ᠣᠷᠳᠣᠰ ᠬᠤᠲᠠ ᠶᠢᠨ ᠳ᠋ᠦᠩᠱᠧᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ‍ᠦᠨ‌‍ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠲᠡ
ᠨᠡᠶᠢᠲᠡᠯᠡᠭᠰᠡᠨ ᠴᠠᠭ᠄
2020/5/6
       ᠣᠷᠳᠣᠰ ᠬᠤᠲᠠ ᠶᠢᠨ ᠳ᠋ᠦᠩᠱᠧᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ        ᠶᠡᠭᠡ   ᠬᠤᠷᠠᠯ ᠤᠨ   ᠪᠠᠶᠢᠩᠭᠤ ᠶᠢᠨ   ᠬᠤᠷᠢᠶ᠎ᠠ ᠶᠢᠨ   ᠠᠵᠢᠯ ᠤᠨ   ᠮᠡᠳᠡᠬᠦᠯᠦᠯᠲᠡ                      —  2020 ᠤᠨ ᠤ 4 ᠰᠠᠷ᠎ᠠ ᠶᠢᠨ 27 ᠤ ᠡᠳᠦᠷ ᠤᠨ ᠣᠷᠳᠣᠰ                            ᠬᠤᠲᠠ ᠶᠢᠨ   ᠳ᠋ᠦᠩᠱᠧᠩ    ᠲᠤᠭᠤᠷᠢᠭ ᠤᠨ    ᠶᠢᠰᠦᠳᠦᠭᠡᠷ                            ᠬᠤᠭᠤᠴᠠᠭᠠᠨ ᠤ  ᠠᠷᠠᠳ ᠤᠨ  ᠲᠦᠯᠦᠭᠡᠯᠡᠭᠴᠢᠳ ᠤᠨ  ᠶᠡᠭᠡ                            ᠬᠤᠷᠠᠯ ᠤᠨ  ᠳᠦᠷᠪᠡᠳᠦᠭᠡᠷ  ᠣᠳᠠᠭᠠᠨ ᠤ  ᠬᠤᠷᠠᠯ   ᠳᠡᠭᠡᠷ᠎ᠡ      ᠳ᠋ᠦᠩᠱᠧᠩ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ      ᠶᠡᠭᠡ  ᠬᠤᠷᠠᠯ   ᠤᠨ  ᠪᠠᠶᠢᠩᠭᠤ   ᠶᠢᠨ  ᠬᠤᠷᠢᠶ᠎ᠠ   ᠶᠢᠨ  ᠡᠷᠬᠢᠯᠡᠭᠴᠢ     ᠬᠤᠣ ᠵᠢᠶᠦ᠋ᠨ ᠬᠠᠢᠲᠦᠯᠦᠭᠡᠯᠡᠭᠴᠢᠳ ᠡ᠄      ᠪᠢ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠮᠡᠳᠡᠬᠦᠯᠦᠯᠲᠡ ᠬᠢᠶ᠎ᠠ᠂ ᠲᠠ ᠪᠦᠬᠦᠨ ᠬᠢᠨᠠᠨ ᠵᠦᠪᠯᠡᠬᠦ ᠪᠤᠯᠪᠠᠤ᠃              2019 ᠤᠨ ᠤ ᠠᠵᠢᠯ ᠤᠨ ᠡᠷᠬᠢᠴᠡᠬᠦᠯᠦᠯ      2019 ᠤᠨ ᠪᠤᠯ ᠰᠢᠨ᠎ᠡ ᠳᠣᠮᠳᠠᠳᠣ ᠣᠯᠣᠰ ᠪᠠᠶᠢᠭᠤᠯᠤᠭᠳᠠᠭᠰᠠᠨ 70 ᠵᠢᠯ ᠤᠨ ᠣᠢ᠂ ᠣᠷᠣᠨ ᠨᠤᠲᠤᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠭᠤᠯᠤᠭᠳᠠᠭᠰᠠᠨ 40 ᠵᠢᠯ ᠤᠨ ᠣᠢ ᠪᠤᠯᠤᠨ᠎ᠠ᠃ ᠨᠢᠭᠡ ᠵᠢᠯ ᠤᠨ ᠲᠤᠷᠰᠢ ᠲᠤᠭᠤᠷᠢᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ᠂ ᠳᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠨ ᠲᠤᠤᠱᠯᠠᠭᠤᠯᠵᠤ᠂ ᠨᠠᠮ ᠤᠨ ᠣᠳᠣᠷᠢᠳᠣᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠤᠰᠤᠭᠠᠷ ᠣᠯᠣᠰ ᠢᠶᠠᠨ ᠵᠠᠰᠠᠬᠤ ᠶᠢ ᠴᠠᠭ ᠢᠮᠠᠭᠲᠠ ᠣᠷᠭᠠᠨᠢᠭ ᠢᠶᠠᠷ ᠣᠶᠠᠯᠳᠣᠭᠤᠯᠣᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ︽ᠬᠤᠶᠠᠷ ᠪᠠᠶᠢᠭᠤᠯᠤᠮᠵᠢ︾ ᠶᠢᠨ ᠰᠢᠨ᠎ᠡ ᠵᠤᠭᠰᠣᠴᠠ ᠰᠢᠨ᠎ᠡ ᠱᠠᠭᠠᠷᠳᠠᠯᠭ᠎ᠠ ᠶᠢ ᠪᠠᠲᠤ ᠪᠠᠷᠢᠮᠲᠠᠯᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠤᠳᠣᠯᠭ᠎ᠠ ᠪᠠᠶᠢᠷᠢᠯᠠᠭᠤᠯᠤᠲᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠤᠨ᠂ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠠᠷᠠᠳ ᠤᠨ ᠠᠮᠢᠳᠣᠷᠠᠯ ᠢ ᠠᠩᠬᠠᠷᠤᠨ ᠬᠠᠤᠯᠢ ᠪᠠᠷ ᠵᠠᠰᠠᠬᠤ ᠶᠢ ᠦᠢᠯᠡᠳᠦᠯᠭᠡᠵᠢᠬᠦᠯᠵᠦ᠂ ᠮᠠᠨ ᠤ ᠲᠤᠭᠤᠷᠢᠭ ᠤᠨ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠶᠢ ᠢᠳᠡᠪᠬᠢᠲᠡᠢ ᠠᠬᠢᠭᠤᠯᠵᠠᠢ᠃ ᠪᠦᠬᠦ ᠵᠢᠯ ᠳᠤ ᠡᠷᠬᠢᠯᠡᠭᠴᠢ ᠶᠢᠨ ᠬᠤᠷᠠᠯ ᠢ 15 ᠣᠳᠠᠭ᠎ᠠ᠂ ᠪᠠᠶᠢᠩᠭᠤ ᠶᠢᠨ ᠬᠤᠷᠢᠶ᠎ᠠ ᠶᠢᠨ ᠬᠤᠷᠠᠯ ᠢ 8 ᠣᠳᠠᠭ᠎ᠠ ᠬᠤᠷᠠᠯᠳᠣᠭᠤᠯᠣᠨ᠂ 10 ᠬᠤᠪᠢ ᠠᠵᠢᠯ ᠤᠨ ᠮᠡᠳᠡᠬᠦᠯᠦᠯᠲᠡ  ᠶᠢ ᠰᠣᠨᠣᠰᠣᠨ ᠬᠢᠨᠠᠨ ᠵᠦᠪᠯᠡᠵᠦ᠂ 12 ᠲᠦᠷᠦᠯ ᠤᠨ ᠠᠵᠢᠯ ᠳᠤ ᠪᠠᠶᠢᠴᠠᠭᠠᠨ ᠰᠣᠳᠣᠯᠣᠯᠲᠠ ᠬᠢᠵᠦ᠂ 10 ᠣᠳᠠᠭ᠎ᠠ ᠬᠠᠤᠯᠢ ᠴᠠᠭᠠᠵᠠ ᠬᠠᠤᠯᠢ ᠳᠦᠷᠢᠮ ᠤᠨ ᠬᠠᠤᠯᠢ ᠬᠡᠷᠡᠭᠵᠢᠬᠦᠯᠦᠯᠲᠡ ᠶᠢᠨ ᠪᠠᠶᠢᠴᠠᠭᠠᠯᠲᠠ ᠬᠢᠵᠦ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ 21 ᠨᠡᠷ᠎ᠡ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ 1 ᠨᠡᠷ᠎ᠡ ᠨᠦᠬᠦᠨ ᠰᠣᠩᠭᠤᠵᠤ᠂ 100 ᠬᠦᠮᠦᠨ ᠣᠳᠠᠭ᠎ᠠ ᠣᠯᠣᠰ ᠤᠨ ᠠᠯᠪᠠᠨ ᠪᠠᠶᠢᠭᠤᠯᠭ᠎ᠠ ᠶᠢᠨ ᠠᠵᠢᠯᠲᠠᠨ ᠢ ᠲᠤᠮᠢᠯᠠᠨ ᠪᠠᠭᠤᠯᠭᠠᠵᠤ᠂ ᠣᠷᠣᠨ ᠨᠤᠲᠤᠭ ᠤᠨ ᠣᠯᠣᠰ ᠤᠨ ᠡᠷᠬᠡᠲᠦ ᠪᠠᠶᠢᠭᠤᠯᠭ᠎ᠠ ᠶᠢᠨ ᠲᠤᠰᠢᠶᠠᠯ ᠴᠢᠳᠠᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠠᠢ᠃      ᠨᠢᠭᠡ᠂ ᠨᠠᠮ ᠤᠨ ᠣᠳᠣᠷᠢᠳᠣᠯᠭ᠎ᠠ ᠶᠢ ᠬᠦᠴᠦᠯᠠᠨ ᠴᠢᠩᠭᠠᠳᠬᠠᠪᠠ᠃      ᠴᠠᠭ ᠢᠮᠠᠭᠲᠠ ᠨᠠᠮ ᠤᠨ ᠤᠳᠣᠷᠢᠳᠣᠯᠭ᠎ᠠ ᠶᠢ ᠪᠠᠷᠢᠮᠲᠠᠯᠠᠬᠤ ᠶᠢ ᠲᠡᠷᠢᠬᠦᠨ ᠪᠠᠶᠢᠷᠢᠨ ᠳᠤ ᠲᠠᠯᠪᠢᠵᠤ᠂ ︽ᠳᠦᠷᠪᠡᠨ ᠣᠬᠠᠮᠰᠠᠷ︾ ᠢ ᠪᠠᠲᠤᠲᠠᠢ ᠪᠤᠢ ᠪᠤᠯᠭᠠᠨ᠂ ︽ᠳᠦᠷᠪᠡᠨ ᠢᠲᠡᠭᠡᠯ︾ ᠢ ᠪᠠᠬᠢᠵᠢᠬᠦᠯᠦᠨ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠬᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠲᠦᠷᠦᠯ ᠤᠨ ᠠᠵᠢᠯ ᠤᠨ ᠵᠦᠪ ᠴᠢᠭᠯᠡᠯ ᠢᠶᠠᠷ ᠶᠠᠪᠤᠭᠳᠠᠬᠤ ᠶᠢ ᠪᠠᠲᠤᠯᠠᠵᠠᠢ᠃ ︽ᠣᠭ ᠰᠠᠨᠠᠭ᠎ᠠ ᠪᠠᠨ ᠦᠯᠦ ᠮᠠᠷᠲᠠᠨ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠢ ᠬᠦᠨᠵᠡᠭᠡᠢ ᠦᠷᠨᠢᠬᠦᠯᠵᠦ᠂ ᠰᠣᠷᠣᠯᠴᠠᠯᠭ᠎ᠠ ᠬᠦᠮᠦᠵᠢᠯ᠂ ᠪᠠᠶᠢᠴᠠᠭᠠᠨ ᠰᠣᠳᠣᠯᠣᠯᠲᠠ᠂ ᠠᠰᠠᠭᠤᠳᠠᠯ ᠤᠨ ᠪᠠᠶᠢᠴᠠᠭᠠᠯᠲᠠ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠨ᠂ ᠣᠨᠣᠯ ᠤᠨ ᠰᠣᠷᠣᠯᠴᠠᠯᠭ᠎ᠠ ᠣᠯᠣᠯᠲᠠ ᠶᠡᠬᠡᠲᠡᠢ᠂ ᠦᠵᠡᠯ ᠰᠠᠨᠠᠭ᠎ᠠ ᠣᠯᠣᠰ ᠲᠦᠷᠦ ᠶᠢᠨ ᠬᠦᠮᠦᠵᠢᠯ ᠬᠦᠨᠵᠡᠭᠡᠢ᠂ ᠠᠵᠢᠯ ᠦᠢᠯᠡᠰ ᠪᠦᠲᠦᠭᠡᠬᠦ ᠳᠤ ᠵᠤᠷᠢᠭᠲᠠᠢ ᠬᠠᠷᠢᠭᠤᠴᠠᠯᠭ᠎ᠠ ᠡᠬᠦᠷᠭᠡᠯᠡᠬᠦ᠂ ᠠᠷᠠᠳ ᠲᠦᠮᠡᠨ ᠤ ᠲᠦᠯᠦᠭᠡ ᠦᠢᠯᠡᠴᠢᠯᠡᠨ ᠠᠷᠠᠳ ᠤᠨ ᠬᠦᠴᠢᠷᠳᠡᠯ ᠢ ᠰᠢᠢᠳᠪᠦᠷᠢᠯᠡᠬᠦ᠂ ᠠᠷᠢᠭᠤᠨ ᠴᠢᠭᠡᠴᠢ ᠪᠠᠷ ᠵᠠᠰᠠᠭ ᠪᠠᠷᠢᠨ ᠵᠢᠱᠢᠶᠡᠴᠢ ᠳᠠᠭᠤᠷᠢᠶᠠᠯ ᠪᠤᠯᠬᠤ ᠵᠡᠷᠭᠡ ᠬᠠᠷᠠᠯᠳᠠ ᠳᠤ ᠪᠠᠨ ᠬᠦᠷᠴᠦ ᠳᠡᠶᠢᠯᠦᠭᠰᠡᠨ ᠪᠠᠶᠢᠨ᠎ᠠ᠃ ᠨᠠᠮ ᠳᠤ ᠪᠠᠨ ᠦᠨᠡᠨᠴᠢ ᠪᠠᠶᠢᠬᠤ ᠶᠢ ᠦᠨᠳᠦᠰᠦᠨ ᠣᠯᠣᠰ ᠲᠦᠷᠦ ᠶᠢᠨ ᠱᠠᠭᠠᠷᠳᠠᠯᠭ᠎ᠠ ᠪᠤᠯᠤᠨ ᠬᠠᠮᠤᠭ ᠤᠨ ᠴᠢᠬᠤᠯᠠ ᠣᠯᠣᠰ ᠲᠦᠷᠦ ᠶᠢᠨ ᠰᠠᠬᠢᠯᠭ᠎ᠠ ᠪᠤᠯᠭᠠᠬᠤ ᠶᠢ ᠪᠠᠷᠢᠮᠲᠠᠯᠠᠨ᠂ ᠴᠢᠬᠤᠯᠠ ᠶᠡᠭᠡ ᠬᠡᠷᠡᠭ ᠶᠠᠪᠤᠳᠠᠯ᠂ ᠬᠦᠨᠳᠦ ᠴᠢᠬᠤᠯᠠ ᠠᠵᠢᠯ ᠢ ᠲᠤᠭᠤᠷᠢᠭ ᠤᠨ ᠨᠠᠮ ᠤᠨ ᠬᠤᠷᠢᠶᠠᠨ ᠳᠤ ᠮᠡᠳᠡᠬᠦᠯᠦᠯᠲᠡ ᠬᠢᠬᠦ ᠳᠦᠷᠢᠮ ᠢ ᠪᠠᠷᠢᠮᠲᠠᠯᠠᠵᠤ᠂ ᠰᠢᠢᠳᠪᠦᠷᠢ ᠭᠠᠷᠭᠠᠬᠤ᠂ ᠲᠤᠮᠢᠯᠠᠵᠤ ᠣᠭᠴᠠᠷᠠᠭᠤᠯᠬᠤ ᠵᠡᠷᠭᠡ ᠡᠯ᠎ᠡ ᠲᠦᠷᠦᠯ ᠤᠨ ᠠᠵᠢᠯ  ᠳᠤ ᠨᠠᠮ ᠤᠨ ᠱᠣᠭᠤᠮ᠂ ᠴᠢᠭᠯᠡᠯᠲᠠ᠂ ᠲᠦᠷᠦ ᠶᠢᠨ ᠪᠤᠳᠣᠯᠭ᠎ᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠤᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠠᠢ᠃      ᠬᠤᠶᠠᠷ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ ᠪᠦᠬᠦ ᠬᠦᠴᠦᠨ ᠢᠶᠠᠷ ᠠᠬᠢᠭᠤᠯᠪᠠ᠃      ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠠᠢ᠃ ᠠᠵᠤ ᠠᠬᠤᠢ ᠶᠢᠨ ᠣᠷᠴᠢᠨ ᠤ ᠪᠤᠳᠣᠯᠢᠶᠠᠨᠳᠣ ᠪᠠᠶᠢᠳᠠᠯ ᠪᠠ ᠨᠦᠰᠡᠷ ᠬᠦᠨᠳᠦ ᠦᠭᠡᠷᠡᠴᠢᠯᠡᠯᠲᠡ ᠬᠦᠭᠵᠢᠯᠲᠡ ᠠᠮᠤᠷ ᠲᠤᠭᠲᠠᠭᠤᠨ ᠢ ᠪᠠᠲᠤᠯᠠᠬᠤ ᠡᠬᠦᠷᠭᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠢᠮᠠᠳᠣᠭᠠᠷ ᠬᠤᠭᠤᠴᠠᠭᠠᠨ ᠤ ᠨᠠᠢᠮᠠᠳᠣᠭᠠᠷ ᠣᠳᠠᠭᠠᠨ ᠤ ᠪᠦᠭᠦᠳᠡ ᠬᠤᠷᠠᠯ ᠤᠨ ᠶᠡᠷᠦᠩᠬᠡᠢ ᠪᠠᠶᠢᠷᠢᠯᠠᠭᠤᠯᠤᠯᠲᠠ ᠶᠢᠨ ᠲᠤᠭᠤᠷᠢᠨ ᠳᠤ ᠠᠵᠤ ᠠᠬᠤᠢ ᠨᠡᠶᠢᠭᠡᠮ ᠤᠨ ᠬᠦᠭᠵᠢᠯᠲᠡ  ᠶᠢᠨ ᠪᠠᠶᠢᠳᠠᠯ ᠢ ᠠᠩᠬᠠᠷᠤᠯ ᠳᠤ ᠪᠠᠨ ᠠᠪᠴᠤ᠂ ᠲᠤᠭᠤᠷᠢᠭ ᠤᠨ ᠵᠠᠰᠠᠭ ᠤᠨ ᠣᠷᠳᠣᠨ ᠢ ᠱᠠᠯᠠᠪᠳᠠᠨ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠶᠤᠰᠤᠭᠠᠷ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ ᠪᠠᠷ ᠭᠤᠤᠯ ᠱᠣᠭᠤᠮ ᠪᠤᠯᠭᠠᠨ᠂ ᠭᠤᠷᠪᠠᠨ ᠶᠡᠭᠡ ᠪᠤᠭᠤᠮᠲᠠ ᠰᠢᠪᠲᠤᠯᠤᠯᠲᠠ ᠶᠢᠨ ᠢᠯᠠᠯᠲᠠ ᠶᠢ ᠲᠡᠮᠡᠴᠡᠨ ᠣᠯᠬᠤ ᠶᠢ ᠰᠠᠶᠢᠲᠤᠷ ᠠᠳᠬᠤᠵᠤ᠂ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠬᠦᠯᠦᠨ ᠦᠷ᠎ᠡ ᠪᠦᠲᠦᠮᠵᠢ ᠶᠢ ᠨᠡᠮᠡᠭᠳᠡᠬᠦᠯᠬᠦ ᠶᠢ ᠣᠯᠠᠮ ᠨᠢᠭᠡ ᠠᠯᠬᠤᠮ ᠠᠬᠢᠭᠤᠯᠤᠨ᠂ ᠠᠵᠤ ᠦᠢᠯᠡᠳᠪᠦᠷᠢ ᠠᠵᠤ ᠠᠬᠤᠢ ᠶᠢᠨ ᠬᠦᠭᠵᠢᠯᠲᠡ ᠶᠢᠨ ᠳᠠᠯᠳᠠ ᠬᠦᠴᠦᠨ ᠢ ᠠᠭᠤᠳᠠᠯᠠᠵᠤ᠂ ᠪᠤᠳᠠᠳᠣ ᠴᠤᠭᠴᠠ ᠶᠢᠨ ᠠᠵᠤ ᠠᠬᠤᠢ ᠶᠢᠨ ᠬᠦᠭᠵᠢᠯᠲᠡ ᠶᠢᠨ ᠰᠠᠭᠤᠷᠢ ᠶᠢ ᠬᠦᠴᠦᠯᠠᠨ ᠪᠠᠲᠤᠳᠬᠠᠵᠠᠢ᠃ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ ᠪᠠ ᠬᠤᠳᠠᠯᠳᠣᠭᠠᠴᠢᠨ ᠣᠷᠢᠨ ᠪᠡᠯᠡ ᠣᠷᠣᠭᠤᠯᠬᠤ ᠠᠵᠢᠯ ᠤᠨ ᠪᠠᠶᠢᠳᠠᠯ ᠢ ᠬᠦᠨᠵᠡᠭᠡᠢ ᠪᠠᠶᠢᠴᠠᠭᠠᠨ ᠰᠣᠳᠣᠯᠵᠤ᠂ ᠭᠤᠤᠯᠳᠠᠯᠭᠠᠲᠤ ᠲᠦᠷᠦᠯ ᠵᠦᠢᠯ ᠤᠨ ᠪᠡᠯᠡ ᠣᠷᠣᠭᠤᠯᠣᠯᠲᠠ ᠶᠢᠨ ᠪᠡᠶᠡᠯᠡᠬᠦᠯᠦᠭᠰᠡᠨ ᠪᠠᠶᠢᠳᠠᠯ ᠢ ᠲᠤᠭᠤᠷᠢᠨ ᠪᠠᠶᠢᠴᠠᠭᠠᠵᠤ᠂ ᠴᠢᠬᠤᠯᠠ ᠶᠡᠭᠡ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠢᠪᠲᠦᠯᠦᠯᠲᠡ ᠶᠢᠨ ᠴᠢᠨᠠᠷᠲᠠᠢ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠂ ᠠᠵᠤ ᠠᠬᠤᠢ ᠶᠢᠨ ᠬᠦᠭᠵᠢᠯᠲᠡ ᠶᠢᠨ ᠠᠬᠢᠭᠤᠯᠬᠤ ᠬᠦᠴᠦᠨ ᠢ ᠲᠠᠰᠣᠷᠠᠯᠲᠠ ᠦᠬᠡᠢ ᠨᠡᠮᠡᠭᠳᠡᠬᠦᠯᠪᠡ᠃      ᠭᠤᠷᠪᠠᠨ ᠶᠡᠭᠡ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠲᠡᠮᠡᠴᠡᠨ ᠣᠯᠬᠤ ᠳᠤ ᠬᠦᠴᠦᠨ ᠨᠠᠮᠠᠷᠢᠯᠡᠵᠡᠢ᠃ 10 ᠲᠤᠰᠬᠤᠨ ᠤ ᠬᠠᠮᠲᠤ ᠶᠢᠨ ᠠᠵᠤ ᠠᠬᠤᠢ ᠶᠢᠨ ᠵᠢᠱᠢᠶ᠎ᠡ ᠦᠵᠡᠬᠦᠯᠬᠦ ᠴᠡᠭ ᠵᠢᠴᠢ ᠭᠡᠰᠡᠭ ᠶᠠᠳᠠᠭᠤ ᠬᠦᠴᠢᠷᠳᠡᠯ ᠲᠠᠢ ᠡᠷᠦᠭᠡ ᠳᠤ ᠬᠦᠨᠵᠡᠭᠡᠶᠢᠷᠡᠨ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠲᠠ ᠬᠢᠵᠦ᠂ ᠬᠦᠨᠳᠡᠯᠡᠨ ᠭᠤᠤᠯ᠂ ᠬᠠᠰᠢᠯᠭ᠎ᠠ ᠶᠢᠨ ᠭᠤᠤᠯ ᠤᠨ ᠴᠡᠭᠴᠡᠯᠡᠨ ᠵᠠᠰᠠᠯᠲᠠ ᠶᠢᠨ ᠪᠠᠶᠢᠳᠠᠯ ᠳᠤ ᠬᠦᠨᠵᠡᠭᠡᠶᠢᠷᠡᠨ ᠳ᠋ᠦᠩᠱᠧᠩ ᠲᠤᠭᠤᠷᠢᠭ ᠤᠨ ᠭᠤᠤᠯ ᠮᠦᠷᠡᠨ ᠤ ᠳᠠᠷᠤᠭ᠎ᠠ ᠶᠢᠨ ᠳᠦᠷᠢᠮ ᠤᠨ ᠠᠵᠢᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠣᠳᠣᠯᠣᠯᠲᠠ ᠬᠢᠵᠦ᠂ ᠠᠭᠤᠷᠬᠠᠢ ᠶᠢᠨ ᠣᠷᠣᠨ ᠢ ᠲᠠᠬᠢᠨ ᠬᠠᠭᠠᠯᠪᠤᠷᠢᠯᠠᠵᠤ ᠨᠤᠭᠤᠭᠠᠷᠠᠭᠤᠯᠬᠤ ᠪᠠ ᠨᠤᠮᠢᠨ ᠨᠤᠭᠤᠭᠠᠨ ᠠᠭᠤᠷᠬᠠᠢ ᠶᠢᠨ ᠠᠭᠤᠯᠠ ᠶᠢ ᠪᠦᠲᠦᠭᠡᠨ ᠪᠠᠶᠢᠭᠤᠯᠤᠭᠰᠠᠨ ᠪᠠᠶᠢᠳᠠᠯ ᠤᠨ ᠮᠡᠳᠡᠬᠦᠯᠦᠯᠲᠡ ᠶᠢ ᠰᠣᠨᠣᠰᠣᠨ᠂ ᠣᠯᠣᠰ ᠤᠨ ᠬᠦᠷᠦᠩᠭᠡ᠂ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠲᠤ ᠬᠦᠨᠵᠡᠭᠡᠶᠢᠷᠡᠨ ᠳ᠋ᠦᠩᠱᠧᠩ ᠲᠤᠭᠤᠷᠢᠭ  ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠣᠯᠣᠰ ᠤᠨ ᠦᠮᠴᠢᠯᠠᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠲᠤᠬᠠᠢ ᠶᠢᠨ ᠭᠠᠵᠠᠷ  ᠤᠨ ᠪᠠᠶᠢᠴᠠᠭᠠᠨ ᠰᠣᠳᠣᠯᠣᠯᠲᠠ ᠬᠢᠵᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠠᠳᠬᠤᠬᠤ᠂ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ  ᠢ ᠳᠡᠭᠡᠭᠰᠢᠯᠡᠬᠦᠯᠬᠦ ᠵᠡᠷᠭᠡ 15 ᠵᠤᠷᠪᠤᠰ ᠬᠢᠨᠠᠯᠲᠠ ᠶᠢᠨ ᠰᠠᠨᠠᠯ ᠳᠣᠷᠠᠳᠣᠨ᠂ ᠵᠠᠰᠠᠭ ᠤᠨ ᠣᠷᠳᠣᠨ ᠢ ᠱᠠᠯᠠᠪᠲᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠪᠠ᠃      ᠲᠦᠰᠦᠪ ᠪᠠ ᠲᠦᠰᠦᠪ ᠤᠨ ᠭᠦᠢᠴᠡᠳᠭᠡᠯ ᠤᠨ ᠬᠢᠨᠠᠯᠲᠠ ᠪᠠᠶᠢᠴᠠᠭᠠᠯᠲᠠ ᠶᠢ ᠬᠦᠨᠵᠡᠭᠡᠶᠢᠷᠡᠬᠦᠯᠪᠡ᠃ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠵᠤᠭᠤᠰᠤᠨ ᠤ ᠣᠭᠤᠲᠠ︾ ᠶᠢᠨ ᠬᠢᠨᠠᠯᠲᠠ ᠬᠠᠮᠢᠶᠠᠷᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠡᠨ᠂ 2018 ᠤᠨ ᠤ ᠡᠳ᠋ ᠤᠨ ᠵᠠᠰᠠᠭ ᠤᠨ ᠲᠦᠰᠦᠪ᠂ 2019 ᠤᠨ ᠤ ᠳᠡᠭᠡᠳᠦ ᠬᠠᠭᠠᠰ ᠵᠢᠯ ᠤᠨ ᠡᠳ᠋ ᠤᠨ ᠵᠠᠰᠠᠭ ᠤᠨ ᠲᠦᠰᠦᠪ ᠤᠨ ᠭᠦᠢᠴᠡᠳᠭᠡᠭᠰᠡᠨ ᠪᠠᠶᠢᠳᠠᠯ᠂ 2019 ᠤᠨ ᠤ ᠲᠦᠰᠦᠪ ᠤᠨ ᠲᠤᠬᠢᠷᠠᠭᠤᠯᠤᠯᠲᠠ ᠶᠢᠨ ᠲᠦᠰᠦᠯ᠂ 2018 ᠤᠨ ᠤ ᠡᠳ᠋ ᠤᠨ ᠵᠠᠰᠠᠭ ᠤᠨ ᠲᠦᠰᠦᠪ ᠤᠨ ᠭᠦᠢᠴᠳᠭᠡᠭᠰᠡᠨ ᠪᠠᠶᠢᠳᠠᠯ ᠪᠠ ᠪᠤᠰᠣᠳ ᠡᠳ᠋  ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠣᠯᠲᠠ ᠵᠡᠷᠭᠡ ᠮᠡᠳᠡᠬᠦᠯᠦᠯᠲᠡ ᠶᠢ ᠰᠣᠨᠣᠰᠤᠨ ᠬᠢᠨᠠᠨ ᠵᠦᠪᠯᠡᠵᠦ᠂ ᠰᠣᠷᠭᠠᠨ ᠬᠦᠮᠦᠵᠢᠯ ᠪᠡᠶ᠎ᠡ ᠶᠢᠨ ᠲᠠᠮᠢᠷ᠂ ᠴᠡᠴᠡᠷᠯᠢᠭᠵᠢᠬᠦᠯᠦᠯᠲᠡ ᠨᠤᠭᠤᠭᠠᠷᠠᠭᠤᠯᠤᠯᠲᠠ ᠶᠢᠨ ᠦᠢᠯᠡᠰ ᠵᠡᠷᠭᠡ 9 ᠰᠠᠯᠠᠭ᠎ᠠ ᠮᠦᠴᠢᠷ ᠲᠤ ᠬᠦᠨᠵᠡᠭᠡᠶᠢᠷᠡᠨ ᠲᠦᠰᠦᠪ ᠤᠨ ᠭᠦᠢᠴᠡᠳᠭᠡᠭᠰᠡᠨ ᠪᠠᠶᠢᠳᠠᠯ ᠢ ᠪᠠᠶᠢᠴᠠᠭᠠᠨ ᠰᠣᠳᠣᠯᠵᠤ᠂ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠦᠨ ᠡᠳ᠋ ᠤᠨ ᠵᠠᠰᠠᠭ ᠤᠨ ᠪᠠᠲᠤᠯᠠᠭᠠᠨ ᠤ ᠴᠢᠳᠠᠮᠵᠢ ᠶᠢ ᠳᠡᠭᠡᠭᠰᠢᠯᠡᠬᠦᠯᠬᠦ᠂ ᠵᠠᠷᠤᠯᠭ᠎ᠠ ᠶᠢᠨ ᠲᠦᠰᠦᠪ ᠤᠨ ᠭᠦᠢᠴᠡᠳᠭᠡᠯ ᠤᠨ ᠲᠡᠩᠴᠡᠬᠦᠷᠢᠲᠦ ᠴᠢᠨᠠᠷ ᠢ ᠳᠡᠭᠡᠭᠰᠢᠯᠡᠬᠦᠯᠬᠦ᠂ ᠲᠦᠷ ᠦᠭᠬᠦ ᠵᠤᠭᠤᠰ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠵᠡᠷᠭᠡ 14 ᠵᠤᠷᠪᠤᠰ ᠬᠢᠨᠠᠯᠲᠠ ᠶᠢᠨ ᠰᠠᠨᠠᠭᠤᠯᠭ᠎ᠠ ᠳᠣᠷᠠᠳᠪᠠ᠃      ᠭᠤᠷᠪᠠ᠂ ᠭᠤᠤᠯᠳᠠᠯᠭᠠᠲᠤ ᠠᠷᠠᠳ ᠤᠨ ᠠᠮᠢᠳᠣᠷᠠᠯ ᠤᠨ ᠠᠵᠢᠯ ᠢ ᠬᠦᠴᠦᠲᠡᠢ ᠠᠬᠢᠭᠤᠯᠵᠠᠢ᠃      ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠬᠠᠯᠠᠮᠰᠢᠯ ᠠᠰᠠᠭᠤᠳᠠᠯ ᠳᠤ ᠰᠠᠨᠠᠭᠠᠴᠢᠯᠭ᠎ᠠ ᠠᠴᠠ ᠪᠠᠨ ᠬᠠᠷᠢᠭᠤᠯᠲᠠ ᠦᠭᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯᠳᠠᠯᠭᠠᠲᠤ ᠠᠵᠢᠯ ᠪᠠ ᠪᠦᠬᠦ ᠲᠤᠭᠤᠷᠢᠭ ᠤᠨ ᠠᠷᠠᠳ ᠢᠷᠭᠡᠳ ᠤᠨ ᠨᠡᠶᠢᠲᠡᠮ ᠠᠩᠬᠠᠷᠴᠤ ᠪᠠᠶᠢᠭ᠎ᠠ ᠲᠤᠪᠤᠶᠢᠮ᠎ᠠ ᠠᠰᠠᠭᠤᠳᠠᠯ ᠤᠨ ᠲᠤᠭᠤᠷᠢᠨ  ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠬᠦᠯᠬᠦ ᠲᠤᠭᠤᠷᠢᠭ ᠤᠨ ᠡᠬᠦᠳᠦᠨ ᠪᠠᠶᠢᠭᠤᠯᠤᠯᠲᠠ ᠶᠢ ᠪᠠᠲᠤᠳᠬᠠᠨ ᠳᠡᠭᠡᠭᠰᠢᠯᠡᠬᠦᠯᠬᠦ ᠠᠵᠢᠯ ᠤᠨ ᠮᠡᠳᠡᠬᠦᠯᠦᠯᠲᠡ ᠶᠢ ᠰᠣᠨᠣᠰᠣᠨ᠂ ᠲᠤᠭᠤᠷᠢᠭ ᠤᠨ ᠡᠮᠨᠡᠯᠭᠡ ᠶᠢᠨ ᠬᠤᠷᠢᠶ᠎ᠠ ᠶᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠵᠢᠴᠢ ︽ᠡᠮ ᠡᠮᠨᠡᠯᠭᠡ ᠶᠢᠨ ᠬᠤᠯᠪᠤᠭᠠᠲᠤ ᠴᠣᠭᠴᠠ︾ ︽ᠡᠮ ᠡᠮᠨᠡᠯᠭᠡ ᠶᠢᠨ ᠬᠠᠮᠲᠤ ᠶᠢᠨ ᠴᠤᠭᠴᠠ︾ ᠶᠢᠨ ᠪᠠᠶᠢᠭᠤᠯᠤᠯᠲᠠ ᠶᠢᠨ ᠪᠠᠶᠢᠳᠠᠯ ᠳᠤ ᠬᠠᠮᠲᠤ ᠶᠢᠨ ᠪᠠᠶᠢᠴᠠᠭᠠᠯᠲᠠ ᠬᠢᠵᠦ᠂ ᠮᠠᠨ ᠤ ᠲᠤᠭᠤᠷᠢᠭ ᠤᠨ ᠦᠨᠳᠦᠰᠦᠲᠡᠨ ᠤ ᠰᠣᠷᠭᠠᠨ ᠬᠦᠮᠦᠵᠢᠯ ᠤᠨ ᠬᠦᠭᠵᠢᠯᠲᠡ ᠶᠢᠨ ᠪᠠᠶᠢᠳᠠᠯ ᠳᠤ ᠬᠦᠨᠵᠡᠭᠡᠢ ᠪᠠᠶᠢᠴᠠᠭᠠᠨ ᠰᠣᠳᠣᠯᠣᠯᠲᠠ ᠦᠷᠨᠢᠬᠦᠯᠦᠨ᠂ ᠦᠨᠳᠦᠰᠦᠲᠡᠨ ᠤ ᠰᠣᠷᠭᠠᠨ ᠬᠦᠮᠦᠵᠢᠯ ᠤᠨ ᠤᠷᠲᠤ ᠬᠤᠭᠤᠴᠠᠭᠠᠲᠤ ᠲᠦᠯᠦᠪᠯᠡᠭᠡ ᠶᠢ ᠲᠤᠭᠲᠠᠭᠠᠬᠤ ᠵᠡᠷᠭᠡ 18 ᠵᠤᠷᠪᠤᠰ ᠬᠢᠨᠠᠯᠲᠠ ᠶᠢᠨ ᠰᠠᠨᠠᠭᠤᠯᠭ᠎ᠠ ᠳᠣᠷᠠᠳᠴᠣ᠂ ᠠᠷᠠᠳ ᠤᠨ ᠠᠮᠢᠳᠣᠷᠠᠯ  ᠤᠨ ᠬᠠᠯᠠᠮᠰᠢᠯ ᠠᠰᠠᠭᠤᠳᠠᠯ ᠤᠨ ᠰᠢᠢᠳᠪᠦᠷᠢᠯᠡᠯᠲᠡ ᠶᠢ ᠢᠳᠡᠪᠬᠢᠲᠠᠢ ᠠᠬᠢᠭᠤᠯᠪᠠ᠃      ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠤᠯ ᠳᠤ ᠪᠠᠨ ᠠᠪᠴᠠᠢ᠃ ᠳ᠋ᠦᠩᠱᠧᠩ ᠲᠤᠭᠤᠷᠢᠭ ᠤᠨ ᠣᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠬᠦ ᠵᠢᠱᠢᠶ᠎ᠡ ᠦᠵᠡᠬᠦᠯᠬᠦ ᠲᠤᠭᠤᠷᠢᠭ ᠤᠨ ᠪᠦᠲᠦᠭᠡᠨ ᠪᠠᠶᠢᠭᠤᠯᠤᠭᠰᠠᠨ ᠪᠠᠶᠢᠳᠠᠯ ᠤᠨ ᠮᠡᠳᠡᠬᠦᠯᠦᠯᠲᠡ ᠪᠤᠯᠤᠨ ᠳ᠋ᠦᠩᠱᠧᠩ ᠲᠤᠭᠤᠷᠢᠭ ᠤᠨ ᠬᠦᠳᠡᠯᠮᠦᠷᠢ ᠬᠦᠴᠦ ᠠᠵᠢᠯ ᠣᠯᠭᠤᠯᠲᠠ ᠶᠢᠨ ᠠᠵᠢᠯ ᠤᠨ ᠮᠡᠳᠡᠬᠦᠯᠦᠯᠲᠡ ᠶᠢ ᠰᠣᠨᠣᠰᠣᠨ ᠬᠢᠨᠠᠨ ᠵᠦᠪᠯᠡᠵᠦ᠂ ᠳ᠋ᠦᠩᠱᠧᠩ ᠲᠤᠭᠤᠷᠢᠭ ᠤᠨ ᠨᠠᠰᠣᠲᠠᠨ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ᠂ ᠨᠡᠶᠢᠬᠡᠮ ᠤᠨ ᠠᠪᠤᠷᠠᠨ ᠲᠤᠰᠠᠯᠠᠬᠤ ᠠᠵᠢᠯ ᠤᠨ ᠪᠠᠶᠢᠳᠠᠯ ᠢ ᠪᠠᠶᠢᠴᠠᠭᠠᠨ ᠰᠣᠳᠣᠯᠵᠤ᠂ ᠳᠡᠭᠡᠳᠦ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠠᠢ ᠬᠠᠮᠵᠢᠯᠴᠠᠨ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠵᠡᠮᠳᠡᠭᠴᠦᠳ ᠤᠨ ᠡᠷᠭᠡ ᠠᠰᠢᠭ ᠢ ᠪᠠᠲᠤᠯᠠᠬᠤ ᠬᠠᠤᠯᠢ︾ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠠᠵᠢᠯ ᠣᠯᠭᠤᠯᠲᠠ ᠶᠢ ᠠᠬᠢᠭᠤᠯᠬᠤ ᠬᠠᠤᠯᠢ︾ ᠶᠢᠨ ᠲᠤᠤᠱᠯᠠᠭᠤᠯᠤᠭᠰᠠᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠵᠦ᠂ ᠨᠡᠶᠢᠭᠡᠮ ᠤᠨ ᠪᠠᠶᠢᠭᠤᠯᠤᠯᠲᠠ ᠶᠢᠨ ᠡᠯ᠎ᠡ ᠲᠦᠷᠦᠯ ᠤᠨ ᠠᠵᠢᠯ ᠤᠨ ᠳᠦᠷᠢᠮᠵᠢᠯ ᠶᠤᠰᠤᠭᠠᠷ ᠲᠢᠭᠯᠢᠮ ᠲᠠᠢ ᠶᠠᠪᠤᠭᠳᠠᠬᠤ ᠶᠢ ᠠᠬᠢᠭᠤᠯᠵᠠᠢ᠃      ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠤᠯ ᠳᠤ ᠪᠠᠨ ᠠᠪᠤᠪᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠠᠷᠠᠳ ᠣᠯᠠᠨ  ᠲᠠᠢ ᠨᠢᠭᠲᠠ ᠬᠤᠯᠪᠤᠭᠳᠠᠬᠤ᠂ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢ ᠦᠷᠭᠡᠳᠭᠡᠬᠦ ᠴᠢᠬᠤᠯᠠ ᠠᠵᠢᠯ ᠢᠶᠠᠷ ᠠᠳᠬᠤᠵᠠᠢ᠃ ᠪᠦᠬᠦ ᠵᠢᠯ ᠳᠤ ᠨᠡᠶᠢᠲᠡ 62 ᠣᠳᠠᠭᠠᠨ ᠤ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠣ᠂ ᠣᠲᠠᠰᠣ ᠪᠠᠷ ᠱᠠᠯᠠᠪᠳᠠᠨ ᠭᠦᠢᠴᠡᠳᠭᠡᠬᠦᠯᠬᠦ᠂ ᠲᠤᠬᠠᠢ ᠶᠢᠨ ᠭᠠᠵᠠᠷ ᠲᠤ ᠨᠢ ᠱᠠᠯᠠᠪᠳᠠᠨ ᠭᠦᠢᠴᠡᠳᠭᠡᠬᠦᠯᠬᠦ᠂ ᠲᠤᠰᠬᠠᠢ ᠰᠡᠳᠦᠪ ᠢᠶᠠᠷ ᠱᠠᠯᠠᠪᠳᠠᠨ ᠭᠦᠢᠴᠡᠳᠭᠡᠬᠦᠯᠬᠦ ᠵᠡᠷᠭᠡ ᠠᠷᠭ᠎ᠠ ᠬᠡᠮᠵᠢᠶ᠎ᠡ ᠪᠠᠷ ᠲᠤᠰᠬᠠᠬᠰᠠᠨ ᠠᠰᠠᠭᠤᠳᠠᠯ ᠢ ᠪᠤᠳᠠᠳᠠᠢ ᠰᠢᠢᠳᠪᠦᠷᠢᠯᠡᠪᠡ᠃ ᠵᠤᠬᠢᠴᠠᠭᠤᠯᠬᠤ ᠳᠤ ᠬᠦᠴᠢᠷᠲᠡᠢ ᠵᠠᠬᠢᠳᠠᠯ ᠰᠣᠷᠪᠤᠯᠵᠢᠯᠠᠭ᠎ᠠ ᠳᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠣᠳᠣᠷᠢᠳᠣᠯᠭ᠎ᠠ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠲᠠᠢ ᠬᠠᠷᠢᠯᠴᠠᠨ ᠱᠠᠯᠠᠪᠳᠠᠨ ᠭᠦᠢᠴᠡᠳᠭᠡᠬᠦᠯᠵᠦ᠂ ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠭᠡ ᠠᠰᠢᠭ ᠢ ᠦᠨᠡᠨ ᠬᠦ ᠬᠠᠮᠠᠭᠠᠯᠠᠭᠰᠠᠨ ᠪᠠᠶᠢᠨ᠎ᠠ᠃      ᠳᠦᠷᠪᠡ᠂ ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠠᠯᠬᠤᠴᠠ ᠪᠠᠨ ᠪᠦᠬᠦ ᠬᠦᠴᠦᠨ ᠢᠶᠠᠷ ᠬᠤᠷᠳᠣᠳᠬᠠᠪᠠ᠃      ᠬᠠᠤᠯᠢ ᠴᠠᠭᠠᠵᠠ ᠬᠠᠤᠯᠢ ᠳᠦᠷᠢᠮ ᠤᠨ ᠪᠦᠲᠦᠮᠵᠢᠲᠡᠢ ᠬᠡᠷᠡᠭᠵᠢᠬᠦᠯᠦᠯᠲᠡ ᠶᠢ ᠠᠬᠢᠭᠤᠯᠵᠠᠢ᠃ ᠬᠠᠤᠯᠢ ᠴᠠᠭᠠᠵᠠ ᠶᠢᠨ ᠲᠤᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠲᠤᠭᠤᠷᠢᠭ ᠤᠨ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠯᠣᠰ ᠤᠨ ᠲᠤᠭ ᠤᠨ ᠬᠠᠤᠯᠢ︾ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠭᠠᠯ ᠤᠨ ᠠᠶᠤᠯ ᠢ ᠰᠡᠷᠭᠡᠶᠢᠯᠡᠬᠦ ᠬᠠᠤᠯᠢ︾ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠠᠭᠠᠷ ᠮᠠᠨᠳᠠᠯ ᠤᠨ ᠪᠤᠬᠢᠷᠳᠣᠯ ᠢ ᠰᠡᠷᠭᠡᠶᠢᠯᠡᠨ ᠵᠠᠰᠠᠬᠤ ᠬᠠᠤᠯᠢ︾ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠠᠰᠣᠲᠠᠶᠢᠴᠣᠳ ᠤᠨ ᠡᠷᠭᠡ ᠠᠰᠢᠭ ᠢ ᠬᠠᠮᠠᠭᠠᠯᠠᠬᠤ ᠬᠠᠤᠯᠢ︾ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠣᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠢ ᠲᠤᠤᠱᠯᠠᠭᠤᠯᠤᠨ ᠬᠡᠷᠡᠭᠵᠢᠬᠦᠯᠦᠭᠰᠡᠨ ᠪᠠᠶᠢᠳᠠᠯ ᠳᠤ ᠪᠠᠶᠢᠴᠠᠭᠠᠯᠲᠠ ᠬᠢᠵᠦ᠂ ᠭᠠᠯ ᠤᠨ ᠠᠶᠤᠯ ᠠᠴᠠ ᠰᠡᠷᠭᠡᠶᠢᠯᠡᠵᠦ ᠠᠮᠤᠷ ᠲᠦᠪᠰᠢᠨ ᠤ ᠳᠠᠯᠳᠠ ᠬᠡᠮ  ᠢ ᠬᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 21 ᠵᠤᠷᠪᠤᠰ ᠰᠠᠨᠠᠭᠤᠯᠭ᠎ᠠ ᠶᠢ ᠳᠣᠷᠠᠳᠴᠠᠢ᠃ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ  ᠤᠨ ᠣᠰᠣᠨ ᠤ ᠬᠠᠤᠯᠢ︾ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠰᠣᠨ ᠤ ᠪᠤᠬᠢᠷᠳᠣᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠠᠤᠯᠢ ᠬᠡᠷᠡᠭᠵᠢᠬᠦᠯᠦᠯᠲᠡ ᠶᠢᠨ ᠪᠠᠶᠢᠴᠠᠭᠠᠯᠲᠠ ᠶᠢᠨ ᠰᠠᠨᠠᠭᠤᠯᠤᠮᠵᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠦᠷᠳᠡᠨ ᠬᠢᠨᠠᠯᠲᠠ ᠲᠠᠯᠪᠢᠵᠤ᠂ ᠡᠯ᠎ᠡ ᠲᠦᠷᠦᠯ ᠤᠨ ᠬᠠᠤᠯᠢ ᠴᠠᠭᠠᠵᠠ᠂ ᠳᠦᠷᠢᠮ ᠲᠤᠭᠲᠠᠭᠠᠯ ᠢ ᠣᠷᠣᠭᠰᠢᠲᠠᠢ ᠬᠡᠷᠡᠭᠵᠢᠬᠦᠯᠬᠦ ᠶᠢ ᠪᠠᠲᠤᠯᠠᠭᠰᠠᠨ ᠪᠠᠶᠢᠨ᠎ᠠ᠃ ᠰᠢᠨ᠎ᠡ ᠲᠤᠮᠢᠯᠠᠭᠳᠠᠭᠰᠠᠨ ᠠᠵᠢᠯᠲᠠᠨ ᠢ ᠵᠤᠬᠢᠶᠠᠨ ᠪᠠᠶᠢᠭᠤᠯᠤᠨ ᠦᠨᠳᠦᠰᠦᠨ ᠬᠠᠤᠯᠢ ᠳᠤ ᠲᠠᠩᠭᠠᠷᠢᠭ ᠬᠢᠯᠭᠡᠵᠦ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠢ ᠲᠦᠷᠦᠬᠦᠯᠡᠨ ᠬᠠᠮᠠᠭᠠᠯᠠᠵᠠᠢ᠃      ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤᠨ ᠢ ᠬᠠᠮᠠᠭᠠᠯᠠᠪᠠ᠃ ︽ᠬᠠᠷ᠎ᠠ ᠪᠦᠯᠦᠭᠳᠡᠨ ᠬᠠᠷᠬᠢᠰ ᠬᠦᠴᠦᠨ ᠢ ᠱᠦᠬᠦᠷᠳᠡᠨ ᠠᠷᠢᠯᠭᠠᠬᠤ︾ ᠲᠤᠰᠬᠠᠢ ᠲᠦᠷᠦᠯ ᠤᠨ ᠪᠠᠶᠢᠴᠠᠭᠠᠨ ᠰᠤᠳᠤᠯᠤᠯᠲᠠ ᠶᠢ ᠬᠦᠨᠵᠡᠬᠡᠢ ᠦᠷᠨᠢᠬᠦᠯᠵᠦ᠂ ᠴᠤᠬᠢᠯᠲᠠ ᠦᠭᠬᠦ ᠪᠤᠳᠠᠳᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠬᠦ᠂ ︽ᠬᠠᠮᠠᠭᠠᠯᠠᠭᠴᠢ ᠶᠢ ᠴᠤᠬᠢᠨ ᠲᠤᠤᠷ ᠢ ᠡᠪᠳᠡᠬᠦ︾ ᠬᠦᠴᠦᠯᠡᠴᠡ ᠪᠠᠨ ᠨᠡᠮᠡᠭᠳᠡᠬᠦᠯᠬᠦ ᠵᠡᠷᠭᠡ ᠪᠠᠶᠢᠴᠠᠭᠠᠨ ᠰᠤᠳᠤᠯᠤᠯᠲᠠ ᠶᠢᠨ ᠰᠠᠨᠠᠯ ᠢ ᠲᠤᠷᠠᠳᠴᠦ᠂ ᠴᠢᠩᠭ᠎ᠠ ᠳᠠᠷᠤᠯᠲᠠ ᠶᠢᠨ ᠪᠠᠶᠢᠳᠠᠯ ᠢ ᠦᠷᠬᠦᠯᠵᠢᠯᠡᠨ ᠪᠤᠢ ᠪᠤᠯᠭᠠᠪᠠ᠃ ᠮᠠᠨ ᠤ ᠲᠤᠭᠤᠷᠢᠭ ᠤᠨ ᠨᠡᠶᠢᠬᠡᠮ ᠲᠤᠭᠤᠷᠢᠭ ᠤᠨ ᠴᠡᠭᠴᠡᠯᠡᠨ ᠵᠠᠰᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠲᠦᠷᠪᠡᠨ ᠵᠤᠷᠪᠤᠰ ᠰᠠᠨᠠᠯ ᠰᠠᠨᠠᠭᠤᠯᠭ᠎ᠠ ᠲᠤᠷᠠᠳᠤᠨ᠂ ᠨᠡᠶᠢᠬᠡᠮ ᠲᠤᠭᠤᠷᠢᠭ ᠤᠨ ᠴᠡᠭᠴᠡᠯᠡᠨ ᠵᠠᠰᠠᠯᠲᠠ ᠶᠢᠨ ᠠᠵᠢᠯ ᠤᠨ ᠲᠦᠷᠢᠮᠵᠢᠯ ᠲᠠᠢ ᠶᠠᠪᠤᠭᠳᠠᠬᠤ ᠶᠢ ᠲᠦᠯᠬᠢᠨ ᠠᠬᠢᠭᠤᠯᠬᠤ ᠳᠤ ᠴᠢᠬᠤᠯᠠ ᠰᠢᠢᠳᠪᠤᠷᠢ ᠬᠠᠩᠭᠠᠪᠠ᠃ ᠬᠡᠷᠡᠭ ᠤᠨ ᠡᠮᠦᠨ᠎ᠡ ᠰᠢᠬᠦᠯᠲᠡ ᠶᠢ ᠰᠤᠨᠤᠰᠬᠤ ᠠᠵᠢᠯᠯᠠᠭ᠎ᠠ ᠶᠢ ᠰᠢᠨᠡᠴᠢᠯᠡᠨ ᠦᠷᠨᠢᠬᠦᠯᠵᠦ᠂ ᠠᠷᠠᠳ ᠤᠨ ᠲᠦᠯᠦᠭᠡᠯᠡᠭᠴᠢᠳ ᠢ ᠵᠤᠬᠢᠶᠠᠨ ᠪᠠᠶᠢᠭᠤᠯᠵᠤ ᠤᠷᠢᠳ ᠬᠤᠵᠢᠳ 15 ᠤᠳᠠᠭᠠᠨ ᠤ ᠰᠢᠬᠦᠬᠦ ᠬᠤᠷᠢᠶ᠎ᠠ ᠶᠢᠨ ᠨᠡᠶᠢᠳᠡᠯᠢᠭ ᠬᠡᠷᠡᠭ ᠤᠨ ᠰᠢᠬᠦᠯᠳᠡ ᠳᠤ ᠤᠷᠤᠯᠴᠠᠭᠤᠯᠪᠠ᠃ ᠳᠡᠭᠡᠲᠦ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠮᠲᠤᠷᠠᠯᠴᠠᠨ ᠰᠢᠬᠦᠬᠦ ᠬᠤᠷᠢᠶ᠎ᠠ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠰᠢᠬᠦᠨ ᠲᠠᠰᠤᠯᠤᠯᠲᠠ ᠶᠢᠨ ᠠᠵᠢᠯ ᠪᠠ ᠬᠠᠥᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠦᠷᠨᠢᠬᠦᠯᠪᠡ᠃ ᠳ᠋ᠥᠩᠱᠧᠩ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠢᠷᠭᠡᠨ ᠤ ᠬᠡᠷᠡᠭ ᠤᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠪᠠ ᠨᠡᠶᠢᠳᠡ ᠶᠢᠨ ᠠᠰᠠᠷᠠᠮᠵᠢᠲᠦ ᠵᠠᠷᠭᠤ ᠶᠢᠨ ᠠᠵᠢᠯ ᠢ ᠬᠢᠨᠠᠨ ᠵᠦᠪᠯᠡᠭᠰᠡᠨ ᠰᠠᠨᠠᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠳᠤ ᠮᠦᠷᠳᠡᠨ ᠬᠢᠨᠠᠯᠲᠠ ᠬᠢᠵᠦ᠂ ᠪᠦᠬᠦ ᠲᠤᠭᠤᠷᠢᠭ ᠤᠨ ᠢᠷᠭᠡᠨ ᠤ ᠬᠡᠷᠡᠭ ᠤᠨ ᠵᠠᠰᠠᠭ ᠵᠠᠬᠢᠷᠭᠠᠨ ᠤ ᠵᠠᠷᠭᠤ ᠶᠢᠨ ᠬᠢᠨᠠᠯᠲᠠ ᠪᠠ ᠨᠡᠶᠢᠳᠡ ᠶᠢᠨ ᠠᠰᠠᠷᠠᠮᠵᠢᠲᠦ ᠵᠠᠷᠭᠤ ᠶᠢᠨ ᠠᠵᠢᠯ ᠤᠨ ᠦᠷ᠎ᠡ ᠪᠦᠲᠦᠮᠵᠢ ᠶᠢ ᠢᠯᠡᠳᠳᠡ ᠳᠡᠭᠡᠭᠰᠢᠯᠡᠬᠦᠯᠪᠡ᠃ ︽ᠤᠷᠳᠤᠰ ᠬᠤᠳᠠ ᠶᠢᠨ ᠳ᠋ᠥᠩᠱᠧᠩ ᠲᠤᠭᠤᠷᠢᠭ  ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠦᠷᠢᠮᠵᠢᠬᠦᠯᠦᠭᠰᠡᠨ ᠪᠢᠴᠢᠭ ᠮᠠᠲ᠋ᠧᠷᠢᠶᠠᠯ ᠢ ᠳᠠᠩᠰᠠᠯᠠᠵᠦ ᠬᠢᠨᠠᠨ ᠪᠠᠶᠢᠴᠠᠭᠠᠬᠤ ᠠᠵᠢᠯ ᠤᠨ ᠠᠷᠭ᠎ᠠ︾ ᠶᠢᠨ ᠲᠤᠭᠳᠠᠭᠠᠯ ᠢ ᠦᠨᠳᠦᠰᠦᠯᠡᠨ᠂ ᠲᠦᠷᠢᠮᠵᠢᠬᠦᠯᠦᠭᠰᠡᠨ ᠪᠢᠴᠢᠭ ᠮᠠᠲ᠋ᠧᠷᠢᠶᠠᠯ ᠪᠦᠷᠢ ᠶᠢ ᠨᠠᠷᠢᠨ ᠬᠢᠨᠠᠮᠠᠭᠠᠢ ᠳᠠᠩᠰᠠᠯᠠᠨ ᠪᠠᠶᠢᠴᠠᠭᠠᠪᠠ᠃      ︽ᠰᠢᠬᠦᠭᠴᠢ᠂ ᠪᠠᠶᠢᠴᠠᠭᠠᠭᠴᠢ︾ ᠶᠢᠨ ᠲᠤᠰᠢᠶᠠᠯ ᠬᠠᠷᠢᠭᠤᠴᠠᠯᠭ᠎ᠠ ᠶᠢᠨ ᠬᠦᠢᠴᠡᠳᠬᠡᠯᠲᠡ ᠶᠢ ᠵᠦᠪᠯᠡᠨ ᠦᠨᠡᠯᠡᠬᠦ ᠠᠵᠢᠯ ᠢ ᠵᠤᠬᠢᠶᠠᠨ ᠪᠠᠶᠢᠭᠤᠯᠤᠨ ᠶᠠᠪᠤᠭᠳᠠᠭᠤᠯᠪᠠ᠃ ︽ᠰᠢᠬᠦᠭᠴᠢ᠂ ᠪᠠᠶᠢᠴᠠᠭᠠᠭᠴᠢ︾ ᠶᠢᠨ ᠲᠤᠰᠢᠶᠠᠯ ᠬᠠᠷᠢᠭᠤᠴᠠᠯᠭ᠎ᠠ ᠶᠢᠨ ᠬᠦᠢᠴᠡᠳᠬᠡᠯᠲᠡ ᠶᠢ ᠵᠦᠪᠯᠡᠨ ᠦᠨᠡᠯᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ︽ᠤᠷᠳᠤᠰ ᠬᠤᠳᠠ ᠶᠢᠨ ᠳ᠋ᠥᠩᠱᠧᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠭᠴᠢ ᠰᠢᠬᠦᠭᠴᠢ ᠶᠢᠨ ᠡᠬᠦᠷᠭᠡ ᠲᠤᠰᠢᠶᠠᠯ ᠤᠨ ᠬᠦᠢᠴᠡᠳᠬᠡᠯᠲᠡ ᠶᠢᠨ ᠵᠦᠪᠯᠡᠨ ᠦᠨᠡᠯᠡᠬᠦ ᠠᠷᠭ᠎ᠠ︾ ︽ᠲᠤᠭᠤᠷᠢᠭ ᠤᠨ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠭᠤᠷᠢᠭ ᠤᠨ ᠰᠢᠬᠦᠬᠦ ᠬᠤᠷᠢᠶ᠎ᠠ ᠶᠢᠨ ᠬᠡᠰᠡᠭ ᠰᠢᠬᠦᠬᠦ ᠲᠣᠰᠢᠶᠠᠯᠲᠡᠨ ᠤ ᠲᠤᠰᠢᠶᠠᠯ ᠬᠠᠷᠢᠭᠤᠴᠠᠯᠭ᠎ᠠ ᠶᠢᠨ ᠬᠦᠢᠴᠡᠳᠬᠡᠯᠲᠡ ᠳᠤ ᠦᠨᠡᠯᠡᠯᠲᠡ ᠬᠢᠬᠦ ᠬᠡᠷᠡᠭᠵᠢᠬᠦᠯᠬᠦ ᠲᠦᠰᠦᠯ︾ ᠢ ᠲᠤᠭᠳᠠᠭᠠᠵᠦ᠂ ᠲᠤᠰᠢᠶᠠᠯ ᠬᠠᠷᠢᠭᠤᠴᠠᠯᠭ᠎ᠠ ᠶᠢᠨ ᠬᠦᠢᠴᠡᠳᠬᠡᠯᠲᠡ ᠳᠤ ᠦᠨᠡᠯᠡᠯᠲᠡ ᠬᠢᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠲᠦᠪᠯᠡᠷᠡᠬᠦᠯᠦᠨ ᠰᠢᠯᠭᠠᠨ ᠦᠨᠡᠯᠡᠬᠦ ᠶᠢ ᠶᠠᠪᠤᠭᠳᠠᠭᠤᠯᠵᠤ ᠂ ︽ᠰᠢᠬᠦᠬᠦ ᠲᠤᠰᠢᠶᠠᠯᠳᠠᠨ ᠤ ᠲᠤᠰᠢᠶᠠᠯ ᠬᠠᠷᠢᠭᠤᠴᠠᠯᠭ᠎ᠠ ᠶᠢᠨ ᠬᠦᠢᠴᠡᠳᠬᠡᠯᠲᠡ ᠳᠤ ᠦᠨᠡᠯᠡᠯᠲᠡ ᠬᠢᠬᠦ ᠠᠵᠢᠯ ᠤᠨ ᠪᠠᠶᠢᠳᠠᠯ ᠤᠨ ᠮᠡᠳᠡᠬᠦᠯᠦᠯᠲᠡ︾ ᠶᠢ ᠬᠡᠪᠰᠢᠬᠦᠯᠵᠦ᠂ ᠰᠢᠬᠦᠨ ᠲᠠᠰᠤᠯᠬᠤ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠡᠷᠡᠭ ᠢ ᠰᠢᠢᠳᠪᠤᠷᠢᠯᠡᠬᠦ ᠶᠠᠰᠤ ᠴᠢᠨᠠᠷ ᠦᠷ᠎ᠡ ᠪᠦᠲᠦᠮᠵᠢ ᠢ ᠳᠡᠭᠡᠭᠰᠢᠯᠡᠬᠦᠯᠬᠦ ᠵᠡᠷᠭᠡ 7 ᠵᠤᠷᠪᠤᠰ ᠰᠠᠨᠠᠭᠤᠯᠭ᠎ᠠ ᠶᠢ ᠲᠤᠷᠠᠳᠴᠦ᠂ ᠠᠷᠠᠳ ᠤᠨ ᠲᠦᠯᠦᠭᠡ ᠬᠠᠥᠯᠢ ᠬᠡᠷᠡᠭᠵᠢᠬᠦᠯᠬᠦ᠂ ᠲᠦᠪ ᠭᠤᠤᠯᠴᠢ ᠪᠠᠷ ᠬᠠᠥᠯᠢ ᠬᠡᠷᠡᠭᠵᠢᠬᠦᠯᠬᠦ ᠶᠢ ᠦᠨᠡᠨ ᠬᠦ ᠪᠡᠶᠡᠯᠡᠬᠦᠯᠪᠡ᠃      ᠲᠠᠪᠤ᠂ ᠲᠦᠯᠦᠭᠡᠯᠡᠭᠴᠢ ᠶᠢᠨ ᠠᠵᠢᠯ ᠢ ᠰᠠᠶᠢᠲᠤᠷ ᠴᠢᠷᠮᠠᠶᠢᠨ ᠬᠢᠵᠠᠢ᠃      ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠶᠢᠨ ᠪᠤᠯᠪᠠᠰᠣᠷᠠᠯ ᠢ ᠰᠠᠶᠢᠲᠤᠷ ᠠᠳᠬᠤᠪᠠ᠃ ᠨᠢᠭᠡ ᠵᠢᠯ ᠤᠨ ᠲᠤᠷᠰᠢ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠ ᠤᠪᠤᠷ ᠰᠣᠷᠲᠠᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ᠂ ᠳᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢᠨ ᠲᠤᠤᠱᠯᠠᠭᠤᠯᠤᠯᠲᠠ ᠶᠢᠨ ᠲᠤᠭᠤᠷᠢᠨ ᠳᠤ᠂ ᠪᠠᠶᠢᠳᠠᠯ ᠠᠬᠤᠢ ᠪᠠ ᠲᠦᠷᠦ ᠶᠢᠨ ᠪᠤᠳᠣᠯᠭ᠎ᠠ᠂ ︽ᠲᠦᠯᠦᠭᠡᠯᠡᠭᠴᠢ ᠶᠢᠨ ᠬᠠᠤᠯᠢ︾ ︽ᠰᠣᠩᠭᠤᠭᠤᠯᠢ ᠶᠢᠨ ᠬᠠᠤᠯᠢ︾ ︽ᠬᠢᠨᠠᠯᠲᠠ ᠲᠠᠯᠪᠢᠬᠤ ᠬᠠᠤᠯᠢ︾ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ᠂ ᠲᠤᠬᠠᠶᠢᠯᠠᠭᠰᠠᠨ ᠠᠵᠢᠯ ᠤᠨ ᠡᠬᠦᠷᠭᠡ ᠬᠠᠷᠢᠭᠤᠴᠠᠯᠭ᠎ᠠ ᠵᠡᠷᠭᠡ ᠠᠳᠠᠯᠢ ᠪᠤᠰᠤ ᠲᠤᠰᠬᠠᠢ ᠰᠡᠳᠦᠪᠲᠦ 3 ᠣᠳᠠᠭ᠎ᠠ ᠶᠢᠨ 350 ᠬᠦᠮᠦᠨ ᠣᠳᠠᠭᠠᠨ ᠤ ᠰᠣᠷᠣᠯᠴᠠᠯᠭ᠎ᠠ ᠪᠤᠯᠪᠠᠰᠣᠷᠠᠯ ᠢ  ᠵᠤᠬᠢᠶᠠᠨ ᠪᠠᠶᠢᠭᠤᠯᠵᠤ᠂ ᠣᠷᠢᠨ ᠠᠪᠴᠢᠷᠠᠵᠤ ᠰᠣᠷᠣᠯᠴᠠᠯᠭ᠎ᠠ ᠡᠷᠬᠢᠯᠡᠬᠦᠯᠬᠦ᠂ ᠭᠠᠳᠠᠭᠰᠢ ᠶᠠᠪᠤᠭᠤᠯᠵᠤ ᠰᠣᠷᠣᠯᠴᠠᠭᠤᠯᠬᠤ ᠪᠠ ᠲᠦᠪᠯᠡᠷᠡᠩᠬᠦᠢ ᠪᠤᠯᠪᠠᠰᠣᠷᠠᠯ᠂ ᠦᠪᠡᠷ ᠤᠨ ᠰᠣᠷᠣᠯᠴᠠᠯᠭ᠎ᠠ᠂ ᠰᠣᠳᠣᠯᠣᠨ ᠶᠠᠷᠢᠯᠴᠠᠬᠤ ᠶᠢ ᠬᠠᠷᠢᠯᠴᠠᠨ ᠣᠶᠠᠯᠳᠣᠭᠤᠯᠣᠭᠰᠠᠨ ᠠᠷᠭ᠎ᠠ ᠬᠡᠮᠵᠢᠶ᠎ᠡ  ᠪᠠᠷ ᠳᠠᠮᠵᠢᠨ ᠪᠦᠬᠦ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠵᠤᠬᠢᠶᠠᠨ ᠪᠠᠶᠢᠭᠤᠯᠤᠨ ᠰᠣᠷᠣᠯᠴᠠᠯᠭ᠎ᠠ ᠶᠢ ᠴᠢᠩᠭᠠᠳᠬᠠᠵᠤ᠂ ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠲᠠᠰᠣᠷᠠᠯᠲᠠ ᠦᠬᠡᠢ ᠳᠡᠭᠡᠭᠰᠢᠯᠡᠬᠦᠯᠵᠡᠢ᠃      ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢ ᠪᠤᠳᠠᠳᠠᠶᠢᠵᠢᠭᠤᠯᠤᠨ ᠠᠳᠬᠤᠪᠠ᠃ 2019 ᠤᠨ ᠳᠤ ᠮᠠᠨ ᠤ ᠲᠤᠭᠤᠷᠢᠭ ᠦᠷᠬᠦᠯᠵᠢᠯᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠲᠠ ᠶᠢ ᠴᠢᠩᠭᠠᠳᠬᠠᠨ᠂ ᠲᠦᠯᠦᠭᠡᠯᠡᠭᠴᠢ ᠶᠢᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠠᠪᠴᠠᠩ ᠢ ᠢᠳᠡᠪᠬᠢᠲᠡᠢ ᠴᠤᠭᠴᠠᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠤᠯᠪᠤᠭᠠᠯᠠᠯ ᠤᠨ ᠦᠷᠲᠡᠭᠡ ᠶᠢ ᠰᠢᠨ᠎ᠡ ᠪᠠᠷ 2 ᠪᠠᠶᠢᠭᠤᠯᠤᠨ᠂ ᠵᠠᠮ ᠬᠠᠷᠢᠯᠴᠠᠭ᠎ᠠ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠨᠢ︾ ᠨᠢ ᠪᠦᠬᠦ ᠬᠤᠲᠠ ᠶᠢᠨ ︽ᠲᠠᠪᠤᠨ ᠣᠳᠣᠨ ᠲᠡᠰ︾ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠨᠢ ᠪᠠᠷ ᠦᠨᠡᠯᠡᠭᠳᠡᠵᠦ᠂ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠨᠢ︾ ᠶᠢᠨ ᠬᠠᠷᠢᠶᠠᠯᠠᠭᠳᠠᠬᠤ ᠰᠡᠳᠬᠢᠭᠳᠡᠯ᠂ ᠨᠢᠭᠲᠠᠷᠠᠯ ᠤᠨ ᠬᠦᠴᠦᠨ ᠢ ᠲᠠᠰᠣᠷᠠᠯᠲᠠ ᠦᠬᠡᠢ ᠨᠡᠮᠡᠭᠳᠡᠬᠦᠯᠪᠡ᠃ ᠪᠠᠯᠭᠠᠰᠣ᠂ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠣᠣᠯ ᠤᠨ ᠰᠣᠩᠭᠤᠭᠤᠯᠢ ᠶᠢᠨ ᠪᠠᠶᠢᠭᠤᠯᠭ᠎ᠠ ᠠᠴᠠ ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠳᠤ ᠬᠠᠤᠯᠢ ᠶᠤᠰᠤᠭᠠᠷ ᠬᠢᠨᠠᠯᠲᠠ ᠲᠠᠯᠪᠢᠨ᠂ ᠲᠤᠰ ᠵᠢᠯ ᠳᠤ 3 ᠨᠡᠷ᠎ᠡ ᠬᠤᠲᠠ ᠶᠢᠨ ᠲᠡᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠ 29 ᠨᠡᠷ᠎ᠡ ᠲᠤᠭᠤᠷᠢᠭ ᠤᠨ ᠲᠡᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠦᠪᠡᠷ ᠦᠪᠡᠷ ᠤᠨ ᠢᠶᠠᠨ ᠰᠣᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠲᠤ ᠲᠤᠰᠢᠶᠠᠯ ᠤᠨ ᠮᠡᠳᠡᠬᠦᠯᠦᠯᠲᠡ ᠬᠢᠬᠦ ᠶᠢᠨ ᠳᠠᠭᠠᠤ ᠬᠠᠨᠤᠮᠵᠢ ᠶᠢᠨ ᠬᠡᠮᠵᠢᠶ᠎ᠡ ᠶᠢᠨ ᠦᠨᠡᠯᠡᠨ ᠲᠤᠭᠲᠠᠭᠠᠯᠲᠠ ᠬᠢᠯᠭᠡᠵᠦ᠂ ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠡᠬᠦᠷᠭᠡᠯᠡᠨ ᠭᠦᠢᠴᠡᠳᠭᠡᠬᠦ ᠦᠵᠡᠯ ᠣᠬᠠᠮᠰᠠᠷ ᠢ ᠴᠢᠩᠭᠠᠳᠬᠠᠵᠠᠢ᠃ ᠲᠦᠯᠦᠭᠡᠯᠡᠭᠴᠢ ᠶᠢᠨ ᠠᠵᠢᠯ ᠮᠡᠷᠭᠡᠵᠢᠯ ᠤᠨ ᠳᠠᠪᠠᠭᠤᠯᠢᠭ ᠪᠠ ᠬᠠᠷᠢᠶᠠᠯᠠᠭᠳᠠᠬᠤ ᠠᠵᠢᠯ ᠲᠦᠷᠦᠯ ᠤᠨ ᠬᠡᠪᠴᠢᠶᠡᠨ ᠤ ᠣᠨᠴᠠᠯᠢᠭ ᠲᠠᠢ ᠣᠶᠠᠯᠳᠣᠭᠤᠯᠣᠨ᠂ ᠣᠷᠢᠳ ᠬᠤᠵᠢᠳ 156 ᠨᠡᠷ᠎ᠡ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠪᠠᠶᠢᠴᠠᠭᠠᠨ ᠰᠣᠳᠣᠯᠣᠯᠲᠠ᠂ ᠲᠤᠭᠤᠷᠢᠨ ᠪᠠᠶᠢᠴᠠᠭᠠᠯᠲᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠲᠤᠰᠬᠠᠢ ᠳᠠᠪᠴᠠᠩ᠂ ᠦᠢᠯᠡᠴᠢᠯᠡᠭᠡ ᠶᠢ ᠬᠠᠩᠭᠠᠨ᠂ ᠲᠦᠯᠦᠭᠡᠯᠡᠭᠴᠢ ᠶᠢᠨ ᠡᠬᠦᠷᠭᠡ ᠲᠤᠰᠢᠶᠠᠯ ᠤᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠵᠠᠢ᠃ ᠨᠢᠭᠡ ᠵᠢᠯ ᠤᠨ ᠲᠤᠷᠰᠢ 5 ᠨᠡᠷ᠎ᠡ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠭᠰᠡᠨ ᠰᠢᠯᠢᠳᠡᠭ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ 15 ᠵᠤᠷᠪᠤᠰ ᠰᠢᠯᠢᠳᠡᠭ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ᠂ 9 ᠰᠢᠯᠢᠳᠡᠭ ᠳᠠᠭᠠᠭᠠᠴᠢᠯᠠᠨ ᠡᠷᠬᠢᠯᠡᠭᠰᠡᠨ ᠪᠠᠶᠢᠭᠤᠯᠭ᠎ᠠ ᠶᠢ ᠰᠢᠯᠭᠠᠷᠠᠭᠤᠯᠤᠨ ᠬᠦᠬᠢᠬᠦᠯᠪᠡ᠃      ᠲᠦᠯᠦᠭᠡᠯᠡᠭᠴᠢ ᠶᠢᠨ ᠰᠠᠨᠠᠭᠤᠯᠭ᠎ᠠ ᠶᠢ ᠴᠠᠭ ᠳᠠᠷᠣᠢ ᠳᠤ ᠨᠢ ᠭᠦᠢᠴᠡᠳᠭᠡᠵᠡᠢ᠃ ᠠᠷᠠᠳ ᠣᠯᠠᠨ ᠤ ᠰᠠᠶᠢᠨ ᠰᠠᠶᠢᠬᠠᠨ ᠠᠮᠢᠳᠣᠷᠠᠯ ᠤᠨ ᠲᠦᠯᠦᠭᠡᠨ᠎ᠡ ᠬᠡᠮᠡᠬᠦ ᠬᠦᠰᠡᠯ ᠮᠦᠷᠦᠭᠡᠳᠦᠯ ᠢᠶᠠᠷ ᠠᠵᠢᠯ ᠤᠨ ᠬᠠᠷᠠᠯᠲᠠ ᠪᠤᠯᠭᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠭᠡᠬᠦ ᠪᠠᠷ ᠭᠠᠷᠳᠠᠴᠠ ᠪᠤᠯᠭᠠᠵᠤ᠂ ᠣᠯᠠᠨ ᠲᠦᠮᠡᠨ ᠤ ᠬᠠᠮᠤᠭ ᠤᠨ ᠰᠠᠨᠠᠭ᠎ᠠ ᠪᠣᠯᠵᠤ ᠪᠠᠶᠢᠭ᠎ᠠ ᠪᠤᠳᠠᠳᠣ ᠠᠰᠢᠭ ᠲᠤᠰᠠ ᠶᠢᠨ ᠠᠰᠠᠭᠤᠳᠠᠯ ᠢ ᠠᠳᠬᠤᠨ᠂ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯ ᠠᠴᠠ ᠨᠠᠭᠠᠰᠢᠬᠢ ᠲᠦᠯᠦᠭᠡᠯᠡᠭᠴᠢ ᠶᠢᠨ ᠳᠣᠷᠠᠳᠣᠭᠰᠠᠨ 118 ᠵᠤᠷᠪᠤᠰ ᠰᠠᠨᠠᠭᠤᠯᠭ᠎ᠠ ᠶᠢᠨ ᠲᠤᠭᠤᠷᠢᠨ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠦᠪᠯᠡᠯᠭᠡ ᠰᠠᠨᠠᠭᠤᠯᠭ᠎ᠠ ᠶᠢᠨ ᠭᠦᠢᠴᠡᠳᠭᠡᠬᠦ ᠴᠤᠪᠤᠷᠠᠯ ᠢ ᠯᠠᠪᠳᠠᠭᠤᠨ ᠪᠤᠲᠠᠲᠠᠢ ᠬᠢᠵᠦ᠂ ᠴᠠᠭ ᠲᠤᠬᠠᠢ ᠳᠤ ᠨᠢ ᠵᠠᠰᠠᠭ ᠤᠨ ᠣᠷᠳᠣᠨ ᠳᠤ ᠰᠢᠯᠵᠢᠬᠦᠯᠦᠨ ᠭᠦᠢᠴᠡᠳᠭᠡᠬᠦᠯᠵᠦ᠂ ᠳᠠᠭᠠᠭᠠᠴᠢᠯᠠᠭᠰᠠᠨ ᠰᠠᠯᠠᠭ᠎ᠠ ᠮᠦᠴᠢᠷ ᠲᠤ ᠴᠠᠭ ᠬᠢᠵᠠᠭᠠᠷᠯᠠᠨ ᠭᠦᠢᠴᠡᠳᠭᠡᠬᠦ ᠶᠢ ᠱᠠᠭᠠᠷᠳᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠬᠢᠨᠠᠯᠲᠠ ᠲᠠᠯᠪᠢᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠪᠤᠳᠠᠲᠠᠢ ᠭᠦᠢᠴᠡᠳᠭᠡᠨ ᠬᠠᠷᠢᠭᠤ ᠦᠭᠬᠦ ᠨᠤᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠬᠦᠯᠦᠨ᠂ ᠲᠦᠯᠦᠭᠡᠯᠡᠭᠴᠢᠳ ᠤᠨ ᠦᠭᠬᠦᠭᠰᠡᠨ ᠡᠷᠬᠢᠮ ᠰᠠᠨᠠᠭᠤᠯᠭ᠎ᠠ ᠶᠢ ᠨᠠᠶᠢᠳᠠᠪᠤᠷᠢᠵᠢᠭᠤᠯᠵᠤ ᠴᠢᠳᠠᠵᠠᠢ᠃ 2019 ᠤᠨ ᠳᠤ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠢᠳᠡᠪᠬᠢᠲᠡᠢ ᠪᠠᠷ ᠰᠢᠨ᠎ᠡ ᠶᠢ ᠡᠬᠦᠳᠦᠨ᠂ ᠬᠢᠨᠠᠨ ᠭᠦᠢᠴᠡᠳᠭᠡᠬᠦ ᠰᠢᠨ᠎ᠡ ᠬᠡᠯᠪᠡᠷᠢ ᠮᠠᠶ᠋ᠢᠭ ᠰᠢᠨ᠎ᠡ ᠠᠷᠭ᠎ᠠ ᠪᠠᠷᠢᠯ ᠢ ᠰᠦᠪᠡᠭᠴᠢᠯᠡᠵᠦ᠂ ︽ᠤᠭ ᠰᠠᠨᠠᠭ᠎ᠠ ᠪᠠᠨ ᠦᠯᠦ ᠮᠠᠷᠲᠠᠨ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠲᠠᠢ ᠤᠶᠠᠯᠳᠣᠭᠤᠯᠤᠨ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠳᠡᠳ᠋ ᠡᠷᠬᠢᠯᠡᠭᠴᠢ ᠲᠤᠰ ᠲᠤᠰ ᠠᠩᠭᠢ ᠳᠠᠭᠠᠭᠤᠯᠤᠨ᠂ ᠬᠤᠳᠠ ᠶᠢᠨ ᠪᠦᠲᠦᠭᠡᠨ ᠪᠠᠶᠢᠭᠤᠯᠤᠯᠲᠠ᠂ ᠪᠦᠷᠭᠡ ᠭᠡᠷ ᠤᠨ ᠦᠭᠡᠷᠡᠴᠢᠯᠡᠯᠲᠡ᠂ ᠠᠳᠠᠯ ᠠᠬᠤᠢ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ᠂ ᠡᠮ ᠡᠮᠨᠡᠯᠭᠡ ᠡᠷᠡᠬᠦᠯ ᠬᠠᠮᠠᠭᠠᠯᠠᠯ᠂ ᠰᠤᠷᠭᠠᠨ ᠬᠦᠮᠦᠵᠢᠯ ᠰᠤᠶᠤᠯ ᠵᠢᠭᠤᠯᠴᠢᠯᠠᠯ ᠵᠡᠷᠭᠡ ᠤᠯᠠᠨ ᠲᠦᠮᠡᠨ ᠤ ᠠᠩᠬᠠᠷᠤᠯ ᠲᠠᠯᠪᠢᠭᠰᠠᠨ ᠴᠢᠬᠤᠯᠡ ᠠᠵᠢᠯ ᠲᠦᠷᠦᠯ ᠪᠠ ᠬᠦᠷᠢᠶ᠎ᠡ ᠴᠠᠷ᠎ᠠ ᠶᠢᠨ ᠲᠤᠬᠠᠢ ᠶᠢᠨ ᠭᠠᠵᠠᠷ ᠲᠤ ᠬᠦᠷᠴᠦ᠂ ᠠᠷᠠᠳ  ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠶᠢᠨ ᠬᠦᠢᠴᠡᠳᠬᠡᠭᠰᠡᠨ ᠪᠠᠶᠢᠳᠠᠯ ᠤᠨ ᠠᠬᠢᠴᠠ ᠳᠤ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠭᠠᠵᠠᠷ ᠲᠤ  ᠨᠢ ᠬᠦᠢᠴᠡᠳᠬᠡᠬᠦ ᠪᠠᠷ ᠱᠠᠭᠠᠷᠳᠠᠨ᠂ ᠤᠷᠳᠤᠰ ᠶᠡᠭᠡ ᠵᠡᠬᠡᠯᠢ ᠶᠢᠨ ᠨᠢᠭᠡ ᠭᠡᠰᠡᠭ ᠲᠠᠬᠢ ᠨᠤᠭᠤᠭᠠᠷᠠᠭᠤᠯᠤᠯᠲᠠ ᠶᠢᠨ ᠪᠦᠰᠡ ᠶᠢ ᠮᠠᠰᠢᠨ ᠲᠡᠷᠭᠡᠨ ᠤ ᠵᠠᠮ ᠪᠤᠯᠭᠠᠨ ᠦᠷᠭᠡᠳᠬᠡᠨ ᠵᠠᠰᠠᠵᠤ᠂ ᠲᠤᠭᠤᠷᠢᠭ ᠤᠨ ᠨᠢᠭᠡᠳᠦᠭᠡᠷ ᠲᠤᠮᠳᠠᠳᠤ ᠰᠤᠷᠭᠠᠭᠤᠯᠢ ᠤᠨ ᠡᠮᠦᠨ᠎ᠡ ᠲᠤᠭᠤᠷᠢᠭ ᠢ ᠲᠤᠭᠳᠠᠭᠰᠠᠨ ᠬᠤᠭᠤᠴᠠᠭᠠᠨ ᠲᠤᠳᠤᠷ᠎ᠠ ᠦᠬᠡᠷᠡᠴᠢᠯᠡᠨ ᠪᠠᠶᠢᠭᠤᠯᠵᠤ ᠨᠠᠮᠤᠷ ᠤᠨ ᠤᠯᠠᠷᠢᠯ ᠤᠨ ᠰᠤᠷᠤᠭᠴᠢ ᠡᠯᠰᠡᠬᠦ ᠶᠢ ᠠᠮᠵᠢᠯᠲᠠᠲᠠᠢ ᠪᠡᠶᠡᠯᠡᠬᠦᠯᠦᠭᠰᠡᠨ ᠵᠡᠷᠭᠡ ᠠᠷᠠᠳ ᠤᠨ ᠠᠮᠢᠳᠤᠷᠠᠯ ᠤᠨ ᠪᠤᠳᠠᠳᠤ ᠬᠡᠷᠡᠭ ᠤᠨ ᠲᠦᠷᠦᠯ ᠵᠦᠢᠯ ᠤᠨ ᠬᠡᠷᠡᠭᠵᠢᠬᠦᠯᠦᠯᠲᠡ ᠶᠢ ᠲᠦᠯᠬᠢᠨ ᠠᠬᠢᠭᠤᠯᠵᠤ᠂ ᠤᠯᠠᠨ ᠲᠦᠷᠦᠯ ᠤᠨ ᠴᠢᠬᠤᠯᠠ ᠰᠠᠨᠠᠯ ᠰᠠᠨᠠᠭᠤᠯᠭ᠎ᠠ ᠶᠢᠨ ᠬᠦᠢᠴᠡᠳᠬᠡᠯᠲᠡ ᠢᠯᠡᠳᠳᠡ ᠦᠷ᠎ᠡ ᠪᠦᠲᠦᠮᠵᠢ ᠤᠯᠤᠨ᠂ ᠲᠦᠯᠦᠭᠡᠯᠡᠭᠴᠢ ᠶᠢᠨ ᠢᠳᠡᠪᠬᠢ ᠴᠢᠨᠠᠷ ᠤᠯᠠᠮ ᠨᠢᠭᠡ ᠠᠯᠬᠤᠮ ᠳᠡᠭᠡᠭᠰᠢᠯᠡᠪᠡ᠃      ᠪᠢᠯᠧᠲ ᠢᠶᠠᠷ ᠵᠦᠪᠰᠢᠶᠡᠷᠡᠬᠦ ᠲᠦᠷᠢᠮ ᠤᠨ ᠲᠤᠷᠰᠢᠯᠲᠠ ᠶᠢᠨ ᠠᠵᠢᠯ ᠢ ᠵᠤᠬᠢᠴᠠᠩᠭᠤᠢ ᠪᠠᠷ ᠲᠦᠯᠬᠢᠨ ᠠᠬᠢᠭᠤᠯᠪᠠ᠃ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠷᠠᠳ ᠤᠨ ᠠᠮᠢᠳᠤᠷᠠᠯ ᠤᠨ ᠪᠤᠳᠠᠳᠤ ᠬᠡᠷᠡᠭ ᠤᠨ ᠲᠦᠷᠦᠯ ᠵᠦᠢᠯ ᠢ ᠪᠢᠯᠧᠲ ᠢᠶᠠᠷ ᠵᠦᠪᠰᠢᠶᠡᠷᠡᠬᠦ ᠠᠵᠢᠯ ᠤᠨ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠦᠨᠳᠦᠰᠦᠯᠡᠨ᠂ ︽ᠳ᠋ᠥᠩᠱᠧᠩ ᠲᠤᠭᠤᠷᠢᠭ ᠤᠨ ᠠᠷᠠᠳ ᠤᠨ ᠠᠮᠢᠳᠤᠷᠠᠯ ᠤᠨ ᠪᠤᠳᠠᠳᠤ ᠬᠡᠷᠡᠭ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠪᠢᠯᠧᠲ ᠢᠶᠠᠷ ᠵᠦᠪᠰᠢᠶᠡᠷᠡᠬᠦ ᠲᠦᠷᠢᠮ ︵ᠵᠦᠪᠳᠡᠨ ᠶᠠᠷᠢᠯᠴᠠᠬᠤ ᠲᠦᠷᠢᠮ︶ ᠤᠨ ᠠᠵᠢᠯ ᠤᠨ ᠬᠡᠷᠡᠭᠵᠢᠬᠦᠯᠬᠦ ᠲᠦᠰᠦᠯ︾ ᠢ ᠲᠤᠭᠳᠠᠭᠠᠵᠤ᠂ ᠠᠷᠠᠳ ᠤᠨ ᠠᠮᠢᠳᠤᠷᠠᠯ ᠤᠨ ᠪᠤᠳᠠᠳᠤ ᠬᠡᠷᠡᠭ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠪᠢᠯᠧᠲ ᠢᠶᠠᠷ ᠵᠦᠪᠰᠢᠶᠡᠷᠡᠬᠦ ᠲᠦᠷᠢᠮ ︵ᠵᠦᠪᠳᠡᠨ ᠶᠠᠷᠢᠯᠴᠠᠬᠤ ᠲᠦᠷᠢᠮ︶ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠪᠤᠷᠵᠠᠩ ᠨᠠᠭᠤᠷ ᠪᠠᠯᠭᠠᠰᠤ ᠶᠢ ᠵᠢᠯᠤᠭᠤᠳᠤᠨ ᠪᠦᠬᠦ ᠬᠤᠳᠠ ᠶᠢᠨ ᠠᠷᠠᠳ ᠤᠨ ᠠᠮᠢᠳᠤᠷᠠᠯ ᠤᠨ ᠪᠤᠳᠠᠳᠤ ᠬᠡᠷᠡᠭ ᠤᠨ ᠲᠦᠷᠦᠯ ᠵᠦᠢᠯ ᠢ ᠪᠢᠯᠧᠲ ᠢᠶᠠᠷ ᠵᠦᠪᠰᠢᠶᠡᠷᠡᠬᠦ ᠲᠦᠷᠢᠮ ᠤᠨ ᠲᠤᠷᠰᠢᠯᠲᠠ  ᠶᠢᠨ ᠴᠡᠭ ᠪᠤᠯᠭᠠᠭᠰᠠᠨ ᠰᠢᠶᠠᠩ ᠪᠠᠯᠭᠠᠰᠤᠨ ᠤ ᠠᠵᠢᠯ ᠤᠨ ᠡᠬᠦᠷᠭᠡ ᠶᠢ ᠠᠮᠵᠢᠯᠲᠠᠳᠠᠢ ᠪᠡᠶᠡᠯᠡᠬᠦᠯᠵᠦ᠂ 2020 ᠤᠨ ᠳᠤ ᠪᠦᠬᠦ ᠲᠠᠯ᠎ᠠ ᠪᠠᠷ ᠲᠦᠯᠬᠢᠨ ᠬᠡᠷᠡᠭᠵᠢᠬᠦᠯᠬᠦ ᠳᠤ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦ ᠨᠡᠮᠡᠷᠢᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠰᠡᠷᠭᠦᠴᠡᠬᠦ ᠤᠳᠤᠭ᠎ᠠ ᠦᠬᠡᠢ ᠳᠠᠶᠢᠨ ᠤ ᠲᠤᠮᠳᠠ᠂ ᠳ᠋ᠥᠩᠱᠧᠩ ᠲᠤᠭᠤᠷᠢᠭ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠠᠵᠢᠯ ᠤᠨ ᠪᠠᠶᠢᠷᠢᠨ ᠳᠠᠭᠠᠨ ᠰᠢᠭᠤᠷᠬᠠᠶᠢᠯᠠᠵᠤ᠂ ᠢᠳᠡᠪᠬᠢᠲᠠᠢ ᠵᠤᠭᠤᠰ ᠮᠦᠩᠭᠦ ᠬᠠᠨᠳᠢᠪᠯᠡᠨ᠂ ᠡᠯ᠎ᠡ ᠲᠦᠷᠦᠯ ᠤᠨ ᠰᠠᠶᠢᠨ ᠲᠤᠷ᠎ᠠ ᠶᠢᠨ ᠦᠢᠯᠡᠴᠢᠯᠡᠭᠡ ᠳᠤ ᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠮᠦᠨ ᠤ ᠬᠦᠴᠦ᠂ ᠪᠤᠳᠠᠰ ᠤᠨ ᠬᠦᠴᠦ᠂ ᠡᠳ᠋ ᠤᠨ ᠬᠦᠴᠦ ᠪᠠᠨ ᠲᠦᠪᠯᠡᠷᠡᠬᠦᠯᠦᠨ ᠡᠷᠬᠦᠪᠡ᠃ ᠤᠳᠤ ᠪᠤᠯᠳᠠᠯ᠎ᠠ᠂ ᠲᠤᠭᠤᠷᠢᠭ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠨᠡᠶᠢᠳᠡ ᠲᠠᠪᠤᠨ ᠲᠦᠮᠡ ᠭᠠᠷᠤᠢ ᠲᠦᠬᠦᠷᠢᠭ ᠤᠨ ᠡᠯ᠎ᠡ ᠲᠦᠷᠦᠯ ᠤᠨ ᠬᠢᠵᠢᠭ ᠤᠨ ᠪᠠᠶᠢᠳᠠᠯ ᠢ ᠡᠰᠡᠷᠬᠦᠴᠡᠬᠦ ᠡᠳ᠋ ᠪᠤᠳᠠᠰ ᠢ ᠬᠠᠨᠳᠢᠪᠯᠡᠨ᠂ ᠪᠡᠯᠡᠨ ᠵᠤᠭᠤᠰ 61150 ᠲᠦᠬᠦᠷᠢᠭ ᠬᠠᠨᠳᠢᠪᠯᠠᠵᠦ᠂ ᠠᠷᠠᠳ ᠤᠨ ᠲᠦᠯᠦᠭᠡᠯᠡᠭᠴᠢᠳ ᠤᠨ ᠴᠤᠭ ᠵᠢᠪᠬᠤᠭ᠎ᠠ ᠶᠢ ᠬᠦᠢᠴᠡᠳ ᠪᠠᠳᠠᠷᠠᠭᠤᠯᠤᠨ᠂ ᠲᠦᠯᠦᠭᠡᠯᠡᠭᠴᠢᠳ ᠤᠨ ᠢᠳᠡ ᠬᠦᠴᠦᠨ ᠶᠢ ᠤᠯᠠᠨ ᠳᠤ ᠦᠵᠡᠬᠦᠯᠪᠡ᠃      ᠵᠢᠷᠭᠤᠭ᠎ᠠ᠂ ᠦᠪᠡᠷ ᠪᠡᠶ᠎ᠡ ᠶᠢᠨ ᠪᠠᠶᠢᠭᠤᠯᠤᠯᠲᠠ ᠶᠢ ᠶᠡᠭᠡ ᠬᠦᠴᠦᠨ ᠢᠶᠠᠷ ᠴᠢᠩᠭᠠᠳᠬᠠᠪᠠ᠃      ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠬᠦᠮᠦᠰ ᠤᠨ ᠡᠬᠦᠷᠭᠡ ᠬᠠᠷᠢᠭᠤᠴᠠᠯᠭ᠎ᠠ  ᠪᠠᠨ ᠬᠦᠢᠴᠡᠳᠬᠡᠬᠦ ᠴᠢᠳᠠᠪᠤᠷᠢ ᠶᠢ ᠳᠡᠭᠡᠭᠰᠢᠯᠡᠬᠦᠯᠬᠦ ᠲᠤᠰᠬᠠᠢ ᠰᠡᠳᠦᠪᠲᠦ ᠪᠤᠯᠪᠠᠰᠤᠷᠠᠯ ᠢ ᠡᠷᠬᠢᠯᠡᠨ ᠵᠤᠬᠢᠶᠠᠨ ᠪᠠᠶᠢᠭᠤᠯᠵᠤ᠂ ᠬᠡᠷᠡᠭ ᠢ ᠵᠦᠪᠳᠡᠬᠦ ᠴᠢᠳᠠᠪᠤᠷᠢ ᠪᠠ ᠰᠢᠢᠳᠪᠤᠷᠢ ᠬᠢᠬᠦ ᠬᠢᠷᠢ ᠲᠦᠪᠰᠢᠨ ᠢ ᠪᠠᠲᠤᠲᠠᠢ ᠴᠢᠩᠭᠠᠳᠬᠠᠨ᠂ ᠤᠷᠤᠨ ᠨᠤᠳᠤᠭ ᠤᠨ ᠤᠯᠤᠰ ᠤᠨ ᠡᠷᠬᠡᠲᠦ ᠪᠠᠶᠢᠭᠤᠯᠭ᠎ᠠ ᠶᠢᠨ ᠡᠬᠦᠷᠭᠡ ᠬᠠᠷᠢᠭᠤᠴᠠᠯᠭ᠎ᠠ ᠶᠢ ᠨᠡᠩ ᠰᠠᠶᠢᠨ ᠭᠦᠢᠴᠡᠳᠬᠡᠪᠡ᠃ ᠪᠠᠶᠢᠩᠭᠤ ᠶᠢᠨ ᠬᠤᠷᠢᠶ᠎ᠠ ᠶᠢᠨ ᠠᠯᠪᠠᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠠᠵᠢᠯ ᠤᠨ ᠪᠠᠶᠢᠭᠤᠯᠤᠮᠵᠢ ᠶᠢ ᠨᠡᠮᠡᠨ ᠲᠤᠬᠢᠷᠠᠭᠤᠯᠵᠤ᠂ ᠠᠯᠪᠠᠨ ᠪᠠᠶᠢᠭᠤᠯᠭ᠎ᠠ ᠶᠢᠨ ᠠᠵᠢᠯᠳᠠᠨ ᠢ ᠳᠡᠬᠦᠯᠳᠡᠷᠵᠢᠬᠦᠯᠪᠡ᠃ ᠪᠠᠶᠢᠩᠭᠤ ᠶᠢᠨ ᠬᠤᠷᠢᠶ᠎ᠠ ᠶᠢᠨ ᠲᠦᠷᠢᠮ ᠤᠨ ᠲᠤᠭᠳᠠᠯᠴᠠᠭ᠎ᠠ ᠪᠠ ᠡᠷᠬᠢᠯᠲᠡ ᠶᠢᠨ ᠲᠤᠭᠳᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠡᠯ᠎ᠡ ᠲᠦᠷᠦᠯ ᠤᠨ ᠠᠵᠢᠯ ᠤᠨ ᠲᠦᠷᠢᠮᠵᠢᠯ ᠲᠠᠢ᠂ ᠰᠢᠰᠲ᠋ᠧᠮ ᠲᠠᠢ ᠰᠠᠶᠢᠬᠠᠨ ᠶᠠᠪᠤᠭᠳᠠᠪᠠ᠃ ᠠᠵᠢᠯ  ᠤᠨ ᠠᠷᠭ᠎ᠠ ᠬᠡᠯᠪᠡᠷᠢ ᠪᠠᠨ ᠳᠠᠰᠤᠷᠠᠯᠳᠠ ᠦᠬᠡᠢ ᠦᠬᠡᠷᠡᠴᠢᠯᠡᠨ ᠰᠠᠶᠢᠵᠢᠷᠠᠭᠤᠯᠵᠤ᠂ ᠲᠦᠰᠦᠪ ᠤᠨ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠳᠠᠪᠴᠠᠩ ᠤᠨ ᠪᠠᠶᠢᠭᠤᠯᠤᠯᠲᠠ ᠶᠢ ᠳᠡᠬᠦᠯᠳᠡᠷᠵᠢᠬᠦᠯᠦᠨ᠂ ᠡᠯᠧᠺᠲᠷᠤᠨ ᠰᠢᠢᠳᠪᠤᠷᠢ ᠦᠭᠭᠦᠨ ᠪᠠᠲᠤᠯᠠᠬᠤ ᠰᠢᠰᠲ᠋ᠧᠮ ᠢ ᠰᠢᠨᠡᠳᠬᠡᠵᠦ᠂ ᠠᠵᠢᠯ ᠤᠨ ᠦᠷ᠎ᠡ ᠪᠦᠲᠦᠮᠵᠢ ᠪᠠᠨ ᠳᠠᠰᠤᠷᠠᠯᠳᠠ ᠦᠬᠡᠢ ᠳᠡᠭᠡᠭᠰᠢᠯᠡᠬᠦᠯᠪᠡ᠃ ᠨᠠᠮ ᠤᠨ ᠤᠯᠠᠨ ᠲᠦᠮᠡᠨᠴᠢ ᠱᠤᠭᠤᠮ ᠢ ᠢᠳᠡᠪᠬᠢᠲᠠᠢ ᠦᠢᠯᠡᠳᠦᠯᠬᠡᠵᠢᠬᠦᠯᠦᠨ᠂ ᠬᠤᠯᠪᠤᠭᠠᠯᠠᠨ ᠬᠠᠪᠰᠤᠷᠬᠤ ᠠᠵᠢᠯ ᠢ ᠬᠦᠨᠵᠡᠬᠡᠢ ᠲᠦᠯᠬᠢᠨ ᠠᠬᠢᠭᠤᠯᠵᠤ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ᠂ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠲᠠᠢ ᠠᠰᠠᠭᠤᠨ ᠰᠤᠷᠠᠵᠦ᠂ ᠬᠠᠪᠰᠤᠷᠤᠨ ᠳᠡᠮᠵᠢᠬᠦ ᠠᠷᠭ᠎ᠠ ᠪᠠᠷᠢᠯ ᠢ ᠢᠳᠡᠪᠬᠢᠲᠠᠢ ᠨᠠᠶᠢᠳᠠᠪᠤᠷᠢᠵᠢᠭᠦᠯᠤᠨ᠂ ᠬᠦᠴᠢᠷᠳᠡᠯ ᠲᠠᠢ ᠠᠰᠠᠭᠤᠳᠠᠯ ᠢ ᠵᠤᠬᠢᠴᠠᠩᠭᠤᠢ ᠪᠠᠷ ᠰᠢᠢᠳᠪᠤᠷᠢᠯᠡᠪᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠠᠯᠪᠠᠨ ᠰᠦᠯᠵᠢᠶ᠎ᠡ ᠪᠠᠨ ᠴᠠᠭ ᠲᠤᠬᠠᠢ ᠳᠤᠨᠢ ᠰᠢᠨᠡᠴᠢᠯᠡᠨ᠂ ᠳᠡᠭᠡᠷ᠎ᠡ ᠱᠠᠲᠤᠨ ᠳᠤ ᠠᠵᠢᠯ ᠤᠨ ᠪᠠᠶᠢᠳᠠᠯ ᠪᠠ ᠬᠠᠮᠢᠶ᠎ᠠ ᠪᠦᠬᠦᠢ ᠰᠤᠷᠠᠭ ᠵᠠᠩᠭᠢ ᠶᠢ ᠬᠦᠷᠭᠡᠨ ᠲᠠᠮᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠢᠯᠡᠷᠡᠭᠦᠯᠦᠨ᠂ ᠲᠦᠯᠦᠭᠡᠯᠡᠭᠴᠢᠳ ᠤᠨ ᠴᠤᠭ ᠵᠢᠪᠬᠤᠭ᠎ᠠ ᠶᠢ ᠪᠠᠳᠠᠷᠠᠭᠤᠯᠪᠠ᠃ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠬᠤᠭᠤᠷᠤᠨᠳᠤᠬᠢ ᠬᠠᠷᠢᠯᠴᠠᠭ᠎ᠠ ᠶᠢ ᠴᠢᠩᠭᠠᠳᠬᠠᠨ᠂ ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ ᠤᠨ ᠠᠷᠪᠠᠨ ᠬᠤᠶᠠᠳᠤᠭᠠᠷ ᠬᠤᠭᠤᠴᠠᠭᠠᠨ ᠤ ᠠᠵᠢᠯᠳᠠᠨ  ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠠᠮᠵᠢᠯᠲᠠᠲᠠᠢ ᠡᠷᠬᠢᠯᠡᠨ ᠶᠠᠪᠤᠭᠳᠠᠭᠤᠯᠵᠤ᠂ ᠳᠡᠭᠡᠲᠦ ᠱᠠᠲᠤᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠯᠳᠡᠢ ᠰᠠᠶᠢᠨ ᠦᠨᠡᠯᠡᠯᠲᠡ ᠶᠢ ᠬᠦᠷᠳᠡᠨ᠂ ᠵᠤᠷᠢᠭ ᠰᠠᠨᠠᠭᠠᠨ ᠤ ᠪᠤᠯᠪᠠᠰᠤᠨ ᠪᠠ ᠤᠷᠤᠯᠳᠤᠭᠠᠨ ᠤ ᠰᠠᠶᠢᠨ ᠬᠢᠷᠢ ᠪᠦᠲᠦᠮᠵᠢ ᠶᠢ ᠤᠯᠵᠤ᠂ ᠳ᠋ᠥᠩᠱᠧᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠪᠠᠶᠢᠭᠤᠯᠭ᠎ᠠ ᠶᠢᠨ ᠠᠵᠢᠯᠳᠠᠨ ᠤ ᠰᠠᠶᠢᠨ ᠰᠠᠶᠢᠬᠠᠨ ᠲᠦᠷᠢ ᠲᠦᠷᠬᠦ ᠶᠢ ᠬᠦᠢᠴᠡᠳ ᠢᠯᠡᠷᠡᠬᠦᠯᠪᠡ᠃      ᠬᠢᠵᠢᠭ ᠤᠨ ᠪᠠᠶᠢᠳᠠᠯ ᠪᠤᠯ ᠵᠠᠷᠯᠢᠭ᠂ ᠰᠡᠷᠭᠡᠶᠢᠯᠡᠨ ᠡᠵᠡᠮᠳᠡᠬᠦ ᠨᠢ ᠡᠬᠦᠷᠭᠡ ᠬᠠᠷᠢᠭᠤᠴᠠᠯᠭ᠎ᠠ ᠮᠦᠨ᠃ ᠰᠢᠨ᠎ᠡ ᠲᠢᠳᠢᠮᠯᠢᠭ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠮᠤᠭ ᠤᠨ ᠪᠠᠴᠢᠮ ᠲᠤᠯᠭᠠᠮ᠎ᠠ ᠴᠢᠬᠤᠯᠠ ᠠᠵᠢᠯ ᠪᠤᠯᠭᠠᠨ ᠠᠳᠬᠤᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠭᠠᠪᠤᠷᠢ ᠵᠠᠷᠯᠢᠭ ᠢ ᠤᠯᠤᠭᠰᠠᠨ ᠤ ᠳᠠᠷᠠᠭ᠎ᠠ᠂ ᠲᠡᠷᠡ ᠲᠠᠷᠤᠢ ᠳᠤᠨᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ 1ᠰᠠᠷ᠎ᠠ ᠶᠢᠨ 30 ᠤ ᠡᠳᠦᠷ ᠠᠴᠠ ᠡᠬᠢᠯᠡᠨ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠵᠠᠮ ᠬᠠᠷᠢᠯᠴᠠᠭ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠲᠠᠪᠤᠨ ᠬᠡᠷᠡᠭ ᠡᠷᠬᠢᠯᠡᠬᠦ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠲᠤ ᠬᠦᠨᠵᠡᠭᠡᠶᠢᠷᠡᠨ ᠵᠢᠯᠤᠭᠤᠳᠴᠦ᠂ ᠲᠤᠬᠠᠢ ᠶᠢᠨ ᠭᠠᠵᠠᠷ ᠲᠤ ᠠᠯᠪᠠᠯᠠᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠤᠯᠪᠤᠭᠠᠯᠠᠨ ᠳᠠᠭᠠᠭᠠᠴᠢᠯᠠᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠤᠭᠤᠳᠤᠨ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠯᠪᠡᠷᠢ  ᠤᠨ ᠬᠦᠴᠦᠲᠠᠢ ᠡᠮᠬᠢ ᠵᠢᠷᠤᠮ ᠲᠠᠢ ᠲᠤᠤᠱᠲᠠᠢ ᠨᠠᠶᠢᠳᠠᠪᠤᠷᠢᠵᠢᠭᠤᠯᠤᠯᠲᠠ ᠶᠢ ᠪᠠᠲᠤᠯᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠨ ᠨᠢᠬᠡᠳᠦᠯᠲᠡᠢ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠵᠠᠮ ᠬᠠᠷᠢᠯᠴᠠᠭ᠎ᠠ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ ᠼᠦᠨ ᠨᠡᠶᠢᠬᠡᠮ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠲᠤ ᠬᠦᠷᠴᠦ᠂ ᠰᠠᠭᠤᠭᠠᠯᠢ ᠠᠷᠠᠳ  ᠤᠨ ᠰᠤᠷᠠᠭ ᠵᠠᠩᠭᠢ ᠶᠢ ᠬᠢᠨᠠᠨ ᠪᠠᠶᠢᠴᠠᠭᠠᠵᠦ᠂ ᠤᠷᠤᠵᠤ ᠭᠠᠷᠬᠤ ᠲᠡᠷᠭᠡ ᠶᠢ ᠳᠠᠩᠰᠠᠯᠠᠨ  ᠂ ᠪᠡᠶ᠎ᠡ ᠶᠢᠨ ᠲᠤᠯᠠᠭᠠᠨ ᠢ ᠬᠡᠮᠵᠢᠵᠦ᠂ ᠳᠠᠭᠠᠭᠠᠴᠢᠯᠠᠭᠰᠠᠨ ᠰᠠᠭᠤᠭᠠᠯᠢ ᠲᠤᠭᠤᠷᠢᠭ ᠤᠨ ᠤᠷᠤᠬᠤ ᠡᠬᠦᠳᠡ ᠪᠠ ᠵᠡᠭᠡᠯᠢ ᠭᠤᠳᠤᠮᠵᠢ ᠶᠢ ᠪᠠᠲᠤ ᠰᠠᠬᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠨ ᠳᠤ ᠬᠦᠴᠦᠨ ᠴᠢᠳᠠᠪᠤᠷᠢ ᠨᠠᠮᠡᠷᠢᠯᠡᠪᠡ᠃    ᠲᠦᠯᠦᠭᠡᠯᠡᠭᠴᠢᠳ ᠡ᠂ ᠨᠢᠭᠡ ᠵᠢᠯ ᠤᠨ ᠲᠤᠷᠰᠢ ᠪᠠᠶᠢᠩᠭᠤ ᠶᠢᠨ ᠬᠤᠷᠢᠶ᠎ᠠ ᠶᠢᠨ ᠡᠯ᠎ᠡ ᠲᠦᠷᠦᠯ ᠤᠨ ᠠᠵᠢᠯ ᠤᠨ ᠤᠯᠤᠭᠰᠠᠨ ᠬᠢᠷᠢ ᠪᠦᠲᠦᠮᠵᠢ ᠪᠤᠯ ᠲᠤᠭᠤᠷᠢᠭ  ᠤᠨ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠶᠢᠨ ᠦᠷ᠎ᠡ ᠪᠦᠲᠦᠮᠵᠢ ᠮᠦᠨ᠂ ᠮᠦᠨ ᠴᠦ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠦᠬᠦ ᠲᠦᠯᠦᠭᠡᠯᠡᠭᠴᠢ᠂ ᠪᠠᠶᠢᠩᠭᠤ ᠶᠢᠨ ᠬᠤᠷᠢᠶ᠎ᠠ ᠶᠢᠨ ᠬᠡᠰᠢᠬᠦᠳ ᠪᠠ ᠠᠯᠪᠠᠨ ᠪᠠᠶᠢᠭᠤᠯᠭ᠎ᠠ ᠶᠢᠨ ᠠᠵᠢᠯᠳᠠᠨ ᠤ ᠡᠷᠡᠮᠡᠬᠡᠶᠢᠯᠡᠨ ᠤᠷᠤᠭᠰᠢᠯᠠᠵᠦ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠪᠠᠶᠢᠵᠦ᠂ ︽ᠨᠢᠭᠡ ᠵᠠᠰᠠᠭ ᠤᠨ ᠤᠷᠳᠤᠨ ᠨᠢᠭᠡ ᠬᠤᠷᠢᠶ᠎ᠠ ᠬᠤᠶᠠᠷ ᠬᠤᠷᠢᠶ᠎ᠠ︾ ᠶᠢᠨ ᠵᠤᠬᠢᠴᠠᠩᠭᠤᠢ ᠬᠠᠪᠰᠤᠷᠤᠯᠴᠠᠭ᠎ᠠ᠂ ᠨᠡᠶᠢᠬᠡᠮ  ᠤᠨ ᠡᠯ᠎ᠡ ᠡᠳᠡᠭᠡᠳ ᠤᠨ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠦᠨ᠃ ᠠᠳᠡ᠂ ᠪᠢ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠦᠯᠦᠭᠡᠯᠡᠨ ᠳᠠᠶᠠᠭᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠦ ᠪᠠᠶᠢᠨ᠎ᠠ᠃    ᠲᠦᠯᠦᠭᠡᠯᠡᠭᠴᠢᠳ ᠡ᠂ ᠤᠯᠤᠭᠰᠠᠨ ᠦᠷ᠎ᠡ ᠪᠦᠲᠦᠮᠵᠢ ᠶᠢᠨ ᠳᠠᠭᠠᠤ ᠪᠢᠳᠠ ᠴᠦ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠨᠢ ᠦᠨᠳᠦᠰᠦᠨ ᠬᠠᠥᠯᠢ ᠴᠠᠭᠠᠵᠠ ᠶᠢᠨ ᠱᠠᠭᠠᠷᠳᠠᠯᠭ᠎ᠠ ᠪᠠ ᠠᠷᠠᠳ ᠤᠯᠠᠨ ᠤ ᠬᠦᠰᠡᠯ ᠱᠠᠭᠠᠷᠳᠠᠯᠭ᠎ᠠ ᠲᠠᠢ ᠬᠠᠷᠢᠴᠠᠭᠤᠯᠪᠠᠯ ᠵᠤᠬᠢᠬᠤ ᠬᠡᠮᠵᠢᠶᠡᠨ ᠤ ᠵᠦᠷᠢᠶ᠎ᠡ ᠤᠷᠤᠰᠢᠵᠦ ᠪᠠᠶᠢᠬᠤ ᠶᠢ ᠳᠤᠳᠤᠷᠬᠠᠢ ᠤᠯᠵᠦ ᠮᠡᠳᠡᠪᠡ᠃ ᠭᠤᠤᠯᠳᠠᠭᠤ᠄ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠪᠠᠶᠢᠨ᠎ᠠ︔ ᠲᠦᠯᠦᠭᠡᠯᠡᠭᠴᠢᠳ ᠤᠨ ᠠᠵᠢᠯ ᠳᠤ ᠳᠠᠰᠤᠷᠠᠯᠳᠠ ᠦᠬᠡᠢ ᠰᠢᠨᠡᠴᠢᠯᠡᠯᠲᠡ ᠬᠢᠬᠦ ᠬᠡᠷᠡᠭᠲᠡᠢ ᠪᠠᠶᠢᠨ᠎ᠠ︔ ᠦᠪᠡᠷ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠬᠡ ᠠᠯᠬᠤᠮ ᠴᠢᠩᠭᠠᠳᠬᠠᠬᠤ ᠬᠡᠷᠡᠭᠲᠡᠢ ᠪᠠᠶᠢᠨ᠎ᠠ︔ ᠡᠳᠡᠭᠡᠷ ᠠᠰᠠᠭᠤᠳᠠᠯ ᠢ ᠬᠤᠶᠢᠰᠢᠳᠠ ᠶᠢᠨ ᠠᠵᠢᠯ ᠤᠨ ᠲᠤᠮᠳᠠ ᠤᠯᠠᠮ ᠨᠢᠬᠡ ᠠᠯᠬᠤᠮ ᠬᠠᠯᠠᠨ ᠰᠠᠶᠢᠵᠢᠷᠠᠭᠤᠯᠵᠤ ᠳᠡᠬᠦᠯᠳᠡᠷᠵᠢᠬᠦᠯᠬᠦ ᠴᠢᠬᠤᠯᠠᠲᠠᠢ ᠪᠠᠶᠢᠨ᠎ᠠ᠃                 2020 ᠤᠨ ᠤ ᠭᠤᠤᠯ ᠠᠵᠢᠯ      2020 ᠤᠨ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠯᠡᠭᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠂ ᠡᠨᠡ ᠵᠢᠯ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠤᠳᠬ᠎ᠠ ᠠᠭᠤᠯᠭ᠎ᠠ ᠲᠠᠢ ᠶᠤᠮ᠃ ᠰᠢᠨ᠎ᠡ ᠨᠢᠬᠡᠨ ᠵᠢᠯ ᠤᠨ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠥᠯᠢ ᠪᠠᠷ ᠤᠯᠤᠰ ᠢᠶᠠᠨ ᠵᠠᠰᠠᠬᠤ ᠤᠷᠭᠠᠨᠢᠭ ᠨᠢᠭᠡᠳᠦᠯ ᠢ ᠡᠬᠦᠷᠢᠳᠡ ᠪᠠᠷᠢᠮᠳᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠱᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠭᠡᠢ ᠱᠦᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠳᠠᠯᠠᠬᠤ ᠪᠠ ᠳᠡᠭᠦᠯᠳᠡᠷᠵᠢᠬᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠲᠤᠭᠤᠷᠢᠭ  ᠤᠨ ᠨᠠᠮ ᠤᠨ ᠬᠤᠷᠢᠶ᠎ᠠ ᠶᠢᠨ ᠰᠢᠢᠳᠪᠤᠷᠢ ᠪᠠᠶᠢᠷᠢᠯᠠᠭᠤᠯᠤᠯᠲᠠ ᠶᠢ ᠨᠢᠭᠲᠠ ᠲᠤᠤᠱᠯᠠᠭᠤᠯᠤᠨ᠂ ᠬᠠᠥᠯᠢ ᠳᠤ ᠲᠤᠭᠳᠠᠭᠠᠭᠰᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠨ᠂ ᠠᠵᠢᠯ ᠤᠨ ᠪᠤᠳᠠᠳᠤ ᠦᠷ᠎ᠡ ᠪᠦᠲᠦᠮᠵᠢ ᠶᠢ ᠴᠢᠩᠭᠠᠳᠬᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠡᠨᠡᠬᠦ ᠦᠨᠳᠦᠰᠦᠨ ᠤᠯᠤᠰ ᠲᠦᠷᠦ ᠶᠢᠨ ᠲᠦᠷᠢᠮ ᠤᠨ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠪᠦᠲᠦᠭᠡᠯᠴᠢ ᠴᠢᠨᠠᠷ ᠲᠠᠢ ᠪᠠᠷ ᠬᠢᠨᠠᠯᠲᠠ ᠲᠠᠯᠪᠢᠬᠤ ᠪᠠ ᠲᠦᠯᠦᠭᠡᠯᠡᠭᠦ ᠠᠵᠢᠯ ᠢ ᠰᠠᠶᠢᠲᠦᠷ ᠬᠢᠵᠦ᠂ ᠰᠢᠨ᠎ᠡ ᠴᠠᠭ ᠦᠶ᠎ᠡ ᠶᠢᠨ ᠤᠷᠤᠨ ᠨᠤᠳᠤᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠰᠢᠨ᠎ᠡ ᠴᠠᠭ ᠦᠶ᠎ᠡ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪ ᠤᠨᠤᠪᠴᠢᠲᠠᠢ ᠤᠯᠤᠰ ᠲᠦᠷᠦ ᠶᠢᠨ ᠴᠢᠭᠯᠡᠯ ᠢ ᠴᠢᠩᠭ᠎ᠠ ᠠᠳᠬᠤᠨ᠎ᠠ᠃      ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠥᠯᠢ ᠪᠠᠷ ᠤᠯᠤᠰ ᠢᠶᠠᠨ ᠵᠠᠰᠠᠬᠤ ᠶᠢᠨ ᠤᠷᠭᠠᠨᠢᠭ ᠨᠢᠭᠡᠳᠦᠯ ᠢ ᠪᠠᠷᠢᠮᠳᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠭᠡᠢ ᠱᠦᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠳᠠᠯᠠᠬᠤ ᠪᠠ ᠳᠡᠬᠦᠯᠳᠡᠷᠵᠢᠬᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠤᠨ ᠲᠤᠤᠱᠯᠠᠭᠤᠯᠬᠤ ᠶᠢ ᠲᠤᠪᠤᠶᠢᠮ᠎ᠠ ᠪᠠᠶᠢᠷᠢᠨ ᠳᠤ ᠳᠠᠯᠪᠢᠨ᠂ ᠤᠶᠢᠯᠠᠭᠠᠵᠤ ᠡᠵᠡᠮᠰᠢᠬᠦ ᠪᠤᠳᠠᠳᠠᠢ ᠤᠴᠢᠷ ᠢ ᠬᠢᠬᠦ ᠳᠡᠭᠡᠷ᠎ᠡ ᠬᠦᠴᠦ ᠳᠠᠯᠪᠢᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠬᠦᠳᠬᠦ ᠬᠦᠭᠵᠢᠯᠲᠠ ᠶᠢ ᠵᠢᠯᠤᠭᠤᠳᠬᠤ ᠪᠠ ᠲᠦᠯᠬᠢᠨ ᠠᠬᠢᠭᠤᠯᠤᠨ᠎ᠠ᠃ ᠤᠯᠤᠰ ᠲᠦᠷᠦ ᠤᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠨ᠂ ᠤᠶᠤᠨ ᠤ ᠰᠢᠮ᠎ᠡ ᠲᠡᠵᠢᠭᠡᠯ ᠢ ᠨᠦᠬᠦᠵᠦ᠂ ︽ᠲᠦᠷᠪᠡᠨ ᠦᠵᠡᠯ ᠤᠬᠠᠮᠰᠠᠷ︾ ᠢ ᠤᠯᠠᠮ ᠨᠢᠭᠡ ᠠᠯᠬᠤᠮ ᠪᠤᠢ ᠪᠤᠯᠭᠠᠵᠦ᠂ ︽ᠲᠦᠷᠪᠡᠨ ᠢᠳᠡᠬᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠨ᠎ᠡ᠃ ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ ᠰᠡᠳᠦᠪᠲᠦ ᠬᠦᠮᠦᠵᠢᠯ ᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠡᠬᠦᠷᠢᠳᠡ ᠶᠢᠨ ᠰᠡᠲᠦᠪ ᠪᠠ ᠪᠦᠬᠦᠳᠡ ᠺᠠᠳ᠋ᠷ ᠠᠵᠢᠯᠳᠠᠨ ᠤ ᠨᠠᠰᠤᠨ ᠲᠤᠷᠰᠢᠳᠠ  ᠶᠢᠨ ᠰᠡᠳᠦᠪ ᠪᠤᠯᠭᠠᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ᠂ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠬᠦ᠂ ᠤᠯᠤᠰ ᠲᠦᠷᠦ ᠶᠢᠨ ᠬᠦᠲᠦᠴᠢ ᠶᠢᠨ ᠦᠢᠯᠡᠳᠦᠯ ᠢ ᠴᠢᠩᠭᠠᠳᠬᠠᠬᠤ ᠶᠢ ᠯᠠᠪᠳᠠᠭᠤᠨ ᠪᠠᠲᠤᠲᠠᠢ ᠠᠬᠢᠭᠤᠯᠵᠦ᠂ ᠤᠨᠤᠯ ᠤᠨ ᠰᠡᠷᠭᠡᠭ ᠢᠶᠠᠷ ᠤᠯᠤᠰ ᠲᠦᠷᠦ ᠶᠢᠨ ᠵᠤᠭᠰᠤᠴᠠ ᠪᠠᠨ ᠪᠠᠲᠤᠯᠠᠨ ᠂ ᠦᠵᠡᠯ ᠰᠠᠨᠠᠭᠠᠨ ᠤ ᠤᠬᠠᠮᠰᠠᠷ ᠢᠶᠠᠷ ᠦᠢᠯᠡ ᠠᠵᠢᠯᠯᠠᠭᠠᠨ ᠤ ᠤᠬᠠᠮᠰᠠᠷ ᠢᠶᠠᠨ ᠬᠦᠲᠦᠯᠦᠬᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠡᠬᠦᠷᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠴᠢᠬᠤᠯᠠ ᠶᠡᠭᠡ ᠬᠡᠷᠡᠭ ᠢ ᠲᠤᠭᠤᠷᠢᠭ ᠤᠨ ᠨᠠᠮ ᠤᠨ ᠬᠤᠷᠢᠶ᠎ᠠ  ᠠᠴᠠ ᠵᠢᠭᠠᠪᠤᠷᠢ ᠠᠪᠴᠤ ᠮᠡᠳᠡᠬᠦᠯᠦᠯᠲᠡ ᠬᠢᠬᠦ ᠲᠦᠷᠢᠮ ᠢ ᠨᠠᠷᠢᠨ ᠬᠢᠨᠠᠮᠠᠭᠠᠢ ᠭᠡᠷᠡᠭᠵᠢᠬᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ  ᠤ ᠠᠷᠪᠠᠳᠤᠭᠠᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠲᠤᠰᠢᠶᠠᠭᠰᠠᠨ ᠠᠵᠢᠯ ᠢ ᠦᠨᠳᠦᠷ ᠬᠢᠷᠢ ᠪᠦᠲᠦᠮᠵᠢ ᠲᠠᠢ ᠪᠡᠶᠡᠯᠡᠬᠦᠯᠦᠨ᠎ᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠰᠢᠢᠳᠪᠤᠷᠢ ᠪᠠᠶᠢᠷᠢᠯᠠᠭᠤᠯᠤᠯᠲᠠ ᠪᠠ ᠠᠷᠠᠳ ᠤᠯᠠᠨ ᠤ ᠠᠩᠬᠠᠷᠤᠯ ᠳᠠᠯᠪᠢᠵᠦ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠨᠦᠬᠦᠴᠡᠯ ᠪᠦᠷᠢᠯᠳᠦᠭᠰᠡᠨ ᠬᠠᠮᠢᠶ᠎ᠠ ᠪᠦᠬᠦᠢ ᠲᠦᠷᠦᠯ ᠵᠦᠢᠯ ᠢ ᠴᠠᠭ ᠲᠤᠬᠠᠢ ᠳᠤᠨᠢ ᠬᠠᠥᠯᠢ ᠶᠤᠰᠤᠭᠠᠷ ᠰᠢᠢᠳᠪᠤᠷᠢ ᠭᠠᠷᠭᠠᠨ ᠪᠠᠲᠤᠯᠠᠨ᠎ᠠ᠃ ᠨᠠᠮ ᠠᠴᠠ ᠺᠠᠳ᠋ᠷ ᠠᠵᠢᠯᠳᠠᠨ ᠢ ᠬᠠᠮᠢᠶᠠᠷᠬᠤ ᠵᠠᠷᠴᠢᠮ ᠢ ᠪᠠᠷᠢᠮᠳᠠᠯᠠᠬᠤ ᠪᠠ ᠠᠷᠠᠳ ᠤᠨ ᠲᠦᠯᠦᠭᠡᠯᠡᠭᠴᠢ ᠬᠠᠥᠯᠢ ᠶᠤᠰᠤᠭᠠᠷ ᠰᠤᠩᠭᠤᠨ ᠲᠤᠮᠢᠯᠠᠵᠦ ᠤᠭᠴᠠᠷᠠᠭᠤᠯᠬᠤ ᠡᠷᠬᠡ ᠪᠠᠨ ᠬᠡᠷᠡᠭᠯᠡᠬᠦ ᠶᠢ ᠨᠢᠭᠡᠳᠦᠬᠦᠯᠵᠦ᠂ ᠨᠠᠮ ᠤᠨ ᠵᠤᠬᠢᠶᠠᠨ ᠪᠠᠶᠢᠭᠤᠯᠤᠯᠲᠠ ᠠᠴᠠ ᠲᠠᠨᠢᠯᠴᠠᠭᠤᠯᠤᠭᠰᠠᠨ ᠬᠦᠮᠦᠨ ᠢ ᠬᠠᠥᠯᠢ ᠳᠤ ᠲᠤᠭᠳᠠᠭᠠᠭᠰᠠᠨ ᠶᠠᠪᠤᠴᠠ ᠪᠠᠷ ᠤᠯᠤᠰ ᠤᠨ ᠠᠯᠪᠠᠨ ᠪᠠᠶᠢᠭᠤᠯᠭ᠎ᠠ ᠶᠢᠨ ᠠᠵᠢᠯᠳᠠᠨ ᠪᠤᠯᠭᠠᠨ᠎ᠠ᠃      ᠬᠤᠶᠠᠷ᠂ ᠬᠢᠨᠠᠯᠲᠠ ᠲᠠᠯᠪᠢᠬᠤ ᠪᠤᠳᠠᠳᠤ ᠦᠷ᠎ᠡ ᠪᠦᠲᠦᠮᠵᠢ ᠶᠢ ᠴᠢᠩᠭᠠᠳᠬᠠᠵᠦ᠂ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠠ ᠶᠢ ᠨᠡᠩ ᠰᠠᠶᠢᠲᠤᠷ ᠠᠬᠢᠭᠤᠯᠤᠨ᠎ᠠ᠃      ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠤᠷᠢᠲᠦ ᠪᠤᠳᠤᠯᠭ᠎ᠠ  ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠠᠰᠠᠭᠤᠳᠠᠯ᠂ ᠬᠡᠷᠡᠭᠴᠡᠭᠡ ᠱᠠᠭᠠᠷᠳᠠᠯᠭ᠎ᠠ᠂ ᠦᠷ᠎ᠡ ᠪᠦᠲᠦᠮᠵᠢ ᠪᠠᠷ ᠬᠦᠲᠦᠴᠢ ᠪᠤᠯᠭᠠᠨ᠂ ᠭᠤᠤᠯᠳᠠᠯᠭ᠎ᠠ ᠲᠠᠢ ᠬᠢᠨᠠᠯᠲᠠ ᠲᠠᠯᠪᠢᠬᠤ᠂ ᠵᠦᠪ ᠤᠨᠤᠪᠴᠢᠲᠠᠢ ᠬᠢᠨᠠᠯᠲᠠ ᠲᠠᠯᠪᠢᠬᠤ᠂ ᠦᠷ᠎ᠡ ᠪᠦᠲᠦᠮᠵᠢᠲᠠᠢ ᠬᠢᠨᠠᠯᠲᠠ ᠲᠠᠯᠪᠢᠬᠤ ᠶᠢ ᠪᠡᠶᠡᠯᠡᠬᠦᠯᠵᠦ᠂ ᠬᠢᠨᠠᠯᠲᠠ ᠲᠠᠯᠪᠢᠬᠤ ᠠᠵᠢᠯ ᠢ ᠲᠤᠭᠤᠷᠢᠭ  ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠴᠢᠩᠭ᠎ᠠ ᠠᠳᠬᠤᠵᠤ᠂ ᠪᠤᠳᠠᠳᠠᠢ ᠦᠷ᠎ᠡ ᠪᠦᠲᠦᠮᠵᠢ ᠭᠠᠷᠭᠠᠬᠤ ᠳᠡᠭᠡᠷ᠎ᠡ ᠨᠠᠶᠢᠳᠠᠪᠤᠷᠢᠵᠢᠭᠤᠯᠤᠨ᠎ᠠ᠃ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠲᠤᠳᠤᠷᠬᠠᠶᠢᠯᠠᠭᠰᠠᠨ ᠠᠵᠢᠯ ᠤᠨ ᠡᠬᠦᠷᠭᠡ ᠶᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠦᠯᠦᠯᠲᠡ ᠶᠢᠨ ᠳᠠᠶᠢᠨ ᠤ ᠢᠯᠠᠯᠲᠡ ᠶᠢ ᠤᠯᠬᠤ ᠳᠤ ᠬᠦᠴᠦ ᠨᠡᠮᠡᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠦᠯᠦᠯᠲᠡ ᠶᠢᠨ ᠠᠵᠢᠯ ᠤᠨ ᠮᠡᠳᠡᠬᠦᠯᠦᠯᠲᠡ ᠶᠢ ᠰᠤᠨᠤᠰᠴᠦ ᠬᠢᠨᠠᠨ ᠵᠦᠪᠯᠡᠨ᠂ ᠵᠠᠰᠠᠭ ᠤᠨ ᠤᠷᠳᠤᠨ ᠢ ᠱᠠᠭᠠᠷᠳᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠠᠰᠠᠭᠤᠳᠠᠯ ᠢ ᠪᠦᠬᠦ ᠬᠦᠴᠦᠨ  ᠢᠶᠠᠷ ᠢᠶᠠᠨ ᠰᠢᠢᠳᠪᠤᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠦᠯᠦᠯᠲᠡ ᠶᠢᠨ ᠡᠬᠦᠷᠭᠡ ᠶᠢ ᠬᠤᠭᠤᠴᠠᠭ᠎ᠠ ᠶᠤᠰᠤᠭᠠᠷ ᠪᠦᠬᠦ ᠲᠠᠯ᠎ᠠ ᠪᠠᠷ ᠪᠡᠶᠡᠯᠡᠬᠦᠯᠬᠦ ᠶᠢ ᠦᠨᠡᠨ ᠬᠦ ᠪᠠᠲᠤᠯᠠᠨ᠎ᠠ᠃ ᠪᠤᠬᠢᠷᠳᠤᠯ ᠢ ᠰᠡᠷᠬᠡᠶᠢᠯᠡᠨ ᠵᠠᠰᠠᠬᠤ ᠳᠠᠶᠢᠯᠠᠯᠳᠤᠭᠠᠨ ᠢ ᠬᠦᠴᠦᠲᠠᠢ ᠠᠬᠢᠭᠤᠯᠤᠨ᠂ ᠵᠠᠰᠠᠭ ᠤᠨ ᠤᠷᠳᠤᠨ ᠢ ᠱᠠᠯᠠᠪᠳᠠᠨ ᠤᠷᠴᠢᠨ ᠲᠤᠭᠤᠷᠢᠨ ᠢ ᠡᠪᠳᠡᠭᠰᠡᠨ ᠬᠠᠥᠯᠢ ᠪᠤᠰᠤ ᠶᠢᠨ ᠠᠵᠢᠯᠯᠠᠭ᠎ᠠ ᠳᠤ ᠬᠦᠴᠦᠲᠠᠢ ᠴᠤᠬᠢᠯᠲᠠ ᠦᠭᠴᠦ᠂ ᠬᠠᠥᠯᠢ ᠶᠢᠨ ᠬᠦᠴᠦᠨ ᠢᠶᠠᠷ ᠮᠠᠨ ᠤ ᠲᠤᠭᠤᠷᠢᠭ ᠤᠨ ᠨᠤᠮᠢᠨ ᠨᠤᠭᠤᠭᠠᠨ ᠤᠷᠴᠢᠨ ᠲᠤᠭᠤᠷᠢᠨ ᠢ ᠬᠠᠮᠠᠭᠠᠯᠠᠨ᠎ᠠ᠃ ᠬᠦᠨᠳᠦ ᠶᠡᠭᠡ ᠠᠶᠤᠯ ᠲᠦᠭᠰᠢᠬᠦᠷᠢ ᠶᠢᠨ ᠪᠤᠭᠤᠮᠳᠠ ᠰᠢᠪᠲᠦᠯᠬᠤ ᠳᠠᠶᠢᠯᠠᠯᠳᠤᠭᠠᠨ ᠢ ᠬᠦᠴᠦᠲᠡᠢ ᠠᠬᠢᠭᠤᠯᠵᠤ᠂ ᠵᠠᠰᠠᠭ ᠤᠨ ᠤᠷᠳᠤᠨ ᠢ ᠱᠠᠯᠠᠪᠳᠠᠨ ᠵᠠᠰᠠᠭ ᠤᠨ ᠤᠷᠳᠤᠨ ᠤ ᠦᠷᠢ ᠦᠭᠴᠡᠭᠡᠨ ᠤ ᠲᠦᠭᠰᠢᠬᠦᠷᠢ ᠶᠢ ᠯᠠᠪᠳᠠᠭᠤᠨ ᠪᠠᠲᠤᠲᠠᠢ ᠰᠢᠢᠳᠪᠤᠷᠢᠯᠡᠨ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠬᠦᠷᠢ ᠭᠠᠷᠬᠤ ᠦᠬᠡᠢ ᠬᠤᠷᠢᠭ᠎ᠠ ᠱᠤᠭᠤᠮ ᠢ ᠪᠠᠲᠤ ᠰᠠᠬᠢᠨ᠎ᠠ᠃ ᠴᠢᠨᠠᠷ ᠰᠠᠶᠢᠲᠠᠢ ᠬᠦᠭᠵᠢᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠲᠦᠰᠦᠪ ᠪᠠ ᠲᠦᠰᠦᠪ ᠤᠨ ᠭᠦᠢᠴᠡᠳᠬᠡᠯ᠂ ᠬᠢᠨᠠᠨ ᠪᠤᠳᠤᠯᠳᠠ᠂ ᠤᠯᠤᠰ ᠤᠨ ᠦᠮᠴᠢᠯᠠᠯᠲᠦ ᠡᠳ᠋ ᠬᠦᠷᠦᠩᠭᠡ ᠵᠡᠷᠭᠡ ᠠᠭᠤᠯᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠦᠰᠦᠪ ᠤᠨ ᠰᠦᠯᠵᠢᠶᠡᠨ ᠤ ᠬᠢᠨᠠᠯᠲᠠ ᠲᠠᠯᠪᠢᠬᠤ ᠰᠢᠰᠲ᠋ᠧᠮ ᠢ ᠦᠷᠭᠡᠳᠬᠡᠨ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠠᠰᠢᠭᠯᠠᠨ ᠲᠦᠰᠦᠪ ᠤᠨ ᠬᠢᠨᠠᠯᠲᠠ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠬᠠᠯᠠᠮᠰᠢᠯ ᠴᠡᠭ ᠲᠤ ᠠᠩᠬᠠᠷᠤᠯ ᠢᠶᠠᠨ ᠲᠦᠪᠯᠡᠷᠡᠬᠦᠯᠵᠦ᠂  ᠡᠷᠬᠢᠯᠡᠭᠴᠢ ᠬᠠᠮᠲᠤ ᠪᠠᠷ ᠠᠷᠠᠳ ᠤᠨ ᠠᠮᠢᠳᠤᠷᠠᠯ ᠤᠨ ᠠᠰᠠᠭᠤᠳᠠᠯ ᠢ ᠪᠠᠶᠢᠴᠠᠭᠠᠨ ᠦᠵᠡᠵᠦ᠂ ᠠᠷᠠᠳ ᠤᠨ ᠠᠮᠢᠳᠤᠷᠠᠯ ᠢ ᠪᠦᠲᠦᠮᠵᠢᠲᠠᠢ ᠰᠠᠶᠢᠵᠢᠷᠠᠭᠤᠯᠤᠨ ᠠᠬᠢᠭᠤᠯᠤᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ 11 ᠲᠦᠷᠦᠯ ᠤᠨ ᠠᠵᠢᠯ ᠤᠨ ᠲᠤᠰᠬᠠᠢ ᠰᠡᠲᠦᠪᠲᠦ ᠮᠡᠳᠡᠬᠦᠯᠦᠯᠲᠡ ᠶᠢ ᠭᠤᠤᠯᠳᠠᠯᠭ᠎ᠠ ᠲᠠᠢ ᠰᠤᠨᠤᠰᠴᠦ ᠬᠢᠨᠠᠨ ᠵᠦᠪᠯᠡᠨ᠂ ᠵᠢᠷᠭᠤᠭᠠᠨ ᠬᠤᠪᠢ ᠬᠠᠥᠯᠢ ᠴᠠᠭᠠᠵᠠ ᠬᠠᠥᠯᠢ ᠲᠤᠭᠳᠠᠭᠠᠯ ᠳᠤ ᠬᠠᠥᠯᠢ ᠬᠡᠷᠡᠭᠵᠢᠬᠦᠯᠦᠯᠲᠡ ᠶᠢᠨ ᠪᠠᠶᠢᠴᠠᠭᠠᠯᠲᠠ ᠬᠢᠵᠦ᠂ ᠬᠤᠳᠠ ᠲᠤᠭᠤᠷᠢᠭ ᠤᠨ ᠬᠤᠶᠠᠷ ᠱᠠᠲᠤᠨ ᠤ ᠠᠷᠠᠳ ᠤᠨ ᠲᠦᠯᠦᠭᠡᠯᠡᠭᠴᠢᠳ ᠢ ᠵᠤᠬᠢᠶᠠᠨ ᠪᠠᠶᠢᠭᠤᠯᠵᠤ᠂ ᠮᠠᠨ ᠤ ᠲᠤᠭᠤᠷᠢᠭ ᠤᠨ ᠭᠤᠤᠯᠳᠠᠯᠭᠠᠲᠤ ᠠᠵᠢᠯ᠂ ᠭᠤᠤᠳᠠᠯᠭ᠎ᠠ ᠲᠠᠢ ᠲᠦᠷᠦᠯ ᠵᠦᠢᠯ ᠳᠤ ᠲᠦᠪᠯᠡᠷᠡᠭᠰᠡᠨ ᠪᠠᠶᠢᠴᠠᠭᠠᠯᠲᠠ ᠬᠢᠵᠦ᠂ ᠨᠡᠩ ᠪᠤᠳᠠᠳᠤ ᠦᠷ᠎ᠡ ᠪᠦᠲᠦᠮᠵᠢᠲᠦ ᠬᠢᠨᠠᠯᠲᠠ ᠲᠠᠯᠪᠢᠯᠲᠠ ᠪᠠᠷ ᠴᠢᠬᠤᠯᠠ ᠶᠡᠭᠡ ᠰᠢᠢᠳᠪᠤᠷᠢᠲᠦ ᠪᠤᠳᠤᠯᠭ᠎ᠠ ᠶᠢᠨ ᠪᠠᠶᠢᠷᠢᠰᠢᠭᠤᠯᠤᠯᠲᠠ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠦᠷᠬᠦᠯᠵᠢᠯᠡᠨ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠶᠢᠨ 2019 ᠤᠨ ᠤ ᠡᠯ᠎ᠡ ᠲᠦᠷᠦᠯ ᠤᠨ ᠰᠢᠢᠳᠪᠤᠷᠢ ᠪᠠ ᠬᠢᠨᠠᠯᠲᠠ ᠲᠠᠯᠪᠢᠭᠰᠠᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ  ᠮᠦᠷᠳᠡᠨ ᠬᠢᠨᠠᠵᠦ᠂ ᠠᠰᠠᠭᠤᠳᠠᠯ ᠢ ᠪᠦᠲᠦᠮᠵᠢᠲᠠᠢ ᠰᠢᠢᠳᠪᠤᠷᠢᠯᠡᠭᠳᠡᠬᠦ ᠬᠡᠮᠵᠢᠶᠡᠨ ᠳᠤ ᠬᠦᠷᠭᠡᠨ᠎ᠡ᠃ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠬᠤ ᠠᠵᠢᠯ ᠢ ᠨᠠᠷᠢᠨ ᠬᠢᠨᠠᠮᠠᠭᠠᠢ ᠬᠢᠵᠦ᠂ ︽ᠪᠢᠴᠢᠭ ᠮᠠᠲ᠋ᠧᠷᠢᠶᠠᠯ ᠪᠠᠶᠢᠪᠠᠯ ᠵᠠᠪᠠᠯ ᠪᠡᠯᠡᠳᠬᠡᠬᠦ᠂ ᠳᠠᠩᠰᠠᠯᠠᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠤᠨ ᠲᠦᠷᠢᠮ ᠢ ᠲᠦᠯᠬᠢᠨ ᠠᠬᠢᠭᠤᠯᠤᠨ᠎ᠠ᠃ ᠪᠠᠶᠢᠴᠠᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠤᠬᠠᠢ ᠬᠢᠨᠠᠨ ᠦᠨᠡᠯᠡᠯᠲᠡ ᠶᠢᠨ ᠠᠵᠢᠯ ᠤᠨ ᠲᠦᠰᠦᠯ ᠢ ᠲᠤᠭᠳᠠᠭᠠᠨ᠂ ᠬᠡᠰᠡᠭ ᠠᠵᠢᠯᠴᠢᠨ  ᠤ ᠲᠦᠷᠢᠮᠲᠦ ᠪᠠᠶᠢᠴᠠᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠳᠤ ᠬᠢᠨᠠᠨ ᠦᠨᠡᠨᠯᠲᠡ ᠬᠢᠬᠦ ᠶᠢ ᠦᠷᠨᠢᠬᠦᠯᠦᠨ᠎ᠡ᠃ ᠬᠠᠳᠠᠭᠤ ᠴᠢᠩᠭ᠎ᠠ ᠬᠢᠨᠠᠯᠲᠠ ᠶᠢ ᠴᠢᠩᠭᠠᠳᠬᠠᠵᠤ᠂ ᠬᠢᠨᠠᠨ ᠵᠦᠪᠯᠡᠬᠦ᠂ ᠬᠢᠨᠠᠨ ᠦᠨᠡᠯᠡᠬᠦ᠂ ᠠᠰᠠᠭᠤᠨ ᠯᠠᠪᠯᠠᠬᠤ ᠵᠡᠷᠭᠡ ᠤᠯᠠᠨ ᠵᠦᠢᠯ ᠤᠨ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠬᠢᠨᠠᠯᠲᠠ ᠲᠠᠯᠪᠢᠬᠤ ︽ᠬᠠᠮ ᠠᠷᠭ᠎ᠠ︾ ᠶᠢ ᠰᠠᠶᠢᠲᠦᠷ ᠠᠰᠢᠭᠯᠠᠨ᠂ ᠬᠢᠨᠠᠯᠲᠠ ᠲᠠᠯᠪᠢᠬᠤ ᠪᠤᠳᠠᠳᠤ ᠦᠷ᠎ᠡ ᠪᠦᠲᠦᠮᠵᠢ ᠶᠢ ᠳᠠᠰᠤᠷᠠᠯᠲᠠ ᠦᠬᠡᠢ ᠳᠡᠭᠡᠭᠰᠢᠯᠡᠬᠦᠯᠦᠨ᠎ᠡ᠃      ᠭᠤᠷᠪᠠ᠂ ᠲᠦᠯᠦᠭᠡᠯᠡᠭᠴᠢᠳ ᠤᠨ ᠭᠤᠤᠯ ᠴᠤᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠎ᠡ᠃      ᠲᠦᠯᠦᠭᠡᠯᠡᠭᠴᠢᠳ ᠤᠨ ᠰᠤᠷᠤᠯᠴᠠᠯᠭ᠎ᠠ ᠪᠤᠯᠪᠠᠰᠤᠷᠠᠯ ᠢ ᠰᠠᠶᠢᠲᠦᠷ ᠬᠢᠵᠦ᠂ ᠭᠠᠳᠠᠭᠰᠢ ᠭᠠᠷᠬᠤ ᠪᠠ ᠤᠷᠢᠵᠦ ᠠᠪᠴᠢᠷᠠᠬᠤ ᠶᠢ ᠤᠶᠠᠯᠳᠤᠭᠤᠯᠵᠤ᠂ ᠪᠤᠯᠪᠠᠰᠤᠷᠠᠯ ᠤᠨ ᠦᠷ᠎ᠡ ᠪᠦᠲᠦᠮᠵᠢ ᠶᠢ ᠴᠢᠩᠭᠠᠳᠬᠠᠨ᠂ ᠲᠦᠯᠦᠭᠡᠯᠡᠭᠴᠢ ᠶᠢᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠠᠷᠠᠳ ᠤᠨ ᠠᠮᠢᠳᠤᠷᠠᠯ ᠤᠨ ᠪᠤᠳᠠᠳᠤ ᠬᠡᠷᠡᠭ ᠤᠨ ᠲᠦᠷᠦᠯ ᠵᠦᠢᠯ ᠳᠤ ᠠᠷᠠᠳ ᠤᠨ ᠲᠦᠯᠦᠭᠡᠯᠡᠭᠴᠢᠳ ᠪᠢᠯᠧᠲ ᠦᠭᠬᠦ ᠲᠦᠷᠢᠮ ︵ᠵᠦᠪᠳᠡᠯᠴᠡᠬᠦ ᠲᠦᠷᠢᠮ︶ ᠤᠨ ᠠᠵᠢᠯ ᠢ ᠲᠦᠯᠬᠢᠨ ᠠᠬᠢᠭᠤᠯᠵᠤ᠂ ᠦᠷᠬᠦᠯᠵᠢᠯᠡᠨ ᠠᠷᠠᠳ ᠤᠨ ᠠᠮᠢᠳᠤᠷᠠᠯ ᠤᠨ ᠪᠤᠳᠠᠳᠤ ᠬᠡᠷᠡᠭ ᠤᠨ ᠲᠦᠷᠦᠯ ᠵᠦᠢᠯ ᠤᠨ ᠠᠬᠢᠴᠠ ᠶᠢ ᠮᠦᠷᠳᠡᠨ ᠦᠨᠡᠯᠡᠵᠦ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠪᠤᠳᠠᠳᠤ ᠶᠠᠪᠤᠳᠠᠯ ᠢ ᠪᠤᠳᠠᠳᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠲᠦᠯᠦᠭᠡᠯᠡᠭᠴᠢᠳ ᠤᠨ ᠡᠬᠦᠷᠭᠡ ᠴᠢᠳᠠᠪᠤᠷᠢ ᠪᠠᠨ ᠬᠦᠢᠴᠡᠳᠬᠡᠬᠦ ᠠᠷᠭ᠎ᠠ ᠵᠠᠮ ᠢ ᠦᠷᠭᠡᠳᠬᠡᠵᠦ᠂ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠨᠢ︾ ᠶᠢ ᠴᠢᠨᠠᠷ ᠰᠠᠶᠢᠲᠠᠢ ᠴᠤᠭᠴᠠᠯᠠᠨ ᠪᠠᠶᠢᠭᠤᠯᠵᠤ᠂ ᠲᠦᠯᠦᠭᠡᠯᠡᠭᠴᠢᠳ ᠤᠨ ᠬᠢᠨᠠᠨ ᠰᠢᠯᠭᠠᠬᠤ ᠡᠷᠴᠢᠮ ᠢ ᠴᠢᠩᠭᠠᠳᠬᠠᠨ᠂ ᠲᠦᠯᠦᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠶᠢᠨ ᠬᠦᠢᠴᠡᠳᠬᠡᠯᠲᠡ ᠶᠢᠨ ᠬᠢᠨᠠᠨ ᠰᠢᠯᠭᠠᠬᠤ ᠲᠦᠷᠢᠮ ᠤᠨ ᠰᠢᠰᠲ᠋ᠧᠮ ᠢ ᠳᠤᠭᠳᠠᠭᠠᠵᠦ᠂ ᠲᠤᠰᠢᠶᠠᠯ ᠳᠤ ᠪᠠᠨ ᠦᠯᠦ ᠲᠡᠩᠴᠡᠬᠦ ᠲᠦᠯᠦᠭᠡᠯᠡᠭᠴᠢ ᠶᠢᠨ ᠤᠬᠤᠷᠢᠨ ᠭᠠᠷᠬᠤ ᠲᠤᠭᠳᠠᠴᠠ ᠶᠢ ᠬᠠᠶᠢᠨ ᠰᠦᠪᠡᠭᠴᠢᠯᠡᠨ᠎ᠡ᠃ ︽ᠬᠤᠤᠰ ᠬᠤᠯᠪᠤᠭᠠᠯᠠᠯ︾ ᠤᠨ ᠠᠵᠢᠯ ᠢ ᠬᠦᠨᠵᠡᠭᠡᠶᠢᠷᠡᠬᠦᠯᠵᠦ᠂ ᠪᠦᠬᠦ ᠲᠦᠯᠦᠭᠡᠯᠡᠭᠴᠢᠳ ᠢ ᠠᠵᠢᠯᠯᠠᠭᠠᠨ ᠤ ᠳᠤᠭᠤᠶᠢᠯᠠᠩ ᠪᠤᠯᠭᠠᠨ ᠬᠤᠪᠢᠶᠠᠵᠦ ᠠᠵᠢᠯᠯᠠᠭ᠎ᠠ ᠪᠠᠨ ᠦᠷᠨᠢᠬᠦᠯᠦᠨ᠎ᠡ᠃ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠶᠢ ᠬᠦᠢᠴᠡᠳᠬᠡᠬᠦ ᠠᠵᠢᠯ ᠢ ᠳᠡᠬᠦᠯᠳᠡᠷᠵᠢᠬᠦᠯᠤᠨ᠂ ᠵᠠᠰᠠᠭ ᠤᠨ ᠤᠷᠳᠤᠨ ᠤ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠳᠠᠭᠠᠭᠤᠯᠤᠨ ᠬᠢᠬᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠪᠢᠶᠠᠷᠢᠯᠡᠨ ᠬᠠᠮᠢᠶᠠᠷᠬᠤ ᠤᠳᠤᠷᠢᠳᠤᠯᠭ᠎ᠠ ᠱᠠᠭᠠᠷᠳᠠᠨ ᠬᠦᠢᠴᠡᠳᠬᠡᠬᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠪᠯᠡᠯ ᠤᠨ ᠠᠯᠪᠠᠨ ᠭᠡᠷ ᠠᠵᠢᠯ ᠲᠦᠷᠦᠯ ᠢᠶᠠᠷ ᠢᠶᠠᠨ ᠱᠠᠭᠠᠷᠳᠠᠨ ᠬᠢᠬᠦ ᠲᠤᠭᠲᠠᠯᠴᠠᠭ᠎ᠠ ᠶᠢ ᠪᠠᠶᠢᠭᠤᠯᠵᠦ᠂ ᠬᠦᠢᠴᠡᠳᠬᠡᠬᠦ ᠶᠠᠰᠤ ᠴᠢᠨᠠᠷ ᠢ ᠳᠡᠭᠡᠭᠰᠢᠯᠡᠬᠦᠯᠦᠨ᠎ᠡ᠃      ᠲᠦᠷᠪᠡ᠂ ︽ᠬᠤᠶᠠᠷ ᠪᠠᠶᠢᠭᠤᠯᠭ᠎ᠠ︾ ᠶᠢᠨ ᠪᠠᠶᠢᠭᠤᠯᠤᠯᠲᠠ ᠶᠢ ᠴᠢᠩᠭᠠᠳᠬᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠷᠢ ᠲᠦᠪᠰᠢᠨ ᠢ ᠦᠷᠬᠦᠯᠵᠢᠯᠡᠨ ᠳᠡᠭᠡᠭᠰᠢᠯᠡᠬᠦᠯᠦᠨ᠎ᠡ᠃      ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠳᠠᠰᠤᠷᠠᠯᠲᠠ ᠦᠬᠡᠢ ᠴᠢᠩᠭᠠᠳᠬᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠢᠳᠡᠭᠡᠯ ᠢ ᠪᠠᠲᠤᠳᠬᠠᠨ᠂ ᠬᠠᠷᠢᠭᠤᠴᠠᠯᠭᠠᠲᠤ ᠰᠡᠳᠬᠢᠯᠭᠡ ᠪᠠ ᠡᠬᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠷᠠᠳᠴᠢᠯᠠᠯ ᠬᠠᠥᠯᠢ ᠪᠠᠷ ᠵᠠᠰᠠᠬᠤ ᠪᠠᠶᠢᠭᠤᠯᠤᠯᠲᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠡ ᠡᠬᠦᠷᠭᠡ ᠬᠠᠷᠢᠭᠤᠴᠠᠯᠭ᠎ᠠ ᠰᠢᠨ᠎ᠡ ᠦᠢᠯᠡ ᠠᠵᠢᠯᠯᠠᠭ᠎ᠠ ᠶᠢ ᠪᠠᠷᠢᠮᠳᠠᠯᠠᠨ᠂ ᠰᠢᠨ᠎ᠡ ᠴᠠᠭ ᠦᠶ᠎ᠡ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ  ᠤᠨ ᠴᠢᠨᠠᠷ ᠰᠠᠶᠢᠲᠠᠢ ᠬᠦᠭᠵᠢᠯᠲᠠ ᠶᠢ ᠲᠦᠯᠬᠢᠨ ᠠᠬᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠯᠳᠤᠬᠤ ᠬᠦᠴᠦᠨ ᠪᠠ ᠨᠢᠭᠳᠠᠷᠠᠯ ᠤᠨ ᠬᠦᠴᠦᠨ ᠢ ᠳᠡᠭᠡᠭᠰᠢᠯᠡᠬᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠶᠢᠲᠦᠷ ᠬᠢᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠤᠬᠠᠭᠤᠯᠭ᠎ᠠ ᠶᠢᠨ ᠨᠦᠯᠦᠭᠡᠯᠡᠭᠦ ᠬᠦᠴᠦᠨ ᠢ ᠨᠡᠮᠡᠭᠳᠡᠬᠦᠯᠦᠨ᠎ᠡ᠃ ᠤᠯᠠᠨ ᠲᠦᠮᠡᠨᠴᠢ ᠱᠤᠭᠤᠮ ᠢ ᠪᠠᠷᠢᠮᠳᠠᠯᠠᠨ᠂ ᠪᠠᠶᠢᠴᠠᠭᠠᠨ ᠰᠤᠳᠤᠯᠤᠯᠲᠠ ᠬᠢᠬᠦ ᠰᠤᠷᠳᠠᠯ ᠢ ᠶᠡᠬᠡᠪᠡᠷ ᠪᠠᠳᠠᠷᠠᠭᠤᠯᠵᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠤᠳᠤᠯᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠢᠮ᠎ᠡ ᠶᠤᠰᠤᠨ ᠤ ᠲᠤᠬᠠᠢ ᠲᠠᠨᠢᠯᠲᠠ ᠪᠠ ᠡᠵᠡᠮᠳᠡᠯ ᠢᠶᠠᠨ ᠬᠦᠨᠵᠡᠭᠡᠶᠢᠷᠡᠬᠦᠯᠦᠨ᠎ᠡ᠃ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠦᠮᠦᠰ᠂ ᠲᠤᠰᠬᠠᠢ ᠺᠤᠮᠢᠰ ᠤᠨ ᠪᠦᠷᠢᠯᠳᠦᠬᠦᠨ ᠤ ᠦᠢᠯᠡᠳᠦᠯ ᠢ ᠬᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢᠯᠡᠬᠦ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠲᠦᠷᠢᠮ ᠤᠨ ᠪᠠᠶᠢᠭᠤᠯᠤᠯᠲᠠ ᠶᠢ ᠳᠡᠭᠦᠯᠳᠡᠷᠵᠢᠬᠦᠯᠵᠦ᠂ ᠪᠠᠶᠢᠩᠭᠤ ᠶᠢᠨ ᠬᠤᠷᠢᠶᠠᠨ ᠤ ᠬᠢᠨᠠᠨ ᠵᠦᠪᠯᠡᠭᠰᠡᠨ ᠰᠠᠨᠠᠯ ᠤᠨ ᠨᠠᠷᠢᠨ ᠬᠠᠭᠤᠳᠠᠰᠤ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠨᠠᠷᠢᠨ ᠬᠠᠭᠤᠳᠠᠰᠤ  ᠶᠢᠨ ᠠᠰᠠᠭᠤᠳᠠᠯ ᠤᠨ ᠳ᠋ᠤᠭᠠᠷᠯᠠᠯ ᠢ ᠬᠦᠴᠦᠨ ᠦᠬᠡᠢ ᠪᠤᠯᠭᠠᠬᠤ ᠲᠦᠷᠢᠮ ᠢ ᠬᠡᠷᠡᠭᠵᠢᠬᠦᠯᠦᠨ᠎ᠡ᠃ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠨ ᠬᠦᠭᠵᠢᠬᠦᠯᠬᠦ ᠶᠢ ᠦᠪᠡᠷ ᠤᠨ ᠬᠠᠷᠢᠭᠤᠴᠠᠯᠭ᠎ᠠ ᠪᠤᠯᠭᠠᠨ᠂ ᠠᠷᠠᠳ ᠲᠦᠮᠡᠨ ᠢ ᠲᠦᠯᠦᠭᠡᠯᠡᠨ ᠲᠦᠷᠦ ᠶᠢᠨ ᠡᠷᠬᠡ ᠶᠢ ᠬᠡᠷᠡᠭᠵᠢᠬᠦᠯᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠦᠨᠳᠦᠰᠦᠨ ᠬᠠᠥᠯᠢ ᠬᠠᠥᠯᠢ ᠴᠠᠭᠠᠵᠠ ᠠᠴᠠ ᠤᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠬᠦᠷᠭᠡᠯᠡᠬᠦ ᠠᠵᠢᠯ ᠤᠨ ᠪᠠᠶᠢᠭᠤᠯᠭ᠎ᠠ ᠶᠢ ᠴᠤᠭᠴᠠᠯᠠᠵᠦ᠂ ᠠᠷᠠᠳ ᠤᠯᠠᠨ ᠲᠠᠢ ᠨᠢᠭᠲᠠ ᠬᠠᠷᠢᠯᠴᠠᠭ᠎ᠠ ᠲᠠᠢ ᠪᠠᠶᠢᠬᠤ ᠲᠦᠯᠦᠭᠡᠯᠡᠭᠴᠢ ᠶᠢᠨ ᠪᠠᠶᠢᠭᠤᠯᠭ᠎ᠠ ᠶᠢ ᠪᠠᠶᠢᠭᠤᠯᠤᠨ᠎ᠠ᠃      ᠲᠦᠯᠦᠭᠡᠯᠡᠭᠴᠢᠳ ᠡ᠂ ᠰᠢᠨ᠎ᠡ ᠬᠠᠷᠠᠯᠲᠠ ᠬᠦᠮᠦᠰ ᠢ ᠵᠤᠷᠢᠭᠵᠢᠭᠤᠯᠵᠤ᠂ ᠰᠢᠨ᠎ᠡ ᠠᠶᠠᠨ ᠵᠠᠮ ᠳᠤ ᠡᠬᠦᠷᠭᠡ ᠬᠠᠷᠢᠭᠤᠴᠠᠯᠭ᠎ᠠ ᠬᠦᠨᠳᠦ ᠪᠠᠶᠢᠨ᠎ᠠ᠃ ᠪᠢᠳᠠ ᠰᠢ  ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠬᠡᠵᠦ᠂ ᠮᠠᠨ ᠤ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠠ ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠦᠶ᠎ᠡ  ︕
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ