ᠳ᠋ᠦᠩᠱᠧᠩ ᠲᠤᠭᠤᠷᠢᠭ ᠤᠨ ᠦᠭᠡᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2020/9/1
   ᠦᠭᠡᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 2005 ᠤᠨ ᠤ 11 ᠰᠠᠷ᠎ᠠ ᠳᠤ ᠪᠠᠶᠢᠭᠤᠯᠤᠭᠳᠠᠵᠤ᠂ ᠦᠨᠳᠦᠰᠦᠲᠡᠨ ᠤ ᠪᠠᠷᠠᠭᠤᠨ ᠵᠡᠭᠡᠯᠢ ᠶᠢᠨ ᠵᠠᠮ ᠤᠨ ᠬᠤᠶᠢᠲᠤ ᠲᠠᠯ᠎ᠠ᠂ ᠳ᠋ᠠ ᠰᠢᠩ ᠶᠠ ᠿᠦᠨ ᠵᠢᠶᠠ ᠶᠤᠸᠠᠨ ᠤ ᠡᠮᠦᠨ᠎ᠡ ᠡᠭᠦᠳᠡᠨ ᠳᠤ ᠪᠤᠢ᠃ ᠬᠠᠷᠢᠶ᠎ᠠ ᠬᠡᠪᠴᠢᠶ᠎ᠡ ᠨᠢ ᠵᠡᠭᠦᠨᠰᠢ ᠬᠤᠩ ᠳ᠋ᠠ ᠭᠤᠳᠤᠮᠵᠢ᠂ ᠡᠮᠦᠨᠡᠰᠢ ᠢ ᠮᠸᠢ ᠵᠠᠮ ᠪᠤᠯᠤᠨ ᠦᠨᠳᠦᠰᠦᠲᠡᠨ ᠤ ᠪᠠᠷᠠᠭᠤᠨ ᠵᠠᠭᠡᠯᠢ ᠬᠦᠷᠴᠦ᠂ ᠪᠠᠷᠠᠭᠤᠨᠰᠢ ᠪᠤᠤ ᠱᠧᠨ ᠲᠡᠮᠦᠷ ᠵᠠᠮ᠂ ᠬᠤᠶᠢᠰᠢ ᠪᠠᠨ ᠤᠮᠠᠷᠠᠲᠤ ᠭᠠᠷᠬᠤ ᠡᠭᠦᠳᠡ  ᠶᠢᠨ ᠵᠦᠷᠢᠯᠢᠭ ᠵᠠᠮ ᠪᠤᠯᠤᠨ ᠦᠨᠳᠦᠰᠦᠲᠡᠨ ᠤ ᠵᠡᠭᠡᠯᠢ ᠬᠦᠷᠴᠦ ᠪᠤᠢ᠃ ᠶᠡᠷᠦᠩᠬᠡᠢ ᠲᠠᠯᠠᠪᠠᠢ ᠨᠢ ᠪᠠᠷᠤᠭ 12 ᠳᠡᠭᠰᠢ ᠳᠦᠷᠪᠡᠯᠵᠢᠨ ᠺᠢᠯᠤᠮᠧᠲᠷ᠂ ᠪᠠᠷᠤᠭ 2 ᠲᠦᠮᠡᠨ ᠡᠷᠦᠬᠡ 5 ᠲᠦᠮᠡ ᠭᠠᠷᠤᠢ ᠬᠦᠮᠦᠨ ᠠᠮᠠ ᠲᠠᠢ᠂ ᠬᠠᠷᠢᠶ᠎ᠠ ᠤᠷᠤᠨ ᠳᠤ 7  ᠨᠡᠶᠢᠬᠡᠮ ᠲᠤᠭᠤᠷᠢᠭ ︵ᠵᠤᠤ ᠵᠢᠶᠦ᠋ᠨ ᠨᠡᠶᠢᠬᠡᠮ ᠲᠤᠭᠤᠷᠢᠭ᠂ ᠵᠢᠶᠠ ᠶᠤᠸᠠᠨ ᠨᠡᠶᠢᠬᠡᠮ ᠲᠤᠭᠤᠷᠢᠭ᠂  ᠰᠠᠶᠢᠬᠠᠨ ᠨᠡᠶᠢᠬᠡᠮ ᠲᠤᠭᠤᠷᠢᠭ᠂ ᠢ ᠮᠸᠢ ᠨᠡᠶᠢᠬᠡᠮ ᠲᠤᠭᠤᠷᠢᠭ᠂ ᠢ ᠰᠢᠩ ᠨᠡᠶᠢᠬᠡᠮ ᠲᠤᠭᠤᠷᠢᠭ᠂  ᠳᠤᠯᠠᠭᠠᠨ ᠨᠡᠶᠢᠬᠡᠮ ᠲᠤᠭᠤᠷᠢᠭ᠂ ᠢᠩ ᠫᠠᠨ ᠬᠤᠤ ᠨᠡᠶᠢᠬᠡᠮ ᠲᠤᠭᠤᠷᠢᠭ︶ ᠲᠠᠢ᠃  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠤᠷᠤᠨ ᠨᠢ ᠬᠤᠲᠠ ᠬᠦᠳᠡᠭᠡ ᠶᠢᠨ ᠠᠭᠤᠯᠵᠠᠷ ᠭᠡᠰᠡᠭ ᠲᠤ ᠪᠠᠶᠢᠵᠤ᠂ ᠬᠠᠷᠢᠶ᠎ᠠ ᠤᠷᠤᠨ ᠳᠠᠬᠢ ᠠᠵᠤ ᠠᠬᠤᠶᠢᠯᠠᠯ ᠵᠢᠴᠢ ᠬᠤᠪᠢ ᠶᠢᠨ ᠡᠵᠡᠩᠨᠡᠯᠲᠡ ᠶᠢᠨ ᠡᠷᠦᠬᠡ 1000 ᠭᠠᠷᠤᠢ ᠪᠤᠢ᠃ᠠᠯᠪᠠᠨ ᠤ ᠬᠠᠷᠢᠯᠴᠠᠬᠤ ᠤᠲᠠᠰᠤ᠄  0477 — 8570913 | 0477 — 8570900
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ