ᠣᠷᠳᠣᠰ ᠬᠤᠲᠠ ᠶᠢᠨ ᠳ᠋ᠦᠩᠱᠧᠩ ᠲᠤᠭᠤᠷᠢᠭ ᠤᠨ 2019 ᠤᠨ ᠤ ᠲᠦᠰᠦᠪ ᠢ ᠬᠡᠷᠡᠭᠵᠢᠬᠦᠯᠦᠭᠰᠡᠨ | ᠪᠠᠶᠢᠳᠠᠯ ᠪᠠ 2020 ᠤᠨ ᠤ ᠲᠦᠰᠦᠪ ᠤᠨ ᠲᠦᠰᠦᠯ ᠤᠨ ᠲᠤᠬᠠᠢ ᠮᠡᠳᠡᠬᠦᠯᠦᠯᠲᠡ | | — 2020 ᠤᠨ ᠤ 4 ᠰᠠᠷ᠎ᠠ ᠶᠢᠨ 27 ᠤ ᠡᠳᠦᠷ ᠤᠨ ᠣᠷᠳᠣᠰ | ᠬᠤᠲᠠ ᠶᠢᠨ ᠳ᠋ᠦᠩᠱᠧᠩ ᠲᠤᠭᠤᠷᠢᠭ ᠤᠨ ᠶᠢᠰᠦᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠳᠦᠷᠪᠡᠳᠦᠭᠡᠷ ᠣᠳᠠᠭᠠᠨ ᠤ ᠬᠤᠷᠠᠯ ᠳᠡᠭᠡᠷ᠎ᠡ | | ᠣᠷᠳᠣᠰ ᠬᠤᠲᠠ ᠶᠢᠨ ᠳ᠋ᠦᠩᠱᠧᠩ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ | | | ᠡᠯ᠎ᠡ ᠲᠦᠯᠦᠭᠡᠯᠡᠭᠴᠢᠳ ᠡ᠄ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ︽ᠣᠷᠳᠣᠰ ᠬᠤᠲᠠ ᠶᠢᠨ ᠳ᠋ᠦᠩᠱᠧᠩ ᠲᠤᠭᠤᠷᠢᠭ ᠤᠨ 2019 ᠤᠨ ᠤ ᠲᠦᠰᠦᠪ | ᠢ ᠬᠡᠷᠡᠭᠵᠢᠬᠦᠯᠦᠭᠰᠡᠨ ᠪᠠᠶᠢᠳᠠᠯ ᠪᠠ 2020 ᠤᠨ ᠤ ᠲᠦᠰᠦᠪ ᠤᠨ ᠲᠦᠰᠦᠯ ᠤᠨ ᠲᠤᠬᠠᠢ ᠮᠡᠳᠡᠬᠦᠯᠦᠯᠲᠡ︾ ᠬᠢᠶ᠎ᠡ᠃ ᠲᠤᠭᠤᠷᠢᠭ ᠤᠨ ᠶᠢᠰᠦᠳᠦᠭᠡᠷ ᠬᠤᠭᠤᠴᠠᠭᠠᠨ | ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠣᠳᠠᠭᠠᠨ ᠤ ᠬᠤᠷᠠᠯ ᠠᠴᠠ ᠬᠢᠨᠠᠨ ᠵᠦᠪᠯᠡᠬᠦ ᠪᠤᠯᠪᠠᠤ᠃ ᠣᠯᠣᠰ ᠲᠦᠷᠦ ᠶᠢᠨ ᠵᠦᠪᠯᠡᠯᠭᠡᠨ | ᠤ ᠭᠡᠰᠢᠬᠦᠨ ᠪᠤᠯᠤᠨ ᠬᠤᠷᠠᠯ ᠳᠤ ᠰᠣᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠣᠷᠠᠳᠬᠤ ᠪᠤᠯᠪᠠᠤ᠃ | ᠨᠢᠭᠡ᠂ 2019 ᠤᠨ ᠤ ᠲᠦᠰᠦᠪ ᠤᠨ ᠬᠡᠷᠡᠭᠵᠢᠬᠦᠯᠦᠯᠲᠡ ᠶᠢᠨ ᠪᠠᠶᠢᠳᠠᠯ | 2019 ᠤᠨ ᠪᠤᠯ ᠳ᠋ᠦᠩᠱᠧᠩ ᠲᠤᠭᠤᠷᠢᠭ ᠤᠨ ᠬᠦᠴᠢᠷ ᠢ ᠢᠯᠠᠵᠤ᠂ ᠴᠢᠷᠮᠠᠶᠢᠨ ᠣᠷᠣᠭᠰᠢᠯᠠᠭᠰᠠᠨ ᠨᠢᠭᠡ ᠵᠢᠯ ᠪᠤᠯᠤᠨ᠎ᠠ᠃ ᠠᠵᠤ ᠠᠬᠤᠢ ᠶᠢᠨ | ᠪᠠᠭᠤᠷᠠᠯᠲᠠ ᠶᠡᠭᠡᠳᠴᠦ᠂ ᠲᠦᠭᠰᠢᠬᠦᠷᠢ ᠶᠢᠨ ᠦᠷᠢᠰᠦᠯᠳᠦᠭᠡᠨ ᠢᠯᠡᠷᠬᠡᠢ ᠨᠡᠮᠡᠭᠳᠡᠭᠰᠡᠨ ᠵᠡᠷᠭᠡ ᠣᠯᠠᠨ ᠲᠠᠯ᠎ᠠ ᠶᠢᠨ ᠳᠠᠷᠤᠯᠲᠠ ᠳᠤ ᠣᠴᠠᠷᠠᠪᠠ᠃ ᠨᠢᠭᠡ ᠵᠢᠯ ᠤᠨ | ᠲᠤᠷᠰᠢ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠲᠠ ᠵᠢᠯᠤᠭᠤᠳᠤᠯᠭ᠎ᠠ ᠪᠠ ᠪᠦᠬᠦ ᠲᠤᠭᠤᠷᠢᠭ ᠤᠨ ᠡᠯ᠎ᠡ ᠲᠠᠯ᠎ᠠ ᠶᠢᠨ ᠬᠦᠴᠦᠲᠡᠢ ᠳᠡᠮᠵᠢᠯᠭᠡ ᠳᠣᠣᠷ᠎ᠠ ᠮᠠᠨ | ᠤ ᠲᠤᠭᠤᠷᠢᠭ ᠤᠨ ᠡᠳ᠋ ᠤᠨ ᠵᠠᠰᠠᠭ ᠤᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠵᠢᠯ ᠤᠨ ᠡᠬᠢᠨ ᠤ ᠠᠵᠢᠯ ᠤᠨ ᠬᠠᠷᠠᠯᠲᠠ ᠶᠢᠨ ᠲᠤᠭᠤᠷᠢᠨ ᠳᠤ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ | ᠤᠨ ᠣᠷᠳᠣᠨ ᠤ ᠡᠯ᠎ᠡ ᠲᠠᠯ᠎ᠠ ᠶᠢᠨ ᠰᠢᠢᠳᠪᠦᠷᠢᠲᠦ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠭᠤᠷᠪᠠᠨ ᠶᠡᠭᠡ ᠪᠤᠭᠤᠮᠲᠠ ᠰᠢᠪᠲᠤᠯᠬᠤ | ᠳᠠᠶᠢᠯᠠᠯᠳᠣᠭᠠᠨ ᠢ ᠰᠠᠶᠢᠲᠤᠷ ᠬᠢᠵᠦ᠂ ᠬᠦᠴᠢᠷ ᠢ ᠢᠯᠠᠨ ᠣᠷᠣᠭᠰᠢᠯᠠᠵᠤ᠂ ︽ᠴᠠᠯᠢᠩ ᠤᠨ ᠪᠠᠲᠤᠯᠠᠯᠲᠠ᠂ ᠡᠷᠬᠢᠯᠲᠡ ᠮᠦᠩᠬᠦᠨ ᠤ ᠪᠠᠲᠤᠯᠠᠯᠲᠠ᠂ ᠠᠷᠠᠳ ᠤᠨ | ᠠᠮᠢᠳᠣᠷᠠᠯ ᠤᠨ ᠪᠠᠲᠤᠯᠠᠯᠲᠠ︾ ᠶᠢ ᠪᠦᠬᠦ ᠬᠦᠴᠦᠨ ᠢᠶᠠᠷ ᠪᠡᠶᠡᠯᠡᠬᠦᠯᠵᠦ᠂ ᠪᠦᠬᠦ ᠲᠤᠭᠤᠷᠢᠭ ᠤᠨ ᠡᠳ᠋ ᠤᠨ ᠵᠠᠰᠠᠭ ᠤᠨ ᠡᠷᠬᠢᠯᠲᠡ ᠶᠢ ᠲᠤᠭᠲᠠᠭᠤᠨ ᠪᠠᠶᠢᠯᠭᠠᠵᠤ᠂ | ᠨᠡᠯᠢᠶᠠᠳ ᠠᠮᠵᠢᠯᠲᠠ ᠲᠠᠢ ᠪᠠᠷ ᠡᠯ᠎ᠡ ᠲᠦᠷᠦᠯ ᠤᠨ ᠠᠵᠢᠯ ᠤᠨ ᠬᠠᠷᠠᠯᠲᠠ ᠪᠠᠨ ᠪᠡᠶᠡᠯᠡᠬᠦᠯᠦᠨ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ | ᠳᠤ ᠬᠦᠴᠦ ᠪᠠᠨ ᠵᠠᠷᠤᠴᠠᠭᠤᠯᠪᠠ᠃ | ︵ᠨᠢᠭᠡ︶ 2019 ᠤᠨ ᠤ ᠲᠦᠰᠦᠪ ᠤᠨ ᠬᠡᠷᠡᠭᠵᠢᠬᠦᠯᠦᠯᠲᠡ ᠶᠢᠨ ᠪᠠᠶᠢᠳᠠᠯ | 1. ᠡᠩ ᠤᠨ ᠤᠯᠠᠨ ᠨᠡᠶᠢᠲᠡ ᠶᠢᠨ ᠲᠦᠰᠦᠪ | ᠪᠦᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠦᠰᠦᠪ 47.2 ᠳ᠋ᠦᠩᠰᠢᠭᠤᠷ ᠲᠦᠬᠦᠷᠢᠭ᠂ ᠳᠡᠭᠡᠷ᠎ᠡ ᠵᠢᠯ ᠠᠴᠠ 1.72 ᠳ᠋ᠦᠩᠰᠢᠭᠤᠷ ᠲᠦᠬᠦᠷᠢᠭ | ᠨᠡᠮᠡᠭᠳᠡᠵᠦ᠂ 3.8% ᠪᠠᠷ ᠳᠡᠭᠡᠭᠰᠢᠯᠡᠪᠡ᠃ ᠳᠡᠭᠡᠳᠦ ᠱᠠᠲᠤᠨ ᠤ ᠡᠳ᠋ ᠤᠨ ᠵᠠᠰᠠᠭ ᠤᠨ ᠨᠦᠬᠦᠪᠦᠷᠢ ᠣᠷᠣᠯᠭ᠎ᠠ 26.82 ᠳ᠋ᠦᠩᠰᠢᠭᠤᠷ ᠲᠦᠬᠦᠷᠢᠭ᠂ ᠭᠠᠵᠠᠷ | ᠣᠷᠣᠨ ᠤ ᠵᠠᠰᠠᠭ ᠤᠨ ᠣᠷᠳᠣᠨ ᠤ ᠦᠷᠢ ᠶᠢᠨ ᠲᠡᠮᠲᠡᠭᠲᠦ ᠶᠢ ᠰᠢᠯᠵᠢᠬᠦᠯᠦᠭᠰᠡᠨ ᠵᠢᠭᠡᠯᠡᠯᠭᠡ ᠶᠢᠨ ᠣᠷᠣᠯᠭ᠎ᠠ 24.28 ᠳ᠋ᠦᠩᠰᠢᠭᠤᠷ ᠲᠦᠬᠦᠷᠢᠭ᠂ ᠳᠡᠭᠡᠳᠦ ᠵᠢᠯ | ᠤᠨ ᠲᠠᠰᠣᠯᠣᠨ ᠪᠤᠳᠣᠯᠲᠠ ᠶᠢᠨ ᠦᠯᠡᠳᠡᠪᠦᠷᠢ ᠶᠢ ᠰᠢᠯᠵᠢᠬᠦᠯᠦᠭᠰᠡᠨ ᠣᠷᠣᠯᠭ᠎ᠠ 18.14 ᠳ᠋ᠦᠩᠰᠢᠭᠤᠷ ᠲᠦᠬᠦᠷᠢᠭ᠂ ᠲᠦᠰᠦᠪ ᠢ ᠲᠤᠭᠲᠠᠭᠤᠨ ᠪᠠᠶᠢᠯᠭᠠᠬᠤ | ᠲᠤᠬᠢᠷᠠᠭᠤᠯᠤᠯᠲᠠ ᠶᠢᠨ ᠰᠠᠭᠤᠷᠢ ᠮᠦᠩᠬᠦ 1.72 ᠳ᠋ᠦᠩᠰᠢᠭᠤᠷ ᠲᠦᠬᠦᠷᠢᠭ᠂ ᠲᠤᠬᠢᠷᠠᠭᠤᠯᠵᠤ ᠣᠷᠣᠭᠤᠯᠣᠭᠰᠠᠨ ᠪᠡᠯᠡ ᠮᠦᠩᠬᠦ 0.6 ᠳ᠋ᠦᠩᠰᠢᠭᠤᠷ ᠲᠦᠬᠦᠷᠢᠭ᠂ | ᠪᠦᠬᠦ ᠣᠷᠣᠯᠭ᠎ᠠ ᠨᠡᠶᠢᠲᠡ 118.75 ᠳ᠋ᠦᠩᠰᠢᠭᠤᠷ ᠲᠦᠬᠦᠷᠢᠭ᠃ ᠪᠦᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ 71.75 | ᠳ᠋ᠦᠩᠰᠢᠭᠤᠷ ᠲᠦᠬᠦᠷᠢᠭ᠂ ᠨᠢᠳᠣᠨᠤᠨ ᠤ ᠠᠳᠠᠯᠢ ᠬᠤᠭᠤᠴᠠᠭᠠᠨ ᠠᠴᠠ 10.24 ᠳ᠋ᠦᠩᠰᠢᠭᠤᠷ ᠲᠦᠬᠦᠷᠢᠭ ᠨᠡᠮᠡᠭᠳᠡᠵᠦ᠂ 16.6% ᠪᠠᠷ ᠳᠡᠭᠡᠭᠰᠢᠯᠡᠪᠡ᠃ ᠳᠡᠭᠡᠳᠦ | ᠱᠠᠲᠤᠨ ᠤ ᠡᠳ᠋ ᠤᠨ ᠵᠠᠰᠠᠭ ᠤᠨ ᠵᠠᠷᠤᠯᠭ᠎ᠠ 6.97 ᠳ᠋ᠦᠩᠰᠢᠭᠤᠷ ᠲᠦᠬᠦᠷᠢᠭ᠂ ᠣᠷᠣᠨ ᠨᠣᠲᠤᠭ ᠤᠨ ᠵᠠᠰᠠᠭ ᠤᠨ ᠣᠷᠳᠣᠨ ᠤ ᠡᠩ ᠤᠨ ᠦᠷᠢ ᠰᠢᠷᠢ ᠶᠢᠨ | ᠵᠠᠷᠤᠯᠭ᠎ᠠ 19.18 ᠳ᠋ᠦᠩᠰᠢᠭᠤᠷ ᠲᠦᠬᠦᠷᠢᠭ᠂ ᠲᠦᠰᠦᠪ ᠢ ᠲᠤᠭᠲᠠᠭᠤᠨ ᠪᠠᠶᠢᠯᠭᠠᠬᠤ ᠲᠤᠬᠢᠷᠠᠭᠤᠯᠤᠯᠲᠠ ᠶᠢᠨ ᠰᠠᠭᠤᠷᠢ ᠮᠦᠩᠬᠦ 0.69 ᠳ᠋ᠦᠩᠰᠢᠭᠤᠷ ᠲᠦᠬᠦᠷᠢᠭ | ᠢ ᠨᠡᠮᠡᠪᠡᠯ᠂ ᠨᠡᠶᠢᠲᠡ ᠵᠠᠷᠤᠯᠭ᠎ᠠ 98.5 ᠳ᠋ᠦᠩᠰᠢᠭᠤᠷ ᠲᠦᠬᠦᠷᠢᠭ᠃ ᠵᠢᠯ ᠤᠨ ᠡᠴᠦᠰ ᠤᠨ ᠦᠯᠡᠳᠡᠪᠦᠷᠢ ᠮᠦᠩᠬᠦ 20.16 ᠳ᠋ᠦᠩᠰᠢᠭᠤᠷ ᠲᠦᠬᠦᠷᠢᠭ ᠪᠤᠯᠤᠨ᠎ᠠ᠃ | ᠬᠤᠲᠠ ᠠᠴᠠ ᠲᠤᠭᠤᠷᠢᠭ ᠲᠤ ᠰᠢᠯᠵᠢᠬᠦᠯᠦᠭᠰᠡᠨ ᠨᠦᠬᠦᠪᠦᠷᠢ ᠣᠷᠣᠯᠭ᠎ᠠ 26.82 ᠳ᠋ᠦᠩᠰᠢᠭᠤᠷ | ᠲᠦᠬᠦᠷᠢᠭ᠂ 13.9% ᠪᠠᠷ ᠨᠡᠮᠡᠭᠳᠡᠪᠡ᠃ ᠡᠬᠦᠨ ᠳᠤ ᠡᠭᠡᠬᠦᠯᠦᠨ ᠪᠤᠴᠠᠭᠠᠬᠤ ᠴᠢᠨᠠᠷᠲᠠᠢ ᠣᠷᠣᠯᠭ᠎ᠠ 5.87 ᠳ᠋ᠦᠩᠰᠢᠭᠤᠷ ᠲᠦᠬᠦᠷᠢᠭ᠂ ᠡᠩ ᠤᠨ ᠴᠢᠨᠠᠷᠲᠠᠢ | ᠰᠢᠯᠵᠢᠬᠦᠯᠦᠭᠰᠡᠨ ᠣᠷᠣᠯᠭ᠎ᠠ 6.99 ᠳ᠋ᠦᠩᠰᠢᠭᠤᠷ ᠲᠦᠬᠦᠷᠢᠭ᠂ ᠲᠤᠰᠬᠠᠢ ᠲᠦᠷᠦᠯ ᠤᠨ ᠰᠢᠯᠵᠢᠬᠦᠯᠦᠭᠰᠡᠨ ᠣᠷᠣᠯᠭ᠎ᠠ 13.96 ᠳ᠋ᠦᠩᠰᠢᠭᠤᠷ ᠲᠦᠬᠦᠷᠢᠭ | ᠪᠤᠯᠤᠨ᠎ᠠ᠃ | 2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠲᠦᠰᠦᠪ᠃ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ | ᠤ ᠣᠷᠣᠯᠭ᠎ᠠ 3.58 ᠳ᠋ᠦᠩᠰᠢᠭᠤᠷ ᠲᠦᠬᠦᠷᠢᠭ᠂ ᠨᠢᠳᠣᠨᠣᠨ ᠤ ᠠᠳᠠᠯᠢ ᠬᠤᠭᠤᠴᠠᠭᠠᠨ ᠠᠴᠠ 0.18 ᠳ᠋ᠦᠩᠰᠢᠭᠤᠷ ᠲᠦᠬᠦᠷᠢᠭ ᠬᠠᠰᠣᠭᠳᠠᠵᠤ᠂ 4.8% ᠪᠠᠷ | ᠪᠠᠭᠤᠷᠠᠪᠠ᠃ ᠳᠡᠭᠡᠳᠦ ᠱᠠᠲᠤᠨ ᠤ ᠨᠦᠬᠦᠪᠦᠷᠢ ᠶᠢᠨ ᠣᠷᠣᠯᠭ᠎ᠠ 0.32 ᠳ᠋ᠦᠩᠰᠢᠭᠤᠷ ᠲᠦᠬᠦᠷᠢᠭ᠂ ᠰᠢᠨ᠎ᠡ ᠨᠡᠮᠡᠭᠳᠡᠭᠰᠡᠨ ᠲᠤᠰᠬᠠᠢ ᠲᠦᠷᠦᠯ ᠤᠨ ᠵᠢᠭᠡᠯᠡᠯᠭᠡ ᠶᠢᠨ | ᠲᠡᠮᠲᠡᠭᠲᠦ ᠶᠢᠨ ᠣᠷᠣᠯᠭ᠎ᠠ 0.32 ᠳ᠋ᠦᠩᠰᠢᠭᠤᠷ ᠲᠦᠬᠦᠷᠢᠭ᠂ ᠳᠡᠭᠡᠳᠦ ᠵᠢᠯ ᠤᠨ ᠲᠠᠰᠣᠯᠣᠨ ᠪᠤᠳᠤᠯᠲᠠ ᠶᠢᠨ ᠦᠯᠡᠳᠡᠪᠦᠷᠢ ᠣᠷᠣᠯᠭ᠎ᠠ 0.7 ᠳ᠋ᠦᠩᠰᠢᠭᠤᠷ | ᠲᠦᠬᠦᠷᠢᠭ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠣᠷᠣᠯᠭ᠎ᠠ ᠨᠡᠶᠢᠲᠡ 4.92 ᠳ᠋ᠦᠩᠰᠢᠭᠤᠷ ᠲᠦᠬᠦᠷᠢᠭ᠃ ᠪᠦᠬᠦ ᠲᠤᠭᠤᠷᠢᠭ ᠤᠨ ᠵᠠᠰᠠᠭ | ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠵᠠᠷᠤᠯᠭ᠎ᠠ 3.48 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 3.09 ᠳ᠋ᠦᠩᠰᠢᠭᠤᠷ | ᠲᠦᠬᠦᠷᠢᠭ ᠬᠠᠰᠣᠭᠳᠠᠵᠤ᠂ 47% ᠪᠠᠷ ᠪᠠᠭᠤᠷᠠᠪᠠ᠃ ᠲᠤᠬᠢᠷᠠᠭᠤᠯᠵᠤ ᠭᠠᠷᠭᠠᠭᠰᠠᠨ ᠪᠡᠯᠡ ᠮᠦᠩᠭᠦ 0.6 ᠳ᠋ᠦᠩᠰᠢᠭᠤᠷ ᠲᠦᠬᠦᠷᠢᠭ᠂ ᠵᠠᠰᠠᠭ ᠤᠨ ᠣᠷᠳᠣᠨ ᠤ | ᠴᠢᠨᠠᠷᠲᠠᠢ ᠰᠠᠭᠤᠷᠢ ᠮᠦᠩᠬᠦᠨ ᠤ ᠵᠠᠷᠤᠯᠭ᠎ᠠ ᠨᠡᠶᠢᠲᠡ 4.08 ᠳ᠋ᠦᠩᠰᠢᠭᠤᠷ ᠲᠦᠬᠦᠷᠢᠭ᠃ ᠵᠢᠯ ᠤᠨ ᠡᠴᠦᠰ ᠤᠨ ᠲᠠᠰᠣᠯᠤᠨ ᠪᠤᠳᠣᠯᠲᠠ ᠶᠢᠨ ᠦᠯᠡᠳᠡᠪᠦᠷᠢ 0.84 | ᠳ᠋ᠦᠩᠰᠢᠭᠤᠷ ᠲᠦᠬᠦᠷᠢᠭ᠂ ᠲᠤᠭᠲᠠᠭᠠᠯ ᠢᠶᠠᠷ ᠲᠠᠰᠣᠯᠣᠨ ᠪᠤᠳᠣᠯᠲᠠ ᠶᠢ ᠳᠠᠷᠠᠭ᠎ᠠ ᠵᠢᠯ ᠤᠨ ᠲᠣᠰᠬᠠᠢ ᠲᠦᠷᠦᠯ ᠳᠤ ᠰᠢᠯᠵᠢᠬᠦᠯᠦᠨ ᠬᠡᠷᠡᠭᠯᠡᠬᠦ ᠡᠩ ᠤᠨ ᠴᠢᠨᠠᠷᠲᠠᠢ | ᠣᠯᠠᠨ ᠨᠡᠶᠢᠲᠡ ᠶᠢᠨ ᠲᠦᠰᠦᠪ ᠲᠤ ᠣᠷᠣᠭᠤᠯᠵᠤ ᠨᠢᠭᠡᠳᠦᠯᠲᠡᠢ ᠲᠤᠬᠢᠷᠠᠭᠤᠯᠪᠠ᠃ | 3. ᠨᠡᠶᠢᠬᠡᠮ ᠤᠨ ᠪᠠᠲᠤᠯᠠᠭ᠎ᠠ ᠶᠢᠨ ᠰᠠᠭᠤᠷᠢ ᠮᠦᠩᠬᠦᠨ ᠤ ᠲᠦᠰᠦᠪ᠃ 2019 ᠤᠨ ᠤ ᠨᠡᠶᠢᠬᠡᠮ ᠤᠨ ᠪᠠᠲᠤᠯᠠᠭ᠎ᠠ ᠶᠢᠨ ᠰᠠᠭᠤᠷᠢ ᠮᠦᠩᠬᠦᠨ ᠤ ᠶᠡᠷᠦᠩᠬᠡᠢ | ᠣᠷᠣᠯᠭ᠎ᠠ ᠨᠡᠶᠢᠲᠡ 19.04 ᠳ᠋ᠦᠩᠰᠢᠭᠤᠷ ᠲᠦᠬᠦᠷᠢᠭ᠂ ᠡᠬᠦᠨ ᠳᠤ ᠪᠠᠲᠤᠯᠠᠭ᠎ᠠ ᠶᠢᠨ ᠰᠦᠢᠳᠭᠡᠯ ᠤᠨ ᠣᠷᠣᠯᠭ᠎ᠠ 15.4 ᠳ᠋ᠦᠩᠰᠢᠭᠤᠷ ᠲᠦᠬᠦᠷᠢᠭ᠂ ᠬᠦᠦ | ᠮᠦᠩᠬᠦ ᠶᠢᠨ ᠣᠷᠣᠯᠭ᠎ᠠ 0.66 ᠳ᠋ᠦᠩᠰᠢᠭᠤᠷ ᠲᠦᠬᠦᠷᠢᠭ᠂ ᠡᠯ᠎ᠡ ᠡᠳ᠋ ᠤᠨ ᠵᠠᠰᠠᠭ ᠤᠨ ᠨᠦᠬᠦᠪᠦᠷᠢ ᠣᠷᠣᠯᠭ᠎ᠠ 2.77 ᠳ᠋ᠦᠩᠰᠢᠭᠤᠷ ᠲᠦᠬᠦᠷᠢᠭ᠂ ᠰᠢᠯᠵᠢᠬᠦᠯᠦᠨ | ᠢᠷᠡᠭᠰᠡᠨ ᠣᠷᠣᠯᠭ᠎ᠠ 0.19 ᠳ᠋ᠦᠩᠰᠢᠭᠤᠷ ᠲᠦᠬᠦᠷᠢᠭ᠂ ᠪᠤᠰᠤᠳ ᠣᠷᠣᠯᠭ᠎ᠠ 225 ᠲᠦᠮᠡᠨ ᠲᠦᠬᠦᠷᠢᠭ ᠪᠤᠯᠤᠨ᠎ᠠ᠃ 2019 ᠤᠨ ᠤ ᠨᠡᠶᠢᠬᠡᠮ ᠤᠨ ᠪᠠᠲᠤᠯᠠᠭ᠎ᠠ | ᠶᠢᠨ ᠰᠠᠭᠤᠷᠢ ᠮᠦᠩᠬᠦᠨ ᠤ ᠶᠡᠷᠦᠩᠬᠡᠢ ᠵᠠᠷᠤᠯᠭ᠎ᠠ 10.11 ᠳ᠋ᠦᠩᠰᠢᠭᠤᠷ ᠲᠦᠬᠦᠷᠢᠭ᠂ ᠡᠬᠦᠨ ᠳᠤ ᠨᠡᠶᠢᠭᠡᠮ ᠤᠨ ᠪᠠᠲᠤᠯᠠᠭ᠎ᠠ ᠶᠢᠨ ᠣᠯᠭᠤᠮᠵᠢ ᠶᠢᠨ ᠵᠠᠷᠤᠯᠭ᠎ᠠ 9. | 92 ᠳ᠋ᠦᠩᠰᠢᠭᠤᠷ ᠲᠦᠬᠦᠷᠢᠭ᠂ ᠰᠢᠯᠵᠢᠬᠦᠯᠦᠭᠰᠡᠨ ᠵᠠᠷᠤᠯᠭ᠎ᠠ 0.16 ᠳ᠋ᠦᠩᠰᠢᠭᠤᠷ ᠲᠦᠬᠦᠷᠢᠭ᠂ ᠳᠡᠭᠡᠳᠦ ᠱᠠᠲᠤᠨ ᠤ ᠵᠠᠷᠤᠯᠭ᠎ᠠ 294 ᠲᠦᠮᠡᠨ ᠲᠦᠬᠦᠷᠢᠭ᠂ | ᠪᠤᠰᠣᠳ ᠵᠠᠷᠤᠯᠭ᠎ᠠ 67 ᠲᠦᠮᠡᠨ ᠲᠦᠬᠦᠷᠢᠭ ᠪᠠᠭᠲᠠᠨ᠎ᠠ᠃ ᠡᠯ᠎ᠡ ᠲᠦᠷᠦᠯ ᠤᠨ ᠨᠡᠶᠢᠬᠡᠮ ᠤᠨ ᠪᠠᠲᠤᠯᠠᠭ᠎ᠠ ᠶᠢᠨ ᠲᠤᠰ ᠵᠢᠯ ᠤᠨ ᠣᠷᠣᠯᠭ᠎ᠠ ᠵᠠᠷᠤᠯᠭ᠎ᠠ ᠶᠢᠨ | ᠦᠯᠡᠳᠡᠪᠦᠷᠢ 8.93 ᠳ᠋ᠦᠩᠰᠢᠭᠤᠷ ᠲᠦᠬᠦᠷᠢᠭ᠂ ᠵᠢᠯ ᠤᠨ ᠡᠴᠦᠰ ᠤᠨ ᠦᠯᠡᠳᠡᠪᠦᠷᠢ ᠮᠦᠩᠬᠦ 68 ᠳ᠋ᠦᠩᠰᠢᠭᠤᠷ ᠲᠦᠬᠦᠷᠢᠭ ᠪᠤᠯᠤᠨ᠎ᠠ᠃ | 4. ᠣᠯᠣᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠦᠰᠦᠪ᠃ ᠪᠦᠬᠦ ᠲᠤᠭᠤᠷᠢᠭ ᠤᠨ ᠣᠯᠣᠰ ᠤᠨ ᠦᠮᠴᠢᠯᠡᠯᠲᠦ ᠬᠦᠷᠦᠩᠭᠡ ᠶᠢᠨ | ᠡᠵᠡᠩᠨᠡᠯᠲᠡ ᠶᠢᠨ ᠲᠦᠰᠦᠪ ᠤᠨ ᠣᠷᠣᠯᠭ᠎ᠠ 424 ᠲᠦᠮᠡᠨ ᠲᠦᠬᠦᠷᠢᠭ ᠢ ᠪᠠᠶᠠᠯᠡᠬᠦᠯᠵᠦ᠂ ︽ᠣᠷᠳᠣᠰ ᠬᠤᠲᠠ ᠶᠢᠨ ᠰᠢᠭᠤᠳ ᠬᠠᠷᠢᠶ᠎ᠠ ᠠᠵᠤ ᠠᠬᠤᠶᠢᠯᠠᠯ ᠤᠨ | ᠣᠯᠣᠰ ᠤᠨ ᠦᠮᠴᠢᠯᠡᠯᠲᠦ ᠬᠦᠷᠦᠩᠭᠡ ᠶᠢᠨ ᠠᠰᠢᠭ ᠣᠷᠣᠯᠭ᠎ᠠ ᠶᠢ ᠬᠤᠷᠢᠶᠠᠬᠤ ᠬᠠᠮᠢᠶᠠᠷᠤᠯᠲᠠ ᠶᠢᠨ ᠲᠦᠷ ᠬᠡᠷᠡᠭᠵᠢᠬᠦᠯᠬᠦ ᠠᠷᠭ᠎ᠠ︾ ᠶᠢ ᠦᠨᠳᠦᠰᠦᠯᠡᠨ ᠬᠤᠷᠢᠶᠠᠵᠤ | ᠵᠠᠷᠤᠬᠤ ᠶᠢ ᠲᠤᠭᠲᠠᠭᠠᠵᠤ᠂ ᠣᠯᠠᠨ ᠲᠤᠭ᠎ᠠ ᠵᠢᠭᠰᠠᠭᠠᠬᠤ ᠦᠬᠡᠢ ᠵᠠᠷᠴᠢᠮ ᠢᠶᠠᠷ ᠪᠦᠬᠦᠳᠡ ᠶᠢ ᠡᠩ ᠤᠨ ᠣᠯᠠᠨ ᠨᠡᠶᠢᠲᠡ ᠶᠢᠨ ᠲᠦᠰᠦᠪ ᠲᠤ ᠤᠷᠤᠭᠤᠯᠵᠤ | ᠨᠢᠭᠡᠳᠦᠯᠲᠡᠢ ᠲᠤᠬᠢᠷᠠᠭᠤᠯᠤᠨ ᠬᠡᠷᠡᠭᠯᠡᠪᠡ᠃ ᠳᠡᠭᠡᠷᠡᠬᠢ ᠲᠤᠭ᠎ᠠ ᠪᠠᠷᠢᠮᠲᠠ ᠨᠢ ᠡᠳ᠋ ᠤᠨ ᠵᠠᠰᠠᠭ ᠤᠨ 2019 ᠤᠨ ᠤ 12 ᠰᠠᠷ᠎ᠠ ᠶᠢᠨ ᠲᠠᠰᠣᠯᠣᠨ ᠪᠤᠳᠣᠯᠲᠠ ᠶᠢᠨ | ᠲᠤᠭ᠎ᠠ ᠮᠠᠭᠠᠳ ᠪᠤᠯᠤᠨ᠎ᠠ᠃ ᠵᠢᠩᠬᠢᠨᠢ ᠳᠠᠰᠣᠯᠣᠨ ᠪᠤᠳᠣᠯᠲᠠ ᠶᠢᠨ ᠲᠤᠭ᠎ᠠ ᠮᠠᠭᠠᠳ ᠢ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠢᠨᠠᠨ | ᠵᠦᠪᠰᠢᠶᠡᠷᠡᠭᠰᠡᠨ ᠤ ᠳᠠᠷᠠᠭ᠎ᠠ ᠴᠠᠭ ᠳᠠᠷᠤᠢ ᠳᠤ ᠨᠢ ᠬᠠᠤᠯᠢ ᠶᠤᠰᠤ ᠪᠠᠷ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠬᠠᠷᠢᠭᠤ ᠮᠡᠳᠡᠬᠦᠯᠦᠨ᠎ᠡ᠃ | ︵ᠬᠤᠶᠠᠷ︶ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯ ᠤᠨ ᠰᠢᠢᠳᠪᠦᠷᠢ | ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ | ᠡᠳ᠋ ᠤᠨ ᠵᠠᠰᠠᠭ ᠤᠨ ᠣᠷᠣᠯᠭ᠎ᠠ ᠲᠤᠭᠲᠠᠭᠤᠨ ᠪᠠᠶᠢᠳᠠᠯ ᠳᠣᠣᠷ᠎ᠠ ᠨᠡᠮᠡᠭᠳᠡᠪᠡ᠃ 2019 ᠤᠨ ᠳᠤ ᠠᠵᠤ ᠠᠬᠤᠢ ᠶᠢᠨ ᠳᠠᠷᠤᠭᠠᠰᠣ ᠶᠡᠭᠡ᠂ ᠭᠠᠶᠢᠯᠢ ᠶᠢ | ᠬᠠᠰᠣᠵᠤ ᠰᠦᠢᠳᠭᠡᠯ ᠢ ᠪᠠᠭᠤᠷᠠᠭᠤᠯᠬᠤ᠂ ᠡᠳ᠋ ᠤᠨ ᠵᠠᠰᠠᠭ ᠤᠨ ᠣᠷᠣᠯᠭ᠎ᠠ ᠪᠦᠲᠦᠴᠡ ᠶᠢᠨ ᠴᠢᠨᠠᠷᠲᠠᠢ ᠬᠠᠰᠣᠭᠳᠠᠭᠰᠠᠨ ᠵᠡᠷᠭᠡ ᠡᠯ᠎ᠡ ᠵᠦᠢᠯ ᠤᠨ ᠠᠰᠢᠭ ᠦᠬᠡᠢ | ᠡᠯᠧᠮᠧᠨ᠋ᠲ ᠣᠯᠠᠰᠢᠷᠠᠭᠰᠠᠨ ᠪᠠᠶᠢᠳᠠᠯ ᠳᠣᠣᠷ᠎ᠠ ᠪᠢᠳᠡ ᠲᠤᠭᠲᠠᠭᠤᠨ ᠤ ᠳᠣᠮᠳᠠ ᠣᠷᠣᠯᠭ᠎ᠠ ᠪᠠᠨ ᠨᠡᠮᠡᠭᠳᠡᠬᠦᠯᠬᠦ ᠠᠵᠢᠯ ᠢ ᠢᠮᠠᠭᠲᠠ ᠪᠠᠷᠢᠮᠲᠠᠯᠠᠨ᠂ ᠣᠷᠣᠯᠭ᠎ᠠ ᠶᠢ | ᠠᠳᠬᠤᠬᠤ᠂ ᠦᠷᠢ ᠰᠢᠷᠢ ᠶᠢ ᠰᠢᠢᠳᠪᠦᠷᠢᠯᠡᠬᠦ᠂ ᠲᠦᠭᠰᠢᠬᠦᠷᠢ ᠶᠢ ᠰᠡᠷᠭᠡᠶᠢᠯᠡᠬᠦ ᠶᠢ ᠬᠦᠳᠡᠯᠦᠩᠬᠦᠢ ᠪᠠᠷ ᠠᠳᠬᠤᠨ ᠨᠠᠷᠢᠨ ᠬᠢᠨᠠᠮᠠᠭᠠᠢ ᠪᠠᠷ ᠵᠠᠳᠠᠯᠤᠯᠲᠠ ᠬᠢᠵᠦ᠂ ᠵᠦᠪ | ᠣᠨᠣᠪᠴᠢᠲᠠᠢ ᠪᠠᠷ ᠮᠠᠭᠠᠳᠯᠠᠨ᠂ ᠡᠳ᠋ ᠤᠨ ᠵᠠᠰᠠᠭ ᠤᠨ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳ᠋ ᠤᠨ ᠵᠠᠰᠠᠭ ᠤᠨ ᠡᠯ᠎ᠡ ᠵᠦᠢᠯ ᠤᠨ | ᠣᠷᠣᠯᠭ᠎ᠠ ᠶᠢᠨ ᠲᠤᠭᠲᠠᠭᠤᠨ ᠢᠶᠠᠷ ᠨᠡᠮᠡᠭᠳᠡᠬᠦ ᠶᠢ ᠪᠠᠲᠤᠯᠠᠪᠠ᠃ ᠨᠢᠭᠡ ᠳᠤ᠂ ᠪᠦᠬᠦ ᠲᠤᠭᠤᠷᠢᠭ ᠤᠨ ᠣᠷᠣᠯᠭ᠎ᠠ ᠶᠢᠨ ᠠᠵᠢᠯ ᠢ ᠨᠢᠭᠡᠳᠦᠯᠲᠡᠢ ᠲᠦᠯᠦᠪᠯᠡᠨ | ᠣᠬᠠᠭᠠᠯᠠᠵᠤ᠂ ᠣᠷᠣᠯᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠪᠠᠷ ᠲᠤᠤᠱᠯᠠᠭᠤᠯᠵᠤ᠂ ᠲᠤᠭᠲᠠᠮᠠᠯ ᠬᠤᠭᠤᠴᠠᠭ᠎ᠠ ᠲᠠᠢ ᠪᠠᠷ ᠣᠷᠣᠯᠭ᠎ᠠ ᠶᠢᠨ | ᠠᠬᠢᠴᠠ ᠶᠢ | ᠲᠤᠬᠢᠷᠠᠭᠤᠯᠵᠤ᠂ ᠲᠠᠲᠠᠪᠤᠷᠢᠯᠠᠨ ᠬᠠᠮᠢᠶᠠᠷᠬᠤ ᠲᠤᠭᠲᠠᠯᠴᠠᠭ᠎ᠠ ᠶᠢ ᠪᠦᠷᠢᠨᠰᠢᠬᠦᠯᠵᠦ᠂ ᠬᠤᠷᠢᠶᠠᠬᠤ ᠵᠤᠬᠢᠰᠲᠠᠢ ᠶᠢ ᠨᠢ ᠬᠤᠷᠢᠶᠠᠬᠤ᠂ ᠪᠦᠬᠦᠨ ᠢ ᠬᠤᠷᠢᠶᠠᠬᠤ ᠶᠢ | ᠪᠠᠷᠢᠮᠲᠠᠯᠠᠨ᠂ ᠪᠦᠬᠦ ᠵᠢᠯ ᠤᠨ ᠡᠩ ᠤᠨ ᠣᠯᠠᠨ ᠨᠡᠶᠢᠲᠡ ᠶᠢᠨ ᠲᠦᠰᠦᠪ ᠤᠨ ᠣᠷᠣᠯᠭ᠎ᠠ ᠶᠢ ᠠᠳᠠᠯᠢ ᠵᠢᠯ ᠤᠨ ᠬᠢ ᠠᠴᠠ 3.8% ᠪᠠᠷ ᠨᠡᠮᠡᠭᠳᠡᠬᠦᠯᠪᠡ᠃ ᠬᠤᠶᠠᠷ | ᠲᠤ᠂ ᠭᠤᠤᠯᠳᠠᠯᠭᠠᠲᠤ ᠭᠠᠶᠢᠯᠢ ᠶᠢᠨ ᠢᠷᠡᠯᠲᠡ ᠶᠢᠨ ᠲᠠᠲᠠᠪᠤᠷᠢᠯᠠᠨ ᠬᠠᠮᠢᠶᠠᠷᠬᠤ ᠶᠢ ᠦᠷᠬᠦᠯᠵᠢᠯᠡᠨ ᠴᠢᠩᠭᠠᠳᠬᠠᠵᠤ᠂ ᠭᠠᠶᠢᠯᠢ ᠬᠤᠷᠢᠶᠠᠬᠤ ᠲᠦᠷᠦ ᠶᠢᠨ ᠪᠤᠳᠣᠯᠭ᠎ᠠ | ᠶᠢᠨ ᠰᠢᠨ᠎ᠡ ᠬᠤᠪᠢᠷᠠᠯᠲᠠ᠂ ᠰᠢᠨ᠎ᠡ ᠬᠠᠨᠳᠣᠰᠢ ᠶᠢ ᠦᠨᠳᠦᠰᠦᠯᠡᠨ᠂ ᠭᠠᠶᠢᠯᠢ ᠶᠢᠨ ᠢᠷᠡᠯᠲᠡ ᠪᠦᠬᠦᠢ ᠭᠤᠤᠯᠳᠠᠯᠭᠠᠲᠤ ᠠᠵᠤ ᠠᠬᠤᠶᠢᠯᠠᠯ ᠤᠨ ᠦᠢᠯᠡᠳᠬᠦᠨ ᠤ | ᠪᠤᠷᠤᠯᠠᠭᠤᠯᠤᠯᠲᠠ ᠳᠤ ᠵᠠᠳᠠᠯᠤᠯᠲᠠ ᠬᠢᠬᠦ ᠶᠢ | ᠴᠢᠩᠭᠠᠳᠬᠠᠵᠤ᠂ ᠭᠤᠤᠯᠳᠠᠯᠭᠠᠲᠤ ᠭᠠᠶᠢᠯᠢ ᠶᠢᠨ ᠢᠷᠡᠯᠲᠡ ᠶᠢᠨ ᠠᠵᠤ ᠠᠬᠤᠶᠢᠯᠠᠯ ᠤᠨ ᠦᠢᠯᠡᠳᠬᠦᠨ ᠤ ᠪᠤᠷᠤᠯᠠᠭᠤᠯᠤᠯᠲᠠ ᠶᠢᠨ ᠪᠠᠶᠢᠳᠠᠯ ᠢ ᠨᠢᠭᠲᠠ ᠠᠩᠬᠠᠷᠴᠤ᠂ | ᠴᠠᠭ ᠳᠠᠷᠤᠢ ᠳᠤᠨᠢ ᠭᠠᠶᠢᠯᠢ ᠶᠢᠨ ᠢᠷᠡᠯᠲᠡ ᠶᠢᠨ ᠭᠤᠤᠯᠳᠠᠯᠭᠠᠲᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠭᠤᠤᠯᠳᠠᠯᠭᠠᠲᠤ ᠭᠠᠶᠢᠯᠢ ᠶᠢᠨ ᠢᠷᠡᠯᠲᠡ | ᠶᠢᠨ ᠣᠷᠣᠯᠭ᠎ᠠ ᠶᠢ ᠬᠦᠮᠦᠷᠭᠡᠯᠡᠬᠦ ᠶᠢ ᠪᠠᠲᠤᠯᠠᠵᠤ᠂ ᠪᠦᠬᠦ ᠵᠢᠯ ᠳᠤ ᠲᠤᠰ ᠱᠠᠲᠤᠨ ᠤ ᠭᠠᠶᠢᠯᠢ ᠶᠢᠨ ᠣᠷᠣᠯᠭ᠎ᠠ ᠶᠢ 40.55 ᠳ᠋ᠦᠩᠰᠢᠭᠤᠷ ᠲᠦᠬᠦᠷᠢᠭ ᠪᠡᠶᠡᠯᠡᠬᠦᠯᠪᠡ | ᠃ ᠭᠤᠷᠪᠠ ᠳᠤ᠂ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠲᠤᠰᠢᠶᠠᠬᠤ ᠠᠵᠢᠯ ᠢ ᠬᠦᠨᠵᠡᠭᠡᠢ ᠠᠬᠢᠭᠤᠯᠵᠤ᠂ ᠭᠠᠶᠢᠯᠢ ᠶᠢᠨ ᠪᠤᠰᠣ ᠣᠷᠣᠯᠭ᠎ᠠ ᠶᠢᠨ ᠪᠤᠳᠠᠳᠣ | ᠪᠠᠶᠢᠳᠠᠯ ᠤᠨ ᠬᠢᠨᠠᠨ ᠬᠠᠮᠢᠶᠠᠷᠤᠯᠲᠠ ᠶᠢ ᠰᠠᠶᠢᠲᠤᠷ ᠪᠡᠶᠡᠯᠡᠬᠦᠯᠵᠦ᠂ ᠨᠡᠬᠦᠷᠡᠰᠦᠨ ᠤ ᠦᠨ᠎ᠡ ᠬᠠᠩᠰᠢ ᠶᠢᠨ ᠲᠤᠬᠢᠷᠠᠭᠤᠯᠤᠯᠲᠠ ᠶᠢᠨ ᠰᠠᠭᠤᠷᠢ ᠮᠦᠩᠬᠦ᠂ ᠣᠰᠣ ᠰᠢᠷᠤᠢ | ᠶᠢᠨ ᠪᠠᠲᠤᠯᠠᠯᠲᠠ ᠶᠢᠨ ᠰᠦᠢᠳᠭᠡᠯ᠂ ᠲᠤᠷᠭᠤᠭᠠᠵᠤ ᠬᠤᠷᠢᠶᠠᠭᠰᠠᠨ ᠣᠷᠣᠯᠭ᠎ᠠ ᠶᠢ ᠲᠠᠲᠠᠪᠤᠷᠢᠯᠠᠨ ᠲᠤᠰᠢᠶᠠᠬᠤ ᠡᠷᠴᠢᠮ ᠢ ᠴᠢᠩᠭᠠᠳᠬᠠᠵᠤ᠂ ᠪᠦᠬᠦ ᠵᠢᠯ ᠳᠤ ᠭᠠᠶᠢᠯᠢ | ᠶᠢᠨ ᠪᠤᠰᠣ ᠣᠷᠣᠯᠭ᠎ᠠ ᠶᠢ 6.64 ᠳ᠋ᠦᠩᠰᠢᠭᠤᠷ ᠲᠦᠬᠦᠷᠢᠭ ᠢ ᠪᠡᠶᠡᠯᠡᠬᠦᠯᠪᠡ᠃ ᠳᠦᠷᠪᠡ ᠳᠤ᠂ ︽ᠭᠠᠶᠢᠯᠢ ᠶᠢ ᠶᠠᠷᠦᠩᠬᠡᠶᠢᠯᠡᠨ ᠵᠠᠰᠠᠬᠤ ︾ ᠠᠵᠢᠯ ᠢ ᠪᠦᠬᠦ ᠲᠠᠯ᠎ᠠ | ᠪᠠᠷ ᠦᠷᠨᠢᠬᠦᠯᠵᠦ᠂ ᠨᠠᠮ ᠵᠠᠰᠠᠭ ᠤᠨ ᠣᠳᠣᠷᠢᠳᠣᠯᠭ᠎ᠠ᠂ ᠭᠠᠶᠢᠯᠢ ᠶᠢᠨ ᠶᠠᠪᠤᠳᠠᠯ ᠤᠨ ᠭᠤᠤᠯ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠠᠮᠵᠢᠯᠴᠠᠭ᠎ᠠ᠂ ᠨᠡᠶᠢᠬᠡᠮ | ᠤᠨ ᠲᠤᠬᠢᠷᠠᠯᠴᠠᠭ᠎ᠠ᠂ ᠣᠯᠠᠨ ᠨᠡᠶᠢᠲᠡ ᠶᠢᠨ ᠣᠷᠣᠯᠴᠠᠯᠭ᠎ᠠ ᠪᠦᠬᠦᠢ ᠭᠠᠶᠢᠯᠢ ᠶᠢ ᠶᠡᠷᠦᠩᠬᠡᠶᠢᠯᠡᠨ ᠵᠠᠰᠠᠬᠤ ᠠᠵᠢᠯ ᠤᠨ ᠪᠦᠲᠦᠴᠡ ᠶᠢ ᠪᠦᠷᠢᠨᠰᠢᠬᠦᠯᠵᠦ᠂ ︽ | ᠭᠡᠭᠡᠭᠳᠡᠬᠦᠯᠵᠦ ᠣᠷᠬᠢᠭᠳᠠᠭᠤᠯᠬᠤ︾ ᠶᠢ ᠡᠷᠡᠰ ᠬᠤᠷᠢᠭᠯᠠᠨ᠂ ᠪᠦᠬᠦ ᠵᠢᠯ ᠳᠤ ᠢᠯᠭᠠᠷᠠᠭᠤᠯᠤᠨ ᠲᠤᠰᠢᠶᠠᠭᠰᠠᠨ ᠡᠯ᠎ᠡ ᠲᠦᠷᠦᠯ ᠭᠠᠶᠢᠯᠢ ᠶᠢᠨ ᠰᠦᠢᠳᠭᠡᠯ 4.5 | ᠳ᠋ᠦᠩᠰᠢᠭᠤᠷ ᠲᠦᠬᠦᠷᠢᠭ ᠲᠤ ᠬᠦᠷᠪᠡ᠃ ᠲᠠᠪᠤ ᠳᠤ᠂ ᠣᠯᠣᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢ ᠶᠡᠭᠡ ᠪᠠᠷ ᠬᠢᠵᠦ ᠬᠦᠴᠦᠷᠭᠡᠭᠵᠢᠬᠦᠯᠦᠨ ᠣᠯᠣᠰ | ᠤᠨ ᠦᠮᠴᠢᠯᠡᠯᠲᠦ ᠠᠵᠤ ᠠᠬᠤᠶᠢᠯᠠᠯ ᠢ ᠣᠳᠣᠬᠢᠴᠢᠯᠠᠭᠰᠠᠨ ᠠᠵᠤ ᠠᠬᠤᠶᠢᠯᠠᠯ ᠪᠤᠯᠭᠠᠨ ᠪᠠᠶᠢᠭᠤᠯᠬᠤ ᠳᠦᠷᠢᠮ ᠢ ᠠᠬᠢᠭᠤᠯᠵᠤ᠂ ᠣᠯᠣᠰ ᠤᠨ ᠦᠮᠴᠢᠯᠡᠯᠲᠦ | ᠬᠦᠷᠦᠩᠭᠡ ᠶᠢᠨ ᠡᠵᠡᠩᠨᠡᠯᠲᠡ ᠶᠢᠨ ᠠᠰᠢᠭ ᠢ ᠳᠡᠭᠡᠭᠰᠢᠯᠡᠬᠦᠯᠵᠦ᠂ ᠣᠯᠣᠰ ᠤᠨ ᠦᠮᠴᠢᠯᠡᠯᠲᠦ ᠬᠦᠷᠦᠩᠭᠡ ᠶᠢᠨ ᠠᠵᠤ ᠠᠬᠤᠢ ᠳᠤ ᠲᠤᠯᠭᠠᠭᠤᠷᠢᠯᠠᠬᠤ ᠦᠢᠯᠡᠳᠦᠯ ᠢ | ᠪᠠᠳᠠᠷᠠᠭᠤᠯᠵᠤ᠂ ᠪᠦᠬᠦ ᠵᠢᠯ ᠳᠤ ᠣᠯᠣᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠣᠷᠣᠯᠭ᠎ᠠ ᠶᠢ 424 ᠲᠦᠮᠡᠨ ᠲᠦᠬᠦᠷᠢᠭ ᠪᠡᠶᠡᠯᠡᠬᠦᠯᠪᠡ᠃ | ᠵᠢᠷᠭᠤᠭ᠎ᠠ ᠳᠤ᠂ ᠳᠡᠭᠡᠳᠦ ᠱᠠᠲᠤᠨ ᠤ ᠪᠡᠯᠡ ᠮᠦᠩᠬᠦ ᠶᠢ ᠲᠡᠮᠡᠴᠡᠨ ᠣᠯᠬᠤ ᠬᠦᠴᠦᠯᠡᠵᠡ ᠶᠢ ᠨᠡᠮᠡᠭᠳᠡᠬᠦᠯᠵᠦ᠂ ᠬᠠᠮᠤᠭ ᠤᠨ ᠶᠡᠭᠡ ᠬᠡᠮᠵᠢᠶᠡᠲᠦ ᠣᠷᠣᠨ ᠨᠤᠲᠤᠭ ᠤᠨ | ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠲᠡᠭ᠂ ᠲᠤᠰᠬᠠᠢ ᠲᠦᠷᠦᠯ ᠤᠨ ᠪᠡᠯᠡ ᠮᠦᠩᠬᠦ ᠶᠢ ᠲᠡᠮᠡᠴᠡᠨ ᠤᠯᠵᠤ᠂ ᠦᠷ᠎ᠡ ᠪᠦᠲᠦᠮᠵᠢᠲᠡᠢ ᠪᠠᠷ ᠣᠷᠣᠯᠭ᠎ᠠ ᠪᠠᠨ | ᠨᠡᠮᠡᠭᠳᠡᠬᠦᠯᠵᠦ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠬᠦᠯᠦᠨ᠂ ᠪᠦᠬᠦ ᠵᠢᠯ ᠳᠤ ᠳᠡᠭᠡᠳᠦ ᠱᠠᠲᠤᠨ ᠠᠴᠠ ᠰᠢᠯᠵᠢᠬᠦᠯᠦᠨ ᠦᠭᠬᠦᠭᠰᠡᠨ 13. | 96 ᠳ᠋ᠦᠩᠰᠢᠭᠤᠷ ᠲᠦᠬᠦᠷᠢᠭ ᠂ ᠡᠯ᠎ᠡ ᠲᠦᠷᠦᠯ ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠲᠡᠭ ᠢ 5.42 ᠳ᠋ᠦᠩᠰᠢᠭᠤᠷ ᠲᠦᠬᠦᠷᠢᠭ ᠲᠤ ᠬᠦᠷᠭᠡᠵᠡᠢ᠃ | ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠪᠠ᠃ ᠲᠦᠷᠦ ᠶᠢᠨ ᠪᠤᠳᠣᠯᠭ᠎ᠠ ᠪᠤᠯᠤᠨ ᠪᠡᠯᠡ ᠮᠦᠩᠬᠦᠨ ᠤ ᠦᠢᠯᠡᠳᠦᠯ ᠢ ᠭᠦᠢᠴᠡᠳ | ᠠᠰᠢᠭᠯᠠᠨ᠂ ᠲᠣᠨᠤᠭ ᠲᠦᠬᠦᠭᠡᠷᠦᠮᠵᠢ ᠦᠢᠯᠡᠳᠬᠦ ᠦᠢᠯᠡᠰ᠂ ᠣᠯᠠᠮᠵᠢᠯᠠᠯᠲᠤ ᠠᠵᠤ ᠦᠢᠯᠡᠰ᠂ ᠣᠳᠣᠬᠢᠴᠢᠯᠠᠭᠰᠠᠨ ᠦᠢᠯᠡᠴᠢᠯᠡᠭᠡ ᠶᠢᠨ ᠦᠢᠯᠡᠰ ᠵᠡᠷᠭᠡ ᠰᠢᠨ᠎ᠡ | ᠬᠡᠯᠪᠡᠷᠢ ᠶᠢᠨ ᠠᠵᠤ ᠦᠢᠯᠡᠰ ᠤᠨ ᠴᠢᠨᠠᠷ ᠦᠷ᠎ᠡ ᠠᠰᠢᠭ ᠢ ᠲᠤᠭᠲᠠᠭᠤᠨ ᠢᠶᠠᠷ ᠳᠡᠭᠡᠭᠰᠢᠯᠡᠬᠦᠯᠬᠦ ᠶᠢ ᠬᠦᠴᠦᠲᠡᠢ ᠳᠡᠮᠵᠢᠵᠦ᠂ ᠣᠯᠠᠮᠵᠢᠯᠠᠯᠲᠤ ᠡᠳ᠋ ᠪᠠᠶᠠᠯᠢᠭ ᠤᠨ | ᠰᠣᠷᠪᠤᠯᠵᠢ ᠶᠢ ᠪᠠᠲᠤᠳᠬᠠᠵᠤ᠂ ᠰᠢᠨ᠎ᠡ ᠬᠡᠯᠪᠡᠷᠢ ᠶᠢᠨ ᠡᠳ᠋ ᠪᠠᠶᠠᠯᠢᠭ ᠤᠨ ᠰᠣᠷᠪᠤᠯᠵᠢ ᠶᠢ ᠪᠤᠶᠢᠵᠢᠭᠤᠯᠪᠠ᠃ ᠨᠢᠭᠡ ᠳᠤ᠂ ᠲᠤᠨᠤᠭ ᠲᠦᠬᠦᠭᠡᠷᠦᠮᠵᠢ ᠦᠢᠯᠡᠳᠬᠦ | ᠦᠢᠯᠡᠰ ᠢ ᠦᠷᠬᠦᠯᠵᠢᠯᠡᠨ ᠳᠡᠮᠵᠢᠨ ᠲᠤᠰᠠᠯᠠᠵᠤ᠂ ᠬᠦᠷᠢᠶᠡᠯᠡᠩ ᠲᠤᠭᠤᠷᠢᠭ ᠤᠨ ᠠᠵᠤ ᠦᠢᠯᠡᠰ ᠤᠨ ᠣᠷᠣᠨ ᠪᠠᠶᠢᠷᠢ ᠶᠢ ᠲᠤᠭᠲᠠᠭᠠᠵᠤ᠂ ᠲᠤᠰᠬᠠᠢ ᠲᠦᠷᠦᠯ ᠵᠦᠢᠯ | ᠢ ᠦᠭᠬᠦ᠂ ᠲᠦᠷᠦ ᠶᠢᠨ ᠪᠤᠳᠣᠯᠭ᠎ᠠ ᠶᠢᠨ ᠬᠠᠷᠠᠭᠠᠯᠵᠠᠯᠠᠯ ᠢ ᠣᠯᠭᠤᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠲᠤᠨᠤᠭ ᠲᠦᠬᠦᠭᠡᠷᠦᠮᠵᠢ | ᠦᠢᠯᠡᠳᠬᠦ ᠠᠵᠤ ᠦᠢᠯᠡᠰ ᠤᠨ ᠦᠢᠯᠡᠳᠪᠦᠷᠢᠯᠡᠯ ᠤᠨ ᠬᠡᠪᠴᠢᠶᠡᠵᠢᠯ ᠪᠤᠯᠤᠨ ᠵᠠᠬ᠎ᠠ ᠳᠡᠯᠭᠡᠬᠦᠷ ᠤᠨ ᠬᠠᠷᠢᠴᠠᠯ ᠢ ᠲᠠᠰᠣᠷᠠᠯᠲᠠ ᠦᠬᠡᠢ ᠳᠡᠭᠡᠭᠰᠢᠯᠡᠬᠦᠯᠵᠦ᠂ ᠣᠷᠳᠣᠰ | ᠤᠨ ᠲᠤᠨᠤᠭ ᠲᠦᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠲᠡᠰ ᠨᠡᠮᠡᠭᠳᠡᠨ ᠦᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠦᠢᠯᠡᠳᠪᠦᠷᠢ ᠶᠢᠨ ᠲᠤᠭᠤᠷᠢᠭ | ᠪᠤᠯᠬᠤ ᠶᠢ ᠬᠦᠴᠦᠯᠡᠨ ᠳᠡᠮᠵᠢᠵᠦ᠂ ᠪᠦᠬᠦ ᠵᠢᠯ ᠳᠤ ᠡᠯ᠎ᠡ ᠲᠦᠷᠦᠯ ᠤᠨ ᠲᠦᠷᠦ ᠶᠢᠨ ᠪᠤᠳᠣᠯᠭ᠎ᠠ ᠶᠢᠨ ᠴᠢᠨᠠᠷᠲᠠᠢ ᠳᠡᠳᠬᠦᠨ ᠳᠡᠮᠵᠢᠬᠦ ᠪᠡᠯᠡ ᠮᠦᠩᠬᠦ ᠶᠢ 1.82 | ᠳ᠋ᠦᠩᠰᠢᠭᠤᠷ ᠲᠦᠬᠦᠷᠢᠭ ᠪᠠᠭᠤᠯᠭᠠᠨ ᠵᠠᠷᠤᠴᠠᠭᠤᠯᠪᠠ᠃ ᠬᠤᠶᠠᠷ ᠲᠤ᠂ ᠣᠯᠠᠮᠵᠢᠯᠠᠯᠲᠤ ᠠᠵᠤ ᠦᠢᠯᠡᠰ ᠢ ᠬᠦᠨᠵᠡᠭᠡᠢ ᠠᠬᠢᠭᠤᠯᠤᠨ ᠪᠤᠵᠠᠭᠠᠶᠢᠷᠠᠭᠤᠯᠵᠤ᠂ ᠢᠮᠠᠭᠠᠨ | ᠨᠤᠯᠤᠤᠷ ᠤᠨ ᠦᠢᠯᠡᠰ ᠢ ᠬᠦᠭᠵᠢᠬᠦᠯᠬᠦ ᠲᠦᠯᠦᠪᠯᠡᠭᠡ ᠶᠢ ᠢᠳᠡᠪᠬᠢᠲᠡᠢ ᠳᠡᠮᠵᠢᠵᠦ᠂ ᠣᠯᠠᠨ ᠣᠯᠣᠰ ᠤᠨ ᠨᠣᠣᠰᠣ ᠨᠤᠯᠤᠤᠷ ᠤᠨ ᠶᠠᠷᠢᠯᠴᠠᠨ ᠰᠣᠳᠣᠯᠬᠤ ᠬᠤᠷᠠᠯ | ᠵᠢᠴᠢ ᠳᠡᠯᠬᠡᠨ ᠦᠵᠡᠬᠦᠯᠦᠯᠭᠡ ᠶᠢ ᠠᠮᠵᠢᠯᠲᠠ ᠲᠠᠢ ᠡᠷᠬᠢᠯᠡᠪᠡ︔ ᠨᠡᠬᠦᠷᠡᠰᠦᠨ ᠤ ᠠᠵᠢᠯ ᠲᠦᠷᠦᠯ ᠤᠨ ᠦᠷᠢᠰᠦᠯᠳᠦᠭᠡᠨ ᠢᠶᠠᠨ ᠨᠡᠮᠡᠭᠳᠡᠬᠦᠯᠬᠦ ᠭᠤᠷᠪᠠᠨ ᠵᠢᠯ ᠤᠨ | ᠠᠵᠢᠯ ᠤᠨ ᠲᠦᠯᠦᠪᠯᠡᠭᠡ ᠶᠢ ᠳᠡᠮᠵᠢᠵᠦ᠂ ᠨᠡᠬᠦᠷᠡᠰᠦᠨ ᠤ ᠠᠵᠤ ᠦᠢᠯᠡᠰ ᠤᠨ ᠪᠤᠬᠢᠷᠳᠣᠯ ᠦᠬᠡᠢ ᠬᠦᠭᠵᠢᠬᠦᠯᠦᠯᠲᠡ᠂ ᠣᠶᠣᠨᠴᠢᠯᠠᠯᠲᠠ ᠶᠢᠨ ᠬᠢᠷᠢ ᠬᠡᠮ ᠢ | ᠦᠷᠬᠦᠯᠵᠢᠯᠡᠨ ᠳᠡᠭᠡᠭᠰᠢᠯᠡᠬᠦᠯᠵᠦ᠂ ᠪᠦᠬᠦ ᠵᠢᠯ ᠳᠤ ᠡᠯ᠎ᠡ ᠲᠦᠷᠦᠯ ᠤᠨ ᠲᠦᠷᠦ ᠶᠢᠨ ᠪᠤᠳᠣᠯᠭ᠎ᠠ ᠶᠢᠨ ᠴᠢᠨᠠᠷᠲᠠᠢ ᠳᠡᠳᠬᠦᠨ ᠳᠡᠮᠵᠢᠬᠦ ᠮᠦᠩᠬᠦ ᠶᠢ 0.37 | ᠳ᠋ᠦᠩᠰᠢᠭᠤᠷ ᠲᠦᠬᠦᠷᠢᠭ ᠪᠠᠭᠤᠯᠭᠠᠨ ᠵᠠᠷᠤᠴᠠᠭᠤᠯᠪᠠ᠃ ᠭᠤᠷᠪᠠ ᠳᠤ᠂ ᠣᠳᠣᠬᠢᠴᠢᠯᠠᠭᠰᠠᠨ ᠦᠢᠯᠡᠴᠢᠯᠡᠭᠡ ᠶᠢᠨ ᠲᠡᠰ ᠳᠡᠪᠰᠢᠬᠦᠯᠬᠦ ᠵᠢᠴᠢ ᠬᠦᠳᠡᠭᠡ ᠲᠤᠰᠬᠤᠨ ᠢ | ᠮᠠᠨᠳᠣᠭᠤᠯᠬᠤ ᠶᠢ ᠬᠦᠨᠵᠡᠭᠡᠢ ᠶᠠᠪᠤᠭᠳᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠣᠶᠣᠯ ᠵᠢᠭᠤᠯᠴᠢᠯᠠᠯ᠂ ᠡᠷᠡᠬᠦᠯ ᠡᠩᠬᠡ᠂ ᠨᠠᠰᠣᠲᠠᠶᠢᠴᠣᠳ ᠤᠨ ᠠᠰᠠᠷᠠᠮᠵᠢ᠂ | ᠡᠯᠧᠺᠲᠷᠤᠨ ᠬᠤᠳᠠᠯᠳᠤᠭ᠎ᠠ᠂ ᠬᠤᠳᠠᠯᠳᠤᠭ᠎ᠠ ᠠᠷᠠᠯᠵᠢᠶᠠᠨ ᠤ ᠪᠤᠳᠠᠰ ᠤᠨ ᠭᠦᠢᠯᠭᠡᠭᠡ ᠵᠡᠷᠭᠡ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠦᠷᠭᠡᠨ | ᠨᠡᠮᠡᠭᠳᠡᠬᠦᠯᠪᠡ︔ ᠪᠦᠷᠢᠨ ᠲᠡᠬᠦᠯᠳᠡᠷ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠬᠠᠮᠢᠶᠠᠷᠤᠨ ᠬᠠᠮᠠᠭᠠᠯᠠᠬᠤ ᠣᠷᠳᠣ ᠬᠤᠭᠤᠴᠠᠭᠠᠲᠤ ᠲᠤᠭᠲᠠᠯᠴᠠᠭ᠎ᠠ ᠶᠢ | ᠳᠡᠮᠵᠢᠨ ᠲᠤᠰᠠᠯᠠᠵᠤ᠂ ᠬᠦᠳᠡᠭᠡ ᠶᠢᠨ ᠬᠦᠮᠦᠰ ᠤᠨ ᠠᠵᠤ ᠲᠦᠷᠦᠨ ᠠᠮᠢᠳᠣᠷᠠᠬᠤ ᠣᠷᠴᠢᠨ ᠲᠤᠭᠤᠷᠢᠨ ᠢ ᠰᠠᠶᠢᠵᠢᠷᠠᠭᠤᠯᠤᠨ᠂ ᠪᠦᠬᠦ ᠵᠢᠯ ᠳᠤ ᠡᠯ᠎ᠡ ᠲᠦᠷᠦᠯ ᠤᠨ | ᠲᠦᠷᠦ ᠶᠢᠨ ᠪᠤᠳᠣᠯᠭ᠎ᠠ ᠶᠢᠨ ᠴᠢᠨᠠᠷᠲᠠᠢ ᠲᠤᠰᠠᠯᠠᠮᠵᠢ ᠶᠢᠨ ᠪᠡᠯᠡ ᠮᠦᠩᠬᠦ ᠶᠢ 1.61 ᠳ᠋ᠦᠩᠰᠢᠭᠤᠷ ᠲᠦᠬᠦᠷᠢᠭ ᠪᠠᠭᠤᠯᠭᠠᠨ ᠵᠠᠷᠤᠴᠠᠭᠤᠯᠪᠠ᠃ ᠳᠦᠷᠪᠡ ᠳᠤ᠂ | ᠰᠢᠨ᠎ᠡ ᠬᠡᠯᠪᠡᠷᠢ ᠶᠢᠨ ᠠᠵᠤ ᠦᠢᠯᠡᠰ ᠢ ᠲᠤᠭᠲᠠᠭᠤᠨ ᠢᠶᠠᠷ ᠪᠤᠶᠢᠵᠢᠭᠤᠯᠤᠨ ᠪᠤᠵᠠᠭᠠᠶᠢᠷᠠᠭᠤᠯᠵᠤ᠂ ᠳᠣᠮᠳᠠ ᠬᠡᠯᠪᠡᠷᠢ ᠶᠢᠨ ᠮᠠᠰᠢᠨ ᠲᠡᠷᠭᠡᠨ ᠤ ᠰᠠᠯᠬᠢᠪᠴᠢ ᠮᠠᠰᠢᠨ | ᠦᠢᠯᠡᠳᠪᠦᠷᠢᠯᠡᠬᠦ᠂ ᠯᠢᠲ᠋ᠢ ᠰᠢᠯᠢᠳᠡᠭ ᠡᠨᠧᠷᠬᠢ ᠶᠢᠨ ᠴᠠᠬᠢᠯᠭᠠᠨ ᠬᠤᠷᠢᠶᠠᠭᠤᠷ ᠦᠢᠯᠡᠳᠬᠦ ᠵᠡᠷᠭᠡ ᠪᠠᠷ ᠲᠦᠯᠦᠭᠡᠯᠡᠭᠴᠢ ᠪᠤᠯᠭᠠᠭᠰᠠᠨ ᠲᠦᠷᠦᠯ ᠵᠦᠢᠯ ᠢ ᠲᠦᠷᠭᠡᠨ | ᠪᠦᠲᠦᠭᠡᠨ ᠪᠠᠶᠢᠭᠤᠯᠵᠤ᠂ ᠰᠢᠨ᠎ᠡ ᠬᠡᠯᠪᠡᠷᠢ ᠶᠢᠨ ᠡᠬᠢ ᠪᠠᠶᠠᠯᠢᠭ ᠤᠨ ᠰᠣᠷᠪᠤᠯᠵᠢ ᠶᠢ ᠪᠤᠶᠢᠵᠢᠭᠤᠯᠪᠠ᠃ | ᠠᠷᠠᠳ ᠤᠨ ᠠᠮᠢᠳᠣᠷᠠᠯ ᠢ ᠪᠦᠬᠦ ᠬᠦᠴᠦ ᠪᠠᠷ ᠪᠠᠲᠤᠯᠠᠬᠤ ᠪᠠ ᠰᠠᠶᠢᠵᠢᠷᠠᠭᠤᠯᠪᠠ᠃ ᠵᠠᠷᠤᠯᠭ᠎ᠠ ᠶᠢᠨ ᠪᠠᠶᠢᠭᠤᠯᠤᠮᠵᠢ ᠶᠢ ᠰᠢᠯᠢᠳᠡᠭᠵᠢᠬᠦᠯᠵᠦ᠂ ︽ᠴᠠᠯᠢᠩ ᠢ | ᠪᠠᠲᠤᠯᠠᠬᠤ᠂ ᠡᠷᠬᠢᠯᠲᠡ ᠶᠢᠨ ᠮᠦᠩᠬᠦ ᠶᠢ ᠪᠠᠲᠤᠯᠠᠬᠤ︾ ᠰᠠᠭᠤᠷᠢ ᠳᠡᠭᠡᠷ᠎ᠡ ᠡᠳ᠋ ᠤᠨ ᠬᠦᠴᠦᠨ ᠢᠶᠠᠨ ᠲᠦᠪᠯᠡᠷᠡᠬᠦᠯᠵᠦ᠂ ᠠᠷᠠᠳ ᠤᠨ ᠠᠮᠢᠳᠣᠷᠠᠯ ᠢ ᠪᠠᠲᠤᠯᠠᠬᠤ ᠪᠠ | ᠰᠠᠶᠢᠵᠢᠷᠠᠭᠤᠯᠬᠤ ᠳᠡᠭᠡᠷ᠎ᠡ ᠵᠠᠷᠤᠴᠠᠭᠤᠯᠪᠠ᠃ ᠨᠢᠭᠡ ᠳᠤ᠂ ᠰᠢᠯᠢᠳᠡᠭ ᠴᠢᠨᠠᠷ ᠤᠨ ᠰᠣᠷᠭᠠᠨ ᠬᠦᠮᠦᠵᠢᠯ ᠢ ᠴᠣᠭᠴᠠᠯᠠᠬᠤ ᠶᠢ ᠦᠷᠬᠦᠯᠵᠢᠯᠡᠨ ᠳᠡᠮᠵᠢᠵᠦ᠂ 12.12 | ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠲᠠ | ᠬᠢᠵᠦ᠂ ᠰᠣᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ | ᠳᠡᠮᠵᠢᠵᠦ᠂ ᠰᠣᠷᠭᠠᠨ ᠬᠦᠮᠦᠵᠢᠯ ᠤᠨ ᠡᠬᠢ ᠪᠠᠶᠠᠯᠢᠭ ᠢ ᠴᠤᠭᠴᠠᠵᠢᠭᠤᠯᠤᠨ ᠨᠢᠭᠡᠳᠭᠡᠬᠦ᠂ ᠠᠮᠢᠳᠣᠯᠢᠭ ᠪᠤᠯᠭᠠᠬᠤ᠂ ᠰᠢᠯᠢᠳᠡᠭᠵᠢᠬᠦᠯᠬᠦ ᠶᠢ ᠴᠢᠬᠤᠯᠠᠴᠢᠯᠠᠵᠤ᠂ ᠰᠣᠷᠭᠠᠨ | ᠬᠦᠮᠦᠵᠢᠯ ᠤᠨ ᠰᠠᠭᠤᠷᠢ ᠲᠦᠬᠦᠭᠡᠷᠦᠮᠵᠢ ᠶᠢ ᠣᠯᠠᠮ ᠰᠠᠶᠢᠵᠢᠷᠠᠭᠤᠯᠪᠠ︔ ᠰᠢᠯᠢᠳᠡᠭ ᠪᠠᠭᠰᠢ ᠶᠢ ᠣᠷᠢᠨ ᠬᠡᠷᠡᠭᠯᠡᠬᠦ ᠬᠦᠴᠦᠯᠡᠵᠡ ᠶᠢ ᠨᠡᠮᠡᠭᠳᠡᠬᠦᠯᠵᠦ᠂ ᠰᠢᠯᠢᠳᠡᠭ | ᠪᠠᠭᠰᠢ ᠶᠢ ᠢᠯᠡ ᠪᠠᠷ ᠣᠷᠢᠨ ᠬᠡᠷᠡᠭᠯᠡᠬᠦ ᠪᠠ ᠬᠦᠲᠦᠯᠦᠨ ᠣᠷᠣᠭᠤᠯᠵᠤ ᠬᠡᠷᠡᠭᠯᠡᠬᠦ ᠶᠢ ᠬᠦᠨᠳᠦᠳᠭᠡᠵᠦ᠂ ᠰᠢᠯᠢᠳᠡᠭ ᠴᠢᠨᠠᠷ ᠤᠨ ᠰᠣᠷᠭᠠᠨ ᠬᠦᠮᠦᠵᠢᠯ ᠤᠨ ᠡᠬᠢ | ᠪᠠᠶᠠᠯᠢᠭ ᠤᠨ ᠲᠡᠩᠴᠡᠬᠦᠷᠢᠲᠡᠢ ᠬᠦᠭᠵᠢᠬᠦ ᠶᠢ ᠠᠬᠢᠭᠤᠯᠪᠠ︔ ᠬᠤᠶᠠᠷ ᠲᠤ᠂ ᠦᠨᠳᠦᠰᠦᠨ ᠠᠷᠠᠳ ᠤᠨ ᠠᠮᠢᠳᠣᠷᠠᠯ ᠢ ᠪᠦᠬᠦ ᠬᠦᠴᠦᠨ ᠢᠶᠠᠷ ᠪᠠᠲᠤᠯᠠᠵᠤ᠂ ᠨᠡᠶᠢᠬᠡᠮ | ᠤᠨ ᠪᠠᠲᠤᠯᠠᠭ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠤᠭᠲᠠᠯᠴᠠᠭ᠎ᠠ ᠶᠢ ᠪᠦᠷᠢᠨᠰᠢᠬᠦᠯᠵᠦ᠂ 6 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠣᠷᠣᠭᠤᠯᠵᠤ᠂ | ᠬᠤᠲᠠ ᠬᠦᠳᠡᠭᠡ ᠶᠢᠨ ᠰᠠᠭᠤᠭᠠᠯᠢ ᠠᠷᠠᠳ ᠨᠠᠰᠣᠲᠠᠶᠢᠴᠣᠳ ᠤᠨ ᠠᠰᠠᠷᠠᠮᠵᠢ ᠶᠢᠨ ᠪᠠᠲᠤᠯᠠᠭ᠎ᠠ ᠪᠤᠯᠤᠨ ᠠᠵᠤ ᠠᠬᠤᠶᠢᠯᠠᠯ ᠤᠨ ᠨᠠᠰᠣᠨ ᠤ ᠠᠮᠠᠷᠠᠯᠲᠠ ᠠᠪᠤᠭᠰᠠᠨ | ᠠᠵᠢᠯᠲᠠᠳ ᠤᠨ ᠴᠠᠯᠢᠩ ᠢ ᠪᠦᠬᠦᠨ ᠢ ᠪᠠᠭᠤᠯᠭᠠᠵᠤ ᠠᠮᠢᠳᠣᠷᠠᠯ ᠢ ᠨᠢ ᠪᠠᠲᠤᠯᠠᠪᠠ︔ ᠠᠵᠢᠯ ᠣᠯᠭᠤᠯᠲᠠ ᠶᠢᠨ ᠲᠦᠷᠦ ᠶᠢᠨ ᠪᠤᠳᠣᠯᠭ᠎ᠠ ᠶᠢ ᠢᠳᠡᠪᠬᠢᠲᠡᠢ ᠪᠠᠷ | ᠬᠡᠷᠡᠭᠵᠢᠬᠦᠯᠵᠦ᠂ 0.2 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠤ᠂ ᠠᠵᠢᠯ ᠦᠬᠡᠢ ᠭᠡᠷ ᠪᠦᠯᠢ ᠶᠢ ᠦᠬᠡᠶᠢᠰᠭᠡᠬᠦ ᠶᠢ ᠪᠠᠲᠤᠯᠠᠵᠤ᠂ ᠣᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ ᠢ ᠢᠯᠡᠷᠭᠡᠢ ᠨᠡᠮᠡᠭᠳᠡᠬᠦᠯᠪᠡ︔ ᠤᠨᠤᠪᠴᠢᠲᠠᠢ ᠪᠠᠷ ᠠᠪᠤᠷᠠᠨ ᠲᠤᠰᠠᠯᠠᠬᠤ ᠶᠢ ᠬᠦᠴᠦᠲᠡᠢ ᠠᠬᠢᠭᠤᠯᠵᠤ᠂ 0.83 ᠳ᠋ᠦᠩᠰᠢᠭᠤᠷ | ᠲᠦᠬᠦᠷᠢᠭ ᠤᠨ ᠪᠡᠯᠡ ᠣᠷᠣᠭᠤᠯᠵᠤ᠂ ᠬᠤᠲᠠ ᠬᠦᠳᠡᠭᠡ ᠶᠢᠨ ᠳᠣᠣᠷ᠎ᠠ ᠪᠠᠲᠤᠯᠠᠭ᠎ᠠ ᠶᠢᠨ ᠪᠠᠲᠤᠯᠠᠪᠤᠷᠢ ᠶᠢᠨ ᠮᠦᠩᠬᠦ ᠶᠢ ᠰᠠᠷ᠎ᠠ ᠪᠤᠯᠭᠠᠨ ᠪᠠᠭᠤᠯᠭᠠᠨ ᠦᠭᠬᠦ ᠶᠢ | ᠪᠠᠲᠤᠯᠠᠨ᠂ ᠣᠨᠴᠠ ᠬᠦᠴᠢᠷᠳᠡᠯᠲᠡᠢ ᠡᠷᠦᠬᠡ᠂ ᠦᠨᠦᠴᠢᠨ ᠦᠷᠦᠭᠡᠰᠦᠨ᠂ ᠵᠡᠮᠳᠡᠭᠴᠦᠳ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠪᠠ︔ ︽ᠨᠢᠭᠡ ᠺᠠᠷᠲ ᠢᠶᠠᠷ | ᠬᠦᠶᠦᠯᠭᠡᠬᠦ︾ ᠬᠡᠯᠪᠡᠷᠢ ᠪᠠᠷ ᠳᠠᠮᠵᠢᠭᠤᠯᠵᠤ ᠶᠠᠳᠠᠭᠤ ᠶᠢ ᠳᠡᠳᠬᠦᠬᠦ ᠡᠯ᠎ᠡ ᠲᠦᠷᠦᠯ ᠤᠨ ᠨᠦᠬᠦᠪᠦᠷᠢ ᠮᠦᠩᠬᠦ ᠶᠢ ᠨᠡᠶᠢᠲᠡ 0.59 ᠳ᠋ᠦᠩᠰᠢᠭᠤᠷ ᠲᠦᠬᠦᠷᠢᠭ ᠢ | ᠪᠠᠭᠤᠯᠭᠠᠨ ᠦᠭᠴᠦ ᠵᠠᠷᠤᠴᠠᠭᠤᠯᠪᠠ︔ ᠭᠤᠷᠪᠠ ᠳᠤ᠂ ᠡᠮ ᠡᠮᠨᠡᠯᠭᠡ᠂ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠣ ᠴᠢᠨᠠᠷ ᠢ ᠳᠡᠭᠡᠭᠰᠢᠯᠡᠬᠦᠯᠵᠦ᠂ 2.97 | ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠤ᠂ ︽ᠲᠡᠭ ᠵᠦᠷᠢᠶᠡᠨᠲᠦ ᠨᠤᠷᠮ᠎ᠠ︾ ᠶᠢᠨ ᠪᠤᠷᠤᠯᠠᠭᠤᠯᠭ᠎ᠠ ᠪᠠ ︽ᠬᠤᠶᠠᠷ ᠪᠢᠯᠧᠲ ᠤᠨ ᠳᠦᠷᠢᠮ︾ ᠢᠶᠠᠷ | ᠬᠤᠳᠠᠯᠳᠣᠨ ᠠᠪᠴᠣ ᠪᠤᠷᠤᠯᠠᠭᠤᠯᠬᠤ ᠶᠢ ᠬᠦᠨᠵᠡᠭᠡᠢ ᠠᠬᠢᠭᠤᠯᠵᠤ᠂ ︽ᠡᠮ ᠡᠮᠨᠡᠯᠭᠡ ᠶᠢᠨ ᠬᠤᠯᠪᠤᠭᠠᠲᠤ ᠴᠤᠭᠴᠠ︾ ︽ᠡᠮ ᠡᠮᠨᠡᠯᠭᠡ ᠶᠢᠨ ᠬᠠᠮᠲᠤ ᠶᠢᠨ ᠴᠤᠭᠴᠠ︾ | ᠶᠢᠨ ᠪᠠᠶᠢᠭᠤᠯᠤᠮᠵᠢ ᠶᠢ ᠠᠩᠬ᠎ᠠ ᠠᠯᠬᠤᠮ ᠰᠠᠶᠢᠵᠢᠷᠠᠭᠤᠯᠵᠤ᠂ ᠣᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠲᠤᠭᠤᠷᠢᠭ ᠪᠠ | ᠣᠶᠣᠨ ᠰᠠᠨᠠᠭᠠᠨ ᠤ ᠡᠷᠡᠬᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠡᠬᠦᠳᠦᠨ ᠪᠠᠶᠢᠭᠤᠯᠤᠯᠲᠠ ᠶᠢᠨ ᠠᠵᠢᠯ ᠢ | ᠲᠦᠯᠬᠢᠨ ᠠᠬᠢᠭᠤᠯᠪᠠ᠃ ︽ᠭᠤᠷᠪᠠᠨ ᠡᠮᠨᠡᠯᠭᠡ︾ ᠶᠢᠨ ᠬᠤᠯᠪᠤᠭᠠᠲᠤ ᠬᠦᠳᠡᠯᠦᠯᠴᠡᠯ ᠪᠠ ︽ᠭᠤᠷᠪᠠᠨ ᠪᠠᠲᠤᠯᠠᠭ᠎ᠠ ᠶᠢ ᠨᠢᠭᠡᠳᠦᠬᠦᠯᠬᠦ︾ ᠦᠭᠡᠷᠡᠴᠢᠯᠡᠯᠲᠡ ᠶᠢ | ᠡᠷᠴᠢᠮ ᠲᠠᠢ ᠶᠠᠪᠤᠭᠳᠠᠭᠤᠯᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠬᠤ ᠶᠢ ᠪᠦᠬᠦ ᠲᠠᠯ᠎ᠠ ᠪᠠᠷ ᠠᠬᠢᠭᠤᠯᠪᠠ᠃ ᠦᠨᠳᠦᠰᠦᠨ ᠱᠠᠲᠤᠨ ᠤ ᠡᠮ ᠡᠮᠨᠡᠯᠭᠡ | ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠬᠢ ᠶᠢᠨ ᠪᠦᠲᠦᠭᠡᠨ ᠪᠠᠶᠢᠭᠤᠯᠤᠯᠲᠠ ᠶᠢ ᠪᠠᠲᠤᠯᠠᠵᠤ᠂ ᠠᠷᠠᠳ ᠣᠯᠠᠨ ᠤ ︽ᠡᠪᠡᠳᠴᠢᠨ ᠦᠵᠡᠬᠦᠯᠬᠦ ᠳᠤ ᠬᠦᠴᠢᠷ᠂ | ᠡᠪᠡᠳᠴᠢᠨ ᠡᠮᠨᠡᠬᠦᠯᠬᠦ ᠳᠤ ᠦᠨᠡᠲᠡᠢ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠳᠦᠷᠪᠡ ᠳᠤ᠂ ᠰᠣᠶᠣᠯ ᠤᠨ ᠠᠵᠤ ᠦᠢᠯᠡᠰ ᠤᠨ ᠬᠦᠭᠵᠢᠯᠲᠡ ᠶᠢ | ᠠᠬᠢᠭᠤᠯᠵᠤ᠂ 0.78 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠤᠨ᠂ ᠣᠯᠠᠭᠠᠨᠮᠦ᠋ᠴᠢᠷ ᠤᠨ ᠪᠠᠶᠢᠭᠤᠯᠤᠮᠵᠢ ᠶᠢᠨ ᠳᠦᠷᠢᠮ ᠢ ᠰᠡᠷᠬᠦᠭᠡᠬᠦ ᠶᠢ ᠠᠬᠢᠭᠤᠯᠵᠤ᠂ | ᠰᠤᠶᠤᠯ ᠢᠶᠠᠷ ᠠᠷᠠᠳ ᠲᠤ ᠬᠠᠷᠠᠭᠠᠯᠵᠠᠯᠠᠯ ᠬᠦᠷᠭᠡᠬᠦ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠦ᠂ ᠣᠯᠣᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ | ᠤ ᠲᠤᠭᠲᠠᠯᠴᠠᠭ᠎ᠠ ᠶᠢᠨ ᠵᠢᠱᠢᠶᠡᠴᠢ ᠲᠤᠭᠤᠷᠢᠭ ᠢ ᠡᠬᠦᠳᠦᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠶᠢ ᠦᠷᠬᠦᠯᠵᠢᠯᠡᠨ ᠪᠠᠲᠤᠳᠬᠠᠪᠠ᠃ ᠣᠯᠣᠰ ᠤᠨ ᠰᠢᠨ᠎ᠡ | ᠴᠠᠭ ᠦᠶ᠎ᠡ ᠶᠢᠨ ᠪᠤᠯᠪᠠᠰᠣᠨ ᠢ ᠦᠢᠯᠡᠳᠦᠯᠭᠡᠵᠢᠬᠦᠯᠬᠦ ᠲᠦᠪ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠤ | ᠣᠶᠣᠨ ᠰᠠᠨᠠᠭᠠᠨ ᠤ ᠪᠤᠯᠪᠠᠰᠣᠨ ᠤ ᠡᠬᠦᠳᠦᠨ ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠵᠦ᠂ ᠠᠷᠠᠳ ᠢᠷᠭᠡᠳ ᠤᠨ ᠦᠵᠡᠯ ᠰᠠᠨᠠᠭ᠎ᠠ | ᠶᠤᠰᠤ ᠮᠤᠷᠠᠯ ᠤᠨ ᠬᠢᠷᠢ ᠲᠦᠪᠰᠢᠨ ᠢ ᠲᠠᠰᠤᠷᠠᠯᠲᠠ ᠦᠬᠡᠢ ᠳᠡᠭᠡᠭᠰᠢᠯᠡᠬᠦᠯᠪᠡ᠃ ᠪᠤᠯᠪᠠᠰᠣᠨ ᠬᠤᠲᠠ ᠶᠢᠨ ᠡᠬᠦᠳᠦᠨ ᠪᠠᠶᠢᠭᠤᠯᠤᠯᠲᠠ ᠶᠢ ᠲᠠᠰᠣᠷᠠᠯᠲᠠ ᠦᠬᠡᠢ | ᠬᠦᠨᠵᠡᠭᠡᠶᠢᠷᠡᠬᠦᠯᠵᠦ᠂ ᠪᠦᠬᠦ ᠣᠯᠣᠰ ᠤᠨ ᠪᠤᠯᠪᠰᠣᠨ ᠬᠤᠲᠠ ᠶᠢᠨ ᠡᠬᠦᠳᠦᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠶᠢ ᠠᠮᠵᠢᠯᠲᠠ ᠲᠠᠢ ᠦᠩᠭᠡᠷᠡᠬᠦᠯᠪᠡ᠃ ᠲᠠᠪᠤ | ᠳᠤ᠂ ᠣᠯᠠᠨ ᠨᠡᠶᠢᠲᠡ ᠶᠢᠨ ᠠᠮᠤᠷ ᠲᠦᠪᠰᠢᠨ ᠤ ᠪᠠᠶᠢᠭᠤᠯᠤᠯᠲᠠ ᠶᠢ ᠬᠦᠨᠵᠡᠭᠡᠢ ᠠᠬᠢᠭᠤᠯᠵᠤ᠂ 2.77 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠤ᠂ ᠬᠠᠷ᠎ᠠ | ᠪᠦᠯᠦᠭᠳᠡᠨ ᠬᠠᠷᠬᠢᠰ ᠬᠦᠴᠦᠨ ᠢ ᠱᠦᠬᠦᠷᠳᠡᠨ ᠠᠷᠢᠯᠭᠠᠬᠤ ᠲᠤᠰᠬᠠᠢ ᠲᠦᠷᠦᠯ ᠤᠨ ᠲᠡᠮᠡᠴᠡᠯ ᠢ ᠬᠦᠨᠵᠡᠭᠡᠢ ᠠᠬᠢᠭᠤᠯᠵᠤ᠂ ᠠᠶᠤᠯ ᠦᠬᠡᠢ ᠦᠢᠯᠡᠳᠪᠦᠷᠢᠯᠡᠯ᠂ ᠳᠠᠯᠳᠠ | ᠬᠡᠮ ᠤᠨ ᠬᠠᠮᠢᠶᠠᠷᠤᠯᠲᠠ᠂ ᠣᠯᠣᠰ ᠤᠨ ᠠᠮᠤᠷ | ᠲᠦᠪᠰᠢᠨ᠂ ᠢᠳᠡᠭᠡᠨ ᠡᠮ ᠤᠨ ᠪᠦᠲᠦᠭᠡᠭᠳᠡᠬᠦᠨ ᠤ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ ᠶᠢᠨ ᠠᠮᠤᠷ ᠲᠤᠭᠲᠠᠭᠤᠨ ᠵᠡᠷᠭᠡ ᠠᠵᠢᠯ ᠢ ᠳᠡᠮᠵᠢᠨ ᠲᠤᠰᠠᠯᠠᠪᠠ᠃ | ᠪᠤᠰᠤᠭ᠎ᠠ ᠪᠡᠶᠡᠵᠢᠬᠦᠯᠦᠭᠰᠡᠨ ᠨᠡᠶᠢᠭᠡᠮ ᠤᠨ ᠠᠮᠣᠷ ᠲᠦᠪᠰᠢᠨ ᠢ ᠰᠡᠷᠬᠡᠶᠢᠯᠡᠨ ᠡᠵᠡᠮᠳᠡᠬᠦ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠤᠰᠠᠯᠠᠨ ᠳᠡᠮᠵᠢᠵᠦ᠂ | ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠦᠭᠴᠦ᠂ ᠠᠷᠠᠳ ᠣᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ᠂ | ᠠᠮᠣᠷ ᠲᠦᠪᠰᠢᠨ ᠤ ᠲᠦᠷᠦᠭᠳᠡᠯ ᠢ ᠲᠠᠰᠣᠷᠠᠯᠲᠠ ᠦᠬᠡᠢ ᠳᠡᠭᠡᠭᠰᠢᠯᠡᠬᠦᠯᠵᠦ᠂ ᠨᠡᠶᠢᠬᠡᠮ ᠤᠨ ᠶᠡᠭᠡ ᠲᠠᠯ᠎ᠠ ᠶᠢ ᠪᠠᠲᠤᠯᠠᠵᠤ᠂ ᠡᠶ᠎ᠡ ᠵᠤᠬᠢᠴᠠᠯ ᠲᠠᠢ ᠲᠤᠭᠲᠠᠭᠤᠨ ᠪᠠᠶᠢᠬᠤ | ᠶᠢ ᠪᠠᠲᠤᠯᠠᠵᠤ ᠴᠢᠳᠠᠪᠠ᠃ | ᠬᠤᠲᠠ ᠬᠦᠳᠡᠭᠡ ᠶᠢᠨ ᠬᠦᠭᠵᠢᠯᠲᠡ ᠶᠢᠨ ᠴᠢᠨᠠᠷ ᠲᠡᠰ ᠢ ᠳᠡᠭᠡᠭᠰᠢᠯᠡᠬᠦᠯᠬᠦ ᠶᠢ ᠪᠠᠲᠤᠯᠠᠪᠠ᠃ ᠲᠠᠭᠠᠯᠠᠮᠵᠢᠲᠠᠢ ᠣᠷᠣᠰᠢᠨ ᠠᠮᠢᠳᠣᠷᠠᠵᠤ ᠦᠢᠯᠡᠰ ᠪᠤᠰᠬᠠᠬᠤ | ᠣᠶᠢᠯᠠᠭᠠᠭᠳᠠᠬᠤᠨ ᠢ ᠢᠮᠠᠭᠲᠠ ᠲᠤᠪᠤᠶᠢᠯᠭᠠᠵᠤ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠲᠡᠰ ᠢ ᠦᠷᠬᠦᠯᠵᠢᠯᠡᠨ ᠳᠡᠭᠡᠭᠰᠢᠯᠡᠬᠦᠯᠵᠦ᠂ ᠪᠦᠬᠦ | ᠵᠢᠯ ᠳᠤ ᠬᠤᠲᠠ ᠬᠦᠳᠡᠭᠡ ᠨᠡᠶᠢᠬᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ 12.01 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠪᠠ᠃ | ᠨᠢᠭᠡ ᠳᠤ᠂ ᠬᠤᠲᠠ ᠶᠢᠨ ᠪᠦᠷᠭᠡ ᠭᠡᠷ ᠤᠨ ᠲᠤᠭᠤᠷᠢᠭ ᠤᠨ ᠦᠭᠡᠷᠡᠴᠢᠯᠡᠯᠲᠡ᠂ ᠭᠠᠵᠠᠷ ᠰᠢᠷᠤᠢ ᠶᠢ ᠬᠤᠷᠢᠶᠠᠨ ᠬᠦᠮᠦᠷᠭᠡᠯᠡᠬᠦ᠂ ᠭᠠᠵᠠᠷ ᠲᠠᠲᠠᠪᠤᠷᠢᠯᠠᠨ ᠬᠤᠷᠢᠶᠠᠵᠤ | ᠨᠡᠬᠦᠯᠭᠡᠬᠦ ᠵᠡᠷᠭᠡ ᠲᠦᠷᠦᠯ ᠵᠦᠢᠯ ᠢ ᠲᠤᠭᠲᠠᠭᠤᠨ ᠢᠶᠠᠷ ᠲᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠦᠷᠦᠩᠬᠡ ᠶᠢᠨ ᠣᠷᠣᠨ ᠪᠦᠰᠡ ᠶᠢᠨ ᠦᠯᠡᠳᠡᠭᠳᠡᠯ | ᠠᠰᠠᠭᠤᠳᠠᠯ ᠢ ᠰᠢᠢᠳᠪᠦᠷᠢᠯᠡᠪᠡ᠃ ᠬᠤᠶᠠᠷ ᠲᠤ᠂ ᠡᠯ᠎ᠡ ᠲᠦᠷᠦᠯ ᠤᠨ ᠣᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ ᠶᠢ ᠰᠡᠯᠪᠢᠨ ᠵᠠᠰᠠᠬᠤ ᠪᠡᠯᠡ ᠣᠷᠣᠭᠤᠯᠣᠯᠲᠠ | ᠶᠢᠨ ᠬᠦᠴᠦᠯᠡᠵᠡ ᠶᠢ ᠴᠢᠩᠭᠠᠳᠬᠠᠵᠤ᠂ ᠬᠠᠭᠤᠴᠢᠨ ᠰᠠᠭᠤᠭᠠᠯᠢ ᠲᠤᠭᠤᠷᠢᠭ ᠤᠨ ︽ᠭᠤᠷᠪᠠᠨ ᠲᠤᠤᠷ ᠬᠤᠭᠤᠯᠠᠢ︾ ᠶᠢᠨ ᠰᠡᠯᠪᠢᠨ ᠵᠠᠰᠠᠬᠤ ᠦᠭᠡᠷᠡᠴᠢᠯᠡᠯᠲᠡ᠂ | ᠪᠠᠷᠢᠯᠭ᠎ᠠ ᠶᠢᠨ ᠡᠨᠧᠷᠬᠢ ᠠᠷᠪᠢᠯᠠᠬᠤ ᠦᠭᠡᠷᠡᠴᠢᠯᠡᠯᠲᠡ ᠪᠤᠯᠤᠨ ᠬᠤᠲᠠ ᠶᠢᠨ ᠨᠤᠭᠤᠭᠠᠷᠠᠭᠤᠯᠤᠯᠲᠠ ᠶᠢᠨ ᠬᠠᠮᠠᠭᠠᠯᠠᠯᠲᠠ ᠵᠡᠷᠭᠡ ᠢᠨᠵᠧᠨᠧᠷᠢᠩ ᠢ ᠬᠡᠷᠡᠭᠵᠢᠬᠦᠯᠵᠦ᠂ | ᠣᠷᠳᠣᠰ ᠪᠠᠷᠠᠭᠤᠨ ᠵᠡᠭᠡᠯᠢ ᠶᠢᠨ ᠬᠤᠶᠢᠳᠣ ᠰᠠᠯᠪᠤᠷᠢ ᠵᠠᠮ ᠵᠡᠷᠭᠡ 3 ᠵᠤᠷᠪᠤᠰ ᠬᠤᠲᠠ ᠶᠢᠨ ᠵᠠᠮ ᠤᠨ ᠪᠠᠶᠢᠭᠤᠯᠤᠯᠲᠠ ᠶᠢ ᠰᠡᠯᠪᠢᠨ ᠵᠠᠰᠠᠵᠤ ᠠᠰᠢᠭᠯᠠᠯᠲᠠ ᠳᠤ | ᠣᠷᠣᠭᠤᠯᠵᠤ᠂ ᠬᠤᠲᠠ ᠶᠢᠨ ᠰᠠᠭᠤᠷᠢ ᠲᠦᠬᠦᠭᠡᠷᠦᠮᠵᠢ ᠶᠢᠨ ᠢᠵᠢ ᠪᠦᠷᠢᠳᠦᠬᠦᠯᠦᠭᠰᠡᠨ ᠬᠢᠷᠢ ᠬᠡᠮ ᠪᠠ ᠨᠠᠷᠢᠯᠢᠭᠴᠢᠯᠠᠭᠰᠠᠨ ᠬᠠᠮᠢᠶᠠᠷᠤᠯᠲᠠ ᠶᠢᠨ ᠬᠢᠷᠢ ᠬᠡᠮ ᠢ | ᠢᠯᠡᠷᠭᠡᠢ ᠳᠡᠭᠡᠭᠰᠢᠯᠡᠬᠦᠯᠪᠡ᠃ ᠭᠤᠷᠪᠠ᠂ ᠬᠦᠬᠡᠬᠤᠲᠠ᠂ ᠵᠡᠬᠦᠠᠭᠠᠷ᠂ ᠣᠷᠳᠣᠰ ᠤᠨ ᠲᠡᠮᠦᠷ ᠵᠠᠮ ᠤᠨ ᠳ᠋ᠦᠩᠱᠧᠩ ᠦᠷᠲᠡᠭᠡ ᠶᠢᠨ ᠬᠤᠯᠪᠤᠭᠠᠰᠣ ᠱᠣᠭᠤᠮ ᠤᠨ | ᠪᠠᠷᠢᠯᠭ᠎ᠠ ᠶᠢ ᠪᠦᠬᠦᠨ ᠢ ᠵᠠᠰᠠᠨ ᠨᠡᠪᠲᠡᠷᠡᠬᠦᠯᠵᠦ᠂ G210 ᠱᠣᠭᠤᠮ ᠢ ᠦᠭᠡᠷᠡᠴᠢᠯᠡᠬᠦ᠂ G65 ᠱᠣᠭᠤᠮ ᠢ ᠦᠷᠭᠡᠳᠭᠡᠬᠦ ᠪᠠᠷᠢᠯᠭ᠎ᠠ ᠵᠡᠷᠭᠡ ︽ᠠᠷᠠᠳ ᠤᠨ | ᠠᠮᠢᠳᠣᠷᠠᠯ ᠤᠨ ᠢᠨᠵᠧᠨᠧᠷᠢᠩ︾ ᠢ ᠲᠦᠯᠬᠢᠨ ᠠᠬᠢᠭᠤᠯᠪᠠ᠃ | ᠪᠤᠭᠤᠮᠲᠠ ᠰᠢᠪᠲᠤᠯᠬᠤ ᠭᠤᠷᠪᠠᠨ ᠶᠡᠭᠡ ᠳᠠᠶᠢᠯᠠᠯᠳᠣᠭᠠᠨ ᠢ ᠰᠠᠶᠢᠲᠤᠷ ᠬᠢᠪᠡ᠃ ᠣᠯᠣᠰ ᠲᠦᠷᠦ ᠶᠢᠨ ᠦᠵᠡᠯ ᠣᠬᠠᠮᠰᠠᠷ ᠢᠶᠠᠨ ᠲᠠᠰᠣᠷᠠᠯᠲᠠ ᠦᠬᠡᠢ | ᠳᠡᠭᠡᠭᠰᠢᠯᠡᠬᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠭᠤᠷᠪᠠᠨ ᠶᠡᠭᠡ ᠪᠤᠭᠤᠮᠲᠠ ᠰᠢᠪᠲᠤᠯᠬᠤ | ᠳᠠᠶᠢᠯᠠᠯᠳᠣᠭᠠᠨ︾ ᠢ ᠰᠠᠶᠢᠲᠤᠷ ᠬᠢᠬᠦ ᠶᠢ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠡᠷᠢᠬᠦᠨ ᠴᠢᠬᠤᠯᠠ ᠠᠵᠢᠯ ᠢᠶᠠᠷ ᠠᠳᠬᠤᠪᠠ᠃ ᠦᠷᠢ ᠰᠢᠷᠢ ᠶᠢ | ᠢᠯᠭᠠᠷᠠᠭᠤᠯᠬᠤ ᠠᠵᠢᠯ ᠢ ᠬᠦᠨᠵᠡᠭᠡᠢ ᠠᠬᠢᠭᠤᠯᠪᠠ᠃ ᠬᠦᠮᠦᠷᠭᠡᠯᠡᠭᠰᠡᠨ ᠭᠡᠷ ᠪᠠᠶᠢᠰᠢᠩ ᠢ ᠰᠢᠢᠳᠪᠦᠷᠢᠯᠡᠵᠦ᠂ ᠨᠡᠮᠡᠭᠳᠡᠬᠦ ᠶᠢ ᠡᠵᠡᠮᠳᠡᠨ᠂ ᠶᠠᠰᠣ ᠴᠢᠨᠠᠷ ᠢ ᠪᠠᠲᠤᠯᠠᠬᠤ ᠶᠢ | ᠪᠠᠷᠢᠮᠲᠠᠯᠠᠵᠤ᠂ ᠲᠦᠰᠦᠪ ᠤᠨ ᠲᠤᠬᠢᠷᠠᠭᠤᠯᠤᠯᠲᠠ᠂ ᠵᠢᠭᠡᠯᠡᠯᠭᠡ ᠶᠢᠨ ᠲᠡᠮᠲᠡᠭ ᠢᠶᠠᠷ ᠰᠣᠯᠢᠬᠤ᠂ ᠬᠦᠷᠦᠩᠭᠡ ᠶᠢ ᠰᠢᠢᠳᠪᠦᠷᠢᠯᠡᠬᠦ ᠵᠡᠷᠭᠡ ᠦᠷ᠎ᠡ ᠪᠦᠲᠦᠮᠵᠢᠲᠦ ᠠᠷᠭ᠎ᠠ | ᠬᠡᠮᠵᠢᠶ᠎ᠡ ᠶᠢ ᠠᠪᠴᠤ᠂ ᠠᠰᠠᠭᠤᠳᠠᠯ ᠢᠶᠠᠷ ᠵᠢᠯᠤᠭᠤᠳᠣᠮᠵᠢ ᠪᠤᠯᠭᠠᠬᠤ ᠪᠠ ᠬᠠᠷᠠᠯᠲᠠ ᠪᠠᠷ ᠵᠢᠯᠤᠭᠤᠳᠤᠮᠵᠢ ᠪᠤᠯᠭᠠᠬᠤ ᠶᠢ ᠢᠮᠠᠭᠲᠠ ᠪᠠᠷᠢᠮᠲᠠᠯᠠᠵᠤ᠂ ᠡᠯ᠎ᠡ ᠲᠦᠷᠦᠯ ᠤᠨ | ᠲᠤᠭᠲᠠᠮᠠᠯ ᠴᠢᠨᠠᠷᠲᠠᠢ᠂ ᠲᠤᠭᠲᠠᠮᠠᠯ ᠬᠡᠮᠵᠢᠶ᠎ᠡ ᠲᠠᠢ ᠣᠷᠣᠨ ᠲᠤᠭ᠎ᠠ ᠶᠢ ᠬᠠᠷᠭᠤᠭᠤᠯᠵᠤ᠂ ᠵᠦᠷᠢᠶ᠎ᠡ ᠪᠤᠯᠤᠨ ᠬᠦᠷᠦᠯᠴᠡᠬᠦ ᠦᠬᠡᠢ ᠲᠠᠯ᠎ᠠ ᠪᠠᠨ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠡᠯ᠎ᠡ ᠲᠦᠷᠦᠯ ᠤᠨ ᠦᠷᠢ ᠰᠢᠷᠢ ᠶᠢ ᠰᠢᠢᠳᠪᠦᠷᠢᠯᠡᠬᠦ ᠠᠵᠢᠯ ᠢ ᠦᠨᠡᠨᠬᠦ ᠯᠠᠪᠳᠠᠭᠤᠨ ᠪᠠᠲᠤᠲᠠᠢ ᠦᠷᠨᠢᠬᠦᠯᠵᠦ᠂ ᠵᠠᠰᠠᠭ ᠤᠨ ᠣᠷᠳᠣᠨ ᠤ | ᠳᠠᠯᠳᠠ ᠴᠢᠨᠠᠷᠲᠠᠢ ᠦᠷᠢ ᠰᠢᠷᠢ ᠪᠤᠯᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠦᠷᠢᠳᠦᠭᠰᠡᠨ ᠵᠤᠭᠤᠰ ᠮᠦᠩᠬᠦ ᠶᠢ ᠰᠢᠢᠳᠪᠦᠷᠢᠯᠡᠬᠦ ᠡᠬᠦᠷᠭᠡ ᠶᠢ | ᠴᠢᠨᠠᠷᠲᠠᠢ ᠪᠠᠲᠤᠯᠠᠨ ᠪᠡᠶᠡᠯᠡᠬᠦᠯᠪᠡ᠃ ᠨᠢᠭᠡ ᠳᠤ᠂ ᠦᠷᠢ ᠰᠢᠷᠢ ᠶᠢ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠲᠠ ᠶᠢᠨ ᠬᠦᠴᠦᠯᠡᠵᠡ ᠶᠢ ᠲᠠᠰᠣᠷᠠᠯᠲᠠ ᠦᠬᠡᠢ | ᠴᠢᠩᠭᠠᠳᠬᠠᠵᠤ᠂ ᠦᠷᠢ ᠰᠢᠷᠢ ᠶᠢ ᠰᠢᠢᠳᠪᠦᠷᠢᠯᠡᠬᠦ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠬᠤᠶᠢᠰᠢᠯᠠᠭᠤᠯᠤᠭᠰᠠᠨ ᠳᠠᠩᠰᠠᠨ ᠵᠤᠭᠤᠰ ᠢ ᠴᠡᠪᠡᠷᠯᠡᠬᠦ᠂ ︽ | ᠠᠷᠪᠠ ᠶᠢ ᠪᠦᠷᠬᠦᠬᠦᠯᠬᠦ︾ ᠲᠠᠢ ᠰᠢᠭᠤᠳ ᠬᠤᠯᠪᠤᠭ᠎ᠠ ᠲᠠᠢ ᠦᠷᠢ ᠰᠢᠷᠢ ᠶᠢ ᠢᠯᠭᠠᠷᠠᠭᠤᠯᠬᠤ ᠡᠯ᠎ᠡ ᠵᠦᠢᠯ ᠤᠨ ᠣᠷᠣᠨ ᠲᠤᠭ᠎ᠠ᠂ ︽ᠳᠠᠩᠰᠠᠨ ᠠᠴᠠ ᠴᠡᠪᠡᠷᠯᠡᠬᠦ︾ | ᠬᠠᠮᠢᠶᠠᠷᠤᠯᠲᠠ ᠶᠢ ᠭᠡᠷᠡᠭᠵᠢᠬᠦᠯᠦᠨ᠂ ᠦᠷᠢ ᠰᠢᠷᠢ ᠶᠢ ᠢᠯᠭᠠᠷᠠᠭᠤᠯᠬᠤ ᠪᠠᠴᠢᠮ ᠭᠡᠴᠡᠬᠦᠦ ᠪᠠᠶᠢᠳᠠᠯ ᠳᠣᠣᠷ᠎ᠠ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ︽ᠡᠳᠦᠷ ᠪᠦᠷᠢ ᠲᠤᠬᠢᠷᠠᠭᠤᠯᠤᠯᠲᠠ ᠬᠢᠬᠦ᠂ ᠡᠳᠦᠷ ᠪᠦᠷᠢ ᠬᠢᠨᠠᠨ ᠪᠠᠶᠢᠴᠠᠭᠠᠬᠤ᠂ ᠭᠠᠷᠠᠭ ᠪᠦᠷᠢ ᠨᠡᠷᠡᠰ ᠢ ᠵᠢᠭᠰᠠᠭᠠᠨ ᠮᠡᠳᠡᠭᠳᠡᠬᠦ︾ ᠠᠵᠢᠯ ᠤᠨ | ᠣᠷᠮᠠᠰᠢᠭᠤᠯᠬᠤ ᠲᠤᠭᠲᠠᠴᠠ ᠶᠢ ᠬᠡᠷᠡᠭᠵᠢᠬᠦᠯᠵᠦ᠂ ᠦᠷᠢ ᠰᠢᠷᠢ ᠶᠢ ᠰᠢᠢᠳᠪᠦᠷᠢᠯᠡᠬᠦ ᠪᠠ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠤᠨ | ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠬᠤᠶᠠᠷ ᠲᠤ᠂ ᠦᠷᠢ ᠰᠢᠷᠢ ᠶᠢ ᠬᠢᠵᠠᠭᠠᠷᠯᠠᠬᠤ ᠬᠠᠮᠢᠶᠠᠷᠤᠯᠲᠠ ᠶᠢᠨ ᠠᠵᠢᠯ ᠢ ᠦᠷᠬᠦᠯᠵᠢᠯᠡᠨ ᠰᠠᠶᠢᠲᠤᠷ | ᠬᠢᠪᠡ᠃ 2019 ᠤᠨ ᠳᠤ ᠮᠠᠨ ᠤ ᠲᠤᠭᠤᠷᠢᠭ ᠤᠨ ᠰᠣᠯᠢᠵᠤ ᠦᠭᠬᠦ᠂ ᠪᠤᠳᠠᠰ ᠤᠨ ᠵᠢᠭᠡᠯᠡᠯᠭᠡ ᠶᠢᠨ ᠲᠡᠮᠲᠡᠭ ᠢᠶᠠᠷ ᠰᠣᠯᠢᠬᠤ ᠪᠡᠯᠡ ᠮᠦᠩᠬᠦ 22.35 | ᠳ᠋ᠦᠩᠰᠢᠭᠤᠷ ᠲᠦᠬᠦᠷᠢᠭ ᠲᠤ ᠬᠦᠷᠴᠡᠢ᠃ ᠡᠬᠦᠨ ᠳᠤ ᠲᠤᠰ ᠵᠢᠯ ᠤᠨ ᠲᠡᠮᠡᠴᠡᠨ ᠣᠯᠣᠭᠰᠠᠨ ᠵᠢᠭᠡᠯᠡᠯᠭᠡ ᠶᠢᠨ ᠲᠡᠮᠲᠡᠭ ᠢᠶᠠᠷ ᠰᠣᠯᠢᠬᠤ ᠮᠦᠩᠬᠦ 0.3 ᠳ᠋ᠦᠩᠰᠢᠭᠤᠷ | ᠲᠦᠬᠦᠷᠢᠭ᠂ 2018 ᠤᠨ ᠤ ᠲᠠᠰᠣᠯᠤᠨ ᠪᠤᠳᠣᠯᠲᠠ ᠠᠴᠠ ᠦᠯᠡᠳᠡᠵᠦ ᠢᠷᠡᠭᠰᠡᠨ ᠵᠢᠭᠡᠯᠡᠯᠭᠡ ᠶᠢᠨ ᠲᠡᠮᠲᠡᠭ ᠤᠨ ᠮᠦᠩᠬᠦ 22.05 ᠳ᠋ᠦᠩᠰᠢᠭᠤᠷ ᠲᠦᠬᠦᠷᠢᠭ | ᠪᠠᠶᠢᠵᠤ ᠪᠦᠬᠦᠨ ᠢ ᠰᠣᠯᠢᠵᠤ ᠳᠠᠭᠤᠰᠬᠠᠪᠠ︔ ᠳᠠᠬᠢᠨ ᠮᠦᠩᠬᠦ ᠴᠣᠭᠯᠠᠭᠤᠯᠬᠤ ᠵᠢᠭᠡᠯᠡᠯᠭᠡ ᠶᠢᠨ ᠲᠡᠮᠲᠡᠭ ᠤᠨ ᠪᠡᠯᠡ ᠮᠦᠩᠬᠦ ᠶᠢ 18.9 ᠳ᠋ᠦᠩᠰᠢᠭᠤᠷ ᠲᠦᠬᠦᠷᠢᠭ ᠢ | ᠲᠡᠮᠡᠴᠡᠨ ᠣᠯᠵᠤ᠂ ᠪᠦᠬᠦᠨ ᠢ ᠬᠤᠭᠤᠴᠠᠭ᠎ᠠ ᠨᠢ ᠬᠦᠷᠦᠭᠰᠡᠨ ᠵᠢᠭᠡᠯᠡᠯᠭᠡ ᠶᠢᠨ ᠲᠡᠮᠲᠡᠭ ᠤᠨ ᠡᠬᠡ ᠮᠦᠩᠬᠦ ᠳᠤ ᠪᠤᠴᠠᠭᠠᠵᠤ᠂ ᠬᠤᠭᠤᠴᠠᠭ᠎ᠠ ᠬᠦᠷᠦᠭᠰᠡᠨ ᠵᠢᠭᠡᠯᠡᠯᠭᠡ | ᠶᠢᠨ ᠲᠡᠮᠲᠡᠭ ᠤᠨ ᠡᠬᠡ ᠮᠦᠩᠬᠦ ᠶᠢ ᠪᠤᠴᠠᠭᠠᠬᠤ ᠶᠢ ᠪᠠᠲᠤᠯᠠᠪᠠ︔ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠪᠡᠯᠡ ᠮᠦᠩᠬᠦ ᠶᠢ 5.42 ᠳ᠋ᠦᠩᠰᠢᠭᠤᠷ ᠲᠦᠬᠦᠷᠢᠭ ᠢ | ᠲᠡᠮᠡᠴᠡᠨ ᠣᠯᠵᠤ᠂ ᠢᠯᠴᠢ ᠬᠠᠩᠭᠠᠬᠤ ᠬᠤᠭᠤᠯᠠᠢ ᠰᠦᠯᠵᠢᠶ᠎ᠡ᠂ ᠰᠣᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠡᠯᠡ ᠮᠦᠩᠬᠦ ᠶᠢᠨ ᠢᠷᠡᠯᠲᠡ ᠪᠤᠯᠭᠠᠵᠤ᠂ ᠪᠠᠲᠤᠯᠠᠭ᠎ᠠ ᠬᠠᠩᠭᠠᠪᠠ᠃ ᠭᠤᠷᠪᠠ ᠳᠤ᠂ ᠮᠦᠩᠬᠦᠨ ᠬᠦᠢᠯᠭᠡᠭᠡᠨ ᠤ | ᠪᠠᠶᠢᠭᠤᠯᠤᠮᠵᠢ ᠲᠠᠢ ᠢᠳᠡᠪᠬᠢᠲᠠᠢ ᠪᠠᠷ ᠲᠤᠬᠢᠷᠠᠯᠴᠠᠨ ᠵᠦᠪᠯᠡᠨ ᠬᠠᠷᠢᠯᠴᠠᠵᠤ᠂ ᠦᠵᠡᠬᠦᠯᠦᠯᠭᠡ ᠶᠢᠨ ᠬᠤᠭᠤᠴᠠᠭᠠᠨ ᠤ ᠬᠦᠦ ᠮᠦᠩᠬᠦ ᠶᠢ ᠪᠠᠭᠤᠷᠠᠭᠤᠯᠬᠤ ᠠᠷᠭ᠎ᠠ | ᠬᠡᠯᠪᠡᠷᠢ ᠪᠠᠷ ᠳᠠᠮᠵᠢᠭᠤᠯᠵᠤ ᠮᠦᠩᠬᠦᠨ ᠬᠦᠢᠯᠭᠡᠭᠡᠨ ᠤ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠶᠢᠨ ᠬᠠᠮᠲᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠮᠦᠩᠬᠦᠨ | ᠬᠦᠢᠯᠭᠡᠭᠡᠨ ᠤ ᠪᠠᠶᠢᠭᠤᠯᠤᠮᠵᠢ ᠶᠢᠨ ᠲᠦᠷᠦ ᠶᠢᠨ ᠪᠤᠳᠣᠯᠭ᠎ᠠ ᠶᠢᠨ ᠲᠤᠰᠠᠯᠠᠮᠵᠢ ᠶᠢ ᠢᠳᠡᠪᠬᠢᠲᠡᠢ ᠲᠡᠮᠡᠴᠡᠨ ᠣᠯᠵᠤ᠂ ᠡᠯ᠎ᠡ ᠲᠠᠯ᠎ᠠ ᠶᠢᠨ ᠵᠢᠭᠡᠯᠡᠯᠭᠡ ᠶᠢ ᠠᠷᠭᠠᠴᠠᠬᠤ᠂ | ᠣᠬᠤᠷ ᠬᠤᠭᠤᠴᠠᠭᠠᠨ ᠤ ᠲᠦᠭᠰᠢᠬᠦᠷᠢ ᠶᠢ ᠨᠠᠮᠲᠠᠭᠠᠵᠤ᠂ ᠦᠷᠢ ᠰᠢᠷᠢ ᠶᠢ ᠰᠢᠢᠳᠪᠦᠷᠢᠯᠡᠬᠦ ᠳᠠᠷᠤᠭᠠᠰᠣ ᠶᠢ ᠬᠦᠩᠭᠡᠯᠡᠪᠡ᠃ ᠳᠦᠷᠪᠡ ᠳᠤ᠂ ᠳᠡᠭᠡᠳᠦ ᠱᠠᠲᠤᠨ ᠤ | ᠨᠢᠭᠡᠳᠦᠯᠲᠡᠢ ᠪᠠᠶᠢᠷᠢᠰᠢᠭᠤᠯᠤᠯᠲᠠ ᠶᠢ ᠦᠨᠳᠦᠰᠦᠯᠡᠵᠦ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠤᠶᠢᠰᠢᠯᠠᠭᠤᠯᠤᠭᠰᠠᠨ ᠦᠷᠢ ᠰᠢᠷᠢ ᠶᠢ ᠢᠯᠭᠠᠷᠠᠭᠤᠯᠬᠤ | ᠲᠦᠰᠦᠪ ᠲᠦᠯᠦᠪᠯᠡᠭᠡ ᠶᠢ ᠲᠤᠭᠲᠠᠭᠠᠵᠤ᠂ ᠬᠠᠳᠠᠭᠠᠯᠠᠭᠰᠠᠨ ᠭᠠᠵᠠᠷ ᠰᠢᠷᠤᠢ ᠶᠢ ᠠᠮᠢᠳᠣᠯᠢᠭ ᠪᠤᠯᠭᠠᠵᠤ᠂ ᠣᠯᠣᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ | ᠶᠢᠨ ᠣᠷᠣᠯᠭ᠎ᠠ ᠶᠢ ᠪᠦᠬᠦᠨ ᠢ ᠦᠷᠢ ᠰᠢᠷᠢ ᠶᠢ ᠢᠯᠭᠠᠷᠠᠭᠤᠯᠬᠤ ᠳᠤ ᠵᠠᠷᠤᠴᠠᠭᠤᠯᠵᠤ᠂ ᠬᠠᠮᠲᠤ ᠳᠤᠨᠢ ᠬᠦᠷᠦᠩᠭᠡ ᠶᠢ ᠲᠤᠯᠭᠠᠬᠤ᠂ ᠠᠪᠴᠠᠭᠠᠨ ᠤ ᠡᠷᠭᠡ ᠶᠢ | ᠢᠯᠭᠠᠷᠠᠭᠤᠯᠬᠤ᠂ ᠭᠠᠶᠢᠯᠢ ᠶᠢᠨ ᠰᠦᠢᠳᠭᠡᠯ ᠢ ᠢᠯᠭᠠᠷᠠᠭᠤᠯᠤᠨ ᠲᠤᠰᠢᠶᠠᠬᠤ ᠪᠠᠷ ᠠᠷᠠᠳ ᠠᠴᠠ ᠡᠷᠬᠢᠯᠡᠭᠰᠡᠨ ᠠᠵᠤ ᠦᠢᠯᠡᠰ ᠤᠨ ᠳᠠᠩᠰᠠᠨ ᠮᠦᠩᠬᠦ ᠶᠢ | ᠢᠯᠭᠠᠷᠠᠭᠤᠯᠤᠨ ᠲᠦᠯᠦᠬᠦ ᠲᠠᠢ ᠣᠶᠠᠯᠳᠣᠭᠤᠯᠵᠤ᠂ 2019 ᠤᠨ ᠤ ᠵᠢᠯ ᠤᠨ ᠡᠴᠦᠰ ᠪᠤᠯᠬᠤ ᠳᠤ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠦᠷᠢ ᠰᠢᠷᠢ | ᠶᠢ ᠢᠯᠭᠠᠷᠠᠭᠤᠯᠤᠭᠰᠠᠨ ᠮᠦᠩᠬᠦ 78.16 ᠳ᠋ᠦᠩᠰᠢᠭᠤᠷ ᠲᠦᠬᠦᠷᠢᠭ ᠲᠤ ᠬᠦᠷᠴᠦ᠂ ᠦᠷᠢ ᠰᠢᠷᠢ ᠶᠢ ᠰᠢᠢᠳᠪᠦᠷᠢᠯᠡᠬᠦ ᠳᠤ ᠬᠠᠭᠠᠰ ᠠᠴᠠ ᠳᠡᠭᠡᠭᠰᠢᠬᠢ ᠶᠢ ᠨᠢ | ᠵᠠᠷᠤᠴᠠᠭᠤᠯᠵᠤ᠂ ᠨᠡᠶᠢᠲᠡ 42.92 ᠳ᠋ᠦᠩᠰᠢᠭᠤᠷ ᠲᠦᠬᠦᠷᠢᠭ ᠢ ᠬᠡᠷᠡᠭᠯᠡᠵᠦ᠂ ᠢᠯᠭᠠᠷᠠᠭᠤᠯᠤᠨ ᠲᠦᠯᠦᠬᠦ ᠳᠤ 39.08 ᠳ᠋ᠦᠩᠰᠢᠭᠤᠷ ᠲᠦᠬᠦᠷᠢᠭ ᠢ ᠭᠠᠷᠭᠠᠵᠤ᠂ | ᠤᠭ ᠬᠠᠷᠠᠯᠲᠠ ᠶᠢᠨ 109% ᠳᠤ ᠬᠦᠷᠦᠭᠰᠡᠨ ᠪᠦᠭᠡᠳ ᠡᠨᠡᠬᠦ ᠰᠠᠭᠤᠷᠢ ᠳᠡᠭᠡᠷ᠎ᠡ ᠮᠠᠨ ᠤ ᠲᠤᠭᠤᠷᠢᠭ ᠤᠨ ᠵᠠᠰᠠᠭ ᠤᠨ ᠣᠷᠳᠣᠨ ᠤ ᠳᠠᠯᠳᠠ ᠴᠢᠨᠠᠷ ᠲᠠᠢ ᠦᠷᠢ | ᠰᠢᠷᠢ ᠶᠢ ᠰᠢᠢᠳᠪᠦᠷᠢᠯᠡᠬᠦ ᠳᠤ 38.06 ᠳ᠋ᠦᠩᠰᠢᠭᠤᠷ ᠲᠦᠬᠦᠷᠢᠭ ᠵᠠᠷᠤᠴᠠᠭᠤᠯᠵᠤ ᠬᠠᠷᠠᠯᠲᠠ ᠪᠠᠨ 55.2 ᠳ᠋ᠦᠩᠰᠢᠭᠤᠷ ᠲᠦᠬᠦᠷᠢᠭ ᠢᠶᠠᠷ ᠪᠡᠶᠡᠯᠡᠬᠦᠯᠵᠦ᠂ | ᠪᠡᠶᠡᠯᠡᠬᠦᠯᠦᠭᠰᠡᠨ ᠨᠤᠷᠮ᠎ᠠ ᠨᠢ 145% ᠳᠤ ᠬᠦᠷᠪᠡ᠃ ᠶᠠᠳᠠᠭᠤ ᠶᠢ ᠳᠡᠳᠬᠦᠬᠦ ᠰᠢᠪᠲᠤᠯᠤᠯᠲᠠ ᠶᠢ ᠶᠡᠭᠡ ᠪᠠᠷ ᠠᠬᠢᠭᠤᠯᠪᠠ᠃ ᠡᠳ᠋ ᠤᠨ ᠵᠠᠰᠠᠭ ᠤᠨ ᠪᠡᠯᠡ | ᠣᠷᠣᠭᠤᠯᠬᠤ ᠶᠢ ᠪᠠᠲᠤᠯᠠᠬᠤ ᠲᠤᠭᠲᠠᠯᠴᠠᠭ᠎ᠠ ᠶᠢ ᠲᠡᠬᠦᠯᠳᠡᠷᠵᠢᠬᠦᠯᠵᠦ᠂ ᠶᠡᠳᠠᠭᠤ ᠶᠢ ᠳᠡᠳᠬᠦᠬᠦ ᠪᠡᠯᠡ ᠮᠦᠩᠬᠦᠨ ᠤ ᠪᠦᠬᠦ ᠶᠠᠪᠤᠴᠠ ᠳᠠᠬᠢ ᠪᠠᠶᠢᠳᠠᠯ ᠢ ᠬᠢᠨᠠᠨ | ᠡᠵᠡᠮᠳᠡᠬᠦ ᠪᠠ ᠦᠷ᠎ᠡ ᠠᠰᠢᠭ ᠲᠠᠢ ᠪᠠᠷ ᠬᠠᠮᠢᠶᠠᠷᠴᠤ᠂ 931 ᠲᠦᠮᠡᠨ ᠲᠦᠬᠦᠷᠢᠭ ᠪᠡᠯᠡ ᠮᠦᠩᠬᠦ ᠵᠠᠷᠤᠴᠠᠭᠤᠯᠵᠤ᠂ ᠪᠦᠬᠦ ᠲᠤᠭᠤᠷᠢᠭ ᠤᠨ ᠬᠦᠴᠢᠷᠳᠡᠯ ᠲᠠᠢ ᠡᠷᠦᠭᠡ | ᠶᠢᠨ ᠶᠠᠳᠠᠭᠤ ᠶᠢᠨ ᠮᠠᠯᠠᠭᠠᠢ ᠪᠠᠨ ᠲᠠᠶᠠᠭᠳᠠᠬᠤ ᠶᠢ ᠪᠡᠶᠡᠯᠡᠬᠦᠯᠵᠡᠢ᠃ ᠪᠤᠬᠢᠷᠳᠣᠯ ᠢ ᠪᠦᠬᠦ ᠬᠦᠴᠦᠨ ᠢᠶᠠᠷ ᠰᠡᠷᠭᠡᠶᠢᠯᠡᠨ ᠵᠠᠰᠠᠪᠠ᠃ ᠲᠦᠪ᠂ ᠦᠪᠡᠷᠲᠡᠭᠡᠨ ᠵᠠᠰᠠᠬᠤ | ᠣᠷᠣᠨ ᠤ ᠣᠷᠴᠢᠨ ᠲᠤᠭᠤᠷᠢᠨ ᠢ ᠬᠢᠨᠠᠨ ᠪᠠᠶᠢᠴᠠᠭᠠᠭᠰᠠᠨ ᠬᠠᠷᠢᠭᠤ ᠲᠤᠰᠬᠠᠭᠰᠠᠨ ᠠᠰᠠᠭᠤᠳᠠᠯ ᠳᠤ ᠬᠠᠨᠳᠣᠭᠤᠯᠵᠤ᠂ ᠬᠠᠯᠠᠨ ᠦᠭᠡᠷᠡᠴᠢᠯᠡᠯᠲᠡ ᠬᠢᠵᠦ᠂ ᠣᠷᠴᠢᠨ | ᠲᠤᠭᠤᠷᠢᠨ ᠤ ᠪᠡᠯᠡ ᠣᠷᠣᠭᠤᠯᠣᠯᠲᠠ ᠶᠢᠨ ᠬᠦᠴᠦᠯᠡᠵᠡ ᠶᠢ ᠴᠢᠩᠭᠠᠳᠬᠠᠵᠤ᠂ ᠣᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠠᠮᠢ ᠠᠬᠤᠢ | ᠶᠢᠨ ᠣᠷᠴᠢᠨ ᠲᠤᠭᠤᠷᠢᠨ ᠤ ᠴᠢᠨᠠᠷ ᠢ ᠰᠠᠶᠢᠵᠢᠷᠠᠭᠤᠯᠵᠤ᠂ ᠪᠦᠬᠦ ᠵᠢᠯ ᠳᠤ 0.81 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠤ᠂ ᠲᠤᠭᠤᠷᠢᠭ ᠤᠨ ᠣᠷᠣᠨ | ᠪᠦᠰᠡ ᠶᠢᠨ ᠠᠮᠢ ᠠᠬᠤᠢ ᠶᠢᠨ ᠰᠢᠰᠲ᠋ᠧᠮ ᠤᠨ ᠶᠠᠰᠣ ᠴᠢᠨᠠᠷ ᠪᠠ ᠲᠤᠭᠲᠠᠭᠤᠨ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠬᠦᠯᠪᠡ᠃ | ᠡᠳ᠋ ᠤᠨ ᠶᠠᠪᠤᠳᠠᠯ ᠤᠨ ᠨᠠᠶᠢᠳᠠᠨ ᠬᠠᠮᠢᠶᠠᠷᠠᠭᠤᠯᠤᠯᠲᠠ ᠶᠢ ᠬᠠᠤᠯᠢ ᠪᠠᠷ ᠵᠠᠰᠠᠬᠤ ᠬᠢᠷᠢ ᠬᠡᠮ ᠢ ᠲᠤᠭᠲᠠᠭᠤᠨ ᠢᠶᠠᠷ ᠳᠡᠭᠡᠭᠰᠢᠯᠡᠬᠦᠯᠪᠡ᠃ ᠨᠢᠭᠡ ᠳᠤ᠂ | ᠲᠤᠭᠲᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠲᠤᠬᠢᠷᠠᠭᠤᠯᠤᠯᠲᠠ ᠶᠢ ᠬᠢᠵᠦ᠂ ᠭᠠᠶᠢᠯᠢ ᠶᠢ ᠬᠦᠩᠭᠡᠷᠡᠬᠦᠯᠵᠦ᠂ ᠰᠦᠢᠳᠭᠡᠯ ᠢ ᠳᠣᠭᠤᠭᠰᠢᠯᠠᠭᠤᠯᠬᠤ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠠᠪᠴᠣ᠂ ᠪᠤᠳᠠᠳᠣ ᠴᠤᠭᠴᠠ ᠶᠢᠨ ᠠᠵᠤ ᠠᠬᠤᠢ ᠶᠢᠨ ᠬᠦᠭᠵᠢᠯᠲᠡ ᠶᠢ ᠠᠬᠢᠭᠤᠯᠤᠨ᠂ ᠭᠠᠶᠢᠯᠢ ᠲᠠᠲᠠᠪᠤᠷᠢᠯᠠᠬᠤ | ᠬᠠᠮᠢᠶᠠᠷᠤᠯᠲᠠ᠂ ᠳᠠᠯᠲᠠ ᠬᠦᠴᠦᠨ ᠢ ᠠᠭᠤᠳᠠᠯᠠᠨ ᠤᠯᠬᠤ ᠤᠷᠤᠯᠭ᠎ᠠ ᠶᠢᠨ ᠬᠠᠤᠯᠢ ᠶᠢᠨ ᠬᠠᠮᠢᠶᠠᠷᠤᠯᠲᠠ ᠶᠢ ᠴᠢᠩᠭᠠᠳᠬᠠᠪᠠ᠃ ᠬᠤᠶᠠᠷ ᠲᠤ᠂ ᠣᠷᠲᠤ | ᠬᠤᠭᠤᠴᠠᠭ᠎ᠠ ᠪᠠᠷ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠵᠤ᠂ ᠣᠷᠲᠤ ᠬᠤᠭᠤᠴᠠᠭᠠᠲᠤ ᠬᠠᠮᠢᠶᠠᠷᠤᠨ ᠡᠵᠡᠮᠳᠡᠬᠦ ᠲᠤᠭᠲᠠᠯᠴᠠᠭ᠎ᠠ ᠶᠢ | ᠪᠦᠷᠢᠨᠰᠢᠬᠦᠯᠵᠦ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠪᠠ᠃ ᠲᠦᠰᠦᠪ ᠬᠡᠷᠡᠭᠵᠢᠬᠦᠯᠬᠦ ᠬᠠᠮᠢᠶᠠᠷᠤᠯᠲᠠ ᠶᠢ ᠴᠢᠩᠭᠠᠳᠬᠠᠵᠤ᠂ ᠣᠯᠣᠰ ᠤᠨ | ᠬᠦᠮᠦᠷᠭᠡ ᠶᠢᠨ ᠪᠡᠯᠡ ᠮᠦᠩᠬᠦ ᠶᠢ ᠰᠢᠨᠵᠢᠯᠡᠬᠦ ᠣᠬᠠᠭᠠᠨᠴᠢ ᠪᠠᠷ ᠲᠤᠬᠢᠷᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠦᠷ᠎ᠡ ᠠᠰᠢᠭ ᠢ ᠦᠨᠡᠨ ᠬᠦ | ᠳᠡᠭᠡᠭᠰᠢᠯᠡᠬᠦᠯᠪᠡ᠃ ᠭᠤᠷᠪᠠ ᠳᠤ᠂ ᠦᠷᠬᠦᠯᠵᠢᠯᠡᠭᠰᠡᠨ ᠡᠳ᠋ ᠤᠨ ᠵᠠᠰᠠᠭ ᠤᠨ ᠳᠦᠷᠢᠮ ᠢ ᠪᠠᠶᠢᠭᠤᠯᠬᠤ ᠶᠢ ᠴᠢᠩᠭᠠᠳᠬᠠᠨ ᠲᠦᠷᠭᠡᠳᠭᠡᠵᠦ᠂ ᠡᠳ᠋ ᠤᠨ ᠵᠠᠰᠠᠭ ᠤᠨ | ᠭᠠᠶᠢᠯᠢ ᠶᠢᠨ ᠦᠭᠡᠷᠡᠴᠢᠯᠡᠯᠲᠡ ᠶᠢ ᠲᠤᠭᠲᠠᠭᠤᠨ ᠢᠶᠠᠷ ᠠᠬᠢᠭᠤᠯᠵᠤ᠂ ᠲᠦᠰᠦᠯ ᠢ ᠪᠦᠬᠦ ᠲᠠᠯ᠎ᠠ ᠳᠤ ᠪᠦᠬᠦ ᠶᠠᠪᠤᠴᠠ ᠳᠤ ᠪᠦᠬᠦᠨ ᠢ ᠪᠦᠷᠬᠦᠬᠦᠯᠬᠦ ᠦᠷ᠎ᠡ ᠠᠰᠢᠭᠲᠤ | ᠬᠠᠮᠢᠶᠠᠷᠤᠯᠲᠠ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠤᠭᠲᠠᠭᠤᠨ ᠢᠶᠠᠷ ᠬᠡᠷᠡᠭᠵᠢᠬᠦᠯᠵᠦ᠂ ︽ᠢᠨᠲ᠋ᠧᠷᠨᠧᠲ ᠰᠦᠯᠵᠢᠶ᠎ᠡ + ᠵᠠᠰᠠᠭ ᠤᠨ ᠣᠷᠳᠣᠨ ᠤ | ᠬᠤᠳᠠᠯᠳᠣᠨ ᠠᠪᠬᠤ︾ ᠡᠯᠧᠺᠲᠷᠤᠨᠴᠢᠯᠠᠭᠰᠠᠨ ᠳᠠᠪᠴᠠᠩ ᠢ ᠣᠷᠢᠳᠠᠪᠠᠷ ᠬᠡᠷᠡᠭᠵᠢᠬᠦᠯᠪᠡ᠃ ᠳᠦᠷᠪᠡ ᠳᠤ᠂ ᠲᠦᠰᠦᠪ ᠤᠨ ᠣᠷᠣᠨ ᠲᠤᠭ᠎ᠠ ᠶᠢᠨ ᠪᠦᠬᠦ ᠲᠠᠯᠠᠲᠤ | ᠴᠢᠨᠠᠷ ᠪᠠ ᠤᠨᠤᠪᠴᠢᠲᠤ ᠴᠢᠨᠠᠷ ᠢ ᠦᠷᠬᠦᠯᠵᠢᠯᠡᠨ ᠳᠡᠭᠡᠭᠰᠢᠯᠡᠬᠦᠯᠵᠦ᠂ ᠲᠦᠰᠦᠪ ᠢ ᠬᠡᠷᠡᠭᠵᠢᠬᠦᠯᠬᠦ ᠬᠢᠵᠠᠭᠠᠷᠲᠤ ᠴᠢᠨᠠᠷ ᠪᠤᠯᠤᠨ ᠲᠦᠪ ᠴᠢᠩᠭ᠎ᠠ ᠴᠢᠨᠠᠷ ᠢ ᠨᠡᠩ ᠨᠢᠭᠡ | ᠠᠯᠬᠤᠮ ᠴᠢᠩᠭᠠᠳᠬᠠᠪᠠ᠃ ᠲᠠᠪᠤ ᠳᠤ᠂ ᠲᠦᠰᠦᠪ ︵ᠲᠠᠰᠣᠯᠤᠨ ᠪᠤᠳᠣᠯᠲᠠ︶ ᠵᠢᠴᠢ ︽ᠭᠤᠷᠪᠠᠨ ᠠᠯᠪᠠᠨ︾ ᠤ ᠵᠠᠷᠤᠳᠠᠯ ᠤᠨ ᠰᠣᠷᠠᠭ ᠵᠠᠩᠬᠢ ᠶᠢ ᠪᠦᠬᠦ ᠲᠠᠯ᠎ᠠ | ᠪᠠᠷ ᠢᠯᠡ ᠪᠠᠶᠢᠯᠭᠠᠬᠤ ᠶᠢ ᠡᠷᠡᠰ ᠴᠢᠩᠭ᠎ᠠ ᠪᠠᠷ ᠲᠤᠤᠱᠯᠠᠭᠤᠯᠵᠤ᠂ ᠢᠯᠡ ᠪᠠᠶᠢᠯᠭᠠᠬᠤ ᠪᠦᠷᠢᠨ ᠪᠦᠲᠦᠨ ᠴᠢᠨᠠᠷ ᠪᠤᠯᠤᠨ ᠦᠨᠡᠨ ᠪᠤᠳᠠᠳᠣ ᠴᠢᠨᠠᠷ ᠢ ᠪᠠᠲᠤᠯᠠᠵᠤ᠂ | ᠨᠢᠭᠤᠴᠠ ᠶᠢ ᠬᠠᠮᠠᠭᠠᠯᠠᠬᠤ ᠪᠠᠶᠢᠭᠤᠯᠭ᠎ᠠ ᠠᠴᠠ ᠭᠠᠳᠠᠨᠠᠬᠢ ᠪᠦᠬᠦ ᠲᠤᠭᠤᠷᠢᠭ ᠤᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ ᠢᠯᠡ ᠪᠠᠶᠢᠯᠭᠠᠬᠤ | ᠪᠠᠶᠢᠩᠭᠤᠵᠢᠭᠤᠯᠤᠯᠲᠠ ᠶᠢ ᠪᠡᠶᠡᠯᠡᠬᠦᠯᠪᠡ᠃ | ᠡᠯ᠎ᠡ ᠲᠦᠯᠦᠭᠡᠯᠡᠭᠴᠢᠳ ᠡ᠂ 2019 ᠤᠨ ᠳᠤ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠣ ᠨᠡᠯᠢᠶᠡᠳ ᠬᠦᠨᠳᠦ᠂ ᠣᠷᠣᠯᠭ᠎ᠠ ᠵᠠᠷᠤᠯᠭ᠎ᠠ ᠶᠢᠨ | ᠲᠡᠩᠴᠡᠬᠦᠷᠢ ᠶᠢᠨ ᠵᠦᠷᠢᠴᠡᠯ ᠮᠦᠷᠬᠦᠯᠳᠦᠭᠡᠨ ᠲᠤᠩ ᠲᠤᠪᠤᠶᠢᠮ᠎ᠠ ᠪᠠᠶᠢᠭ᠎ᠠ ᠪᠠᠶᠢᠳᠠᠯ ᠳᠣᠣᠷ᠎ᠠ ᠡᠳ᠋ ᠤᠨ ᠵᠠᠰᠠᠭ ᠤᠨ ᠡᠷᠬᠢᠯᠲᠡ ᠶᠢ ᠦᠨᠳᠦᠰᠦᠨ ᠳᠡᠭᠡᠨ ᠲᠤᠭᠲᠠᠭᠤᠨ | ᠪᠠᠶᠢᠯᠭᠠᠵᠤ᠂ ᠡᠯ᠎ᠡ ᠲᠦᠷᠦᠯ ᠤᠨ ᠡᠳ᠋ ᠤᠨ ᠵᠠᠰᠠᠭ ᠤᠨ ᠭᠠᠶᠢᠯᠢ ᠶᠢᠨ ᠲᠦᠷᠦ ᠶᠢᠨ ᠪᠤᠳᠣᠯᠭ᠎ᠠ ᠶᠢ ᠦᠷ᠎ᠡ ᠪᠦᠲᠦᠮᠵᠢ ᠲᠠᠢ ᠪᠠᠷ ᠲᠤᠤᠱᠯᠠᠭᠤᠯᠵᠤ᠂ ᠡᠳ᠋ ᠤᠨ ᠵᠠᠰᠠᠭ | ᠤᠨ ᠡᠯ᠎ᠡ ᠲᠦᠷᠦᠯ ᠤᠨ ᠠᠵᠢᠯ ᠤᠨ ᠬᠠᠷᠠᠯᠲᠠ ᠶᠢ ᠨᠡᠯᠢᠶᠡᠳ ᠠᠮᠵᠢᠯᠲᠠ ᠲᠠᠢ ᠪᠡᠶᠡᠯᠡᠬᠦᠯᠪᠡ᠃ ᠡᠬᠦᠨ ᠤ ᠵᠡᠷᠭᠡ ᠪᠠᠷ ᠪᠢᠳᠡ ᠡᠳ᠋ ᠤᠨ ᠵᠠᠰᠠᠭ ᠤᠨ ᠡᠷᠬᠢᠯᠲᠡ ᠶᠢᠨ | ᠶᠠᠪᠤᠴᠠ ᠳᠤ ᠲᠤᠬᠢᠶᠠᠯᠳᠣᠭᠰᠠᠨ ᠣᠮᠳᠣᠭᠠᠶᠢᠯᠠᠵᠤ ᠪᠤᠯᠤᠰᠢ ᠦᠬᠡᠢ ᠬᠦᠴᠢᠷᠳᠡᠯ ᠪᠤᠯᠤᠨ ᠦᠷᠢᠰᠦᠯᠳᠦᠭᠡᠨ ᠢ ᠬᠦᠨᠵᠡᠭᠡᠢ ᠲᠠᠨᠢᠵᠤ ᠮᠡᠳᠡᠪᠡ᠃ ᠭᠤᠤᠯ ᠢᠯᠡᠷᠡᠯ ᠨᠢ᠄ | ᠡᠳ᠋ ᠤᠨ ᠵᠠᠰᠠᠭ ᠤᠨ ᠢᠷᠡᠯᠲᠡ ᠬᠦᠴᠦᠨ ᠮᠡᠬᠦᠰ᠂ ᠭᠠᠶᠢᠯᠢ ᠶᠢᠨ ᠢᠷᠡᠯᠲᠡ ᠳᠠᠩ ᠴᠤᠯᠭᠤᠢ᠂ ᠣᠷᠣᠯᠭ᠎ᠠ ᠶᠢᠨ ᠲᠦᠭᠰᠢᠬᠦᠷᠢ ᠶᠢ ᠡᠰᠡᠷᠬᠦᠴᠡᠬᠦ ᠴᠢᠳᠠᠪᠤᠷᠢ ᠳᠣᠣᠷ᠎ᠠ | ᠵᠡᠷᠭᠡ ᠠᠰᠠᠭᠤᠳᠠᠯ ᠤᠳ ᠦᠨᠳᠦᠰᠦᠨ ᠠᠴᠠ ᠨᠢ ᠦᠭᠡᠷᠡᠴᠢᠯᠡᠭᠳᠡᠭᠡ ᠦᠬᠡᠢ ᠪᠠᠶᠢᠵᠤ᠂ ᠬᠠᠲᠠᠭᠤ ᠵᠠᠷᠤᠯᠭ᠎ᠠ ᠨᠢᠭᠡᠨᠲᠡ ᠬᠡᠪᠴᠢᠶᠡᠵᠢᠨ ᠬᠡᠪᠰᠢᠵᠦ᠂ ᠡᠳ᠋ ᠤᠨ ᠵᠠᠰᠠᠭ | ᠤᠨ ᠵᠠᠷᠤᠯᠭ᠎ᠠ ᠶᠢᠨ ᠠᠷᠪᠢᠯᠠᠨ ᠭᠠᠮᠨᠠᠯᠲᠠ ᠬᠦᠨᠳᠦ ᠠᠰᠠᠭᠤᠳᠠᠯ ᠳᠤ ᠲᠤᠯᠭᠠᠷᠠᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠮᠦᠷᠬᠦᠯᠳᠦᠭᠡᠨ ᠨᠡᠩ | ᠲᠤᠪᠤᠶᠢᠮ᠎ᠠ ᠪᠤᠯᠵᠤ ᠪᠠᠶᠢᠬᠤ︔ ᠵᠠᠰᠠᠭ ᠤᠨ ᠣᠷᠳᠣᠨ ᠤ ᠦᠷᠢ ᠰᠢᠷᠢ ᠶᠢᠨ ᠬᠡᠮᠵᠢᠶ᠎ᠡ ᠨᠡᠯᠢᠶᠡᠳ ᠶᠡᠭᠡ᠂ ᠡᠳ᠋ ᠤᠨ ᠵᠠᠰᠠᠭ ᠤᠨ ᠢᠲᠡᠭᠡᠮᠵᠢ ᠶᠢᠨ ᠲᠦᠭᠰᠢᠬᠦᠷᠢ ᠮᠥᠨ | ᠤᠮᠳᠣᠭᠠᠶᠢᠯᠠᠵᠤ ᠪᠤᠯᠤᠰᠢ ᠦᠬᠡᠢ ᠪᠠᠶᠢᠵᠤ᠂ ᠦᠷᠢ ᠰᠢᠷᠢ ᠶᠢ ᠢᠯᠭᠠᠷᠠᠭᠤᠯᠬᠤ ᠡᠬᠦᠷᠭᠡ ᠬᠦᠨᠳᠦ ᠬᠡᠴᠡᠬᠦᠦ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ | ᠡᠳᠡᠭᠡᠷ ᠠᠰᠠᠭᠤᠳᠠᠯ ᠳᠤ ᠬᠠᠨᠳᠣᠭᠤᠯᠵᠤ᠂ ᠪᠢᠳᠡ ᠵᠦᠪ ᠤᠨᠤᠪᠴᠢᠲᠠᠢ ᠪᠠᠷ ᠲᠠᠨᠢᠵᠤ᠂ ᠨᠠᠷᠢᠨ ᠬᠢᠨᠠᠮᠠᠭᠠᠢ ᠪᠠᠷ ᠵᠠᠳᠠᠯᠤᠨ ᠰᠣᠳᠣᠯᠵᠤ᠂ ᠬᠡᠯᠪᠡᠷᠢ ᠪᠠᠨ ᠬᠤᠪᠢᠷᠠᠭᠠᠨ | ᠬᠦᠭᠵᠢᠬᠦᠯᠬᠦ᠂ ᠴᠢᠨᠠᠷ ᠰᠠᠶᠢᠲᠠᠢ ᠬᠦᠭᠵᠢᠬᠦᠯᠬᠦ ᠪᠠᠷ ᠳᠠᠮᠵᠢᠭᠤᠯᠵᠤ᠂ ᠡᠳ᠋ ᠤᠨ ᠵᠠᠰᠠᠭ ᠤᠨ ᠣᠷᠣᠯᠭ᠎ᠠ ᠶᠢᠨ ᠶᠡᠷᠦᠩᠬᠡᠢ ᠬᠡᠮᠵᠢᠶ᠎ᠡ ᠶᠢ ᠦᠨᠡᠨ ᠪᠤᠳᠠᠲᠠᠢ ᠪᠠᠷ ᠶᠡᠭᠡ ᠪᠠᠷ | ᠳᠡᠭᠡᠭᠰᠢᠯᠡᠬᠦᠯᠦᠨ᠎ᠡ︔ ᠲᠦᠰᠦᠪ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠪᠠᠷ ᠳᠠᠮᠵᠢᠭᠤᠯᠵᠤ ᠡᠳ᠋ ᠤᠨ ᠵᠠᠰᠠᠭ ᠤᠨ ᠲᠤᠭᠲᠠᠭᠤᠨ ᠡᠷᠬᠢᠯᠲᠡ ᠶᠢ ᠪᠠᠲᠤᠯᠠᠨ᠎ᠠ︔ | ᠢᠳᠡᠪᠬᠢᠲᠡᠢ ᠪᠠᠷ ᠰᠢᠨ᠎ᠡ ᠶᠢ ᠡᠬᠦᠳᠴᠦ᠂ ᠣᠯᠠᠨ ᠠᠴᠠ ᠴᠤᠭᠯᠠᠭᠤᠯᠬᠤ ᠪᠠᠷ ᠳᠠᠮᠵᠢᠭᠤᠯᠵᠤ᠂ ᠵᠠᠰᠠᠭ ᠤᠨ ᠣᠷᠳᠣᠨ ᠤ ᠦᠷᠢ ᠰᠢᠷᠢ ᠶᠢᠨ ᠲᠦᠭᠰᠢᠬᠦᠷᠢ ᠶᠢ | ᠰᠡᠷᠭᠡᠶᠢᠯᠡᠬᠦ ᠣᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠠᠪᠴᠤ ᠵᠤᠬᠢᠰᠲᠠᠢ ᠰᠢᠢᠳᠪᠦᠷᠢᠯᠡᠨ᠎ᠡ᠃ | ᠬᠤᠶᠠᠷ᠂ 2020 ᠤᠨ ᠤ ᠲᠦᠰᠦᠪ ᠤᠨ ᠲᠦᠰᠦᠯ | ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠦᠰᠦᠪ ᠤᠨ ᠬᠠᠤᠯᠢ︾ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠣᠷᠣᠨ ᠨᠤᠲᠤᠭ ᠤᠨ ᠢᠶᠠᠨ | ᠪᠤᠳᠠᠳᠣ ᠪᠠᠶᠢᠳᠠᠯ ᠲᠠᠢ ᠣᠶᠠᠯᠳᠣᠭᠤᠯᠣᠨ ︽ᠲᠡᠰᠪᠦᠷᠢ ᠬᠠᠳᠠᠵᠢᠭᠤᠯᠲᠠᠢ ᠲᠡᠮᠡᠴᠡᠨ᠂ ᠠᠵᠢᠯᠴᠢ ᠠᠷᠪᠢᠴᠢ ᠪᠠᠷ ᠭᠠᠮᠨᠠᠬᠤ᠂ ᠣᠷᠣᠯᠭ᠎ᠠ ᠪᠠᠷ ᠵᠠᠷᠤᠯᠭ᠎ᠠ ᠪᠠᠨ | ᠲᠤᠭᠲᠠᠭᠠᠨ ᠴᠢᠷᠮᠠᠶᠢᠨ ᠣᠷᠣᠭᠰᠢᠯᠠᠬᠤ᠂ ᠬᠠᠮᠢᠶᠠᠷᠤᠯᠲᠠ ᠪᠠᠨ ᠴᠢᠩᠭᠠᠳᠬᠠᠨ᠂ ᠰᠠᠬᠢᠯᠭ᠎ᠠ ᠪᠠᠲᠤ ᠶᠢ ᠡᠷᠡᠰ ᠵᠢᠷᠤᠮᠯᠠᠬᠤ︾ ᠵᠠᠷᠴᠢᠮ ᠢᠶᠠᠷ ᠵᠤᠬᠢᠰᠲᠠᠢ ᠣᠷᠣᠨ ᠲᠤᠭ᠎ᠠ | ᠪᠠᠷ ᠲᠤᠰ ᠵᠢᠯ ᠤᠨ ᠲᠦᠰᠦᠪ ᠢ ᠬᠡᠷᠡᠭᠵᠢᠬᠦᠯᠦᠨ᠎ᠡ᠃ 2020 ᠤᠨ ᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠦᠰᠦᠪ ᠤᠨ ᠠᠵᠢᠯ ᠤᠨ ᠵᠢᠯᠤᠭᠤᠳᠬᠤ | ᠦᠵᠡᠯ ᠰᠠᠨᠠᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ | ᠲᠦᠷᠪᠡᠳᠦᠭᠡᠷ ᠪᠦᠬᠦᠳᠡ ᠬᠤᠷᠠᠯ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠤᠭᠤᠷᠢᠭ | ᠤᠨ ᠨᠠᠢᠮᠠᠳᠤᠭᠠᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ | ᠦᠨᠳᠦᠰᠦᠯᠡᠵᠦ᠂ ᠪᠦᠬᠦ ᠲᠠᠯ᠎ᠠ ᠪᠠᠷ ᠴᠢᠨᠠᠭᠡᠯᠢᠭ ᠨᠡᠶᠢᠭᠡᠮ ᠢ ᠪᠠᠶᠢᠭᠤᠯᠬᠤ ᠬᠠᠷᠠᠯᠲᠠ ᠶᠢᠨ ᠡᠬᠦᠷᠭᠡ ᠲᠠᠢ ᠨᠢᠭᠲᠠ ᠤᠶᠠᠯᠳᠤᠭᠤᠯᠵᠤ᠂ ᠲᠤᠭᠳᠠᠭᠤᠨ ᠪᠠᠶᠢᠯᠭᠠᠬᠤ ᠶᠢᠨ | ᠵᠡᠷᠭᠡ ᠤᠷᠤᠭᠰᠢᠯᠠᠬᠤ ᠠᠵᠢᠯ ᠤᠨ ᠬᠦᠭ ᠠᠶᠠᠰ ᠢ ᠪᠠᠷᠢᠮᠳᠠᠯᠠᠵᠦ᠂ ᠰᠢᠨ᠎ᠡ ᠬᠦᠭᠵᠢᠯᠲᠠ ᠶᠢᠨ ᠤᠨᠤᠯᠵᠢᠭᠤᠨ ᠢ ᠪᠠᠷᠢᠮᠳᠠᠯᠠᠨ᠎ᠠ᠃ ︽ᠤᠷᠤᠯᠭ᠎ᠠ ᠪᠠᠷ ᠵᠠᠷᠤᠯᠭ᠎ᠠ ᠪᠠᠨ | ᠳᠤᠭᠳᠠᠭᠠᠬᠤ︾ ᠵᠠᠷᠴᠢᠮ ᠢ ᠨᠠᠷᠢᠨ ᠬᠢᠨᠠᠮᠠᠭᠠᠢ ᠲᠤᠤᠱᠯᠠᠭᠤᠯᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠦᠲᠦᠴᠡ ᠶᠢ ᠰᠢᠯᠡᠳᠡᠭᠵᠢᠬᠦᠯᠬᠦ ᠵᠠᠷᠴᠢᠮ ᠢ | ᠴᠢᠩᠭᠠᠳᠬᠠᠵᠤ᠂ ᠵᠠᠰᠠᠭ ᠤᠨ ᠤᠷᠳᠤᠨ ᠭᠠᠮᠨᠠᠵᠦ ᠠᠮᠢᠳᠤᠷᠠᠬᠤ ᠶᠢ ᠪᠠᠷᠢᠮᠳᠠᠯᠠᠨ᠂ ᠪᠠᠲᠤᠯᠠᠬᠤ᠂ ᠪᠠᠭᠠᠰᠬᠠᠬᠤ ᠶᠢ ᠦᠨᠡᠨ ᠬᠦ ᠪᠡᠶᠡᠯᠡᠬᠦᠯᠦᠨ᠎ᠡ︔ ᠤᠷᠤᠨ ᠨᠤᠳᠤᠭ | ᠤᠨ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠭᠰᠡᠨ ᠵᠢᠭᠡᠯᠯᠡᠭᠡ ᠶᠢᠨ ᠳᠡᠮᠳᠡᠭᠲᠦ ᠶᠢ ᠵᠤᠬᠢᠰᠲᠠᠢ ᠬᠡᠷᠡᠭᠯᠡᠵᠦ᠂ ᠤᠷᠤᠨ ᠨᠤᠳᠤᠭ ᠤᠨ ᠵᠠᠰᠠᠭ ᠤᠨ ᠤᠷᠳᠤᠨ ᠤ | ᠳᠠᠯᠳᠡ ᠴᠢᠨᠠᠷᠲᠠᠢ ᠦᠷᠢ ᠰᠢᠷᠢ ᠶᠢᠨ ᠲᠦᠭᠰᠢᠬᠦᠷᠢ ᠶᠢ ᠰᠡᠷᠭᠡᠶᠢᠯᠡᠨ᠎ᠡ︔ ᠡᠳ᠋ ᠤᠨ ᠵᠠᠰᠠᠭ ᠤᠨ ᠭᠠᠶᠢᠯᠢ ᠶᠢᠨ ᠲᠤᠭᠲᠠᠴᠠ ᠶᠢᠨ ᠦᠭᠡᠷᠡᠴᠢᠯᠡᠯᠲᠡ ᠶᠢ | ᠬᠦᠨᠵᠡᠭᠡᠶᠢᠷᠡᠬᠦᠯᠵᠦ᠂ ᠤᠳᠤᠬᠢᠴᠢᠯᠠᠭᠰᠠᠨ ᠡᠳ᠋ ᠤᠨ ᠵᠠᠰᠠᠭ ᠤᠨ ᠪᠠᠶᠢᠭᠤᠯᠤᠯᠲᠠ ᠶᠢ ᠲᠦᠷᠭᠡᠳᠬᠡᠨ ᠳᠡᠭᠡᠯᠳᠡᠷᠵᠢᠬᠦᠯᠵᠦ᠂ ᠠᠵᠤ ᠠᠬᠤᠢ ᠨᠡᠶᠢᠬᠡᠮ ᠤᠨ ᠦᠷᠬᠦᠯᠵᠢᠯᠡᠨ | ᠡᠷᠡᠬᠦᠯ ᠢᠶᠠᠷ ᠬᠦᠭᠵᠢᠬᠦ ᠶᠢ ᠠᠬᠢᠭᠤᠯᠤᠨ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠯᠤᠬᠤ ᠪᠠ ︽ᠠᠷᠪᠠᠨ ᠭᠤᠷᠪᠠᠳᠤᠭᠠᠷ ᠲᠠᠪᠤᠨ︾ ᠵᠢᠯ ᠤᠨ | ᠲᠦᠯᠦᠪᠵᠢᠬᠦᠯᠭᠡ ᠶᠢᠨ ᠠᠮᠵᠢᠯᠲᠠ ᠲᠠᠢ ᠶᠠᠪᠤᠭᠳᠠᠬᠤ ᠶᠢ ᠪᠠᠲᠤᠯᠠᠨ᠎ᠠ᠃ | ᠡᠲᠦᠭᠡ ᠲᠤᠰ ᠵᠢᠯ ᠤᠨ ᠪᠦᠬᠦ ᠲᠤᠭᠤᠷᠢᠭ ᠤᠨ ᠡᠩ ᠤᠨ ᠤᠯᠠᠨ ᠨᠡᠶᠢᠳᠡ ᠶᠢᠨ ᠲᠦᠰᠦᠪ᠂ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ | ᠲᠦᠰᠦᠪ᠂ ᠨᠡᠶᠢᠬᠡᠮ ᠤᠨ ᠪᠠᠲᠤᠯᠠᠭ᠎ᠠ ᠶᠢᠨ ᠰᠠᠭᠤᠷᠢ ᠮᠦᠩᠭᠦ ᠶᠢᠨ ᠲᠦᠰᠦᠪ᠂ ᠨᠡᠶᠢᠬᠡᠮ ᠤᠨ ᠪᠠᠲᠤᠯᠠᠭ᠎ᠠ ᠶᠢᠨ ᠰᠠᠭᠤᠷᠢ ᠮᠦᠩᠭᠦ ᠶᠢᠨ ᠲᠦᠰᠦᠪ᠂ ᠤᠯᠤᠰ ᠤᠨ | ᠬᠦᠷᠦᠩᠭᠡ ᠶᠢᠨ ᠡᠵᠡᠩᠨᠡᠯᠲᠡ ᠶᠢᠨ ᠲᠦᠰᠦᠪ ᠤᠨ ᠲᠤᠬᠢᠷᠠᠭᠤᠯᠤᠯᠲᠠ ᠶᠢᠨ ᠪᠠᠶᠢᠳᠠᠯ ᠢ ᠪᠤᠳᠠᠳᠠᠢ ᠬᠠᠷᠢᠭᠤ ᠮᠡᠳᠡᠬᠦᠯᠦᠶ᠎ᠡ᠃ | ︵ᠨᠢᠭᠡ︶ ᠡᠩ ᠤᠨ ᠤᠯᠠᠨ ᠨᠡᠶᠢᠳᠡ ᠶᠢᠨ ᠲᠦᠰᠦᠪ | 1. ᠲᠤᠰ ᠱᠠᠲᠤᠨ ᠤ ᠡᠳ᠋ ᠤᠨ ᠬᠦᠴᠦᠨ ᠤ ᠤᠷᠤᠯᠭ᠎ᠠ ᠶᠢᠨ ᠲᠠᠯ᠎ᠠ ᠪᠠᠷ ᠪᠦᠬᠦ ᠲᠤᠭᠤᠷᠢᠭ ᠤᠨ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ | ᠶᠢᠨ ᠵᠢᠱᠢᠭᠰᠡᠨ ᠬᠠᠷᠠᠯᠲᠠ ᠪᠠ ᠤᠳᠤ ᠶᠢᠨ ︽ᠭᠠᠶᠢᠯᠢ ᠶᠢᠨ ᠬᠤᠪᠢᠶᠠᠷᠢᠯᠠᠯ︾ ᠤᠨ ᠡᠳ᠋ ᠤᠨ ᠵᠠᠰᠠᠭ ᠤᠨ ᠪᠠᠶᠢᠭᠤᠯᠤᠯ ᠢ ᠦᠨᠳᠦᠰᠦᠯᠡᠨ᠂ ᠡᠨᠡ ᠵᠢᠯ ᠲᠤᠭᠤᠷᠢᠭ ᠤᠨ | ᠲᠤᠰ ᠱᠠᠲᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠡᠯ᠎ᠡ ᠵᠦᠢᠯ ᠤᠨ ᠡᠳ᠋ ᠤᠨ ᠬᠦᠴᠦᠨ ᠤ ᠤᠷᠤᠯᠭ᠎ᠠ ᠶᠢ 53.32 ᠳ᠋ᠥᠩᠰᠢᠭᠤᠷ ᠲᠦᠬᠦᠷᠢᠭ | ᠲᠤᠬᠢᠷᠠᠭᠤᠯᠬᠤ ᠪᠠᠷ ᠰᠠᠨᠠᠭᠤᠯᠪᠠ᠂ ᠪᠤᠳᠠᠳᠠᠢ ᠲᠤᠤᠷᠠᠬᠢ ᠮᠡᠳᠦ᠄ | ︵1︶ ᠲᠤᠭᠤᠷᠢᠭ ᠤᠨ ᠲᠤᠰ ᠱᠠᠲᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ 49.6 ᠳ᠋ᠥᠩᠰᠢᠭᠤᠷ ᠲᠦᠬᠦᠷᠢᠭ᠂ 5% ᠤᠷᠴᠢᠮ | ᠢᠶᠠᠷ ᠨᠡᠮᠡᠭᠳᠡᠬᠦᠯᠦᠨ᠎ᠡ᠃ | ︵2︶ ᠳᠡᠭᠡᠲᠦ ᠱᠠᠲᠤᠨ ᠤ ᠡᠩ ᠤᠨ ᠤᠯᠠᠨ ᠨᠡᠶᠢᠳᠡ ᠶᠢᠨ ᠴᠢᠨᠠᠷᠲᠠᠢ ᠰᠢᠯᠵᠢᠬᠦᠯᠦᠨ ᠦᠭᠬᠦ ᠤᠷᠤᠯᠭ᠎ᠠ 9.8 ᠳ᠋ᠥᠩᠰᠢᠭᠤᠷ ᠲᠦᠬᠦᠷᠢᠭ᠂ ᠳᠠᠷᠤᠢ | ᠦᠩᠭᠡᠷᠡᠭᠰᠡᠨ ᠵᠢᠯ ᠤᠳ ᠤᠨ ᠡᠳ᠋ ᠤᠨ ᠵᠠᠰᠠᠭ ᠤᠨ ᠪᠠᠶᠢᠭᠤᠯᠤᠯ ᠠᠴᠠ ᠲᠤᠭᠳᠠᠭᠠᠭᠰᠠᠨ ᠲᠤᠭᠳᠠᠮᠠᠯ ᠰᠠᠭᠤᠷᠢ ᠲᠤᠭ᠎ᠠ ᠶᠢᠨ ᠪᠤᠴᠠᠭᠠᠯᠲᠠ ᠪᠤᠯᠤᠨ᠎ᠠ᠃ ᠡᠬᠦᠨ ᠳᠤ᠄ | ᠨᠡᠮᠡᠭᠳᠡᠯ ᠬᠡᠷᠡᠭᠯᠡᠯ ᠤᠨ ᠬᠤᠶᠠᠷ ᠭᠠᠶᠢᠯᠢ ᠶᠢᠨ ᠡᠬᠡᠬᠦᠯᠦᠨ ᠪᠤᠴᠠᠭᠠᠬᠤ ᠤᠷᠤᠯᠭ᠎ᠠ 0.66 ᠳ᠋ᠥᠩᠰᠢᠭᠤᠷ ᠲᠦᠬᠦᠷᠢᠭ᠂ ︽ᠨᠡᠮᠡᠭᠳᠡᠯ ᠭᠠᠶᠢᠯᠢ ᠶᠢᠨ ᠲᠠᠪᠤ ᠲᠠᠪᠤ | ᠬᠤᠪᠢᠶᠠᠷᠢᠯᠡᠨ ᠬᠦᠷᠳᠡᠬᠦ︾ ᠭᠠᠶᠢᠯᠢ ᠶᠢᠨ ᠤᠷᠤᠯᠭ᠎ᠠ ᠶᠢᠨ ᠪᠤᠴᠠᠭᠠᠨ ᠦᠭᠬᠦ ᠤᠷᠤᠯᠭ᠎ᠠ 4.85 ᠳ᠋ᠥᠩᠰᠢᠭᠤᠷ ᠲᠦᠬᠦᠷᠢᠭ᠂ ᠤᠯᠵᠠᠪᠤᠷᠢ ᠶᠢᠨ ᠭᠠᠶᠢᠯᠢ ᠶᠢᠨ | ᠰᠠᠭᠤᠷᠢ ᠲᠤᠭᠠᠨ ᠤ ᠪᠤᠴᠠᠭᠠᠨ ᠦᠭᠬᠦ ᠤᠷᠤᠯᠭ᠎ᠠ 0.32 ᠳ᠋ᠥᠩᠰᠢᠭᠤᠷ ᠲᠦᠬᠦᠷᠢᠭ᠂ ᠲᠡᠩᠴᠡᠬᠦᠷᠢᠲᠦ ᠴᠢᠨᠠᠷ ᠤᠨ ᠰᠢᠯᠵᠢᠬᠦᠯᠦᠨ ᠦᠭᠬᠦ ᠨᠦᠬᠦᠪᠦᠷᠢ 0.79 | ᠳ᠋ᠥᠩᠰᠢᠭᠤᠷ᠂ ᠦᠨᠳᠦᠰᠦᠲᠡᠨ ᠤ ᠭᠠᠵᠠᠷ ᠤᠷᠤᠨ ᠤ ᠰᠢᠯᠵᠢᠬᠦᠯᠦᠨ ᠦᠭᠬᠦ ᠨᠦᠬᠦᠪᠦᠷᠢ 0.2 ᠳ᠋ᠥᠩᠰᠢᠭᠤᠷ ᠲᠦᠬᠦᠷᠢᠭ᠂ ᠲᠤᠭᠳᠠᠮᠠᠯ ᠲᠤᠭᠠᠨ ᠤ ᠨᠦᠬᠦᠪᠦᠷᠢ 0. | 35 ᠳ᠋ᠥᠩᠰᠢᠭᠤᠷ ᠲᠦᠬᠦᠷᠢᠭ᠂ ᠳᠠᠰᠤᠯᠤᠨ ᠪᠤᠳᠤᠯᠳᠠ ᠶᠢᠨ ᠨᠦᠬᠦᠪᠦᠷᠢ ᠶᠢᠨ ᠤᠷᠤᠯᠭ᠎ᠠ 2.58 ᠳ᠋ᠥᠩᠰᠢᠭᠤᠷ ᠲᠦᠬᠦᠷᠢᠭ ᠪᠤᠯᠤᠨ᠎ᠠ᠃ | ︵3︶ ᠰᠢᠯᠵᠢᠬᠦᠯᠦᠨ ᠤᠷᠤᠭᠤᠯᠬᠤ ᠲᠦᠰᠦᠪ ᠤᠨ ᠲᠤᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠦᠩᠭᠦ 0.6 ᠳ᠋ᠥᠩᠰᠢᠭᠤᠷ ᠲᠦᠬᠦᠷᠢᠭ᠂ 2019 | ᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢ ᠨᠦᠬᠦᠪᠦᠷᠢᠯᠡᠨ ᠲᠤᠬᠢᠷᠠᠭᠤᠯᠬᠤ ᠰᠠᠭᠤᠷᠢ ᠮᠦᠩᠭᠦ ᠳᠤ ᠰᠢᠯᠵᠢᠬᠦᠯᠦᠨ ᠤᠷᠤᠭᠤᠯᠵᠤ ᠲᠤᠬᠢᠷᠠᠭᠤᠯᠪᠠ | ᠃ | ︵4︶ ᠪᠠᠶᠢᠭᠤᠯᠤᠮᠵᠢ ᠶᠢᠨ ᠳᠡᠭᠡᠭᠰᠢ ᠲᠤᠰᠢᠶᠠᠬᠤ ᠵᠠᠷᠤᠯᠭ᠎ᠠ 6.68 ᠳ᠋ᠥᠩᠰᠢᠭᠤᠷ ᠲᠦᠬᠦᠷᠢᠭ᠃ | 2. ᠳᠡᠭᠡᠲᠦ ᠵᠢᠯ ᠤᠨ ᠳᠠᠰᠤᠯᠤᠨ ᠪᠤᠳᠤᠯᠳᠠ ᠠᠴᠠ ᠰᠢᠯᠵᠢᠬᠦᠯᠦᠨ ᠤᠷᠤᠭᠤᠯᠬᠤ ᠵᠢᠴᠢ ᠰᠢᠯᠵᠢᠬᠦᠯᠦᠨ ᠦᠭᠬᠦ ᠤᠷᠤᠯᠭ᠎ᠠ ᠶᠢᠨ ᠲᠠᠯ᠎ᠠ ᠪᠠᠷ | ︵1︶ ᠳᠡᠭᠡᠲᠦ ᠵᠢᠯ ᠤᠨ ᠳᠠᠰᠤᠯᠤᠨ ᠪᠤᠳᠤᠯᠳᠠ ᠠᠴᠠ ᠰᠢᠯᠵᠢᠬᠦᠯᠦᠭᠰᠡᠨ ᠤᠷᠤᠯᠭ᠎ᠠ 20.16 ᠳ᠋ᠥᠩᠰᠢᠭᠤᠷ ᠲᠦᠬᠦᠷᠢᠭ᠂ ᠡᠬᠦᠨ ᠳᠤ᠂ ᠲᠤᠰ ᠱᠠᠲᠤᠨ ᠤ | ᠲᠠᠰᠤᠯᠤᠨ ᠪᠤᠳᠤᠯᠳᠠ ᠶᠢᠨ ᠤᠷᠤᠯᠭ᠎ᠠ 4.38 ᠳ᠋ᠥᠩᠰᠢᠭᠤᠷ ᠲᠦᠬᠦᠷᠢᠭ᠂ ᠳᠡᠭᠡᠲᠦ ᠱᠠᠲᠤᠨ ᠠᠴᠠ ᠰᠢᠯᠵᠢᠬᠦᠯᠦᠨ ᠦᠭᠭᠦᠭᠰᠡᠨ ᠳᠠᠰᠤᠯᠤᠨ ᠪᠤᠳᠤᠯᠳᠠ ᠶᠢᠨ | ᠤᠷᠤᠯᠭ᠎ᠠ 14.54 ᠳ᠋ᠥᠩᠰᠢᠭᠤᠷ ᠲᠦᠬᠦᠷᠢᠭ᠂ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠳᠡᠮᠳᠡᠭᠲᠦ ᠶᠢᠨ ᠳᠠᠰᠤᠯᠤᠨ ᠪᠤᠳᠤᠵᠦ ᠰᠢᠯᠵᠢᠬᠦᠯᠦᠭᠰᠡᠨ | ᠤᠷᠤᠯᠭ᠎ᠠ 1.24 ᠳ᠋ᠥᠩᠰᠢᠭᠤᠷ ᠲᠦᠬᠦᠷᠢᠭ ᠪᠤᠯᠤᠨ᠎ᠠ᠃ | ︵2︶ ᠳᠡᠭᠡᠲᠦ ᠱᠠᠲᠤᠨ ᠠᠴᠠ ᠰᠢᠯᠵᠢᠬᠦᠯᠦᠨ ᠦᠭᠭᠦᠭᠰᠡᠨ ᠵᠢᠴᠢ ᠰᠢᠨ᠎ᠡ ᠪᠠᠷ ᠨᠡᠮᠡᠭᠳᠡᠬᠦ ᠵᠢᠭᠡᠯᠯᠡᠭᠡ ᠶᠢᠨ ᠳᠡᠮᠳᠡᠭᠲᠦ ᠶᠢᠨ ᠤᠷᠤᠯᠭ᠎ᠠ ᠶᠢ ᠤᠷᠢᠳᠴᠢᠯᠠᠨ | ᠵᠢᠱᠢᠪᠡᠯ 20 ᠳ᠋ᠥᠩᠰᠢᠭᠤᠷ ᠲᠦᠬᠦᠷᠢᠭ ᠪᠤᠯᠤᠨ᠎ᠠ᠃ | 3. ᠲᠤᠰ ᠱᠠᠲᠤᠨ ᠤ ᠲᠦᠰᠦᠪ ᠤᠨ ᠵᠠᠷᠤᠯᠭ᠎ᠠ ᠶᠢᠨ ᠲᠠᠯ᠎ᠠ ᠪᠠᠷ ᠡᠳ᠋ ᠤᠨ ᠬᠦᠴᠦᠨ ᠤ ᠤᠷᠤᠯᠭ᠎ᠠ ᠳᠤ ᠵᠤᠬᠢᠴᠠᠭᠤᠯᠵᠦ᠂ ᠤᠷᠤᠯᠭ᠎ᠠ ᠵᠠᠷᠤᠯᠭ᠎ᠠ ᠶᠢ | ᠲᠡᠩᠴᠡᠬᠦᠷᠢᠲᠡᠢ ᠪᠤᠯᠭᠠᠬᠤ ᠵᠠᠷᠴᠢᠮ ᠶᠤᠰᠤᠭᠠᠷ ᠪᠦᠬᠦ ᠲᠤᠭᠤᠷᠢᠭ ᠤᠨ ᠲᠤᠰ ᠱᠠᠲᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠶᠢ 53.3 | ᠳ᠋ᠥᠩᠰᠢᠭᠤᠷ ᠲᠦᠬᠦᠷᠢᠭ ᠲᠤᠬᠢᠷᠠᠭᠤᠯᠪᠠ᠃ ᠪᠤᠳᠠᠲᠠᠢ ᠲᠤᠤᠷᠠᠬᠢ ᠮᠡᠳᠦ᠄ | ︵1︶ ᠴᠠᠯᠢᠩ ᠤᠨ ᠵᠠᠷᠤᠳᠠᠯ ᠢ 25.03 ᠳ᠋ᠥᠩᠰᠢᠭᠤᠷ ᠲᠦᠬᠦᠷᠢᠭ ᠲᠤᠬᠢᠷᠠᠭᠤᠯᠪᠠ᠃ | ︵2︶ ᠰᠠᠯᠠᠭ᠎ᠠ ᠮᠦᠴᠢᠷ ᠤᠨ ᠠᠯᠪᠠᠨ ᠤ ᠵᠠᠷᠤᠳᠠᠯ ︵ᠠᠯᠪᠠᠨ ᠤ ᠰᠦᠢᠳᠬᠡᠯ᠂ ᠵᠠᠮ ᠬᠠᠷᠢᠯᠴᠠᠭᠠᠨ ᠤ ᠰᠦᠢᠳᠭᠡᠯ᠂ ᠲᠤᠯᠠᠭᠠᠮᠵᠢ ᠶᠢᠨ ᠰᠦᠢᠳᠬᠡᠯ︶ ᠢ 0. | 87 ᠳ᠋ᠥᠩᠰᠢᠭᠤᠷ ᠲᠦᠬᠦᠷᠢᠭ ᠲᠤᠬᠢᠷᠠᠭᠤᠯᠪᠠ᠃ | ︵3︶ ᠰᠠᠯᠠᠭ᠎ᠠ ᠮᠦᠴᠢᠷ ᠤᠨ ᠡᠩ ᠤᠨ ᠴᠢᠨᠠᠷᠲᠠᠢ ᠲᠦᠷᠦᠯ ᠵᠦᠢᠯ ᠵᠢᠴᠢ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠵᠠᠷᠤᠳᠠᠯ ᠢ 11.65 | ᠳ᠋ᠥᠩᠰᠢᠭᠤᠷ ᠲᠦᠬᠦᠷᠢᠭ ᠲᠤᠬᠢᠷᠠᠭᠤᠯᠪᠠ᠂ ᠡᠬᠦᠨ ᠳᠤ ᠨᠡᠶᠢᠬᠡᠮ ᠤᠨ ᠳᠠᠭᠠᠳᠬᠠᠯ᠂ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠤᠨ ᠲᠤᠰᠬᠠᠢ ᠲᠦᠷᠦᠯ ᠤᠨ ᠮᠦᠩᠭᠦ | ᠶᠢ 3.78 ᠳ᠋ᠥᠩᠰᠢᠭᠤᠷ ᠲᠦᠬᠦᠷᠢᠭ᠂ ᠰᠤᠷᠭᠠᠨ ᠬᠦᠮᠦᠵᠢᠯ ᠰᠤᠶᠤᠯ ᠤᠨ ᠰᠠᠯᠠᠭ᠎ᠠ ᠮᠦᠴᠢᠷ ᠤᠨ ᠲᠤᠰᠬᠠᠢ ᠲᠦᠷᠦᠯ ᠤᠨ ᠮᠦᠩᠭᠦ ᠶᠢ 3.24 ᠳ᠋ᠥᠩᠰᠢᠭᠤᠷ | ᠲᠦᠬᠦᠷᠢᠭ ︵ᠰᠤᠷᠭᠠᠨ ᠬᠦᠮᠦᠵᠢᠯ ᠤᠨ ᠨᠡᠮᠡᠯᠲᠡ ᠰᠦᠢᠳᠬᠡᠯ 1 ᠳ᠋ᠥᠩᠰᠢᠭᠤᠷ ᠲᠦᠬᠦᠷᠢᠭ ᠪᠠᠭᠲᠠᠨ᠎ᠠ︶᠂ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠰᠬᠠᠢ | ᠲᠦᠷᠦᠯ ᠤᠨ ᠮᠦᠩᠭᠦ 3.13 ᠳ᠋ᠥᠩᠰᠢᠭᠤᠷ ᠲᠦᠬᠦᠷᠢᠭ ︵ᠵᠠᠰᠠᠭ ᠤᠨ ᠤᠷᠳᠤᠨ ᠤ ᠦᠷᠢ ᠰᠢᠷᠢ ᠶᠢ ᠢᠯᠭᠠᠷᠠᠭᠤᠯᠬᠤ 1 ᠳ᠋ᠥᠩᠰᠢᠭᠤᠷ ᠲᠦᠬᠦᠷᠢᠭ ᠪᠠᠭᠲᠠᠨ᠎ᠠ︶᠂ | ᠠᠵᠤ ᠦᠢᠯᠡᠳᠪᠤᠷᠢ ᠵᠠᠮ ᠬᠠᠷᠢᠯᠴᠠᠭᠠᠨ ᠤ ᠰᠠᠯᠠᠭ᠎ᠠ ᠮᠦᠴᠢᠷ ᠤᠨ ᠲᠤᠰᠬᠠᠢ ᠲᠦᠷᠦᠯ ᠤᠨ ᠮᠦᠩᠭᠦ ᠶᠢ 0.12 ᠳ᠋ᠥᠩᠰᠢᠭᠤᠷ ᠲᠦᠬᠦᠷᠢᠭ᠂ ᠲᠠᠷᠢᠶᠠᠯᠠᠩ ᠤᠢ | ᠰᠢᠭᠤᠢ ᠮᠠᠯ ᠠᠵᠤ ᠠᠬᠤᠢ᠂ ᠤᠰᠤᠨ ᠠᠰᠢᠭᠯᠠᠯᠲᠠ ᠶᠢᠨ ᠰᠠᠯᠠᠭ᠎ᠠ ᠮᠦᠴᠢᠷ ᠤᠨ ᠲᠤᠰᠬᠠᠢ ᠲᠦᠷᠦᠯ ᠤᠨ ᠮᠦᠩᠭᠦ ᠶᠢ 0.74 ᠳ᠋ᠥᠩᠰᠢᠭᠤᠷ ᠲᠦᠬᠦᠷᠢᠭ᠂ ᠠᠵᠤ | ᠠᠬᠤᠢ᠂ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠤᠨ ᠲᠤᠰᠬᠠᠢ ᠲᠦᠷᠦᠯ ᠤᠨ ᠮᠦᠩᠭᠦ ᠶᠢ 0.64 ᠳ᠋ᠥᠩᠰᠢᠭᠤᠷ ᠲᠦᠬᠦᠷᠢᠭ ᠲᠤᠬᠢᠷᠠᠭᠤᠯᠵᠠᠢ᠃ | ︵4︶ ᠬᠤᠳᠠ ᠶᠢᠨ ᠡᠷᠬᠢᠯᠲᠡ ᠶᠢᠨ ᠬᠠᠮᠠᠭᠠᠯᠠᠯᠲᠠ ᠵᠢᠴᠢ ᠡᠷᠬᠢᠯᠲᠡ ᠶᠢᠨ ᠨᠦᠬᠦᠪᠤᠷᠢ ᠮᠦᠩᠭᠦᠨ ᠤ ᠵᠠᠷᠤᠳᠠᠯ ᠢ 3.25 ᠳ᠋ᠥᠩᠰᠢᠭᠤᠷ ᠲᠦᠬᠦᠷᠢᠭ | ᠲᠤᠬᠢᠷᠠᠭᠤᠯᠪᠠ᠃ | ︵5︶ ᠵᠠᠰᠠᠭ ᠤᠨ ᠤᠷᠳᠤᠨ ᠤ ᠨᠢᠭᠡᠳᠦᠯᠲᠡᠢ ᠲᠦᠯᠦᠪᠯᠡᠬᠦ ᠲᠦᠷᠦᠯ ᠵᠦᠢᠯ ᠤᠨ ᠵᠠᠷᠤᠳᠠᠯ ᠢ 1.88 ᠳ᠋ᠥᠩᠰᠢᠭᠤᠷ ᠲᠦᠬᠦᠷᠢᠭ ᠲᠤᠬᠢᠷᠠᠭᠤᠯᠪᠠ᠃ ᠡᠬᠦᠨ | ᠳᠤ᠄ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠤ ᠲᠦᠷᠦᠯ ᠵᠦᠢᠯ ᠤᠨ ᠮᠦᠩᠭᠦ᠂ ᠤᠯᠤᠰ ᠤᠨ ᠭᠤᠤᠯᠳᠠᠯᠭᠠᠲᠤ ᠲᠦᠷᠦ ᠶᠢᠨ ᠪᠤᠳᠤᠯᠭ᠎ᠠ ᠶᠢᠨ | ᠲᠤᠤᠱᠯᠠᠭᠤᠯᠤᠯᠲᠠ᠂ ᠬᠠᠷ᠎ᠠ ᠪᠦᠯᠦᠭᠳᠡᠨ ᠬᠠᠷᠭᠢᠰ ᠬᠦᠴᠦᠨ ᠢ ᠱᠦᠬᠦᠷᠳᠡᠨ ᠠᠷᠢᠯᠭᠠᠬᠤ᠂ ᠬᠦᠳᠡᠭᠡ ᠲᠤᠰᠬᠤᠨ ᠢ ᠮᠠᠨᠳᠤᠭᠤᠯᠬᠤ᠂ ᠨᠤᠮ ᠤᠨ ᠰᠠᠩ᠂ ᠨᠡᠶᠢᠬᠡᠮ | ᠲᠤᠭᠤᠷᠢᠭ ᠤᠨ ᠨᠠᠰᠤᠳᠠᠶᠢᠴᠤᠳ ᠤᠨ ᠬᠤᠭᠤᠯᠠᠯᠠᠬᠤ ᠴᠡᠭ᠂ ᠰᠤᠷᠭᠠᠭᠤᠯᠢ ᠶᠢ ᠰᠡᠯᠪᠢᠨ ᠵᠠᠰᠠᠵᠤ ᠪᠠᠶᠢᠭᠤᠯᠬᠤ᠂ ᠬᠠᠭᠤᠴᠢᠨ ᠰᠠᠭᠤᠭᠠᠯᠢ ᠲᠤᠭᠤᠷᠢᠭ ᠢ | ᠦᠬᠡᠷᠡᠴᠢᠯᠡᠬᠦ᠂ ᠵᠠᠮ ᠰᠡᠯᠪᠢᠨ ᠵᠠᠰᠠᠬᠤ᠂ ᠵᠠᠮ ᠬᠠᠷᠢᠯᠴᠠᠭ᠎ᠠ᠂ ᠤᠰᠤ ᠬᠠᠩᠭᠠᠯᠳᠠ᠂ ᠲᠤᠭᠤᠷᠢᠭ ᠤᠨ ᠡᠮᠨᠡᠯᠭᠡ ᠶᠢᠨ ᠬᠤᠷᠢᠶ᠎ᠠ ᠶᠢ ᠦᠷᠭᠡᠳᠬᠡᠬᠦ ᠢᠨᠵᠧᠨᠧᠷᠢᠩ᠂ | ᠠᠷᠢᠭᠤᠨ ᠴᠢᠬᠢᠴᠢ ᠶᠢᠨ ᠬᠦᠮᠦᠵᠢᠯ ᠤᠨ ᠬᠠᠮᠢᠶᠠᠷᠤᠯᠲᠠ ᠶᠢᠨ ᠲᠦᠪ ᠤᠨ ᠪᠦᠲᠦᠬᠡᠨ ᠪᠠᠶᠢᠭᠤᠯᠤᠯᠲᠠ᠂ ᠬᠢᠵᠢᠭ ᠤᠨ ᠰᠡᠷᠭᠡᠶᠢᠯᠡᠨ ᠡᠵᠡᠮᠳᠡᠯᠳᠡ᠂ ᠨᠡᠬᠦᠷᠡᠰᠦ ᠶᠢᠨ | ᠤᠷᠤᠨ ᠪᠦᠰᠡ ᠶᠢᠨ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠵᠡᠷᠭᠡ ᠲᠦᠷᠦᠯ ᠵᠦᠢᠯ ᠤᠨ ᠵᠠᠷᠤᠳᠠᠯ 1 ᠳ᠋ᠥᠩᠰᠢᠭᠤᠷ ᠲᠦᠬᠦᠷᠢᠭ᠂ ᠭᠠᠶᠢᠯᠢ ᠶᠢᠨ ᠶᠠᠪᠤᠳᠠᠯ ᠤᠨ | ᠰᠠᠯᠠᠭ᠎ᠠ ᠮᠦᠴᠢᠷ ᠤᠨ ᠤᠷᠤᠯᠠᠨ ᠳᠠᠳᠠᠪᠤᠷᠢᠯᠠᠬᠤ᠂ ᠤᠷᠤᠯᠠᠨ ᠰᠠᠭᠤᠯᠭᠠᠨ ᠠᠪᠬᠤ ᠭᠠᠷ ᠬᠦᠢᠴᠡᠳᠭᠡᠯ ᠵᠢᠴᠢ ᠳᠠᠳᠠᠪᠤᠷᠢᠯᠠᠨ ᠬᠤᠷᠢᠶᠠᠬᠤ ᠵᠠᠷᠤᠳᠠᠯ 0.2 ᠳ᠋ᠥ᠋ᠩᠰᠢᠭᠤᠷ | ᠲᠦᠬᠦᠷᠢᠭ᠂ ᠦᠯᠡᠳᠡᠬᠡᠯ ᠪᠡᠯᠡ ᠮᠦᠩᠭᠦ ᠵᠢᠴᠢ ᠳᠡᠭᠡᠭᠰᠢ ᠲᠤᠰᠢᠶᠠᠬᠤ ᠪᠡᠯᠡ ᠮᠦᠩᠭᠦ ᠶᠢᠨ ᠵᠠᠷᠤᠯᠭ᠎ᠠ 800 ᠲᠦᠮᠡᠨ ᠲᠦᠬᠦᠷᠢᠭ᠂ ᠭᠠᠶᠢᠯᠢ ᠶᠢᠨ ᠪᠤᠰᠤ ᠤᠷᠤᠯᠭ᠎ᠠ | ᠵᠢᠴᠢ ᠤᠷᠤᠯᠭ᠎ᠠ ᠵᠠᠷᠤᠯᠭ᠎ᠠ ᠶᠢ ᠵᠢᠭᠰᠠᠭᠠᠬᠤ ᠲᠤᠰᠬᠠᠢ ᠲᠦᠷᠦᠯ ᠤᠨ ᠮᠦᠩᠭᠦ 800 ᠲᠦᠮᠡᠨ ᠲᠦᠬᠦᠷᠢᠭ᠂ ᠬᠤᠳᠠ ᠶᠢᠨ ᠨᠠᠷᠢᠯᠢᠭᠴᠢᠯᠠᠭᠰᠠᠨ ᠴᠡᠭᠴᠡᠯᠡᠨ ᠵᠠᠰᠠᠯᠲᠠ | ᠶᠢᠨ ᠮᠦᠩᠭᠦ 800 ᠲᠦᠮᠡᠨ ᠲᠦᠬᠦᠷᠢᠭ᠂ ᠡᠮᠦᠨ᠎ᠡ ᠬᠤᠭᠤᠴᠠᠭᠠᠨ ᠤ ᠲᠦᠯᠦᠪᠵᠢᠬᠦᠯᠬᠡ ᠶᠢᠨ ᠰᠦᠢᠳᠬᠡᠯ᠂ ᠨᠡᠭᠦᠷᠡᠰᠦ᠂ ᠠᠶᠤᠯ ᠦᠬᠡᠢ ᠶᠢᠨ ᠬᠢᠨᠠᠯᠲᠠ᠂ ᠤᠯᠠᠨ | ᠨᠡᠶᠢᠳᠡ ᠶᠢᠨ ᠡᠬᠢ ᠰᠤᠷᠪᠤᠯᠵᠢ ᠶᠢᠨ ᠰᠤᠯᠢᠯᠴᠠᠭᠠᠨ ᠤ ᠲᠦᠪ ᠤᠨ ᠲᠦᠷᠦᠯ ᠵᠦᠢᠯ ᠤᠨ ᠲᠤᠰᠬᠠᠢ ᠮᠡᠷᠬᠡᠯᠵᠢᠲᠡᠨ ᠤ ᠰᠦᠢᠳᠬᠡᠯ᠂ ᠠᠶᠤᠯ ᠦᠬᠡᠢ ᠦᠢᠯᠡᠳᠪᠤᠷᠢᠯᠡᠯ | ᠤᠨ ᠪᠠᠴᠢᠮ ᠪᠠᠶᠢᠳᠠᠯ ᠢ ᠠᠷᠭᠠᠴᠠᠭᠠᠬᠤ ᠵᠠᠷᠤᠳᠠᠯ ᠵᠡᠷᠭᠡ 600 ᠲᠦᠮᠡᠨ ᠲᠦᠬᠦᠷᠢᠭ᠂ ᠵᠠᠬᠢᠳᠠᠯ ᠰᠤᠷᠪᠤᠯᠵᠢᠯᠠᠯ᠂ ᠪᠡᠯᠡᠳᠬᠡᠯ ᠮᠦᠩᠭᠦ ᠵᠢᠴᠢ ᠬᠦᠯᠦᠰᠦᠨ ᠠᠵᠢᠯᠴᠢᠨ | ᠤ ᠴᠠᠯᠢᠩ ᠤᠨ ᠪᠠᠲᠤᠯᠠᠭ᠎ᠠ ᠶᠢᠨ ᠮᠦᠩᠭᠦ 600 ᠲᠦᠮᠡᠨ ᠲᠦᠬᠦᠷᠢᠭ᠂ ᠲᠦᠬᠦᠭᠡᠷᠬᠦ ᠵᠠᠷᠤᠳᠠᠯ᠂ ᠪᠠᠴᠢᠮ ᠰᠡᠯᠪᠢᠨ ᠵᠠᠰᠠᠬᠤ ᠮᠦᠩᠭᠦ 500 ᠲᠦᠮᠡᠨ ᠲᠦᠬᠦᠷᠢᠭ᠂ | ᠲᠦᠰᠦᠪ ᠤᠨ ᠡᠷᠬᠢᠯᠲᠡ ᠶᠢᠨ ᠮᠦᠩᠭᠦ 500 ᠲᠦᠮᠡᠨ ᠲᠦᠬᠦᠷᠢᠭ᠂ ᠬᠢᠵᠢᠭ ᠢ ᠰᠡᠷᠭᠡᠶᠢᠯᠡᠨ ᠡᠵᠡᠮᠳᠡᠬᠦ ᠵᠠᠷᠤᠳᠠᠯ᠂ ᠬᠦᠨᠳᠦ ᠴᠢᠬᠤᠯᠠ ᠲᠦᠷᠦ ᠶᠢᠨ ᠪᠤᠳᠤᠯᠭ᠎ᠠ ᠶᠢᠨ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠠᠷᠤᠳᠠᠯ 300 ᠲᠦᠮᠡᠨ ᠲᠦᠬᠦᠷᠢᠭ᠂ ᠪᠤᠰᠤᠳ ᠨᠢᠭᠡᠳᠦᠯᠲᠡᠢ ᠲᠦᠯᠦᠪᠯᠡᠬᠦ ᠲᠦᠷᠦᠯ ᠵᠦᠢᠯ ᠤᠨ ᠵᠠᠷᠤᠳᠠᠯ 0. | 19 ᠳ᠋ᠥᠩᠰᠢᠭᠤᠷ ᠲᠦᠬᠦᠷᠢᠭ ᠲᠤᠰ ᠲᠤᠰ ᠪᠠᠭᠳᠠᠨ᠎ᠠ᠃ | ︵6︶ ᠵᠢᠭᠡᠯᠡᠯᠭᠡ ᠶᠢᠨ ᠳᠡᠮᠳᠡᠭᠲᠦ ᠶᠢᠨ ᠬᠦᠦ ᠮᠦᠩᠭᠦᠨ ᠤ ᠵᠠᠷᠤᠳᠠᠯ ᠢ 8.6 ᠳ᠋ᠥᠩᠰᠢᠭᠤᠷ ᠲᠦᠬᠦᠷᠢᠭ ᠲᠤᠬᠢᠷᠠᠭᠤᠯᠪᠠ᠃ | ︵7︶ ᠪᠠᠯᠭᠠᠰᠤ᠂ ᠬᠦᠷᠢᠶᠡᠯᠡᠩ ᠲᠤᠭᠤᠷᠢᠭ ᠤᠨ ᠵᠠᠷᠤᠳᠠᠯ ᠢ 1.42 ᠳ᠋ᠥᠩᠰᠢᠭᠤᠷ ᠲᠦᠬᠦᠷᠢᠭ ᠲᠤᠬᠢᠷᠠᠭᠤᠯᠪᠠ᠃ | ︵8︶ ᠪᠡᠯᠡᠳᠬᠡᠯ ᠵᠠᠷᠤᠳᠠᠯ ᠢ 0.6 ᠳ᠋ᠥᠩᠰᠢᠭᠤᠷ ᠲᠦᠬᠦᠷᠢᠭ ᠲᠤᠬᠢᠷᠠᠭᠤᠯᠪᠠ᠂ ︽ᠲᠦᠰᠦᠪ ᠤᠨ ᠬᠠᠥᠯᠢ︾ ᠳᠤ ᠲᠤᠭᠳᠠᠭᠠᠭᠰᠠᠨ ᠢ ᠦᠨᠳᠦᠰᠦᠯᠡᠪᠡᠯ᠂ | ᠵᠠᠷᠤᠳᠠᠯ ᠤᠨ ᠲᠦᠰᠦᠪ ᠤᠨ 1%— 3% ᠶᠢ ᠪᠡᠯᠡᠳᠬᠡᠯ ᠵᠠᠷᠤᠳᠠᠯ ᠢᠶᠠᠷ ᠲᠤᠬᠢᠷᠠᠭᠤᠯᠵᠤ᠂ ᠲᠦᠰᠦᠪ ᠢ ᠬᠡᠷᠡᠭᠵᠢᠬᠦᠯᠬᠦ ᠲᠤᠮᠳᠠ ᠡᠬᠦᠰᠴᠦ ᠮᠡᠳᠡᠬᠦ ᠪᠠᠶᠢᠭᠠᠯᠢ ᠶᠢᠨ | ᠭᠠᠮᠰᠢᠭ ᠵᠡᠷᠭᠡ ᠬᠡᠨᠡᠳᠳᠡ ᠶᠢᠨ ᠤᠴᠢᠷ ᠶᠠᠪᠤᠳᠠᠯ ᠵᠢᠴᠢ ᠪᠤᠰᠤᠳ ᠰᠠᠨᠠᠭᠠᠨ ᠠᠴᠠ ᠭᠠᠳᠠᠭᠤᠷ ᠪᠤᠢ ᠪᠤᠯᠤᠭᠰᠠᠨ ᠶᠠᠪᠤᠳᠠᠯ ᠳᠤ ᠵᠠᠷᠤᠴᠠᠭᠤᠯᠤᠨ᠎ᠠ᠃ | ᠳᠡᠭᠡᠷ᠎ᠡ ᠲᠤᠬᠢᠷᠠᠭᠤᠯᠤᠭᠰᠠᠨ ᠠᠭᠤᠯᠭ᠎ᠠ ᠨᠤᠭᠤᠳ ᠠᠴᠠ ᠵᠠᠳᠠᠯᠪᠠᠯ᠂ ᠲᠤᠰ ᠵᠢᠯ ᠤᠨ ᠲᠦᠰᠦᠪ ᠤᠨ ᠲᠤᠬᠢᠷᠠᠭᠤᠯᠭ᠎ᠠ ᠳᠤ ᠪᠢᠳᠠ ︽ᠭᠤᠷᠪᠠᠨ ᠪᠠᠲᠤᠯᠠᠭ᠎ᠠ | ᠶᠢᠨ ᠵᠠᠷᠤᠳᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢ ᠴᠢᠷᠮᠠᠶᠢᠵᠦ᠂ ︽ᠴᠠᠯᠢᠩ ᠤᠨ ᠪᠠᠲᠤᠯᠠᠭ᠎ᠠ᠂ ᠡᠷᠬᠢᠯᠲᠡ ᠶᠢᠨ ᠪᠠᠲᠤᠯᠠᠭ᠎ᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ︾ ᠶᠢ ᠲᠡᠷᠢᠬᠦᠨ ᠪᠠᠶᠢᠷᠢᠨ ᠳᠤ ᠳᠠᠯᠪᠢᠪᠠ᠃ 2020 ᠤᠨ ᠤ ᠡᠳ᠋ ᠤᠨ ᠬᠦᠴᠦᠨ ᠤ ᠬᠡᠮᠵᠢᠨ ᠪᠤᠳᠤᠯᠳᠠ ᠶᠢ ᠦᠨᠳᠦᠰᠦᠯᠡᠪᠡᠯ᠂ ᠮᠠᠨ ᠤ ᠲᠤᠭᠤᠷᠢᠭ | ᠤᠨ ᠡᠳ᠋ ᠤᠨ ᠬᠦᠴᠦᠨ ᠨᠢ ᠪᠦᠬᠦ ᠵᠢᠯ ᠤᠨ ︽ᠴᠠᠯᠢᠩ ᠤᠨ ᠪᠠᠲᠤᠯᠠᠭ᠎ᠠ᠂ ᠡᠷᠬᠢᠯᠲᠡ ᠶᠢᠨ ᠪᠠᠲᠤᠯᠠᠭ᠎ᠠ᠂ ᠠᠷᠠᠳ ᠤᠨ ᠠᠮᠢᠳᠤᠷᠠᠯ ᠤᠨ ᠪᠠᠲᠤᠯᠠᠭ᠎ᠠ︾ ᠶᠢᠨ ᠵᠠᠷᠤᠳᠠᠯ | ᠤᠨ ᠬᠡᠷᠡᠭᠴᠡᠭᠡ ᠶᠢ ᠬᠠᠩᠭᠠᠵᠤ ᠳᠡᠶᠢᠯᠦᠨ᠎ᠡ᠃ | 4᠂ ᠳᠡᠭᠡᠷ᠎ᠡ ᠵᠢᠯ ᠤᠨ ᠳ᠋ᠥᠩᠨᠡᠨ ᠰᠢᠯᠵᠢᠬᠦᠯᠦᠭᠰᠡᠨ ᠵᠠᠷᠤᠯᠭ᠎ᠠ ᠵᠢᠴᠢ ᠰᠢᠯᠵᠢᠬᠦᠯᠦᠨ ᠦᠭᠭᠦᠭᠰᠡᠨ ᠵᠠᠷᠤᠯᠭ᠎ᠠ ᠶᠢᠨ ᠲᠠᠯ᠎ᠠ ᠪᠠᠷ ᠳᠡᠭᠡᠲᠦ ᠵᠢᠯ ᠤᠨ ᠳ᠋ᠥᠩᠨᠡᠨ | ᠰᠢᠯᠵᠢᠬᠦᠯᠦᠭᠰᠡᠨ ᠵᠢᠴᠢ ᠰᠢᠯᠵᠢᠬᠦᠯᠦᠨ ᠦᠭᠭᠦᠭᠰᠡᠨ ᠤᠷᠤᠯᠭ᠎ᠠ ᠶᠢᠨ ᠵᠠᠷᠤᠳᠠᠯ ᠤᠨ ᠲᠤᠬᠢᠷᠠᠭᠤᠯᠤᠯᠲᠠ ᠶᠢᠨ ᠪᠠᠶᠢᠳᠠᠯ᠄ | ︵1︶ ᠳᠡᠭᠡᠲᠦ ᠵᠢᠯ ᠤᠨ ᠳ᠋ᠥᠩᠨᠡᠨ ᠰᠢᠯᠵᠢᠬᠦᠯᠵᠦ ᠦᠭᠭᠦᠭᠰᠡᠨ ᠵᠠᠷᠤᠳᠠᠯ ᠤᠨ ᠲᠤᠬᠢᠷᠠᠭᠤᠯᠤᠯᠲᠠ 20.16 ᠳ᠋ᠥᠩᠰᠢᠭᠤᠷ ᠲᠦᠬᠦᠷᠢᠭ︔ ᠡᠬᠦᠨ ᠳᠤ ᠲᠤᠰ | ᠱᠠᠲᠤᠨ ᠤ ᠳ᠋ᠥᠩᠨᠡᠨ ᠰᠢᠯᠵᠢᠬᠦᠯᠵᠦ ᠦᠭᠭᠦᠭᠰᠡᠨ ᠵᠠᠷᠤᠳᠠᠯ ᠤᠨ ᠲᠤᠬᠢᠷᠠᠭᠤᠯᠤᠯᠲᠠ 4.38 ᠳ᠋ᠥᠩᠰᠢᠭᠤᠷ ᠲᠦᠬᠦᠷᠢᠭ᠂ ᠳᠡᠭᠡᠲᠦ ᠱᠠᠲᠤᠨ ᠤ ᠳ᠋ᠥᠩᠨᠡᠨ ᠰᠢᠯᠵᠢᠬᠦᠯᠵᠦ | ᠦᠭᠭᠦᠭᠰᠡᠨ ᠵᠠᠷᠤᠳᠠᠯ ᠤᠨ ᠮᠦᠩᠬᠦ 14.54 ᠳ᠋ᠥᠩᠰᠢᠭᠤᠷ ᠲᠦᠬᠦᠷᠢᠭ᠂ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠳᠡᠮᠳᠡᠭᠲᠦ ᠶᠢᠨ ᠵᠠᠷᠤᠳᠠᠯ ᠤᠨ | ᠲᠤᠬᠢᠷᠠᠭᠤᠯᠭ᠎ᠠ 1.24 ᠳ᠋ᠥᠩᠰᠢᠭᠤᠷ ᠲᠦᠬᠦᠷᠢᠭ ᠪᠤᠯᠤᠨ᠎ᠠ᠃ | ︵2︶ ᠳᠡᠭᠡᠲᠦ ᠱᠠᠲᠤᠨ ᠤ ᠰᠢᠯᠵᠢᠬᠦᠯᠦᠨ ᠦᠭᠭᠦ ᠵᠢᠴᠢ ᠰᠢᠨ᠎ᠡ ᠪᠠᠷ ᠨᠡᠮᠡᠭᠳᠡᠬᠦ ᠡᠩ ᠤᠨ ᠵᠢᠭᠡᠯᠡᠯᠭᠡ ᠶᠢᠨ ᠳᠡᠮᠳᠡᠭᠲᠦ ᠶᠢᠨ ᠵᠠᠷᠤᠳᠠᠯ ᠮᠦᠩᠭᠦ ᠶᠢ | ᠤᠷᠢᠳᠴᠢᠯᠠᠨ ᠵᠢᠱᠢᠪᠠᠯ 20 ᠳ᠋ᠥᠩᠰᠢᠭᠤᠷ ᠲᠦᠬᠦᠷᠢᠭ ᠪᠤᠯᠤᠨ᠎ᠠ᠃ | ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠲᠦᠰᠦᠪ | ︽ᠤᠷᠤᠯᠭ᠎ᠠ ᠪᠠᠷ ᠵᠠᠷᠤᠯᠭ᠎ᠠ ᠪᠠᠨ ᠲᠤᠭᠳᠠᠭᠠᠬᠤ᠂ ᠤᠷᠤᠯᠭ᠎ᠠ ᠵᠠᠷᠤᠯᠭ᠎ᠠ ᠶᠢ ᠲᠡᠩᠴᠡᠬᠦᠷᠢᠳᠡᠢ ᠪᠠᠶᠢᠯᠭᠠᠬᠤ︾ ᠵᠠᠷᠴᠢᠮ ᠢ ᠦᠨᠳᠦᠰᠦᠯᠡᠵᠦ᠂ 2020 ᠤᠨ | ᠳᠤ ᠪᠦᠬᠦ ᠲᠤᠭᠤᠷᠢᠭ ᠤᠨ ᠲᠤᠰ ᠱᠠᠲᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦᠨ ᠤ ᠲᠦᠰᠦᠪ ᠤᠨ ᠤᠷᠤᠯᠭ᠎ᠠ ᠶᠢ 4.47 ᠳ᠋ᠥᠩᠰᠢᠭᠤᠷ | ᠲᠦᠬᠦᠷᠢᠭ ᠰᠠᠨᠠᠭᠠᠴᠢᠯᠠᠨ ᠲᠤᠬᠢᠷᠠᠭᠤᠯᠪᠠ᠃ ᠡᠬᠦᠨ ᠳᠤ᠄ ᠤᠯᠤᠰ ᠤᠨ ᠭᠠᠵᠠᠷ ᠰᠢᠷᠦᠢ ᠶᠢᠨ ᠬᠡᠷᠡᠭᠯᠡᠯᠲᠡ ᠶᠢᠨ ᠡᠷᠬᠡ ᠶᠢ ᠰᠢᠯᠵᠢᠬᠦᠯᠦᠨ ᠬᠤᠳᠠᠯᠳᠤᠭᠰᠠᠨ ᠤᠷᠤᠯᠭ᠎ᠠ | 93.5 ᠳ᠋ᠥᠩᠰᠢᠭᠤᠷ ᠲᠦᠬᠦᠷᠢᠭ᠂ ᠤᠯᠤᠰ ᠤᠨ ᠭᠠᠵᠠᠷ ᠰᠢᠷᠦᠢ ᠶᠢᠨ ᠠᠰᠢᠭ ᠤᠷᠤᠯᠭ᠎ᠠ ᠶᠢᠨ ᠰᠠᠭᠤᠷᠢ ᠮᠦᠩᠭᠦᠨ ᠤ ᠤᠷᠤᠯᠭ᠎ᠠ 0.18 ᠳ᠋ᠥᠩᠰᠢᠭᠤᠷ ᠲᠦᠬᠦᠷᠢᠭ | ᠂ ᠲᠠᠷᠢᠶᠠᠯᠠᠩ ᠤᠨ ᠨᠡᠭᠡᠭᠡᠨ ᠬᠦᠭᠵᠢᠬᠦᠯᠦᠯᠲᠡ ᠶᠢᠨ ᠰᠠᠭᠤᠷᠢ ᠮᠦᠩᠭᠦᠨ ᠤ ᠤᠷᠤᠯᠭ᠎ᠠ 1000 ᠲᠦᠮᠡᠨ ᠲᠦᠬᠦᠷᠢᠭ᠂ ᠬᠤᠳᠠ ᠶᠢᠨ ᠰᠠᠭᠤᠷᠢ ᠲᠦᠬᠦᠭᠡᠷᠤᠮᠵᠢ ᠶᠢᠨ | ᠢᠵᠢ ᠪᠦᠷᠢᠳᠦᠬᠦᠯᠬᠦ ᠵᠠᠷᠤᠳᠠᠯ 0.6 ᠳ᠋ᠥᠩᠰᠢᠭᠤᠷ ᠲᠦᠬᠦᠷᠢᠭ᠂ ᠪᠤᠵᠠᠷ ᠤᠰᠤ ᠰᠢᠢᠳᠪᠤᠷᠢᠯᠡᠬᠦ ᠵᠠᠷᠤᠳᠠᠯ 0.18 ᠳ᠋ᠥᠩᠰᠢᠭᠤᠷ ᠲᠦᠬᠦᠷᠢᠭ ᠪᠠᠭᠳᠠᠨ᠎ᠠ᠃ | ᠳᠡᠭᠡᠲᠦ ᠵᠢᠯ ᠤᠨ ᠳ᠋ᠥᠩᠨᠡᠨ ᠰᠢᠯᠵᠢᠬᠦᠯᠦᠭᠰᠡᠨ ᠵᠠᠰᠠᠭ ᠤᠨ ᠤᠷᠳᠤᠨ ᠤ ᠴᠢᠨᠠᠷᠲᠠᠢ ᠤᠷᠤᠯᠭ᠎ᠠ ᠵᠠᠷᠤᠯᠭ᠎ᠠ ᠨᠢ 0.84 ᠳ᠋ᠥᠩᠰᠢᠭᠤᠷ ᠲᠦᠬᠦᠷᠢᠭ᠃ | ᠲᠤᠰ ᠵᠢᠯ ᠤᠨ ᠳᠡᠭᠡᠲᠦ ᠱᠠᠲᠤᠨ ᠠᠴᠠ ᠰᠢᠯᠵᠢᠬᠦᠯᠦᠨ ᠦᠭᠬᠦ ᠵᠢᠴᠢ ᠰᠢᠨ᠎ᠡ ᠪᠠᠷ ᠨᠡᠮᠡᠭᠳᠡᠬᠦ ᠲᠤᠰᠬᠠᠢ ᠲᠦᠷᠦᠯ ᠤᠨ ᠵᠢᠭᠡᠯᠡᠯᠭᠡ ᠶᠢᠨ ᠳᠡᠮᠳᠡᠭ ᠤᠨ ᠤᠷᠤᠯᠭ᠎ᠠ | ᠵᠠᠷᠤᠯᠭ᠎ᠠ ᠶᠢ 2 ᠳ᠋ᠥᠩᠰᠢᠭᠤᠷ ᠲᠦᠬᠦᠷᠢᠭ ᠲᠦᠰᠦᠪᠯᠡᠨ ᠲᠤᠬᠢᠷᠠᠭᠤᠯᠪᠠ᠃ | ︵ᠭᠤᠷᠪᠠ︶ ᠨᠡᠶᠢᠬᠡᠮ ᠤᠨ ᠪᠠᠲᠤᠯᠠᠭ᠎ᠠ ᠶᠢᠨ ᠰᠠᠭᠤᠷᠢ ᠮᠦᠩᠭᠦᠨ ᠤ ᠲᠦᠰᠦᠪ | ︽ᠤᠷᠳᠤᠰ ᠬᠤᠳᠠ ᠶᠢᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠬᠡᠮ ᠤᠨ ᠨᠠᠰᠤᠵᠢᠯ ᠤᠨ ᠳᠠᠭᠠᠳᠬᠠᠯ ᠤᠨ ᠬᠡᠷᠡᠭᠵᠢᠬᠦᠯᠬᠦ ᠠᠷᠭ᠎ᠠ︾ ︵ | ᠤᠷᠳᠤᠰ ᠵᠠᠰᠠᠭ ᠲᠠᠷᠬᠠᠭᠠᠭᠰᠠᠨ ﹇2012﹈ 50 ᠲᠤᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠬᠤᠳᠠ ᠬᠦᠳᠡᠭᠡ | ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ᠂ ᠠᠵᠤ ᠠᠬᠤᠶᠢᠯᠠᠯ ᠤᠨ ᠠᠵᠢᠯᠳᠠᠨ ᠤ ᠦᠨᠳᠦᠰᠦᠨ ᠨᠠᠰᠤᠵᠢᠯ ᠤᠨ | ᠳᠠᠭᠠᠳᠬᠠᠯ᠂ ᠬᠦᠩᠭᠡᠵᠢᠯ᠂ ᠠᠵᠢᠯ ᠤᠨ ᠰᠢᠷᠬᠠᠳᠤᠯ ᠵᠡᠷᠭᠡ ᠳᠠᠭᠠᠳᠬᠠᠯ ᠤᠨ ᠰᠠᠭᠤᠷᠢ ᠮᠦᠩᠭᠦ ᠶᠢ ᠤᠷᠤᠯᠭ᠎ᠠ ᠵᠠᠷᠤᠯᠭ᠎ᠠ ᠶᠢᠨ ᠬᠤᠶᠠᠷ ᠱᠤᠭᠤᠮ ᠢᠶᠠᠷ ᠬᠤᠳᠠ ᠠᠴᠠ | ᠨᠢᠭᠡᠳᠦᠯᠳᠡᠢ ᠲᠤᠰᠬᠠᠢ ᠳᠠᠩᠰᠠ ᠡᠷᠦᠬᠡ ᠪᠠᠶᠢᠭᠤᠯᠤᠨ ᠬᠠᠮᠢᠶᠠᠷᠴᠦ᠂ ᠲᠦᠰᠦᠯ ᠳᠠᠰᠤᠯᠤᠨ ᠪᠤᠳᠣᠯᠳᠠ ᠶᠢ ᠴᠦ ᠨᠢᠭᠡᠳᠦᠯᠲᠡᠢ ᠤᠷᠤᠨ ᠲᠤᠭ᠎ᠠ ᠪᠠᠷ | ᠬᠠᠮᠢᠶᠠᠷᠴᠠᠢ᠃ ᠪᠤᠳᠠᠳᠤ ᠪᠠᠶᠢᠳᠠᠯ ᠨᠢ ᠲᠤᠤᠷᠠᠬᠢ ᠮᠡᠳᠦ᠄ | 2020 ᠤᠨ ᠤ ᠪᠦᠬᠦ ᠲᠤᠭᠤᠷᠢᠭ ᠤᠨ ᠨᠡᠶᠢᠬᠡᠮ ᠤᠨ ᠪᠠᠲᠤᠯᠠᠭ᠎ᠠ ᠶᠢᠨ ᠰᠠᠭᠤᠷᠢ ᠮᠦᠩᠭᠦᠨ ᠤ ᠵᠢᠱᠢᠨ ᠲᠦᠰᠦᠪᠯᠡᠭᠰᠡᠨ ᠤᠷᠤᠯᠭ᠎ᠠ 29.75 ᠳ᠋ᠥᠩᠰᠢᠭᠤᠷ | ᠲᠦᠬᠦᠷᠢᠭ᠂ ᠡᠬᠦᠨ ᠳᠤ᠄ ᠰᠦᠢᠳᠬᠡᠯ ᠲᠤᠰᠢᠶᠠᠭᠰᠠᠨ ᠵᠢᠱᠢᠭᠰᠡᠨ ᠤᠷᠤᠯᠭ᠎ᠠ 25.82 ᠳ᠋ᠥᠩᠰᠢᠭᠤᠷ ᠲᠦᠬᠦᠷᠢᠭ᠂ ᠡᠳ᠋ ᠤᠨ ᠵᠠᠰᠠᠭ ᠤᠨ ᠵᠢᠱᠢᠭᠰᠡᠨ ᠨᠦᠬᠦᠪᠦᠷᠢ | ᠶᠢᠨ ᠤᠷᠤᠯᠭ᠎ᠠ 3.02 ᠳ᠋ᠥᠩᠰᠢᠭᠤᠷ ᠲᠦᠬᠦᠷᠢᠭ᠂ ᠰᠢᠯᠵᠢᠬᠦᠯᠦᠭᠰᠡᠨ ᠤᠷᠤᠯᠭ᠎ᠠ 0.19 ᠳ᠋ᠥᠩᠰᠢᠭᠤᠷ ᠲᠦᠬᠦᠷᠢᠭ᠂ ᠬᠦᠦ ᠮᠦᠩᠬᠦᠨ ᠤ ᠤᠷᠤᠯᠭ᠎ᠠ 0.7 | ᠳ᠋ᠦᠩᠰᠢᠭᠤᠷ ᠲᠦᠬᠦᠷᠢᠭ᠂ ᠪᠤᠰᠤᠳ ᠤᠷᠤᠯᠭ᠎ᠠ 209.16 ᠳ᠋ᠥᠩᠰᠢᠭᠤᠷ ᠲᠦᠬᠦᠷᠢᠭ ᠪᠤᠯᠤᠨ᠎ᠠ᠃ | 2020 ᠤᠨ ᠤ ᠪᠦᠬᠦ ᠲᠤᠭᠤᠷᠢᠭ ᠤᠨ ᠨᠡᠶᠢᠬᠡᠮ ᠤᠨ ᠪᠠᠲᠤᠯᠠᠭ᠎ᠠ ᠶᠢᠨ ᠰᠠᠭᠤᠷᠢ ᠮᠦᠩᠭᠦᠨ ᠤ ᠵᠢᠱᠢᠭᠰᠡᠨ ᠵᠠᠷᠤᠳᠠᠯ 17.99 ᠳ᠋ᠥᠩᠰᠢᠭᠤᠷ ᠲᠦᠬᠦᠷᠢᠭ᠂ | ᠭᠤᠤᠯᠳᠠᠭᠤ ᠨᠠᠰᠤᠵᠢᠯ ᠤᠨ ᠳᠠᠭᠠᠳᠬᠠᠯ ︵ᠠᠵᠤ ᠠᠬᠤᠶᠢᠯᠠᠯ ᠤᠨ ᠠᠵᠢᠯᠳᠠᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠠᠯᠪᠠᠨ ᠪᠠᠶᠢᠭᠤᠯᠭ᠎ᠠ᠂ ᠠᠵᠢᠯ ᠦᠢᠯᠡᠰ | ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠰᠠᠭᠤᠷᠢ ᠮᠦᠩᠭᠦ ᠪᠤᠯᠤᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ︶᠂ ᠠᠵᠢᠯ ᠠᠯᠳᠠᠭᠰᠠᠳ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ︵ᠬᠤᠳᠠ ᠪᠠᠯᠭᠠᠰᠤ ᠶᠢᠨ ᠠᠵᠢᠯᠳᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ︶᠂ ᠠᠵᠢᠯ ᠤᠨ ᠰᠢᠷᠬᠠᠳᠤᠯ ᠤᠨ | ᠳᠠᠭᠠᠳᠬᠠᠯ ᠳᠤ ᠵᠠᠷᠤᠴᠠᠭᠤᠯᠤᠨ᠎ᠠ᠃ ᠪᠦᠬᠦ ᠲᠤᠭᠤᠷᠢᠭ ᠤᠨ ᠨᠡᠶᠢᠬᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠤᠰ ᠵᠢᠯ ᠤᠨ ᠤᠷᠤᠯᠭ᠎ᠠ ᠵᠠᠷᠤᠯᠭ᠎ᠠ ᠨᠢ | ᠵᠢᠱᠢᠭᠰᠡᠨ ᠢᠶᠠᠷ 11.76 ᠳ᠋ᠥᠩᠰᠢᠭᠤᠷ ᠲᠦᠬᠦᠷᠢᠭ ᠤᠨ ᠦᠯᠡᠳᠡᠪᠤᠷᠢ ᠲᠠᠢ ᠪᠤᠯᠤᠨ᠎ᠠ᠃ | ︵ᠲᠦᠷᠪᠡ︶ ᠤᠯᠤᠰ ᠤᠨ ᠬᠦᠷᠦᠩᠭᠡ ᠶᠢᠨ ᠡᠵᠡᠩᠨᠡᠯᠲᠡ ᠶᠢᠨ ᠲᠦᠰᠦᠪ | ᠲᠤᠭᠤᠷᠢᠭ ᠤᠨ ᠤᠯᠤᠰ ᠤᠨ ᠬᠦᠷᠦᠩᠭᠡ ᠶᠢᠨ ᠵᠦᠪᠯᠡᠯ ᠤᠨ ᠳᠡᠭᠡᠭᠰᠢ ᠮᠡᠳᠡᠬᠦᠯᠦᠭᠰᠡᠨ ᠳ᠋ᠥᠩᠱᠧᠩ ᠲᠤᠭᠤᠷᠢᠭ ᠤᠨ ᠤᠯᠤᠰ ᠤᠨ ᠦᠮᠴᠢᠯᠠᠯᠲᠦ ᠠᠵᠤ | ᠠᠬᠤᠶᠢᠯᠠᠯ ᠤᠨ 2020 ᠤᠨ ᠤ ᠤᠯᠤᠰ ᠤᠨ ᠬᠦᠷᠦᠩᠭᠡ ᠶᠢᠨ ᠡᠵᠡᠩᠨᠡᠯᠲᠡ ᠶᠢᠨ ᠠᠰᠢᠭ ᠬᠤᠨᠵᠢᠪᠤᠷᠢ ᠣᠯᠣᠭᠰᠠᠨ ᠤᠯᠤᠰ ᠤᠨ ᠦᠮᠴᠢᠯᠡᠯᠲᠦ ᠠᠵᠤ ᠠᠬᠤᠶᠢᠯᠠᠯ | ᠤᠨ ᠵᠢᠱᠢᠭᠰᠡᠨ ᠶᠡᠷᠦᠩᠬᠡᠢ ᠠᠰᠢᠭ ᠬᠤᠨᠵᠢᠪᠤᠷᠢ 3930 ᠲᠦᠮᠡᠨ ᠲᠦᠬᠦᠷᠢᠭ ᠲᠤ ᠬᠦᠷᠦᠨ᠎ᠡ᠂ ᠠᠰᠢᠭ ᠬᠤᠨᠵᠢᠪᠤᠷᠢ ᠶᠢᠨ 20 % ᠶᠢ ᠳᠡᠭᠡᠭᠰᠢ ᠲᠤᠰᠢᠶᠠᠪᠠᠯ | 2020 ᠤᠨ ᠳᠤ ᠲᠤᠭᠤᠷᠢᠭ ᠤᠨ ᠱᠠᠲᠤᠨ ᠤ ᠤᠯᠤᠰ ᠤᠨ ᠬᠦᠷᠦᠩᠭᠡ ᠶᠢᠨ ᠡᠵᠡᠩᠨᠡᠯᠲᠡ ᠶᠢᠨ ᠵᠢᠱᠢᠭᠰᠡᠨ ᠤᠷᠤᠯᠭ᠎ᠠ 786 ᠲᠦᠮᠡᠨ ᠲᠦᠬᠦᠷᠢᠭ ᠲᠤ ᠬᠦᠷᠦᠨ᠎ᠡ᠂ | ᠪᠦᠬᠦᠨ ᠢ ᠡᠩ ᠤᠨ ᠤᠯᠠᠨ ᠨᠡᠶᠢᠳᠡ ᠶᠢᠨ ᠲᠦᠰᠦᠪ ᠲᠤ ᠤᠷᠤᠭᠤᠯᠵᠤ ᠨᠢᠭᠡᠳᠦᠯᠲᠡᠢ ᠬᠡᠷᠡᠭᠯᠡᠨ᠎ᠡ᠃ | ︵ᠲᠠᠪᠤ︶ ᠲᠤᠭᠤᠷᠢᠭ ᠤᠨ ᠰᠢᠭᠤᠳ ᠬᠠᠷᠢᠶ᠎ᠠ ᠬᠦᠷᠢᠶᠡᠯᠡᠩ ᠲᠤᠭᠤᠷᠢᠭ ᠤᠨ ᠲᠦᠰᠦᠪ | ᠤᠳᠤᠬᠢ ᠪᠠᠶᠢᠭᠤᠯᠤᠮᠵᠢ ᠶᠢᠨ ᠲᠤᠭᠳᠠᠭᠠᠯ ᠢᠶᠠᠷ ᠪᠤᠯ ᠲᠤᠨᠤᠭ ᠲᠦᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠵᠦᠪᠯᠡᠯ ᠵᠡᠷᠭᠡ | ᠭᠤᠷᠪᠠᠨ ᠬᠦᠷᠢᠶᠡᠯᠡᠩ ᠲᠤᠭᠤᠷᠢᠭ ᠨᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠢᠯᠠᠭᠰᠠᠨ ᠰᠢᠭᠤᠳ ᠬᠠᠷᠢᠶ᠎ᠠ ᠪᠠᠶᠢᠭᠤᠯᠤᠮᠵᠢ ᠪᠤᠯᠤᠨ᠎ᠠ᠂ ᠲᠦᠰᠦᠯ | ᠢ ᠨᠢ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠤᠰᠢᠶᠠᠵᠦ ᠬᠠᠮᠲᠤ ᠳᠤᠨᠢ ᠵᠦᠪᠯᠡᠬᠦᠯᠦᠶᠡ᠃ | 1. ᠤᠷᠳᠤᠰ ᠤᠨ ᠲᠤᠨᠤᠭ ᠲᠦᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠬᠠᠮᠢᠶᠠᠷᠤᠯᠲᠠ ᠶᠢᠨ | ᠵᠦᠪᠯᠡᠯ︔ 2020 ᠤᠨ ᠳᠤ ᠡᠩ ᠤᠨ ᠤᠯᠠᠨ ᠨᠡᠶᠢᠳᠡ ᠶᠢᠨ ᠲᠦᠰᠦᠪ ᠤᠨ ᠡᠯ᠎ᠡ ᠵᠦᠢᠯ ᠤᠨ ᠤᠷᠤᠯᠭ᠎ᠠ ᠶᠢ 0.95 ᠳ᠋ᠥᠩᠰᠢᠭᠤᠷ ᠲᠦᠬᠦᠷᠢᠭ ᠲᠤᠬᠢᠷᠠᠭᠤᠯᠵᠤ᠂ | 7.76% ᠪᠠᠷ ᠪᠠᠭᠤᠷᠠᠭᠤᠯᠪᠠ᠃ ᠤᠷᠤᠯᠭ᠎ᠠ ᠵᠠᠷᠤᠯᠭ᠎ᠠ ᠶᠢᠨ ᠲᠡᠩᠴᠡᠭᠦᠷᠢ ᠶᠢᠨ ᠵᠠᠷᠴᠢᠮ ᠢ ᠦᠨᠳᠦᠰᠦᠯᠡᠵᠦ᠂ ᠡᠩ ᠤᠨ ᠤᠯᠠᠨ ᠨᠡᠶᠢᠳᠡ ᠶᠢᠨ ᠲᠦᠰᠦᠪ ᠤᠨ ᠡᠯ᠎ᠡ | ᠵᠦᠢᠯ ᠤᠨ ᠵᠠᠷᠤᠳᠠᠯ ᠮᠦᠩᠭᠦ ᠶᠢ 0.95 ᠳ᠋ᠥᠩᠰᠢᠭᠤᠷ ᠲᠦᠬᠦᠷᠢᠭ ᠲᠤᠬᠢᠷᠠᠭᠤᠯᠪᠠ᠃ | 2. ᠤᠷᠳᠤᠰ ᠤᠨ ᠳ᠋ᠥᠩᠱᠧᠩ ᠤᠨ ᠠᠵᠤ ᠠᠬᠤᠢ ᠰᠢᠨᠵᠢᠯᠡᠭᠡ ᠮᠡᠷᠭᠡᠵᠢᠯ᠂ ᠰᠤᠷᠭᠠᠨ ᠬᠦᠮᠦᠵᠢᠯ ︵ᠬᠦᠩᠭᠡᠨ ᠨᠡᠭᠡᠮᠡᠯ ᠤᠨ ᠠᠵᠤ ᠦᠢᠯᠡᠳᠪᠤᠷᠢ︶ ᠤᠨ | ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ︔ 2020 ᠤᠨ ᠳᠤ ᠡᠩ ᠤᠨ ᠤᠯᠠᠨ ᠨᠡᠶᠢᠳᠡ ᠶᠢᠨ ᠲᠦᠰᠦᠪ ᠤᠨ ᠡᠯ᠎ᠡ ᠵᠦᠢᠯ ᠤᠨ ᠤᠷᠤᠯᠭ᠎ᠠ ᠶᠢ | 0.6 ᠳ᠋ᠥᠩᠰᠢᠭᠤᠷ ᠲᠦᠬᠦᠷᠢᠭ ᠲᠤᠬᠢᠷᠠᠭᠤᠯᠤᠨ᠂ 54% ᠪᠠᠷ ᠪᠠᠭᠤᠷᠠᠭᠤᠯᠪᠠ᠃ ᠤᠷᠤᠯᠭ᠎ᠠ ᠵᠠᠷᠤᠯᠭ᠎ᠠ ᠶᠢ ᠲᠡᠩᠴᠡᠭᠦᠷᠢᠳᠡᠢ ᠪᠠᠶᠢᠯᠭᠠᠬᠤ ᠵᠠᠷᠴᠢᠮ ᠢᠶᠠᠷ ᠡᠩ ᠤᠨ | ᠤᠯᠠᠨ ᠨᠡᠶᠢᠳᠡ ᠶᠢᠨ ᠲᠦᠰᠦᠪ ᠤᠨ ᠡᠯ᠎ᠡ ᠵᠦᠢᠯ ᠤᠨ ᠵᠠᠷᠤᠳᠠᠯ ᠮᠦᠩᠭᠦ ᠶᠢ 0.6 ᠳ᠋ᠥᠩᠰᠢᠭᠤᠷ ᠲᠦᠬᠦᠷᠢᠭ ᠲᠤᠬᠢᠷᠠᠭᠤᠯᠪᠠ᠃ | 3. ᠤᠷᠳᠤᠰ ᠤᠨ ᠲᠥᠩ ᠴᠤᠸᠠᠨ ᠮᠠᠰᠢᠨ ᠲᠡᠷᠬᠡᠨ ᠤ ᠦᠵᠡᠰᠬᠦᠯᠡᠩ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠦᠪᠯᠡᠯ︔ 2020 ᠤᠨ ᠳᠤ ᠡᠩ ᠤᠨ | ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 0.3 ᠳ᠋ᠥᠩᠰᠢᠭᠤᠷ ᠲᠦᠬᠦᠷᠢᠭ ᠲᠤᠬᠢᠷᠠᠭᠤᠯᠵᠤ᠂ 16% ᠪᠠᠷ ᠪᠠᠭᠤᠷᠠᠭᠤᠯᠪᠠ᠃ ᠤᠷᠤᠯᠭ᠎ᠠ ᠶᠢ ᠵᠠᠷᠤᠯᠭ᠎ᠠ | ᠲᠠᠢ ᠲᠡᠩᠴᠡᠬᠦᠷᠢᠲᠡᠢ ᠪᠠᠶᠢᠯᠭᠠᠬᠤ ᠵᠠᠷᠴᠢᠮ ᠢᠶᠠᠷ ᠡᠩ ᠤᠨ ᠤᠯᠠᠨ ᠨᠡᠶᠢᠳᠡ ᠶᠢᠨ ᠲᠦᠰᠦᠪ ᠤᠨ ᠡᠯ᠎ᠡ ᠵᠦᠢᠯ ᠤᠨ ᠵᠠᠷᠤᠳᠠᠯ ᠮᠦᠩᠭᠦ ᠶᠢ 0.3 ᠳ᠋ᠥᠩᠰᠢᠭᠤᠷ | ᠲᠦᠬᠦᠷᠢᠭ ᠲᠤᠬᠢᠷᠠᠭᠤᠯᠪᠠ᠃ | ᠭᠤᠷᠪᠠ᠂ ᠯᠠᠪᠳᠠᠭᠤᠨ ᠪᠠᠲᠤᠲᠠᠢ ᠠᠵᠢᠯᠯᠠᠵᠤ 2020 ᠤᠨ ᠤ ᠲᠦᠰᠦᠪ ᠤᠨ ᠠᠵᠢᠯ ᠤᠨ ᠬᠠᠷᠠᠯᠲᠠ ᠶᠢ ᠪᠡᠶᠡᠯᠡᠬᠦᠯᠬᠦ ᠶᠢ ᠪᠠᠲᠤᠯᠠᠨ᠎ᠠ᠃ | ᠡᠨᠡ ᠵᠢᠯ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ︾ ᠵᠢᠯ ᠤᠨ ᠰᠡᠬᠦᠯ ᠬᠤᠷᠢᠶᠠᠬᠤ ᠵᠢᠯ ᠪᠤᠯᠤᠨ᠎ᠠ᠂ | ᠠᠩᠬᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠠᠶᠡᠯᠡᠬᠦᠯᠵᠦ᠂ ︽ᠠᠷᠪᠠᠨ ᠲᠦᠷᠪᠡᠳᠦᠭᠡᠷ ᠲᠠᠪᠤᠨ︾ ᠵᠢᠯ ᠤᠨ ᠬᠦᠭᠵᠢᠯᠲᠠ ᠪᠤᠯᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠤ ᠪᠠᠲᠤ ᠪᠠᠬᠢ ᠰᠠᠭᠤᠷᠢ | ᠲᠠᠯᠪᠢᠬᠤ ᠰᠢᠢᠳᠪᠤᠷᠢᠲᠦ ᠬᠤᠭᠤᠴᠠᠭ᠎ᠠ ᠪᠤᠯᠬᠤ ᠮᠦᠷᠳᠡᠭᠡᠨ ᠮᠦᠨ ᠴᠦ ᠪᠤᠭᠤᠮᠳᠠ ᠰᠢᠪᠲᠤᠯᠬᠤ ᠬᠤᠭᠤᠴᠠᠭ᠎ᠠ ᠪᠤᠯᠤᠨ᠎ᠠ᠂ ᠡᠳ᠋ ᠤᠨ ᠵᠠᠰᠠᠭ ᠤᠨ ᠠᠵᠢᠯ ᠢ ᠰᠠᠶᠢᠲᠤᠷ | ᠬᠢᠬᠦ ᠨᠢ ᠲᠦᠢᠯ ᠤᠨ ᠴᠢᠬᠤᠯᠠ ᠶᠤᠮ᠃ | ︵ᠨᠢᠭᠡ︶ ᠭᠤᠷᠪᠠᠨ ᠶᠡᠭᠡ ᠰᠢᠪᠲᠦᠯᠦᠯᠲᠡ ᠶᠢᠨ ᠳᠠᠶᠢᠯᠠᠯᠲᠤᠭᠠᠨ ᠤ ᠢᠯᠠᠯᠲᠠ ᠶᠢ ᠲᠡᠮᠡᠴᠡᠨ ᠤᠯᠬᠤ ᠶᠢ ᠬᠦᠴᠦᠯᠡᠨ ᠲᠡᠮᠵᠢᠵᠦ᠂ ᠴᠢᠨᠡᠭᠡᠯᠢᠭ ᠨᠡᠶᠢᠬᠡᠮ ᠢ ᠪᠦᠬᠦ | ᠲᠠᠯ᠎ᠠ ᠪᠠᠷ ᠪᠠᠶᠢᠭᠤᠯᠬᠤ ᠶᠢ ᠲᠤᠭᠲᠠᠭᠰᠠᠨ ᠬᠤᠭᠤᠴᠠᠭᠠᠨ ᠳᠤ ᠪᠠᠨ ᠠᠬᠢᠭᠤᠯᠤᠨ᠎ᠠ᠃ ᠠᠶᠤᠯ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠠᠵᠢᠯ ᠤᠨ ᠬᠤᠷᠢᠭ᠎ᠠ | ᠱᠤᠭᠤᠮ ᠢ ᠪᠠᠲᠤ ᠰᠠᠬᠢᠨ᠎ᠡ᠃ ᠨᠢᠭᠡ ᠳᠤ᠂ ᠦᠷᠢ ᠰᠢᠷᠢ ᠶᠢ ᠰᠢᠢᠳᠪᠤᠷᠢᠯᠡᠬᠦ ᠤᠳᠤᠷᠢᠳᠬᠤ ᠳᠤᠬᠭᠤᠶᠢᠯᠠᠩ ᠤᠨ ᠬᠤᠷᠠᠯ ᠢ ᠳᠤᠭᠳᠠᠮᠠᠯ ᠬᠤᠭᠤᠴᠠᠭ᠎ᠠ ᠲᠠᠢ ᠪᠠᠷ | ᠵᠤᠬᠢᠶᠠᠨ ᠪᠠᠶᠢᠭᠤᠯᠤᠨ ᠬᠢᠵᠦ᠂ ᠤᠷᠤᠰᠢᠵᠦ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠤᠷᠢᠯᠡᠵᠦ᠂ ᠦᠷᠢ ᠦᠭᠴᠡᠭᠡ ᠶᠢ ᠢᠯᠭᠠᠷᠠᠭᠤᠯᠬᠤ ᠪᠠ ᠲᠦᠭᠰᠢᠬᠦᠷᠢ ᠶᠢ | ᠰᠡᠷᠭᠡᠶᠢᠯᠡᠬᠦ ᠶᠢ ᠪᠦᠬᠦ ᠲᠠᠯ᠎ᠠ ᠪᠠᠷ ᠪᠤᠳᠠᠳᠠᠶᠢᠵᠢᠭᠤᠯᠤᠨ᠎ᠠ᠃ ᠬᠤᠶᠠᠷ ᠲᠤ᠂ ᠬᠤᠷᠢᠭ᠎ᠠ ᠱᠤᠭᠤᠮ ᠤᠨ ᠰᠡᠳᠬᠢᠴᠡ ᠶᠢ ᠪᠤᠢ ᠪᠤᠯᠭᠠᠵᠦ᠂ ᠵᠠᠰᠠᠭ ᠤᠨ ᠤᠷᠳᠤᠨ ᠤ ᠦᠷᠢ | ᠦᠭᠴᠡᠭᠡ ᠶᠢᠨ ᠲᠦᠭᠰᠢᠬᠦᠷᠢ᠂ ᠮᠦᠩᠭᠦᠨ ᠬᠦᠢᠯᠭᠡᠭᠡᠨ ᠤ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠪᠠᠷ ᠭᠤᠤᠯᠳᠠᠯᠭ᠎ᠠ ᠪᠤᠯᠭᠠᠵᠦ᠂ ᠲᠦᠭᠰᠢᠬᠦᠷᠢ ᠶᠢ ᠪᠠᠶᠢᠴᠠᠭᠠᠨ | ᠰᠤᠳᠤᠯᠵᠦ ᠮᠠᠭᠠᠳᠯᠠᠬᠤ ᠶᠢ ᠴᠢᠩᠭᠠᠳᠬᠠᠨ᠂ ᠴᠠᠭ ᠲᠠᠷᠤᠢ ᠳᠤ ᠨᠢ ᠲᠦᠭᠰᠢᠬᠦᠷᠢ ᠶᠢ ᠠᠷᠭᠠᠴᠠᠬᠤ ᠠᠷᠭ᠎ᠠ ᠬᠡᠮᠵᠢᠶ᠎ᠡ ᠶᠢ ᠲᠤᠭᠲᠠᠭᠠᠵᠦ᠂ ᠵᠠᠰᠠᠭ ᠤᠨ ᠤᠷᠳᠤᠨ ᠤ | ᠦᠷᠢ ᠰᠢᠷᠢ ᠶᠢᠨ ᠲᠦᠭᠰᠢᠬᠦᠷᠢ ᠪᠠ ᠮᠦᠩᠭᠦᠨ ᠬᠦᠢᠯᠭᠡᠭᠡᠨ ᠤ ᠲᠦᠭᠰᠢᠬᠦᠷᠢ ᠶᠢ ᠦᠨᠡᠯᠡᠨ ᠵᠢᠱᠢᠵᠦ ᠤᠷᠢᠳᠴᠢᠯᠠᠨ ᠰᠡᠷᠡᠮᠵᠢᠯᠡᠬᠦᠯᠬᠦ ᠲᠤᠭᠲᠠᠴᠠ ᠶᠢ | ᠳᠡᠭᠦᠯᠳᠡᠷᠵᠢᠬᠦᠯᠵᠦ᠂ ᠦᠷᠢ ᠰᠢᠷᠢ ᠶᠢᠨ ᠲᠦᠭᠰᠢᠬᠦᠷᠢ ᠶᠢᠨ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠦ᠂ ᠳᠤᠭᠳᠠᠮᠠᠯ ᠬᠤᠭᠤᠴᠠᠭ᠎ᠠ ᠲᠠᠢ ᠪᠠᠷ ᠵᠢᠱᠢᠨ | ᠦᠨᠡᠯᠡᠬᠦ ᠶᠢᠨ ᠬᠠᠮᠲᠤ ᠰᠡᠷᠡᠮᠵᠢ | ᠦᠭᠴᠦ᠂ ᠡᠷᠳᠡ ᠢᠯᠡᠷᠡᠬᠦᠯᠬᠦ᠂ ᠡᠷᠳᠡ ᠮᠡᠳᠡᠭᠳᠡᠬᠦ᠂ ᠡᠷᠳᠡ ᠰᠢᠢᠳᠪᠤᠷᠢᠯᠡᠬᠦ ᠶᠢ ᠪᠡᠶᠡᠯᠡᠬᠦᠯᠵᠦ᠂ ᠪᠦᠬᠦ ᠬᠦᠴᠦᠨ ᠢᠶᠠᠷ ᠢᠶᠠᠨ ᠲᠦᠭᠰᠢᠬᠦᠷᠢ ᠶᠢ ᠰᠤᠶᠤᠭᠠᠯᠠᠬᠤ | ᠱᠠᠲᠤᠨ ᠳᠤ ᠨᠢ ᠰᠡᠷᠭᠡᠶᠢᠯᠡᠨ ᠬᠢᠵᠠᠭᠠᠷᠯᠠᠨ᠎ᠠ᠃ ᠭᠤᠷᠪᠠ ᠳᠤ᠂ ᠡᠩ ᠶᠢᠨ ᠦᠷᠢ ᠰᠢᠷᠢ ᠶᠢᠨ ᠨᠤᠷᠮ᠎ᠠ ᠦᠨᠳᠦᠷ ᠭᠠᠵᠠᠷ ᠤᠷᠤᠨ ᠨᠢ ᠲᠤᠰᠬᠠᠢ ᠲᠦᠷᠦᠯ ᠤᠨ | ᠵᠢᠭᠡᠯᠡᠯᠭᠡ ᠶᠢᠨ ᠲᠡᠮᠲᠡᠭᠲᠦ ᠶᠢ ᠲᠡᠮᠡᠴᠡᠨ ᠤᠯᠬᠤ ᠪᠠᠷ ᠭᠤᠤᠯ ᠪᠤᠯᠭᠠᠬᠤ︾ ᠵᠠᠷᠴᠢᠮ ᠢ ᠬᠡᠷᠡᠭᠵᠢᠬᠦᠯᠵᠦ᠂ ᠡᠯ᠎ᠡ ᠵᠦᠢᠯ ᠤᠨ ᠲᠤᠰᠬᠠᠢ ᠲᠦᠷᠦᠯ ᠤᠨ ᠵᠢᠭᠡᠯᠡᠯᠭᠡ ᠶᠢᠨ | ᠳᠡᠮᠳᠡᠭ ᠢ ᠢᠳᠡᠪᠬᠢᠲᠠᠢ ᠪᠠᠷ ᠲᠡᠮᠡᠴᠡᠨ ᠤᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠳᠤᠳᠠᠭᠳᠠᠬᠤ᠂ ᠵᠠᠰᠠᠭ ᠤᠨ ᠤᠷᠳᠤᠨ ᠤ ᠬᠦᠦ | ᠮᠦᠩᠭᠦ ᠶᠢᠨ ᠡᠬᠦᠷᠭᠡᠯᠡᠯ ᠬᠦᠨᠳᠦ᠂ ᠮᠦᠩᠭᠦ ᠴᠤᠭᠯᠠᠭᠤᠯᠬᠤ ᠳᠠᠪᠴᠠᠩ ᠤᠨ ᠬᠤᠭᠤᠴᠠᠭ᠎ᠠ ᠬᠦᠷᠦᠭᠰᠡᠨ ᠦᠷᠢ ᠰᠢᠷᠢ ᠶᠢ ᠲᠦᠯᠦᠵᠦ ᠲᠡᠶᠢᠯᠬᠦ ᠦᠬᠡᠢ ᠵᠡᠷᠭᠡ | ᠠᠰᠠᠭᠤᠳᠠᠯ ᠢ ᠰᠢᠢᠳᠪᠤᠷᠢᠯᠡᠵᠦ᠂ ᠦᠷᠢ ᠰᠢᠷᠢ ᠶᠢᠨ ᠲᠦᠭᠰᠢᠬᠦᠷᠢ ᠶᠢ ᠪᠠᠭᠠᠰᠬᠠᠵᠦ᠂ ᠰᠢᠨ᠎ᠡ ᠪᠠᠷ ᠲᠡᠮᠡᠴᠡᠨ ᠤᠯᠤᠭᠰᠠᠨ ᠲᠤᠰᠬᠠᠢ ᠲᠦᠷᠦᠯ ᠤᠨ ᠵᠢᠭᠡᠯᠡᠯᠭᠡ ᠶᠢᠨ | ᠳᠡᠮᠳᠡᠭᠲᠦ ᠪᠠᠷ ᠦᠪᠡᠷ ᠢ ᠪᠠᠨ ᠲᠡᠩᠴᠡᠬᠦᠷᠢᠲᠡᠢ ᠪᠠᠶᠢᠯᠭᠠᠬᠤ ᠵᠠᠷᠴᠢᠮ ᠶᠤᠰᠤᠭᠠᠷ ᠪᠤᠯᠭᠤᠮᠵᠢᠲᠠᠢ ᠠᠷᠭ᠎ᠠ ᠬᠡᠮᠵᠢᠶ᠎ᠡ ᠠᠪᠴᠤ᠂ ᠡᠷᠡᠰ ᠴᠢᠩᠭ᠎ᠠ ᠪᠠᠷ ᠦᠷᠢ ᠰᠢᠷᠢ ᠶᠢᠨ | ᠬᠡᠪᠴᠢᠶ᠎ᠡ ᠶᠢ ᠡᠵᠡᠮᠳᠡᠬᠦ ᠪᠠ ᠪᠠᠭᠠᠰᠬᠠᠨ᠎ᠠ᠃ ᠲᠦᠷᠪᠡ ᠳᠤ᠂ ᠰᠠᠬᠢᠮᠵᠢ ᠶᠢ ᠴᠢᠩᠭᠠᠳᠬᠠᠵᠦ᠂ ᠬᠠᠷᠢᠭᠤᠴᠠᠯᠭ᠎ᠠ ᠶᠢ ᠲᠤᠤᠱᠯᠠᠭᠤᠯᠤᠨ᠂ ᠵᠠᠰᠠᠭ ᠤᠨ ᠤᠷᠳᠤᠨ ᠤ ᠦᠷᠢ | ᠰᠢᠷᠢ ᠶᠢ ᠤᠯᠠᠨ ᠠᠷᠭ᠎ᠠ ᠵᠠᠮ ᠢᠶᠠᠷ ᠰᠢᠢᠳᠪᠤᠷᠢᠯᠡᠵᠦ᠂ ︽ᠭᠤᠷᠪᠠᠨ ᠠᠯᠪᠠᠨ ᠤ ᠵᠠᠷᠤᠳᠠᠯ︾᠂ ᠡᠩ ᠤᠨ ᠴᠢᠨᠠᠷᠲᠠᠢ ᠵᠠᠷᠤᠯᠭ᠎ᠠ ᠶᠢ ᠦᠷᠬᠦᠯᠵᠢᠯᠡᠨ ᠬᠠᠰᠤᠵᠦ᠂ | ᠭᠠᠶᠢᠯᠢ ᠳᠠᠳᠠᠪᠤᠷᠢ ᠶᠢ ᠢᠯᠭᠠᠷᠠᠭᠤᠯᠤᠨ ᠲᠢᠭᠯᠢᠬᠦ᠂ ᠦᠷᠢ ᠰᠢᠷᠢ ᠶᠢ ᠠᠷᠢᠯᠭᠠᠵᠦ ᠪᠤᠯᠠᠬᠤ ᠡᠳ᠋ ᠬᠦᠷᠦᠩᠭᠡ ᠶᠢᠨ ᠭᠠᠷᠳᠠᠮ ᠢ ᠳᠡᠬᠦᠯᠳᠡᠷᠵᠢᠬᠦᠯᠬᠦ ᠠᠷᠭ᠎ᠠ ᠪᠠᠷᠢᠯ ᠢᠶᠠᠷ | 2020 ᠤᠨ ᠤ ᠵᠠᠰᠠᠭ ᠤᠨ ᠤᠷᠳᠤᠨ ᠤ ᠳᠠᠯᠳᠠ ᠴᠢᠨᠠᠷᠲᠠᠢ ᠦᠷᠢ ᠰᠢᠷᠢ ᠪᠤᠯᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠤᠶᠢᠰᠢᠯᠠᠭᠤᠯᠤᠭᠰᠠᠨ | ᠳᠠᠩᠰᠠᠨ ᠦᠷᠢ ᠶᠢ ᠢᠯᠭᠠᠷᠠᠭᠤᠯᠬᠤ ᠡᠬᠦᠷᠭᠡ ᠶᠢ ᠪᠡᠶᠡᠯᠡᠬᠦᠯᠦᠨ᠂ ᠡᠳ᠋ ᠤᠨ ᠵᠠᠰᠠᠭ ᠤᠨ ᠮᠦᠩᠭᠦᠨ ᠬᠦᠢᠯᠭᠡᠭᠡᠨ ᠤ ᠲᠦᠭᠰᠢᠬᠦᠷᠢ ᠭᠠᠷᠬᠤ ᠦᠬᠡᠢ ᠶᠢ ᠪᠠᠲᠤᠯᠠᠨ᠎ᠠ᠃ | ᠶᠠᠳᠠᠭᠤ ᠶᠢ ᠳᠡᠳᠬᠦᠬᠦ ᠠᠵᠢᠯ ᠢ ᠦᠷᠬᠦᠯᠵᠢᠯᠡᠨ ᠳᠡᠮᠵᠢᠨ᠎ᠡ᠃ ᠶᠠᠳᠠᠭᠤ ᠶᠢ ᠳᠡᠳᠬᠦᠬᠦ ᠶᠢ ᠲᠡᠷᠢᠬᠦᠨ ᠪᠠᠶᠢᠷᠢᠨ ᠳᠤ ᠳᠠᠯᠪᠢᠬᠤ ᠶᠢ ᠢᠮᠠᠭᠳᠠ ᠪᠠᠷᠢᠮᠳᠠᠯᠠᠵᠦ᠂ | ᠲᠦᠷᠦ ᠶᠢᠨ ᠪᠤᠳᠤᠯᠭ᠎ᠠ ᠪᠠᠷ ᠳᠡᠳᠬᠦᠬᠦ ᠪᠠᠷ ᠳᠠᠮᠵᠢᠭᠤᠯᠵᠤ᠂ ᠶᠠᠳᠠᠭᠤ ᠶᠢ ᠳᠡᠳᠬᠦᠬᠦ ᠪᠡᠯᠡ ᠮᠦᠩᠭᠦ ᠶᠢ ᠡᠮᠬᠢᠯᠡᠨ ᠨᠡᠶᠢᠯᠡᠬᠦᠯᠬᠦ ᠬᠦᠴᠦᠯᠡᠴᠡ ᠶᠢ ᠨᠡᠮᠡᠭᠳᠡᠬᠦᠯᠦᠨ ᠡᠯ᠎ᠡ | ᠵᠦᠢᠯ ᠤᠨ ᠶᠠᠳᠠᠭᠤ ᠶᠢ ᠳᠡᠳᠬᠦᠬᠦ ᠪᠡᠯᠡ ᠮᠦᠩᠭᠦ ᠶᠢ ᠴᠠᠭ ᠳᠠᠷᠤᠢ ᠳᠤ ᠨᠢ ᠪᠠᠭᠤᠯᠭᠠᠵᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ᠂ ᠡᠷᠡᠬᠦᠯ ᠢᠶᠠᠷ ᠶᠠᠳᠠᠭᠤ ᠶᠢ | ᠳᠡᠳᠬᠦᠬᠦ ᠶᠢ ᠪᠦᠷᠢᠨᠰᠢᠬᠦᠯᠬᠦ᠂ ᠪᠦᠬᠦ ᠲᠠᠯ᠎ᠠ ᠪᠠᠷ ᠶᠠᠳᠠᠭᠤ ᠶᠢ ᠳᠡᠳᠬᠦᠬᠦ ᠶᠢ ᠪᠠᠲᠤᠯᠠᠬᠤ ᠶᠢ ᠠᠬᠢᠭᠤᠯᠤᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ ᠳᠠᠶᠢᠯᠠᠯᠳᠤᠭᠠᠨ ᠢ | ᠰᠠᠶᠢᠲᠤᠷ ᠬᠢᠨ᠎ᠡ᠃ ᠰᠢ ᠶᠢᠨ ᠫᠢᠩ ᠶᠡᠷᠦᠩᠭᠡᠢ ᠱᠦᠵᠢ ᠶᠢᠨ ᠬᠠᠳᠤᠨ ᠭᠤᠤᠯ ᠤᠨ ᠤᠷᠤᠨ ᠳᠠᠭᠠᠤ ᠤᠷᠤᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠤᠯᠤᠨ | ᠴᠢᠨᠠᠷ ᠰᠠᠶᠢᠲᠠᠢ ᠬᠦᠭᠵᠢᠯᠲᠠ ᠶᠢᠨ ᠶᠠᠷᠢᠯᠴᠠᠭᠠᠲᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠡᠯ᠎ᠡ ᠲᠦᠷᠦᠯ | ᠤᠨ ᠠᠮᠢ ᠠᠬᠤᠢ ᠶᠢᠨ ᠲᠦᠷᠦᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠲᠦᠪ᠂ ᠦᠪᠡᠷᠳᠡᠭᠡᠨ ᠵᠠᠰᠠᠬᠤ ᠤᠷᠤᠨ ᠤ | ᠤᠷᠴᠢᠨ ᠲᠤᠭᠤᠷᠢᠨ ᠢ ᠬᠢᠨᠠᠨ ᠪᠠᠶᠢᠴᠠᠭᠠᠭᠰᠠᠨ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠦᠬᠡᠷᠡᠴᠢᠯᠠᠬᠦ ᠶᠢ ᠦᠷᠬᠦᠯᠵᠢᠯᠡᠨ ᠠᠬᠢᠭᠤᠯᠵᠦ᠂ ᠡᠯ᠎ᠡ ᠲᠦᠷᠦᠯ ᠤᠨ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠡᠯᠡ ᠮᠦᠩᠭᠦ ᠶᠢ ᠪᠠᠭᠤᠯᠭᠠᠬᠤ ᠬᠦᠴᠦᠯᠡᠴᠡ ᠶᠢ ᠶᠡᠭᠡ ᠪᠠᠷ ᠨᠡᠮᠡᠭᠳᠡᠬᠦᠯᠵᠦ ᠶᠡᠭᠡ ᠪᠠᠷ ᠲᠦᠷᠭᠡᠳᠬᠡᠵᠦ᠂ ᠡᠯ᠎ᠡ ᠵᠦᠢᠯ | ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠦᠷᠦᠯ ᠵᠦᠢᠯ ᠢ ᠲᠤᠭᠳᠠᠭᠠᠭᠰᠠᠨ ᠴᠠᠭ ᠬᠤᠭᠤᠴᠠᠭᠠᠨ ᠳᠤ ᠨᠢ ᠶᠠᠪᠤᠭᠳᠠᠭᠤᠯᠤᠨ᠎ᠠ᠃ | ︵ᠬᠤᠶᠠᠷ︶ ᠰᠢᠨ᠎ᠡ ᠶᠢ ᠡᠬᠦᠳᠦᠨ ᠬᠦᠭᠵᠢᠬᠦᠯᠬᠦ ᠪᠠ ᠠᠵᠤ ᠠᠬᠤᠶᠢᠯᠠᠯ ᠢ ᠳᠡᠰ ᠨᠡᠮᠡᠭᠳᠡᠬᠦᠯᠬᠦ ᠶᠢ ᠬᠦᠴᠦᠯᠡᠨ ᠠᠬᠢᠭᠤᠯᠵᠤ᠂ ᠪᠤᠳᠠᠳᠤ ᠴᠤᠭᠴᠠ ᠶᠢᠨ ᠠᠵᠤ | ᠠᠬᠤᠢ ᠶᠢ ᠡᠷᠡᠬᠦᠯ ᠢᠶᠠᠷ ᠬᠦᠭᠵᠢᠬᠦᠯᠦᠨ᠎ᠡ᠃ ᠴᠢᠨᠠᠷ ᠰᠠᠶᠢᠲᠠᠢ ᠬᠦᠭᠵᠢᠯᠲᠠ ᠶᠢᠨ ᠦᠨᠳᠦᠰᠦ ᠰᠠᠭᠤᠷᠢ ᠪᠤᠯ ᠪᠤᠳᠠᠳᠤ ᠴᠤᠭᠴᠠ ᠶᠢᠨ ᠠᠵᠤ ᠠᠬᠤᠢ ᠪᠤᠯᠤᠨ᠎ᠠ᠂ ᠠᠵᠤ | ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠠᠨ ᠳᠡᠰ ᠨᠡᠮᠡᠭᠳᠡᠬᠦᠯᠬᠦ ᠪᠤᠯ ᠮᠠᠨ ᠤ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ | ᠪᠡᠶᠡᠯᠡᠬᠦᠯᠬᠦ ᠶᠢᠨ ᠭᠤᠤᠯᠳᠠᠯᠭ᠎ᠠ ᠪᠤᠯᠤᠨ᠎ᠠ᠃ ᠠᠵᠤ ᠦᠢᠯᠡᠰ ᠤᠨ ᠬᠦᠭᠵᠢᠯᠲᠠ ᠶᠢ ᠲᠦᠯᠬᠢᠨ ᠠᠬᠢᠭᠤᠯᠬᠤ ᠳᠡᠭᠡᠷ᠎ᠡ ᠬᠦᠴᠦᠯᠡᠨ ᠴᠢᠷᠮᠠᠶᠢᠵᠦ᠂ ᠤᠯᠠᠮᠵᠢᠯᠠᠯᠲᠤ ᠠᠵᠤ | ᠦᠢᠯᠡᠰ ᠢ ᠬᠡᠯᠪᠡᠷᠢ ᠶᠢ ᠨᠢ ᠬᠤᠪᠢᠷᠠᠭᠠᠨ ᠳᠡᠰ ᠨᠡᠮᠡᠭᠳᠡᠬᠦᠯᠬᠦ᠂ ᠰᠢᠨ᠎ᠡ ᠬᠡᠯᠪᠡᠷᠢ ᠶᠢᠨ ᠠᠵᠤ ᠦᠢᠯᠡᠰ ᠢ ᠶᠡᠭᠡ ᠪᠠᠷ ᠬᠢᠵᠦ ᠬᠦᠴᠦᠷᠭᠡᠭᠵᠢᠬᠦᠯᠬᠦ ᠶᠢ ᠨᠡᠩ ᠨᠢᠭᠡ | ᠠᠯᠬᠤᠮ ᠲᠦᠷᠭᠡᠳᠬᠡᠨ ᠠᠬᠢᠭᠤᠯᠵᠤ᠂ ᠭᠠᠶᠢᠯᠢ ᠶᠢᠨ ᠰᠤᠷᠪᠤᠯᠵᠢ ᠶᠢᠨ ᠰᠠᠭᠤᠷᠢ ᠶᠢ ᠯᠠᠪᠳᠠᠭᠤᠨ ᠪᠠᠲᠤᠲᠠᠢ ᠪᠤᠯᠭᠠᠨ᠎ᠠ᠃ ᠨᠢᠭᠡ ᠳᠤ᠂ ᠤᠯᠠᠮᠵᠢᠯᠠᠯᠲᠤ ᠠᠵᠤ ᠦᠢᠯᠡᠰ | ᠤᠨ ᠳᠡᠰ ᠨᠡᠮᠡᠭᠳᠡᠬᠦᠯᠦᠨ ᠬᠦᠭᠵᠢᠬᠦ ᠶᠢ ᠦᠷᠬᠦᠯᠵᠢᠯᠡᠨ ᠳᠡᠮᠵᠢᠨ᠎ᠡ᠃ ᠡᠳ᠋ ᠤᠨ ᠵᠠᠰᠠᠭ ᠤᠨ ᠴᠢᠳᠠᠪᠬᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠲᠦᠷᠦ ᠶᠢᠨ | ᠪᠤᠳᠤᠯᠭ᠎ᠠ ᠶᠢᠨ ᠲᠤᠰᠠᠯᠠᠮᠵᠢ᠂ ᠪᠡᠯᠡ ᠮᠦᠩᠭᠦᠨ ᠤ ᠲᠤᠰᠠᠯᠠᠮᠵᠢ᠂ ᠤᠷᠴᠢᠨ ᠲᠤᠭᠤᠷᠢᠨ ᠤ ᠰᠢᠯᠢᠳᠡᠭᠵᠢᠬᠦᠯᠦᠯᠲᠡ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ | ᠳᠠᠮᠵᠢᠭᠤᠯᠵᠤ᠂ ᠮᠠᠨ ᠤ ᠲᠤᠭᠤᠷᠢᠭ ᠤᠨ ᠨᠡᠭᠦᠷᠡᠰᠦ ᠴᠠᠬᠢᠯᠭᠠᠨ᠂ ᠨᠤᠯᠤᠤᠷ ᠨᠡᠭᠡᠮᠡᠯ᠂ ᠢᠳᠡᠭᠡᠨ ᠤ ᠪᠤᠯᠪᠠᠰᠤᠷᠠᠭᠤᠯᠤᠯ᠂ ᠴᠢᠴᠠᠷᠭᠠᠨ᠎ᠠ ᠶᠢᠨ ᠦᠢᠯᠡᠳᠬᠦᠨ ᠵᠡᠷᠭᠡ | ᠤᠯᠠᠮᠵᠢᠯᠯᠠᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠠᠨ ᠳᠡᠰ ᠨᠡᠮᠡᠭᠳᠡᠬᠦᠯᠬᠦ ᠠᠵᠢᠯᠯᠠᠭ᠎ᠠ ᠶᠢᠨ ᠲᠦᠯᠦᠪᠯᠡᠭᠡ ᠶᠢ ᠠᠬᠢᠭᠤᠯᠵᠤ᠂ ᠴᠢᠨᠠᠷ ᠳᠡᠰ ᠦᠷ᠎ᠡ ᠠᠰᠢᠭ ᠢ | ᠨᠡᠮᠡᠭᠳᠡᠬᠦᠯᠬᠦ ᠪᠠᠷ ᠮᠠᠨ ᠤ ᠲᠤᠭᠤᠷᠢᠭ ᠤᠨ ᠪᠤᠳᠠᠳᠤ ᠴᠤᠭᠴᠠ ᠶᠢᠨ ᠠᠵᠤ ᠠᠬᠤᠢ ᠶᠢᠨ ᠭᠤᠤᠯ ᠬᠦᠴᠦᠨ ᠪᠤᠯᠭᠠᠵᠦ᠂ ᠯᠠᠪᠳᠠᠭᠤᠨ ᠲᠤᠭᠳᠠᠭᠤᠨ ᠡᠳ᠋ ᠤᠨ ᠵᠠᠰᠠᠭ | ᠤᠨ ᠡᠬᠢ ᠰᠤᠷᠪᠤᠯᠵᠢ ᠶᠢᠨ ᠰᠠᠭᠤᠷᠢ ᠶᠢ ᠪᠠᠲᠤᠳᠬᠠᠨ᠎ᠠ᠃ ᠬᠤᠶᠠᠷ ᠲᠤ᠂ ᠤᠳᠤᠬᠢᠴᠢᠯᠠᠭᠰᠠᠨ ᠦᠢᠯᠡᠴᠢᠯᠡᠭᠡ ᠶᠢᠨ ᠦᠢᠯᠡᠰ ᠢ ᠦᠷᠬᠦᠯᠵᠢᠯᠡᠨ ᠳᠡᠮᠵᠢᠵᠦ | ᠬᠦᠴᠦᠷᠭᠡᠭᠵᠢᠬᠦᠯᠦᠨ ᠬᠦᠭᠵᠢᠬᠦᠯᠦᠨ᠎ᠡ᠃ ᠤᠳᠤᠬᠢᠴᠢᠯᠠᠭᠰᠠᠨ ᠦᠢᠯᠡᠴᠢᠯᠡᠭᠡ ᠶᠢᠨ ᠦᠢᠯᠡᠰ ᠤᠨ ᠴᠢᠨᠠᠷᠵᠢᠬᠤ᠂ ᠪᠦᠯᠦᠭᠵᠢᠬᠦ᠂ ᠰᠢᠨ᠎ᠡ ᠡᠵᠡᠩᠨᠡᠯᠲᠡ ᠶᠢᠨ ᠬᠡᠯᠪᠡᠷᠢ | ᠵᠠᠭᠪᠤᠷ ᠢᠶᠠᠷ ᠬᠦᠭᠵᠢᠬᠦ ᠶᠢ ᠦᠷᠬᠦᠯᠵᠢᠯᠡᠨ ᠳᠡᠮᠵᠢᠵᠦ᠂ ᠰᠤᠶᠤᠯ ᠵᠢᠭᠤᠯᠴᠢᠯᠠᠯ᠂ ᠭᠡᠷ ᠪᠦᠯᠢ ᠶᠢᠨ ᠨᠠᠰᠤᠳᠠᠶᠢᠴᠤᠳ ᠤᠨ ᠠᠰᠠᠷᠠᠮᠵᠢ᠂ ᠤᠳᠤᠬᠢᠴᠢᠯᠠᠭᠰᠠᠨ | ᠬᠤᠳᠠᠯᠳᠤᠭ᠎ᠠ ᠠᠷᠠᠯᠵᠢᠶ᠎ᠠ᠂ ᠪᠤᠳᠠᠰ ᠤᠨ ᠬᠦᠢᠯᠭᠡᠭᠡ ᠶᠢᠨ ᠨᠡᠪᠳᠡᠷᠡᠯᠴᠡᠯ ᠢᠶᠠᠷ ᠭᠤᠤᠯ ᠪᠤᠯᠭᠠᠭᠰᠠᠨ ᠤᠳᠤᠬᠢᠴᠯᠠᠭᠰᠠᠨ ᠦᠢᠯᠡᠴᠢᠯᠭᠡ ᠶᠢᠨ ᠦᠢᠯᠡᠰ ᠢ ᠬᠦᠴᠦᠲᠠᠢ | ᠳᠡᠮᠵᠢᠵᠦ᠂ ᠦᠢᠯᠡᠴᠢᠯᠭᠡᠨ ᠤ ᠬᠦᠭᠵᠢᠯᠲᠠ ᠶᠢᠨ ᠴᠢᠳᠠᠪᠬᠢ ᠪᠤᠯᠤᠨ ᠬᠢᠷᠢ ᠬᠡᠮ ᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠦᠢᠯᠡᠴᠢᠯᠡᠭᠡᠨ ᠤ ᠦᠢᠯᠡᠰ ᠢ ᠮᠠᠨ ᠤ | ᠲᠤᠭᠤᠷᠢᠭ ᠤᠨ ᠬᠦᠭᠵᠢᠯᠲᠠ ᠶᠢᠨ ᠰᠢᠨ᠎ᠡ ᠬᠦᠳᠡᠯᠬᠡᠬᠦ ᠬᠦᠴᠦᠨ ᠤ ᠳᠠᠪᠠᠭᠤᠯᠢᠭ ᠪᠦᠬᠦᠢ ᠠᠵᠤ ᠦᠢᠯᠡᠰ ᠪᠤᠯᠭᠠᠨ ᠬᠡᠪᠰᠢᠬᠦᠯᠵᠦ᠂ ᠡᠳ᠋ ᠤᠨ ᠵᠠᠰᠠᠭ ᠤᠨ | ᠦᠷᠬᠦᠯᠵᠢᠯᠡᠭᠰᠡᠨ ᠡᠬᠢ ᠰᠤᠷᠪᠤᠯᠵᠢ ᠶᠢᠨ ᠰᠠᠭᠤᠷᠢ ᠶᠢ ᠪᠠᠲᠤᠳᠬᠠᠨ᠎ᠠ᠃ ᠭᠤᠷᠪᠠ ᠳᠤ᠂ ᠲᠡᠷᠢᠬᠦᠨ ᠤ ᠲᠤᠨᠤᠭ ᠲᠦᠬᠦᠭᠡᠷᠦᠮᠵᠢ ᠦᠢᠯᠡᠳᠬᠦ ᠵᠡᠷᠭᠡ ᠰᠢᠨ᠎ᠡ ᠬᠡᠯᠪᠡᠷᠢ | ᠶᠢᠨ ᠠᠵᠤ ᠦᠢᠯᠡᠰ ᠤᠨ ᠪᠦᠯᠦᠭᠯᠡᠯ ᠢ ᠬᠡᠪᠰᠢᠵᠢᠬᠦᠯᠦᠨᠡ᠃ ᠮᠠᠰᠢᠨ ᠲᠡᠷᠭᠡ ᠵᠢᠴᠢ ᠰᠡᠯᠪᠢᠭ ᠲᠤᠨᠤᠭ᠂ ᠡᠨᠧᠷᠬᠢ ᠶᠢᠨ ᠲᠤᠨᠤᠭ ᠲᠦᠬᠦᠭᠡᠷᠦᠮᠵᠢ ᠦᠢᠯᠡᠳᠬᠦ᠂ | ᠡᠯᠧᠺᠲᠷᠤᠨ ᠰᠤᠷᠠᠭ ᠵᠠᠩᠭᠢ᠂ ᠡᠨᠧᠷᠬᠢ ᠠᠷᠪᠢᠯᠠᠬᠤ ᠤᠷᠴᠢᠨ ᠬᠠᠮᠠᠭᠠᠯᠠᠯᠲᠠ᠂ ᠰᠢᠨ᠎ᠡ ᠮᠠᠲ᠋ᠧᠷᠢᠶᠠᠯ ᠵᠡᠷᠭᠡ ᠶᠢᠨ ᠤᠷᠤᠨ ᠪᠦᠰᠡ ᠳᠤ ᠲᠤᠰᠬᠠᠢ ᠲᠦᠷᠦᠯ ᠤᠨ | ᠠᠵᠢᠯᠯᠠᠭ᠎ᠠ ᠶᠢᠨ ᠲᠦᠰᠦᠯ ᠢ ᠬᠡᠷᠡᠭᠵᠢᠬᠦᠯᠵᠦ᠂ ᠨᠢᠬᠡ ᠪᠦᠯᠦᠭ ᠳᠠᠳᠠᠬᠤ ᠬᠦᠴᠦᠨ ᠢᠶᠠᠷ ᠴᠢᠩᠭ᠎ᠠ᠂ ᠵᠠᠬ᠎ᠠ ᠳᠡᠯᠭᠡᠭᠦᠷ ᠤᠨ ᠢᠷᠡᠭᠡᠳᠦᠢ ᠲᠠᠢ ᠲᠦᠷᠦᠯ ᠵᠦᠢᠯ ᠢ | ᠳᠠᠳᠠᠨ ᠤᠷᠤᠭᠤᠯᠬᠤ ᠶᠢ ᠬᠦᠴᠦᠲᠠᠢ | ᠳᠡᠮᠵᠢᠵᠦ᠂ ᠲᠡᠷᠢᠬᠦᠨ ᠤ ᠲᠤᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠬᠦᠭᠵᠢᠯᠲᠠ ᠶᠢ ᠳᠠᠰᠤᠷᠠᠯᠲᠠ ᠦᠬᠡᠢ ᠬᠦᠴᠦᠷᠭᠡᠭᠵᠢᠬᠦᠯᠵᠦ᠂ ᠰᠢᠨ᠎ᠡ ᠬᠡᠯᠪᠡᠷᠢ ᠶᠢᠨ | ᠡᠳ᠋ ᠤᠨ ᠰᠤᠷᠪᠤᠯᠵᠢ ᠶᠢ ᠡᠬᠦᠳᠦᠨ ᠪᠠᠶᠢᠭᠤᠯᠤᠨ᠎ᠠ᠃ ᠲᠦᠷᠪᠡ ᠳᠤ᠂ ᠬᠤᠳᠠᠯᠳᠤᠭᠠᠴᠢᠨ ᠤᠷᠢᠬᠤ ᠬᠦᠴᠦᠯᠡᠴᠡ ᠶᠢ ᠦᠷᠬᠦᠯᠵᠢᠯᠡᠨ ᠨᠡᠮᠡᠭᠳᠡᠬᠦᠯᠦᠨ᠎ᠡ᠃ ᠡᠵᠡᠩᠨᠡᠯᠲᠡ | ᠬᠤᠳᠠᠯᠳᠤᠭ᠎ᠠ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠬᠦ᠂ ᠣᠶᠢᠷ᠎ᠠ ᠬᠠᠪᠢ ᠶᠢᠨ ᠬᠤᠳᠠ ᠶᠢᠨ ᠰᠦᠷᠦᠭᠵᠢᠯ ᠳᠤ ᠬᠦᠳᠡᠯᠦᠩᠭᠦᠢ ᠪᠠᠷ ᠠᠭᠤᠰᠤᠯᠴᠠᠬᠤ᠂ ᠠᠵᠤ | ᠠᠬᠤᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠪᠠᠷ ᠳᠠᠮᠵᠢᠭᠤᠯᠵᠤ ᠰᠢᠨ᠎ᠡ ᠶᠢ ᠡᠬᠦᠳᠬᠦ ᠪᠠᠷ ᠬᠦᠳᠡᠯᠭᠡᠭᠦᠷ ᠪᠤᠯᠭᠠᠬᠤ᠂ ᠬᠤᠷᠰᠢᠨ ᠠᠵᠢᠯᠯᠠᠵᠤ | ᠰᠤᠯᠢᠯᠴᠠᠬᠤ ᠬᠡᠯᠪᠡᠷᠢ ᠪᠠᠷ ᠬᠦᠭᠵᠢᠯᠲᠠ ᠶᠢᠨ ᠰᠠᠭᠤᠷᠢ ᠶᠢ ᠪᠠᠲᠤᠳᠬᠠᠵᠤ᠂ ᠪᠡᠯᠡ ᠤᠷᠤᠭᠤᠯᠤᠯᠲᠠ ᠶᠢᠨ ᠠᠵᠤ ᠠᠬᠤᠢ ᠶᠢᠨ ᠨᠡᠮᠡᠭᠳᠡᠯ ᠳᠠᠬᠢ ᠳᠠᠳᠠᠬᠤ ᠬᠦᠴᠦᠨ ᠤ | ᠦᠢᠯᠡᠳᠦᠯ ᠢ ᠪᠠᠳᠠᠷᠠᠭᠤᠯᠤᠨ᠎ᠠ᠃ | ︵ᠭᠤᠷᠪᠠ︶ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠯᠠᠨ ᠤ ᠪᠤᠶᠠᠨ ᠭᠡᠰᠢᠭ ᠢ ᠦᠨᠡᠨ ᠬᠦ ᠨᠡᠮᠡᠭᠳᠡᠬᠦᠯᠦᠨ᠎ᠡ᠃ | ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠶᠢ ᠨᠢᠭᠳᠠ ᠡᠵᠡᠮᠳᠡᠵᠦ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ᠂ | ᠬᠦᠴᠢᠷ ᠶᠠᠪᠤᠳᠠᠯ᠂ ᠪᠠᠴᠢᠮ ᠶᠠᠪᠤᠳᠠᠯ ᠤᠨ ᠲᠤᠭᠤᠷᠢᠨ ᠳᠤ ᠬᠦᠴᠦ ᠭᠠᠷᠭᠠᠵᠦ᠂ ᠬᠦᠴᠦ ᠵᠠᠷᠤᠴᠠᠭᠤᠯᠵᠤ᠂ ᠪᠠᠭᠤᠷᠠᠢ ᠶᠢ ᠬᠦᠴᠦᠷᠭᠡᠭᠵᠢᠬᠦᠯᠦᠨ ᠳᠤᠳᠠᠭᠤ ᠲᠠᠯ᠎ᠠ ᠶᠢ | ᠨᠦᠬᠦᠪᠦᠷᠢᠯᠡᠵᠦ᠂ ᠠᠷᠠᠳ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ ᠬᠠᠮᠤᠭ ᠰᠢᠭᠤᠳ᠂ ᠬᠠᠮᠤᠭ ᠤᠨ ᠪᠤᠳᠠᠳᠠᠢ ᠠᠰᠠᠭᠤᠳᠠᠯ ᠢ ᠰᠠᠶᠢᠲᠤᠷ ᠰᠢᠢᠳᠪᠤᠷᠢᠯᠡᠵᠦ᠂ | ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ ᠪᠤᠯᠤᠨ ᠠᠮᠤᠷ ᠲᠦᠪᠰᠢᠨ ᠤ ᠲᠦᠷᠦᠭᠳᠡᠯ ᠢ ᠳᠠᠰᠤᠷᠠᠯᠳᠠ ᠦᠬᠡᠢ | ᠳᠡᠭᠡᠭᠰᠢᠯᠡᠬᠦᠯᠦᠨ᠎ᠡ᠃ ᠨᠢᠭᠡ ᠳᠤ᠂ ︽ᠭᠤᠷᠪᠠᠨ ᠪᠠᠲᠤᠯᠠᠭ᠎ᠠ︾ ᠶᠢᠨ ᠵᠠᠷᠤᠳᠠᠯ ᠢ ᠪᠦᠬᠦ ᠬᠦᠴᠦᠨ ᠢᠶᠠᠷ ᠪᠠᠲᠤᠯᠠᠨ᠎ᠠ᠃ ᠴᠠᠯᠢᠩ᠂ ᠦᠨᠳᠦᠰᠦᠨ ᠡᠷᠬᠢᠯᠲᠡ᠂ ᠠᠷᠠᠳ | ᠤᠨ ᠠᠮᠢᠳᠤᠷᠠᠯ ᠤᠨ ᠵᠠᠷᠤᠳᠠᠯ ᠢ ᠪᠠᠲᠤᠯᠠᠬᠤ ᠶᠢ ᠪᠤᠳᠠᠳᠠᠢ ᠲᠤᠤᠱᠯᠠᠭᠤᠯᠵᠤ᠂ ᠭᠠᠵᠠᠷ ᠤᠷᠤᠨ ᠤ ᠲᠤᠭᠳᠠᠭᠤᠨ ᠡᠷᠬᠢᠯᠲᠡ ᠶᠢ ᠪᠠᠲᠤᠯᠠᠨ᠎ᠠ᠃ ᠬᠤᠶᠠᠷ ᠲᠤ᠂ ᠠᠷᠠᠳ | ᠤᠨ ᠠᠮᠢᠳᠤᠷᠠᠯ ᠢ ᠤᠷᠢᠳᠠᠪᠠᠷ ᠪᠤᠳᠤᠯᠬᠢᠯᠠᠬᠤ ᠶᠢ ᠢᠮᠠᠭᠲᠠ ᠪᠠᠷᠢᠮᠳᠠᠯᠠᠨ᠎ᠠ᠃ ᠵᠠᠷᠤᠳᠠᠯ ᠤᠨ ᠪᠦᠲᠦᠴᠡ ᠶᠢ ᠰᠢᠯᠢᠳᠡᠭᠵᠢᠬᠦᠯᠵᠦ᠂ ᠨᠡᠶᠢᠬᠡᠮ ᠤᠨ ᠪᠠᠶᠢᠭᠤᠯᠭ᠎ᠠ ᠶᠢᠨ | ᠬᠤᠷᠢᠭ᠎ᠠ ᠱᠤᠭᠤᠮ ᠢ ᠰᠠᠶᠢᠲᠤᠷ ᠰᠠᠬᠢᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠬᠤ ᠲᠦᠯᠦᠪᠯᠡᠭᠡ ᠶᠢ ᠬᠡᠷᠡᠭᠵᠢᠬᠦᠯᠬᠦ ᠶᠢ ᠳᠡᠮᠵᠢᠵᠦ᠂ ᠠᠮᠢᠳᠤᠷᠠᠯ ᠤᠨ | ᠲᠤᠤᠷ᠎ᠠ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠵᠦ᠂ ᠬᠤᠳᠠ ᠬᠦᠳᠡᠭᠡ ᠶᠢᠨ ᠲᠤᠤᠷ᠎ᠠ ᠪᠠᠲᠤᠯᠠᠭ᠎ᠠ ᠶᠢ ᠨᠢᠭᠡᠳᠦᠯᠳᠡᠢ ᠬᠦᠭᠵᠢᠬᠦᠯᠬᠦ ᠶᠢ ᠲᠦᠯᠬᠢᠨ ᠠᠬᠢᠭᠤᠯᠵᠤ᠂ | ᠬᠦᠳᠡᠯᠦᠩᠭᠦᠢ ᠬᠠᠮᠢᠶᠠᠷᠤᠯᠲᠠ ᠲᠤᠤᠷᠠᠬᠢ ᠪᠠᠲᠤᠯᠠᠬᠤ ᠶᠤᠰᠤᠲᠠᠢ ᠪᠦᠬᠦᠨ ᠢ ᠪᠠᠲᠤᠯᠠᠨ᠎ᠠ᠃ ᠶᠠᠳᠠᠭᠤ ᠶᠢ ᠳᠡᠳᠬᠦᠬᠦ ᠪᠡᠯᠡ ᠮᠦᠩᠭᠦ ᠶᠢ ᠲᠤᠤᠱᠯᠠᠭᠤᠯᠬᠤ ᠬᠦᠴᠦᠯᠡᠴᠡ | ᠶᠢ ᠦᠷᠬᠦᠯᠵᠢᠯᠡᠨ ᠨᠡᠮᠡᠭᠳᠡᠬᠦᠯᠵᠦ᠂ ᠲᠤᠰᠬᠠᠢ ᠲᠦᠷᠦᠯ ᠢᠶᠠᠷ ᠶᠠᠳᠠᠭᠤ ᠶᠢ ᠳᠡᠳᠬᠦᠬᠦ᠂ ᠠᠵᠢᠯ ᠲᠦᠷᠦᠯ ᠢᠶᠠᠷ ᠶᠠᠳᠠᠭᠤ ᠶᠢ ᠳᠡᠳᠬᠦᠬᠦ ᠪᠠ ᠨᠡᠶᠢᠬᠡᠮ ᠢᠶᠠᠷ ᠶᠠᠳᠠᠭᠤ ᠶᠢ | ᠳᠡᠳᠬᠦᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠦᠷ᠎ᠡ ᠠᠰᠢᠭ ᠢ ᠪᠠᠲᠤᠳᠬᠠᠬᠤ ᠪᠠ | ᠬᠦᠨᠵᠡᠭᠡᠶᠢᠷᠡᠬᠦᠯᠦᠨ᠎ᠡ᠃ ᠳᠤᠭᠳᠠᠭᠤᠨ ᠠᠵᠢᠯ ᠤᠯᠭᠤᠯᠲᠠ ᠶᠢ ᠲᠡᠷᠢᠬᠦᠨ ᠪᠠᠶᠢᠷᠢᠨ ᠳᠤ ᠳᠠᠯᠪᠢᠵᠦ᠂ ᠬᠤᠳᠠ ᠬᠦᠳᠡᠭᠡ ᠠᠳᠠᠯᠢ ᠳᠡᠭᠰᠢ᠂ ᠴᠢᠳᠠᠪᠬᠢ ᠪᠦᠷᠢᠨ ᠳᠦᠬᠦᠷ | ᠠᠵᠢᠯ ᠤᠯᠭᠤᠯᠲᠠ ᠶᠢᠨ ᠦᠢᠯᠡᠴᠢᠯᠭᠡᠨ ᠤ ᠲᠤᠭᠳᠠᠯᠴᠠᠭ᠎ᠠ ᠶᠢ ᠦᠷᠬᠦᠯᠵᠢᠯᠡᠨ ᠳᠡᠭᠦᠯᠳᠡᠷᠵᠢᠬᠦᠯᠵᠦ᠂ ᠦᠢᠯᠡᠰ ᠪᠤᠰᠬᠠᠬᠤ ᠶᠢ ᠲᠦᠬᠡᠮᠡᠯᠵᠢᠬᠦᠯᠬᠦ ᠰᠠᠭᠤᠷᠢᠨ ᠭᠠᠵᠠᠷ | ᠪᠠ ᠬᠤᠤᠰ ᠡᠬᠦᠳᠦᠯᠳᠡ ᠶᠢᠨ ᠬᠦᠷᠢᠶᠡᠯᠡᠩ ᠤᠨ ᠳᠠᠪᠴᠠᠩ ᠤᠨ ᠴᠢᠳᠠᠪᠬᠢ ᠶᠢ ᠳᠡᠭᠡᠭᠰᠢᠯᠡᠬᠦᠯᠵᠦ᠂ ᠤᠶᠤᠳᠠᠳ᠂ ᠴᠡᠷᠢᠭ ᠠᠴᠠ ᠬᠠᠯᠠᠭᠰᠠᠳ᠂ ᠠᠵᠢᠯ ᠤᠨ ᠪᠠᠶᠢᠷᠢ | ᠠᠴᠠ ᠬᠠᠯᠠᠭᠳᠠᠭᠰᠠᠨ | ᠠᠵᠢᠯᠲᠠᠳ᠂ ᠨᠡᠬᠦᠯᠭᠡᠨ ᠰᠢᠯᠵᠢᠬᠦᠯᠦᠭᠰᠡᠨ ᠮᠠᠯᠴᠢᠨ ᠲᠠᠷᠢᠶᠠᠴᠢᠨ ᠵᠡᠷᠭᠡ ᠭᠤᠤᠯᠳᠠᠯᠭᠠᠲᠤ ᠬᠦᠮᠦᠰ ᠤᠨ ᠠᠵᠢᠯ ᠤᠯᠭᠤᠯᠲᠠ ᠶᠢ ᠬᠦᠴᠦᠲᠠᠢ ᠲᠡᠮᠵᠢᠨ᠎ᠡ᠃ ᠬᠤᠳᠠ | ᠬᠦᠳᠡᠭᠡ ᠶᠢᠨ ᠨᠡᠶᠢᠬᠡᠮ ᠤᠨ ᠠᠪᠤᠷᠠᠨ ᠲᠤᠰᠠᠯᠠᠬᠤ ᠲᠤᠭᠳᠠᠯᠴᠠᠭ᠎ᠠ ᠶᠢ ᠪᠦᠷᠬᠦᠬᠦᠯᠬᠦ ᠶᠢ ᠠᠬᠢᠭᠤᠯᠵᠤ᠂ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠲᠤᠭᠳᠠᠭᠠᠯ | ᠢ ᠪᠦᠷᠢᠨᠰᠢᠬᠦᠯᠵᠦ ᠪᠦᠬᠦ ᠲᠠᠯ᠎ᠠ ᠶᠢᠨ ᠵᠠᠢ ᠵᠠᠪᠰᠠᠷ ᠦᠬᠡᠢ ᠪᠠᠲᠤᠯᠠᠬᠤ ᠰᠦᠯᠵᠢᠶ᠎ᠡ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ | ᠴᠢᠩᠭ᠎ᠠ ᠰᠠᠬᠢᠨ᠎ᠠ᠃ ᠭᠤᠷᠪᠠ ᠳᠤ᠂ ᠰᠢᠨᠵᠢᠯᠡᠭᠡ ᠮᠡᠷᠭᠡᠵᠢᠯ ᠰᠤᠷᠭᠠᠨ ᠬᠦᠮᠦᠵᠢᠯ ᠰᠤᠶᠤᠯ ᠡᠷᠡᠬᠦᠯ ᠬᠠᠮᠠᠭᠠᠯᠠᠯ ᠤᠨ ᠤᠷᠤᠨ ᠪᠦᠰᠡ ᠶᠢᠨ ᠲᠦᠷᠬᠡᠨ ᠬᠦᠭᠵᠢᠬᠦ ᠶᠢ | ᠳᠡᠮᠵᠢᠨ᠎ᠡ᠃ ᠰᠤᠷᠭᠠᠨ ᠬᠦᠮᠦᠵᠢᠯ ᠤᠨ ᠬᠦᠷᠢᠶ᠎ᠡ ᠴᠠᠷ᠎ᠠ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠰᠢᠯᠢᠳᠡᠭ ᠰᠤᠷᠭᠠᠨ ᠬᠦᠮᠦᠵᠢᠯ ᠤᠨ ᠡᠬᠢ ᠰᠤᠷᠪᠤᠯᠵᠢ ᠶᠢ ᠪᠦᠷᠬᠦᠬᠦᠯᠬᠦ ᠨᠤᠷᠮ᠎ᠠ ᠶᠢ ᠳᠡᠭᠡᠭᠰᠢᠯᠡᠬᠦᠯᠦᠨ᠂ ᠳᠣᠮᠳᠠᠳᠣ ᠪᠠᠭ᠎ᠠ | ᠰᠤᠷᠭᠠᠭᠤᠯᠢ ᠬᠡᠣᠬᠡᠳ ᠤᠨ ᠴᠡᠴᠡᠷᠯᠢᠭ ᠢ ᠦᠭᠡᠷᠡᠴᠢᠯᠡᠨ ᠪᠠᠷᠢᠵᠦ᠂ ᠦᠷᠭᠡᠳᠬᠡᠨ ᠪᠠᠶᠢᠭᠤᠯᠬᠤ ᠠᠵᠢᠯ ᠢ ᠦᠷᠬᠦᠯᠵᠢᠯᠡᠨ ᠰᠠᠶᠢᠲᠤᠷ ᠬᠢᠵᠦ᠂ ᠠᠯᠪᠠᠨ ᠵᠢᠷᠤᠮ ᠤᠨ | ᠰᠤᠷᠭᠠᠨ ᠬᠦᠮᠦᠵᠢᠯ ᠪᠠ ᠰᠤᠷᠬᠤ ᠨᠠᠰᠤᠨ ᠠᠴᠠ ᠡᠮᠦᠨᠡᠬᠢ ᠰᠷᠭᠠᠨ ᠬᠦᠮᠦᠵᠢᠯ ᠤᠨ ᠡᠬᠢ ᠪᠠᠶᠠᠯᠢᠭ ᠪᠦᠷᠢᠨ ᠬᠦᠢᠴᠡᠳ ᠪᠢᠰᠢ ᠠᠰᠠᠭᠤᠳᠠᠯ ᠢ ᠬᠦᠴᠦᠯᠡᠨ | ᠰᠢᠢᠳᠪᠤᠷᠢᠯᠡᠵᠦ᠂ ᠰᠤᠷᠭᠠᠭᠤᠯᠢ ᠶᠢᠨ ᠬᠤᠭᠤᠷᠤᠨᠳᠤᠬᠢ ᠵᠦᠷᠢᠶ᠎ᠡ ᠶᠢ ᠪᠠᠭᠠᠰᠬᠠᠨ᠂ ᠰᠤᠷᠭᠠᠨ ᠬᠦᠮᠦᠵᠢᠯ ᠤᠨ ᠳᠤᠳᠠᠭᠳᠠᠯ ᠢ ᠨᠦᠬᠦᠪᠦᠷᠢᠯᠡᠵᠦ᠂ ᠰᠤᠷᠭᠠᠨ ᠬᠦᠮᠦᠵᠢᠯ | ᠤᠨ ᠲᠡᠩᠴᠡᠬᠦᠷᠢᠲᠡᠢ᠂ ᠲᠦᠭᠡᠮᠡᠯ ᠬᠠᠷᠠᠭᠠᠯᠵᠠᠯᠲᠦ ᠬᠦᠭᠵᠢᠯᠲᠠ ᠶᠢ ᠲᠦᠷᠭᠡᠳᠬᠡᠨ ᠠᠬᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠬᠦᠷᠢᠶ᠎ᠡ ᠴᠠᠷ᠎ᠠ ᠶᠢᠨ | ᠦᠬᠡᠷᠡᠴᠢᠯᠡᠯᠲᠡ ᠶᠢ ᠠᠬᠢᠭᠤᠯᠵᠤ᠂ ︽ᠡᠮ ᠡᠮᠨᠡᠯᠭᠡ ᠶᠢᠨ ᠬᠤᠯᠪᠤᠭᠠᠲᠤ ᠴᠤᠭᠴᠠ︾᠂ ︽ᠡᠮ ᠡᠮᠨᠡᠯᠭᠡ ᠶᠢᠨ ᠬᠠᠮᠲᠤ ᠶᠢᠨ ᠴᠤᠭᠴᠠ︾᠂ ︽ᠡᠮᠴᠢ ᠶᠢᠨ ᠪᠦᠯᠦᠭᠯᠡᠯ | ︾ ᠤᠨ ᠪᠦᠲᠦᠭᠡᠨ ᠪᠠᠶᠢᠭᠤᠯᠤᠯᠲᠠ ᠶᠢ ᠲᠤᠰᠠᠯᠠᠨ ᠳᠡᠮᠵᠢᠵᠦ᠂ ᠨᠡᠶᠢᠬᠡᠮ ᠤᠨ ᠬᠦᠴᠦᠨ ᠢ ᠠᠰᠢᠭᠯᠠᠨ ᠡᠮᠨᠡᠯᠭᠡ ᠡᠷᠬᠢᠯᠡᠨ᠂ ᠲᠤᠰᠬᠠᠶᠢᠵᠢᠭᠰᠠᠨ ᠨᠠᠰᠤᠳᠠᠶᠢᠴᠤᠳ ᠤᠨ | ᠠᠰᠠᠷᠠᠮᠵᠢ ᠶᠢᠨ ᠦᠢᠯᠡᠴᠢᠯᠬᠡᠨ ᠤ ᠪᠠᠶᠢᠭᠤᠯᠤᠮᠵᠢ ᠶᠢ ᠤᠷᠢᠨ ᠤᠷᠤᠭᠤᠯᠬᠤ ᠶᠢ ᠬᠦᠴᠦᠲᠡᠢ ᠳᠡᠮᠵᠢᠵᠦ᠂ ᠵᠠᠰᠠᠭ ᠤᠨ ᠤᠷᠳᠤᠨ ᠨᠡᠶᠢᠬᠡᠮ ᠬᠤᠷᠰᠢᠨ ᠠᠵᠢᠯᠯᠠᠬᠤ | ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ᠎ᠡ᠃ ᠲᠦᠷᠪᠡ ᠳᠤ᠂ ᠭᠤᠤᠯᠳᠠᠯᠭᠠᠲᠤ ᠵᠠᠷᠤᠳᠠᠯ ᠤᠨ ᠬᠡᠷᠡᠭᠴᠡᠭᠡ ᠶᠢ ᠪᠠᠲᠤᠯᠠᠨ᠎ᠠ᠃ ᠨᠡᠩ ᠶᠡᠭᠡ ᠡᠳ᠋ ᠤᠨ ᠬᠦᠴᠦᠨ ᠢ | ᠲᠦᠪᠯᠡᠷᠡᠬᠦᠯᠵᠦ᠂ ᠬᠦᠳᠡᠭᠡ ᠲᠤᠰᠬᠤᠨ ᠢ ᠮᠠᠨᠳᠤᠭᠤᠯᠬᠤ᠂ ᠪᠦᠷᠭᠡ ᠭᠡᠷ ᠤᠨ ᠲᠤᠭᠤᠷᠢᠭ ᠢ ᠦᠭᠡᠷᠡᠴᠢᠯᠡᠬᠦ᠂ ᠬᠤᠳᠠ ᠶᠢ ᠨᠠᠷᠢᠯᠢᠭ ᠴᠡᠭᠴᠡᠯᠡᠨ ᠵᠠᠰᠠᠬᠤ᠂ ᠵᠠᠮ | ᠪᠤᠯᠤᠨ ᠬᠤᠭᠤᠯᠠᠢ ᠲᠤᠤᠷ ᠢ ᠪᠦᠲᠦᠭᠡᠨ ᠪᠠᠶᠢᠭᠤᠯᠬᠤ᠂ ᠤᠶᠢᠵᠢᠭᠤᠯᠤᠯᠲᠠ ᠴᠡᠴᠡᠷᠯᠢᠭᠵᠢᠬᠦᠯᠦᠯᠲᠡ ᠶᠢᠨ ᠦᠵᠡᠮᠵᠢ ᠶᠢ ᠦᠭᠡᠷᠡᠴᠢᠯᠡᠵᠦ ᠰᠠᠶᠢᠵᠢᠷᠠᠭᠤᠯᠬᠤ ᠵᠡᠷᠭᠡ | ᠤᠯᠠᠨ ᠤ ᠶᠠᠷᠢᠶ᠎ᠠ ᠬᠡᠯᠡᠯᠴᠡᠭᠡ ᠬᠠᠮᠤᠭ ᠤᠯᠠᠨ᠂ ᠦᠷᠭᠡᠨ ᠢᠶᠠᠷ ᠠᠩᠬᠠᠷᠤᠯ ᠳᠠᠯᠪᠢᠵᠦ ᠪᠠᠶᠢᠭ᠎ᠠ ᠠᠷᠠᠳ ᠢ ᠬᠠᠷᠠᠭᠠᠯᠵᠠᠬᠤ ᠭᠤᠤᠯᠳᠠᠯᠭᠠᠲᠤ ᠢᠨᠵᠧᠨᠧᠷᠢᠩ ᠢ ᠢᠯᠭᠤᠮ | ᠶᠠᠪᠤᠭᠳᠠᠭᠤᠯᠵᠤ᠂ ᠤᠶᠤᠨᠴᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠢᠳᠤᠷᠠᠯ ᠤᠨ ᠰᠠᠶᠢᠨ ᠰᠠᠶᠢᠬᠠᠨ ᠤᠷᠴᠢᠨ ᠲᠤᠭᠤᠷᠢᠨ ᠢ | ᠪᠦᠷᠢᠯᠳᠦᠬᠦᠯᠦᠨ᠂ ᠠᠵᠤ ᠦᠢᠯᠡᠰ ᠪᠠ ᠬᠤᠳᠠ ᠶᠢᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ | ︵ᠲᠦᠷᠪᠡ︶ ᠡᠳ᠋ ᠤᠨ ᠵᠠᠰᠠᠭ ᠤᠨ ᠭᠠᠶᠢᠯᠢ ᠶᠢᠨ ᠲᠤᠭᠳᠠᠯᠴᠠᠭ᠎ᠠ ᠶᠢᠨ ᠦᠭᠡᠷᠡᠴᠢᠯᠡᠯᠲᠡ ᠶᠢ ᠠᠩᠬᠠᠷᠴᠦ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠢᠷᠢ | ᠬᠡᠮ ᠢ ᠴᠢᠷᠮᠠᠶᠢᠨ ᠳᠡᠭᠡᠭᠰᠢᠯᠡᠬᠦᠯᠦᠨ᠎ᠡ᠃ ᠨᠢᠭᠡ ᠳᠤ᠂ ᠡᠳ᠋ ᠤᠨ ᠵᠠᠰᠠᠭ ᠤᠨ ᠭᠠᠶᠢᠯᠢ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠠᠵᠤ ᠠᠬᠤᠢ ᠶᠢᠨ | ᠪᠠᠶᠢᠳᠠᠯ ᠪᠠ ᠭᠠᠶᠢᠯᠢ ᠶᠢᠨ ᠢᠷᠡᠯᠲᠡ ᠶᠢ ᠵᠠᠳᠠᠯᠤᠨ ᠰᠢᠨᠵᠢᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠤᠷᠤᠯᠭ᠎ᠠ ᠶᠢᠨ ᠠᠬᠢᠴᠠ ᠶᠢ ᠴᠠᠭ ᠲᠤᠬᠠᠢ ᠳᠤᠨᠢ ᠡᠵᠡᠮᠰᠢᠨ᠎ᠡ | ︔ ᠶᠡᠷᠦᠩᠬᠡᠶᠢᠯᠡᠭᠰᠡᠨ ᠭᠠᠶᠢᠯᠢ ᠵᠠᠰᠠᠬᠤ ᠠᠵᠢᠯ ᠤᠨ ᠲᠤᠭᠳᠠᠯᠴᠠᠭ᠎ᠠ ᠶᠢ ᠬᠦᠨᠵᠡᠭᠡᠢ ᠠᠬᠢᠭᠤᠯᠵᠤ᠂ ᠭᠤᠤᠯᠳᠠᠯᠭᠠᠲᠤ ᠤᠷᠤᠨ ᠪᠦᠰᠡ᠂ ᠭᠤᠤᠯᠳᠠᠯᠭᠠᠲᠤ ᠠᠵᠢᠯ | ᠲᠦᠷᠦᠯ᠂ ᠭᠤᠤᠯᠳᠠᠯᠭᠠᠲᠤ ᠭᠠᠶᠢᠯᠢ ᠶᠢᠨ ᠢᠷᠡᠯᠲᠡ ᠶᠢᠨ ᠬᠢᠨᠠᠨ ᠡᠵᠡᠮᠳᠡᠬᠦ ᠬᠦᠴᠦᠯᠡᠴᠡ ᠪᠠᠨ ᠴᠢᠩᠭᠠᠳᠬᠠᠵᠤ᠂ ᠭᠠᠶᠢᠯᠢ ᠶᠢᠨ ᠤᠷᠤᠯᠭ᠎ᠠ ᠶᠢᠨ ︽ᠬᠡᠭᠡᠭᠳᠡᠵᠦ | ᠤᠷᠬᠢᠭᠳᠠᠭᠤᠯᠬᠤ︾ ᠶᠢ ᠬᠤᠷᠢᠭᠯᠠᠨ ᠵᠤᠭᠰᠤᠭᠠᠵᠦ᠂ ᠬᠤᠷᠢᠶᠠᠪᠠᠯ ᠵᠤᠬᠢᠬᠤ ᠶᠢ ᠪᠦᠬᠦᠨ ᠢ ᠬᠤᠷᠢᠶᠠᠨ᠎ᠠ︔ ᠳᠡᠭᠡᠲᠦ ᠵᠢᠯ ᠤᠨ ᠭᠠᠶᠢᠯᠢ ᠶᠢᠨ ᠰᠦᠢᠳᠬᠡᠯ | ᠬᠤᠷᠢᠶᠠᠭᠰᠠᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠦ᠂ ᠦᠷᠢ ᠪᠠᠷ ᠭᠠᠶᠢᠯᠢ ᠲᠤᠯᠠᠭᠠᠬᠤ᠂ ᠬᠦᠷᠦᠩᠭᠡ ᠪᠠᠷ ᠭᠠᠶᠢᠯᠢ ᠲᠤᠯᠭᠠᠬᠤ ᠠᠷᠭ᠎ᠠ ᠬᠡᠯᠪᠡᠷᠢ ᠪᠠᠷ | ᠳᠠᠮᠵᠢᠬᠭᠤᠯᠤᠨ ᠦᠷᠢ ᠶᠢ ᠢᠯᠭᠠᠷᠠᠭᠤᠯᠬᠤ ᠡᠬᠦᠷᠭᠡ ᠶᠢ ᠪᠡᠶᠡᠯᠡᠬᠦᠯᠡᠨᠡ᠃ ᠬᠤᠶᠠᠷ ᠲᠤ᠂ ᠡᠳ᠋ ᠤᠨ ᠵᠠᠰᠠᠭ ᠤᠨ ᠭᠠᠶᠢᠯᠢ ᠶᠢᠨ ᠲᠤᠭᠳᠠᠯᠴᠠᠭ᠎ᠠ ᠶᠢᠨ ᠦᠭᠡᠷᠡᠴᠢᠯᠡᠯᠲᠡ | ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠪᠠᠯᠭᠠᠰᠤ᠂ ᠬᠦᠷᠢᠶᠡᠯᠡᠩ ᠲᠤᠭᠤᠷᠢᠭ ᠤᠨ ᠬᠦᠭᠵᠢᠯᠲᠠ ᠶᠢᠨ ᠬᠦᠳᠡᠯᠭᠡᠭᠦ ᠬᠦᠴᠦᠨ᠂ ᠠᠮᠢᠵᠢᠷᠠᠯ ᠤᠨ ᠬᠦᠴᠦᠨ᠂ | ᠦᠷᠢᠰᠦᠯᠳᠦᠬᠡᠨ ᠤ ᠬᠦᠴᠦᠨ ᠢ ᠬᠦᠴᠦᠯᠡᠨ ᠴᠢᠩᠭᠠᠳᠬᠠᠵᠦ᠂ ᠤᠷᠤᠯᠭ᠎ᠠ ᠶᠢ ᠦᠨᠡᠨ ᠬᠦ ᠨᠡᠮᠡᠭᠳᠡᠬᠦᠯᠦᠨ᠎ᠡ︔ ᠲᠦᠰᠦᠪ ᠤᠨ ᠬᠠᠮᠢᠶᠠᠷᠤᠯᠲᠠ ᠶᠢᠨ ᠲᠦᠷᠢᠮ ᠢ | ᠪᠦᠷᠢᠨᠰᠢᠬᠦᠯᠵᠦ᠂ ᠪᠦᠬᠦ ᠲᠠᠯ᠎ᠠ ᠪᠠᠷ ᠪᠦᠬᠦ ᠶᠠᠪᠤᠴᠠ ᠳᠤ ᠪᠦᠬᠦᠨ ᠢ ᠪᠦᠷᠬᠦᠬᠦᠯᠬᠦ ᠦᠷ᠎ᠡ ᠠᠰᠢᠭᠲᠤ ᠬᠠᠮᠢᠶᠠᠷᠤᠯᠲᠠ ᠶᠢᠨ ᠲᠤᠭᠳᠠᠯᠴᠠᠭ᠎ᠠ ᠶᠢ ᠲᠦᠷᠬᠡᠳᠬᠡᠨ | ᠪᠠᠶᠢᠭᠤᠯᠤᠨ᠎ᠠ︔ ᠵᠠᠰᠠᠭ ᠤᠨ ᠤᠷᠳᠤᠨ ᠲᠦᠷᠦᠬᠦᠯᠡᠨ ︽ᠭᠠᠮᠨᠠᠵᠦ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠳᠠᠯᠠᠵᠤ᠂ ᠡᠳ᠋ ᠤᠨ ᠵᠠᠰᠠᠭ ᠤᠨ ᠵᠠᠷᠤᠳᠠᠯ ᠢ | ᠠᠷᠪᠢᠯᠠᠬᠤ ᠠᠵᠢᠯ ᠶᠢ ᠦᠨᠡᠨ ᠬᠦ ᠰᠠᠶᠢᠲᠤᠷ ᠬᠢᠵᠦ᠂ ᠡᠳ᠋ ᠤᠨ ᠵᠠᠰᠠᠭ ᠤᠨ ᠪᠤᠭᠤᠮᠳᠠ ᠪᠠ ᠰᠠᠬᠢᠯᠭ᠎ᠠ ᠪᠠᠲᠤ ᠶᠢᠨ ᠡᠷᠴᠢᠮ ᠢ ᠴᠢᠩᠭᠠᠳᠬᠠᠵᠦ᠂ ᠡᠩ ᠤᠨ ᠴᠢᠨᠠᠷᠲᠠᠢ | ᠵᠠᠷᠤᠳᠠᠯ ᠪᠤᠯᠤᠨ ︽ᠭᠤᠷᠪᠠᠨ ᠠᠯᠪᠠᠨ︾ ᠤ ᠵᠠᠷᠤᠳᠠᠯ ᠢ ᠡᠷᠡᠰ ᠡᠵᠡᠮᠳᠡᠨ ᠬᠠᠰᠤᠵᠦ᠂ ᠭᠤᠤᠯᠳᠠᠯᠭᠠᠲᠤ ᠤᠷᠤᠨ ᠪᠦᠰᠡ ᠪᠠ ᠵᠠᠩᠭᠢᠯᠠᠭᠠᠲᠤ ᠭᠤᠭᠴᠤᠭ᠎ᠠ ᠶᠢ | ᠪᠠᠲᠤᠯᠠᠨ᠎ᠠ᠃ ᠭᠤᠷᠪᠠ ᠳᠤ᠂ ᠲᠦᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠳᠡᠭᠡᠲᠦ ᠱᠠᠲᠤᠨ ᠤ | ᠨᠢᠭᠡᠳᠦᠯᠲᠡᠢ ᠪᠠᠶᠢᠷᠢᠯᠠᠭᠤᠯᠤᠯᠲᠠ ᠶᠤᠰᠤᠭᠠᠷ ᠡᠩ ᠤᠨ ᠤᠯᠠᠨ ᠨᠡᠶᠢᠳᠡ ᠶᠢᠨ ᠲᠦᠰᠦᠪ ᠢ ᠱᠠᠭᠠᠷᠳᠠᠯᠭ᠎ᠠ ᠶᠤᠰᠤᠭᠠᠷ ᠪᠦᠬᠦᠨ ᠢ ᠲᠦᠰᠦᠪ ᠤᠨ ᠠᠮᠵᠢᠯᠲᠠ ᠪᠦᠲᠦᠮᠵᠢ | ᠶᠢᠨ ᠬᠠᠮᠢᠶᠠᠷᠤᠯᠲᠠ ᠳᠤ ᠤᠷᠤᠭᠤᠯᠵᠤ᠂ ᠡᠳ᠋ ᠤᠨ ᠵᠠᠰᠠᠭ ᠤᠨ ᠲᠦᠰᠦᠪ ᠤᠨ ᠪᠡᠯᠡ ᠮᠦᠩᠭᠦ ᠶᠢ ᠪᠦᠬᠦᠨ ᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ | ᠤᠷᠤᠭᠤᠯᠬᠤ ᠬᠠᠷᠠᠯᠳᠠᠲᠤ ᠬᠠᠮᠢᠶᠠᠷᠤᠯᠲᠠ ᠶᠢ ᠬᠡᠷᠡᠭᠵᠢᠬᠦᠯᠵᠦ᠂ ᠳᠡᠭᠡᠲᠦ ᠱᠠᠲᠤᠨ ᠤ ᠱᠠᠭᠠᠷᠳᠠᠯᠭ᠎ᠠ ᠪᠠᠷ ︽ᠲᠦᠰᠦᠪ ᠤᠨ ᠤᠷᠤᠨ ᠲᠤᠭ᠎ᠠ ᠨᠢ ᠬᠠᠷᠠᠯᠲᠠ ᠲᠠᠢ᠂ | ᠲᠦᠰᠦᠪ ᠤᠨ ᠬᠡᠷᠡᠭᠯᠡᠯᠲᠡ ᠨᠢ ᠬᠢᠨᠠᠯᠲᠠ ᠲᠠᠢ᠂ ᠲᠦᠰᠦᠪ ᠤᠨ ᠪᠡᠶᠡᠯᠡᠯᠲᠡ ᠢ ᠦᠨᠡᠯᠡᠯᠲᠡ ᠲᠠᠢ᠂ ᠦᠨᠡᠯᠡᠭᠰᠡᠨ ᠦᠷ᠎ᠡ ᠳ᠋ᠦᠩ ᠨᠢ ᠬᠡᠷᠡᠭᠯᠡᠭᠡ ᠲᠠᠢ︾ ᠪᠦᠬᠦ | ᠶᠠᠪᠤᠴᠠ ᠳᠤ ᠲᠦᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠲᠤᠭᠳᠠᠯᠴᠠᠭ᠎ᠠ ᠶᠢ ᠬᠡᠷᠡᠭᠵᠢᠬᠦᠯᠬᠦ ᠶᠢ ᠠᠩᠬ᠎ᠠ ᠠᠯᠬᠤᠮ ᠪᠠᠶᠢᠭᠤᠯᠤᠨ᠎ᠠ᠃ | ᠡᠯ᠎ᠡ ᠲᠦᠯᠦᠭᠡᠯᠡᠭᠴᠢᠳ ᠡ᠂ 2020 ᠤᠨ ᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠢᠯᠠᠯᠲᠠ ᠶᠢ ᠲᠡᠮᠡᠴᠡᠨ ᠤᠯᠵᠦ᠂ ᠡᠯ᠎ᠡ ᠲᠦᠷᠦᠯ ᠤᠨ | ᠡᠳ᠋ ᠤᠨ ᠵᠠᠰᠠᠭ ᠤᠨ ᠠᠵᠢᠯ ᠢ ᠪᠤᠳᠠᠲᠠᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠲᠦ᠂ ᠡᠬᠦᠷᠭᠡ ᠦᠩᠭᠡ ᠬᠡᠷᠡᠯᠲᠡᠢ ᠪᠠᠶᠢᠨ᠎ᠠ᠃ ᠡᠷᠡᠮᠡᠬᠡᠶᠢᠯᠡᠨ ᠤᠷᠤᠭᠰᠢᠯᠠᠬᠤ | ᠵᠤᠷᠢᠭ ᠰᠠᠨᠠᠭ᠎ᠠ᠂ ᠦᠨᠡᠨ ᠠᠴᠠ ᠵᠦᠪ ᠢ ᠡᠷᠢᠬᠦ ᠤᠪᠤᠷ ᠰᠤᠷᠳᠠᠯ᠂ ᠯᠠᠪᠳᠠᠭᠤᠨ ᠪᠠᠲᠤᠲᠠᠢ ᠬᠦᠴᠦᠨ ᠪᠦᠬᠦᠢ ᠠᠷᠭ᠎ᠠ ᠬᠡᠮᠵᠢᠶ᠎ᠡ ᠶᠢ ᠠᠪᠴᠦ᠂ ᠡᠯ᠎ᠡ ᠵᠦᠢᠯ ᠤᠨ ᠡᠳ᠋ | ᠤᠨ ᠵᠠᠰᠠᠭ ᠤᠨ ᠠᠵᠢᠯ ᠢ ᠦᠨᠡᠨ ᠬᠦ ᠲᠦᠯᠬᠢᠨ ᠠᠬᠢᠭᠤᠯᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠦᠯᠦᠪᠵᠢᠬᠦᠯᠭᠡ ᠶᠢ ᠠᠮᠵᠢᠯᠲᠠ ᠲᠠᠢ ᠰᠡᠬᠦᠯ ᠬᠤᠷᠢᠶᠠᠬᠤ ᠶᠢ ᠪᠠᠲᠤᠯᠠᠵᠦ᠂ ᠳ᠋ᠥᠩᠱᠧᠩ ᠤᠨ ᠴᠢᠨᠠᠷ ᠰᠠᠶᠢᠲᠠᠢ ᠬᠦᠭᠵᠢᠯᠲᠡ ᠶᠢ ᠬᠦᠴᠦᠯᠡᠨ ᠠᠬᠢᠭᠤᠯᠬᠤ ᠳᠤ | ᠰᠢᠨ᠎ᠡ ᠬᠤᠪᠢ ᠨᠡᠮᠡᠭᠦᠷᠢ ᠪᠠᠨ ᠦᠵᠡᠬᠦᠯᠦᠶ᠎ᠡ︕ | | ᠨᠡᠷ᠎ᠡ ᠲᠤᠮᠢᠶᠠᠨ ᠤ ᠲᠠᠶᠢᠯᠪᠤᠷᠢ | 1. ︽ᠭᠤᠷᠪᠠᠨ ᠠᠯᠪᠠᠨ︾ ᠤ ᠵᠠᠷᠤᠳᠠᠯ— | ᠡᠳ᠋ ᠤᠨ ᠵᠠᠰᠠᠭ ᠠᠴᠠ ᠵᠤᠭᠤᠰ ᠭᠠᠷᠭᠠᠨ ᠦᠭᠴᠦ᠂ ᠠᠯᠪᠠᠨ ᠤ ᠶᠠᠪᠤᠳᠠᠯ ᠢᠶᠠᠷ ᠭᠠᠳᠠᠭᠠᠳᠣ ᠳᠤ ᠭᠠᠷᠬᠤ ︵ᠬᠢᠯᠢ︶ ᠳᠤ ᠵᠠᠷᠤᠴᠠᠭᠤᠯᠤᠭᠰᠠᠨ ᠵᠠᠷᠤᠳᠠᠯ᠂ | ᠠᠯᠪᠠᠨ ᠳᠤ ᠬᠡᠷᠡᠭᠯᠡᠬᠦ ᠲᠡᠷᠭᠡ ᠬᠤᠳᠠᠯᠳᠣᠨ ᠠᠪᠬᠤ ᠵᠢᠴᠢ ᠡᠷᠬᠢᠯᠲᠡ ᠶᠢᠨ ᠵᠠᠷᠤᠳᠠᠯ᠂ ᠠᠯᠪᠠᠨ ᠤ ᠶᠠᠪᠤᠳᠠᠯ ᠢᠶᠠᠷ ᠬᠦᠯᠢᠶᠡᠨ ᠵᠤᠴᠢᠯᠠᠬᠤ ᠵᠠᠷᠤᠳᠠᠯ ᠢ ᠵᠢᠭᠠᠵᠤ ᠪᠤᠢ᠃ | ᠡᠨᠡ ᠨᠢ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠠᠷᠣᠳᠠᠯ ᠤᠨ ᠪᠦᠷᠢᠯᠳᠦᠬᠦᠨ ᠭᠡᠰᠡᠭ ᠪᠤᠯᠤᠨ᠎ᠠ᠃ | 2. ᠡᠩ ᠤᠨ ᠣᠯᠠᠨ ᠨᠡᠶᠢᠲᠡ ᠶᠢᠨ ᠲᠦᠰᠦᠪ — | ᠵᠠᠰᠠᠭ ᠤᠨ ᠣᠷᠳᠣᠨ ᠨᠢ ᠣᠯᠣᠰ ᠤᠨ ᠣᠯᠣᠰ ᠲᠦᠷᠦ ᠶᠢᠨ ᠡᠷᠭᠡ ᠳᠤ ᠲᠦᠰᠢᠭᠯᠡᠵᠦ᠂ ᠨᠡᠶᠢᠬᠡᠮ ᠤᠨ ᠬᠠᠮᠢᠶᠠᠷᠤᠭᠴᠢ ᠶᠢᠨ ᠬᠤᠪᠢ ᠪᠠᠷ ᠭᠠᠶᠢᠯᠢ ᠶᠢᠨ | ᠬᠤᠷᠢᠶᠠᠯᠲᠠ ᠪᠠᠷ ᠭᠤᠤᠯ ᠴᠤᠭᠴᠠ ᠪᠤᠯᠭᠠᠭᠰᠠᠨ ᠡᠳ᠋ ᠤᠨ ᠵᠠᠰᠠᠭ ᠤᠨ ᠣᠷᠣᠯᠭ᠎ᠠ ᠶᠢ ᠲᠦᠯᠦᠪᠵᠢᠬᠦᠯᠦᠨ ᠬᠤᠷᠠᠮᠳᠣᠭᠤᠯᠵᠤ᠂ ᠠᠷᠠᠳ ᠤᠨ ᠠᠮᠢᠳᠣᠷᠠᠯ ᠤᠨ | ᠪᠠᠲᠤᠯᠠᠭ᠎ᠠ ᠪᠠ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠳᠤ ᠬᠡᠷᠡᠭᠯᠡᠵᠦ᠂ ᠤᠯᠤᠰ ᠤᠨ ᠵᠠᠰᠠᠭ ᠵᠠᠬᠢᠨᠭᠠᠨ ᠤ ᠴᠢᠳᠠᠮᠵᠢ ᠶᠢᠨ ᠬᠡᠪ ᠤᠨ ᠡᠷᠬᠢᠯᠲᠡ ᠶᠢ ᠪᠠᠲᠤᠯᠠᠵᠤ᠂ | ᠤᠯᠤᠰ ᠤᠨ ᠠᠮᠤᠷ ᠲᠦᠪᠰᠢᠨ ᠵᠡᠷᠭᠡ ᠲᠠᠯ᠎ᠠ ᠶᠢᠨ ᠣᠷᠣᠯᠭ᠎ᠠ ᠵᠠᠷᠤᠯᠭ᠎ᠠ ᠶᠢᠨ ᠪᠠᠲᠤᠯᠠᠭ᠎ᠠ ᠶᠢᠨ ᠲᠦᠰᠦᠪ ᠢ ᠵᠢᠭᠠᠵᠤ ᠪᠤᠢ᠃ | 3. ᠵᠠᠰᠠᠭ ᠤᠨ ᠣᠷᠳᠣᠨ ᠤ ᠲᠦᠰᠦᠪ ᠤᠨ ᠰᠢᠰᠲ᠋ᠧᠮ — | ᠤᠳᠤᠬᠠᠨ ᠳᠤ ᠮᠠᠨ ᠤ ᠣᠯᠣᠰ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠲᠦᠰᠦᠪ ᠨᠢ ᠡᠩ ᠤᠨ ᠣᠯᠠᠨ ᠨᠡᠶᠢᠲᠡ ᠶᠢᠨ ᠲᠦᠰᠦᠪ᠂ ᠵᠠᠰᠠᠭ ᠤᠨ | ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠲᠦᠰᠦᠪ᠂ ᠣᠯᠣᠰ ᠤᠨ ᠦᠮᠴᠢᠯᠡᠯᠲᠦ ᠡᠳ᠋ ᠬᠦᠷᠦᠩᠭᠡ ᠶᠢᠨ ᠡᠵᠡᠩᠨᠡᠯᠲᠡ ᠶᠢᠨ ᠲᠦᠰᠦᠪ᠂ ᠨᠡᠶᠢᠬᠡᠮ ᠤᠨ | ᠳᠠᠭᠠᠳᠬᠠᠯ ᠤᠨ ᠰᠠᠭᠤᠷᠢ ᠮᠦᠩᠬᠦᠨ ᠤ ᠲᠦᠰᠦᠪ ᠤᠨ ᠬᠠᠮᠲᠤ ᠶᠢᠨ ᠪᠦᠷᠢᠯᠳᠦᠬᠦᠨ ᠪᠤᠯᠤᠨ᠎ᠠ᠃ ᠲᠦᠬᠦᠮᠴᠢᠯᠡᠭᠡᠳ ︽ᠳᠦᠷᠪᠡᠨ ᠦᠨᠳᠦᠰᠦᠨ ᠲᠦᠰᠦᠪ︾ ᠬᠡᠨ᠎ᠡ᠃ | ᠲᠦᠰᠦᠪ ᠤᠨ ᠬᠠᠤᠯᠢ ᠳᠤ ᠲᠤᠭᠲᠠᠭᠠᠭᠰᠠᠨ ᠢᠶᠠᠷ᠄ ᠡᠩ ᠤᠨ ᠣᠯᠠᠨ ᠨᠡᠶᠢᠲᠡ ᠶᠢᠨ ᠲᠦᠰᠦᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ | ᠲᠦᠰᠦᠪ᠂ ᠣᠯᠣᠰ ᠤᠨ ᠦᠮᠴᠢᠯᠡᠯᠲᠦ ᠡᠳ᠋ ᠬᠦᠷᠦᠩᠭᠡ ᠶᠢᠨ ᠡᠵᠡᠩᠨᠡᠯᠲᠡ ᠶᠢᠨ ᠲᠦᠰᠦᠪ᠂ ᠨᠡᠶᠢᠬᠡᠮ ᠤᠨ ᠳᠠᠭᠠᠳᠬᠠᠯ ᠤᠨ ᠰᠠᠭᠤᠷᠢ ᠮᠦᠩᠬᠦᠨ ᠤ ᠲᠦᠰᠦᠪ ᠨᠢ | ᠡᠷᠬᠡᠪᠰᠢ ᠪᠦᠷᠢᠨ ᠲᠡᠬᠦᠯᠳᠡᠷ᠂ ᠲᠤᠰᠠᠭᠠᠷ ᠪᠠᠶᠢᠬᠤ ᠶᠢ ᠪᠠᠲᠤᠯᠠᠨ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠲᠦᠰᠦᠪ᠂ ᠣᠯᠣᠰ ᠤᠨ | ᠦᠮᠴᠢᠯᠡᠯᠲᠦ ᠡᠳ᠋ ᠬᠦᠷᠦᠩᠭᠡ ᠶᠢᠨ ᠡᠵᠡᠩᠨᠡᠯᠲᠡ ᠶᠢᠨ ᠲᠦᠰᠦᠪ᠂ ᠨᠡᠶᠢᠬᠡᠮ ᠤᠨ ᠳᠠᠭᠠᠳᠬᠠᠯ ᠤᠨ ᠰᠠᠭᠤᠷᠢ ᠮᠦᠩᠬᠦᠨ ᠤ ᠲᠦᠰᠦᠪ ᠨᠢ ᠡᠷᠬᠡᠪᠰᠢ ᠡᠩ ᠤᠨ ᠣᠯᠠᠨ | ᠨᠡᠶᠢᠲᠡ ᠶᠢᠨ ᠲᠦᠰᠦᠪ ᠲᠠᠢ ᠬᠠᠷᠢᠯᠴᠠᠨ ᠵᠤᠬᠢᠴᠠᠵᠤ ᠪᠠᠶᠢᠬᠤ ᠬᠡᠷᠡᠭᠲᠡᠢ᠃ | 4. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠲᠦᠰᠦᠪ — | ᠵᠠᠰᠠᠭ ᠤᠨ ᠣᠷᠳᠣᠨ ᠨᠢ ᠨᠡᠶᠢᠭᠡᠮ ᠳᠡᠭᠡᠷ᠎ᠡ ᠠᠴᠠ ᠰᠠᠭᠤᠷᠢ ᠮᠦᠩᠬᠦ ᠬᠤᠷᠢᠶᠠᠨ ᠠᠪᠬᠤ᠂ ᠰᠦᠢᠳᠭᠡᠯ ᠬᠤᠷᠢᠶᠠᠬᠤ ᠪᠠᠷ ᠳᠠᠮᠵᠢᠭᠤᠯᠵᠤ᠂ ᠭᠠᠵᠠᠷ ᠰᠢᠷᠦᠢ ᠶᠢ | ᠰᠢᠯᠵᠢᠬᠦᠯᠦᠨ ᠦᠭᠬᠦ᠂ ᠰᠣᠭᠤᠯᠤᠭ᠎ᠠ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠣᠷᠣᠯᠭ᠎ᠠ ᠣᠯᠵᠤ᠂ ᠲᠤᠰᠬᠠᠢ ᠲᠦᠷᠦᠯ ᠢᠶᠠᠷ ᠤᠨᠴᠠᠭᠠᠢ ᠰᠠᠭᠤᠷᠢ ᠲᠦᠬᠦᠭᠡᠷᠦᠮᠵᠢ | ᠶᠢᠨ ᠪᠦᠲᠦᠭᠡᠨ ᠪᠠᠶᠢᠭᠤᠯᠤᠯᠲᠠ ᠪᠠ ᠨᠡᠶᠢᠬᠡᠮ ᠤᠨ ᠠᠵᠢᠯ ᠦᠢᠯᠡᠰ ᠤᠨ ᠬᠦᠭᠵᠢᠯᠲᠡ ᠵᠡᠷᠭᠡ ᠲᠠᠯ᠎ᠠ ᠳᠤ ᠬᠡᠷᠡᠭᠯᠡᠬᠦ ᠣᠷᠣᠯᠭ᠎ᠠ ᠵᠠᠷᠤᠯᠭ᠎ᠠ ᠶᠢᠨ ᠲᠦᠰᠦᠪ ᠢ ᠵᠢᠭᠠᠵᠤ | ᠪᠤᠢ᠃ ᠭᠠᠵᠠᠷ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠣᠷᠣᠯᠭ᠎ᠠ ᠶᠢᠨ ᠲᠦᠰᠦᠪ ᠢ ᠨᠠᠶᠢᠷᠠᠭᠤᠯᠤᠨ ᠵᠤᠬᠢᠶᠠᠬᠤ ᠠᠭᠤᠯᠭ᠎ᠠ ᠳᠤ | ᠭᠠᠵᠠᠷ ᠣᠷᠣᠨ ᠤ ᠲᠤᠰ ᠱᠠᠲᠤᠨ ᠤ ᠣᠷᠣᠯᠭ᠎ᠠ ᠪᠠ ᠰᠢᠯᠵᠢᠯᠲᠡ ᠶᠢᠨ ᠴᠢᠨᠠᠷᠲᠠᠢ ᠣᠷᠣᠯᠭ᠎ᠠ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ ᠪᠠᠭᠲᠠᠨ᠎ᠠ᠃ ᠭᠠᠵᠠᠷ | ᠣᠷᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠦᠪ ᠢ ᠨᠠᠶᠢᠷᠠᠭᠤᠯᠤᠨ ᠵᠤᠬᠢᠶᠠᠬᠤ ᠠᠭᠤᠯᠭ᠎ᠠ ᠳᠤ ᠭᠠᠵᠠᠷ ᠣᠷᠣᠨ ᠤ | ᠲᠤᠰ ᠱᠠᠲᠤᠨ ᠤ ᠵᠠᠷᠤᠯᠭ᠎ᠠ ᠪᠠ ᠰᠢᠯᠵᠢᠯᠲᠡ ᠶᠢᠨ ᠴᠢᠨᠠᠷᠲᠠᠢ ᠵᠠᠷᠤᠯᠭ᠎ᠠ᠂ ᠵᠢᠯ ᠤᠨ ᠡᠴᠦᠰ ᠤᠨ ᠦᠯᠡᠳᠡᠪᠦᠷᠢ ᠪᠠᠭᠲᠠᠨ᠎ᠠ᠃ | 5. ᠣᠯᠣᠰ ᠤᠨ ᠦᠮᠴᠢᠯᠡᠯᠲᠦ ᠡᠳ᠋ ᠬᠦᠷᠦᠩᠭᠡ ᠶᠢᠨ ᠡᠵᠡᠩᠨᠡᠯᠲᠡ ᠶᠢᠨ ᠲᠦᠰᠦᠪ — | ᠣᠯᠣᠰ ᠠᠴᠠ ᠦᠮᠴᠢᠯᠡᠭᠴᠢ ᠶᠢᠨ ᠬᠤᠪᠢ ᠪᠠᠷ ᠬᠠᠤᠯᠢ ᠶᠤᠰᠤᠭᠠᠷ ᠣᠯᠣᠰ ᠤᠨ ᠦᠮᠴᠢᠯᠡᠯᠲᠦ ᠡᠳ᠋ ᠬᠦᠷᠦᠩᠭᠡ ᠶᠢᠨ ᠠᠰᠢᠭ ᠤᠯᠵᠠᠪᠤᠷᠢ ᠶᠢ ᠤᠯᠵᠤ᠂ | ᠣᠯᠣᠭᠰᠠᠨ ᠠᠰᠢᠭ ᠣᠯᠵᠠᠪᠤᠷᠢ ᠪᠠᠨ ᠬᠤᠪᠢᠶᠠᠷᠢᠯᠠᠬᠤ ᠳᠤ ᠪᠤᠢ ᠪᠤᠯᠤᠭᠰᠠᠨ ᠡᠯ᠎ᠡ ᠲᠦᠷᠦᠯ ᠤᠨ ᠣᠷᠣᠯᠭ᠎ᠠ ᠵᠠᠷᠤᠯᠭ᠎ᠠ ᠶᠢᠨ ᠲᠦᠰᠦᠪ ᠢ ᠵᠢᠭᠠᠵᠤ ᠪᠤᠢ᠃ ᠡᠨᠡ ᠨᠢ | ᠵᠠᠰᠠᠭ ᠤᠨ ᠣᠷᠳᠣᠨ ᠤ ᠲᠦᠰᠦᠪ ᠤᠨ ᠭᠤᠤᠯ ᠪᠦᠷᠢᠯᠳᠦᠬᠦᠨ ᠭᠡᠰᠡᠭ ᠪᠤᠯᠤᠨ᠎ᠠ᠃ | 6. ᠨᠡᠶᠢᠬᠡᠮ ᠤᠨ ᠳᠠᠭᠠᠳᠬᠠᠯ ᠤᠨ ᠰᠠᠭᠤᠷᠢ ᠮᠦᠩᠬᠦᠨ ᠤ ᠲᠦᠰᠦᠪ — | ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠦᠰᠦᠪ ᠤᠨ ᠬᠠᠤᠯᠢ︾ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠡᠶᠢᠬᠡᠮ | ᠤᠨ ᠳᠠᠭᠠᠳᠬᠠᠯ ᠤᠨ ᠬᠠᠤᠯᠢ︾ ᠵᠡᠷᠭᠡ ᠬᠠᠤᠯᠢ ᠴᠠᠭᠠᠵᠠ᠂ ᠬᠠᠣᠯᠢ ᠳᠦᠷᠢᠮ ᠤᠨ ᠪᠠᠶᠢᠭᠤᠯᠤᠯᠲᠠ ᠶᠢ ᠦᠨᠳᠦᠰᠦᠯᠡᠵᠦ᠂ ᠳᠦᠷᠢᠮ ᠲᠤᠭᠲᠠᠭᠠᠯ ᠡᠮᠬᠢ ᠳᠠᠷᠠᠭᠠᠯᠠᠯ | ᠢᠶᠠᠷ ᠬᠢᠨᠠᠨ ᠵᠦᠪᠰᠢᠶᠡᠷᠡᠬᠦᠯᠦᠭᠰᠡᠨ ᠡᠯ᠎ᠡ ᠲᠦᠷᠦᠯ ᠤᠨ ᠨᠡᠶᠢᠬᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠤᠷᠤᠯᠭ᠎ᠠ ᠵᠠᠷᠤᠯᠭ᠎ᠠ ᠶᠢᠨ ᠵᠢᠯ ᠤᠨ ᠲᠦᠯᠦᠪᠯᠡᠭᠡ ᠶᠢ | ᠵᠢᠭᠠᠵᠤ ᠪᠤᠢ᠃ | 7. ᠡᠳ᠋ ᠤᠨ ᠵᠠᠰᠠᠭ ᠤᠨ ᠬᠠᠳᠠᠭᠠᠯᠠᠯᠲᠠ ᠶᠢᠨ ᠪᠡᠯᠡ ᠮᠦᠩᠬᠦ — | ᠡᠨᠡ ᠨᠢ ᠭᠤᠤᠯᠳᠠᠭᠤ ᠲᠦᠰᠦᠪ ᠤᠨ ᠠᠬᠢᠴᠠ ᠶᠢᠨ ᠶᠤᠰᠤᠭᠠᠷ ᠬᠡᠷᠡᠭᠵᠢᠬᠦᠯᠦᠭᠰᠡᠨ ᠦᠬᠡᠢ᠂ ᠬᠡᠪ ᠢᠶᠠᠷ ᠢᠶᠠᠨ ︽ᠳᠠᠩᠰᠠᠨ ᠳᠡᠭᠡᠷ᠎ᠡ ᠬᠡᠪᠳᠡᠵᠦ︾ ᠪᠠᠶᠢᠬᠤ ︽ | ᠲᠤᠨᠤᠮᠠᠯ ᠦᠯᠡᠳᠡᠪᠦᠷᠢ ᠪᠡᠯᠡ︾ ᠶᠢ ᠵᠢᠭᠠᠵᠦ ᠪᠤᠢ᠃ ᠭᠤᠤᠯ ᠨᠢ ᠢᠪᠴᠤᠤ ᠤᠳᠬ᠎ᠠ ᠪᠠ ᠳᠡᠯᠭᠡᠷᠡᠩᠭᠦᠢ ᠤᠳᠬ᠎ᠠ ᠶᠢᠨ ᠢᠯᠭᠠᠭ᠎ᠠ ᠲᠠᠢ᠃ | ᠢᠪᠴᠤᠤ ᠤᠳᠬ᠎ᠠ ᠨᠢ ᠪᠠᠩᠭᠢ ᠳᠤ ᠬᠠᠳᠠᠭᠠᠯᠠᠵᠤ ᠪᠠᠶᠢᠭ᠎ᠠ ᠵᠤᠭᠤᠰ ᠪᠡᠯᠡᠨ ᠮᠦᠩᠭᠦ ᠶᠢ ᠵᠢᠭᠠᠵᠦ ᠪᠤᠢ᠃ ᠳᠡᠯᠭᠡᠷᠡᠩᠭᠦᠢ ᠤᠳᠬ᠎ᠠ ᠨᠢ ᠲᠤᠨᠤᠮᠠᠯ ᠵᠤᠭᠤᠰ ᠪᠡᠯᠡᠨ | ᠮᠦᠩᠭᠦ ᠠᠴᠠ ᠭᠠᠳᠠᠨ᠎ᠠ ᠪᠠᠰᠠ ᠰᠠᠯᠠᠭ᠎ᠠ ᠮᠦᠴᠢᠷ ᠤᠨ ᠲᠦᠰᠦᠪ ᠤᠨ ᠭᠦᠢᠴᠡᠳᠬᠡᠯ ᠲᠤᠭ᠎ᠠ ᠶᠢ ᠲᠤᠬᠢᠷᠠᠭᠤᠯᠤᠭᠰᠠᠨ ᠤ ᠳᠠᠷᠠᠭ᠎ᠠ ᠲᠦᠯᠦᠪᠯᠡᠭᠡ ᠶᠤᠰᠤᠭᠠᠷ | ᠶᠠᠪᠤᠭᠳᠠᠭᠤᠯᠵᠤ ᠪᠤᠯᠬᠤ ᠦᠬᠡᠢ ᠪᠤᠶᠤ ᠬᠡᠷᠡᠭᠵᠢᠬᠦᠯᠵᠦ ᠳᠠᠭᠤᠰᠬᠠᠭᠰᠠᠨ ᠦᠬᠡᠢ ᠠᠴᠠ ᠪᠤᠯᠵᠤ ᠡᠳ᠋ ᠤᠨ ᠵᠠᠰᠠᠭ ᠤᠨ ᠪᠡᠯᠡ ᠶᠢᠨ ᠲᠦᠯᠦᠪᠯᠡᠭᠡ ᠶᠢ ᠡᠵᠡᠯᠡᠵᠦ ᠪᠤᠢ | ᠪᠤᠯᠤᠭᠰᠠᠨ ᠦᠯᠡᠳᠡᠪᠦᠷᠢ ᠬᠦᠢᠴᠡᠳᠬᠡᠯ ᠲᠤᠭ᠎ᠠ ᠪᠠᠭᠳᠠᠨ᠎ᠠ᠃ ᠲᠤᠭᠤᠷᠢᠭ ᠤᠨ ᠲᠤᠰ ᠱᠠᠲᠤᠨ ᠤ ᠡᠳ᠋ ᠤᠨ ᠵᠠᠰᠠᠭ ᠤᠨ ᠬᠠᠳᠠᠭᠠᠯᠠᠯᠲᠠ ᠶᠢᠨ ᠪᠡᠯᠡ ᠨᠢ ᠭᠤᠤᠯᠳᠠᠭᠤ | ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠦᠩᠭᠡᠷᠡᠭᠰᠡᠨ ᠵᠢᠯ ᠤᠳ ᠲᠤ ᠪᠤᠢ ᠪᠤᠯᠤᠭᠰᠠᠨ ᠦᠯᠡᠳᠡᠪᠦᠷᠢ ᠬᠦᠢᠴᠡᠳᠬᠡᠯ ᠲᠤᠭ᠎ᠠ ᠶᠢ ᠵᠢᠭᠠᠵᠦ ᠪᠤᠢ᠃ | 8. ᠵᠠᠰᠠᠭ ᠤᠨ ᠤᠷᠳᠤᠨ ᠤ ᠬᠤᠳᠠᠯᠳᠤᠨ ᠠᠪᠬᠤ ᠦᠢᠯᠡᠴᠢᠯᠡᠭᠡ — | ᠵᠠᠬ᠎ᠠ ᠳᠡᠯᠭᠡᠬᠦᠷ ᠤᠨ ᠲᠤᠭᠳᠠᠯᠴᠠᠭ᠎ᠠ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠵᠤ᠂ ᠵᠠᠰᠠᠭ ᠤᠨ ᠤᠷᠳᠤᠨ ᠠᠴᠠ ᠰᠢᠭᠤᠳ ᠬᠠᠩᠭᠠᠬᠤ ᠨᠢᠭᠡ | ᠪᠦᠯᠦᠭ ᠨᠡᠶᠢᠳᠡ ᠶᠢᠨ ᠦᠢᠯᠡᠴᠢᠯᠡᠭᠡᠨ ᠤ ᠲᠦᠷᠦᠯ ᠢ ᠵᠤᠬᠢᠬᠤ ᠠᠷᠭ᠎ᠠ ᠬᠡᠯᠪᠡᠷᠢ ᠪᠠ ᠡᠮᠬᠢ ᠳᠠᠷᠠᠭᠠᠯᠠᠯ ᠢᠶᠠᠷ ᠨᠦᠬᠦᠴᠡᠯ ᠪᠤᠯᠤᠮᠵᠢ ᠲᠠᠢ ᠨᠡᠶᠢᠬᠡᠮ ᠤᠨ ᠬᠦᠴᠦᠨ ᠪᠠ | ᠠᠵᠢᠯ ᠦᠢᠯᠡᠰ ᠤᠨ ᠨᠢᠭᠡᠴᠡ ᠳᠤ ᠲᠤᠰᠢᠶᠠᠵᠦ ᠳᠠᠭᠠᠭᠠᠨ ᠬᠠᠷᠢᠭᠤᠴᠠᠭᠤᠯᠵᠤ᠂ ᠵᠠᠰᠠᠭ ᠤᠨ ᠤᠷᠳᠤᠨ ᠠᠴᠠ ᠭᠡᠷ᠎ᠡ ᠳᠤ ᠲᠤᠭᠳᠠᠭᠰᠠᠨ ᠶᠤᠰᠤᠭᠠᠷ ᠨᠦᠬᠦᠭᠡ ᠲᠠᠯ᠎ᠠ | ᠳᠠᠭᠠᠨ ᠰᠦᠢᠳᠬᠡᠯ ᠦᠭᠭᠦᠨ᠎ᠡ᠃ ᠨᠦᠬᠦᠭᠡ ᠲᠠᠯ᠎ᠠ ᠨᠢ ᠭᠤᠤᠯᠳᠠᠭᠤ ︽ᠵᠠᠬ᠎ᠠ ᠳᠡᠯᠭᠡᠭᠦᠷ ᠪᠠᠷ ᠡᠷᠬᠢᠯᠳᠦᠬᠦᠯᠵᠦ᠂ ᠵᠠᠰᠠᠭ ᠤᠨ ᠤᠷᠳᠤᠨ ᠢᠶᠠᠷ ᠳᠠᠭᠠᠭᠠᠨ | ᠬᠠᠷᠢᠭᠤᠴᠠᠭᠤᠯᠵᠤ᠂ ᠲᠦᠷᠦᠯ ᠲᠤᠭᠳᠠᠭᠠᠨ | ᠨᠠᠶᠢᠳᠠᠵᠦ᠂ ᠭᠡᠷ᠎ᠡ ᠶᠢᠨ ᠬᠠᠮᠢᠶᠠᠷᠤᠯᠲᠠ ᠬᠢᠵᠦ᠂ ᠦᠨᠡᠯᠡᠨ ᠵᠢᠱᠢᠵᠦ ᠪᠡᠶᠡᠯᠡᠬᠦᠯᠬᠦ︾ ᠠᠷᠭ᠎ᠠ ᠶᠢ ᠬᠡᠷᠡᠭᠯᠡᠵᠦ᠂ ᠭᠤᠤᠯᠳᠠᠭᠤ ᠤᠯᠠᠩᠭᠢ ᠲᠤᠭᠠᠨ ᠤ ᠨᠡᠶᠢᠳᠡ ᠶᠢᠨ | ᠦᠢᠯᠡᠴᠢᠯᠡᠭᠡᠨ ᠤ ᠬᠦᠷᠢᠶ᠎ᠡ ᠴᠠᠷ᠎ᠠ ᠳᠤ ᠦᠢᠯᠡᠴᠢᠯᠡᠬᠦᠯᠵᠦ᠂ ᠤᠨᠴᠠᠭᠠᠶᠢᠯᠠᠨ ᠨᠠᠰᠤᠳᠠᠨ ᠢ ᠠᠰᠠᠷᠠᠬᠤ᠂ ᠰᠤᠷᠭᠠᠨ ᠬᠦᠮᠦᠵᠢᠯ᠂ ᠤᠯᠠᠨ ᠨᠡᠶᠢᠳᠡ ᠶᠢᠨ ᠡᠷᠡᠭᠦᠯ | ᠬᠠᠮᠠᠭᠠᠯᠠᠯ᠂ | ᠰᠤᠶᠤᠯ᠂ ᠨᠡᠶᠢᠬᠡᠮ ᠤᠨ ᠦᠢᠯᠡᠴᠢᠯᠡᠭᠡ ᠵᠡᠷᠭᠡ ᠲᠠᠯ᠎ᠠ ᠳᠤ ᠦᠢᠯᠡᠴᠢᠯᠡᠬᠦᠯᠦᠨ᠎ᠡ᠃ ᠡᠨᠡ ᠪᠤᠯ ᠮᠠᠨ ᠤ ᠤᠯᠤᠰ ᠤᠨ ᠤᠳᠤᠬᠠᠨ ᠤ ᠦᠬᠡᠷᠡᠴᠢᠯᠡᠯᠲᠡ ᠶᠢ ᠪᠦᠬᠦ ᠲᠠᠯ᠎ᠠ | ᠪᠠᠷ ᠬᠦᠨᠵᠡᠭᠡᠶᠢᠷᠡᠬᠦᠯᠬᠦ᠂ ᠵᠠᠰᠠᠭ ᠤᠨ ᠤᠷᠳᠤᠨ ᠤ ᠴᠢᠳᠠᠮᠵᠢ ᠶᠢ ᠬᠤᠪᠢᠷᠠᠭᠤᠯᠬᠤ᠂ ᠤᠯᠠᠨ ᠨᠡᠶᠢᠳᠡ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠳᠤ ᠬᠠᠩᠭᠠᠭᠰᠠᠨ | ᠨᠢᠭᠡ ᠲᠦᠷᠦᠯ ᠤᠨ ᠴᠢᠬᠤᠯᠠ ᠠᠷᠭ᠎ᠠ ᠪᠠᠷᠢᠯ ᠪᠤᠯᠤᠨ᠎ᠠ᠃ | 9. ᠵᠠᠰᠠᠭ ᠤᠨ ᠤᠷᠳᠤᠨ ᠤ ᠰᠤᠯᠢᠬᠤ ᠵᠢᠭᠡᠯᠡᠯᠭᠡ ᠶᠢᠨ ᠳᠡᠮᠳᠡᠭ — | ᠭᠠᠵᠠᠷ ᠤᠷᠤᠨ ᠤ ᠵᠠᠰᠠᠭ ᠤᠨ ᠤᠷᠳᠤᠨ ᠤ ᠦᠷᠢ ᠰᠢᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠤᠷᠤᠨ ᠤ ᠵᠠᠰᠠᠭ ᠤᠨ ᠤᠷᠳᠤᠨ ᠤ ᠵᠢᠭᠡᠯᠡᠯᠭᠡ | ᠶᠢᠨ ᠳᠡᠮᠳᠡᠭ ᠢ ᠳᠠᠷᠬᠠᠭᠠᠬᠤ ᠵᠡᠷᠭᠡ ᠦᠢᠯᠡ ᠠᠵᠢᠯᠯᠠᠭ᠎ᠠ ᠶᠢ ᠲᠦᠷᠢᠮᠵᠢᠬᠦᠯᠬᠦ ᠶᠢᠨ ᠲᠦᠯᠦᠭᠡ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠳᠠ ᠶᠢᠨ ᠵᠠᠰᠠᠭ ᠤᠨ ᠤᠷᠳᠤᠨ ᠤ ᠳᠠᠷᠬᠠᠭᠠᠭᠰᠠᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭ ᠢ ᠡᠩ ᠤᠨ ᠵᠢᠭᠡᠯᠡᠯᠭᠡ ᠶᠢᠨ ᠳᠡᠮᠳᠡᠭ ᠪᠠ ᠲᠤᠰᠬᠠᠢ | ᠲᠦᠷᠦᠯ ᠤᠨ ᠵᠢᠭᠡᠯᠡᠯᠭᠡ ᠶᠢᠨ ᠲᠡᠮᠳᠡᠭ ᠬᠡᠵᠦ ᠬᠤᠪᠢᠶᠠᠵᠦ᠂ ᠳᠠᠷᠬᠠᠭᠠᠬᠤ ᠬᠤᠭᠤᠴᠠᠭ᠎ᠠ ᠶᠢ 1 ᠵᠢᠯ᠂ 2 ᠵᠢᠯ᠂ 3 ᠵᠢᠯ᠂ 4 ᠵᠢᠯ᠂ 5 ᠵᠢᠯ᠂ 7 ᠵᠢᠯ ᠪᠠ 10 | ᠵᠢᠯ ᠢᠶᠠᠷ ᠬᠢᠵᠠᠭᠠᠷᠯᠠᠪᠠ᠃ ᠡᠬᠦᠨ ᠳᠤ᠂ ᠡᠩ ᠤᠨ ᠵᠢᠬᠡᠯᠡᠯᠭᠡ ᠶᠢᠨ ᠳᠡᠮᠳᠡᠭ ᠭᠡᠳᠡᠭ ᠨᠢ ᠠᠰᠢᠭ ᠤᠯᠵᠠᠪᠤᠷᠢ ᠦᠬᠡᠢ ᠨᠡᠶᠢᠳᠡ ᠶᠢᠨ ᠠᠰᠠᠷᠠᠮᠵᠢ ᠶᠢᠨ ᠴᠢᠨᠠᠷ ᠲᠠᠢ | ᠲᠦᠷᠦᠯ ᠵᠦᠢᠯ ᠤᠨ ᠳᠠᠷᠬᠠᠭᠠᠭᠰᠠᠨ ᠵᠤᠬᠢᠬᠤ ᠬᠤᠭᠤᠴᠠᠭᠠᠨ ᠤ ᠳᠤᠳᠤᠷ᠎ᠠ ᠭᠤᠤᠯᠳᠠᠭᠤ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠪᠠᠷ ᠡᠬᠡ ᠮᠦᠩᠭᠦ | ᠪᠠ ᠬᠦᠦ ᠮᠦᠩᠭᠦ ᠶᠢ ᠲᠦᠯᠦᠬᠦ ᠪᠠᠷ ᠲᠤᠭᠳᠠᠭᠰᠠᠨ ᠵᠠᠰᠠᠭ ᠤᠨ ᠤᠷᠳᠤᠨ ᠤ ᠵᠢᠭᠡᠯᠡᠯᠭᠡ ᠶᠢᠨ ᠳᠡᠮᠳᠡᠭ ᠢ ᠬᠡᠯᠡᠨ᠎ᠡ᠃ ᠵᠢᠭᠡᠯᠡᠯᠭᠡ ᠶᠢᠨ ᠳᠡᠮᠳᠡᠭ ᠤᠨ ᠪᠡᠯᠡ ᠮᠦᠩᠭᠦ | ᠶᠢᠨ ᠤᠷᠤᠯᠭ᠎ᠠ ᠵᠠᠷᠤᠯᠭ᠎ᠠ ᠶᠢ ᠡᠩ ᠤᠨ ᠤᠯᠠᠨ ᠨᠡᠶᠢᠳᠡ ᠶᠢᠨ ᠲᠦᠰᠦᠪ ᠤᠨ ᠬᠠᠮᠢᠶᠠᠷᠤᠯᠲᠠ ᠳᠤ ᠤᠷᠤᠭᠤᠯᠪᠠ᠃ | ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠲᠡᠭ ᠭᠡᠳᠡᠭ ᠨᠢ ᠵᠤᠬᠢᠬᠤ ᠠᠰᠢᠭ ᠣᠯᠵᠠᠪᠤᠷᠢ ᠲᠠᠢ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠲᠦᠷᠦᠯ ᠵᠦᠢᠯ | ᠤᠨ ᠲᠠᠷᠬᠠᠭᠠᠭᠰᠠᠨ ᠵᠤᠬᠢᠬᠤ ᠬᠤᠭᠤᠴᠠᠭᠠᠨ ᠤ ᠲᠤᠲᠤᠷ᠎ᠠ ᠭᠤᠤᠯᠳᠠᠭᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠦᠷᠦᠯ ᠵᠦᠢᠯ ᠲᠠᠢ ᠵᠤᠬᠢᠴᠠᠯᠳᠣᠭᠰᠠᠨ ᠵᠠᠰᠠᠭ | ᠤᠨ ᠣᠷᠳᠣᠨ ᠤ ᠴᠢᠨᠠᠷ ᠲᠠᠢ ᠰᠠᠭᠤᠷᠢ ᠮᠦᠩᠬᠦ ᠪᠤᠶᠤ ᠲᠤᠰᠬᠠᠢ ᠲᠦᠷᠦᠯ ᠤᠨ ᠣᠷᠣᠯᠭ᠎ᠠ ᠪᠠᠷ ᠡᠬᠡ ᠮᠦᠩᠬᠦ ᠪᠠ ᠬᠦᠦ ᠮᠦᠩᠬᠦ ᠶᠢ ᠲᠦᠯᠦᠬᠦ ᠵᠠᠰᠠᠭ ᠵᠠᠬᠢᠷᠭᠠᠨ ᠤ | ᠵᠢᠭᠡᠯᠡᠯᠭᠡ ᠶᠢᠨ ᠲᠡᠮᠲᠡᠭ ᠪᠠᠶᠢᠵᠤ᠂ ᠵᠢᠭᠡᠯᠡᠯᠭᠡ ᠶᠢᠨ ᠲᠡᠮᠲᠡᠭ ᠤᠨ ᠪᠡᠯᠡ ᠮᠦᠩᠬᠦ ᠶᠢᠨ ᠣᠷᠣᠯᠭ᠎ᠠ ᠵᠠᠷᠤᠯᠭ᠎ᠠ ᠶᠢ ᠵᠠᠰᠠᠭ ᠤᠨ ᠣᠷᠳᠣᠨ ᠤ ᠴᠢᠨᠠᠷᠲᠠᠢ ᠰᠠᠭᠤᠷᠢ | ᠮᠦᠩᠬᠦᠨ ᠤ ᠬᠠᠮᠢᠶᠠᠷᠤᠯᠲᠠ ᠳᠤ ᠣᠷᠣᠭᠤᠯᠣᠨ᠎ᠠ᠃ | 10. ᠳᠠᠬᠢᠨ ᠪᠡᠯᠡ ᠬᠤᠷᠠᠮᠳᠣᠭᠤᠯᠬᠤ ᠵᠢᠭᠡᠯᠡᠯᠭᠡ ᠶᠢᠨ ᠲᠡᠮᠲᠡᠭ — | ᠪᠠᠰᠠ ᠰᠢᠨ᠎ᠡ ᠶᠢ ᠵᠢᠭᠡᠯᠡᠵᠦ ᠬᠠᠭᠤᠴᠢᠨ ᠦᠭᠴᠡᠭᠡ ᠶᠢ ᠲᠦᠯᠦᠬᠦ ᠭᠡᠳᠡᠭ᠃ ᠳᠠᠷᠤᠢ ᠭᠠᠵᠠᠷ ᠣᠷᠣᠨ ᠰᠢᠨ᠎ᠡ ᠵᠢᠭᠡᠯᠡᠯᠭᠡ ᠶᠢᠨ ᠲᠡᠮᠲᠡᠭ ᠢ ᠲᠠᠷᠬᠠᠭᠠᠵᠤ᠂ | ᠬᠠᠭᠤᠴᠢᠨ ᠵᠢᠭᠡᠯᠡᠯᠭᠡ ᠶᠢᠨ ᠲᠡᠮᠲᠡᠭ ᠢ ᠲᠦᠯᠦᠵᠦ᠂ ᠨᠢᠭᠡ ᠪᠦᠯᠦᠭ ᠬᠤᠭᠤᠴᠠᠭ᠎ᠠ ᠨᠢ ᠬᠦᠷᠦᠭᠰᠡᠨ ᠭᠠᠵᠠᠷ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠲᠡᠭ ᠤᠨ ᠡᠬᠡ ᠮᠦᠩᠬᠦ ᠶᠢ ᠲᠦᠯᠦᠬᠦ ᠳᠤ ᠬᠡᠷᠡᠭᠯᠡᠬᠦ ᠵᠢᠭᠡᠯᠡᠯᠭᠡ ᠶᠢᠨ ᠲᠡᠮᠲᠡᠭ ᠢ ᠵᠢᠭᠠᠵᠤ ᠪᠤᠢ᠃ | | | |