ᠰᠦᠩ ᠵᠢᠶᠦ᠋ᠨ ᠹᠸᠡᠭ ᠨᠦᠬᠦᠷ
ᠨᠡᠶᠢᠲᠡᠯᠡᠭᠰᠡᠨ ᠴᠠᠭ᠄
2021/11/2

     ᠬᠤᠪᠢᠶᠠᠨ ᠬᠠᠮᠢᠶᠠᠷᠴᠤ ᠪᠠᠶᠢᠭ᠎ᠠ ᠠᠵᠢᠯ᠄

     ᠭᠤᠣᠯᠳᠠᠭᠤ ᠭᠤᠤ ᠢ ᠳ᠋ᠦᠩ ᠨᠥᠬᠦᠷ ᠢ ᠬᠠᠮᠵᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ᠂ ᠲᠤᠭᠤᠷᠢᠭ ᠤᠨ ᠨᠠᠮ ᠤᠨ ᠬᠤᠷᠢᠶᠠᠨ ᠤ

ᠱᠦᠵᠢ ᠶᠢᠨ ᠨᠠᠶᠢᠳᠠᠯᠭ᠎ᠠ ᠪᠠᠷ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠣᠯᠠᠨ ᠲᠦᠮᠡᠨ ᠤ ᠪᠦᠯᠬᠦᠮ᠂ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ᠂ ᠬᠠᠤᠯᠢ ᠪᠠᠷ ᠲᠤᠭᠤᠷᠢᠭ ᠢᠶᠠᠨ ᠵᠠᠰᠠᠬᠤ᠂ ᠤᠯᠤᠰ ᠲᠥᠷᠥ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ

ᠬᠠᠮᠠᠭᠠᠯᠠᠬᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ ᠲᠤᠭᠤᠷᠢᠭ ᠤᠨ

ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ︔ ᠳ᠋ᠦᠩᠱᠧᠩ ᠤᠨ ᠠᠵᠤ ᠠᠬᠤᠢ ᠰᠢᠨᠵᠢᠯᠡᠬᠦ

ᠤᠬᠠᠭᠠᠨ ᠰᠤᠷᠭᠠᠨ ᠬᠥᠮᠦᠵᠢᠯ ︵ᠬᠥᠩᠭᠡᠨ ᠠᠵᠤ ᠦᠢᠯᠡᠳᠪᠦᠷᠢ ᠨᠡᠬᠡᠮᠡᠯ ᠤᠨ ᠠᠵᠤ ᠦᠢᠯᠡᠳᠪᠦᠷᠢ︶ ᠤᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ

ᠬᠤᠷᠢᠶ᠎ᠠ᠂ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠲᠣᠭᠤᠷᠢᠭ ᠤᠨ ᠨᠠᠮ ᠤᠨ  ᠠᠵᠢᠯᠯᠠᠬᠤ ᠬᠤᠷᠢᠶ᠎ᠠ᠂ ᠲᠣᠭᠤᠷᠢᠭ ᠤᠨ ᠠᠵᠢᠯᠴᠢᠨ ᠤ

ᠶᠡᠷᠦᠩᠬᠡᠢ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ ᠤᠨ ᠳ᠋ᠦᠡᠭᠱᠸᠡᠭ ᠲᠣᠭᠤᠷᠢᠭ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ᠂

ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ

ᠨᠡᠶᠢᠭᠡᠮᠯᠢᠭ᠂ ᠲᠣᠭᠤᠷᠢᠭ ᠤᠨ ᠠᠷᠠᠯᠵᠢᠶ᠎ᠠ ᠶᠢ ᠠᠬᠢᠭᠤᠯᠬᠤ ᠡᠪᠯᠡᠯ ᠢ ᠬᠤᠪᠢᠶᠠᠨ ᠬᠠᠮᠢᠶᠠᠷᠤᠨ᠎ᠠ︔ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ᠂ ᠲᠤᠭᠤᠷᠢᠭ ᠤᠨ ᠰᠢᠭᠦᠬᠦ ᠬᠤᠷᠢᠶ᠎ᠠ᠂ ᠲᠤᠭᠤᠷᠢᠭ ᠤᠨ ᠪᠠᠶᠢᠴᠠᠭᠠᠬᠤ

ᠬᠤᠷᠢᠶ᠎ᠠ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠠᠢ ᠬᠠᠷᠢᠯᠴᠠᠨ᠎ᠠ᠃

     ᠨᠠᠮᠲᠠᠷ᠄

     ᠰᠦᠩ ᠵᠢᠶᠦ᠋ᠨ ᠹᠸᠡᠭ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 4 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠤᠳᠤᠭ ᠤᠨ

ᠡᠮᠦᠨᠡᠲᠦ ᠬᠤᠰᠢᠭᠤᠨ ᠤ ᠬᠥᠮᠥᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠮᠠᠰᠲ᠋ᠧᠷ ᠴᠣᠯᠠ ᠲᠠᠢ᠂ 2004

ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2002 ᠣᠨ ᠤ 7 ᠰᠠᠷ᠎ᠠ ᠳᠤ ᠠᠵᠢᠯ ᠳᠤ ᠣᠷᠣᠵᠠᠢ᠃

     2000.09 — 2002.07 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠤ ᠲᠤᠰᠬᠠᠢ

ᠮᠡᠷᠭᠡᠵᠢᠯ ᠢ ᠰᠤᠷᠤᠯᠴᠠᠪᠠ

     2002.07 — 2004.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠭᠤᠷᠪᠠᠳᠤᠭᠠᠷ ᠳᠤᠮᠳᠠᠳᠤ

ᠰᠤᠷᠭᠠᠭᠤᠯᠢ ᠶᠢᠨ ᠠᠮᠢᠳᠤ ᠪᠣᠳᠠᠰ ᠤᠨ ᠪᠠᠭᠰᠢ ᠪᠠᠷ ᠠᠵᠢᠯᠯᠠᠵᠤ ᠪᠠᠶᠢᠪᠠ

     2004.09 — 2007.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠭᠤᠷᠪᠠᠳᠤᠭᠠᠷ ᠳᠤᠮᠳᠠᠳᠤ

ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ᠲᠤ  ᠠᠵᠢᠯᠯᠠᠵᠤ ᠪᠠᠶᠢᠪᠠ  ︵ᠡᠨᠡ ᠬᠤᠭᠤᠴᠠᠭᠠᠨ ᠳᠤ᠄ 2004.09 — 2007.07 ᠥᠪᠥᠷ

ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠪᠠ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷᠭᠤᠮᠠᠯ ᠤᠨ

ᠤᠬᠠᠭᠠᠨ ᠤ ᠠᠰᠫᠢᠷᠠᠨᠲ ᠤᠨ ᠲᠤᠰᠬᠠᠢ ᠮᠡᠷᠭᠡᠵᠢᠯ ᠢ ᠰᠤᠷᠤᠯᠴᠠᠪᠠ︶

     2007.07 — 2009.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠠᠯᠪᠠᠨ

ᠲᠢᠩᠬᠢᠮ ᠤᠨ ᠶᠡᠷᠦᠩᠬᠡᠶᠢᠯᠡᠭᠰᠡᠨ ᠲᠦᠷᠪᠡᠳᠦᠭᠡᠷ ᠭᠠᠵᠠᠷ ᠲᠤ ᠠᠵᠢᠯᠯᠠᠵᠤ ᠪᠠᠶᠢᠪᠠ

     2009.05 — 2010.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ

ᠲᠢᠩᠬᠢᠮ ᠤᠨ ᠪᠠᠶᠢᠩᠭᠤ ᠶᠢᠨ ᠭᠡᠰᠢᠬᠦᠨ ᠤ ᠠᠯᠪᠠᠨ ᠭᠡᠷ ᠲᠤ ᠠᠵᠢᠯᠯᠠᠵᠤ ᠪᠠᠶᠢᠪᠠ

     2010.11 — 2012.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ

ᠲᠢᠩᠬᠢᠮ ᠤᠨ ᠪᠠᠶᠢᠩᠭᠤ ᠶᠢᠨ ᠭᠡᠰᠢᠭᠦᠨ ᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠠᠵᠢᠯᠯᠠᠵᠤ ᠪᠠᠶᠢᠪᠠ

     2012. 08 2016. 01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠠᠯᠪᠠᠨ

ᠲᠢᠩᠬᠢᠮ ᠤᠨ ᠪᠠᠶᠢᠩᠭᠤ ᠶᠢᠨ ᠭᠡᠰᠢᠬᠦᠨ ᠤ ᠠᠯᠪᠠᠨ ᠭᠡᠷ ᠤᠨ ᠡᠷᠬᠢᠯᠡᠭᠴᠢ ︵ᠡᠨᠡ ᠬᠤᠭᠤᠴᠠᠭᠠᠨ ᠳᠤ᠄ 2015. 03 — 2015.06 ᠣᠷᠳᠣᠰ ᠬᠤᠳᠠ ᠶᠢᠨ

ᠠᠷᠪᠠᠨ ᠵᠢᠷᠭᠤᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ︶ ᠪᠠᠷ ᠠᠵᠢᠯᠯᠠᠵᠤ ᠪᠠᠶᠢᠪᠠ

     2016.01 — 2017.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠵᠠᠰᠠᠭ ᠤᠨ ᠣᠷᠳᠣᠨ ᠤ ᠪᠡᠭᠡᠵᠢᠩ ᠳᠤ

ᠰᠠᠭᠤᠭ᠎ᠠ ᠬᠠᠷᠢᠯᠴᠠᠬᠤ ᠭᠠᠵᠠᠷ ᠤᠨ ᠳᠡᠳ᠋ ᠡᠷᠬᠢᠯᠡᠭᠴᠢ ᠪᠠᠷ ᠠᠵᠢᠯᠯᠠᠵᠤ ᠪᠠᠶᠢᠪᠠ

     2017.07 — 2021.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠨᠠᠷᠢᠨ

ᠪᠢᠴᠢᠭ ᠤᠨ ᠳᠠᠷᠤᠭ᠎ᠠ ᠪᠠᠷ ᠠᠵᠢᠯᠯᠠᠵᠤ ᠪᠠᠶᠢᠪᠠ

     2021.01 — 2022.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠬᠤᠳᠠᠯᠳᠤᠭᠠᠨ ᠤ ᠶᠠᠪᠤᠳᠠᠯ ᠤᠨ

ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠪᠠᠷ ᠠᠵᠢᠯᠯᠠᠵᠤ ᠪᠠᠶᠢᠪᠠ

     2022.03 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ

ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠪᠠᠷ ᠠᠵᠢᠯᠯᠠᠵᠤ ᠪᠠᠶᠢᠨ᠎ᠠ

ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ