠎ᠠ ᠠᠴᠠ ᠬᠤᠷᠠᠮᠳᠣᠭᠤᠯᠣᠨ᠂ 66.5 ᠳ᠋ᠦᠩᠰᠢᠭᠤᠷ ᠲᠦᠬᠦᠷᠢᠭ ᠤᠨ ᠵᠢᠬᠡᠯᠡᠯᠬᠡ ᠶᠢᠨ ᠲᠡᠮᠳᠡᠭᠳᠦ ᠶᠢ ᠲᠡᠮᠡᠴᠡᠨ ᠤᠯᠵᠤ᠂ ᠪᠠᠷᠤᠭ 10 ᠳ᠋ᠦᠩᠰᠢᠭᠤᠷ | ᠲᠦᠬᠦᠷᠢᠭ ᠤᠨ ᠤᠯᠤᠰ ᠤᠨ ᠦᠮᠴᠢᠯᠠᠯᠳᠤ ᠡᠳ᠋ ᠬᠦᠷᠦᠩᠬᠡ ᠶᠢ ᠰᠢᠢᠳᠪᠤᠷᠢᠯᠠᠨ᠂ ᠪᠦᠬᠦ ᠵᠢᠯ ᠳᠤ ᠨᠡᠶᠢᠳᠠ 132.6 ᠳ᠋ᠦᠩᠰᠢᠭᠤᠷ ᠲᠦᠬᠦᠷᠢᠭ ᠤᠨ ᠦᠷᠢ | ᠦᠭᠴᠡᠭᠡ ᠶᠢ ᠰᠢᠢᠳᠪᠤᠷᠢᠯᠠᠪᠠ᠃ ︽ᠠᠷᠪᠠ ᠶᠢ ᠪᠦᠷᠬᠦᠬᠦᠯᠬᠦ︾ ᠠᠷᠪᠡᠨ ᠲᠦᠷᠦᠯ ᠤᠨ ᠢᠨᠵᠧᠨᠧᠷᠢᠩ ᠤᠨ ᠦᠷᠢ ᠦᠭᠴᠡᠭᠡ ᠶᠢ ᠰᠢᠢᠳᠪᠤᠷᠢᠯᠠᠵᠤ᠂ 2 | ᠳ᠋ᠦᠩᠰᠢᠭᠤᠷ ᠭᠠᠷᠤᠢ ᠲᠦᠬᠦᠷᠢᠭ ᠤᠨ ᠲᠡᠬᠡᠳᠤ ᠱᠠᠳᠤᠨ ᠤ ᠦᠷᠢ ᠦᠭᠴᠡᠭᠡ ᠪᠠᠨ ᠦᠬᠡᠶᠢᠰᠬᠡᠭᠰᠠᠨ ᠬᠦᠬᠢᠬᠦᠯᠦᠯ ᠤᠨ ᠮᠦᠩᠬᠦ ᠶᠢ ᠤᠯᠪᠠ᠃ 279 ᠠᠵᠤ | ᠠᠬᠤᠶᠢᠯᠠᠯ ᠢ ᠬᠠᠪᠰᠤᠷᠤᠨ 356 ᠳ᠋ᠦᠩᠰᠢᠭᠤᠷ ᠲᠦᠬᠦᠷᠢᠭ ᠤᠨ ᠵᠢᠬᠡᠯᠡᠯᠬᠡ ᠶᠢ ᠰᠢᠯᠵᠢᠭᠦᠯᠬᠦ ᠪᠤᠶᠤ ᠦᠷᠬᠦᠯᠵᠢᠯᠡᠨ ᠵᠢᠭᠡᠯᠡᠭᠦᠯᠵᠦ᠂ ᠤᠷᠤᠨ ᠨᠤᠳᠤᠭ ᠤᠨ ᠮᠦᠩᠬᠦᠨ | ᠬᠦᠢᠯᠬᠡᠬᠡᠨ ᠤ ᠡᠮᠬᠢ ᠲᠢᠭᠯᠢᠮ ᠢ ᠦᠷᠬᠦᠯᠵᠢᠯᠠᠨ ᠲᠤᠭᠳᠠᠭᠤᠨ ᠪᠠᠶᠢᠯᠭᠠᠪᠠ᠃ ᠶᠠᠳᠠᠭᠤ ᠶᠢ ᠲᠡᠳᠬᠦᠬᠦ ᠡᠷᠡᠬᠦᠯ ᠮᠡᠨᠳᠤ ᠶᠢᠨ ︽ᠵᠢᠷᠭᠤᠭᠠᠨ ᠲᠠᠪᠬᠤᠷ︾ ᠪᠠᠳᠤᠯᠠᠭ᠎ᠠ | ᠶᠢᠨ ᠲᠤᠭᠳᠠᠯᠴᠠᠭ᠎ᠠ ᠪᠠ ︽ᠤᠷᠢᠳᠠᠪᠠᠷ ᠡᠮᠨᠡᠵᠤ ᠲᠠᠷᠠᠭ᠎ᠠ ᠨᠢ ᠰᠤᠶᠢᠳᠬᠡᠯ ᠲᠤᠰᠢᠶᠠᠬᠤ︾᠂ ︽ᠨᠢᠬᠡ ᠦᠷᠳᠡᠬᠡᠴᠢᠯᠡᠭᠰᠠᠨ︾ ᠲᠦᠷᠬᠡᠨ ᠰᠤᠶᠢᠳᠬᠡᠯ ᠲᠠᠶᠢᠯᠬᠤ | ᠤᠶᠢᠯᠡᠴᠢᠯᠡᠬᠡᠨ ᠤ ᠲᠤᠭᠳᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠶᠢᠳᠬᠡᠯ ᠲᠠᠶᠢᠯᠬᠤ ᠬᠠᠷᠢᠴᠠᠯ ᠨᠢ 94% ᠳᠤ ᠬᠦᠷᠪᠡ︔ ᠨᠠᠶᠢᠲᠠᠵᠤ ᠤᠷᠤᠯᠠᠨ | ᠲᠡᠵᠢᠬᠡᠯᠬᠡᠬᠦ᠂ ᠬᠤᠪᠢ ᠤᠷᠤᠭᠤᠯᠵᠤ ᠬᠤᠪᠢ ᠬᠤᠪᠢᠶᠠᠯᠴᠠᠬᠤ ᠵᠡᠷᠬᠡ ᠠᠷᠭ᠎ᠠ ᠠᠪᠴᠠᠯ ᠢᠶᠠᠷ ᠲᠡᠮᠵᠢᠨ᠂ 3 ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ | ᠠᠵᠤ ᠠᠬᠤᠶᠢᠯᠠᠯ ᠢ ᠤᠳᠤᠷᠢᠳᠤᠨ 31 ᠶᠠᠳᠠᠭᠤ ᠬᠦᠴᠢᠷᠳᠡᠯᠳᠠᠢ ᠡᠷᠦᠬᠡ ᠲᠠᠢ ᠠᠰᠢᠭ ᠲᠤᠰᠠ ᠶᠢᠨ ᠬᠤᠯᠪᠤᠭᠠᠳᠤ ᠲᠤᠭᠳᠠᠯᠴᠠᠭ᠎ᠠ ᠶᠢ ᠪᠠᠶᠢᠭᠤᠯᠵᠤ᠂ ᠲᠠᠩᠰᠠ | ᠪᠠᠶᠢᠭᠤᠯᠵᠤ ᠺᠠᠷᠲᠯᠠᠭᠰᠠᠨ ᠶᠠᠳᠠᠭᠤ ᠬᠦᠴᠢᠷᠳᠠᠯᠳᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ ᠳᠤ ᠬᠦᠷᠬᠡᠪᠡ᠃ ᠲᠦᠪ᠂ ᠦᠪᠡᠷᠳᠡᠬᠡᠨ | ᠵᠠᠰᠠᠬᠤ ᠤᠷᠤᠨ ᠪᠠ ᠬᠤᠳᠠ ᠶᠢᠨ ᠤᠷᠴᠢᠨ ᠲᠤᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠯᠳᠠ ᠪᠠᠷ ᠬᠠᠷᠢᠭᠤ ᠲᠤᠰᠬᠠᠭᠰᠠᠨ ᠠᠰᠠᠭᠤᠳᠠᠯ ᠤᠨ ᠴᠡᠭᠴᠡᠯᠡᠨ ᠵᠠᠰᠠᠯᠳᠠ | ᠶᠢ ᠰᠠᠶᠢᠳᠤᠷ ᠬᠢᠵᠤ᠂ ᠲᠤᠨᠤᠭ ᠲᠦᠬᠦᠬᠡᠷᠦᠮᠵᠢ ᠤᠶᠢᠯᠡᠳᠬᠦ ᠰᠠᠭᠤᠷᠢᠨ ᠭᠠᠵᠡᠷ ᠪᠠ ᠬᠤᠪᠤᠷ ᠴᠠᠬᠤᠯᠠᠢ ᠶᠢᠨ ᠵᠦᠯᠬᠡᠯᠢᠭ ᠭᠠᠵᠡᠷ ᠲᠤ ᠬᠠᠳᠤᠨ ᠭᠤᠤᠯ ᠤᠨ ᠤᠰᠤ ᠶᠢ | ᠲᠠᠳᠠᠬᠤ ᠢᠨᠵᠧᠨᠧᠷᠢᠩ ᠢ ᠪᠡᠶᠡᠯᠡᠬᠦᠯᠵᠤ᠂ ᠬᠤᠪᠤᠷ ᠴᠠᠬᠤᠯᠠᠢ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠤᠰᠤᠳᠤ ᠤᠷᠤᠨ ᠤ ᠲᠠᠯᠠᠪᠠᠢ ᠶᠢᠨ 3 ᠬᠠᠪᠲᠠᠭᠠᠢ | ᠲᠦᠷᠪᠡᠯᠵᠢᠨ ᠺᠢᠯᠤᠮᠧᠲᠷ ᠬᠦᠷᠬᠦ ᠦᠬᠡᠢ ᠪᠠᠶᠢᠭᠰᠠᠨ ᠢ 6 ᠬᠠᠪᠲᠠᠭᠠᠢ ᠲᠦᠷᠪᠡᠯᠵᠢᠨ ᠺᠢᠯᠤᠮᠧᠲᠷ ᠪᠤᠯᠭᠠᠨ ᠨᠡᠮᠡᠭᠳᠡᠬᠦᠯᠵᠤ᠂ ᠵᠠᠪᠰᠠᠷ ᠤᠨ ᠤᠰᠤ ᠶᠢ ᠲᠠᠬᠢᠨ | ᠠᠰᠢᠭᠯᠠᠬᠤ᠂ ᠬᠤᠭ ᠨᠤᠪᠰᠢ ᠶᠢ ᠬᠤᠤᠷ ᠬᠦᠨᠦᠬᠡᠯ ᠦᠬᠡᠢ ᠪᠠᠷ ᠪᠤᠯᠠᠬᠤ ᠪᠠ ᠪᠤᠵᠠᠷ ᠰᠢᠪᠠᠷ ᠢ ᠰᠢᠢᠳᠪᠤᠷᠢᠯᠡᠬᠦ ᠲᠦᠷᠦᠯ ᠵᠤᠶᠢᠯ ᠢ ᠬᠡᠷᠡᠭᠵᠢᠬᠦᠯᠦᠨ᠂ 4 ᠤᠰᠤᠨ | ᠰᠤᠷᠪᠤᠯᠵᠢ ᠶᠢᠨ ᠭᠠᠵᠡᠷ ᠢ ᠰᠤᠯᠢᠬᠤ᠂ ᠤᠯᠠᠭᠠᠨᠮᠦ᠋ᠷᠡᠨ ᠤ ᠰᠠᠪᠠ ᠭᠠᠵᠡᠷ ᠤᠨ ᠤᠰᠤᠨ ᠤ ᠪᠤᠬᠢᠷᠳᠤᠯ ᠢ ᠵᠠᠰᠠᠬᠤ᠂ ᠰᠠᠶᠢᠨ ᠲᠠᠶᠢᠵᠢ ᠨᠠᠭᠤᠷ ᠤᠨ ᠤᠷᠤᠨ ᠤ ᠬᠤᠭ | ᠯᠠᠭ ᠰᠢᠪᠡᠷ ᠢ ᠴᠡᠪᠡᠷᠯᠡᠬᠦ ᠪᠠ 44 ᠺᠢᠯᠤᠮᠧᠲᠷ ᠤᠨ ᠵᠠᠪᠰᠠᠷ ᠤᠨ ᠤᠰᠤᠨ ᠤ ᠬᠤᠭᠤᠯᠠᠢ ᠶᠢᠨ ᠱᠤᠭᠤᠮ ᠢ ᠨᠡᠪᠳᠡᠷᠡᠬᠦᠯᠬᠦ ᠢᠨᠵᠧᠨᠧᠷᠢᠩ ᠢ ᠪᠡᠶᠡᠯᠡᠬᠦᠯᠪᠠ᠃ ᠭᠤᠤᠯ | ᠮᠦᠷᠡᠨ ᠨᠠᠭᠤᠷ ᠴᠦᠬᠦᠷᠦᠮ ᠤᠨ ᠲᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠮᠦᠷᠡᠨ ᠨᠠᠭᠤᠷ ᠴᠦᠬᠦᠷᠦᠮ ᠤᠨ ︽ᠲᠦᠷᠪᠡᠨ ᠪᠤᠬᠢᠷᠳᠤᠯ ᠢ | ᠠᠷᠢᠯᠭᠠᠬᠤ︾ ᠶᠢ ᠬᠡᠷᠡᠭᠵᠢᠬᠦᠯᠪᠠ᠃ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠶᠢ ᠴᠢᠩᠭ᠎ᠠ ᠠᠳᠬᠤᠵᠤ᠂ ᠤᠰᠤ ᠬᠠᠳᠠᠭᠠᠯᠠᠬᠤ | ᠴᠢᠳᠠᠮᠵᠢ ᠨᠢ 200 ᠲᠦᠮᠡᠨ ᠺᠦᠪ ᠮᠧᠲᠷ ᠤᠨ ᠠᠭᠤᠷᠬᠠᠢ ᠶᠢᠨ ᠤᠷᠤᠨ ᠤ ᠵᠠᠪᠰᠠᠷ ᠤᠨ ᠤᠰᠤ ᠶᠢ ᠬᠠᠳᠠᠭᠠᠯᠠᠬᠤ ᠢᠨᠵᠧᠨᠧᠷᠢᠩ ᠢ ᠪᠡᠶᠡᠯᠡᠬᠦᠯᠵᠤ᠂ 42 | ᠨᠠᠬᠦᠷᠠᠰᠤᠨ ᠠᠭᠤᠷᠬᠠᠢ ᠪᠠ ᠨᠡᠬᠦᠷᠠᠰᠤ ᠰᠢᠯᠢᠬᠦ ᠤᠶᠢᠯᠡᠳᠪᠤᠷᠢ ᠶᠢᠨ ᠨᠡᠬᠦᠷᠡᠰᠤ ᠶᠢ ᠪᠢᠳᠡᠬᠦᠮᠵᠢᠯᠡᠨ ᠬᠠᠳᠠᠭᠠᠯᠠᠬᠤ ᠰᠠᠷᠠᠪᠴᠢ ᠶᠢ ᠪᠠᠶᠢᠭᠤᠯᠵᠤ᠂ 400 ᠾᠧᠺᠲ᠋ᠠᠷ ᠤᠨ | ᠠᠭᠤᠷᠬᠠᠢ ᠶᠢᠨ ᠤᠷᠤᠨ ᠢ ᠨᠤᠭᠤᠭᠠᠷᠠᠭᠤᠯᠤᠨ ᠰᠡᠷᠬᠦᠬᠡᠵᠤ᠂ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠪᠦᠳᠦᠮᠵᠢᠳᠠᠢ ᠰᠠᠶᠢᠵᠢᠷᠠᠭᠤᠯᠪᠠ᠃ | ︵ᠬᠤᠶᠡᠷ︶ ᠰᠢᠨ᠎ᠠ ᠬᠠᠭᠤᠴᠢᠨ ᠬᠦᠳᠡᠯᠬᠡᠭᠴᠢ ᠬᠦᠴᠦᠨ ᠤ ᠡᠨᠧᠷᠬᠢ ᠶᠢᠨ ᠰᠤᠯᠢᠭᠳᠠᠯ ᠢ ᠬᠦᠴᠦᠯᠠᠨ ᠠᠬᠢᠭᠤᠯᠪᠠ᠃ ᠲᠦᠷᠦᠯ ᠵᠤᠶᠢᠯ ᠢᠶᠠᠷ | ᠬᠤᠳᠠᠯᠳᠣᠭᠠᠴᠢᠨ ᠣᠷᠢᠬᠤ ᠪᠠ ᠪᠦᠲᠦᠭᠡᠨ ᠪᠠᠶᠢᠭᠤᠯᠬᠤ ᠪᠠᠷ ᠲᠡᠷᠢᠭᠦᠨ ᠴᠢᠬᠤᠯᠠ ᠭᠠᠷᠲᠠᠴᠠ ᠪᠤᠯᠭᠠᠨ᠂ ᠰᠢᠶᠧ ᠰᠢᠨ ᠴᠠᠬᠢᠯᠭᠠᠨ ᠬᠦᠳᠡᠯᠬᠡᠬᠦᠷᠳᠤ ᠬᠦᠨᠳᠤ ᠠᠴᠢᠶᠠᠨ | ᠤ ᠮᠠᠰᠢᠨ᠂ ᠪᠠᠯ ᠴᠢᠯᠠᠭᠤᠨ ᠠᠯᠺᠸᠠ ᠤ ᠪᠦᠷᠬᠦᠪᠴᠢ ᠶᠢᠨ ᠮᠠᠲ᠋ᠧᠷᠢᠶᠠᠯ ᠵᠡᠷᠬᠡ 12 ᠲᠦᠷᠦᠯ ᠤᠨ ᠳ᠋ᠥᠩᠰᠢᠭᠤᠷ ᠲᠦᠭᠦᠷᠢᠭ ᠠᠴᠠ ᠳᠡᠭᠡᠭᠰᠢᠬᠢ ᠪᠡᠯᠡ | ᠣᠷᠣᠭᠤᠯᠣᠯᠲᠠ ᠶᠢᠨ ᠲᠦᠷᠦᠯ ᠵᠤᠶᠢᠯ ᠢ ᠬᠡᠷ᠎ᠡ ᠲᠤᠭᠳᠠᠨ ᠤᠷᠢᠨ ᠤᠷᠤᠭᠤᠯᠵᠤ᠂ 184 ᠵᠤᠶᠢᠯ ᠤᠨ ᠭᠤᠤᠯᠳᠠᠯᠭᠠᠳᠤ ᠲᠦᠷᠦᠯ ᠵᠤᠶᠢᠯ 48 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠪᠠ᠃ ᠴᠢ ᠷᠦᠢ ᠰᠢᠨ᠎ᠠ ᠡᠨᠧᠷᠬᠢ ᠶᠢᠨ ᠮᠠᠰᠢᠨ ᠲᠡᠷᠬᠡ᠂ ᠵᠢᠩ ᠳ᠋ᠦᠩ ᠹᠠᠩ ᠤᠶᠢᠯᠡᠳᠪᠤᠷᠢᠯᠠᠯ ᠤᠨ ᠱᠤᠭᠤᠮ | ᠤᠨ ᠦᠷᠬᠡᠳᠬᠡᠭᠰᠠᠨ ᠪᠠᠶᠢᠭᠤᠯᠤᠯᠳᠠ᠂ ᠹᠠᠨ ᠴᠧᠩ ᠨᠡᠶᠢᠳᠠᠮ ᠬᠡᠷᠡᠭᠯᠡᠬᠡᠨ ᠤ ᠡᠬᠦᠯᠡᠨ ᠪᠤᠳᠤᠯᠭ᠎ᠠ ᠶᠢᠨ ᠠᠵᠤ ᠤᠶᠢᠯᠡᠰ ᠤᠨ ᠬᠦᠷᠢᠶᠠᠯᠠᠩ᠂ ᠵᠦᠩ ᠺᠧ ᠱᠢ ᠶᠤᠸᠠᠨ | ᠵᠢᠯᠤᠭᠤᠴᠢ ᠦᠬᠡᠢ ᠨᠢᠰᠬᠡᠯ ᠵᠡᠷᠬᠡ 7 ᠲᠦᠷᠦᠯ ᠵᠤᠶᠢᠯ ᠪᠦᠬᠦᠨ ᠢᠶᠠᠷ ᠢᠶᠠᠨ ᠠᠰᠢᠭᠯᠠᠯᠳᠠ ᠳᠤ ᠤᠷᠤᠵᠤ᠂ ᠰᠢᠨ᠎ᠠ ᠡᠨᠧᠷᠬᠢ ᠶᠢᠨ ᠮᠠᠰᠢᠨ ᠲᠡᠷᠬᠡ ᠶᠢᠨ ᠭᠠᠷᠤᠯᠳᠠ 1. | 2 ᠲᠦᠮᠡᠨ ᠲᠡᠷᠬᠡ ᠳᠤ ᠬᠦᠷᠴᠦ᠂ ᠲᠤᠨᠤᠭ ᠲᠦᠬᠦᠬᠡᠷᠦᠮᠵᠢ ᠤᠶᠢᠯᠡᠳᠦᠭᠰᠠᠨ ᠨᠢ ᠠᠵᠤ ᠤᠶᠢᠯᠡᠳᠪᠤᠷᠢ ᠶᠢᠨ ᠤᠶᠢᠯᠡᠳᠬᠦᠨ ᠤ ᠦᠷᠳᠡᠭ ᠤᠨ ᠬᠠᠷᠢᠴᠠᠯ ᠨᠢ 31% | ᠳᠤ ᠬᠦᠷᠴᠦ᠂ ᠵᠠᠭᠤᠨ ᠤ 7 ᠪᠠᠷ ᠨᠡᠮᠡᠭᠳᠡᠪᠡ᠃ ᠤᠯᠠᠨ ᠤᠯᠤᠰ ᠤᠨ ᠨᠤᠤᠰᠤ ᠨᠤᠯᠤᠤᠷ ᠤᠨ ᠶᠡᠭᠡ ᠬᠤᠷᠠᠯ᠂ ᠪᠦᠬᠦ ᠤᠯᠤᠰ ᠤᠨ ᠨᠡᠬᠦᠷᠠᠰᠤᠨ ᠤ ᠠᠷᠠᠯᠵᠢᠶᠠᠨ ᠤ | ᠴᠤᠭᠯᠠᠭᠠᠨ ᠪᠠ ᠴᠢᠴᠠᠷᠭᠠᠨ᠎ᠠ ᠶᠢᠨ ᠨᠡᠶᠢᠬᠡᠮᠯᠢᠭ ᠤᠨ ᠬᠤᠯᠪᠤᠭᠠᠯᠠᠭᠰᠠᠨ ᠬᠤᠷᠠᠯ ᠤᠨ ᠤᠨ ᠤ ᠬᠤᠷᠠᠯ ᠢ ᠠᠮᠵᠢᠯᠳᠠ ᠲᠠᠢ ᠪᠠᠷ ᠡᠷᠬᠢᠯᠡᠨ ᠬᠢᠪᠠ᠃ ᠨᠡᠬᠦᠷᠠᠰᠤᠨ ᠤ | ᠠᠵᠢᠯ ᠲᠦᠷᠦᠯ ᠤᠨ ᠶᠡᠷᠦᠩᠬᠡᠶᠢᠯᠡᠭᠰᠠᠨ ᠦᠷᠢᠰᠦᠯᠳᠦᠬᠡᠨ ᠤ ᠬᠦᠴᠦᠨ ᠢ ᠲᠡᠭᠡᠭᠰᠢᠯᠡᠬᠦᠯᠬᠦ ᠭᠤᠷᠪᠡᠨ ᠵᠢᠯ ᠤᠨ ᠠᠵᠢᠯᠯᠠᠭ᠎ᠠ ᠶᠢ ᠡᠬᠢᠯᠡᠬᠦᠯᠵᠤ᠂ ᠪᠦᠬᠦ ᠵᠢᠯ ᠤᠨ | ᠭᠠᠷᠭᠠᠨ ᠪᠤᠷᠤᠯᠠᠭᠤᠯᠤᠭᠰᠠᠨ ᠨᠡᠬᠦᠷᠠᠰᠤ ᠨᠢ ᠲᠣᠰ ᠪᠦᠷᠢ 8183 ᠲᠦᠮᠡᠨ ᠲᠤᠨ ᠪᠠ 9366 ᠲᠦᠮᠡᠨ ᠲᠤᠨ ᠳᠤ ᠬᠦᠷᠪᠡ᠃ ᠤᠷᠳᠤᠰ ᠢᠮᠠᠭᠠᠨ ᠨᠤᠯᠤᠤᠷ ᠤᠨ | ᠪᠦᠯᠦᠭᠯᠠᠯ 4 ᠲᠦᠷᠦᠯ ᠤᠨ ᠤᠶᠤᠨᠴᠢ ᠮᠡᠷᠬᠡᠵᠢᠯ ᠢ ᠦᠬᠡᠷᠡᠴᠢᠯᠡᠬᠦ ᠲᠦᠷᠦᠯ ᠵᠤᠶᠢᠯ ᠢ ᠪᠡᠶᠡᠯᠡᠬᠦᠯᠵᠤ᠂ ᠨᠤᠯᠤᠤᠷ ᠨᠡᠬᠡᠮᠡᠯ ᠤᠨ ᠵᠢᠩ ᠳ᠋ᠦᠩ ᠬᠤᠳᠠᠯᠳᠤᠭᠠᠨ ᠤ | ᠬᠤᠳᠠ ᠶᠢ ᠡᠬᠢᠯᠡᠭᠦᠯᠦᠨ᠂ ᠢᠮᠠᠭᠠᠨ ᠨᠤᠯᠤᠤᠷ ᠤᠨ ᠱᠠ ᠤᠶᠢᠯᠡᠳᠬᠦ ᠬᠤᠯᠪᠤᠭᠠᠯᠠᠯ ᠢ ᠪᠠᠶᠢᠭᠤᠯᠵᠤ᠂ ᠪᠦᠬᠦ ᠵᠢᠯ ᠤᠨ ᠢᠮᠠᠭᠠᠨ ᠨᠤᠯᠤᠤᠷ ᠤᠨ ᠪᠦᠳᠦᠬᠡᠭᠳᠡᠬᠦᠨ ᠤ | ᠤᠶᠢᠯᠡᠳᠪᠤᠷᠢᠯᠠᠯ ᠤᠨ ᠪᠤᠷᠤᠯᠠᠭᠤᠯᠤᠯᠳᠠ ᠨᠢ 600 ᠲᠦᠮᠡᠨ ᠬᠡᠰᠡᠭ ᠢ ᠲᠠᠪᠠᠵᠠᠢ᠃ ᠮᠧᠩ ᠴᠦᠨ ᠰᠠᠭᠠᠯᠢ ᠶᠢᠨ ᠤᠶᠢᠯᠡᠰ ᠤᠨ ᠲᠦᠬᠦᠬᠡᠷᠦᠮᠵᠢ ᠶᠢ ᠲᠡᠰ | ᠲᠡᠪᠰᠢᠬᠦᠯᠵᠤ ᠦᠬᠡᠷᠡᠴᠢᠯᠡᠨ ᠵᠠᠰᠠᠬᠤ ᠶᠢ ᠪᠡᠶᠡᠯᠡᠬᠦᠯᠪᠠ᠃ ᠮᠠᠨ ᠤ ᠲᠤᠭᠤᠷᠢᠭ 2018 ᠤᠨ ᠤ ︽ᠲᠤᠮᠳᠠᠳᠤ ᠤᠯᠤᠰ ᠤᠨ ᠠᠵᠤ ᠤᠶᠢᠯᠡᠳᠪᠤᠷᠢ ᠶᠢᠨ ᠵᠠᠭᠤᠨ | ᠬᠦᠴᠦᠷᠬᠡᠭ ᠲᠤᠭᠤᠷᠢᠭ︾ ᠢᠶᠠᠷ ᠰᠤᠩᠭᠤᠭᠳᠠᠪᠠ᠃ ᠸᠠᠨ ᠳ᠋ᠠ ᠠᠭᠤᠳᠠᠮ ᠲᠠᠯᠠᠪᠠᠢ ᠨᠢ ᠭᠤᠤᠯ ᠴᠤᠭᠴᠠ ᠶᠢᠨ ᠦᠬᠡᠷᠡᠴᠢᠯᠡᠨ ᠪᠠᠶᠢᠭᠤᠯᠤᠯᠳᠠ ᠪᠠᠨ ᠪᠡᠶᠡᠯᠡᠬᠦᠯᠵᠤ᠂ | ᠲᠠᠯᠠᠢ ᠶᠢᠨ ᠠᠮᠢᠳᠠᠨ ᠤ ᠤᠷᠳᠤᠨ ᠬᠤᠶᠠᠳᠤᠭᠠᠷ ᠬᠤᠭᠤᠴᠠᠭᠠᠨ ᠤ ᠡᠵᠡᠩᠨᠡᠯᠳᠠ ᠪᠠᠨ ᠡᠬᠢᠯᠡᠬᠦᠯᠵᠤ᠂ ᠪᠦᠸᠧ ᠶᠤᠸᠠᠨ ᠬᠤᠤ ᠱᠧᠩ ᠪᠠᠭᠤᠳᠠᠯ ᠲᠠᠪᠤᠨ ᠤᠳᠤᠨ ᠲᠡᠰ | ᠤᠨ ᠪᠠᠭᠤᠳᠠᠯ ᠢᠶᠠᠷ ᠦᠨᠡᠯᠡᠭᠳᠠᠪᠠ᠃ ᠬᠤ᠋ ᠲᠤᠤ ᠯᠢ᠂ ᠺᠤᠸᠠ ᠵᠢᠶᠧ ᠪᠡᠶ᠎ᠡ ᠶᠢᠨ ᠲᠠᠮᠢᠷ ᠵᠡᠷᠬᠡ ᠰᠡᠯᠡᠭᠦᠯᠢᠭ ᠲᠦᠷᠦᠯ ᠵᠤᠶᠢᠯ ᠢ ᠬᠡᠷᠡᠭᠵᠢᠬᠦᠯᠵᠤ᠂ ᠳ᠋ᠧᠩ | ᠬᠡᠷᠡᠯᠳᠦᠬᠦᠯᠬᠡ ᠶᠢᠨ ᠤᠷᠠᠯᠢᠭ ᠤᠨ ᠴᠤᠭᠯᠠᠭᠠᠨ᠂ ᠰᠠᠷᠠᠨᠠᠢ ᠴᠡᠴᠡᠭ ᠤᠨ ᠰᠤᠶᠤᠯ ᠤᠨ ᠴᠤᠭᠯᠠᠭᠠᠨ᠂ ᠡᠪᠤᠯ ᠤᠨ ᠤᠯᠠᠷᠢᠯ ᠤᠨ ᠮᠦᠰᠦ ᠴᠠᠰᠤᠨ ᠤ ᠴᠤᠭᠯᠠᠭᠠᠨ ᠵᠡᠷᠬᠡ | ᠠᠵᠢᠯᠯᠠᠭ᠎ᠠ ᠶᠢ ᠵᠠᠬ᠎ᠠ ᠲᠡᠯᠬᠡᠬᠦᠷᠴᠢᠯᠡᠨ ᠡᠷᠬᠢᠯᠡᠵᠤ᠂ ᠪᠦᠬᠦ ᠵᠢᠯ ᠳᠤ ᠨᠡᠶᠢᠳᠠ 400 ᠲᠦᠮᠡᠨ ᠬᠦᠮᠦᠨ ᠤᠳᠠᠭᠠᠨ ᠤ ᠵᠤᠭᠠᠴᠠᠭᠰᠠᠳ ᠶᠢ ᠬᠦᠯᠢᠶᠠᠨ ᠠᠪᠴᠦ᠂ | ᠠᠳᠠᠯᠢ ᠬᠤᠭᠤᠴᠠᠭᠠᠨ ᠠᠴᠠ 24% ᠪᠠᠷ ᠨᠡᠮᠡᠭᠳᠡᠵᠤ᠂ ᠵᠢᠭᠤᠯᠴᠢᠯᠠᠯ ᠤᠨ ᠤᠷᠤᠯᠭ᠎ᠠ 122 ᠳ᠋ᠦᠩᠰᠢᠭᠤᠷ ᠲᠦᠬᠦᠷᠢᠭ ᠲᠤ ᠬᠦᠷᠴᠦ᠂ 19% ᠪᠠᠷ | ᠨᠡᠮᠡᠭᠳᠡᠪᠡ᠃ | ︵ᠭᠤᠷᠪᠡ︶ ᠬᠤᠳᠠ ᠬᠦᠳᠡᠭᠡ ᠶᠢᠨ ᠤᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠪᠠ᠃ ᠬᠤᠳᠠ ᠶᠢᠨ ᠶᠡᠷᠦᠩᠬᠡᠶᠢᠯᠡᠭᠰᠠᠨ ᠬᠠᠮᠢᠶᠠᠷᠤᠯᠳᠠ ᠶᠢᠨ | ᠰᠦᠯᠵᠢᠶᠡᠴᠢᠯᠡᠯᠳᠠ ᠶᠢᠨ ᠲᠦᠷᠢᠮ ᠢ ᠡᠬᠢᠯᠡᠬᠦᠯᠵᠤ᠂ ᠲᠦᠷᠪᠡᠨ ᠲᠡᠰ ᠤᠨ ᠰᠦᠯᠵᠢᠶᠡᠴᠢᠯᠡᠯᠳᠠ ᠶᠢᠨ ᠲᠠᠷᠤᠭ᠎ᠠ᠂ 79 ᠰᠠᠭᠤᠷᠢ ᠰᠦᠯᠵᠢᠶᠡᠴᠢᠯᠡᠯᠳᠠ᠂ 678 | ᠰᠦᠯᠵᠢᠶᠡᠴᠢᠯᠡᠯᠳᠠ ᠶᠢᠨ ᠠᠵᠢᠯᠳᠠᠨ ᠲᠠᠢ ᠲᠤᠮᠦ ᠰᠦᠯᠵᠢᠶᠡᠴᠢᠯᠡᠯᠳᠠ ᠶᠢᠨ ᠬᠠᠮᠢᠶᠠᠷᠤᠯᠳᠠ ᠶᠢᠨ ᠠᠷᠭ᠎ᠠ ᠶᠢ ᠬᠡᠷᠡᠭᠵᠢᠬᠦᠯᠵᠤ᠂ ᠵᠡᠬᠡᠯᠢ ᠭᠤᠳᠤᠮᠵᠢ᠂ ᠰᠠᠭᠤᠭᠠᠯᠢ | ᠲᠤᠭᠤᠷᠢᠭ ᠤᠨ ᠡᠯ᠎ᠡ ᠲᠦᠷᠦᠯ ᠤᠨ ᠠᠰᠠᠭᠤᠳᠠᠯ ᠢ ᠲᠦᠪᠯᠡᠷᠡᠬᠦᠯᠦᠨ ᠪᠠᠶᠢᠴᠠᠭᠠᠵᠤ ᠴᠡᠭᠴᠡᠯᠡᠨ ᠵᠠᠰᠠᠪᠠ᠃ ᠠᠳᠠᠯ ᠠᠬᠤᠢ ᠶᠢᠨ ᠤᠶᠢᠯᠡᠴᠢᠯᠡᠭᠡ ᠶᠢ ᠲᠡᠭᠡᠭᠰᠢᠯᠡᠬᠦᠯᠬᠦ | ᠪᠤᠭᠤᠮᠳᠠ ᠰᠢᠪᠳᠤᠯᠬᠤ ᠠᠵᠢᠯᠯᠠᠭ᠎ᠠ ᠶᠢ ᠦᠷᠨᠢᠬᠦᠯᠵᠤ᠂ 76 ᠬᠠᠭᠤᠴᠢᠨ ᠰᠠᠭᠤᠭᠠᠯᠢ ᠲᠤᠭᠤᠷᠢᠭ ᠪᠠ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠳᠤ | ᠲᠤᠯᠠᠭᠠᠮᠵᠢ ᠬᠠᠩᠭᠠᠬᠤ᠂ ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ᠂ ᠵᠠᠮ ᠵᠡᠬᠡᠯᠢ ᠶᠢᠨ ᠬᠠᠳᠠᠭᠤᠷᠠᠭᠤᠯᠤᠯᠳᠠ ᠵᠡᠷᠬᠡ ᠰᠠᠭᠤᠷᠢ ᠲᠦᠬᠦᠬᠡᠷᠦᠮᠵᠢ ᠶᠢᠨ ᠬᠠᠭᠤᠴᠢᠷᠠᠵᠤ | ᠡᠪᠳᠡᠭᠳᠡᠭᠰᠠᠨ ᠠᠰᠠᠭᠤᠳᠠᠯ ᠢ ᠰᠢᠢᠳᠪᠤᠷᠢᠯᠠᠵᠤ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠠᠴᠠ 20 ᠠᠳᠠᠯ ᠠᠬᠤᠢ ᠶᠢᠨ ᠤᠶᠢᠯᠡᠴᠢᠯᠡᠭᠡ ᠦᠬᠡᠢ ᠰᠠᠭᠤᠭᠠᠯᠢ | ᠲᠤᠭᠤᠷᠢᠭ ᠢ ᠬᠦᠯᠢᠶᠠᠨ ᠠᠪᠴᠤ᠂ ᠬᠠᠭᠤᠴᠢᠨ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠦᠢᠯᠡᠴᠢᠯᠡᠭᠡ ᠲᠣᠳᠠᠭᠳᠠᠵᠣ ᠪᠠᠶᠢᠭ᠎ᠠ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠪᠡ᠃ ᠬᠦᠬᠡᠬᠤᠲᠠ — ᠵᠡᠭᠦᠠᠭᠠᠷ — ᠣᠷᠳᠣᠰ ᠤᠨ ᠲᠡᠮᠦᠷ ᠵᠠᠮ ᠤᠨ ᠳ᠋ᠦᠩᠱᠧᠩ ᠤᠨ ᠵᠡᠬᠦᠨ ᠦᠷᠳᠡᠭᠡ ᠶᠢᠨ ᠡᠮᠦᠨᠡᠬᠢ ᠠᠭᠤᠳᠠᠮ ᠲᠠᠯᠠᠪᠠᠢ ᠵᠢᠴᠢ | ᠭᠤᠤᠯ ᠵᠠᠮ ᠱᠤᠭᠤᠮ ᠢ ᠵᠠᠰᠠᠨ ᠠᠰᠢᠭᠯᠠᠯᠳᠠ ᠳᠤ ᠤᠷᠤᠭᠤᠯᠵᠤ᠂ ᠬᠠᠭᠤᠴᠢᠨ ᠲᠤᠭᠤᠷᠢᠭ ᠤᠨ ︽ᠲᠠᠪᠤᠨ ᠵᠡᠬᠡᠯᠢ ᠲᠠᠪᠤᠨ ᠵᠠᠮ︾ ᠢ ᠦᠬᠡᠷᠡᠴᠢᠯᠡᠨ | ᠰᠠᠶᠢᠵᠢᠷᠠᠭᠤᠯᠬᠤ ᠶᠢ ᠪᠡᠶᠡᠯᠡᠬᠦᠯᠵᠤ᠂ 55 ᠺᠢᠯᠤᠮᠧᠲᠷ ᠤᠨ ᠡᠯ᠎ᠡ ᠲᠦᠷᠦᠯ ᠤᠨ ᠭᠠᠵᠡᠷ ᠲᠤᠤᠷᠠᠬᠢ ᠬᠤᠭᠤᠯᠠᠢ ᠶᠢᠨ ᠲᠤᠤᠷ ᠢ ᠰᠢᠨ᠎ᠠ ᠪᠠᠷ ᠪᠠᠶᠢᠭᠤᠯᠤᠨ ᠵᠠᠰᠠᠵᠤ᠂ | 50 ᠪᠠᠶᠢᠭᠤᠯᠭ᠎ᠠ ᠨᠢᠬᠡᠴᠡ ᠪᠠ ᠰᠠᠭᠤᠭᠠᠯᠢ ᠲᠤᠭᠤᠷᠢᠭ ᠲᠤ ᠬᠤᠭ ᠨᠤᠪᠰᠢ ᠶᠢ ᠲᠦᠷᠦᠯ ᠬᠤᠪᠢᠶᠠᠬᠤ ᠲᠤᠷᠰᠢᠯᠳᠠ ᠶᠢᠨ ᠴᠡᠭ ᠢ ᠬᠡᠷᠡᠭᠵᠢᠬᠦᠯᠪᠠ᠃ ᠰᠠᠷᠠᠨᠠᠢ ᠴᠡᠴᠡᠭ | ᠴᠡᠴᠡᠷᠯᠢᠭ ᠪᠠ ᠳ᠋ᠦᠩᠱᠧᠩ ᠲᠤᠭᠤᠷᠢᠭ ᠠᠴᠠ ᠬᠢᠶ᠎ᠠ ᠪᠠᠭᠰᠢ ᠲᠤᠭᠤᠷᠢᠭ ᠲᠤ ᠬᠦᠷᠬᠦ ᠲᠡᠬᠡᠳᠤ ᠬᠤᠷᠳᠤ ᠶᠢᠨ ᠵᠠᠮ ᠤᠨ ᠲᠠᠭᠠᠦ ᠶᠢᠨ ᠭᠤᠤᠯᠳᠠᠯᠭᠠᠳᠤ ᠤᠷᠤᠨ ᠪᠦᠰᠠ | ᠶᠢᠨ ᠨᠤᠭᠤᠭᠠᠷᠠᠭᠤᠯᠤᠯᠳᠠ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠬᠦᠯᠵᠤ᠂ ᠨᠡᠶᠢᠳᠠ 1000 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ | ᠦᠬᠡᠷᠡᠴᠢᠯᠡᠨ ᠨᠤᠭᠤᠭᠠᠷᠠᠭᠤᠯᠪᠠ᠃ ᠤᠷᠴᠢᠨ ᠲᠤᠭᠤᠷᠢᠨ ᠤ ᠶᠡᠷᠦᠩᠬᠡᠶᠢᠯᠡᠭᠰᠠᠨ ᠵᠠᠰᠠᠯᠳᠠ ᠶᠢᠨ ᠵᠡᠭᠤᠨ ᠡᠳᠦᠷ ᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ | ᠡᠬᠢᠯᠡᠬᠦᠯᠵᠤ᠂ ᠭᠠᠵᠡᠷ ᠰᠢᠷᠤᠢ ᠶᠢᠨ ᠲᠠᠭᠠᠭᠤᠯᠢ ᠤᠳᠤᠨ ᠤ ᠠᠯᠤᠰ ᠰᠡᠷᠡᠯ ᠤᠨ ᠵᠢᠷᠤᠭ ᠢᠶᠠᠷ ᠬᠠᠤᠯᠢ ᠬᠡᠷᠡᠭᠵᠢᠭᠦᠯᠵᠦ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠵᠠᠰᠠᠵᠤ᠂ ᠨᠡᠶᠢᠳᠠ 23 ᠲᠦᠮᠡᠨ ᠲᠡᠭᠰᠢ ᠲᠦᠷᠪᠡᠯᠵᠢᠨ ᠮᠧᠲᠷ ᠤᠨ ᠬᠠᠤᠯᠢ ᠵᠦᠷᠢᠴᠡᠭᠰᠡᠨ ᠪᠠᠷᠢᠯᠭ᠎ᠠ ᠶᠢ ᠨᠤᠷᠠᠭᠠᠪᠠ᠃ ᠬᠦᠳᠡᠭᠡ ᠲᠤᠰᠬᠤᠨ ᠤ ᠬᠦᠮᠦᠨ | ᠠᠷᠠᠳ ᠤᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠶᠢ ᠴᠢᠩᠭᠠᠳᠬᠠᠵᠤ᠂ 349 ᠡᠷᠦᠬᠡ ᠶᠢᠨ ᠬᠦᠳᠡᠭᠡ ᠲᠤᠰᠬᠤᠨ ᠤ ᠵᠤᠷᠯᠤᠩ ᠤᠨ | ᠦᠬᠡᠷᠡᠴᠢᠯᠡᠯᠳᠠ ᠶᠢ ᠪᠡᠶᠡᠯᠡᠬᠦᠯᠵᠤ᠂ ︽ᠡᠷᠦᠬᠡ ᠪᠦᠷᠢ ᠲᠦᠪᠯᠡᠷᠡᠬᠦᠯᠵᠤ ᠬᠡᠬᠡᠬᠦ᠂ ᠲᠤᠰᠬᠤᠨ ᠠᠴᠠ ᠬᠤᠷᠢᠶᠠᠬᠤ᠂ ᠪᠠᠯᠭᠠᠰᠤ ᠠᠴᠠ ᠵᠦᠬᠡᠬᠡᠪᠦᠷᠢᠯᠡᠬᠦ᠂ ᠲᠤᠭᠤᠷᠢᠭ | ᠠᠴᠠ ᠰᠢᠢᠳᠪᠤᠷᠢᠯᠡᠬᠦ︾ ᠬᠤᠭ ᠨᠤᠪᠰᠢ ᠶᠢ ᠰᠢᠢᠳᠪᠤᠷᠢᠯᠡᠬᠦ ᠲᠤᠭᠳᠠᠯᠴᠠᠭ᠎ᠠ ᠶᠢ ᠪᠠᠶᠢᠭᠤᠯᠪᠠ᠃ ᠬᠦᠳᠡᠭᠡ ᠲᠤᠰᠬᠤᠨ ᠤ ᠭᠠᠵᠡᠷ ᠰᠢᠷᠤᠢ ᠶᠢᠨ ᠦᠮᠴᠢᠯᠡᠯ ᠤᠨ ᠡᠷᠬᠡ | ᠪᠠ ᠨᠤᠳᠤᠭ ᠪᠡᠯᠴᠢᠬᠡᠷ ᠤᠨ ᠲᠠᠭᠠᠭᠠᠴᠢᠯᠠᠯᠳᠠ ᠡᠵᠡᠩᠨᠡᠯᠳᠠ ᠶᠢᠨ ᠡᠷᠬᠡ ᠶᠢᠨ ᠬᠡᠷᠡᠴᠢ ᠤᠯᠭᠤᠬᠤ ᠠᠵᠢᠯ ᠢ ᠦᠨᠳᠦᠰᠦᠨ ᠳᠤ ᠪᠠᠨ ᠪᠡᠶᠡᠯᠡᠬᠦᠯᠪᠠ᠃ ᠤᠯᠤᠰ ᠤᠨ | ᠡᠷᠡᠬᠦᠯ ᠬᠠᠮᠠᠭᠠᠯᠠᠯ ᠤᠨ ᠬᠤᠳᠠ ᠪᠠ ᠪᠦᠬᠦ ᠤᠯᠤᠰ ᠤᠨ ᠪᠤᠯᠪᠠᠰᠳ ᠬᠤᠳᠠ ᠶᠢᠨ ᠲᠠᠬᠢᠨ ᠰᠢᠯᠭᠠᠨ ᠪᠠᠶᠢᠴᠠᠭᠠᠯᠳᠠ ᠶᠢ ᠦᠩᠬᠡᠷᠡᠬᠡᠵᠤ᠂ ᠰᠢᠨ᠎ᠠ ᠴᠠᠭ ᠦᠶ᠎ᠡ ᠶᠢᠨ | ᠪᠤᠯᠪᠠᠰᠤᠨ ᠢ ᠤᠶᠢᠯᠡᠳᠦᠯᠬᠡᠵᠢᠬᠦᠯᠬᠦ ᠲᠦᠪ ᠨᠢ ᠦᠪᠡᠷᠳᠡᠬᠡᠨ ᠵᠠᠰᠠᠬᠤ ᠤᠷᠤᠨ ᠤ 23 ᠲᠤᠷᠰᠢᠯᠳᠠ ᠶᠢᠨ ᠴᠡᠭ ᠤᠨ ᠨᠢᠬᠡ ᠪᠤᠯᠤᠭᠰᠠᠨ ᠪᠠᠶᠢᠨ᠎ᠠ᠃ | ︵ᠲᠦᠷᠪᠡ︶ ᠠᠷᠠᠳ ᠤᠨ ᠠᠮᠢᠳᠤᠷᠠᠯ ᠢ ᠬᠦᠴᠦᠳᠠᠢ ᠪᠠᠳᠤᠯᠠᠨ ᠰᠠᠶᠢᠵᠢᠷᠠᠭᠤᠯᠪᠠ᠃ ᠰᠤᠷᠭᠠᠨ ᠬᠦᠮᠦᠵᠢᠯ ᠤᠨ ᠡᠬᠢ ᠪᠠᠶᠠᠯᠢᠭ ᠢ ᠴᠤᠭᠴᠠᠵᠢᠭᠤᠯᠵᠤ᠂ | ᠠᠮᠢᠵᠢᠷᠠᠭᠤᠯᠤᠨ᠂ ᠰᠢᠯᠢᠳᠡᠭᠵᠢᠬᠦᠯᠵᠤ᠂ ᠬᠤᠳᠠ ᠶᠢᠨ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠰᠢᠨ᠎ᠠ ᠰᠤᠷᠭᠠᠭᠤᠯᠢ ᠶᠢᠨ ᠲᠤᠭᠤᠷᠢᠭ ᠤᠨ ᠪᠦᠳᠦᠬᠡᠨ | ᠪᠠᠶᠢᠭᠤᠯᠤᠯᠳᠠ ᠪᠠ ᠾᠧᠩ ᠱᠦᠢ ᠲᠤᠷᠰᠢᠯᠳᠠ ᠶᠢᠨ ᠲᠤᠮᠳᠠᠳᠤ ᠰᠤᠷᠭᠠᠭᠤᠯᠢ ᠶᠢᠨ ᠨᠡᠬᠦᠯᠬᠡᠨ ᠰᠢᠯᠵᠢᠬᠦᠯᠦᠯᠳᠠ ᠶᠢ ᠪᠡᠶᠡᠯᠡᠬᠦᠯᠵᠤ᠂ ᠨᠢᠬᠡᠳᠦᠬᠡᠷ ᠪᠠᠭ᠎ᠠ ᠰᠤᠷᠭᠠᠭᠤᠯᠢ | ᠶᠢᠨ ᠵᠡᠬᠦᠨ ᠰᠤᠷᠭᠠᠭᠤᠯᠢ ᠶᠢᠨ ᠲᠤᠭᠤᠷᠢᠭ ᠢ ᠠᠰᠢᠭᠯᠠᠯᠳᠠ ᠳᠤ ᠤᠷᠤᠭᠤᠯᠵᠤ᠂ 454 ᠨᠡᠷᠡᠰ ᠰᠤᠷᠭᠠᠨ ᠬᠦᠮᠦᠵᠢᠯ ᠤᠨ ᠴᠢᠳᠠᠪᠤᠷᠢᠳᠠᠨ ᠢ ᠰᠢᠯᠭᠠᠯᠳᠠ ᠪᠠᠷ ᠲᠠᠮᠵᠢᠨ | ᠤᠷᠢᠵᠤ ᠤᠷᠤᠭᠤᠯᠪᠠ᠃ ᠲᠡᠭᠡᠳᠦ ᠲᠤᠮᠳᠠᠳᠤ ᠳᠤ ᠲᠠᠪᠰᠢᠬᠤ ᠰᠢᠯᠭᠠᠯᠳᠠ᠂ ᠶᠡᠭᠡ ᠰᠤᠷᠭᠠᠭᠤᠯᠢ ᠳᠤ ᠲᠠᠪᠰᠢᠬᠤ ᠰᠢᠯᠭᠠᠯᠳᠠ ᠶᠢᠨ ᠬᠢᠷᠢ ᠪᠦᠳᠦᠮᠵᠢ ᠦᠷᠬᠦᠯᠵᠢᠯᠡᠨ | ᠪᠦᠬᠦ ᠬᠤᠳᠠ ᠶᠢᠨ ᠲᠡᠷᠢᠬᠦᠨ ᠡᠩᠨᠡᠭᠡ ᠳᠤ ᠪᠠᠶᠢᠷᠢᠯᠠᠵᠤ᠂ ᠦᠨᠳᠦᠷ ᠲᠤᠮᠳᠠᠳᠤ ᠳᠤ ᠰᠢᠯᠭᠠᠨ ᠲᠡᠪᠰᠢᠬᠤ ᠰᠢᠯᠭᠠᠯᠳᠠ ᠶᠢᠨ ᠲᠤᠮᠳᠠᠴᠢ ᠬᠤᠪᠢ ᠪᠦᠬᠦ ᠬᠤᠳᠠ ᠶᠢᠨ | ᠲᠤᠮᠳᠠᠴᠢ ᠬᠤᠪᠢ ᠠᠴᠠ 29 ᠬᠤᠪᠢ ᠦᠨᠳᠦᠷ ᠪᠤᠯᠵᠤ᠂ ᠶᠡᠭᠡ ᠰᠤᠷᠭᠠᠭᠤᠯᠢ ᠶᠢᠨ ᠦᠨᠳᠦᠰᠦᠨ ᠠᠩᠬᠢ ᠳᠤ ᠤᠷᠤᠬᠤ ᠨᠤᠷᠮ᠎ᠠ 89 % ᠳᠤ ᠬᠦᠷᠪᠡ᠃ ᠡᠷᠡᠬᠦᠯ | ᠮᠡᠨᠳᠤ ᠶᠢᠨ ᠤᠶᠢᠯᠡᠰ ᠢ ᠠᠬᠢᠭᠤᠯᠬᠤ ᠪᠠ ᠬᠤᠳᠠ ᠶᠢᠨ ᠠᠷᠠᠳ ᠤᠨ ᠪᠡᠶ᠎ᠡ ᠮᠠᠬᠠᠪᠤᠳ ᠢ ᠴᠢᠬᠢᠷᠠᠭᠵᠢᠭᠤᠯᠬᠤ ᠢᠨᠵᠧᠨᠧᠷᠢᠩ ᠢ ᠬᠡᠷᠡᠭᠵᠢᠬᠦᠯᠵᠤ᠂ 16 ᠲᠦᠮᠡᠨ | ᠬᠦᠮᠦᠨ ᠬᠡᠷ ᠪᠦᠯᠢ ᠶᠢᠨ ᠡᠮᠴᠢ ᠲᠠᠢ ᠬᠡᠷ᠎ᠡ ᠲᠤᠭᠳᠠᠵᠤ᠂ ᠬᠡᠷ᠎ᠡ ᠲᠤᠭᠳᠠᠭᠰᠠᠨ ᠨᠤᠷᠮ᠎ᠠ 32% ᠳᠤ ᠬᠦᠷᠪᠡ᠃ ᠦᠪᠡᠷᠳᠡᠬᠡᠨ ᠵᠠᠰᠠᠬᠤ ᠤᠷᠤᠨ ᠤ ᠡᠮᠴᠢᠯᠡᠭᠡ | ᠨᠠᠰᠤᠵᠢᠯ ᠢ ᠤᠶᠠᠯᠳᠤᠭᠤᠯᠬᠤ ᠵᠢᠱᠢᠶ᠎ᠠ ᠦᠵᠡᠬᠦᠯᠬᠦ ᠰᠠᠭᠤᠷᠢᠨ ᠭᠠᠵᠡᠷ ᠪᠠ ᠵᠢᠱᠢᠶ᠎ᠠ ᠦᠵᠡᠬᠦᠯᠬᠦ ᠪᠠᠶᠢᠭᠤᠯᠤᠮᠵᠢ ᠶᠢ ᠲᠤᠰ ᠪᠦᠷᠢ 1 ᠪᠠᠶᠢᠭᠤᠯᠪᠠ᠃ ᠤᠯᠠᠭᠠᠨᠮᠦ᠋ᠴᠢᠷ | ᠢ ᠰᠡᠷᠭᠦᠭᠡᠨ ᠪᠠᠶᠢᠭᠤᠯᠵᠤ᠂ ᠵᠤᠬᠢᠶᠠᠭᠰᠠᠨ ᠪᠦᠳᠦᠬᠡᠯ ᠪᠤᠯᠬᠤ ᠦᠨᠳᠦᠰᠦᠳᠡᠨ ᠤ ᠪᠦᠵᠢᠭᠳᠦ ᠵᠦᠴᠦᠬᠡ ︽ᠮᠢᠩᠭᠠᠨ ᠤᠨ ᠤ ᠭᠠᠶᠢᠬᠠᠮᠰᠢᠭᠳᠤ ᠤᠴᠠᠷᠠᠯ︾ ᠤᠯᠤᠰ | ᠤᠨ ᠰᠠᠭᠤᠷᠢ ᠮᠦᠩᠬᠦᠨ ᠤ ᠲᠡᠮᠵᠢᠯᠬᠡ ᠶᠢ ᠤᠯᠵᠤ᠂ ᠪᠦᠬᠦ ᠤᠯᠤᠰ ᠲᠤ 22 ᠤᠳᠠᠭ᠎ᠠ ᠲᠤᠭᠤᠷᠢᠨ ᠲᠤᠭᠯᠠᠪᠠ᠃ 7 ᠶᠡᠭᠡ ᠲᠦᠷᠦᠯ ᠤᠨ 60 ᠵᠤᠶᠢᠯ ᠤᠨ | ᠤᠨᠴᠠᠯᠢᠭᠳᠤ ᠤᠳᠬ᠎ᠠ ᠤᠷᠠᠯᠢᠭ ᠤᠨ ᠠᠵᠢᠯᠯᠠᠭ᠎ᠠ ᠪᠠ 300 ᠤᠳᠠᠭᠠᠨ ᠤ ᠠᠷᠠᠳ ᠲᠤ ᠬᠠᠷᠭᠠᠯᠵᠠᠯ ᠦᠵᠡᠬᠦᠯᠬᠦ ᠲᠤᠭᠯᠠᠯᠳᠠ ᠶᠢ ᠵᠤᠬᠢᠶᠠᠨ ᠪᠠᠶᠢᠭᠤᠯᠪᠠ᠃ ᠪᠦᠬᠦ | ᠤᠯᠤᠰ ᠤᠨ ︽ᠨᠤᠮ ᠤᠨ ᠰᠣᠷᠪᠣᠯᠵᠢᠲᠣ ᠬᠤᠳᠠ︾ ᠶᠢᠨ ᠢᠷᠡᠭᠤ ᠠᠯᠳᠠᠷ ᠢ ᠤᠯᠪᠠ᠃ ᠬᠠᠮ ᠵᠠᠭᠤᠴᠢᠯᠠᠭᠤᠷ ᠤᠨ ᠲᠦᠪ ᠠᠰᠢᠭᠯᠠᠯᠳᠠ ᠳᠤ ᠤᠷᠤᠪᠠ᠃ ᠲᠤᠰᠬᠠᠢ | ᠲᠠᠯᠠᠪᠠᠢ ᠠᠴᠠ ᠡᠯᠰᠡᠬᠦ᠂ ᠴᠢᠭᠯᠡᠯ ᠲᠠᠢ ᠡᠯᠰᠡᠬᠦ ᠵᠡᠷᠬᠡ ᠬᠡᠯᠪᠡᠷᠢ ᠪᠠᠷ ᠴᠡᠷᠢᠭ ᠠᠴᠠ ᠬᠠᠯᠬᠠᠳᠠᠭᠰᠠᠳ ᠤᠨ ᠠᠵᠢᠯ ᠤᠯᠭᠤᠯᠳᠠ ᠶᠢ ᠪᠠᠳᠤᠯᠠᠵᠤ᠂ ᠪᠦᠬᠦ ᠵᠢᠯ ᠤᠨ ᠰᠢᠨ᠎ᠠ | ᠪᠠᠷ ᠨᠡᠮᠡᠭᠳᠡᠭᠰᠡᠨ ᠠᠵᠢᠯ ᠤᠯᠤᠭᠰᠠᠳ 6900 ᠬᠦᠮᠦᠨ ᠳᠤ ᠬᠦᠷᠴᠦ᠂ ᠬᠤᠳᠠ ᠪᠠᠯᠭᠠᠰᠤ ᠶᠢᠨ ᠲᠡᠩᠰᠠᠯᠠᠭᠰᠠᠨ ᠠᠵᠢᠯ ᠠᠯᠳᠠᠭᠰᠠᠳ ᠤᠨ ᠨᠤᠷᠮ᠎ᠠ ᠶᠢ 2.31% | ᠠᠴᠠ ᠲᠤᠷᠤᠭᠰᠢ ᠪᠠᠶᠢᠯᠭᠠᠨ ᠡᠵᠡᠮᠳᠠᠪᠠ᠃ 1073 ᠢᠵᠢ ᠤᠯᠠᠨ ᠨᠠᠶᠢᠳᠠ ᠶᠢᠨ ᠲᠦᠷᠢᠶᠠᠰᠦᠯᠡᠯ ᠤᠨ ᠬᠡᠷ ᠪᠠᠶᠢᠰᠢᠩ ᠢ ᠪᠠᠶᠢᠭᠤᠯᠤᠨ ᠬᠤᠪᠢᠶᠠᠷᠢᠯᠠᠪᠠ᠃ | ᠳ᠋ᠦᠩᠱᠧᠩ ᠲᠤᠭᠤᠷᠢᠭ ᠪᠦᠬᠦ ᠤᠯᠤᠰ ᠤᠨ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠡᠬᠦᠳᠤᠨ ᠪᠠᠶᠢᠭᠤᠯᠤᠯᠳᠠ ᠶᠢᠨ ᠵᠢᠷᠭᠤᠳᠤᠭᠠᠷ ᠡᠬᠡᠯᠵᠢ ᠶᠢᠨ ᠵᠢᠱᠢᠶ᠎ᠠ | ᠦᠵᠡᠬᠦᠯᠬᠦ ᠲᠤᠭᠤᠷᠢᠭ ᠢᠶᠠᠷ ᠦᠨᠡᠯᠡᠭᠳᠡᠪᠡ᠃ | ︵ᠲᠠᠪᠤ︶ ᠨᠡᠶᠢᠬᠡᠮ ᠤᠨ ᠶᠡᠭᠡ ᠲᠠᠯ᠎ᠠ ᠶᠢᠨ ᠠᠮᠦᠷ ᠲᠦᠪᠰᠢᠨ ᠠᠮᠦᠷ ᠲᠤᠭᠳᠠᠭᠤᠨ ᠢ ᠪᠤᠳᠠᠳᠠᠢ ᠪᠠᠷ ᠬᠠᠮᠠᠭᠠᠯᠠᠪᠠ᠃ ᠲᠤᠪᠤᠶᠢᠮ᠎ᠠ ᠵᠦᠷᠢᠴᠡᠯ ᠢ ᠬᠦᠴᠦᠯᠡᠨ | ᠰᠢᠢᠳᠪᠤᠷᠢᠯᠠᠵᠤ᠂ ᠰᠢᠶᠠᠨ᠂ ᠭᠠᠵᠡᠷ ᠤᠨ ᠲᠡᠰ ᠤᠨ ᠤᠳᠤᠷᠢᠳᠤᠯᠭ᠎ᠠ ᠲᠠᠢ ᠬᠠᠷᠢᠯᠴᠠᠬᠤ᠂ ᠰᠠᠯᠠᠭ᠎ᠠ ᠮᠦᠴᠢᠷ ᠠᠴᠠ ᠲᠦᠷᠦᠬᠦᠯᠡᠨ ᠬᠠᠷᠢᠭᠤᠴᠠᠬᠤ ᠬᠠᠤᠯᠢ ᠪᠤᠰᠤ ᠪᠠᠷ | ᠪᠡᠯᠡ ᠮᠦᠩᠬᠦ ᠴᠤᠭᠯᠠᠭᠤᠯᠤᠭᠰᠠᠨ ᠬᠡᠷᠡᠭ ᠢ ᠰᠢᠢᠳᠪᠤᠷᠢᠯᠡᠬᠦ ᠠᠷᠭ᠎ᠠ ᠶᠢ ᠬᠡᠷᠡᠭᠵᠢᠬᠦᠯᠵᠤ᠂ 18 ᠣᠳᠠᠭ᠎ᠠ ᠶᠢᠨ ᠡᠳ᠋ ᠬᠦᠷᠦᠩᠬᠡ ᠶᠢᠨ ᠬᠡᠷᠡᠭ ᠢ ᠰᠢᠢᠳᠪᠤᠷᠢᠯᠠᠵᠤ᠂ | ᠬᠡᠷᠡᠭ ᠲᠤ ᠬᠤᠯᠪᠤᠭᠳᠠᠭᠰᠡᠨ ᠵᠤᠭᠤᠰᠤᠨ ᠤ ᠲᠤᠭ᠎ᠠ 3.8 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃ 720 ᠲᠦᠮᠡᠨ ᠬᠠᠪᠳᠠᠭᠠᠢ ᠲᠦᠷᠪᠡᠯᠵᠢᠨ ᠮᠧᠲᠷ | ᠤᠨ ᠭᠡᠷ ᠪᠠᠶᠢᠰᠢᠩ ᠭᠠᠵᠡᠷ ᠬᠦᠷᠦᠩᠬᠡ ᠶᠢᠨ ᠪᠠᠶᠢᠭᠤᠯᠵᠤ ᠪᠠᠶᠢᠭ᠎ᠠ 66 ᠲᠦᠷᠦᠯ ᠵᠤᠶᠢᠯ ᠢ ᠰᠡᠷᠬᠦᠬᠡᠨ ᠪᠠᠶᠢᠭᠤᠯᠪᠠ᠃ 4058 ᠢᠵᠢ ᠲᠤᠰᠢᠶᠠᠬᠤ ᠬᠤᠭᠤᠴᠠᠭ᠎ᠠ | ᠠᠴᠠ ᠦᠩᠬᠡᠷᠡᠭᠰᠠᠨ ᠲᠠᠸᠠᠷ ᠤᠨ ᠬᠡᠷ ᠪᠠᠶᠢᠰᠢᠩ᠂ ᠨᠡᠭᠦᠯᠭᠡᠨ ᠰᠢᠯᠵᠢᠭᠦᠯᠦᠭᠰᠡᠨ ᠠᠴᠠ ᠲᠤᠬᠢᠷᠠᠭᠤᠯᠤᠭᠰᠠᠨ ᠪᠠᠶᠢᠰᠢᠩ ᠢ ᠰᠢᠨ᠎ᠠ ᠪᠠᠷ ᠲᠤᠰᠢᠶᠠᠪᠠ︔ 189 ᠲᠦᠷᠦᠯ | ᠤᠨ ᠭᠠᠷ ᠬᠦᠢᠴᠡᠳᠬᠡᠯ ᠲᠤᠳᠠᠭᠤ ᠪᠠᠶᠢᠭ᠎ᠠ ᠬᠡᠷ ᠪᠠᠶᠢᠰᠢᠩ ᠭᠠᠵᠡᠷ ᠬᠦᠷᠦᠩᠬᠡ ᠶᠢᠨ ᠲᠦᠷᠦᠯ ᠵᠤᠶᠢᠯ ᠢ ᠲᠦᠪᠯᠡᠷᠡᠬᠦᠯᠦᠨ ᠪᠦᠷᠢᠨᠰᠢᠭᠦᠯᠵᠦ᠂ ᠰᠢᠨ᠎ᠠ ᠪᠠᠷ ᠨᠡᠮᠡᠭᠳᠡᠭᠰᠡᠨ | 2.1 ᠲᠦᠮᠡᠨ ᠢᠵᠢ ᠬᠡᠷ ᠪᠠᠶᠢᠰᠢᠩ ᠲᠣᠭᠳᠠᠮᠠᠯ ᠬᠦᠷᠦᠩᠬᠡ ᠳᠤ ᠲᠠᠩᠰᠠᠯᠠᠬᠤ ᠨᠦᠬᠦᠴᠡᠯ ᠲᠠᠢ ᠪᠤᠯᠵᠤ᠂ ᠨᠢᠬᠡᠨᠳᠠ 2500 ᠭᠠᠷᠤᠢ ᠲᠤᠭᠳᠠᠮᠠᠯ ᠬᠦᠷᠦᠩᠭᠡ ᠶᠢᠨ | ᠭᠠᠷ ᠭᠦᠢᠴᠡᠳᠭᠡᠯ ᠢ ᠬᠦᠢᠴᠡᠳᠬᠡᠪᠠ᠃ ᠠᠶᠤᠯ ᠦᠬᠡᠢ ᠤᠶᠢᠯᠡᠳᠪᠤᠷᠢᠯᠠᠯ ᠤᠨ ︽ᠰᠠᠷ᠎ᠠ ᠪᠤᠯᠭᠠᠨ ᠬᠢᠨᠠᠨ ᠪᠠᠶᠢᠴᠠᠭᠠᠬᠤ᠂ ᠬᠠᠭᠠᠰ ᠵᠢᠯ ᠪᠤᠯᠭᠠᠨ ᠦᠨᠡᠯᠡᠨ | ᠰᠢᠯᠭᠠᠷᠠᠭᠤᠯᠬᠤ︾ ᠬᠠᠮᠢᠶᠠᠷᠤᠯᠲᠠ ᠶᠢᠨ ᠴᠢᠩᠭ᠎ᠠ ᠠᠷᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠡᠷ ᠮᠦᠩᠬᠦ ᠭᠤᠷᠪᠡᠨ ᠲᠦᠷᠢᠮ︾ ᠵᠤᠭᠤᠰ | ᠦᠷᠢᠳᠦᠵᠤ ᠪᠠᠶᠢᠭ᠎ᠠ ᠲᠠᠭᠠᠳᠬᠠᠯ ᠤᠨ ᠰᠠᠯᠪᠤᠷᠢ ᠲᠦᠷᠢᠮ ᠢ ᠴᠢᠩᠭ᠎ᠠ ᠬᠡᠷᠡᠭᠵᠢᠬᠦᠯᠵᠤ᠂ ᠬᠡᠷᠡᠭ ᠪᠤᠯᠭᠠᠨ ᠢ ᠳᠠᠭᠠᠭᠠᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ | ᠢ ᠰᠢᠢᠳᠪᠦᠷᠢᠯᠡᠬᠦ ᠶᠢ ᠰᠠᠶᠢᠳᠤᠷ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ ᠶᠢ ᠦᠷᠬᠦᠯᠵᠢᠯᠡᠨ ᠲᠤᠷᠤᠭᠰᠢᠯᠠᠭᠤᠯᠵᠤ᠂ ᠤᠯᠠᠨ ᠲᠦᠮᠡᠨ ᠤ | ᠵᠠᠬᠢᠳᠠᠯ ᠰᠤᠷᠪᠤᠯᠵᠢᠯᠠᠭ᠎ᠠ 7.5% ᠪᠠᠷ ᠪᠠᠭᠤᠷᠠᠪᠠ᠃ ᠬᠠᠷ᠎ᠠ ᠪᠦᠯᠦᠭᠳᠠᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠯᠠᠪᠳᠠᠭᠤᠨ ᠢᠶᠠᠷ ᠠᠬᠢᠭᠤᠯᠵᠤ᠂ | ᠬᠠᠷ᠎ᠠ ᠪᠦᠯᠦᠭᠳᠠᠨ ᠬᠠᠷᠬᠢᠰ ᠬᠦᠴᠦᠨ ᠲᠠᠢ ᠬᠤᠯᠪᠤᠭᠳᠠᠭᠰᠠᠨ 52 ᠬᠡᠷᠡᠭ ᠢ ᠢᠯᠡᠷᠡᠬᠦᠯᠦᠨ ᠰᠢᠢᠳᠪᠤᠷᠢᠯᠡᠵᠤ᠂ ᠡᠷᠡᠬᠦᠦ ᠶᠢᠨ ᠬᠡᠷᠡᠭ᠂ ᠠᠮᠦᠷ ᠲᠦᠪᠰᠢᠨ ᠤ ᠬᠡᠷᠡᠭ | ᠤᠨ ᠡᠭᠦᠰᠦᠯᠲᠡ ᠲᠤᠰ ᠪᠦᠷᠢ 34% ᠪᠠ 51% ᠪᠠᠷ ᠪᠠᠭᠠᠰᠪᠠ᠃ ︽9 ᠰᠠᠷ᠎ᠠ ᠶᠢᠨ 2 ᠤᠨ ᠡᠳᠦᠷ ᠤᠨ ᠠᠮᠢᠨ ᠬᠡᠷᠡᠭ︾ ᠵᠡᠷᠬᠡ ᠤᠳᠠᠭᠠᠨ ᠵᠢᠯ ᠤᠨ | ᠲᠠᠷᠤᠭᠳᠠᠭᠰᠠᠨ ᠬᠡᠷᠡᠭ ᠢ ᠠᠮᠵᠢᠯᠳᠠ ᠲᠠᠢ ᠪᠠᠷ ᠯᠠᠪᠡᠷᠢᠬᠦᠯᠵᠤ ᠰᠢᠢᠳᠪᠦᠷᠢᠯᠡᠨ᠂ ︽ᠠᠮᠤᠭᠤᠯᠠᠩ ᠳ᠋ᠦᠩᠱᠧᠩ︾ ᠤᠨ ᠪᠦᠲᠦᠭᠡᠨ ᠪᠠᠶᠢᠭᠤᠯᠤᠯᠳᠠ ᠶᠢᠨ ᠦᠷ᠎ᠠ | ᠪᠦᠳᠦᠮᠵᠢ ᠶᠢ ᠦᠷᠬᠦᠯᠵᠢᠯᠡᠨ ᠪᠠᠳᠤᠳᠬᠠᠪᠠ᠃ | ︵ᠵᠢᠷᠭᠤᠭ᠎ᠠ︶ ᠵᠠᠰᠠᠭ ᠤᠨ ᠤᠷᠳᠤᠨ ᠤ ᠦᠪᠡᠷ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠪᠠ᠃ ᠤᠯᠤᠰ ᠲᠦᠷᠦ ᠶᠢᠨ ᠪᠠᠶᠢᠭᠤᠯᠤᠯᠳᠠ ᠶᠢ | ᠲᠡᠷᠢᠬᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ᠨᠠᠮ ᠢ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠲᠠᠢ ᠪᠠᠷ ᠡᠬᠦᠷᠬᠡᠯᠡᠪᠠ᠃ | 9 ᠲᠦᠷᠦᠯ 25 ᠵᠤᠷᠪᠤᠰ ᠤᠨ ᠲᠤᠭᠤᠷᠢᠨ ᠪᠠᠶᠢᠴᠠᠭᠠᠯᠳᠠ᠂ ᠴᠠᠭᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ | ᠵᠠᠰᠠᠪᠠ᠃ ᠠᠷᠠᠳ ᠤᠨ ᠲᠦᠯᠦᠬᠡᠯᠡᠭᠴᠢᠳ ᠤᠨ 69 ᠬᠤᠪᠢ ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ 162 ᠬᠤᠪᠢ | ᠲᠤᠷᠠᠳᠤᠯᠭ᠎ᠠ ᠶᠢ ᠴᠢᠨᠠᠷ ᠰᠠᠶᠢᠳᠠᠢ ᠪᠠᠷ ᠬᠦᠢᠴᠡᠳᠬᠡᠪᠡ᠃ ᠬᠠᠤᠯᠢ ᠶᠤᠰᠤᠭᠠᠷ ᠵᠠᠰᠠᠭ ᠶᠠᠪᠤᠭᠤᠯᠬᠤ ᠪᠠ ᠢᠳᠡᠬᠡᠮᠵᠢᠳᠠᠢ ᠵᠠᠰᠠᠭ ᠤᠨ ᠤᠷᠳᠤᠨ ᠤ ᠪᠠᠶᠢᠭᠤᠯᠤᠯᠳᠠ ᠶᠢ | ᠪᠤᠳᠠᠳᠠᠢ ᠪᠠᠷ ᠠᠬᠢᠭᠤᠯᠵᠤ᠂ ᠨᠠᠮ ᠵᠠᠰᠠᠭ ᠤᠨ ᠪᠠᠶᠢᠭᠤᠯᠤᠮᠵᠢ ᠶᠢᠨ ᠬᠡᠷᠡᠭᠵᠢᠬᠦᠯᠦᠯᠳᠠ ᠲᠠᠢ ᠬᠤᠯᠪᠤᠭᠳᠠᠭᠰᠠᠨ 23 ᠬᠡᠷᠡᠭ ᠢ ᠵᠤᠬᠢᠰᠳᠠᠢ ᠪᠠᠷ ᠰᠢᠢᠳᠪᠤᠷᠢᠯᠠᠪᠠ᠃ | ᠪᠠᠷᠢᠮᠵᠢᠶᠠᠵᠢᠭᠰᠠᠨ ᠬᠠᠤᠯᠢ ᠴᠠᠭᠠᠵᠠ ᠶᠢᠨ ᠤᠶᠢᠯᠡᠴᠢᠯᠡᠬᠡᠨ ᠤ ᠬᠡᠳᠤ ᠲᠡᠯᠬᠡᠬᠦᠷ ᠢ 27 ᠪᠠᠶᠢᠭᠤᠯᠪᠠ᠃ 51 ᠲᠦᠷᠦᠯ ᠤᠨ ᠠᠵᠤ ᠠᠬᠤᠢ ᠪᠠ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠠ ᠶᠢᠨ ᠡᠬᠦᠷᠬᠡ ᠪᠠᠨ ᠪᠡᠶᠡᠯᠡᠬᠦᠯᠵᠤ᠂ ︽ᠵᠠᠰᠠᠭ ᠢ ᠴᠣᠮᠬᠠᠳᠬᠠᠨ ᠡᠷᠭᠡ ᠶᠢ ᠲᠤᠷᠤᠭᠰᠢ ᠪᠠᠭᠤᠯᠭᠠᠬᠤ᠂ ᠲᠤᠷᠤᠭᠰᠢ | ᠪᠠᠭᠤᠯᠭᠠᠬᠤ ᠪᠠ ᠬᠠᠮᠢᠶᠠᠷᠣᠯᠲᠠ ᠶᠢ ᠣᠶᠠᠯᠳᠣᠭᠤᠯᠬᠤ᠂ ᠦᠢᠯᠡᠴᠢᠯᠡᠭᠡ ᠶᠢ ᠰᠢᠯᠢᠳᠡᠭᠴᠢᠯᠡᠬᠦ︾ ᠦᠬᠡᠷᠡᠴᠢᠯᠡᠯᠳᠠ ᠶᠢ ᠬᠦᠨᠵᠡᠬᠡᠶᠢᠷᠡᠬᠦᠯᠵᠤ᠂ 36 ᠪᠠᠶᠢᠭᠤᠯᠭ᠎ᠠ | ᠨᠢᠬᠡᠴᠡ᠂ 6300 ᠭᠠᠷᠤᠢ ᠲᠦᠷᠦᠯ ᠤᠨ ᠵᠠᠰᠠᠭ ᠵᠠᠬᠢᠷᠭᠠᠨ ᠤ ᠡᠷᠬᠡ ᠶᠢᠨ ᠲᠠᠩᠰᠠ ᠶᠢ ᠲᠠᠬᠢᠨ ᠡᠮᠬᠢᠳᠭᠡᠨ ᠨᠡᠶᠢᠳᠠᠯᠡᠵᠤ᠂ 658 ᠵᠤᠶᠢᠯ ᠤᠨ ᠬᠢᠨᠠᠨ | ᠵᠦᠪᠰᠢᠶᠠᠷᠠᠬᠦ ᠤᠶᠢᠯᠡᠴᠢᠯᠡᠭᠡ ᠳᠤ 453 ᠵᠤᠶᠢᠯ ᠤᠨ ︽ᠨᠢᠭᠡᠯᠡ ᠳᠡᠭᠡᠷ᠎ᠡ ᠭᠦᠢᠴᠡᠳᠭᠡᠬᠦ︾ ᠶᠢ ᠪᠡᠶᠡᠯᠡᠬᠦᠯᠵᠤ᠂ 39 ᠵᠤᠶᠢᠯ ᠢ ︽ᠰᠦᠯᠵᠢᠶ᠎ᠡ ᠪᠠᠷ ᠭᠦᠢᠴᠡᠳᠭᠡᠬᠦ︾ | ᠶᠢ ᠪᠡᠶᠡᠯᠡᠬᠦᠯᠦᠨ᠂ ᠬᠦᠢᠴᠡᠳᠭᠡᠬᠦ ᠬᠤᠷᠳᠤᠴᠠ ᠲᠤᠮᠳᠠᠴᠢ ᠪᠠᠷ 80% ᠪᠠᠷ ᠲᠦᠷᠭᠡᠳᠴᠦ᠂ ᠰᠢᠨ᠎ᠠ ᠪᠠᠷ ᠲᠠᠩᠰᠠᠯᠠᠭᠰᠠᠨ ᠵᠠᠬ᠎ᠠ ᠲᠡᠯᠬᠡᠬᠦᠷ ᠤᠨ ᠭᠤᠤᠯ ᠴᠤᠭᠴᠠ 1. | 1 ᠲᠦᠮᠡᠨ ᠡᠷᠦᠬᠡ ᠳᠤ ᠬᠦᠷᠪᠡ᠃ ᠬᠠᠨᠳᠠᠢ ᠪᠠᠯᠭᠠᠰᠤ ᠪᠦᠬᠦ ᠤᠯᠤᠰ ᠤᠨ ᠠᠵᠤ ᠠᠬᠤᠢ ᠬᠦᠭᠵᠢᠭᠰᠡᠨ ᠪᠠᠯᠭᠠᠰᠤ᠂ ᠵᠠᠰᠠᠭ ᠵᠠᠬᠢᠷᠭᠠᠨ ᠤ ᠬᠠᠮᠢᠶᠠᠷᠣᠯᠲᠠ ᠶᠢᠨ | ᠪᠠᠶᠢᠭᠤᠯᠤᠮᠵᠢ ᠶᠢᠨ ᠦᠬᠡᠷᠡᠴᠢᠯᠡᠯᠳᠠ ᠶᠢᠨ ᠲᠤᠷᠰᠢᠯᠳᠠ ᠶᠢᠨ ᠴᠡᠭ ᠤᠨ ᠪᠠᠯᠭᠠᠰᠤ ᠪᠠᠷ ᠦᠨᠡᠯᠡᠭᠳᠠᠪᠠ᠃ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ | ᠲᠦᠷᠦᠯ ᠵᠤᠶᠢᠯ ᠤᠨ ᠬᠢᠨᠠᠨ ᠪᠤᠳᠤᠯᠳᠠ ᠶᠢ ᠦᠷᠨᠢᠬᠦᠯᠵᠤ᠂ ᠨᠡᠶᠢᠳᠠ 359 ᠲᠦᠷᠦᠯ ᠳᠤ ᠬᠢᠨᠠᠨ ᠪᠤᠳᠤᠯᠳᠠ ᠬᠢᠵᠤ᠂ 3.3 ᠳ᠋ᠦᠩᠰᠢᠭᠤᠷ ᠲᠦᠬᠦᠷᠢᠭ ᠤᠨ ᠡᠳ᠋ | ᠤᠨ ᠵᠠᠰᠠᠭ ᠤᠨ ᠪᠡᠯᠡ ᠮᠦᠩᠬᠦ ᠶᠢ ᠬᠢᠨᠠᠨ ᠬᠠᠰᠤᠵᠤ ᠠᠷᠪᠢᠯᠠᠪᠠ᠃ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ | ᠨᠠᠷᠢᠨ ᠬᠢᠨᠠᠮᠠᠭᠠᠢ ᠪᠠᠷ ᠨᠠᠶᠢᠳᠠᠪᠤᠷᠢᠵᠢᠭᠤᠯᠵᠤ᠂ ᠰᠤᠷᠳᠠᠯ ᠢ ᠴᠡᠭᠴᠡᠯᠡᠨ ᠰᠠᠬᠢᠯᠭ᠎ᠠ ᠪᠠᠳᠤ ᠶᠢ ᠰᠠᠬᠢᠵᠤ᠂ ᠤᠯᠠᠨ ᠲᠦᠮᠡᠨ ᠳᠤ ᠰᠤᠷᠳᠠᠯ ᠰᠠᠶᠢᠵᠢᠷᠠᠭᠰᠠᠨ᠂ ᠦᠷ᠎ᠠ | ᠪᠦᠳᠦᠮᠵᠢ ᠲᠡᠭᠡᠭᠰᠢᠯᠡᠭᠰᠠᠨ᠂ ᠦᠢᠯᠡᠴᠢᠯᠡᠭᠡ ᠳᠠᠬᠢᠨ ᠰᠢᠯᠢᠳᠡᠭᠵᠢᠭᠰᠡᠨ ᠰᠠᠶᠢᠨ ᠪᠠᠶᠢᠳᠠᠯ ᠢ ᠦᠨᠡᠨ ᠬᠦ ᠬᠠᠷᠠᠭᠤᠯᠪᠠ᠃ ᠡᠬᠦᠨ ᠠᠴᠠ ᠭᠠᠳᠠᠨ᠎ᠠ᠂ ᠤᠯᠤᠰ ᠤᠨ | ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠠᠷᠠᠳ ᠤᠨ ᠵᠡᠪᠰᠡᠭᠳᠤ ᠬᠦᠴᠦᠨ᠂ ᠲᠤᠭ᠎ᠠ ᠪᠦᠷᠢᠳᠭᠡᠯ ᠤᠨ ᠪᠠᠶᠢᠴᠠᠭᠠᠯᠳᠠ᠂ ᠴᠠᠭ ᠠᠭᠤᠷ ᠭᠠᠵᠡᠷ ᠬᠦᠳᠡᠯᠦᠯᠳᠠ᠂ | ᠲᠠᠩᠰᠠ ᠡᠪᠬᠡᠮᠡᠯ ᠲᠡᠤᠬᠡ ᠤᠶᠢᠯᠡᠯᠭᠠ᠂ ᠠᠮᠦ ᠪᠤᠳᠠᠭᠠᠨ ᠤ ᠠᠮᠦᠷ ᠲᠦᠪᠰᠢᠨ᠂ ᠠᠵᠢᠯᠳᠠᠨ ᠵᠠᠯᠠᠭᠤᠴᠦᠳ ᠡᠮᠡᠭᠳᠠᠶᠢᠴᠦᠳ᠂ ᠤᠯᠠᠭᠠᠨ ᠵᠠᠭᠠᠯᠮᠠᠶᠢᠳᠠᠨ᠂ | ᠨᠠᠰᠤᠳᠠᠶᠢᠴᠦᠳ᠂ ᠵᠡᠮᠳᠡᠭᠴᠦᠳ ᠵᠡᠷᠬᠡ ᠶᠢᠨ ᠠᠵᠢᠯ ᠤᠨ ᠰᠢᠨ᠎ᠠ ᠠᠮᠵᠢᠯᠳᠠ ᠶᠢ ᠣᠯᠪᠠ᠃ | ᠲᠦᠯᠦᠬᠡᠯᠡᠭᠴᠢᠳ ᠡ᠂ ᠦᠩᠬᠡᠷᠡᠭᠰᠠᠨ ᠨᠢᠬᠡ ᠵᠢᠯ ᠳᠤ᠂ ᠡᠯ᠎ᠡ ᠲᠦᠷᠦᠯ ᠤᠨ ᠵᠦᠷᠢᠴᠡᠯ᠂ ᠠᠰᠠᠭᠤᠳᠠᠯ ᠪᠠ ᠠᠶᠤᠯ ᠲᠦᠭᠰᠢᠬᠦᠷᠢ ᠶᠢᠨ ᠰᠢᠯᠭᠠᠯᠳᠠ ᠶᠢᠨ | ᠡᠮᠦᠨ᠎ᠡ ᠪᠢᠳᠠ ᠪᠦᠬᠦ ᠲᠤᠭᠤᠷᠢᠭ ᠤᠨ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠤ ᠤᠶᠢᠯᠡ ᠠᠵᠢᠯᠯᠠᠭ᠎ᠠ ᠳᠤ ᠲᠦᠰᠢᠭᠯᠡᠨ᠂ ᠰᠡᠳᠬᠢᠯ ᠢᠶᠠᠨ ᠨᠢᠭᠡᠳᠭᠡᠨ | ᠬᠦᠴᠦ ᠪᠠᠨ | ᠬᠠᠮᠳᠤᠳᠬᠠᠵᠤ᠂ ᠬᠠᠮᠳᠤ ᠪᠠᠷ ᠠᠵᠢᠯᠯᠠᠵᠤ᠂ ᠪᠦᠬᠦ ᠬᠦᠴᠦ ᠪᠠᠷ ᠴᠢᠷᠮᠠᠶᠢᠨ᠂ ᠲᠠᠷᠤᠭᠠᠰᠤ ᠶᠢ ᠲᠤᠯᠤᠨ᠂ ᠰᠢᠯᠭᠠᠯᠳᠠ ᠶᠢ ᠲᠤᠭᠤᠯᠵᠤ᠂ ᠠᠵᠤ ᠠᠬᠤᠢ ᠨᠡᠶᠢᠬᠡᠮ ᠤᠨ | ᠦᠷᠬᠦᠯᠵᠢᠯᠡᠨ ᠲᠤᠭᠳᠠᠭᠤᠨ ᠢᠶᠠᠷ ᠬᠦᠭᠵᠢᠭᠰᠡᠨ ᠪᠠᠶᠢᠳᠠᠯ ᠢ | ᠪᠠᠳᠤᠯᠠᠪᠠ᠃ ᠨᠢᠬᠡ ᠵᠢᠯ ᠤᠨ ᠠᠮᠦᠷ ᠲᠤᠭᠳᠠᠭᠤᠨ᠂ ᠦᠷᠬᠦᠯᠵᠢᠯᠡᠭᠰᠡᠨ ᠬᠦᠭᠵᠢᠯᠳᠠ ᠶᠢ ᠪᠠᠳᠤᠯᠠᠭᠰᠠᠨ ᠨᠢ ᠦᠨᠡᠨ ᠬᠦ ᠬᠦᠴᠢᠷ ᠪᠡᠷᠬᠡ ᠲᠠᠢ ᠶᠤᠮ᠃ ᠡᠳᠡᠬᠡᠷ | ᠬᠦᠴᠢᠷ ᠪᠡᠷᠬᠡ ᠶᠢ ᠠᠮᠵᠢᠯᠳᠠ ᠲᠠᠢ ᠲᠤᠭᠤᠯᠤᠭᠰᠠᠨ ᠨᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠠ ᠲᠤᠭᠤᠷᠢᠭ ᠤᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠤᠷᠢᠳᠤ ᠪᠤᠳᠤᠯᠭ᠎ᠠ ᠠᠴᠠ ᠰᠠᠯᠵᠤ ᠴᠢᠳᠠᠬᠤ ᠦᠬᠡᠢ᠂ ᠮᠦᠨᠴᠦ ᠲᠤᠭᠤᠷᠢᠭ ᠤᠨ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠦᠪᠯᠡᠯᠬᠡᠨ ᠤ ᠪᠦᠳᠦᠮᠵᠢᠳᠠᠢ ᠬᠢᠨᠠᠯᠳᠠ᠂ ᠬᠦᠴᠦᠳᠠᠢ ᠲᠡᠮᠵᠢᠯᠬᠡ ᠠᠴᠠ | ᠰᠠᠯᠵᠤ ᠴᠢᠳᠠᠬᠤ ᠦᠬᠡᠢ᠂ ᠪᠦᠬᠦ ᠲᠤᠭᠤᠷᠢᠭ ᠤᠨ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠪᠤᠳᠠᠳᠠᠢ ᠶᠢ ᠡᠷᠬᠢᠮᠯᠡᠨ ᠬᠠᠳᠠᠭᠤᠵᠢᠯᠳᠠᠢ ᠲᠡᠮᠡᠴᠡᠵᠤ᠂ ᠪᠤᠳᠠᠳᠠᠢ | ᠠᠵᠢᠯᠯᠠᠭᠰᠠᠨ ᠤ ᠦᠷ᠎ᠠ ᠳ᠋ᠦᠩ ᠪᠤᠯᠤᠨ᠎ᠠ᠃ ᠠᠳᠡ ᠪᠢ ᠲᠤᠭᠤᠷᠢᠭ ᠤᠨ ᠵᠠᠰᠠᠭ ᠤᠨ ᠤᠷᠳᠤᠨ ᠢ ᠲᠦᠯᠦᠬᠡᠯᠡᠨ᠂ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠪᠦᠬᠦ ᠲᠦᠯᠦᠬᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠪᠠ ᠡᠯ᠎ᠡ | ᠡᠳᠡᠬᠡᠳ ᠤᠨ ᠬᠢᠨ ᠬᠢᠬᠡᠳ ᠪᠦᠬᠦ ᠲᠤᠭᠤᠷᠢᠭ ᠤᠨ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠪᠠ ᠳ᠋ᠦᠩᠱᠧᠩ ᠲᠤᠭᠤᠷᠢᠭ ᠤᠨ ᠬᠦᠭᠵᠢᠯᠳᠠ ᠳᠤ ᠬᠠᠮᠵᠢᠯᠭ᠎ᠠ | ᠲᠡᠮᠵᠢᠯᠬᠡ ᠦᠵᠡᠬᠦᠯᠦᠭᠰᠡᠬᠡᠷ ᠢᠷᠡᠭᠰᠡᠨ ᠨᠠᠶᠢᠵᠠ ᠨᠦᠬᠦᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠭᠡᠳᠤ ᠬᠦᠨᠳᠦᠳᠬᠡᠯ ᠢᠶᠠᠨ ᠲᠡᠪᠰᠢᠬᠦᠯᠦᠶ᠎ᠠ︕ | ᠰᠢᠨ᠎ᠠ ᠡᠬᠢᠯᠡᠯᠳᠠ ᠶᠢᠨ ᠴᠡᠭ ᠲᠤ ᠵᠤᠭᠰᠤᠨ᠂ ᠰᠢᠨ᠎ᠠ ᠪᠠᠶᠢᠳᠠᠯ ᠤᠨ ᠡᠮᠦᠨ᠎ᠡ ᠪᠢᠳᠠ ᠳ᠋ᠦᠩᠱᠧᠩ ᠲᠤᠭᠤᠷᠢᠭ ᠤᠨ ᠠᠵᠤ ᠠᠬᠤᠢ ᠨᠡᠶᠢᠬᠡᠮ ᠤᠨ ᠬᠦᠭᠵᠢᠯᠳᠠ | ᠲᠤᠮᠳᠠ ᠤᠷᠤᠰᠢᠵᠤ ᠪᠠᠶᠢᠭ᠎ᠠ ᠡᠯ᠎ᠡ ᠲᠦᠷᠦᠯ ᠤᠨ ᠵᠦᠷᠢᠴᠡᠯ ᠠᠰᠠᠭᠤᠳᠠᠯ ᠢ ᠨᠠᠩ ᠰᠡᠷᠬᠡᠭ ᠢᠶᠠᠷ ᠲᠠᠨᠢᠬᠤ ᠬᠡᠷᠡᠭᠳᠠᠢ᠃ ᠬᠦᠭᠵᠢᠯᠳᠠ ᠶᠢᠨ ᠲᠤᠮᠳᠠ ᠤᠷᠤᠰᠢᠵᠤ | ᠪᠠᠶᠢᠭ᠎ᠠ ᠲᠤᠳᠠᠭᠳᠠᠯ ᠨᠢ ᠭᠤᠤᠯᠳᠠᠭᠤ ᠲᠤᠤᠷᠠᠬᠢ ᠬᠡᠳᠦᠨ ᠲᠠᠯ᠎ᠠ ᠳᠤ ᠲᠦᠪᠯᠡᠷᠡᠵᠤ ᠪᠠᠶᠢᠨ᠎ᠠ᠄ ᠲᠤᠭᠳᠠᠮᠠᠯ ᠬᠦᠷᠦᠩᠬᠡ ᠶᠡᠭᠡ ᠬᠡᠮᠵᠢᠶ᠎ᠡ ᠪᠠᠷ ᠲᠤᠷᠤᠭᠰᠢᠯᠠᠭᠠᠳ᠂ | ᠲᠤᠮᠦ ᠲᠦᠷᠦᠯ ᠵᠤᠶᠢᠯ᠂ ᠰᠠᠶᠢᠨ ᠲᠦᠷᠦᠯ ᠵᠤᠶᠢᠯ᠂ ᠰᠢᠨ᠎ᠠ ᠲᠦᠷᠦᠯ ᠵᠤᠶᠢᠯ ᠴᠦᠬᠡᠨ ᠪᠠᠶᠢᠵᠤ᠂ ᠲᠤᠨᠤᠭ ᠲᠦᠬᠦᠬᠡᠷᠦᠮᠵᠢ ᠤᠶᠢᠯᠡᠳᠬᠦ ᠵᠡᠷᠬᠡ ᠰᠢᠨ᠎ᠠ ᠪᠠᠷ | ᠮᠡᠨᠳᠤᠭᠰᠠᠨ ᠠᠵᠤ ᠤᠶᠢᠯᠡᠰ ᠤᠨ ᠬᠡᠪᠴᠢᠶ᠎ᠡ ᠪᠠᠭ᠎ᠠ᠂ ᠴᠢᠨᠠᠷ ᠰᠠᠶᠢᠲᠠᠢ ᠬᠦᠭᠵᠢᠯᠲᠡ ᠶᠢ ᠲᠣᠯᠭᠠᠭᠤᠷᠢᠯᠠᠵᠤ ᠪᠠᠶᠢᠭ᠎ᠠ ᠰᠢᠨ᠎ᠡ ᠠᠵᠤ ᠦᠢᠯᠡᠰ᠂ ᠰᠢᠨ᠎ᠡ ᠭᠦᠳᠡᠯᠭᠡᠭᠴᠢ | ᠬᠦᠴᠦᠨ᠂ ᠰᠢᠨ᠎ᠡ ᠦᠰᠦᠯᠲᠠ ᠶᠢᠨ ᠴᠡᠭ ᠤᠨ ᠪᠤᠶᠢᠵᠢᠭᠤᠯᠤᠯᠲᠠ ᠲᠣᠳᠠᠮᠠᠭ᠂ ᠰᠢᠨ᠎ᠡ ᠬᠠᠭᠤᠴᠢᠨ ᠭᠦᠳᠡᠯᠭᠡᠭᠴᠢ ᠬᠦᠴᠦᠨ ᠤ ᠡᠨᠧᠷᠭᠢ ᠶᠢᠨ ᠰᠣᠯᠢᠭᠳᠠᠯ ᠤᠨ | ᠬᠤᠷᠳᠣᠴᠨ ᠣᠳᠠᠭᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠳᠠ ᠶᠢᠨ ᠠᠮᠢᠵᠢᠷᠠᠯ ᠤᠨ ᠬᠦᠴᠦᠨ ᠬᠦᠢᠴᠡᠳ ᠪᠤᠰᠣ᠂ ᠡᠵᠡᠩᠨᠡᠯᠳᠠ ᠶᠢᠨ | ᠤᠷᠴᠢᠨ ᠲᠤᠭᠤᠷᠢᠨ ᠢ ᠦᠷᠬᠦᠯᠵᠢᠯᠡᠨ ᠰᠢᠯᠢᠳᠡᠭᠵᠢᠬᠦᠯᠬᠦ ᠴᠢᠬᠤᠯᠠ ᠲᠠᠢ︔ ᠲᠤᠯᠭᠠᠷᠠᠵᠤ ᠪᠠᠶᠢᠭ᠎ᠠ ᠠᠶᠤᠯ ᠲᠦᠭᠰᠢᠬᠦᠷᠢ ᠭᠤᠤᠯᠳᠠᠭᠤ ᠲᠤᠤᠷᠠᠬᠢ ᠬᠡᠳᠦᠨ ᠲᠠᠯ᠎ᠠ ᠳᠤ | ᠲᠦᠪᠯᠡᠷᠡᠵᠤ ᠪᠠᠶᠢᠨ᠎ᠠ᠄ ᠦᠷᠢ ᠦᠭᠴᠡᠭᠡ ᠶᠢ ᠦᠬᠡᠶᠢᠰᠬᠡᠬᠦ ᠡᠬᠦᠷᠬᠡ ᠬᠦᠨᠳᠦᠷᠡᠵᠦ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠶ᠎ᠠ ᠶᠡᠭᠡ᠂ ᠣᠷᠣᠨ | ᠨᠤᠲᠤᠭ ᠤᠨ ᠪᠠᠩᠭᠢ ᠶᠢᠨ ᠡᠷᠡᠭᠦᠯ ᠪᠤᠰᠣ ᠵᠢᠭᠡᠯᠡᠯᠭᠡ ᠶᠢ ᠰᠢᠢᠳᠪᠤᠷᠢᠯᠡᠬᠦ ᠳᠤ ᠬᠦᠴᠢᠷ ᠲᠠᠢ᠂ ᠬᠠᠤᠯᠢ ᠪᠤᠰᠤ ᠪᠠᠷ ᠪᠡᠯᠡ ᠮᠦᠩᠬᠦ ᠴᠤᠭᠯᠠᠭᠤᠯᠤᠭᠰᠠᠨ ᠬᠡᠷᠡᠭ ᠤᠨ | ᠰᠢᠢᠳᠪᠤᠷᠢᠯᠡᠯᠳᠠ ᠪᠠᠷ ᠣᠳᠠᠭᠠᠨ᠂ ᠬᠡᠷ ᠪᠠᠶᠢᠰᠢᠩ ᠭᠠᠵᠡᠷ ᠬᠦᠷᠦᠩᠬᠡ ᠶᠢᠨ ᠦᠯᠡᠳᠡᠭᠳᠠᠯ ᠠᠰᠠᠭᠤᠳᠠᠯ ᠣᠯᠠᠨ᠂ ᠬᠤᠳᠠᠯᠳᠤᠭᠠᠨ ᠤ ᠬᠦᠮᠦᠷᠬᠡ ᠶᠢᠨ ᠬᠠᠳᠠᠭᠠᠯᠠᠮᠵᠢ ᠶᠢ | ᠦᠬᠡᠶᠢᠰᠬᠡᠬᠦ ᠡᠭᠦᠷᠭᠡ ᠭᠦᠨᠲᠦ ᠪᠠᠶᠢᠬᠤ ᠵᠡᠷᠬᠡ ᠬᠤᠷᠠᠮᠳᠤᠭᠰᠠᠨ ᠵᠦᠷᠢᠴᠡᠯ ᠬᠤᠷᠴᠠ ᠰᠢᠷᠦᠭᠦᠨ᠂ ᠠᠶᠤᠯ ᠦᠬᠡᠢ ᠦᠢᠯᠡᠳᠪᠦᠷᠢᠯᠡᠯ ᠵᠠᠬᠢᠳᠠᠯ ᠰᠣᠷᠪᠣᠯᠵᠢᠯᠠᠭ᠎ᠠ ᠠᠮᠣᠷ | ᠲᠣᠭᠳᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ ᠳᠠᠯᠲᠠ ᠲᠦᠭᠰᠢᠭᠦᠷᠢ ᠴᠦᠬᠡᠨ ᠪᠤᠰᠤ︔ ᠪᠠᠭᠤᠷᠠᠢ ᠲᠤᠳᠠᠭᠳᠠᠯ ᠲᠠᠢ ᠲᠠᠯ᠎ᠠ ᠭᠤᠤᠯᠳᠠᠭᠤ ᠲᠤᠤᠷᠠᠬᠢ ᠬᠡᠳᠦᠨ ᠲᠠᠯ᠎ᠠ | ᠳᠤ ᠲᠦᠪᠯᠡᠷᠡᠵᠤ ᠪᠠᠶᠢᠨ᠎ᠠ᠄ ᠬᠤᠳᠠ ᠶᠢᠨ ᠨᠠᠷᠢᠯᠢᠭᠵᠢᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠲᠤᠤᠷ᠎ᠠ᠂ ᠬᠠᠭᠤᠴᠢᠨ ᠲᠤᠭᠤᠷᠢᠭ᠂ ᠬᠠᠭᠤᠴᠢᠨ ᠰᠠᠭᠤᠭᠠᠯᠢ | ᠲᠤᠭᠤᠷᠢᠭ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠵᠡᠷᠬᠡ ᠶᠢᠨ ᠰᠠᠭᠤᠷᠢ ᠲᠦᠬᠦᠬᠡᠷᠦᠮᠵᠢ ᠶᠢᠨ ᠢᠵᠢ ᠪᠦᠷᠢᠯᠳᠦᠬᠦᠯᠦᠯ ᠤᠨ ᠲᠠᠯ᠎ᠠ ᠪᠠᠷ ᠬᠦᠷᠦᠯᠴᠡᠬᠦ ᠦᠬᠡᠢ | ᠂ ᠲᠤᠬᠢᠷᠠᠮᠵᠢᠳᠠᠢ ᠰᠠᠶᠢᠬᠠᠨ ᠤᠷᠴᠢᠨ ᠲᠤᠭᠤᠷᠢᠨ ᠦᠭᠡᠢ᠂ ᠴᠢᠨᠠᠷ ᠰᠠᠶᠢᠲᠠᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠠᠷᠬᠠᠯᠳᠠ ᠨᠢ ᠵᠢᠭᠳᠡ ᠪᠤᠰᠤ᠂ | ᠡᠮᠴᠢᠯᠡᠭᠡ ᠶᠢᠨ ᠦᠢᠯᠡᠴᠢᠯᠡᠭᠡᠨ ᠤ ᠬᠢᠷᠢ ᠲᠦᠪᠰᠢᠨ ᠲᠤᠤᠷ᠎ᠠ᠂ ᠨᠡᠶᠢᠬᠡᠮ ᠤᠨ ᠦᠢᠯᠡᠴᠢᠯᠡᠭᠡᠨ ᠤ ᠬᠠᠮᠢᠶᠠᠷᠤᠯᠳᠠ ᠰᠤᠯᠠ ᠵᠡᠷᠬᠡ ᠨᠠᠶᠢᠲᠠ ᠶᠢᠨ ᠪᠠᠲᠣᠯᠠᠭ᠎ᠠ ᠶᠢᠨ | ᠠᠰᠠᠭᠤᠳᠠᠯ ᠤᠯᠠᠨ ᠤᠷᠤᠰᠢᠵᠤ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠣᠯᠣᠯᠲᠠ ᠶᠢᠨ ᠦᠷ᠎ᠡ ᠪᠦᠳᠦᠭᠡᠯ ᠢ ᠪᠠᠲᠣᠳᠬᠠᠬᠤ ᠴᠢᠬᠤᠯᠠ ᠲᠠᠢ᠂ ᠠᠭᠤᠷᠬᠠᠢ ᠶᠢᠨ | ᠲᠤᠭᠤᠷᠢᠭ ᠤᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠡᠭᠦᠷᠭᠡ ᠬᠦᠨᠲᠦ᠂ ᠡᠷᠡᠭᠦᠯ ᠮᠡᠨᠳᠤ ᠪᠠᠷ ᠶᠠᠳᠠᠭᠤ ᠶᠢ ᠳᠡᠳᠭᠦᠬᠦ᠂ ᠠᠵᠤ ᠦᠢᠯᠡᠰ ᠢᠶᠠᠷ ᠶᠠᠳᠠᠭᠤ ᠶᠢ | ᠳᠡᠳᠭᠦᠬᠦ ᠬᠦᠴᠦᠯᠡᠴᠡ ᠪᠠᠨ ᠦᠷᠬᠦᠯᠵᠢᠯᠡᠨ ᠴᠢᠩᠭᠠᠳᠬᠠᠬᠤ ᠬᠡᠷᠡᠭᠳᠠᠢ︔ ᠡᠪᠡᠳᠴᠢᠨ ᠲᠠᠢ᠂ ᠵᠡᠮᠳᠡᠭ ᠠᠴᠠ ᠪᠤᠯᠵᠤ ᠶᠠᠳᠠᠭᠤᠷᠠᠭᠰᠠᠨ ᠣᠨᠴᠠᠭᠠᠢ ᠬᠦᠴᠢᠷᠳᠡᠯᠳᠠᠢ | ᠬᠤᠲᠠ ᠶᠢᠨ ᠡᠷᠦᠬᠡ ᠠᠷᠪᠢᠨ︔ ᠰᠤᠷᠳᠠᠯ ᠤᠨ ᠠᠰᠠᠭᠤᠳᠠᠯ ᠲᠤᠤᠷᠠᠬᠢ ᠬᠡᠳᠦᠨ ᠲᠠᠯ᠎ᠠ ᠳᠤ ᠲᠦᠪᠯᠡᠷᠡᠵᠤ ᠪᠠᠶᠢᠨ᠎ᠠ᠄ ᠵᠠᠷᠢᠮ ᠺᠠᠳ᠋ᠷᠴᠦᠳ ᠠᠵᠢᠯ ᠤᠨ ᠤᠷᠮᠠᠰᠢᠯ | ᠪᠠᠭᠤᠷᠠᠢ᠂ ᠤᠷᠤᠭᠰᠢᠯᠠᠨ ᠲᠠᠪᠰᠢᠬᠤ ᠶᠢ ᠪᠤᠳᠤᠬᠤ ᠦᠭᠡᠢ᠂ ᠬᠠᠷᠢᠭᠤᠴᠠᠯᠭ᠎ᠠ ᠶᠢ ᠵᠤᠷᠢᠭᠳᠠᠢ ᠡᠭᠦᠷᠭᠡᠯᠡᠬᠦ ᠦᠭᠡᠢ᠂ ᠴᠢᠷᠮᠠᠶᠢᠨ ᠵᠢᠳᠬᠦᠬᠦ ᠦᠬᠡᠢ᠂ ᠵᠠᠷᠢᠮ ᠺᠠᠳ᠋ᠷ | ᠵᠦᠷᠢᠴᠡᠯ ᠳᠤ ᠬᠠᠨᠳᠤᠬᠤ᠂ ᠠᠰᠠᠭᠤᠳᠠᠯ ᠢ ᠰᠢᠢᠳᠪᠤᠷᠢᠯᠠᠬᠦ᠂ ᠬᠦᠭᠵᠢᠯᠳᠠ ᠶᠢ ᠠᠬᠢᠭᠤᠯᠬᠤ ᠴᠢᠳᠠᠪᠤᠷᠢ ᠪᠠᠷᠤᠭᠳᠠᠢ᠂ ᠰᠢᠨ᠎ᠠ ᠰᠡᠳᠬᠢᠬᠦᠢ ᠶᠢ ᠲᠠᠭᠠᠬᠤ ᠦᠬᠡᠢ᠂ | ᠠᠷᠭ᠎ᠠ ᠬᠡᠮᠵᠢᠶ᠎ᠡ ᠪᠠᠷ ᠮᠡᠬᠦᠰ᠂ ᠵᠠᠷᠢᠮ ᠪᠤᠳᠠᠳᠤ ᠠᠵᠢᠯ ᠢ ᠨᠠᠷᠢᠯᠢᠭ᠂ ᠪᠤᠳᠠᠳᠠᠢ ᠪᠠᠷ ᠠᠳᠬᠤᠬᠤ ᠦᠬᠡᠢ᠂ ᠱᠠᠭᠠᠷᠳᠠᠯᠭ᠎ᠠ ᠳᠤ ᠨᠡᠶᠢᠴᠡᠬᠦᠯᠵᠤ ᠲᠠᠶᠢᠯᠬᠦ ᠦᠬᠡᠢ᠃ | ᠪᠢᠳᠠ ᠡᠳᠡᠬᠡᠷ ᠠᠰᠠᠭᠤᠳᠠᠯ ᠢ ᠰᠢᠢᠳᠪᠤᠷᠢᠯᠡᠬᠦ ᠪᠠᠷ ᠠᠵᠢᠯ ᠤᠨ ᠤᠳᠤᠷᠢᠳᠤᠮᠵᠢ ᠪᠠ ᠬᠠᠷᠠᠯᠳᠠ ᠪᠠᠨ ᠪᠤᠯᠭᠠᠨ᠂ ᠬᠠᠮᠤᠭ ᠮᠠᠭᠤ ᠲᠠᠯ᠎ᠠ ᠠᠴᠠ ᠡᠬᠢᠯᠡᠬᠦᠯᠦᠨ᠂ ᠬᠠᠮᠤᠭ | ᠬᠦᠢᠴᠡᠳ ᠪᠡᠯᠡᠳᠭᠡᠯ ᠬᠢᠵᠦ᠂ ᠬᠦᠭᠵᠢᠯᠳᠠ ᠶᠢ ᠬᠢᠵᠠᠭᠠᠷᠯᠠᠵᠤ ᠪᠠᠶᠢᠭ᠎ᠠ ᠪᠡᠷᠬᠡ ᠲᠠᠢ᠂ ᠲᠦᠪᠡᠭ ᠲᠠᠢ᠂ ᠡᠮᠵᠡᠭ ᠠᠰᠠᠭᠤᠳᠠᠯ ᠢ ᠪᠤᠳᠠᠳᠠᠢ ᠪᠠᠷ ᠢᠯᠠᠨ ᠲᠠᠪᠠᠨ᠎ᠠ᠃ | | ᠬᠤᠶᠡᠷ᠂ 2019 ᠤᠨ ᠤ ᠠᠵᠢᠯ ᠤᠨ ᠲᠤᠬᠢᠷᠠᠭᠤᠯᠤᠯᠳᠠ | | ᠡᠨᠡ ᠵᠢᠯ ᠪᠤᠯ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠵᠠᠩᠭᠢᠯᠠᠭ᠎ᠠ ᠶᠢᠨ | ᠵᠢᠯ ᠪᠤᠯᠤᠨ᠎ᠠ᠃ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠨᠠᠢᠮᠠᠳᠤᠭᠠᠷ ᠪᠦᠭᠦᠳᠡ ᠬᠤᠷᠡᠯ ᠤᠨ ᠶᠡᠷᠦᠩᠬᠡᠢ ᠪᠠᠶᠢᠷᠢᠯᠠᠭᠤᠯᠤᠯᠳᠠ ᠶᠢ | ᠦᠨᠳᠦᠰᠦᠯᠡᠨ᠂ ᠡᠨᠡ ᠵᠢᠯ ᠤᠨ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠬᠡᠷ | ᠬᠤᠭᠤᠴᠠᠭᠠᠨ ᠤ ᠬᠤᠶᠠᠳᠤᠭᠠᠷ᠂ ᠭᠤᠷᠪᠡᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠲᠦᠪ᠂ ᠦᠪᠡᠷᠳᠡᠬᠡᠨ ᠵᠠᠰᠠᠬᠤ | ᠤᠷᠤᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠲᠦᠷᠦᠯ ᠤᠨ ᠰᠢᠢᠳᠪᠤᠷᠢᠳᠤ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠳᠠ ᠶᠢ ᠨᠢᠬᠡᠳᠦᠯᠳᠠᠢ ᠲᠦᠯᠦᠪᠯᠡᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ | ᠵᠤᠬᠢᠴᠠᠭᠤᠯᠤᠨ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠠ ᠶᠢᠨ ᠤᠨᠤᠯᠵᠢᠭᠤᠨ | ᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠠ ᠪᠠᠷ | ᠭᠤᠤᠯ ᠱᠤᠭᠤᠮ ᠪᠤᠯᠭᠠᠬᠤ ᠶᠢ ᠪᠠᠷᠢᠮᠳᠠᠯᠠᠵᠤ᠂ ᠵᠠᠬ᠎ᠠ ᠲᠡᠯᠬᠡᠬᠦᠷᠴᠢᠯᠳᠠ ᠶᠢᠨ ᠦᠬᠡᠷᠡᠴᠢᠯᠡᠯᠳᠠ ᠶᠢ ᠬᠦᠨᠵᠡᠬᠡᠶᠢᠷᠡᠬᠦᠯᠬᠦ ᠪᠠ ᠦᠨᠳᠦᠷ ᠬᠢᠷᠢ ᠲᠦᠪᠰᠢᠨ ᠲᠠᠢ | ᠨᠡᠬᠡᠬᠡᠯᠳᠠ ᠶᠢ ᠦᠷᠬᠡᠳᠬᠡᠬᠦ ᠶᠢ ᠪᠠᠷᠢᠮᠳᠠᠯᠠᠵᠤ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ᠂ ᠭᠤᠷᠪᠡᠨ ᠶᠡᠭᠡ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠵᠤ᠂ ᠪᠢᠴᠢᠯ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠭᠦᠴᠦᠯᠡᠨ ᠬᠦᠭᠵᠢᠬᠡᠵᠤ᠂ | ᠲᠤᠭᠳᠠᠭᠤᠨ ᠨᠡᠮᠡᠭᠳᠠᠯ᠂ ᠦᠬᠡᠷᠡᠴᠢᠯᠡᠯᠳᠠ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠬᠠᠷᠠᠭᠠᠯᠵᠠᠯ ᠬᠦᠷᠳᠡᠬᠡᠬᠦ᠂ ᠠᠶᠤᠯ | ᠲᠦᠭᠰᠢᠬᠦᠷᠢ ᠶᠢ ᠰᠡᠷᠬᠡᠶᠢᠯᠡᠬᠦ ᠠᠵᠢᠯ ᠢ ᠨᠢᠬᠡᠳᠦᠯᠳᠠᠢ ᠲᠦᠯᠦᠪᠯᠡᠨ ᠠᠬᠢᠭᠤᠯᠵᠤ᠂ ᠵᠠᠬ᠎ᠠ ᠲᠡᠯᠬᠡᠬᠦᠷ ᠤᠨ ᠢᠳᠡᠬᠡᠯ ᠵᠤᠷᠢᠭ ᠢ ᠬᠦᠪᠴᠢᠯᠡᠵᠤ᠂ ᠠᠷᠠᠳ ᠲᠦᠮᠡᠨ ᠤ | ᠬᠦᠷᠳᠡᠬᠡᠮᠵᠢ ᠶᠢᠨ ᠲᠦᠷᠦᠭᠳᠠᠯ᠂ ᠵᠤᠯ ᠵᠢᠷᠭᠠᠯᠳᠤ ᠲᠦᠷᠦᠭᠳᠠᠯ᠂ ᠠᠮᠦᠷ ᠲᠦᠪᠰᠢᠨ ᠤ ᠲᠦᠷᠦᠭᠳᠠᠯ ᠢ ᠨᠡᠮᠡᠭᠳᠠᠬᠦᠯᠦᠨ᠂ ᠠᠵᠤ ᠠᠬᠤᠢ ᠶᠢᠨ ᠦᠷᠬᠦᠯᠵᠢᠯᠡᠭᠰᠡᠨ | ᠡᠷᠡᠬᠦᠯ ᠬᠦᠭᠵᠢᠯᠳᠠ ᠪᠠ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠠᠳᠤᠯᠠᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠢᠯᠡᠯᠲᠠ ᠣᠯᠬᠤ ᠳᠤ | ᠰᠢᠢᠳᠪᠤᠷᠢᠳᠤ ᠴᠢᠨᠠᠷᠳᠠᠢ ᠰᠠᠭᠤᠷᠢ ᠲᠠᠯᠪᠢᠵᠤ᠂ ᠰᠢᠯᠢᠳᠡᠭ ᠠᠮᠵᠢᠯᠳᠠ ᠪᠠᠷ ᠢᠶᠠᠨ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 | ᠵᠢᠯ ᠤᠨ ᠤᠢ ᠶᠢ ᠪᠠᠶᠠᠷᠯᠠᠨ ᠪᠡᠯᠭᠡᠯᠡᠨ᠎ᠡ᠃ | ᠤᠷᠢᠳᠴᠢᠯᠠᠭᠰᠠᠨ ᠭᠤᠤᠯ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠬᠡᠢ ᠦᠷᠳᠡᠭ ᠢ 5% ᠤᠷᠴᠢᠮ ᠨᠡᠮᠡᠭᠳᠡᠬᠦᠯᠦᠨ᠂ | ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 10% ᠤᠷᠴᠢᠮ ᠦᠰᠬᠡᠵᠤ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 4 | % ᠤᠷᠴᠢᠮ ᠨᠡᠮᠡᠭᠳᠡᠬᠦᠯᠦᠨ᠂ ᠨᠡᠶᠢᠬᠡᠮ ᠤᠨ ᠬᠡᠷᠡᠭᠯᠡᠬᠡᠨ ᠤ ᠡᠳ᠋ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠢ ᠦᠷᠳᠡᠭ ᠢ 7% ᠤᠷᠴᠢᠮ ᠨᠡᠮᠡᠭᠳᠡᠬᠦᠯᠵᠤ᠂ | ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠤ ᠪᠤᠯᠬᠤ ᠤᠷᠤᠯᠭ᠎ᠠ ᠶᠢ 7% ᠤᠷᠴᠢᠮ ᠦᠰᠬᠡᠬᠡᠨ᠂ ᠠᠵᠤ | ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠡ᠃ ᠡᠳᠡᠬᠡᠷ ᠬᠠᠷᠠᠯᠳᠠ ᠶᠢ ᠪᠡᠶᠡᠯᠡᠬᠦᠯᠬᠦ ᠳᠤ᠂ ︽ | ᠪᠠᠬᠢᠵᠢᠬᠦᠯᠬᠦ᠂ ᠴᠢᠩᠭᠠᠳᠬᠠᠬᠤ᠂ ᠳᠡᠬᠡᠭᠰᠢᠯᠡᠬᠦᠯᠬᠦ᠂ ᠨᠡᠪᠳᠡᠷᠡᠬᠦᠯᠬᠦ︾ ᠴᠢᠭᠯᠡᠯᠳᠡ ᠶᠤᠰᠤᠭᠠᠷ᠂ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠨᠠᠮ ᠤᠨ | ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠤᠯᠤᠨ ᠳᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ | ᠭᠤᠶᠢᠪᠢᠰᠢ ᠦᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠳ᠋ᠦᠩᠱᠧᠩ ᠳᠤᠭᠤᠷᠢᠭ ᠤᠨ ᠢᠶᠠᠨ ᠠᠵᠢᠯ ᠢ ᠰᠡᠳᠬᠢᠯ ᠢᠶᠠᠨ ᠨᠢᠬᠡᠳᠬᠡᠨ ᠬᠦᠴᠦᠨ ᠢᠶᠠᠨ | ᠬᠠᠮᠳᠤᠳᠬᠠᠵᠤ ᠰᠠᠶᠢᠳᠤᠷ ᠬᠢᠵᠤ᠂ ᠵᠢᠷᠭᠤᠭᠠᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠪᠠᠷ ᠴᠢᠩᠭ᠎ᠠ ᠠᠳᠬᠤᠨ᠎ᠠ᠄ | ︵ᠨᠢᠬᠡ︶ ᠬᠦᠴᠦ ᠪᠠᠨ ᠲᠦᠪᠯᠡᠷᠡᠬᠦᠯᠦᠨ ᠭᠤᠷᠪᠠᠨ ᠶᠡᠭᠡ ᠪᠤᠭᠤᠮᠳᠠ ᠶᠢ ᠰᠢᠪᠳᠤᠯᠵᠤ᠂ ᠦᠷᠬᠦᠯᠵᠢᠯᠡᠭᠰᠡᠨ ᠬᠦᠭᠵᠢᠯᠳᠡ ᠶᠢ ᠨᠡᠮᠡᠭᠳᠡᠬᠦᠯᠬᠦ ᠪᠠᠷ ᠬᠦᠴᠦᠯᠡᠨ | ᠴᠢᠷᠮᠠᠶᠢᠨ᠎ᠠ᠃ | ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠰᠢᠪᠳᠤᠯᠤᠯᠳᠠ ᠶᠢᠨ ᠳᠠᠶᠢᠯᠠᠯᠳᠤᠭᠠᠨ ᠢ ᠰᠠᠶᠢᠳᠤᠷ ᠬᠢᠨ᠎ᠡ᠃ ᠭᠠᠶᠢᠯᠢ ᠶᠢᠨ ᠡᠬᠢ ᠡᠬᠦᠰᠪᠤᠷᠢ | ᠶᠢ ᠠᠭᠤᠳᠠᠯᠯᠠᠵᠤ᠂ ᠬᠦᠷᠦᠩᠬᠡ ᠶᠢᠨ ᠰᠢᠢᠳᠪᠤᠷᠢᠯᠡᠯᠳᠡ ᠪᠤᠯᠤᠨ ᠰᠢᠨ᠎ᠡ ᠪᠠᠷ ᠨᠡᠮᠡᠭᠳᠡᠭᠰᠡᠨ ᠵᠢᠬᠡᠯᠡᠯᠬᠡ ᠶᠢᠨ ᠳᠡᠮᠳᠡᠭᠳᠤ ᠶᠢ ᠳᠡᠮᠡᠴᠡᠨ ᠤᠯᠬᠤ ᠵᠡᠷᠬᠡ ᠠᠷᠭ᠎ᠠ ᠠᠪᠴᠠᠯ | ᠢᠶᠠᠷ ᠳᠠᠮᠵᠢᠭᠤᠯᠤᠨ᠂ ᠦᠷᠢ ᠦᠭᠴᠡᠭᠡ ᠶᠢ ᠰᠢᠢᠳᠪᠤᠷᠢᠯᠡᠬᠦ ᠠᠵᠢᠯ ᠤᠨ ᠬᠦᠬᠢᠬᠦᠯᠦᠯ ᠤᠨ ᠳᠤᠭᠳᠠᠯᠴᠠᠭ᠎ᠠ ᠶᠢ ᠬᠡᠷᠡᠭᠵᠢᠬᠦᠯᠵᠤ᠂ ᠵᠢᠯ ᠤᠨ ᠦᠷᠢ ᠦᠩᠴᠡᠭᠡ ᠶᠢ | ᠰᠢᠢᠳᠪᠤᠷᠢᠯᠡᠬᠦ ᠡᠬᠦᠷᠬᠡ ᠶᠢ 38 ᠳ᠋ᠦᠩᠰᠢᠭᠤᠷ ᠲᠦᠬᠦᠷᠢᠭ ᠪᠡᠶᠡᠯᠡᠬᠦᠯᠬᠦ ᠶᠢ ᠪᠠᠳᠤᠯᠠᠵᠤ᠂ ︽ᠠᠷᠪᠠ ᠶᠢ ᠪᠦᠷᠬᠦᠬᠦᠯᠬᠦ︾ ᠲᠠᠢ ᠰᠢᠭᠤᠳ ᠬᠤᠯᠪᠤᠭᠳᠠᠬᠤ | ᠢᠨᠵᠧᠨᠧᠷᠢᠩ ᠤᠨ ᠦᠷᠢ ᠦᠭᠴᠡᠭᠡ ᠶᠢ ᠰᠢᠢᠳᠪᠤᠷᠢᠯᠡᠨ᠎ᠡ᠃ ᠪᠦᠬᠦ ᠦᠷᠢ ᠦᠭᠴᠡᠭᠡ ᠶᠢ ᠠᠷᠢᠯᠭᠠᠵᠤ ᠪᠤᠯᠬᠤ ᠡᠳ᠋ ᠬᠦᠷᠦᠩᠬᠡ ᠶᠢᠨ ᠭᠠᠷ ᠬᠦᠢᠴᠡᠳᠬᠡᠯ ᠢ | ᠪᠦᠷᠢᠨᠰᠢᠬᠦᠯᠦᠨ᠎ᠡ᠃ ᠨᠡᠬᠦᠷᠡᠰᠤᠨ ᠤ ᠠᠭᠤᠷᠬᠠᠢ ᠠᠴᠠ ᠭᠠᠷᠤᠭᠰᠠᠨ ᠪᠤᠰᠤᠳ ᠡᠬᠢ ᠪᠠᠶᠠᠯᠢᠭ ᠢ ᠫᠠᠶᠢᠰᠠ ᠡᠯᠬᠦᠨ ᠰᠢᠯᠵᠢᠬᠦᠯᠦᠨ ᠬᠤᠳᠠᠯᠳᠤᠬᠤ ᠶᠢ ᠠᠬᠢᠭᠤᠯᠤᠨ᠂ | ᠦᠯᠡᠳᠡᠭᠳᠡᠯ ᠭᠠᠵᠠᠷ ᠰᠢᠷᠦᠢ ᠶᠢ ᠰᠢᠯᠵᠢᠬᠦᠯᠦᠨ ᠦᠭᠬᠦ ᠠᠬᠢᠴᠠ ᠶᠢ ᠲᠦᠷᠬᠡᠳᠬᠡᠵᠤ᠂ ᠦᠷᠢ ᠦᠭᠴᠡᠭᠡ ᠲᠦᠯᠦᠬᠦ ᠪᠡᠯᠡ ᠮᠦᠩᠬᠦ ᠶᠢ ᠨᠡᠮᠡᠭᠳᠡᠬᠦᠯᠦᠨ᠎ᠡ᠃ ᠮᠦᠩᠬᠦᠨ | ᠬᠦᠢᠯᠬᠡᠬᠡᠨ ᠤ ᠪᠠᠶᠢᠭᠤᠯᠤᠮᠵᠢ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠵᠢᠬᠡᠯᠡᠯᠬᠡ ᠶᠢᠨ ᠬᠦᠦ ᠮᠦᠩᠬᠦ ᠶᠢ ᠬᠠᠮᠤᠭ ᠶᠡᠭᠡ ᠬᠡᠮᠵᠢᠶ᠎ᠡ ᠪᠠᠷ ᠳᠤᠷᠤᠭᠰᠢᠯᠠᠭᠤᠯᠬᠤ᠂ | ᠵᠢᠬᠡᠯᠡᠯᠬᠡ ᠶᠢᠨ ᠬᠤᠭᠤᠴᠠᠭ᠎ᠠ ᠶᠢ ᠨᠢ ᠤᠷᠳᠤᠳᠬᠠᠨ᠂ ᠬᠦᠷᠦᠩᠬᠡ ᠶᠢ ᠳᠠᠬᠢᠨ ᠪᠦᠷᠢᠳᠦᠬᠦᠯᠬᠦ ᠵᠡᠷᠬᠡ ᠲᠦᠷᠦ ᠶᠢᠨ ᠪᠤᠳᠤᠯᠭ᠎ᠠ ᠶᠢᠨ ᠳᠡᠮᠵᠢᠯᠬᠡ ᠶᠢ ᠳᠡᠮᠡᠴᠡᠨ ᠤᠯᠵᠤ᠂ | ᠦᠷᠢ ᠦᠭᠴᠡᠭᠡ ᠪᠠᠨ ᠲᠦᠯᠦᠬᠦ ᠳᠠᠷᠤᠯᠳᠠ ᠶᠢ ᠪᠠᠭᠠᠰᠬᠠᠨ᠎ᠠ᠃ ᠤᠯᠤᠰ ᠠᠴᠠ ᠭᠠᠵᠠᠷ ᠤᠷᠤᠨ ᠤ ᠵᠠᠰᠠᠭ ᠤᠨ ᠤᠷᠳᠤᠨ ᠤ ᠵᠢᠬᠡᠯᠡᠯᠬᠡ ᠶᠢᠨ ᠳᠡᠮᠳᠡᠭᠳᠤ ᠶᠢ | ᠨᠡᠮᠡᠭᠳᠡᠬᠦᠯᠬᠦ ᠲᠦᠷᠦ ᠶᠢᠨ ᠪᠤᠳᠤᠯᠭ᠎ᠠ ᠶᠢᠨ ᠠᠵᠠ ᠳᠤᠬᠢᠶᠠᠯ ᠢ ᠠᠳᠬᠤᠵᠤ᠂ ᠪᠦᠷᠬᠡ ᠬᠡᠷ ᠤᠨ ᠦᠬᠡᠷᠡᠴᠢᠯᠡᠯᠳᠡ᠂ ᠭᠠᠵᠠᠷ ᠰᠢᠷᠦᠢ ᠶᠢ ᠬᠤᠷᠢᠶᠠᠨ ᠨᠦᠬᠡᠴᠡᠯᠡᠬᠦ᠂ | ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠵᠡᠷᠬᠡ ᠭᠤᠤᠯᠳᠠᠯᠭᠠᠳᠤ ᠬᠦᠷᠢᠶ᠎ᠡ ᠴᠠᠷ᠎ᠠ ᠳᠠᠬᠢ ᠠᠩᠬᠠᠷᠤᠯ ᠢᠶᠠᠨ ᠴᠢᠩᠭᠠᠳᠬᠠᠵᠤ᠂ 20 ᠳ᠋ᠦᠩᠰᠢᠭᠤᠷ | ᠲᠦᠬᠦᠷᠢᠭ ᠠᠴᠠ ᠳᠡᠬᠡᠭᠰᠢᠬᠢ ᠶᠡᠷᠦ ᠶᠢᠨ ᠵᠢᠬᠡᠯᠡᠯᠬᠡ ᠶᠢᠨ ᠳᠡᠮᠳᠡᠭᠳᠤ᠂ 10 ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠳᠤᠰᠬᠠᠢ ᠬᠡᠷᠡᠭᠯᠡᠯᠳᠡ ᠶᠢᠨ ᠵᠢᠬᠡᠯᠡᠯᠬᠡ ᠶᠢᠨ | ᠳᠡᠮᠳᠡᠭᠳᠤ᠂ 15 ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠳᠤᠰᠬᠠᠢ ᠬᠡᠷᠡᠭᠯᠡᠯᠳᠡ ᠶᠢᠨ ᠪᠡᠯᠡ ᠮᠦᠩᠬᠦ ᠶᠢ ᠪᠦᠬᠦ ᠬᠦᠴᠦᠨ ᠢᠶᠠᠷ ᠴᠢᠷᠮᠠᠶᠢᠨ ᠤᠯᠵᠤ᠂ ᠠᠷᠠᠳ | ᠤᠨ ᠠᠮᠢᠳᠤᠷᠠᠯ ᠤᠨ ᠪᠠᠳᠤᠯᠠᠭ᠎ᠠ ᠪᠤᠯᠤᠨ ᠭᠤᠤᠯᠳᠠᠯᠭᠠᠳᠤ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ ᠢ ᠴᠠᠭ ᠳᠤᠬᠠᠢ ᠳᠤ ᠨᠢ ᠬᠡᠷᠡᠭᠵᠢᠬᠦᠯᠦᠭᠳᠡᠬᠦ ᠶᠢ | ᠪᠠᠳᠤᠯᠠᠨ᠎ᠠ᠃ ᠭᠠᠶᠢᠯᠢ ᠳᠠᠳᠠᠪᠤᠷᠢ ᠶᠢᠨ ᠬᠠᠮᠳᠤ ᠶᠢᠨ ᠵᠠᠰᠠᠯᠳᠠ ᠶᠢ ᠨᠡᠮᠡᠭᠳᠡᠬᠦᠯᠵᠤ᠂ ᠨᠡᠬᠡᠬᠡᠨ ᠮᠠᠯᠳᠠᠬᠤ ᠬᠡᠮᠵᠢᠶ᠎ᠡ ᠶᠢ ᠴᠠᠭ ᠲᠠᠷᠤᠢ ᠳᠤ ᠨᠢ ᠬᠢᠨᠠᠨ ᠰᠢᠯᠭᠠᠬᠤ᠂ | ᠦᠢᠯᠡᠳᠪᠤᠷᠢᠯᠡᠬᠦ ᠴᠢᠳᠠᠪᠤᠷᠢ ᠶᠢ ᠬᠦᠳᠡᠯᠦᠩᠬᠦᠢ ᠬᠠᠮᠢᠶᠠᠷᠤᠨ ᠡᠵᠡᠮᠳᠡᠬᠦ᠂ ᠪᠢᠯᠧᠲ ᠪᠠᠷ ᠭᠠᠶᠢᠯᠢ ᠶᠢ ᠡᠵᠡᠮᠳᠡᠬᠦ᠂ ᠭᠠᠶᠢᠯᠢ ᠶᠢᠨ ᠶᠠᠪᠤᠳᠠᠯ ᠢ ᠬᠢᠨᠠᠨ ᠪᠠᠶᠢᠴᠠᠭᠠᠬᠤ | ᠵᠡᠷᠬᠡ ᠬᠠᠮᠢᠶᠠᠷᠤᠯᠳᠠ ᠶᠢᠨ ᠠᠷᠭ᠎ᠠ ᠶᠢ ᠠᠪᠴᠤ᠂ ᠨᠡᠬᠦᠷᠡᠰᠤᠨ ᠤ ᠠᠵᠢᠯ ᠲᠦᠷᠦᠯ ᠤᠨ ᠭᠠᠶᠢᠯᠢ ᠳᠠᠳᠠᠪᠤᠷᠢ ᠤᠨ ︽ᠭᠠᠶᠢᠯᠢ ᠠᠴᠠ ᠳᠤᠳᠠᠭᠠᠬᠤ ᠭᠠᠶᠢᠯᠢ ᠠᠴᠠ | ᠵᠠᠶᠢᠯᠠᠬᠤ︾ ᠶᠢ ᠴᠢᠩᠭ᠎ᠠ ᠰᠡᠷᠬᠡᠶᠢᠯᠡᠨ᠎ᠡ᠃ ᠨᠡᠬᠦᠷᠡᠰᠤᠨ ᠤ ᠳᠡᠬᠡᠬᠡᠪᠦᠷᠢᠯᠡᠯᠳᠡ ᠶᠢ ᠳ᠋ᠦᠩᠨᠡᠨ ᠪᠤᠳᠤᠬᠤ ᠲᠦᠪ ᠢ ᠪᠠᠶᠢᠭᠤᠯᠵᠤ᠂ ᠨᠡᠬᠦᠷᠡᠰᠤ ᠳᠡᠬᠡᠬᠡᠪᠤᠷᠢᠯᠡᠨ | ᠪᠤᠷᠤᠯᠠᠭᠤᠯᠬᠤ ᠭᠤᠭᠴᠤᠭᠠᠨ ᠳᠠᠬᠢ ᠭᠠᠶᠢᠯᠢ ᠰᠦᠢᠳᠬᠡᠯ ᠢ ᠬᠠᠷᠢᠶ᠎ᠠ ᠤᠷᠤᠨ ᠳᠤ ᠨᠢ ᠳ᠋ᠦᠩᠨᠡᠨ ᠪᠤᠳᠤᠬᠤ ᠶᠢ ᠠᠬᠢᠭᠤᠯᠤᠨ᠎ᠠ᠃ ᠨᠡᠩ ᠤᠯᠠᠨ ᠡᠨᠧᠷᠬᠢ᠂ ᠮᠡᠳᠡᠭᠡ | ᠵᠠᠩᠬᠢ ᠵᠡᠷᠬᠡ ᠠᠵᠢᠯ ᠲᠦᠷᠦᠯ ᠤᠨ ᠰᠠᠯᠪᠤᠷᠢ ᠪᠠᠶᠢᠭᠤᠯᠤᠮᠵᠢ ᠶᠢ ᠵᠤᠬᠢᠴᠠᠭᠤᠯᠤᠨ ᠬᠠᠷᠢᠶ᠎ᠠ ᠤᠷᠤᠨ ᠳᠤ ᠨᠢ ᠭᠠᠶᠢᠯᠢ ᠳᠤᠰᠢᠶᠠᠬᠤ ᠶᠢ ᠪᠡᠶᠡᠯᠡᠬᠦᠯᠦᠨ᠎ᠡ᠃ ᠭᠡᠷ | ᠪᠠᠶᠢᠰᠢᠩ ᠭᠠᠵᠠᠷ ᠭᠦᠷᠦᠩᠭᠡ᠂ ᠮᠦᠩᠬᠦᠨ ᠬᠦᠢᠯᠬᠡᠬᠡ ᠵᠡᠷᠬᠡ ᠭᠤᠤᠯᠳᠠᠯᠭᠠᠳᠤ ᠠᠵᠢᠯ ᠲᠦᠷᠦᠯ ᠤᠨ ᠭᠠᠶᠢᠯᠢ ᠶᠢᠨ ᠡᠬᠢ ᠡᠬᠦᠰᠪᠤᠷᠢ ᠶᠢᠨ ᠬᠠᠮᠢᠶᠠᠷᠤᠯᠳᠠ ᠳᠠᠬᠢ | ᠡᠵᠡᠮᠳᠡᠯ ᠢᠶᠠᠨ ᠴᠢᠩᠭᠠᠳᠬᠠᠵᠤ᠂ ᠡᠯ᠎ᠡ ᠲᠦᠷᠦᠯ ᠤᠨ ᠭᠠᠶᠢᠯᠢ ᠶᠢᠨ ᠦᠷᠢᠳᠡᠯ ᠢ ᠪᠦᠳᠦᠮᠵᠢᠳᠡᠢ ᠪᠤᠳᠤᠵᠤ ᠢᠯᠭᠠᠷᠠᠭᠤᠯᠤᠨ ᠳᠤᠰᠢᠶᠠᠯᠭᠠᠨᠠ᠃ ᠠᠵᠢᠯᠴᠢ ᠠᠷᠪᠢᠴᠢ | ᠪᠠᠷ ᠠᠯᠢᠪᠠ ᠠᠵᠢᠯ ᠢᠶᠠᠨ ᠬᠢᠬᠦ ᠶᠢ ᠪᠠᠷᠢᠮᠳᠠᠯᠠᠵᠤ᠂ ︽ᠭᠤᠷᠪᠠᠨ ᠲᠦᠷᠦᠯ ᠤᠨ ᠤᠯᠠᠨ ᠨᠡᠶᠢᠳᠡ ᠶᠢᠨ ᠵᠠᠷᠤᠳᠠᠯ︾ ᠢ ᠪᠠᠭᠠᠰᠬᠠᠬᠤ ᠠᠴᠠ ᠪᠢᠰᠢ ᠨᠡᠮᠡᠭᠳᠡᠬᠦᠯᠬᠦ ᠦᠬᠡᠢ | ᠪᠠᠶᠢᠬᠤ ᠶᠢ ᠪᠠᠳᠤᠯᠠᠵᠤ᠂ ᠡᠩ ᠤᠨ ᠴᠢᠨᠠᠷᠳᠠᠢ ᠵᠠᠷᠤᠯᠭ᠎ᠠ ᠶᠢ 6% ᠪᠠᠷ ᠪᠠᠭᠠᠰᠬᠠᠨ᠎ᠠ᠃ ᠠᠷᠪᠢᠳᠠᠢ ᠮᠦᠷᠳᠡᠬᠡᠨ ᠦᠨᠳᠤᠷ ᠪᠦᠳᠦᠮᠵᠢᠳᠡᠢ ᠪᠠᠶᠢᠬᠤ ᠵᠠᠷᠴᠢᠮ ᠢᠶᠠᠷ | ᠴᠡᠴᠡᠷᠯᠢᠭᠵᠢᠬᠦᠯᠦᠯᠳᠡ ᠶᠢᠨ ᠠᠷᠠᠴᠢᠯᠠᠨ ᠬᠠᠮᠠᠭᠠᠯᠠᠯᠳᠠ᠂ ᠬᠤᠳᠠ ᠶᠢᠨ ᠶᠠᠪᠤᠳᠠᠯ ᠤᠨ ᠬᠠᠮᠠᠭᠠᠯᠠᠯᠳᠠ ᠵᠡᠷᠬᠡ ᠢᠨᠵᠧᠨᠧᠷᠢᠩ ᠢ ᠪᠡᠶᠡᠯᠡᠬᠦᠯᠦᠨ᠎ᠡ᠃ ᠤᠷᠤᠨ ᠨᠤᠳᠤᠭ ᠤᠨ | ᠬᠠᠤᠯᠢ ᠶᠢᠨ ᠡᠷᠬᠡᠳᠡᠨ ᠤ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠠᠶᠤᠯ ᠲᠦᠭᠰᠢᠬᠦᠷᠢ ᠶᠢ ᠨᠢᠮᠪᠠᠢ ᠠᠩᠬᠠᠷᠴᠤ᠂ ᠳᠤᠭᠳᠠᠭᠰᠠᠨ ᠬᠤᠭᠤᠴᠠᠭᠠᠨ ᠳᠠᠭᠠᠨ | ᠬᠤᠷᠢᠶᠠᠮᠵᠢᠯᠠᠵᠤ ᠳᠡᠶᠢᠯᠬᠦ ᠦᠬᠡᠢ ᠵᠢᠬᠡᠯᠡᠯᠬᠡ ᠶᠢᠨ ᠮᠦᠩᠬᠦ ᠶᠢᠨ ᠰᠢᠢᠳᠪᠤᠷᠢᠯᠡᠯᠳᠡ ᠪᠠᠨ ᠴᠢᠩᠭᠠᠳᠬᠠᠵᠤ᠂ ᠡᠳ᠋ ᠤᠨ ᠵᠠᠰᠠᠭ ᠮᠦᠩᠬᠦᠨ ᠬᠦᠢᠯᠬᠡᠬᠡᠨ ᠤ ᠡᠮᠬᠢ | ᠲᠢᠭᠯᠢᠮ ᠤᠨ ᠦᠷᠬᠦᠯᠵᠢᠯᠡᠨ ᠳᠤᠭᠳᠠᠭᠤᠨ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠨ᠎ᠠ᠃ | ᠤᠨᠢᠨ ᠳᠡᠬᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠨ᠎ᠡ᠃ ︽ᠵᠠᠭᠤᠨ ᠠᠵᠤ ᠠᠬᠤᠶᠢᠯᠠᠯ | ᠵᠠᠭᠤᠨ ᠳᠤᠰᠬᠤᠨ ᠢ ᠳᠠᠭᠠᠭᠠᠴᠢᠯᠠᠨ ᠳᠡᠮᠵᠢᠬᠦ︾ ᠠᠵᠢᠯᠯᠠᠭ᠎ᠠ ᠶᠢ ᠬᠦᠨᠵᠡᠬᠡᠶᠢᠷᠡᠬᠦᠯᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠡᠯᠡ ᠮᠦᠩᠬᠦ ᠶᠢ ᠦᠨᠡᠨᠬᠦ | ᠰᠠᠶᠢᠳᠤᠷ ᠬᠡᠷᠡᠭᠯᠡᠵᠤ᠂ ︽ᠳᠤᠯᠤᠭᠠᠶᠢᠯᠠᠭᠴᠢ ᠠᠵᠤ ᠠᠬᠤᠶᠢᠯᠠᠯ + ᠳᠤᠰᠬᠠᠢ ᠬᠤᠷᠰᠢᠶᠠᠵᠢᠯ + ᠮᠠᠯᠴᠢᠨ ᠳᠠᠷᠢᠶᠠᠴᠢᠨ︾ ᠤ ᠠᠰᠢᠭ ᠳᠤᠰᠠ ᠶᠢᠨ ᠬᠤᠯᠪᠤᠭᠠᠯᠠᠯ ᠤᠨ | ᠳᠤᠭᠳᠠᠯᠴᠠᠭ᠎ᠠ ᠶᠢ ᠤᠯᠠᠮ ᠨᠢᠬᠡ ᠠᠯᠬᠤᠮ ᠰᠢᠯᠢᠳᠡᠭᠵᠢᠬᠦᠯᠵᠤ᠂ ᠬᠠᠨᠳᠠᠢ ᠪᠠᠯᠭᠠᠰᠤ᠂ ᠪᠤᠷᠵᠠᠩ ᠨᠠᠭᠤᠷ ᠪᠠᠯᠭᠠᠰᠤ ᠶᠢᠨ 11 ᠳᠤᠰᠬᠤᠨ ᠳᠤ ᠦᠬᠡᠷ᠂ ᠡᠯᠵᠢᠬᠡ᠂ | ᠭᠠᠭ᠋ᠠᠢ᠂ ᠳᠠᠬᠢᠶ᠎ᠠ ᠵᠡᠷᠬᠡ ᠬᠡᠷ ᠤᠨ ᠳᠡᠵᠢᠬᠡᠪᠤᠷᠢ ᠶᠢ ᠳᠡᠵᠢᠬᠡᠬᠦ ᠪᠤᠯᠤᠨ ᠴᠢᠴᠠᠷᠭᠠᠨ᠎ᠠ᠂ ᠵᠢᠮᠢᠰ ᠤᠨ ᠮᠤᠳᠤ ᠳᠠᠷᠢᠬᠤ ᠵᠡᠷᠬᠡ ᠶᠠᠳᠠᠭᠤ ᠶᠢ ᠳᠡᠳᠬᠦᠬᠦ ᠠᠵᠤ ᠦᠢᠯᠡᠰ | ᠤᠨ ᠲᠦᠷᠦᠯ ᠵᠦᠢᠯ ᠢ ᠭᠤᠤᠯᠳᠠᠯᠭ᠎ᠠ ᠲᠠᠢ ᠬᠦᠭᠵᠢᠬᠦᠯᠵᠤ᠂ ᠳᠤᠰᠬᠤᠨ ᠤ ᠬᠠᠮᠳᠤ ᠶᠢᠨ ᠠᠵᠤ ᠠᠬᠤᠢ ᠶᠢ ᠪᠤᠳᠠᠳᠠᠢ ᠪᠠᠷ ᠰᠠᠶᠢᠳᠤᠷ ᠬᠢᠵᠤ᠂ ᠶᠠᠳᠠᠭᠤ | ᠬᠦᠴᠢᠷᠳᠡᠯᠳᠡᠢ ᠬᠦᠮᠦᠨ ᠠᠮᠠ ᠶᠢᠨ ᠤᠷᠳᠤ ᠬᠤᠭᠤᠴᠠᠭ᠎ᠠ ᠪᠠᠷ ᠳᠤᠭᠳᠠᠭᠤᠨ ᠢᠶᠠᠷ ᠤᠷᠤᠯᠭ᠎ᠠ ᠪᠠᠨ ᠨᠡᠮᠡᠭᠳᠡᠬᠦᠯᠬᠦ ᠶᠢ ᠪᠠᠳᠤᠯᠠᠨ᠎ᠠ᠃ ᠶᠠᠳᠠᠭᠤ ᠠᠴᠠ | ᠠᠩᠬᠢᠵᠢᠷᠠᠭᠤᠯᠬᠤ ᠪᠤᠯᠪᠠᠴᠤ ᠲᠦᠷᠦ ᠶᠢᠨ ᠪᠤᠳᠤᠯᠭ᠎ᠠ ᠠᠴᠠ ᠠᠩᠬᠢᠵᠢᠷᠠᠭᠤᠯᠬᠤ ᠦᠬᠡᠢ᠂ ᠶᠠᠳᠠᠭᠤ ᠠᠴᠠ ᠠᠩᠬᠢᠵᠢᠷᠠᠭᠤᠯᠬᠤ ᠪᠤᠯᠪᠠᠴᠤ ᠳᠡᠮᠵᠢᠯᠬᠡ ᠠᠴᠠ | ᠠᠩᠬᠢᠵᠢᠷᠠᠭᠤᠯᠬᠤ ᠦᠬᠡᠢ ᠪᠠᠶᠢᠬᠤ ᠶᠢ ᠡᠷᠡᠰ ᠪᠠᠷᠢᠮᠳᠠᠯᠠᠵᠤ᠂ ᠡᠷᠡᠬᠦᠯ ᠡᠩᠬᠡ ᠪᠠᠷ ᠶᠠᠳᠠᠭᠤ ᠶᠢ ᠳᠡᠳᠬᠦᠬᠦ ︽ᠭᠤᠷᠪᠠᠨ ᠨᠢᠬᠡ ᠪᠦᠯᠦᠭ︾ ᠤᠨ ᠲᠦᠷᠦ ᠶᠢᠨ | ᠪᠤᠳᠤᠯᠭ᠎ᠠ ᠪᠤᠯᠤᠨ ᠶᠠᠳᠠᠭᠤ ᠬᠦᠴᠢᠷᠳᠡᠯᠳᠡᠢ ᠡᠷᠦᠬᠡ ᠶᠢᠨ ︽ᠵᠢᠷᠭᠤᠭᠠᠨ ᠳᠠᠪᠬᠤᠷ︾ ᠪᠠᠳᠤᠯᠠᠭ᠎ᠠ ᠶᠢᠨ ᠳᠤᠭᠳᠠᠯᠴᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ | ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠡᠷ ᠪᠦᠯᠢ ᠳᠤ ᠬᠡᠨᠡᠳᠳᠡ ᠶᠢᠨ ᠠᠳᠡᠯ ᠤᠨ ᠳᠠᠭᠠᠳᠬᠠᠯ ᠪᠤᠯᠤᠨ ᠬᠦᠨᠳᠤ ᠡᠪᠡᠳᠴᠢᠨ ᠤ ᠨᠦᠬᠦᠪᠤᠷᠢ ᠳᠠᠭᠠᠳᠬᠠᠯ ᠢ | ᠤᠯᠭᠤᠬᠤ ᠶᠢ ᠪᠠᠳᠤᠯᠠᠵᠤ᠂ ᠡᠪᠡᠳᠴᠢᠨ ᠢᠶᠠᠷ ᠳᠠᠬᠢᠨ ᠶᠠᠳᠠᠭᠤᠷᠠᠬᠤ ᠳᠦᠭᠰᠢᠬᠦᠷᠢ ᠶᠢ ᠪᠦᠳᠦᠮᠵᠢᠳᠡᠢ ᠰᠡᠷᠬᠡᠶᠢᠯᠡᠨ᠎ᠡ᠃ ᠶᠠᠳᠠᠭᠤ ᠶᠢᠨ ᠬᠦᠷᠢᠶ᠎ᠡ ᠴᠠᠷ᠎ᠠ ᠳᠤ ᠦᠬᠡᠢ | ᠬᠦᠴᠢᠷᠳᠡᠯᠳᠡᠢ ᠡᠷᠦᠬᠡ ᠶᠢ ᠦᠨᠡᠯᠡᠨ ᠳᠤᠭᠳᠠᠭᠠᠬᠤ ᠪᠠᠷᠢᠮᠵᠢᠶ᠎ᠡ ᠶᠢ ᠵᠤᠬᠢᠰᠳᠠᠢ ᠳᠤᠭᠳᠠᠭᠠᠵᠤ᠂ ᠡᠮ ᠡᠮᠨᠡᠯᠬᠡ ᠶᠢᠨ ᠳᠡᠳᠬᠦᠮᠵᠢ᠂ ᠲᠦᠭᠰᠢᠬᠦᠷᠢ ᠲᠠᠢ ᠬᠡᠷ ᠪᠠᠶᠢᠰᠢᠩ ᠢ | ᠰᠢᠨᠡᠳᠬᠡᠨ ᠵᠠᠰᠠᠬᠤ᠂ ᠠᠵᠤ ᠦᠢᠯᠡᠰ ᠢᠶᠠᠷ ᠬᠠᠪᠰᠤᠷᠤᠨ ᠳᠡᠮᠵᠢᠬᠦ ᠵᠡᠷᠬᠡ ᠳᠠᠯ᠎ᠠ ᠪᠠᠷ ᠬᠢ ᠳᠡᠳᠬᠦᠮᠵᠢ ᠶᠢᠨ ᠠᠷᠭ᠎ᠠ ᠬᠡᠮᠵᠢᠶ᠎ᠡ ᠪᠠᠨ ᠳᠡᠬᠦᠯᠳᠡᠷᠵᠢᠬᠦᠯᠵᠤ᠂ ᠴᠢᠨᠡᠬᠡᠯᠢᠭ | ᠨᠡᠶᠢᠬᠡᠮ ᠢ ᠪᠡᠶᠡᠯᠡᠬᠦᠯᠬᠦ ᠵᠠᠮ ᠳᠡᠬᠡᠷ᠎ᠡ ᠨᠢᠭᠡ ᠶᠠᠳᠠᠭᠤ ᠡᠷᠦᠬᠡ ᠶᠢ ᠴᠤ ᠤᠷᠬᠢᠭᠳᠠᠭᠤᠯᠤᠯ ᠦᠬᠡᠢ ᠪᠠᠶᠢᠬᠤ ᠶᠢ ᠪᠠᠳᠤᠯᠠᠨ᠎ᠠ᠃ | ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠢ ᠰᠠᠶᠢᠳᠤᠷ ᠬᠢᠨ᠎ᠡ᠃ ᠠᠮᠢ ᠠᠬᠤᠢ ᠶᠢᠨ ᠤᠷᠴᠢᠨ ᠳᠤᠭᠤᠷᠢᠨ ᠤ ᠳᠤᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠢᠷᠡᠯᠳᠡ ᠶᠢᠨ ᠨᠡᠶᠢᠳᠡᠮ ᠪᠠᠶᠢᠴᠠᠭᠠᠯᠳᠠ ᠶᠢ | ᠴᠢᠨᠠᠷ ᠰᠠᠶᠢᠳᠠᠢ ᠪᠡᠶᠡᠯᠡᠬᠦᠯᠵᠤ᠂ ᠲᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠪᠠᠶᠢᠴᠠᠭᠠᠯᠳᠠ ᠪᠤᠯᠤᠨ ᠦᠪᠡᠷᠳᠡᠬᠡᠨ ᠵᠠᠰᠠᠬᠤ ᠤᠷᠤᠨ ᠤ ᠠᠮᠢ ᠠᠬᠤᠢ | ᠤᠷᠴᠢᠨ ᠳᠤᠭᠤᠷᠢᠨ ᠤ ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠠᠰᠠᠭᠤᠳᠠᠯ ᠢ ᠳᠠᠷᠠᠭᠠᠯᠠᠨ ᠪᠡᠶᠡᠯᠡᠬᠦᠯᠦᠨ᠎ᠡ᠃ ︽ᠭᠤᠷᠪᠠᠨ ᠲᠦᠷᠦᠯ ᠤᠨ ᠤᠰᠤ︾ ᠶᠢ ᠬᠠᠮᠳᠤ | ᠳᠤ ᠨᠢ ᠵᠠᠰᠠᠬᠤ ᠶᠢ ᠠᠬᠢᠭᠤᠯᠵᠤ᠂ ᠰᠠᠶᠢᠨ ᠳᠠᠶᠢᠵᠢ ᠭᠤᠤᠯ ᠤᠨ ᠰᠤᠪᠠᠭ ᠤᠨ ᠵᠠᠰᠠᠯᠳᠠ᠂ ᠤᠪᠤᠭᠠᠳᠤ ᠶᠢᠨ ᠵᠠᠪᠰᠠᠷ ᠤᠨ ᠤᠰᠤ ᠶᠢ ᠳᠠᠮᠵᠢᠭᠤᠯᠬᠤ᠂ ᠬᠠᠨᠳᠠᠢ | ᠪᠤᠯᠤᠨ ᠡᠮᠤᠨ᠎ᠡ ᠳᠡᠬᠦᠷᠬᠡ ᠶᠢᠨ ᠤᠰᠤ ᠴᠡᠪᠡᠷᠰᠢᠬᠦᠯᠬᠦ ᠦᠢᠯᠡᠳᠪᠤᠷᠢ ᠶᠢᠨ ᠪᠠᠷᠢᠮᠵᠢᠶ᠎ᠡ ᠪᠠᠨ ᠳᠡᠬᠡᠭᠰᠢᠯᠡᠬᠦᠯᠦᠨ ᠦᠬᠡᠷᠡᠴᠢᠯᠡᠨ ᠵᠠᠰᠠᠬᠤ ᠵᠡᠷᠬᠡ ᠤᠰᠤᠨ ᠠᠰᠢᠭᠯᠠᠯᠳᠠ | ᠶᠢᠨ ᠢᠨᠵᠧᠨᠧᠷᠢᠩ ᠢ ᠡᠬᠢᠯᠡᠬᠦᠯᠦᠨ ᠬᠡᠷᠡᠭᠵᠢᠬᠦᠯᠦᠨ᠎ᠡ᠃ ᠠᠭᠤᠷᠬᠠᠢ ᠶᠢᠨ ᠤᠷᠤᠨ ᠤ ᠤᠷᠴᠢᠨ ᠳᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠵᠤ᠂ | ᠠᠭᠤᠷᠬᠠᠢ ᠶᠢᠨ ᠠᠵᠤ ᠠᠬᠤᠶᠢᠯᠠᠯ ᠤᠨ ᠳᠤᠭᠤᠰᠤᠨ ᠤ ᠪᠤᠬᠢᠷᠳᠤᠯ᠂ ᠵᠠᠳᠠᠭᠠᠢ ᠨᠡᠬᠦᠷᠡᠰᠤᠨ ᠠᠭᠤᠷᠬᠠᠢ ᠶᠢᠨ ᠰᠢᠷᠦᠢ ᠠᠷᠢᠯᠭᠠᠬᠤ ᠭᠠᠵᠠᠷ ᠤᠨ ᠴᠡᠭᠴᠡᠯᠡᠨ ᠵᠠᠰᠠᠯᠳᠠ᠂ | ᠨᠡᠬᠦᠷᠡᠰᠤ ᠵᠦᠬᠡᠬᠡᠪᠤᠷᠢᠯᠡᠬᠦ ᠵᠠᠮ ᠱᠤᠭᠤᠮ ᠳᠠᠭᠠᠤ ᠶᠢᠨ ᠤᠷᠴᠢᠨ ᠳᠤᠭᠤᠷᠢᠨ ᠤ ᠵᠠᠰᠠᠯᠳᠠ ᠵᠡᠷᠬᠡ ᠭᠤᠤᠯᠳᠠᠯᠭᠠᠳᠤ ᠬᠦᠷᠢᠶ᠎ᠡ ᠪᠤᠯᠤᠨ ᠵᠠᠩᠬᠢᠯᠠᠭ᠎ᠠ ᠶᠢᠨ ᠭᠤᠭᠴᠤᠭ᠎ᠠ | ᠶᠢ ᠨᠢᠠᠠᠳᠠ ᠠᠩᠬᠠᠷᠴᠤ᠂ ᠳ᠋ᠦᠩ ᠮᠧᠩ ᠢᠯᠴᠢ ᠬᠠᠩᠭᠠᠬᠤ ᠨᠡᠬᠦᠷᠡᠰᠤᠨ ᠰᠠᠷᠠᠪᠴᠢ ᠶᠢ ᠪᠦᠬᠦᠨ ᠢ ᠪᠢᠳᠡᠬᠦᠮᠵᠢᠯᠡᠨ᠂ ᠨᠠ ᠶᠤᠸᠠᠨ ᠨᠡᠬᠦᠷᠡᠰᠤᠨ ᠠᠭᠤᠷᠬᠠᠢ ᠶᠢᠨ | ᠮᠠᠯᠳᠠᠵᠤ ᠳᠠᠭᠤᠰᠤᠭᠰᠠᠨ ᠤᠷᠤᠨ ᠤ ᠭᠠᠮᠰᠢᠭ ᠢ ᠶᠡᠷᠦᠩᠬᠡᠶᠢᠯᠡᠨ ᠵᠠᠰᠠᠬᠤ᠂ ᠪᠠᠶᠠᠨᠮᠦ᠋ᠩᠬᠡ ᠨᠡᠬᠦᠷᠡᠰᠤᠨ ᠠᠭᠤᠷᠬᠠᠢ ᠶᠢᠨ ᠵᠠᠪᠰᠠᠷ ᠤᠨ ᠤᠰᠤ ᠶᠢ ᠬᠠᠳᠠᠭᠠᠯᠠᠵᠤ | ᠳᠤᠬᠢᠷᠠᠭᠤᠯᠤᠨ ᠠᠰᠢᠭᠯᠠᠬᠤ ᠵᠡᠷᠬᠡ ᠤᠷᠴᠢᠨ ᠳᠤᠭᠤᠷᠢᠨ ᠢ ᠵᠠᠰᠠᠬᠤ ᠢᠨᠵᠧᠨᠧᠷᠢᠩ ᠤᠨ ᠬᠡᠷᠡᠭᠵᠢᠬᠦᠯᠦᠯᠳᠡ ᠶᠢ ᠲᠦᠷᠬᠡᠳᠬᠡᠵᠤ᠂ ᠠᠭᠤᠷᠬᠠᠢ ᠶᠢᠨ ᠤᠷᠤᠨ ᠤ | ᠤᠷᠭᠤᠮᠠᠯ ᠤᠨ ᠬᠤᠴᠢᠯᠭ᠎ᠠ ᠶᠢ ᠰᠡᠷᠬᠦᠬᠡᠨ᠂ ᠵᠢᠯ ᠤᠨ ᠳᠤᠳᠤᠷ᠎ᠠ 500 ᠾᠧᠺᠲ᠋ᠡᠷ ᠨᠤᠭᠤᠭᠠᠷᠠᠭᠤᠯᠤᠯᠳᠠ ᠶᠢ ᠪᠡᠶᠡᠯᠡᠬᠦᠯᠵᠤ᠂ ᠦᠪᠡᠷᠳᠡᠬᠡᠨ ᠵᠠᠰᠠᠬᠤ ᠤᠷᠤᠨ ᠤ | ᠳᠡᠰ ᠤᠨ ᠨᠠᠢᠮᠠᠨ ᠪᠤᠬᠢᠷᠳᠤᠯ ᠦᠬᠡᠢ ᠠᠭᠤᠷᠬᠠᠢ ᠶᠢ | ᠪᠠᠶᠢᠭᠤᠯᠤᠨ᠎ᠠ᠃ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠳᠤ ᠨᠡᠶᠢᠴᠡᠬᠦ ᠦᠬᠡᠢ ᠨᠡᠬᠦᠷᠡᠰᠤ ᠰᠢᠳᠠᠭᠠᠬᠤ ᠭᠦᠸᠧᠯᠤ ᠶᠢ ᠳᠠᠶᠠᠭᠳᠠᠵᠤ᠂ ︽ᠳᠠᠷᠬᠠᠢ | ᠪᠤᠳᠠᠷᠬᠠᠢ᠂ ᠡᠮᠬᠢ ᠴᠡᠭᠴᠡ ᠦᠬᠡᠢ᠂ ᠪᠤᠬᠢᠷᠳᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠨ᠎ᠠ᠃ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠲᠦᠷᠢᠮ ᠵᠦᠷᠢᠴᠡᠭᠰᠡᠨ ᠪᠠᠷᠢᠯᠭ᠎ᠠ ᠶᠢ ᠨᠤᠷᠠᠭᠠᠨ᠂ ᠡᠮᠬᠢ ᠲᠢᠭᠯᠢᠮ ᠦᠬᠡᠢ ᠪᠠᠶᠢᠳᠠᠯ ᠢ ᠵᠠᠰᠠᠵᠤ᠂ ᠤᠷᠴᠢᠨ ᠳᠤᠭᠤᠷᠢᠨ ᠤ ᠬᠠᠮᠠᠭᠠᠯᠠᠯᠳᠠ ᠳᠤ | ᠬᠢᠨᠠᠯᠳᠠ ᠳᠠᠯᠪᠢᠨ ᠬᠠᠤᠯᠢ ᠬᠡᠷᠡᠭᠵᠢᠬᠦᠯᠬᠦ ᠪᠠᠨ | ᠴᠢᠩᠭᠠᠳᠬᠠᠵᠤ᠂ ᠳᠠᠰᠤᠷᠠᠯᠳᠠ ᠦᠬᠡᠢ ᠳᠤᠭᠤᠷᠢᠨ ᠪᠠᠶᠢᠴᠠᠭᠠᠬᠤ᠂ ᠳᠤᠭᠳᠠᠮᠠᠯ ᠪᠤᠰᠤ ᠬᠤᠭᠤᠴᠠᠭ᠎ᠠ ᠲᠠᠢ ᠪᠠᠷ ᠠᠭᠠᠷ ᠠᠴᠠ ᠰᠡᠬᠦᠳᠡᠷᠯᠡᠬᠦ᠂ ᠠᠯᠤᠰ ᠡᠵᠡᠮᠰᠢᠯᠳᠤ | ᠬᠠᠷᠠᠭᠠᠨ ᠳᠠᠪᠳᠠᠮᠵᠢ ᠪᠠᠷ ᠬᠢᠨᠠᠨ ᠡᠵᠡᠮᠳᠡᠬᠦ ᠵᠡᠷᠬᠡ ᠮᠡᠳᠡᠭᠡ ᠵᠠᠩᠬᠢ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠠᠤᠯᠢ | ᠶᠢ ᠵᠦᠷᠢᠴᠡᠵᠤ᠂ ᠳᠤᠷ᠎ᠠ ᠪᠠᠷ ᠪᠤᠰᠬᠠᠵᠤ ᠰᠠᠨᠠᠭ᠎ᠠ ᠪᠠᠷ ᠪᠠᠶᠢᠭᠤᠯᠬᠤ᠂ ᠳᠤᠷ᠎ᠠ ᠪᠠᠷ ᠮᠠᠯᠳᠠᠵᠤ ᠳᠤᠷ᠎ᠠ ᠪᠠᠷ ᠳᠡᠬᠦᠬᠦ ᠵᠡᠷᠬᠡ ᠠᠵᠢᠯᠯᠠᠭ᠎ᠠ ᠳᠤ ᠴᠤᠬᠢᠯᠳᠠ ᠦᠭᠴᠤ᠂ | ᠲᠡᠭᠷᠢ ᠨᠢ ᠴᠡᠯᠮᠡᠭ᠂ ᠭᠠᠵᠠᠷ ᠨᠢ ᠨᠤᠭᠤᠭᠠᠨ᠂ ᠤᠰᠤ ᠨᠢ ᠳᠤᠩᠭᠠᠯᠠᠭ ᠦᠵᠡᠰᠬᠦᠯᠡᠩᠳᠤ ᠳ᠋ᠦᠩᠱᠧᠩ ᠢ ᠪᠦᠳᠦᠬᠡᠨ ᠪᠠᠶᠢᠭᠤᠯᠤᠨ᠎ᠠ᠃ | ᠲᠦᠯᠦᠬᠡᠯᠡᠭᠴᠢᠳ ᠡ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠢᠯᠠᠯᠳᠠ ᠤᠯᠬᠤ ᠪᠤᠯ ᠡᠷᠬᠡᠪᠰᠢ ᠪᠡᠶᠡᠯᠡᠬᠦᠯᠬᠦ ᠬᠦᠨᠳᠤ ᠴᠢᠬᠤᠯᠠ | ᠤᠯᠤᠰ ᠲᠦᠷᠦ ᠶᠢᠨ ᠡᠬᠦᠷᠬᠡ᠂ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠳᠤ ᠡᠷᠬᠡᠪᠰᠢ ᠦᠩᠬᠡᠷᠡᠬᠦ ᠪᠤᠭᠤᠮᠳᠠ ᠪᠤᠯᠤᠨ᠎ᠠ᠂ ᠨᠡᠩ ᠴᠤ ᠪᠢᠳᠠᠨ ᠳᠤ ᠦᠭᠬᠦᠭᠰᠡᠨ | ᠬᠦᠨᠳᠤ ᠴᠢᠬᠤᠯᠠ ᠰᠢᠯᠭᠠᠯᠳᠠ ᠶᠤᠮ᠃ ᠪᠢᠳᠠᠨ ᠡᠬᠦᠷᠢᠳᠡ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ᠬᠤᠷᠢᠭ᠎ᠠ ᠱᠤᠭᠤᠮ ᠤᠨ ᠰᠡᠳᠬᠢᠴᠡ ᠪᠠᠨ | ᠪᠠᠳᠤᠵᠢᠭᠤᠯᠤᠨ᠂ ᠪᠤᠭᠤᠮᠳᠠ ᠰᠢᠪᠳᠤᠯᠬᠤ ᠡᠷᠡᠰ ᠵᠤᠷᠢᠭ ᠢᠶᠠᠨ ᠬᠦᠪᠴᠢᠯᠡᠵᠤ᠂ ᠬᠠᠮᠤᠭ ᠠᠴᠠ ᠳᠤᠬᠢᠷᠠᠮᠵᠢᠳᠡᠢ ᠠᠷᠭ᠎ᠠ ᠪᠠᠷᠢᠯ ᠢ ᠠᠪᠬᠤ ᠳᠤ ᠬᠦᠷᠪᠡᠯ ᠳᠠᠪᠠᠵᠤ | ᠭᠠᠷᠤᠰᠢ ᠦᠬᠡᠢ ᠳᠠᠪᠠᠭ᠎ᠠ᠂ ᠳᠤᠭᠤᠯᠵᠤ ᠦᠩᠬᠡᠷᠡᠰᠢ ᠦᠬᠡᠢ ᠪᠡᠷᠬᠡᠰᠢᠶᠡᠯ ᠬᠡᠵᠤ ᠪᠠᠶᠢᠬᠤ ᠦᠬᠡᠢ᠃ | ︵ᠬᠤᠶᠠᠷ︶ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ᠬᠦᠴᠦᠨ ᠢᠶᠠᠨ ᠲᠦᠪᠯᠡᠷᠡᠬᠦᠯᠵᠤ᠂ ᠰᠢᠨ᠎ᠡ ᠬᠠᠭᠤᠴᠢᠨ ᠬᠦᠳᠡᠯᠬᠡᠭᠴᠢ ᠬᠦᠴᠦᠨ ᠤ | ᠡᠨᠧᠷᠬᠢ ᠶᠢᠨ ᠰᠤᠯᠢᠭᠳᠠᠯ ᠢ ᠪᠦᠬᠦ ᠬᠦᠴᠦᠨ ᠢᠶᠠᠷ ᠠᠬᠢᠭᠤᠯᠤᠨ᠎ᠠ᠃ | ᠪᠦᠳᠦᠮᠵᠢᠳᠡᠢ ᠪᠡᠯᠡ ᠤᠷᠤᠭᠤᠯᠤᠯᠳᠠ ᠶᠢ ᠦᠷᠬᠦᠯᠵᠢᠯᠡᠨ ᠦᠷᠬᠡᠳᠬᠡᠨ᠎ᠡ᠃ ᠲᠦᠷᠦᠯ ᠵᠦᠢᠯ ᠢ ᠠᠳᠬᠤᠬᠤ ᠪᠠᠷ ᠰᠢᠨ᠎ᠡ ᠬᠠᠭᠤᠴᠢᠨ ᠬᠦᠳᠡᠯᠬᠡᠭᠴᠢ ᠬᠦᠴᠦᠨ | ᠤ ᠡᠨᠧᠷᠬᠢ ᠶᠢᠨ ᠰᠤᠯᠢᠭᠳᠠᠯ ᠢᠶᠠᠷ ᠵᠠᠩᠬᠢᠯᠠᠭ᠎ᠠ ᠪᠤᠯᠭᠠᠬᠤ ᠶᠢ ᠪᠠᠷᠢᠮᠳᠠᠯᠠᠨ᠂ ᠬᠤᠳᠠᠯᠳᠤᠭᠠᠴᠢᠨ ᠤᠷᠢᠬᠤ ᠠᠵᠢᠯ ᠤᠨ ᠲᠦᠰᠦᠯ ᠪᠤᠯᠤᠨ ᠰᠢᠯᠭᠠᠨ ᠬᠢᠨᠠᠬᠤ ᠠᠷᠭ᠎ᠠ ᠶᠢ | ᠬᠡᠷᠡᠭᠵᠢᠬᠦᠯᠵᠤ᠂ ᠬᠤᠳᠠᠯᠳᠤᠭᠠᠴᠢᠨ ᠤᠷᠢᠬᠤ ᠬᠠᠷᠠᠯᠳᠠᠳᠤ ᠡᠬᠦᠷᠬᠡ ᠪᠠᠨ ᠡᠯ᠎ᠡ ᠰᠢᠶᠡᠨ ᠭᠠᠵᠠᠷ ᠤᠨ ᠳᠡᠰ ᠤᠨ ᠤᠳᠤᠷᠢᠳᠤᠯᠭ᠎ᠠ᠂ ᠡᠯ᠎ᠡ ᠬᠦᠷᠢᠶᠡᠯᠡᠩ ᠳᠤᠭᠤᠷᠢᠭ | ᠪᠤᠯᠤᠨ ᠡᠯ᠎ᠡ ᠠᠵᠤ ᠠᠬᠤᠢ ᠶᠢᠨ ᠰᠠᠯᠠᠭ᠎ᠠ ᠮᠦᠴᠢᠷ ᠲᠤ ᠬᠤᠪᠢᠶᠠᠵᠤ᠂ ᠬᠦᠢᠴᠡᠳᠬᠡᠯ ᠳᠤᠭ᠎ᠠ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠬᠢᠨᠠᠨ ᠰᠢᠯᠭᠠᠯᠳᠠ | ᠪᠠᠷ ᠠᠬᠢᠴᠠ ᠶᠢ ᠨᠡᠬᠡᠮᠵᠢᠯᠡᠬᠦᠯᠦᠨᠡ᠃ ᠪᠡᠬᠡᠵᠢᠩ ᠲᠢᠶᠡᠨᠵᠢᠨ ᠾᠧᠪᠸᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠢ | ᠠᠩᠬᠠᠷᠤᠨ᠂ ᠬᠤᠳᠠᠯᠳᠤᠭᠠᠴᠢᠨ ᠤᠷᠢᠬᠤ ᠳᠤᠰᠬᠠᠢ ᠪᠦᠯᠬᠦᠮ ᠪᠤᠯᠤᠨ ᠬᠤᠳᠠᠯᠳᠤᠭᠠᠴᠢᠨ ᠤᠷᠢᠬᠤ ᠬᠤᠯᠪᠤᠭᠠᠨ ᠤ ᠭᠠᠵᠠᠷ ᠪᠠᠶᠢᠭᠤᠯᠵᠤ᠂ ᠵᠧᠵᠢᠶᠠᠩ ᠤᠨ ᠹᠧᠩ | ᠬᠤᠸᠠᠩ ᠲᠦᠯᠦᠪᠯᠡᠭᠡ ᠳᠤ ᠵᠢᠠᠠᠰᠠᠭᠠᠭᠳᠠᠨ ᠤᠷᠤᠭᠰᠠᠨ ᠬᠦᠭᠵᠢᠯᠳᠡ ᠶᠢᠨ ᠤᠷᠤᠨ ᠵᠠᠢ ᠲᠠᠢ ᠠᠵᠤ ᠠᠬᠤᠶᠢᠯᠠᠯ ᠲᠠᠢ ᠢᠳᠡᠪᠬᠢᠳᠡᠢ ᠬᠤᠷᠰᠢᠵᠤ᠂ ᠤᠯᠠᠨ ᠳᠠᠯ᠎ᠠ ᠲᠠᠢ | ᠬᠠᠷᠢᠯᠴᠠᠨ ᠳ᠋ᠦᠩᠱᠧᠩ ᠤᠨ ᠠᠵᠤ ᠦᠢᠯᠡᠰ ᠤᠨ ᠪᠠᠶᠢᠷᠢ ᠳᠤᠭᠳᠠᠭᠠᠯᠳᠠ ᠲᠠᠢ ᠳᠤᠬᠢᠷᠠᠯᠴᠠᠭᠰᠠᠨ ᠪᠤᠳᠠᠳᠤ ᠬᠦᠴᠦᠨ ᠲᠠᠢ ᠠᠵᠤ ᠠᠬᠤᠶᠢᠯᠠᠯ ᠠᠴᠠ ᠬᠦᠴᠦᠷᠬᠡᠭ᠂ | ᠰᠢᠨ᠎ᠡ ᠠᠵᠤ ᠠᠬᠤᠶᠢᠯᠠᠯ ᠢ ᠤᠷᠢᠨ ᠤᠷᠤᠭᠤᠯᠤᠨ᠎ᠠ᠃ ᠪᠦᠬᠦ ᠵᠢᠯ ᠲᠤ ᠳ᠋ᠦᠩᠰᠢᠭᠤᠷ ᠲᠦᠬᠦᠷᠢᠭ ᠢ ᠳᠠᠪᠠᠭᠰᠠᠨ ᠲᠦᠷᠦᠯ ᠵᠦᠢᠯ ᠢ 20 ᠠᠴᠠ ᠳᠡᠬᠡᠭᠰᠢ᠂ 5000 | ᠲᠦᠮᠡᠨ ᠲᠦᠬᠦᠷᠢᠭ ᠢ ᠳᠠᠪᠠᠭᠰᠠᠨ ᠲᠦᠷᠦᠯ ᠵᠦᠢᠯ ᠢ 50 ᠠᠴᠠ ᠳᠡᠬᠡᠭᠰᠢ ᠤᠷᠤᠭᠤᠯᠤᠨ ᠤᠷᠤᠨᠵᠢᠭᠤᠯᠵᠤ᠂ 135 ᠭᠤᠤᠯᠳᠠᠯᠭ᠎ᠠ ᠲᠠᠢ ᠲᠦᠷᠦᠯ ᠵᠦᠢᠯ ᠢ | ᠬᠡᠷᠡᠭᠵᠢᠬᠦᠯᠵᠤ᠂ ᠳ᠋ᠦᠩᠰᠢᠭᠤᠷ ᠲᠦᠬᠦᠷᠢᠭ ᠢ ᠳᠠᠪᠠᠭᠰᠠᠨ 10 ᠲᠦᠷᠦᠯ ᠵᠦᠢᠯ ᠢ ᠬᠠᠪᠤᠷ ᠤᠨ ᠤᠯᠠᠷᠢᠯ ᠳᠤ ᠲᠦᠪᠯᠡᠷᠡᠬᠦᠯᠦᠨ ᠰᠡᠷᠬᠦᠬᠡᠵᠤ ᠠᠵᠢᠯ ᠡᠬᠢᠯᠡᠬᠦ ᠶᠢ | ᠪᠠᠳᠤᠯᠠᠨ᠎ᠠ᠃ ᠬᠦᠷᠢᠶᠡᠯᠡᠩ ᠳᠤᠭᠤᠷᠢᠭ ᠤᠨ ᠰᠠᠭᠤᠷᠢ ᠲᠦᠬᠦᠬᠡᠷᠦᠮᠵᠢ ᠶᠢ ᠳᠡᠬᠦᠯᠳᠡᠷᠵᠢᠬᠦᠯᠵᠤ᠂ ᠸᠠᠨ ᠯᠢ 220 ᠺᠢᠯᠤᠸᠤᠯᠲ ᠪᠤᠯᠤᠨ ᠸᠠᠨ ᠢᠤᠢ᠂ ᠶᠢᠩ ᠪᠢᠨ ᠤ | ᠬᠤᠶᠠᠷ 110 ᠺᠢᠯᠤᠸᠤᠯᠲ ᠶᠢᠨ ᠴᠠᠬᠢᠯᠭᠠᠨ ᠬᠦᠷᠬᠡᠬᠦ ᠬᠦᠴᠦᠳᠡᠯ ᠦᠬᠡᠷᠡᠴᠢᠯᠡᠬᠦ ᠢᠨᠵᠧᠨᠧᠷᠢᠩ ᠢ ᠬᠡᠷᠡᠭᠵᠢᠬᠦᠯᠵᠤ᠂ ᠳᠤᠨᠤᠭ ᠲᠦᠬᠦᠬᠡᠷᠦᠮᠵᠢ ᠦᠢᠯᠡᠳᠬᠦ ᠰᠠᠭᠤᠷᠢᠨ | ᠭᠠᠵᠠᠷ᠂ ᠲᠦᠩ ᠴᠤᠸᠠᠨ ᠤ ᠮᠠᠰᠢᠨ ᠳᠡᠷᠬᠡᠨ ᠤ ᠦᠵᠡᠰᠬᠦᠯᠡᠩ ᠤᠨ ᠬᠦᠷᠢᠶᠡᠯᠡᠩ ᠪᠤᠯᠤᠨ ᠳᠤᠮᠳᠠ ᠪᠠᠭ᠎ᠠ ᠨᠡᠬᠡᠮᠡᠯ ᠤᠨ ᠬᠦᠷᠢᠶᠡᠯᠡᠩ᠂ ᠠᠷᠢᠬᠢᠨ ᠤ ᠦᠢᠯᠡᠰ ᠤᠨ | ᠬᠦᠷᠢᠶᠡᠯᠡᠩ ᠤᠨ ᠬᠤᠳᠠ ᠶᠢᠨ ᠶᠠᠪᠤᠳᠠᠯ ᠤᠨ ᠰᠠᠭᠤᠷᠢ ᠲᠦᠬᠦᠬᠡᠷᠦᠮᠵᠢ ᠶᠢ ᠳᠡᠬᠦᠯᠳᠡᠷᠵᠢᠬᠦᠯᠵᠤ᠂ ᠨᠦᠬᠦᠴᠡᠯ ᠳᠠᠪᠴᠠᠩ ᠢ ᠦᠨᠡᠨᠬᠦ ᠰᠠᠶᠢᠳᠤᠷ ᠪᠦᠷᠢᠨᠰᠢᠬᠦᠯᠵᠤ | ᠴᠢᠳᠠᠪᠤᠷᠢᠳᠠᠨ ᠤᠷᠢᠨ᠎ᠠ᠃ | ᠳᠤᠨᠤᠭ ᠲᠦᠬᠦᠬᠡᠷᠦᠮᠵᠢ ᠦᠢᠯᠡᠳᠬᠦ ᠦᠢᠯᠡᠰ ᠢ ᠲᠦᠪᠯᠡᠷᠡᠬᠦᠯᠦᠨ ᠪᠤᠶᠢᠵᠢᠭᠤᠯᠤᠨ᠎ᠠ᠃ ᠮᠠᠰᠢᠨ ᠳᠡᠷᠬᠡ᠂ ᠡᠨᠧᠷᠬᠢ ᠠᠷᠪᠢᠯᠠᠨ ᠤᠷᠴᠢᠨ ᠳᠤᠭᠤᠷᠢᠨ ᠢ | ᠬᠠᠮᠠᠭᠠᠯᠠᠬᠤ᠂ ᠴᠠᠬᠢᠯᠭᠠᠨ ᠬᠦᠴᠦᠨ ᠤ ᠲᠦᠬᠦᠬᠡᠷᠦᠮᠵᠢ᠂ ᠠᠭᠤᠷᠬᠠᠢ ᠶᠢᠨ ᠮᠠᠰᠢᠨ ᠴᠠᠬᠢᠯᠭᠠᠨ ᠦᠢᠯᠡᠳᠬᠦ ᠪᠤᠯᠤᠨ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠳᠤᠭᠤᠷᠢᠨ ᠳᠤ ᠭᠤᠤᠯᠯᠠᠭᠴᠢ ᠲᠦᠷᠦᠯ ᠵᠦᠢᠯ ᠢ ᠤᠷᠢᠨ ᠠᠪᠴᠢᠷᠠᠵᠤ ᠪᠤᠶᠢᠵᠢᠭᠤᠯᠤᠨ᠎ᠠ᠃ ᠪᠦᠬᠦ ᠬᠤᠳᠠ ᠶᠢᠨ ᠠᠵᠤ ᠦᠢᠯᠡᠰ ᠤᠨ ᠬᠦᠭᠵᠢᠯᠳᠡ ᠶᠢ | ᠳᠠᠶᠢᠴᠢᠯᠠᠨ ᠵᠢᠯᠤᠭᠤᠳᠬᠤ ᠰᠠᠭᠤᠷᠢ ᠮᠦᠩᠬᠦ ᠶᠢ ᠠᠩᠬᠠᠷᠤᠨ᠂ ᠮᠠᠨ ᠤ ᠳᠤᠭᠤᠷᠢᠭ ᠤᠨ ᠭᠤᠤᠯᠯᠠᠭᠴᠢ ᠠᠵᠤ ᠠᠬᠤᠶᠢᠯᠠᠯ ᠳᠤ ᠨᠡᠩ ᠤᠯᠠᠨ ᠪᠡᠯᠡ ᠤᠷᠤᠭᠤᠯᠤᠯᠳᠠ | ᠶᠢ ᠳᠡᠮᠡᠴᠡᠨ ᠤᠯᠵᠤ᠂ ᠪᠡᠯᠡ ᠤᠷᠤᠭᠤᠯᠤᠯᠳᠠ ᠶᠢᠨ ᠳᠡᠩᠨᠡᠬᠦᠷ ᠤᠨ ᠦᠢᠯᠡᠳᠤᠯ ᠢ ᠪᠠᠳᠠᠷᠠᠭᠤᠯᠤᠨ᠎ᠠ᠃ ᠰᠢᠶᠧ ᠰᠢᠨ ᠪᠦᠯᠦᠭᠯᠡᠯ᠂ ᠪᠥᠸᠧ ᠯᠧᠢ ᠳ᠋ᠦᠨ᠂ ᠨᠢᠩ ᠳ᠋ᠧ | ᠱᠢ ᠳ᠋ᠠᠢ ᠵᠡᠷᠬᠡ ᠠᠵᠤ ᠠᠬᠤᠶᠢᠯᠠᠯ ᠢ ᠠᠬᠢᠭᠤᠯᠵᠤ᠂ ᠰᠢᠨ᠎ᠡ ᠡᠨᠧᠷᠬᠢ ᠶᠢᠨ ᠴᠠᠬᠢᠯᠭᠠᠨ ᠬᠦᠳᠡᠯᠬᠡᠬᠦᠷᠳᠤ ᠬᠦᠨᠳᠤ ᠠᠴᠢᠶᠠᠨ ᠤ ᠮᠠᠰᠢᠨ ᠢ ᠦᠢᠯᠡᠳᠬᠦ ᠵᠢᠴᠢ ᠴᠠᠬᠢᠯᠭᠠᠨ | ᠮᠠᠰᠢᠨ᠂ ᠴᠠᠬᠢᠯᠭᠠᠨ ᠡᠵᠡᠮᠳᠡᠬᠦᠷ᠂ ᠴᠠᠬᠢᠯᠭᠠᠨ ᠴᠡᠨᠡᠭᠯᠡᠬᠦᠷ ᠵᠡᠷᠬᠡ ᠢᠵᠢ ᠪᠦᠷᠢᠳᠦᠭᠰᠡᠨ ᠦᠢᠯᠡᠳᠪᠤᠷᠢᠯᠡᠯ ᠡᠵᠡᠩᠨᠡᠯᠳᠡ ᠶᠢᠨ ᠲᠦᠷᠦᠯ ᠵᠦᠢᠯ ᠢ ᠤᠷᠤᠭᠤᠯᠤᠨ | ᠤᠷᠤᠰᠢᠭᠤᠯᠤᠨᠠ᠃ ᠰᠢᠦ᠋ᠩ ᠠᠨ ᠰᠢᠨ᠎ᠡ ᠳᠤᠭᠤᠷᠢᠭ ᠤᠨ ᠰᠦᠯᠢᠶᠤᠤ ᠬᠤᠭᠤᠯᠠᠢ ᠵᠡᠷᠬᠡ ᠠᠵᠤ ᠦᠢᠯᠡᠰ ᠤᠨ ᠭᠠᠳᠠᠭᠰᠢ ᠨᠡᠬᠦᠬᠦ ᠲᠦᠷᠦᠯ ᠵᠦᠢᠯ ᠢ ᠢᠳᠡᠪᠬᠢᠳᠡᠢ | ᠪᠠᠷ ᠬᠦᠯᠢᠶᠡᠨ ᠠᠪᠤᠨ᠎ᠠ᠃ ᠱᠠᠨᠳᠦ᠋ᠩ ᠤᠨ ᠬᠦᠨᠳᠤ ᠳᠤᠨᠤᠭᠯᠠᠯ ᠤᠨ ᠪᠦᠯᠦᠭᠯᠡᠯ ᠢ ᠪᠦᠬᠦᠯᠢ ᠴᠤᠭᠴᠠ ᠪᠠᠷ ᠨᠡᠬᠦᠯᠬᠡᠨ ᠣᠷᠤᠭᠤᠯᠬᠤ ᠪᠠᠷ ᠢᠳᠡᠪᠬᠢᠳᠡᠢ ᠴᠢᠮᠠᠶᠢᠨᠠ᠃ | ᠴᠧᠨ ᠳ᠋ᠢ ᠶᠠᠩ ᠳᠤᠮᠤ ᠳ᠋ᠠᠶᠢᠲ᠋ᠠ᠂ ᠪᠠᠯ ᠴᠢᠯᠠᠭᠤᠨ ᠠᠯᠺᠧᠨ ᠪᠦᠷᠬᠦᠪᠴᠢ ᠶᠢᠨ ᠮᠠᠲ᠋ᠧᠷᠢᠶᠠᠯ ᠤᠨ ᠦᠢᠯᠡᠳᠪᠤᠷᠢᠯᠡᠯ᠂ ᠱᠠᠨᠳᠦ᠋ᠩ ᠤᠨ ᠹᠠᠩ ᠳ᠋ᠠ ᠨᠡᠬᠦᠷᠡᠰᠤᠨ ᠮᠠᠰᠢᠨ | ᠤ ᠦᠢᠯᠡᠳᠪᠤᠷᠢᠯᠡᠯ᠂ ᠭᠤᠸᠠᠩᠵᠸᠤ ᠶᠢᠨ ᠰᠤᠸᠠᠨ ᠯᠢ ᠡᠬᠦᠯᠡᠨ ᠪᠤᠳᠤᠯᠳᠠ ᠵᠡᠷᠬᠡ 8 ᠰᠢᠨ᠎ᠡ ᠪᠠᠷ ᠤᠷᠤᠭᠤᠯᠤᠭᠰᠠᠨ ᠲᠦᠷᠦᠯ ᠵᠦᠢᠯ ᠤᠨ ᠪᠦᠬᠦ ᠳᠠᠯ᠎ᠠ ᠪᠠᠷ ᠠᠵᠢᠯ | ᠡᠬᠢᠯᠡᠬᠦ ᠶᠢ ᠭᠤᠤᠯᠳᠠᠯᠭ᠎ᠠ ᠲᠠᠢ ᠠᠬᠢᠭᠤᠯᠤᠨ᠎ᠠ᠃ ᠭᠤᠸᠠᠩ ᠳ᠋ᠠ ᠴᠠᠬᠢᠯᠭᠠᠨ ᠬᠦᠴᠦᠨ ᠤ ᠡᠨᠧᠷᠬᠢ ᠠᠷᠪᠢᠯᠠᠬᠤ ᠲᠦᠬᠦᠬᠡᠷᠦᠮᠵᠢ ᠶᠢ ᠦᠢᠯᠡᠳᠬᠦ ᠵᠡᠷᠬᠡ 6 | ᠦᠷᠬᠦᠯᠵᠢᠯᠡᠨ ᠪᠠᠶᠢᠭᠤᠯᠬᠤ ᠲᠦᠷᠦᠯ ᠵᠦᠢᠯ ᠬᠠᠪᠤᠷ ᠤᠨ ᠤᠯᠠᠷᠢᠯ ᠳᠤ ᠠᠵᠢᠯ ᠢᠶᠠᠨ ᠰᠡᠷᠬᠦᠬᠡᠨ ᠡᠬᠢᠯᠡᠬᠦᠯᠬᠦ ᠶᠢ ᠪᠠᠳᠤᠯᠠᠨ᠎ᠠ᠃ ᠯᠢ ᠵᠢᠶᠠ ᠡᠨᠧᠷᠬᠢ ᠶᠢᠨ ᠰᠤᠷᠪᠤᠯᠵᠢ | ᠶᠢᠨ ᠯᠢᠲ᠋ᠢ ᠴᠠᠬᠢᠯᠭᠠ ᠴᠡᠨᠡᠭᠯᠡᠬᠦᠷ ᠤᠨ ᠰᠢᠨ᠎ᠡ ᠮᠠᠲ᠋ᠧᠷᠢᠶᠠᠯ᠂ ᠵᠢᠦ ᠺᠧ ᠤᠷᠴᠢᠨ ᠳᠤᠭᠤᠷᠢᠨ ᠢ ᠬᠠᠮᠠᠭᠠᠯᠠᠵᠤ ᠵᠠᠪᠰᠠᠷ ᠤᠨ ᠤᠰᠤ ᠶᠢ ᠳᠠᠬᠢᠨ ᠠᠰᠢᠭᠯᠠᠬᠤ ᠵᠡᠷᠬᠡ 4 | ᠲᠦᠷᠦᠯ ᠵᠦᠢᠯ ᠢ ᠵᠢᠯ ᠤᠨ ᠳᠤᠳᠤᠷ᠎ᠠ ᠪᠠᠷᠢᠯᠭ᠎ᠠ ᠳᠠᠭᠤᠰᠬᠠᠵᠤ ᠦᠢᠯᠡᠳᠪᠤᠷᠢᠯᠡᠯ ᠳᠤ ᠤᠷᠤᠭᠤᠯᠬᠤ ᠪᠠᠷ ᠴᠢᠷᠮᠠᠶᠢᠨ᠎ᠠ᠃ ᠳᠤᠨᠤᠭ ᠲᠦᠬᠦᠬᠡᠷᠦᠮᠵᠢ ᠦᠢᠯᠡᠳᠬᠦ | ᠰᠠᠭᠤᠷᠢᠨ ᠭᠠᠵᠠᠷ 30 ᠳ᠋ᠦᠩᠰᠢᠭᠤᠷ ᠲᠦᠬᠦᠷᠢᠭ ᠤᠷᠴᠢᠮ ᠤᠨ ᠲᠦᠷᠦᠯ ᠵᠦᠢᠯ ᠤᠨ ᠪᠡᠯᠡ ᠤᠷᠤᠭᠤᠯᠤᠯᠳᠠ ᠶᠢ ᠴᠢᠷᠮᠠᠶᠢᠨ ᠪᠡᠶᠡᠯᠡᠬᠦᠯᠵᠤ᠂ 5000 ᠲᠦᠮᠡᠨ | ᠲᠦᠬᠦᠷᠢᠭ ᠢ ᠳᠠᠪᠠᠭᠰᠠᠨ ᠲᠦᠷᠦᠯ ᠵᠦᠢᠯ ᠢ ᠰᠢᠨ᠎ᠡ ᠪᠠᠷ 10 ᠢᠯᠡᠬᠦᠦ ᠤᠷᠤᠭᠤᠯᠵᠤ᠂ ᠳᠤᠨᠤᠭ ᠲᠦᠬᠦᠬᠡᠷᠦᠮᠵᠢ ᠦᠢᠯᠡᠳᠬᠦ ᠦᠢᠯᠡᠰ ᠤᠨ ᠦᠢᠯᠡᠳᠪᠤᠷᠢᠯᠡᠯ ᠤᠨ | ᠦᠷᠳᠡᠭ ᠪᠤᠯᠤᠨ ᠪᠤᠷᠤᠯᠠᠭᠤᠯᠤᠯᠳᠠ ᠶᠢᠨ ᠤᠷᠤᠯᠭ᠎ᠠ ᠶᠢ ᠳᠤᠰ ᠪᠦᠷᠢ 200 ᠳ᠋ᠦᠩᠰᠢᠭᠤᠷ ᠲᠦᠬᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ | ᠤᠯᠠᠮᠵᠢᠯᠠᠯᠳᠤ ᠠᠵᠤ ᠦᠢᠯᠡᠰ ᠢ ᠬᠦᠴᠦᠷᠬᠡᠭᠵᠢᠬᠦᠯᠦᠨ᠎ᠡ᠃ ᠨᠡᠬᠦᠷᠡᠰᠤᠨ ᠤ ᠠᠵᠢᠯ ᠲᠦᠷᠦᠯ ᠤᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ | ᠳᠡᠬᠡᠭᠰᠢᠯᠡᠬᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠬᠦᠯᠵᠢᠯᠡᠨ ᠰᠠᠶᠢᠳᠤᠷ ᠠᠳᠬᠤᠨ᠂ ᠰᠧ ᠯᠢᠶᠡᠨ ᠨᠢᠬᠡᠳᠤᠬᠡᠷ ᠠᠭᠤᠷᠬᠠᠢ ᠶᠢ ᠦᠬᠡᠷᠡᠴᠢᠯᠡᠨ ᠵᠠᠰᠠᠵᠤ ᠳᠡᠰ | ᠳᠡᠪᠰᠢᠬᠦᠯᠬᠦ᠂ ᠲᠠᠢ ᠱᠧᠩ ᠨᠡᠬᠦᠷᠡᠰᠤᠨ ᠠᠭᠤᠷᠬᠠᠢ ᠶᠢᠨ ᠮᠡᠷᠬᠡᠵᠢᠯ ᠤᠨ ᠦᠬᠡᠷᠡᠴᠢᠯᠡᠯᠳᠡ ᠵᠡᠷᠬᠡ 16 ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠵᠤ᠂ ᠪᠦᠬᠦ | ᠵᠢᠯ ᠳᠤ 1 ᠳ᠋ᠦᠩᠰᠢᠭᠤᠷ ᠳᠤᠨ ᠪᠤᠷᠤ ᠨᠡᠬᠦᠷᠡᠰᠤ ᠶᠢ ᠦᠢᠯᠡᠳᠪᠤᠷᠢᠯᠡᠨ ᠪᠤᠷᠤᠯᠠᠭᠤᠯᠤᠨ᠎ᠠ᠃ ᠨᠡᠬᠦᠷᠡᠰᠤ + ᠢᠨᠲ᠋ᠧᠷ ᠰᠦᠯᠵᠢᠶ᠎ᠡ ᠶᠢᠨ ᠳᠤᠮᠤ ᠳ᠋ᠠᠶᠢᠲ᠋ᠠ ᠶᠢᠨ | ᠳᠠᠪᠴᠠᠩ ᠤᠨ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠪᠦᠬᠦ ᠤᠯᠤᠰ ᠤᠨ ᠨᠡᠬᠦᠷᠡᠰᠤᠨ ︵ᠵᠤᠨ ᠤ ᠤᠯᠠᠷᠢᠯ︶ ᠤ ᠠᠷᠠᠯᠵᠢᠶᠡᠨ ᠤ ᠬᠤᠷᠠᠯ ᠢ ᠭᠤᠶᠤᠪᠴᠢᠯᠡᠨ | ᠠᠮᠵᠢᠯᠳᠠ ᠲᠠᠢ ᠪᠠᠷ ᠡᠷᠬᠢᠯᠡᠨ᠎ᠡ᠃ ᠳ᠋ᠦᠩᠱᠧᠩ ᠠᠴᠠ ᠠᠨᠾᠦ᠋ᠢ᠂ ᠵᠢᠶᠠᠩᠰᠤ᠂ ᠵᠧᠵᠢᠶᠠᠩ ᠬᠦᠷᠬᠦ ᠴᠠᠬᠢᠯᠭᠠᠨ ᠬᠦᠴᠦ ᠶᠢ ᠭᠠᠳᠠᠭᠰᠢ ᠳᠠᠮᠵᠢᠭᠤᠯᠬᠤ ᠬᠤᠭᠤᠯᠠᠢ | ᠪᠤᠯᠤᠨ ᠴᠠᠬᠢᠯᠭᠠᠨ ᠬᠦᠴᠦᠨ ᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠡᠮᠤᠨᠡᠬᠢ ᠬᠤᠭᠤᠴᠠᠭᠠᠨ ᠤ ᠠᠵᠢᠯ ᠢ ᠡᠬᠢᠯᠡᠬᠦᠯᠦᠨ᠎ᠡ᠃ ᠤᠷᠳᠤᠰ ᠢᠮᠠᠭᠠᠨ | ᠨᠤᠯᠤᠤᠷ ᠤᠨ ᠪᠦᠯᠦᠭᠯᠡᠯ ᠤᠨ ᠪᠤᠬᠢᠷᠳᠤᠯ ᠦᠬᠡᠢ ᠤᠶᠤᠨᠴᠢᠯᠠᠭᠰᠠᠨ ᠦᠬᠡᠷᠡᠴᠢᠯᠡᠯᠳᠡ ᠶᠢ ᠬᠡᠷᠡᠭᠵᠢᠬᠦᠯᠬᠦ ᠪᠠᠷ ᠳᠠᠮᠵᠢᠨ᠂ ᠭᠠᠷ ᠢᠶᠠᠷ ᠨᠡᠬᠡᠬᠦ᠂ ᠮᠠᠰᠢᠨ ᠢᠶᠠᠷ ᠨᠡᠬᠡᠬᠦ | ᠲᠦᠬᠦᠬᠡᠷᠦᠮᠵᠢ ᠶᠢ ᠳᠡᠰ ᠳᠡᠪᠰᠢᠬᠦᠯᠦᠨ ᠦᠬᠡᠷᠡᠴᠢᠯᠡᠬᠦ ᠶᠢ ᠪᠡᠶᠡᠯᠡᠬᠦᠯᠦᠨ᠎ᠡ᠃ ᠳᠠᠯᠠᠳ ᠵᠠᠮ ᠤᠨ ᠨᠡᠬᠡᠮᠡᠯ ᠤᠨ ᠳᠤᠰᠬᠠᠢ ᠵᠡᠬᠡᠯᠢ ᠶᠢ ᠦᠬᠡᠷᠡᠴᠢᠯᠡᠨ ᠳᠡᠬᠡᠭᠰᠢᠯᠡᠬᠦᠯᠬᠦ | ᠶᠢ ᠬᠡᠷᠡᠭᠵᠢᠬᠦᠯᠵᠤ᠂ ᠤᠯᠠᠨ ᠤᠯᠤᠰ ᠤᠨ ᠢᠮᠠᠭᠠᠨ ᠨᠤᠯᠤᠤᠷ ᠬᠤᠨᠢᠨ ᠨᠤᠤᠰᠤ ᠤᠨ ᠬᠤᠷᠠᠯ ᠢ ᠠᠮᠵᠢᠯᠳᠠ ᠲᠠᠢ ᠬᠢᠨ᠎ᠡ᠃ ᠰᠢᠦ᠋ᠩ ᠠᠨ ᠰᠢᠨ᠎ᠡ ᠳᠤᠭᠤᠷᠢᠭ ᠵᠡᠷᠬᠡ | ᠭᠠᠵᠠᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤᠬᠢᠶᠠᠯ ᠢ ᠠᠳᠬᠤᠵᠤ᠂ ᠬᠤᠪᠴᠠᠰᠤᠨ ᠦᠢᠯᠡᠳᠪᠤᠷᠢᠯᠡᠯ ᠤᠨ ᠲᠦᠷᠦᠯ ᠵᠦᠢᠯ ᠪᠤᠯᠤᠨ ᠠᠵᠤ | ᠠᠬᠤᠶᠢᠯᠠᠯ ᠢ ᠬᠦᠴᠦᠯᠡᠨ ᠤᠷᠤᠭᠤᠯᠵᠤ᠂ ᠵᠢᠯ ᠤᠨ ᠳᠤᠳᠤᠷ᠎ᠠ ᠨᠤᠯᠤᠤᠷ ᠨᠡᠬᠡᠮᠡᠯ ᠤᠨ ᠬᠤᠪᠴᠠᠰᠤ ᠡᠳ᠋ᠯᠡᠯ ᠤᠨ ᠪᠦᠳᠦᠬᠡᠭᠳᠡᠬᠦᠨ 650 ᠲᠦᠮᠡᠨ ᠦᠪᠴᠢ ᠶᠢ | ᠳᠠᠪᠠᠭᠤᠯᠬᠤ ᠪᠠᠷ ᠴᠢᠷᠮᠠᠶᠢᠨ᠎ᠠ᠃ ᠠᠷᠢᠬᠢᠨ ᠤ ᠦᠢᠯᠡᠰ ᠤᠨ ᠬᠦᠷᠢᠶᠡᠯᠡᠩ 2 ᠲᠦᠮᠡᠨ ᠳᠤᠨ ᠬᠠᠷ᠎ᠠ ᠠᠷᠢᠬᠢ ᠦᠢᠯᠡᠳᠪᠤᠷᠢᠯᠡᠬᠦ ᠱᠤᠭᠤᠮ ᠢ ᠡᠬᠢᠯᠡᠬᠦᠯᠦᠨ᠎ᠡ᠃ | ᠪᠤᠳᠠᠳᠤ ᠬᠦᠴᠦᠨ ᠲᠠᠢ ᠠᠵᠤ ᠠᠬᠤᠶᠢᠯᠠᠯ ᠢ ᠤᠷᠢᠨ ᠤᠷᠤᠭᠤᠯᠵᠤ ᠴᠢᠴᠠᠷᠭᠠᠨ᠎ᠠ ᠶᠢ ᠨᠠᠷᠢᠯᠢᠭᠵᠢᠭᠤᠯᠤᠨ ᠦᠢᠯᠡᠳᠪᠤᠷᠢᠯᠡᠬᠦ ᠦᠢᠯᠡᠰ ᠢ ᠬᠦᠭᠵᠢᠬᠦᠯᠦᠨ᠂ ᠦᠨᠳᠦᠷᠯᠢᠭ | ᠤᠨ ᠰᠤᠳᠤᠨ ᠵᠢᠮᠢᠰ᠂ ᠲᠢᠶᠡᠨ ᠵᠢᠶᠦᠦ ᠴᠢᠴᠠᠷᠭᠠᠨ᠎ᠠ ᠵᠡᠷᠬᠡ ᠳᠤᠯᠤᠭᠠᠶᠢᠯᠠᠭᠴᠢ ᠠᠵᠤ ᠠᠬᠤᠶᠢᠯᠠᠯ ᠢ ᠪᠤᠵᠠᠭᠠᠶᠢᠷᠠᠭᠤᠯᠬᠤ ᠶᠢ ᠳᠡᠮᠵᠢᠨ᠎ᠡ᠃ ᠢ ᠯᠢ ᠬᠢᠳᠠᠳ ᠮᠤᠩᠭᠤᠯ | ᠡᠮ ᠡᠮᠨᠡᠯᠬᠡ ᠶᠢᠨ ᠨᠡᠬᠡᠬᠡᠯᠳᠡ ᠶᠢᠨ ᠲᠦᠷᠦᠯ ᠵᠦᠢᠯ ᠤᠨ ᠪᠠᠶᠢᠭᠤᠯᠤᠯᠳᠠ ᠶᠢ ᠳᠡᠮᠵᠢᠨ᠎ᠡ᠃ ᠨᠢᠰᠬᠡᠯ ᠢᠶᠠᠷ ᠢᠳᠡᠬᠡᠨ ᠤ ᠵᠦᠢᠯ ᠢ ᠬᠦᠷᠬᠡᠬᠦ᠂ ᠴᠡᠷᠢᠭ ᠤᠨ ᠬᠡᠷᠡᠭᠰᠡᠯ | ᠤᠨ ᠪᠠᠴᠢᠮ ᠪᠠᠶᠢᠳᠠᠯ ᠢ ᠠᠷᠭᠠᠴᠠᠬᠤ ᠵᠡᠷᠬᠡ ᠳᠠᠯ᠎ᠠ ᠳᠤ ᠬᠠᠨᠳᠤᠭᠤᠯᠵᠤ᠂ ᠢᠳᠡᠬᠡᠨ ᠤ ᠵᠦᠢᠯ ᠢ ᠦᠢᠯᠡᠳᠪᠤᠷᠢᠯᠡᠬᠦ ᠳᠤᠯᠤᠭᠠᠶᠢᠯᠠᠭᠴᠢ ᠠᠵᠤ ᠠᠬᠤᠶᠢᠯᠠᠯ ᠪᠤᠯᠤᠨ | ᠲᠦᠷᠦᠯ ᠵᠦᠢᠯ ᠢ ᠤᠷᠢᠨ ᠤᠷᠤᠭᠤᠯᠵᠤ᠂ ᠤᠨᠴᠠᠯᠢᠭᠳᠤ ᠠᠵᠤ ᠦᠢᠯᠡᠰ ᠢ ᠨᠡᠷᠡᠳᠤ ᠳᠡᠮᠳᠡᠭᠳᠤ ᠳᠤᠮᠤ ᠠᠵᠤ ᠠᠬᠤᠶᠢᠯᠠᠯ ᠪᠤᠯᠭᠠᠨ ᠬᠦᠭᠵᠢᠬᠦᠯᠦᠨ᠎ᠡ᠃ | ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠦᠷᠬᠡᠳᠬᠡᠨ᠎ᠡ᠃ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ ᠴᠢᠨᠠᠷ | ᠰᠠᠶᠢᠳᠠᠷ ᠬᠦᠭᠵᠢᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠬᠦᠯᠦᠨ᠎ᠡ᠃ ᠪᠦᠬᠦ ᠤᠷᠤᠨ ᠪᠦᠰᠡ ᠶᠢᠨ ᠠᠮᠢ ᠠᠬᠤᠢ ᠰᠤᠶᠤᠯ ᠵᠢᠭᠤᠯᠴᠢᠯᠠᠯ ᠤᠨ ᠵᠤᠷᠢᠯᠳᠠᠳᠤ | ᠭᠠᠵᠠᠷ ᠤᠨ ᠬᠤᠳᠠ ᠶᠢᠨ ᠪᠠᠶᠢᠭᠤᠯᠤᠯᠳᠠ ᠶᠢᠨ ᠳᠤᠭᠤᠷᠢᠨ ᠳᠤ᠂ ᠲᠦᠷᠦᠯ ᠵᠦᠢᠯ ᠢ ᠠᠳᠬᠤᠬᠤ᠂ ᠬᠡᠯᠪᠡᠷᠢ ᠪᠠᠶᠢᠳᠠᠯ ᠢᠶᠠᠨ ᠪᠠᠶᠠᠯᠢᠭᠵᠢᠭᠤᠯᠬᠤ᠂ ᠵᠤᠭᠠᠴᠠᠭᠰᠠᠳ ᠢ | ᠲᠦᠪᠯᠡᠷᠡᠬᠦᠯᠬᠦ ᠶᠢ ᠤᠯᠠᠮ ᠨᠢᠬᠡ ᠠᠯᠬᠤᠮ ᠪᠡᠶᠡᠯᠡᠬᠦᠯᠦᠨ᠎ᠡ᠃ ᠰᠤᠶᠤᠯ ᠵᠢᠭᠤᠯᠴᠢᠯᠠᠯ ᠤᠨ ᠶᠡᠷᠦᠩᠬᠡᠢ ᠭᠠᠵᠠᠷ ᠤᠨ ᠠᠵᠤ ᠠᠬᠤᠢ ᠶᠢᠨ ᠠᠰᠠᠷ᠂ ᠵᠢᠦ ᠴᠧᠩ ᠬᠦᠩ | ᠤᠨ ᠲᠦᠷᠪᠡᠨ ᠤᠯᠠᠷᠢᠯ ᠤᠨ ᠮᠦᠰᠤ ᠴᠠᠰᠤᠨ ᠤ ᠪᠡᠶ᠎ᠡ ᠶᠢᠨ ᠳᠠᠮᠢᠷ ᠤᠨ ᠳᠠᠯᠠᠪᠡᠢ᠂ ᠳᠠᠯ᠎ᠠ ᠨᠤᠳᠤᠭ ᠤᠨ ᠮᠠᠩᠬᠠᠨ ᠠᠶᠠᠯᠭᠤ ᠶᠢᠨ ᠵᠢᠵᠢᠭ ᠪᠠᠯᠭᠠᠰᠤ᠂ ᠳᠠᠯᠠᠢ ᠶᠢᠨ | ᠠᠮᠢᠳᠠᠨ ᠤ ᠤᠷᠳᠤᠨ ᠤ ᠭᠤᠷᠪᠠᠳᠤᠭᠠᠷ ᠬᠤᠭᠤᠴᠠᠭᠠᠨ ᠤ ᠪᠠᠷᠢᠯᠭ᠎ᠠ᠂ ᠳᠡᠳ᠋ ᠦᠨᠳᠦᠷᠯᠢᠭ ᠤᠨ ᠪᠡᠶ᠎ᠡ ᠶᠢᠨ ᠳᠠᠮᠢᠷ ᠤᠨ ᠪᠤᠯᠪᠠᠰᠤᠷᠠᠯ ᠤᠨ ᠰᠠᠭᠤᠷᠢᠨ ᠭᠠᠵᠠᠷ ᠵᠡᠷᠬᠡ | ᠲᠦᠷᠦᠯ ᠵᠦᠢᠯ ᠤᠨ ᠪᠠᠶᠢᠭᠤᠯᠤᠯᠳᠠ ᠪᠠᠨ ᠡᠬᠢᠯᠡᠬᠦᠯᠵᠤ᠂ ᠮᠠᠶᠢᠯ ᠳᠤᠰᠬᠤᠨ ᠤ ᠠᠹᠷᠢᠺᠠ ᠶᠢᠨ ᠳᠠᠯ᠎ᠠ ᠨᠤᠳᠤᠭ ᠤᠨ ᠬᠡᠬᠡᠷ᠎ᠡ ᠶᠢᠨ ᠠᠮᠢᠳᠠᠨ ᠤ ᠬᠦᠷᠢᠶᠡᠯᠡᠩ᠂ ᠢᠳᠡᠷ | ᠵᠠᠯᠠᠭᠤᠴᠤᠳ ᠤᠨ ᠵᠢᠭᠤᠯᠴᠢᠯᠠᠯ ᠤᠨ ᠶᠡᠷᠦᠩᠬᠡᠢ ᠴᠤᠭᠴᠠ᠂ ᠰᠢᠨ ᠴᠠᠩ ᠣᠣ ᠯᠠᠢ ᠰᠤᠶᠤᠯ ᠵᠢᠭᠤᠯᠴᠢᠯᠠᠯ ᠵᠡᠷᠬᠡ ᠲᠦᠷᠦᠯ ᠵᠦᠢᠯ ᠢ ᠰᠠᠭᠤᠷᠢᠰᠢᠭᠤᠯᠬᠤ ᠶᠢ | ᠢᠳᠡᠪᠬᠢᠳᠡᠢ ᠠᠬᠢᠭᠤᠯᠤᠨ᠎ᠠ᠃ ᠬᠤᠳᠠ ᠶᠢᠨ ᠬᠤᠳᠠᠯᠳᠤᠭᠠᠨ ᠤ ᠲᠦᠪ ᠳᠤᠭᠤᠷᠢᠭ ᠤᠨ ᠠᠷᠠᠯᠵᠢᠶ᠎ᠠ ᠬᠤᠳᠠᠯᠳᠤᠭ᠎ᠠ ᠶᠢᠨ ᠠᠬᠤᠢ ᠪᠠᠶᠢᠳᠠᠯ ᠢ ᠰᠠᠶᠢᠵᠢᠷᠠᠭᠤᠯᠵᠤ᠂ ᠸᠠᠨ | ᠳ᠋ᠠ ᠠᠭᠤᠳᠠᠮ ᠳᠡᠯᠡᠪᠡᠢ ᠶᠢᠨ ᠳᠤᠭᠳᠠᠭᠰᠠᠨ ᠬᠤᠭᠤᠴᠠᠭᠠᠨ ᠳᠤ ᠪᠠᠶᠢᠭᠤᠯᠤᠭᠳᠠᠵᠤ ᠡᠵᠡᠩᠨᠡᠯᠳᠡ ᠬᠢᠬᠦ ᠶᠢ ᠪᠠᠳᠤᠯᠠᠵᠤ᠂ ᠵᠢᠯ ᠤᠨ ᠳᠤᠳᠤᠷ᠎ᠠ ᠵᠤᠭᠠᠴᠠᠭᠰᠠᠳ ᠤᠨ | ᠳᠤᠭ᠎ᠠ 450 ᠲᠦᠮᠡᠨ ᠬᠦᠮᠦᠨ ᠤᠳᠠᠭ᠎ᠠ᠂ ᠵᠢᠭᠤᠯᠴᠢᠯᠠᠯ ᠤᠨ ᠤᠷᠤᠯᠭ᠎ᠠ ᠶᠢ 140 ᠳ᠋ᠦᠩᠰᠢᠭᠤᠷ ᠲᠦᠬᠦᠷᠢᠭ ᠢ ᠪᠡᠶᠡᠯᠡᠬᠦᠯᠬᠦ ᠪᠠᠷ ᠴᠢᠷᠮᠠᠶᠢᠨ᠎ᠠ᠃ ᠦᠪᠡᠷᠮᠢᠴᠡ | ᠤᠨᠴᠠᠯᠢᠭ ᠲᠠᠢ ᠵᠡᠬᠡᠯᠢ ᠭᠤᠳᠤᠮᠵᠢ ᠶᠢ ᠡᠬᠦᠳᠴᠤ᠂ ᠵᠠᠰᠠᠭ ᠤᠨ ᠤᠷᠳᠤᠨ ᠠᠴᠠ ᠤᠳᠤᠷᠢᠳᠤᠨ᠂ ᠵᠠᠬ᠎ᠠ ᠳᠡᠯᠬᠡᠬᠦᠷ ᠬᠦᠢᠴᠡᠳᠬᠡᠵᠤ᠂ ᠠᠵᠤ ᠠᠬᠤᠶᠢᠯᠠᠯ ᠤᠷᠤᠯᠴᠠᠬᠤ | ᠰᠡᠳᠬᠢᠮᠵᠢ ᠶᠤᠰᠤᠭᠠᠷ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠬᠡᠮ ᠳᠤᠭᠤᠷᠢᠭ᠂ ᠦᠵᠡᠮᠵᠢ ᠶᠢᠨ ᠤᠷᠤᠨ ᠢ ᠠᠭᠤᠰᠤᠯᠴᠠᠭᠤᠯᠤᠨ ᠪᠠᠶᠢᠭᠤᠯᠵᠤ᠂ | ᠵᠢᠭᠤᠯᠴᠢᠯᠠᠯ᠂ ᠬᠤᠳᠠᠯᠳᠤᠭ᠎ᠠ᠂ ᠰᠤᠶᠤᠯ ᠤᠨ ᠪᠦᠳᠦᠬᠡᠯᠴᠢ ᠦᠢᠯᠡᠰ᠂ ᠠᠷᠢᠬᠢᠨ ᠪᠠᠭᠠᠷ᠂ ᠢᠳᠡᠬᠡᠨ ᠤᠮᠳᠠᠭᠠᠨ ᠵᠡᠷᠬᠡ ᠦᠢᠯᠡᠰ ᠢ ᠲᠦᠪᠯᠡᠷᠡᠬᠦᠯᠦᠨ | ᠪᠠᠶᠠᠯᠢᠭᠵᠢᠭᠤᠯᠵᠤ᠂ ᠵᠡᠬᠡᠯᠢ ᠭᠤᠳᠤᠮᠵᠢ ᠶᠢᠨ ᠰᠠᠭᠤᠷᠢ ᠲᠦᠬᠦᠬᠡᠷᠦᠮᠵᠢ ᠶᠢ ᠳᠡᠬᠡᠭᠰᠢᠯᠡᠬᠦᠯᠵᠤ᠂ ᠪᠠᠷᠢᠯᠭ᠎ᠠ ᠶᠢᠨ ᠨᠢᠭᠤᠷ ᠳᠠᠯ᠎ᠠ᠂ ᠨᠤᠭᠤᠭᠠᠷᠠᠭᠤᠯᠤᠯᠳᠠ ᠬᠡᠷᠡᠯᠳᠦᠬᠦᠯᠬᠡ | ᠂ ᠦᠵᠡᠮᠵᠢ ᠴᠢᠮᠡᠭᠯᠡᠯ ᠪᠤᠯᠤᠨ ᠠᠭᠤᠷ ᠠᠮᠢᠰᠬᠤᠯ ᠢ ᠪᠤᠢ ᠪᠤᠯᠭᠠᠬᠤ ᠶᠢ ᠨᠢᠬᠡᠳᠤᠯᠳᠡᠢ ᠲᠦᠯᠦᠪᠵᠢᠬᠦᠯᠦᠨ᠂ ᠤᠷᠳᠤᠰ 19 ᠨᠤᠮᠧᠷᠳᠤ᠂ ᠰᠠᠨ ᠺᠧᠦ ᠵᠡᠬᠡᠯᠢ ᠵᠡᠷᠬᠡ | ᠦᠪᠡᠷᠮᠢᠴᠡ ᠤᠨᠴᠠᠯᠢᠭ ᠲᠠᠢ ᠵᠡᠬᠡᠯᠢ ᠭᠤᠳᠤᠮᠵᠢ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠤᠨ᠎ᠠ᠃ ᠰᠢᠩ ᠾᠧ ᠪᠦᠯᠦᠭᠯᠡᠯ ᠵᠡᠷᠬᠡ ᠳᠤᠮᠤ ᠬᠡᠯᠪᠡᠷᠢ ᠶᠢᠨ | ᠠᠵᠤ ᠠᠬᠤᠶᠢᠯᠠᠯ ᠯᠤᠭ᠎ᠠ ᠬᠤᠷᠰᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠦᠪᠡᠷᠮᠢᠴᠡ ᠤᠨᠴᠠᠯᠢᠭ ᠲᠠᠢ ᠠᠮᠳᠠᠳᠤ ᠢᠳᠡᠬᠡᠨ ᠤ ᠵᠡᠬᠡᠯᠢ ᠶᠢᠨ ᠪᠦᠳᠦᠬᠡᠨ | ᠪᠠᠶᠢᠭᠤᠯᠤᠯᠳᠠ ᠪᠠᠨ ᠠᠬᠢᠭᠤᠯᠤᠨ᠎ᠠ᠃ ᠡᠯ᠎ᠡ ᠲᠦᠷᠦᠯ ᠤᠨ ᠰᠤᠶᠤᠯ ᠵᠢᠭᠤᠯᠴᠢᠯᠠᠯ ᠪᠠᠶᠠᠷ ᠳᠤᠷᠠᠰᠬᠠᠯ ᠤᠨ ᠠᠵᠢᠯᠯᠠᠭ᠎ᠠ ᠪᠠᠨ ᠦᠷᠬᠦᠯᠵᠢᠯᠡᠨ ᠦᠷᠨᠢᠬᠦᠯᠵᠤ᠂ ᠪᠦᠬᠦ | ᠠᠷᠠᠳ ᠤᠨ ᠪᠡᠶ᠎ᠡ ᠪᠤᠯᠪᠠᠰᠤᠷᠠᠭᠤᠯᠬᠤ ᠲᠦᠪ ᠵᠡᠷᠬᠡ ᠠᠵᠢᠯᠯᠠᠭᠠᠨ ᠤ ᠳᠠᠯᠠᠪᠤᠷ ᠢ ᠠᠰᠢᠭᠯᠠᠵᠤ᠂ ᠬᠤᠷᠠᠯ ᠦᠵᠡᠰᠬᠦᠯᠡᠩ ᠤᠨ ᠴᠤᠭᠯᠠᠭᠠᠨ᠂ ᠰᠤᠶᠤᠯ ᠳᠠᠮᠢᠷ ᠤᠨ | ᠤᠷᠤᠯᠳᠤᠭᠠᠨ᠂ ᠪᠦᠳᠦᠬᠡᠭᠳᠡᠬᠦᠨ ᠤ ᠳᠠᠯᠬᠡᠨ ᠪᠤᠷᠤᠯᠠᠭᠤᠯᠤᠯᠳᠠ ᠵᠡᠷᠬᠡ ᠠᠵᠢᠯᠯᠠᠭᠠᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠦᠪᠯᠡᠷᠡᠬᠦᠯᠦᠨ ᠬᠠᠮᠢᠶᠠᠷᠴᠤ | ᠂ ᠵᠠᠬ᠎ᠠ ᠳᠡᠯᠬᠡᠬᠦᠷᠴᠢᠯᠡᠭᠰᠡᠨ ᠡᠵᠡᠩᠨᠡᠯᠳᠡ ᠬᠢᠨ᠎ᠡ᠃ ᠳᠤᠨᠤᠭ ᠲᠦᠬᠦᠬᠡᠷᠦᠮᠵᠢ ᠦᠢᠯᠡᠳᠬᠦ ᠰᠠᠭᠤᠷᠢᠨ ᠭᠠᠵᠠᠷ ᠤᠨ ᠬᠦᠬᠡᠬᠤᠳᠠ ᠶᠢᠨ ᠳᠠᠮᠤᠷ ᠵᠠᠮ ᠤᠨ ᠡᠳ᠋ ᠪᠠᠷᠠᠭ᠎ᠠ | ᠶᠢᠨ ᠬᠦᠢᠯᠬᠡᠬᠡᠨ ᠤ ᠰᠠᠭᠤᠷᠢᠨ ᠭᠠᠵᠠᠷ᠂ ᠬᠦᠬᠡᠬᠤᠳᠠ — ᠵᠡᠬᠦᠠᠭᠠᠷ — ᠤᠷᠳᠤᠰ ᠳᠠᠮᠤᠷ ᠵᠠᠮ ᠤᠨ ᠳ᠋ᠦᠩᠱᠧᠩ ᠵᠡᠬᠦᠨ ᠨᠡᠬᠦᠷᠡᠰᠤ ᠶᠢ ᠲᠦᠪᠯᠡᠷᠡᠬᠦᠯᠦᠨ | ᠳᠡᠬᠡᠬᠡᠪᠤᠷᠢᠯᠡᠬᠦ ᠦᠷᠳᠡᠭᠡ ᠪᠤᠯᠤᠨ ᠬᠠᠨᠳᠠᠢ ᠶᠢᠨ ᠨᠡᠬᠦᠷᠡᠰᠤ ᠶᠢ ᠲᠦᠪᠯᠡᠷᠡᠬᠦᠯᠦᠨ ᠰᠠᠪᠠᠯᠠᠬᠤ ᠦᠷᠳᠡᠭᠡ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ | ᠡᠬᠢᠯᠡᠨ ᠪᠠᠶᠢᠭᠤᠯᠵᠤ᠂ ᠤᠯᠠᠨ ᠬᠡᠯᠪᠡᠷᠢ ᠶᠢ ᠬᠠᠮᠳᠤᠳᠬᠠᠭᠰᠠᠨ ᠳᠡᠬᠡᠬᠡᠪᠤᠷᠢ᠂ ᠳᠤᠮᠳᠠ ᠤᠬᠤᠷ ᠵᠠᠮ ᠤᠨ ᠪᠠᠷᠠᠭ᠎ᠠ ᠶᠢ ᠳᠠᠭᠠᠭᠠᠨ ᠬᠦᠷᠬᠡᠬᠦ ᠵᠡᠷᠬᠡ ᠪᠠᠷᠠᠭᠠᠨ ᠤ | ᠬᠦᠢᠯᠬᠡᠬᠡᠨ ᠢ ᠲᠦᠷᠬᠡᠨ ᠬᠦᠭᠵᠢᠬᠦᠯᠵᠤ᠂ ᠬᠤᠩ ᠶᠧ ᠲᠦᠷᠬᠡᠨ ᠬᠦᠷᠬᠡᠯᠳᠡ ᠶᠢᠨ ᠬᠦᠷᠢᠶᠡᠯᠡᠩ᠂ ᠶᠦᠨ ᠯᠤ᠋ ᠪᠠᠷᠠᠭᠠᠨ ᠤ ᠬᠦᠢᠯᠬᠡᠬᠡᠨ ᠤ ᠦᠢᠯᠡᠰ ᠤᠨ ᠬᠦᠷᠢᠶᠡᠯᠡᠩ | ᠵᠡᠷᠬᠡ ᠪᠠᠷᠢᠮᠵᠢᠶᠠᠵᠢᠭᠰᠡᠨ ᠳᠤᠷᠰᠢᠯᠳᠠ ᠶᠢᠨ ᠴᠡᠭ ᠢ ᠭᠤᠤᠯᠳᠠᠯᠭ᠎ᠠ ᠲᠠᠢ ᠳᠡᠮᠵᠢᠵᠤ᠂ ᠪᠠᠷᠠᠭᠠᠨ ᠤ ᠬᠦᠢᠯᠬᠡᠬᠡᠨ ᠤ ᠦᠷᠳᠡᠭ ᠤᠨ ᠦᠨᠳᠤᠷ ᠪᠠᠶᠢᠬᠤ ᠠᠰᠠᠭᠤᠳᠠᠯ ᠢ | ᠪᠦᠳᠦᠮᠵᠢᠳᠡᠢ ᠰᠢᠢᠳᠪᠤᠷᠢᠯᠡᠨ᠎ᠡ᠃ ᠪᠧᠢ ᠴᠧᠨ ᠠᠽᠢᠶ᠎ᠠ ᠲᠦᠪ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠳᠤᠰᠬᠤᠨ ᠤ ᠮᠠᠰᠢᠨ ᠳᠡᠷᠬᠡᠨ ᠤ ᠠᠷᠠᠯᠵᠢᠶᠡᠨ ᠤ ᠵᠠᠬ᠎ᠠ | ᠳᠡᠯᠬᠡᠬᠦᠷ ᠲᠠᠢ ᠬᠠᠮᠳᠤᠷᠠᠨ ᠠᠵᠢᠯᠯᠠᠵᠤ᠂ ᠭᠠᠷ ᠳᠠᠮᠵᠢᠭᠰᠡᠨ ᠮᠠᠰᠢᠨ ᠳᠡᠷᠬᠡᠨ ᠤ ᠵᠠᠬ᠎ᠠ ᠳᠡᠯᠬᠡᠬᠦᠷ ᠢ ᠤᠯᠠᠮ ᠨᠢᠬᠡ ᠠᠯᠬᠤᠮ ᠪᠤᠵᠠᠭᠠᠶᠢᠷᠠᠭᠤᠯᠤᠨ᠎ᠠ᠃ | ᠤᠯᠠᠨ ᠵᠦᠢᠯ ᠤᠨ ᠠᠷᠭ᠎ᠠ ᠠᠪᠴᠠᠯ ᠠᠪᠴᠤ᠂ ᠨᠦᠬᠡᠴᠡᠯᠡᠨ ᠦᠯᠡᠳᠡᠭᠰᠡᠨ ᠡᠬᠢ ᠪᠠᠶᠠᠯᠢᠭ ᠢ ᠡᠷᠬᠢᠯᠳᠡ ᠳᠤ ᠤᠷᠤᠭᠤᠯᠤᠨ᠎ᠠ᠃ ᠬᠡᠷᠡᠭᠯᠡᠯᠳᠡ ᠳᠤ | ᠤᠷᠤᠭᠤᠯᠤᠭᠰᠠᠨ ᠦᠬᠡᠢ ᠭᠠᠵᠠᠷ᠂ ᠦᠢᠯᠡᠳᠪᠤᠷᠢ ᠶᠢᠨ ᠬᠡᠷ ᠪᠠᠶᠢᠰᠢᠩ᠂ ᠠᠰᠠᠷ ᠳᠠᠭᠳᠤ ᠶᠢ ᠳᠤᠭᠳᠠᠭᠰᠠᠨ ᠴᠠᠭ ᠲᠤ ᠦᠬᠡᠷᠡᠴᠢᠯᠡᠨ ᠵᠠᠰᠠᠬᠤ᠂ ᠲᠦᠷᠢᠶᠡᠰᠤᠯᠡᠨ | ᠦᠬᠡᠷᠡᠴᠢᠯᠡᠬᠦ᠂ ᠬᠡᠰᠡᠭ ᠬᠤᠪᠢᠶᠠᠨ ᠰᠢᠯᠵᠢᠬᠦᠯᠬᠦ᠂ ᠬᠠᠤᠯᠢ ᠶᠤᠰᠤᠭᠠᠷ ᠢᠯᠭᠠᠷᠠᠭᠤᠯᠤᠨ ᠪᠤᠴᠠᠭᠠᠬᠤ ᠵᠡᠷᠬᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ | ᠢ ᠵᠢᠯᠤᠭᠤᠳᠤᠨ ᠨᠢᠬᠡ ᠪᠦᠯᠦᠭ ᠲᠤ ᠨᠢ ᠪᠡᠯᠡ ᠤᠷᠤᠭᠤᠯᠤᠯᠳᠠ ᠨᠡᠮᠡᠭᠳᠡᠬᠦᠯᠵᠤ ᠠᠵᠢᠯ ᠰᠡᠷᠬᠦᠬᠡᠨ᠂ ᠨᠢᠬᠡ ᠪᠦᠯᠦᠭ ᠢ ᠨᠢ ᠬᠠᠮᠳᠤᠷᠠᠯᠴᠠᠭ᠎ᠠ ᠬᠢᠵᠤ ᠳᠠᠬᠢᠨ | ᠪᠠᠶᠢᠭᠤᠯᠵᠤ᠂ ᠨᠢᠬᠡ ᠪᠦᠯᠦᠭ ᠢ ᠨᠢ ᠬᠤᠶᠠᠳᠠᠭᠴᠢ ᠤᠳᠠᠭ᠎ᠠ ᠠᠷᠠᠯᠵᠢᠶᠠᠴᠢᠨ ᠤᠷᠢᠵᠤ ᠡᠷᠬᠢᠯᠳᠡ ᠳᠤ ᠤᠷᠤᠭᠤᠯᠵᠤ᠂ ᠠᠯᠬᠤᠮ ᠠᠯᠬᠤᠮ ᠢᠶᠠᠷ ᠰᠡᠷᠬᠦᠬᠡᠨ | ᠠᠬᠢᠭᠤᠯᠵᠤ᠂ ᠡᠷᠡᠮᠡᠯᠵᠡᠯᠡᠨ ᠠᠪᠬᠤ ᠠᠴᠠ ᠪᠠᠶᠢᠭᠤᠯᠬᠤ ᠦᠬᠡᠢ᠂ ᠪᠠᠶᠢᠭᠤᠯᠤᠭᠰᠠᠨ ᠤ ᠳᠠᠷᠠᠭ᠎ᠠ ᠪᠡᠯᠡ ᠤᠷᠤᠭᠤᠯᠬᠤ ᠦᠬᠡᠢ ︽ᠤᠷᠤᠨᠴᠤᠭ ᠲᠦᠷᠦᠯ ᠵᠦᠢᠯ︾᠂ ︽ | ᠤᠳᠠᠭᠠᠮᠠᠬᠠᠢ ᠢᠨᠵᠧᠨᠧᠷᠢᠩ︾ ᠢ ᠴᠡᠭᠴᠡᠯᠡᠨ᠎ᠡ᠃ ᠬᠤᠳᠠ ᠶᠢᠨ ᠳᠤᠭᠤᠷᠢᠭ ᠤᠨ ᠬᠤᠳᠠᠯᠳᠤᠭᠠᠨ ᠤ ᠬᠦᠮᠦᠷᠬᠡ ᠶᠢᠨ ᠬᠠᠳᠠᠭᠠᠯᠠᠮᠵᠢ ᠶᠢᠨ ᠠᠰᠠᠭᠤᠳᠠᠯ ᠳᠤ | ᠭᠤᠤᠯᠳᠠᠯᠭ᠎ᠠ ᠲᠠᠢ ᠴᠢᠭᠯᠡᠬᠦᠯᠦᠨ᠂ ᠪᠤᠳᠠᠳᠤ ᠬᠦᠴᠦᠨ ᠲᠠᠢ ᠪᠡᠯᠡ ᠤᠷᠤᠭᠤᠯᠤᠭᠰᠠᠨ ᠬᠤᠳᠠᠯᠳᠤᠭᠠᠴᠢᠨ ᠢ ᠵᠢᠯᠤᠭᠤᠳᠤᠨ ᠤᠷᠤᠨᠴᠤᠭ ᠠᠵᠤ ᠠᠬᠤᠶᠢᠯᠠᠯ ᠪᠤᠯᠤᠨ | ᠲᠦᠷᠦᠯ ᠵᠦᠢᠯ ᠢ ᠨᠢᠬᠡᠳᠬᠡᠨ ᠳᠠᠬᠢᠨ ᠵᠤᠬᠢᠶᠠᠨ ᠪᠠᠶᠢᠭᠤᠯᠵᠤ᠂ ᠬᠤᠯᠪᠤᠭᠠᠯᠠᠨ ᠨᠡᠬᠡᠬᠡᠨ ᠠᠰᠢᠭᠯᠠᠨ᠂ ᠬᠤᠷᠰᠢᠨ ᠡᠵᠡᠩᠨᠡᠨ᠎ᠡ᠃ ᠶᠡᠷᠦᠩᠬᠡᠢ ᠭᠠᠵᠠᠷ ᠤᠨ ᠠᠵᠤ ᠠᠬᠤᠢ | ᠪᠤᠯᠤᠨ ᠠᠰᠠᠷ ᠳᠠᠭᠳᠤ ᠶᠢᠨ ᠠᠵᠤ ᠠᠬᠤᠢ ᠶᠢ ᠢᠳᠡᠪᠬᠢᠳᠡᠢ ᠬᠦᠭᠵᠢᠬᠦᠯᠵᠤ᠂ ᠨᠠᠰᠤᠳᠠᠶᠢᠴᠤᠳ ᠤᠨ ᠠᠰᠠᠷᠠᠮᠵᠢ ᠶᠢᠨ ᠨᠡᠶᠢᠳᠡ ᠶᠢᠨ ᠤᠷᠤᠨ ᠰᠠᠭᠤᠴᠠ᠂ ᠪᠠᠭᠤᠳᠠᠯ | ᠬᠤᠨᠤᠭ ᠤᠨ ᠭᠠᠵᠠᠷ᠂ ᠬᠤᠳᠠᠯᠳᠤᠭᠠᠨ ᠤ ᠵᠢᠵᠢᠭᠯᠡᠨ ᠪᠤᠷᠤᠯᠠᠭᠤᠯᠬᠤ᠂ ᠰᠡᠯᠡᠬᠦᠯᠢᠭ ᠪᠡᠶ᠎ᠡ ᠶᠢᠨ ᠳᠠᠮᠢᠷ᠂ ᠰᠤᠶᠤᠯ ᠤᠨ ᠦᠢᠯᠡᠰ ᠤᠨ ᠪᠦᠳᠦᠬᠡᠯᠴᠢ ᠰᠡᠳᠬᠢᠬᠦᠢ ᠶᠢᠨ | ᠠᠵᠤ ᠦᠢᠯᠡᠳᠪᠤᠷᠢ ᠵᠡᠷᠬᠡ ᠡᠵᠡᠩᠨᠡᠯᠳᠡ ᠶᠢᠨ ᠳᠤᠭᠤᠷᠢᠨ ᠳᠤ ᠭᠤᠤᠯᠯᠠᠭᠴᠢ ᠠᠵᠢᠯ ᠮᠡᠷᠬᠡᠵᠢᠯ ᠡᠵᠡᠩᠨᠡᠬᠦ᠂ ᠬᠤᠯᠪᠤᠭᠠᠯᠠᠨ ᠡᠵᠡᠩᠨᠡᠬᠦ ᠵᠡᠷᠬᠡ ᠠᠷᠭ᠎ᠠ ᠪᠠᠷᠢᠯ ᠢ ᠠᠪᠴᠤ | ᠂ ᠬᠤᠳᠠᠯᠳᠤᠭ᠎ᠠ ᠶᠢᠨ ᠡᠵᠡᠩᠨᠡᠯᠳᠡ ᠪᠠᠨ ᠡᠬᠢᠯᠡᠬᠦᠯᠬᠦ ᠶᠢ ᠳᠡᠮᠵᠢᠵᠤ᠂ ᠪᠦᠬᠦ ᠵᠢᠯ ᠲᠤ 100 ᠲᠦᠮᠡᠨ ᠬᠠᠪᠳᠠᠭᠠᠢ ᠲᠦᠷᠪᠡᠯᠵᠢᠨ ᠮᠧᠲᠷ ᠬᠤᠳᠠᠯᠳᠤᠭᠠᠨ ᠤ ᠠᠰᠠᠷ ᠢ | ᠡᠷᠬᠢᠯᠳᠡ ᠳᠤ ᠤᠷᠤᠭᠤᠯᠬᠤ ᠪᠠᠷ ᠴᠢᠷᠮᠠᠶᠢᠨ᠎ᠠ᠃ | ᠲᠦᠯᠦᠬᠡᠯᠡᠭᠴᠢᠳ ᠡ᠂ ᠬᠦᠭᠵᠢᠯᠳᠡ ᠪᠤᠯ ᠳ᠋ᠦᠩᠱᠧᠩ ᠤᠨ ᠠᠯᠢᠪᠠ ᠵᠦᠷᠢᠴᠡᠯ ᠤᠨ ᠠᠰᠠᠭᠤᠳᠠᠯ ᠢ ᠰᠢᠢᠳᠪᠤᠷᠢᠯᠡᠬᠦ ᠰᠠᠭᠤᠷᠢ ᠪᠤᠯᠤᠨ ᠵᠠᠩᠬᠢᠯᠠᠭ᠎ᠠ ᠪᠤᠯᠤᠨ᠎ᠠ᠂ | ᠲᠦᠷᠦᠯ ᠵᠦᠢᠯ ᠪᠤᠯ ᠰᠢᠨ᠎ᠡ ᠬᠠᠭᠤᠴᠢᠨ ᠬᠦᠳᠡᠯᠬᠡᠬᠦᠷ ᠤᠨ ᠰᠤᠯᠢᠭᠳᠠᠯ ᠢ ᠠᠬᠢᠭᠤᠯᠬᠤ ᠬᠦᠳᠡᠯᠬᠡᠭᠴᠢ ᠪᠤᠯᠤᠨ ᠳᠤᠯᠭᠠᠭᠤᠷᠢᠯᠠᠯ ᠪᠠᠶᠢᠵᠤ᠂ ᠲᠦᠷᠦᠯ ᠵᠦᠢᠯ ᠦᠬᠡᠢ | ᠪᠤᠯ ᠬᠦᠭᠵᠢᠯᠳᠡ ᠪᠠᠶᠢᠵᠤ ᠴᠢᠳᠠᠬᠤ ᠦᠬᠡᠢ᠂ ᠤᠷᠤᠭᠰᠢᠯᠠᠯᠳᠠ ᠪᠠᠶᠢᠵᠤ ᠴᠢᠳᠠᠬᠤ ᠦᠬᠡᠢ᠃ ᠪᠢᠳᠠ ᠢᠮᠠᠭᠳᠠ ᠲᠦᠷᠦᠯ ᠵᠦᠢᠯ ᠢᠶᠠᠷ ᠦᠨᠳᠤᠰᠤᠨ ᠭᠠᠷᠳᠠᠴᠠ | ᠪᠤᠯᠭᠠᠵᠤ᠂ ᠵᠤᠷᠢᠭ ᠰᠢᠭᠤᠳᠤᠨ᠂ ᠬᠦᠴᠦ ᠤᠷᠤᠭᠤᠯᠵᠤ᠂ ᠬᠤᠳᠠᠯᠳᠤᠭᠠᠴᠢᠨ ᠤᠷᠢᠬᠤ ᠶᠢ ᠠᠳᠬᠤᠨ᠂ ᠲᠦᠷᠦᠯ ᠵᠦᠢᠯ ᠢ ᠤᠷᠤᠨᠵᠢᠭᠤᠯᠵᠤ᠂ ᠠᠵᠤ ᠦᠢᠯᠡᠰ ᠢ | ᠪᠤᠶᠢᠵᠢᠭᠤᠯᠪᠠᠯ᠂ ᠠᠵᠤ ᠦᠢᠯᠡᠰ ᠤᠨ ᠰᠢᠨ᠎ᠡ ᠤᠷᠤᠨ ᠵᠠᠢ ᠶᠢ ᠦᠷᠬᠡᠳᠬᠡᠵᠤ᠂ ᠠᠵᠤ ᠠᠬᠤᠢ ᠶᠢᠨ ᠰᠢᠨ᠎ᠡ ᠬᠦᠳᠡᠯᠬᠡᠭᠴᠢ ᠬᠦᠴᠦᠨ ᠢ ᠲᠦᠷᠬᠡᠳᠬᠡᠨ᠂ ᠳ᠋ᠦᠩᠱᠧᠩ | ᠤᠨ ᠬᠦᠭᠵᠢᠯᠳᠡ ᠶᠢᠨ ᠰᠢᠨ᠎ᠡ ᠲᠦᠪᠰᠢᠨ ᠢ ᠡᠬᠦᠳᠴᠤ ᠴᠢᠳᠠᠨ᠎ᠠ᠃ | ︵ᠭᠤᠷᠪᠠ︶ ᠬᠦᠴᠦ ᠪᠠᠨ ᠲᠦᠪᠯᠡᠷᠡᠬᠦᠯᠦᠨ ᠦᠬᠡᠷᠡᠴᠢᠯᠡᠨ ᠰᠢᠨᠡᠴᠢᠯᠡᠵᠤ᠂ ᠳᠤᠭᠳᠠᠭᠤᠨ ᠨᠡᠮᠡᠭᠳᠡᠯ ᠤᠨ ᠬᠦᠳᠡᠯᠬᠡᠭᠴᠢ ᠬᠦᠴᠦᠨ ᠪᠤᠯᠤᠨ ᠠᠮᠢᠵᠢᠷᠠᠯ ᠤᠨ | ᠬᠦᠴᠦᠨ ᠢ ᠴᠢᠷᠮᠠᠶᠢᠨ ᠬᠦᠭᠵᠢᠬᠦᠯᠦᠨ᠎ᠡ᠃ | ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠬᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠬᠡ ᠡᠬᠦᠳᠡ᠂ ᠨᠢᠬᠡ ᠨᠤᠮᠧᠷ᠂ ᠨᠢᠬᠡ | ᠰᠦᠯᠵᠢᠶ᠎ᠡ᠂ ᠨᠢᠬᠡ ᠴᠤᠩᠬᠤ᠂ ᠨᠢᠬᠡ ᠤᠳᠠᠭ᠎ᠠ︾ ᠶᠢᠨ ᠦᠬᠡᠷᠡᠴᠢᠯᠡᠯᠳᠡ ᠶᠢ ᠠᠬᠢᠭᠤᠯᠵᠤ᠂ ︽ᠨᠢᠬᠡ ᠰᠦᠯᠵᠢᠶ᠎ᠡ︾ ᠪᠠᠷ ᠨᠡᠶᠢᠳᠡᠮ ᠰᠢᠢᠳᠪᠤᠷᠢᠯᠡᠬᠦ᠂ ︽ᠨᠢᠬᠡ | ᠴᠤᠩᠬᠤ︾ ᠪᠠᠷ ᠬᠦᠯᠢᠶᠡᠨ ᠰᠢᠢᠳᠪᠤᠷᠢᠯᠡᠬᠦ᠂ ︽ᠨᠢᠬᠡ ᠯᠠ ᠤᠳᠠᠭ᠎ᠠ ᠳᠡᠬᠡᠷ᠎ᠡ ᠪᠡᠶᠡᠯᠡᠬᠦᠯᠬᠦ︾ ᠨᠢ 80% ᠳᠤ ᠬᠦᠷᠦᠭᠰᠡᠨ ᠪᠠᠶᠢᠨ᠎ᠠ᠃ ᠪᠦᠬᠦ ᠶᠠᠪᠤᠴᠠ᠂ ᠨᠡᠶᠢᠳᠡᠮ | ᠪᠦᠷᠬᠦᠬᠦᠯᠬᠦ ᠢᠨᠵᠧᠨᠧᠷᠢᠩ ᠤᠨ ᠪᠠᠶᠢᠭᠤᠯᠤᠯᠳᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠯᠳᠡ ᠶᠢᠨ ᠲᠦᠷᠢᠮ ᠤᠨ ᠦᠬᠡᠷᠡᠴᠢᠯᠡᠯᠳᠡ ᠶᠢ ᠦᠷᠨᠢᠬᠦᠯᠵᠤ᠂ ᠡᠯ᠎ᠡ | ᠲᠦᠷᠦᠯ ᠤᠨ ᠪᠡᠯᠡ ᠤᠷᠤᠭᠤᠯᠤᠯᠳᠠ ᠶᠢᠨ ᠬᠢᠨᠠᠨ ᠵᠦᠪᠰᠢᠶᠡᠷᠡᠯᠳᠡ ᠶᠢ ᠪᠦᠬᠦᠨ ᠢ ᠰᠦᠯᠵᠢᠶ᠎ᠡ ᠪᠠᠷ ᠨᠡᠶᠢᠯᠡᠬᠦᠯᠦᠨ ᠬᠠᠮᠳᠤ ᠳᠤ ᠨᠢ ᠰᠢᠢᠳᠪᠤᠷᠢᠯᠡᠬᠦ ᠶᠢ ᠪᠡᠶᠡᠯᠡᠬᠦᠯᠦᠨ᠎ᠡ | ᠃ ᠵᠠᠬ᠎ᠠ ᠳᠡᠯᠬᠡᠬᠦᠷ ᠲᠤ ᠤᠷᠤᠬᠤ ᠵᠦᠪᠰᠢᠶᠡᠷᠡᠯ ᠤᠨ ︽ᠤᠷᠤᠭᠤ ᠳᠠᠯ᠎ᠠ ᠶᠢᠨ ᠨᠠᠷᠢᠨ ᠳᠠᠩᠰᠠ︾ ᠶᠢ ᠬᠡᠷᠡᠭᠵᠢᠬᠦᠯᠵᠤ᠂ ︽ᠦᠨᠡᠮᠯᠡᠯ ᠪᠤᠯᠤᠨ ᠬᠡᠷᠡᠴᠢ ᠶᠢ ᠰᠠᠯᠭᠠᠬᠤ | ︾ ᠦᠬᠡᠷᠡᠴᠢᠯᠡᠯᠳᠡ ᠶᠢ ᠪᠦᠬᠦ ᠳᠠᠯ᠎ᠠ ᠪᠠᠷ ᠨᠡᠶᠢᠳᠡᠯᠡᠨ ᠬᠡᠷᠡᠭᠵᠢᠬᠦᠯᠵᠤ᠂ ᠳᠤᠭᠳᠠᠭᠰᠠᠨ ᠬᠤᠭᠤᠴᠠᠭᠠᠨ ᠳᠤ ᠬᠢᠨᠠᠨ ᠵᠦᠪᠰᠢᠶᠡᠷᠡᠬᠦ ᠶᠢ ᠬᠡᠷᠡᠭᠵᠢᠬᠦᠯᠦᠨ᠂ ᠪᠦᠷᠢᠨ ᠪᠤᠰᠤ | ᠪᠤᠯᠤᠨ ᠳᠠᠷᠠᠭ᠎ᠠ ᠪᠠᠷ ᠬᠢᠨᠠᠨ ᠵᠦᠪᠰᠢᠶᠡᠷᠡᠬᠦᠯᠬᠦ ᠶᠢ ᠳᠤᠷᠰᠢᠨ ᠬᠡᠷᠡᠭᠵᠢᠬᠦᠯᠦᠨ᠎ᠡ᠃ ᠵᠠᠰᠠᠭ ᠵᠠᠬᠢᠷᠭᠠᠨ ᠤ ᠵᠦᠪᠰᠢᠶᠡᠷᠡᠯ ᠵᠡᠷᠬᠡ ᠤᠴᠢᠷ ᠶᠠᠪᠤᠳᠠᠯ ᠢ ᠤᠯᠠᠮ ᠨᠢᠬᠡ | ᠠᠯᠬᠤᠮ ᠪᠠᠭᠠᠰᠬᠠᠨ ᠬᠠᠰᠤᠵᠤ᠂ ᠠᠵᠢᠯ ᠲᠦᠷᠦᠯ ᠤᠨ ᠨᠡᠶᠢᠬᠡᠮᠯᠢᠭ᠂ ᠬᠤᠳᠠᠯᠳᠤᠭᠠᠨ ᠤ ᠡᠪᠯᠡᠯ ᠤᠨ ᠰᠦᠢᠳᠬᠡᠯ ᠬᠤᠷᠢᠶᠠᠯᠳᠠ ᠶᠢ ᠪᠠᠶᠢᠴᠠᠭᠠᠬᠤ ᠶᠢ ᠦᠷᠨᠢᠬᠦᠯᠦᠨ᠂ | ᠠᠵᠤ ᠠᠬᠤᠶᠢᠯᠠᠯ ᠤᠨ ᠦᠪᠡᠷ ᠤᠨ ᠡᠬᠦᠷᠬᠡ ᠳᠠᠷᠤᠭᠠᠰᠤ ᠪᠠᠨ ᠦᠨᠡᠨ ᠬᠦ ᠬᠦᠩᠬᠡᠯᠡᠨ᠎ᠡ᠃ ᠬᠤᠳᠠᠯᠳᠤᠭ᠎ᠠ ᠡᠷᠬᠢᠯᠡᠬᠦ ᠤᠷᠴᠢᠨ ᠤ ᠬᠢᠨᠠᠨ ᠦᠨᠡᠯᠡᠯᠳᠡ ᠶᠢ | ᠴᠢᠩᠭᠠᠳᠬᠠᠵᠤ᠂ ᠬᠢᠨᠠᠨ ᠵᠦᠪᠰᠢᠶᠡᠷᠡᠬᠦᠯᠬᠦ ᠶᠠᠪᠤᠴᠠ ᠳᠤᠮᠳᠠ᠂ ᠰᠢᠢᠳᠪᠤᠷᠢᠯᠡᠬᠦ ᠶᠠᠪᠤᠴᠠ ᠳᠤᠮᠳᠠᠬᠢ ᠲᠦᠪᠡᠭ ᠲᠠᠢ ᠠᠰᠠᠭᠤᠳᠠᠯ ᠢ ᠪᠦᠬᠦ ᠳᠠᠯ᠎ᠠ ᠪᠠᠷ ᠪᠠᠶᠢᠴᠠᠭᠠᠵᠤ | ᠵᠠᠰᠠᠨ ᠴᠡᠭᠴᠡᠯᠡᠵᠤ᠂ ᠵᠠᠬ᠎ᠠ ᠳᠡᠯᠬᠡᠬᠦᠷ ᠤᠨ ᠡᠯ᠎ᠡ ᠲᠦᠷᠦᠯ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠬᠡ ᠠᠯᠬᠤᠮ ᠬᠦᠭᠵᠢᠬᠡᠵᠤ᠂ ᠪᠦᠬᠦ | ᠵᠢᠯ ᠤᠨ ᠰᠢᠨ᠎ᠡ ᠪᠠᠷ ᠳᠠᠩᠰᠠᠯᠠᠭᠰᠠᠨ ᠵᠠᠬ᠎ᠠ ᠳᠡᠯᠬᠡᠬᠦᠷ ᠤᠨ ᠭᠤᠤᠯ ᠴᠤᠭᠴᠠ ᠶᠢ 1.5 ᠲᠦᠮᠡᠨ ᠡᠷᠦᠬᠡ ᠠᠴᠠ ᠳᠠᠪᠠᠭᠤᠯᠬᠤ ᠪᠠᠷ ᠴᠢᠷᠮᠠᠶᠢᠨ᠎ᠠ᠃ ︽ᠬᠤᠶᠠᠷ | ᠳᠤᠬᠢᠶᠠᠯ ᠢ ᠳᠠᠭᠠᠯᠳᠤᠭᠤᠯᠵᠤ ᠨᠢᠬᠡ ᠶᠢ ᠢᠯᠡ ᠪᠠᠶᠢᠯᠭᠠᠬᠤ︾ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠳᠠᠪᠴᠠᠩ ᠤᠨ ᠦᠢᠯᠡᠳᠤᠯ ᠢ ᠪᠠᠳᠠᠷᠠᠭᠤᠯᠵᠤ᠂ ᠰᠠᠯᠠᠭ᠎ᠠ | ᠮᠦᠴᠢᠷ ᠠᠯᠤᠰᠯᠠᠨ ᠬᠠᠮᠳᠤ ᠪᠠᠷ ᠬᠢᠨᠠᠨ ᠬᠠᠮᠢᠶᠠᠷᠬᠤ ᠪᠤᠯᠤᠨ ᠬᠤᠯᠪᠤᠭᠠᠯᠠᠵᠤ ᠵᠠᠯᠬᠠᠭᠠᠨ ᠰᠢᠢᠳᠬᠡᠬᠦ ᠶᠢ ᠴᠢᠩᠭᠠᠳᠬᠠᠨ᠎ᠠ᠃ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ | ᠦᠬᠡᠷᠡᠴᠢᠯᠡᠯᠳᠡ ᠶᠢ ᠦᠷᠬᠦᠯᠵᠢᠯᠡᠨ ᠰᠢᠯᠢᠳᠡᠭᠵᠢᠬᠦᠯᠵᠤ᠂ ᠦᠨᠳᠤᠰᠤᠨ ᠱᠠᠳᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠡᠬᠦᠷᠬᠡ ᠴᠢᠳᠠᠪᠬᠢ ᠳᠤᠰᠢᠶᠠᠯ | ᠬᠠᠷᠢᠭᠤᠴᠠᠯᠭ᠎ᠠ ᠪᠠᠨ ᠤᠯᠠᠮ ᠨᠢᠬᠡ ᠠᠯᠬᠤᠮ ᠴᠢᠩᠭᠠᠳᠬᠠᠵᠤ᠂ ᠬᠦᠢᠴᠡᠳ ᠬᠢᠨᠠᠯᠳᠠ ᠳᠠᠯᠪᠢᠬᠤ ᠮᠦᠷᠳᠡᠬᠡᠨ ᠬᠦᠢᠴᠡᠳ ᠬᠠᠮᠢᠶᠠᠷᠤᠨ᠎ᠠ᠃ | ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠬᠦᠭᠵᠢᠨ ᠪᠤᠵᠠᠭᠠᠶᠢᠷᠠᠬᠤ ᠶᠢ ᠠᠬᠢᠭᠤᠯᠬᠤ ᠳᠤ ᠨᠡᠩ ᠭᠦᠴᠦᠲᠠᠢ ᠳᠡᠮᠵᠢᠯᠭᠡ ᠬᠠᠩᠭᠠᠨ᠎ᠠ᠃ ︽ᠪᠠᠭ᠎ᠠ | ᠵᠢᠵᠢᠭ᠂ ᠲᠠᠷᠠᠬᠠᠢ ᠪᠤᠳᠠᠷᠬᠠᠢ᠂ ᠰᠤᠯᠠ ᠪᠠᠭᠤᠷᠠᠢ︾ ᠤᠯᠤᠰ ᠤᠨ ᠦᠮᠴᠢᠯᠡᠯᠳᠤ ᠠᠵᠤ ᠠᠬᠤᠶᠢᠯᠠᠯ ᠢ ᠨᠢᠭᠡᠳᠬᠡᠵᠤ᠂ ᠰᠲ᠋ᠤᠺ ᠤᠨ ᠡᠷᠬᠡ ᠪᠠ ᠡᠳ᠋ ᠬᠦᠷᠦᠩᠭᠡ ᠪᠠᠨ | ᠬᠤᠪᠢᠶᠠᠷᠢᠯᠠᠨ ᠰᠢᠯᠵᠢᠭᠦᠯᠬᠦ᠂ ᠰᠢᠯᠵᠢᠭᠦᠯᠦᠨ ᠦᠭᠬᠦ ᠵᠡᠷᠭᠡ ᠠᠷᠭ᠎ᠠ ᠪᠠᠷ ᠳᠠᠮᠵᠢᠭᠤᠯᠤᠨ᠂ ︽ᠤᠷᠤᠨᠴᠤᠭ ᠠᠵᠤ ᠠᠬᠤᠶᠢᠯᠠᠯ︾ ᠢ ᠴᠡᠪᠡᠷᠯᠡᠬᠦ ᠶᠢ ᠲᠦᠷᠬᠡᠳᠬᠡᠵᠤ᠂ | ᠡᠵᠡᠩᠨᠡᠯᠲᠡ ᠶᠢᠨ ᠴᠢᠨᠠᠷᠲᠠᠢ ᠤᠯᠤᠰ ᠤᠨ ᠦᠮᠴᠢᠯᠡᠯᠳᠤ ᠠᠵᠤ ᠠᠬᠤᠶᠢᠯᠠᠯ ᠢ ᠲᠦᠪᠯᠡᠷᠡᠭᠦᠯᠦᠨ᠂ ᠬᠡᠪᠴᠢᠶ᠎ᠡ ᠶᠢ ᠨᠢ ᠶᠡᠬᠡᠰᠬᠡᠨ᠎ᠡ᠃ ᠤᠯᠤᠰ ᠤᠨ ᠦᠮᠴᠢᠯᠡᠯᠳᠤ ᠠᠵᠤ | ᠠᠬᠤᠶᠢᠯᠠᠯ ᠤᠨ ᠡᠨᠧᠷᠬᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ᠂ ᠰᠤᠶᠤᠯ ᠵᠢᠭᠤᠯᠴᠢᠯᠠᠯ᠂ ᠡᠷᠡᠭᠦᠯ ᠮᠡᠨᠳᠤ᠂ ᠪᠡᠶ᠎ᠡ ᠰᠤᠪᠢᠯᠠᠯᠳᠠ᠂ ᠨᠡᠭᠦᠷᠡᠰᠦ ᠵᠦᠭᠡᠭᠡᠪᠤᠷᠢᠯᠡᠨ | ᠪᠤᠷᠤᠯᠠᠭᠤᠯᠬᠤ᠂ ᠵᠠᠷ ᠮᠡᠳᠡᠭᠡ ᠡᠵᠡᠩᠨᠡᠨ ᠪᠤᠷᠤᠯᠠᠭᠤᠯᠬᠤ ᠵᠡᠷᠭᠡ ᠤᠷᠤᠨ ᠪᠦᠰᠡ ᠶᠢ ᠳᠡᠮᠵᠢᠵᠤ᠂ ᠲᠦᠷᠦᠯ ᠵᠤᠶᠢᠯ ᠳᠤ ᠤᠷᠤᠬᠤ᠂ ᠲᠤᠬᠠᠶᠢᠯᠠᠭᠰᠠᠨ ᠠᠵᠢᠯ ᠢᠶᠠᠨ | ᠦᠷᠭᠡᠳᠬᠡᠬᠦ᠂ ᠠᠵᠤ ᠤᠶᠢᠯᠡᠰ ᠢ ᠴᠢᠩᠭ᠎ᠠ ᠠᠳᠬᠤᠬᠤ ᠪᠠᠷ ᠴᠢᠷᠮᠠᠶᠢᠨ᠎ᠠ᠃ ᠪᠤᠬᠢᠷᠳᠤᠯ ᠦᠭᠡᠢ ᠬᠦᠳᠡᠯᠭᠡᠭᠴᠢ ᠡᠨᠧᠷᠬᠢ ᠶᠢᠨ ᠺᠤᠮᠫᠠᠨᠢ ᠶᠢᠨ ᠲᠤᠭᠤᠷᠢᠨ ᠳᠤ ᠡᠬᠢ | ᠪᠠᠶᠠᠯᠢᠭ ᠤᠨ ᠨᠡᠭᠡᠭᠡᠨ ᠠᠰᠢᠭᠯᠠᠯᠳᠠ᠂ ᠪᠤᠬᠢᠷᠳᠤᠯ ᠦᠭᠡᠢ ᠪᠤᠳᠠᠰ ᠤᠨ ᠬᠦᠢᠯᠭᠡᠭᠡ᠂ ᠴᠠᠬᠢᠯᠭᠠᠨ ᠬᠦᠳᠡᠯᠭᠡᠭᠦᠷᠳᠤ ᠬᠦᠨᠳᠤ ᠠᠴᠢᠶᠠᠨ ᠤ ᠮᠠᠰᠢᠨ᠂ ᠴᠠᠬᠢᠯᠭᠠᠨ | ᠴᠡᠨᠡᠭᠯᠡᠬᠦ ᠱᠤᠩ ᠤᠨ ᠪᠠᠶᠢᠭᠤᠯᠤᠯᠲᠠ ᠵᠡᠷᠭᠡ ᠤᠷᠤᠨ ᠪᠦᠰᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠨ᠎ᠡ︔ ᠤᠷᠳᠤᠰ ᠬᠤᠲᠠ ᠶᠢᠨ ᠬᠤᠩ ᠵᠢᠢ ᠸᠧᠢ | ᠶᠧ ᠪᠡᠯᠡ ᠡᠵᠡᠮᠳᠡᠯ ᠤᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠠᠰᠢᠭᠯᠠᠯᠲᠠ᠂ ᠪᠠᠳᠤᠯᠠᠭ᠎ᠠ ᠶᠢᠨ ᠤᠷᠤᠨ | ᠰᠠᠭᠤᠴᠠ ᠶᠢᠨ ᠪᠦᠳᠦᠭᠡᠨ ᠪᠠᠶᠢᠭᠤᠯᠤᠯᠲᠠ᠂ ᠠᠳᠠᠯ ᠠᠬᠤᠢ ᠶᠢᠨ ᠤᠶᠢᠯᠡᠴᠢᠯᠡᠭᠡ ᠵᠡᠷᠭᠡ ᠠᠵᠤ ᠤᠶᠢᠯᠡᠰ ᠢ ᠰᠢᠯᠢᠳᠡᠭᠵᠢᠭᠦᠯᠦᠨ᠎ᠡ︔ ᠰᠤᠶᠤᠯ ᠵᠢᠭᠤᠯᠴᠢᠯᠠᠯ ᠤᠨ | ᠪᠦᠯᠦᠭᠯᠡᠯ ᠤᠨ ︽ᠤᠯᠤᠰ ᠤᠨ ᠦᠮᠴᠢᠯᠡᠯᠳᠤ ᠠᠵᠤ ᠠᠬᠤᠶᠢᠯᠠᠯ + ᠠᠷᠠᠳ ᠠᠴᠠ ᠡᠵᠡᠩᠨᠡᠭᠰᠡᠨ ᠠᠵᠤ ᠠᠬᠤᠶᠢᠯᠠᠯ︾ ᠤᠨ ᠰᠤᠶᠤᠯ ᠵᠢᠭᠤᠯᠴᠢᠯᠠᠯ ᠤᠨ | ᠬᠠᠮᠳᠤᠷᠠᠯᠴᠠᠭᠠᠨ ᠤ ᠰᠢᠨ᠎ᠡ ᠵᠠᠭᠪᠤᠷ ᠢ ᠰᠦᠪᠡᠭᠴᠢᠯᠡᠬᠦ ᠶᠢ ᠠᠬᠢᠭᠤᠯᠵᠤ᠂ ᠭᠦᠴᠦ ᠪᠠᠨ ᠬᠠᠮᠳᠤᠳᠬᠠᠨ ᠰᠤᠶᠤᠯ ᠵᠢᠭᠤᠯᠴᠢᠯᠠᠯ ᠤᠨ ᠶᠡᠷᠦᠩᠬᠡᠶᠢᠯᠡᠭᠰᠡᠨ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠤᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠠᠴᠠ ᠠᠷᠠᠳ ᠤᠨ ᠠᠮᠢᠳᠤᠷᠠᠯ ᠤᠨ | ᠦᠨᠳᠦᠰᠦᠨ ᠪᠠᠳᠤᠯᠠᠭ᠎ᠠ ᠶᠢ ᠳᠠᠭᠠᠭᠠᠨ ᠪᠠᠳᠤᠯᠠᠬᠤ ᠬᠤᠰᠢᠭᠤᠴᠢᠯᠠᠭᠴᠢ ᠪᠤᠯᠵᠤ᠂ ᠪᠦᠷᠭᠡ ᠭᠡᠷ ᠤᠨ ᠦᠭᠡᠷᠡᠴᠢᠯᠡᠯᠳᠡ᠂ ᠪᠠᠳᠤᠯᠠᠭ᠎ᠠ ᠶᠢᠨ ᠴᠢᠨᠠᠷᠲᠠᠢ ᠤᠷᠤᠨ | ᠰᠠᠭᠤᠴᠠ᠂ ᠠᠳᠠᠯ ᠠᠬᠤᠢ ᠶᠢᠨ ᠬᠠᠮᠢᠶᠠᠷᠤᠯᠲᠠ᠂ ᠴᠡᠴᠡᠷᠯᠢᠭᠵᠢᠭᠦᠯᠦᠯᠳᠡ ᠨᠤᠭᠤᠭᠠᠷᠠᠭᠤᠯᠤᠯᠳᠠ᠂ ᠤᠰᠤ ᠢᠯᠴᠢ ᠬᠠᠩᠭᠠᠬᠤ᠂ ᠪᠤᠬᠢᠷᠳᠤᠯ ᠢ ᠰᠡᠷᠬᠡᠶᠢᠯᠡᠨ ᠵᠠᠰᠠᠬᠤ | ᠵᠡᠷᠭᠡ ᠤᠷᠤᠨ ᠪᠦᠰᠡ ᠳᠤ ᠵᠠᠬ᠎ᠠ ᠳᠡᠯᠭᠡᠭᠦᠷᠵᠢᠯᠳᠡ ᠶᠢᠨ ᠡᠵᠡᠩᠨᠡᠯᠳᠡ ᠶᠢ ᠨᠡᠮᠡᠭᠳᠡᠭᠦᠯᠵᠤ᠂ ᠦᠨᠳᠦᠷ ᠶᠠᠰᠤ ᠴᠢᠨᠠᠷ ᠦᠨᠳᠦᠷ ᠪᠦᠳᠦᠮᠵᠢᠲᠠᠢ ᠢᠨᠵᠧᠨᠧᠷᠢᠩ ᠤᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠪᠡᠯᠡ ᠤᠷᠤᠭᠤᠯᠤᠯᠲᠠ᠂ ᠦᠮᠴᠢᠯᠡᠬᠦ ᠡᠷᠬᠡ᠂ ᠡᠳ᠋ ᠤᠨ ᠶᠠᠪᠤᠳᠠᠯ᠂ | ᠠᠰᠢᠭᠯᠠᠯᠳᠠ ᠳᠤ ᠤᠷᠤᠬᠤ᠂ ᠠᠵᠢᠯᠳᠠᠨ ᠤ ᠶᠠᠪᠤᠳᠠᠯ ᠵᠡᠷᠬᠡ ᠪᠦᠬᠦ ᠲᠠᠯ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠵᠢᠯ ᠤᠨ | ᠬᠠᠷᠠᠯᠳᠠᠳᠤ ᠡᠭᠦᠷᠭᠡ ᠶᠢ ᠳᠠᠷᠠᠭᠠᠯᠠᠨ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠦᠷ᠎ᠡ ᠪᠦᠳᠦᠮᠵᠢ ᠶᠢ ᠬᠢᠨᠠᠨ ᠰᠢᠯᠭᠠᠬᠤ ᠠᠵᠢᠯ ᠤᠨ ︽ᠵᠠᠪᠠᠯ ᠭᠦᠢᠴᠡᠳᠬᠡᠬᠦ | ᠵᠢᠭᠠᠯᠳᠠ ᠲᠤᠭ᠎ᠠ︾ ᠶᠢ ᠲᠤᠭᠳᠠᠭᠠᠨ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠦᠷ᠎ᠡ ᠠᠰᠢᠭ ᠤᠯᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ ᠭᠦᠴᠦᠲᠠᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ 26 ᠵᠤᠷᠪᠤᠰ ᠠᠷᠠᠳ | ᠠᠴᠠ ᠡᠵᠡᠩᠨᠡᠭᠰᠡᠨ ᠠᠵᠤ ᠠᠬᠤᠢ ᠶᠢ ᠳᠡᠳᠬᠦᠨ ᠳᠡᠮᠵᠢᠵᠤ ᠬᠦᠭᠵᠢᠭᠦᠯᠬᠦ ᠠᠷᠭ᠎ᠠ ᠪᠠᠷᠢᠯ ᠢ ᠰᠠᠶᠢᠳᠤᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠬᠤᠯᠪᠤᠭᠳᠠᠬᠤ | ᠰᠤᠶᠢᠳᠬᠡᠯ ᠬᠤᠷᠢᠶᠠᠬᠤ ᠲᠦᠷᠦᠯ ᠵᠤᠶᠢᠯ ᠳᠤ ᠢᠯᠡ ᠨᠡᠶᠢᠳᠡᠯᠡᠬᠦ ᠲᠦᠷᠢᠮ ᠢ ᠬᠡᠷᠡᠭᠵᠢᠭᠦᠯᠵᠤ᠂ ᠨᠠᠷᠢᠨ ᠳᠠᠩᠰᠠ ᠠᠴᠠ ᠭᠠᠳᠠᠨ᠎ᠠ ᠰᠤᠶᠢᠳᠬᠡᠯ ᠬᠤᠷᠢᠶᠠᠬᠤ ᠦᠭᠡᠢ ᠶᠢ | ᠪᠠᠳᠤᠯᠠᠨ᠎ᠠ᠃ ᠦᠷᠢ ᠦᠭᠴᠡᠭᠡ ᠶᠢ ᠰᠢᠢᠳᠪᠤᠷᠢᠯᠡᠬᠦ ᠲᠤᠰᠬᠠᠢ ᠠᠵᠢᠯᠯᠠᠭ᠎ᠠ ᠶᠢ ᠦᠷᠨᠢᠭᠦᠯᠵᠤ᠂ ᠵᠠᠰᠠᠭ ᠤᠨ ᠤᠷᠳᠤᠨ ᠪᠠ ᠤᠯᠤᠰ ᠤᠨ ᠦᠮᠴᠢᠯᠡᠯᠳᠤ ᠠᠵᠤ | ᠠᠬᠤᠶᠢᠯᠠᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠠᠬᠢ ᠦᠷᠢ ᠦᠭᠴᠡᠭᠡ ᠶᠢ ᠰᠢᠢᠳᠪᠤᠷᠢᠯᠡᠬᠦ ᠶᠢ ᠲᠦᠷᠭᠡᠳᠬᠡᠨ᠂ ︽ᠭᠤᠷᠪᠠᠯᠵᠢᠨ ᠦᠷᠢ︾ ᠶᠢ | ᠬᠤᠯᠪᠤᠭᠠᠯᠠᠨ ᠰᠢᠢᠳᠪᠤᠷᠢᠯᠡᠨ᠎ᠡ︔ ᠨᠠᠮ ᠵᠠᠰᠠᠭ ᠤᠨ ᠪᠠᠶᠢᠭᠤᠯᠤᠮᠵᠢ ᠳᠤ ᠬᠤᠯᠪᠤᠭᠳᠠᠭᠰᠠᠨ ᠬᠡᠷᠡᠭ ᠢ ᠨᠠᠷᠢᠨ ᠨᠢᠮᠪᠠᠢ ᠠᠩᠬᠠᠷᠴᠤ᠂ ᠬᠠᠤᠯᠢ ᠶᠤᠰᠤ ᠪᠠᠷ ᠪᠦᠳᠦᠮᠵᠢᠲᠠᠢ | ᠰᠢᠢᠳᠪᠤᠷᠢᠯᠡᠨ᠎ᠡ︔ ᠨᠢᠭᠡᠨᠲᠡ ᠨᠡᠶᠢᠳᠡᠯᠡᠨᠰᠡᠨ ᠲᠦᠷᠦ ᠶᠢᠨ ᠪᠤᠳᠤᠯᠭ᠎ᠠ ᠪᠠ ᠬᠠᠮᠳᠤᠷᠠᠨ ᠠᠵᠢᠯᠯᠠᠬᠤ ᠬᠡᠯᠡᠯᠴᠡᠭᠡᠷ ᠢ ᠡᠮᠬᠢᠯᠡᠨ ᠲᠢᠭᠯᠡᠵᠤ ᠢᠯᠭᠠᠨ ᠲᠤᠳᠤᠯᠠᠨ᠂ ᠬᠠᠤᠯᠢ | ᠳᠦᠷᠢᠮ ᠳᠤᠭᠳᠠᠭᠠᠯ ᠶᠤᠰᠤᠭᠠᠷ ᠵᠤᠬᠢᠰᠲᠠᠢ ᠰᠢᠢᠳᠪᠤᠷᠢᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠤᠶᠢᠵᠢᠭᠤᠯᠬᠤ ᠲᠦᠯᠦᠪᠯᠡᠭᠡ ᠶᠢ ᠬᠡᠷᠡᠭᠵᠢᠭᠦᠯᠵᠤ᠂ | ᠲᠤᠰ ᠭᠠᠵᠠᠷ ᠤᠨ ᠠᠵᠤ ᠠᠬᠤᠶᠢᠯᠠᠯ ᠢ ᠬᠦᠳᠦᠯᠦᠨ ᠤᠷᠤᠭᠤᠯᠬᠤ ᠶᠢ ᠴᠢᠩᠭᠠᠳᠬᠠᠨ᠂ ᠰᠢᠨ᠎ᠡ ᠡᠨᠧᠷᠬᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠳᠡᠭᠡᠳᠤ ᠳᠡᠰ | ᠤᠨ ᠤᠶᠢᠯᠡᠳᠬᠦ ᠤᠶᠢᠯᠡᠰ᠂ ᠡᠨᠧᠷᠬᠢ ᠠᠷᠪᠢᠯᠠᠵᠤ ᠤᠷᠴᠢᠨ ᠠᠬᠤᠢ ᠶᠢ ᠬᠠᠮᠠᠭᠠᠯᠠᠬᠤ᠂ ᠰᠤᠶᠤᠯ ᠵᠢᠭᠤᠯᠴᠢᠯᠠᠯ ᠡᠷᠡᠭᠦᠯ ᠮᠡᠨᠳᠦ ᠪᠡᠶ᠎ᠡ ᠰᠤᠪᠢᠯᠠᠯᠲᠠ᠂ ᠬᠤᠳᠠᠯᠳᠤᠭ᠎ᠠ | ᠠᠷᠠᠯᠵᠢᠶ᠎ᠠ ᠡᠳ᠋ ᠪᠠᠷᠠᠭᠠᠨ ᠤ ᠬᠦᠢᠯᠭᠡᠭᠡ ᠵᠡᠷᠭᠡ ᠤᠷᠤᠨ ᠪᠦᠰᠡ ᠶᠢᠨ ᠲᠤᠭᠤᠷᠢᠨ ᠳᠤ᠂ ᠭᠠᠳᠠᠨ᠎ᠠ ᠤᠷᠤᠨ ᠤ ᠭᠦᠴᠦᠨ ᠴᠢᠳᠠᠯ ᠲᠠᠢ ᠠᠵᠤ ᠠᠬᠤᠶᠢᠯᠠᠯ ᠪᠠ | ᠴᠢᠨᠠᠷᠯᠢᠭ ᠲᠦᠷᠦᠯ ᠵᠤᠶᠢᠯ ᠢ ᠳ᠋ᠦᠩᠱᠧᠩ ᠤᠨ ᠭᠤᠤᠯᠯᠠᠬᠤ ᠠᠵᠤ ᠤᠶᠢᠯᠡᠰ ᠲᠠᠢ ᠠᠭᠤᠰᠤᠯᠴᠠᠭᠤᠯᠬᠤ ᠶᠢ ᠠᠬᠢᠭᠤᠯᠤᠨ᠎ᠠ︔ ᠶᠡᠷᠦᠩᠬᠡᠢ ᠠᠵᠤ ᠠᠬᠤᠶᠢᠯᠠᠯ ᠤᠨ | ᠭᠠᠳᠠᠭᠰᠢ ᠭᠠᠷᠬᠤ ᠠᠯᠬᠤᠴᠠ ᠶᠢ ᠲᠦᠷᠭᠡᠳᠬᠡᠬᠦ ᠶᠢ ᠵᠢᠯᠤᠭᠤᠳᠴᠤ᠂ ᠰᠢᠨ᠎ᠡ ᠵᠠᠬ᠎ᠠ ᠳᠡᠯᠭᠡᠭᠦᠷ ᠢ ᠪᠦᠬᠦ ᠭᠦᠴᠦᠨ ᠢᠶᠠᠷ ᠨᠡᠭᠡᠭᠡᠵᠤ᠂ ᠬᠦᠭᠵᠢᠯᠲᠡ ᠳᠤ ᠰᠢᠨ᠎ᠡ | ᠬᠦᠳᠡᠯᠭᠡᠬᠦ ᠭᠦᠴᠦᠨ ᠢ ᠨᠡᠮᠡᠨ᠎ᠡ᠃ | ᠲᠦᠯᠦᠭᠡᠯᠡᠭᠴᠢᠳ ᠡ᠂ ᠠᠷᠠᠳ ᠠᠴᠠ ᠡᠵᠡᠩᠨᠡᠭᠰᠡᠨ ᠠᠵᠤ ᠠᠬᠤᠢ ᠪᠤᠯ ᠢᠮᠠᠭᠳᠠ ᠳ᠋ᠦᠩᠱᠧᠩ ᠤᠨ ᠠᠵᠤ ᠠᠬᠤᠢ ᠶᠢᠨ ᠭᠤᠤᠯ ᠭᠦᠴᠦᠨ ᠪᠤᠯᠤᠨ᠎ᠠ᠂ | ᠮᠦᠨᠴᠤ ᠬᠠᠮᠤᠭ ᠤᠨ ᠶᠡᠭᠡ ᠦᠪᠡᠷᠮᠢᠴᠡ ᠤᠨᠴᠠᠯᠢᠭ᠂ ᠬᠠᠮᠤᠭ ᠤᠨ ᠶᠡᠭᠡ ᠡᠬᠢ ᠰᠤᠷᠪᠤᠯᠵᠢ ᠪᠤᠯᠤᠨ ᠡᠷᠬᠢᠮ ᠨᠠᠨᠳᠢᠨ ᠡᠳ᠋ ᠪᠠᠶᠠᠯᠢᠭ ᠮᠦᠨ᠂ ᠠᠷᠠᠳ ᠠᠴᠠ | ᠡᠵᠡᠩᠨᠡᠭᠰᠡᠨ ᠠᠵᠤ ᠠᠬᠤᠢ ᠬᠦᠴᠦᠷᠬᠡᠭᠵᠢᠪᠡᠯ ᠳ᠋ᠦᠩᠱᠧᠩ ᠬᠦᠴᠦᠷᠭᠡᠭᠵᠢᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠰᠠᠶᠢᠨ ᠪᠤᠯᠪᠠᠯ ᠳ᠋ᠦᠩᠱᠧᠩ ᠤᠯᠠᠮ | ᠰᠠᠶᠢᠨ ᠪᠤᠯᠤᠨ᠎ᠠ᠃ ᠪᠢᠳᠠ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠭᠵᠢᠯᠳᠡ ᠶᠢ ᠬᠠᠪᠰᠤᠷᠤᠨ ᠳᠡᠮᠵᠢᠵᠤ᠂ ᠨᠡᠩ ᠶᠡᠭᠡ ᠭᠦᠴᠦᠨ ᠢ ᠵᠠᠷᠤᠴᠠᠭᠤᠯᠵᠤ᠂ | ᠨᠡᠩ ᠤᠯᠠᠨ ᠪᠤᠳᠠᠳᠤ ᠠᠷᠭ᠎ᠠ ᠪᠠᠷᠢᠯ ᠪᠤᠯᠤᠨ ᠰᠢᠯᠢᠳᠡᠭ ᠤᠷᠴᠢᠨ ᠲᠤᠭᠤᠷᠢᠨ ᠢ ᠬᠠᠩᠭᠠᠳᠠᠭ ᠯᠠ ᠶᠤᠮ ᠪᠤᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ | ᠯᠠᠪᠲᠠᠢ ᠳ᠋ᠦᠩᠱᠧᠩ ᠤᠨ ᠴᠢᠨᠠᠷ ᠰᠠᠶᠢᠲᠠᠢ ᠬᠦᠭᠵᠢᠯᠳᠡ ᠳᠤ ᠰᠢᠨ᠎ᠡ ᠤᠶᠢᠯᠡᠰ ᠢ ᠡᠭᠦᠳᠦᠨ᠂ ᠰᠢᠨ᠎ᠡ ᠭᠠᠪᠢᠶ᠎ᠠ ᠵᠢᠳᠬᠦᠯ ᠢ ᠪᠠᠶᠢᠭᠤᠯᠬᠤ ᠶᠤᠮ︕ | ︵ᠳᠦᠷᠪᠡ︶ ᠭᠦᠴᠦᠨ ᠢᠶᠠᠨ ᠲᠦᠪᠯᠡᠷᠡᠭᠦᠯᠦᠨ ᠨᠢᠭᠡᠳᠦᠯᠲᠠᠢ ᠲᠦᠯᠦᠪᠯᠡᠨ ᠵᠤᠬᠢᠴᠠᠭᠤᠯᠵᠤ᠂ ᠬᠤᠲᠠ ᠬᠦᠳᠡᠭᠡ ᠶᠢᠨ ᠬᠦᠭᠵᠢᠯᠳᠡ ᠶᠢᠨ ᠴᠢᠨᠠᠷ ᠳᠡᠰ ᠢ | ᠦᠷᠭᠦᠯᠵᠢᠯᠡᠨ ᠳᠡᠭᠡᠭᠰᠢᠯᠡᠭᠦᠯᠦᠨ᠎ᠡ᠃ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠳᠤᠲᠠᠢ ᠠᠬᠢᠭᠤᠯᠤᠨ᠎ᠠ᠃ ︽ᠦᠪᠡᠷᠮᠢᠴᠡ ᠤᠨᠴᠠᠯᠢᠭ ᠪᠠ | ᠤᠷᠤᠯᠭ᠎ᠠ ᠶᠢ ᠲᠤᠪᠤᠶᠢᠯᠭᠠᠵᠤ᠂ ᠬᠤᠲᠠ ᠲᠤᠭᠤᠷᠢᠭ ᠲᠤ ᠬᠠᠨᠳᠤᠭᠤᠯᠬᠤ︾ ᠰᠡᠳᠬᠢᠴᠡ ᠶᠢ ᠦᠨᠳᠦᠰᠦᠯᠡᠨ᠂ ᠪᠠᠶᠢᠭᠠᠯᠢᠯᠢᠭ᠂ ᠤᠷᠭᠠᠨᠢᠭ᠂ ᠪᠤᠬᠢᠷᠳᠤᠯ ᠦᠭᠡᠢ | ᠲᠠᠷᠢᠶᠠᠯᠠᠩ ᠤᠨ ᠪᠦᠳᠦᠭᠡᠭᠳᠡᠭᠦᠨ ᠢ ᠤᠶᠢᠯᠡᠳᠪᠦᠷᠢᠯᠡᠬᠦ ᠶᠢ ᠲᠦᠷᠭᠡᠳᠬᠡᠨ᠎ᠡ᠃ ᠬᠦᠳᠡᠭᠡ ᠲᠤᠰᠬᠤᠨ ᠤ ᠵᠢᠭᠤᠯᠴᠢᠯᠠᠯ᠂ ᠢᠳᠡᠭᠡᠨ ᠪᠤᠯᠪᠠᠰᠤᠷᠠᠭᠤᠯᠬᠤ᠂ ᠦᠪᠡᠷᠮᠢᠴᠡ | ᠤᠨᠴᠠᠯᠢᠭᠳᠤ ᠮᠠᠯᠵᠢᠬᠤ ᠲᠠᠷᠢᠶᠠᠯᠠᠬᠤ ᠤᠶᠢᠯᠡᠰ ᠵᠡᠷᠭᠡ ᠠᠵᠤ ᠤᠶᠢᠯᠡᠰ ᠢ ᠳᠡᠳᠬᠦᠨ ᠬᠦᠭᠵᠢᠭᠦᠯᠵᠤ᠂ ᠵᠢᠯ ᠤᠨ ᠲᠤᠳᠤᠷ᠎ᠠ 10 ᠡᠷᠦᠬᠡ ᠠᠴᠠ ᠳᠡᠭᠡᠭᠰᠢᠬᠢ ᠲᠤᠰᠬᠠᠢ | ᠬᠤᠷᠰᠢᠭᠰᠠᠨ ᠵᠤᠬᠢᠶᠠᠨ ᠪᠠᠶᠢᠭᠤᠯᠤᠯᠲᠠ ᠶᠢ ᠰᠢᠨ᠎ᠡ ᠪᠠᠷ ᠪᠤᠶᠢᠵᠢᠭᠤᠯᠤᠨ᠎ᠠ᠃ ᠦᠷᠭᠡᠨ ᠪᠦᠰᠡᠳᠤ ᠰᠦᠯᠵᠢᠶ᠎ᠡ ᠶᠢᠨ ᠬᠦᠳᠡᠭᠡ ᠲᠤᠰᠬᠤᠨ ᠲᠡᠶᠢᠰᠢ ᠦᠷᠭᠡᠵᠢᠬᠦ ᠶᠢ | ᠠᠬᠢᠭᠤᠯᠵᠤ᠂ ᠬᠦᠳᠡᠭᠡ ᠲᠤᠰᠬᠤᠨ ᠤ ᠡᠯᠧᠺᠲᠷᠦᠨ ᠬᠤᠳᠠᠯᠳᠤᠭᠠᠨ ᠤ ᠳᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠦᠳᠡᠭᠡ ᠲᠤᠰᠬᠤᠨ ᠤ ᠤᠷᠤᠨ | ᠰᠠᠭᠤᠴᠠ ᠶᠢᠨ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠰᠠᠶᠢᠳᠤᠷ ᠠᠳᠬᠤᠵᠤ᠂ ᠬᠦᠮᠦᠨ ᠠᠮᠠ ᠲᠦᠪᠯᠡᠷᠡᠭᠰᠡᠨ ᠲᠤᠰᠬᠤᠨ ᠳᠤ 3 ᠰᠠᠭᠤᠷᠢ | ᠪᠤᠬᠢᠷ ᠤᠰᠤ ᠶᠢ ᠲᠦᠪᠯᠡᠷᠡᠭᠦᠯᠦᠨ ᠰᠢᠢᠳᠪᠤᠷᠢᠯᠡᠬᠦ ᠲᠦᠬᠦᠭᠡᠷᠦᠮᠵᠢ ᠶᠢ ᠪᠠᠶᠢᠭᠤᠯᠵᠤ᠂ 1000 ᠠᠴᠠ ᠳᠡᠭᠡᠭᠰᠢ ᠡᠷᠦᠭᠡ ᠶᠢᠨ ᠵᠤᠷᠯᠤᠩ ᠢ ᠦᠭᠡᠷᠡᠴᠢᠯᠡᠨ | ᠰᠢᠨᠡᠳᠬᠡᠵᠤ᠂ ᠬᠦᠳᠡᠭᠡ ᠲᠤᠰᠬᠤᠨ ᠳᠤ ᠠᠷᠢᠭᠤᠨ ᠴᠡᠪᠡᠷ ᠵᠤᠷᠯᠤᠩ ᠤᠨ ᠲᠦᠭᠡᠮᠡᠯᠵᠢᠭᠦᠯᠦᠭᠰᠡᠨ ᠨᠤᠷᠮ᠎ᠠ ᠶᠢ 60% ᠠᠴᠠ ᠳᠠᠪᠠᠭᠤᠯᠤᠨ᠎ᠠ᠃ ᠬᠦᠳᠡᠭᠡ ᠲᠤᠰᠬᠤᠨ | ᠤ ᠰᠤᠷᠳᠠᠯ ᠤᠨ ᠪᠤᠯᠪᠠᠰᠤᠨ ᠤ ᠪᠠᠶᠢᠭᠤᠯᠤᠯᠲᠠ ᠶᠢ ᠬᠦᠨᠵᠡᠭᠡᠶᠢᠷᠡᠭᠦᠯᠵᠤ᠂ ︽ᠲᠠᠪᠤᠨ ᠶᠡᠭᠡ ᠳᠡᠭᠡᠭᠰᠢᠯᠡᠭᠦᠯᠦᠯᠳᠡ ᠶᠢᠨ ᠢᠨᠵᠧᠨᠧᠷᠢᠩ︾ ᠢ ᠭᠤᠤᠯᠳᠠᠯᠭ᠎ᠠ ᠲᠠᠢ | ᠰᠠᠶᠢᠳᠤᠷ ᠬᠡᠷᠡᠭᠵᠢᠭᠦᠯᠦᠨ᠎ᠡ᠃ ᠠᠹᠷᠢᠺᠠ ᠶᠢᠨ ᠭᠠᠭ᠋ᠠᠢ ᠶᠢᠨ ᠬᠢᠵᠢᠭ ᠵᠡᠷᠭᠡ ᠠᠮᠢᠳᠠᠨ ᠤ ᠬᠢᠵᠢᠭ ᠡᠪᠡᠳᠴᠢᠨ ᠢ ᠰᠡᠷᠬᠡᠶᠢᠯᠡᠨ ᠡᠵᠡᠮᠳᠡᠬᠦ ᠶᠢ ᠴᠢᠩᠭᠠᠳᠬᠠᠨ᠎ᠠ᠃ | ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠷᠬᠢᠯᠲᠡ ᠶᠢᠨ ᠳᠠᠪᠴᠠᠩ ᠤᠨ ᠪᠠᠶᠢᠭᠤᠯᠤᠯᠳᠠ ᠶᠢ ᠴᠢᠩᠭᠠᠳᠬᠠᠵᠤ᠂ 27 ᠲᠤᠰᠬᠤᠨ ᠤ ᠬᠠᠮᠳᠤ ᠶᠢᠨ ᠦᠮᠴᠢᠯᠡᠬᠦ | ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠪᠡᠶᠡᠯᠡᠭᠦᠯᠦᠨ᠎ᠡ᠃ ︽ᠲᠠᠷᠢᠶᠠᠨ ᠭᠠᠵᠠᠷ ᠢ ᠰᠢᠯᠵᠢᠭᠦᠯᠦᠨ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠲᠤᠰᠬᠠᠢ | ᠴᠡᠭᠴᠡᠯᠡᠨ ᠵᠠᠰᠠᠬᠤ ᠠᠵᠢᠯ ᠢ ᠰᠠᠶᠢᠳᠤᠷ ᠠᠳᠬᠤᠵᠤ᠂ ᠲᠠᠷᠢᠶᠠᠨ ᠭᠠᠵᠠᠷ ᠠᠳᠠᠷᠰᠢᠭᠤᠯᠬᠤ ᠶᠢ ᠡᠷᠡᠰ ᠬᠤᠷᠢᠭᠯᠠᠨ᠎ᠠ᠃ ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠢ | ᠦᠨᠡᠨ ᠬᠦ ᠴᠢᠩᠭᠠᠳᠬᠠᠵᠤ᠂ ᠨᠤᠳᠤᠭ ᠪᠡᠯᠴᠢᠭᠡᠷ ᠢ ᠡᠪᠳᠡᠭᠰᠡᠨ᠂ ᠤᠢ ᠰᠢᠭᠤᠢ ᠶᠢ ᠡᠪᠳᠡᠵᠤ ᠠᠳᠠᠷ ᠬᠠᠭᠠᠯᠪᠤᠷᠢᠯᠠᠭᠰᠠᠨ ᠵᠡᠷᠭᠡ ᠠᠵᠢᠯᠯᠠᠭ᠎ᠠ ᠳᠤ ᠴᠢᠩᠭ᠎ᠠ ᠴᠤᠬᠢᠯᠲᠠ | ᠦᠭᠬᠦᠨ᠎ᠡ᠃ ᠪᠡᠭᠡᠵᠢᠩ ᠲᠢᠶᠡᠨᠵᠢᠨ ᠤ ᠡᠯᠡᠰᠦ ᠰᠠᠯᠬᠢᠨ ᠤ ᠡᠬᠢ ᠶᠢ ᠵᠠᠰᠠᠬᠤ᠂ ᠤᠢ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠬᠡᠬᠦ ᠵᠡᠷᠭᠡ ᠠᠮᠢ ᠠᠬᠤᠢ | ᠶᠢᠨ ᠰᠡᠷᠭᠦᠯᠲᠡ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠤ᠂ 2 ᠲᠦᠮᠡᠨ ᠮᠤ᠋ ᠭᠠᠵᠠᠷ ᠢ ᠰᠢᠨ᠎ᠡ ᠪᠠᠷ ᠤᠶᠢᠵᠢᠭᠤᠯᠵᠤ᠂ ᠲᠤᠬᠢᠷᠠᠮᠵᠢᠲᠠᠢ ᠠᠮᠢ ᠠᠬᠤᠢ ᠶᠢᠨ | ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ | ᠬᠤᠲᠠ ᠶᠢᠨ ᠨᠠᠷᠢᠯᠢᠭᠵᠢᠭᠰᠡᠨ ᠬᠠᠮᠢᠶᠠᠷᠤᠯᠳᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠰᠦᠯᠵᠢᠶᠡᠵᠢᠭᠰᠡᠨ | ᠳᠦᠷᠢᠮ ᠢ ᠬᠡᠷᠡᠭᠵᠢᠭᠦᠯᠬᠦ ᠶᠢ ᠬᠦᠨᠵᠡᠭᠡᠶᠢᠷᠡᠭᠦᠯᠦᠨ᠂ 1000 ᠲᠦᠮᠡᠨ ᠲᠦᠬᠦᠷᠢᠭ ᠤᠨ ᠪᠡᠯᠡ ᠮᠦᠩᠬᠦ ᠶᠢ ᠳᠦᠰᠦᠪᠯᠡᠨ ᠲᠤᠬᠢᠷᠠᠭᠤᠯᠵᠤ᠂ ᠬᠦᠮᠦᠨ᠂ ᠡᠳ᠋ ᠪᠤᠳᠠᠰ ᠢ | ᠦᠨᠳᠦᠰᠦᠨ ᠰᠦᠯᠵᠢᠶᠡᠵᠢᠯ ᠳᠤ ᠲᠦᠪᠯᠡᠷᠡᠭᠦᠯᠬᠦ ᠶᠢ ᠠᠬᠢᠭᠤᠯᠤᠨ᠂ ᠰᠦᠯᠵᠢᠶᠡᠵᠢᠭᠰᠡᠨ ᠬᠠᠮᠢᠶᠠᠷᠤᠯᠳᠠ ᠪᠠ ᠰᠠᠯᠠᠭ᠎ᠠ ᠮᠦᠴᠢᠷ ᠤᠨ ᠳᠠᠪᠬᠤᠷ ᠬᠢᠨᠠᠨ ᠰᠢᠯᠭᠠᠯᠳᠠ | ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠵᠤ᠂ ᠵᠠᠭᠠᠯᠳᠤᠬᠤ᠂ ᠴᠠᠭᠳᠠᠨ ᠪᠠᠶᠢᠴᠠᠭᠠᠬᠤ᠂ ᠱᠠᠯᠠᠪᠳᠠᠭᠤᠯᠤᠨ ᠭᠦᠢᠴᠡᠳᠬᠡᠬᠦ᠂ ᠰᠢᠯᠭᠠᠨ ᠬᠢᠨᠠᠬᠤ ᠶᠢ ᠨᠢᠬᠡ | ᠴᠤᠭᠴᠠᠵᠢᠭᠤᠯᠤᠭᠰᠠᠨ ᠲᠦᠪᠯᠡᠷᠡᠭᠰᠡᠨ ᠮᠡᠳᠡᠭᠡ ᠵᠠᠩᠬᠢ ᠶᠢᠨ ᠬᠠᠮᠢᠶᠠᠷᠤᠯᠲᠠ ᠶᠢᠨ ᠳᠠᠪᠴᠠᠩ ᠢ ᠪᠠᠶᠢᠭᠤᠯᠤᠨ᠂ ᠰᠠᠭᠤᠷᠢ ᠳᠦᠬᠦᠭᠡᠷᠦᠮᠵᠢ ᠶᠢ ᠰᠡᠯᠪᠢᠨ ᠵᠠᠰᠠᠬᠤ᠂ | ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠤᠯᠠᠨ ᠲᠦᠮᠡᠨ ᠳᠤ ᠤᠶᠢᠯᠡᠴᠢᠯᠡᠬᠦ ᠴᠢᠳᠠᠪᠤᠷᠢ ᠶᠢ ᠡᠬᠢ ᠡᠭᠦᠰᠦᠯ ᠠᠴᠠ ᠨᠢ ᠦᠨᠡᠨ ᠬᠦ | ᠴᠢᠩᠭᠠᠳᠬᠠᠨ᠎ᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠤᠬᠢᠴᠠᠭᠤᠯᠤᠯᠲᠠ᠂ ᠰᠠᠯᠠᠭ᠎ᠠ ᠮᠦᠴᠢᠷ ᠤᠨ ᠬᠤᠯᠪᠤᠭᠠᠯᠠᠯᠳᠠ᠂ ᠤᠯᠤᠰ ᠤᠨ ᠦᠮᠴᠢᠯᠡᠯᠳᠤ | ᠠᠵᠤ ᠠᠬᠤᠶᠢᠯᠠᠯ ᠤᠨ ᠦᠨᠳᠦᠰᠦᠨ ᠪᠠᠳᠤᠯᠠᠭ᠎ᠠ ᠵᠡᠷᠭᠡ ᠶᠢᠨ ᠤᠶᠢᠯᠡᠳᠤᠯ ᠢ ᠪᠠᠳᠠᠷᠠᠭᠤᠯᠵᠤ᠂ ᠵᠠᠬᠢᠶᠠᠯᠠᠭ᠎ᠠ ᠶᠢᠨ ᠬᠡᠯᠪᠡᠷᠢ ᠶᠢᠨ ᠠᠳᠠᠯ ᠠᠬᠤᠢ ᠶᠢᠨ ᠤᠶᠢᠯᠡᠴᠢᠯᠡᠭᠡ ᠶᠢ | ᠢᠳᠡᠪᠬᠢᠲᠠᠢ ᠬᠡᠷᠡᠭᠵᠢᠭᠦᠯᠵᠤ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠤᠶᠢᠯᠡᠴᠢᠯᠡᠭᠡᠨ ᠤ ᠪᠦᠷᠬᠦᠯᠲᠡ ᠶᠢᠨ ᠨᠤᠷᠮ᠎ᠠ ᠶᠢ 65 % ᠠᠴᠠ ᠳᠠᠪᠠᠭᠤᠯᠬᠤ ᠪᠠᠷ | | ᠴᠢᠷᠮᠠᠶᠢᠨ᠎ᠠ᠃ ᠴᠢᠨᠠᠷ ᠳᠡᠰᠳᠤ ᠰᠠᠭᠤᠭᠠᠯᠢ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢ ᠡᠬᠢᠯᠡᠬᠦᠯᠵᠤ᠂ ᠪᠤᠶᠢᠳᠠ ᠪᠦᠭᠯᠡᠭᠦᠤ ᠵᠡᠭᠡᠯᠢ ᠭᠤᠳᠤᠮᠵᠢ ᠶᠢᠨ ᠤᠷᠴᠢᠨ | ᠲᠤᠭᠤᠷᠢᠨ ᠳᠤ ᠲᠦᠪᠯᠡᠷᠡᠭᠦᠯᠦᠭᠰᠡᠨ ᠴᠡᠭᠴᠡᠯᠡᠨ ᠵᠠᠰᠠᠯᠳᠠ ᠬᠢᠵᠤ᠂ ᠰᠠᠭᠤᠭᠠᠯᠢ ᠲᠤᠭᠤᠷᠢᠭ ᠤᠨ ᠨᠤᠭᠤᠭᠠᠷᠠᠭᠤᠯᠤᠯᠲᠠ᠂ ᠭᠡᠷᠡᠯᠳᠦᠭᠦᠯᠭᠡ᠂ ᠠᠮᠤᠷ ᠳᠦᠪᠰᠢᠨ ᠤ | ᠰᠡᠷᠭᠡᠶᠢᠯᠡᠯᠲᠡ ᠶᠢ ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠵᠤ᠂ 20 ᠰᠠᠭᠤᠭᠠᠯᠢ ᠲᠤᠭᠤᠷᠢᠭ ᠤᠨ ︽ᠭᠤᠷᠪᠠᠨ ᠰᠦᠯᠵᠢᠶ᠎ᠡ︾ ᠶᠢᠨ ᠦᠭᠡᠷᠡᠴᠢᠯᠡᠯᠳᠡ᠂ 6 | ᠰᠠᠭᠤᠭᠠᠯᠢ ᠲᠤᠭᠤᠷᠢᠭ ᠤᠨ ᠤᠰᠤᠨ ᠤ ᠠᠶᠤᠯ ᠢ ᠴᠡᠭᠴᠡᠯᠡᠨ ᠵᠠᠰᠠᠬᠤ ᠪᠠ 50 ᠲᠦᠮᠡᠨ ᠬᠠᠪᠳᠠᠭᠠᠢ ᠳᠦᠷᠪᠡᠯᠵᠢᠨ ᠮᠧᠲᠷ ᠤᠨ ᠤᠳᠤ ᠪᠠᠶᠢᠭ᠎ᠠ ᠪᠠᠷᠢᠯᠭ᠎ᠠ ᠶᠢᠨ | ᠡᠨᠧᠷᠬᠢ ᠠᠷᠪᠢᠯᠠᠬᠤ ᠦᠭᠡᠷᠡᠴᠢᠯᠡᠯᠲᠡ ᠶᠢ ᠪᠡᠶᠡᠯᠡᠭᠦᠯᠦᠨ᠎ᠡ᠃ ᠴᠡᠴᠡᠷᠯᠢᠭ ᠤᠨ ᠤᠷᠠᠯᠢᠭ ᠤᠨ ᠪᠦᠳᠦᠭᠡᠯ ᠢ ᠨᠠᠷᠢᠯᠢᠭᠵᠢᠭᠤᠯᠵᠤ᠂ ᠨᠤᠭᠤᠭᠠᠷᠠᠭᠤᠯᠤᠭᠰᠠᠨ ᠭᠠᠵᠠᠷ ᠢ | ᠱᠠᠳᠤ ᠬᠤᠪᠢᠶᠠᠨ ᠠᠷᠠᠴᠢᠯᠠᠨ ᠬᠠᠮᠠᠭᠠᠯᠠᠵᠤ᠂ ᠲᠢᠶᠠᠨ ᠵᠢᠶᠣᠣ ᠵᠠᠮ ᠤᠨ ᠨᠤᠭᠤᠭᠠᠷᠠᠭᠤᠯᠤᠯᠳᠠ ᠶᠢᠨ ᠪᠦᠰᠡ ᠵᠡᠷᠭᠡ ᠭᠤᠤᠯᠳᠠᠯᠭ᠎ᠠ ᠲᠠᠢ ᠵᠡᠭᠡᠯᠢ ᠵᠠᠮ ᠤᠨ | ᠨᠤᠭᠤᠭᠠᠵᠢᠭᠤᠯᠤᠯᠲᠠ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠤ᠂ ᠪᠦᠬᠦ ᠵᠢᠯ ᠳᠤ 1000 ᠬᠠᠪᠳᠠᠭᠠᠢ ᠳᠦᠷᠪᠡᠯᠵᠢᠨ ᠮᠧᠲᠷ ᠨᠤᠭᠤᠭᠠᠷᠠᠭᠤᠯᠤᠯᠲᠠ ᠶᠢᠨ | ᠭᠠᠵᠠᠷ ᠢ ᠦᠭᠡᠷᠡᠴᠢᠯᠡᠨ ᠰᠠᠶᠢᠵᠢᠷᠠᠭᠤᠯᠤᠨ᠎ᠠ︔ ᠬᠤᠲᠠ ᠲᠤᠭᠤᠷᠢᠭ ᠤᠨ ᠵᠠᠮ ᠤᠨ ᠳ᠋ᠧᠩ ᠢ ᠪᠦᠯᠦᠭ ᠬᠤᠪᠢᠶᠠᠨ LED ᠳ᠋ᠧᠩ ᠢᠶᠠᠷ ᠰᠤᠯᠢᠬᠤ ᠪᠠ ᠬᠤᠪᠢᠶᠠᠷᠢᠯᠠᠨ | ᠡᠵᠡᠮᠳᠡᠵᠤ ᠦᠭᠡᠷᠡᠴᠢᠯᠡᠯᠳᠡ ᠬᠢᠨ᠎ᠡ᠃ ᠬᠤᠳᠠ ᠶᠢᠨ ᠡᠵᠡᠮᠰᠢᠯᠳᠡ ᠶᠢᠨ ᠴᠢᠨᠠᠷᠳᠠᠢ ᠲᠤᠰᠬᠠᠢ ᠳᠦᠰᠦᠪ ᠢ ᠵᠠᠰᠠᠨ ᠨᠠᠶᠢᠷᠠᠭᠤᠯᠬᠤ ᠶᠢ ᠠᠬᠢᠭᠤᠯᠵᠤ᠂ ᠭᠤᠷᠪᠠᠳᠤᠭᠠᠷ | ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ ᠠᠵᠢᠯ ᠢ ᠰᠠᠶᠢᠳᠤᠷ ᠠᠳᠬᠤᠨ᠎ᠠ᠃ | ᠰᠠᠭᠤᠷᠢ ᠳᠦᠬᠦᠭᠡᠷᠦᠮᠵᠢ ᠶᠢᠨ ᠳᠤᠳᠠᠭᠳᠠᠯ ᠢ ᠨᠦᠬᠦᠪᠦᠷᠢᠯᠡᠨ ᠪᠦᠷᠢᠨᠰᠢᠭᠦᠯᠬᠦ ᠶᠢ ᠳᠦᠷᠭᠡᠳᠬᠡᠨ᠎ᠡ᠃ G65 ᠳᠡᠭᠡᠳᠤ ᠬᠤᠷᠳᠤ ᠶᠢᠨ ᠵᠠᠮ ᠤᠨ ᠪᠤᠭᠤᠳᠤ | ᠠᠴᠠ ᠳ᠋ᠦᠩᠱᠧᠩ ᠬᠦᠷᠬᠦ ᠬᠡᠰᠡᠭ ᠢ ᠦᠷᠭᠡᠳᠬᠡᠨ ᠵᠠᠰᠠᠬᠤ᠂ G210 ᠱᠤᠭᠤᠮ ᠢ ᠦᠭᠡᠷᠡᠴᠢᠯᠡᠬᠦ᠂ ᠴᠣᠣ ᠹᠧᠩ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠵᠠᠮ | ᠬᠠᠷᠢᠯᠴᠠᠭᠠᠨ ᠤ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠲᠠᠢ ᠠᠬᠢᠭᠤᠯᠤᠨ᠂ ︽ᠳᠦᠷᠪᠡᠨ ᠰᠠᠶᠢᠳᠠᠢ ᠬᠦᠳᠡᠭᠡ ᠲᠤᠰᠬᠤᠨ ᠤ ᠵᠠᠮ︾ ᠤᠨ | ᠪᠦᠳᠦᠭᠡᠨ ᠪᠠᠶᠢᠭᠤᠯᠤᠯᠳᠠ ᠶᠢ ᠱᠠᠯᠠᠪᠳᠠᠨ ᠠᠬᠢᠭᠤᠯᠵᠤ᠂ ︽ᠵᠠᠮ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠦᠨ᠂ ᠤᠷᠳᠤᠰ ᠵᠡᠭᠡᠯᠢ ᠶᠢᠨ | ᠲᠡᠮᠤᠷ ᠵᠠᠮ ᠤᠨ ᠬᠦᠭᠦᠷᠭᠡ ᠶᠢᠨ ᠪᠠᠷᠠᠭᠤᠨ ᠬᠡᠰᠡᠭ ᠢ ᠦᠷᠭᠡᠳᠬᠡᠬᠦ ᠢᠨᠵᠧᠨᠧᠷᠢᠩ ᠪᠠ ᠬᠠᠭᠤᠴᠢᠨ ᠬᠤᠲᠠ ᠲᠤᠭᠤᠷᠢᠭ ᠤᠨ ᠭᠤᠤᠯ ᠪᠤᠯᠬᠤ ᠵᠡᠭᠡᠯᠢ ᠵᠠᠮ ᠤᠨ | ᠦᠭᠡᠷᠡᠴᠢᠯᠡᠯᠳᠡ ᠶᠢ ᠬᠡᠷᠡᠭᠵᠢᠭᠦᠯᠵᠤ᠂ 23 ᠵᠤᠷᠪᠤᠰ᠂ 12 ᠺᠢᠯᠤᠮᠧᠲᠷ ᠤᠨ ᠬᠤᠲᠠ ᠶᠢᠨ ᠶᠠᠪᠤᠳᠠᠯ ᠤᠨ ᠵᠠᠰᠠᠵᠤ ᠪᠠᠷᠠᠭ᠎ᠠ ᠦᠭᠡᠢ ᠵᠠᠮ ᠢ ᠨᠡᠪᠳᠡᠷᠡᠭᠦᠯᠵᠤ᠂ ᠵᠠᠮ | ᠤᠨ ᠳᠦᠭᠵᠢᠷᠡᠯ ᠤᠨ ᠠᠰᠠᠭᠤᠳᠠᠯ ᠢ ᠰᠢᠢᠳᠪᠤᠷᠢᠯᠡᠨ᠎ᠡ᠃ ᠬᠤᠲᠠ ᠶᠢᠨ ᠢᠯᠴᠢ ᠬᠠᠩᠭᠠᠬᠤ ᠤᠤᠯ ᠤᠨ ᠰᠦᠯᠵᠢᠶ᠎ᠡ ᠶᠢ ᠰᠠᠯᠭᠠᠵᠤ᠂ ᠸᠠᠨ ᠯᠢ ᠲᠤᠭᠤᠷᠢᠭ᠂ ᠲᠢᠶᠠᠨ | ᠵᠢᠶᠣᠣ ᠵᠠᠮ ᠵᠡᠷᠭᠡ 13 ᠢᠯᠴᠢ ᠬᠠᠩᠭᠠᠬᠤ ᠬᠤᠭᠤᠯᠠᠢ ᠶᠢ ᠨᠡᠪᠳᠡᠷᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠬᠤᠭ ᠨᠤᠪᠰᠢ ᠰᠢᠳᠠᠭᠠᠵᠤ ᠴᠠᠬᠢᠯᠭᠠᠨ ᠭᠠᠷᠭᠠᠬᠤ | ᠲᠦᠷᠦᠯ ᠵᠤᠶᠢᠯ ᠤᠨ ᠪᠠᠶᠢᠭᠤᠯᠤᠯᠲᠠ ᠶᠢ ᠡᠬᠢᠯᠡᠭᠦᠯᠵᠤ᠂ ᠪᠤᠵᠠᠷ ᠰᠢᠪᠡᠷ ᠢ ᠰᠢᠢᠳᠪᠤᠷᠢᠯᠡᠬᠦ ᠲᠠᠯᠠᠪᠠᠢ᠂ ᠪᠠᠯᠠᠨ ᠲᠤᠬᠤᠢ ᠶᠢᠨ ᠬᠤᠭ ᠨᠤᠪᠰᠢ ᠶᠢ ᠪᠤᠯᠠᠬᠤ ᠲᠠᠯᠠᠪᠠᠢ ᠶᠢ | ᠪᠢᠳᠡᠭᠦᠮᠵᠢᠯᠡᠬᠦ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ 100 ᠪᠠᠶᠢᠭᠤᠯᠭ᠎ᠠ ᠨᠢᠭᠡᠴᠡ ᠪᠠ ᠰᠠᠭᠤᠭᠠᠯᠢ ᠲᠤᠭᠤᠷᠢᠭ ᠲᠤ ᠬᠤᠭ ᠨᠤᠪᠰᠢ ᠶᠢ | ᠲᠦᠷᠦᠯ ᠬᠤᠪᠢᠶᠠᠬᠤ ᠳᠤᠷᠰᠢᠯᠲᠡ ᠶᠢᠨ ᠴᠡᠭ ᠢ ᠪᠠᠶᠢᠭᠤᠯᠤᠨ᠎ᠠ᠃ ᠠᠶᠤᠯᠲᠠᠢ ᠭᠡᠷ ᠪᠠᠶᠢᠰᠢᠩ ᠢ ᠰᠢᠨᠡᠳᠬᠡᠬᠦ᠂ ᠨᠡᠶᠢᠳᠡ ᠶᠢᠨ ᠠᠰᠠᠷᠠᠮᠵᠢ ᠶᠢᠨ ᠲᠦᠷᠦᠯ ᠵᠤᠶᠢᠯ ᠤᠨ | ᠨᠤᠷᠠᠭᠠᠵᠤ ᠨᠡᠭᠦᠯᠭᠡᠬᠦ ᠠᠵᠢᠯ ᠤᠨ ᠲᠤᠭᠤᠷᠢᠨ | ᠳᠤ᠂ 1500 ᠭᠠᠷᠤᠢ ᠪᠦᠷᠭᠡ ᠭᠡᠷ ᠤᠨ ᠦᠭᠡᠷᠡᠴᠢᠯᠡᠯᠳᠡ ᠶᠢ ᠠᠯᠬᠤᠮ ᠳᠠᠷᠠᠭ᠎ᠠ ᠲᠠᠢ ᠪᠠᠷ ᠠᠬᠢᠭᠤᠯᠤᠨ᠎ᠠ᠃ ᠪᠠᠳᠤᠯᠠᠭ᠎ᠠ ᠶᠢᠨ ᠴᠢᠨᠠᠷᠲᠠᠢ ᠤᠷᠤᠨ ᠰᠠᠭᠤᠴᠠ᠂ | ᠬᠤᠭᠤᠴᠠᠭ᠎ᠠ ᠦᠩᠭᠡᠷᠡᠭᠰᠡᠨ ᠲᠠᠸᠠᠷ ᠤᠨ ᠭᠡᠷ ᠪᠠᠶᠢᠰᠢᠩ᠂ ᠭᠡᠷ ᠨᠡᠭᠦᠯᠭᠡᠨ ᠰᠢᠯᠵᠢᠭᠦᠯᠬᠦ ᠵᠡᠷᠭᠡ ᠲᠠᠯ᠎ᠠ ᠶᠢᠨ ᠪᠠᠶᠢᠭᠤᠯᠵᠤ ᠪᠠᠶᠢᠭ᠎ᠠ 52 ᠭᠡᠷ ᠪᠠᠶᠢᠰᠢᠩ ᠭᠠᠵᠠᠷ | ᠬᠦᠷᠦᠩᠭᠡ ᠶᠢᠨ ᠲᠦᠷᠦᠯ ᠵᠤᠶᠢᠯ ᠢ ᠪᠠᠶᠢᠭᠤᠯᠵᠤ᠂ 150 ᠲᠦᠮᠡᠨ ᠳᠡᠭᠰᠢ ᠳᠦᠷᠪᠡᠯᠵᠢᠨ ᠮᠧᠲᠷ ᠭᠡᠷ ᠪᠠᠶᠢᠰᠢᠩ ᠭᠠᠵᠠᠷ ᠰᠢᠷᠤᠢ ᠶᠢᠨ ᠬᠦᠷᠦᠩᠭᠡ ᠶᠢᠨ | ᠬᠦᠮᠦᠷᠭᠡᠯᠡᠯᠳᠡ ᠶᠢ ᠰᠢᠢᠳᠪᠤᠷᠢᠯᠡᠨ᠂ 2 ᠲᠦᠮᠡᠨ ᠰᠠᠭᠤᠷᠢ ᠭᠡᠷ ᠪᠠᠶᠢᠰᠢᠩ ᠤᠨ ᠲᠤᠭᠳᠠᠮᠠᠯ ᠬᠦᠷᠦᠩᠬᠡ ᠶᠢᠨ ᠳᠠᠩᠰᠠᠯᠠᠯᠳᠠ ᠶᠢᠨ ᠭᠠᠷ ᠭᠦᠢᠴᠡᠳᠬᠡᠯ ᠬᠢᠬᠦ ᠨᠦᠬᠦᠴᠡᠯ | ᠢ ᠪᠦᠷᠢᠯᠳᠦᠭᠦᠯᠬᠦ ᠶᠢ ᠠᠬᠢᠭᠤᠯᠤᠨ᠎ᠠ᠃ | ᠲᠦᠯᠦᠭᠡᠯᠡᠭᠴᠢᠳ ᠡ᠂ ᠴᠡᠪᠡᠷ ᠴᠡᠮᠴᠡᠭᠡᠷ᠂ ᠳᠠᠭᠠᠯᠠᠮᠵᠢᠲᠠᠢ ᠲᠤᠬᠢᠯᠢᠭ᠂ ᠬᠡᠬᠡᠨᠴᠡᠷ ᠰᠠᠶᠢᠬᠠᠨ ᠤᠷᠤᠰᠢᠨ ᠰᠠᠭᠤᠬᠤ ᠤᠷᠴᠢᠨ ᠲᠤᠭᠤᠷᠢᠨ ᠨᠢ ᠰᠠᠭᠤᠭᠠᠯᠢ | ᠠᠷᠠᠳ ᠪᠦᠬᠦᠨ ᠤ ᠳᠤᠯᠭᠠᠮ᠎ᠠ ᠱᠠᠭᠠᠷᠳᠠᠭᠳᠠᠵᠤ ᠪᠠᠶᠢᠭ᠎ᠠ ᠬᠦᠭᠡᠭᠡᠴᠡᠯᠳᠤᠯ ᠪᠤᠯᠤᠨ᠎ᠠ᠂ ᠮᠦᠨ ᠴᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ | ᠬᠦᠭᠡᠭᠡᠴᠡᠯᠳᠦᠬᠦ ᠬᠦᠰᠡᠯ ᠨᠠᠶᠢᠳᠠᠯᠭ᠎ᠠ ᠪᠤᠯᠤᠨ᠎ᠠ᠃ ᠪᠢᠳᠠ ᠬᠠᠭᠤᠴᠢᠨ ᠲᠤᠭᠤᠷᠢᠭ ᠢ ᠦᠭᠡᠷᠡᠴᠢᠯᠡᠬᠦ᠂ ᠰᠠᠭᠤᠷᠢ ᠳᠦᠬᠦᠭᠡᠷᠦᠮᠵᠢ ᠶᠢ ᠳᠡᠭᠦᠯᠳᠡᠷᠵᠢᠭᠦᠯᠬᠦ᠂ ᠠᠳᠠᠯ | ᠠᠬᠤᠢ ᠶᠢᠨ ᠬᠠᠮᠢᠶᠠᠷᠤᠯᠳᠠ ᠶᠢ ᠳᠡᠭᠡᠭᠰᠢᠯᠡᠭᠦᠯᠬᠦ᠂ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠵᠢᠯ ᠳᠤ ᠠᠩᠬᠠᠷᠤᠯ ᠢᠶᠠᠨ ᠳᠦᠪᠯᠡᠷᠡᠭᠦᠯᠵᠤ᠂ | ᠬᠤᠲᠠ ᠶᠢᠨ ᠠᠷᠠᠳ ᠤᠨ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠤᠨ ᠲᠤᠰᠬᠠᠯ ᠶᠡᠬᠡᠲᠠᠢ᠂ ᠬᠠᠮᠤᠭ ᠠᠴᠠ ᠭᠦᠰᠡᠨ ᠨᠠᠶᠢᠳᠠᠵᠤ ᠪᠠᠶᠢᠭ᠎ᠠ ᠲᠤᠪᠤᠶᠢᠮ᠎ᠠ | ᠠᠰᠠᠭᠤᠳᠠᠯ ᠢ ᠰᠠᠶᠢᠳᠤᠷ ᠰᠢᠢᠳᠪᠤᠷᠢᠯᠡᠨ᠎ᠡ᠃ | ︵ᠲᠠᠪᠤ︶ ᠭᠦᠴᠦᠨ ᠢᠶᠠᠨ ᠬᠠᠮᠳᠤᠳᠬᠠᠨ ᠬᠠᠮᠳᠤ ᠪᠠᠷ ᠪᠠᠶᠢᠭᠤᠯᠤᠨ ᠬᠠᠮᠳᠤ ᠪᠠᠷ ᠡᠳ᠋ᠯᠡᠵᠤ᠂ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠦᠨᠡᠨ ᠬᠦ | ᠨᠡᠮᠡᠭᠳᠡᠬᠦᠯᠦᠨ᠎ᠡ᠃ | ᠤᠯᠠᠨ ᠨᠡᠶᠢᠳᠡ ᠶᠢᠨ ᠤᠶᠢᠯᠡᠴᠢᠯᠡᠭᠡᠨ ᠤ ᠳᠡᠭᠡᠭᠰᠢᠯᠡᠯᠲᠡ ᠶᠢ ᠰᠠᠶᠢᠳᠤᠷ ᠠᠳᠬᠤᠨ᠎ᠠ᠃ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ | ᠭᠦᠨᠵᠡᠭᠡᠶᠢᠷᠡᠭᠦᠯᠦᠨ᠂ ᠴᠢᠨᠠᠷ ᠰᠠᠶᠢᠳᠠᠢ ᠰᠤᠷᠭᠠᠭᠤᠯᠢ ᠶᠢᠨ ᠪᠠᠭᠰᠢ ᠨᠠᠷ ᠢ ᠳᠠᠭᠠᠭᠤᠯᠤᠨ ᠨᠦᠬᠦᠴᠡᠯ ᠪᠠᠷᠤᠭᠳᠠᠢ ᠰᠤᠷᠭᠠᠭᠤᠯᠢ ᠶᠢᠨ ᠪᠠᠭᠰᠢ ᠨᠠᠷ ᠲᠠᠢ ᠰᠤᠯᠢᠯᠴᠠᠭ᠎ᠠ | ᠦᠷᠨᠢᠭᠦᠯᠵᠤ᠂ ᠴᠢᠨᠠᠷ ᠰᠠᠶᠢᠲᠠᠢ ᠰᠤᠷᠭᠠᠭᠤᠯᠢ ᠶᠢᠨ ᠳᠡᠷᠢᠭᠦᠨ ᠳᠡᠰ ᠲᠤ ᠳᠠᠪᠰᠢᠨ᠂ ᠨᠦᠬᠦᠴᠡᠯ ᠪᠠᠷᠤᠭᠳᠠᠢ ᠰᠤᠷᠭᠠᠭᠤᠯᠢ ᠶᠢᠨ ᠳᠡᠰ ᠳᠡᠪᠰᠢᠭᠦᠯᠬᠦ ᠶᠢ ᠪᠡᠶᠡᠯᠡᠭᠦᠯᠦᠨ᠎ᠡ | ᠃ ᠨᠡᠶᠢᠬᠡᠮ ᠤᠨ ᠪᠡᠯᠡ ᠤᠷᠤᠭᠤᠯᠵᠤ ᠰᠤᠷᠭᠠᠭᠤᠯᠢ ᠪᠠᠶᠢᠭᠤᠯᠬᠤ ᠶᠢ ᠵᠤᠷᠢᠭᠵᠢᠭᠤᠯᠤᠨ᠂ 8 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠦᠷᠭᠦᠯᠵᠢᠯᠡᠨ | ᠦᠷᠭᠡᠳᠬᠡᠨ ᠪᠠᠶᠢᠭᠤᠯᠬᠤ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠵᠤ᠂ 520 ᠨᠡᠷ᠎ᠡ ᠪᠠᠭᠰᠢ ᠡᠯᠰᠡᠨ᠂ ᠳ᠋ᠦᠩᠱᠧᠩ ᠤᠨ ᠰᠤᠷᠭᠠᠨ ᠬᠦᠮᠦᠵᠢᠯ ᠤᠨ ᠨᠡᠷᠡᠳᠤ | ᠳᠡᠮᠳᠡᠭ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ ᠬᠦᠴᠦᠷᠭᠡᠭᠵᠢᠭᠦᠯᠦᠨ᠎ᠡ᠃ ᠡᠷᠡᠬᠦᠯ ᠮᠡᠨᠳᠤ ᠶᠢᠨ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠲᠤᠭᠤᠷᠢᠨ | ᠳᠤ᠂ ︽ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ︾ ᠶᠢᠨ ᠢᠨᠵᠧᠨᠧᠷᠢᠩ ᠢ ᠬᠡᠷᠡᠭᠵᠢᠭᠦᠯᠵᠤ᠂ ᠠᠯᠤᠰ ᠡᠵᠡᠮᠰᠢᠯᠳᠤ ᠡᠮ ᠡᠮᠨᠡᠯᠭᠡ ᠶᠢᠨ ᠪᠦᠷᠬᠦᠴᠡ ᠶᠢᠨ | ᠬᠡᠪᠴᠢᠶ᠎ᠡ ᠪᠠ ᠭᠡᠷ ᠪᠦᠯᠢ ᠶᠢᠨ ᠡᠮᠴᠢ ᠶᠢᠨ ᠭᠡᠷ᠎ᠡ ᠲᠤᠭᠳᠠᠬᠤ ᠤᠶᠢᠯᠡᠴᠢᠯᠡᠭᠡ ᠶᠢ ᠦᠷᠭᠡᠳᠬᠡᠨ᠂ ᠳ᠋ᠦᠩᠱᠧᠩ ᠲᠤᠭᠤᠷᠢᠭ ᠤᠨ ᠡᠮᠨᠡᠯᠭᠡ ᠶᠢᠨ ᠬᠤᠷᠢᠶᠠᠨ ᠤ | ᠦᠬᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠤ᠂ ︽ᠡᠮ ᠡᠮᠨᠡᠯᠭᠡ ᠶᠢᠨ ᠬᠤᠯᠪᠤᠭᠠᠳᠤ ᠴᠤᠭᠴᠠ︾᠂ ︽ᠡᠮᠴᠢᠯᠡᠭᠡᠨ ᠤ ᠬᠠᠮᠳᠤᠷᠠᠭᠰᠠᠨ ᠴᠤᠭᠴᠠ︾᠂ ︽ | ᠡᠮᠴᠢ ᠶᠢᠨ ᠪᠦᠯᠦᠭᠯᠡᠯ︾ ᠤᠨ ᠪᠠᠶᠢᠭᠤᠯᠤᠯᠲᠠ ᠶᠢ ᠳᠡᠭᠦᠯᠳᠡᠷᠵᠢᠭᠦᠯᠦᠨ᠂ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ | ᠲᠤᠭᠤᠷᠢᠭ ᠢ ᠪᠠᠶᠢᠭᠤᠯᠬᠤ ᠠᠵᠢᠯ ᠢ ᠠᠬᠢᠭᠤᠯᠤᠨ᠎ᠠ᠃ ᠨᠢᠭᠡ ᠪᠦᠯᠦᠭ ᠦᠪᠡᠷᠮᠢᠴᠡ ᠤᠨᠴᠠᠯᠢᠭ ᠲᠠᠢ ᠤᠳᠬ᠎ᠠ ᠤᠷᠠᠯᠢᠭ ᠤᠨ ᠠᠩᠬᠢ ᠶᠢ ᠭᠤᠤᠯᠳᠠᠯᠭ᠎ᠠ ᠲᠠᠢ | ᠬᠦᠮᠦᠵᠢᠭᠦᠯᠦᠨ᠂ ᠪᠤᠳᠠᠳᠤ ᠦᠵᠡᠮᠵᠢ ᠶᠢᠨ ᠵᠦᠴᠦᠬᠡ ᠶᠢᠨ ᠤᠷᠠᠨ ᠰᠠᠶᠢᠬᠠᠨ ᠤ ᠲᠤᠭᠯᠠᠯᠳᠠ ᠶᠢ ᠨᠠᠷᠢᠨ ᠨᠢᠮᠪᠠᠢ ᠰᠡᠳᠬᠢᠯ ᠳᠠᠯᠪᠢᠨ ᠡᠬᠦᠳᠦᠨ ᠵᠤᠬᠢᠶᠠᠵᠤ᠂ ᠵᠠᠬ᠎ᠠ | ᠳᠡᠯᠭᠡᠭᠦᠷᠴᠢᠯᠡᠭᠰᠡᠨ ᠵᠢᠵᠢᠭ ᠲᠢᠶᠠᠲᠷ ᠢ 3 ᠪᠠᠶᠢᠭᠤᠯᠵᠤ᠂ 10 ᠰᠤᠶᠤᠯ ᠤᠨ ᠤᠷᠳᠤᠨ ᠤ ᠬᠤᠪᠢᠶᠠᠷᠢ ᠤᠷᠳᠤᠨ᠂ 3 ᠰᠠᠭᠤᠷᠢ ᠨᠤᠮ ᠤᠨ ᠰᠠᠩ ᠤᠨ ᠲᠤᠷᠰᠢᠯᠳᠠ | ᠶᠢᠨ ᠴᠡᠭ ᠤᠨ ᠬᠤᠪᠢᠶᠠᠷᠢ ᠨᠤᠮ ᠤᠨ ᠰᠠᠩ ᠢ ᠰᠢᠨ᠎ᠡ ᠪᠠᠷ ᠪᠠᠶᠢᠭᠤᠯᠤᠨ᠎ᠠ᠃ ᠤᠯᠤᠰ ᠤᠨ ᠪᠠᠳᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ | ᠰᠡᠷᠭᠡᠶᠢᠯᠡᠯᠳᠡ ᠪᠠ ᠬᠤᠤᠰ ᠬᠦᠷᠢᠶᠡᠯᠡᠯ ᠤᠨ ᠵᠢᠱᠢᠶᠡᠴᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ | ᠦᠵᠡᠭᠦᠯᠬᠦ ᠲᠤᠭᠤᠷᠢᠭ ᠤᠨ ᠡᠭᠦᠳᠦᠨ ᠪᠠᠶᠢᠭᠤᠯᠤᠯᠲᠠ ᠶᠢᠨ ᠦᠷ᠎ᠡ ᠪᠦᠳᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ᠨᠡᠶᠢᠬᠡᠮ ᠤᠨ ᠬᠠᠮᠤᠭ ᠤᠨ ᠦᠨᠳᠦᠰᠦᠨ ᠪᠠᠳᠤᠯᠠᠭ᠎ᠠ ᠶᠢ ᠴᠢᠩᠭ᠎ᠠ ᠠᠳᠬᠤᠨ᠎ᠠ᠃ ᠶᠡᠭᠡ ᠰᠤᠷᠭᠠᠭᠤᠯᠢ ᠳᠡᠭᠦᠰᠦᠭᠰᠡᠨ ᠰᠤᠷᠤᠭᠴᠢᠳ᠂ ᠠᠵᠢᠯ ᠤᠯᠬᠤ ᠳᠤ | ᠬᠦᠴᠢᠷᠲᠠᠢ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢ ᠰᠠᠶᠢᠳᠤᠷ ᠠᠳᠬᠤᠨ᠂ ᠤᠯᠠᠷᠢᠯ ᠤᠨ ᠴᠢᠨᠠᠷᠲᠠᠢ ᠠᠵᠢᠯᠳᠠᠨ ᠡᠯᠰᠡᠬᠦ ᠬᠤᠷᠠᠯ ᠪᠠ | ᠠᠵᠢᠯᠳᠠᠨ ᠡᠯᠰᠡᠬᠦ ᠲᠤᠰᠬᠠᠢ ᠲᠠᠯᠠᠪᠠᠢ ᠶᠢ ᠢᠳᠡᠪᠬᠢᠲᠠᠢ ᠵᠤᠬᠢᠶᠠᠨ ᠪᠠᠶᠢᠭᠤᠯᠵᠤ᠂ ᠪᠦᠬᠦ ᠵᠢᠯ ᠳᠤ ᠰᠢᠨ᠎ᠡ ᠪᠠᠷ ᠠᠵᠢᠯ ᠤᠯᠤᠭᠰᠠᠨ ᠬᠦᠮᠦᠨ ᠢ 6800 | ᠨᠡᠮᠡᠭᠳᠡᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠮᠡᠳᠡᠭᠡ ᠵᠠᠩᠬᠢ ᠶᠢ ᠪᠦᠷᠢᠳᠬᠡᠬᠦ ᠠᠵᠢᠯ ᠢ ᠪᠡᠶᠡᠯᠡᠭᠦᠯᠵᠤ᠂ ᠴᠡᠷᠢᠭ ᠠᠴᠠ ᠬᠠᠯᠠᠭᠳᠠᠭᠰᠠᠳ ᠢ ᠲᠤᠬᠢᠷᠠᠭᠤᠯᠤᠨ | ᠲᠦᠪᠬᠢᠨᠡᠬᠦᠯᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ 2351 ᠰᠠᠭᠤᠷᠢ ᠪᠠᠳᠤᠯᠠᠭ᠎ᠠ ᠶᠢᠨ ᠤᠷᠤᠨ ᠰᠠᠭᠤᠴᠠ ᠶᠢᠨ | ᠬᠤᠪᠢᠶᠠᠷᠢᠯᠠᠯᠳᠠ ᠶᠢᠨ ᠡᠭᠦᠷᠭᠡ ᠶᠢ ᠪᠡᠶᠡᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠶᠢ ᠦᠷᠭᠦᠯᠵᠢᠯᠡᠨ ᠠᠬᠢᠭᠤᠯᠵᠤ᠂ ᠰᠢᠨ᠎ᠡ | ᠡᠵᠡᠩᠨᠡᠯᠳᠡ ᠶᠢᠨ ᠪᠠᠶᠢᠳᠠᠯ ᠳᠠᠬᠢ ᠠᠵᠢᠯᠴᠢᠨ᠂ ᠬᠦᠯᠦᠰᠦᠨ ᠠᠵᠢᠯᠴᠢᠨ ᠪᠠ ᠴᠢᠯᠦᠭᠡᠲᠠᠢ ᠪᠠᠷ ᠠᠵᠢᠯᠯᠠᠵᠤ ᠪᠠᠶᠢᠭ᠎ᠠ ᠬᠦᠮᠦᠰ ᠤᠨ ᠳᠠᠭᠠᠳᠬᠠᠯ ᠳᠤ ᠤᠷᠤᠬᠤ ᠠᠵᠢᠯ ᠢ | ᠭᠤᠤᠯᠳᠠᠯᠭ᠎ᠠ ᠲᠠᠢ ᠠᠳᠬᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠤᠶᠢᠳᠬᠡᠯ ᠲᠤᠰᠢᠶᠠᠬᠤ ᠠᠷᠭ᠎ᠠ ᠬᠡᠯᠪᠡᠷᠢ ᠶᠢ ᠰᠠᠶᠢᠵᠢᠷᠠᠭᠤᠯᠵᠤ᠂ ᠡᠪᠡᠳᠴᠢᠨ ᠤ ᠲᠦᠷᠦᠯ ᠢ | ᠦᠨᠳᠦᠰᠦᠯᠡᠵᠤ ᠰᠤᠶᠢᠳᠬᠡᠯ ᠲᠤᠰᠢᠶᠠᠬᠤ ᠦᠬᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠢᠨᠲ᠋ᠧᠷ ᠰᠦᠯᠵᠢᠶ᠎ᠡ + ᠪᠠᠴᠢᠮ ᠬᠦᠴᠢᠷᠳᠡᠯᠲᠠᠢ ᠠᠪᠤᠷᠠᠨ | ᠲᠤᠰᠠᠯᠠᠬᠤ︾ ᠰᠢᠰᠲ᠋ᠧᠮ ᠢ ᠳᠡᠭᠦᠯᠳᠡᠷᠵᠢᠭᠦᠯᠵᠤ᠂ ᠡᠮᠴᠢᠯᠡᠭᠡᠨ ᠤ ᠠᠪᠤᠷᠠᠨ ᠲᠤᠰᠠᠯᠠᠯᠲᠠ᠂ ᠲᠦᠷ ᠴᠠᠭ ᠤᠨ ᠠᠪᠤᠷᠠᠨ ᠲᠤᠰᠠᠯᠠᠯᠳᠠ᠂ ᠶᠡᠷᠦᠩᠬᠡᠶᠢᠯᠡᠭᠰᠡᠨ ᠠᠪᠤᠷᠠᠨ | ᠲᠤᠰᠠᠯᠠᠯᠳᠠ ᠶᠢᠨ ᠡᠷᠴᠢᠮ ᠢ ᠨᠡᠮᠡᠭᠳᠡᠭᠦᠯᠦᠨ᠎ᠡ᠃ ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠨᠠᠰᠤᠳᠠᠨ ᠪᠠ ᠬᠡᠤᠬᠡᠳ ᠢ ᠬᠠᠯᠠᠮᠵᠢᠯᠠᠬᠤ ᠠᠵᠢᠯ ᠢ | ᠴᠢᠩᠭᠠᠳᠬᠠᠨ᠎ᠠ᠃ 27 ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠨᠢᠭᠦᠯᠵᠤ᠂ ᠬᠠᠨᠳᠠᠢ | ᠶᠢᠨ ᠠᠮᠢ ᠠᠬᠤᠢ ᠡᠷᠡᠭᠦᠯ ᠮᠡᠨᠳᠦ ᠶᠢᠨ ᠰᠤᠪᠢᠯᠠᠯᠳᠠ ᠶᠢᠨ ᠪᠠᠭ᠎ᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠳᠤ ᠳᠦᠰᠢᠭᠯᠡᠵᠤ᠂ ᠪᠦᠬᠦ ᠲᠡᠯᠡᠬᠡᠢ ᠳᠤ | ᠬᠠᠨᠳᠤᠭᠤᠯᠤᠭᠰᠠᠨ ︽ᠠᠮᠢ ᠠᠬᠤᠢ ᠶᠢᠨ ᠨᠠᠰᠤᠵᠢᠯ ᠤᠨ ᠰᠤᠪᠢᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ ᠪᠦᠳᠦᠭᠡᠨ ᠪᠠᠶᠢᠭᠤᠯᠤᠨ᠎ᠠ᠃ | ᠨᠡᠶᠢᠬᠡᠮ ᠤᠨ ᠠᠮᠤᠷ ᠳᠦᠪᠰᠢᠨ ᠪᠠ ᠠᠮᠤᠷ ᠲᠤᠭᠳᠠᠭᠤᠨ ᠪᠠᠶᠢᠳᠠᠯ ᠢ ᠪᠤᠳᠠᠲᠠᠢ ᠠᠳᠬᠤᠨ᠎ᠠ᠃ ᠠᠶᠤᠯ ᠦᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠦᠪᠡᠷᠳᠡᠬᠡᠨ ᠪᠠᠶᠢᠴᠠᠭᠠᠬᠤ᠂ ᠠᠵᠢᠯ ᠲᠦᠷᠦᠯ ᠠᠴᠠ ᠰᠢᠯᠭᠠᠨ ᠪᠠᠶᠢᠴᠠᠭᠠᠬᠤ᠂ ᠲᠤᠰᠬᠠᠢ | ᠮᠡᠷᠬᠡᠵᠢᠯᠳᠡᠨ ᠬᠠᠷᠭᠤᠭᠤᠯᠤᠨ ᠪᠠᠶᠢᠴᠠᠭᠠᠬᠤ ᠪᠠ ᠵᠠᠰᠠᠭ ᠤᠨ ᠤᠷᠳᠤᠨ ᠠᠴᠠ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠬᠡᠨ ᠪᠠᠶᠢᠴᠠᠭᠠᠪᠠᠯ ᠬᠡᠨ ᠭᠠᠷ ᠤᠨ ᠦᠰᠦᠭ | ᠵᠢᠷᠤᠵᠤ ᠬᠡᠨ ᠬᠠᠷᠢᠭᠤᠴᠠᠬᠤ ᠠᠶᠤᠯ ᠦᠭᠡᠢ ᠤᠶᠢᠯᠡᠳᠪᠦᠷᠢᠯᠡᠯ ᠤᠨ ᠪᠠᠶᠢᠴᠠᠭᠠᠯᠳᠠ ᠶᠢᠨ ᠪᠠᠶᠢᠩᠭᠤᠵᠢᠭᠤᠯᠤᠯᠳᠠ ᠶᠢ ᠦᠷᠨᠢᠭᠦᠯᠦᠨ᠂ ᠳᠠᠯᠳᠠ ᠬᠡᠮ ᠢ ᠦᠨᠡᠨ ᠬᠦ | ᠠᠷᠢᠯᠭᠠᠨ᠎ᠠ᠃ ᠢᠳᠡᠭᠡᠨ ᠪᠠ ᠡᠮ ᠤᠨ ᠬᠠᠮᠢᠶᠠᠷᠤᠯᠳᠠ ᠶᠢ ᠴᠢᠩᠭᠠᠳᠬᠠᠵᠤ᠂ ᠢᠳᠡᠭᠡᠨ ᠪᠠ ᠡᠮ ᠤᠨ ᠪᠦᠬᠦ ᠲᠦᠷᠦᠯ ᠵᠤᠶᠢᠯ ᠢ ᠬᠠᠮᠤᠷᠤᠭᠰᠠᠨ ᠮᠡᠳᠡᠭᠡ ᠵᠠᠩᠬᠢ ᠶᠢ | ᠮᠦᠷᠳᠡᠨ ᠨᠡᠬᠡᠮᠵᠢᠯᠡᠬᠦ ᠰᠢᠰᠲ᠋ᠧᠮ ᠢ ᠪᠠᠶᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠤᠰᠢᠭᠤ ᠲᠤᠭᠤᠷᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ | ᠳᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ︽ᠪᠤᠬᠢᠷᠳᠤᠯ ᠦᠭᠡᠢ ᠠᠮᠤ ᠪᠤᠳᠠᠭ᠎ᠠ ᠢᠳᠡᠭᠡᠨ ᠤ ᠲᠤᠰᠤ︾ ᠶᠢᠨ ᠢᠨᠵᠧᠨᠧᠷᠢᠩ ᠢ ᠢᠳᠡᠪᠬᠢᠲᠠᠢ ᠠᠬᠢᠭᠤᠯᠤᠨ᠎ᠠ᠃ ᠠᠪᠴᠠᠭ᠎ᠠ ᠪᠠᠨ ᠬᠤᠪᠢ | ᠤᠷᠤᠭᠤᠯᠤᠯᠲᠠ ᠪᠤᠯᠭᠠᠬᠤ᠂ ᠬᠤᠳᠠᠯᠳᠤᠭᠠᠴᠢᠨ ᠤᠷᠢᠵᠤ ᠨᠠᠶᠢᠳᠠᠨ ᠬᠠᠮᠢᠶᠠᠷᠠᠭᠤᠯᠬᠤ᠂ ᠪᠡᠯᠨ ᠮᠦᠩᠬᠦ ᠪᠠ ᠪᠤᠳᠠᠰ ᠤᠨ ᠰᠤᠯᠢᠯᠲᠠ ᠶᠢ ᠬᠠᠷᠢᠯᠴᠠᠨ ᠨᠢᠭᠡᠳᠬᠡᠬᠦ ᠵᠡᠷᠭᠡ | ᠠᠷᠭ᠎ᠠ ᠬᠡᠯᠪᠡᠷᠢ ᠶᠢ ᠬᠡᠷᠡᠭᠯᠡᠨ᠂ ᠬᠠᠭᠤᠴᠢᠨ ᠬᠡᠷᠡᠭ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠬᠢᠴᠠ ᠶᠢ ᠠᠬᠢᠭᠤᠯᠤᠨ᠎ᠠ᠃ ᠵᠦᠷᠢᠴᠡᠯ ᠮᠦᠷᠭᠦᠯᠳᠦᠭᠡᠨ ᠢ ᠵᠢᠭᠰᠠᠭᠠᠨ | ᠪᠠᠶᠢᠴᠠᠭᠠᠬᠤ ᠶᠢ ᠦᠷᠨᠢᠭᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠤᠷᠢᠯᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ | ᠴᠡᠭᠴᠡᠯᠡᠨ ᠵᠠᠰᠠᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠳᠡᠮᠡᠴᠡᠯ ᠢ ᠦᠷᠭᠦᠯᠵᠢᠯᠡᠨ ᠦᠷᠨᠢᠭᠦᠯᠵᠤ᠂ ᠰᠦᠯᠵᠢᠶᠠᠨ ᠳᠡᠬᠡᠷᠡᠬᠢ ᠶᠠᠷᠢᠶ᠎ᠠ | ᠬᠡᠯᠡᠯᠴᠡᠭᠡ᠂ ᠠᠮᠤᠷ ᠢ ᠬᠠᠮᠠᠭᠠᠯᠠᠬᠤ ᠬᠦᠳᠡᠯᠦᠩᠬᠦᠢ ᠪᠠᠶᠢᠳᠠᠯ᠂ ᠬᠠᠯᠠᠮᠰᠢᠯ ᠪᠤᠯᠵᠤ ᠪᠠᠶᠢᠭ᠎ᠠ ᠰᠡᠷᠭᠡᠭ ᠠᠰᠠᠭᠤᠳᠠᠯ ᠵᠡᠷᠭᠡ ᠶᠢ ᠬᠠᠮᠢᠶᠠᠷᠤᠨ ᠡᠵᠡᠮᠳᠡᠵᠤ᠂ ᠨᠡᠶᠢᠬᠡᠮ ᠤᠨ | ᠠᠮᠤᠷ ᠳᠦᠪᠰᠢᠨ ᠤ ᠶᠡᠭᠡ ᠳᠠᠯ᠎ᠠ ᠶᠢ ᠦᠷᠭᠦᠯᠵᠢᠯᠡᠨ ᠰᠠᠶᠢᠳᠤᠷ ᠬᠠᠮᠠᠭᠠᠯᠠᠨ᠎ᠠ᠃ | ᠲᠦᠯᠦᠭᠡᠯᠡᠭᠴᠢᠳ ᠡ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠳᠤ ᠳᠡᠭᠦᠰᠬᠡᠯ ᠭᠡᠵᠤ ᠪᠠᠶᠢᠬᠤ ᠦᠭᠡᠢ᠂ ᠵᠦᠪᠬᠡᠨ ᠳᠠᠰᠤᠷᠠᠰᠢ ᠦᠭᠡᠢ | ᠰᠢᠨ᠎ᠡ ᠡᠬᠢᠯᠡᠯᠳᠡ ᠪᠠᠶᠢᠳᠠᠭ᠃ ᠬᠡᠳᠤᠢ ᠬᠦᠴᠢᠷ ᠪᠡᠷᠬᠡᠰᠢᠶᠡᠯ ᠲᠠᠢ ᠴᠦ ᠪᠢᠳᠠ ᠠᠷᠠᠳ ᠤᠨ ᠠᠮᠢᠳᠤᠷᠠᠯ ᠳᠤ ᠬᠦᠴᠦ ᠳᠠᠯᠪᠢᠬᠤ ᠪᠠᠨ ᠨᠡᠮᠡᠭᠳᠡᠬᠦᠯᠬᠦ ᠠᠴᠠ ᠪᠢᠰᠢ | ᠬᠠᠰᠤᠭᠳᠠᠭᠤᠯᠬᠤ ᠦᠭᠡᠢ ᠪᠠᠶᠢᠬᠤ ᠶᠢ ᠪᠠᠳᠤᠯᠠᠨ᠎ᠠ᠃ ᠪᠢᠳᠠ ᠡᠷᠬᠡᠪᠰᠢ ᠠᠷᠠᠳ ᠲᠦᠮᠡᠨ ᠤ ᠬᠠᠮᠤᠭ ᠠᠴᠠ ᠬᠠᠯᠠᠮᠵᠢᠯᠠᠳᠠᠭ ᠶᠠᠪᠤᠳᠠᠯ ᠢ ᠪᠠᠭ᠎ᠠ ᠭᠡᠮᠡᠨ ᠪᠠᠰᠤᠯ ᠦᠭᠡᠢ | ᠬᠢᠵᠤ᠂ ᠠᠷᠠᠳ ᠲᠦᠮᠡᠨ ᠤ ᠬᠠᠮᠤᠭ ᠤᠨ ᠬᠦᠴᠢᠷᠳᠡᠯᠲᠠᠢ᠂ ᠬᠠᠮᠤᠭ ᠠᠴᠠ ᠰᠠᠨᠠᠭ᠎ᠠ ᠵᠤᠪᠠᠳᠠᠭ᠂ ᠬᠠᠮᠤᠭ ᠤᠨ ᠲᠤᠯᠭᠠᠮ᠎ᠠ ᠪᠤᠳᠠᠳᠤ ᠠᠰᠠᠭᠤᠳᠠᠯ ᠢ ᠯᠠᠪᠳᠠᠭᠤᠨ | ᠪᠠᠳᠤᠲᠠᠢ ᠰᠢᠢᠳᠪᠤᠷᠢᠯᠡᠨ᠂ ᠪᠤᠳᠠᠲᠠᠢ ᠤᠶᠢᠯᠡᠳᠦᠯᠭᠡ ᠪᠠᠷ ᠢᠶᠠᠨ ᠠᠷᠠᠳ ᠲᠦᠮᠡᠨ ᠤ ᠢᠳᠡᠭᠡᠯ ᠳᠡᠮᠵᠢᠯᠭᠡ ᠶᠢ ᠤᠯᠬᠤ ᠬᠡᠷᠡᠭᠲᠠᠢ︕ | ︵ᠵᠢᠷᠭᠤᠭ᠎ᠠ︶ ᠭᠦᠴᠦᠨ ᠢᠶᠠᠨ ᠲᠦᠪᠯᠡᠷᠡᠭᠦᠯᠦᠨ ᠬᠠᠷᠢᠭᠤᠴᠠᠯᠭ᠎ᠠ ᠡᠭᠦᠷᠭᠡᠯᠡᠵᠤ᠂ ᠵᠠᠰᠠᠭ ᠤᠨ ᠤᠷᠳᠤᠨ ᠤ ᠬᠦᠢᠴᠡᠳᠬᠡᠬᠦ ᠭᠦᠴᠦᠨ ᠪᠠ ᠳᠠᠶᠢᠴᠢᠨ ᠭᠦᠴᠦᠨ | ᠢ ᠦᠨᠡᠨ ᠬᠦ ᠴᠢᠩᠭᠠᠳᠬᠠᠨ᠎ᠠ᠃ ᠤᠳᠤᠬᠠᠨ ᠤ ᠬᠠᠮᠤᠭ ᠤᠨ ᠴᠢᠬᠤᠯᠠ᠂ ᠬᠠᠮᠤᠭ ᠤᠨ ᠲᠤᠯᠭᠠᠮ᠎ᠠ᠂ ᠬᠠᠮᠤᠭ ᠤᠨ ᠵᠠᠩᠬᠢᠯᠠᠭ᠎ᠠ ᠶᠢᠨ ᠡᠭᠦᠷᠬᠡ ᠪᠤᠯ | ᠨᠠᠶᠢᠳᠠᠪᠤᠷᠢᠵᠢᠭᠤᠯᠤᠯᠲᠠ ᠶᠢ ᠠᠳᠬᠤᠬᠤ ᠶᠠᠪᠤᠳᠠᠯ ᠪᠤᠯᠤᠨ᠎ᠠ᠃ ᠨᠠᠶᠢᠳᠠᠪᠤᠷᠢᠵᠢᠭᠤᠯᠪᠠᠯ ᠰᠠᠶ᠋ᠢ ᠦᠷ᠎ᠡ ᠪᠦᠳᠦᠮᠵᠢ ᠶᠢ ᠭᠠᠷᠭᠠᠵᠤ᠂ ᠪᠤᠳᠠᠲᠠᠢ ᠬᠢᠪᠡᠯ ᠰᠠᠶ᠋ᠢ ᠡᠭᠦᠷᠭᠡ | ᠬᠠᠷᠢᠭᠤᠴᠠᠯᠭ᠎ᠠ ᠶᠢ ᠢᠯᠡᠷᠡᠭᠦᠯᠦᠨ᠎ᠡ᠃ | ᠵᠤᠭᠰᠤᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠵᠦᠪ ᠤᠨᠤᠪᠴᠢᠲᠠᠢ ᠤᠯᠤᠰ ᠲᠦᠷᠦ ᠶᠢᠨ ᠴᠢᠭᠯᠡᠯ ᠢ ᠢᠮᠠᠭᠳᠠ | ᠪᠠᠷᠢᠮᠳᠠᠯᠠᠵᠤ᠂ ︽ᠳᠦᠷᠪᠡᠨ ᠤᠬᠠᠮᠰᠠᠷ︾ ᠢ ᠪᠠᠳᠤ ᠪᠠᠬᠢᠵᠢᠭᠦᠯᠦᠨ᠂ ︽ᠳᠦᠷᠪᠡᠨ ᠢᠳᠡᠭᠡᠯ︾ ᠢ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠦᠨ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠤᠶᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ | ᠨᠠᠮ ᠤᠨ ᠲᠦᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠦᠯᠲᠠᠢ ᠪᠠᠶᠢᠯᠭᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠢᠶᠠᠨ ᠬᠤᠷᠴᠠᠯᠠᠵᠤ᠂ ᠤᠶᠢᠯᠡᠳᠤᠯᠭᠡ ᠪᠠᠨ ᠵᠢᠯᠤᠭᠤᠳᠤᠭᠤᠯᠬᠤ ᠶᠢ ᠢᠮᠠᠭᠳᠠ ᠪᠠᠷᠢᠮᠳᠠᠯᠠᠵᠤ᠂ | ᠲᠦᠪ ᠬᠤᠷᠢᠶᠠᠨ ᠤ ᠵᠤᠷᠢᠭ ᠰᠠᠨᠠᠭ᠎ᠠ ᠶᠢ ᠪᠤᠳᠠᠳᠤ ᠰᠡᠳᠬᠢᠴᠡ᠂ ᠠᠷᠭ᠎ᠠ ᠪᠠᠷᠢᠯ ᠪᠤᠯᠤᠨ ᠠᠵᠢᠯ ᠤᠨ ᠡᠭᠦᠷᠭᠡ ᠪᠠᠨ ᠪᠤᠯᠭᠠᠨ ᠬᠤᠪᠢᠷᠠᠭᠤᠯᠵᠤ᠂ ᠲᠦᠪ ᠬᠤᠷᠢᠶ᠎ᠠ᠂ | ᠳᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠶᠢᠯᠡ ᠠᠵᠢᠯᠯᠠᠭ᠎ᠠ ᠪᠠᠷ ᠢᠶᠠᠨ ᠨᠠᠮ ᠳᠤ ᠪᠠᠨ ᠦᠨᠡᠨᠴᠢ ᠪᠠᠶᠢᠬᠤ ᠪᠠᠨ ᠢᠯᠡᠷᠡᠭᠦᠯᠦᠨ᠂ ᠦᠷ᠎ᠡ ᠪᠦᠳᠦᠮᠵᠢ ᠪᠠᠷ | ᠬᠠᠷᠢᠭᠤᠴᠠᠯᠭ᠎ᠠ ᠪᠠᠨ ᠡᠭᠦᠷᠭᠡᠯᠡᠬᠦ ᠶᠢ ᠦᠨᠡᠨ ᠬᠦ ᠬᠠᠷᠠᠭᠤᠯᠬᠤ ᠬᠡᠷᠡᠭᠲᠠᠢ᠃ | ᠴᠢᠳᠠᠪᠤᠷᠢ ᠪᠠᠨ ᠳᠡᠭᠡᠭᠰᠢᠯᠡᠭᠦᠯᠬᠦ ᠶᠢ ᠨᠠᠶᠢᠳᠠᠪᠤᠷᠢᠵᠢᠭᠤᠯᠤᠨ᠎ᠠ᠃ ᠤᠯᠠᠮ ᠪᠤᠳᠤᠯᠢᠶᠠᠨᠲᠠᠢ᠂ ᠪᠡᠷᠬᠡᠰᠢᠶᠡᠯᠲᠠᠢ᠂ ᠳᠠᠷᠤᠯᠳᠠ ᠶᠡᠭᠡ ᠬᠦᠭᠵᠢᠯᠳᠡ ᠶᠢᠨ ᠪᠠᠶᠢᠳᠠᠯ | ᠪᠤᠢ ᠪᠤᠯᠬᠤ ᠳᠤᠳᠤᠮ᠂ ᠤᠯᠠᠮ ᠢᠯᠡᠭᠦᠤ ᠠᠵᠢᠯ ᠬᠢᠬᠦ ᠤᠬᠠᠮᠰᠠᠷ ᠪᠠ ᠴᠢᠳᠠᠪᠤᠷᠢ ᠱᠠᠭᠠᠷᠳᠠᠭᠳᠠᠨ᠎ᠠ᠃ ᠪᠢᠳᠠ ᠳ᠋ᠦᠩᠱᠧᠩ ᠠᠴᠠ ᠪᠠᠨ ᠭᠠᠷᠴᠤ ᠳ᠋ᠦᠩᠱᠧᠩ ᠢᠶᠠᠨ | ᠬᠠᠷᠠᠵᠤ᠂ ᠳᠠᠨᠢᠯᠳᠠ ᠪᠠᠨ ᠬᠤᠷᠴᠠᠳᠬᠠᠨ᠂ ᠰᠡᠳᠬᠢᠴᠡ ᠪᠠᠨ ᠰᠢᠨᠡᠴᠢᠯᠡᠵᠤ᠂ ᠬᠦᠰᠡᠯ ᠬᠦᠭᠡᠭᠡᠴᠡᠯᠳᠤᠯ ᠢᠶᠠᠨ ᠬᠤᠪᠢᠷᠠᠭᠤᠯᠬᠤ ᠶᠢ | ᠳᠦᠷᠭᠡᠳᠬᠡᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂ ᠲᠦᠷᠦᠯ ᠵᠤᠶᠢᠯ ᠤᠨ ᠪᠦᠳᠦᠭᠡᠨ | ᠪᠠᠶᠢᠭᠤᠯᠤᠯᠲᠠ᠂ ᠬᠤᠳᠠ ᠶᠢᠨ ᠬᠠᠮᠢᠶᠠᠷᠤᠯᠳᠠ᠂ ᠵᠦᠷᠢᠴᠡᠯ ᠢ ᠰᠢᠢᠳᠪᠤᠷᠢᠯᠡᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠤᠭᠤᠷᠢᠨ ᠳᠤ᠂ ᠰᠡᠳᠬᠢᠴᠡ ᠪᠠᠨ | ᠦᠷᠭᠡᠳᠬᠡᠨ᠂ ᠪᠤᠳᠠᠲᠠᠢ ᠠᠷᠭ᠎ᠠ ᠬᠡᠮᠵᠢᠶ᠎ᠡ ᠠᠪᠴᠤ᠂ ᠦᠷ᠎ᠡ ᠪᠦᠳᠦᠮᠵᠢ ᠤᠯᠬᠤ ᠪᠠᠷ ᠴᠢᠷᠮᠠᠶᠢᠨ᠎ᠠ᠃ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠳᠤ ᠪᠠ ᠡᠮᠤᠨ᠎ᠡ | ᠹᠷᠤᠨᠲ ᠲᠤ ᠭᠦᠨᠵᠡᠭᠡᠶᠢᠷᠡᠨ᠂ ᠤᠯᠠᠨ ᠲᠦᠮᠡᠨ ᠤ ᠶᠠᠭᠤ ᠪᠤᠳᠤᠵᠤ᠂ ᠶᠠᠭᠤ ᠶᠢ ᠬᠦᠰᠡᠮᠵᠢᠯᠡᠵᠤ ᠪᠠᠶᠢᠬᠤ᠂ ᠬᠠᠮᠤᠭ ᠠᠴᠠ ᠬᠢᠬᠦ ᠴᠢᠬᠤᠯᠠᠳᠠᠢ ᠵᠤᠶᠢᠯ ᠨᠢ ᠶᠠᠭᠤ | ᠪᠤᠯᠬᠤ ᠶᠢ ᠭᠦᠨᠵᠡᠭᠡᠢ ᠤᠶᠢᠯᠠᠭᠠᠨ ᠮᠡᠳᠡᠵᠤ᠂ ᠤᠯᠠᠨ ᠲᠦᠮᠡᠨ ᠤ ᠬᠠᠮᠤᠭ ᠠᠴᠠ ᠬᠠᠯᠠᠮᠵᠢᠯᠠᠵᠤ ᠬᠠᠮᠤᠭ ᠠᠴᠠ ᠰᠠᠨᠠᠭᠠᠰᠢᠷᠠᠳᠠᠭ ᠱᠠᠭᠠᠷᠳᠠᠯᠭ᠎ᠠ ᠪᠠᠷ ᠠᠵᠢᠯ ᠤᠨ | ᠡᠬᠢᠯᠡᠯᠲᠡ ᠪᠤᠯᠤᠨ ᠳᠡᠭᠦᠰᠬᠡᠯ ᠢᠶᠠᠨ ᠪᠤᠯᠭᠠᠵᠤ᠂ ᠬᠦᠭᠵᠢᠯᠳᠡ ᠶᠢᠨ ᠳᠤᠮᠳᠠᠬᠢ ᠬᠦᠴᠢᠷ ᠠᠰᠠᠭᠤᠳᠠᠯ ᠪᠠ ᠠᠷᠠᠳ ᠤᠨ ᠠᠮᠢᠳᠤᠷᠠᠯ ᠳᠠᠬᠢ ᠠᠰᠠᠭᠤᠳᠠᠯ ᠢ ᠨᠢᠭᠡᠳ | ᠨᠢᠭᠡ ᠪᠠᠷ ᠴᠢᠷᠮᠠᠶᠢᠨ ᠰᠢᠢᠳᠪᠤᠷᠢᠯᠡᠨ᠎ᠡ᠃ | ᠯᠠᠪᠳᠠᠭᠤᠨ ᠪᠤᠲᠠᠳᠠᠢ ᠴᠢᠷᠮᠠᠶᠢᠨ ᠠᠵᠢᠯᠯᠠᠵᠣ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠤᠮᠤᠷᠬᠠᠭᠯᠠᠵᠤ ᠪᠠᠷᠳᠠᠮᠨᠠᠬᠤ᠂ ᠬᠤᠭᠤᠰᠤᠨ ᠦᠬᠡ | ᠶᠠᠷᠢᠬᠤ ᠶᠢ ᠡᠷᠡᠰ ᠳᠡᠪᠴᠢᠵᠤ᠂ ᠵᠦᠪᠬᠡᠨ ᠨᠠᠶᠢᠳᠠᠪᠤᠷᠢᠵᠢᠭᠤᠯᠤᠯᠳᠠ ᠶᠢ ᠶᠠᠷᠢᠨ᠎ᠠ᠃ ᠪᠠᠶᠢᠭᠤᠯᠭ᠎ᠠ ᠶᠢᠨ ᠨᠢᠭᠡᠳᠦᠭᠡᠷ ᠭᠠᠷ ᠤᠨ ᠵᠠᠩᠭᠢᠯᠠᠭ᠎ᠠ ᠠᠴᠠ ᠭᠠᠷᠳᠠᠵᠤ᠂ ᠳᠡᠳ᠋ | ᠲᠣᠰᠢᠶᠠᠯ ᠤᠨ ᠭᠤᠤᠯᠳᠠᠯᠭ᠎ᠠ ᠠᠴᠠ ᠡᠭᠦᠰᠴᠦ᠂ ᠪᠤᠳᠠᠲᠣ ᠬᠠᠷᠢᠭᠤᠴᠠᠯᠭᠠᠲᠣ ᠬᠦᠮᠦᠨ ᠤ ᠭᠤᠭᠴᠤᠭ᠎ᠠ ᠶᠢ ᠠᠳᠬᠤᠵᠣ᠂ ᠳᠤᠭᠳᠠᠭᠠᠭᠰᠠᠨ ᠡᠬᠦᠷᠬᠡ᠂ | ᠪᠠᠶᠢᠷᠢᠯᠠᠭᠤᠯᠤᠭᠰᠠᠨ ᠠᠵᠢᠯ ᠢ ᠳᠡᠰ ᠳᠡᠰ ᠢᠶᠠᠷ ᠬᠤᠪᠢᠶᠠᠷᠢᠯᠠᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠠᠷᠢᠨ ᠳᠠᠩᠰᠠ ᠮᠠᠶ᠋ᠢᠭ ᠤᠨ ᠬᠠᠮᠢᠶᠠᠷᠣᠯᠲᠠ ᠪᠠᠷ | ᠠᠬᠢᠭᠤᠯᠵᠤ᠂ ᠴᠠᠭ ᠬᠤᠭᠤᠴᠠᠭ᠎ᠠ ᠬᠢᠵᠠᠭᠠᠷᠯᠠᠨ ᠦᠷ᠎ᠡ ᠪᠦᠳᠦᠮᠵᠢ ᠭᠠᠷᠭᠠᠵᠤ ᠨᠠᠶᠢᠳᠠᠪᠤᠷᠢᠵᠢᠭᠤᠯᠬᠤ ᠶᠢ ᠪᠠᠳᠤᠯᠠᠵᠤ᠂ ᠬᠤᠷᠠᠯ ᠠᠴᠠ ᠲᠣᠭᠳᠠᠭᠠᠭᠰᠠᠨ᠂ ᠴᠠᠭᠠᠰᠣᠨ | ᠳᠤ ᠳᠠᠮᠳᠡᠭᠯᠡᠭᠰᠡᠨ᠂ ᠶᠠᠷᠢᠶᠠᠨ ᠳᠤ ᠳᠣᠷᠠᠳᠣᠭᠰᠠᠨ ᠢ ᠪᠤᠳᠠᠲᠠᠢ ᠦᠢᠯᠡ ᠠᠵᠢᠯᠯᠠᠭ᠎ᠠ ᠪᠤᠯᠤᠨ ᠪᠣᠳᠠᠳᠣ ᠦᠷ᠎ᠡ ᠪᠦᠳᠦᠮᠵᠢ ᠪᠤᠯᠭᠠᠨ ᠬᠤᠪᠢᠷᠠᠭᠤᠯᠤᠨ᠎ᠠ᠃ ᠱᠠᠭᠠᠷᠳᠠᠨ | ᠪᠠᠶᠢᠴᠠᠭᠠᠯᠲᠠ᠂ ᠬᠢᠨᠠᠨ ᠪᠤᠳᠤᠯᠲᠠ᠂ ᠬᠢᠨᠠᠨ ᠪᠠᠶᠢᠴᠠᠭᠠᠯᠲᠠ ᠵᠡᠷᠭᠡ ᠴᠢᠩᠭ᠎ᠠ ᠠᠷᠭ᠎ᠠ ᠠᠪᠴᠠᠯ ᠢᠶᠠᠷ ᠰᠠᠯᠠᠭ᠎ᠠ ᠮᠦᠴᠢᠷ᠂ ᠠᠵᠢᠯ ᠤᠨ ᠪᠠᠶᠢᠷᠢ᠂ ᠠᠵᠢᠯ ᠲᠦᠷᠦᠯ | ᠪᠦᠷᠢ ᠠᠴᠠ ᠬᠠᠷᠢᠭᠤᠴᠠᠯᠭ᠎ᠠ ᠲᠣᠯᠭᠠᠨ᠂ ᠠᠬᠢᠴᠠ ᠶᠢ ᠠᠩᠬᠠᠷᠴᠣ᠂ ᠦᠷ᠎ᠡ ᠪᠦᠲᠦᠮᠵᠢ ᠭᠠᠷᠭᠠᠨ᠂ ᠬᠢᠬᠦ ᠡᠰᠡᠬᠦ᠂ ᠬᠡᠳᠦᠢ ᠣᠯᠠᠨ ᠬᠢᠬᠦ᠂ ᠬᠢᠷᠢ ᠵᠡᠷᠭᠡ ᠬᠢᠬᠦ ᠶᠢᠨ | ᠠᠰᠠᠭᠤᠳᠠᠯ ᠢ ᠰᠡᠳᠭᠢᠯ ᠰᠢᠭᠤᠳᠣᠨ ᠰᠢᠢᠳᠪᠦᠷᠢᠯᠡᠵᠦ᠂ ᠴᠠᠭ ᠮᠦᠴᠡ ᠪᠦᠷᠢ᠂ ᠠᠯᠢᠪᠠ ᠶᠠᠪᠤᠳᠠᠯ ᠳᠤ ᠨᠠᠶᠢᠳᠠᠪᠣᠷᠢᠵᠢᠭᠤᠯᠬᠤ ᠶᠢ ᠠᠳᠬᠤᠬᠤ ᠰᠢᠯᠢᠳᠡᠭ ᠰᠠᠶᠢᠨ | ᠠᠭᠤᠷ ᠠᠮᠢᠰᠬᠤᠯ ᠢ ᠪᠦᠷᠢᠯᠳᠦᠭᠦᠯᠦᠨ᠎ᠡ᠃ | ᠰᠣᠷᠲᠠᠯ ᠲᠦᠪ ᠴᠢᠭᠡᠴᠢ ᠪᠠᠶᠢᠬᠤ ᠶᠢ ᠨᠠᠶᠢᠳᠠᠪᠤᠷᠢᠵᠢᠭᠤᠯᠤᠨ᠎ᠠ᠃ ᠬᠠᠣᠯᠢ ᠪᠠᠷ ᠵᠠᠰᠠᠭ ᠶᠠᠪᠤᠭᠤᠯᠬᠤ ᠶᠢ ᠢᠮᠠᠭᠳᠠ ᠪᠠᠷᠢᠮᠲᠠᠯᠠᠨ᠂ ᠠᠵᠢᠯ ᠢᠶᠠᠨ ᠪᠡᠶᠡᠯᠡᠭᠦᠯᠵᠦ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠠᠤᠯᠢ ᠪᠠᠷ ᠵᠠᠰᠠᠬᠤ ᠵᠠᠭᠪᠣᠷ ᠲᠤ ᠪᠠᠶᠢᠷᠢᠯᠠᠭᠤᠯᠤᠨ᠂ ᠬᠠᠣᠯᠢ ᠪᠠᠷ ᠵᠠᠰᠠᠬᠤ ᠬᠡᠯᠪᠡᠷᠢ ᠳᠤ ᠣᠷᠣᠨᠰᠢᠭᠤᠯᠤᠨᠠ᠃ ᠳᠤᠭᠤᠷᠢᠭ | ᠤᠨ ᠠᠷᠠᠳ ᠤᠨ ᠲᠦᠯᠦᠬᠡᠯᠡᠭᠴᠢᠳ ᠵᠢᠴᠢ ᠪᠠᠶᠢᠩᠭᠤ ᠶᠢᠨ ᠬᠤᠷᠢᠶ᠎ᠠ ᠡᠯ᠎ᠡ ᠲᠦᠷᠦᠯ ᠤᠨ ᠰᠢᠢᠳᠪᠤᠷᠢᠳᠤ ᠳᠤᠭᠳᠠᠭᠠᠯ ᠢ ᠬᠢᠨᠠᠮᠠᠭᠠᠢ ᠬᠡᠷᠡᠭᠵᠢᠬᠦᠯᠵᠤ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠬᠠᠣᠯᠢ ᠳᠤ ᠬᠢᠨᠠᠯᠲᠠ ᠲᠠᠯᠪᠢᠬᠤ ᠶᠢ ᠬᠠᠣᠯᠢ ᠶᠣᠰᠣᠭᠠᠷ ᠵᠦᠪᠰᠢᠶᠡᠷᠡᠵᠦ᠂ ᠤᠯᠤᠰ ᠲᠦᠷᠦ ᠶᠢᠨ ᠵᠦᠪᠯᠡᠯᠭᠡᠨ ᠤ | ᠠᠷᠠᠳᠴᠢᠯᠠᠯ ᠳᠤ ᠬᠢᠨᠠᠯᠲᠠ ᠲᠠᠯᠪᠢᠬᠤ ᠪᠤᠯᠤᠨ ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠴᠣ᠂ ᠨᠡᠶᠢᠭᠡᠮ ᠤᠨ ᠪᠠ | ᠶᠠᠷᠢᠶ᠎ᠠ ᠬᠡᠯᠡᠯᠴᠡᠭᠡ ᠶᠢᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠤᠨ᠎ᠠ᠃ ᠨᠠᠮ ᠤᠨ ᠰᠣᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠂ ᠲᠦᠪ ᠤᠨ ᠨᠠᠢᠮᠠᠨ ᠲᠣᠭᠳᠠᠭᠠᠯ ᠪᠤᠯᠤᠨ ᠬᠡᠷᠡᠭᠵᠢᠬᠦᠯᠬᠦ ᠨᠠᠷᠢᠨ ᠵᠤᠷᠪᠤᠰ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠯᠪᠡᠷᠢ | ᠶᠢᠨ ᠦᠵᠡᠯ᠂ ᠨᠣᠶᠠᠨᠴᠢ ᠰᠤᠷᠳᠠᠯ ᠪᠤᠯᠤᠨ ︽ᠲᠦᠷᠪᠡᠨ ᠨᠤᠶᠠᠨᠴᠢ ᠰᠤᠷᠳᠠᠯ︾ ᠤᠨ ᠳᠣᠪᠣᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠵᠠᠰᠠᠭ ᠤᠨ | ᠣᠷᠳᠣᠨ ᠡᠷᠬᠡ ᠪᠠᠨ ᠬᠡᠷᠡᠭᠵᠢᠭᠦᠯᠦᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠳ᠋ ᠤᠨ ᠵᠠᠰᠠᠭ ᠮᠥᠩᠭᠦᠨ ᠭᠦᠢᠯᠭᠡᠭᠡ᠂ ᠣᠯᠣᠰ ᠤᠨ ᠠᠵᠣ ᠠᠬᠤᠶᠢᠯᠠᠯ᠂ ᠠᠵᠤ | ᠠᠬᠤᠢ ᠶᠢᠨ ᠬᠠᠷᠢᠭᠤᠴᠠᠯᠭ᠎ᠠ ᠵᠡᠷᠭᠡ ᠲᠠᠯ᠎ᠠ ᠶᠢᠨ ᠪᠦᠬᠦᠨ ᠢ ᠬᠠᠮᠳᠤᠷᠤᠭᠰᠠᠨ ᠬᠢᠨᠠᠨ ᠪᠤᠳᠤᠯᠲᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠦᠨᠳᠦ ᠴᠢᠬᠤᠯᠠ | ᠲᠦᠷᠦ ᠶᠢᠨ ᠪᠤᠳᠣᠯᠭ᠎ᠠ ᠶᠢᠨ ᠨᠠᠶᠢᠳᠠᠪᠣᠷᠢᠵᠢᠭᠤᠯᠣᠯᠲᠠ᠂ ᠬᠢᠨᠠᠨ ᠪᠤᠳᠤᠯᠲᠠ ᠶᠢᠨ ᠠᠰᠠᠭᠤᠳᠠᠯ ᠤᠨ ᠴᠡᠭᠴᠡᠯᠡᠨ ᠵᠠᠰᠠᠯᠲᠠ ᠪᠠ ᠵᠠᠰᠠᠭ ᠤᠨ ᠣᠷᠳᠣᠨ ᠤ ᠪᠡᠯᠡ | ᠣᠷᠣᠭᠤᠯᠣᠭᠰᠠᠨ ᠲᠦᠷᠦᠯ ᠵᠦᠢᠯ ᠤᠨ ᠶᠠᠪᠤᠭᠳᠠᠬᠤ ᠵᠡᠷᠭᠡ ᠪᠦᠬᠦ ᠶᠠᠪᠤᠴᠠ ᠳᠤ ᠮᠦᠷᠳᠡᠭᠰᠡᠨ ᠬᠢᠨᠨᠠ ᠪᠣᠳᠣᠯᠲᠠ ᠬᠢᠨ᠎ᠡ᠃ ᠪᠠᠶᠢᠭᠤᠯᠣᠮᠵᠢ ᠶᠢᠨ ᠦᠭᠡᠷᠡᠴᠢᠯᠡᠯᠲᠡ | ᠴᠢᠳᠠᠪᠬᠢ ᠶᠢᠨ ᠬᠤᠪᠢᠶᠠᠷᠢᠯᠠᠯ ᠬᠤᠪᠢᠷᠠᠭᠤᠯᠤᠯᠲᠠ᠂ ᠠᠵᠢᠯᠳᠠᠳ ᠤᠨ ᠰᠢᠯᠵᠢᠯᠲᠡ᠂ ᠠᠵᠢᠯ ᠤᠨ ᠵᠣᠯᠭᠠᠯᠴᠠᠭ᠎ᠠ᠂ ᠡᠩᠨᠡᠭᠡ ᠶᠢᠨ ᠬᠠᠮᠢᠶᠠᠷᠣᠯᠲᠠ ᠵᠡᠷᠭᠡ ᠠᠵᠢᠯ ᠢ | ᠰᠠᠶᠢᠲᠣᠷ ᠬᠢᠵᠦ᠂ ᠪᠠᠶᠢᠭᠤᠯᠤᠮᠵᠢ ᠶᠢᠨ ᠦᠭᠡᠷᠡᠴᠢᠯᠡᠯᠲᠡ ᠴᠢᠨᠠᠷ ᠰᠠᠶᠢᠲᠠᠢ᠂ ᠦᠨᠳᠦᠷ ᠪᠦᠳᠦᠮᠵᠢᠲᠡᠢ ᠴᠠᠭ ᠲᠠᠭᠠᠨ ᠪᠡᠶᠡᠯᠡᠭᠳᠡᠬᠦ ᠶᠢ ᠪᠠᠲᠣᠯᠠᠨ᠎ᠠ᠃ ᠵᠠᠰᠠᠭ ᠤᠨ | ᠣᠷᠳᠣᠨ ᠤ ᠠᠯᠪᠠᠨ ᠲᠣᠰᠢᠶᠠᠯᠲᠠᠨ ᠤ ᠰᠡᠷᠡᠮᠵᠢ ᠶᠢᠨ ᠬᠦᠮᠦᠵᠢᠯ ᠢ ᠴᠢᠩᠭᠠᠳᠬᠠᠵᠣ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠲᠦᠪ ᠴᠢᠭᠡᠴᠢ ᠪᠠᠷ ᠠᠵᠢᠯᠯᠠᠬᠤ ᠶᠢ | ᠵᠠᠰᠠᠭ ᠤᠨ ᠣᠷᠳᠣᠨ ᠤ ᠠᠵᠢᠯ ᠤᠨ ᠢᠯᠡ ᠲᠤᠳᠤ ᠦᠩᠭᠡ ᠬᠡᠷᠡᠯ ᠪᠤᠯᠭᠠᠨ᠎ᠠ᠃ | ᠲᠦᠯᠦᠭᠡᠯᠡᠭᠴᠢᠳ ᠡ᠂ ᠬᠠᠷᠢᠭᠤᠴᠠᠯᠭ᠎ᠠ ᠪᠠᠨ ᠪᠠᠲᠣ ᠴᠡᠭᠡᠵᠢᠯᠡᠪᠡᠯ ᠰᠠᠶ᠋ᠢ ᠬᠦᠨᠳᠦ ᠨᠠᠶᠢᠳᠠᠯᠭ᠎ᠠ ᠶᠢ ᠬᠦᠰᠡᠷᠳᠡᠭᠦᠯᠬᠦ ᠦᠭᠡᠢ᠂ ᠯᠠᠪᠳᠠᠭᠤᠨ ᠢᠶᠠᠷ ᠡᠷᠡᠯᠬᠡᠭᠯᠡᠨ | ᠣᠷᠣᠭᠰᠢᠯᠠᠪᠠᠯ ᠰᠠᠶ᠋ᠢ ᠡᠭᠦᠷᠭᠡ ᠬᠠᠷᠢᠭᠤᠴᠠᠯᠭ᠎ᠠ ᠪᠠᠨ ᠭᠤᠳᠤᠭᠠᠬᠤ ᠦᠭᠡᠢ ᠶᠣᠮ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶ᠎ᠠ ᠶᠢᠨ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ | ᠤᠨ ᠣᠷᠳᠣᠨ ᠤ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ ᠡᠷᠬᠡᠪᠰᠢ ᠢᠯᠠᠬᠤ ᠢᠳᠡᠭᠡᠯ ᠢᠶᠠᠨ ᠪᠠᠲᠣᠳᠬᠠᠵᠣ᠂ ᠰᠢᠯᠭᠠᠷᠠᠭᠰᠠᠨ ᠠᠷᠭ᠎ᠠ ᠠᠪᠴᠠᠯ ᠢ ᠠᠪᠴᠦ᠂ ᠬᠤᠪᠢ | ᠳᠠᠬᠢᠨ ᠴᠢᠷᠮᠠᠶᠢᠯᠭ᠎ᠠ ᠪᠠᠷ ᠮᠠᠷᠠᠶᠢᠨ ᠲᠡᠮᠡᠴᠡᠵᠦ᠂ ᠬᠠᠮᠲᠤ ᠪᠠᠷ ᠳ᠋ᠥᠩᠱᠧᠩ ᠤᠨ ᠲᠦᠯᠦᠭᠡ ᠬᠦᠴᠦ ᠡᠷᠬᠦᠨ ᠠᠵᠢᠯᠯᠠᠵᠣ᠂ ᠰᠢᠨ᠎ᠡ ᠴᠠᠭ ᠡᠷᠢᠨ ᠤ ᠳ᠋ᠥᠩᠱᠧᠩ | ᠲᠤᠭᠤᠷᠢᠭ ᠤᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠬᠠᠭᠤᠳᠠᠰᠣ ᠶᠢ ᠪᠢᠴᠢᠭᠯᠡᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠪᠦᠭᠦᠳᠡ ᠨᠠᠶᠢᠷᠠᠮᠳᠠᠬᠤ ᠳᠣᠮᠳᠠᠳᠣ | ᠠᠷᠠᠳ ᠤᠯᠤᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠶ᠎ᠡ︕ | |