︽ᠳ᠋ᠦᠩᠱᠧᠩ ᠲᠣᠭᠤᠷᠢᠭ ᠤᠨ ᠲᠠᠷᠢᠶᠠᠨ ᠭᠠᠵᠠᠷ ᠤᠨ ︿ᠠᠮᠤ ᠪᠤᠳᠠᠭᠠᠨ ᠤ ᠪᠤᠰᠤ ᠪᠤᠯᠭᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠤᠶᠢᠯᠡᠳᠪᠤᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠦᠯ︾ ᠢ ᠲᠤᠭᠤᠷᠪᠢᠭᠰᠠᠨ ᠲᠤᠬᠠᠶ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2021/11/26
    ᠨᠢᠭᠡ᠂ ︽ᠠᠵᠢᠯ ᠤᠨ ᠲᠥᠰᠦᠯ︾ ᠢ ᠲᠤᠭᠤᠷᠪᠢᠨ ᠪᠢᠴᠢᠭᠰᠡᠨ ᠵᠣᠷᠢᠯᠭ᠎ᠠ     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠣᠷᠳᠣᠰ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠬᠤ ᠶᠢ ᠦᠨᠡᠨᠬᠦ ᠪᠠᠲᠤᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠤᠨ ᠡᠬᠢ ᠪᠠᠶᠠᠯᠢᠭ  ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠠᠰᠢᠭᠯᠠᠵᠤ᠂ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ ᠲᠠᠷᠢᠮᠠᠯ ᠳᠠᠷᠢᠬᠤ︾ ᠶᠢ ᠡᠷᠡᠰ ᠰᠡᠷᠭᠡᠶᠢᠯᠡᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠦᠨ᠎ᠡ᠃     ᠬᠤᠶᠠᠷ᠂ ︽ᠠᠵᠢᠯ ᠤᠨ ᠲᠥᠰᠦᠯ︾ ᠢ ᠲᠤᠭᠤᠷᠪᠢᠨ ᠪᠢᠴᠢᠭᠰᠡᠨ ᠦᠨᠳᠦᠰᠦᠯᠡᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ︿ᠠᠮᠤ ᠪᠤᠳᠠᠭᠠᠨ ᠤ ᠪᠤᠰᠤ ᠪᠤᠯᠭᠠᠬᠤ﹀ ᠶᠢ ᠰᠡᠷᠭᠡᠶᠢᠯᠡᠵᠦ ᠠᠮᠤ ᠪᠤᠳᠠᠭᠠᠨ  ᠤ ᠤᠶᠢᠯᠡᠳᠪᠤᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠦᠯ︾ ︵ᠥᠪᠥᠷ ᠵᠠᠰᠠᠭ ᠠᠯᠪᠠᠨ ᠳᠠᠷᠬᠠᠭᠠᠬᠤ ﹇2021﹈ 11 ᠲᠣᠭᠠᠲᠤ︶᠂ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ︿ᠠᠮᠤ ᠪᠤᠳᠠᠭᠠᠨ ᠤ ᠪᠤᠰᠤ ᠲᠠᠷᠢᠮᠠᠯ ᠳᠠᠷᠢᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠤᠶᠢᠯᠡᠳᠪᠤᠷᠢᠯᠡᠯ ᠢ ᠲᠣᠭᠲᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠣᠷᠳᠣᠰ ᠵᠠᠰᠠᠭ ᠳᠠᠷᠬᠠᠭᠠᠬᠤ ﹇2021﹈ 62 ᠲᠣᠭᠠᠲᠤ︶ ᠪᠢᠴᠢᠭ ᠮᠠᠲ᠋ᠧᠷᠢᠶᠠᠯ  ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠲᠥᠰᠦᠯ ᠢ ᠲᠣᠭᠲᠠᠭᠠᠪᠠ᠃     ᠭᠤᠷᠪᠠ᠂ ︽ᠠᠵᠢᠯ ᠤᠨ ᠲᠥᠰᠦᠯ︾ ᠢ ᠲᠤᠭᠤᠷᠪᠢᠭᠰᠠᠨ ᠶᠠᠪᠤᠴᠠ     ︽ᠳ᠋ᠦᠩᠱᠧᠩ ᠲᠣᠭᠤᠷᠢᠭ ᠤᠨ ᠲᠠᠷᠢᠶᠠᠨ ᠭᠠᠵᠠᠷ ᠤᠨ ︿ᠠᠮᠤ ᠪᠤᠳᠠᠭᠠᠨ ᠤ ᠪᠤᠰᠤ ᠪᠤᠯᠭᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠤᠶᠢᠯᠡᠳᠪᠤᠷᠢᠯᠡᠯ ᠢ ᠲᠣᠭᠲᠠᠭᠤᠨ ᠪᠠᠶᠢᠯᠭᠠᠬᠤ ᠠᠵᠢᠯ ᠤᠨ ᠲᠥᠰᠦᠯ︾ ᠢ ᠳ᠋ᠦᠩᠱᠧᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠶᠠᠷᠢᠯᠴᠠᠵᠤ ᠲᠤᠭᠤᠷᠪᠢᠭᠰᠠᠨ ᠤ ᠳᠠᠷᠠᠭ᠎ᠠ᠂ ᠤᠷᠢᠳ ᠬᠤᠵᠢᠳ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ  ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠨᠲᠠᠶ ᠪᠠᠯᠭᠠᠰᠤ᠂ ᠪᠤᠷᠵᠠᠩ ᠨᠠᠭᠤᠷ ᠪᠠᠯᠭᠠᠰᠤ᠂ ᠲᠦᠩᠴᠤᠸᠠᠨ ᠪᠠᠯᠭᠠᠰᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠰᠠᠨᠠᠯ ᠬᠤᠷᠢᠶᠠᠵᠤ ᠳᠠᠭᠤᠰᠤᠭᠰᠠᠨ ᠤ ᠳᠠᠷᠠᠭ᠎ᠠ᠂ ︽ᠠᠵᠢᠯ ᠤᠨ ᠲᠥᠰᠦᠯ︾ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳ᠋ᠦᠩᠱᠧᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠰᠢᠯᠵᠢᠭᠦᠯᠦᠨ ᠥᠭᠴᠦ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠯᠭᠡᠪᠡ᠂ ︽ᠬᠢᠨᠠᠨ ᠪᠠᠶᠢᠴᠠᠭᠠᠭᠰᠠᠨ ᠰᠠᠨᠠᠯ︾ ︵ᠳ᠋ᠦᠩᠱᠧᠩ ᠬᠠᠤᠯᠢ ᠴᠠᠭᠠᠵᠠ ᠬᠢᠨᠠᠬᠤ ﹇2021﹈ 192 ᠲᠣᠭᠠᠲᠤ︶᠃ ᠬᠠᠤᠯᠢ ᠶᠢᠨ ᠬᠢᠨᠠᠯᠲᠠ ᠶᠢᠨ ᠰᠠᠨᠠᠯ ᠶᠣᠰᠣᠭᠠᠷ᠂ ︽ᠠᠵᠢᠯ ᠤᠨ ᠲᠥᠰᠦᠯ︾ ᠢ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠬᠦ ᠲᠥᠰᠦᠯ ᠢ ᠵᠣᠬᠢᠰᠲᠠᠶ ᠲᠣᠭᠲᠠᠭᠠᠵᠤ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠨ᠂ 2021 ᠣᠨ ᠤ 9 ᠰᠠᠷ᠎ᠠ ᠶᠢᠨ 30 ᠤ ᠡᠳᠦᠷ ᠵᠢᠩᠬᠢᠨᠢ ᠪᠢᠴᠢᠭ ᠮᠠᠲ᠋ᠧᠷᠢᠶᠠᠯ ᠢᠶᠠᠷ ᠨᠡᠶᠢᠲᠡᠯᠡᠪᠡ᠃     ᠳᠥᠷᠪᠡ᠂ ︽ᠠᠵᠢᠯ ᠤᠨ ᠲᠥᠰᠦᠯ︾ ᠢ ᠲᠣᠭᠲᠠᠭᠠᠵᠤ ᠰᠢᠶᠳᠪᠦᠷᠢᠯᠡᠬᠦ ᠠᠰᠠᠭᠤᠳᠠᠯ     ᠨᠢᠭᠡ ᠳᠤ᠂ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ ᠪᠤᠯᠭᠠᠬᠤ︾ ᠶᠢ ᠰᠡᠷᠭᠡᠶᠢᠯᠡᠨ ᠬᠤᠷᠢᠭᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ᠃ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ  ᠶᠢ ᠦᠨᠡᠨ ᠬᠦ ᠡᠭᠦᠷᠭᠡᠯᠡᠬᠦ ᠬᠡᠷᠡᠭᠲᠡᠶ ᠶᠢ ᠱᠠᠭᠠᠷᠳᠠᠨ᠎ᠠ᠃     ᠬᠤᠶᠠᠷ ᠲᠤ᠂ ᠲᠠᠷᠢᠶᠠᠨ ᠭᠠᠵᠠᠷ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠴᠡᠴᠡᠷᠯᠢᠭ ᠵᠡᠷᠭᠡ ᠪᠤᠰᠤᠳ ᠲᠦᠷᠦᠯ ᠬᠡᠯᠪᠡᠷᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃     ᠭᠤᠷᠪᠠ ᠳᠤ᠂ ᠠᠮᠤ ᠪᠤᠳᠠᠭ᠎ᠠ ᠲᠠᠷᠢᠬᠤ ᠲᠠᠯᠠᠪᠠᠢ ᠪᠠ ᠦᠢᠯᠡᠳᠪᠦᠷᠢᠯᠡᠬᠦ ᠴᠢᠳᠠᠪᠤᠷᠢ ᠶᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠨᠳᠥᠷ ᠪᠦᠲᠦᠮᠵᠢᠲᠡᠶ ᠤᠰᠤ ᠠᠷᠪᠢᠯᠠᠬᠤ ᠪᠠᠷ ᠭᠤᠤᠯᠳᠠᠯᠭ᠎ᠠ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ᠂ ᠠᠮᠤ ᠪᠤᠳᠠᠭᠠᠨ ᠤ ᠦᠶᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃     ᠳᠥᠷᠪᠡ ᠳᠤ᠂ ᠠᠲᠠᠷᠰᠢᠭᠤᠯᠤᠭᠰᠠᠨ ᠭᠠᠵᠠᠷ ᠢ ᠨᠢᠭᠡᠳᠦᠯᠲᠡᠶ ᠲᠥᠯᠥᠪᠯᠡᠨ ᠠᠰᠢᠭᠯᠠᠵᠤ᠂ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠬᠤ ᠨᠥᠬᠦᠴᠡᠯ ᠢ ᠰᠠᠶᠢᠵᠢᠷᠠᠭᠤᠯᠵᠤ᠂ ᠲᠠᠷᠢᠶᠠᠯᠠᠬᠤ ᠡᠷᠦᠬᠡ ᠶᠢ ᠢᠳᠡᠪᠬᠢᠲᠡᠶ ᠪᠠᠷ ᠳᠠᠶᠢᠴᠢᠯᠠᠨ ᠳᠠᠬᠢᠨ ᠬᠠᠭᠠᠯᠪᠤᠷᠢᠯᠠᠨ ᠳᠠᠬᠢᠨ ᠳᠠᠷᠢᠭᠤᠯᠤᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ