ᠳ᠋ᠦᠩᠱᠧᠩ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠪᠠᠯᠭᠠᠰᠤ ᠵᠡᠭᠡᠯᠢ ᠭᠤᠳᠤᠮᠵᠢ ᠶᠢᠨ ᠬᠠᠮᠲᠤ ᠪᠠᠷ ᠡᠭᠦᠷᠭᠡᠯᠡᠬᠦ ᠵᠤᠶᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ
ᠨᠡᠶᠢᠲᠡᠯᠡᠭᠰᠡᠨ ᠴᠠᠭ᠄
2021/11/22
     ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠤᠶᠢᠯᠡᠴᠢᠯᠡᠬᠡᠨ  ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠨᠠᠮ ᠤᠨ ᠬᠤᠷᠢᠶ᠎ᠠ ᠠᠯᠪᠠᠨ ᠲᠠᠷᠬᠠᠭᠠᠬᠤ ﹇2019﹈ 22 ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠬᠢᠳᠦ ᠰᠠᠯᠠᠭ᠎ᠠ ᠮᠥᠴᠢᠷ ᠬᠢᠭᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ︾ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠬᠤ ᠶᠢᠨ ᠲᠦᠯᠦᠬᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠲᠣᠪᠴᠢᠶ᠎ᠠ᠂ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠬᠠᠮᠵᠢᠯᠴᠠᠬᠤ ᠬᠠᠷᠢᠭᠤᠴᠠᠯᠭ᠎ᠠ ᠶᠢᠨ ᠲᠤᠬᠠᠶ ᠮᠡᠳᠡᠭᠳᠡᠯ ︵ᠥᠪᠥᠷ ᠤᠷᠤᠨ ᠲᠤᠭ᠎ᠠ ᠠᠯᠪᠠᠨ ᠲᠠᠷᠬᠠᠭᠠᠬᠤ  ﹇2020﹈ 108 ᠲᠣᠭᠠᠲᠤ︶ ᠤᠨ ᠱᠠᠭᠠᠷᠳᠠᠯᠭ᠎ᠠ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠠᠴᠠ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠲᠣᠪᠴᠢᠶ᠎ᠠ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ᠂ ᠰᠢᠭᠤᠳ ᠬᠠᠷᠢᠶ᠎ᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠡᠯ᠎ᠡ ᠪᠠᠯᠭᠠᠰᠤ ᠂ ᠵᠡᠭᠡᠯᠢ ᠭᠤᠳᠤᠮᠵᠢ ᠶᠢᠨ ᠰᠠᠨᠠᠯ ᠤᠨ ᠰᠠᠭᠤᠷᠢᠨ ᠳᠡᠭᠡᠷ᠎ᠡ ︽ᠳ᠋ᠦᠩᠱᠧᠩ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠬᠠᠮᠲᠤ ᠪᠠᠷ ᠡᠭᠦᠷᠭᠡᠯᠡᠬᠦ ᠵᠤᠶᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ ︵ᠨᠢᠭᠡᠳᠦᠭᠡᠷ ᠪᠦᠯᠦᠭ︶︾ ᠶᠢ ᠨᠠᠶᠢᠷᠠᠭᠤᠯᠤᠨ ᠵᠤᠬᠢᠶᠠᠪᠠ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠪᠠ᠂ ᠤᠳᠤ ᠨᠡᠶᠢᠲᠡᠯᠡᠶ᠎ᠡ᠃    ᠲᠤᠭᠤᠷᠢᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠬᠠᠮᠲᠤ ᠪᠠᠷ ᠡᠭᠦᠷᠭᠡᠯᠡᠬᠦ ᠵᠤᠶᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠤᠨ ᠤᠶᠢᠯᠡᠳᠦᠯᠬᠡ ᠳᠤᠮᠳᠠ᠂ ᠰᠠᠯᠠᠭ᠎ᠠ ᠮᠥᠴᠢᠷ ᠪᠣᠯᠤᠨ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠡᠭᠦᠷᠭᠡ ᠬᠠᠷᠢᠭᠤᠴᠠᠯᠭ᠎ᠠ ᠲᠣᠳᠣᠷᠬᠠᠶ ᠥᠬᠡᠶ ᠵᠡᠷᠭᠡ ᠠᠰᠠᠭᠤᠳᠠᠯ ᠭᠠᠷᠪᠠᠯ᠂ ᠲᠠᠰ ᠳᠠᠷᠠᠭᠠᠯᠠᠯ ᠶᠣᠰᠣᠭᠠᠷ ᠴᠠᠭ ᠲᠤᠬᠠᠶ ᠳᠤᠨᠢ ᠨᠠᠷᠢᠨ ᠲᠠᠩᠰᠠᠨ ᠳᠤ ᠣᠷᠣᠭᠤᠯᠤᠨ᠎ᠠ᠃ ᠨᠢᠭᠡᠨᠲᠡ ᠨᠠᠷᠢᠨ  ᠲᠠᠩᠰᠠᠨ ᠳᠤ ᠵᠢᠭᠰᠠᠭᠠᠨ ᠣᠷᠣᠭᠤᠯᠤᠭᠰᠠᠨ ᠵᠤᠶᠢᠯᠡᠰ ᠲᠤ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠳᠤ ᠲᠣᠬᠢᠷᠠᠭᠤᠯᠤᠯᠲᠠ ᠬᠢᠭᠰᠡᠨ ᠪᠠᠶᠢᠪᠠᠯ ᠨᠠᠷᠢᠨ ᠲᠠᠩᠰᠠᠨ ᠲᠣᠬᠢᠷᠠᠭᠤᠯᠤᠯᠲᠠ ᠬᠢᠬᠦ ᠬᠡᠷᠡᠭᠲᠡᠶ᠃ ᠨᠠᠷᠢᠨ ᠲᠠᠩᠰᠠᠨ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠳᠤ ᠬᠦᠢᠴᠡᠳ ᠨᠤᠲᠠᠯᠠᠯᠲᠠ ᠬᠢᠵᠦ᠂ ᠬᠠᠤᠯᠢ ᠶᠣᠰᠣᠭᠠᠷ ᠲᠠᠰ ᠳᠠᠷᠠᠭᠠᠯᠠᠯ ᠶᠣᠰᠣᠭᠠᠷ ᠶᠠᠪᠤᠭᠳᠠᠭᠤᠯᠬᠤ ᠬᠡᠷᠡᠭᠲᠡᠶ᠃ ᠵᠥᠪᠰᠢᠶᠡᠷᠡᠭᠦᠯᠦᠭᠰᠡᠨ ᠦᠬᠡᠢ ᠪᠠᠷ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠪᠠᠯᠭᠠᠰᠤ᠂ ᠵᠡᠭᠡᠯᠢ ᠭᠤᠳᠤᠮᠵᠢ ᠨᠤᠭᠤᠳ ᠳᠤᠷ᠎ᠠ ᠪᠠᠷ ᠢᠶᠠᠨ ᠨᠠᠷᠢᠨ ᠲᠠᠩᠰᠠᠨ ᠳᠤ ᠲᠣᠬᠢᠷᠠᠭᠤᠯᠤᠯᠲᠠ ᠬᠢᠵᠦ ᠪᠣᠯᠬᠤ ᠥᠬᠡᠶ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ