ᠳ᠋ᠦᠩᠱᠧᠩ ᠲᠤᠭᠤᠷᠢᠭ ᠤᠨ ᠯᠢᠨ ᠶᠢᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ
ᠨᠡᠶᠢᠲᠡᠯᠡᠭᠰᠡᠨ ᠴᠠᠭ᠄
2020/5/27
      ᠯᠢᠨ ᠶᠢᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠪᠤᠯ 1984 ᠤᠨ ᠤ 3 ᠰᠠᠷ᠎ᠠ ᠳᠤ ᠪᠠᠶᠢᠭᠤᠯᠤᠭᠳᠠᠵᠤ᠂ ᠬᠠᠷᠢᠶ᠎ᠠ ᠤᠷᠤᠨ ᠤ ᠶᠡᠷᠦᠩᠬᠡᠢ ᠲᠠᠯᠠᠪᠠᠢ ᠨᠢ 2.15 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠶᠡᠷᠦᠩᠬᠡᠢ ᠬᠦᠮᠦᠨ ᠠᠮᠠ ᠨᠢ 47772 ᠬᠦᠮᠦᠨ ᠳᠤ ᠬᠦᠷᠴᠦ᠂ 19381 ᠡᠷᠦᠬᠡ ᠲᠠᠢ᠂ ᠵᠡᠬᠦᠨ ᠡᠮᠦᠨ᠎ᠠ ᠪᠠᠷᠠᠭᠤᠨ ᠬᠤᠶᠢᠨ᠎ᠠ ᠪᠠᠷ ᠢᠶᠠᠨ ᠲᠤᠰ ᠪᠦᠷᠢ ᠨᠠᠷᠠᠰᠤᠨ ᠡᠮᠦᠨ᠎ᠠ ᠵᠠᠮ᠂ ᠨᠡᠬᠡᠮᠡᠯ ᠵᠡᠬᠦᠨ ᠵᠡᠬᠡᠯᠢ᠂ ᠬᠠᠩᠬᠢᠨ ᠡᠮᠦᠨ᠎ᠡ ᠵᠠᠮ᠂ ᠤᠷᠳᠤᠰ ᠵᠡᠬᠦᠨ ᠵᠡᠬᠡᠯᠢ  ᠪᠠᠷ ᠵᠠᠭᠠᠭᠯᠠᠵᠤ᠂ ᠳ᠋ᠦᠩᠱᠧᠩ   ᠤᠨ ᠬᠠᠭᠤᠴᠢᠨ ᠲᠤᠭᠤᠷᠢᠭ ᠤᠨ ᠬᠠᠭᠤᠴᠢᠨ ᠠᠵᠤ ᠤᠶᠢᠯᠡᠳᠪᠤᠷᠢ ᠠᠵᠤ ᠠᠬᠤᠶᠢᠯᠠᠯ ᠲᠦᠪᠯᠡᠷᠡᠭᠰᠡᠨ ᠲᠤᠭᠤᠷᠢᠭ ᠪᠤᠯᠤᠨ᠎ᠠ᠃ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠤᠳᠤ ᠪᠠᠶᠢᠭ᠎ᠠ ᠤᠳᠤᠷᠢᠳᠬᠤ ᠪᠠᠭ ᠳᠤ 9 ᠬᠦᠮᠦᠨ ᠲᠠᠢ︔ ᠺᠠᠳ᠋ᠷ 121 ᠬᠦᠮᠦᠨ᠂ ᠡᠬᠦᠨ ᠳᠤ ᠵᠢᠩᠬᠢᠨᠢ ᠺᠠᠳ᠋ᠷ 63 ᠬᠦᠮᠦᠨ ᠲᠠᠢ᠂ ᠨᠡᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ᠂ ᠠᠷᠠᠳ ᠤᠨ ᠠᠮᠢᠳᠤᠷᠠᠯ ᠤᠨ ᠰᠠᠶᠢᠨ ᠲᠤᠷᠠᠴᠤᠳ᠂ ︽ᠭᠤᠷᠪᠡ ᠶᠢ ᠲᠡᠮᠵᠢᠵᠤ ᠨᠢᠬᠡ ᠶᠢ ᠲᠡᠳᠬᠦᠬᠦ︾᠂ ᠲᠤᠰᠠᠯᠠᠬᠤ ᠠᠵᠢᠯ ᠤᠨ ᠪᠠᠶᠢᠷᠢ᠂ ︽4050︾ ᠨᠠᠰᠤᠨ ᠤ ᠵᠡᠷᠬᠡ ᠲᠦᠷᠦᠯ ᠤᠨ ᠤᠷᠤᠨ ᠲᠤᠭ᠎ᠠ ᠦᠬᠡᠢ ᠠᠵᠢᠯᠳᠠᠨ 58 ᠬᠦᠮᠦᠨ᠂ ᠺᠠᠳ᠋ᠷ ᠨᠠᠮ ᠤᠨ ᠬᠡᠰᠢᠬᠦᠨ 70 ᠬᠦᠮᠦᠨ ᠪᠤᠢ᠃ ᠵᠡᠬᠡᠯᠢ ᠭᠤᠳᠤᠮᠵᠢ ᠶᠢᠨ ᠬᠠᠷᠢᠶ᠎ᠠ ᠳᠤ 7 ᠨᠡᠶᠢᠬᠡᠮ ᠲᠤᠭᠤᠷᠢᠭ᠂11 ᠨᠠᠮ ᠤᠨ ᠡᠬᠦᠷ ᠲᠠᠢ᠂ ᠡᠳᠦᠬᠡ 75 ᠰᠠᠭᠤᠭᠠᠯᠢ ᠲᠤᠭᠤᠷᠢᠭ ᠲᠠᠢ ᠪᠠᠶᠢᠵᠤ᠂ ᠡᠬᠦᠨ ᠳᠤ ᠠᠳᠠᠯ ᠠᠬᠤᠢ ᠦᠬᠡᠢ ᠰᠠᠭᠤᠭᠠᠯᠢ ᠲᠤᠭᠤᠷᠢᠭ 53 ᠪᠤᠢ᠃      2018 ᠤᠨ ᠠᠴᠠ ᠨᠠᠭᠠᠰᠢ᠂ ᠯᠢᠨ ᠶᠢᠨ ᠵᠡᠬᠡᠯᠢ ᠭᠤᠳᠤᠮᠵᠢ ︽ᠦᠨᠡᠨ ᠪᠤᠳᠠᠳᠠᠢ ᠠᠵᠢᠯᠯᠠᠵᠤ ᠰᠢᠨ᠎ᠠ ᠶᠢ ᠡᠬᠦᠳᠬᠦ᠂ ᠠᠷᠠᠳ ᠤᠨ ᠲᠦᠯᠦᠬᠡ ᠵᠤᠷᠢᠭᠤᠯᠬᠤ ︾ ᠠᠵᠢᠯ ᠤᠨ ᠵᠤᠷᠢᠯᠳᠠ ᠶᠢ ᠡᠬᠦᠷᠢᠳᠠ ᠪᠠᠷᠢᠮᠳᠠᠯᠠᠵᠤ᠂ ︽ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠬᠦᠯᠬᠦ︾   ᠶᠢ ᠦᠨᠳᠦᠰᠦᠨ ᠬᠠᠷᠠᠯᠳᠠ ᠪᠠᠨ ᠪᠤᠯᠭᠠᠨ᠂ ︽ᠤᠶᠢᠯᠡᠴᠢᠯᠡᠭᠡ ᠶᠢ ᠠᠳᠬᠤᠬᠤ᠂ ᠬᠠᠮᠢᠶᠠᠷᠤᠯᠳᠠ ᠶᠢ ᠠᠳᠬᠤᠬᠤ᠂ ᠰᠢᠪᠳᠤᠯᠳᠠ ᠶᠢ ᠤᠯᠬᠤ᠂ ᠦᠬᠡᠷᠡᠴᠢᠯᠡᠯᠳᠠ ᠶᠢ ᠠᠬᠢᠭᠤᠯᠬᠤ︾ ᠵᠠᠷᠴᠢᠮ ᠢ ᠦᠨᠳᠦᠰᠦᠯᠡᠨ᠂  ︽ᠰᠦᠯᠵᠢᠶᠡᠵᠢᠭᠰᠡᠨ ᠲᠦᠷᠢᠮ ᠤᠨ ᠨᠠᠮ ᠤᠨ ᠪᠠᠶᠢᠭᠤᠯᠤᠯᠳᠠ︾ ᠪᠠᠷ ᠲᠤᠯᠤᠭᠠᠶᠢᠯᠠᠵᠤ᠂ ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠰᠦᠯᠵᠢᠶᠡᠵᠢᠭᠰᠡᠨ ᠲᠦᠷᠢᠮ ᠤᠨ ᠠᠵᠢᠯᠯᠠᠬᠤ ᠵᠠᠭᠪᠤᠷ ᠢ ᠬᠡᠷᠡᠭᠯᠡᠵᠤ᠂ ᠬᠠᠷᠢᠶ᠎ᠠ ᠲᠤᠭᠤᠷᠢᠭ ᠤᠨ ᠠᠳᠠᠯ ᠠᠬᠤᠢ ᠳᠤ ᠲᠤᠷᠰᠢᠯᠳᠠ ᠶᠢᠨ ᠴᠡᠭ ᠤᠨ ᠦᠬᠡᠷᠡᠴᠢᠯᠡᠯᠳᠠ ᠬᠢᠪᠠ᠃ ᠤᠳᠤᠬᠠᠨ ᠳᠤ ᠠᠳᠠᠯ ᠠᠬᠤᠢ ᠶᠢᠨ ᠦᠬᠡᠷᠡᠴᠢᠯᠡᠯᠳᠠ ᠨᠢ ᠲᠤᠷᠰᠢᠯᠳᠠ ᠶᠢᠨ ᠴᠡᠭ ᠤᠨ ᡁᠢ ᠯᠧ ᠶᠤᠸᠠᠨ ᠰᠠᠭᠤᠭᠠᠯᠢ ᠲᠤᠭᠤᠷᠢᠭ ᠤᠨ ᠠᠩᠬᠠᠨ ᠤ ᠠᠰᠢᠭᠯᠠᠯᠳᠠ ᠶᠢ ᠪᠡᠶᠡᠯᠡᠬᠦᠯᠵᠤ᠂ ᠨᠢᠬᠡ ᠪᠦᠯᠦᠭ ᠨᠡᠶᠢᠬᠡᠮ ᠲᠤᠭᠤᠷᠢᠭ ᠨᠢ ᠰᠠᠭᠤᠷᠢ ᠶᠢᠨ ᠴᠢᠨᠠᠷᠳᠠᠢ ᠠᠬᠢᠯᠳᠠ ᠲᠠᠢ ᠪᠤᠯᠪᠠ᠃ ᠰᠢᠨ᠎ᠠ ᠠᠳᠠᠯ ᠠᠬᠤᠢ ᠶᠢᠨ ᠠᠵᠢᠯᠯᠠᠭᠠᠨ ᠤ ᠲᠤᠭᠳᠠᠴᠠ ᠡᠬᠢᠯᠡᠵᠤ ᠬᠡᠷᠡᠭᠯᠡᠭᠰᠡᠨ ᠤ ᠲᠠᠷᠠᠭ᠎ᠠ᠂ ᠰᠠᠭᠤᠭᠠᠯᠢ ᠲᠤᠭᠤᠷᠢᠭ ᠤᠨ ᠤᠷᠴᠢᠨ ᠲᠤᠭᠤᠷᠢᠨ ᠡᠮᠬᠢ ᠲᠢᠭᠯᠢᠮ ᠨᠢ ᠡᠳᠦᠷ ᠲᠤᠳᠤᠮ ᠰᠠᠶᠢᠵᠢᠷᠠᠵᠤ᠂ ᠰᠠᠭᠤᠭᠠᠯᠢ ᠠᠷᠠᠳ ᠤᠨ ᠮᠠᠭᠳᠠᠭᠠᠯ ᠤᠨ ᠲᠠᠭᠤᠨ ᠲᠠᠰᠤᠷᠠᠯᠳᠠ ᠦᠬᠡᠢ ᠨᠡᠮᠡᠭᠳᠡᠨ᠂ ᠬᠠᠨᠤᠮᠵᠢ ᠶᠢᠨ ᠬᠡᠮᠵᠢᠶ᠎ᠠ ᠶᠡᠭᠡ ᠪᠠᠷ ᠲᠡᠭᠡᠭᠰᠢᠯᠡᠵᠤ᠂ ᠠᠳᠠᠯ ᠠᠬᠤᠢ ᠶᠢᠨ ᠺᠤᠮᠫᠠᠨᠢ ᠪᠠ ᠦᠮᠴᠢᠳᠠᠨ ᠤ ᠬᠤᠭᠤᠷᠤᠨᠳᠠᠬᠢ ᠵᠦᠷᠢᠴᠡᠯ ᠢ ᠪᠦᠳᠦᠮᠵᠢᠳᠠᠢ ᠪᠠᠷ ᠠᠷᠢᠯᠭᠠᠵᠤ᠂ ᠰᠠᠭᠤᠭᠠᠯᠢ ᠲᠤᠭᠤᠷᠢᠭ ᠤᠨ ᠬᠦᠮᠦᠨ ᠪᠦᠬᠦᠨ ᠬᠠᠮᠳᠤ ᠪᠠᠷ ᠵᠠᠰᠠᠵᠤ ᠬᠠᠮᠳᠤ ᠪᠠᠷ ᠡᠳ᠋ᠯᠡᠬᠦ᠂ ᠡᠶ᠎ᠡ ᠨᠠᠶᠢᠷᠠᠮᠳᠠᠭᠤ ᠠᠮᠦᠷ ᠲᠤᠭᠳᠠᠭᠤᠨ ᠰᠠᠶᠢᠨ ᠪᠠᠶᠢᠳᠠᠯ ᠢ ᠪᠡᠶᠡᠯᠡᠬᠦᠯᠦᠭᠰᠡᠨ ᠪᠠᠶᠢᠨ᠎ᠠ᠃
ᠢᠷᠡᠯᠲᠡ᠄ ᠳ᠋ᠥᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ