| | ᠪᠠᠶᠠᠨᠮᠦ᠋ᠩᠬᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠢᠯᠠᠭᠰᠠᠨ ᠪᠠᠶᠢᠭᠤᠯᠭ᠎ᠠ | ᠪᠠᠶᠢᠵᠤ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠤᠯᠤᠨ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ᠡᠪᠯᠡᠯ ᠤᠨ ᠡᠭᠦᠷ ᠤᠨ ᠤᠳᠤᠷᠢᠳᠤᠯᠭ᠎ᠠ ᠳᠤᠤᠷ᠎ᠠ | ᠂ ᠲᠤᠭᠤᠷᠢᠭ ᠤᠨ ᠵᠠᠰᠠᠭ ᠤᠨ ᠤᠷᠳᠤᠨ ᠤ ᠨᠠᠶᠢᠳᠠᠯᠭ᠎ᠠ ᠶᠤᠰᠤᠭᠠᠷ᠂ ᠦᠨᠳᠦᠰᠦᠨ ᠱᠠᠲᠤᠨ ᠳᠤ ᠵᠠᠷᠢᠮ ᠵᠠᠰᠠᠭ ᠤᠨ ᠡᠷᠬᠡ ᠶᠢ ᠬᠡᠷᠡᠭᠵᠢᠭᠦᠯᠦᠨ᠂ ᠬᠠᠷᠢᠶ᠎ᠠ ᠤᠷᠤᠨ | ᠳᠠᠬᠢ ᠵᠠᠰᠠᠭ ᠵᠠᠬᠢᠷᠭᠠᠨ ᠤ ᠠᠵᠢᠯ ᠢ ᠬᠠᠮᠢᠶᠠᠷᠳᠠᠭ᠃ ᠠᠵᠤ ᠠᠬᠤᠢ ᠶᠢᠨ ᠪᠠᠶᠢᠭᠤᠯᠤᠲᠠ ᠪᠠᠷ ᠭᠤᠤᠯᠳᠠᠯᠭ᠎ᠠ ᠪᠤᠯᠭᠠᠵᠤ᠂ ᠬᠠᠷᠢᠶ᠎ᠠ ᠤᠷᠤᠨ ᠳᠠᠬᠢ ᠡᠯ᠎ᠡ ᠲᠦᠦᠯ ᠤᠨ | ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢ ᠤᠳᠤᠷᠢᠳᠤᠨ ᠳᠠᠭᠠᠭᠤᠯᠬᠤ᠂ ᠵᠤᠬᠢᠴᠠᠭᠤᠯᠭ᠎ᠠ ᠬᠢᠬᠦ ᠶᠢ ᠬᠠᠷᠢᠭᠤᠴᠠᠨ᠂ ᠤᠷᠤᠨ ᠪᠦᠰᠡ ᠶᠢᠨ ᠠᠵᠤ ᠠᠬᠤᠢ ᠶᠢᠨ | ᠬᠦᠭᠵᠢᠯᠲᠡ ᠶᠢ ᠲᠦᠯᠬᠢᠨ ᠠᠬᠢᠭᠤᠯᠬᠤ ᠳᠤ ᠰᠠᠶᠢᠨ ᠰᠠᠶᠢᠬᠠᠨ ᠨᠡᠶᠢᠬᠡᠮ ᠤᠨ ᠤᠷᠴᠢᠨ ᠢ ᠬᠠᠩᠭᠠᠬᠤ ᠪᠠᠷ ᠬᠦᠴᠦᠯᠡᠨ ᠴᠢᠷᠮᠠᠶᠢᠳᠠᠭ︔ ᠤᠷᠴᠢᠨ ᠲᠤᠭᠤᠷᠢᠨ ᠢ | ᠬᠠᠮᠠᠭᠠᠯᠠᠬᠤ ᠠᠵᠢᠯ ᠢ ᠬᠠᠪᠰᠤᠷᠤᠨ ᠭᠦᠢᠴᠡᠳᠬᠡᠳᠡᠭ︔ ᠬᠠᠷᠢᠶ᠎ᠠ ᠤᠷᠤᠨ ᠳᠠᠬᠢ ᠨᠡᠶᠢᠬᠡᠮ ᠤᠨ ᠠᠮᠤᠷ ᠲᠤᠭᠲᠠᠭᠤᠨ ᠢ ᠶᠡᠷᠦᠩᠬᠡᠶᠢᠯᠡᠨ ᠵᠠᠰᠠᠬᠤ ᠠᠵᠢᠯ ᠢ | ᠬᠠᠷᠢᠭᠤᠴᠠᠵᠤ᠂ ᠬᠠᠷᠢᠶ᠎ᠠ ᠤᠷᠤᠨ ᠤ ᠠᠮᠤᠷ ᠲᠤᠭᠲᠠᠭᠤᠨ ᠢ ᠬᠠᠮᠠᠭᠠᠯᠠᠳᠠᠭ︔ ᠬᠠᠷᠢᠶ᠎ᠠ ᠤᠷᠤᠨ ᠳᠠᠬᠢ ᠬᠤᠲᠠ ᠶᠢᠨ ᠬᠠᠮᠢᠶᠠᠷᠤᠯᠲᠠ᠂ ᠨᠡᠶᠢᠬᠡᠮ ᠤᠨ ᠦᠢᠯᠡᠴᠢᠯᠡᠭᠡ᠂ | ᠨᠡᠶᠢᠬᠡᠮ ᠤᠨ ᠠᠮᠤᠷ ᠲᠤᠭᠲᠠᠭᠤᠨ ᠵᠡᠷᠭᠡ ᠲᠠᠯ᠎ᠠ ᠶᠢᠨ ᠠᠵᠢᠯ ᠢ ᠶᠡᠷᠦᠩᠬᠡᠶᠢᠯᠡᠨ ᠵᠠᠰᠠᠬᠤ ᠳᠤ ᠵᠤᠬᠢᠶᠠᠨ ᠪᠠᠶᠢᠭᠤᠯᠵᠤ ᠤᠳᠤᠷᠢᠳᠬᠤ᠂ ᠶᠡᠷᠦᠩᠬᠡᠶᠢᠯᠡᠨ ᠵᠤᠬᠢᠴᠠᠭᠤᠯᠬᠤ᠂ | ᠬᠢᠨᠡᠯᠲᠡ ᠲᠠᠯᠪᠢᠵᠦ ᠦᠨᠡᠯᠡᠬᠦ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠴᠢᠳᠠᠮᠵᠢ ᠲᠠᠢ ᠶᠤᠮ᠃ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠠᠶᠢᠭᠤᠯᠤᠮᠵᠢ ᠶᠢᠨ ᠲᠤᠬᠢᠷᠠᠭᠤᠯᠤᠯᠲᠠ ᠵᠢᠴᠢ ᠡᠭᠦᠷᠭᠡ ᠴᠢᠳᠠᠮᠵᠢ᠄ | ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ᠂ ᠬᠡᠷᠡᠭ ᠡᠷᠬᠢᠯᠡᠬᠦ ᠭᠠᠵᠠᠷ ᠨᠢ ︽ᠬᠤᠶᠠᠷ ᠠᠯᠪᠠᠨ ᠭᠡᠷ᠂ ᠬᠤᠶᠠᠷ ᠲᠦᠪ ᠪᠤᠯᠤᠨ ᠨᠢᠭᠡ ᠳᠠᠪᠴᠠᠩ︾ | ︵ᠨᠠᠮ ᠵᠠᠰᠠᠭ ᠤᠨ ᠠᠯᠪᠠᠨ ᠭᠡᠷ᠂ ᠨᠡᠶᠢᠬᠡᠮ ᠤᠨ ᠠᠮᠤᠷ ᠢ ᠬᠠᠮᠠᠭᠠᠯᠠᠬᠤ ᠶᠠᠷᠦᠩᠬᠡᠶᠢᠯᠡᠨ ᠵᠠᠰᠠᠬᠤ ᠠᠯᠪᠠᠨ ᠭᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ | ᠂ ᠨᠡᠶᠢᠬᠡᠮ ᠤᠨ ᠦᠢᠯᠡᠴᠢᠯᠡᠭᠡᠨ ᠤ ᠲᠦᠪ᠂ ᠬᠢᠨᠡᠨ ᠡᠵᠡᠮᠳᠡᠵᠦ ᠲᠤᠬᠢᠷᠠᠭᠤᠯᠤᠯᠲᠠ ᠬᠢᠬᠦ ᠰᠤᠷᠠᠭ ᠵᠠᠩᠬᠢ ᠶᠢᠨ ᠳᠠᠪᠴᠠᠩ︶ ᠵᠡᠷᠭᠡ 5 ᠪᠠᠶᠢᠭᠤᠯᠤᠮᠵᠢ ᠲᠠᠢ ᠪᠠᠶᠢᠵᠤ᠂ | ᠰᠠᠭᠤᠭᠠᠯᠢ ᠠᠷᠠᠳ ᠲᠤ ︽ᠨᠢᠭᠡ ᠦᠷᠲᠡᠭᠡᠴᠢᠯᠡᠭᠰᠡᠨ︾ ᠬᠦᠯᠢᠶᠡᠨ ᠠᠪᠴᠤ ᠭᠦᠢᠴᠡᠳᠬᠡᠬᠦ ᠦᠢᠯᠡᠴᠯᠡᠭᠡ ᠬᠠᠩᠭᠠᠵᠤ ᠪᠤᠢ᠃ | ⒈ ᠨᠠᠮ ᠵᠠᠰᠠᠭ ᠤᠨ ᠠᠯᠪᠠᠨ ᠭᠡᠷ᠃ | ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ᠂ ᠬᠡᠷᠡᠭ ᠡᠷᠬᠢᠯᠡᠬᠦ ᠭᠠᠵᠠᠷ ᠤᠨ ᠡᠳᠦᠷ ᠲᠤᠳᠤᠮ ᠤᠨ ᠠᠵᠢᠯ ᠢ ᠭᠦᠢᠴᠡᠳᠬᠡᠬᠦ ᠪᠠᠶᠢᠭᠤᠯᠤᠮᠵᠢ | ᠪᠤᠯᠤᠨ᠎ᠠ᠂ ᠲᠡᠷᠡ ᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠤᠰᠤᠳ ᠠᠯᠪᠠᠨ ᠭᠡᠷ ᠢ ᠶᠡᠷᠦᠩᠬᠡᠶᠢᠯᠡᠨ ᠵᠤᠬᠢᠴᠠᠭᠤᠯᠬᠤ ᠦᠢᠯᠡᠳᠦᠯ ᠲᠠᠢ᠃ ᠳᠡᠭᠡᠷ᠎ᠡ | ᠱᠠᠲᠤᠨ ᠤ ᠤᠳᠤᠷᠢᠳᠬᠤ ᠪᠠᠶᠢᠭᠤᠯᠭ᠎ᠠ ᠪᠤᠯᠤᠨ ᠲᠤᠰ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠳᠡᠭ᠃ ᠵᠢᠱᠢᠨ | ᠲᠤᠭᠲᠠᠭᠠᠭᠰᠠᠨ ᠠᠵᠢᠯᠴᠢᠨ ᠤ ᠲᠤᠭ᠎ᠠ 8 ︵ᠠᠯᠪᠠᠨ ᠭᠡᠷ ᠤᠨ ᠡᠷᠬᠢᠯᠡᠭᠴᠢ 1 ᠨᠡᠷᠡᠰ᠂ ᠳᠡᠳ᠋ ᠡᠷᠬᠢᠯᠡᠭᠴᠢ 1 ᠨᠡᠷᠡᠰ︶᠃ | ⒉ᠨᠡᠶᠢᠬᠡᠮ ᠤᠨ ᠠᠮᠤᠷ ᠢ ᠬᠠᠮᠠᠭᠠᠯᠠᠬᠤ ᠶᠠᠷᠦᠩᠬᠡᠶᠢᠯᠡᠨ ᠵᠠᠰᠠᠬᠤ ᠠᠯᠪᠠᠨ ᠭᠡᠷ᠃ | ᠤᠤᠯ ᠤᠨ ᠨᠡᠶᠢᠬᠡᠮ ᠤᠨ ᠬᠠᠮᠢᠶᠠᠷᠤᠯᠲᠠ ᠶᠢᠨ ᠶᠡᠷᠦᠩᠬᠡᠶᠢᠯᠡᠨ ᠵᠠᠰᠠᠬᠤ ᠠᠯᠪᠠᠨ ᠭᠡᠷ᠂ ᠬᠠᠤᠯᠢ ᠴᠠᠭᠠᠵᠠ ᠶᠢᠨ ᠰᠠᠯᠪᠤᠷᠢ᠂ ᠠᠶᠤᠯᠭᠦᠢ ᠦᠢᠯᠡᠳᠪᠦᠷᠢᠯᠡᠯ ᠤᠨ | ᠠᠯᠪᠠᠨ ᠭᠡᠷ ᠢ ᠨᠢᠭᠡᠳᠬᠡᠵᠦ ᠂ ᠨᠡᠶᠢᠬᠡᠮ ᠤᠨ ᠠᠮᠤᠷ ᠢ ᠬᠠᠮᠠᠭᠠᠯᠠᠬᠤ ᠶᠠᠷᠦᠩᠬᠡᠶᠢᠯᠡᠨ ᠵᠠᠰᠠᠬᠤ ᠠᠯᠪᠠᠨ ᠭᠡᠷ ᠢ ᠪᠠᠶᠢᠭᠤᠯᠪᠠ᠃ ᠵᠢᠱᠢᠨ ᠲᠤᠭᠲᠠᠭᠠᠭᠰᠠᠨ ᠠᠵᠢᠯᠴᠢᠨ ᠤ | ᠲᠤᠭ᠎ᠠ 8 ︵ᠠᠯᠪᠠᠨ ᠭᠡᠷ ᠤᠨ ᠡᠷᠬᠢᠯᠡᠭᠴᠢ 1 ᠨᠡᠷᠡᠰ᠂ ᠳᠡᠳ᠋ ᠡᠷᠬᠢᠯᠡᠭᠴᠢ 2 ᠨᠡᠷᠡᠰ᠂ ᠡᠭᠦᠨ ᠳᠤ ᠨᠢᠭᠡ ᠳᠡᠳ᠋ ᠡᠷᠬᠢᠯᠡᠭᠴᠢ ᠶᠢᠨ ᠠᠵᠢᠯ ᠢ ᠬᠠᠤᠯᠢ ᠴᠠᠭᠠᠵᠠ | ᠶᠢᠨ ᠰᠠᠯᠪᠤᠷᠢ ᠶᠢᠨ ᠳᠠᠷᠤᠭ᠎ᠠ ᠬᠠᠪᠰᠤᠷᠭᠠᠨ ᠭᠦᠢᠴᠡᠳᠬᠡᠵᠦ ᠪᠤᠢ︶᠃ | ⒊ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ᠃ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠤᠯ ᠤᠨ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠦᠪ᠂ ᠬᠦᠳᠡᠯᠮᠤᠷᠢ ᠶᠢᠨ ᠪᠠᠲᠤᠯᠠᠭ᠎ᠠ | ᠶᠢᠨ ᠬᠡᠷᠡᠭ ᠡᠷᠬᠢᠯᠡᠬᠦ ᠭᠠᠵᠠᠷ᠂ ᠠᠵᠤ ᠠᠬᠤᠢ ᠨᠡᠶᠢᠬᠡᠮ ᠤᠨ ᠬᠡᠷᠡᠭ ᠡᠷᠬᠢᠯᠡᠬᠦ ᠠᠯᠪᠠᠨ ᠭᠡᠷ ᠢ ᠨᠢᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠢ | ᠪᠠᠶᠢᠭᠤᠯᠪᠠ᠃ ᠭᠤᠤᠯᠳᠠᠭᠤ ᠵᠠᠰᠠᠭ ᠤᠨ ᠶᠠᠪᠤᠳᠠᠯ ᠤᠨ ᠲᠠᠯ᠎ᠠ ᠶᠢᠨ ᠦᠢᠯᠡᠴᠢᠯᠡᠭᠡ ᠬᠠᠩᠭᠠᠬᠤ᠂ ᠵᠠᠰᠠᠭ ᠤᠨ ᠤᠷᠳᠤᠨ ᠠᠴᠠ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠪᠠᠭᠤᠯᠭᠠᠭᠰᠠᠨ ᠤᠯᠠᠨ ᠨᠠᠶᠢᠲᠠ ᠶᠢᠨ ᠦᠢᠯᠡᠴᠢᠯᠡᠭᠡᠨ ᠤ ᠡᠭᠦᠷᠭᠡ ᠴᠢᠳᠠᠮᠵᠢ ᠪᠤᠯᠤᠨ ᠬᠤᠯᠪᠤᠭᠳᠠᠯ ᠪᠦᠬᠦᠢ ᠬᠡᠷᠡᠭ ᠶᠠᠪᠤᠳᠠᠯ ᠢ ᠪᠦᠬᠦ ᠲᠠᠯ᠎ᠠ | ᠪᠠᠷ ᠲᠤᠰᠴᠤ ᠠᠪᠬᠤ ᠪᠦᠭᠡᠳ ᠭᠦᠢᠴᠡᠳᠬᠡᠨ᠎ᠡ᠃ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠠᠴᠠ ᠰᠠᠭᠤᠭᠠᠯᠢ ᠠᠷᠠᠳ ᠲᠤ ᠠᠵᠢᠯ ᠤᠨ ᠡᠭᠦᠷᠭᠡ | ᠴᠢᠳᠠᠮᠵᠢ ᠪᠤᠯᠤᠨ ᠬᠡᠷᠡᠭ ᠤᠴᠢᠷ ᠢ ᠰᠢᠢᠳᠪᠦᠷᠢᠯᠡᠬᠦ ᠡᠷᠬᠡ ᠵᠡᠷᠭᠡ ᠶᠢ ︽ᠨᠢᠭᠡ ᠦᠷᠲᠡᠭᠡᠴᠢᠯᠡᠭᠰᠡᠨ︾ ᠦᠢᠯᠡᠴᠢᠯᠡᠭᠡᠨ ᠤ ᠲᠢᠩᠬᠢᠮ ᠵᠢᠴᠢ ᠴᠤᠩᠬᠤᠪᠴᠢ ᠳᠡᠭᠡᠷ᠎ᠡ | ᠲᠦᠪᠯᠡᠷᠡᠭᠦᠯᠦᠨ ᠭᠠᠷ ᠭᠦᠢᠴᠡᠳᠬᠡᠯ ᠬᠢᠨ᠎ᠡ᠃ ︽ᠨᠢᠭᠡ ᠦᠷᠲᠡᠭᠡᠴᠢᠯᠡᠭᠰᠡᠨ︾ ᠦᠢᠯᠡᠴᠢᠯᠡᠭᠡᠨ ᠤ ᠲᠢᠩᠬᠢᠮ ᠳᠤ ᠶᠡᠷᠦᠩᠬᠡᠶᠢᠯᠡᠭᠰᠡᠨ ᠠᠵᠢᠯ ᠲᠦᠷᠦᠯ ᠤᠨ | ᠦᠢᠯᠡᠴᠢᠯᠡᠭᠡ᠂ ᠨᠡᠶᠢᠬᠡᠮ ᠤᠨ ᠠᠪᠤᠷᠠᠨ ᠲᠤᠰᠠᠯᠠᠯᠲᠠ᠂ ᠲᠦᠯᠦᠪᠯᠡᠭᠡᠲᠦ ᠦᠷᠡᠵᠢᠯ᠂ ᠬᠦᠳᠡᠯᠮᠤᠷᠢ ᠶᠢᠨ ᠪᠠᠲᠤᠯᠠᠭ᠎ᠠ᠂ ᠲᠤᠭᠤᠷᠢᠭ ᠤᠨ ᠲᠡᠰ ᠤᠨ ᠰᠠᠯᠠᠭ᠎ᠠ ᠮᠦᠴᠢᠷ | ᠤᠨ ᠳᠤᠷᠤᠭᠰᠢ ᠲᠠᠯᠪᠢᠭᠰᠠᠨ ᠦᠢᠯᠡᠴᠢᠯᠡᠭᠡᠨ ᠤ ᠴᠤᠩᠬᠤᠪᠴᠢ ᠵᠡᠷᠭᠡ ᠶᠢ ᠪᠠᠶᠢᠭᠤᠯᠪᠠ᠃ ᠵᠢᠱᠢᠨ ᠲᠤᠭᠲᠠᠭᠠᠭᠰᠠᠨ ᠠᠵᠢᠯᠴᠢᠨ ᠤ ᠲᠤᠭ᠎ᠠ 12 ︵ᠦᠢᠯᠡᠴᠢᠯᠡᠭᠡᠨ ᠤ | ᠲᠦᠪ ᠤᠨ ᠡᠷᠬᠢᠯᠡᠭᠴᠢ 1 ᠨᠡᠷᠡᠰ᠂ ᠳᠡᠳ᠋ ᠡᠷᠬᠢᠯᠡᠭᠴᠢ 2 ᠨᠡᠷᠡᠰ︶ | ⑴ ᠶᠡᠷᠦᠩᠬᠡᠶᠢᠯᠡᠭᠰᠡᠨ ᠠᠵᠢᠯ ᠲᠦᠷᠦᠯ ᠤᠨ ᠦᠢᠯᠡᠴᠢᠯᠡᠭᠡ | ᠭᠤᠤᠯ ᠡᠭᠦᠷᠭᠡ ᠴᠢᠳᠠᠮᠵᠢ᠄ ᠰᠠᠭᠤᠭᠠᠯᠢ ᠠᠷᠠᠳ ᠲᠤ ᠡᠳᠦᠷ ᠲᠤᠳᠤᠮ ᠤᠨ ᠠᠵᠢᠯ ᠢ ᠰᠢᠢᠳᠪᠦᠷᠢᠯᠡᠵᠦ ᠦᠭᠬᠦ᠂ ᠡᠯ᠎ᠡ ᠲᠦᠷᠦᠯ ᠤᠨ ᠭᠡᠷᠡᠴᠢ ᠪᠠᠷᠢᠮᠲᠠ | ᠭᠠᠷᠭᠠᠵᠤ ᠦᠭᠬᠦ᠂ ᠬᠠᠮᠢᠶ᠎ᠠ ᠪᠦᠬᠦᠢ ᠭᠠᠷ ᠭᠦᠢᠴᠡᠳᠬᠡᠯ ᠢ ᠬᠢᠵᠦ ᠦᠭᠬᠦ᠃ | ᠴᠤᠩᠬᠤᠪᠴᠢ ᠳᠠᠬᠢ ᠭᠦᠢᠴᠡᠳᠬᠡᠬᠦ ᠠᠵᠢᠯ ᠲᠦᠷᠦᠯ᠄ ᠰᠠᠭᠤᠭᠠᠯᠢ ᠠᠷᠠᠳ ᠲᠤ ᠤᠷᠤᠰᠢᠨ ᠰᠠᠭᠤᠬᠤ ᠭᠡᠷᠡᠴᠢ ᠦᠨᠡᠮᠯᠡᠯ᠂ ᠬᠤᠪᠢ ᠶᠢᠨ ᠠᠷᠠᠯᠵᠢᠶ᠎ᠠ | ᠬᠤᠳᠠᠯᠳᠤᠭᠠᠨ ᠤ ᠡᠷᠦᠬᠡ ᠪᠤᠯᠤᠨ ᠠᠵᠤ ᠠᠬᠤᠶᠢᠯᠠᠯ ᠤᠨ ᠡᠵᠡᠩᠨᠡᠯᠲᠡ ᠶᠢᠨ ᠭᠠᠵᠠᠷ ᠤᠨ ᠭᠡᠷᠡᠴᠢ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ | ᠬᠦᠯᠢᠶᠡᠨ ᠠᠪᠬᠤ ᠪᠤᠶᠤ ᠰᠢᠯᠵᠢᠭᠦᠯᠬᠦ᠂ ᠴᠦᠭᠡᠨ ᠲᠤᠭᠠᠲᠤ ᠦᠨᠳᠦᠰᠦᠲᠡᠨ ᠤ ᠨᠦᠬᠦᠪᠦᠷᠢ ᠶᠢ ᠳᠠᠷᠬᠠᠭᠠᠬᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠲᠤ ᠭᠦᠢᠴᠡᠳᠬᠡᠵᠦ ᠪᠤᠯᠬᠤ ᠪᠤᠰᠤᠳ ᠡᠯ᠎ᠡ ᠲᠦᠷᠦᠯ ᠤᠨ ᠭᠡᠷᠡᠴᠢ ᠦᠨᠡᠮᠯᠡᠯ ᠪᠤᠯᠤᠨ ᠭᠠᠷ ᠭᠦᠢᠴᠡᠳᠬᠡᠯ ᠢ ᠬᠢᠬᠦ᠃ | ⑵ᠨᠡᠶᠢᠬᠡᠮ ᠤᠨ ᠠᠪᠤᠷᠠᠨ ᠲᠤᠰᠠᠯᠠᠯᠲᠠ | ᠭᠤᠤᠯ ᠡᠭᠦᠷᠭᠡ ᠴᠢᠳᠠᠮᠵᠢ᠄ ᠳᠤᠤᠷ᠎ᠠ ᠪᠠᠲᠤᠯᠠᠭᠠᠲᠤ ᠡᠷᠦᠬᠡ ᠶᠢᠨ ᠨᠦᠬᠦᠪᠦᠷᠢ ᠶᠢᠨ ᠠᠵᠢᠯ᠂ ᠨᠠᠰᠤᠵᠢᠯ ᠤᠨ ᠠᠵᠢᠯ ᠪᠤᠯᠤᠨ ᠴᠡᠷᠢᠭ ᠢᠶᠠᠨ ᠬᠦᠷᠢᠶᠡᠯᠡᠨ ᠭᠡᠷ | ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠠᠯᠡᠨ ᠠᠷᠠᠳ ᠢᠶᠠᠨ ᠬᠠᠶᠢᠷᠠᠯᠠᠬᠤ ᠠᠵᠢᠯ ᠵᠢᠴᠢ ᠲᠦᠷ ᠴᠠᠭ ᠤᠨ ᠠᠪᠤᠷᠠᠨ ᠲᠤᠰᠠᠯᠠᠯᠲᠠ ᠶᠢᠨ ᠠᠵᠢᠯ ᠢ | ᠭᠤᠤᠯᠯᠠᠨ ᠬᠠᠷᠢᠭᠤᠴᠠᠨ᠎ᠠ︔ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠤᠨ ᠠᠵᠢᠯ᠂ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢ ᠡᠷᠡᠮᠡᠯᠵᠡᠯᠡᠬᠦ ᠠᠵᠢᠯ᠂ | ᠵᠡᠮᠲᠡᠭᠴᠦᠳ ᠲᠤ ᠦᠢᠯᠡᠴᠢᠯᠡᠬᠦ ᠠᠵᠢᠯ ᠢ ᠬᠠᠷᠢᠭᠤᠴᠠᠨ᠎ᠠ︔ ᠳᠡᠭᠡᠷ᠎ᠡ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠪᠤᠯᠤᠨ ᠵᠡᠭᠡᠯᠢ ᠭᠤᠳᠤᠮᠵᠢ ᠶᠢᠨ | ᠨᠠᠮ ᠤᠨ ᠠᠵᠢᠯ ᠤᠨ ᠵᠦᠪᠯᠡᠯ ᠪᠤᠯᠤᠨ ᠬᠡᠷᠡᠭ ᠡᠷᠬᠢᠯᠡᠬᠦ ᠭᠠᠵᠠᠷ ᠤᠨ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠲᠦᠷᠦᠯ ᠢ ᠭᠦᠢᠴᠡᠳᠬᠡᠨ᠎ᠡ᠃ | ᠴᠤᠩᠬᠤᠪᠴᠢ ᠳᠠᠬᠢ ᠭᠦᠢᠴᠡᠳᠬᠡᠬᠦ ᠠᠵᠢᠯ ᠲᠦᠷᠦᠯ᠄ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠬᠠᠮᠤᠭ ᠤᠨ ᠳᠤᠤᠷ᠎ᠠ ᠠᠮᠢᠳᠤᠷᠠᠯ ᠤᠨ ᠪᠠᠲᠤᠯᠠᠭ᠎ᠠ | ᠶᠢᠨ ᠮᠦᠩᠭᠦ ᠡᠷᠡᠮᠡᠯᠵᠡᠯᠡᠬᠦ᠂ ᠬᠢᠨᠡᠨ ᠬᠠᠷᠭᠤᠭᠤᠯᠬᠤ᠂ ᠬᠢᠨᠠᠨ ᠵᠦᠪᠰᠢᠶᠡᠷᠡᠬᠦ᠂ ᠬᠢᠨᠠᠨ ᠬᠠᠮᠢᠶᠠᠷᠤᠯᠲᠠ ᠶᠢᠨ ᠭᠠᠷ ᠭᠦᠢᠴᠡᠳᠬᠡᠯ ᠬᠢᠬᠦ︔ ᠳᠤᠤᠷ᠎ᠠ ᠪᠠᠲᠤᠯᠠᠭᠠᠲᠤ | ᠡᠷᠦᠬᠡ ᠶᠢᠨ ᠠᠰᠠᠷᠠᠮᠵᠢ ᠶᠢᠨ ᠮᠦᠩᠬᠦ ᠶᠢ ᠳᠠᠩᠰᠠᠯᠠᠨ ᠮᠡᠳᠡᠭᠦᠯᠬᠦ︔ ᠨᠠᠶᠢᠲᠠ ᠶᠢᠨ ᠲᠦᠷᠢᠶᠡᠰᠦᠨ ᠭᠡᠷ ᠢ ᠬᠢᠨᠠᠨ ᠬᠠᠷᠭᠤᠭᠤᠯᠬᠤ︔ ᠬᠢᠮᠲᠠ ᠲᠦᠷᠢᠶᠡᠰᠦᠨ ᠭᠡᠷ ᠤᠨ | ᠲᠦᠷᠢᠶᠡᠰᠦᠨ ᠮᠦᠩᠭᠦ ᠶᠢᠨ ᠨᠦᠬᠦᠪᠦᠷᠢ ᠳᠤ ᠠᠩᠬᠠᠨ ᠤ ᠬᠢᠨᠠᠯᠲᠠ ᠬᠢᠬᠦ᠂ ᠨᠠᠰᠤᠵᠢᠯ ᠤᠨ ᠨᠦᠬᠦᠪᠦᠷᠢ ᠮᠦᠩᠬᠦ ᠶᠢ ᠬᠢᠨᠠᠨ ᠬᠠᠷᠭᠤᠭᠤᠯᠬᠤ ᠵᠡᠷᠭᠡ ᠠᠵᠢᠯ ᠢ | ᠭᠦᠢᠴᠡᠳᠬᠡᠨ᠎ᠡ︔ ᠬᠤᠲᠠ ᠪᠠᠯᠭᠠᠰᠤᠨ ᠤ ᠲᠤᠭᠲᠠᠭᠰᠠᠨ ᠠᠵᠢᠯ ᠦᠭᠡᠢ᠂ ᠬᠦᠳᠡᠯᠮᠦᠷᠢᠯᠡᠬᠦ ᠴᠢᠳᠠᠪᠤᠷᠢ ᠦᠭᠡᠢ᠂ ᠬᠠᠤᠯᠢ ᠳᠤ ᠲᠤᠭᠲᠠᠭᠰᠠᠨ ᠠᠰᠠᠷᠠᠨ ᠲᠡᠵᠢᠭᠡᠬᠦ | ᠬᠦᠮᠦᠨ ᠦᠭᠡᠢ ᠡᠲᠡᠭᠡᠳ ᠲᠤ ᠲᠤᠰᠠᠯᠠᠮᠵᠢ ᠶᠢᠨ ᠮᠦᠩᠬᠦ ᠳᠠᠷᠬᠠᠭᠠᠬᠤ᠂ ᠰᠤᠷᠭᠠᠭᠤᠯᠢ ᠳᠤ ᠰᠢᠨ᠎ᠡ ᠪᠠᠷ ᠳᠠᠪᠰᠢᠨ ᠤᠷᠤᠭᠰᠠᠨ ᠠᠮᠢᠳᠤᠷᠠᠯ ᠬᠦᠴᠢᠷᠳᠡᠯᠲᠡᠢ | ᠤᠶᠤᠲᠠᠳ ᠤᠨ ᠲᠤᠰᠠᠯᠠᠮᠵᠢ ᠶᠢᠨ ᠮᠦᠩᠬᠦ ᠶᠢ ᠬᠢᠨᠠᠨ ᠬᠠᠷᠭᠤᠭᠤᠯᠬᠤ ᠪᠠ ᠳᠠᠷᠬᠠᠭᠠᠬᠤ᠂ ᠬᠠᠪᠤᠷ ᠤᠨ ᠭᠠᠴᠢᠭ ᠡᠪᠦᠯ ᠤᠨ ᠵᠤᠳ ᠤᠨ ᠠᠪᠤᠷᠠᠨ ᠲᠤᠰᠠᠯᠠᠯᠲᠠ᠂ | ᠲᠦᠷ ᠴᠠᠭ ᠤᠨ ᠠᠪᠤᠷᠠᠨ ᠲᠤᠰᠠᠯᠠᠯᠲᠠ ᠶᠢᠨ ᠮᠦᠩᠬᠦ ᠶᠢ ᠬᠢᠨᠠᠨ ᠬᠠᠷᠭᠤᠭᠤᠯᠬᠤ ᠪᠠ ᠳᠠᠷᠬᠠᠭᠠᠬᠤ᠂ ᠵᠡᠮᠲᠡᠭᠴᠦᠳ ᠤᠨ ᠨᠦᠬᠦᠪᠦᠷᠢ ᠶᠢᠨ ᠮᠦᠩᠬᠦ ᠶᠢ ᠬᠢᠨᠠᠨ | ᠬᠠᠷᠭᠤᠭᠤᠯᠬᠤ ᠵᠡᠷᠭᠡ ᠠᠵᠢᠯ ᠢ ᠬᠠᠷᠢᠭᠤᠴᠠᠨ᠎ᠠ᠃ | ⑶ ᠲᠦᠯᠦᠪᠯᠡᠭᠡᠲᠦ ᠦᠷᠡᠵᠢᠯ | ᠭᠤᠤᠯ ᠡᠭᠦᠷᠭᠡ ᠴᠢᠳᠠᠮᠵᠢ᠄ ᠵᠡᠭᠡᠯᠢ ᠭᠤᠳᠤᠮᠵᠢ ᠶᠢᠨ ᠲᠦᠯᠦᠪᠯᠡᠭᠡᠲᠦ ᠦᠷᠡᠵᠢᠯ ᠤᠨ ᠡᠳᠦᠷ ᠳᠤᠳᠤᠮ ᠤᠨ ᠠᠵᠢᠯ ᠢ ᠭᠦᠢᠴᠡᠳᠬᠡᠳᠡᠭ︔ ᠲᠤᠰ ᠬᠠᠷᠢᠶ᠎ᠠ | ᠤᠷᠤᠨ ᠤ ᠬᠦᠮᠦᠨ ᠠᠮᠠ ᠪᠤᠯᠤᠨ ᠲᠦᠯᠦᠪᠯᠡᠭᠡᠲᠦ ᠦᠷᠡᠵᠢᠯ ᠤᠨ ᠠᠵᠢᠯ ᠢ ᠰᠠᠶᠢᠲᠤᠷ ᠬᠢᠵᠦ᠂ ᠨᠠᠮ ᠪᠠ ᠤᠯᠤᠰ ᠤᠨ ᠬᠦᠮᠦᠨ ᠠᠮᠠ ᠪᠤᠯᠤᠨ ᠲᠦᠯᠦᠪᠯᠡᠭᠡᠲᠦ | ᠦᠷᠡᠵᠢᠯ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠰᠤᠷᠲᠠᠯᠴᠢᠯᠠᠬᠤ︔ ᠵᠡᠭᠡᠯᠢ ᠭᠤᠳᠤᠮᠵᠢ ᠶᠢᠨ ᠬᠦᠮᠦᠨ ᠠᠮᠠ ᠪᠤᠯᠤᠨ ᠲᠦᠯᠦᠪᠯᠡᠭᠡᠲᠦ ᠦᠷᠡᠵᠢᠯ ᠤᠨ | ᠠᠵᠢᠯ ᠤᠨ ᠲᠦᠯᠦᠪᠯᠡᠭᠡ ᠶᠢ ᠨᠤᠷᠠᠭᠯᠠᠨ ᠲᠤᠭᠲᠠᠭᠠᠬᠵᠤ᠂ ᠰᠠᠭᠤᠭᠠᠯᠢ ᠲᠤᠭᠤᠷᠢᠭ ᠤᠨ ᠲᠦᠯᠦᠪᠯᠡᠭᠡᠲᠦ ᠦᠷᠡᠵᠢᠯ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ | ᠰᠠᠶᠢᠲᠤᠷ ᠭᠦᠢᠴᠡᠳᠬᠡᠬᠦ︔ ᠵᠡᠭᠡᠯᠢ ᠭᠤᠳᠤᠮᠵᠢ ᠶᠢᠨ ᠨᠡᠭᠦᠳᠡᠯ ᠬᠦᠮᠦᠨ ᠠᠮᠠ ᠶᠢᠨ ᠲᠦᠯᠦᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡ ᠶᠢᠨ ᠠᠵᠢᠯ ᠢ | ᠰᠠᠶᠢᠲᠤᠷ ᠬᠢᠬᠦ︔ ᠬᠠᠷᠢᠶ᠎ᠠ ᠤᠷᠤᠨ ᠳᠠᠬᠢ ᠦᠷᠡᠵᠢᠯ ᠤᠨ ᠨᠠᠰᠤᠨ ᠤ ᠡᠮᠡᠭᠲᠡᠶᠢᠴᠦᠳ ᠲᠤ ᠦᠷᠡᠵᠢᠯ ᠤᠨ ᠡᠷᠡᠭᠦᠯᠵᠢᠯ ᠤᠨ ᠯᠠᠪᠯᠠᠨ ᠠᠰᠠᠭᠤᠬᠤ ᠦᠢᠯᠡᠴᠢᠯᠡᠭᠡ | ᠬᠠᠩᠭᠠᠬᠤ︔ ᠬᠠᠷᠢᠶ᠎ᠠ ᠤᠷᠤᠨ ᠳᠠᠬᠢ ᠰᠠᠭᠤᠭᠠᠯᠢ ᠠᠷᠠᠳ ᠤᠨ ᠦᠷᠡᠵᠢᠯ ᠤᠨ ᠡᠷᠡᠭᠦᠯᠵᠢᠯ ᠤᠨ ᠦᠢᠯᠡᠴᠢᠯᠡᠭᠡ ᠶᠢᠨ ᠦᠨᠡᠮᠯᠡᠯ ᠢ ᠬᠢᠨᠠᠬᠤ ᠠᠵᠢᠯ ᠢ ᠬᠠᠷᠢᠭᠤᠴᠠᠬᠤ︔ | ᠲᠤᠭᠤᠷᠢᠭ ᠤᠨ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠤᠨ ᠨᠠᠶᠢᠳᠠᠯᠭ᠎ᠠ ᠶᠤᠰᠤᠭᠠᠷ᠂ ᠬᠠᠤᠯᠢ ᠳᠤ ᠲᠤᠭᠲᠠᠭᠠᠰᠠᠨ ᠳᠠᠷᠠᠭᠠᠯᠠᠯ ᠪᠤᠯᠤᠨ ᠪᠠᠷᠢᠮᠵᠢᠶ᠎ᠠ ᠪᠠᠷ | ᠨᠡᠶᠢᠬᠡᠮ ᠤᠨ ᠠᠰᠠᠷᠠᠮᠵᠢ ᠶᠢᠨ ᠰᠦᠢᠳᠬᠡᠯ ᠬᠤᠷᠢᠶᠠᠬᠤ︔ ᠨᠡᠶᠢᠭᠡᠮ ᠲᠤᠭᠤᠷᠢᠭ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠰᠠᠭᠤᠭ᠎ᠠ ᠪᠠᠶᠢᠭᠤᠯᠭ᠎ᠠ | ᠨᠢᠭᠡᠴᠡ ᠶᠢ ᠱᠠᠯᠠᠪᠳᠠᠭᠤᠯᠤᠨ ᠤᠳᠤᠷᠢᠳᠴᠤ ᠲᠦᠯᠦᠪᠯᠡᠭᠡᠲᠦ ᠦᠷᠡᠵᠢᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠤᠯᠤᠨ ᠬᠠᠤᠯᠢ ᠳᠦᠷᠢᠮᠮ ᠢ | ᠨᠠᠶᠢᠳᠠᠪᠤᠷᠢᠵᠢᠭᠤᠯᠬᠤ︔ ᠲᠤᠭᠤᠷᠢᠭ ᠤᠨ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ | ᠵᠦᠪᠯᠡᠯ ᠤᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ ᠪᠡᠶᠡᠯᠡᠬᠦᠯᠬᠦ ᠡᠭᠦᠷᠭᠡ ᠴᠢᠳᠠᠮᠵᠢ ᠲᠠᠢ᠃ | ⑷ᠬᠦᠳᠡᠯᠮᠤᠷᠢ ᠶᠢᠨ ᠪᠠᠲᠤᠯᠠᠭ᠎ᠠ | ᠭᠤᠤᠯ ᠡᠭᠦᠷᠭᠡ ᠴᠢᠳᠠᠮᠵᠢ᠄ ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠳᠦᠷᠢᠮ ᠲᠤᠭᠲᠠᠭᠠᠯ ᠪᠤᠯᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ᠂ ᠬᠠᠷᠢᠶ᠎ᠠ ᠤᠷᠤᠨ ᠳᠠᠬᠢ ᠬᠦᠳᠡᠯᠮᠦᠷᠢ ᠬᠦᠴᠦ ᠪᠠ ᠨᠠᠶᠢᠬᠡᠮ ᠤᠨ ᠪᠠᠲᠤᠯᠠᠭ᠎ᠠ ᠶᠢᠨ ᠬᠠᠮᠢᠶᠠᠷᠤᠯᠲᠠ ᠦᠢᠯᠡᠴᠢᠯᠡᠭᠡ ᠶᠢᠨ ᠠᠵᠢᠯ ᠢ ᠵᠤᠬᠢᠶᠠᠨ | ᠪᠠᠶᠢᠭᠤᠯᠵᠤ ᠲᠤᠤᠱᠯᠠᠭᠤᠯᠬᠤ ᠶᠢ ᠬᠠᠷᠢᠭᠤᠴᠠᠬᠤ︔ ᠠᠰᠠᠷᠠᠮᠵᠢ ᠶᠢᠨ ᠴᠢᠨᠠᠷᠲᠠᠢ ᠤᠷᠤᠨ ᠪᠠᠶᠢᠷᠢ ᠶᠢᠨ ᠬᠠᠮᠢᠶᠠᠷᠤᠯᠲᠠ᠂ ᠬᠦᠳᠡᠯᠮᠦᠷᠢ ᠬᠦᠴᠦ ᠶᠢ ᠬᠢᠨᠠᠨ ᠪᠠᠶᠢᠠᠭᠠᠬᠤ᠂ | ᠠᠵᠢᠯ ᠤᠯᠭᠤᠯᠲᠠ ᠶᠢᠨ ᠦᠢᠯᠡᠴᠢᠯᠡᠭᠡ᠂ ᠠᠵᠢᠯ ᠤᠯᠭᠤᠬᠤ ᠠᠷᠭ᠎ᠠ ᠵᠠᠮ ᠢ ᠰᠦᠪᠡᠭᠴᠢᠯᠡᠨ ᠦᠷᠭᠡᠳᠬᠡᠬᠦ᠂ ᠠᠵᠢᠯ ᠤᠯᠭᠤᠬᠤ ᠶᠢ ᠤᠳᠤᠷᠢᠳᠬᠤ ᠠᠵᠢᠯᠯᠠᠭ᠎ᠠ ᠶᠢ | ᠢᠳᠡᠪᠬᠢᠯᠡᠨ ᠦᠷᠨᠢᠭᠦᠯᠬᠦ᠂ ᠠᠵᠢᠯ ᠮᠡᠷᠭᠡᠵᠢᠯ ᠲᠠᠨᠢᠯᠴᠠᠭᠤᠯᠬᠤ᠂ ᠳᠠᠬᠢᠨ ᠠᠵᠢᠯ ᠤᠯᠭᠤᠯᠲᠠ ᠶᠢᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ | ᠂ ᠠᠮᠢᠳᠤᠯᠢᠭ ᠢᠶᠠᠷ ᠠᠵᠢᠯᠯᠠᠳᠠᠭ ᠬᠦᠮᠦᠰ ᠲᠤ ᠲᠠᠬᠢᠨ ᠠᠵᠢᠯ ᠤᠯᠭᠤᠬᠤ ᠦᠢᠯᠡᠴᠢᠯᠡᠭᠡ ᠬᠠᠩᠭᠠᠬᠤ︔ ᠠᠵᠤ ᠠᠬᠤᠶᠢᠯᠠᠯ ᠢ ᠤᠳᠤᠷᠢᠳᠤᠨ᠂ ᠠᠵᠢᠯ ᠳᠤ ᠪᠠᠶᠢᠭ᠎ᠠ | ᠠᠵᠢᠯᠲᠠᠨ ᠳᠤ ᠪᠠᠨ ᠠᠵᠢᠯ ᠮᠡᠷᠭᠡᠵᠢᠯ ᠤᠨ ᠪᠤᠯᠪᠠᠰᠤᠷᠠᠯ ᠡᠷᠬᠢᠯᠡᠵᠦ᠂ ᠬᠠᠷᠢᠶ᠎ᠠ ᠤᠷᠤᠨ ᠳᠠᠬᠢ ᠬᠦᠳᠡᠯᠮᠦᠷᠢ ᠬᠦᠴᠦᠨ ᠤ ᠠᠵᠢᠯ ᠮᠡᠷᠭᠡᠵᠢᠯ ᠤᠨ ᠪᠤᠯᠪᠠᠰᠤᠷᠠᠯ ᠤᠨ | ᠠᠵᠢᠯ ᠢ ᠨᠢᠭᠡᠳᠦᠯᠲᠡᠢ ᠲᠦᠯᠦᠪᠯᠡᠨ ᠬᠠᠮᠢᠶᠠᠷᠴᠤ᠂ ᠠᠵᠤ ᠠᠬᠤᠶᠢᠯᠠᠯ ᠤᠨ ᠠᠵᠢᠯ ᠠᠯᠳᠠᠭᠰᠠᠳ ᠪᠤᠯᠤᠨ ᠰᠢᠨ᠎ᠡ ᠪᠠᠷ ᠪᠦᠷᠢᠯᠳᠦᠭᠰᠡᠨ ᠬᠦᠳᠡᠯᠮᠦᠷᠢ ᠬᠦᠴᠦ ᠳᠤ ᠠᠵᠢᠯ | ᠮᠡᠷᠭᠡᠵᠢᠯ ᠤᠨ ᠪᠤᠯᠪᠠᠰᠤᠷᠠᠯ ᠬᠦᠷᠲᠡᠭᠡᠬᠦ ᠠᠵᠢᠯ ᠢ ᠵᠤᠬᠢᠶᠠᠨ ᠪᠠᠶᠢᠭᠤᠯᠬᠤ︔ ᠬᠠᠷᠢᠶ᠎ᠠ ᠤᠷᠤᠨ ᠳᠠᠬᠢ ᠤᠶᠤᠲᠠᠳ ᠤᠨ ᠦᠢᠯᠡᠰ ᠪᠤᠰᠬᠠᠬᠤ ᠶᠢ ᠤᠳᠤᠷᠢᠳᠤᠨ ᠳᠡᠮᠵᠢᠬᠦ | ᠠᠵᠢᠯ ᠢ ᠦᠷᠨᠢᠭᠦᠯᠬᠦ︔ ᠪᠠᠭ᠎ᠠ ᠲᠤᠭᠠᠨ ᠤ ᠪᠠᠲᠤᠯᠠᠭᠠᠲᠤ ᠵᠢᠭᠡᠯᠡᠯᠭᠡ ᠶᠢᠨ ᠠᠵᠢᠯ ᠢ ᠬᠠᠷᠢᠭᠤᠴᠠᠬᠤ︔ ᠬᠦᠳᠡᠯᠮᠦᠷᠢ ᠬᠦᠴᠦᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠂ ᠬᠦᠮᠦᠨ ᠬᠡᠷᠡᠭᠯᠡᠬᠦ ᠪᠠᠶᠢᠭᠤᠯᠭ᠎ᠠ ᠨᠢᠭᠡᠴᠡ ᠪᠤᠯᠤᠨ ᠠᠵᠢᠯᠲᠠᠨ ᠠᠵᠢᠯᠴᠢᠨ ᠤ ᠬᠦᠳᠡᠯᠮᠦᠷᠢ ᠶᠢᠨ ᠭᠡᠷ᠎ᠡ ᠲᠤᠭᠲᠠᠬᠤ ᠶᠢ ᠬᠢᠨᠠᠨ ᠤᠳᠤᠷᠢᠳᠬᠤ︔ | ᠬᠦᠳᠡᠯᠮᠦᠷᠢ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂ ᠬᠦᠮᠦᠨ ᠬᠡᠷᠡᠭᠯᠡᠬᠦ ᠪᠠᠶᠢᠭᠤᠯᠭ᠎ᠠ ᠨᠢᠭᠡᠴᠡ ᠳᠤ ᠬᠠᠮᠤᠭ ᠤᠨ ᠳᠤᠤᠷ᠎ᠠ ᠴᠠᠯᠢᠩ ᠢ | ᠪᠠᠲᠤᠯᠠᠬᠤ ᠪᠠᠲᠤᠯᠠᠭ᠎ᠠ ᠶᠢᠨ ᠳᠦᠷᠢᠮ ᠪᠤᠯᠤᠨ ᠴᠠᠯᠢᠩ ᠤᠨ ᠰᠢᠨᠵᠢᠲᠦ ᠵᠠᠷᠤᠯᠭ᠎ᠠ ᠶᠢᠨ ᠳᠦᠷᠢᠮ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ︔ ᠡᠮᠴᠢᠯᠡᠭᠡᠨ ᠤ | ᠳᠠᠭᠠᠳᠬᠠᠯ᠂ ᠬᠤᠲᠠ ᠬᠦᠳᠡᠭᠡ ᠶᠢᠨ ᠬᠤᠷᠰᠢᠭᠰᠠᠨ ᠡᠮᠨᠡᠯᠭᠡ ᠪᠤᠯᠤᠨ ᠬᠤᠲᠠ ᠬᠦᠳᠡᠭᠡ ᠶᠢᠨ ᠨᠢᠭᠡᠳᠦᠯᠲᠡᠢ ᠲᠦᠯᠦᠪᠯᠡᠭᠡ ᠶᠢ ᠬᠠᠷᠢᠭᠤᠴᠠᠬᠤ︔ ᠳᠡᠭᠡᠷ᠎ᠡ ᠱᠠᠲᠤᠨ ᠤ | ᠬᠦᠳᠡᠯᠮᠦᠷᠢ ᠬᠦᠴᠦᠨ ᠤ ᠬᠢᠨᠠᠨ ᠪᠠᠶᠢᠴᠠᠭᠠᠬᠤ ᠰᠠᠯᠠᠭ᠎ᠠ ᠮᠦᠴᠢᠷ ᠠᠴᠠ ᠬᠠᠷᠢᠶ᠎ᠠ ᠤᠷᠤᠨ ᠳᠠᠬᠢ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠦᠷᠢ ᠬᠦᠴᠦᠨ ᠤ | ᠪᠠᠲᠤᠯᠠᠭ᠎ᠠ ᠶᠢᠨ ᠬᠠᠤᠯᠢ ᠴᠠᠭᠠᠵᠠ᠂ ᠳᠦᠷᠢᠮ ᠲᠤᠭᠲᠠᠭᠠᠯ᠂ ᠲᠦᠷᠦ ᠶᠢᠨ ᠪᠤᠳᠤᠯᠭ᠎ᠠ ᠶᠢ ᠵᠢᠷᠤᠮᠯᠠᠨ ᠰᠠᠬᠢᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢ ᠬᠠᠷᠢᠭᠤᠴᠠᠬᠤ︔ ᠦᠨᠳᠦᠰᠦᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂ ᠠᠵᠢᠯ ᠡᠷᠢᠬᠦ ᠳᠠᠩᠰᠠᠯᠠᠯᠲᠠ᠂ ᠠᠵᠢᠯ ᠮᠡᠷᠭᠡᠵᠢᠯ ᠤᠨ | ᠪᠤᠯᠪᠠᠰᠤᠷᠠᠯ᠂ ᠠᠵᠢᠯ ᠤᠯᠭᠤᠨ ᠳᠦᠪᠬᠢᠨᠡᠭᠦᠯᠬᠦ᠂ ᠨᠡᠶᠢᠬᠡᠮ ᠤᠨ ᠳᠠᠭᠠᠳᠬᠠᠯ ᠵᠡᠷᠭᠡ ᠡᠯ᠎ᠡ ᠲᠦᠷᠦᠯ ᠤᠨ ᠠᠵᠢᠯ ᠤᠨ ᠲᠤᠭ᠎ᠠ ᠪᠠᠷᠢᠮᠲᠠ ᠶᠢᠨ ᠬᠦᠮᠦᠷᠬᠡ ᠪᠠᠶᠢᠭᠤᠯᠬᠤ︔ | ᠬᠦᠳᠡᠯᠮᠦᠷᠢ ᠶᠢᠨ ᠪᠠᠲᠤᠯᠠᠭ᠎ᠠ ᠶᠢᠨ ᠠᠵᠢᠯ ᠯᠤᠭ᠎ᠠ ᠬᠤᠯᠪᠤᠭᠳᠠᠬᠤ ᠪᠠᠶᠢᠴᠠᠭᠠᠯᠲᠠ ᠪᠠ ᠪᠦᠷᠢᠳᠬᠡᠯ ᠤᠨ ᠠᠵᠢᠯ ᠢ ᠰᠠᠶᠢᠲᠤᠷ ᠬᠢᠵᠦ᠂ ᠳᠡᠭᠡᠷ᠎ᠡ ᠱᠠᠲᠤᠨ ᠤ | ᠬᠦᠳᠡᠯᠮᠦᠷᠢ ᠶᠢᠨ ᠪᠠᠲᠤᠯᠠᠭ᠎ᠠ ᠶᠢᠨ ᠰᠠᠯᠠᠭ᠎ᠠ ᠮᠦᠴᠢᠷ ᠤᠨ ᠨᠠᠶᠢᠳᠠᠨ ᠲᠤᠰᠢᠶᠠᠭᠰᠠᠨ ᠪᠤᠰᠤᠳ ᠬᠦᠳᠡᠯᠮᠦᠷᠢ ᠶᠢᠨ ᠪᠠᠲᠤᠯᠠᠭ᠎ᠠ ᠶᠢᠨ ᠠᠵᠢᠯ ᠲᠦᠷᠦᠯ ᠢ ᠭᠦᠢᠴᠡᠳᠬᠡᠨ | ᠪᠡᠶᠡᠯᠡᠬᠦᠯᠬᠦ ᠵᠡᠷᠭᠡ ᠡᠭᠦᠷᠭᠡ ᠴᠢᠳᠠᠮᠵᠢ ᠲᠠᠢ᠃ | ᠴᠤᠩᠬᠤᠪᠴᠢ ᠳᠠᠬᠢ ᠭᠦᠢᠴᠡᠳᠬᠡᠬᠦ ᠠᠵᠢᠯ ᠲᠦᠷᠦᠯ᠄ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠬᠤᠲᠠ ᠪᠠᠯᠭᠠᠰᠤᠨ ᠤ | ᠠᠵᠢᠯ ᠦᠭᠡᠢ ᠰᠠᠭᠤᠭᠠᠯᠢ ᠢᠷᠭᠡᠳ ᠤᠨ ᠡᠮᠨᠡᠯᠭᠡ ᠶᠢᠨ ᠳᠠᠭᠠᠳᠬᠠᠯ᠂ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠳᠠᠭᠠᠳᠬᠠᠯ᠂“4050”ᠠᠵᠢᠯ | ᠠᠯᠳᠠᠭᠰᠠᠳ ᠤᠨ ᠨᠡᠶᠢᠬᠡᠮ ᠤᠨ ᠳᠠᠭᠠᠳᠬᠠᠯ ᠪᠤᠯᠤᠨ ᠳᠡᠳᠬᠦᠪᠦᠷᠢ ᠳᠤ ᠭᠠᠷᠤᠭᠰᠠᠳ ᠤᠨ ᠬᠤᠷᠤᠭᠤᠨ ᠤᠷᠤᠮ ᠢ ᠴᠤᠭᠯᠠᠭᠤᠯᠬᠤ᠂ ᠭᠡᠷᠡᠴᠢᠯᠡᠬᠦ ᠳᠠᠩᠰᠠᠯᠠᠯᠲᠠ ᠬᠢᠬᠦ | ᠪᠠ ᠦᠢᠯᠡᠰ ᠪᠦᠲᠦᠭᠡᠬᠦ ᠮᠡᠷᠭᠡᠵᠢᠯ ᠤᠨ ᠪᠤᠯᠪᠠᠰᠤᠷᠠᠯ᠂ ᠭᠡᠷ ᠠᠬᠤᠢ ᠶᠢᠨ ᠦᠢᠯᠡᠴᠢᠯᠡᠭᠡᠨ ᠤ ᠪᠤᠯᠪᠠᠰᠤᠷᠠᠯ ᠵᠡᠷᠭᠡ ᠶᠢᠨ ᠳᠠᠩᠰᠠᠯᠠᠯᠲᠠ ᠬᠢᠬᠦ᠂ ᠪᠠᠭ᠎ᠠ ᠲᠤᠭᠠᠨ ᠤ | ᠪᠠᠲᠤᠯᠠᠭᠠᠲᠤ ᠵᠢᠭᠡᠯᠡᠯᠭᠡ ᠶᠢ ᠡᠷᠡᠮᠡᠯᠵᠡᠯᠡᠬᠦ ᠪᠤᠯᠤᠨ ᠳᠠᠷᠬᠠᠭᠠᠬᠤ ᠠᠵᠢᠯ ᠢ ᠭᠦᠢᠴᠡᠳᠬᠡᠬᠦ᠃ | ⑷ᠡᠭᠦᠷᠭᠡ ᠴᠢᠳᠠᠮᠵᠢᠲᠤ ᠰᠠᠯᠠᠭ᠎ᠠ ᠮᠦᠴᠢᠷ ᠤᠨ ᠳᠤᠷᠤᠭᠰᠢ ᠲᠠᠯᠪᠢᠭᠰᠠᠨ ᠦᠢᠯᠡᠴᠢᠯᠡᠭᠡᠨ ᠤ ᠴᠤᠩᠬᠤᠪᠴᠢ | ᠲᠤᠭᠤᠷᠢᠭ ᠤᠨ ᠰᠢᠭᠤᠳ ᠬᠠᠷᠢᠶᠠᠲᠤ ᠰᠠᠯᠠᠭ᠎ᠠ ᠮᠦᠴᠢᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠠᠭᠤᠯᠭᠠᠵᠤ ᠲᠠᠯᠪᠢᠭᠰᠠᠨ ᠬᠢᠨᠠᠨ | ᠵᠦᠪᠰᠢᠶᠡᠷᠡᠬᠦ ᠡᠷᠬᠡ ᠵᠢᠴᠢ ᠡᠯ᠎ᠡ ᠲᠦᠷᠦᠯ ᠤᠨ ᠪᠤᠰᠤᠳ ᠶᠠᠪᠤᠳᠠᠯ ᠵᠦᠢᠯᠡᠰ ᠤᠳ ᠢ ᠭᠦᠢᠴᠡᠳᠬᠡᠬᠦ ᠪᠠᠷ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ | ᠤ ᠨᠢᠭᠡᠳᠦᠯᠲᠡᠢ ᠱᠠᠭᠠᠷᠳᠠᠯᠭ᠎ᠠ ᠶᠤᠰᠤᠭᠠᠷ ᠦᠢᠯᠡᠴᠢᠯᠡᠭᠡᠨ ᠤ ᠴᠤᠩᠬᠤᠪᠴᠢ ᠪᠠᠶᠢᠭᠤᠯᠵᠤ᠂ ᠦᠢᠯᠡᠴᠢᠯᠡᠭᠡᠨ ᠤ ᠡᠭᠦᠷᠭᠡ ᠴᠢᠳᠡᠮᠵᠢ ᠶᠢ ᠭᠦᠢᠴᠡᠳᠬᠡᠨ᠎ᠡ᠃ | ⒋ ᠨᠡᠶᠢᠬᠡᠮ ᠤᠨ ᠦᠢᠯᠡᠴᠢᠯᠡᠭᠡᠨ ᠤ ᠲᠦᠪ᠃ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠤᠯ ᠤᠨ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ᠂ ᠬᠤᠲᠠ ᠶᠢᠨ ᠬᠠᠮᠢᠶᠠᠷᠤᠯᠲᠠ ᠶᠢᠨ | ᠠᠯᠪᠠᠨ ᠭᠡᠷ᠂ ᠰᠤᠶᠤᠯ ᠤᠨ ᠦᠷᠲᠡᠭᠡ ᠶᠢ ᠨᠡᠶᠢᠯᠡᠭᠦᠯᠦᠭᠡᠳ ᠨᠡᠶᠢᠬᠡᠮ ᠤᠨ ᠦᠢᠯᠡᠴᠢᠯᠡᠭᠡᠨ ᠤ ᠲᠦᠪ ᠢ ᠪᠠᠶᠢᠭᠤᠯᠵᠤ᠂ ᠭᠤᠤᠯᠳᠠᠭᠤ ᠨᠡᠶᠢᠬᠡᠮ ᠤᠨ ᠰᠢᠨᠵᠢᠲᠡᠢ | ᠦᠢᠯᠡᠴᠢᠯᠡᠭᠡ ᠬᠠᠩᠭᠠᠬᠤ᠂ ᠰᠠᠭᠤᠭᠠᠯᠢ ᠢᠷᠭᠡᠳ ᠲᠤ ᠦᠢᠯᠡᠴᠢᠯᠡᠭᠡ ᠬᠠᠩᠭᠠᠬᠤ᠂ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢ ᠪᠠᠶᠢᠭᠤᠯᠬᠤ᠂ ᠨᠡᠶᠢᠬᠡᠮ ᠤᠨ | ᠦᠢᠯᠡᠴᠢᠯᠡᠭᠡ ᠶᠢ ᠬᠤᠳᠠᠯᠳᠤᠨ ᠠᠪᠬᠤ᠂ ᠰᠠᠭᠤᠭᠠᠯᠢ ᠠᠷᠠᠳ ᠤᠨ ᠦᠪᠡᠷ ᠢ ᠪᠠᠨ ᠦᠪᠡᠷᠲᠡᠭᠡᠨ ᠬᠠᠮᠢᠶᠠᠷᠬᠤ ᠶᠢ ᠠᠬᠢᠭᠤᠯᠤᠨ᠎ᠠ ᠃ ᠭᠤᠤᠯ ᠡᠭᠦᠷᠭᠡ ᠴᠢᠳᠠᠮᠵᠢ ᠨᠢ᠄ | ᠲᠤᠰ ᠵᠡᠭᠡᠯᠢ ᠭᠤᠳᠤᠮᠵᠢ ᠨᠡᠶᠢᠬᠡᠮ ᠲᠤᠭᠤᠷᠢᠭ ᠤᠨ ᠪᠦᠲᠦᠭᠡᠨ ᠪᠠᠶᠢᠤᠯᠤᠯᠲᠠ ᠶᠢᠨ ᠠᠵᠢᠯ ᠢ ᠬᠠᠷᠢᠭᠤᠴᠠᠨ᠂ ᠨᠡᠶᠢᠬᠡᠮ ᠲᠤᠭᠤᠷᠢᠭ ᠤᠨ ᠪᠦᠲᠦᠭᠡᠨ ᠪᠠᠶᠢᠤᠯᠤᠯᠲᠠ | ᠶᠢᠨ ᠠᠵᠢᠯ ᠤᠨ ᠬᠦᠭᠵᠢᠭᠦᠯᠦᠯᠲᠡ ᠶᠢᠨ ᠲᠦᠯᠦᠪᠯᠡᠭᠡ ᠶᠢ ᠲᠤᠭᠤᠷᠪᠢᠨ ᠲᠤᠭᠲᠠᠭᠠᠵᠤ᠂ ᠨᠡᠶᠢᠬᠡᠮ ᠲᠤᠭᠤᠷᠢᠭ ᠤᠨ ᠺᠠᠳ᠋ᠷ ᠠᠵᠢᠯᠲᠠᠳ ᠤᠨ ᠪᠤᠯᠪᠠᠰᠤᠷᠠᠯ ᠪᠤᠯᠤᠨ | ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠬᠠᠮᠢᠠᠶ᠋ᠷᠤᠯᠲᠠ ᠶᠢᠨ ᠠᠵᠢᠯ᠂ ᠰᠠᠭᠤᠭᠠᠯᠢ ᠠᠷᠠᠳ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠢ ᠵᠤᠬᠢᠶᠠᠨ | ᠪᠠᠶᠢᠭᠤᠯᠤᠨ ᠤᠳᠤᠷᠢᠳᠴᠤ᠂ ᠦᠨᠳᠦᠰᠦᠨ ᠱᠠᠲᠤᠨ ᠤ ᠠᠷᠠᠳᠴᠢᠯᠠᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠨᠡᠶᠢᠬᠡᠮ ᠲᠤᠭᠤᠷᠢᠭ ᠤᠨ | ᠰᠠᠭᠠᠤᠭᠠᠯᠢ ᠠᠷᠠᠳ ᠤᠨ ᠵᠦᠪᠯᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠨᠡᠶᠢᠬᠡᠮ ᠲᠤᠭᠤᠷᠢᠭ ᠤᠨ ᠰᠠᠭᠠᠤᠭᠠᠯᠢ ᠠᠷᠠᠳ ᠤᠨ ᠵᠦᠪᠯᠡᠯ | ᠤᠨ ᠭᠡᠰᠢᠭᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠨᠡᠶᠢᠬᠡᠮ ᠲᠤᠭᠤᠷᠢᠭ ᠤᠨ ᠰᠠᠭᠠᠤᠭᠠᠯᠢ ᠠᠷᠠᠳ ᠤᠨ ᠭᠡᠰᠢᠭᠦᠳ ᠤᠨ ᠨᠡᠶᠢᠬᠡᠮ ᠤᠨ | ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢ ᠵᠤᠬᠢᠶᠠᠨ ᠪᠠᠶᠢᠭᠤᠯᠤᠨ ᠤᠳᠤᠷᠢᠳᠤᠨ᠎ᠠ︔ ᠵᠡᠭᠡᠯᠢ ᠭᠤᠳᠤᠮᠵᠢ ᠶᠢᠨ ᠰᠠᠭᠤᠭᠠᠯᠢ ᠠᠷᠠᠳ ᠤᠨ ᠨᠡᠶᠢᠬᠡᠮ ᠤᠨ ᠠᠪᠤᠷᠠᠨ | ᠲᠤᠰᠠᠯᠠᠬᠤ ᠡᠲᠡᠭᠡᠳ ᠢ ᠪᠠᠶᠢᠴᠠᠭᠠᠬᠤ᠂ ᠮᠡᠳᠡᠭᠦᠯᠬᠦ ᠪᠠ ᠠᠪᠤᠷᠠᠨ ᠲᠤᠰᠠᠯᠠᠬᠤ ᠪᠡᠯᠡ ᠮᠦᠩᠭᠦ ᠶᠢ ᠲᠠᠷᠬᠠᠭᠠᠬᠤ ᠵᠡᠷᠭᠡ ᠠᠵᠢᠯ ᠢ ᠬᠠᠷᠢᠭᠤᠴᠠᠨ᠎ᠠ︔ ᠨᠡᠶᠢᠬᠡᠮ ᠤᠨ | ᠵᠤᠬᠢᠶᠠᠨ ᠪᠠᠶᠢᠭᠤᠯᠤᠯᠲᠠ ᠶᠢ ᠪᠠᠶᠢᠭᠤᠯᠬᠤ᠂ ᠰᠠᠭᠤᠭᠠᠯᠢ ᠠᠷᠠᠳ ᠤᠨ ᠠᠵᠢᠯᠯᠠᠭ᠎ᠠ ᠦᠷᠨᠢᠭᠦᠯᠬᠦ᠂ ᠰᠠᠭᠤᠭᠠᠯᠢ ᠠᠷᠠᠳ ᠤᠨ ᠲᠤᠰᠬᠠᠬᠭᠰᠠᠨ ᠠᠰᠠᠭᠤᠳᠠᠯ ᠢ ᠲᠡᠮᠲᠡᠭᠯᠡᠨ | ᠴᠤᠭᠯᠠᠭᠤᠯᠵᠤ᠂ ᠲᠦᠷᠦᠯ ᠠᠩᠭᠢᠯᠠᠵᠤ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ︔ ᠤᠯᠤᠰ ᠢᠶᠠᠨ ᠬᠠᠶᠢᠷᠠᠯᠠᠬᠤ᠂ ᠢᠳᠡᠭᠡᠨ ᠤ ᠠᠮᠤᠷ ᠲᠦᠪᠰᠢᠨ ᠤ ᠠᠵᠢᠯ᠂ | ᠭᠠᠵᠠᠷ ᠲᠠᠲᠠᠪᠤᠷᠢᠯᠠᠨ ᠬᠠᠭᠤᠴᠢᠨ ᠭᠡᠷ ᠪᠠᠶᠢᠰᠢᠩ ᠢ ᠨᠤᠷᠠᠭᠠᠬᠤ᠂ ᠲᠤᠭᠠᠵᠢᠭᠤᠯᠤᠭᠰᠠᠨ ᠬᠤᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠰᠠᠭᠤᠭᠠᠯᠢ | ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠬᠢᠨᠠᠯᠲᠠ ᠶᠢᠨ ᠠᠵᠢᠯ ᠢ ᠬᠠᠷᠢᠭᠤᠴᠠᠨ᠎ᠠ︔ ᠲᠤᠰ ᠵᠡᠭᠡᠯᠢ ᠭᠤᠳᠤᠮᠵᠢ ᠶᠢᠨ ᠬᠤᠲᠠ ᠶᠢᠨ ᠪᠠᠶᠢᠭᠤᠯᠤᠯᠲᠠ᠂ | ᠤᠷᠴᠢᠨ ᠠᠬᠤᠢ ᠶᠢᠨ ᠬᠠᠮᠠᠭᠠᠯᠠᠯᠲᠠ᠂ ᠭᠡᠷ ᠪᠠᠶᠢᠰᠢᠩ ᠤᠨ ᠬᠠᠮᠢᠶᠠᠷᠤᠯᠲᠠ᠂ ᠬᠢᠵᠢᠭ ᠤᠨ ᠰᠡᠷᠭᠡᠶᠢᠯᠡᠯᠲᠡ ᠵᠡᠷᠭᠡ ᠠᠷᠠᠳ ᠲᠦᠮᠡᠨ ᠤ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠪᠤᠯᠤᠨ ᠪᠠᠶᠢᠳᠠᠯ ᠢ ᠴᠠᠭ ᠢᠮᠠᠭᠲᠠ ᠡᠵᠡᠮᠳᠡᠵᠦ᠂ ᠳᠡᠭᠡᠭᠰᠢ ᠮᠡᠳᠡᠭᠦᠯᠦᠨ᠎ᠡ︔ ᠬᠤᠲᠠ ᠶᠢᠨ ᠶᠡᠷᠦᠩᠬᠡᠶᠢᠯᠡᠭᠰᠡᠨ ᠵᠠᠰᠠᠯᠲᠠ ᠢ ᠰᠠᠶᠢᠲᠤᠷ ᠠᠳᠬᠤᠵᠤ᠂ | ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ︔ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠪᠤᠯᠤᠨ ᠬᠠᠷᠢᠶ᠎ᠠ ᠤᠷᠤᠨ | ᠳᠠᠬᠢ ᠬᠤᠲᠠ ᠶᠢᠨ ᠭᠠᠯ ᠤᠨ ᠠᠶᠤᠯ᠂ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠢ ᠬᠠᠷᠢᠭᠤᠴᠠᠨ᠎ᠠ︔ ᠬᠠᠪᠤᠷ ᠨᠠᠮᠤᠷ ᠤᠨ ᠤᠯᠠᠷᠢᠯ ᠳᠠᠬᠢ ︽ᠳᠦᠷᠪᠡᠨ | ᠬᠤᠤᠷᠲᠠᠨ︾ ᠢ ᠤᠰᠠᠳᠬᠠᠬᠤ ᠠᠵᠢᠯ ᠢ ᠰᠠᠶᠢᠲᠤᠷ ᠠᠳᠬᠤᠵᠤ᠂ ᠰᠠᠭᠤᠭᠠᠯᠢ ᠠᠷᠠᠳ ᠤᠨ ᠡᠷᠡᠭᠦᠯ ᠡᠩᠬᠡ ᠶᠢᠨ ᠬᠦᠮᠦᠵᠢᠯ ᠢ ᠴᠢᠩᠭᠠᠳᠬᠠᠨ᠎ᠠ︔ ᠬᠠᠷᠢᠶ᠎ᠠ ᠤᠷᠤᠨ | ᠳᠠᠬᠢ ᠤᠯᠠᠨ ᠲᠦᠮᠡᠨ ᠤ ᠲᠠᠮᠢᠷ ᠤᠷᠠᠯᠢᠭ ᠤᠨ ᠬᠦᠳᠡᠯᠭᠡᠭᠡᠨ ᠢ ᠵᠤᠬᠢᠶᠠᠨ ᠪᠠᠶᠢᠭᠤᠯᠤᠨ᠎ᠠ︔ ᠤᠯᠠᠨ ᠲᠦᠮᠡᠨ ᠤ ᠰᠤᠶᠤᠯ ᠤᠨ ᠠᠵᠢᠯ ᠤᠨ ᠤᠨᠤᠯ ᠤᠨ ᠰᠤᠳᠤᠯᠭᠠᠨ | ᠪᠤᠯᠤᠨ ᠠᠷᠠᠳ ᠤᠨ ᠳᠤᠮᠳᠠᠬᠢ ᠰᠤᠶᠤᠯ ᠤᠨ ᠰᠤᠯᠢᠯᠴᠠᠭ᠎ᠠ ᠶᠢ ᠦᠷᠨᠢᠭᠦᠯᠦᠨ᠎ᠡ︔ ᠨᠤᠮ ᠤᠩᠰᠢᠬᠤ ᠬᠦᠳᠡᠯᠭᠡᠭᠡᠨ ᠪᠤᠯᠤᠨ ᠪᠤᠰᠤᠳ ᠤᠯᠠᠨ ᠲᠦᠷᠦᠯ ᠤᠨ ᠳᠡᠯᠭᠡᠨ | ᠦᠵᠡᠭᠦᠯᠦᠯᠭᠡ᠂ ᠬᠢᠴᠢᠶᠡᠯ ᠲᠠᠶᠢᠯᠦᠮᠵᠢ᠂ ᠪᠤᠯᠪᠠᠰᠤᠷᠠᠯ ᠵᠡᠷᠭᠡ ᠶᠢ ᠦᠷᠨᠢᠭᠦᠯᠵᠦ᠂ ᠰᠢᠨᠵᠢᠯᠡᠬᠦ ᠤᠬᠠᠭᠠᠨ ᠰᠤᠶᠤᠯ ᠤᠨ ᠮᠡᠳᠡᠯᠭᠡ ᠶᠢ ᠲᠦᠭᠡᠮᠡᠯᠵᠢᠭᠦᠯᠦᠨ᠂ ᠤᠯᠠᠨ | ᠲᠦᠮᠡᠨ ᠤ ᠰᠤᠶᠤᠯ ᠤᠨ ᠲᠦᠪᠰᠢᠨ ᠢ ᠳᠡᠭᠡᠭᠰᠢᠯᠡᠭᠦᠯᠦᠨ᠎ᠡ︔ ᠨᠡᠭᠦᠳᠡᠯ ᠰᠤᠶᠤᠯ ᠤᠨ ᠦᠢᠯᠡᠴᠢᠯᠡᠭᠡ ᠶᠢ ᠬᠠᠩᠭᠠᠨ᠎ᠠ︔ ᠠᠷᠠᠳ ᠤᠨ ᠳᠤᠮᠳᠠᠬᠢ ᠰᠤᠶᠤᠯ ᠤᠨ | ᠦᠯᠡᠳᠡᠭᠳᠡᠯ ᠢ ᠴᠤᠭᠯᠠᠭᠠᠯᠤᠨ ᠬᠠᠳᠠᠭᠠᠯᠠᠵᠤ ᠬᠠᠮᠠᠭᠠᠯᠠᠨ᠎ᠠ︔ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠢ ᠪᠠᠶᠢᠴᠭᠠᠨ ᠰᠤᠳᠤᠯᠵᠤ᠂ ᠳᠡᠯᠭᠡᠨ ᠦᠵᠡᠭᠦᠯᠦᠨ᠂ | ᠰᠤᠷᠲᠠᠯᠴᠢᠯᠠᠨ ᠤᠯᠠᠮᠵᠢᠯᠠᠵᠤ᠂ ᠰᠤᠶᠤᠯ ᠤᠨ ᠤᠯᠠᠮᠵᠢᠯᠠᠭᠴᠢ ᠶᠢ ᠳᠠᠭᠠᠭᠤᠯᠤᠨ ᠤᠳᠤᠷᠢᠳᠤᠳᠴᠤ ᠰᠤᠷᠤᠯᠴᠠᠬᠤ ᠠᠵᠢᠯᠯᠠᠭ᠎ᠠ ᠦᠷᠨᠢᠭᠦᠯᠦᠨ᠎ᠡ︔ ᠤᠷᠤᠨ ᠨᠤᠲᠤᠭ | ᠤᠨ ᠲᠡᠦᠬᠡ ᠶᠢᠨ ᠳᠤᠷᠠᠰᠬᠠᠯᠲᠤ ᠪᠤᠳᠠᠰ ᠢ ᠬᠠᠮᠢᠶᠠᠷᠤᠨ ᠬᠠᠮᠠᠭᠠᠯᠠᠬᠤ ᠪᠠ ᠰᠤᠷᠲᠠᠯᠴᠢᠯᠠᠬᠤ ᠠᠵᠢᠯ ᠢ ᠰᠠᠶᠢᠲᠤᠷ ᠬᠢᠨ᠎ᠡ︔ ᠲᠤᠭᠤᠷᠢᠭ ᠤᠨ ᠬᠤᠯᠪᠤᠭᠳᠠᠯ ᠪᠦᠬᠦᠢ | ᠡᠷᠬᠡ ᠲᠤᠰᠢᠶᠠᠯᠲᠤ ᠰᠠᠯᠠᠭ᠎ᠠ ᠮᠦᠴᠢᠷ ᠤᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ ᠪᠡᠶᠡᠯᠡᠭᠦᠯᠦᠨ᠎ᠡ᠃ ᠵᠢᠱᠢᠨ ᠲᠤᠭᠲᠠᠭᠠᠭᠰᠠᠨ ᠠᠵᠢᠯᠴᠢᠨ ᠤ ᠲᠤᠭ᠎ᠠ 8 | ᠨᠡᠷᠡᠰ᠃ ︵ᠡᠷᠬᠢᠯᠡᠭᠴᠢ 1 ᠨᠡᠷᠡᠰ᠂ ᠳᠡᠳ᠋ ᠡᠷᠬᠢᠯᠡᠭᠴᠢ 1 ᠨᠡᠷᠡᠰ︶᠃ | ⒌ᠬᠢᠨᠡᠨ ᠡᠵᠡᠮᠳᠡᠵᠦ ᠲᠤᠬᠢᠷᠠᠭᠤᠯᠤᠯᠲᠠ ᠬᠢᠬᠦ ᠰᠤᠷᠠᠭ ᠵᠠᠩᠬᠢ ᠶᠢᠨ ᠳᠠᠪᠴᠠᠩ᠃ | ᠤᠳᠤᠬᠢᠴᠢᠯᠠᠭᠰᠠᠨ ᠰᠤᠷᠠᠭ ᠵᠠᠩᠬᠢ ᠶᠢᠨ ᠮᠡᠷᠭᠡᠵᠢᠯ ᠢ ᠠᠰᠢᠭᠯᠠᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ ᠰᠠᠭᠤᠭᠠᠯᠢ ᠲᠤᠭᠤᠷᠢᠭ ᠤᠨ | ᠡᠯ᠎ᠡ ᠲᠦᠷᠦᠯ ᠤᠨ ᠠᠵᠢᠯ ᠢ ᠪᠦᠲᠦᠮᠵᠢᠲᠡᠢ ᠬᠢᠨᠠᠨ ᠡᠵᠡᠮᠳᠡᠵᠦ ᠳᠡᠶᠢᠯᠬᠦ ᠰᠤᠷᠠᠭ ᠵᠠᠩᠬᠢᠴᠢᠯᠠᠯᠲᠠ ᠶᠢᠨ ᠡᠵᠡᠮᠳᠡᠨ ᠲᠤᠬᠢᠷᠠᠭᠤᠯᠬᠤ ᠳᠠᠪᠴᠠᠩ ᠢ ᠪᠠᠶᠢᠭᠤᠯᠵᠤ᠂ | ᠲᠤᠭᠤᠷᠢᠭ ᠤᠨ ᠳᠠᠪᠴᠠᠩ ᠲᠠᠢ ᠬᠤᠯᠪᠤᠨ᠎ᠠ᠃ ᠭᠤᠤᠯ ᠡᠭᠦᠷᠭᠡ ᠴᠢᠳᠠᠮᠵᠢ ᠨᠢ᠄ ᠡᠯ᠎ᠡ ᠲᠦᠷᠦᠯ ᠤᠨ ᠠᠵᠢᠯ ᠳᠤ ᠪᠦᠬᠦ ᠲᠠᠯ᠎ᠠ ᠶᠢᠨ ᠬᠢᠨᠠᠨ ᠡᠵᠡᠮᠰᠢᠯ ᠶᠠᠪᠤᠭᠤᠯᠵᠤ᠂ | ᠰᠢᠨᠵᠢᠯᠡᠬᠦ ᠤᠬᠠᠭᠠᠨᠴᠢ ᠲᠤᠬᠢᠷᠠᠭᠤᠯᠤᠯᠲᠠ ᠬᠢᠵᠦ᠂ ᠲᠤᠭᠠᠵᠢᠭᠤᠯᠤᠭᠰᠠᠨ ᠬᠢᠨᠠᠨ ᠬᠠᠷᠭᠤᠭᠤᠯᠲᠠ ᠬᠢᠵᠦ᠂ ᠲᠤᠭᠤᠷᠢᠭ ᠤᠨ ᠰᠤᠷᠠᠭ ᠵᠠᠩᠬᠢ ᠶᠢᠨ ᠲᠠᠪᠴᠠᠩ ᠲᠠᠢ | ᠨᠡᠪᠲᠡᠷᠡᠯᠴᠡᠭᠦᠯᠬᠦ ᠶᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠲᠤᠤᠷᠴᠢᠯᠠᠭᠰᠠᠨ ᠪᠦᠲᠦᠭᠡᠨ ᠪᠠᠶᠢᠭᠤᠯᠤᠯᠲᠠ ᠳᠤ ᠬᠠᠮᠢᠶᠠᠷᠤᠯᠲᠠ ᠬᠢᠵᠦ᠂ ᠦᠨᠳᠦᠰᠦᠨ ᠰᠤᠷᠠᠭ | ᠵᠠᠩᠬᠢ ᠪᠤᠯᠤᠨ ᠲᠤᠭ᠎ᠠ ᠪᠠᠷᠢᠮᠲᠠ ᠶᠢ ᠪᠦᠷᠢᠳᠦᠭᠦᠯᠦᠨ᠎ᠡ︔ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠳ ᠤᠨ ᠴᠤᠭᠯᠠᠭᠤᠯᠤᠭᠰᠠᠨ ᠠᠰᠠᠭᠤᠳᠠᠯ ᠤᠳ ᠢ | ᠲᠦᠷᠦᠯ ᠠᠩᠭᠢᠯᠠᠵᠤ ᠬᠢᠨᠠᠨ ᠬᠠᠷᠭᠤᠭᠤᠯᠤᠨ᠂ ᠮᠦᠷᠳᠡᠨ ᠪᠠᠶᠢᠴᠠᠭᠠᠵᠤ᠂ ᠬᠠᠷᠢᠭᠤ ᠲᠤᠰᠬᠠᠯ ᠬᠢᠵᠦ᠂ ᠴᠠᠭ ᠤᠨ ᠬᠢᠵᠠᠭᠠᠷ ᠲᠤᠲᠤᠷ᠎ᠠ ᠰᠢᠢᠳᠪᠦᠷᠢᠯᠡᠬᠦ ᠶᠢ | ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ ᠂ ᠰᠠᠭᠤᠭᠠᠯᠢ ᠠᠷᠠᠳ ᠲᠤ ᠬᠡᠷᠡᠭ | ᠶᠠᠪᠤᠳᠠᠯ ᠰᠢᠢᠳᠪᠦᠷᠢᠯᠡᠭᠰᠡᠨ ᠪᠠᠶᠢᠳᠠᠯ ᠪᠤᠯᠤᠨ ᠪᠠᠶᠢᠴᠠᠭᠠᠨ ᠰᠤᠷᠪᠤᠯᠵᠢᠭᠰᠠᠨ ᠡᠳᠦᠷ ᠤᠨ ᠲᠡᠮᠲᠡᠭᠯᠡᠯ ᠢ ᠰᠠᠷ᠎ᠠ ᠪᠦᠷᠢ ᠵᠡᠷᠯᠡᠨ ᠨᠡᠶᠢᠲᠡᠯᠡᠨ᠎ᠡ︔ ᠬᠤᠯᠪᠤᠭᠠᠲᠤ | ᠬᠤᠷᠠᠯᠳᠤᠭᠠᠨ ᠢ ᠡᠷᠬᠢᠯᠡᠵᠦ᠂ ᠳᠠᠪᠴᠠᠩ ᠳᠠᠬᠢ ᠴᠠᠭ ᠲᠤᠬᠠᠢ ᠳᠤᠨᠢ ᠰᠢᠢᠳᠪᠦᠷᠢᠯᠡᠵᠦ ᠳᠡᠶᠢᠯᠬᠦ ᠦᠭᠡᠢ ᠪᠤᠶᠤ ᠬᠠᠷᠢᠯᠴᠠᠨ ᠲᠦᠯᠬᠢᠯᠴᠡᠵᠦ ᠬᠠᠷᠢᠭᠤᠴᠠᠯᠭ᠎ᠠ | ᠡᠭᠦᠷᠭᠡᠯᠡᠬᠦ ᠦᠭᠡᠢ ᠪᠠᠶᠢᠬᠤ᠂ ᠬᠠᠷᠢᠭᠤᠴᠠᠯᠭ᠎ᠠ ᠲᠤᠲᠤᠷᠬᠠᠢ ᠦᠭᠡᠢ ᠪᠠᠶᠢᠬᠤ ᠬᠡᠷᠡᠭ ᠤᠳ ᠢ ᠲᠦᠪᠯᠡᠷᠡᠭᠦᠯᠦᠨ ᠶᠠᠷᠢᠯᠴᠠᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠠᠴᠠ ᠰᠢᠢᠳᠪᠦᠷᠢᠯᠡᠵᠦ ᠳᠡᠶᠢᠯᠬᠦ ᠦᠭᠡᠢ ᠬᠡᠷᠡᠭ ᠪᠤᠯᠤᠨ ᠠᠰᠠᠭᠤᠳᠠᠯ ᠤᠳ ᠢ ᠳᠠᠷᠤᠶᠢᠬᠠᠨ | ᠲᠤᠭᠤᠷᠢᠭ ᠤᠨ ᠰᠤᠷᠠᠭ ᠵᠠᠩᠬᠢ ᠶᠢᠨ ᠳᠠᠪᠴᠠᠩ ᠳᠤ ᠮᠡᠳᠡᠭᠦᠯᠦᠨ᠎ᠡ︔ ᠬᠤᠲᠠ ᠶᠢᠨ ᠳᠠᠷᠤᠭ᠎ᠠ ᠪᠤᠯᠤᠨ ᠲᠤᠭᠤᠷᠢᠭ ᠤᠨ ᠳᠠᠷᠤᠭ᠎ᠠ ᠶᠢᠨ ᠰᠢᠭᠤᠳ ᠤᠲᠠᠰᠤ ᠶᠢᠨ | ᠲᠤᠮᠢᠯᠠᠯᠲᠠ ᠪᠤᠯᠤᠨ ᠬᠠᠷᠢᠭᠤ ᠲᠤᠰᠬᠠᠬᠤ ᠶᠢ ᠬᠠᠷᠢᠭᠤᠴᠠᠨ᠎ᠠ︔ ᠪᠠᠴᠢᠮ ᠪᠠᠶᠢᠳᠠᠯ ᠠᠴᠠ ᠠᠪᠤᠷᠠᠬᠤ ᠠᠵᠢᠯ ᠢ ᠦᠷᠨᠢᠭᠦᠯᠵᠦ᠂ ᠰᠤᠨᠢᠨ ᠮᠡᠳᠡᠭᠡ ᠵᠠᠷᠯᠠᠬᠤ ᠪᠤᠯᠤᠨ | ᠠᠵᠢᠯᠲᠠᠨ ᠢ ᠲᠤᠬᠢᠷᠠᠭᠤᠯᠤ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ ᠪᠤᠯᠤᠨ ᠬᠡᠷᠡᠭ ᠡᠷᠬᠢᠯᠡᠬᠦ ᠭᠠᠵᠠᠷ ᠤᠨ | ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠲᠦᠷᠦᠯ ᠢ ᠭᠦᠢᠴᠡᠳᠬᠡᠨ᠎ᠡ᠃ ᠵᠢᠱᠢᠨ ᠲᠤᠭᠲᠠᠭᠠᠭᠰᠠᠨ ᠠᠵᠢᠯᠴᠢᠨ ᠤ ᠲᠤᠭ᠎ᠠ 5 ᠨᠡᠷᠡᠰ᠃ ︵ᠡᠷᠬᠢᠯᠡᠭᠴᠢ | 1 ᠨᠡᠷᠡᠰ᠂ ᠳᠡᠳ᠋ ᠡᠷᠬᠢᠯᠡᠭᠴᠢ 1 ᠨᠡᠷᠡᠰ︶᠃ | | |