| | | ᠵᠠᠮ ᠬᠠᠷᠢᠯᠴᠠᠭᠠᠨ ᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠨᠢ 1984 ᠤᠨ ᠳᠤ ᠪᠠᠶᠢᠭᠤᠯᠤᠭᠳᠠᠵᠤ᠂ ᠬᠠᠷᠢᠶ᠎ᠠ ᠤᠷᠤᠨ ᠤ ᠲᠡᠯᠠᠪᠠᠢ ᠨᠢ 4. | 5 ᠲᠦᠮᠡᠨ ᠲᠡᠭᠰᠢ ᠲᠦᠷᠪᠡᠯᠵᠢᠨ ᠺᠢᠯᠤᠮᠧᠲᠷ᠂ 7 ᠨᠡᠶᠢᠬᠡᠮ ᠲᠤᠭᠤᠷᠢᠭ ᠲᠠᠢ᠂ ᠨᠡᠶᠢᠳᠠ 27206 ᠡᠷᠦᠬᠡ 68013 ᠰᠠᠭᠤᠭᠠᠯᠢ ᠠᠷᠠᠳ ᠲᠠᠢ᠃ ᠬᠠᠷᠢᠶ᠎ᠠ | ᠲᠤᠭᠤᠷᠢᠭ ᠲᠤ 103 ᠰᠠᠭᠤᠭᠠᠯᠢ ᠲᠤᠭᠤᠷᠢᠭ᠂13 ᠵᠠᠰᠠᠭ ᠵᠠᠬᠢᠷᠠᠭᠠᠨ ᠠᠵᠢᠯ ᠤᠶᠢᠯᠡᠰ ᠤᠨ ᠨᠢᠬᠡᠴᠡ᠂ 33 ᠮᠦᠩᠬᠦᠨ ᠬᠦᠢᠯᠬᠡᠬᠡᠨ ᠤ ᠪᠠᠩᠬᠢ᠂ 20 ᠲᠤᠮᠦ | ᠬᠡᠯᠪᠡᠷᠢ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠲᠠᠯᠠᠪᠤᠷ᠂ 18 ᠠᠯᠪᠡᠨ ᠠᠰᠠᠷ᠂ 24 ᠨᠠᠶᠢᠬᠡᠮ ᠤᠨ ᠵᠤᠬᠢᠶᠠᠨ ᠪᠠᠶᠢᠭᠤᠯᠤᠯᠳᠠ ᠵᠢᠴᠢ ᠰᠤᠷᠭᠠᠭᠤᠯᠢ | ᠴᠡᠴᠡᠷᠯᠢᠭ᠂ 4274 ᠬᠤᠪᠢ ᠶᠢᠨ ᠠᠵᠤ ᠤᠶᠢᠯᠡᠳᠪᠤᠷᠢ ᠬᠤᠳᠠᠯᠳᠤᠭᠠᠨ ᠤ ᠡᠷᠦᠬᠡ ᠪᠤᠢ᠃ ᠵᠠᠮ ᠬᠠᠷᠢᠯᠴᠠᠭᠠᠨ ᠤ ᠵᠡᠬᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠳᠤ 5 ᠨᠠᠮ ᠤᠨ ᠶᠡᠷᠦᠩᠬᠡᠢ ᠡᠬᠦᠷ ᠪᠠ 21 ᠨᠠᠮ ᠤᠨ ᠡᠬᠦᠷ ᠲᠠᠢ᠂ ᠡᠬᠦᠨ ᠳᠤ 5 ᠨᠠᠶᠢᠬᠡᠮ ᠲᠤᠭᠤᠷᠢᠭ ᠤᠨ ᠨᠠᠮ ᠤᠨ ᠶᠡᠷᠦᠩᠬᠡᠢ ᠡᠬᠦᠷ᠂1 ᠪᠠᠶᠢᠭᠤᠯᠭ᠎ᠠ | ᠶᠢᠨ ᠨᠠᠮ ᠤᠨ ᠡᠬᠦᠷ᠂ 12 ᠨᠡᠶᠢᠬᠡᠮ ᠲᠤᠭᠤᠷᠢᠭ ᠤᠨ ᠨᠠᠮ ᠤᠨ ᠡᠬᠦᠷ᠂ 4 ᠨᠡᠶᠢᠳᠠ ᠶᠢᠨ ᠦᠮᠴᠢᠯᠠᠯ ᠤᠨ ᠪᠤᠰᠤ ᠠᠵᠤ ᠠᠬᠤᠶᠢᠯᠠᠯ ᠤᠨ ᠨᠠᠮ ᠤᠨ ᠡᠬᠦᠷ᠂ 2 | ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠡᠬᠦᠷ᠂ 2 ᠤᠯᠤᠰ ᠤᠨ ᠦᠮᠴᠢᠯᠠᠯᠳᠤ ᠶᠢᠨ ᠠᠵᠤ ᠠᠬᠤᠶᠢᠯᠠᠯ ᠤᠨ ᠨᠠᠮ ᠤᠨ ᠡᠬᠦᠷ ᠲᠠᠢ ᠪᠠᠶᠢᠵᠤ᠂ ᠤᠳᠤ | ᠨᠡᠶᠢᠳᠠ479 ᠨᠠᠮ ᠤᠨ ᠬᠡᠰᠢᠬᠦᠨ ᠲᠠᠢ᠃ | ᠵᠡᠬᠡᠯᠢ ᠭᠤᠳᠤᠮᠵᠢ ᠶᠢᠨ ᠰᠠᠭᠤᠷᠢᠨ ᠭᠠᠵᠡᠷ ᠤᠨ ᠶᠡᠷᠦᠩᠬᠡᠢ ᠲᠠᠯᠠᠪᠠᠢ 9607 ᠲᠡᠭᠰᠢ ᠲᠦᠷᠪᠡᠯᠵᠢᠨ ᠮᠧᠲᠷ᠂ ᠡᠬᠦᠨ ᠳᠤ ᠵᠢᠯᠤᠭᠤᠴᠢᠨ ᠨᠠᠶᠢᠬᠡᠮ | ᠲᠤᠭᠤᠷᠢᠭ ᠤᠨ ᠲᠠᠯᠠᠪᠠᠢ 4000 ᠲᠡᠭᠰᠢ ᠲᠦᠷᠪᠡᠯᠵᠢᠨ ᠮᠧᠲᠷ ᠢ ᠡᠵᠡᠯᠡᠵᠤ᠂ ᠰᠢᠨ᠎ᠠ ᠲᠤᠰᠬᠤᠨ ᠨᠡᠶᠢᠬᠡᠮ ᠲᠤᠭᠤᠷᠢᠭ ᠤᠨ ᠲᠠᠯᠠᠪᠠᠢ 500 ᠲᠡᠭᠰᠢ ᠲᠦᠷᠪᠡᠯᠵᠢᠨ | ᠮᠧᠲᠷ᠂ ᠰᠢᠶᠠᠩ ᠾᠧ ᠨᠡᠶᠢᠬᠡᠮ ᠲᠤᠭᠤᠷᠢᠭ ᠤᠨ ᠲᠠᠯᠠᠪᠠᠢ 1214 ᠲᠡᠭᠰᠢ ᠲᠦᠷᠪᠡᠯᠵᠢᠨ ᠮᠧᠲᠷ᠂ ᠬᠠᠩ ᠺᠦᠩ ᠨᠡᠶᠢᠬᠡᠮ ᠲᠤᠭᠤᠷᠢᠭ ᠤᠨ ᠲᠠᠯᠠᠪᠠᠢ 580 ᠲᠡᠭᠰᠢ | ᠲᠦᠷᠪᠡᠯᠵᠢᠨ ᠮᠧᠲᠷ᠂ ᠵᠢᠶᠠᠨ ᠺᠠᠩ ᠨᠡᠶᠢᠬᠡᠮ ᠲᠤᠭᠤᠷᠢᠭ ᠤᠨ ᠲᠠᠯᠠᠪᠠᠢ 301 ᠲᠡᠭᠰᠢ ᠲᠦᠷᠪᠡᠯᠵᠢᠨ ᠮᠧᠲᠷ᠂ ᠶᠢᠨ ᠰᠢᠦ ᠨᠡᠶᠢᠬᠡᠮ ᠲᠤᠭᠤᠷᠢᠭ ᠤᠨ ᠲᠠᠯᠠᠪᠠᠢ | 3012 ᠲᠡᠭᠰᠢ ᠲᠦᠷᠪᠡᠯᠵᠢᠨ᠂ ᠴᠧᠩ ᠴᠢᠩ ᠨᠡᠶᠢᠬᠡᠮ ᠲᠤᠭᠤᠷᠢᠭ 470 ᠲᠡᠭᠰᠢ ᠲᠦᠷᠪᠡᠯᠵᠢᠨ ᠢ ᠡᠵᠡᠯᠡᠵᠤ ᠪᠤᠢ᠃ | ᠵᠠᠮ ᠬᠠᠷᠢᠯᠴᠠᠭᠠᠨ ᠤ ᠵᠡᠬᠡᠯᠢ ᠭᠤᠳᠤᠮᠵᠢ ᠨᠠᠮ ᠤᠨ ᠪᠠᠶᠢᠭᠤᠯᠤᠯᠳᠠ ᠪᠠᠷ ᠲᠠᠭᠠᠭᠤᠯᠵᠤ᠂ ︽ᠨᠢᠬᠡ ᠭᠤᠤᠯᠯᠠᠭᠴᠢ ᠭᠤᠷᠪᠡᠨ ᠠᠭᠤᠰᠤᠯᠴᠠᠯ︾ ᠤᠨ ᠨᠠᠮ ᠤᠨ | ᠪᠠᠶᠢᠭᠤᠯᠤᠯᠳᠠ ᠶᠢᠨ ᠠᠵᠢᠯ ᠤᠨ ᠲᠤᠭᠳᠠᠴᠠ ᠶᠢ ᠬᠦᠨᠵᠡᠬᠡᠢ ᠠᠬᠢᠭᠤᠯᠵᠤ᠂ ᠵᠡᠬᠡᠯᠢ ᠭᠤᠳᠤᠮᠵᠢ ᠶᠢ ︽ᠪᠠᠶᠢᠭᠤᠯᠭ᠎ᠠ ᠠᠴᠠ ᠭᠠᠷᠭᠠᠬᠤ︾ ᠦᠬᠡᠷᠡᠴᠢᠯᠡᠯᠳᠠ ᠶᠢ ᠡᠩ | ᠲᠡᠷᠢᠬᠦᠨ ᠳᠤ ᠦᠷᠨᠢᠬᠦᠯᠵᠤ᠂ ︽ᠬᠤᠶᠡᠷ ᠲᠦᠪ ᠨᠢᠬᠡ ᠲᠠᠪᠴᠠᠩ︾ ᠤᠨ ᠠᠵᠢᠯ ᠤᠨ ᠵᠠᠭᠪᠤᠷ ᠢ ᠭᠠᠷᠭᠠᠵᠤ᠂ ᠲᠠᠷᠤᠢ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ | ᠲᠦᠪ᠂ ᠨᠡᠶᠢᠬᠡᠮ ᠤᠨ ᠤᠶᠢᠯᠡᠴᠢᠯᠡᠬᠡᠨ ᠤ ᠲᠦᠪ᠂ ᠬᠢᠨᠠᠯᠳᠠ ᠲᠠᠯᠪᠢᠵᠤ ᠲᠤᠬᠢᠷᠠᠭᠤᠯᠬᠤ ᠮᠡᠳᠡᠭᠡ ᠵᠠᠩᠬᠢ ᠶᠢᠨ ᠲᠠᠪᠴᠠᠩ ᠪᠤᠯᠤᠨ᠎ᠠ᠃ ︽ᠬᠤᠶᠡᠷ ᠨᠠᠷᠢᠨ ᠲᠠᠩᠰᠠ | ᠨᠢᠬᠡ ᠵᠦᠭᠯᠡᠬᠦᠷ︾ ︵︽ᠵᠠᠬᠡᠯᠢ ᠭᠤᠳᠤᠮᠵᠢ ᠶᠢᠨ ᠤᠯᠠᠨ ᠨᠠᠶᠢᠳᠠ ᠶᠢᠨ ᠤᠶᠢᠯᠡᠴᠢᠯᠡᠬᠡᠨ ᠤ ᠨᠠᠷᠢᠨ ᠲᠠᠩᠰᠠ︾ ︽ᠨᠠᠶᠢᠬᠡᠮ ᠲᠤᠭᠤᠷᠢᠭ ᠤᠨ ᠠᠵᠢᠯ ᠤᠨ ᠨᠠᠵᠠᠭᠠᠢ | ᠲᠠᠯ᠎ᠠ ᠶᠢᠨ ᠨᠠᠷᠢᠨ ᠲᠠᠩᠰᠠ︾ ︽ᠨᠠᠮ ᠤᠨ ᠬᠡᠰᠢᠬᠦᠨ ᠤᠯᠠᠨ ᠲᠦᠮᠡᠨ ᠳᠤ ᠤᠶᠢᠯᠡᠴᠢᠯᠡᠬᠦ ᠵᠦᠭᠯᠡᠬᠦᠷ︾︶ ᠢ ᠨᠠᠶᠢᠳᠠᠯᠠᠵᠤ᠂ ᠵᠡᠬᠡᠯᠢ ᠭᠤᠳᠤᠮᠵᠢ ᠶᠢᠨ | ᠤᠶᠢᠯᠡᠴᠢᠯᠡᠬᠡᠨ ᠤ ᠬᠠᠮᠢᠶᠠᠷᠤᠯᠳᠠ ᠶᠢ ᠲᠦᠷᠢᠮᠵᠢᠬᠦᠯᠪᠠ᠃ ︽ᠭᠤᠷᠪᠡᠨ ᠬᠤᠷᠠᠯ ᠭᠤᠷᠪᠡᠨ ᠵᠠᠰᠠᠯᠳᠠ︾ ᠶᠢᠨ ᠵᠠᠰᠠᠯᠳᠠ ᠬᠢᠬᠦ ᠶᠢ ᠰᠢᠨ᠎ᠠ ᠪᠠᠷ ᠭᠠᠷᠭᠠᠵᠤ᠂ ᠭᠤᠷᠪᠡᠨ | ᠱᠠᠳᠤᠨ ᠤ ᠬᠡᠷᠡᠭ ᠵᠦᠪᠯᠡᠬᠦ ᠲᠠᠪᠴᠠᠩ ︵ᠵᠡᠬᠡᠯᠢ ᠭᠤᠳᠤᠮᠵᠢ ᠶᠢᠨ ᠬᠡᠷᠡᠭ ᠵᠦᠪᠯᠡᠯᠬᠦ ᠬᠤᠷᠠᠯ᠂ ᠨᠡᠶᠢᠬᠡᠮ ᠲᠤᠭᠤᠷᠢᠭ ᠤᠨ ᠬᠡᠷᠡᠭ ᠵᠦᠪᠯᠡᠬᠦ ᠲᠢᠩᠬᠢᠮ ᠪᠠ ᠰᠠᠭᠤᠭᠠᠯᠢ | ᠲᠤᠭᠤᠷᠢᠭ ᠤᠨ ᠬᠡᠷᠡᠭ ᠵᠦᠪᠯᠡᠬᠦ ᠪᠠᠭᠠᠷ︶ ᠢ ᠢᠳᠡᠪᠬᠢᠳᠠᠢ ᠪᠠᠶᠢᠭᠤᠯᠵᠤ᠂ ᠬᠡᠷᠡᠭ ᠵᠦᠪᠯᠡᠬᠦ ᠲᠦᠷᠢᠮ ᠢ ᠲᠤᠭᠳᠠᠭᠠᠵᠤ᠂ ᠨᠠᠮ ᠤᠨ ᠲᠤᠭᠤᠶᠢᠯᠠᠩ ᠤᠨ ᠲᠠᠷᠤᠭ᠎ᠠ᠂ | ᠦᠮᠴᠢᠳᠠᠨ ᠤ ᠺᠤᠮᠢᠰ ᠤᠨ ᠬᠡᠰᠢᠬᠦᠨ᠂ ᠠᠳᠠᠯ ᠠᠬᠤᠢ ᠶᠢᠨ ᠺᠤᠮᠫᠠᠨᠢ ᠵᠡᠷᠬᠡ ᠶᠢ ᠬᠦᠯᠢᠶᠠᠨ ᠠᠪᠴᠦ᠂ ᠨᠠᠮ ᠤᠨ ᠬᠡᠰᠢᠬᠦᠨ ᠤ ᠵᠢᠱᠢᠶ᠎ᠠ ᠦᠵᠡᠬᠦᠯᠵᠤ ᠲᠤᠯᠤᠭᠠᠶᠢᠯᠠᠬᠤ | ᠤᠶᠢᠯᠡᠳᠤᠯ ᠢ ᠬᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠦᠪᠡᠷᠳᠡᠬᠡᠨ ᠵᠠᠰᠠᠬᠤ ᠶᠢ ᠤᠳᠤᠷᠢᠳᠴᠦ᠂ ᠬᠠᠷᠢᠶ᠎ᠠ ᠲᠤᠭᠤᠷᠢᠭ ᠤᠨ ᠡᠯ᠎ᠡ ᠡᠳᠡᠬᠡᠳ ᠢ ᠲᠠᠶᠢᠴᠢᠯᠠᠨ᠂ | ᠦᠨᠳᠦᠰᠦᠨ ᠱᠠᠳᠤᠨ ᠤ ᠵᠠᠰᠠᠯᠳᠠ ᠳᠤ ᠤᠷᠤᠯᠴᠠᠭᠤᠯᠵᠤ᠂ ᠵᠠᠰᠠᠭ ᠤᠨ ᠤᠷᠳᠤᠨ ᠬᠠᠤᠯᠢ ᠪᠠᠷ ᠵᠠᠰᠠᠬᠤ᠂ ᠰᠠᠭᠤᠭᠠᠯᠢ ᠠᠷᠠᠳ ᠦᠪᠡᠷᠳᠡᠬᠡᠨ ᠵᠠᠰᠠᠬᠤ ᠪᠠ ᠨᠡᠶᠢᠬᠡᠮ | ᠨᠡᠶᠢᠳᠠ ᠬᠠᠮᠳᠤ ᠪᠠᠷ ᠵᠠᠰᠠᠬᠤ ᠨᠡᠶᠢᠬᠡᠮ ᠲᠤᠭᠤᠷᠢᠭ ᠤᠨ ᠦᠨᠳᠦᠰᠦᠨ ᠱᠠᠳᠤᠨ ᠤ ᠬᠠᠮᠳᠤ ᠪᠠᠷ ᠵᠠᠰᠠᠬᠤ ᠰᠢᠰᠲ᠋ᠧᠮ ᠢ ᠪᠦᠷᠢᠯᠳᠦᠬᠦᠯᠪᠠ᠃ ᠬᠤᠳᠠᠯᠳᠤᠭᠠᠨ ᠤ | ᠲᠤᠭᠤᠷᠢᠭ ᠤᠨ ᠰᠢᠨ᠎ᠠ ᠪᠠᠷ ᠮᠠᠨᠳᠤᠭᠰᠠᠨ ᠬᠡᠪᠴᠢᠶᠡᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠵᠠᠭᠪᠤᠷ ᠢ ᠰᠦᠪᠡᠭᠴᠢᠯᠡᠵᠤ᠂ ᠨᠡᠶᠢᠬᠡᠮ ᠤᠨ ᠵᠤᠬᠢᠶᠠᠨ | ᠪᠠᠶᠢᠭᠤᠯᠤᠯᠳᠠ ᠶᠢᠨ ᠪᠤᠶᠢᠵᠢᠭᠤᠯᠬᠤ ᠬᠦᠷᠢᠶ᠋ᠯᠡᠩ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠦᠷᠳᠡᠭᠡ᠂ ᠶᠢᠨ ᠬᠤᠢ ᠲᠤᠮᠦ ᠠᠰᠠᠷ ︽ᠴᠠᠭᠠᠨ ᠵᠠᠭᠠᠮᠠᠳᠠᠨ ᠤ | E ᠬᠡᠷ︾ ᠤᠨ ᠠᠰᠠᠷ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠦᠷᠳᠡᠭᠡ ᠪᠠ ᠸᠠᠩ ᠹᠦ᠋ ᠵᠢᠩ ᠬᠤᠪᠢᠰᠬᠠᠯ ᠤᠨ ᠬᠤᠳᠠᠯᠳᠤᠭᠠᠨ ᠤ ᠲᠤᠭᠤᠷᠢᠭ ᠤᠨ ᠨᠠᠮ | ᠤᠨ ᠪᠠᠶᠢᠭᠤᠯᠤᠯᠳᠠ ᠶᠢᠨ ᠬᠤᠯᠪᠤᠭ᠎ᠠ ᠪᠠᠷ ᠠᠴᠢᠶᠠᠯᠠᠭᠴᠢ ᠪᠤᠯᠭᠠᠨ ᠬᠤᠳᠠ ᠶᠢᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠠᠬᠢᠭᠤᠯᠤᠭᠰᠠᠨ | ᠪᠠᠶᠢᠨ᠎ᠠ ᠃ | ᠬᠠᠶ᠋ᠢᠭ᠄ ᠳ᠋ᠦᠩᠱᠧᠩ ᠲᠤᠭᠤᠷᠢᠭ ᠤᠨ ᠵᠢᠯᠤᠭᠤᠴᠢᠨ ᠤᠮᠠᠷ᠎ᠠ ᠵᠡᠬᠡᠯᠢ ᠶᠢᠨ2 ᠳ᠋ᠤᠭᠠᠷ ᠵᠡᠬᠡᠯᠢ ᠭᠤᠳᠤᠮᠵᠢ | ᠬᠠᠷᠢᠯᠴᠠᠬᠤ ᠤᠳᠠᠰᠤ ᠄ 8113185 | | | |