ᠳ᠋ᠦᠩᠱᠧᠩ ᠲᠤᠭᠤᠷᠢᠭ ᠤᠨ ᠦᠨᠳᠦᠰᠦᠳᠡᠨ ᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ
ᠨᠡᠶᠢᠲᠡᠯᠡᠭᠰᠡᠨ ᠴᠠᠭ᠄
2020/5/27
     ᠦᠨᠳᠦᠰᠦᠳᠡᠨ ᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ 2011 ᠤᠨ ᠤ 12 ᠰᠠᠷ᠎ᠠ ᠳᠤ ᠪᠠᠶᠢᠭᠤᠯᠤᠭᠳᠠᠵᠤ᠂ ᠠᠯᠪᠠᠯᠠᠬᠤ ᠭᠠᠵᠡᠷ ᠨᠢ ᠬᠠᠩᠬᠢᠨ ᠪᠠᠷᠠᠭᠤᠨ ᠵᠠᠮ ᠤᠨ 40 ᠳ᠋ᠤᠬᠡᠷ ᠨᠤᠮᠧᠷ ᠤᠨ  ᠸᠧᠢ ᠶᠧ᠂ ᠷᠦᠢ ᠹᠧᠩ ᠶᠢᠨ ᠴᠧᠩ ᠬᠤᠳᠠᠯᠳᠤᠭᠠᠨ ᠤ ᠠᠰᠠᠷ ᠤᠨ 3 ᠳ᠋ᠤᠭᠠᠷ ᠲᠠᠪᠬᠤᠷᠭ᠎ᠠ ᠳᠤ ᠪᠠᠶᠢᠷᠢᠯᠠᠵᠤ ᠪᠤᠢ᠃ ᠵᠡᠬᠦᠨᠰᠢ ᠪᠠᠨ ᠹᠦ᠋ ᠰᠢᠩ ᠬᠤᠶᠢᠨ᠎ᠠ ᠵᠠᠮ᠂  ᠪᠠᠷᠠᠭᠤᠨᠰᠢ ᠪᠠᠨ ᠲᠢᠶᠠᠨ ᠵᠢᠶᠤᠤ ᠬᠤᠶᠢᠨ᠎ᠠ ᠵᠠᠮ᠂ ᠡᠮᠦᠨᠡᠰᠢ ᠪᠠᠨ ᠢ ᠮᠸᠢ ᠵᠠᠮ᠂ ᠦᠨᠳᠦᠰᠦᠳᠡᠨ  ᠤ ᠵᠡᠬᠡᠯᠢ ᠬᠦᠷᠴᠦ᠂  ᠬᠤᠶᠢᠰᠢ ᠪᠠᠨ ᠲᠦᠩᠴᠤᠸᠠᠨ ᠪᠠᠯᠭᠠᠰᠤ ᠶᠢᠨ ᡁᠢ ᠵᠢᠢ ᠲᠠ ᠲᠤᠰᠬᠤᠨ ᠲᠠᠢ ᠬᠦᠷᠰᠢᠯᠡᠵᠤ᠂ ᠬᠠᠷᠢᠶ᠎ᠠ ᠤᠷᠤᠨ ᠤ ᠶᠡᠷᠦᠩᠬᠡᠢ ᠲᠠᠯᠠᠪᠠᠢ ᠨᠢ 17.28 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ 26 ᠰᠠᠭᠤᠭᠠᠯᠢ ᠲᠤᠭᠤᠷᠢᠭ᠂ 47870 ᠬᠦᠮᠦᠨ ᠠᠮᠠ ᠲᠠᠢ  ︵ᠡᠬᠦᠨ ᠳᠤ᠂ 45662 ᠬᠢᠳᠠᠳ ᠦᠨᠳᠦᠰᠦᠳᠡᠨ᠂ 2208 ᠴᠦᠬᠡᠨ ᠲᠤᠭᠠᠳᠤ ᠦᠨᠳᠦᠰᠦᠳᠡᠨ ᠪᠤᠢ︔ 13992 ᠪᠠᠶᠢᠩᠭᠤ ᠰᠠᠭᠤᠭ᠎ᠠ ᠬᠦᠮᠦᠨ ᠠᠮᠠ᠂ 33878  ᠨᠡᠬᠦᠳᠠᠯ ᠬᠦᠮᠦᠨ ᠠᠮᠠ ᠲᠠᠢ ︶᠂ ᠭᠠᠳᠠᠨ᠎ᠠ ᠠᠴᠠ ᠢᠷᠡᠭᠰᠡᠨ ᠬᠦᠮᠦᠰ ᠪᠠ ᠨᠡᠬᠦᠳᠡᠯᠡᠭᠰᠡᠨ ᠮᠠᠯᠴᠢᠨ ᠲᠠᠷᠢᠶᠠᠴᠢᠨ ᠢᠶᠠᠷ ᠭᠤᠤᠯᠯᠠᠵᠤ᠂ ᠨᠠᠶᠢᠳᠡᠯᠢᠭ ᠬᠤᠳᠠ ᠬᠦᠳᠡᠭᠡ ᠶᠢᠨ ᠤᠶᠠᠯᠳᠤᠭᠰᠠᠨ ᠭᠠᠵᠡᠷ ᠪᠤᠯᠤᠨ᠎ᠠ᠃      ᠵᠡᠬᠡᠯᠢ ᠭᠤᠳᠤᠮᠵᠢ ᠨᠢ ︽ᠨᠢᠬᠡ ᠭᠤᠤᠯᠳᠠᠯᠭ᠎ᠠ ᠭᠤᠷᠪᠡᠨ ᠠᠭᠤᠰᠤᠯᠴᠠᠯ︾ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠲᠤᠭᠳᠠᠴᠠ ᠶᠢ ᠪᠦᠬᠦ ᠲᠠᠯ᠎ᠠ  ᠪᠠᠷ ᠬᠦᠨᠵᠡᠬᠡᠶᠢᠷᠡᠬᠦᠯᠵᠤ᠂ ᠵᠡᠬᠡᠯᠢ ᠭᠤᠳᠤᠮᠵᠢ ᠨᠠᠶᠢᠬᠡᠮ ᠲᠤᠭᠤᠷᠢᠭ ᠤᠨ ᠨᠠᠮ ᠤᠨ ᠪᠠᠶᠢᠭᠤᠯᠤᠯᠳᠠ ᠶᠢᠨ365 ᠨᠠᠷᠢᠯᠢᠭᠵᠢᠭᠰᠡᠨ ᠤᠶᠢᠯᠡᠴᠢᠯᠡᠭᠡ ᠶᠢ ᠲᠠᠰᠤᠷᠠᠯᠳᠠ ᠦᠬᠡᠢ ᠦᠷᠬᠡᠳᠬᠡᠵᠤ᠂ ︽ᠤᠶᠢᠯᠡᠴᠢᠯᠡᠬᠡᠨ ᠤ ᠨᠠᠮ ᠤᠨ ᠪᠠᠶᠢᠭᠤᠯᠤᠯᠳᠠ︾ ᠶᠢ ᠪᠠᠶᠢᠭᠤᠯᠬᠤ ᠬᠠᠷᠠᠯᠳᠠ ᠶᠢᠨ ᠲᠤᠭᠤᠷᠢᠨ ᠳᠤ᠂ ᠶᠡᠷᠦᠩᠬᠡᠶᠢᠯᠡᠭᠰᠡᠨ ᠬᠠᠮᠢᠶᠠᠷᠤᠯᠳᠠ  ᠶᠢᠨ ᠲᠤᠤᠷᠵᠢᠯᠠᠭᠰᠡᠨ ᠰᠢᠰᠲ᠋ᠧᠮ ᠢᠶᠠᠷ ᠲᠤᠯᠭᠠᠭᠤᠷᠢᠭᠤᠯᠵᠤ᠂ ︽ᠤᠷᠤᠨ ᠪᠦᠰᠠ ᠶᠢᠨ ᠡᠮᠴᠢᠯᠡᠬᠡᠨ ᠤ ᠤᠶᠢᠯᠡᠴᠢᠯᠡᠭᠡ ᠶᠢᠨ ᠬᠠᠮᠳᠤ ᠶᠢᠨ ᠴᠤᠭᠴᠠ︾ ︽ᠤᠨᠢᠨ ᠲᠡᠬᠡᠷ᠎ᠡ ᠨᠢ ᠬᠠᠪᠰᠤᠷᠤᠨ ᠲᠡᠳᠬᠦᠬᠦ︾᠂ ︽ᠨᠠᠮ ᠤᠨ ᠪᠠᠶᠢᠭᠤᠯᠤᠯᠳᠠ ᠪᠠᠷ ᠭᠤᠤᠯ ᠪᠤᠯᠭᠠᠭᠰᠡᠨ ᠠᠳᠠᠯ ᠠᠬᠤᠢ︾᠂ ︽ᠰᠤᠶᠤᠯ ᠤᠨ ᠬᠦᠷᠢᠶᠠᠯᠠᠩ︾ ︽ᠰᠡᠳᠬᠢᠯ ᠵᠢᠷᠤᠬᠡ ᠪᠠᠨ ᠬᠤᠯᠪᠤᠬᠤ︾ 5 ᠤᠨᠴᠠᠯᠢᠭᠳᠤ ᠨᠠᠮ ᠤᠨ ᠪᠠᠶᠢᠭᠤᠯᠤᠯᠳᠠ ᠶᠢᠨ ᠨᠡᠷᠡᠳᠤ ᠲᠡᠮᠳᠡᠭ ᠢᠶᠠᠷ ᠲᠠᠭᠠᠭᠤᠯᠵᠤ᠂ ᠨᠠᠮ ᠤᠨ ᠬᠡᠰᠢᠬᠦᠨ ᠤ ᠰᠠᠶᠢᠨ ᠲᠤᠷ᠎ᠠ ᠶᠢᠨ ᠤᠶᠢᠯᠡᠴᠢᠯᠡᠭᠡ᠂ ᠲᠤᠤᠷᠵᠢᠭᠰᠡᠨ ᠶᠡᠷᠦᠩᠬᠡᠶᠢᠯᠡᠭᠰᠡᠨ ᠤᠶᠢᠯᠡᠴᠢᠯᠡᠭᠡ᠂ ᠰᠤᠷᠭᠠᠨ ᠬᠦᠮᠦᠵᠢᠯ ᠢᠶᠠᠷ ᠠᠷᠠᠳ ᠲᠤ ᠠᠰᠢᠭ ᠬᠦᠷᠳᠡᠬᠡᠬᠦ ᠤᠶᠢᠯᠡᠴᠢᠯᠡᠭᠡ᠂ ᠡᠷᠡᠬᠦᠯ ᠮᠡᠨᠳᠤ ᠡᠮᠨᠡᠯᠬᠡ ᠶᠢᠨ ᠤᠶᠢᠯᠡᠴᠢᠯᠡᠭᠡ ᠵᠡᠷᠬᠡ 6 ᠲᠤᠰᠬᠠᠶᠢᠵᠢᠭᠰᠡᠨ ᠤᠶᠢᠯᠡᠴᠢᠯᠡᠬᠡᠨ ᠤ ᠲᠤᠭᠳᠠᠯᠴᠠᠭ᠎ᠠ ᠶᠢ ᠪᠠᠶᠢᠭᠤᠯᠵᠤ᠂ ᠬᠠᠷᠢᠶ᠎ᠠ ᠲᠤᠭᠤᠷᠢᠭ ᠤᠨ ᠠᠳᠠᠯ ᠠᠬᠤᠢ᠂ ᠰᠤᠷᠭᠠᠨ ᠬᠦᠮᠦᠵᠢᠯ᠂ ᠡᠮ ᠡᠮᠨᠡᠯᠬᠡ᠂ ᠨᠠᠰᠤᠵᠢᠯ᠂ ᠤᠷᠴᠢᠨ ᠲᠤᠭᠤᠷᠢᠨ ᠡᠷᠡᠬᠦᠯ ᠬᠠᠮᠠᠭᠠᠯᠠᠯ ᠵᠡᠷᠬᠡ 6 ᠶᠡᠭᠡ ᠲᠦᠷᠦᠯ43 ᠬᠦᠨᠳᠤ ᠴᠢᠬᠤᠯᠠ ᠠᠷᠠᠳ ᠤᠨ ᠠᠮᠢᠳᠤᠷᠠᠯ ᠤᠨ ᠠᠰᠠᠭᠤᠳᠠᠯ ᠢ ᠪᠦᠬᠦ ᠲᠠᠯ᠎ᠠ ᠠᠴᠠ ᠰᠢᠢᠳᠪᠤᠷᠢᠯᠡᠵᠤ᠂ ᠡᠬᠦᠨ ᠢᠶᠠᠷ ᠲᠡᠮᠵᠢᠨ  ︽ᠲᠤᠤᠷᠵᠢᠯᠳᠠ ᠪᠠᠷ ᠨᠢᠬᠡᠳᠦᠯᠳᠠᠢ ᠲᠦᠯᠦᠪᠯᠡᠵᠤ᠂ ᠤᠨᠴᠠᠯᠢᠭ ᠢᠶᠠᠷ  ᠲᠠᠭᠠᠭᠤᠯᠤᠨ᠂ ᠤᠨᠢᠨ ᠲᠡᠬᠡᠷ᠎ᠡ ᠨᠢ ᠤᠶᠢᠯᠡᠴᠢᠯᠡᠬᠦ︾  ᠬᠤᠳᠠ ᠶᠢᠨ ᠦᠨᠳᠦᠰᠦᠨ ᠱᠠᠳᠤᠨ ᠤ  ᠤᠳᠤᠬᠢᠴᠢᠯᠠᠭᠰᠡᠨ ᠵᠠᠰᠠᠯᠳᠠ ᠬᠢᠬᠦ ᠲᠤᠭᠳᠠᠯᠴᠠᠭ᠎ᠠ ᠶᠢ ᠪᠠᠶᠢᠭᠤᠯᠤᠭᠰᠠᠨ ᠪᠠᠶᠢᠨ᠎ᠠ᠃       ᠤᠶᠢᠯᠡᠴᠢᠯᠡᠬᠦ ᠤᠳᠠᠰᠤ᠄ 0477 —3154114᠂ 0477 —3154115       ᠬᠠᠶ᠋ᠢᠭ᠄ ᠳ᠋ᠦᠩᠱᠧᠩ ᠲᠤᠭᠤᠷᠢᠭ ᠤᠨ ᠬᠠᠩᠬᠢᠨ ᠬᠤᠶᠢᠨ᠎ᠠ ᠵᠠᠮ ᠤᠨ40 ᠳ᠋ᠦ᠋ᠬᠡᠷ ᠨᠤᠮᠧᠷ
ᠢᠷᠡᠯᠲᠡ᠄ ᠳ᠋ᠥᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ