ᠬᠢᠷᠢ ᠲᠡᠩᠴᠡᠭᠦ ᠥᠬᠡᠶ ᠢᠳᠡᠭᠡᠨ ᠢ ᠬᠢᠨᠠᠨ ᠪᠠᠶᠢᠴᠠᠭᠠᠵᠤ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2021/11/12
    ᠣᠳᠣ ᠬᠢᠷᠢ ᠲᠡᠩᠴᠡᠭᠰᠡᠨ ᠦᠭᠡᠶ ᠢᠳᠡᠭᠡᠨ ᠢ ᠬᠢᠨᠠᠨ ᠪᠠᠶᠢᠴᠠᠭᠠᠵᠤ ᠰᠢᠶᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠳ᠋ᠦᠩᠱᠧᠩ ᠲᠣᠭᠤᠷᠢᠭ ᠤᠨ ᠶᠤᠸᠠᠨ ᠶᠤᠸᠠᠨ ᠢᠳᠡᠭᠡᠨ ᠤ ᠦᠶᠯᠡᠳᠪᠦᠷᠢ     ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠢᠳᠠᠯ     ᠦᠯᠢᠭᠡᠷ ᠡᠳ᠋ ᠤᠨ ᠨᠡᠷᠡᠶᠢᠳᠦᠯ᠄ ᠹᠧᠩ ᠵᠧᠨ ᠶᠧᠪᠢᠩ︔ ᠤᠶᠢᠯᠡᠳᠪᠤᠷᠢᠯᠡᠭᠰᠡᠨ ᠡᠳᠤᠷ᠄ 2021 ᠣᠨ ᠤ 8 ᠰᠠᠷ᠎ᠠ ᠶᠢᠨ 24 ᠤ ᠡᠳᠦᠷ︔ ᠦᠯᠢᠭᠡᠷ ᠠᠪᠤᠭᠰᠠᠨ ᠰᠠᠭᠤᠷᠢ ᠲᠤᠭ᠎ᠠ᠄ 2000 ᠭᠡᠰᠡᠭ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠵᠦᠢᠯᠡᠰ᠄ ᠤᠰᠤᠲᠥ᠋ᠷᠥᠭᠴᠢ ᠦᠭᠡᠶᠢᠳᠡᠭᠦᠯᠦᠭᠰᠡᠨ ᠡᠲ᠋ᠠ ᠬᠦᠴᠢᠯ ᠵᠢᠴᠢ ᠨᠠᠲᠷᠢ ᠶᠢᠨ ᠳᠠᠪᠤᠰᠤ ︵ᠤᠰᠤᠲᠥ᠋ᠷᠥᠭᠴᠢ ᠦᠭᠡᠶᠢᠳᠡᠭᠦᠯᠦᠭᠰᠡᠨ ᠡᠲ᠋ᠠ ᠬᠦᠴᠢᠯ ᠤᠨ ᠬᠡᠮᠵᠢᠶ᠎ᠡ ᠪᠠᠷ ᠪᠤᠳᠤᠨ᠎ᠠ︶︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠥᠪᠥᠷ ᠮᠣᠩᠭᠤᠯ ᠤᠨ ᠵᠥᠩ ᠫᠦ᠋ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠬᠢᠵᠠᠭᠠᠷᠲᠤ ᠺᠣᠮᠫᠠᠨᠢ᠃     ︵ᠬᠤᠶᠠᠷ︶ ᠬᠢᠷᠢ ᠲᠡᠩᠴᠡᠬᠦ ᠦᠭᠡᠶ ᠢᠳᠡᠭᠡᠨ ᠢ ᠰᠢᠶᠳᠪᠦᠷᠢᠯᠡᠭᠰᠡᠨ ᠪᠠᠶᠢᠳᠠᠯ     ᠳ᠋ᠦᠩᠱᠧᠩ ᠲᠣᠭᠤᠷᠢᠭ ᠤᠨ ᠶᠤᠸᠠᠨ ᠶᠤᠸᠠᠨ ᠢᠳᠡᠭᠡᠨ ᠤ ᠦᠶᠯᠡᠳᠪᠦᠷᠢ ᠶᠢᠨ ᠦᠶᠯᠡᠳᠪᠦᠷᠢᠯᠡᠭᠰᠡᠨ ᠹᠧᠩ ᠵᠧᠨ ᠶᠧᠪᠢᠩ ᠢ ᠥᠯᠢᠭᠡᠷ ᠠᠪᠴᠤ ᠰᠢᠯᠭᠠᠨ ᠪᠠᠶᠢᠴᠠᠭᠠᠬᠤ ᠪᠠᠷ ᠳᠡᠮᠵᠢᠨ ᠤᠰᠤᠲᠥ᠋ᠷᠥᠭᠴᠢ ᠥᠬᠡᠶᠢᠳᠡᠭᠦᠯᠦᠭᠰᠡᠨ ᠡᠲ᠋ᠠ ᠬᠦᠴᠢᠯ ᠵᠢᠴᠢ ᠨᠠᠲᠷᠢ ᠶᠢᠨ ᠳᠠᠪᠤᠰᠤ ︵ᠤᠰᠤᠲᠥ᠋ᠷᠥᠭᠴᠢ ᠥᠬᠡᠶᠢᠳᠡᠭᠦᠯᠦᠭᠰᠡᠨ ᠡᠲ᠋ᠠ ᠬᠦᠴᠢᠯ ᠤᠨ ᠬᠡᠮᠵᠢᠶ᠎ᠡ ᠪᠠᠷ ᠪᠤᠳᠤᠨ᠎ᠠ︶ ᠨᠢ GB2760 — 2014 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ᠂ ᠰᠢᠯᠭᠠᠨ ᠪᠠᠶᠢᠴᠠᠭᠠᠭᠰᠠᠨ ᠳ᠋ᠦᠩᠨᠡᠯᠲᠡ ᠨᠢ ᠬᠢᠷᠢ ᠲᠡᠩᠴᠡᠭᠰᠡᠨ ᠥᠬᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤᠶᠢᠯᠡᠳᠪᠤᠷᠢᠯᠡᠵᠤ ᠡᠳ᠋ᠰᠢᠭᠦᠯᠬᠦ ᠵᠢᠵᠢᠭ ᠤᠶᠢᠯᠡᠳᠬᠡᠯ ᠤᠨ ᠭᠠᠵᠠᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ᠤᠨ ᠠᠷᠪᠠᠨ ᠳᠣᠯᠣᠳᠤᠭᠠᠷ ᠵᠤᠶᠢᠯ ᠤᠨ ᠳᠣᠯᠣᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤᠶᠢᠯᠡᠳᠪᠤᠷᠢᠯᠡᠵᠤ ᠡᠳ᠋ᠰᠢᠭᠦᠯᠬᠦ ᠵᠢᠵᠢᠭ ᠤᠶᠢᠯᠡᠳᠬᠡᠯ ᠤᠨ ᠭᠠᠵᠠᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ᠤᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠳᠬᠡᠯ ᠥᠭᠪᠡ᠃     ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ     ᠳ᠋ᠦᠩᠱᠧᠩ ᠲᠣᠭᠤᠷᠢᠭ ᠤᠨ ᠶᠤᠸᠠᠨ ᠶᠤᠸᠠᠨ ᠢᠳᠡᠭᠡᠨ ᠤ ᠦᠶᠯᠡᠳᠪᠦᠷᠢ ᠨᠢᠭᠡᠨᠲᠡ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠲᠤᠰᠢᠶᠠᠵᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠨᠲᠡ ᠲᠡᠭᠦᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠨᠢᠭᠡᠨᠳᠡ ᠳᠠᠬᠢᠨ ᠰᠢᠯᠭᠠᠨ ᠪᠠᠶᠢᠴᠠᠭᠠᠯᠳᠠ ᠬᠢᠪᠡ᠃     ᠡᠭᠦᠨ ᠤ ᠲᠤᠯᠠ ᠣᠨᠴᠠᠭᠠᠶᠢᠯᠠᠨ ᠵᠠᠷᠯᠠᠪᠠ                  ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ                                            2021 ᠣᠨ ᠤ 11 ᠰᠠᠷ᠎ᠠ ᠶᠢᠨ 12 ᠤᠨ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ