ᠣᠷᠳᠣᠰ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠳᠦᠷᠭᠡᠨ ᠬᠦᠷᠭᠡᠯᠳᠡ ᠶᠢᠨ ᠪᠤᠭᠤᠳᠠᠯ ᠢ ᠠᠮᠤᠷ ᠳᠦᠪᠰᠢᠨ ᠢᠶᠠᠷ ᠬᠤᠷᠢᠶᠠᠨ ᠠᠪᠬᠤ ᠳᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/11/17
                           ﹇2021﹈ 28 ᠲᠤᠭᠠᠳᠤ     ᠣᠶᠢᠷ᠎ᠠ ᠶᠢᠨ ᠬᠤᠭᠤᠴᠠᠭᠠᠨ ᠳᠤ᠂ ︽ᠬᠤᠤᠰ ᠠᠷᠪᠠᠨ ᠨᠢᠭᠡ︾ ᠵᠡᠷᠭᠡ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢᠨ ᠨᠥᠯᠥᠭᠡ ᠪᠠᠷ᠂ ᠬᠤᠲᠠ ᠶᠢᠨ ᠠᠷᠠᠳ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠲᠠᠸᠠᠷ ᠤᠨ ᠲᠤᠭ᠎ᠠ ᠬᠡᠮᠵᠢᠶ᠎ᠡ ᠨᠡᠮᠡᠭᠳᠡᠵᠦ᠂ ᠪᠤᠳᠠᠰ ᠤᠨ ᠬᠦᠢᠯᠬᠡᠬᠡ ᠣᠯᠠᠰᠢᠷᠠᠵᠤ ᠪᠠᠶᠢᠨ᠎ᠠ᠃ ᠥᠷᠭᠡᠨ ᠣᠯᠠᠨ ᠬᠡᠷᠡᠭᠯᠡᠭᠴᠢᠳ ᠤᠨ ᠰᠢᠤᠳᠠᠨ ᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠢ ᠠᠮᠤᠷ ᠲᠦᠪᠰᠢᠨ ᠢᠶᠠᠷ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠤᠶᠢᠯᠡᠰ ᠢ ᠳᠣᠤᠷᠠᠬᠢ ᠮᠡᠲᠦ ᠰᠠᠨᠠᠭᠤᠯᠤᠶ᠎ᠠ᠄     ᠨᠢᠭᠡ᠂ ᠥᠷᠭᠡᠨ ᠣᠯᠠᠨ ᠬᠡᠷᠡᠭᠯᠡᠭᠴᠢᠳ ᠢᠷᠡᠯᠲᠡ ᠨᠢ ᠲᠣᠳᠣᠷᠬᠠᠶ ᠥᠬᠡᠶ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠥᠬᠡᠶ ᠭᠠᠳᠠᠭᠠᠳᠤ ᠠᠴᠠ ᠣᠷᠣᠭᠤᠯᠬᠤ ᠲᠠᠸᠠᠷ ᠢ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠴᠤ ᠪᠣᠯᠬᠤ ᠥᠬᠡᠶ᠃ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠳᠡᠰ ᠤᠨ ᠳᠦᠭᠰᠢᠬᠦᠷᠢᠳᠤ ᠭᠠᠵᠠᠷ ᠣᠷᠣᠨ ᠠᠴᠠ ᠲᠠᠸᠠᠷ ᠢ ᠰᠢᠦᠳᠠᠨ ᠢᠶᠠᠷ ᠬᠤᠳᠠᠯᠳᠤᠨ ᠠᠪᠬᠤ ᠠᠴᠠ ᠠᠯᠢ ᠴᠢᠳᠠᠬᠤ ᠪᠠᠷ ᠵᠠᠶᠢᠯᠠᠰᠬᠢᠨ᠎ᠠ᠃     ᠬᠤᠶᠠᠷ᠂ ᠳᠠᠷᠦ᠋ᠢᠬᠠᠨ ᠬᠡᠷᠡᠭᠯᠡᠬᠦ ᠥᠬᠡᠶ ᠪᠤᠶᠤ ᠬᠦᠢᠲᠡᠨ ᠢᠶᠠᠷ ᠬᠠᠳᠠᠭᠠᠯᠠᠬᠤ ᠴᠢᠬᠤᠯᠠ ᠥᠬᠡᠶ ᠲᠦᠷᠭᠡᠨ ᠬᠦᠷᠭᠡᠬᠦ ᠡᠳ᠋ ᠪᠣᠳᠠᠰ ᠢ ᠬᠡᠷ ᠤᠨ ᠭᠠᠳᠠᠨᠠᠬᠢ ᠬᠠᠭᠤᠷᠠᠶ ᠰᠠᠯᠬᠢ ᠨᠡᠪᠲᠡᠷᠡᠬᠦ ᠭᠠᠵᠠᠷ ᠲᠤ ᠬᠡᠰᠡᠭ ᠬᠤᠭᠤᠴᠠᠭ᠎ᠠ ᠲᠠᠯᠪᠢᠵᠤ᠂ ᠲᠦᠷᠭᠡᠨ ᠬᠦᠷᠭᠡᠯᠲᠡ ᠶᠢᠨ ᠭᠠᠳᠠᠷ ᠪᠣᠭᠤᠳᠠᠯ ᠳᠤ ᠭᠠᠷ ᠢᠶᠠᠷ ᠢᠶᠠᠨ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠠᠮᠠᠪᠴᠢ ᠪᠠ ᠪᠡᠭᠡᠯᠡᠶ ᠵᠡᠭᠦᠵᠦ᠂ ᠭᠠᠳᠠᠷ ᠪᠣᠭᠤᠳᠠᠯ ᠤᠨ ᠠᠷᠢᠭᠤᠳᠬᠠᠯ ᠢ ᠰᠠᠶᠢᠲᠤᠷ ᠬᠢᠭᠰᠡᠨ ᠤ ᠳᠠᠷᠠᠭ᠎ᠠ ᠰᠠᠶ᠋ᠢ ᠲᠦᠷᠭᠡᠨ ᠬᠦᠷᠭᠡᠯᠳᠡ ᠶᠢᠨ ᠪᠤᠭᠤᠯᠳᠠ ᠶᠢ ᠨᠡᠭᠡᠭᠡᠵᠦ ᠵᠠᠳᠠᠯᠬᠤ ᠶᠢ ᠰᠠᠨᠠᠭᠤᠯᠵᠤ ᠪᠠᠶᠢᠨ᠎ᠠ᠃ ᠲᠦᠷᠭᠡᠨ ᠬᠦᠷᠭᠡᠯᠳᠡ ᠶᠢᠨ ᠪᠤᠭᠤᠯᠳᠠ ᠶᠢ ᠨᠡᠭᠡᠭᠡᠵᠦ ᠵᠠᠳᠠᠯᠤᠭᠰᠠᠨ ᠤ ᠳᠠᠷᠠᠭ᠎ᠠ᠂ ᠭᠠᠳᠠᠷ ᠪᠣᠭᠤᠳᠠᠯ ᠪᠠᠭᠯᠠᠭ᠎ᠠ ᠶᠢ ᠳᠠᠬᠢᠨ ᠨᠢᠭᠡ ᠤᠳᠠᠭ᠎ᠠ ᠠᠷᠢᠭᠤᠳᠬᠠᠨ᠎ᠠ᠃     ᠭᠤᠷᠪᠠ᠂ ᠠᠷᠢᠭᠤᠳᠬᠠᠬᠤ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂ 70% — 80% ᠶᠢᠨ ᠠᠭᠤᠯᠤᠭᠳᠠᠴᠠ ᠲᠠᠢ ᠡᠲ᠋ᠢᠯ ᠠᠯᠺᠣᠣᠯ ᠤᠨ ᠠᠷᠢᠭᠤᠳᠬᠠᠭᠴᠢ ᠡᠳ᠋ ᠢᠶᠠᠷ᠂ ᠲᠦᠷᠭᠡᠨ ᠬᠦᠷᠭᠡᠯᠲᠡ ᠶᠢᠨ ᠭᠠᠳᠠᠷ ᠪᠣᠭᠤᠳᠠᠯ ᠢ 2 ᠤᠳᠠᠭ᠎ᠠ ᠵᠦᠯᠬᠦᠨ᠎ᠡ᠃     ᠳᠥᠷᠪᠡ᠂ ᠭᠠᠳᠠᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠲᠠᠸᠠᠷ ᠬᠤᠳᠠᠯᠳᠤᠨ ᠠᠪᠤᠭᠰᠠᠨ ᠪᠤᠶᠤ ᠳᠠᠸᠠᠷ ᠤᠷᠤᠭᠤᠯᠤᠨ ᠪᠤᠷᠤᠯᠠᠭᠤᠯᠭ᠎ᠠ ᠬᠢᠵᠤ ᠪᠠᠶᠢᠭ᠎ᠠ ᠨᠢᠭᠡᠴᠡ ᠪᠣᠯᠤᠨ ᠬᠤᠪᠢ ᠬᠥᠮᠦᠨ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠨ᠎ᠡ᠃                              ᠣᠷᠳᠣᠰ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                              ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                             2021 ᠣᠨ ᠤ 11 ᠰᠠᠷ᠎ᠠ ᠶᠢᠨ 17 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ