ᠳ᠋ᠦᠩᠱᠧᠩ ᠲᠤᠭᠤᠷᠢᠭ ᠤᠨ ᠵᠢᠷᠭᠠᠯ ︵ᠰᠢᠩ ᠹᠦ᠋︶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ
ᠨᠡᠶᠢᠲᠡᠯᠡᠭᠰᠡᠨ ᠴᠠᠭ᠄
2020/5/23
     ᠵᠢᠷᠭᠠᠯ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ 2011 ᠤᠨ ᠤ 12 ᠰᠠᠷ᠎ᠠ ᠳᠤ ᠪᠠᠶᠢᠭᠤᠯᠤᠭᠳᠠᠵᠤ᠂ ᠶᠡᠷᠦᠩᠬᠡᠢ ᠲᠠᠯᠠᠪᠠᠢ ᠨᠢ 49 ᠲᠡᠭᠰᠢ ᠲᠦᠷᠪᠡᠯᠵᠢᠨ ᠺᠢᠯᠤᠮᠧᠲᠷ᠂ ᠾᠧ ᠱᠦᠨ᠂ ᠾᠧ ᠰᠢᠶᠧ᠂ ᠳ᠋ᠦᠩ ᠹᠠᠩ᠂ ᠫᠦ᠋ ᠬᠤᠢ᠂ ᠸᠧᠨ ᠶᠢᠩ᠂ ᠬᠤᠢ ᠮᠢᠨ ᠵᠡᠷᠬᠡ 6 ᠨᠡᠶᠢᠬᠡᠮ ᠲᠤᠭᠤᠷᠢᠭ ᠵᠢᠴᠢ ᠬᠡᠰᠢᠭ ᠤᠨ ᠬᠤᠭᠤᠯᠠᠢ ᠲᠤᠰᠬᠤᠨ ᠢ ᠬᠠᠷᠢᠶᠠᠯᠠᠵᠤ᠂  ᠨᠠᠶᠢᠳᠠ 20510 ᠡᠷᠦᠬᠡ 53302 ᠬᠦᠮᠦᠨ ᠠᠮᠠ ᠲᠠᠢ᠂ ᠭᠤᠤᠯ ᠠᠮᠢ ᠠᠬᠤᠢ ᠶᠢᠨ ᠨᠡᠬᠦᠳᠡᠯᠴᠢᠨ᠂ ᠠᠭᠤᠷᠬᠠᠢ ᠶᠢᠨ ᠲᠤᠭᠤᠷᠢᠭ ᠤᠨ ᠨᠡᠬᠦᠳᠡᠯᠴᠢᠨ ᠢᠶᠠᠷ ᠭᠤᠤᠯᠯᠠᠳᠠᠭ᠂ ᠪᠠᠷᠤᠭ 29000 ᠬᠦᠮᠦᠨ ᠲᠠᠢ︔ ᠲᠤᠤᠷ᠎ᠠ ᠤᠷᠤᠯᠭ᠎ᠠ ᠲᠠᠢ ᠰᠠᠭᠤᠭᠠᠯᠢ ᠠᠷᠠᠳ ᠢᠶᠠᠷ ᠤᠯᠠᠨ ᠪᠠᠶᠢᠵᠤ᠂ ᠨᠡᠶᠢᠳᠠ ᠲᠤᠤᠷ᠎ᠠ ᠤᠷᠤᠯᠭ᠎ᠠ ᠲᠠᠢ 1043 ᠡᠷᠦᠬᠡ 1854 ᠬᠦᠮᠦᠨ ᠲᠠᠢ᠂ ᠵᠡᠮᠳᠡᠭᠴᠦᠳ 889 ᠬᠦᠮᠦᠨ ᠪᠤᠢ᠂ 30 ᠰᠠᠭᠤᠭᠠᠯᠢ ᠲᠤᠭᠤᠷᠢᠭ   ᠲᠤ ᠬᠦᠷᠴᠠᠢ᠂ ᠵᠡᠬᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠲᠤᠤᠷ᠎ᠠ 8 ᠨᠠᠮ ᠤᠨ ᠡᠬᠦᠷ᠂ 285 ᠨᠠᠮ ᠤᠨ ᠬᠡᠰᠢᠬᠦᠨ ᠲᠠᠢ᠃       ᠵᠡᠬᠡᠯᠢ ᠭᠤᠳᠤᠮᠵᠢ ᠶᠢᠨ ᠲᠤᠳᠤᠭᠠᠳᠤ ᠳᠤ ᠨᠠᠮ ᠵᠠᠰᠠᠭ ᠤᠨ ᠶᠠᠷᠦᠩᠬᠡᠶᠢᠯᠡᠭᠰᠡᠨ ᠠᠯᠪᠡᠨ ᠬᠡᠷ᠂ ᠨᠠᠶᠢᠬᠡᠮ ᠤᠨ ᠠᠮᠦᠷ ᠲᠦᠪᠰᠢᠨ ᠢ ᠶᠡᠷᠦᠩᠬᠡᠶᠢᠯᠡᠨ ᠵᠠᠰᠠᠬᠤ ᠠᠯᠪᠡᠨ ᠬᠡᠷ᠂ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠠᠯᠪᠡᠨ ᠬᠡᠷ᠂ ᠨᠡᠶᠢᠬᠡᠮ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ ᠠᠯᠪᠡᠨ ᠬᠡᠷ᠂ ᠬᠦᠳᠡᠯᠮᠦᠷᠢ ᠶᠢᠨ ᠪᠠᠳᠤᠯᠠᠭ᠎ᠠ ᠶᠢᠨ ᠭᠠᠵᠡᠷ᠂ ᠲᠦᠯᠦᠪᠯᠡᠬᠡᠳᠤ ᠦᠷᠡᠵᠢᠯ ᠤᠨ ᠤᠶᠢᠯᠡᠴᠢᠯᠡᠬᠡᠨ ᠤ ᠲᠦᠪ᠂ ᠠᠳᠠᠯ ᠠᠬᠤᠢ ᠶᠢᠨ ᠬᠠᠮᠢᠶᠠᠷᠤᠯᠳᠠ ᠶᠢᠨ ᠤᠶᠢᠯᠡᠴᠢᠯᠡᠬᠡᠨ ᠤ ᠲᠦᠪ᠂ ᠠᠮᠦᠷ ᠲᠦᠪᠰᠢᠨ ᠢ ᠬᠢᠨᠠᠨ ᠪᠠᠶᠢᠴᠠᠭᠠᠬᠤ ᠦᠷᠳᠡᠭᠡ ᠵᠡᠷᠬᠡ ᠪᠠᠶᠢᠭᠤᠯᠤᠮᠵᠢ ᠪᠠ ᠬᠠᠤᠯᠢ ᠴᠠᠭᠠᠵᠠ ᠶᠢᠨ ᠭᠠᠵᠡᠷ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠯᠳᠠ ᠶᠢᠨ ᠠᠯᠪᠡᠨ ᠬᠡᠷ᠂ ᠰᠤᠶᠤᠯ ᠤᠨ ᠦᠷᠳᠡᠭᠡ ᠵᠡᠷᠬᠡ ᠲᠤᠮᠢᠯᠠᠨ ᠰᠠᠭᠤᠯᠭᠠᠭᠰᠡᠨ ᠪᠠᠶᠢᠭᠤᠯᠤᠮᠵᠢ ᠲᠠᠢ᠃      ᠵᠡᠬᠡᠯᠢ ᠭᠤᠳᠤᠮᠵᠢ ᠪᠠᠶᠢᠭᠤᠯᠤᠭᠳᠠᠭᠰᠠᠨ ᠠᠴᠠ ᠨᠠᠭᠠᠰᠢ᠂ ︽ᠠᠷᠠᠳ ᠢᠶᠠᠷ ᠭᠤᠤᠯ ᠪᠤᠯᠭᠠᠬᠤ︾ ᠬᠦᠭᠵᠢᠯᠳᠠ ᠶᠢᠨ ᠤᠨᠤᠯᠵᠢᠭᠤᠨ ᠢ ᠪᠠᠷᠢᠮᠳᠠᠯᠠᠵᠤ᠂ ︽ᠠᠶᠢᠯ ᠲᠤᠰᠬᠤᠨ ᠢ ᠬᠠᠮᠳᠤ ᠪᠠᠷ ᠪᠠᠶᠢᠭᠤᠯᠬᠤ︾ ᠨᠠᠮ ᠤᠨ ᠪᠠᠶᠢᠭᠤᠯᠤᠯᠳᠠ ᠶᠢᠨ ᠨᠡᠷᠡᠳᠤ ᠲᠡᠮᠳᠡᠭ ᠢ ᠢᠳᠡᠪᠬᠢᠳᠠᠢ ᠪᠠᠷ ᠰᠦᠪᠡᠭᠴᠢᠯᠡᠵᠤ᠂ ᠬᠦᠳᠡᠭᠡ ᠲᠤᠰᠬᠤᠨ ᠨᠡᠶᠢᠬᠡᠮ ᠲᠤᠭᠤᠷᠢᠭ ᠢ ᠠᠷᠠᠳ ᠲᠦᠮᠡᠨ ᠳᠤ ᠨᠠᠩ ᠰᠠᠶᠢᠨ ᠤᠶᠢᠯᠡᠴᠢᠯᠡᠬᠦᠯᠵᠤ᠂ ᠰᠢᠯᠵᠢᠵᠤ ᠢᠷᠡᠭᠰᠡᠨ ᠲᠠᠷᠢᠶᠠᠴᠢᠨ ᠢ ᠬᠤᠳᠠ ᠶᠢᠨ ᠠᠷᠠᠳᠴᠢᠯᠠᠬᠤ ᠰᠤᠷᠭᠠᠨ ᠬᠦᠮᠦᠵᠢᠯ ᠪᠠ ᠠᠵᠢᠯ ᠤᠯᠭᠤᠵᠤ᠂ ᠤᠶᠢᠯᠡᠰ ᠪᠦᠳᠦᠬᠡᠬᠦ ᠵᠠᠮ ᠮᠦᠷ ᠢ ᠦᠷᠬᠡᠳᠬᠡᠬᠦ ᠲᠡᠬᠡᠷ᠎ᠡ ᠰᠠᠶᠢᠳᠤᠷ ᠬᠦᠴᠦ ᠲᠠᠯᠪᠢᠵᠤ᠂ ᠲᠤᠭᠳᠠᠭᠤᠨ ᠮᠦᠷᠳᠡᠬᠡᠨ ᠰᠠᠶᠢᠬᠠᠨ ᠠᠮᠢᠳᠤᠷᠠᠭᠤᠯᠬᠤ ᠶᠢ ᠪᠠᠳᠤᠯᠠᠪᠠ︔ ᠬᠠᠷᠢᠶ᠎ᠠ ᠤᠷᠤᠨ ᠤ ᠦᠯᠡᠳᠡᠭᠳᠡᠯ ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠪᠠᠭᠤᠷᠠᠶᠢᠴᠦᠳ ᠢ ᠬᠠᠪᠰᠤᠷᠤᠨ ᠲᠡᠮᠵᠢᠬᠦ ᠬᠦᠴᠦᠯᠡᠴᠡ ᠪᠠᠨ  ᠨᠡᠮᠡᠭᠳᠡᠬᠦᠯᠵᠤ᠂ ᠬᠠᠷᠢᠶ᠎ᠠ  ᠤᠷᠤᠨ ᠤ ᠰᠠᠭᠤᠭᠠᠯᠢ ᠠᠷᠠᠳ ᠲᠤ ᠰᠢᠯᠢᠳᠡᠭ᠂ ᠲᠡᠩᠴᠡᠬᠦᠷᠢ ᠲᠠᠢ᠂ ᠠᠰᠢᠭ ᠲᠦᠬᠡᠮᠡᠯ ᠬᠦᠷᠳᠡᠬᠡᠭᠰᠡᠨ ᠤᠯᠠᠨ ᠨᠡᠶᠢᠳᠠ ᠶᠢᠨ ᠤᠶᠢᠯᠡᠴᠢᠯᠡᠭᠡ ᠶᠢ ᠡᠬᠦᠳᠴᠦ᠂ ᠰᠠᠭᠤᠭᠠᠯᠢ ᠠᠷᠠᠳ ᠤᠨ ᠵᠤᠯ ᠵᠢᠷᠭᠠᠯ ᠤᠨ ᠵᠢᠭᠠᠯᠳᠠ ᠲᠤᠭ᠎ᠠ ᠶᠢ ᠲᠠᠰᠤᠷᠠᠯᠳᠠ ᠦᠬᠡᠢ  ᠲᠡᠭᠡᠭᠰᠢᠯᠡᠬᠦᠯᠪᠠ᠃       ᠤᠶᠢᠯᠡᠴᠢᠯᠡᠬᠦ ᠤᠳᠠᠰᠤ᠄ 0477 —8112811       ᠬᠠᠶ᠋ᠢᠭ᠄ ᠳᠦᠩᠴᠤᠸᠠᠨ ᠵᠡᠬᠡᠯᠢ ᠶᠢᠨ 11 ᠳ᠋ᠦ᠋ᠬᠡᠷ ᠨᠤᠮᠧᠷ ᠤᠨ ᠵᠢᠷᠭᠠᠯ ︵ᠰᠢᠩ ᠹᠦ᠋︶ ᠵᠡᠬᠡᠯᠢ ᠭᠤᠳᠤᠮᠵᠢ ᠶᠢᠨ ᠨᠠᠮ ᠤᠨ ᠴᠤᠭᠯᠠᠷᠠᠯ ᠤᠨ ᠤᠶᠢᠯᠡᠴᠢᠯᠡᠬᠡᠨ  ᠤ ᠲᠦᠪ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ