ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠦᠷᠭᠡᠨ ᠬᠦᠷᠬᠡᠯᠳᠡ᠂ ᠪᠤᠳᠠᠰ ᠤᠨ ᠬᠦᠢᠯᠬᠡᠬᠡᠨ ᠤ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/11/9
                           ﹇2021﹈ 13 ᠳ᠋ᠤᠭᠠᠷ ᠲᠣᠭᠠᠲᠤ     ︽ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠪᠠ ᠳᠣᠲᠣᠭᠠᠳᠤ ᠳᠠᠭᠠᠨ ᠳᠠᠬᠢᠨ ᠳᠠᠷᠬᠠᠨ ᠳᠡᠯᠬᠡᠷᠡᠬᠦ ᠶᠢ ᠰᠡᠷᠭᠡᠶᠢᠯᠡᠬᠦ︾ ᠡᠯ᠎ᠡ ᠵᠤᠶᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠳᠦᠷᠭᠡᠨ ᠬᠦᠷᠬᠡᠯᠳᠡ᠂ ᠪᠤᠳᠠᠰ ᠤᠨ ᠬᠦᠢᠯᠬᠡᠬᠡᠨ ᠤ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠠᠰᠬᠠᠬᠤ ᠶᠢᠨ ᠲᠤᠰᠠᠳᠠ᠂ ᠮᠠᠨ ᠤ ᠲᠤᠭᠤᠷᠢᠭ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠳᠣᠤᠷᠠᠬᠢ ᠮᠡᠲᠦ ᠵᠠᠷᠯᠠᠶ᠎ᠠ᠄     ᠨᠢᠭᠡ᠂ ᠣᠶᠢᠷ᠎ᠠ ᠶᠢᠨ ᠬᠤᠭᠤᠴᠠᠭᠠᠨ ᠳᠤ ᠾᠧᠪᠸᠢ ᠶᠢᠨ ᠵᠢᠨᠵᠧᠦ᠂ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠵᠡᠷᠭᠡ ᠭᠠᠵᠠᠷ ᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠠᠷᠭ᠎ᠠ ᠴᠢᠨᠠᠷ ᠢᠶᠠᠷ ᠢᠯᠡᠷᠡᠭᠰᠡᠨ ᠳᠦᠷᠭᠡᠨ ᠬᠦᠷᠭᠡᠯᠳᠡ ᠶᠢᠨ ᠠᠵᠢᠯᠴᠢᠨ ᠪᠠ ᠪᠤᠭᠤᠳᠠᠯ ᠢ ᠢᠯᠡᠷᠡᠬᠦᠯᠦᠭᠰᠡᠨ ᠪᠠᠶᠢᠨ᠎ᠠ᠃ ︽ᠬᠤᠤᠰ ᠠᠷᠪᠠᠨ ᠨᠢᠭᠡᠨ︾ ᠤ ᠡᠳᠦᠷ ᠬᠦᠷᠴᠤ ᠢᠷᠡᠬᠦ ᠶᠢ ᠳᠠᠭᠠᠯᠳᠤᠨ᠂ ᠤᠯᠠᠨ ᠲᠦᠮᠡᠨ ᠤ ᠰᠦᠯᠵᠢᠶᠡᠨ ᠳᠡᠭᠡᠷ᠎ᠡ ᠠᠴᠠ ᠲᠠᠸᠠᠷ ᠬᠤᠳᠠᠯᠳᠤᠨ ᠠᠪᠬᠤ ᠲᠤᠭ᠎ᠠ ᠬᠡᠮᠵᠢᠶ᠎ᠡ ᠨᠡᠮᠡᠭᠳᠡᠵᠦ᠂ ᠲᠦᠷᠭᠡᠨ ᠬᠦᠷᠭᠡᠯᠲᠡ ᠪᠠᠷ ᠳᠠᠮᠵᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠬᠠᠯᠳᠠᠪᠤᠷᠢᠯᠠᠬᠤ ᠪᠣᠯᠤᠮᠵᠢ ᠨᠡᠮᠡᠭᠳᠡᠵᠦ ᠪᠠᠶᠢᠨ᠎ᠠ᠂ ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠠᠴᠠ ᠲᠠᠸᠠᠷ ᠬᠤᠳᠠᠯᠳᠤᠨ ᠠᠪᠬᠤ ᠶᠢ ᠠᠯᠢ ᠴᠢᠳᠠᠬᠤ ᠪᠠᠷ ᠵᠠᠶᠢᠯᠠᠰᠬᠢᠵᠦ᠂ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢ ᠬᠦᠰᠡᠵᠦ ᠪᠠᠶᠢᠨ᠎ᠠ᠃     ᠬᠤᠶᠠᠷ᠂ ᠥᠷᠭᠡᠨ ᠤᠯᠠᠨ ᠰᠠᠭᠤᠭᠠᠯᠢ ᠠᠷᠠᠳ ᠰᠦᠯᠵᠢᠶ᠎ᠡ᠂ ᠣᠷᠣᠯᠠᠨ ᠪᠤᠷᠤᠭᠤᠯᠤᠭᠴᠢ ᠵᠡᠷᠭᠡ ᠪᠠᠷ ᠳᠠᠮᠵᠢᠭᠰᠠᠨ ᠢᠷᠡᠯᠳᠡ ᠨᠢ ᠲᠣᠳᠣᠷᠬᠠᠶ ᠦᠭᠡᠢ ᠭᠠᠳᠠᠭᠠᠳᠤ ᠶᠢᠨ ᠪᠠᠷᠠᠭ᠎ᠠ ᠶᠢ ᠬᠤᠳᠠᠯᠳᠤᠨ ᠠᠪᠬᠤ ᠪᠤᠶᠤ ᠳᠤᠮᠳᠠ ᠦᠨᠳᠦᠷ ᠳᠦᠭᠰᠢᠬᠦᠷᠢᠳᠤ ᠭᠠᠵᠠᠷ ᠣᠷᠣᠨ ᠠᠴᠠ ᠪᠠᠷᠠᠭ᠎ᠠ ᠬᠤᠳᠠᠯᠳᠤᠨ ᠠᠪᠬᠤ ᠳᠠᠭᠠᠨ ᠪᠣᠯᠭᠤᠮᠵᠢᠲᠠᠶ ᠪᠠᠶᠢᠵᠤ᠂ ᠬᠤᠳᠠᠯᠳᠤᠨ ᠠᠪᠬᠤ ᠴᠢᠬᠤᠯᠠ ᠲᠠᠢ ᠪᠣᠯ ᠬᠤᠳᠠᠯᠳᠤᠨ ᠠᠪᠤᠭᠰᠠᠨ ᠡᠳ᠋ ᠪᠠᠷᠠᠭ᠎ᠠ ᠬᠦᠷᠴᠦ ᠢᠷᠡᠬᠦ ᠦᠶ᠎ᠡ ᠳᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠣᠷ᠎ᠠ ᠡᠳ᠋ ᠪᠠᠷᠠᠭ᠎ᠠ ᠪᠠᠨ ᠠᠷᠢᠭᠤᠳᠬᠠᠬᠤ ᠬᠡᠷᠡᠭᠳᠠᠢ᠃ ᠰᠢᠦᠳᠠᠨ᠂ ᠲᠦᠷᠭᠡᠨ ᠬᠦᠷᠬᠡᠯᠳᠡ ᠪᠠᠷ ᠪᠠᠷᠠᠭ᠎ᠠ ᠳᠠᠸᠠᠷ ᠭᠤᠪᠢᠭᠤᠯᠬᠤ ᠦᠶᠡᠰ ᠪᠡᠶ᠎ᠡ ᠶᠢᠨ ᠦᠨᠡᠮᠯᠡᠯ ᠳᠡᠭᠡᠷᠡᠬᠢ ᠨᠡᠷ᠎ᠡ ᠪᠠᠨ ᠳᠠᠭᠯᠠᠬᠤ ᠬᠡᠷᠡᠭᠳᠠᠢ᠃ ᠬᠡᠷᠪᠡ ᠬᠢᠯᠢ ᠶᠢᠨ ᠭᠠᠳᠠᠨᠠᠬᠢ ᠲᠦᠭᠰᠢᠭᠦᠷᠢ ᠶᠡᠬᠡᠲᠡᠶ ᠤᠯᠤᠰ ᠠᠴᠠ ᠰᠢᠦᠳᠠᠨ ᠢᠶᠠᠷ ᠬᠤᠳᠠᠯᠳᠤᠨ ᠠᠪᠤᠭᠰᠠᠨ ᠲᠠᠸᠠᠷ ᠢ ᠨᠢᠭᠡᠨᠲᠡ ᠭᠡᠷ ᠲᠤ ᠨᠢ ᠬᠦᠷᠭᠡᠭᠰᠡᠨ ᠪᠠᠶᠢᠪᠠᠯ᠂ ᠲᠡᠷᠡ ᠳᠠᠷᠤᠶ ᠳᠤᠨᠢ ᠪᠠᠶᠢᠭ᠎ᠠ ᠲᠣᠰᠬᠤᠨ᠂ ᠨᠡᠶᠢᠭᠡᠮ ᠲᠣᠭᠤᠷᠢᠭ ᠪᠤᠶᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠬᠦ ᠶᠢᠨ ᠬᠠᠮᠲᠤ ᠰᠢᠦᠳᠠᠨ ᠢᠶᠠᠷ ᠬᠤᠳᠠᠯᠳᠤᠨ ᠠᠪᠤᠭᠰᠠᠨ ᠲᠠᠸᠠᠷ ᠢᠶᠠᠨ ᠵᠠᠪᠠᠯ ᠠᠰ ᠲᠤᠨᠢ ᠬᠠᠳᠠᠭᠠᠯᠠᠵᠤ᠂ ᠪᠤᠭᠤᠳᠠᠯ ᠢ ᠨᠢ ᠵᠠᠳᠠᠯᠵᠤ ᠪᠣᠯᠬᠤ ᠦᠭᠡᠢ ᠪᠥᠭᠡᠳ ᠬᠤᠯᠪᠣᠭᠳᠠᠯ ᠪᠦᠬᠦᠢ ᠰᠢᠢᠳᠪᠤᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠣᠳᠣᠬᠠᠨ ᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠵᠢᠴᠢ ᠡᠪᠦᠯ ᠤᠨ ᠤᠯᠠᠷᠢᠯ ᠤᠨ ᠳᠣᠤᠷ᠎ᠠ ᠳᠤᠯᠠᠭᠠᠨ ᠤ ᠨᠥᠬᠦᠴᠡᠯ ᠳᠣᠤᠷ᠎ᠠ ᠸᠢᠷᠦ᠋ᠰ ᠤᠨ ᠤᠷᠤᠰᠢᠨ ᠠᠮᠢᠳᠤᠷᠠᠬᠤ ᠴᠠᠭ ᠨᠢ ᠣᠷᠳᠣ ᠪᠤᠯᠬᠤ ᠵᠡᠷᠭᠡ ᠣᠨᠴᠠᠯᠢᠭ ᠢ ᠦᠨᠳᠦᠰᠦᠯᠡᠨ᠂ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ᠡᠳ᠋ ᠪᠣᠳᠠᠰ ᠢ ᠪᠣᠯᠭᠤᠮᠵᠢᠲᠠᠶ ᠬᠤᠳᠠᠯᠳᠤᠨ ᠠᠪᠤᠭᠠᠷᠠᠶ᠃     ᠭᠤᠷᠪᠠ᠂ ᠥᠷᠭᠡᠨ ᠣᠯᠠᠨ ᠰᠠᠭᠤᠭᠠᠯᠢ ᠠᠷᠠᠳ ᠡᠳᠦᠷ ᠲᠤᠲᠤᠮ ᠤᠨ ᠲᠦᠷᠭᠡᠨ ᠬᠦᠷᠭᠡᠯᠲᠡ ᠶᠢᠨ ᠪᠤᠭᠤᠳᠠᠯ ᠢ ᠠᠪᠬᠤ ᠠᠴᠠ ᠪᠠᠨ ᠡᠮᠦᠨ᠎ᠡ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠮᠠᠪᠴᠢ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠵᠡᠭᠦᠵᠦ᠂ 75% ᠶᠢᠨ ᠰᠫᠢᠷᠲ ᠪᠤᠶᠤ ᠾᠯᠣᠷ ᠠᠭᠤᠯᠤᠭᠰᠠᠨ ᠠᠷᠢᠭᠤᠳᠬᠠᠭᠴᠢ ᠡᠳ᠋ ︵ᠵᠢᠱᠢᠶᠡᠯᠡᠪᠡᠯ 84 ᠠᠷᠢᠭᠤᠳᠬᠠᠬᠤ ᠰᠢᠩᠭᠡᠨ︶  ᠢ ᠪᠡᠯᠡᠳᠬᠡᠭᠰᠡᠨ ᠪᠠᠶᠢᠬᠤ ᠬᠡᠷᠡᠭᠲᠡᠶ︔ ᠲᠦᠷᠭᠡᠨ ᠬᠦᠷᠭᠡᠯᠲᠡ ᠶᠢᠨ ᠪᠤᠭᠤᠳᠠᠯ ᠢ ᠠᠪᠬᠤ  ᠳᠤ᠂ ᠬᠥᠮᠦᠨ ᠬᠠᠷ᠎ᠠ ᠴᠤᠭᠯᠠᠷᠠᠬᠤ ᠠᠴᠠ ᠵᠠᠶᠢᠯᠠᠰᠬᠢᠵᠦ᠂ ᠴᠢᠳᠠᠬᠤ ᠶᠢᠨ ᠳᠣᠲᠣᠷ᠎ᠠ ᠲᠦᠷᠭᠡᠨ ᠬᠦᠷᠭᠡᠯᠲᠡ ᠶᠢᠨ ᠠᠪᠳᠠᠷ᠎ᠠ ᠪᠠᠷ ᠳᠠᠮᠵᠢᠭᠤᠯᠤᠨ ᠲᠦᠷᠭᠡᠨ ᠬᠦᠷᠭᠡᠯᠲᠡ  ᠶᠢᠨ ᠪᠤᠭᠤᠳᠠᠯ ᠢ ᠬᠤᠷᠢᠶᠠᠨ  ᠠᠪᠴᠤ᠂ ᠭᠠᠷ ᠤᠨ ᠦᠰᠦᠭ ᠵᠢᠷᠤᠵᠤ ᠬᠤᠷᠢᠶᠠᠨ ᠠᠪᠬᠤ ᠪᠤᠶᠤ ᠮᠥᠷᠯᠡᠬᠦ ᠳᠡᠭᠡᠨ ᠴᠥᠮ ᠲᠦᠷᠭᠡᠨ ᠬᠦᠷᠭᠡᠭᠴᠢ ᠵᠢᠴᠢ ᠪᠤᠰᠤᠳ ᠬᠥᠮᠦᠨ ᠲᠠᠢ 1 ᠮᠧᠲᠷ ᠠᠴᠠ ᠳᠡᠭᠡᠭᠰᠢ ᠠᠮᠤᠷ ᠲᠦᠪᠰᠢᠨ ᠤ ᠵᠠᠶ ᠲᠠᠢ ᠪᠠᠶᠢᠬᠤ ᠬᠡᠷᠡᠭᠲᠡᠶ︔ ᠪᠣᠭᠤᠳᠠᠯ ᠪᠤᠶᠤ ᠲᠦᠷᠭᠡᠨ ᠬᠦᠷᠭᠡᠯᠲᠡ ᠶᠢ ᠲᠤᠰᠴᠤ ᠠᠪᠤᠭᠰᠠᠨ ᠤ ᠳᠠᠷᠠᠭ᠎ᠠ᠂ ᠲᠦᠷᠭᠡᠨ ᠬᠦᠷᠭᠡᠯᠲᠡ ᠶᠢᠨ ᠪᠣᠭᠤᠳᠠᠯ ᠶᠢ ᠳᠠᠷᠦ᠋ᠢᠬᠠᠨ ᠠᠷᠢᠭᠤᠳᠬᠠᠭᠴᠢ ᠰᠢᠩᠭᠡᠨ ᠢᠶᠠᠷ ᠰᠦᠷᠴᠢᠨ ᠠᠷᠢᠭᠤᠳᠬᠠᠵᠤ᠂ ᠭᠠᠳᠠᠷ ᠪᠤᠭᠤᠳᠠᠯ ᠢ ᠨᠢ ᠲᠤᠬᠠᠶ ᠶᠢᠨ ᠭᠠᠵᠠᠷ ᠲᠤᠨᠢ ᠵᠠᠳᠠᠯᠤᠨ ᠰᠢᠢᠳᠪᠤᠷᠢᠯᠡᠵᠤ᠂ ᠠᠯᠢ ᠴᠢᠳᠠᠬᠤ ᠪᠠᠷ ᠲᠦᠷᠭᠡᠨ ᠬᠦᠷᠭᠡᠯᠲᠡ ᠶᠢᠨ ᠭᠠᠳᠠᠷ ᠪᠣᠭᠤᠳᠠᠯ ᠢ ᠬᠡᠷ ᠲᠡᠭᠡᠨ ᠠᠪᠠᠴᠢᠬᠤ ᠥᠬᠡᠶ ᠪᠠᠶᠢᠬᠤ ᠬᠡᠷᠡᠭᠲᠡᠶ᠃ ᠭᠡᠷᠪᠡ ᠵᠦᠪᠬᠡᠨ ᠭᠡᠷ ᠲᠡᠭᠡᠨ ᠬᠠᠷᠢᠭᠰᠠᠨ ᠤ ᠳᠠᠷᠠᠭ᠎ᠠ ᠰᠠᠶ᠋ᠢ ᠳᠦᠷᠭᠡᠨ ᠬᠦᠷᠭᠡᠯᠳᠡ ᠶᠢᠨ ᠪᠤᠭᠤᠯᠳᠠ ᠶᠢ ᠵᠠᠳᠠᠯᠵᠤ ᠪᠣᠯᠬᠤ ᠦᠶᠡᠰ᠂ ᠤᠷᠢᠳᠠᠪᠠᠷ ᠠᠷᠢᠭᠤᠳᠬᠠᠬᠤ ᠰᠢᠩᠭᠡᠨ ᠢᠶᠠᠷ ᠪᠤᠭᠤᠳᠠᠯ ᠢ ᠠᠷᠢᠭᠤᠳᠬᠠᠭᠰᠠᠨ ᠤ ᠳᠠᠷᠠᠭ᠎ᠠ ᠪᠤᠭᠤᠳᠠᠯ ᠢᠶᠠᠨ ᠵᠠᠳᠠᠯᠵᠤ ᠭᠠᠳᠠᠷ ᠪᠤᠭᠤᠯᠳᠠ ᠶᠢ ᠨᠢ ᠳᠠᠷᠤᠢ ᠳᠦᠷᠬᠡᠨ ᠬᠤᠭ ᠤᠨ ᠰᠠᠪᠠᠨ ᠳᠤ ᠬᠠᠶᠠᠬᠤ ᠬᠡᠷᠡᠭᠳᠠᠢ᠃ ᠳᠡᠭᠡᠷᠡᠬᠢ ᠵᠤᠶᠢᠯᠡᠰ ᠢ ᠪᠦᠬᠦᠨ ᠢ ᠬᠢᠵᠤ ᠪᠠᠷᠠᠭᠰᠠᠨ ᠤ ᠳᠠᠷᠠᠭ᠎ᠠ ᠰᠠᠪᠤᠩ ᠲᠠᠢ ᠰᠢᠩᠭᠡᠨ ᠪᠤᠶᠤ ᠭᠠᠷ ᠢᠶᠠᠨ ᠤᠬᠢᠶᠠᠬᠤ ᠰᠢᠩᠭᠡᠨ ᠢᠶᠠᠷ ᠭᠠᠷ ᠰᠠᠶᠢᠳᠤᠷ ᠤᠬᠢᠶᠠᠨ ᠠᠷᠢᠭᠤᠳᠬᠠᠨ᠎ᠠ᠂ ᠠᠷᠢᠭᠤᠳᠬᠠᠬᠤ ᠠᠴᠠ ᠡᠮᠦᠨ᠎ᠡ ᠭᠠᠷ ᠢᠶᠠᠷ ᠢᠶᠠᠨ ᠬᠥᠯᠥᠰᠥ ᠪᠠᠨ ᠠᠷᠴᠢᠬᠤ ᠪᠤᠶᠤ ᠨᠢᠳᠦ᠂ ᠬᠠᠮᠠᠷ᠂ ᠠᠮᠠ ᠪᠠᠨ ᠤᠷᠤᠯᠳᠤᠵᠤ ᠪᠣᠯᠬᠤ ᠦᠭᠡᠢ᠃     ᠳᠥᠷᠪᠡ᠂ ᠮᠠᠨ ᠤ ᠲᠤᠭᠤᠷᠢᠭ ᠲᠤ ᠣᠷᠣᠵᠤ ᠢᠷᠡᠭᠰᠡᠨ ᠰᠢᠤᠳᠠᠨ ᠤ ᠵᠤᠶᠢᠯ᠂ ᠲᠦᠷᠭᠡᠨ ᠬᠦᠷᠭᠡᠯᠳᠡ ᠶᠢᠨ ᠪᠤᠳᠠᠰ᠂ ᠡᠳ᠋ ᠪᠠᠷᠠᠭ᠎ᠠ ᠳᠤ ᠡᠯ᠎ᠡ ᠳᠦᠷᠭᠡᠨ ᠬᠦᠷᠭᠡᠯᠳᠡ ᠶᠢᠨ ᠠᠵᠤ ᠠᠬᠤᠶᠢᠯᠠᠯ᠂ ᠪᠤᠳᠠᠰ ᠤᠨ ᠬᠦᠢᠯᠬᠡᠬᠡᠨ ᠤ ᠠᠵᠤ ᠠᠬᠤᠶᠢᠯᠠᠯ ᠤᠳ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠵᠢᠯᠯᠠᠵᠤ ᠪᠠᠶᠢᠭ᠎ᠠ ᠬᠥᠮᠦᠰ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠬᠤᠪᠢ ᠬᠥᠮᠦᠨ ᠤ ᠰᠡᠷᠬᠡᠶᠢᠯᠡᠨ ᠬᠠᠮᠠᠭᠠᠯᠠᠯᠲᠠ ᠶᠢᠨ ᠡᠳ᠋᠂ ᠡᠷᠡᠭᠦᠯ ᠬᠠᠮᠠᠭᠠᠯᠠᠯ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠦᠷᠭᠡᠨ ᠬᠦᠷᠭᠡᠬᠦ ᠳᠤ ᠲᠣᠭᠲᠠᠭᠰᠠᠨ ᠴᠠᠭ᠂ ᠲᠣᠭᠲᠠᠭᠰᠠᠨ ᠭᠠᠵᠠᠷ᠂ ᠲᠤᠭᠳᠠᠭᠰᠠᠨ ᠬᠦᠮᠦᠨ ᠢ ᠡᠷᠡᠰ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠳᠦᠷᠭᠡᠨ ᠬᠦᠷᠬᠡᠯᠳᠡ ᠶᠢᠨ ᠠᠵᠤ ᠠᠬᠤᠶᠢᠯᠠᠯ ᠤᠨ ᠢᠯᠭᠠᠨ ᠰᠢᠢᠳᠪᠤᠷᠢᠯᠡᠬᠦ ᠲᠥᠪ ᠱᠠᠭᠠᠷᠳᠠᠯᠭ᠎ᠠ ᠶᠣᠰᠣᠭᠠᠷ ᠰᠠᠯᠬᠢ ᠨᠡᠪᠳᠡᠷᠡᠬᠦᠯᠵᠤ᠂ 4 — 6 ᠴᠠᠭ ᠪᠦᠷᠢ ᠳᠤ ᠨᠢᠭᠡ ᠤᠳᠠᠭ᠎ᠠ ᠠᠷᠢᠭᠤᠳᠬᠠᠨ᠂ ᠡᠳᠦᠷ ᠪᠦᠷᠢ ᠶᠢᠨ ᠠᠵᠢᠯᠯᠠᠬᠤ ᠠᠴᠠ ᠡᠮᠦᠨ᠎ᠡ ᠪᠠ ᠠᠵᠢᠯ ᠳᠠᠭᠤᠰᠤᠭᠰᠠᠨ ᠤ ᠳᠠᠷᠠᠭ᠎ᠠ ᠪᠥᠬᠦ ᠲᠠᠯ᠎ᠠ ᠪᠠᠷ ᠠᠷᠢᠭᠤᠳᠬᠠᠯ ᠬᠢᠬᠦ ᠬᠡᠷᠡᠭᠳᠠᠢ᠃ ᠳᠦᠷᠭᠡᠨ ᠬᠦᠷᠭᠡᠯᠳᠡ ᠶᠢᠨ ᠭᠠᠵᠠᠷ ᠤᠨ ᠠᠵᠢᠯᠴᠢᠨ ᠴᠥᠮ ᠠᠵᠢᠯᠯᠠᠬᠤ  ᠠᠴᠠ ᠡᠮᠦᠨ᠎ᠡ ᠪᠠ ᠠᠵᠢᠯᠯᠠᠵᠤ ᠳᠠᠭᠤᠰᠤᠭᠰᠠᠨ ᠤ ᠳᠠᠷᠠᠭ᠎ᠠ ᠳᠤᠰᠪᠤᠷᠢ 2 ᠤᠳᠠᠭ᠎ᠠ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠬᠦ ᠶᠢᠨ ᠬᠠᠮᠲᠤ ᠳᠡᠩᠰᠡᠯᠡᠨ ᠲᠡᠮᠳᠡᠭᠯᠡᠬᠦ ᠬᠡᠷᠡᠭᠲᠡᠶ᠂ ᠡᠬᠦᠨ ᠤ ᠬᠠᠮᠳᠤ ᠠᠵᠢᠯ ᠤᠨ ᠪᠠᠶᠢᠷᠢᠨ ᠳᠠᠬᠢ ᠬᠦᠮᠦᠰ ᠤᠨ ᠴᠤᠭᠯᠠᠷᠠᠵᠤ ᠳᠦᠪᠯᠡᠷᠡᠬᠦ ᠶᠢ ᠪᠠᠭᠠᠰᠬᠠᠬᠤ ᠬᠡᠷᠡᠭᠳᠠᠢ᠃ ᠲᠦᠷᠭᠡᠨ ᠬᠦᠷᠬᠡᠯᠳᠡ  ᠶᠢᠨ ᠲᠡᠷᠭᠡ ᠬᠥᠰᠬᠡ ᠶᠢᠨ ᠬᠠᠮᠢᠶᠠᠷᠤᠯᠲᠠ ᠬᠢᠭᠡᠳ ᠲᠦᠷᠭᠡᠨ ᠬᠦᠷᠭᠡᠯᠳᠡ ᠶᠢᠨ ᠪᠤᠭᠤᠯᠳᠠ ᠶᠢᠨ ᠠᠷᠢᠭᠤᠳᠬᠠᠬᠤ ᠠᠵᠢᠯ ᠢ ᠰᠠᠶᠢᠳᠤᠷ ᠬᠢᠬᠦ ᠬᠡᠷᠡᠭᠲᠡᠶ᠃ ᠲᠦᠷᠭᠡᠨ ᠬᠦᠷᠭᠡᠯᠲᠡ ᠶᠢᠨ ᠲᠡᠷᠭᠡ ᠬᠥᠰᠬᠡ ᠶᠢᠨ ᠠᠶᠠᠯᠠᠯ ᠤᠨ ᠶᠠᠪᠤᠴᠠ᠂ ᠵᠢᠯᠣᠭᠤᠴᠢ ᠶᠢᠨ ᠪᠡᠶ᠎ᠡ ᠶᠢᠨ ᠳᠤᠯᠠᠭᠠᠨ᠂ ᠢᠷᠡᠵᠤ ᠶᠠᠪᠤᠭᠰᠠᠨ ᠴᠠᠭ᠂ ᠠᠴᠢᠶᠠᠯᠠᠭᠰᠠᠨ ᠪᠤᠭᠤᠯᠳᠠ  ᠶᠢᠨ ᠲᠤᠭ᠎ᠠ ᠵᠡᠷᠭᠡ ᠶᠢ ᠳᠡᠩᠰᠡᠯᠡᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠳᠡᠭᠡᠭᠡᠪᠤᠷᠢ ᠶᠢᠨ ᠲᠡᠷᠭᠡ ᠬᠥᠰᠬᠡ ᠶᠢ ᠤᠷᠢᠳᠠᠪᠠᠷ ᠠᠷᠢᠭᠤᠳᠬᠠᠭᠰᠠᠨ ᠤ ᠳᠠᠷᠠᠭ᠎ᠠ ᠪᠠᠷᠠᠭ᠎ᠠ ᠶᠢ ᠪᠠᠭᠤᠯᠭᠠᠬᠤ᠂ ᠲᠦᠷᠭᠡᠨ ᠬᠦᠷᠭᠡᠯᠲᠡ ᠶᠢᠨ ᠵᠤᠶᠢᠯ ᠢ ᠪᠠᠭᠤᠯᠭᠠᠬᠤ ᠶᠢᠨ ᠳᠠᠭᠠᠤ ᠠᠷᠢᠭᠤᠳᠬᠠᠬᠤ᠂ ᠭᠤᠪᠢᠭᠤᠯᠬᠤ ᠲᠦᠷᠭᠡᠨ ᠬᠦᠷᠭᠡᠯᠲᠡ ᠶᠢᠨ ᠵᠤᠶᠢᠯ ᠢ ᠠᠴᠢᠶᠠᠯᠠᠬᠤ ᠶᠢᠨ ᠳᠠᠭᠠᠤ ᠠᠷᠢᠭᠤᠳᠬᠠᠬᠤ ᠵᠡᠷᠭᠡ ᠠᠷᠢᠭᠤᠳᠬᠠᠬᠤ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠰᠢᠤᠳᠠᠨ ᠤ ᠵᠤᠶᠢᠯ᠂ ᠲᠦᠷᠭᠡᠨ ᠬᠦᠷᠭᠡᠯᠲᠡ ᠶᠢᠨ ᠪᠤᠭᠤᠯᠳᠠ ᠶᠢᠨ ᠪᠦᠬᠦ ᠲᠠᠯ᠎ᠠ ᠪᠠᠷ ᠠᠷᠢᠭᠤᠳᠬᠠᠵᠤ᠂ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃     ᠲᠠᠪᠤ᠂ ᠬᠢᠯᠢ ᠶᠢᠨ ᠭᠠᠳᠠᠨ᠎ᠠ ᠠᠴᠠ ᠢᠷᠡᠭᠰᠡᠨ ᠪᠠᠷᠠᠭ᠎ᠠ ᠵᠢᠴᠢ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠳᠦᠭᠰᠢᠬᠦᠷᠢᠳᠤ ᠭᠠᠵᠠᠷ ᠣᠷᠣᠨ ᠠᠴᠠ ᠢᠷᠡᠭᠰᠡᠨ ᠰᠢᠦᠳᠠᠨ ᠤ ᠵᠦᠢᠯ᠂ ᠲᠦᠷᠭᠡᠨ ᠬᠦᠷᠭᠡᠯᠲᠡ ᠶᠢᠨ ᠪᠤᠭᠤᠯᠳᠠ᠂ ᠡᠳ᠋ ᠪᠠᠷᠠᠭ᠎ᠠ ᠳᠤ ᠮᠡᠳᠡᠭᠦᠯᠦᠨ ᠳᠠᠩᠰᠠᠯᠠᠭᠤᠯᠬᠤ ᠲᠦᠷᠢᠮ ᠢ ᠬᠡᠷᠡᠭᠵᠢᠭᠦᠯᠦᠨ᠎ᠡ᠃ ᠡᠯ᠎ᠡ ᠤᠶᠢᠯᠡᠳᠪᠤᠷᠢᠯᠡᠯ ᠡᠵᠡᠩᠨᠡᠯᠲᠡ ᠶᠢᠨ ᠨᠢᠭᠡᠴᠡ ᠪᠠ ᠬᠤᠪᠢ ᠬᠥᠮᠦᠨ ᠡᠳ᠋ ᠪᠣᠳᠠᠰ ᠬᠦᠷᠴᠦ ᠢᠷᠡᠬᠦ ᠠᠴᠠ 24 ᠴᠠᠭ ᠤᠨ ᠡᠮᠦᠨ᠎ᠡ ᠰᠢᠤᠳᠠᠨ ᠤ ᠵᠤᠶᠢᠯ᠂ ᠲᠦᠷᠭᠡᠨ ᠬᠦᠷᠭᠡᠯᠳᠡ᠂ ᠡᠳ᠋ ᠪᠠᠷᠠᠭ᠎ᠠ ᠶᠢ ᠳᠤᠰᠤᠨ ᠠᠪᠤᠭᠴᠢ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ᠂ ᠵᠢᠯᠣᠭᠤᠴᠢ ᠵᠡᠷᠭᠡ ᠮᠡᠳᠡᠭᠡ ᠵᠠᠩᠭᠢ ᠵᠢᠴᠢ ᠠᠶᠠᠯᠠᠯ ᠤᠨ ᠱᠤᠭᠤᠮ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠨᠢᠭᠤᠨ ᠳᠠᠯᠳᠠᠯᠠᠭᠠᠳ ᠮᠡᠳᠡᠭᠦᠯᠬᠦ ᠥᠬᠡᠶ ᠪᠠᠶᠢᠪᠠᠯ ᠬᠠᠤᠯᠢ ᠶᠤᠰᠤᠭᠠᠷ ᠴᠢᠩᠭ᠎ᠠ ᠰᠢᠳᠬᠡᠨ᠎ᠡ᠃ ᠭᠠᠳᠠᠭᠠᠳᠤ ᠠᠴᠠ ᠤᠷᠤᠭᠤᠯᠬᠤ ᠬᠦᠢᠳᠡᠨ ᠢᠳᠡᠭᠡᠨ ᠢ ᠡᠷᠬᠡᠪᠰᠢ ᠲᠤᠰᠬᠠᠶ ᠲᠡᠷᠭᠡ ᠪᠠᠷ ᠲᠡᠭᠡᠭᠡᠪᠦᠷᠢᠯᠡᠬᠦ᠂ ᠲᠤᠰᠬᠠᠶ ᠭᠠᠵᠠᠷ ᠲᠤ ᠬᠠᠳᠠᠭᠠᠯᠠᠬᠤ᠂ ᠲᠤᠰᠬᠠᠶ ᠬᠥᠮᠦᠨ ᠢᠶᠠᠷ ᠬᠠᠮᠢᠶᠠᠷᠤᠭᠤᠯᠬᠤ ᠶᠢ ᠬᠡᠷᠡᠭᠵᠢᠭᠦᠯᠬᠦ ᠶᠢᠨ ᠬᠠᠮᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠪᠠᠷᠠᠭ᠎ᠠ ᠲᠡᠭᠡᠭᠡᠪᠦᠷᠢᠯᠡᠬᠦ ᠤᠢᠷᠳᠡᠭᠡ ᠲᠠᠯᠠᠪᠤᠷ ᠤᠨ ᠲᠡᠭᠡᠭᠡᠪᠦᠷᠢᠯᠡᠬᠦ ᠪᠠᠷᠠᠭ᠎ᠠ ᠶᠢ ᠡᠷᠬᠡᠪᠰᠢ ᠵᠡᠮ ᠲᠡᠭᠡᠭᠡᠪᠦᠷᠢ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ︔ ᠪᠤᠳᠠᠰ ᠤᠨ ᠬᠦᠢᠯᠬᠡᠬᠡ᠂ ᠲᠦᠷᠭᠡᠨ ᠬᠦᠷᠬᠡᠯᠳᠡ ᠵᠡᠷᠭᠡ ᠠᠵᠤ ᠠᠬᠤᠶᠢᠯᠠᠯ ᠤᠨ ᠳᠡᠭᠡᠭᠡᠪᠤᠷᠢᠯᠡᠭᠰᠡᠨ ᠠᠵᠤ ᠤᠶᠢᠯᠡᠳᠪᠤᠷᠢ ᠶᠢᠨ ᠪᠦᠳᠦᠭᠡᠭᠳᠡᠬᠦᠨ᠂ ᠲᠦᠭᠦᠬᠡᠶ ᠮᠠᠲ᠋ᠧᠷᠢᠶᠠᠯ ᠢ ᠡᠷᠬᠡᠪᠰᠢ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠭᠠᠳᠠᠭᠠᠳᠤ ᠠᠴᠠ ᠮᠠᠨ ᠤ ᠲᠤᠭᠤᠷᠢᠭ ᠲᠤ ᠤᠷᠤᠵᠤ ᠢᠷᠡᠭᠰᠡᠨ ᠳᠦᠷᠬᠡᠨ ᠬᠦᠷᠭᠡᠯᠳᠡ ᠶᠢᠨ ᠡᠳ᠋ ᠪᠠᠷᠠᠭ᠎ᠠ ᠶᠢ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠢᠲᠡᠭᠦᠮᠵᠢᠯᠡᠨ ᠬᠠᠳᠠᠭᠠᠯᠠᠵᠤ᠂ ᠪᠠᠴᠢᠮ ᠬᠡᠷᠡᠭᠰᠡᠬᠦ ᠵᠦᠢᠯ ᠢ ᠲᠤᠰᠬᠠᠶ ᠠᠷᠢᠭᠤᠳᠬᠠᠬᠤ ᠺᠣᠮᠫᠠᠨᠢ ᠠᠴᠠ ᠲᠤᠰᠬᠠᠢ ᠪᠣᠭᠤᠳᠠᠯᠯᠠᠵᠤ᠂ ᠪᠠᠷᠠᠭ᠎ᠠ ᠶᠢ ᠠᠷᠢᠭᠤᠳᠬᠠᠬᠤ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠪᠢᠯᠢᠭ ᠴᠢᠨᠠᠷ ᠲᠠᠢ ᠪᠠᠶᠢᠪᠠᠯ ᠰᠠᠶ᠋ᠢ ᠭᠠᠷᠳᠠᠨ ᠠᠪᠴᠤ ᠪᠣᠯᠤᠨ᠎ᠠ᠃     ᠵᠢᠷᠭᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠦᠷᠢᠶ᠎ᠡ ᠴᠠᠷᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠰᠢᠤᠳᠠᠨ ᠤ ᠪᠤᠳᠠᠰ ᠤᠨ ᠬᠦᠢᠯᠬᠡᠬᠡ᠂ ᠳᠦᠷᠭᠡᠨ ᠬᠦᠷᠭᠡᠯᠳᠡ᠂ ᠡᠳ᠋ ᠪᠤᠳᠠᠰ ᠭᠤᠪᠢᠭᠤᠯᠬᠤ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢ ᠱᠠᠯᠠᠪᠳᠠᠭᠤᠯᠵᠤ ᠪᠠᠶᠢᠭᠠᠳ ᠲᠡᠷᠭᠡ  ᠬᠥᠰᠬᠡ᠂ ᠠᠵᠢᠯᠴᠢᠨ᠂ ᠡᠳ᠋ ᠪᠣᠳᠠᠰ  ᠢ ᠠᠷᠢᠭᠤᠳᠬᠠᠨ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠰᠢᠤᠳᠠᠨ᠂ ᠵᠠᠬ᠎ᠠ ᠳᠡᠯᠭᠡᠭᠦᠷ᠂ ᠵᠠᠮ ᠬᠠᠷᠢᠯᠴᠠᠭ᠎ᠠ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠢᠨᠠᠨ ᠬᠠᠮᠢᠶᠠᠷᠬᠤ ᠭᠤᠤᠯ ᠴᠣᠭᠴᠠ ᠶᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠲᠦᠷᠭᠡᠨ ᠬᠦᠷᠬᠡᠯᠳᠡ᠂ ᠪᠤᠳᠠᠰ ᠤᠨ ᠬᠦᠢᠯᠬᠡᠬᠡᠨ ᠤ ᠲᠠᠯᠠᠪᠤᠷ᠂ ᠡᠵᠡᠩᠨᠡᠯᠲᠡ ᠶᠢᠨ ᠲᠠᠯᠠᠪᠤᠷ ᠭᠠᠵᠠᠷ᠂ ᠲᠡᠭᠡᠭᠡᠪᠦᠷᠢ ᠶᠢᠨ ᠪᠠᠭᠠᠵᠢ ᠬᠡᠷᠡᠭᠰᠡᠯ᠂ ᠠᠵᠢᠯᠯᠠᠬᠤ ᠭᠠᠵᠠᠷ ᠢ ᠠᠷᠢᠭᠤᠳᠬᠠᠵᠤ᠂ ᠰᠠᠯᠬᠢ ᠨᠡᠪᠲᠡᠷᠡᠭᠦᠯᠬᠦ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠷᠠᠭ᠎ᠠ  ᠪᠠᠨ ᠤᠷᠢᠳᠴᠢᠯᠠᠨ ᠠᠷᠢᠭᠤᠳᠬᠠᠬᠤ ᠪᠠ ᠪᠠᠶᠢᠴᠠᠭᠠᠨ ᠬᠡᠮᠵᠢᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠲᠤ ᠣᠷᠣᠵᠤ ᠢᠷᠡᠭᠰᠡᠨ ᠲᠦᠷᠭᠡᠨ ᠬᠦᠷᠬᠡᠯᠳᠡ᠂ ᠪᠤᠳᠠᠰ ᠤᠨ ᠬᠦᠢᠯᠬᠡᠬᠡᠨ ᠤ ᠪᠠᠷᠠᠭ᠎ᠠ ᠳᠤ ᠴᠥᠮ ᠤᠷᠢᠳᠠᠪᠠᠷ ᠠᠷᠢᠭᠤᠳᠬᠠᠨ᠂ ᠳᠠᠬᠢᠨ ᠪᠠᠶᠢᠴᠠᠭᠠᠨ ᠰᠢᠯᠭᠠᠵᠤ᠂ ᠳᠠᠷᠠᠭ᠎ᠠ ᠨᠢ ᠬᠤᠪᠢᠶᠠᠨ ᠵᠤᠬᠢᠴᠠᠭᠤᠯᠬᠤ ᠠᠵᠢᠯ ᠤᠨ ᠶᠠᠪᠤᠴᠠ ᠶᠢ ᠬᠡᠷᠡᠭᠵᠢᠭᠦᠯᠬᠦ ᠬᠡᠷᠡᠭᠲᠡᠶ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠦᠪ ᠰᠢᠦᠳᠠᠨ᠂ ᠳᠦᠷᠭᠡᠨ ᠬᠦᠷᠭᠡᠯᠳᠡ ᠶᠢᠨ ᠠᠵᠢᠯ ᠲᠦᠷᠦᠯ ᠳᠤ ᠬᠢᠨᠠᠨ ᠪᠠᠶᠢᠴᠠᠭᠠᠯᠳᠠ ᠬᠢᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠡᠷᠬᠢᠯᠡᠭᠰᠡᠳ᠂ ᠣᠷᠴᠢᠨ ᠲᠣᠭᠤᠷᠢᠨ᠂ ᠪᠠᠷᠠᠭ᠎ᠠ ᠪᠣᠭᠤᠳᠠᠯ  ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠤᠳᠠᠭ᠎ᠠ ᠶᠢ ᠨᠡᠮᠡᠭᠳᠡᠭᠦᠯᠬᠦ ᠬᠡᠷᠡᠭᠲᠡᠶ᠃     ᠳᠣᠯᠤᠭ᠎ᠠ᠂ ᠥᠷᠭᠡᠨ ᠣᠯᠠᠨ ᠬᠤᠲᠠ ᠶᠢᠨ ᠠᠷᠠᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠤᠪᠢ ᠬᠥᠮᠦᠨ ᠤ ᠡᠷᠡᠭᠦᠯ ᠮᠡᠨᠳᠦ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠨ᠂ ᠨᠡᠶᠢᠭᠡᠮ ᠤᠨ ᠬᠠᠷᠢᠯᠴᠠᠭᠠᠨ ᠤ ᠠᠮᠤᠷ ᠳᠦᠪᠰᠢᠨ ᠵᠠᠶ ᠶᠢ ᠪᠠᠲᠤᠯᠠᠬᠤ ᠶᠢᠨ ᠬᠠᠮᠲᠤ ᠠᠯᠢ ᠲᠦᠷᠭᠡᠨ ᠢᠶᠠᠷ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠬᠢᠵᠦ᠂ ᠴᠢᠩᠭᠠᠳᠬᠠᠬᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠂ ᠣᠯᠠᠨ ᠲᠦᠮᠡᠨ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠶᠢᠨ ᠪᠠᠶᠢᠭᠤᠯᠤᠮᠵᠢ ᠳᠤ ᠬᠦᠷᠴᠦ ᠠᠰᠠᠭᠤᠨ ᠯᠠᠪᠯᠠᠵᠤ ᠲᠠᠷᠢᠯᠭ᠎ᠠ ᠬᠢᠬᠦ  ᠬᠡᠷᠡᠭᠲᠡᠶ᠃                      ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠰᠢᠨ᠎ᠡ ᠳᠢᠳᠢᠮᠯᠢᠭ ᠠᠭᠤᠰᠬᠢᠨ                      ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                             2021 ᠣᠨ ᠤ 11 ᠰᠠᠷ᠎ᠠ ᠶᠢᠨ 9 ᠤ ᠡᠳᠤᠷ    
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ