ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠰᠣᠩᠭᠤᠭᠤᠯᠢ ᠶᠢᠨ ᠵᠥᠪᠯᠡᠯ ᠤᠨ ᠰᠣᠩᠭᠤᠭᠤᠯᠢ ᠶᠢᠨ ᠡᠳᠦᠷ ᠤᠨ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/22
    ᠦᠨᠳᠦᠰᠦᠨ ᠬᠠᠤᠯᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠬᠡᠷᠡᠭᠵᠢᠭᠦᠯᠬᠦ ᠨᠠᠷᠢᠨ ᠲᠦᠷᠢᠮ︾ ᠵᠢᠴᠢ ᠣᠷᠳᠣᠰ ᠬᠤᠲᠠ᠂ ᠳ᠋ᠦᠩᠱᠧᠩ ᠲᠣᠭᠤᠷᠢᠭ ᠤᠨ ᠲᠣᠭᠤᠷᠢᠭ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠵᠢᠯ ᠠᠯᠬᠤᠮ ᠢᠶᠠᠷ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠳ᠋ᠦᠩᠱᠧᠩ ᠲᠣᠭᠤᠷᠢᠭ ᠤᠨ ᠰᠣᠩᠭᠤᠭᠤᠯᠢ ᠶᠢᠨ ᠵᠥᠪᠯᠡᠯ ᠰᠤᠳᠤᠯᠤᠭᠠᠳ᠂ 2021 ᠣᠨ ᠤ 11 ᠰᠠᠷ᠎ᠠ ᠶᠢᠨ 23 ᠤ ᠡᠳᠦᠷ ᠢ ᠲᠣᠭᠤᠷᠢᠭ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠣᠩᠭᠤᠭᠤᠯᠢ ᠶᠢᠨ ᠡᠳᠦᠷ ᠢᠶᠠᠷ ᠲᠣᠭᠲᠠᠭᠠᠪᠠ᠃ ᠰᠣᠩᠭᠤᠭᠤᠯᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠰᠤᠩᠭᠤᠭᠤᠯᠢ ᠠᠴᠠ ᠡᠮᠦᠨ᠎ᠡ᠂ ᠡᠯ᠎ᠡ ᠪᠠᠯᠭᠠᠰᠤᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ᠂ ᠪᠠᠶᠢᠭᠤᠯᠤᠮᠵᠢ᠂ ᠪᠦᠯᠬᠦᠮ᠂ ᠠᠵᠤ ᠠᠬᠤᠶᠢᠯᠠᠯ᠂ ᠰᠤᠷᠭᠠᠭᠤᠯᠢ ᠵᠡᠷᠭᠡ ᠪᠠᠶᠢᠭᠤᠯᠭ᠎ᠠ ᠨᠦᠭᠦᠳ ᠲᠤᠰ ᠪᠠᠶᠢᠭᠤᠯᠭ᠎ᠠ ᠶᠢᠨ ᠢᠶᠠᠨ ᠦᠢᠯᠡᠳᠪᠦᠷᠢᠯᠡᠯ᠂ ᠠᠵᠢᠯ ᠪᠠ ᠰᠤᠷᠤᠯᠴᠠᠯᠭ᠎ᠠ ᠶᠢ ᠰᠠᠶᠢᠲᠤᠷ ᠲᠤᠬᠢᠷᠠᠭᠤᠯᠵᠤ ᠂ ᠰᠣᠩᠭᠤᠭᠤᠯᠢ ᠬᠢᠬᠦ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ ᠪᠡᠯᠡᠳᠬᠡᠯ ᠠᠵᠢᠯ ᠢ ᠵᠣᠬᠢᠶᠠᠨ ᠪᠠᠶᠢᠭᠤᠯᠵᠤ᠂ ᠥᠷᠭᠡᠨ ᠤᠯᠠᠨ ᠰᠣᠩᠭᠤᠭᠤᠯᠢ ᠶᠢᠨ ᠠᠷᠠᠳ ᠤᠨ ᠰᠣᠩᠭᠤᠭᠤᠯᠢ ᠳᠤ ᠴᠠᠭ ᠲᠠᠭᠠᠨ ᠣᠷᠣᠯᠴᠠᠬᠤ ᠶᠢ ᠪᠠᠲᠤᠯᠠᠬᠤ ᠬᠡᠷᠡᠭᠲᠡᠢ᠃    ᠬᠤᠶᠠᠷ᠂ ᠡᠯ᠎ᠡ ᠰᠣᠩᠭᠤᠭᠤᠯᠢ ᠶᠢᠨ ᠤᠷᠤᠨ ᠤ ᠰᠣᠩᠭᠤᠭᠤᠯᠢ ᠶᠢ ᠲᠣᠭᠤᠷᠢᠭ ︵ᠪᠠᠯᠭᠠᠰᠤ︶ ᠤᠨ ᠰᠣᠩᠭᠤᠭᠤᠯᠢ ᠶᠢᠨ ᠵᠦᠪᠯᠡᠯ ᠠᠴᠠ ᠬᠥᠮᠦᠨ ᠲᠣᠮᠢᠯᠠᠨ ᠡᠷᠬᠢᠯᠡᠨ᠎ᠡ᠃ ᠰᠣᠩᠭᠤᠭᠤᠯᠢ ᠶᠢᠨ ᠠᠷᠠᠳ ᠤᠨ ᠰᠣᠩᠭᠤᠭᠤᠯᠢ ᠳᠤ ᠣᠷᠣᠯᠴᠠᠬᠤ ᠳᠤ ᠲᠦᠬᠦᠮ ᠦᠵᠡᠭᠦᠯᠬᠦ ᠶᠢᠨ ᠲᠥᠯᠥᠭᠡ᠂ ᠡᠯ᠎ᠡ ᠰᠣᠩᠭᠤᠭᠤᠯᠢ ᠶᠢᠨ ᠲᠣᠭᠤᠷᠢᠭ ᠲᠤ ᠴᠥᠮ ᠫᠢᠶᠣᠣ ᠥᠭᠬᠦ ᠦᠷᠳᠡᠭᠡ ᠪᠠᠶᠢᠭᠤᠯᠬᠤ ᠬᠡᠷᠡᠭᠳᠠᠢ᠂ ᠶᠠᠪᠤᠵᠤ ᠰᠠᠭᠤᠬᠤ ᠳᠤ ᠳᠥᠭᠦᠮ ᠦᠭᠡᠢ᠂ ᠵᠠᠮ ᠬᠠᠷᠢᠯᠴᠠᠭ᠎ᠠ ᠳᠥᠭᠦᠮ ᠦᠭᠡᠢ ᠰᠤᠩᠭᠤᠭᠤᠯᠢ ᠶᠢᠨ ᠠᠷᠡᠳ ᠨᠡᠭᠦᠳᠡᠯ ᠫᠢᠶᠣᠣ ᠶᠢᠨ ᠬᠠᠶᠢᠷᠴᠠᠭ ᠢᠶᠠᠷ ᠲᠠᠮᠵᠢᠨ ᠰᠣᠩᠭᠤᠭᠤᠯᠢ ᠳᠤ ᠣᠷᠣᠯᠴᠠᠵᠤ ᠪᠣᠯᠤᠨ᠎ᠠ᠃ ᠰᠣᠩᠭᠤᠭᠤᠯᠢ ᠶᠢᠨ ᠠᠷᠠᠳ ᠬᠡᠷᠪᠡ ᠰᠣᠩᠭᠤᠭᠤᠯᠢ ᠶᠢᠨ ᠬᠤᠭᠤᠴᠠᠭᠠᠨ ᠳᠤ ᠭᠠᠳᠠᠭᠰᠢ ᠭᠠᠷᠪᠠᠯ᠂ ᠰᠣᠩᠭᠤᠭᠤᠯᠢ ᠶᠢᠨ ᠵᠦᠪᠯᠡᠯ ᠢᠶᠠᠷ ᠵᠥᠪᠰᠢᠶᠡᠷᠡᠭᠦᠯᠦᠭᠡᠳ ᠤᠷᠢᠳᠠᠪᠠᠷ ᠰᠣᠩᠭᠤᠭᠤᠯᠢ ᠶᠢᠨ ᠤᠷᠤᠨ ᠤ ᠪᠤᠰᠤᠳ ᠰᠣᠩᠭᠤᠭᠤᠯᠢ ᠶᠢᠨ ᠠᠷᠠᠳ ᠲᠤ ᠨᠠᠶᠢᠳᠠᠵᠤ ᠣᠷᠣᠯᠠᠨ ᠫᠢᠶᠣᠣ ᠦᠭᠬᠦᠬᠦᠯᠵᠤ ᠪᠣᠯᠤᠨ᠎ᠠ᠂ ᠰᠣᠩᠭᠤᠭᠤᠯᠢ ᠶᠢᠨ ᠠᠷᠠᠳ ᠨᠢᠭᠡᠪᠦᠷᠢ 3 ᠬᠥᠮᠦᠨ ᠠᠴᠠ ᠢᠯᠡᠭᠦᠦ ᠨᠠᠶᠢᠳᠠᠯᠭ᠎ᠠ ᠶᠢᠨ ᠫᠢᠶᠣᠣ ᠶᠢ ᠬᠦᠯᠢᠶᠡᠨ ᠠᠪᠴᠤ ᠪᠣᠯᠬᠤ ᠦᠭᠡᠢ᠃    ᠭᠤᠷᠪᠠ᠂ ᠰᠣᠩᠭᠤᠭᠤᠯᠢ ᠶᠢᠨ ᠬᠠᠤᠯᠢ ᠶᠢᠨ ᠲᠣᠭᠲᠠᠭᠠᠯ ᠶᠣᠰᠣᠭᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠳᠠᠭᠠᠨ ᠴᠥᠮ ᠨᠢᠭᠤᠴᠠ ᠰᠣᠩᠭᠤᠭᠤᠯᠢ ᠶᠢᠨ ᠠᠷᠭ᠎ᠠ ᠶᠢ ᠬᠡᠷᠡᠭᠯᠡᠬᠦ ᠪᠥᠭᠡᠳ ᠬᠠᠤᠯᠢ ᠶᠣᠰᠣᠭᠠᠷ ᠲᠣᠭᠠᠨ ᠤ ᠵᠥᠷᠢᠶᠡᠲᠦ ᠰᠣᠩᠭᠤᠭᠤᠯᠢ ᠶᠠᠪᠤᠭᠤᠯᠤᠨ᠎ᠠ᠃ ᠰᠣᠩᠭᠤᠭᠤᠯᠢ ᠶᠢᠨ ᠠᠷᠠᠳ ᠨᠢᠭᠡᠪᠦᠷᠢ ᠨᠢᠭᠡ ᠤᠳᠠᠭᠠᠨ ᠤ ᠰᠣᠩᠭᠤᠭᠤᠯᠢ ᠳᠤ ᠨᠢᠭᠡ ᠯᠡ ᠫᠢᠶᠣᠣ ᠥᠭᠬᠦ ᠡᠷᠬᠡ ᠲᠠᠢ᠃ ᠰᠣᠩᠭᠤᠭᠤᠯᠢ ᠶᠢᠨ ᠠᠷᠠᠳ ᠲᠥᠯᠥᠭᠡᠯᠡᠭᠴᠢ ᠪᠠᠷ ᠵᠢᠱᠢᠭᠳᠡᠭᠰᠡᠳ ᠲᠤ ᠵᠥᠪᠰᠢᠶᠡᠷᠡᠬᠦ ᠫᠢᠶᠣᠣ ᠥᠭᠴᠦ ᠪᠣᠯᠤᠨ᠎ᠠ᠂ ᠤᠢᠯᠦ ᠵᠥᠪᠰᠢᠶᠡᠷᠡᠬᠦ ᠫᠢᠶᠣᠣ ᠥᠭᠴᠦ ᠴᠦ ᠪᠣᠯᠤᠨ᠎ᠠ᠂ ᠥᠭᠡᠷ᠎ᠡ ᠬᠥᠮᠦᠨ ᠢ ᠰᠣᠩᠭᠤᠵᠤ ᠪᠣᠯᠤᠨ᠎ᠠ᠂ ᠡᠷᠬᠡ ᠪᠠᠨ ᠬᠠᠶᠠᠵᠤ ᠴᠤ ᠪᠣᠯᠤᠨ᠎ᠠ᠃    ᠳᠥᠷᠪᠡ᠂ ᠰᠣᠩᠭᠤᠭᠤᠯᠢ ᠶᠢᠨ ᠲᠥᠪ ᠴᠢᠩᠭ᠎ᠠ ᠴᠢᠨᠠᠷ ᠢ ᠬᠠᠮᠠᠭᠠᠯᠠᠬᠤ ᠶᠢᠨ ᠲᠦᠯᠦᠬᠡ᠂ ᠲᠣᠭᠤᠷᠢᠭ᠂ ᠪᠠᠯᠭᠠᠰᠤ ᠬᠤᠶᠠᠷ ᠱᠠᠲᠤᠨ ᠤ ᠰᠣᠩᠭᠤᠭᠤᠯᠢ ᠶᠢᠨ ᠠᠵᠢᠯ ᠤᠨ ᠪᠠᠶᠢᠭᠤᠯᠤᠮᠵᠢ ᠵᠢᠴᠢ ᠰᠣᠩᠭᠤᠭᠤᠯᠢ ᠶᠢᠨ ᠠᠵᠢᠯᠲᠠᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠣᠩᠭᠤᠭᠤᠯᠢ ᠶᠢᠨ ᠬᠠᠤᠯᠢ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠰᠣᠩᠭᠤᠭᠤᠯᠢ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠰᠣᠩᠭᠤᠭᠤᠯᠢ ᠶᠢᠨ ᠠᠷᠠᠳ ᠤᠨ ᠰᠣᠩᠭᠤᠬᠤ ᠡᠷᠬᠡ᠂ ᠰᠣᠩᠭᠤᠭᠳᠠᠬᠤ ᠡᠷᠬᠡ ᠪᠠᠨ ᠴᠢᠯᠥᠭᠡᠲᠡᠢ ᠬᠡᠷᠡᠭᠵᠢᠭᠦᠯᠬᠦ ᠶᠢ ᠬᠠᠷᠰᠢᠯᠠᠭᠰᠠᠨ ᠵᠢᠴᠢ ᠰᠣᠩᠭᠤᠭᠤᠯᠢ ᠶᠢ ᠡᠪᠳᠡᠭᠰᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠰᠠᠬᠢᠯᠭ᠎ᠠ ᠶᠢᠨ ᠶᠣᠰᠣᠭᠠᠷ ᠰᠢᠢᠳᠪᠦᠷᠢᠯᠡᠬᠦ ᠬᠡᠷᠡᠭᠲᠡᠢ᠃ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠠᠯᠪᠡᠨ ᠠᠵᠢᠯᠳᠡᠠ ᠵᠦᠷᠢᠴᠡᠬᠦ ᠳᠤ ᠬᠦᠷᠪᠡᠯ ᠬᠠᠤᠯᠢ ᠶᠣᠰᠣᠭᠠᠷ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠳᠬᠡᠯ ᠥᠭᠬᠦ ᠬᠡᠷᠡᠭᠲᠡᠢ᠃    ᠥᠷᠭᠡᠨ ᠤᠯᠠᠨ ᠰᠣᠩᠭᠤᠭᠤᠯᠢ ᠶᠢᠨ ᠠᠷᠠᠳ ᠰᠣᠩᠭᠤᠭᠤᠯᠢ ᠶᠢᠨ ᠡᠯ᠎ᠡ ᠵᠦᠢᠯ ᠤᠨ ᠬᠠᠤᠯᠢ ᠴᠠᠭᠠᠵᠠ ᠶᠢᠨ ᠵᠢᠷᠤᠮ ᠢ ᠤᠬᠠᠮᠰᠠᠷ ᠠᠴᠠ ᠪᠠᠨ ᠵᠢᠷᠤᠮᠯᠠᠵᠤ᠂ ᠥᠪᠡᠷ ᠤᠨ ᠠᠷᠠᠳᠴᠢᠯᠠᠯ ᠤᠨ ᠡᠷᠬᠡ ᠪᠠᠨ ᠨᠠᠨᠳᠢᠩᠨᠠᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠠᠷᠢᠭᠤᠨ ᠲᠠᠷᠬᠠᠨ ᠨᠢᠭᠡ ᠫᠢᠶᠣᠣ ᠶᠢ ᠰᠠᠶᠢᠲᠤᠷ ᠥᠭᠴᠦ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠡᠭᠦᠰ ᠠᠮᠵᠢᠯᠲᠠ ᠲᠠᠢ ᠤᠷᠤᠭᠰᠢᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃          ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠰᠣᠩᠭᠤᠭᠤᠯᠢ ᠶᠢᠨ ᠵᠥᠪᠯᠡᠯ                      2021 ᠣᠨ ᠤ 11 ᠰᠠᠷ᠎ᠠ ᠶᠢᠨ 20 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ