ᠬᠢᠷᠢ ᠲᠡᠩᠴᠡᠭᠦ ᠥᠬᠡᠶ ᠢᠳᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠭᠰᠡᠨ ᠪᠠᠶᠢᠳᠠᠯ ᠤᠨ ᠲᠤᠬᠠᠶ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2021/11/15
    ᠣᠷᠳᠣᠰ ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠨ NO᠄ 2021SP030448᠂ NO᠄ 2021SP030449 ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠳᠤ ᠮᠠᠨ ᠤ ᠲᠤᠭᠤᠷᠢᠭ ᠤᠨ 1 ᠠᠵᠤ ᠠᠬᠤᠶᠢᠯᠠᠯ ᠤᠨ ᠡᠵᠡᠩᠨᠡᠯᠲᠡ ᠶᠢᠨ ᠡᠷᠦᠬᠡ ᠬᠤᠯᠪᠤᠭᠳᠠᠵᠤ ᠪᠠᠶᠢᠨ᠎ᠠ᠄     ᠡᠳᠦᠭᠡ ᠬᠢᠷᠢ ᠲᠡᠩᠴᠡᠬᠦ ᠦᠭᠡᠶ ᠢᠳᠡᠭᠡᠨ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄     ᠥᠪᠥᠷ ᠮᠣᠩᠭᠤᠯ ᠤᠨ ᠯᠧ ᠾᠧ ᠶᠸᠦ ᠮᠧᠶ ᠢᠳᠡᠰᠢᠨ ᠨᠣᠭᠤᠭ᠎ᠠ ᠵᠢᠮᠢᠰ ᠤᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ     ᠨᠢᠭᠡ᠂ ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠶᠢᠳᠠᠯ     1 . ᠦᠯᠢᠭᠡᠷ ᠡᠳ᠋ ᠤᠨ ᠨᠡᠷᠡᠶᠢᠳᠦᠯ᠄ ᠬᠥᠳᠡᠭᠡ ᠲᠣᠰᠬᠤᠨ ᠤ ᠭᠤᠯᠭᠤᠷᠢᠰᠢ︔ ᠤᠶᠢᠯᠡᠳᠪᠤᠷᠢᠯᠡᠭᠰᠡᠨ   ᠡᠳᠦᠷ᠄ 2021 ᠣᠨ ᠤ 7 ᠳ᠋ᠤᠭᠠᠷ ᠰᠠᠷ᠎ᠠ ᠶᠢᠨ 26 ᠤ ᠡᠳᠦᠷ︔ ᠦᠯᠢᠭᠡᠷ ᠠᠪᠤᠭᠰᠠᠨ ᠰᠠᠭᠤᠷᠢ ᠲᠤᠭ᠎ᠠ᠄ 3 . 1 KG︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠲᠥᠷᠥᠯ ᠵᠦᠢᠯ᠄ ᠵᠡᠷᠯᠢᠭ ᠠᠯᠢᠮᠠᠨ ᠬᠦᠴᠢᠯ ᠵᠢᠴᠢ ᠺᠠᠯᠢ ᠶᠢᠨ ᠳᠠᠪᠤᠰᠤ ︵ᠵᠡᠷᠯᠢᠭ ᠠᠯᠢᠮᠠᠨ ᠬᠦᠴᠢᠯ ᠤᠨ ᠬᠡᠮᠵᠢᠶ᠎ᠡ ᠪᠠᠷ ᠪᠣᠳᠣᠨ᠎ᠠ︶᠂ ᠬᠦᠩᠭᠡᠨᠴᠠᠭᠠᠨ ᠤ ᠦᠯᠡᠳᠡᠭᠳᠡᠯ ᠪᠤᠳᠠᠰ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠣᠷᠳᠣᠰ ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ᠃     2 . ᠦᠯᠢᠭᠡᠷ ᠡᠳ᠋ ᠤᠨ ᠨᠡᠷᠡᠶᠢᠳᠦᠯ᠄ ᠬᠠᠨ ᠯᠣᠣ ᠡᠯ ᠢᠰᠬᠡᠭᠰᠡᠨ ᠨᠣᠭᠤᠭ᠎ᠠ︔ ᠤᠶᠢᠯᠡᠳᠪᠤᠷᠢᠯᠡᠭᠰᠡᠨ   ᠡᠳᠦᠷ᠄ 2021 ᠣᠨ ᠤ 6 ᠳ᠋ᠤᠭᠠᠷ ᠰᠠᠷ᠎ᠠ ᠶᠢᠨ 6 ᠤ ᠡᠳᠦᠷ︔ ᠦᠯᠢᠭᠡᠷ ᠠᠪᠤᠭᠰᠠᠨ ᠰᠠᠭᠤᠷᠢ ᠲᠤᠭ᠎ᠠ᠄ 8 ᠤᠭᠤᠲᠠ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠦᠯ ᠵᠦᠢᠯ᠄ ᠮᠧᠲ᠋ᠠ ᠬᠦᠴᠢᠯ ᠵᠢᠴᠢ ᠨᠠᠲᠷᠢ ᠶᠢᠨ ᠬᠡᠮᠵᠢᠶ᠎ᠡ ︵ᠪᠧᠨ᠋ᠽᠦᠨ ᠬᠦᠴᠢᠯ ᠤᠨ ᠬᠡᠮᠵᠢᠶ᠎ᠡ ᠪᠠᠷ ᠪᠤᠳᠤᠨ᠎ᠠ︶︔ ᠰᠢᠯᠭᠠᠨ ᠪᠠᠶᠢᠴᠠᠭᠠᠬᠤ   ᠪᠠᠶᠢᠭᠤᠯᠤᠮᠵᠢ᠄ ᠣᠷᠳᠣᠰ ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ᠃     ︵ᠬᠤᠶᠠᠷ︶ ᠪᠠᠶᠢᠴᠠᠭᠠᠭᠰᠠᠨ ᠪᠠᠶᠢᠳᠠᠯ     ᠰᠢᠯᠭᠠᠨ ᠪᠠᠶᠢᠴᠠᠭᠠᠯᠳᠠ ᠪᠠᠷ᠂ ᠥᠪᠥᠷ ᠮᠣᠩᠭᠤᠯ ᠤᠨ ᠯᠧ ᠾᠧ ᠶᠸᠦ ᠮᠧᠶ ᠢᠳᠡᠰᠢᠨ ᠨᠣᠭᠤᠭ᠎ᠠ ᠵᠢᠮᠢᠰ ᠤᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠤᠶᠢᠯᠡᠳᠪᠤᠷᠢᠯᠡᠭᠰᠡᠨ ᠡᠳᠦᠷ ᠨᠢ 2021 ᠣᠨ ᠤ 7 ᠰᠠᠷ᠎ᠠ ᠶᠢᠨ 26 ᠤ ᠡᠳᠦᠷ ᠪᠤᠯᠬᠤ ᠬᠥᠳᠡᠭᠡ ᠲᠣᠰᠬᠤᠨ ᠤ ᠹᠧᠨᠲ᠋ᠢᠶᠤᠤᠷ 23 . 9 ᠺᠢᠯᠣᠭ᠍ᠷᠠᠮ  ᠢ ᠨᠢᠭᠡᠨᠲᠡ ᠪᠦᠬᠦᠨ ᠢ ᠪᠣᠷᠣᠯᠠᠭᠤᠯᠵᠤ᠂ ᠪᠤᠷᠤᠯᠠᠭᠤᠯᠤᠭᠰᠠᠨ ᠵᠤᠭᠤᠰ ᠤᠨ ᠳᠤᠭ᠎ᠠ ᠨᠢ 119 . 5 ᠲᠥᠭᠦᠷᠢᠭ ᠲᠤ ᠬᠦᠷᠴᠡᠶ︔ ᠤᠶᠢᠯᠡᠳᠪᠤᠷᠢᠯᠡᠭᠰᠡᠨ ᠡᠳᠤᠷ ᠨᠢ 2012 ᠣᠨ ᠤ 6 ᠰᠠᠷ᠎ᠠ ᠶᠢᠨ 6 ᠤ ᠡᠳᠦᠷ ᠪᠤᠯᠬᠤ ᠬᠠᠨ ᠯᠣᠣ ᠡᠯ ᠢᠰᠬᠡᠭᠰᠡᠨ ᠨᠣᠭᠤᠭ᠎ᠠ 50 ᠤᠭᠤᠳᠠ ᠶᠢ 150 ᠲᠥᠭᠦᠷᠢᠭ ᠢᠶᠠᠷ ᠪᠦᠬᠦᠨ ᠢ ᠪᠣᠷᠣᠯᠠᠭᠤᠯᠵᠠᠶ︔ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠬᠡᠳᠦ ᠳᠡᠯᠭᠡᠭᠦᠷ ᠢ ᠳᠡᠭᠡᠷ᠎ᠡ ᠳᠤᠷᠠᠳᠤᠭᠰᠠᠨ 2 ᠵᠦᠢᠯ ᠤᠨ ᠲᠠᠸᠠᠷ ᠢ ᠡᠭᠡᠭᠦᠯᠦᠨ ᠠᠪᠴᠢᠷᠠᠬᠤ ᠲᠥᠯᠥᠪᠯᠡᠭᠡ ᠲᠣᠭᠲᠠᠭᠠᠬᠤ ᠬᠡᠷᠡᠭᠲᠡᠶ ᠭᠡᠵᠦ ᠵᠠᠷᠯᠢᠭᠳᠠᠭᠰᠠᠨ ᠪᠥᠭᠡᠳ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ ᠬᠢᠷᠢ ᠲᠡᠩᠴᠡᠭᠦ ᠦᠭᠡᠶ ᠦᠢᠯᠡᠳᠬᠦᠨ ᠢ ᠡᠭᠡᠭᠦᠯᠦᠨ ᠠᠪᠴᠢᠷᠠᠭᠤᠯᠵᠠᠢ᠃     ᠬᠤᠶᠠᠷ᠂ ᠬᠡᠷᠡᠭᠯᠡᠭᠡᠨ ᠤ ᠰᠠᠨᠠᠭᠤᠯᠤᠮᠵᠢ     ᠥᠷᠭᠡᠨ ᠣᠯᠠᠨ ᠬᠡᠷᠡᠭᠯᠡᠭᠴᠢᠳ ᠬᠡᠷᠪᠡ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ 12315 ᠬᠠᠯᠠᠮᠰᠢᠯ ᠤᠲᠠᠰᠤ ᠪᠠᠷ ᠢᠯᠡᠴᠢᠯᠡᠨ ᠮᠡᠳᠡᠬᠦᠯᠦᠭᠡᠷᠡᠢ᠃     ᠡᠭᠦᠨ ᠤ ᠲᠤᠯᠠ ᠣᠨᠴᠠᠭᠠᠶᠢᠯᠠᠨ ᠵᠠᠷᠯᠠᠪᠠ᠃                    ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ                                              2021 ᠣᠨ ᠤ 11 ᠰᠠᠷ᠎ᠠ ᠶᠢᠨ 15 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ