ᠬᠢᠷᠢ ᠲᠡᠩᠴᠡᠭᠦ ᠥᠬᠡᠶ ᠢᠳᠡᠭᠡᠨ ᠢ ᠬᠢᠨᠠᠨ ᠪᠠᠶᠢᠴᠠᠭᠠᠵᠤ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2021/11/15
    ᠣᠷᠳᠣᠰ ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠨ NO᠄ 2021SP 030448᠂ NO᠄ 2021SP 030449 ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠳᠤ ᠮᠠᠨ ᠤ ᠲᠤᠭᠤᠷᠢᠭ ᠤᠨ 1 ᠠᠵᠤ ᠠᠬᠤᠶᠢᠯᠠᠯ ᠤᠨ ᠡᠵᠡᠩᠨᠡᠯᠲᠡ ᠶᠢᠨ ᠡᠷᠦᠬᠡ ᠬᠤᠯᠪᠤᠭᠳᠠᠪᠠ᠃ ᠣᠳᠣ ᠬᠢᠷᠢ ᠲᠡᠩᠴᠡᠭᠰᠡᠨ ᠦᠭᠡᠶ ᠢᠳᠡᠭᠡᠨ ᠢ ᠬᠢᠨᠠᠨ ᠪᠠᠶᠢᠴᠠᠭᠠᠵᠤ ᠰᠢᠶᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠥᠪᠥᠷ ᠮᠣᠩᠭᠤᠯ ᠤᠨ ᠯᠧ ᠾᠧ ᠶᠸᠦ ᠮᠧᠶ ᠢᠳᠡᠰᠢᠨ ᠨᠣᠭᠤᠭ᠎ᠠ ᠵᠢᠮᠢᠰ ᠤᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ     ᠬᠤᠶᠠᠷ᠂ ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠢᠳᠠᠯ     1 . ᠦᠯᠢᠭᠡᠷ ᠡᠳ᠋ ᠤᠨ ᠨᠡᠷᠡᠶᠢᠳᠦᠯ᠄ ᠬᠥᠳᠡᠭᠡ ᠲᠣᠰᠬᠤᠨ ᠤ ᠭᠤᠯᠭᠤᠷᠢᠰᠢ︔ ᠤᠶᠢᠯᠡᠳᠪᠤᠷᠢᠯᠡᠭᠰᠡᠨ    ᠡᠳᠦᠷ᠄ 2021 ᠣᠨ ᠤ 7 ᠰᠠᠷ᠎ᠠ ᠶᠢᠨ 26 ᠤ ᠡᠳᠦᠷ︔ ᠦᠯᠢᠭᠡᠷ ᠠᠪᠤᠭᠰᠠᠨ ᠰᠠᠭᠤᠷᠢ ᠲᠤᠭ᠎ᠠ᠄ 3 . 1 KG︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠲᠥᠷᠥᠯ ᠵᠦᠢᠯ᠄ ᠵᠡᠷᠯᠢᠭ ᠠᠯᠢᠮᠠᠨ ᠬᠦᠴᠢᠯ ᠵᠢᠴᠢ ᠺᠠᠯᠢ ᠶᠢᠨ ᠳᠠᠪᠤᠰᠤ ︵ᠵᠡᠷᠯᠢᠭ ᠠᠯᠢᠮ᠎ᠠ ᠶᠢᠨ ᠬᠦᠴᠢᠯ ᠤᠨ ᠬᠡᠮᠵᠢᠶ᠎ᠡ ᠪᠠᠷ ᠪᠣᠳᠣᠨ᠎ᠠ︶᠂ ᠬᠦᠩᠭᠡᠨᠴᠠᠭᠠᠨ ᠤ ᠦᠯᠡᠳᠡᠭᠳᠡᠯ︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠣᠷᠳᠣᠰ ᠬᠤᠲᠠ ᠶᠢᠨ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠲᠥᠪ᠃     2 . ᠦᠯᠢᠭᠡᠷ ᠡᠳ᠋ ᠤᠨ ᠨᠡᠷᠡᠶᠢᠳᠦᠯ᠄ ᠬᠠᠨ ᠯᠣᠣ ᠡᠯ ᠢᠰᠬᠡᠭᠰᠡᠨ ᠨᠣᠭᠤᠭ᠎ᠠ︔ ᠤᠶᠢᠯᠡᠳᠪᠤᠷᠢᠯᠡᠭᠰᠡᠨ  ᠡᠳᠦᠷ᠄ 2021 ᠣᠨ ᠤ 6 ᠰᠠᠷ᠎ᠠ ᠶᠢᠨ 6 ᠤ ᠡᠳᠦᠷ︔ ᠦᠯᠢᠭᠡᠷ ᠠᠪᠤᠭᠰᠠᠨ ᠰᠠᠭᠤᠷᠢ ᠲᠤᠭ᠎ᠠ᠄ 8 ᠤᠭᠤᠲᠠ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠦᠯ ᠵᠦᠢᠯ᠄ ᠮᠧᠲ᠋ᠠ ᠬᠦᠴᠢᠯ ᠵᠢᠴᠢ ᠨᠠᠲᠷᠢ ᠶᠢᠨ ᠬᠡᠮᠵᠢᠶ᠎ᠡ ︵ᠪᠧᠨ᠋ᠽᠤᠨ ᠬᠦᠴᠢᠯ ᠤᠨ ᠬᠡᠮᠵᠢᠶ᠎ᠡ ᠪᠠᠷ ᠪᠤᠳᠤᠨ᠎ᠠ︶︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠣᠷᠳᠣᠰ ᠬᠤᠲᠠ ᠶᠢᠨ ᠰᠢᠯᠭᠠᠨ ᠪᠠᠶᠢᠴᠠᠭᠠᠬᠤ ᠬᠢᠨᠠᠨ ᠬᠡᠮᠵᠢᠬᠦ ᠲᠥᠪ᠃     ︵ᠬᠤᠶᠠᠷ ) ᠬᠢᠷᠢ ᠲᠡᠩᠴᠡᠬᠦ ᠦᠭᠡᠶ ᠢᠳᠡᠭᠡᠨ ᠢ ᠰᠢᠶᠳᠪᠦᠷᠢᠯᠡᠭᠰᠡᠨ ᠪᠠᠶᠢᠳᠠᠯ     ᠥᠪᠥᠷ ᠮᠣᠩᠭᠤᠯ ᠤᠨ ᠯᠧ ᠾᠧ ᠶᠢᠦ ᠮᠧᠶ ᠢᠳᠡᠰᠢᠨ ᠨᠣᠭᠤᠭ᠎ᠠ ᠵᠢᠮᠢᠰ ᠤᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠡᠵᠡᠩᠨᠡᠵᠦ ᠪᠠᠶᠢᠭ᠎ᠠ ᠬᠥᠳᠡᠭᠡ ᠲᠣᠰᠬᠤᠨ ᠤ ᠭᠤᠯᠭᠤᠷᠢᠰᠢ ᠪᠠ ᠬᠠᠨ ᠯᠣᠤ ᠡᠯ ᠢᠰᠬᠡᠭᠰᠡᠨ ᠨᠣᠭᠤᠭ᠎ᠠ ᠵᠡᠷᠭᠡ 2 ᠵᠦᠢᠯ ᠤᠨ ᠲᠠᠸᠠᠷ ᠨᠢ ᠢᠳᠡᠭᠡᠨ ᠤ ᠠᠶᠤᠯ ᠦᠭᠡᠢ ᠶᠢᠨ ᠪᠠᠷᠢᠮᠵᠢᠶ᠎ᠠ ᠳᠤ ᠬᠦᠷᠦᠭᠰᠡᠨ ᠦᠭᠡᠶ ᠤᠴᠢᠷ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ︵ᠳᠦᠷᠪᠡᠳᠦᠭᠡᠷ︶ ᠵᠤᠷᠪᠤᠰ᠂ ︵ᠠᠷᠪᠠᠨ ᠭᠤᠷᠪᠠᠳᠤᠭᠠᠷ︶ ᠵᠤᠷᠪᠤᠰ᠂ ᠳᠠᠯᠠᠨ ᠨᠢᠭᠡᠳᠦᠭᠡᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾  ᠶᠢᠨ ᠵᠠᠭᠤ ᠭᠤᠴᠢᠨ ᠵᠢᠷᠭᠤᠳᠤᠭᠠᠷ ᠵᠦᠢᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ︾ ᠶᠢᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ 1 . ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠠᠴᠠ ᠬᠡᠯᠲᠦᠷᠢᠭᠦᠯᠦᠨ᠎ᠡ᠂ 2 . ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠃     ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ     ᠥᠪᠥᠷ ᠮᠣᠩᠭᠤᠯ ᠤᠨ ᠯᠧ ᠾᠧ ᠶᠢᠦ ᠮᠧᠶ ᠢᠳᠡᠰᠢᠨ ᠨᠣᠭᠤᠭ᠎ᠠ ᠵᠢᠮᠢᠰ ᠤᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢᠭᠡᠨᠲᠡ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠳᠡᠪᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠨᠢᠭᠡᠨᠳᠡ ᠳᠠᠬᠢᠨ ᠰᠢᠯᠭᠠᠨ ᠪᠠᠶᠢᠴᠠᠭᠠᠯᠳᠠ ᠬᠢᠪᠡ᠃     ᠣᠨᠴᠠᠭᠠᠶᠢᠯᠠᠨ ᠵᠠᠷᠯᠠᠪᠠ                    ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ                                         2021 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ