ᠭᠠᠵᠠᠷ ᠰᠢᠷᠣᠶ ᠲᠠᠲᠠᠪᠤᠷᠢᠯᠠᠬᠤ ᠲᠥᠰᠦᠯ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/10
                          ﹇2021﹈ 3 ᠳ᠋ᠤᠭᠠᠷ ᠲᠣᠭᠠᠲᠤ     2021 ᠣᠨ ᠤ 10 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ 46 ᠳ᠋ᠤᠭᠠᠷ ᠵᠤᠶᠢᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ︾ ᠤᠨ 25 ᠳ᠋ᠤᠭᠠᠷ ᠵᠤᠶᠢᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠥᠷ ᠵᠠᠰᠠᠭ ᠭᠠᠵᠠᠷ ᠰᠢᠷᠣᠶ ᠲᠠᠷᠬᠠᠭᠠᠭᠰᠠᠨ ﹇2021﹈ 749 ᠳ᠋ᠤᠭᠡᠷ ᠲᠣᠭᠠᠲᠤ ᠳᠤ 1.8076 ᠾᠧᠺᠲ᠋ᠠᠷ ᠬᠠᠮᠲᠤ ᠶᠢᠨ ᠭᠠᠵᠠᠷ ᠰᠢᠷᠣᠶ ᠶᠢ ᠲᠠᠲᠠᠪᠤᠷᠢᠯᠠᠬᠤ ᠶᠢ ᠵᠥᠪᠰᠢᠶᠡᠷᠡᠪᠡ᠃ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ︽ᠭᠠᠵᠠᠷ ᠰᠢᠷᠣᠶ ᠲᠠᠲᠠᠪᠤᠷᠢᠯᠠᠬᠤ ᠲᠥᠰᠦᠯ︾ ᠤᠨ ᠠᠭᠤᠯᠭ᠎ᠠ ᠪᠠ ᠬᠤᠯᠪᠣᠭᠳᠠᠯ ᠪᠥᠬᠦᠶ ᠵᠤᠶᠢᠯᠡᠰ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ ᠵᠤᠶᠢᠯ ᠤᠨ ᠨᠡᠷᠡᠶᠢᠳᠦᠯ     ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠲᠥᠯᠥᠪᠵᠢᠭᠦᠯᠭᠡ ᠶᠢ ᠬᠡᠷᠡᠭᠵᠢᠬᠦᠯᠬᠦ 2021 ᠣᠨ ᠤ ᠬᠤᠶᠠᠳᠤᠭᠠᠷ ᠪᠦᠯᠦᠭ ᠤᠨ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ     ᠬᠤᠶᠠᠷ᠂ ᠳᠠᠳᠠᠪᠤᠷᠢᠯᠠᠬᠤ ᠭᠠᠵᠠᠷ ᠰᠢᠷᠤᠢ ᠶᠢᠨ ᠪᠠᠶᠢᠷᠢᠰᠢᠯ     ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤ᠂ ᠪᠤᠷᠵᠠᠩ ᠨᠠᠭᠤᠷ ᠪᠠᠯᠭᠠᠰᠤ᠃     ᠭᠤᠷᠪᠠ᠂ ᠭᠠᠵᠠᠷ ᠰᠢᠷᠣᠶ ᠲᠠᠲᠠᠪᠤᠷᠢᠯᠠᠭᠳᠠᠭᠰᠠᠨ ᠭᠠᠴᠠᠭ᠎ᠠ ︵ᠳᠤᠭᠤᠶᠢᠯᠠᠩ︶ ᠵᠢᠴᠢ ᠲᠠᠯᠠᠪᠠᠢ     ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤ ᠶᠢᠨ ᠵᠤᠤᠬ᠎ᠠ ᠶᠢᠨ ᠬᠤᠭᠤᠯᠠᠢ ᠳᠤᠰᠬᠤᠨ ᠤ 0.4503 ᠾᠧᠺᠲ᠋ᠠᠷ ᠬᠠᠮᠲᠤ ᠶᠢᠨ ᠭᠠᠵᠠᠷ ᠰᠢᠷᠣᠢ᠂ ᠬᠠᠢ ᠫᠠᠨ ᠲᠣᠰᠬᠤᠨ ᠤ 0.6533 ᠾᠧᠺᠲ᠋ᠠᠷ ᠬᠠᠮᠲᠤ ᠶᠢᠨ ᠭᠠᠵᠠᠷ ᠰᠢᠷᠣᠢ᠂ ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤᠨ ᠤ ᠴᠢᠩ ᠹᠧᠩ ᠨᠡᠶᠢᠭᠡᠮ ᠲᠣᠭᠤᠷᠢᠭ ᠤᠨ 0.704 ᠾᠧᠺᠲ᠋ᠠᠷ ᠬᠠᠮᠲᠤ ᠶᠢᠨ ᠭᠠᠵᠠᠷ ᠰᠢᠷᠣᠢ᠃     ᠳᠥᠷᠪᠡ᠂ ᠳᠠᠳᠠᠪᠤᠷᠢᠯᠠᠬᠤ ᠭᠠᠵᠠᠷ ᠰᠢᠷᠣᠶ ᠶᠢᠨ ᠨᠦᠬᠦᠪᠤᠷᠢ ᠮᠦᠩᠬᠦ ᠤᠯᠭᠤᠬᠤ ᠪᠠᠷᠢᠮᠵᠢᠶ᠎ᠠ     1. ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤᠨ ᠤ ᠵᠤᠤᠬ᠎ᠠ ᠶᠢᠨ ᠬᠤᠭᠤᠯᠠᠢ ᠲᠣᠰᠬᠤᠨ ᠳᠤ ᠤᠯᠭᠤᠬᠤ ᠨᠦᠬᠦᠪᠤᠷᠢ ᠮᠦᠩᠬᠦ ᠶᠢᠨ ᠪᠠᠷᠢᠮᠵᠢᠶ᠎ᠠ᠄ ᠨᠤᠳᠤᠭ ᠪᠡᠯᠴᠢᠭᠡᠷ 0.1702 ᠾᠧᠺᠲ᠋ᠠᠷ︔ ᠨᠦᠬᠦᠪᠤᠷᠢ ᠶᠢᠨ ᠪᠠᠷᠢᠮᠵᠢᠶ᠎ᠠ 24.2745 ᠲᠦᠮᠡᠨ ᠲᠥᠭᠦᠷᠢᠭ \ ᠾᠧᠺᠲ᠋ᠠᠷ︔ ᠠᠰᠢᠭᠯᠠᠭᠠᠳᠤᠶ ᠭᠠᠵᠠᠷ 0.2801 ᠾᠧᠺᠲ᠋ᠠᠷ︔ ᠨᠦᠬᠦᠪᠤᠷᠢ ᠶᠢᠨ ᠪᠠᠷᠢᠮᠵᠢᠶ᠎ᠠ 21.108 ᠲᠦᠮᠡᠨ ᠲᠥᠭᠦᠷᠢᠭ \ ᠾᠧᠺᠲ᠋ᠠᠷ᠃     2. ᠳ᠋ᠦᠩᠱᠧᠩ ᠲᠣᠭᠤᠷᠢᠭ ᠤᠨ ᠪᠤᠷᠵᠠᠩ ᠨᠠᠭᠤᠷ ᠪᠠᠯᠭᠠᠰᠤᠨ ᠤ ᠬᠠᠢ ᠫᠠᠨ ᠲᠣᠰᠬᠤᠨ ᠳᠤ ᠤᠯᠭᠤᠬᠤ ᠲᠥᠯᠥᠪᠦᠷᠢ ᠮᠦᠩᠬᠦ ᠶᠢᠨ ᠪᠠᠷᠢᠮᠵᠢᠶ᠎ᠠ᠄ ᠣᠶᠢᠲᠤ ᠭᠠᠵᠠᠷ 0.6533 ᠾᠧᠺᠲ᠋ᠠᠷ︔ ᠨᠥᠬᠦᠪᠥᠷᠢ ᠶᠢᠨ ᠪᠠᠷᠢᠮᠵᠢᠶ᠎ᠠ 20.2875 ᠲᠦᠮᠡᠨ ᠲᠥᠭᠦᠷᠢᠭ \ ᠾᠧᠺᠲ᠋ᠠᠷ ᠪᠣᠯᠤᠨ᠎ᠠ᠃     3. ᠳ᠋ᠦᠩᠱᠧᠩ ᠲᠣᠭᠤᠷᠢᠭ ᠤᠨ ᠬᠠᠨᠲᠠᠶ ᠪᠠᠯᠭᠠᠰᠤᠨ ᠤ ᠴᠢᠩ ᠹᠧᠩ ᠨᠡᠶᠢᠭᠡᠮ ᠲᠣᠭᠤᠷᠢᠭ ᠳᠤ ᠤᠯᠭᠤᠬᠤ ᠨᠦᠬᠦᠪᠤᠷᠢ ᠮᠦᠩᠬᠦ ᠶᠢᠨ ᠪᠠᠷᠢᠮᠵᠢᠶ᠎ᠠ᠄ ᠣᠶᠢᠲᠤ ᠭᠠᠵᠠᠷ 0.704 ᠾᠧᠺᠲ᠋ᠠᠷ︔ ᠨᠦᠬᠦᠪᠤᠷᠢ ᠶᠢᠨ ᠪᠠᠷᠢᠮᠵᠢᠶ᠎ᠠ        24.2745 ᠲᠦᠮᠡᠨ ᠲᠥᠭᠦᠷᠢᠭ \ ᠾᠧᠺᠲ᠋ᠠᠷ᠃     ᠲᠠᠪᠤ᠂ ᠳᠠᠳᠠᠪᠤᠷᠢᠯᠠᠬᠤ ᠭᠠᠵᠠᠷ ᠰᠢᠷᠣᠶ ᠶᠢᠨ ᠳᠥᠷᠪᠡᠨ ᠵᠠᠭᠠᠭ ᠤᠨ ᠬᠡᠪᠴᠢᠶᠡᠨ ᠳᠠᠬᠢ ᠭᠠᠵᠠᠷ ᠰᠢᠷᠣᠶ ᠶᠢᠨ ᠥᠮᠴᠢᠯᠡᠯ ᠤᠨ ᠡᠷᠬᠡᠲᠦ ᠬᠥᠮᠦᠨ ᠪᠠ ᠬᠡᠷᠡᠭᠯᠡᠬᠦ ᠡᠷᠬᠡᠲᠦ ᠬᠥᠮᠦᠨ ᠲᠣᠰ ᠠᠯᠪᠠᠨ ᠵᠠᠷᠯᠠᠯ ᠢ ᠨᠡᠶᠢᠲᠡᠯᠡᠭᠰᠡᠨ 5 ᠡᠳᠦᠷ ᠤᠨ ᠳᠣᠲᠣᠷ᠎ᠠ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠪᠤᠶᠤ ᠪᠤᠰᠤᠳ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢᠶᠠᠨ ᠠᠪᠴᠤ᠂ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠭᠠᠵᠠᠷ ᠬᠡᠷᠡᠭᠯᠡᠬᠦ ᠶᠢ ᠬᠠᠮᠠᠭᠠᠯᠠᠬᠤ ᠠᠯᠪᠠᠨ ᠭᠡᠷ ᠲᠤ ᠬᠦᠷᠴᠦ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠤᠷᠢ ᠠᠪᠬᠤ ᠳᠡᠩᠰᠡᠯᠡᠯᠲᠡ ᠶᠢ ᠬᠦᠢᠴᠴᠡᠳᠬᠡᠬᠡᠷᠡᠢ᠂ ᠬᠠᠷᠢᠯᠴᠠᠨ ᠳᠠᠮᠵᠢᠭᠤᠯᠤᠭᠠᠷᠠᠶ᠃     ᠵᠢᠷᠭᠤᠭ᠎ᠠ᠂ ᠭᠠᠵᠠᠷ ᠰᠢᠷᠣᠶ ᠶᠢᠨ ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠬᠦ ᠡᠷᠬᠡᠲᠦ ᠬᠥᠮᠦᠨ ᠲᠣᠭᠲᠠᠭᠰᠠᠨ ᠬᠤᠭᠤᠴᠠᠭᠠᠨ ᠤ ᠳᠣᠲᠣᠷ᠎ᠠ ᠭᠠᠵᠠᠷ ᠰᠢᠷᠣᠶ ᠳᠠᠳᠠᠪᠤᠷᠢᠯᠠᠬᠤ ᠨᠦᠬᠦᠪᠤᠷᠢ ᠶᠢᠨ ᠲᠠᠩᠰᠠᠯᠠᠯᠳᠠ ᠶᠢ ᠬᠦᠢᠴᠡᠳᠬᠡᠬᠦ ᠦᠭᠡᠢ ᠪᠤᠯ ᠤᠯᠪᠠᠰᠤ ᠵᠣᠬᠢᠬᠤ ᠡᠷᠬᠡ ᠠᠰᠢᠭ ᠢᠶᠠᠨ ᠬᠠᠶᠠᠭᠰᠠᠨ ᠢᠶᠠᠷ ᠦᠵᠡᠨ᠎ᠡ᠃    ᠣᠨᠴᠠᠭᠠᠶᠢᠯᠠᠨ ᠵᠠᠷᠯᠠᠪᠠ                       ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                 2021 ᠣᠨ ᠤ 11 ᠰᠠᠷ᠎ᠠ ᠶᠢᠨ 10 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ