ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/11/16
     ᠨᠢᠭᠡ᠂ ᠪᠠᠶᠢᠭᠤᠯᠭ᠎ᠠ ᠶᠢᠨ ᠴᠢᠳᠠᠪᠬᠢ      ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠯ ᠳᠦᠷᠢᠮ ᠳᠤᠭᠳᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠷᠥ ᠶᠢᠨ ᠪᠣᠳᠣᠯᠭ᠎ᠠ ᠲᠣᠭᠲᠠᠭᠠᠯ ᠢ ᠨᠠᠶᠢᠳᠠᠪᠤᠷᠢᠵᠢᠭᠤᠯᠤᠨ᠂ ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠠᠵᠢᠯ ᠲᠥᠷᠥᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠶᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠲᠡᠮᠳᠡᠭᠯᠡᠬᠦ᠂ ᠪᠣᠶᠢᠵᠢᠭᠤᠯᠬᠤ ᠪᠠ ᠬᠠᠮᠢᠶᠠᠷᠬᠤ ᠠᠷᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠨ᠎ᠠ᠃ ᠳ᠋ᠦᠩᠱᠧᠩ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠵᠢᠯᠣᠭᠤᠳᠴᠤ᠂ ᠳᠤᠭᠤᠷᠢᠭ ᠤᠨ ᠲᠣᠰ ᠱᠠᠲᠤᠨ ᠤ ᠰᠢᠭᠤᠳ ᠳᠡᠩᠰᠡᠯᠡᠨ ᠲᠡᠮᠳᠡᠭᠯᠡᠭᠦᠯᠦᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ︵ᠭᠤᠷᠪᠠ︶ ᠳ᠋ᠦᠩᠱᠧᠩ ᠲᠣᠭᠤᠷᠢᠭ ᠤᠨ ᠨᠡᠶᠢᠭᠡᠮ ᠤᠨ ᠠᠪᠤᠷᠠᠨ ᠳᠤᠰᠠᠯᠠᠯᠳᠠ ᠶᠢᠨ ᠬᠡᠷᠡᠭᠵᠢᠭᠦᠯᠬᠦ ᠨᠠᠷᠢᠨ ᠲᠦᠷᠢᠮ ᠪᠠ ᠪᠠᠷᠢᠮᠵᠢᠶ᠎ᠠ ᠶᠢ ᠳᠤᠭᠤᠷᠪᠢᠨ ᠳᠤᠭᠳᠠᠭᠠᠵᠤ᠂ ᠨᠡᠶᠢᠭᠡᠮ ᠤᠨ  ᠠᠪᠤᠷᠠᠨ ᠳᠤᠰᠠᠯᠠᠬᠤ ᠳᠤᠭᠳᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ  ᠠᠪᠤᠷᠠᠨ ᠲᠤᠰᠠᠯᠠᠬᠤ᠂ ᠠᠮᠢᠳᠤᠷᠠᠯ ᠤᠨ ᠢᠷᠡᠯᠲᠡ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠲᠦᠷᠪᠡ︶ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ  ᠶᠢᠨ ᠪᠤᠳᠤᠯᠭ᠎ᠠ ᠶᠢ ᠳᠤᠤᠱᠯᠠᠭᠤᠯᠤᠨ ᠬᠡᠷᠡᠭᠵᠢᠭᠦᠯᠵᠦ᠂ ᠬᠤᠳᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ  ᠳᠤᠭᠳᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠎ᠠ᠃      ︵ᠲᠠᠪᠤ︶ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠬᠦᠷᠬᠡᠯᠡᠨ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠡᠭᠦᠷᠭᠡᠯᠡᠵᠦ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        ︵ᠵᠢᠷᠭᠤᠭ᠎ᠠ︶ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠷᠤᠭ ᠤᠨ ᠵᠠᠩ ᠳᠠᠳᠬᠠᠯ ᠤᠨ ᠥᠭᠡᠷᠡᠴᠢᠯᠡᠯᠲᠡ  ᠶᠢ ᠠᠬᠢᠭᠤᠯᠤᠨ᠎ᠠ᠃      ︵ᠳᠣᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠬᠡᠨ ᠤ ᠵᠢᠷᠦᠮᠵᠢᠯ ᠢ  ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃      ︵ᠨᠠᠶᠮᠠ︶ ᠳ᠋ᠦᠩᠱᠧᠩ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂  ᠱᠠᠯᠠᠪᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠵᠤ ᠬᠠᠮᠢᠶᠠᠷᠤᠨ᠂ ᠳ᠋ᠦᠩᠱᠧᠩ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ ᠤ  ᠳᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠣᠭᠲᠠᠭᠠᠯ᠂ ᠪᠠᠷᠢᠮᠵᠢᠶ᠎ᠠ ᠶᠢ ᠳᠤᠭᠤᠷᠪᠢᠨ ᠳᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ  ᠤᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ  ᠃      ︵ᠶᠢᠰᠦ︶ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠵᠡᠮᠳᠡᠭᠴᠦᠳ ᠤᠨ ᠠᠰᠠᠷᠠᠮᠵᠢ  ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠶᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      ︵ᠠᠷᠪᠠ︶  ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠳᠤᠤᠱᠯᠠᠭᠤᠯᠤᠨ ᠬᠡᠷᠡᠭᠵᠢᠭᠦᠯᠵᠦ᠂ ᠬᠡᠦᠬᠡᠳ ᠢ ᠡᠷᠭᠦᠨ ᠲᠡᠵᠢᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠳᠤᠭᠳᠠᠯᠴᠠᠭ᠎ᠠ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃      ︵ᠠᠷᠪᠠᠨ ᠨᠢᠭᠡ︶ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠪᠣᠯᠤᠨ ᠨᠢᠭᠦᠯᠡᠰᠦᠩᠭᠦᠶ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠨᠡᠶᠢᠭᠡᠮ ᠤᠨ ᠲᠤᠰᠠᠯᠠᠨ ᠳᠡᠮᠵᠢᠬᠦ ᠠᠵᠢᠯ ᠢ ᠵᠢᠯᠣᠭᠤᠳᠤᠨ᠎ᠠ᠃      ︵ᠠᠷᠪᠠᠨ ᠬᠤᠶᠠᠷ︶ ᠳ᠋ᠦᠩᠱᠧᠩ ᠲᠣᠭᠤᠷᠢᠭ ᠤᠨ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠲᠦᠷᠢᠮ ᠢ ᠳᠤᠭᠤᠷᠪᠢᠨ ᠳᠤᠭᠳᠠᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠬᠡᠨ ᠤ ᠪᠠᠶᠢᠭᠤᠯᠤᠯᠲᠠ ᠪᠠ ᠰᠠᠶᠢᠨ ᠳᠤᠷᠠᠴᠤᠳ ᠤᠨ ᠦᠢᠯᠡᠴᠢᠯᠡᠬᠡᠨ ᠤ ᠡᠩᠨᠡᠬᠡᠨ ᠤ ᠪᠠᠶᠢᠭᠤᠯᠤᠯᠲᠠ ᠶᠢ ᠠᠬᠢᠭᠤᠯᠤᠨ᠎ᠠ᠃      ︵ᠠᠷᠪᠠᠨ ᠭᠤᠷᠪᠠ︶ ᠳ᠋ᠦᠩᠱᠧᠩ ᠲᠣᠭᠤᠷᠢᠭ ᠤᠨ ᠨᠠᠰᠤᠵᠢᠯ ᠤᠨ ᠪᠠᠶᠢᠭᠤᠯᠤᠮᠵᠢ᠂ ᠣᠷᠣᠰᠢᠭᠤᠯᠭ᠎ᠠ ᠶᠢᠨ ᠦᠶᠯᠡᠴᠢᠯᠡᠭᠡᠨ ᠤ ᠪᠠᠶᠢᠭᠤᠯᠤᠮᠵᠢ ᠪᠠ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠠᠶᠤᠯᠬᠦᠢ ᠦᠶᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃      ︵ᠠᠷᠪᠠᠨ ᠳᠥᠷᠪᠡ︶  ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠬᠦᠷᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠬᠠᠤᠯᠢ ᠠᠴᠠ ᠵᠥᠷᠢᠴᠡᠭᠰᠡᠨ ᠬᠡᠷᠡᠭ ᠢ ᠰᠢᠶᠳᠪᠦᠷᠢᠯᠡᠨ᠎ᠡ᠃      ︵ᠠᠷᠪᠠᠨ ᠲᠠᠪᠤ︶ ᠳᠤᠭᠤᠷᠢᠭ ᠤᠨ ᠨᠠᠮ ᠤᠨ ᠬᠤᠷᠢᠶ᠎ᠠ᠂ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠᠨ ᠵᠢᠷᠭᠤᠭ᠎ᠠ︶ ᠡᠭᠦᠷᠭᠡ ᠴᠢᠳᠠᠪᠬᠢ ᠶᠢᠨ ᠬᠤᠪᠢᠷᠠᠯᠳᠠ᠃      ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ᠂ ᠣᠨᠴᠠᠭᠠᠶ ᠬᠥᠮᠦᠰ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠬᠦᠯᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠶᠯᠡᠴᠢᠯᠡᠭᠡ ᠵᠡᠷᠭᠡ  ᠳᠤᠰᠢᠶᠠᠯ ᠬᠠᠷᠢᠭᠤᠴᠠᠯᠭ᠎ᠠ ᠪᠠᠨ ᠨᠠᠩ ᠰᠠᠶᠢᠲᠤᠷ ᠭᠦᠶᠴᠡᠳᠬᠡᠵᠦ᠂ ᠬᠦᠴᠢᠷᠳᠡᠯᠲᠡᠶ ᠣᠯᠠᠨ ᠲᠦᠮᠡᠨ᠂ ᠥᠨᠥᠴᠢᠨ ᠨᠠᠰᠤᠲᠠᠨ ᠥᠨᠥᠴᠢᠨ ᠵᠡᠮᠳᠡᠭ ᠬᠡᠦᠬᠡᠳ ᠵᠡᠷᠭᠡ ᠣᠨᠴᠠᠭᠠᠶ ᠬᠥᠮᠦᠰ ᠲᠤ ᠦᠨᠳᠦᠰᠦᠨ ᠨᠡᠶᠢᠭᠡᠮ ᠤᠨ ᠦᠶᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠶ  ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠡᠶᠢᠰᠢ ᠬᠡᠯᠪᠡᠶᠢᠯᠭᠡᠬᠦ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ᠡᠷᠬᠢᠯᠡᠭᠴᠢ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠪᠣᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃      ︵ᠠᠷᠪᠠᠨ ᠳᠣᠯᠤᠭ᠎ᠠ︶ ᠬᠤᠯᠪᠣᠭᠳᠠᠯ ᠪᠦᠬᠦᠢ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ  ᠃      1.ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠤᠭ᠎ᠠ ᠶᠢᠨ ᠬᠤᠯᠪᠣᠭᠳᠠᠯ ᠪᠥᠬᠦᠶ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠳᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳ᠋ᠦᠩᠱᠧᠩ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ  ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠱᠠᠯᠠᠪᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠶᠯᠡᠴᠢᠯᠡᠭᠡᠨ ᠤ ᠳᠤᠭᠳᠠᠯᠴᠠᠭᠠᠨ ᠤ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠳᠤᠭᠤᠷᠪᠢᠨ ᠳᠤᠭᠳᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠤᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠳᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢᠨ  ᠨᠠᠰᠤᠵᠢᠯ᠂ ᠡᠮᠴᠢᠯᠡᠭᠡ ᠰᠤᠪᠢᠯᠠᠯ ᠢ ᠤᠶᠠᠯᠳᠤᠭᠤᠯᠤᠭᠰᠠᠨ ᠠᠵᠢᠯ ᠢ ᠠᠷᠭᠠᠴᠠᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠨᠠᠰᠤᠲᠠᠶᠢᠴᠤᠳ ᠤᠨ ᠠᠵᠢᠯ ᠦᠶᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂  ᠱᠠᠯᠠᠪᠳᠠᠭᠤᠯᠤᠨ ᠵᠢᠯᠣᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡ ᠰᠤᠪᠢᠯᠠᠯᠲᠠ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ ᠬᠠᠷᠠᠭᠠᠯᠵᠠᠬᠤ ᠦᠶᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃      2. ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠯᠤᠭ᠎ᠠ ᠶᠢᠨ ᠬᠤᠯᠪᠣᠭᠳᠠᠯ ᠪᠥᠬᠦᠶ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠲᠠᠢ ᠬᠠᠮᠲᠤᠷᠠᠨ ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠤᠷᠤᠨ ᠤ ᠬᠤᠪᠢᠶᠠᠷᠢᠯᠠᠯ ᠤᠨ ᠮᠡᠳᠡᠭᠡ ᠵᠠᠩᠭᠢ ᠪᠠ ᠵᠠᠰᠠᠭ ᠵᠠᠬᠢᠷᠭᠠᠨ ᠤ ᠤᠷᠤᠨ ᠤ ᠬᠤᠪᠢᠶᠠᠷᠢᠯᠠᠯ ᠤᠨ ᠵᠢᠷᠤᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠤᠭᠤᠷᠪᠢᠵᠤ ᠨᠡᠶᠢᠲᠡᠯᠡᠨ᠎ᠡ᠃     ᠬᠤᠶᠠᠷ᠂ ᠪᠠᠶᠢᠭᠤᠯᠤᠮᠵᠢ ᠶᠢᠨ ᠳᠤᠬᠢᠷᠠᠭᠤᠯᠤᠯᠳᠠ      ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠳᠣᠤᠷᠠᠬᠢ ᠮᠡᠲᠦ ᠳᠣᠲᠣᠭᠠᠳᠤ ᠶᠢᠨ ᠪᠠᠶᠢᠭᠤᠯᠤᠮᠵᠢ ᠶᠢ ᠪᠠᠶᠢᠭᠤᠯᠪᠠ᠄      ︵ᠨᠢᠭᠡ︶ ᠠᠯᠪᠠᠨ ᠭᠡᠷ      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠰᠦᠯᠵᠢᠶ᠎ᠡ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠠᠵᠢᠯ ᠢ ᠡᠭᠦᠷᠭᠡᠯᠡᠨ᠎ᠡ᠃ ᠠᠷᠠᠳ ᠤᠨ ᠶᠠᠪᠤᠳᠠᠯ ᠤᠨ ᠠᠵᠢᠯ ᠯᠤᠭ᠎ᠠ ᠬᠤᠯᠪᠣᠭᠳᠠᠬᠤ ᠲᠥᠷᠥ ᠶᠢᠨ ᠪᠣᠳᠣᠯᠭ᠎ᠠ᠂ ᠪᠢᠴᠢᠭ ᠮᠠᠲ᠋ᠧᠷᠢᠶᠠᠯ ᠤᠨ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠪᠣᠯᠤᠨ ᠪᠠᠶᠢᠭᠤᠯᠭ᠎ᠠ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ  ᠶᠢᠨ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠵᠢᠯᠲᠠᠨ ᠤ ᠶᠠᠪᠤᠳᠠᠯ ᠬᠥᠳᠡᠯᠮᠦᠷᠢ ᠴᠠᠯᠢᠩ ᠤᠨ ᠬᠠᠮᠢᠶᠠᠷᠤᠯᠲᠠ᠂ ᠪᠠᠶᠢᠭᠤᠯᠤᠮᠵᠢ᠂ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ ᠵᠢᠴᠢ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃      ︵ᠬᠤᠶᠠᠷ︶ ᠨᠡᠶᠢᠭᠡᠮ ᠤᠨ ᠠᠪᠤᠷᠠᠨ ᠲᠤᠰᠠᠯᠠᠬᠤ ᠲᠠᠰᠤᠭ      ᠳ᠋ᠦᠩᠱᠧᠩ ᠲᠣᠭᠤᠷᠢᠭ ᠤᠨ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠳᠤᠭᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠶᠢ ᠲᠡᠳᠬᠦᠨ ᠬᠦᠴᠢᠷᠳᠡᠯᠲᠡᠶ ᠶᠢ ᠲᠤᠰᠠᠯᠠᠬᠤ ᠵᠡᠷᠭᠡ ᠨᠡᠶᠢᠭᠡᠮ ᠤᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠲᠥᠯᠥᠪᠵᠢᠭᠦᠯᠭᠡ᠂ ᠬᠡᠷᠡᠭᠵᠢᠭᠦᠯᠬᠦ ᠨᠠᠷᠢᠨ ᠲᠦᠷᠢᠮ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ︽ᠪᠠᠴᠢᠮ ᠰᠠᠨᠠᠭᠠᠨ ᠳᠤ ᠦᠬᠡᠢ ᠢ ᠠᠪᠤᠷᠠᠨ ᠲᠤᠰᠠᠯᠠᠬᠤ︾᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ᠂ ᠣᠶᠤᠨ ᠮᠡᠳᠡᠷᠡᠯ ᠤᠨ ᠰᠠᠭᠠᠳ  ᠲᠠᠢ ᠬᠦᠴᠢᠷᠳᠡᠯᠲᠡᠶ ᠡᠪᠡᠳᠴᠢᠲᠡᠨ᠂ ᠬᠦᠴᠢᠷᠳᠡᠯᠲᠡᠶ ᠬᠤᠶᠠᠷ ᠬᠥᠳᠡᠯᠮᠦᠷᠢ ᠠᠴᠠ ᠰᠤᠯᠠᠯᠠᠭᠳᠠᠭᠰᠠᠨ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ︔ ᠬᠤᠲᠠ ᠪᠠᠯᠭᠠᠰᠤ ᠶᠢᠨ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ᠂ ᠶᠠᠳᠠᠭᠤ ᠶᠢ ᠲᠡᠳᠬᠦᠵᠦ ᠨᠡᠬᠡᠬᠡᠯᠳᠡ ᠬᠢᠬᠦ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠠᠵᠢᠯ ᠪᠣᠯᠤᠨ ᠶᠠᠳᠠᠭᠤ ᠶᠢ ᠲᠡᠳᠬᠦᠵᠦ ᠦᠨᠳᠦᠰᠦᠨ ᠵᠦᠶᠯ ᠢ ᠪᠠᠲᠤᠯᠠᠬᠤ ᠠᠵᠢᠯ ᠢ ᠰᠠᠶᠢᠲᠤᠷ ᠬᠢᠨ᠎ᠠ᠃      ︵ᠭᠤᠷᠪᠠ︶ ᠨᠡᠶᠢᠭᠡᠮ ᠤᠨ ᠠᠰᠠᠷᠠᠮᠵᠢ ᠶᠢᠨ ᠲᠠᠰᠤᠭ      ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠵᠦ᠂ ᠨᠠᠰᠤᠲᠠᠶᠢᠴᠤᠳ ᠤᠨ ᠠᠰᠠᠷᠠᠮᠵᠢ ᠨᠥᠬᠦᠪᠥᠷᠢ ᠶᠢᠨ ᠲᠦᠷᠢᠮ ᠪᠠ ᠨᠠᠰᠤᠵᠢᠯ ᠤᠨ ᠠᠰᠠᠷᠠᠮᠵᠢ  ᠶᠢᠨ ᠦᠶᠯᠡᠴᠢᠯᠡᠭᠡᠨ ᠤ ᠳᠤᠭᠳᠠᠯᠴᠠᠭᠠᠨ ᠤ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡ᠂ ᠨᠠᠰᠤᠲᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠥᠨᠳᠥᠷ ᠨᠠᠰᠤᠨ ᠤ ᠨᠥᠬᠦᠪᠥᠷᠢ ᠣᠯᠭᠤᠬᠤ ᠵᠡᠷᠭᠡ ᠠᠵᠢᠯ ᠢ ᠬᠠᠷᠢᠭᠤᠴᠠᠨ᠎ᠠ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠳᠤᠭᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠬᠦ ᠪᠠ ᠬᠦᠴᠢᠷᠳᠡᠯ ᠲᠠᠢ ᠬᠡᠦᠬᠡᠳ ᠤᠨ ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠬᠡᠦᠬᠡᠳ ᠤᠨ ᠠᠰᠠᠷᠠᠮᠵᠢ᠂ ᠬᠡᠦᠬᠡᠳ ᠢ ᠡᠷᠭᠦᠨ ᠲᠡᠵᠢᠭᠡᠬᠦ ᠪᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ  ᠨᠠᠶᠢᠳᠠᠪᠤᠷᠢᠵᠢᠭᠤᠯᠤᠨ᠎ᠠ᠃ ᠡᠷᠭᠦᠨ ᠲᠡᠵᠢᠭᠡᠬᠦ ᠶᠢ ᠳᠠᠩᠰᠠᠯᠠᠨ ᠬᠠᠮᠢᠶᠠᠷᠬᠤ ᠠᠵᠢᠯ ᠢ ᠥᠷᠨᠢᠭᠦᠯᠬᠦ ᠶᠢ ᠬᠠᠷᠢᠭᠤᠴᠠᠨ᠎ᠠ᠃ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠵᠡᠮᠳᠡᠭᠴᠦᠳ ᠢ ᠰᠤᠪᠢᠯᠠᠬᠤ ᠨᠥᠬᠦᠪᠥᠷᠢ ᠶᠢ ᠣᠯᠭᠤᠬᠤ ᠠᠵᠢᠯ ᠢ ᠬᠠᠷᠢᠭᠤᠴᠠᠵᠤ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃      ︵ᠳᠥᠷᠪᠡ︶ ᠨᠡᠶᠢᠭᠡᠮ ᠤᠨ ᠶᠠᠪᠤᠳᠠᠯ ᠤᠨ ᠲᠠᠰᠤᠭ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶      ᠣᠷᠤᠭ ᠤᠨ ᠵᠠᠩᠰᠢᠯ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠣᠷᠤᠭ ᠬᠤᠷᠢᠮ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ  ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠣᠷᠤᠭ  ᠳᠠᠩᠰᠠᠯᠠᠬᠤ᠂ ᠣᠷᠣᠰᠢᠭᠤᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ ᠠᠮᠰᠠᠭᠴᠢ ᠶᠢ ᠲᠦᠷ ᠴᠠᠭ ᠥᠮᠥᠭᠯᠡᠨ ᠬᠠᠮᠠᠭᠠᠯᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ᠵᠢᠷᠠᠭᠠᠳ ᠣᠨ ᠤ ᠦᠶ᠎ᠡ ᠶᠢᠨ ᠬᠠᠰᠤᠭᠳᠠᠭᠰᠠᠨ ᠠᠬᠠᠮᠠᠳ ᠠᠵᠢᠯᠳᠠᠳ ᠤᠨ ᠠᠮᠢᠳᠤᠷᠠᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠵᠢᠴᠢ ︽ᠭᠤᠷᠪᠠᠨ ᠠᠷᠠᠳ︾ ᠤᠨ ᠲᠣᠭᠲᠠᠮᠠᠯ ᠬᠤᠭᠤᠴᠠᠭ᠎ᠠ ᠲᠠᠢ ᠲᠣᠭᠲᠠᠭᠰᠠᠨ ᠬᠡᠮᠵᠢᠶᠡᠨ ᠤ ᠨᠥᠬᠦᠪᠥᠷᠢ ᠶᠢ ᠨᠠᠶᠢᠳᠠᠪᠤᠷᠢᠵᠢᠭᠤᠯᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠠᠶᠢᠭᠤᠯᠭ᠎ᠠ ᠶᠢᠨ ᠭᠤᠶᠤᠴᠢᠯᠠᠯ ᠢ ᠦᠨᠳᠤᠰᠤᠯᠡᠨ ᠵᠠᠰᠠᠭ ᠵᠠᠬᠢᠷᠭᠠᠨ ᠤ ᠵᠦᠪᠰᠢᠶᠡᠷᠡᠬᠦ᠂ ᠨᠤᠲᠠᠯᠠᠬᠤ᠂ ᠱᠠᠩᠨᠠᠬᠤ᠂ ᠥᠭᠬᠦ ᠵᠦᠢᠯᠡᠰ ᠢ ᠬᠦᠯᠢᠶᠡᠨ ᠠᠪᠴᠤ ᠰᠢᠶᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠲᠥᠷᠥᠯ ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠲᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠤᠨ ᠠᠷᠤ ᠲᠠᠪᠴᠠᠩ ᠳᠤ ᠳᠡᠮᠵᠢᠯᠭᠡ ᠦᠵᠡᠭᠦᠯᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ ᠠᠷᠠᠳ ᠤᠨ ᠶᠠᠪᠤᠳᠠᠯ ᠤᠨ ᠬᠦᠷᠢᠶ᠎ᠡ ᠴᠠᠷᠠᠨ  ᠳᠠᠬᠢ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠵᠡᠷᠭᠡ ᠠᠵᠢᠯ ᠢ ᠬᠠᠷᠢᠭᠤᠴᠠᠨ᠎ᠠ᠃      ︵ᠲᠠᠪᠤ︶ ᠦᠨᠳᠦᠰᠦᠨ ᠱᠠᠲᠤᠨ ᠤ ᠵᠠᠰᠠᠭ ᠤᠨ ᠡᠷᠬᠡ᠂ ᠨᠡᠶᠢᠭᠡᠮ ᠲᠣᠭᠤᠷᠢᠭ ᠤᠨ ᠵᠠᠰᠠᠯᠲᠠ ᠪᠠ ᠣᠷᠣᠨ ᠬᠤᠪᠢᠶᠠᠷᠢ ᠶᠢᠨ ᠭᠠᠵᠠᠷ ᠤᠨ ᠨᠡᠷ᠎ᠡ ᠶᠢᠨ ᠲᠠᠰᠤᠭ      ᠬᠤᠳᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠳᠤᠭᠳᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠥᠷᠨᠢᠭᠦᠯᠵᠦ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠮᠢᠶᠠᠷᠴᠤ᠂ ᠬᠠᠤᠯᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠬᠦᠷᠢᠶ᠎ᠡ ᠴᠠᠷᠠᠨ ᠳᠠᠬᠢ ᠵᠠᠰᠠᠭ ᠤᠨ ᠣᠷᠳᠣᠨ ᠠᠴᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠶᠯᠡᠴᠢᠯᠡᠭᠡ ᠶᠢ ᠬᠤᠳᠠᠯᠳᠤᠨ ᠠᠪᠬᠤ ᠠᠵᠢᠯ ᠢ ᠦᠷᠨᠢᠬᠦᠯᠦᠨ᠎ᠡ᠃ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠬᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠬᠡᠨ ᠤ ᠪᠠᠶᠢᠭᠤᠯᠤᠯᠲᠠ ᠶᠢ ᠠᠬᠢᠭᠤᠯᠤᠨ᠎ᠠ᠃       ᠳ᠋ᠦᠩᠱᠧᠩ ᠲᠣᠭᠤᠷᠢᠭ ᠲᠤ ᠳᠠᠩᠰᠠᠯᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠭᠠᠨ ᠵᠢᠯᠣᠭᠤᠳᠣᠭᠴᠢ ᠪᠠ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠲᠥᠯᠥᠪᠯᠡᠭᠡ ᠶᠢ ᠱᠠᠯᠠᠪᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠤᠨ᠂ ᠵᠢᠱᠢᠶ᠎ᠡ ᠦᠵᠡᠭᠦᠯᠬᠦ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠤᠬᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠮᠦᠵᠢᠭᠦᠯᠦᠨ ᠪᠣᠶ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠢ ᠪᠠᠶᠢᠭᠤᠯᠤᠨ᠎ᠠ᠃      ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠪᠠ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠬᠠᠷᠢᠭᠤᠴᠠᠨ᠎ᠠ᠃      ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠠᠯᠭᠠᠰᠤ᠂ ᠵᠡᠭᠡᠯᠢ ᠭᠤᠳᠤᠮᠵᠢ ᠶᠢ ᠪᠠᠶᠢᠭᠤᠯᠬᠤ᠂ ᠬᠠᠰᠤᠬᠤ᠂ ᠨᠡᠷ᠎ᠡ ᠶᠢ ᠬᠠᠯᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠵᠢᠴᠢ ᠰᠠᠭᠤᠭ᠎ᠠ ᠭᠠᠵᠠᠷ ᠢ ᠨᠡᠭᠦᠯᠭᠡᠬᠦ ᠶᠢᠨ ᠬᠢᠨᠠᠨ ᠬᠠᠷᠭᠤᠭᠤᠯᠵᠤ ᠮᠡᠳᠡᠭᠦᠯᠬᠦ ᠠᠵᠢᠯ ᠢ ᠳᠠᠭᠠᠭᠠᠨ ᠭᠦᠢᠴᠡᠳᠬᠡᠨ᠎ᠡ᠃ ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠵᠠᠭᠠᠭ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠳ᠋ᠦᠩᠱᠧᠩ ᠲᠣᠭᠤᠷᠢᠭ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠭᠠᠵᠠᠷ ᠤᠨ ᠨᠡᠷ᠎ᠡ ᠶᠢᠨ ᠲᠡᠮᠳᠡᠭ ᠤᠨ ᠳᠤᠬᠢᠷᠠᠭᠤᠯᠤᠯᠳᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠷᠢᠮᠵᠢᠶᠠᠯᠠᠭᠰᠠᠨ ᠭᠠᠵᠠᠷ ᠤᠨ ᠨᠡᠷ᠎ᠡ ᠶᠢᠨ ᠬᠡᠪᠯᠡᠭᠳᠡᠬᠦᠨ ᠢ ᠳᠠᠭᠠᠭᠠᠨ ᠬᠦᠢᠴᠡᠳᠬᠡᠵᠤ ᠲᠠᠷᠬᠠᠭᠠᠬᠤ ᠠᠵᠢᠯ ᠢ ᠬᠠᠷᠢᠭᠤᠴᠠᠨ᠎ᠠ  ᠃      ᠭᠤᠷᠪᠠ᠂ ᠠᠵᠢᠯᠯᠠᠬᠤ ᠬᠠᠶ᠋ᠢᠭ᠂ ᠴᠠᠭ᠂ ᠬᠠᠷᠢᠯᠴᠠᠬᠤ ᠠᠷᠭ᠎ᠠ      ᠳ᠋ᠦᠩᠱᠧᠩ ᠲᠣᠭᠤᠷᠢᠭ ᠤᠨ ᠯᠢᠶᠠᠨ ᠪᠠᠩ ᠲᠣᠮᠣ ᠠᠰᠠᠷ ᠤᠨ A ᠰᠠᠭᠤᠷᠢ ᠶᠢᠨ 8 ᠳ᠋ᠤᠭᠠᠷ ᠳᠠᠪᠬᠤᠷᠭ᠎ᠠ      ᠲᠣᠪᠴᠢᠶᠠᠨ ᠤ ᠠᠯᠪᠠᠨ ᠬᠡᠷ ᠤᠨ 814 ᠲᠠᠰᠤᠭ        ᠠᠵᠢᠯᠯᠠᠬᠤ ᠴᠠᠭ᠄      ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ      ᠦᠳᠡ ᠶᠢᠨ ᠡᠮᠦᠨ᠎ᠡ᠄ 8᠄ 30 —12᠄ 00      ᠦᠳᠡ ᠶᠢᠨ ᠬᠤᠶᠢᠨ᠎ᠠ᠄ 3᠄ 00 — 6᠄ 00      ᠬᠠᠷᠢᠯᠴᠠᠬᠤ ᠤᠳᠠᠰᠤ᠄ 0477 - 8380906  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ