ᠲᠤᠶᠠᠭ᠎ᠠ ᠨᠦᠬᠦᠷ
ᠨᠡᠶᠢᠲᠡᠯᠡᠭᠰᠡᠨ ᠴᠠᠭ᠄
2021/11/8
   
      ᠲᠤᠶᠠᠭ᠎ᠠ᠂ ᠡᠮᠡᠭᠲᠡᠢ᠂ ᠮᠤᠩᠭᠤᠯ ᠦᠨᠳᠦᠰᠦᠲᠡᠨ᠂ 1970 ᠤᠨ ᠤ 11 ᠰᠠᠷ᠎ᠠ ᠳᠤ ᠲᠦᠷᠤᠪᠠ᠂ ᠦᠪᠦᠷ ᠮᠤᠩᠭᠤᠯ ᠤᠨ ᠦᠦᠰᠢᠨ ᠬᠤᠰᠢᠭᠤᠨ ᠤ ᠬᠦᠮᠦᠨ᠃ 1993 ᠤᠨ ᠤ 12 ᠰᠠᠷ᠎ᠠ ᠳᠤ ᠠᠵᠢᠯ ᠤᠨ ᠪᠠᠶᠢᠷᠢᠨ ᠳᠤ  ᠭᠠᠷᠪᠠ᠃ ᠨᠠᠮ ᠪᠦᠯᠦᠭ ᠤᠨ ᠪᠤᠰᠤ ᠬᠥᠮᠦᠨ᠃ ᠶᠡᠭᠡ ᠰᠤᠷᠭᠠᠭᠤᠯᠢ ᠶᠢᠨ ᠰᠣᠷᠣᠯᠭ᠎ᠠ  ᠶᠢᠨ ᠨᠠᠮᠲᠠᠷ ᠲᠠᠢ᠃ ᠣᠳᠤ ᠤᠯᠤᠰ ᠲᠦᠷᠦ ᠶᠢᠨ ᠵᠥᠪᠯᠡᠯᠭᠡᠨ ᠤ ᠳ᠋ᠥᠩᠱᠧᠩ ᠲᠣᠭᠤᠷᠢᠭ ᠤᠨ ᠬᠤᠷᠢᠶᠠᠨ ᠤ ᠲᠡᠳ᠋ ᠲᠡᠷᠢᠭᠦᠯᠡᠭᠴᠢ᠂ ᠨᠡᠶᠢᠭᠡᠮ ᠤᠨ ᠬᠠᠤᠯᠢ ᠳᠦᠷᠢᠮ ᠪᠠ ᠦᠨᠳᠦᠰᠦᠲᠡᠨ ᠱᠠᠰᠢᠨ ᠰᠤᠷᠲᠠᠬᠤᠨ ᠤ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ  ᠡᠭᠦᠷᠭᠡᠯᠡᠵᠦ ᠪᠤᠢ᠃      1993.12—2005.06 ᠪᠤᠯᠲᠠᠯ᠎ᠠ᠂ ᠳ᠋ᠦᠩᠱᠧᠩ ᠲᠤᠭᠤᠷᠢᠭ ︵ᠬᠤᠲᠠ ᠶᠢᠨ︶ ᠤᠨ ᠴᠡᠴᠡᠷᠯᠢᠭ ᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠠᠵᠢᠯᠯᠠᠵᠤ ᠪᠠᠶᠢᠪᠠ᠃ ᠡᠨᠡᠬᠦ ᠬᠤᠭᠤᠴᠠᠭᠠᠨ ᠳᠤ᠄ 2002 ᠤᠨ ᠤ 08 ᠰᠠᠷ᠎ᠠ ᠳᠤ ᠲᠥᠯᠥᠪᠯᠡᠭᠡ ᠲᠠᠢ ᠪᠠᠷ ᠬᠡᠦᠬᠡᠳ ᠠᠪᠬᠤ ᠠᠵᠢᠯ ᠤᠨ ᠠᠯᠪᠠᠨ ᠭᠡᠷ ᠤᠨ ᠡᠷᠬᠢᠯᠡᠭᠴᠢ( ᠲᠡᠳ᠋ ᠰᠠᠯᠠᠭᠠᠨ ᠳᠡᠰ) ᠶᠢᠨ ᠲᠤᠰᠢᠶᠠᠯ ᠳᠤ ᠳᠡᠪᠰᠢᠪᠡ᠃      2005.06—2008.02 ᠪᠤᠯᠲᠠᠯ᠎ᠠ᠂ ᠳ᠋ᠦᠩᠱᠧᠩ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ᠃      2008.02—2017.10 ᠪᠤᠯᠲᠠᠯ᠎ᠠ᠂ ᠤᠯᠤᠰ ᠲᠦᠷᠦ ᠶᠢᠨ ᠵᠥᠪᠯᠡᠯᠭᠡᠨ ᠤ ᠳ᠋ᠦᠩᠱᠧᠩ ᠲᠣᠭᠤᠷᠢᠭ ᠤᠨ ᠬᠤᠷᠢᠶ᠎ᠠ ᠶᠢᠨ ᠨᠡᠶᠢᠭᠡᠮ ᠤᠨ ᠬᠠᠤᠯᠢ ᠳᠦᠷᠢᠮ ᠪᠠ ᠦᠨᠳᠦᠰᠦᠲᠡᠨ ᠱᠠᠰᠢᠨ ᠰᠤᠷᠲᠠᠬᠤᠨ ᠤ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠡᠶᠢᠪᠡ᠃      2017.10—2017.12 ᠪᠤᠯᠲᠠᠯ᠎ᠠ᠂ ᠤᠯᠤᠰ ᠲᠦᠷᠦ ᠶᠢᠨ ᠵᠥᠪᠯᠡᠯᠭᠡᠨ ᠤ ᠳ᠋ᠦᠩᠱᠧᠩ ᠲᠣᠭᠤᠷᠢᠭ ᠤᠨ ᠬᠤᠷᠢᠶᠠᠨ ᠤ ᠳᠡᠳ᠋ ᠲᠡᠷᠢᠭᠦᠯᠡᠭᠴᠢ ᠶᠢᠨ ᠨᠡᠷ᠎ᠡ ᠳᠣᠷᠠᠳᠣᠭᠰᠠᠨ ᠵᠢᠱᠢᠭᠳᠡᠭᠴᠢ᠂ ᠨᠡᠶᠢᠭᠡᠮ ᠤᠨ ᠬᠠᠤᠯᠢ ᠳᠦᠷᠢᠮ ᠪᠠ ᠦᠨᠳᠦᠰᠦᠲᠡᠨ ᠱᠠᠰᠢᠨ ᠰᠤᠷᠲᠠᠬᠤᠨ ᠤ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ  ᠡᠭᠦᠷᠭᠡᠯᠡᠵᠦ ᠪᠠᠶᠢᠪᠠ᠃      2017.12—ᠤᠳᠣ ᠪᠣᠯᠲᠠᠯ᠎ᠠ᠂ ᠤᠯᠤᠰ ᠲᠦᠷᠦ ᠶᠢᠨ ᠵᠥᠪᠯᠡᠯᠭᠡᠨ ᠤ ᠳ᠋ᠦᠩᠱᠧᠩ ᠲᠣᠭᠤᠷᠢᠭ ᠤᠨ ᠬᠤᠷᠢᠶᠠᠨ ᠤ ᠳᠡᠳ᠋ ᠲᠡᠷᠢᠭᠦᠯᠡᠭᠴᠢ᠂ ᠨᠡᠶᠢᠭᠡᠮ ᠤᠨ ᠬᠠᠤᠯᠢ ᠳᠦᠷᠢᠮ ᠪᠠ ᠦᠨᠳᠦᠰᠦᠲᠡᠨ ᠱᠠᠰᠢᠨ ᠰᠤᠷᠲᠠᠬᠤᠨ ᠤ  ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ