ᠳ᠋ᠦᠩᠱᠧᠩ ᠲᠤᠭᠤᠷᠢᠭ ᠤᠨ ᠰᠢᠩ ᠱᠧᠩ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ
ᠨᠡᠶᠢᠲᠡᠯᠡᠭᠰᠡᠨ ᠴᠠᠭ᠄
2020/8/26
   
       ᠰᠢᠩ ᠱᠧᠩ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ 2011 ᠤᠨ ᠤ 12 ᠰᠠᠷ᠎ᠠ ᠶᠢᠨ 19 ᠤ ᠡᠳᠦᠷ ᠪᠠᠶᠢᠭᠤᠯᠤᠭᠳᠠᠵᠤ᠂ ᠬᠠᠷᠢᠶ᠎ᠠ ᠤᠷᠤᠨ  ᠤ ᠶᠡᠷᠦᠩᠬᠡᠢ ᠲᠠᠯᠠᠪᠠᠢ ᠨᠢ 37.19 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠰᠢᠨ ᠶᠤᠸᠠᠨ᠂ ᠴᠦᠨ ᠬᠤᠢ᠂  ᠪᠢᠨ ᠾᠧ᠂ ᠬᠦᠨᠳᠡᠯᠡᠨ  ᠵᠡᠷᠬᠡ 4 ᠨᠡᠶᠢᠬᠡᠮ ᠲᠤᠭᠤᠷᠢᠭ᠂ 17 ᠰᠠᠭᠤᠭᠠᠯᠢ ᠲᠤᠭᠤᠷᠢᠭ  ᠪᠠ  3.6 ᠲᠦᠮᠡᠨ ᠬᠦᠮᠦᠨ ᠠᠮᠠ ᠲᠠᠢ  ᠃ ᠵᠠᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠨᠢ ᠡᠳᠦᠬᠡ 74 ᠺᠠᠳ᠋ᠷ  ᠲᠠᠢ ᠪᠠᠶᠢᠵᠤ᠂ ᠡᠬᠦᠨ ᠳᠤ᠂ 35 ᠵᠢᠩᠬᠢᠨᠢ ᠺᠠᠳ᠋ᠷ᠂ ᠲᠤᠰᠠᠯᠠᠬᠤ ᠠᠵᠢᠯ ᠤᠨ ᠪᠠᠶᠢᠷᠢ ᠶᠢᠨ ᠠᠵᠢᠯᠠᠭᠴᠢ 6 ᠬᠦᠮᠦᠨ᠂ ᠰᠢᠶᠠᠩ ᠲᠤᠰᠬᠤᠨ ᠬᠤᠶᠠᠷ ᠱᠠᠳᠤᠨ ᠤ ᠨᠦᠬᠡᠴᠡ ᠶᠢᠨ ᠺᠠᠳ᠋ᠷ 2 ᠬᠦᠮᠦᠨ᠂ ᠬᠦᠳᠡᠯᠮᠦᠷᠢ ᠪᠠᠳᠤᠯᠠᠭ᠎ᠠ ᠶᠢᠨ ᠲᠤᠰᠠᠯᠠᠭᠴᠢ 1 ᠬᠦᠮᠦᠨ᠂ ᠰᠠᠶᠢᠨ ᠲᠤᠷᠠᠴᠤᠤᠯ 6 ᠬᠦᠮᠦᠨ᠂ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢᠨ ᠳᠤ ᠠᠵᠢᠯᠠᠭᠴᠢ18 ᠬᠦᠮᠦᠨ᠂ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠠᠴᠠ  ᠲᠤᠮᠢᠯᠠᠭᠰᠡᠨ ᠠᠵᠢᠯᠳᠠᠨ6 ᠬᠦᠮᠦᠨ ᠪᠤᠢ᠃ ᠬᠡᠷᠡᠭ ᠡᠷᠬᠢᠯᠡᠬᠦ ᠭᠠᠵᠡᠷ ᠲᠤ ᠨᠡᠶᠢᠳᠠ 5 ᠨᠠᠮ ᠤᠨ ᠡᠬᠦᠷ᠂ 142 ᠨᠠᠮ ᠤᠨ ᠬᠡᠰᠢᠬᠦᠨ ᠲᠠᠢ᠃       ᠤᠶᠢᠷ᠎ᠠ ᠶᠢᠨ ᠵᠢᠯ ᠠᠴᠠ ᠨᠠᠭᠠᠰᠢ᠂ ᠰᠢᠩ ᠱᠧᠩ ᠵᠡᠬᠡᠯᠢ ᠭᠤᠳᠤᠮᠵᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ  ᠲᠠᠢ ᠨᠡᠶᠢᠬᠡᠮ ᠵᠢᠷᠤᠮ ᠤᠨ ᠵᠤᠷᠢᠭ ᠰᠠᠨᠠᠭ᠎ᠠ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ᠂ ᠠᠷᠪᠠ ᠶᠢᠰᠦᠳᠦᠬᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠦᠵᠡᠯ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠠ ᠤᠨᠤᠯᠵᠢᠭᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠬᠡᠢ ᠲᠤᠤᠱᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶᠡᠰ ᠶᠠᠷᠢᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠪᠠᠷ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠴᠢᠬᠤᠯᠠ ᠠᠷᠭ᠎ᠠ ᠠᠪᠴᠠᠯ ᠪᠠᠶᠢᠷᠢᠯᠠᠭᠤᠯᠤᠯᠳᠠ  ᠶᠢᠨ ᠲᠤᠭᠤᠷᠢᠨ ᠳᠤ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ  ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠲᠤᠭᠳᠠᠭᠤᠨ ᠤ ᠲᠤᠮᠳᠠ ᠠᠬᠢᠯᠳᠠ ᠲᠠᠢ ᠠᠵᠢᠯ ᠤᠨ ᠶᠡᠷᠦᠩᠬᠡᠢ ᠠᠶᠠᠰ ᠢ ᠪᠠᠷᠢᠮᠳᠠᠯᠠᠵᠤ᠂ ᠰᠢᠨ᠎ᠠ ᠬᠦᠭᠵᠢᠯᠳᠠ ᠶᠢᠨ ᠤᠨᠤᠯᠵᠢᠭᠤᠨ ᠢ ᠪᠠᠳᠤ ᠪᠤᠢ ᠪᠤᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠬᠡᠬᠤᠳᠠ ᠪᠤᠭᠤᠳᠤ ᠤᠷᠳᠤᠰ ᠤᠨ ᠬᠠᠮᠵᠢᠯᠴᠠᠨ ᠬᠦᠭᠵᠢᠬᠦ ᠠᠵᠠ ᠲᠤᠬᠢᠶᠠᠯ ᠢ ᠰᠠᠶᠢᠳᠤᠷ ᠠᠳᠬᠤᠵᠤ᠂ ︽ᠰᠡᠳᠬᠢᠯ ᠳᠤ ᠲᠤᠯᠠᠭᠠᠨ ᠨᠠᠮ ᠤᠨ ᠪᠠᠶᠢᠭᠤᠯᠤᠯᠳᠠ︾ ᠶᠢᠨ ᠬᠠᠷᠠᠯᠳᠠ ᠶᠢᠨ ᠲᠤᠭᠤᠷᠢᠨ ᠳᠤ᠂ ᠬᠡᠷᠡᠭ ᠡᠷᠬᠢᠯᠡᠬᠦ ᠵᠡᠬᠡᠯᠢ ᠭᠤᠳᠤᠮᠵᠢ ᠪᠠ ᠨᠠᠶᠢᠬᠡᠮ ᠲᠤᠭᠤᠷᠢᠭ ᠤᠨ ︽ᠨᠢᠬᠡ ᠭᠤᠤᠯᠳᠠᠯᠭ᠎ᠠ ᠭᠤᠷᠪᠡᠨ ᠠᠭᠤᠰᠤᠯᠴᠠᠯ︾ ᠤᠨ ᠠᠵᠢᠯ ᠤᠨ ᠲᠤᠭᠳᠠᠴᠠ ᠶᠢ ᠬᠦᠨᠵᠡᠬᠡᠶᠢᠷᠡᠬᠦᠯᠵᠤ ᠂ ᠠᠷᠠᠳ ᠲᠦᠮᠡᠨ ᠳᠤ ᠤᠶᠢᠯᠡᠴᠢᠯᠡᠬᠦ ᠪᠠᠷ ᠭᠤᠤᠯ ᠪᠤᠯᠭᠠᠨ᠂ ︽ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ  ᠯᠠᠪᠳᠠᠭᠤᠨ ᠪᠤᠳᠠᠳᠠᠢ ᠠᠬᠢᠭᠤᠯᠵᠤ᠂ ︽ᠬᠠᠯᠠᠭᠤᠨ ᠰᠡᠳᠬᠢᠯᠬᠡ᠂ ᠦᠨᠳᠦᠷ ᠦᠷ᠎ᠠ ᠠᠰᠢᠭ᠂ ᠡᠶ᠎ᠡ ᠨᠠᠶᠢᠷᠠᠮᠳᠠᠭᠤ︾ ᠶᠢᠨ ᠠᠵᠢᠯ ᠤᠨ ᠤᠨᠤᠯᠵᠢᠭᠤᠨ ᠢ ᠪᠠᠷᠢᠮᠳᠠᠯᠠᠵᠤ᠂ ᠰᠢᠨ᠎ᠠ ᠶᠢ ᠡᠬᠦᠳᠬᠦ ᠪᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠠᠷᠠᠳ ᠲᠤ ᠤᠶᠢᠯᠡᠴᠢᠯᠡᠵᠤ᠂ ᠤᠷᠴᠢᠨ ᠲᠤᠭᠤᠷᠢᠨ ᠰᠢᠯᠢᠳᠡᠭ ᠰᠠᠶᠢᠬᠠᠨ᠂ ᠤᠴᠢᠷ ᠶᠠᠪᠤᠳᠠᠯ ᠬᠦᠢᠴᠡᠳᠬᠡᠬᠦ ᠳᠤ ᠲᠦᠬᠦᠮ ᠲᠦᠳᠡ᠂ ᠠᠶᠢᠯ ᠰᠠᠭᠠᠬᠠᠯᠳᠠ ᠡᠪ ᠨᠠᠶᠢᠷᠠᠮᠳᠠᠭᠤ᠂ ᠰᠠᠭᠤᠭᠠᠯᠢ ᠠᠷᠠᠳ ᠨᠢ ᠵᠤᠯ ᠵᠢᠷᠭᠠᠯᠠᠩ ᠲᠠᠢ ᠴᠢᠨᠠᠷ ᠲᠡᠰᠳᠤ ᠪᠦᠬᠦᠢ ᠰᠢᠨ ᠱᠧᠩ ᠵᠡᠬᠡᠯᠢ ᠭᠤᠳᠤᠮᠵᠢ ᠶᠢ  ᠪᠦᠳᠦᠬᠡᠨ ᠪᠠᠶᠢᠭᠤᠯᠬᠤ ᠪᠠᠷ ᠴᠢᠷᠮᠠᠶᠢᠵᠤ ᠪᠤᠢ᠃ 2013 ᠤᠨ ᠠᠴᠠ 2017 ᠤᠨ ᠪᠤᠯᠳᠠᠯ᠎ᠠ 5 ᠵᠢᠯ ᠲᠠᠷᠠᠭᠠᠯᠠᠨ ᠪᠤᠳᠠᠳᠤ ᠬᠢᠷᠢ ᠪᠦᠳᠦᠮᠵᠢ ᠶᠢᠨ ᠪᠤᠳᠠᠳᠠᠢ ᠰᠢᠯᠭᠠᠨ ᠦᠨᠡᠯᠡᠯᠳᠠ ᠲᠤᠪᠤᠶᠢᠮ᠎ᠠ ᠪᠠᠶᠢᠭᠤᠯᠭ᠎ᠠ ᠪᠠᠷ ᠦᠨᠡᠯᠡᠭᠳᠡᠪᠠ᠃        ᠬᠠᠶ᠋ᠢᠭ᠄ ᠳ᠋ᠦᠩᠱᠧᠩ ᠲᠤᠭᠤᠷᠢᠭ ᠦᠤᠰᠢᠨ ᠪᠠᠷᠠᠭᠤᠨ ᠵᠡᠬᠡᠯᠢ ᠶᠢᠨ 52 ᠳ᠋ᠤᠭᠠᠷ ᠨᠤᠮᠧᠷ        ᠤᠶᠢᠯᠡᠴᠢᠯᠡᠬᠦ ᠤᠳᠠᠰᠤ᠄ 8114220
ᠢᠷᠡᠯᠲᠡ᠄ ᠳ᠋ᠥᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ