| | — 2021 ᠣᠨ ᠤ 3 ᠰᠠᠷ᠎ᠠ ᠶᠢᠨ 30 ᠤ ᠡᠳᠦᠷ ᠣᠷᠳᠣᠰ | ᠬᠤᠲᠠ ᠶᠢᠨ ᠳ᠋ᠥᠩᠱᠧᠩ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠠᠪᠣᠳᠣᠭᠠᠷ ᠣᠳᠠᠭᠠᠨ ᠤ ᠬᠤᠷᠠᠯ ᠳᠡᠭᠡᠷ᠎ᠡ | | ᠳ᠋ᠥᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠲᠣᠭᠤᠷᠢᠭ ᠤᠨ ᠳᠠᠷᠤᠭ᠎ᠠ ᠯᠢᠦ ᠹᠧᠩ ᠶᠦᠨ | ᠲᠦᠯᠦᠬᠡᠯᠡᠭᠴᠢᠳ ᠡ᠄ | ᠤᠳᠤ᠂ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠦᠪᠯᠡᠬᠦ ᠪᠤᠯᠪᠠᠤ | ᠂ ᠲᠠᠷᠡᠴᠢᠯᠡᠨ ᠲᠤᠭᠤᠷᠢᠭ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠪᠤᠰᠤᠳ ᠰᠤᠯᠡ ᠤᠷᠤᠯᠴᠠᠭᠰᠡᠳ ᠰᠠᠨᠠᠯ ᠢᠶᠠᠨ ᠲᠤᠷᠠᠳᠬᠤ ᠪᠤᠯᠪᠠᠤ᠃ | ᠨᠢᠬᠡ᠂ 2020 ᠤᠨ ᠵᠢᠴᠢ ︽ᠠᠷᠪᠡᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠢᠯ ᠤᠨ ᠡᠷᠬᠢᠴᠡᠬᠦᠯᠦᠯ | 2020 ᠤᠨ ᠪᠣᠯ ᠳ᠋ᠦᠩᠱᠧᠩ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠮᠦᠷᠳᠡᠬᠡᠨ ᠶᠡᠭᠡ ᠥᠷᠢᠰᠥᠯᠳᠦᠭᠡᠨ ᠲᠠᠢ | ᠨᠢᠭᠡ ᠵᠢᠯ ᠪᠣᠯᠤᠨ᠎ᠠ᠃ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠠᠵᠤ ᠠᠬᠤᠶ ᠶᠢᠨ ᠪᠠᠶᠢᠳᠠᠯ ᠪᠣᠯᠤᠨ ᠪᠡᠷᠬᠡ ᠬᠠᠲᠠᠭᠤᠵᠢᠯᠲᠠᠶ ᠥᠭᠡᠷᠡᠴᠢᠯᠡᠯᠲᠡ ᠬᠥᠭᠵᠢᠯᠲᠡ᠂ | ᠠᠮᠦᠷ ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ | ᠨᠣᠴᠢᠲᠠᠶ ᠲᠠᠭᠠᠷᠢᠯᠲᠠ ᠲᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠤᠶᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠶᠢᠨ | ᠡᠷᠭᠢᠯᠲᠡ ᠶᠡᠷᠦᠩᠬᠡᠢ ᠳᠤ ᠪᠠᠨ ᠲᠤᠭᠳᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠯ ᠲᠠᠢ ᠠᠮᠦᠷ ᠲᠤᠭᠳᠠᠭᠤᠨ ᠪᠠᠶᠢᠨ᠎ᠠ᠃ ᠪᠥᠬᠦ ᠵᠢᠯ ᠳᠤ ᠭᠠᠵᠠᠷ | ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ 702.2 ᠳ᠋ᠦᠩᠰᠢᠭᠤᠷ ᠲᠥᠭᠦᠷᠢᠭ ᠪᠡᠶᠡᠯᠡᠬᠦᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 5.6 % ᠪᠠᠷ ᠨᠡᠮᠡᠭᠳᠡᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 54 ᠳ᠋ᠦᠩᠰᠢᠭᠤᠷ ᠲᠥᠭᠦᠷᠢᠭ ᠪᠡᠶᠡᠯᠡᠭᠦᠯᠵᠦ᠂ 14.5% ᠪᠠᠷ | ᠨᠡᠮᠡᠭᠳᠡᠪᠡ︔ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠲᠤᠮᠳᠠᠴᠢ ᠲᠤᠬᠢᠷᠠᠭᠤᠯᠵᠤ ᠪᠣᠯᠬᠤ ᠣᠷᠣᠯᠭ᠎ᠠ 52111 ᠲᠥᠭᠦᠷᠢᠭ | ᠲᠤ ᠬᠦᠷᠴᠦ᠂ 1.2% ᠢᠶᠠᠷ ᠨᠡᠮᠡᠭᠳᠡᠪᠡ᠃ | ᠦᠩᠬᠡᠷᠡᠭᠰᠡᠨ ᠨᠢᠭᠡ ᠵᠢᠯ ᠤᠨ ᠲᠤᠷᠰᠢ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄ | ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠢᠯ ᠦᠢᠯᠡᠳᠪᠦᠷᠢᠯᠡᠯ ᠢ ᠰᠡᠷᠭᠦᠭᠡᠬᠦ ᠠᠷᠠᠯᠵᠢᠶ᠎ᠠ ᠬᠤᠳᠠᠯᠳᠤᠭ᠎ᠠ | ᠵᠠᠬ᠎ᠠ ᠲᠡᠯᠬᠡᠬᠦᠷ ᠢ ᠰᠡᠷᠭᠦᠭᠡᠬᠦ ᠶᠢ ᠯᠠᠪᠳᠠᠭᠤᠨ ᠪᠠᠲᠤᠲᠠᠢ ᠠᠬᠢᠭᠤᠯᠪᠠ᠃ ᠰᠡᠳᠬᠢᠯ ᠨᠢᠬᠡᠳᠦᠨ ᠬᠢᠵᠢᠭ ᠤᠨ ᠪᠠᠶᠢᠳᠠᠯ ᠢ ᠰᠡᠷᠬᠡᠶᠢᠯᠡᠵᠤ᠂ ︽ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠲᠡᠯᠬᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠣᠰᠣᠭᠠᠷ᠂ | ︽ᠳᠥᠷᠪᠡᠨ ᠡᠷᠲᠡ︾ ᠪᠠᠶᠢᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ | ᠂ ︽ᠴᠡᠭ ᠱᠤᠭᠤᠮ ᠬᠡᠰᠡᠭ︾ ᠤᠨ ᠲᠤᠤᠷᠵᠢᠭᠤᠯᠤᠭᠰᠡᠨ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢ ᠲᠦᠷᠭᠡᠨ ᠪᠠᠶᠢᠭᠤᠯᠵᠤ᠂ ᠳᠤᠮᠳᠠ | ᠥᠨᠳᠥᠷ ᠲᠦᠭᠰᠢᠭᠦᠷᠢ ᠲᠠᠢ ᠭᠠᠵᠠᠷ ᠣᠷᠣᠨ ᠠᠴᠠ ᠶᠠᠪᠤᠵᠤ ᠢᠷᠡᠬᠦ ᠬᠥᠮᠦᠰ ᠢ ᠬᠠᠮᠢᠶᠠᠷᠤᠨ ᠡᠵᠡᠮᠳᠡᠬᠦ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ | ᠪᠠᠶᠢᠴᠠᠭᠠᠵᠤ ᠰᠠᠯᠭᠠᠨ ᠣᠨᠣᠰᠢᠯᠠᠬᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ᠂ ᠸᠠᠺᠼᠢᠨ ᠤ ᠲᠠᠷᠢᠯᠭ᠎ᠠ ᠲᠠᠷᠢᠬᠤ | ᠵᠡᠷᠭᠡ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠪᠸᠢ ᠮᠤᠵᠢ ᠶᠢ ᠲᠤᠰᠠᠯᠠᠭᠰᠠᠨ ᠡᠮᠴᠢᠯᠡᠭᠡᠨ ᠤ ᠠᠵᠢᠯᠲᠠᠨ ᠤ | ᠠᠮᠠᠷᠠᠵᠤ ᠴᠡᠭᠴᠡᠯᠡᠬᠦ ᠤᠶᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠵᠢᠯ ᠦᠢᠯᠡᠳᠪᠦᠷᠢᠯᠡᠯ ᠢ ᠰᠡᠷᠭᠦᠭᠡᠬᠦ ᠠᠷᠠᠯᠵᠢᠶ᠎ᠠ | ᠬᠤᠳᠠᠯᠳᠤᠭ᠎ᠠ ᠵᠠᠬ᠎ᠠ ᠲᠡᠯᠬᠡᠬᠦᠷ ᠢ ᠰᠡᠷᠭᠦᠭᠡᠬᠦ ᠠᠵᠢᠯ ᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠳᠤ ᠬᠠᠷᠠᠭᠠᠯᠵᠠᠯ ᠦᠵᠡᠬᠦᠯᠦᠨ ᠬᠦᠴᠢᠷᠳᠡᠯ ᠢ ᠨᠢ ᠰᠢᠢᠳᠪᠤᠷᠢᠯᠡᠬᠦ᠂ ᠭᠠᠶᠢᠯᠢ ᠰᠤᠶᠢᠳᠬᠡᠯ ᠢ ᠬᠠᠰᠤᠵᠤ | ᠬᠡᠯᠲᠦᠷᠢᠭᠦᠯᠬᠦ᠂ ᠬᠡᠷᠡᠭᠯᠡᠭᠡ ᠶᠢ ᠳᠠᠶᠢᠴᠢᠯᠠᠬᠤ ᠵᠡᠷᠭᠡ ᠡᠯ᠎ᠡ ᠵᠤᠶᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠦᠴᠢᠷᠳᠡᠯ ᠢ ᠰᠢᠢᠳᠪᠤᠷᠢᠯᠡᠬᠦ ᠪᠠᠯᠠ ᠮᠦᠡᠭᠬᠦ ᠶᠢ ᠨᠡᠶᠢᠲᠡ 57.7 ᠳ᠋ᠦᠩᠰᠢᠭᠤᠷ ᠲᠥᠭᠦᠷᠢᠭ ᠪᠠᠭᠤᠯᠭᠠᠵᠣ᠂ 108.2 ᠳ᠋ᠦᠩᠰᠢᠭᠤᠷ ᠲᠥᠭᠦᠷᠢᠭ ᠤᠨ ᠵᠢᠭᠡᠯᠡᠯᠭᠡ | ᠲᠠᠯᠪᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠠᠯᠬᠤᠮ ᠠᠯᠬᠤᠮ ᠢᠶᠠᠷ ᠰᠡᠷᠭᠦᠭᠰᠡᠨ ᠪᠥᠭᠡᠳ ᠦᠷᠭᠦᠯᠵᠢᠯᠡᠨ ᠰᠠᠶᠢᠵᠢᠷᠠᠪᠠ᠃ | ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠦᠷ᠎ᠡ ᠪᠦᠲᠦᠮᠵᠢ ᠢᠯᠡᠷᠬᠡᠢ ᠪᠣᠯᠪᠠ᠃ ᠲᠥᠷᠥᠯ ᠵᠤᠶᠢᠯ ᠤᠨ ᠪᠦᠳᠦᠬᠡᠨ | ᠪᠠᠶᠢᠭᠤᠯᠤᠯᠳᠠ ᠶᠢ ᠬᠦᠴᠦᠳᠠᠢ ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠤᠶᠢᠯ ᠢ ᠲᠦᠪᠯᠡᠷᠡᠩᠭᠦᠢ ᠬᠢᠨᠠᠨ ᠵᠦᠪᠰᠢᠶᠡᠷᠡᠬᠦ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠬᠡᠷᠡᠭᠵᠢᠭᠦᠯᠵᠦ᠂ ︽ᠣᠶᠤᠨᠴᠢ ᠳ᠋ᠦᠩᠱᠧᠩ ᠤᠨ ᠭᠤᠤᠯᠳᠠᠯᠭ᠎ᠠ ᠲᠠᠢ ᠲᠥᠷᠥᠯ ᠵᠤᠶᠢᠯ ᠤᠨ ᠡᠭᠦᠯᠡᠨ ᠲᠠᠪᠴᠠᠩ︾ ᠢ ᠪᠠᠶᠢᠭᠤᠯᠵᠤ᠂ ᠪᠥᠬᠦ ᠵᠢᠯ ᠳᠤ | 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠤᠶᠢᠯ ᠢ 234 ᠬᠡᠷᠡᠭᠵᠢᠭᠦᠯᠵᠦ᠂ 68 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠪᠡ᠃ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠪᠠ ᠨᠣᠯᠤᠤᠷ ᠤᠨ ᠨᠡᠬᠡᠮᠡᠯ ᠤᠨ ᠠᠵᠤ ᠦᠢᠯᠡᠰ ᠢ ᠲᠦᠷᠭᠡᠳᠬᠡᠨ ᠬᠦᠭᠵᠢᠬᠦᠯᠵᠤ | ᠂ ᠮᠧᠩ ᠲᠠᠢ ᠶᠢᠨ 2 × 66 ᠲᠦᠮᠡᠨ ᠬᠢᠯᠦᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠥᠷᠥᠯ ᠵᠦᠢᠯ ᠢ ᠡᠬᠢᠯᠡᠭᠦᠯᠵᠦ᠂ 5 ᠨᠡᠭᠦᠷᠡᠰᠦᠨ | ᠠᠭᠤᠷᠬᠠᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠷᠢᠯᠭ᠎ᠠ ᠶᠢ ᠬᠡᠷᠡᠭᠵᠢᠭᠦᠯᠦᠨ᠂ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠪᠦᠬᠦ ᠬᠦᠴᠦᠨ ᠢᠶᠠᠷ ᠢᠶᠠᠨ | ᠲᠣᠭᠲᠠᠪᠤᠷᠢᠵᠢᠭᠤᠯᠵᠤ᠂ ᠨᠠᠮᠤᠷ ᠡᠪᠦᠯ ᠤᠨ ᠤᠯᠠᠷᠢᠯ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ᠨᠣᠯᠤᠤᠷ ᠤᠨ ᠨᠡᠬᠡᠮᠡᠯ ᠤᠨ ᠠᠵᠤ ᠠᠬᠤᠶᠢᠯᠠᠯ ᠢ ᠤᠶᠤᠨᠴᠢᠯᠠᠭᠰᠠᠨ ᠪᠣᠬᠢᠷᠲᠤᠯ ᠦᠭᠡᠶ ᠪᠣᠯᠭᠠᠬᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ 600 ᠲᠦᠮᠡᠨ | ᠨᠣᠯᠤᠤᠷ ᠤᠨ ᠪᠦᠲᠦᠭᠡᠭᠳᠡᠬᠦᠨ ᠢ ᠤᠶᠢᠯᠡᠳᠪᠤᠷᠢᠯᠡᠪᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠪᠤᠶᠢᠵᠢᠭᠤᠯᠵᠤ᠂ ᠵᠦ ᠵᠸᠦ ᠱᠢ ᠳ᠋ᠠᠢ ᠶᠢᠨ ᠰᠠᠯᠬᠢᠨ | ᠮᠠᠰᠢᠨ ᠤ ᠴᠠᠬᠢᠯᠭᠠᠨ ᠲᠠᠯᠪᠢ ᠶᠢᠨ ᠬᠤᠶᠠᠳᠤᠭᠠᠷ ᠬᠤᠭᠤᠴᠠᠭ᠎ᠠ᠂ ᠴᠢ ᠷᠦᠢ ᠮᠠᠰᠢᠨ ᠲᠡᠷᠭᠡᠨ ᠤ ᠷᠦᠢ ᠬᠤ᠋ ᠰᠢᠨ᠎ᠡ ᠲᠡᠷᠭᠡᠨ ᠤ ᠬᠡᠯᠪᠡᠷᠢ ᠵᠡᠷᠭᠡ 6 ᠲᠦᠷᠦᠯ ᠵᠦᠢᠯ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠣᠨᠣᠭᠯᠠᠯ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ 200 ᠳ᠋ᠦᠩᠰᠢᠭᠤᠷ ᠲᠥᠭᠦᠷᠢᠭ ᠢ ᠳᠠᠪᠠᠪᠠ᠃ | ᠣᠲᠣ ᠦᠶ᠎ᠡ ᠶᠢᠨ ᠤᠶᠢᠯᠡᠴᠢᠯᠡᠬᠡᠨ ᠤ ᠤᠶᠢᠯᠡᠰ ᠢ ᠬᠦᠴᠦᠳᠠᠢ | ᠬᠥᠭᠵᠢᠭᠦᠯᠵᠦ᠂ ︽ᠳ᠋ᠦᠩᠱᠧᠩ ᠲᠣᠭᠤᠷᠢᠭ ᠤᠨ ᠪᠤᠳᠠᠰ ᠤᠨ ᠬᠦᠢᠯᠬᠡᠬᠡᠨ ᠤ ᠠᠵᠤ ᠤᠶᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠳ᠋ᠦᠩᠱᠧᠩ | ᠲᠣᠭᠤᠷᠢᠭ ᠤᠨ ᠣᠲᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠬᠡᠬᠡᠨ ᠤ ᠠᠵᠤ ᠤᠶᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ | ᠬᠡᠷᠡᠭᠵᠢᠭᠦᠯᠬᠦ ᠲᠥᠰᠦᠯ︾ ᠪᠠ ︽ᠳ᠋ᠦᠩᠱᠧᠩ ᠲᠣᠭᠤᠷᠢᠭ ᠤᠨ ᠰᠥᠨᠢ ᠶᠢᠨ ᠠᠵᠤ ᠠᠬᠤᠶ ᠶᠢᠨ ᠴᠡᠴᠡᠭᠯᠡᠯᠲᠡ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ | ︾ ᠢ ᠲᠣᠭᠲᠠᠭᠠᠨ ᠨᠡᠶᠢᠲᠡᠯᠡᠪᠡ᠃ ᠡᠳᠦᠷ ᠲᠣᠳᠣᠮ ᠤᠨ ᠪᠦᠷᠢᠨ ᠪᠠᠷᠠᠭ᠎ᠠ ᠶᠢᠨ | ᠬᠤᠳᠠᠯᠳᠤᠭ᠎ᠠ᠂ ᠲᠡᠯᠡᠶ ᠶᠢᠨ ᠠᠮᠢᠳᠠᠨ ᠤ ᠣᠷᠳᠣᠨ ᠤ ᠭᠤᠷᠪᠠᠳᠤᠭᠠᠷ ᠬᠤᠭᠤᠴᠠᠭ᠎ᠠ᠂ ᠣᠲᠣ ᠦᠶ᠎ᠡ ᠶᠢᠨ ᠬᠥᠮᠥᠷᠭᠡᠯᠡᠨ ᠬᠠᠳᠠᠭᠠᠯᠠᠵᠤ ᠳᠣᠭᠢᠷᠠᠭᠤᠯᠤᠨ ᠬᠦᠷᠭᠡᠬᠦ | ᠪᠤᠳᠠᠰ ᠤᠨ ᠬᠦᠢᠯᠬᠡᠬᠡᠨ ᠤ ᠮᠡᠳᠡᠭᠡ ᠵᠠᠩᠭᠢ ᠶᠢᠨ ᠠᠵᠤ ᠤᠶᠢᠯᠡᠰ ᠤᠨ ᠲᠥᠪ ᠵᠡᠷᠭᠡ ᠣᠲᠣ ᠦᠶ᠎ᠡ ᠶᠢᠨ ᠤᠶᠢᠯᠡᠴᠢᠯᠡᠬᠡᠨ ᠤ ᠤᠶᠢᠯᠡᠰ ᠤᠨ 11 ᠲᠥᠷᠥᠯ ᠵᠤᠶᠢᠯ ᠢ | ᠰᠢᠨ᠎ᠡ ᠪᠠᠷ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠸᠠᠩ ᠹᠦ᠋ ᠵᠢᠩ ᠤᠨ ᠠᠯᠳᠠᠨ ᠵᠡᠭᠡᠯᠢ ᠵᠡᠷᠭᠡ ᠰᠥᠨᠢ ᠶᠢᠨ ᠰᠡᠯᠡᠭᠦᠴᠡᠯ ᠤᠨ ᠵᠡᠭᠡᠯᠢ ᠲᠣᠭᠤᠷᠢᠭ ᠢ | ᠭᠤᠤᠯᠳᠠᠯᠭ᠎ᠠ ᠲᠠᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ | ᠠᠮᠵᠢᠯᠲᠠ ᠲᠠᠢ ᠡᠭᠦᠳᠦᠨ | ᠪᠠᠶᠢᠭᠤᠯᠪᠠ᠃ | ︵ᠭᠤᠷᠪᠠ︶ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠳᠤ ᠰᠢᠢᠳᠪᠦᠷᠢᠯᠡᠭᠴᠢ ᠴᠢᠨᠠᠷᠲᠠᠢ ᠦᠷ᠎ᠡ ᠪᠦᠲᠦᠮᠵᠢ ᠤᠯᠪᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠠ ᠪᠦᠳᠦᠮᠵᠢ ᠶᠢ ᠦᠷᠬᠦᠯᠵᠢᠯᠡᠨ ᠪᠠᠬᠢᠵᠢᠬᠦᠯᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ | ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠳᠤᠲᠠᠭᠤᠳᠠᠯ ᠢ ᠪᠥᠬᠦ ᠲᠠᠯ᠎ᠠ ᠪᠠᠷ ᠨᠥᠬᠦᠪᠥᠷᠢᠯᠡᠵᠦ᠂ ᠡᠯ᠎ᠡ ᠱᠠᠲᠤᠨ ᠤ ᠡᠯ᠎ᠡ ᠲᠥᠷᠥᠯ ᠤᠨ ᠠᠵᠤ | ᠤᠶᠢᠯᠡᠰ ᠢᠶᠠᠷ ᠶᠠᠳᠠᠭᠤ ᠶᠢ ᠲᠡᠳᠬᠦᠬᠦ ᠪᠠᠯᠠ ᠮᠦᠡᠭᠬᠦ ᠶᠢ 668 ᠲᠦᠮᠡᠨ ᠲᠥᠭᠦᠷᠢᠭ ᠣᠷᠣᠭᠤᠯᠵᠤ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠤᠶᠢᠯ | ᠢ 23 ᠬᠡᠷᠡᠭᠵᠢᠬᠦᠯᠵᠤ᠂ ᠲᠠᠩᠰᠠᠯᠠᠨ ᠺᠠᠷᠲᠯᠠᠭᠰᠡᠨ 31 ᠶᠠᠳᠠᠭᠤ ᠬᠦᠴᠢᠷᠳᠡᠯᠲᠡᠶ ᠡᠷᠦᠬᠡ ᠶᠢ ᠪᠦᠬᠦᠨ ᠢ ᠯᠠᠪᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠵᠢᠯ ᠳᠤᠮᠳᠠᠴᠢ ᠶᠢᠨ ᠴᠡᠪᠡᠷ ᠣᠷᠣᠯᠭ᠎ᠠ ᠶᠢ 31054 ᠲᠥᠭᠦᠷᠢᠭ ᠲᠤ ᠬᠦᠷᠭᠡᠪᠡ᠃ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠠᠵᠢᠯ ᠯᠠᠪᠳᠠᠭᠤᠨ ᠪᠥᠭᠡᠳ ᠬᠦᠴᠦᠲᠡᠶ ᠶᠠᠪᠤᠭᠳᠠᠵᠤ᠂ ᠤᠯᠤᠰ ᠤᠨ ᠪᠠᠶᠢᠭᠤᠯᠤᠯᠳᠠᠲᠤ ᠰᠢᠶᠠᠨ ︵ᠲᠣᠭᠤᠷᠢᠭ︶ ᠤ ᠳᠠᠯᠳᠠ ᠴᠢᠨᠠᠷᠲᠠᠶ ᠥᠷᠢ | ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢᠨ ᠴᠡᠭ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠳᠠᠬᠢᠨ ᠪᠠᠯᠠ ᠴᠤᠭᠯᠠᠭᠤᠯᠬᠤ ᠵᠢᠭᠡᠯᠡᠯᠭᠡ ᠶᠢᠨ | ᠲᠡᠮᠳᠡᠭᠲᠦ ᠶᠢᠨ ᠪᠠᠯᠠ ᠮᠥᠩᠭᠦ ᠶᠢ 31.4 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠮᠡᠳᠡᠭᠡ ᠵᠠᠩᠭᠢ ᠶᠢᠨ | ᠪᠦᠯᠦᠭᠯᠡᠯ ᠠᠴᠠ ᠮᠥᠩᠭᠦᠨ ᠬᠦᠢᠯᠬᠡᠬᠡᠨ ᠤ ᠠᠷᠭ᠎ᠠ ᠪᠠᠷᠢᠯ ᠢ ᠠᠰᠢᠭᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠬᠤᠳᠠᠯᠳᠤᠨ | ᠠᠪᠴᠤ ᠦᠷᠢ ᠦᠭᠴᠡᠭᠡ ᠶᠢ ᠢᠯᠭᠠᠷᠠᠭᠤᠯᠬᠤ ᠪᠠᠯᠠ ᠮᠥᠩᠭᠦ ᠶᠢ 7 ᠳ᠋ᠦᠩᠰᠢᠭᠤᠷ ᠲᠥᠭᠦᠷᠢᠭ ᠭᠤᠶᠤᠴᠢᠯᠠᠨ ᠠᠪᠤᠪᠠ᠃ ᠡᠳ᠋ ᠬᠥᠷᠥᠩᠭᠡ ᠶᠢ ᠰᠢᠢᠳᠪᠤᠷᠢᠯᠡᠬᠦ᠂ | ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠠᠪᠴᠠᠭ᠎ᠠ ᠥᠭᠴᠡᠭᠡ ᠶᠢ ᠲᠤᠯᠭᠠᠨ ᠣᠷᠣᠯᠠᠭᠤᠯᠬᠤ᠂ ᠬᠤᠷᠢᠶᠠᠪᠠᠰᠤ ᠵᠣᠬᠢᠬᠤ ᠲᠠᠩᠰᠠᠨ ᠳᠠᠬᠢ ᠵᠣᠭᠤᠰ ᠤᠨ | ᠠᠪᠴᠠᠭᠠᠨ ᠤ ᠡᠷᠬᠡ ᠶᠢ ᠡᠷᠭᠢᠯᠳᠦᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ | ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠳᠠᠬᠢ ᠵᠣᠭᠤᠰ ᠢ ᠴᠦᠮ ᠢᠯᠭᠠᠷᠠᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ 38.2 ᠳ᠋ᠦᠩᠰᠢᠭᠤᠷ | ᠲᠥᠭᠦᠷᠢᠭ ᠤᠨ ᠲᠠᠯᠳᠠ ᠴᠢᠨᠠᠷᠳᠠᠢ ᠦᠷᠢ ᠰᠢᠷᠢ ᠶᠢ ᠬᠤᠯᠪᠤᠭᠠᠯᠠᠨ ᠬᠥᠳᠡᠯᠦᠯᠴᠡᠨ ᠢᠯᠭᠠᠷᠠᠭᠤᠯᠵᠤ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ | ᠡᠬᠡ ᠬᠦᠦ ᠶᠢ 17.2 ᠳ᠋ᠦᠩᠰᠢᠭᠤᠷ ᠲᠥᠭᠦᠷᠢᠭ ᠳᠥᠯᠥᠵᠦ᠂ ᠰᠢᠰᠲ᠋ᠧᠮ ᠤᠨ ᠴᠢᠨᠠᠷᠲᠠᠶ ᠮᠥᠩᠭᠦᠨ ᠬᠦᠢᠯᠬᠡᠬᠡᠨ ᠤ ᠲᠦᠭᠰᠢᠭᠦᠷᠢ ᠡᠬᠦᠰᠬᠦ ᠦᠬᠡᠢ ᠬᠤᠷᠢᠭ᠎ᠠ | ᠱᠤᠭᠤᠮ ᠢ ᠪᠠᠲᠤ ᠰᠠᠬᠢᠪᠠ᠃ ᠬᠥᠬᠡ | ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ︽10 + 1︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠤᠶᠢᠯᠡᠳᠪᠤᠷᠢ ᠠᠵᠤ | ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠰᠠᠭᠤᠷᠢ ᠲᠦᠬᠦᠬᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ᠤᠰᠤᠨ ᠤ ᠴᠢᠨᠠᠷ ᠢ ᠴᠡᠪᠡᠷᠰᠢᠭᠦᠯᠬᠦ | ᠤᠶᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠰᠠᠶᠢᠨᠲ᠋ᠠᠶᠢᠵᠢ ᠨᠠᠭᠤᠷ ᠤᠨ ᠤᠰᠤᠨ ᠤ ᠣᠷᠴᠢᠨ ᠲᠣᠭᠤᠷᠢᠨ ᠢ ᠵᠠᠰᠠᠬᠤ ᠵᠢᠴᠢ ᠤᠰᠤ | ᠠᠮᠢᠳᠤᠷᠠᠯ ᠤᠨ ᠬᠤᠭ ᠨᠣᠪᠰᠢ ᠶᠢ ᠰᠢᠢᠳᠪᠤᠷᠢᠯᠡᠬᠦ ᠤᠶᠢᠯᠡᠳᠪᠤᠷᠢ᠂ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠠᠶ᠂ ᠴᠠᠬᠢᠯᠭᠠᠨ ᠤ ᠤᠶᠢᠯᠡᠳᠪᠤᠷᠢ ᠶᠢᠨ | ᠦᠨᠡᠰᠦ ᠰᠢᠭᠠᠷᠤ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠲᠥᠷᠥᠯ ᠵᠤᠶᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ 3 ᠨᠡᠮᠡᠭᠳᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ ᠰᠢᠯᠵᠢᠭᠦᠯᠦᠨ ᠬᠦᠢᠴᠠᠳᠭᠡᠯᠭᠡᠭᠰᠡᠨ 15 ᠪᠦᠯᠦᠭ ᠤᠳᠠᠭ᠎ᠠ ᠶᠢᠨ | 35 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ | ︵ᠲᠦᠷᠪᠡ︶ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠯᠬᠤᠴᠠ ᠲᠦᠷᠭᠡᠳᠪᠡ᠃ ᠬᠤᠲᠠ ᠶᠢᠨ ᠰᠠᠭᠤᠷᠢ ᠲᠦᠬᠦᠬᠡᠷᠦᠮᠵᠢ ᠶᠢ ᠲᠠᠰᠤᠷᠠᠯᠲᠠ | ᠦᠭᠡᠢ ᠲᠡᠭᠦᠯᠳᠡᠷᠵᠢᠵᠦ᠂ G65 ᠬᠤᠷᠳᠤᠨ ᠤ ᠵᠠᠮ ᠤᠨ ᠪᠤᠭᠤᠲᠤ ᠠᠴᠠ ᠳ᠋ᠦᠩᠱᠧᠩ ᠬᠦᠷᠬᠦ ᠬᠡᠰᠡᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ 109 | ᠤᠯᠤᠰ ᠤᠨ ᠵᠠᠮ ᠤᠨ ᠴᠠᠩ ᠴᠢᠩ ᠵᠠᠮ ᠢ ᠥᠷᠭᠡᠳᠬᠡᠵᠦ ᠥᠭᠡᠷᠡᠴᠢᠯᠡᠬᠦ ᠵᠡᠷᠭᠡ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠭᠤᠯᠵᠤ | ᠳᠠᠭᠤᠰᠬᠠᠨ ᠲᠡᠷᠭᠡ ᠨᠡᠪᠲᠡᠷᠡᠭᠦᠯᠪᠡ᠃ ᠦᠦᠰᠢᠨ ᠵᠡᠭᠡᠯᠢ ᠵᠡᠷᠭᠡ ᠬᠤᠳᠠ ᠶᠢᠨ ᠶᠠᠪᠤᠳᠠᠯ ᠤᠨ 3 ᠵᠠᠮ ᠢ ᠥᠭᠡᠷᠡᠴᠢᠯᠡᠨ ᠵᠠᠰᠠᠵᠤ᠂ ᠠᠨ ᠱᠠ ᠵᠡᠭᠡᠯᠢ ᠵᠡᠷᠭᠡ ᠬᠤᠳᠠ | ᠶᠢᠨ 8 ᠮᠤᠬᠤᠷ ᠵᠠᠮ ᠢ ᠨᠡᠪᠲᠡᠷᠡᠭᠦᠯᠵᠦ᠂ ᠬᠤᠳᠠ ᠶᠢᠨ ᠶᠠᠪᠤᠳᠠᠯ ᠤᠨ ᠬᠤᠭᠤᠯᠠᠢ ᠲᠣᠣᠷ ᠢ 300 ᠭᠠᠷᠤᠢ ᠺᠢᠯᠣᠮᠧᠲᠷ ᠰᠡᠯᠪᠢᠨ ᠵᠠᠰᠠᠪᠠ᠃ ᠴᠡᠴᠡᠷᠯᠢᠭᠵᠢᠬᠦᠯᠦᠯᠳᠠ | ᠶᠢᠨ ᠣᠶᠤᠨᠴᠢ ᠪᠠᠷ ᠲᠤᠰᠤᠯᠭᠠᠨ ᠤᠰᠤᠯᠠᠬᠤ ᠰᠢᠰᠲ᠋ᠧᠮ ᠢ ᠪᠠᠶᠢᠭᠤᠯᠵᠤ᠂ 1000 ᠲᠦᠮᠡᠨ ᠲᠡᠭᠰᠢ ᠳᠥᠷᠪᠡᠯᠵᠢᠨ ᠮᠧᠲᠷ ᠨᠤᠭᠤᠭᠠᠷᠠᠭᠤᠯᠣᠯᠲᠠ ᠶᠢᠨ ᠭᠠᠵᠡᠷ ᠢ | ᠥᠭᠡᠷᠡᠴᠢᠯᠡᠨ | ᠰᠠᠶᠢᠵᠢᠷᠠᠭᠤᠯᠪᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠵᠠᠬ᠎ᠠ ᠳᠡᠯᠭᠡᠭᠦᠷᠴᠢᠯᠡᠨ ᠡᠷᠬᠢᠯᠳᠦᠬᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠤᠲᠠ ᠲᠣᠭᠤᠷᠢᠭ ᠤᠨ ᠣᠯᠠᠨ ᠨᠡᠶᠢᠲᠡ ᠶᠢᠨ ᠪᠠᠶᠢᠭᠤᠯᠤᠮᠵᠢ ᠳᠤ ᠨᠠᠶᠢᠳᠠᠮ ᠪᠦᠷᠬᠦᠬᠦᠯᠬᠦ ᠶᠢ | ᠪᠡᠶᠡᠯᠡᠬᠦᠯᠪᠠ᠃ 27 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ᠂ 28 ᠰᠠᠭᠤᠭᠠᠯᠢ ᠲᠤᠭᠤᠷᠢᠭ ᠤᠨ ᠡᠨᠧᠷᠭᠢ ᠠᠷᠪᠢᠯᠠᠬᠤ ᠦᠬᠡᠷᠡᠴᠢᠯᠡᠯᠳᠠ | ᠶᠢ ᠪᠡᠶᠡᠯᠡᠭᠦᠯᠵᠦ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠲᠤ ᠴᠠᠬᠢᠯᠭᠠᠨ ᠱᠠᠲᠤ ᠤᠭᠰᠠᠷᠠᠭᠤᠯᠬᠤ ᠠᠵᠢᠯ ᠢ ᠠᠮᠵᠢᠯᠲᠠ ᠲᠠᠢ ᠡᠬᠢᠯᠡᠬᠦᠯᠪᠡ᠃ ᠬᠡᠷ | ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠨ ᠳᠠᠬᠢ ︽ᠭᠤᠷᠪᠠᠨ ᠬᠦᠴᠢᠷ︾ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠪᠡᠯᠡ ᠮᠦᠩᠬᠦ ᠶᠢ | ᠬᠠᠮᠳᠤ ᠪᠠᠷ ᠬᠠᠮᠢᠶᠠᠷᠬᠤ ᠲᠡᠩᠰᠡᠨ ᠡᠷᠦᠭᠡ ᠪᠠᠶᠢᠭᠤᠯᠬᠤ᠂ ︽ᠭᠠᠶᠢᠯᠢ ᠪᠠ ᠭᠡᠷᠡᠴᠢ ᠶᠢ ᠰᠠᠯᠭᠠᠬᠤ︾ ᠵᠡᠷᠭᠡ ᠠᠷᠭ᠎ᠠ ᠬᠡᠮᠵᠢᠶ᠎ᠡ ᠠᠪᠴᠤ᠂ ︽ᠪᠤᠴᠠᠭᠠᠨ ᠨᠡᠭᠦᠯᠭᠡᠬᠦ ᠳᠤ | ᠬᠦᠴᠢᠷ︾ ︽ᠣᠷᠣᠵᠤ ᠰᠠᠭᠤᠬᠤ ᠳᠤ ᠬᠦᠴᠢᠷ︾ ᠠᠰᠠᠭᠤᠳᠠᠯ ᠤᠨ ᠰᠢᠢᠳᠪᠤᠷᠢᠯᠡᠯᠳᠡ ᠶᠢ ᠠᠬᠢᠭᠤᠯᠤᠨ᠂ ᠬᠡᠷ ᠪᠠᠶᠢᠰᠢᠩ ᠢ 2.8 ᠲᠦᠮᠡ ᠰᠢᠬᠠᠮ ᠲᠤᠰᠢᠶᠠᠨ | ᠦᠭᠴᠦ᠂ 8 ᠲᠦᠮᠡ ᠰᠢᠬᠠᠮ ᠬᠡᠷ ᠪᠠᠶᠢᠰᠢᠩ ᠤᠨ ᠦᠯᠦ ᠬᠦᠳᠡᠯᠬᠦ ᠬᠥᠷᠥᠩᠭᠡ ᠶᠢᠨ ᠳᠡᠩᠰᠡᠯᠡᠯᠲᠡ ᠬᠢᠬᠦ ᠨᠥᠬᠦᠴᠡᠯ ᠢ ᠪᠦᠷᠢᠯᠳᠦᠭᠦᠯᠬᠦ ᠶᠢ ᠠᠬᠢᠭᠤᠯᠵᠤ᠂ | ᠠᠰᠠᠭᠤᠳᠠᠯ ᠢ ᠴᠡᠭᠴᠡᠯᠡᠨ ᠵᠠᠰᠠᠭᠰᠠᠨ ᠨᠣᠷᠮ᠎ᠠ 91.5% ᠳᠤ ᠬᠥᠷᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠤᠶᠢᠯ ᠢ 77 ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ | ᠶᠢᠨ ᠶᠡᠷᠦᠩᠬᠡᠶ ᠣᠷᠣᠯᠭ᠎ᠠ 950 ᠲᠦᠮᠡᠨ ᠲᠥᠭᠦᠷᠢᠭ ᠢ ᠳᠠᠪᠠᠪᠠ᠃ ᠬᠤᠲᠠ ᠶᠢᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ | ᠬᠤᠯᠪᠣᠭᠠᠲᠤ ᠴᠣᠭᠴᠠ ᠶᠢ 1᠂ ᠬᠤᠲᠠ ᠶᠢᠨ ᠲᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠢ 4 ᠶᠢ ᠰᠢᠨ᠎ᠡ ᠪᠠᠷ ᠪᠤᠶᠢᠵᠢᠭᠤᠯᠪᠠ᠃ ᠬᠥᠳᠡᠭᠡ ᠲᠣᠰᠬᠤᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠵᠦ᠂ 568 ᠡᠷᠦᠬᠡ ᠶᠢᠨ ︽ᠡᠷᠦᠬᠡ ᠶᠢᠨ ᠵᠣᠷᠯᠣᠩ ᠢ ᠥᠭᠡᠷᠡᠴᠢᠯᠡᠬᠦ︾ ᠶᠢ | ᠪᠡᠶᠡᠯᠡᠭᠦᠯᠵᠦ᠂ ᠬᠤᠭ ᠨᠣᠪᠰᠢ ᠶᠢ ᠬᠤᠷᠢᠶᠠᠨ ᠴᠤᠭᠯᠠᠭᠤᠯᠬᠤ ᠥᠷᠲᠡᠭᠡ ᠶᠢ 7᠂ ᠪᠣᠬᠢᠷ ᠤᠰᠤ ᠰᠢᠢᠳᠪᠦᠷᠢᠯᠡᠬᠦ ᠥᠷᠲᠡᠭᠡ ᠶᠢ 2 ᠢ ᠰᠢᠨ᠎ᠡ ᠪᠠᠷ ᠪᠠᠶᠢᠭᠤᠯᠵᠤ᠂ ᠪᠤᠢ | ᠪᠦᠬᠦᠢ ᠵᠠᠰᠠᠭ ᠵᠠᠬᠢᠷᠭᠠᠨ ᠤ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠬᠦᠭᠦᠯᠵᠦ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ | ᠣᠯᠪᠠ᠃ | ︵ᠲᠠᠪᠤ︶ ᠭᠤᠣᠯᠳᠠᠯᠭ᠎ᠠ ᠲᠠᠢ ᠬᠦᠷᠢᠶ᠎ᠠ ᠴᠡᠷᠠᠨ ᠤ ᠥᠭᠡᠷᠡᠴᠢᠯᠡᠯᠲᠡᠦᠷᠭᠦᠯᠵᠢᠯᠡᠨ ᠬᠦᠨᠵᠡᠬᠡᠶᠢᠷᠡᠪᠠ᠃ ᠬᠠᠷᠢᠴᠠᠩᠭᠤᠢ ᠪᠠᠷ ᠲᠦᠪᠯᠡᠷᠡᠩᠬᠦᠢ ᠵᠠᠰᠠᠭ ᠵᠠᠬᠢᠷᠭᠠᠨ | ᠤ ᠵᠦᠪᠰᠢᠶᠡᠷᠡᠯ ᠤᠨ ᠡᠷᠬᠡ ᠶᠢ ᠦᠭᠡᠷᠡᠴᠢᠯᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠬᠢᠨᠠᠨ ᠵᠥᠪᠰᠢᠶᠡᠷᠡᠬᠦ ᠵᠤᠶᠢᠯᠡᠰ ᠢ ︽ᠨᠢᠭᠡ ᠴᠣᠩᠬᠤᠪᠴᠢ ᠪᠠᠷ | ᠭᠥᠯᠢᠶᠡᠨ ᠠᠪᠴᠤ ᠬᠦᠢᠴᠡᠳᠬᠡᠬᠦ︾ ᠪᠠ ᠲᠤᠰᠬᠠᠶ ᠬᠦᠷᠢᠶ᠎ᠠ ᠬᠡᠪᠴᠢᠶ᠎ᠠ ᠶᠢᠨ ᠵᠤᠶᠢᠯᠡᠰ ᠢ ︽ᠵᠥᠷᠢᠶ᠎ᠡ ᠥᠬᠡᠶ ᠪᠠᠷ ᠬᠦᠢᠴᠡᠳᠬᠡᠬᠦ︾᠂ ︽ᠨᠢᠭᠡ ᠯᠡ ᠤᠳᠠᠭ᠎ᠠ ᠳᠤ | ᠬᠦᠢᠴᠡᠳᠬᠡᠬᠦ︾ ᠪᠠ ︽ᠭᠦᠶᠦᠬᠦ ᠦᠬᠡᠢ ᠪᠠᠷ ᠬᠦᠢᠴᠡᠳᠬᠡᠬᠦ︾ ᠵᠤᠶᠢᠯᠡᠰ ᠢ ᠲᠣᠰ ᠲᠣᠰ 518 ᠵᠤᠶᠢᠯ ᠪᠠ 386 ᠵᠤᠶᠢᠯ ᠳᠤ ᠬᠦᠷᠬᠡᠪᠠ᠃ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠡᠯᠡ ᠣᠷᠣᠭᠤᠯᠤᠯᠲᠠ ᠶᠢᠨ | ᠲᠥᠷᠥᠯ ᠵᠤᠶᠢᠯ ᠤᠨ ︽ᠬᠤᠤᠰ ᠴᠢᠭᠯᠡᠯ ᠢᠶᠠᠷ ᠠᠮᠠᠯᠠᠬᠤ︾ ᠪᠠ ︽ᠭᠠᠵᠠᠷ ᠢ ᠠᠪᠤᠮᠠᠭᠴᠠ ᠠᠵᠢᠯ ᠡᠬᠢᠯᠡᠭᠦᠯᠬᠦ︾ ᠶᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢᠨ | ᠲᠥᠷᠥᠯ ᠵᠤᠶᠢᠯ ᠢ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠶᠡᠭᠡ ᠬᠡᠮᠵᠢᠶ᠎ᠡ ᠪᠠᠷ ᠲᠡᠭᠡᠭᠰᠢᠯᠡᠬᠦᠯᠪᠠ᠃ ᠤᠶᠢᠯᠡᠳᠪᠤᠷᠢ ᠬᠤᠳᠠᠯᠳᠤᠭᠠᠨ ᠤ ᠵᠤᠶᠢᠯᠡᠰ ᠤᠨ ᠲᠦᠷᠢᠮ | ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠥᠬᠦ ᠶᠠᠪᠤᠴᠠ ᠶᠢ ︽ᠡᠯᠧᠺᠲᠷᠣᠨᠵᠢᠭᠦᠯᠬᠦ︾ ᠪᠠ ︽ᠨᠢᠭᠤᠷ ᠵᠣᠯᠭᠠᠬᠤ ᠥᠬᠡᠶ︾ ᠪᠠᠷ | ᠳᠠᠩᠰᠠᠯᠠᠬᠤ ᠤᠶᠢᠯᠡᠴᠢᠯᠡᠭᠡ ᠶᠢ ᠬᠡᠷᠡᠭᠵᠢᠭᠦᠯᠦᠨ᠂ ᠪᠥᠬᠦ ᠵᠢᠯ ᠳᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ 11522 ᠲᠠᠩᠰᠠᠯᠠᠪᠠ᠃ ︽ᠳ᠋ᠦᠩᠱᠧᠩ | ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠰᠢᠯᠭᠠᠨ ᠬᠢᠨᠠᠬᠤ ᠠᠷᠭ᠎ᠠ︾ ᠶᠢ ᠲᠣᠭᠲᠠᠭᠠᠵᠤ᠂ ᠪᠥᠬᠦ ᠲᠤᠭᠤᠷᠢᠭ ᠤᠨ 27 | ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠨ ᠵᠠᠳᠠᠯᠬᠤ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠠᠯᠬᠤᠮ ᠠᠯᠬᠤᠮ ᠢᠶᠠᠷ ᠲᠡᠭᠡᠭᠰᠢᠯᠡᠵᠤ᠂ | 2020 ᠣᠨ ᠤ ᠳᠡᠯᠡᠬᠡᠶ ᠶᠢᠨ ᠬᠠᠨᠳᠤᠰᠢ ᠶᠢᠨ ︽ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠱᠠᠩᠨᠠᠯ︾ ᠢ ᠭᠥᠷᠳᠡᠪᠡ᠃ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠪᠠ ᠦᠨᠳᠦᠰᠦᠨ ᠱᠠᠲᠤᠨ ᠤ | ᠠᠵᠢᠯ ᠡᠷᠬᠡ ᠬᠠᠷᠢᠯᠴᠠᠨ ᠵᠣᠬᠢᠴᠠᠯᠳᠤᠬᠤ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ ᠤ ᠠᠵᠢᠯ ᠬᠢᠵᠦ ᠦᠢᠯᠡᠰ | ᠴᠣᠭᠴᠠᠯᠠᠬᠤ ᠢᠳᠡᠪᠬᠢᠵᠢᠯ ᠢ ᠪᠦᠲᠦᠮᠵᠢᠲᠡᠢ ᠲᠠᠶᠢᠴᠢᠯᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠤ ᠶᠠᠪᠤᠳᠠᠯ ᠤᠨ ᠲᠦᠷᠢᠮ᠂ ᠴᠠᠯᠢᠩ | ᠬᠥᠯᠥᠰᠥ ᠶᠢᠨ ᠬᠠᠮᠢᠶᠠᠷᠤᠯᠲᠠ᠂ ᠪᠠᠯᠠ ᠣᠷᠣᠭᠤᠯᠤᠯᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠬᠦᠷᠢᠶ᠎ᠡ ᠴᠡᠷᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ | ᠤᠨ ᠥᠮᠴᠢᠯᠡᠯᠲᠦ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠦᠷᠭᠦᠯᠵᠢᠯᠡᠨ ᠠᠬᠢᠭᠤᠯᠪᠠ᠃ ᠴᠡᠴᠡᠷᠯᠢᠭᠵᠢᠬᠦᠯᠦᠯᠳᠠ᠂ | ᠣᠷᠴᠢᠨ ᠲᠣᠭᠤᠷᠢᠨ ᠤ ᠠᠷᠢᠭᠤᠨ ᠴᠡᠪᠡᠷ᠂ ᠬᠤᠲᠠ ᠶᠢᠨ ᠶᠠᠪᠤᠳᠠᠯ ᠵᠡᠷᠭᠡ ᠤᠶᠢᠯᠡᠴᠢᠯᠡᠬᠡᠨ ᠤ ᠡᠭᠦᠷᠭᠡ ᠴᠢᠳᠠᠪᠤᠷᠢ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ | ᠬᠤᠲᠠ ᠬᠥᠳᠡᠭᠡ ᠶᠢᠨ ᠬᠠᠮᠢᠶᠠᠷᠤᠯᠲᠠ ᠶᠢᠨ ᠤᠶᠢᠯᠡᠴᠢᠯᠡᠬᠡᠨ ᠤ ᠶᠠᠪᠤᠳᠠᠯ ᠤᠨ ᠡᠷᠬᠡ ᠶᠢ ᠤᠯᠠᠮ ᠨᠢᠭᠡ ᠠᠯᠬᠤᠮ ᠰᠢᠯᠢᠳᠡᠭᠵᠢᠬᠦᠯᠪᠠ᠃ | ︵ᠵᠢᠷᠭᠤᠭ᠎ᠠ︶ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠵᠢᠯ ᠳᠤ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠨᠥᠬᠦᠪᠥᠷᠢ ᠪᠠ ᠠᠵᠢᠯ ᠠᠯᠳᠠᠯᠳᠠ ᠶᠢᠨ ᠳᠠᠭᠠᠳᠬᠠᠯ ᠤᠨ ᠮᠥᠩᠭᠦ ᠶᠢ 4660 ᠲᠦᠮᠡᠨ ᠲᠥᠭᠦᠷᠢᠭ ᠲᠠᠷᠬᠠᠭᠠᠵᠤ᠂ 5815 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠣᠷᠮ᠎ᠠ ᠶᠢ 3.36 % ᠲᠤᠳᠤᠷ᠎ᠠ ᠬᠢᠵᠠᠭᠠᠷᠯᠠᠵᠤ᠂ ᠠᠵᠢᠯ | ᠲᠠᠢ ᠬᠦᠮᠦᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠰᠢᠢᠳᠪᠦᠷᠢᠯᠡᠬᠦ ᠶᠢ ᠪᠠᠲᠤᠯᠠᠪᠠ᠃ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ | ᠨᠥᠬᠦᠪᠥᠷᠢᠯᠡᠵᠦ᠂ ᠮᠠᠨ ᠱᠢ ᠳᠤᠮᠳᠠᠳᠤ ᠰᠤᠷᠭᠠᠭᠤᠯᠢ ᠵᠡᠷᠭᠡ 4 ᠳᠤᠮᠳᠠᠳᠤ ᠰᠤᠷᠭᠠᠭᠤᠯᠢ᠂ ᠨᠢᠬᠡᠳᠦᠬᠡᠷ ᠪᠦᠷᠢᠨ ᠪᠠᠭ᠎ᠠ ᠰᠤᠷᠭᠠᠭᠤᠯᠢ ᠶᠢᠨ ᠲᠡᠮᠦᠷ ᠵᠠᠮ ᠤᠨ | ᠪᠠᠷᠠᠭᠤᠨᠳᠡᠬᠢ ᠰᠤᠷᠭᠠᠭᠤᠯᠢ ᠶᠢᠨ ᠲᠤᠭᠤᠷᠢᠭ ᠵᠡᠷᠭᠡ 4 ᠪᠠᠭ᠎ᠠ ᠰᠤᠷᠭᠠᠭᠤᠯᠢ ᠪᠠ ᠶᠤᠸᠠᠢ ᠱᠠᠨ ᠬᠡᠦᠬᠡᠳ ᠤᠨ ᠴᠡᠴᠡᠷᠯᠢᠭ ᠵᠡᠷᠭᠡ 3 ᠬᠡᠦᠬᠡᠳ ᠤᠨ ᠴᠡᠴᠡᠷᠯᠢᠭ ᠤᠨ | ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠥᠲᠥᠭᠡᠨ ᠪᠠᠶᠢᠭᠤᠯᠵᠤ᠂ 65 ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠠᠶᠢᠷᠢ ᠶᠢᠨ ᠭᠡᠷ ᠪᠠ 12 ᠰᠤᠷᠭᠠᠭᠤᠯᠢ ᠶᠢᠨ | ᠲᠠᠮᠢᠷ ᠤᠨ ᠲᠠᠯᠠᠪᠤᠷ ᠢ ᠥᠭᠡᠷᠡᠴᠢᠯᠡᠨ ᠵᠠᠰᠠᠬᠤ ᠠᠵᠢᠯ ᠢ ᠪᠡᠶᠡᠯᠡᠭᠦᠯᠵᠦ᠂ 484 ᠪᠠᠭᠰᠢ ᠡᠯᠰᠡᠨ ᠤᠷᠢᠵᠤ᠂ ᠠᠷᠠᠳ ᠠᠴᠠ ᠡᠷᠭᠢᠯᠡᠭᠰᠡᠨ 16 ᠬᠡᠦᠬᠡᠳ ᠤᠨ | ᠴᠡᠴᠡᠷᠯᠢᠭ ᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡ ᠭᠡᠦᠭᠡᠳ ᠤᠨ ᠴᠡᠴᠡᠷᠯᠢᠭ ᠢᠶᠠᠷ ᠰᠢᠨ᠎ᠡ ᠪᠠᠷ ᠮᠠᠭᠠᠳᠯᠠᠨ ᠲᠣᠭᠲᠠᠭᠠᠵᠤ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ | ᠡᠬᠢ ᠪᠠᠶᠠᠯᠢᠭ ᠢ ᠨᠡᠩ ᠲᠦᠭᠡᠮᠡᠯ ᠬᠠᠷᠠᠭᠠᠯᠵᠠᠯ ᠲᠠᠢ ᠲᠡᠩᠴᠡᠭᠦᠷᠢᠲᠡᠢ ᠪᠤᠯᠭᠠᠪᠠ᠃ ᠡᠷᠡᠭᠦᠯ ᠡᠩᠭᠡ ᠳ᠋ᠦᠩᠱᠧᠩ ᠤᠨ ᠠᠵᠢᠯᠯᠠᠭ᠎ᠠ ᠶᠢ ᠭᠦᠨᠵᠡᠭᠡᠶ ᠦᠷᠨᠢᠬᠦᠯᠵᠤ᠂ | ᠥᠪᠡᠷᠲᠡᠭᠡᠨ ᠵᠠᠰᠠᠬᠤ ᠣᠷᠣᠨ ᠤ ᠤᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠤᠭᠤᠷᠢᠭ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠶ | ᠥᠩᠭᠡᠷᠡᠭᠡᠵᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ 3 ᠪᠠᠶᠢᠭᠤᠯᠵᠤ᠂ ᠲᠤᠭᠤᠷᠢᠭ ᠤᠨ ᠡᠮᠨᠡᠯᠭᠡ ᠶᠢᠨ ᠬᠤᠷᠢᠶ᠎ᠠ ᠶᠢᠨ | ᠬᠠᠯᠳᠠᠪᠤᠷᠢᠲᠤ ᠡᠪᠡᠳᠴᠢᠨ ᠤ ᠲᠣᠭᠤᠷᠢᠭ ᠵᠢᠴᠢ ᠪᠡᠯᠡᠳᠬᠡᠯ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠵᠤᠶᠢᠯ ᠢ | ᠲᠦᠷᠭᠡᠳᠬᠡᠨ ᠠᠬᠢᠭᠤᠯᠵᠤ᠂ ᠣᠷᠳᠣᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠳ᠋ᠦᠩᠱᠧᠩ ᠳᠠᠬᠢ ᠡᠮᠨᠡᠯᠬᠡ ᠶᠢᠨ ᠬᠤᠷᠢᠶ᠎ᠠ ᠶᠢ ᠠᠰᠢᠭᠯᠠᠯᠲᠠ ᠳᠤ ᠣᠷᠣᠭᠤᠯᠤᠨ᠂ | ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠤᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ | ᠡᠮᠴᠢᠯᠡᠭᠡ ᠡᠷᠡᠭᠦᠯ ᠬᠠᠮᠠᠭᠠᠯᠠᠯ ᠤᠨ ᠤᠶᠢᠯᠡᠴᠢᠯᠡᠬᠡᠨ ᠤ ᠬᠢᠷᠢ ᠲᠦᠪᠰᠢᠨ ᠢ ᠶᠡᠭᠡ ᠪᠠᠷ | ᠳᠡᠭᠡᠭᠰᠢᠯᠡᠭᠦᠯᠪᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠶᠡᠭᠡ ᠪᠠᠷ ᠠᠬᠢᠭᠤᠯᠵᠤ᠂ ᠰᠣᠶᠣᠯ ᠤᠨ ᠣᠷᠳᠣᠨ᠂ ᠨᠣᠮ ᠤᠨ ᠰᠠᠩ ᠤᠨ ᠶᠡᠷᠦᠩᠬᠡᠢ | ᠬᠤᠪᠢᠶᠠᠷᠢ ᠣᠷᠳᠣᠨ ᠤ ᠪᠦᠳᠦᠬᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠰᠡᠳᠦᠪᠲᠦ ᠲᠣᠭᠯᠠᠯᠲᠠ ᠶᠢᠨ ᠠᠵᠢᠯᠯᠠᠭ᠎ᠠ ᠶᠢ 93 ᠲᠠᠯᠠᠪᠤᠷ ᠤᠳᠠᠭ᠎ᠠ ᠦᠷᠨᠢᠬᠦᠯᠵᠤ᠂ ᠣᠯᠠᠨ ᠲᠦᠮᠡᠨ ᠤ | ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ | ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠪᠠ᠃ ᠨᠡᠶᠢᠭᠡᠮ ᠤᠨ | ᠪᠠᠲᠤᠯᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 17 | % ᠪᠠ 8.9 % ᠪᠠᠷ ᠲᠡᠭᠡᠭᠰᠢᠯᠡᠬᠦᠯᠵᠤ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠲᠣᠰ ᠲᠣᠰ | 36.4 % ᠪᠠ 7.6 % ᠪᠠᠷ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 1811 ᠪᠠᠶᠢᠭᠤᠯᠵᠤ᠂ ᠠᠷᠠᠳ ᠤᠨ ᠠᠮᠢᠳᠤᠷᠠᠯ | ᠤᠨ ᠪᠠᠳᠤᠯᠠᠭ᠎ᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠵᠤ᠂ | ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠬᠦᠨᠵᠡᠬᠡᠢ ᠥᠷᠨᠢᠭᠦᠯᠵᠦ᠂ ︽ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠦᠷᠬᠦᠯᠵᠢᠯᠡᠨ ᠠᠬᠢᠭᠤᠯᠵᠤ᠂ ᠳᠡᠭᠡᠳᠦ ᠱᠠᠲᠤᠨ ᠠᠴᠠ ᠲᠤᠰᠢᠶᠠᠨ ᠬᠦᠢᠴᠡᠳᠬᠡᠯᠬᠡᠭᠰᠡᠨ ᠪᠠ ᠲᠤᠰ ᠱᠠᠲᠤᠨ ᠤ | ᠵᠢᠭᠰᠠᠭᠠᠨ ᠪᠠᠶᠢᠴᠠᠭᠠᠬᠤ ᠵᠠᠬᠢᠳᠠᠯ ᠰᠤᠷᠪᠤᠯᠵᠢᠯᠠᠭ᠎ᠠ ᠶᠢᠨ ᠭᠤᠣᠯᠳᠠᠯᠭ᠎ᠠ ᠲᠠᠢ ᠵᠦᠢᠯᠡᠰ ᠢ ᠰᠢᠢᠳᠪᠦᠷᠢᠯᠡᠵᠦ ᠳᠠᠭᠤᠰᠬᠠᠬᠤ ᠡᠭᠦᠷᠭᠡ ᠶᠢ ᠴᠢᠨᠠᠷ ᠰᠠᠶᠢᠲᠠᠢ ᠪᠠᠶᠡᠯᠡᠬᠦᠯᠪᠠ᠃ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ 30 ᠬᠡᠷᠡᠭ ᠢ ᠰᠢᠢᠳᠪᠤᠷᠢᠯᠡᠪᠠ᠃ ᠰᠦᠯᠵᠢᠶᠡᠨ ᠤ ᠴᠠᠬᠢᠯᠭᠠᠨ ᠬᠤᠯᠪᠣᠭᠠᠨ ᠤ ᠮᠡᠬᠡᠯᠡᠯ ᠵᠡᠷᠭᠡ ᠡᠯ᠎ᠡ ᠲᠥᠷᠥᠯ | ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠠᠮᠤᠭᠤᠯᠠᠩ ᠳ᠋ᠦᠩᠱᠧᠩ︾ ᠤᠨ ᠳᠦᠷᠢ ᠲᠥᠷᠬᠦ ᠶᠢ ᠬᠥᠮᠦᠰ ᠤᠨ ᠰᠡᠳᠬᠢᠯ ᠳᠤ ᠭᠦᠨ | ᠬᠠᠳᠠᠩᠰᠢᠭᠤᠯᠪᠠ᠃ | ᠡᠭᠦᠨ ᠤ ᠬᠠᠮᠲᠤ᠂ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠳᠠᠶᠢᠴᠢᠯᠠᠯᠲᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ᠂ ᠲᠤᠭ᠎ᠠ ᠪᠦᠷᠢᠳᠬᠡᠯ ᠬᠢᠨᠠᠨ ᠪᠣᠳᠣᠯᠲᠠ᠂ | ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ ᠤᠯᠠᠮ ᠨᠢᠭᠡ ᠠᠯᠬᠤᠮ ᠴᠢᠩᠭᠠᠳᠬᠠᠭᠳᠠᠪᠠ᠃ ᠠᠵᠢᠯᠴᠢᠨ ᠤ ᠡᠪᠯᠡᠯ᠂ | ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠂ ᠨᠠᠰᠤᠲᠠᠶᠢᠴᠤᠳ᠂ ᠵᠡᠮᠳᠡᠭᠴᠦᠳ᠂ ᠡᠮᠡᠭᠲᠡᠶᠢᠴᠦᠳ ᠬᠡᠦᠬᠡᠳ ᠵᠡᠷᠭᠡ ᠠᠵᠢᠯ | ᠦᠢᠯᠡᠰ ᠰᠢᠨ᠎ᠡ ᠳᠠᠪᠰᠢᠯᠲᠠ ᠲᠠᠢ ᠪᠣᠯᠪᠠ᠃ | ︵ᠳᠣᠯᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠵᠠᠰᠠᠭ ᠤᠨ ᠣᠷᠳᠣᠨ ᠤ ᠴᠢᠬᠤᠯᠠ ᠶᠡᠭᠡ | ᠵᠦᠢᠯᠡᠰ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠦᠢᠯᠡ ᠠᠵᠢᠯᠯᠠᠭ᠎ᠠ ᠲᠠᠰᠤᠷᠠᠯᠲᠠ ᠦᠭᠡᠢ ᠲᠦᠷᠢᠮᠵᠢᠵᠤ᠂ ᠨᠠᠮ ᠵᠠᠰᠠᠭ ᠤᠨ ᠪᠠᠶᠢᠭᠤᠯᠭ᠎ᠠ ᠶᠢᠨ ᠭᠦᠢᠴᠡᠳᠬᠡᠬᠦ | ᠳᠤ ᠬᠤᠯᠪᠣᠭᠳᠠᠭᠰᠠᠨ ᠬᠡᠷᠡᠭ ᠢ ᠲᠣᠬᠢᠲᠠᠢ ᠰᠢᠢᠳᠪᠦᠷᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠳᠠ ᠶᠢ ᠤᠬᠠᠮᠰᠠᠷ ᠠᠴᠠ | ᠪᠠᠨ ᠬᠦᠯᠢᠶᠡᠵᠦ᠂ ᠤᠯᠤᠰ ᠲᠥᠷᠦ ᠶᠢᠨ ᠵᠥᠪᠯᠡᠯᠭᠡᠨ ᠤ ᠲᠥᠷᠦ ᠶᠢᠨ ᠶᠠᠪᠤᠳᠠᠯ ᠳᠤ ᠣᠷᠣᠯᠴᠠᠨ ᠲᠥᠷᠦ ᠶᠢᠨ ᠶᠠᠪᠤᠳᠠᠯ ᠢ ᠵᠥᠪᠯᠡᠬᠦ ᠶᠢ ᠳᠠᠮᠵᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 147 ᠬᠤᠪᠢ ᠰᠠᠨᠠᠯ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ 85 | ᠬᠤᠪᠢ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠬᠦᠢᠴᠡᠳᠬᠡᠵᠤ ᠳᠠᠭᠤᠰᠬᠠᠪᠠ᠃ ᠳᠡᠭᠡᠳᠦ ᠱᠠᠲᠤᠨ ᠤ ᠡᠯ᠎ᠡ ᠲᠥᠷᠥᠯ ᠤᠨ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠴᠠᠷᠠᠨ | ᠤ ᠬᠠᠤᠯᠢ ᠲᠤᠭᠳᠠᠭᠠᠯ ᠠᠴᠠ ᠵᠦᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠬᠡᠷᠡᠭᠵᠢᠭᠦᠯᠵᠦ᠂ ᠡᠯ᠎ᠡ ᠬᠦᠷᠢᠶ᠎ᠡ ᠴᠠᠷᠠᠨ ᠤ ᠲᠦᠷᠢᠮ ᠲᠣᠭᠲᠠᠭᠠᠯ ᠲᠣᠭᠲᠠᠭᠠᠬᠤ ᠠᠵᠢᠯ ᠢ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ | ᠶᠢᠨ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠤᠯᠪᠠ᠃ | ᠲᠥᠯᠥᠭᠡᠯᠡᠭᠴᠢᠳ ᠡ᠂ 2020 ᠤᠨ ᠳᠤ ᠪᠢᠳᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠮᠵᠢᠯᠳᠠ ᠲᠠᠢ ᠪᠠᠷ ᠰᠡᠬᠦᠯ | ᠬᠤᠷᠢᠶᠠᠬᠤ ᠶᠢ ᠪᠡᠶᠡᠯᠡᠬᠦᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠦᠬᠦ ᠲᠤᠭᠤᠷᠢᠭ ᠢᠶᠠᠷ ᠢᠶᠠᠨ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠨᠠᠷᠢᠨ ᠬᠢᠨᠠᠮᠠᠭᠠᠶ ᠲᠤᠤᠱᠯᠠᠭᠤᠯᠵᠤ ᠠᠵᠠ ᠲᠣᠬᠢᠶᠠᠯ ᠢ ᠡᠵᠡᠮᠳᠡᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ | ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠠᠮᠵᠢᠯᠲᠠ ᠤᠯᠬᠤ ᠶᠢ ᠠᠬᠢᠭᠤᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ | ᠨᠡᠶᠢᠭᠡᠮ ᠵᠢᠷᠤᠮ ᠤᠨ ᠤᠳᠤᠬᠢᠴᠢᠯᠠᠭᠰᠠᠨ ᠳ᠋ᠦᠩᠱᠧᠩ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ | ᠲᠠᠯᠪᠢᠵᠤ ᠥᠭᠴᠡᠢ᠃ | ᠡᠨᠡ ᠲᠠᠪᠤᠨ ᠵᠢᠯ ᠳᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ ᠭᠠᠵᠠᠷ ᠣᠷᠣᠨ ᠤ | ᠤᠶᠢᠯᠡᠳᠪᠤᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 3.8 % ᠪᠠᠷ ᠨᠡᠮᠡᠭᠳᠡᠪᠠ︔ ᠨᠡᠶᠢᠲᠡ 131 ᠠᠵᠤ ᠦᠢᠯᠡᠰ ᠤᠨ ᠲᠥᠷᠦᠯ ᠵᠦᠢᠯ ᠢ ᠤᠷᠢᠨ | ᠣᠷᠣᠭᠤᠯᠵᠤ᠂ 200 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠡᠳᠡᠨ ᠤᠷᠤᠭᠤᠯᠵᠤ᠂ 463 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 569 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠵᠢᠯ ᠪᠦᠷᠢ | ᠳᠤᠮᠳᠠᠴᠢ ᠪᠠᠷ 3.2% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠵᠢᠯ ᠪᠦᠷᠢ ᠳᠤᠮᠳᠠᠴᠢ ᠪᠠᠷ 4. | 7% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠣᠯᠬᠤ ᠣᠷᠣᠯᠭ᠎ᠠ ᠵᠢᠯ | ᠳᠤᠮᠳᠠᠴᠢ ᠪᠠᠷ 6.1% ᠨᠡᠮᠡᠭᠳᠡᠪᠠ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠥᠷᠢ ᠰᠢᠷᠢ ᠶᠢ 200 ᠳ᠋ᠦᠩᠰᠢᠭᠤᠷ ᠲᠥᠭᠦᠷᠢᠭ | ᠰᠢᠬᠠᠮ ᠠᠷᠢᠯᠭᠠᠵᠤ᠂ ᠵᠠᠰᠠᠭ ᠤᠨ ᠣᠷᠳᠣᠨ ᠤ ᠴᠢᠨᠠᠷᠲᠠᠶ ᠥᠷᠢ ᠦᠭᠴᠡᠭᠡ ᠶᠢ 409 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠵᠥᠷᠢᠴᠡᠯ ᠪᠠ ᠠᠰᠠᠭᠤᠳᠠᠯ ᠢ ᠬᠦᠴᠦᠯᠡᠨ ᠰᠢᠢᠳᠪᠤᠷᠢᠯᠡᠪᠠ᠃ | ᠡᠨᠡ ᠲᠠᠪᠤᠨ ᠵᠢᠯ ᠳᠤ᠂ ᠤᠳᠤ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠪᠡ᠃ ᠨᠡᠭᠦᠷᠡᠰᠦᠨ ᠤ ᠠᠵᠢᠯ ᠲᠥᠷᠥᠯ ᠤᠨ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠡᠶᠢᠲᠡ 4.1 | ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ ᠪᠣᠷᠣᠯᠠᠭᠤᠯᠪᠠ᠃ ᠢᠮᠠᠭᠠᠨ ᠨᠣᠯᠤᠤᠷ ᠤᠨ ᠠᠵᠤ ᠤᠶᠢᠯᠡᠰ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ | ᠶᠡᠬᠡᠪᠡᠷ ᠬᠡᠷᠡᠭᠵᠢᠭᠦᠯᠵᠦ᠂ ︽ᠳᠤᠮᠳᠠᠳᠤ ᠤᠯᠤᠰ ᠤᠨ ᠢᠮᠠᠭᠠᠨ ᠨᠣᠯᠤᠤᠷ ᠤᠨ ᠠᠵᠤ ᠤᠶᠢᠯᠡᠰ ᠤᠨ ᠨᠠᠷᠠᠲᠤ ᠬᠤᠲᠠ︾ ᠶᠢᠨ ᠴᠣᠯᠠ ᠭᠥᠷᠳᠡᠪᠡ᠃ ᠰᠢᠨ᠎ᠡ ᠪᠠᠷ | ᠬᠦᠭᠵᠢᠭᠰᠡᠨ ᠠᠵᠤ ᠦᠢᠯᠡᠰ ᠤᠨ ᠲᠦᠪᠯᠡᠷᠡᠨ ᠰᠦᠷᠦᠭᠵᠢᠨ ᠬᠦᠭᠵᠢᠬᠦ ᠶᠢ ᠠᠬᠢᠭᠤᠯᠵᠤ᠂ ᠲᠤᠨᠤᠭᠯᠠᠯ ᠦᠢᠯᠡᠳᠬᠦ ᠰᠠᠭᠤᠷᠢᠨ ᠭᠠᠵᠠᠷ ᠢ ᠲᠡᠰ ᠲᠡᠪᠰᠢᠬᠦᠯᠦᠨ | ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠤᠯᠭᠠᠪᠠ᠃ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡ᠂ | ᠰᠣᠶᠣᠯ ᠵᠢᠭᠤᠯᠴᠢᠯᠠᠯ᠂ ᠡᠷᠡᠭᠦᠯᠵᠢᠯ ᠨᠠᠰᠤᠵᠢᠯ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ | ᠡᠨᠡ ᠲᠠᠪᠤᠨ ᠵᠢᠯ ᠳᠤ᠂ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢᠨ ᠠᠯᠬᠤᠴᠠ ᠪᠠᠲᠤᠵᠢᠪᠠ᠃ ᠨᠡᠶᠢᠲᠡ 5752 ᠡᠷᠦᠬᠡ᠂ 102 | ᠲᠦᠮᠡᠨ ᠲᠡᠭᠰᠢ ᠳᠥᠷᠪᠡᠯᠵᠢᠨ ᠮᠧᠲᠷ ᠤᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ 68 ᠲᠥᠷᠥᠯ᠂ | 511 ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠪᠠᠷᠢᠯᠭ᠎ᠠ ᠶᠢ ᠪᠠᠶᠢᠭᠤᠯᠵᠤ ᠲᠠᠭᠤᠰᠬᠠᠨ ᠲᠤᠰᠢᠶᠠᠨ ᠦᠭᠬᠦ ᠶᠢ | ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠤᠯᠤᠰ ᠤᠨ ᠲᠠᠷᠢᠶᠠᠯᠠᠩ ᠤᠨ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠴᠡᠭ ᠢ 1᠂ ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠬᠢᠭᠡᠳ ᠬᠥᠳᠡᠭᠡ ᠲᠣᠰᠬᠤᠨ ᠤ ᠵᠢᠭᠤᠯᠴᠢᠯᠠᠯ | ᠤᠨ ᠵᠢᠱᠢᠶ᠎ᠡ ᠦᠵᠡᠭᠦᠯᠬᠦ ᠴᠡᠭ ᠢ 2᠂ ᠪᠦᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ 3 ᠪᠠᠶᠢᠭᠤᠯᠪᠠ | ᠃ ᠮᠠᠨ ᠤ ᠬᠤᠲᠠ ᠪᠥᠬᠦ ᠤᠯᠤᠰ ᠤᠨ ᠪᠣᠯᠪᠠᠰᠤᠨ ᠬᠤᠲᠠ ᠶᠢᠨ ᠢᠷᠠᠭᠤ ᠠᠯᠳᠠᠷ ᠤᠨ ᠴᠣᠯᠠ ᠶᠢ ᠵᠠᠯᠭᠠᠭ᠎ᠠ ᠪᠠᠷ ᠬᠦᠷᠳᠡᠬᠦ ᠳᠤ ᠬᠦᠴᠦ ᠨᠡᠮᠡᠷᠢᠯᠡᠵᠤ᠂ ᠬᠤᠶᠠᠳᠤᠭᠠᠷ | ᠡᠭᠡᠯᠵᠢ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠪᠠᠶᠢᠴᠠᠭᠠᠯᠳᠠ ᠶᠢ ᠰᠢᠯᠢᠳᠡᠭ ᠬᠢᠷᠢ ᠪᠦᠲᠦᠮᠵᠢ ᠪᠠᠷ ᠦᠩᠬᠡᠷᠡᠬᠡᠪᠠ᠃ | ᠡᠨᠡ ᠲᠠᠪᠤᠨ ᠵᠢᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠬᠢᠯᠠᠰ ᠴᠡᠭ ᠵᠠᠯᠭᠠᠭ᠎ᠠ ᠪᠠᠷ ᠢᠯᠡᠷᠡᠪᠡ᠃ ᠠᠵᠤ ᠠᠬᠤᠶ ᠪᠠ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠬᠡᠷ ᠪᠠᠶᠢᠰᠢᠩ ᠭᠠᠵᠠᠷ ᠰᠢᠷᠣᠶ ᠶᠢᠨ ᠪᠢᠯᠧᠲ᠂ ᠲᠥᠬᠦᠮ | ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠪᠠ ᠲᠥᠪᠬᠢᠨᠡᠭᠦᠯᠬᠦ︾᠂ ︽ᠲᠠᠯᠪᠢᠬᠤ ᠬᠠᠮᠢᠶᠠᠷᠬᠤ ᠤᠶᠢᠯᠡᠴᠢᠯᠡᠬᠦ᠂ ᠬᠤᠳᠠᠯᠳᠤᠭᠠᠨ ᠤ ᠶᠠᠪᠤᠳᠠᠯ | ᠤᠨ ᠲᠦᠷᠢᠮ︾᠂ ︽ᠨᠢᠭᠡ ᠰᠤᠷᠭᠠᠭᠤᠯᠢ ᠬᠤᠶᠠᠷ ᠬᠦᠷᠢᠶ᠎ᠡ᠂ ᠪᠦᠯᠦᠭᠵᠢᠭᠦᠯᠦᠨ ᠰᠤᠷᠭᠠᠭᠤᠯᠢ ᠡᠷᠭᠢᠯᠡᠬᠦ︾᠂ ︽ᠡᠮᠴᠢᠯᠡᠭᠡᠨ ᠤ ᠬᠤᠯᠪᠣᠭᠠᠲᠤ ᠴᠣᠭᠴᠠ᠂ | ᠡᠮᠴᠢᠯᠡᠭᠡᠨ ᠤ ᠬᠠᠮᠲᠤ ᠶᠢᠨ ᠴᠣᠭᠴᠠ︾ ᠵᠡᠷᠭᠡ ᠰᠢᠨ᠎ᠡ ᠶᠢ ᠡᠭᠦᠳᠦᠭᠰᠡᠨ 384 ᠵᠤᠶᠢᠯ ᠤᠨ ᠦᠷ᠎ᠡ ᠪᠦᠲᠦᠭᠡᠯ ᠢ ᠪᠣᠶ ᠪᠣᠯᠭᠠᠵᠤ᠂ ᠡᠯ᠎ᠡ ᠬᠦᠷᠢᠶ᠎ᠠ ᠴᠠᠷᠠᠨ ᠤ | ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠬᠦᠢᠴᠡᠳ ᠬᠥᠭᠵᠢᠭᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ 4.7 ᠲᠦᠮᠡ ᠨᠡᠮᠡᠭᠳᠡᠭᠦᠯᠪᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ | ᠶᠢᠨ ᠲᠡᠰ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢ 8 ᠪᠠᠶᠢᠭᠤᠯᠵᠤ᠂ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠵᠠᠭᠤᠨ ᠬᠦᠴᠦᠷᠬᠡᠭ ᠲᠤᠭᠤᠷᠢᠭ︾᠂ ︽ᠪᠦᠬᠦ ᠤᠯᠤᠰ ᠤᠨ ᠰᠢᠨ᠎ᠡ ᠶᠢ ᠡᠬᠦᠳᠴᠦ ᠦᠢᠯᠡᠰ ᠪᠣᠰᠬᠠᠬᠤ ᠵᠠᠭᠤᠨ ᠬᠦᠴᠦᠷᠬᠡᠭ ᠲᠤᠭᠤᠷᠢᠭ︾ ᠢᠶᠠᠷ | ᠦᠨᠡᠯᠡᠭᠳᠡᠪᠡ᠃ | ᠡᠨᠡ ᠲᠠᠪᠤᠨ ᠵᠢᠯ ᠳᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ | ᠬᠦᠴᠦᠨ ᠢᠶᠠᠷ ᠢᠶᠠᠨ ᠰᠢᠪᠲᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠨᠢᠬᠡ ᠪᠦᠯᠦᠭ ᠲᠥᠷᠥᠯ ᠵᠤᠶᠢᠯ ᠤᠨ ᠪᠠᠷᠢᠯᠭ᠎ᠠ ᠶᠢ | ᠨᠢᠭᠡᠳᠦᠯᠲᠡᠶ ᠲᠦᠯᠦᠪᠯᠡᠨ ᠬᠡᠷᠡᠭᠵᠢᠭᠦᠯᠵᠦ᠂ ᠣᠷᠣᠨ ᠪᠦᠰᠡ ᠶᠢᠨ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠳᠡᠭᠡᠭᠰᠢᠯᠡᠵᠦ᠂ ︽ᠪᠥᠬᠦ ᠤᠯᠤᠰ ᠤᠨ | ᠪᠣᠬᠢᠷᠲᠤᠯ ᠥᠬᠡᠶ ᠬᠥᠭᠵᠢᠯᠲᠡ ᠶᠢᠨ ᠵᠠᠭᠤᠨ ᠬᠦᠴᠦᠷᠬᠡᠭ ᠲᠤᠭᠤᠷᠢᠭ︾ ᠢᠶᠠᠷ ᠦᠨᠡᠯᠡᠭᠳᠡᠪᠡ᠃ | ᠡᠨᠡ ᠲᠠᠪᠤᠨ ᠵᠢᠯ ᠳᠤ ᠨᠡᠶᠢᠭᠡᠮ ᠤᠨ ᠦᠢᠯᠡᠰ ᠥᠷᠨᠢᠨ ᠬᠥᠭᠵᠢᠪᠡ᠃ ᠾᠧᠩ ᠱᠦᠢ ᠳᠤᠮᠳᠠᠳᠤ ᠰᠤᠷᠭᠠᠭᠤᠯᠢ ᠵᠡᠷᠭᠡ ᠨᠡᠷᠡᠲᠦ ᠲᠡᠮᠳᠡᠭᠳᠤ ᠰᠤᠷᠭᠠᠭᠤᠯᠢ ᠶᠢ | ᠣᠷᠣᠭᠤᠯᠤᠨ ᠠᠪᠴᠢᠷᠠᠵᠤ᠂ 24 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠵᠤ᠂ | ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠪᠠᠲᠤᠲᠠᠢ ᠣᠷᠣᠪᠠ᠃ ᠡᠮᠴᠢᠯᠡᠭᠡᠨ ᠤ | ᠪᠠᠶᠢᠭᠤᠯᠤᠮᠵᠢ ᠶᠢᠨ ᠲᠤᠭ᠎ᠠ᠂ ᠮᠢᠩᠭᠠᠨ ᠬᠥᠮᠦᠨ ᠢ ᠪᠠᠭᠳᠠᠭᠠᠬᠤ ᠡᠮᠴᠢᠯᠡᠬᠡᠨ ᠤ ᠤᠷᠤ᠂ ᠠᠵᠢᠯ ᠡᠷᠭᠢᠯᠡᠬᠦ ᠡᠮᠴᠢ ᠶᠢᠨ ᠲᠤᠭ᠎ᠠ᠂ ᠳᠠᠩᠰᠠᠯᠠᠭᠤᠯᠤᠭᠰᠠᠨ | ᠰᠤᠪᠢᠯᠠᠭᠴᠢ ᠶᠢᠨ ᠲᠤᠭ᠎ᠠ ᠲᠤᠰᠪᠤᠷᠢ 41.4%᠂ 8.3%᠂ 30.7%᠂ 15.7% ᠪᠠᠷ ᠨᠡᠮᠡᠭᠳᠡᠵᠡᠶ᠃ ᠤᠯᠠᠭᠠᠨᠮᠥ᠋ᠴᠢᠷ ᠤᠨ ᠪᠠᠶᠢᠭᠤᠯᠤᠮᠵᠢ ᠶᠢᠨ ᠲᠦᠷᠢᠮ ᠢ | ᠰᠡᠷᠭᠦᠭᠡᠵᠦ᠂ ᠰᠣᠶᠣᠯ ᠤᠨ ᠣᠷᠳᠣᠨ ᠤ ᠬᠤᠪᠢᠶᠠᠷᠢ ᠣᠷᠳᠣᠨ ᠢ 24᠂ ᠨᠣᠮ ᠤᠨ ᠰᠠᠩ ᠤᠨ ᠬᠤᠪᠢᠶᠠᠷᠢ ᠣᠷᠳᠣᠨ ᠢ 141 ᠪᠠᠶᠢᠭᠤᠯᠵᠤ᠂ ︽ᠪᠥᠬᠦ ᠤᠯᠤᠰ ᠤᠨ | ᠪᠢᠴᠢᠭ ᠤᠨ ᠰᠤᠷᠪᠤᠯᠵᠢᠲᠤ ᠬᠤᠲᠠ︾᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ︾᠂ ︽ | ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠵᠡᠷᠭᠡ ᠪᠠᠷ ᠦᠨᠡᠯᠡᠭᠳᠡᠪᠡ᠃ | ᠡᠨᠡ ᠲᠠᠪᠤᠨ ᠵᠢᠯ ᠳᠤ ᠬᠠᠤᠯᠢ ᠪᠠᠷ ᠲᠤᠭᠤᠷᠢᠭ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠪᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠤ ᠠᠵᠢᠯ ᠤᠨ ᠲᠦᠷᠢᠮ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠰᠢᠢᠳᠪᠤᠷᠢᠳᠤ ᠪᠣᠳᠣᠯᠭ᠎ᠠ ᠲᠣᠭᠲᠠᠭᠠᠬᠤ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠤ ᠬᠠᠤᠯᠢ | ᠶᠣᠰᠣᠭᠠᠷ ᠰᠢᠢᠳᠪᠤᠷᠢᠳᠤ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠠᠬᠢᠭᠤᠯᠪᠠ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠬᠠᠤᠯᠢ ᠬᠡᠷᠡᠭᠵᠢᠭᠦᠯᠬᠦ ᠬᠦᠴᠦᠨ ᠢ ᠰᠢᠯᠢᠳᠡᠭᠵᠢᠭᠦᠯᠦᠨ ᠨᠡᠶᠢᠯᠡᠭᠦᠯᠵᠦ᠂ | ᠲᠦᠷᠢᠮᠵᠢᠭᠰᠡᠨ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠭᠦᠨᠵᠡᠭᠡᠶ ᠠᠬᠢᠭᠤᠯᠪᠠ᠃ ᠬᠠᠤᠯᠢ ᠴᠠᠭᠠᠵᠠ ᠶᠢᠨ ᠤᠶᠢᠯᠡᠴᠢᠯᠡᠬᠡᠨ ᠤ ᠪᠠᠲᠤᠯᠠᠭ᠎ᠠ ᠶᠢᠨ ᠠᠵᠢᠯ ᠢ | ᠲᠠᠰᠤᠷᠠᠯᠲᠠ ᠥᠬᠡᠶ ᠴᠢᠩᠭᠠᠳᠬᠠᠵᠤ᠂ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨᠠᠬᠢ ᠬᠠᠤᠯᠢ ᠴᠠᠭᠠᠵᠠ ᠶᠢᠨ ᠤᠶᠢᠯᠡᠴᠢᠯᠡᠬᠡᠨ ᠤ ᠬᠡᠲᠦ ᠳᠡᠯᠭᠡᠭᠦᠷ ᠪᠣᠯᠤᠨ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠷᠢᠯᠴᠠᠬᠤ ᠴᠡᠭ ᠢᠶᠠᠷ ᠲᠤᠯᠭᠠᠭᠤᠷᠢᠯᠠᠯ ᠪᠣᠯᠭᠠᠭᠰᠠᠨ ᠬᠠᠤᠯᠢ ᠴᠠᠭᠠᠵᠠ ᠶᠢᠨ ᠤᠶᠢᠯᠡᠴᠢᠯᠡᠬᠡᠨ ᠤ ᠲᠤᠭᠳᠠᠯᠴᠠᠭ᠎ᠠ ᠶᠢ | ᠪᠠᠶᠢᠭᠤᠯᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠠᠷᠠᠳ ᠤᠨ ᠬᠠᠤᠯᠢ ᠶᠢ | ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠬᠡᠷᠡᠭᠯᠡᠬᠦ ᠬᠠᠤᠯᠢ ᠶᠢ ᠰᠠᠬᠢᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠪᠠ᠃ | ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠤᠨ ᠲᠡᠮᠡᠴᠡᠭᠰᠡᠨ ᠥᠩᠭᠡᠷᠡᠯᠲᠡ ᠪᠠᠨ ᠡᠷᠭᠢᠴᠡᠭᠦᠯᠬᠦᠶ᠎ᠡ᠂ ᠪᠢᠳᠡ ᠠᠶᠤᠯ ᠲᠦᠭᠰᠢᠭᠦᠷᠢ ᠥᠷᠢᠰᠥᠯᠳᠦᠭᠡᠨ | ᠢ ᠠᠷᠭᠠᠴᠠᠬᠤ ᠳᠤᠮᠳᠠ᠂ ᠬᠦᠴᠢᠷ ᠪᠡᠷᠬᠡ ᠶᠢ ᠢᠯᠡᠨ ᠲᠠᠪᠠᠨ ᠡᠷᠡᠮᠡᠬᠡᠶᠢᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ ᠦᠭᠡᠢ ᠬᠤᠷᠢᠭ᠎ᠠ ᠱᠤᠭᠤᠮ ᠢ ᠪᠠᠲᠤ ᠰᠠᠬᠢᠪᠠ︔ ᠪᠢᠳᠡ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠳᠤᠮᠳᠠ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠲᠥᠯᠥᠭᠡ ᠵᠠᠰᠠᠭ ᠪᠠᠷᠢᠬᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ | ᠪᠠᠨ ᠦᠢᠯᠡᠳᠦᠯᠭᠡᠵᠢᠭᠦᠯᠪᠡ︔ ᠪᠢᠳᠡ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤᠮᠳᠠ ᠰᠢᠷᠭᠠᠭᠤ ᠪᠣᠳᠠᠲᠠᠢ ᠠᠵᠢᠯᠯᠠᠵᠤ᠂ ᠡᠷᠡᠯᠬᠡᠭᠯᠡᠨ ᠲᠡᠮᠡᠴᠡᠵᠦ᠂ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠪᠡ᠃ ᠲᠠᠪᠤᠨ ᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ | ᠬᠢᠯᠪᠠᠷᠬᠠᠨ ᠢᠶᠠᠷ ᠣᠯᠤᠭᠰᠠᠨ ᠪᠢᠰᠢ ᠶᠤᠮ᠂ ᠲᠠᠪᠤᠨ ᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠨᠢ ᠬᠥᠮᠦᠰ ᠢ ᠵᠤᠷᠢᠭᠵᠢᠭᠤᠯᠤᠨ᠎ᠠ᠃ ᠡᠨᠡ ᠪᠣᠯ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠤᠭᠤᠳᠤᠯᠭ᠎ᠠ ᠶᠢᠨ ᠦᠷ᠎ᠡ ᠳ᠋ᠦᠩ ᠪᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠲᠤᠳᠤᠨᠤ ᠬᠠᠯᠠᠮᠵᠢᠯᠠᠯ ᠤᠨ ᠦᠷ᠎ᠡ ᠳ᠋ᠦᠩ | ᠪᠤᠯᠤᠨ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠳᠠ | ᠲᠠᠯᠪᠢᠯᠳᠠ ᠳᠡᠮᠵᠢᠯᠭᠡ ᠶᠢᠨ ᠦᠷ᠎ᠡ ᠳ᠋ᠦᠩ ᠪᠤᠯᠤᠨ᠎ᠠ᠂ ᠨᠡᠩ ᠴᠤ ᠪᠦᠬᠦ ᠲᠤᠭᠤᠷᠢᠭ ᠤᠨ ᠡᠯ᠎ᠡ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠨᠢᠬᠳᠠᠷᠠᠨ | ᠪᠦᠯᠬᠦᠮᠳᠡᠯᠵᠤ᠂ ᠴᠥᠬᠦᠷᠡᠰᠢ ᠦᠭᠡᠢ ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ | ᠳ᠋ᠦᠩᠱᠧᠩ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠲᠡᠮᠵᠢᠭᠰᠡᠨ ᠡᠯ᠎ᠡ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠨᠡᠶᠢᠭᠡᠮ ᠤᠨ | ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠣᠯᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠡᠭᠦᠨ ᠤ ᠬᠠᠮᠲᠤ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠵᠠᠷᠢᠮ ᠭᠦᠨ ᠳᠠᠪᠬᠤᠷᠭ᠎ᠠ ᠶᠢᠨ ᠵᠥᠷᠢᠴᠡᠯ ᠪᠠ | ᠠᠰᠠᠭᠤᠳᠠᠯ ᠣᠷᠣᠰᠢᠵᠤ ᠪᠠᠶᠢᠬᠤ ᠶᠢ ᠪᠢᠳᠡ ᠡᠷᠬᠡᠪᠰᠢ ᠰᠡᠷᠭᠡᠭ ᠢᠶᠠᠷ ᠲᠠᠨᠢᠬᠤ ᠬᠡᠷᠡᠭᠳᠠᠢ᠂ ᠭᠤᠤᠯ ᠢᠯᠡᠷᠡᠯ ᠨᠢ᠄ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ | ᠡᠭᠦᠷᠭᠡ ᠮᠥᠨ ᠬᠦ ᠪᠡᠷᠬᠡ ᠬᠠᠳᠠᠭᠤᠵᠢᠯᠳᠠᠢ᠂ ᠲᠤᠨᠤᠭᠯᠠᠯ ᠤᠶᠢᠯᠡᠳᠬᠦ ᠤᠶᠢᠯᠡᠰ ᠪᠠ ᠰᠢᠨ᠎ᠡ ᠪᠠᠷ ᠬᠥᠭᠵᠢᠭᠰᠡᠨ ᠠᠵᠤ ᠤᠶᠢᠯᠡᠰ ᠤᠨ ᠬᠡᠪᠴᠢᠶᠡᠵᠢᠯ ᠨᠢ ᠪᠠᠭ᠎ᠠ᠂ | ᠬᠠᠷᠢᠴᠠᠯ ᠨᠢ ᠳᠣᠣᠷ᠎ᠠ᠂ ᠣᠬᠤᠷ ᠬᠤᠭᠤᠴᠠᠭᠠᠨ ᠳᠤ ᠠᠵᠤ ᠠᠬᠤᠶ ᠶᠢᠨ ᠬᠥᠭᠵᠢᠯᠲᠡ ᠳᠤ ᠪᠦᠲᠦᠮᠵᠢᠲᠡᠶ ᠲᠤᠯᠭᠠᠭᠤᠷᠢᠯᠠᠯ ᠪᠣᠯᠵᠣ ᠪᠦᠷᠢᠯᠳᠦᠬᠦ ᠳᠤ ᠬᠦᠴᠢᠷᠲᠡᠶ | ᠪᠠᠶᠢᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠨᠡᠯᠢᠶᠡᠳ ᠪᠠᠭᠤᠷᠠᠢ᠂ ᠡᠨᠧᠷᠭᠢ ᠠᠷᠪᠢᠯᠠᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ | ᠬᠡᠮᠵᠢᠶ᠎ᠠ ᠶᠢ ᠪᠠᠭᠠᠰᠬᠠᠬᠤ ᠳᠠᠷᠤᠯᠲᠠ ᠨᠡᠯᠢᠶᠡᠳ ᠶᠡᠭᠡ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠴᠢᠨᠠᠭᠰᠢᠳᠠ ᠰᠢᠯᠢᠳᠡᠭᠵᠢᠬᠦᠯᠬᠦ ᠴᠢᠬᠤᠯᠠᠲᠠᠢ | ᠪᠠᠶᠢᠨ᠎ᠠ︔ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠣᠭᠰᠠᠨ᠂ ᠣᠶᠣᠨᠴᠢᠯᠠᠭᠰᠠᠨ ᠬᠢᠷᠢ ᠬᠡᠮᠵᠢᠶ᠎ᠡ ᠥᠨᠳᠥᠷ ᠪᠤᠰᠤ᠂ ᠣᠯᠠᠨ ᠨᠡᠶᠢᠲᠡ ᠶᠢᠨ ᠰᠠᠭᠤᠷᠢ | ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ︔ ᠡᠳ᠋ ᠤᠨ ᠵᠠᠰᠠᠭ ᠮᠥᠩᠭᠦᠨ | ᠭᠦᠢᠯᠭᠡᠭᠡ ᠪᠠ ᠭᠡᠷ ᠪᠠᠶᠢᠰᠢᠩ ᠭᠠᠵᠠᠷ ᠬᠦᠷᠦᠩᠭᠡ ᠵᠡᠷᠭᠡ ᠬᠦᠷᠢᠶᠡᠨ ᠳᠠᠬᠢ ᠲᠦᠭᠰᠢᠭᠦᠷᠢ ᠪᠠᠰᠠ ᠤᠷᠤᠰᠢᠵᠤ ᠪᠠᠶᠢᠨ᠎ᠠ︔ ᠦᠢᠯᠡᠴᠢᠯᠡᠭᠡᠨ ᠤ ᠬᠡᠯᠪᠡᠷᠢ ᠶᠢᠨ ᠵᠠᠰᠠᠭ | ᠤᠨ ᠣᠷᠳᠣᠨ ᠤ ᠪᠠᠶᠢᠭᠤᠯᠤᠯᠲᠠ ᠪᠠᠰᠠ ᠡᠭᠦᠷᠭᠡ ᠬᠦᠨᠳᠦ ᠵᠠᠮ ᠬᠤᠯᠠ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠶᠡᠷᠦᠩᠬᠡᠶ ᠰᠡᠳᠬᠢᠴᠡ | ᠲᠤᠭᠤᠷᠢᠭ ᠤᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠬᠡᠳᠤ ᠶᠢᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠣᠷᠳᠣᠰ ᠬᠤᠲᠠ | ᠶᠢᠨ ᠳ᠋ᠦᠩᠱᠧᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠶᠡᠭᠡ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠣᠯᠤᠨ᠎ᠠ᠃ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ | ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠣᠯᠲᠠ ᠶᠢ | ᠨᠢᠭᠡᠳᠦᠯᠲᠡᠢ ᠲᠦᠯᠦᠪᠯᠡᠨ ᠠᠬᠢᠭᠤᠯᠵᠣ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠵᠣᠬᠢᠴᠠᠩᠭᠤᠢ ᠠᠬᠢᠭᠤᠯᠣᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠣ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ | ᠭᠤᠤᠯ ᠰᠡᠳᠦᠪ ᠪᠤᠯᠭᠠᠵᠣ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠨ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠵᠣ᠂ ᠰᠢᠨ᠎ᠡ ᠬᠥᠭᠵᠢᠯᠲᠡ ᠶᠢᠨ ᠪᠠᠶᠢᠳᠠᠯ ᠳᠤ ᠠᠭᠤᠰᠣᠯᠴᠠᠨ | ᠦᠢᠯᠡᠴᠢᠯᠡᠵᠦ᠂ ᠠᠮᠢ ᠠᠬᠤᠢ ᠶᠢᠨ ᠬᠠᠮᠠᠭᠠᠯᠠᠯᠲᠠ ᠪᠠ ᠪᠣᠬᠢᠷᠲᠤᠯ ᠦᠭᠡᠢ ᠬᠥᠭᠵᠢᠯᠲᠡ ᠶᠢ ᠤᠷᠢᠳ ᠢᠶᠠᠷ ᠬᠡᠷᠡᠭᠵᠢᠭᠦᠯᠬᠦ ᠣᠷᠣᠨ᠂ ᠪᠦᠬᠦ ᠬᠤᠲᠠ ᠶᠢᠨ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠤᠷᠢᠳᠠᠪᠠᠷ ᠬᠡᠷᠡᠭᠵᠢᠭᠦᠯᠬᠦ ᠣᠷᠣᠨ᠂ ᠣᠷᠣᠰᠢᠨ ᠰᠠᠭᠤᠷᠢᠰᠢᠬᠤ᠂ ᠦᠶᠯᠡᠰ ᠪᠦᠲᠦᠭᠡᠬᠦ ᠳᠤ | ᠲᠣᠬᠢᠷᠠᠮᠵᠢᠲᠠᠶ ᠣᠳᠣᠬᠢᠴᠢᠯᠠᠭᠰᠠᠨ ᠴᠢᠨᠠᠷ ᠳᠡᠰᠲᠦ ᠬᠤᠲᠠ ᠶᠢᠨ ᠲᠣᠭᠤᠷᠢᠭ᠂ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠤ ᠴᠤᠭᠯᠠᠷᠠᠭᠰᠠᠨ ᠭᠠᠵᠠᠷ᠂ | ᠬᠠᠮᠳᠤ ᠪᠠᠷ ᠪᠠᠶᠢᠭᠤᠯᠵᠤ ᠵᠠᠰᠠᠨ ᠡᠳ᠋ᠯᠡᠬᠦ ᠠᠷᠠᠳ ᠤᠨ ᠠᠮᠢᠳᠤᠷᠠᠯ ᠤᠨ ᠰᠢᠨ᠎ᠡ ᠥᠨᠳᠦᠷᠯᠢᠭ ᠪᠠ ᠣᠷᠣᠨ ᠪᠦᠰᠡ ᠶᠢᠨ ᠣᠳᠣ ᠦᠶ᠎ᠡ ᠶᠢᠨ ᠡᠨᠧᠷᠭᠢ ᠶᠢᠨ ᠠᠵᠤ | ᠠᠬᠤᠶ ᠶᠢᠨ ᠶᠡᠷᠦᠩᠬᠡᠶᠢᠯᠡᠭᠰᠡᠨ ᠤᠶᠢᠯᠡᠴᠢᠯᠡᠬᠡᠨ ᠤ ᠲᠥᠪ ᠢ ᠪᠦᠳᠦᠬᠡᠨ ᠪᠠᠶᠢᠭᠤᠯᠵᠤ᠂ ᠨᠡᠩ ᠴᠢᠨᠠᠷ ᠰᠠᠶᠢᠳᠠᠢ᠂ ᠠᠰᠢᠭᠯᠠᠮᠵᠢ ᠲᠠᠢ᠂ ᠡᠷᠬᠡ ᠲᠡᠭᠰᠢ᠂ | ᠦᠷᠬᠦᠯᠵᠢᠯᠡᠬᠦᠶᠢᠴᠡ᠂ ᠠᠮᠤᠷ ᠲᠦᠪᠰᠢᠨ ᠬᠥᠭᠵᠢᠯᠲᠡ ᠶᠢ ᠪᠡᠶᠡᠯᠡᠬᠦᠯᠦᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠠᠷᠠᠳ ᠤᠨ ᠠᠮᠢᠳᠤᠷᠠᠯ ᠤᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠣᠯᠠᠨ ᠨᠡᠶᠢᠲᠡ ᠶᠢᠨ ᠦᠶᠯᠡᠴᠢᠯᠡᠭᠡᠨ ᠤ ᠨᠠᠩ ᠴᠢᠨᠠᠷ ᠰᠠᠶᠢᠲᠠᠶ ᠲᠡᠩᠴᠡᠭᠦᠷᠢᠲᠡᠶ | ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ᠂ | ᠨᠠᠰᠤᠵᠢᠯ ᠤᠨ ᠦᠶᠯᠡᠴᠢᠯᠡᠭᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ | ᠤᠨ ᠴᠢᠨᠠᠷ ᠴᠢᠨᠰᠠᠭ᠎ᠠ ᠶᠢ ᠶᠡᠬᠡᠪᠡᠷ ᠰᠠᠶᠢᠵᠢᠷᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠴᠢᠨᠠᠷ ᠰᠠᠶᠢᠲᠠᠶ ᠬᠥᠭᠵᠢᠯᠲᠡ ᠶᠢᠨ ᠭᠤᠤᠯ | ᠰᠡᠳᠦᠪ ᠢ ᠳᠣᠪᠣᠶᠢᠯᠭᠠᠵᠤ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ | ᠲᠣᠭᠤᠷᠢᠨ ᠤ ᠵᠠᠰᠠᠯᠲᠠ ᠶᠢᠨ ᠶᠠᠰᠤ ᠴᠢᠨᠠᠷ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠵᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠳᠣᠣᠷ᠎ᠠ | ᠨᠡᠭᠦᠷᠡᠰᠦᠳᠦ᠋ᠷᠦᠭᠴᠢᠲᠦ ᠣᠷᠴᠢᠨ ᠲᠣᠭᠤᠷᠢᠨ ᠢ ᠬᠠᠮᠠᠭᠠᠯᠠᠬᠤ᠂ ᠡᠷᠴᠢᠮᠵᠢᠭᠦᠯᠦᠨ ᠠᠷᠪᠢᠯᠠᠬᠤ ᠪᠠᠷ ᠭᠤᠤᠯ ᠪᠣᠯᠭᠠᠭᠰᠠᠨ ᠪᠣᠬᠢᠷᠲᠤᠯ ᠥᠬᠡᠶ ᠦᠶᠯᠡᠳᠪᠦᠷᠢᠯᠡᠯ | ᠠᠮᠢᠳᠤᠷᠠᠯ ᠤᠨ ᠠᠷᠭ᠎ᠠ ᠬᠡᠯᠪᠡᠷᠢ ᠶᠢ ᠪᠠᠶᠢᠭᠤᠯᠵᠤ᠂ ᠪᠣᠬᠢᠷᠲᠤᠯ ᠥᠬᠡᠶ ᠨᠡᠮᠡᠭᠳᠡᠯ ᠢ ᠠᠬᠢᠭᠤᠯᠵᠣ᠂ ᠪᠣᠬᠢᠷᠲᠤᠯ ᠥᠬᠡᠶ ᠠᠵᠤ ᠠᠬᠤᠶ ᠶᠢ ᠪᠤᠵᠠᠭᠠᠶᠢᠷᠠᠭᠤᠯᠵᠤ᠂ | ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ᠂ ᠪᠣᠬᠢᠷᠲᠤᠯ ᠥᠬᠡᠶ ᠪᠠᠷ ᠬᠥᠭᠵᠢᠭᠦᠯᠬᠦ | ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠᠷ ᠴᠢᠷᠮᠠᠶᠢᠨ᠎ᠠ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠳᠦᠷᠢᠮ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠰᠢᠨ᠎ᠡ | ᠶᠢ ᠡᠭᠦᠳᠬᠦ᠂ ᠵᠠᠭᠪᠤᠷ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ | ᠠᠬᠤᠶ ᠶᠢᠨ ᠬᠥᠭᠵᠢᠯᠲᠡ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠬᠡᠮᠵᠢᠶ᠎ᠡ ᠶᠢ ᠨᠡᠮᠡᠭᠳᠡᠭᠦᠯᠵᠦ᠂ ᠠᠵᠤ ᠦᠢᠯᠡᠰ | ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ ᠠᠵᠤ ᠦᠢᠯᠡᠰ ᠤᠨ | ᠬᠡᠯᠬᠢᠶ᠎ᠡ ᠶᠢ ᠪᠠᠶᠢᠷᠢᠰᠢᠭᠤᠯᠵᠤ᠂ ᠳᠤᠮᠳᠠ ᠳᠡᠭᠡᠳᠦ ᠲᠠᠰ ᠤᠨ ᠠᠵᠤ ᠦᠢᠯᠡᠰ᠂ ᠳᠤᠮᠳᠠ ᠳᠡᠭᠡᠳᠦ ᠲᠠᠰ ᠤᠨ ᠦᠢᠯᠡᠳᠬᠦᠨ ᠲᠡᠰᠢ ᠲᠠᠰᠤᠷᠠᠯᠲᠠ ᠤᠢᠭᠡᠢ | ᠭᠦᠨᠵᠡᠭᠡᠶᠢᠷᠡᠨ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ | ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠢ ᠬᠥᠭᠵᠢᠭᠡᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ | ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠤᠨ᠎ᠠ᠃ | ᠣᠯᠠᠨ ᠡᠰᠢᠵᠢᠨ ᠠᠭᠤᠰᠤᠯᠴᠠᠨ ᠬᠥᠭᠵᠢᠬᠦ ᠶᠢ ᠪᠠᠷᠢᠮᠲᠠᠯᠠᠨ᠎ᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠣᠯᠴᠠᠨ ᠬᠥᠭᠵᠢᠬᠦ ᠶᠢ | ᠲᠦᠷᠭᠡᠳᠬᠡᠵᠦ᠂ ᠭᠤᠷᠪᠠᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢᠨ ᠳᠤᠮᠳᠠ ᠪᠡᠯᠡ ᠣᠷᠣᠭᠤᠯᠤᠯᠲᠠ ᠶᠢᠨ ᠰᠢᠨ᠎ᠡ ᠬᠡᠷᠡᠭᠴᠡᠭᠡ ᠪᠠ ᠬᠡᠷᠡᠭᠯᠡᠭᠡᠨ ᠤ | ᠬᠠᠯᠠᠮᠰᠢᠯ ᠴᠡᠭ ᠢ ᠴᠢᠷᠮᠠᠶᠢᠨ ᠪᠤᠢ ᠪᠣᠯᠭᠠᠨ᠎ᠠ᠃ ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠬᠦ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ | ᠠᠬᠢᠭᠤᠯᠬᠤ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠳᠠ ᠬᠥᠳᠡᠭᠡ ᠶᠢ ᠠᠭᠤᠰᠤᠯᠴᠠᠭᠤᠯᠬᠤ ᠶᠢ ᠢᠳᠡᠪᠬᠢᠲᠡᠢ ᠠᠬᠢᠭᠤᠯᠵᠤ᠂ ᠬᠤᠳᠠ ᠬᠥᠳᠡᠭᠡ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠶᠢᠨ ᠲᠡᠩᠴᠡᠭᠦᠷᠢ ᠦᠬᠡᠢ ᠭᠦᠢᠴᠡᠳ ᠪᠣᠰᠣ ᠪᠠᠶᠢᠬᠤ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠤᠳᠤᠯᠭ᠎ᠠ ᠳᠤ | ᠭᠦᠨᠵᠡᠭᠡᠢ ᠣᠷᠣᠯᠴᠠᠵᠤ᠂ ᠬᠥᠭᠵᠢᠯᠲᠡ ᠶᠢᠨ ᠰᠢᠨ᠎ᠡ ᠪᠠᠶᠢᠳᠠᠯ ᠳᠤ ᠨᠡᠩ ᠰᠠᠶᠢᠨ ᠢᠶᠠᠷ ᠠᠭᠤᠰᠣᠯᠴᠠᠨ ᠦᠢᠯᠡᠴᠢᠯᠡᠨ᠎ᠡ᠃ | ᠰᠢᠰᠲ᠋ᠧᠮ ᠤᠨ ᠦᠵᠡᠯᠲᠡ ᠶᠢ ᠪᠠᠷᠢᠮᠲᠠᠯᠠᠨ᠎ᠠ᠃ ᠪᠠᠷᠠᠯᠠᠯᠲᠣ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠪᠠᠶᠢᠷᠢᠯᠠᠭᠤᠯᠤᠯᠳᠠ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯ ᠢ ᠴᠢᠩᠭᠠᠳᠬᠠᠵᠤ᠂ ᠬᠥᠭᠵᠢᠯᠲᠡ ᠶᠢᠨ ᠶᠠᠰᠤ ᠴᠢᠨᠠᠷ᠂ ᠪᠦᠲᠦᠴᠡ᠂ | ᠬᠡᠪᠴᠢᠶ᠎ᠡ᠂ ᠬᠤᠷᠳᠤᠴᠠ᠂ ᠦᠷ᠎ᠡ ᠠᠰᠢᠭ᠂ ᠠᠮᠤᠷ ᠲᠦᠪᠰᠢᠨ ᠤ ᠨᠢᠭᠡᠳᠦᠯ ᠢ ᠪᠡᠶᠡᠯᠡᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠠᠯᠲᠠ ᠲᠠᠢ ᠪᠠᠷ ᠪᠠᠶᠢᠷᠢ ᠲᠣᠭᠲᠠᠭᠠᠯᠲᠠ ᠬᠢᠵᠦ᠂ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠦᠨ᠂ | ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠬᠠᠷᠰᠢ ᠰᠠᠭᠠᠳ ᠢ ᠦᠨᠡᠨ ᠬᠦ ᠠᠷᠢᠯᠭᠠᠨ᠎ᠠ᠃ | ᠲᠥᠯᠥᠭᠡᠯᠡᠭᠴᠢᠳ ᠡ᠂ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠪᠢᠳᠡ ᠥᠴᠥᠭᠡᠳᠦᠷ ᠤᠨ ᠭᠡᠷᠡᠯ ᠰᠠᠴᠤᠷᠠᠩᠭᠤᠢ ᠪᠠ | ᠪᠡᠷᠬᠡᠰᠢᠶᠡᠯᠳᠤ ᠦᠩᠭᠡᠷᠡᠯᠳᠡ ᠶᠢ ᠡᠷᠬᠢᠴᠡᠬᠦᠯᠦᠨ᠂ ᠮᠠᠷᠭᠠᠰᠢ ᠶᠢᠨ ᠬᠦᠰᠡᠯ ᠡᠷᠡᠮᠡᠯᠵᠡᠯ ᠪᠠ ᠰᠠᠶᠢᠨ ᠰᠠᠶᠢᠬᠠᠨ ᠢ ᠬᠦᠰᠡᠨ ᠡᠷᠡᠮᠡᠯᠵᠡᠵᠦ᠂ ᠳ᠋ᠦᠩᠱᠧᠩ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠠᠶᠠᠨ ᠵᠠᠮ ᠳᠤ ᠨᠡᠩ ᠢᠲᠡᠭᠡᠯ ᠲᠡᠭᠦᠯᠳᠡᠷ ᠢᠶᠠᠷ ᠡᠷᠡᠯᠬᠡᠭᠯᠡᠨ ᠤᠷᠤᠭᠰᠢᠯᠠᠵᠤ ᠪᠠᠶᠢᠨ᠎ᠠ᠃ ᠲᠡᠤᠬᠡᠨ | ᠤᠷᠴᠢᠯ 2025 ᠣᠨ ᠪᠤᠯᠬᠤ ᠳᠤ᠂ ᠳ᠋ᠦᠩᠱᠧᠩ ᠲᠣᠭᠤᠷᠢᠭ ᠯᠠᠪᠲᠠᠢ ᠠᠵᠤ ᠦᠢᠯᠡᠰ ᠬᠥᠭᠵᠢᠭᠰᠡᠨ᠂ ᠠᠮᠢ ᠠᠬᠤᠶᠢᠴᠢ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠢ᠂ ᠵᠣᠯ ᠵᠢᠷᠭᠠᠯᠲᠤ ᠡᠶ᠎ᠡ ᠵᠣᠬᠢᠴᠠᠩᠭᠤᠢ ᠬᠤᠳᠠ ᠪᠣᠯᠬᠤ ᠶᠢ ᠪᠢᠳᠡ ᠪᠠᠲᠤ ᠢᠲᠡᠭᠡᠵᠦ ᠪᠠᠶᠢᠨ᠎ᠠ︔ 2035 ᠣᠨ ᠪᠣᠯᠬᠤ ᠳᠤ᠂ ᠪᠢᠳᠡ ᠪᠦᠬᠦ ᠤᠯᠤᠰ | ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠲᠠᠢ ᠬᠠᠮᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠢᠷᠡᠭᠡᠳᠦᠢ | ᠪᠠᠨ ᠪᠠᠷᠠᠯᠠᠬᠤᠶ᠎ᠠ᠂ ᠪᠢᠳᠡ ᠢᠲᠡᠭᠡᠯ ᠲᠡᠭᠦᠯᠳᠡᠷ ᠪᠠᠶᠢᠨ᠎ᠠ᠂ ᠳ᠋ᠦᠩᠱᠧᠩ ᠤᠨ ᠢᠷᠡᠭᠡᠳᠦᠢ ᠯᠠᠪᠲᠠᠢ ᠨᠡᠩ ᠰᠠᠶᠢᠨ ᠰᠠᠶᠢᠬᠠᠨ ᠪᠣᠯᠬᠤ ᠶᠢ ᠪᠢᠳᠡ ᠪᠠᠲᠤ ᠢᠲᠡᠭᠡᠵᠦ | ᠪᠠᠶᠢᠨ᠎ᠠ︕ | ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ | 2021 ᠣᠨ ᠪᠣᠯ ᠳᠣᠮᠳᠠᠳᠣ ᠣᠯᠣᠰ ᠤᠨ ᠡᠪ ᠬᠠᠮᠲᠣ ᠨᠠᠮ ᠪᠠᠶᠢᠭᠤᠯᠣᠭᠳᠠᠭᠰᠠᠨ100 ᠵᠢᠯ ᠤᠨ ᠤᠢ ᠪᠤᠯᠤᠨ᠎ᠠ᠂ ᠮᠦᠨ ᠴᠦ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠳᠠᠪᠤᠳᠤᠭᠠᠷ ᠪᠦᠬᠦᠳᠡ ᠬᠤᠷᠠᠯ ᠤᠨ | ᠵᠤᠷᠢᠭ ᠰᠠᠭᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠬᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ | ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠠᠶᠮᠠᠳᠤᠭᠠᠷ ᠬᠤᠭᠤᠴᠠᠭᠠᠨ ᠤ ᠠᠷᠪᠠᠨ | ᠨᠢᠭᠡᠳᠦᠭᠡᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ | ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠱᠠᠲᠣᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠣᠣᠱᠯᠠᠭᠤᠯᠣᠨ᠂ ᠰᠢᠨ᠎ᠡ ᠬᠦᠭᠵᠢᠯᠲᠡ ᠶᠢᠨ ᠪᠠᠶᠢᠳᠠᠯ ᠢ ᠪᠠᠶᠢᠭᠤᠯᠵᠣ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠨ᠂ ᠥᠭᠡᠷᠡᠴᠢᠯᠡᠯᠲᠡ ᠬᠢᠵᠦ ᠰᠢᠨ᠎ᠡ | ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠨ᠂ ᠰᠢᠰᠲ᠋ᠧᠮ ᠤᠨ ᠦᠵᠡᠯᠲᠡ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠶᠢ ᠡᠭᠦᠳᠬᠦ ᠪᠠᠷ | ᠬᠦᠭᠵᠢᠯᠲᠡ ᠶᠢᠨ ᠬᠦᠳᠡᠯᠭᠡᠬᠦ ᠬᠦᠴᠦᠨ ᠪᠣᠯᠭᠠᠬᠤ ᠶᠢ ᠬᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠲᠠᠢ ᠴᠢᠯᠦᠭᠡᠳᠠᠢ ᠶᠠᠪᠤᠯᠴᠠᠬᠤ ᠶᠢ | ᠦᠷᠭᠡᠳᠬᠡᠨ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠴᠢᠷᠮᠠᠶᠢᠨ ᠪᠠᠳᠤᠯᠠᠵᠤ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠦᠯᠦᠪᠵᠢᠬᠦᠯᠬᠡ ᠶᠢᠨ ᠰᠠᠶᠢᠨ ᠡᠬᠢᠯᠡᠯᠲᠡ ᠶᠢ ᠪᠠᠳᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ | ᠪᠡᠯᠭᠡᠯᠡᠶ᠎ᠡ᠃ | ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ 6 % ᠣᠷᠴᠢᠮ ᠢᠶᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5 % ᠣᠷᠴᠢᠮ ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6 % ᠣᠷᠴᠢᠮ ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ | ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6 % ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠳᠠ ᠶᠢᠨ ᠨᠣᠷᠮ᠎ᠠ ᠶᠢ 4.5 % ᠳᠣᠲᠣᠷ᠎ᠠ ᠬᠢᠵᠠᠭᠠᠷᠯᠠᠨ᠎ᠠ︔ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠨᠢᠭᠡᠴᠢ ᠡᠨᠧᠷᠭᠢ ᠶᠢᠨ | ᠬᠤᠷᠤᠭᠳᠠᠯ ᠢ 3 % ᠪᠠᠷ ᠪᠠᠭᠤᠷᠠᠭᠤᠯᠵᠤ᠂ ᠭᠤᠤᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃ ᠡᠨᠡ ᠵᠢᠯ | ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ | ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠠᠷᠢᠯᠢᠭ ᠣᠨᠣᠪᠴᠢᠲᠠᠢ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠡᠳᠭᠡᠬᠦ ᠶᠢ ᠠᠬᠢᠭᠤᠯᠣᠨ᠎ᠠ᠃ ᠲᠥᠷᠥᠯ ᠵᠦᠶᠯ ᠢ ᠠᠳᠬᠤᠬᠤ ᠪᠣᠯ ᠳᠠᠷᠤᠶ | ᠬᠥᠭᠵᠢᠯᠲᠡ ᠶᠢ ᠠᠳᠬᠤᠵᠤ᠂ ᠨᠡᠮᠡᠭᠳᠡᠯ ᠢ ᠲᠤᠭᠳᠠᠪᠤᠷᠢᠵᠢᠭᠤᠯᠤᠨ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠭᠡᠬᠦ ᠣᠶᠢᠯᠠᠭᠠᠭᠳᠠᠬᠤᠨ ᠢ ᠴᠢᠩᠭᠠᠳᠬᠠᠵᠤ᠂ | ᠪᠠᠯᠠ ᠣᠷᠣᠭᠤᠯᠤᠯᠲᠠ ᠶᠢᠨ ᠬᠡᠮᠵᠢᠶ᠎ᠡ᠂ ᠴᠢᠭᠯᠡᠯ᠂ ᠦᠷ᠎ᠡ ᠠᠰᠢᠭ ᠢ ᠵᠡᠷᠭᠡᠪᠡᠷ ᠴᠢᠬᠤᠯᠠᠴᠢᠯᠠᠵᠤ᠂ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠡᠵᠡᠩᠨᠡᠯᠲᠡ ᠶᠢ | ᠵᠡᠷᠭᠡᠪᠡᠷ ᠠᠳᠬᠤᠬᠤ ᠶᠢ ᠪᠠᠷᠢᠮᠳᠠᠯᠠᠨ᠎ᠠ᠃ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠣᠭᠠᠯᠠᠨ ᠬᠥᠳᠡᠯᠦᠯᠴᠡᠬᠦ ᠲᠤᠭᠳᠠᠯᠴᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠬᠤᠯᠪᠣᠭᠠᠯᠠᠨ ᠬᠥᠳᠡᠯᠦᠯᠴᠡᠬᠦ ᠡᠭᠦᠯᠡᠨ ᠲᠠᠪᠴᠠᠩ ᠢ ᠥᠨᠳᠥᠷ ᠪᠦᠲᠦᠮᠵᠢᠲᠡᠶ ᠪᠠᠷ ᠠᠵᠢᠯᠯᠠᠭᠤᠯᠣᠨ᠎ᠠ᠃ | 232 ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠭᠡᠨ ᠠᠬᠢᠭᠤᠯᠵᠣ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ | ᠬᠤᠷᠳᠤᠴᠠ ᠶᠢ ᠲᠦᠷᠭᠡᠳᠬᠡᠬᠦ ᠶᠢ ᠪᠥᠬᠦ ᠬᠦᠴᠦᠨ ᠢᠶᠠᠷ ᠪᠡᠶᠡᠯᠡᠭᠦᠯᠦᠨ᠎ᠡ᠃ ᠱᠠᠲᠣ ᠬᠤᠪᠢᠶᠠᠨ ᠬᠠᠷᠢᠭᠤᠴᠠᠬᠤ᠂ ᠬᠦᠷᠢᠶ᠎ᠡ ᠴᠠᠷ᠎ᠠ ᠬᠤᠪᠢᠶᠠᠨ ᠠᠬᠢᠭᠤᠯᠬᠤ ᠲᠦᠷᠦᠯ | ᠵᠦᠢᠯ ᠤᠨ ᠲᠦᠰᠦᠪᠯᠡᠨ ᠨᠦᠬᠡᠴᠡᠯᠡᠬᠦ ᠲᠣᠭᠳᠠᠴᠠ ᠶᠢ ᠪᠠᠶᠢᠭᠤᠯᠵᠣ᠂ ︽ᠬᠤᠶᠠᠷ ᠰᠢᠨ᠎ᠡ ᠨᠢᠭᠡ ᠴᠢᠬᠤᠯᠠ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ᠂ ᠣᠯᠠᠨ ᠨᠡᠶᠢᠲᠡ ᠶᠢᠨ ᠦᠶᠯᠡᠴᠢᠯᠡᠭᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢᠨ ᠲᠣᠭᠤᠷᠢᠨ | ᠳᠤ᠂ ᠨᠢᠭᠡ ᠪᠦᠯᠦᠭ ᠲᠣᠮᠣ ᠲᠥᠷᠥᠯ ᠵᠦᠶᠯ᠂ ᠰᠠᠶᠢᠨ ᠲᠥᠷᠥᠯ ᠵᠦᠶᠯ ᠢ ᠣᠨᠣᠪᠴᠢᠲᠠᠶ ᠪᠠᠷ ᠲᠥᠰᠦᠪᠯᠡᠨ ᠨᠦᠬᠡᠴᠡᠯᠡᠬᠦ ᠪᠠ ᠣᠷᠣᠨᠵᠢᠭᠤᠯᠣᠨ ᠬᠡᠷᠡᠭᠵᠢᠭᠦᠯᠵᠦ᠂ | ᠱᠠᠲᠤ ᠳᠠᠷᠠᠭᠠᠯᠠᠨ ᠠᠬᠢᠭᠤᠯᠤᠭᠰᠠᠨ᠂ ᠦᠷᠬᠦᠯᠵᠢᠯᠡᠨ ᠮᠦᠷᠳᠡᠨ ᠠᠬᠢᠭᠤᠯᠤᠭᠰᠠᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠣᠶ ᠪᠣᠯᠭᠠᠵᠤ᠂ | ᠪᠠᠯᠠ ᠣᠷᠣᠭᠤᠯᠬᠤ ᠳᠤ ᠭᠠᠷᠳᠠᠴᠠ ᠲᠠᠢ᠂ ᠠᠯᠤᠰ ᠬᠡᠲᠦ ᠶᠢᠨ ᠬᠥᠭᠵᠢᠯᠲᠡ ᠳᠤ ᠨᠥᠭᠡᠴᠡ ᠬᠦᠴᠦᠨ ᠲᠠᠢ ᠪᠠᠶᠢᠬᠤ ᠶᠢ ᠦᠨᠡᠨᠬᠦ ᠪᠠᠳᠤᠯᠠᠨ᠎ᠠ᠃ | ᠣᠳᠣ ᠦᠶ᠎ᠡ ᠶᠢᠨ ᠡᠨᠧᠷᠭᠢ ᠶᠢᠨ ᠠᠵᠣ ᠠᠬᠤᠢ ᠶᠢᠨ ᠬᠦᠭᠵᠢᠯᠲᠡ ᠪᠡ ᠣᠨᠴᠠᠯᠢᠭᠲᠣ ᠠᠵᠣ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ | ᠠᠬᠢᠭᠤᠯᠤᠨ᠎ᠠ᠃ ᠡᠨᠧᠷᠭᠢ ᠶᠢᠨ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠯᠲᠠ ᠪᠠᠷ ᠬᠡᠯᠪᠡᠷᠢ ᠪᠠᠨ ᠬᠤᠪᠢᠷᠠᠭᠤᠯᠬᠤ᠂ | ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠭᠤᠷᠪᠠᠨ | ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠬᠦᠯᠦᠨ᠂ ᠤᠯᠤᠰ ᠤᠨ ᠠᠩᠬᠠᠳᠠᠭᠴᠢ ᠪᠦᠯᠦᠭ ᠵᠢᠱᠢᠶ᠎ᠡ ᠦᠵᠡᠭᠦᠯᠬᠦ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢ | ᠡᠭᠦᠳᠦᠨ ᠪᠠᠶᠢᠭᠤᠯᠬᠤ ᠶᠢ ᠪᠡᠶᠡᠯᠡᠭᠦᠯᠵᠦ᠂ ᠬᠡᠢ ᠶᠢᠨ 5 G + ᠰᠢᠨ᠎ᠡ ᠡᠨᠧᠷᠭᠢ ᠶᠢᠨ ᠠᠭᠤᠷᠬᠠᠢ ᠶᠢᠨ ᠠᠴᠢᠶᠠᠨ ᠤ ᠮᠠᠰᠢᠨ + ᠬᠤᠭᠤᠯᠠᠢ ᠪᠠᠷ ᠲᠡᠭᠡᠭᠡᠪᠦᠷᠢᠯᠡᠬᠦ | ᠲᠤᠷᠰᠢᠯᠲᠠ ᠶᠢᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠱᠤᠭᠤᠮ ᠪᠠ | ᠢᠵᠢ ᠪᠦᠷᠢᠳᠦᠭᠰᠡᠨ ᠴᠠᠬᠢᠯᠭᠠᠨ ᠡᠭᠦᠰᠭᠡᠭᠴᠢ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠬᠦᠯᠦᠨ᠂ ᠨᠡᠭᠦᠷᠡᠰᠦᠨ ᠠᠭᠤᠷᠬᠠᠢ ᠶᠢᠨ ᠳᠠᠬᠢᠨ ᠬᠠᠭᠠᠯᠪᠤᠷᠢᠯᠠᠬᠤ ᠣᠷᠣᠨ᠂ | ᠰᠠᠭᠤᠭᠳᠠᠵᠤ ᠢᠪᠡᠷᠡᠭᠰᠡᠨ ᠣᠷᠣᠨ ᠢ ᠭᠦᠢᠴᠡᠳ ᠠᠰᠢᠭᠯᠠᠵᠤ᠂ ︽ᠰᠠᠯᠬᠢ ᠭᠡᠷᠡᠯ ᠤᠰᠤᠲᠥ᠋ᠷᠥᠭᠴᠢ ᠶᠢ ᠬᠠᠳᠠᠭᠠᠯᠠᠬᠤ︾ ᠶᠢ ᠨᠢᠭᠡ ᠴᠣᠭᠴᠠᠵᠢᠭᠤᠯᠤᠭᠰᠠᠨ ᠵᠢᠱᠢᠶ᠎ᠡ | ᠦᠵᠡᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ | ᠬᠠᠷᠠᠭᠠᠯᠵᠠᠯᠲᠤ ᠴᠠᠬᠢᠯᠭᠠᠨ ᠤ ᠦᠨ᠎ᠡ ᠪᠠᠷ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠠᠭᠤᠷᠬᠠᠢ ᠶᠢᠨ ᠮᠠᠰᠢᠨ ᠢ ᠳᠠᠶᠢᠴᠢᠯᠠᠨ ᠳᠡᠯᠭᠡᠷᠡᠭᠦᠯᠵᠦ᠂ ᠰᠢᠨ᠎ᠡ ᠡᠨᠧᠷᠭᠢ ᠶᠢ | ᠲᠤᠬᠠᠢ ᠶᠢᠨ ᠭᠠᠵᠠᠷ ᠲᠤᠨᠢ ᠰᠢᠩᠭᠡᠭᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠨᠣᠯᠤᠤᠷ ᠤᠨ ᠠᠵᠤ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ ᠠᠵᠤ | ᠠᠬᠤᠶᠢᠯᠠᠯ ᠤᠨ ᠤᠶᠤᠨᠴᠢ ᠦᠢᠯᠡᠳᠪᠦᠷᠢ ᠪᠠᠶᠢᠭᠤᠯᠬᠤ ᠶᠢ ᠳᠡᠮᠵᠢᠵᠦ᠂ ᠵᠠᠬᠢᠶᠠᠯᠠᠭ᠎ᠠ ᠶᠢᠨ ᠦᠢᠯᠡᠳᠪᠦᠷᠢᠯᠡᠯ ᠪᠠ ᠣᠶᠠᠨ ᠦᠢᠯᠡᠳᠪᠤᠷᠢᠯᠡᠯ ᠢ ᠬᠥᠭᠵᠢᠭᠦᠯᠦᠨ᠂ ︽ | ᠪᠤᠶᠢᠵᠢᠭᠤᠯᠤᠯᠲᠠ ᠶᠢᠨ ᠬᠡᠯᠪᠡᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ᠂ ᠰᠢᠨ᠎ᠡ ᠶᠢ ᠡᠭᠦᠳᠬᠦ ᠬᠡᠯᠪᠡᠷᠢ︾ ᠶᠢᠨ ᠨᠣᠯᠤᠤᠷ ᠤᠨ ᠨᠡᠬᠡᠮᠡᠯ ᠤᠨ ᠠᠵᠤ | ᠠᠬᠤᠶᠢᠯᠠᠯ ᠤᠨ ᠰᠦᠷᠦᠭᠵᠢᠯ ᠢ ᠪᠣᠶᠢᠵᠢᠭᠤᠯᠤᠨ᠎ᠠ᠃ ᠪᠣᠬᠢᠷᠲᠤᠯ ᠥᠬᠡᠶ᠂ ᠬᠡᠪᠴᠢᠶᠡᠵᠢᠭᠦᠯᠬᠦ᠂ ᠣᠨᠴᠠᠯᠢᠬᠵᠢᠭᠤᠯᠬᠤ ᠪᠠᠷ ᠤᠳᠤᠷᠢᠳᠤᠮᠵᠢ ᠪᠣᠯᠭᠠᠵᠤ᠂ ᠠᠷᠢᠬᠢᠨ ᠤ | ᠦᠶᠯᠡᠰ ᠪᠠ ᠴᠢᠴᠠᠷᠭᠠᠨ᠎ᠠ ᠶᠢᠨ ᠠᠵᠤ ᠦᠶᠯᠡᠰ ᠢ ᠲᠦᠷᠭᠡᠳᠬᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠶᠯᠡᠰ ᠤᠨ ᠶᠡᠷᠦᠩᠬᠡᠶ ᠬᠡᠪᠴᠢᠶ᠎ᠡ ᠪᠠ ᠠᠵᠢᠯ | ᠲᠥᠷᠥᠯ ᠤᠨ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠦᠷᠦᠭᠵᠢᠨ ᠴᠣᠭᠯᠠᠷᠠᠵᠣ ᠬᠦᠭᠵᠢᠬᠦ ᠶᠢ ᠠᠬᠢᠭᠤᠯᠤᠨ᠎ᠠ᠃ | ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠬᠤᠪᠢᠰᠬᠠᠯ ᠪᠠ ᠠᠵᠣ ᠦᠢᠯᠡᠰ ᠤᠨ ᠬᠤᠪᠢᠰᠣᠯᠲᠠ ᠶᠢ ᠡᠵᠡᠮᠳᠡᠵᠦ᠂ ᠣᠶᠣᠨᠴᠢ | ᠦᠢᠯᠡᠳᠪᠦᠷᠢᠯᠡᠯ᠂ ᠪᠣᠬᠢᠷᠲᠣᠯ ᠦᠭᠡᠢ ᠦᠢᠯᠡᠳᠪᠦᠷᠢᠯᠡᠯ ᠪᠠ ᠦᠢᠯᠡᠴᠢᠯᠡᠭᠡᠨ ᠤ ᠬᠡᠯᠪᠡᠷᠢᠲᠡᠢ ᠦᠢᠯᠡᠳᠪᠦᠷᠢᠯᠡᠯ ᠶᠢ ᠶᠡᠬᠡᠪᠡᠷ ᠬᠦᠭᠵᠢᠭᠦᠯᠵᠦ᠂ ︽ᠨᠢᠭᠡ ᠠᠵᠣ | ᠠᠬᠤᠶᠢᠯᠠᠯ ᠨᠢᠭᠡ ᠬᠡᠯᠬᠢᠶ᠎ᠡ︾ ᠶᠢᠨ ᠴᠣᠭᠯᠠᠷᠠᠯ ᠤᠨ ᠵᠠᠭᠪᠣᠷ ᠢ ᠪᠤᠢ ᠪᠤᠯᠭᠠᠨ᠎ᠠ᠃ ᠮᠠᠰᠢᠨ ᠲᠡᠷᠭᠡ ᠪᠠ ᠡᠨᠧᠷᠭᠢ ᠲᠣᠨᠣᠭᠯᠠᠯ ᠦᠢᠯᠡᠳᠬᠦ ᠠᠵᠤ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠵᠤ᠂ ᠴᠠᠬᠢᠯᠭᠠᠨ ᠮᠠᠰᠢᠨ᠂ ᠴᠡᠨᠡᠭ᠂ ᠴᠠᠬᠢᠯᠭᠠᠨ ᠡᠵᠡᠮᠰᠢᠯ᠂ ᠰᠠᠯᠬᠢᠨ ᠬᠦᠴᠦᠨ ᠤ ᠮᠠᠰᠢᠨ ᠵᠡᠷᠭᠡ ᠢᠵᠢ ᠪᠦᠷᠢᠳᠦᠭᠰᠡᠨ ᠠᠵᠤ | ᠦᠢᠯᠡᠰ ᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠴᠢ ᠷᠦᠢ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠱᠠᠨ ᠾᠧ ᠠᠭᠤᠷᠬᠠᠢ ᠳᠤ | ᠬᠡᠷᠡᠭᠯᠡᠬᠦ ᠮᠠᠰᠢᠨ ᠮᠧᠬᠠᠨᠢᠭ ᠦᠢᠯᠡᠳᠬᠦ ᠵᠡᠷᠭᠡ ᠲᠥᠷᠥᠯ ᠵᠦᠢᠯ ᠤᠨ ᠠᠰᠢᠭᠯᠠᠯᠲᠠ ᠳᠤ ᠤᠷᠤᠵᠤ ᠦᠷ᠎ᠡ ᠠᠰᠢᠭ ᠤᠯᠬᠤ ᠶᠢ ᠠᠬᠢᠭᠤᠯᠣᠨ᠎ᠠ᠃ ᠡᠯᠧᠺᠲᠷᠤᠨ ᠮᠡᠳᠡᠭᠡ | ᠵᠠᠩᠭᠢ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠮᠠᠲ᠋ᠧᠷᠢᠶᠠᠯ ᠪᠣᠯᠤᠨ ᠠᠮᠢᠳᠤ ᠪᠣᠳᠠᠰ ᠤᠨ ᠡᠮ ᠦᠢᠯᠡᠳᠬᠦ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠰᠢᠨ᠎ᠡ ᠮᠠᠶ᠋ᠢᠭ ᠤᠨ ᠨᠡᠬᠦᠷᠡᠰᠦᠷᠦ᠋ᠷᠦᠭᠴᠢᠳᠤ ᠮᠠᠲ᠋ᠧᠷᠢᠶᠠᠯ᠂ ᠳᠡᠭᠡᠳᠦ ᠲᠠᠰ ᠤᠨ ᠬᠦᠩᠭᠡᠨᠴᠠᠭᠠᠨ ᠤ ᠬᠠᠶᠢᠯᠤᠰᠢ᠂ ᠣᠷᠴᠢᠨ ᠲᠣᠭᠤᠷᠢᠨ ᠢ | ᠬᠠᠮᠠᠭᠠᠯᠠᠬᠤ ᠪᠦᠳᠦᠭᠡᠭᠳᠡᠬᠦᠨ ᠢ ᠤᠶᠢᠯᠡᠳᠬᠦ᠂ ᠰᠢᠩᠭᠡᠨ ᠲᠠᠯᠠᠰᠲᠤ ᠦᠵᠡᠬᠦᠯᠦᠬᠦᠷ ᠵᠡᠷᠭᠡ ᠳᠡᠭᠡᠳᠤ ᠲᠤᠤᠷᠠᠳᠤ ᠤᠷᠤᠰᠬᠠᠯ ᠤᠨ ᠢᠵᠢ ᠪᠦᠷᠢᠳᠦᠬᠦᠯᠦᠭᠰᠡᠨ ᠠᠵᠤ | ᠦᠢᠯᠡᠰ ᠤᠨ ᠲᠥᠷᠥᠯ ᠵᠦᠢᠯ ᠢ ᠢᠳᠡᠪᠬᠢᠲᠡᠶ ᠪᠠᠷ ᠤᠷᠤᠭᠤᠯᠤᠨ᠂ ᠭᠡᠷᠡᠯ ᠴᠡᠨᠡᠭ ᠤᠨ ᠲᠣᠨᠣᠭᠯᠠᠯ᠂ ᠨᠠᠨᠤᠮᠧᠲᠷ ᠨᠡᠭᠦᠷᠡᠰᠦ ᠴᠠᠬᠢᠭᠤᠷ ᠤᠨ ᠨᠡᠶᠢᠯᠡᠮᠡᠯ ᠮᠠᠲ᠋ᠧᠷᠢᠶᠠᠯ᠂ | ᠤᠰᠤᠳᠦ᠋ᠷᠦᠭᠴᠢᠳᠤ ᠲᠦᠯᠡᠰᠢ ᠶᠢᠨ ᠴᠡᠨᠡᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠦᠨᠳᠦᠷ ᠪᠦᠲᠦᠮᠵᠢᠲᠡᠢ ᠬᠦᠭᠵᠢᠬᠦ ᠶᠢ ᠠᠬᠢᠭᠤᠯᠣᠨ᠎ᠠ᠃ ᠬᠡᠷᠡᠭᠯᠡᠭᠡ ᠶᠢᠨ ᠪᠠᠭᠲᠠᠭᠠᠮᠵᠢ | ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠰᠥᠨᠢ ᠶᠢᠨ ᠠᠵᠤ ᠠᠬᠤᠶ᠂ ᠠᠮᠠᠷᠠᠯᠲᠠ ᠶᠢᠨ ᠡᠳᠦᠷ ᠤᠨ ᠠᠵᠤ ᠠᠬᠤᠶ᠂ ᠪᠣᠬᠢᠷᠲᠤᠯ ᠦᠭᠡᠶ | ᠬᠡᠷᠡᠭᠯᠡᠭᠡ ᠶᠢ ᠶᠡᠬᠡᠪᠡᠷ ᠬᠦᠭᠵᠢᠭᠦᠯᠵᠦ᠂ ᠬᠤᠲᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠣᠨᠴᠠᠯᠢᠭᠲᠤ ᠬᠤᠳᠠᠯᠳᠤᠭᠠᠨ ᠤ ᠲᠣᠭᠤᠷᠢᠭ᠂ ᠠᠷᠠᠳ ᠲᠤ | ᠳᠥᠭᠦᠮ ᠦᠵᠡᠭᠦᠯᠬᠦ ᠬᠤᠳᠠᠯᠳᠤᠭᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠠᠷᠠᠯᠵᠢᠶ᠎ᠠ ᠬᠤᠳᠠᠯᠳᠣᠭᠠᠨ ᠤ ᠦᠢᠯᠡᠰ ᠤᠨ | ᠶᠠᠪᠠᠭᠠᠨ ᠵᠡᠭᠡᠯᠢ ᠶᠢ ᠳᠡᠰ ᠳᠡᠪᠰᠢᠭᠦᠯᠦᠨ ᠥᠭᠡᠷᠡᠴᠢᠯᠡᠬᠦ ᠵᠡᠷᠭᠡ 10 ᠠᠷᠠᠯᠵᠢᠶ᠎ᠠ ᠬᠤᠳᠠᠯᠳᠣᠭᠠᠨ ᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ᠃ ᠪᠥᠬᠦ | ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ | ᠳᠡᠭᠡᠭᠰᠢᠯᠡᠭᠦᠯᠵᠦ᠂ ᠤᠶᠤᠨᠴᠢ ᠰᠣᠶᠣᠯ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ ︽ᠭᠠᠷ ᠤᠳᠠᠰᠤ ᠪᠠᠷ ᠳ᠋ᠦᠩᠱᠧᠩ ᠢ ᠲᠤᠭᠤᠷᠢᠨ | ᠵᠤᠭᠠᠴᠠᠬᠤ︾ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ ᠢ ᠡᠬᠢᠯᠡᠭᠦᠯᠵᠦ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠡᠷᠡᠭᠦᠯᠵᠢᠯ ᠰᠤᠪᠢᠯᠠᠯᠳᠠ ᠶᠢᠨ | ᠵᠢᠭᠤᠯᠴᠢᠯᠠᠯ᠂ ᠠᠵᠤ ᠦᠶᠯᠡᠳᠪᠦᠷᠢ ᠶᠢᠨ ᠵᠢᠭᠤᠯᠴᠢᠯᠠᠯ ᠵᠡᠷᠭᠡ ᠵᠢᠭᠤᠯᠴᠢᠯᠠᠯ ᠤᠨ ᠲᠥᠷᠥᠯ ᠵᠦᠶᠯ ᠢ ᠬᠦᠭᠵᠢᠬᠦᠯᠦᠨ᠂ ᠲᠠᠯ᠎ᠠ ᠨᠤᠲᠤᠭ ᠤᠨ ᠮᠠᠩᠬᠠᠨ ᠠᠶᠠᠯᠭᠤ ᠶᠢᠨ | ᠵᠢᠵᠢᠭ ᠪᠠᠯᠭᠠᠰᠤ ᠵᠡᠷᠭᠡ 3 ᠰᠣᠶᠣᠯ ᠵᠢᠭᠤᠯᠴᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ | ᠰᠦᠯᠵᠢᠶᠡᠨ ᠳᠤ ᠨᠡᠷᠡᠲᠡᠢ ᠦᠵᠡᠮᠵᠢ ᠶᠢᠨ ᠭᠠᠵᠠᠷ ᠪᠠ ᠵᠢᠭᠤᠯᠴᠢᠯᠠᠯ ᠤᠨ ᠰᠢᠨ᠎ᠡ IP ᠶᠢ ᠪᠦᠲᠦᠭᠡᠨ ᠪᠠᠶᠢᠭᠤᠯᠵᠣ᠂ ᠦᠨᠳᠦᠷ ᠴᠢᠨᠠᠷ ᠳᠡᠰᠳᠤ ᠰᠣᠶᠣᠯ ᠵᠢᠭᠤᠯᠴᠢᠯᠠᠯ | ᠤᠨ ︽ᠪᠦᠳᠦᠭᠡᠭᠳᠡᠬᠦᠨ ᠤ ᠪᠤᠭᠤᠯᠳᠠ︾ ᠶᠢ ᠡᠬᠦᠳᠴᠤ᠂ ᠰᠣᠶᠣᠯ ᠵᠢᠭᠤᠯᠴᠢᠯᠠᠯ ᠤᠨ ᠪᠦᠳᠦᠭᠡᠭᠳᠡᠬᠦᠨ ᠤ ᠠᠭᠤᠰᠤᠯᠴᠠᠯ ᠪᠠ ᠡᠵᠡᠩᠨᠡᠯᠲᠡ ᠶᠢᠨ ᠬᠡᠯᠪᠡᠷᠢ ᠪᠠᠶᠢᠳᠠᠯ | ᠤᠨ ᠠᠭᠤᠰᠤᠯᠴᠠᠯ ᠢ ᠠᠬᠢᠭᠤᠯᠤᠨ᠎ᠠ᠃ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠪᠥᠲᠥᠭᠡᠨ ᠪᠠᠶᠢᠭᠤᠯᠬᠤ ᠳᠤ ᠰᠠᠭᠤᠷᠢᠯᠠᠨ᠂ ᠨᠠᠰᠤᠵᠢᠯ ᠤᠨ ᠠᠰᠠᠷᠠᠮᠵᠢ ᠶᠢ ᠠᠭᠤᠰᠤᠯᠴᠠᠭᠤᠯᠤᠨ ᠬᠥᠭᠵᠢᠭᠦᠯᠬᠦ ᠣᠶᠤᠨᠴᠢ ᠦᠶᠯᠡᠴᠢᠯᠡᠭᠡᠨ ᠤ ᠪᠠᠶᠢᠭᠤᠯᠤᠮᠵᠢ | ᠶᠢ 3 ᠠᠴᠠ ᠳᠡᠭᠡᠭᠰᠢ ᠪᠠᠶᠢᠭᠤᠯᠵᠤ᠂ ᠬᠡᠷ ᠪᠦᠯᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ | ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠤᠨ᠂ ︽15 ᠮᠢᠨᠦ᠋ᠲ ᠤᠨ | ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠣᠭᠤᠷᠢᠭ︾ ᠢ ᠪᠠᠶᠢᠭᠤᠯᠤᠨ᠎ᠠ᠃ ᠣᠳᠣ ᠦᠶ᠎ᠡ ᠶᠢᠨ ᠪᠤᠳᠠᠰ ᠤᠨ ᠬᠦᠢᠯᠭᠡᠭᠡ᠂ ᠣᠳᠣ ᠦᠶ᠎ᠡ ᠶᠢᠨ ᠮᠥᠩᠭᠦᠨ | ᠬᠦᠢᠯᠭᠡᠭᠡ᠂ ᠮᠡᠳᠡᠭᠡ ᠵᠠᠩᠭᠢ ᠶᠢᠨ ᠤᠶᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠨᠡᠭᠦᠷᠡᠰᠦ᠂ | ᠬᠢᠮᠢ ᠶᠢᠨ ᠠᠵᠤ ᠦᠢᠯᠡᠳᠪᠦᠷᠢ ᠵᠡᠷᠭᠡ ᠶᠡᠭᠡ ᠬᠡᠮᠵᠢᠶᠠᠨ ᠤ ᠡᠳ᠋ ᠪᠤᠳᠠᠰ ᠪᠣᠯᠤᠨ ᠬᠦᠢᠲᠡᠨ ᠬᠡᠯᠬᠢᠶᠡᠲᠦ ᠠᠮᠢᠳᠤᠷᠠᠯ ᠤᠨ ᠡᠳ᠋ ᠪᠤᠳᠠᠰ ᠵᠡᠷᠭᠡ ᠪᠤᠳᠠᠰ ᠤᠨ ᠭᠦᠢᠯᠭᠡᠭᠡᠨ | ᠤ ᠠᠵᠤ ᠠᠬᠤᠶᠢᠯᠠᠯ ᠢ ᠬᠦᠴᠦᠯᠡᠨ ᠤᠷᠤᠭᠤᠯᠵᠤ᠂ ᠸᠠᠨ ᠵᠢᠶ ᠣᠳᠣ ᠦᠶ᠎ᠡ ᠶᠢᠨ ᠪᠤᠳᠠᠰ ᠤᠨ ᠭᠦᠢᠯᠭᠡᠭᠡᠨ ᠤ ᠬᠦᠷᠢᠶᠡᠯᠡᠩ᠂ ᠬᠠᠩᠭᠠᠨ ᠪᠣᠷᠣᠯᠠᠭᠤᠯᠬᠤ ᠪᠤᠳᠠᠰ ᠤᠨ | ᠭᠦᠢᠯᠭᠡᠭᠡᠨ ᠤ ᠬᠦᠷᠢᠶᠡᠯᠡᠩ ᠪᠣᠯᠤᠨ ᠶᠡᠭᠡ ᠬᠡᠮᠵᠢᠶᠡᠨ ᠤ ᠪᠦᠷᠢᠨ ᠪᠠᠷᠠᠭ᠎ᠠ ᠶᠢ ᠲᠥᠪᠯᠡᠷᠡᠭᠦᠯᠦᠨ ᠲᠡᠭᠡᠭᠡᠪᠦᠷᠢᠯᠡᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠣ ᠦᠢᠯᠡᠰ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠭᠦᠯᠦᠨ᠎ᠡ᠃ | ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠲᠤ ᠡᠷᠬᠡ ᠣᠯᠭᠤᠵᠤ | ᠡᠷᠬᠡ ᠶᠢ ᠳᠣᠷᠣᠭᠰᠢ ᠪᠠᠭᠤᠯᠭᠠᠬᠤ ᠡᠷᠴᠢᠮ ᠢᠶᠠᠨ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠲᠥᠷᠥᠯ ᠵᠦᠶᠯ ᠢ ᠠᠳᠬᠤᠬᠤ᠂ ᠬᠥᠭᠵᠢᠯᠲᠡ ᠶᠢ ᠠᠳᠬᠤᠬᠤ | ᠢᠳᠡᠪᠬᠢᠵᠢᠯ ᠢ ᠭᠦᠶᠴᠡᠳ ᠬᠥᠭᠵᠢᠭᠡᠨ᠎ᠡ᠃ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ᠂ ᠢᠵᠢ ᠪᠦᠷᠢᠳᠦᠬᠦᠯᠦᠭᠰᠡᠨ ᠰᠠᠭᠤᠷᠢ ᠲᠦᠬᠦᠭᠡᠷᠦᠮᠵᠢ ᠪᠣᠯᠤᠨ ᠣᠯᠠᠨ | ᠨᠡᠶᠢᠲᠡ ᠶᠢᠨ ᠢᠵᠢ ᠪᠦᠷᠢᠳᠦᠬᠦᠯᠦᠭᠰᠡᠨ ᠦᠢᠯᠡᠴᠢᠯᠡᠭᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ | ᠳᠠᠭᠠᠭᠠᠬᠤ ᠴᠢᠳᠠᠪᠤᠷᠢ ᠶᠢ ᠲᠠᠰᠤᠷᠠᠯᠲᠠ ᠤᠢᠭᠡᠢ ᠲᠡᠭᠡᠭᠰᠢᠯᠡᠬᠦᠯᠦᠨ᠎ᠡ᠃ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ ᠦᠢᠯᠡᠰ ᠢ ᠪᠣᠶᠢᠵᠢᠭᠤᠯᠤᠨ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ︽ᠦᠬᠦᠰᠢᠷᠡᠮᠡᠯ ᠠᠵᠤ ᠠᠬᠤᠶᠢᠯᠠᠯ︾ ᠪᠠ ᠬᠤᠴᠤᠷᠤᠭᠳᠡᠩᠭᠤᠢ ᠦᠢᠯᠡᠳᠪᠤᠷᠢᠯᠡᠯ ᠤᠨ ᠴᠢᠳᠠᠪᠤᠷᠢ ᠶᠢ ᠡᠷᠡᠰ ᠰᠢᠭᠰᠢᠭᠳᠡᠭᠦᠯᠵᠦ᠂ | ᠨᠢᠭᠡᠴᠢ ᠲᠠᠯᠠᠪᠠᠢ ᠶᠢᠨ ᠪᠡᠯᠡ ᠣᠷᠣᠭᠤᠯᠤᠯᠲᠠ ᠶᠢᠨ ᠡᠷᠴᠢᠮ ᠪᠠ ᠮᠦ ᠪᠦᠷᠢ ᠶᠢᠨ ᠳᠤᠮᠳᠠᠴᠢ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠦᠨ᠎ᠡ᠃ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠪᠦᠰᠡᠴᠢᠯᠡᠭᠰᠡᠨ ᠦᠨᠡᠯᠡᠨ ᠵᠢᠱᠢᠵᠦ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂ ︽ᠪᠠᠷᠢᠮᠵᠢᠶᠠᠲᠤ ᠭᠠᠵᠠᠷ︾ | ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠥᠷᠥᠯ ᠵᠦᠢᠯ ᠢ ᠨᠡᠩ ᠰᠠᠶᠢᠨ ᠨᠡᠩ ᠲᠦᠷᠭᠡᠨ ᠢᠶᠠᠷ ᠣᠷᠣᠨᠵᠢᠭᠤᠯᠤᠨ ᠪᠦᠳᠦᠭᠡᠨ ᠪᠠᠶᠢᠭᠤᠯᠬᠤ ᠳᠤ ᠨᠥᠬᠦᠴᠡᠯ | ᠡᠭᠦᠳᠴᠦ ᠥᠭᠭᠦᠨ᠎ᠡ᠃ | ᠲᠥᠯᠥᠭᠡᠯᠡᠭᠴᠢᠳ ᠡ︕ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠣᠯᠤᠨ ᠠᠵᠤ ᠦᠶᠯᠡᠰ ᠤᠨ ᠬᠥᠭᠵᠢᠯᠲᠡ ᠪᠣᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠬᠥᠳᠡᠯᠭᠡᠭᠦᠷ ᠮᠥᠨ᠃ ᠪᠢᠳᠡ ᠠᠵᠤ ᠦᠶᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ | ᠂ ᠬᠡᠯᠬᠢᠶ᠎ᠡ ᠶᠢ ᠨᠥᠬᠦᠪᠥᠷᠢᠯᠡᠵᠦ ᠤᠷᠳᠤᠳᠬᠠᠨ ᠬᠦᠴᠦᠷᠬᠡᠭᠵᠢᠭᠦᠯᠬᠦ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ᠂ ᠬᠤᠷᠳᠤᠴᠠ᠂ ᠦᠷ᠎ᠡ ᠪᠦᠳᠦᠮᠵᠢ ᠶᠢ ᠳᠡᠭᠡᠭᠰᠢᠯᠡᠭᠦᠯᠬᠦ ᠶᠢ ᠤᠯᠠᠮ ᠴᠢᠨᠠᠭᠰᠢᠳᠠ ᠠᠬᠢᠭᠤᠯᠤᠨ᠂ ᠴᠢᠬᠤᠯᠠ ᠶᠡᠭᠡ ᠠᠵᠤ ᠦᠶᠯᠡᠰ | ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠯᠭᠠᠭᠤᠷᠢᠯᠠᠬᠤ ᠦᠶᠯᠡᠳᠦᠯ ᠪᠣᠯᠤᠨ ᠳᠠᠶᠢᠴᠢᠯᠠᠬᠤ ᠦᠶᠯᠡᠳᠦᠯ ᠢ ᠲᠠᠰᠤᠷᠠᠯᠲᠠ ᠥᠬᠡᠶ ᠪᠠᠳᠠᠷᠠᠭᠤᠯᠵᠤ᠂ | ᠲᠦᠷᠦᠯ ᠵᠦᠢᠯ ᠢ ᠠᠳᠬᠤᠭᠰᠠᠨ ᠬᠦᠴᠦᠲᠡᠢ ᠦᠷ᠎ᠡ ᠪᠦᠲᠦᠮᠵᠢ ᠪᠠᠷ ᠠᠵᠣ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ᠃ | ︵ᠬᠤᠶᠠᠷ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠨᠡᠮᠡᠭᠳᠡᠯ ᠤᠨ ᠳᠠᠯᠳᠠ ᠬᠦᠴᠦᠨ ᠢ ᠬᠦᠭᠵᠢᠭᠡᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠬᠦᠯᠵᠢᠯᠡᠨ ᠪᠠᠳᠠᠷᠠᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠭᠡᠬᠦᠷ ᠪᠤᠯᠭᠠᠬᠤ ᠶᠢ ᠴᠢᠩᠭᠠᠳᠬᠠᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠭᠵᠢᠬᠦᠯᠦᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠭᠦᠷᠡᠰᠦ ᠶᠢ ᠴᠡᠪᠡᠷ ᠮᠦᠷᠳᠡᠭᠡᠨ | ᠥᠨᠳᠥᠷ ᠪᠦᠲᠦᠮᠵᠢᠲᠡᠶ ᠪᠠᠷ ᠠᠰᠢᠭᠯᠠᠬᠤ᠂ ᠲᠤᠨᠤᠭᠯᠠᠯ ᠦᠶᠯᠡᠳᠬᠦ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶ᠎ᠡ | ᠴᠠᠷ᠎ᠠ ᠶᠢᠨ ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠦᠭᠡ ᠶᠢᠨ ᠬᠠᠮᠲᠤᠷᠠᠯᠴᠠᠭ᠎ᠠ ᠶᠢ | ᠬᠦᠨᠵᠡᠭᠡᠶᠢᠷᠡᠬᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠲᠦᠷᠭᠡᠳᠬᠡᠨ᠎ᠡ᠃ | ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠪᠠᠳᠤᠯᠭᠠᠳᠤ ᠨᠡᠮᠡᠭᠳᠡᠯ ᠤᠨ ᠲᠤᠭᠳᠠᠯᠴᠠᠭ᠎ᠠ ᠪᠠ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ | ᠴᠣᠭᠴᠠ ᠶᠢᠨ ᠦᠶᠯᠡᠳᠦᠯ ᠢ ᠪᠠᠳᠠᠷᠠᠭᠤᠯᠤᠨ᠂ ︽ᠤᠶᠢᠯᠡᠰ ᠪᠦᠳᠦᠭᠡᠵᠤ ᠰᠢᠨ᠎ᠡ ᠶᠢ ᠡᠭᠦᠳᠬᠦ ᠰᠠᠭᠤᠷᠢᠨ ᠭᠠᠵᠠᠷ︾᠂ ᠨᠡᠪᠴᠢᠭᠦᠯᠬᠦ ᠬᠦᠷᠢᠶᠡᠯᠡᠩ ᠵᠡᠷᠭᠡ ᠰᠢᠨ᠎ᠡ ᠶᠢ | ᠡᠭᠦᠳᠦᠨ ᠤᠶᠢᠯᠡᠰ ᠪᠦᠳᠦᠭᠡᠬᠦ ᠠᠴᠢᠶᠠᠯᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠂ ᠮᠧᠩ ᠲᠠᠢ ᠰᠢᠨ᠎ᠡ ᠡᠨᠧᠷᠭᠢ ᠪᠠ ᠳᠡᠭᠡᠳᠦ ᠮᠡᠷᠭᠡᠵᠢᠯ ᠤᠨ ᠠᠵᠤ ᠦᠶᠯᠡᠰ ᠤᠨ | ᠰᠤᠳᠤᠯᠤᠨ ᠨᠡᠭᠡᠭᠡᠬᠦ ᠲᠥᠪ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠪᠣᠶᠢᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠵᠢᠯ ᠤᠨ ᠳᠣᠲᠣᠷ᠎ᠠ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ 3 ᠠᠴᠠ ᠳᠡᠭᠡᠭᠰᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ 2 ᠠᠴᠠ | ᠳᠡᠭᠡᠭᠰᠢ ᠮᠡᠳᠡᠭᠦᠯᠦᠨ᠎ᠡ᠃ ᠣᠨ ᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠵᠤ᠂ ᠴᠢᠳᠠᠪᠤᠷᠢᠲᠠᠨ ᠢ ᠤᠶᠠᠨ ᠬᠠᠲᠠᠨ | ᠢᠶᠠᠷ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠴᠢᠳᠠᠪᠤᠷᠢᠲᠠᠨ ᠤ ᠰᠢᠨ᠎ᠡ ᠶᠢ ᠡᠭᠦᠳᠦᠨ | ᠤᠶᠢᠯᠡᠰ ᠪᠦᠳᠦᠭᠡᠬᠦ ᠦᠶᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠢ ᠤᠷᠢᠨ ᠠᠪᠴᠢᠷᠠᠵᠤ᠂ ᠰᠠᠶᠢᠳᠤᠷ ᠠᠵᠢᠯᠯᠠᠭᠤᠯᠤᠨ᠂ | ᠦᠯᠡᠳᠡᠭᠡᠵᠦ ᠳᠡᠶᠢᠯᠬᠦ ᠶᠢ ᠦᠨᠡᠨ ᠬᠦ ᠪᠠᠲᠤᠯᠠᠨ᠎ᠠ᠃ | ᠭᠤᠣᠯᠳᠠᠯᠭ᠎ᠠ ᠲᠠᠢ ᠬᠦᠷᠢᠶ᠎ᠡ ᠴᠠᠷᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠤᠰ | ᠤᠨ ᠦᠮᠴᠢᠯᠡᠯᠳᠦ ᠠᠵᠤ ᠠᠬᠤᠶᠢᠯᠠᠯ ᠤᠨ ᠡᠳ᠋ ᠬᠦᠷᠦᠩᠭᠡ ᠪᠠᠨ ᠦᠨᠡᠲᠦ ᠲᠡᠮᠳᠡᠭᠴᠢᠯᠡᠬᠦ ᠪᠠ ᠠᠪᠴᠠᠭᠠᠨ ᠤ ᠡᠷᠬᠡ ᠶᠢ ᠬᠠᠤᠯᠢᠵᠢᠭᠤᠯᠤᠨ ᠰᠲ᠋ᠣᠺ ᠤᠨ ᠡᠷᠬᠡ ᠪᠣᠯᠭᠠᠨ | ᠬᠤᠪᠢᠷᠠᠭᠤᠯᠬᠤ᠂ ᠵᠢᠭᠡᠯᠡᠯᠭᠡ ᠶᠢ ᠰᠲ᠋ᠣᠺ ᠤᠨ ᠡᠷᠬᠡ ᠪᠣᠯᠭᠠᠨ ᠬᠤᠪᠢᠷᠠᠭᠤᠯᠬᠤ ᠶᠢ ᠲᠡᠮᠵᠢᠨ᠎ᠡ᠃ ᠰᠤᠷᠭᠠᠨ ᠬᠥᠮᠦᠵᠢᠯ ᠤᠨ ᠬᠦᠷᠢᠶ᠎ᠡ ᠴᠠᠷᠠᠨ ᠤ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠰᠢᠯᠢᠳᠡᠭ ᠪᠠᠭᠰᠢ ᠶᠢ | ᠰᠤᠷᠭᠠᠭᠤᠯᠢ ᠶᠢᠨ ᠬᠤᠭᠤᠷᠣᠨᠳᠣ ᠵᠣᠬᠢᠰᠲᠠᠶ ᠪᠠᠷ ᠰᠢᠯᠵᠢᠬᠦᠯᠬᠦ ᠶᠢ ᠬᠥᠲᠥᠯᠥᠨ ᠵᠢᠯᠣᠭᠤᠳᠤᠨ᠎ᠠ᠃ ᠭᠤᠣᠯ ᠬᠤᠲᠠ ᠲᠣᠭᠤᠷᠢᠭ ᠤᠨ ᠤᠰᠤ ᠬᠠᠩᠭᠠᠬᠤ ᠶᠢ ᠨᠢᠭᠡ | ᠴᠣᠭᠴᠠᠵᠢᠭᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠤ ᠢᠳᠡᠪᠬᠢᠲᠡᠢ ᠣᠷᠣᠯᠴᠠᠵᠤ᠂ ᠡᠬᠢ ᠰᠤᠷᠪᠤᠯᠵᠢ ᠲᠣᠣᠷ ᠢ ᠰᠠᠯᠭᠠᠬᠤ ᠪᠠ ᠢᠯᠴᠢ ᠬᠠᠩᠭᠠᠬᠤ | ᠬᠤᠭᠤᠯᠠᠢ ᠲᠣᠣᠷ ᠢ ᠬᠤᠯᠪᠣᠨ ᠨᠡᠪᠲᠡᠷᠡᠭᠦᠯᠬᠦ ᠢᠨᠵᠧᠨᠧᠷᠢᠩ ᠢ ᠡᠮᠬᠢ ᠵᠢᠷᠤᠮ ᠲᠠᠢ ᠬᠡᠷᠡᠭᠵᠢᠭᠦᠯᠵᠦ᠂ ᠤᠰᠤ ᠬᠠᠩᠭᠠᠬᠤ ᠢᠯᠴᠢ ᠬᠠᠩᠭᠠᠬᠤ ᠪᠠᠲᠤᠯᠠᠭ᠎ᠠ ᠶᠢᠨ | ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠶᠢ ᠲᠠᠰᠤᠷᠠᠯᠲᠠ ᠤᠢᠭᠡᠢ ᠭᠦᠨᠵᠡᠭᠡᠶᠢᠷᠡᠭᠦᠯᠦᠨ᠂ ᠵᠠᠮ ᠤᠨ | ᠳᠠᠷᠤᠭ᠎ᠠ ᠶᠢᠨ ᠳᠦᠷᠢᠮ᠂ ᠣᠶ ᠶᠢᠨ ᠳᠠᠷᠤᠭ᠎ᠠ ᠶᠢᠨ ᠳᠦᠷᠢᠮ᠂ ᠡᠪᠡᠰᠦᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠵᠠᠷ ᠰᠢᠷᠣᠶ ᠪᠣᠯᠤᠨ | ᠣᠷᠣᠨ ᠰᠠᠭᠤᠴᠠ ᠶᠢᠨ ᠰᠠᠭᠤᠷᠢ ᠭᠠᠵᠠᠷ ᠢ ᠡᠷᠭᠢᠯᠳᠦᠭᠦᠯᠬᠦ ᠦᠢᠯᠡᠴᠢᠯᠡᠭᠡᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠰᠤᠯᠠ ᠪᠠᠶᠢᠭ᠎ᠠ | ᠭᠠᠵᠠᠷ ᠰᠢᠷᠣᠶ ᠶᠢᠨ ᠡᠬᠢ ᠪᠠᠶᠠᠯᠢᠭ ᠢ ᠠᠮᠢᠳᠤᠯᠢᠭᠵᠢᠭᠤᠯᠤᠨ᠂ ᠨᠡᠩ ᠣᠯᠠᠨ ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ ᠬᠥᠳᠡᠭᠡ ᠲᠣᠰᠬᠤᠨ᠂ ᠲᠠᠷᠢᠶᠠᠴᠢᠳ | ᠲᠤ ᠦᠯᠡᠳᠡᠭᠡᠵᠦ ᠦᠭᠬᠦᠨ᠎ᠡ᠃ | ᠭᠦᠨ ᠳᠠᠪᠬᠤᠷᠭ᠎ᠠ ᠶᠢᠨ ᠴᠢᠯᠦᠭᠡᠳᠠᠢ ᠶᠠᠪᠤᠯᠴᠠᠨ ᠬᠠᠮᠳᠤᠷᠠᠨ ᠠᠵᠢᠯᠯᠠᠬᠤ ᠶᠢ ᠴᠢᠩᠭᠠᠳᠬᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠠᠲᠤᠨ ᠭᠤᠤᠯ ᠤᠨ ︽ᠵᠢᠢ︾ | ᠥᠰᠥᠭ ᠤᠨ ᠬᠤᠲᠠ ᠶᠢᠨ ᠲᠣᠭᠤᠷᠢᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠪᠠ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠬᠠᠮᠵᠢᠯᠴᠠᠨ ᠬᠥᠭᠵᠢᠬᠦ ᠳᠤ ᠤᠷᠤᠯᠴᠠᠨ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ ᠵᠡᠷᠭᠡ ᠣᠷᠣᠨ ᠪᠦᠰᠡ ᠯᠦᠭᠡ ᠠᠪᠤᠴᠠᠯᠳᠤᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠶᠯᠡᠰ ᠤᠨ ᠱᠠᠲᠤᠯᠢᠭ ᠢᠶᠠᠷ ᠰᠢᠯᠵᠢᠬᠦ ᠲᠥᠷᠥᠯ | ᠵᠦᠶᠯ ᠢ ᠢᠳᠡᠪᠬᠢᠲᠡᠶ ᠳᠤᠰᠤᠨ ᠠᠪᠤᠨ᠎ᠠ᠃ ᠬᠦᠷᠢᠶᠡᠯᠡᠩ ᠲᠣᠭᠤᠷᠢᠭ ᠤᠨ ᠰᠦᠷᠦᠭᠵᠢᠯ ᠬᠦᠭᠵᠢᠯᠲᠡ ᠶᠢᠨ ᠲᠣᠭᠤᠷᠢᠨ ᠳᠤ ᠨᠠᠷᠢᠯᠢᠭ ᠣᠨᠣᠪᠴᠢᠲᠠᠢ ᠪᠠᠷ | ᠬᠤᠳᠠᠯᠳᠤᠭᠠᠴᠢᠨ ᠤᠷᠢᠬᠤ ᠶᠢ ᠵᠤᠷᠢᠭᠵᠢᠭᠤᠯᠤᠨ᠂ ᠵᠢᠯ ᠤᠨ ᠳᠣᠲᠣᠷ᠎ᠠ 300 ᠠᠴᠠ ᠳᠡᠭᠡᠭᠰᠢ ᠲᠥᠷᠦᠯ ᠵᠦᠢᠯ ᠢ ᠣᠷᠣᠭᠤᠯᠵᠤ᠂ ᠵᠥᠪᠳᠡᠯᠴᠡᠬᠡᠷ ᠤᠨ ᠶᠡᠷᠦᠩᠬᠡᠢ | ᠪᠡᠯᠡ ᠣᠷᠣᠭᠤᠯᠤᠯᠲᠠ ᠶᠢ 500 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ ᠢ | ᠰᠠᠶᠢᠲᠤᠷ ᠠᠰᠢᠭᠯᠠᠨ᠂ ᠳᠤᠮᠳᠠᠳᠤ ᠣᠷᠣᠰ ᠮᠣᠩᠭᠤᠯ ᠤᠯᠤᠰ ᠤᠨ ᠠᠵᠤ ᠠᠬᠤᠶ ᠠᠷᠠᠯᠵᠢᠶᠠᠨ ᠤ ᠵᠥᠪᠳᠡᠯᠴᠡᠬᠡᠷ ᠵᠢᠴᠢ ᠲᠠᠸᠠᠷ ᠤᠨ ᠳᠡᠯᠭᠡᠨ ᠪᠣᠷᠣᠯᠠᠭᠤᠯᠬᠤ | ᠴᠤᠭᠯᠠᠭᠠᠨ ᠵᠡᠷᠭᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠦᠵᠡᠰᠬᠦᠯᠡᠩ ᠳᠤ ᠣᠷᠣᠯᠴᠠᠵᠤ᠂ ᠪᠣᠭᠤᠮᠲᠠ ᠳᠠᠮᠵᠢᠬᠤ ᠠᠷᠠᠯᠵᠢᠶ᠎ᠠ | ᠶᠢ ᠰᠦᠪᠡᠭᠴᠢᠯᠡᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠶᠡᠬᠡᠪᠡᠷ ᠬᠥᠭᠵᠢᠭᠦᠯᠦᠨ᠂ ᠠᠵᠤ ᠠᠬᠤᠶᠢᠯᠠᠯ ᠢ ᠢᠳᠡᠪᠬᠢᠲᠡᠶ ᠪᠠᠷ | ᠬᠠᠪᠰᠤᠷᠤᠨ ︽ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠫᠠᠰᠫᠣᠷᠲ︾ ᠢ ᠭᠤᠶᠤᠴᠢᠯᠠᠨ ᠭᠦᠢᠴᠡᠳᠬᠡᠵᠤ᠂ ᠢᠮᠠᠭᠠᠨ ᠨᠣᠯᠤᠤᠷ᠂ ᠰᠢᠩᠭᠡᠨ ᠲᠠᠯᠠᠰᠲᠤ ᠳᠡᠯᠭᠡᠴᠡ᠂ | ᠮᠠᠰᠢᠨ ᠲᠡᠷᠭᠡ ᠵᠡᠷᠭᠡ ᠦᠶᠯᠡᠳᠬᠦᠨ ᠤ ᠭᠠᠳᠠᠭᠠᠳᠤ ᠳᠤ ᠭᠠᠷᠭᠠᠵᠤ ᠪᠣᠷᠣᠯᠠᠭᠤᠯᠬᠤ ᠬᠡᠮᠵᠢᠶ᠎ᠡ ᠶᠢ ᠴᠢᠷᠮᠠᠶᠢᠨ ᠨᠡᠮᠡᠭᠳᠡᠭᠦᠯᠦᠨ᠎ᠡ᠃ | ᠲᠥᠯᠥᠭᠡᠯᠡᠭᠴᠢᠳ ᠡ︕ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠳᠡᠯᠭᠡᠬᠦ | ᠬᠦᠴᠦᠨ ᠤ ᠡᠬᠢ ᠪᠤᠯᠠᠭ ᠮᠥᠨ᠃ ᠪᠢᠳᠡ ᠦᠵᠡᠯ ᠰᠠᠨᠠᠭ᠎ᠠ ᠣᠶᠢᠯᠠᠭᠠᠭᠳᠠᠬᠤᠨ ᠪᠣᠯᠤᠨ ᠪᠠᠶᠢᠭᠤᠯᠤᠯ ᠲᠤᠭᠳᠠᠴᠠ ᠶᠢᠨ ᠬᠠᠷᠰᠢ ᠰᠠᠭᠠᠳ ᠢ ᠡᠷᠡᠰ ᠡᠪᠳᠡᠵᠦ᠂ | ᠥᠭᠡᠷᠡᠴᠢᠯᠡᠯᠲᠡ ᠬᠢᠵᠤ ᠰᠢᠨ᠎ᠡ ᠶᠢ ᠡᠭᠦᠳᠬᠦ ᠡᠨᠡ ᠬᠦ ᠰᠢᠳᠢᠲᠦ ᠡᠷᠳᠡᠨᠢ ᠶᠢ ᠬᠡᠷᠡᠭᠯᠡᠨ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠡᠷᠡᠰ ᠰᠢᠭᠤᠷᠬᠠᠢ ᠪᠠᠷ | ᠦᠭᠡᠷᠡᠴᠢᠯᠡᠯᠲᠡ ᠬᠢᠨ᠂ ᠡᠷᠡᠯᠭᠡᠭ ᠢᠶᠠᠷ ᠰᠢᠪᠲᠤᠯᠤᠯᠲᠠ ᠬᠢᠵᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠪᠣᠯᠤᠨ ᠴᠢᠨᠠᠷ ᠰᠠᠶᠢᠲᠠᠢ ᠬᠥᠭᠵᠢᠯᠲᠡ | ᠳᠤ ᠰᠢᠨ᠎ᠡ ᠬᠥᠳᠡᠯᠭᠡᠬᠦ ᠬᠦᠴᠦᠨ ᠪᠣᠯᠤᠨ ᠠᠮᠢᠵᠢᠷᠠᠯ ᠤᠨ ᠬᠦᠴᠦᠨ ᠢ ᠴᠢᠷᠮᠠᠶᠢᠨ ᠨᠡᠮᠡᠷᠢᠯᠡᠶ᠎ᠡ᠃ | ︵ᠭᠤᠷᠪᠠ︶ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ | ᠰᠠᠶᠢᠲᠤᠷ ᠬᠢᠵᠦ᠂ ᠰᠢᠨ᠎ᠡ ᠬᠥᠭᠵᠢᠯᠲᠡ ᠶᠢᠨ ᠪᠠᠶᠢᠳᠠᠯ ᠳᠤ ᠠᠭᠤᠰᠤᠯᠴᠠᠬᠤ ᠳᠤ ᠬᠦᠴᠦᠨ ᠨᠡᠮᠡᠷᠢᠯᠡᠨ᠎ᠡ᠃ | ᠵᠠᠰᠠᠭ ᠤᠨ ᠶᠠᠪᠤᠳᠠᠯ ᠤᠨ ᠰᠢᠯᠢᠳᠡᠭ ᠣᠷᠴᠢᠨ ᠲᠣᠭᠤᠷᠢᠨ ᠢ ᠬᠦᠴᠦᠯᠡᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠠᠭ ᠤᠨ ᠬᠢᠵᠠᠭᠠᠷ᠂ ᠭᠤᠭᠴᠤᠭ᠎ᠠ᠂ ᠮᠠᠲ᠋ᠧᠷᠢᠶᠠᠯ ᠢ ᠪᠠᠭᠠᠰᠬᠠᠨ᠂ ᠵᠠᠷᠤᠳᠠᠯ ᠢ ᠪᠠᠭᠤᠷᠠᠭᠤᠯᠬᠤ ᠲᠠᠯ᠎ᠠ ᠪᠠᠷ | ᠰᠢᠪᠲᠤᠯᠤᠯᠲᠠ ᠲᠠᠢ ᠪᠤᠯᠭᠠᠬᠤ ᠪᠠᠷ ᠴᠢᠷᠮᠠᠶᠢᠨ᠎ᠠ᠃ ︽ᠭᠤᠷᠪᠠ ᠶᠢ ᠲᠥᠪᠯᠡᠷᠡᠭᠦᠯᠵᠦ ᠭᠤᠷᠪᠠ ᠶᠢ ᠤᠷᠤᠨᠵᠢᠭᠤᠯᠬᠤ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢᠨ | ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠴᠤᠪᠤᠷᠠᠯ ᠢ ᠳᠠᠬᠢᠨ ᠵᠣᠬᠢᠶᠠᠬᠤ᠂ ᠰᠢᠰᠲ᠋ᠧᠮ ᠢ ᠲᠥᠪᠯᠡᠷᠡᠭᠦᠯᠬᠦ᠂ ᠡᠭᠦᠷᠭᠡ ᠴᠢᠳᠠᠪᠤᠷᠢ ᠶᠢ ᠨᠡᠶᠢᠯᠡᠭᠦᠯᠬᠦ ᠶᠢ | ᠰᠢᠯᠢᠳᠡᠭᠵᠢᠭᠦᠯᠵᠦ᠂ ︽ᠨᠢᠭᠡ ᠯᠡ ᠬᠦᠰᠦᠨᠦᠭᠲᠦ ᠶᠢᠨ ᠲᠦᠷᠢᠮ︾ ︽ᠨᠢᠭᠡ ᠴᠤᠩᠬᠤᠪᠴᠢ ᠶᠢᠨ ᠲᠦᠷᠢᠮ︾ ︽ᠨᠢᠭᠡ ᠯᠡ ᠤᠳᠠᠭ᠎ᠠ ᠳᠤ ᠭᠦᠶᠴᠡᠳᠬᠡᠬᠦ︾ ︽ᠲᠠᠨ | ᠢ ᠬᠠᠪᠰᠤᠷᠤᠨ ᠭᠦᠶᠴᠡᠳᠬᠡᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠨ᠂ ᠵᠡᠷᠭᠡᠴᠡᠬᠦᠯᠦᠨ ᠬᠤᠯᠪᠤᠭᠠᠯᠠᠨ ᠬᠢᠨᠠᠨ ᠵᠥᠪᠰᠢᠶᠡᠷᠡᠬᠦ᠂ ᠲᠤᠳᠠᠭᠤ ᠵᠦᠢᠯ ᠢ ᠪᠠᠭᠲᠠᠭᠠᠵᠤ | ᠭᠥᠯᠢᠶᠡᠨ ᠠᠪᠴᠤ ᠬᠢᠨᠠᠨ ᠵᠥᠪᠰᠢᠶᠡᠷᠡᠬᠦ᠂ ᠮᠡᠳᠡᠭᠳᠡᠨ ᠠᠮᠠᠯᠠᠯᠲᠠ ᠬᠢᠵᠦ ᠬᠢᠨᠠᠨ ᠵᠦᠪᠰᠢᠶᠡᠷᠡᠬᠦ ᠶᠢ ᠰᠢᠯᠢᠳᠡᠭᠵᠢᠬᠦᠯᠵᠦ᠂ ︽ᠨᠢᠭᠡ ᠯᠡ ᠲᠠᠮᠠᠭ᠎ᠠ ᠪᠠᠷ ᠬᠢᠨᠠᠨ | ᠵᠥᠪᠰᠢᠶᠡᠷᠡᠬᠦ ᠶᠢ ᠬᠠᠮᠢᠶᠠᠷᠬᠤ︾ ᠶᠢ ᠪᠡᠶᠡᠯᠡᠭᠦᠯᠬᠦ ᠶᠢ ᠠᠬᠢᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠤᠰᠤ᠂ ᠴᠠᠬᠢᠯᠭᠠᠨ᠂ ᠬᠡᠢ ᠬᠡᠷᠡᠭᠯᠡᠬᠦ ᠳᠤ ᠳᠥᠭᠦᠮ ᠦᠵᠡᠭᠦᠯᠬᠦ ᠬᠡᠮᠵᠢᠶ᠎ᠡ ᠶᠢ ᠲᠠᠰᠤᠷᠠᠯᠲᠠ ᠤᠢᠭᠡᠢ | ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠠᠷᠠᠯᠵᠢᠶ᠎ᠠ ᠬᠤᠳᠠᠯᠳᠤᠭ᠎ᠠ ᠪᠣᠯᠤᠨ ᠰᠠᠭᠤᠭᠠᠯᠢ ᠠᠷᠠᠳ ᠤᠨ ᠠᠵᠢᠯ ᠠᠮᠢᠳᠤᠷᠠᠯ ᠳᠤ ᠳᠥᠭᠦᠮ | ᠦᠵᠡᠭᠦᠯᠬᠦ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ | ᠨᠡᠩ ᠥᠨᠳᠥᠷ ᠲᠦᠪᠰᠢᠨ ᠪᠦᠬᠦᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠪᠣᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠶᠢ ᠨᠠᠩ ᠲᠣᠪᠣᠶᠢᠮ᠎ᠠ ᠪᠠᠶᠢᠷᠢᠨ ᠳᠤ | ᠲᠠᠯᠪᠢᠬᠤ ᠶᠢ ᠪᠠᠷᠢᠮᠲᠠᠯᠠᠨ᠂ ᠠᠵᠤ ᠠᠬᠤᠶᠢᠯᠠᠯ ᠤᠨ ᠪᠠᠯᠠ ᠴᠤᠭᠯᠠᠭᠤᠯᠬᠤ᠂ ᠠᠵᠢᠯᠴᠢᠨ ᠬᠡᠷᠡᠭᠯᠡᠬᠦ᠂ ᠪᠤᠳᠠᠰ ᠤᠨ ᠭᠦᠶᠯᠭᠡᠭᠡᠨ ᠤ ᠥᠪᠡᠷ ᠤᠨ ᠥᠷᠲᠡᠭ ᠢ | ᠪᠠᠭᠤᠷᠠᠭᠤᠯᠵᠤ᠂ ᠤᠰᠤ ᠴᠠᠬᠢᠯᠭᠠᠨ ᠰᠢᠲᠠᠮᠠᠬᠠᠶ ᠬᠡᠶ ᠳᠣᠯᠠᠭᠠᠯᠭ᠎ᠠ ᠵᠡᠷᠭᠡ ᠬᠦᠴᠦᠨ ᠵᠦᠶᠯ ᠤᠨ ᠪᠠᠲᠤᠯᠠᠭ᠎ᠠ ᠶᠢᠨ ᠦᠶᠯᠡᠴᠢᠯᠡᠭᠡ ᠶᠢ ᠰᠠᠶᠢᠲᠤᠷ ᠬᠢᠨ᠎ᠠ᠃ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠤᠨ ᠡᠵᠡᠩᠨᠡᠯᠲᠡ | ᠶᠢᠨ ᠠᠵᠤ ᠠᠬᠤᠶᠢᠯᠠᠯ ᠤᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠡᠵᠡᠩᠨᠡᠯᠲᠡ ᠳᠤ ᠡᠷᠬᠡ ᠲᠡᠭᠰᠢ ᠪᠠᠷ ᠣᠷᠣᠯᠴᠠᠬᠤ ᠶᠢ | ᠳᠡᠮᠵᠢᠨ᠎ᠡ᠃ ᠵᠠᠰᠠᠭ ᠪᠠᠩᠬᠢ ᠠᠵᠤ ᠠᠬᠤᠶᠢᠯᠠᠯ ᠬᠠᠮᠵᠢᠯᠴᠠᠬᠤ᠂ ︽ᠮᠥᠩᠭᠦᠨ ᠭᠦᠢᠯᠭᠡᠭᠡᠨ ᠤ ᠬᠠᠮ ᠳᠡᠯᠭᠡᠭᠦᠷ︾ ᠢ ᠬᠥᠭᠵᠢᠭᠦᠯᠬᠦ᠂ ᠦᠢᠯᠡᠳᠪᠦᠷᠢᠯᠡᠯ ᠬᠠᠩᠭᠠᠯᠭ᠎ᠠ | ᠪᠣᠷᠣᠯᠠᠭᠤᠯᠭ᠎ᠠ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠠᠪᠴᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠪᠡᠯᠡ ᠴᠤᠭᠯᠠᠭᠤᠯᠬᠤ ᠳᠤ ᠬᠦᠴᠢᠷ 》᠂ ︽ᠪᠣᠷᠣᠯᠠᠭᠤᠯᠬᠤ ᠳᠤ ᠬᠦᠴᠢᠷ︾᠂ ︽ᠤᠴᠢᠷ ᠶᠠᠪᠤᠳᠠᠯ | ᠰᠢᠢᠳᠪᠦᠷᠢᠯᠡᠬᠦ ᠳᠤ ᠬᠦᠴᠢᠷ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ︽ᠰᠢᠯᠢᠳᠡᠭ︾ ᠢᠶᠠᠷ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ︽ᠠᠮᠢᠵᠢᠷᠠᠯ︾ ᠢ ᠦᠨᠡᠨ ᠬᠦ ᠠᠬᠢᠭᠤᠯᠵᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ︽ᠨᠡᠮᠡᠭᠳᠡᠯ︾ ᠢ | ᠲᠠᠶᠢᠴᠢᠯᠠᠨ᠎ᠠ᠃ | ᠨᠡᠩ ᠡᠷᠬᠡ ᠲᠡᠭᠰᠢ ᠬᠠᠣᠯᠢᠵᠢᠯ ᠤᠨ ᠣᠷᠴᠢᠨ ᠠᠬᠤᠢ ᠶᠢ ᠬᠦᠴᠦᠯᠡᠨ ᠪᠠᠶᠢᠭᠤᠯᠣᠨ᠎ᠠ᠃ ︽ᠲᠡᠦᠬᠡ ᠶᠢ ᠬᠦᠨᠳᠦᠳᠬᠡᠬᠦ᠂ ᠪᠣᠳᠠᠲᠤ ᠪᠠᠶᠢᠳᠠᠯ ᠢ ᠬᠠᠮᠲᠤ ᠳᠤᠨᠢ | ᠬᠠᠷᠠᠭᠠᠯᠵᠠᠬᠤ᠂ ᠬᠠᠤᠯᠢ ᠴᠠᠭᠠᠵᠠ ᠲᠦᠷᠢᠮ ᠲᠣᠭᠲᠠᠭᠠᠯ ᠢ ᠵᠢᠷᠤᠮᠯᠠᠬᠤ︾ ᠵᠠᠷᠴᠢᠮ ᠶᠣᠰᠣᠭᠠᠷ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠲᠤᠰᠬᠠᠶ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠰᠠᠶᠢᠲᠤᠷ | ᠠᠳᠬᠤᠵᠤ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠳᠤ ᠬᠤᠯᠪᠣᠭᠳᠠᠬᠤ ᠲᠡᠦᠬᠡᠨ ᠦᠯᠡᠳᠡᠭᠳᠡᠯ ᠠᠰᠠᠭᠤᠳᠠᠯ ᠢ ᠪᠥᠬᠦ ᠲᠠᠯ᠎ᠠ ᠪᠠᠷ ᠰᠢᠶᠳᠪᠦᠷᠢᠯᠡᠬᠦ ᠶᠢ | ᠠᠬᠢᠭᠤᠯᠤᠨ᠎ᠠ᠃ ᠠᠵᠤ ᠠᠬᠤᠶᠢᠯᠠᠯ ᠤᠨ ᠡᠵᠡᠩᠨᠡᠯᠲᠡ ᠦᠶᠯᠡᠴᠢᠯᠡᠭᠡᠨ ᠤ ᠴᠢᠨᠠᠷᠲᠠᠶ ᠰᠦᠶᠳᠬᠡᠯ ᠬᠤᠷᠢᠶᠠᠬᠤ ᠳᠤ ᠬᠤᠯᠪᠣᠭᠳᠠᠭᠰᠠᠨ ᠭᠠᠷᠴᠠᠭ ᠤᠨ ᠨᠠᠷᠢᠨ | ᠬᠠᠭᠤᠳᠠᠰᠤ ᠪᠠ ᠲᠥᠪᠯᠡᠷᠡᠭᠦᠯᠦᠨ ᠢᠯᠡ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠠᠷᠢᠨ ᠲᠡᠩᠰᠡ ᠠᠴᠠ ᠭᠠᠳᠠᠨ᠎ᠠ ᠰᠦᠶᠳᠬᠡᠯ ᠬᠤᠷᠢᠶᠠᠬᠤ ᠵᠦᠶᠯ | ᠥᠬᠡᠶ ᠪᠣᠯᠭᠠᠬᠤ ᠶᠢ ᠪᠡᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠡᠪᠳᠡᠭᠰᠡᠨ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ᠦᠨᠡᠨᠴᠢ ᠢᠲᠡᠭᠡᠮᠵᠢ ᠶᠢ ᠮᠠᠭᠲᠠᠨ ᠰᠠᠶᠢᠰᠢᠶᠠᠬᠤ ᠪᠠ ᠢᠲᠡᠭᠡᠮᠵᠢ | ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠨᠡᠶᠢᠭᠡᠮ ᠤᠨ ᠢᠲᠡᠭᠡᠮᠵᠢ ᠶᠢᠨ ᠲᠤᠭᠳᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠢ ᠪᠠᠷ | ᠠᠮᠠᠯᠠᠯᠲᠠ ᠪᠠᠨ ᠦᠢᠯᠡᠳᠦᠯᠭᠡᠵᠢᠭᠦᠯᠬᠦ ᠪᠠ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠭᠦᠢᠴᠡᠳᠬᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠨ᠎ᠠ᠃ | ᠲᠥᠯᠥᠭᠡᠯᠡᠭᠴᠢᠳ ᠡ︕ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠵᠠᠩᠭᠢᠯᠠᠭ᠎ᠠ ᠪᠣᠯᠤᠨ᠎ᠠ᠃ ᠪᠢᠳᠡ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠰᠡᠳᠬᠢᠬᠦᠶ ᠶᠢ ᠴᠢᠩᠭᠠᠳᠬᠠᠨ᠂ ᠠᠵᠤ | ᠠᠬᠤᠶᠢᠯᠠᠯ ᠪᠠ ᠣᠯᠠᠨ ᠲᠦᠮᠡᠨ ᠤ ᠤᠴᠢᠷ ᠶᠠᠪᠤᠳᠠᠯ ᠭᠦᠶᠴᠡᠳᠬᠡᠵᠦ ᠦᠶᠯᠡᠰ ᠪᠤᠰᠬᠠᠬᠤ ᠲᠥᠷᠥ ᠶᠢᠨ ᠪᠣᠳᠣᠯᠭ᠎ᠠ ᠶᠢᠨ ᠬᠦᠴᠢᠷᠳᠡᠯ᠂ ᠬᠢᠨᠠᠨ ᠵᠥᠪᠰᠢᠶᠡᠷᠡᠬᠦ | ᠲᠦᠭᠵᠢᠷᠡᠯ᠂ ᠬᠢᠨᠠᠯᠲᠠ ᠬᠠᠮᠢᠶᠠᠷᠤᠯᠲᠠ ᠶᠢᠨ ᠪᠠᠯᠠᠶ ᠴᠡᠭ ᠪᠠ ᠦᠶᠯᠡᠴᠢᠯᠡᠭᠡᠨ ᠤ ᠡᠮᠵᠡᠭ ᠲᠠᠯ᠎ᠠ ᠳᠤ ᠴᠢᠭᠯᠡᠬᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠦᠨᠡᠨ ᠪᠣᠳᠠᠲᠠᠶ ᠦᠷ᠎ᠡ ᠪᠦᠲᠦᠮᠵᠢ ᠪᠠ ᠬᠤᠪᠢᠷᠠᠯᠲᠠ ᠶᠢ | ᠦᠨᠡᠨ ᠬᠦ ᠦᠵᠡᠬᠦᠯᠦᠶ᠎ᠡ᠃ | ︵ᠲᠦᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠣᠨ ᠤ ᠪᠤᠬᠢᠷᠳᠣᠯ ᠢ ᠰᠡᠷᠭᠡᠶᠢᠯᠡᠨ ᠵᠠᠰᠠᠬᠤ ᠡᠭᠦᠷᠭᠡ ᠶᠢ | ᠴᠢᠩᠭ᠎ᠠ ᠨᠠᠶᠢᠳᠠᠪᠤᠷᠢᠵᠢᠭᠤᠯᠵᠤ᠂ ᠡᠮᠦᠨ᠎ᠡ ᠲᠡᠭᠦᠷᠭᠡ᠂ ᠬᠤᠶᠢᠲᠤ ᠲᠡᠭᠦᠷᠭᠡ ᠵᠡᠷᠭᠡ ᠤᠰᠤᠨ ᠤ ᠴᠢᠨᠠᠷ ᠢ ᠴᠡᠪᠡᠷᠰᠢᠭᠦᠯᠬᠦ ᠦᠶᠯᠡᠳᠪᠦᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ ᠥᠭᠡᠷᠡᠴᠢᠯᠡᠬᠦ ᠶᠢ ᠲᠦᠷᠭᠡᠳᠬᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ | ᠡᠭᠦᠷᠭᠡ ᠶᠢ ᠪᠡᠶᠡᠯᠡᠭᠦᠯᠦᠨ᠂ ᠲᠥᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠲᠤ ᠲᠠᠷᠬᠠᠢ ᠨᠡᠭᠦᠷᠡᠰᠦᠨ ᠤ ᠰᠢᠲᠠᠭᠠᠯᠭ᠎ᠠ ᠶᠢᠨ ᠵᠠᠰᠠᠯᠲᠠ ᠶᠢ | ᠬᠡᠷᠡᠭᠵᠢᠭᠦᠯᠵᠦ᠂ ᠠᠵᠤ ᠦᠶᠯᠡᠳᠪᠦᠷᠢ ᠶᠢᠨ ᠲᠣᠭᠤᠰᠣ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠠᠷᠠᠳ ᠣᠯᠠᠨ ᠤ ᠦᠶᠯᠡᠳᠪᠦᠷᠢᠯᠡᠯ | ᠠᠮᠢᠳᠤᠷᠠᠯ ᠢ ᠨᠥᠯᠥᠭᠡᠯᠡᠵᠦ ᠪᠠᠶᠢᠭ᠎ᠠ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠦᠨᠡᠨᠬᠦ ᠰᠠᠶᠢᠲᠤᠷ ᠰᠢᠶᠳᠪᠦᠷᠢᠯᠡᠨ᠎ᠡ᠃ ᠪᠣᠬᠢᠷᠲᠤᠯ ᠦᠭᠡᠢ ᠠᠭᠤᠷᠬᠠᠢ | ᠶᠢᠨ ᠪᠦᠲᠦᠭᠡᠨ ᠪᠠᠶᠢᠭᠤᠯᠣᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠪᠦᠲᠦᠭᠡᠨ ᠪᠠᠶᠢᠭᠤᠯᠣᠯᠲᠠ ᠶᠢᠨ ᠬᠤᠷᠳᠣᠴᠠ ᠶᠢ ᠲᠦᠷᠭᠡᠳᠬᠡᠬᠦ᠂ ᠶᠡᠷᠦᠩᠬᠡᠶᠢᠯᠡᠨ ᠵᠠᠰᠠᠬᠤ ᠶᠢ | ᠠᠬᠢᠭᠤᠯᠵᠤ᠂ ᠠᠭᠤᠷᠬᠠᠢ ᠶᠢᠨ ᠤᠷᠤᠨ ᠤ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ ᠬᠥᠰᠢᠭᠦᠷᠭᠡ ᠶᠢᠨ ᠦᠢᠯᠡᠳᠦᠯ | ᠢ ᠭᠦᠢᠴᠡᠳ ᠪᠠᠳᠠᠷᠠᠭᠤᠯᠤᠨ᠂ ᠳᠠᠬᠢᠨ ᠬᠠᠭᠠᠯᠪᠤᠷᠢᠯᠠᠬᠤ ᠣᠷᠣᠨ᠂ ᠢᠪᠡᠷᠡᠨ ᠰᠠᠭᠤᠭᠰᠠᠨ ᠣᠷᠣᠨ ᠵᠢᠴᠢ ᠣᠯᠠᠨ ᠨᠡᠶᠢᠲᠡ ᠶᠢᠨ ᠣᠷᠣᠨ ᠪᠦᠰᠡ ᠪᠣᠯᠤᠨ ᠨᠡᠭᠦᠷᠡᠰᠦ | ᠲᠡᠭᠡᠭᠡᠪᠦᠷᠢᠯᠡᠬᠦ ᠲᠤᠰᠬᠠᠢ ᠱᠤᠭᠤᠮ ᠤᠨ ᠪᠦᠬᠦ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠳᠠᠬᠢᠮᠠᠯ ᠤᠰᠤ ᠶᠢ | ᠠᠭᠤᠷᠬᠠᠢ ᠶᠢᠨ ᠣᠷᠣᠨ ᠤ ᠤᠰᠤ ᠬᠠᠳᠠᠭᠠᠯᠠᠬᠤ ᠳᠠᠳᠠᠭᠠᠯ ᠳᠤ ᠤᠷᠤᠭᠤᠯᠬᠤ ᠪᠠ ᠢᠵᠢ ᠪᠦᠷᠢᠳᠦᠭᠰᠡᠨ ᠤᠰᠤ ᠳᠠᠮᠵᠢᠭᠤᠯᠬᠤ ᠬᠤᠭᠤᠯᠠᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠵᠠᠳᠠᠭᠠᠢ ᠨᠡᠭᠦᠷᠡᠰᠦᠨ ᠠᠭᠤᠷᠬᠠᠢ ᠶᠢᠨ ᠲᠦᠷ ᠴᠠᠭ ᠬᠡᠷᠡᠭᠯᠡᠬᠦ ᠭᠠᠵᠠᠷ ᠢ ᠪᠤᠴᠠᠭᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠢᠯ ᠤᠨ ᠳᠣᠲᠣᠷ᠎ᠠ 2000 ᠾᠧᠺᠲ᠋ᠠᠷ ᠠᠴᠠ ᠳᠡᠭᠡᠭᠰᠢ ᠭᠠᠵᠠᠷ ᠤᠨ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠶᠢ | ᠪᠡᠶᠡᠯᠡᠭᠦᠯᠬᠦ ᠪᠠᠷ ᠴᠢᠷᠮᠠᠶᠢᠵᠤ᠂ ᠣᠯᠣᠰ ᠤᠨ ᠲᠡᠰ ᠤᠨ ᠪᠣᠬᠢᠷᠲᠤᠯ ᠦᠭᠡᠢ ᠠᠭᠤᠷᠬᠠᠢ ᠶᠢ 6᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ | ᠠᠭᠤᠷᠬᠠᠢ ᠶᠢ 4 ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ︵ᠲᠦᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠡᠬᠦᠷᠭᠡ ᠶᠢ | ᠴᠢᠩᠭ᠎ᠠ ᠨᠠᠶᠢᠳᠠᠪᠤᠷᠢᠵᠢᠭᠤᠯᠵᠤ᠂ ᠡᠮᠦᠨ᠎ᠡ ᠲᠡᠭᠦᠷᠭᠡ᠂ ᠬᠤᠶᠢᠲᠤ ᠲᠡᠭᠦᠷᠭᠡ ᠵᠡᠷᠭᠡ ᠤᠰᠤᠨ ᠤ ᠴᠢᠨᠠᠷ ᠢ ᠴᠡᠪᠡᠷᠰᠢᠭᠦᠯᠬᠦ ᠦᠶᠯᠡᠳᠪᠦᠷᠢ ᠶᠢᠨ ᠪᠠᠷᠢᠮᠵᠢᠶ᠎ᠠ ᠶᠢ | ᠲᠡᠭᠡᠭᠰᠢᠯᠡᠬᠦᠯᠬᠦ ᠦᠭᠡᠷᠡᠴᠢᠯᠡᠯᠳᠡ ᠶᠢ ᠲᠦᠷᠭᠡᠳᠬᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ | ᠡᠭᠦᠷᠭᠡ ᠶᠢ ᠪᠡᠶᠡᠯᠡᠭᠦᠯᠦᠨ᠂ ᠲᠥᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠲᠠᠷᠬᠠᠢ ᠨᠡᠭᠦᠷᠡᠰᠦᠨ ᠤ ᠰᠢᠲᠠᠭᠠᠯᠭ᠎ᠠ ᠳᠤ ᠵᠠᠰᠠᠯᠲᠠ ᠬᠢᠬᠦ ᠶᠢ | ᠬᠡᠷᠡᠭᠵᠢᠭᠦᠯᠵᠦ᠂ ᠠᠵᠤ ᠦᠶᠯᠡᠳᠪᠦᠷᠢ ᠶᠢᠨ ᠲᠣᠭᠤᠰᠣ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠠᠷᠠᠳ ᠣᠯᠠᠨ ᠤ ᠦᠶᠯᠡᠳᠪᠦᠷᠢᠯᠡᠯ | ᠠᠮᠢᠳᠤᠷᠠᠯ ᠢ ᠨᠥᠯᠥᠭᠡᠯᠡᠵᠦ ᠪᠠᠶᠢᠭ᠎ᠠ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠦᠨᠡᠨᠬᠦ ᠰᠠᠶᠢᠲᠤᠷ ᠰᠢᠶᠳᠪᠦᠷᠢᠯᠡᠨ᠎ᠡ᠃ ᠪᠣᠬᠢᠷᠲᠤᠯ ᠦᠭᠡᠢ ᠠᠭᠤᠷᠬᠠᠢ | ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠶᠡᠷᠦᠩᠬᠡᠶᠢᠯᠡᠨ ᠵᠠᠰᠠᠬᠤ ᠶᠢ ᠬᠤᠷᠳᠤᠳᠬᠠᠬᠤ ᠶᠢ ᠠᠬᠢᠭᠤᠯᠵᠤ᠂ ᠠᠭᠤᠷᠬᠠᠢ ᠶᠢᠨ ᠤᠷᠤᠨ ᠤ ᠭᠠᠵᠠᠷ ᠰᠢᠨᠵᠢᠯᠡᠬᠡᠨ ᠤ | ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠠᠬᠢᠨ ᠬᠠᠭᠠᠯᠪᠤᠷᠢᠯᠠᠬᠤ ᠣᠷᠣᠨ᠂ | ᠢᠪᠡᠷᠡᠨ ᠰᠠᠭᠤᠭᠰᠠᠨ ᠣᠷᠣᠨ ᠵᠢᠴᠢ ᠣᠯᠠᠨ ᠨᠡᠶᠢᠲᠡ ᠶᠢᠨ ᠣᠷᠣᠨ ᠪᠦᠰᠡ ᠪᠣᠯᠤᠨ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠤᠨ ᠪᠦᠬᠦ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠳᠠᠬᠢᠮᠠᠯ ᠤᠰᠤ ᠶᠢ ᠠᠭᠤᠷᠬᠠᠢ ᠶᠢᠨ ᠣᠷᠣᠨ ᠤ ᠤᠰᠤ ᠬᠠᠳᠠᠭᠠᠯᠠᠬᠤ ᠳᠠᠳᠠᠭᠠᠯ ᠳᠤ ᠤᠷᠤᠭᠤᠯᠬᠤ | ᠪᠠ ᠢᠵᠢ ᠪᠦᠷᠢᠯᠳᠦᠬᠦᠯᠦᠭᠰᠡᠨ ᠤᠰᠤ ᠳᠠᠮᠵᠢᠭᠤᠯᠬᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠵᠠᠳᠠᠭᠠᠢ ᠨᠡᠭᠦᠷᠡᠰᠦᠨ | ᠠᠭᠤᠷᠬᠠᠢ ᠶᠢᠨ ᠲᠦᠷ ᠴᠠᠭ ᠬᠡᠷᠡᠭᠯᠡᠬᠦ ᠭᠠᠵᠠᠷ ᠢ ᠪᠤᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠢᠯ ᠤᠨ ᠳᠣᠲᠣᠷ᠎ᠠ 2000 ᠾᠧᠺᠲ᠋ᠠᠷ ᠠᠴᠠ | ᠳᠡᠭᠡᠭᠰᠢ ᠭᠠᠵᠠᠷ ᠤᠨ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠤᠯᠤᠰ ᠤᠨ ᠳᠡᠰ ᠪᠠ ᠥᠪᠡᠷᠲᠡᠭᠡᠨ ᠵᠠᠰᠠᠬᠤ ᠣᠷᠣᠨ ᠤ ᠲᠡᠰ | ᠤᠨ ᠪᠣᠬᠢᠷᠲᠤᠯ ᠦᠭᠡᠢ ᠠᠭᠤᠷᠬᠠᠢ ᠶᠢ ᠲᠤᠰᠪᠤᠷᠢ 6 ᠪᠠ 4 ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ᠂ ᠬᠢᠮᠢ ᠶᠢᠨ ᠪᠣᠷᠲᠣᠭᠤᠷ ᠲᠠᠷᠢᠶᠠᠨ ᠡᠮ ᠪᠠ ᠲᠠᠷᠢᠶᠠᠯᠠᠩ ᠤᠨ ᠬᠠᠶᠠᠭᠳᠠᠮᠠᠯ ᠪᠣᠳᠠᠰ ᠤᠨ ᠪᠣᠬᠢᠷᠲᠤᠯ | ᠢ ᠦᠷᠭᠦᠯᠵᠢᠯᠡᠨ ᠴᠡᠭᠴᠡᠯᠡᠨ ᠵᠠᠰᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠷᠴᠢᠮ ᠢ ᠦᠨᠡᠨ ᠬᠦ ᠴᠢᠩᠭᠠᠳᠬᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ | ᠪᠠ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠳᠠᠯᠠᠨ᠂ ᠲᠠᠪᠤᠨ ᠶᠡᠭᠡ ᠬᠥᠨᠳᠡᠶ ᠪᠠ ᠭᠤᠤᠯ | ᠤᠨ ᠵᠠᠮ ᠢ ᠵᠠᠰᠠᠬᠤ ᠪᠠᠷᠢᠯᠭ᠎ᠠ ᠶᠢ ᠪᠥᠬᠦ ᠬᠦᠴᠦᠨ ᠢᠶᠠᠷ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠤᠶᠢᠪᠢᠰᠢ ᠦᠬᠡᠢ | ᠰᠠᠶᠢᠲᠤᠷ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠳᠠᠭᠠᠤ ᠪᠠ ᠤᠰᠤᠨ ᠤ ᠣᠷᠴᠢᠨ ᠲᠣᠭᠤᠷᠢᠨ ᠤ | ᠠᠰᠠᠭᠤᠳᠠᠯ ᠢ ᠰᠢᠰᠲ᠋ᠧᠮ ᠲᠠᠢ ᠪᠠᠷ ᠵᠠᠰᠠᠨ᠎ᠠ᠃ ᠤᠯᠤᠰ ᠤᠨ ᠭᠠᠵᠠᠷ ᠰᠢᠷᠦᠢ ᠶᠢ ᠨᠣᠭᠤᠭᠠᠷᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ ᠬᠠᠲᠤᠨ ᠭᠤᠤᠯ | ᠳᠠᠭᠠᠤ ᠶᠢᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ᠂ ᠪᠠᠯᠭᠠᠰᠤᠨ ᠲᠣᠭᠤᠷᠢᠭ᠂ | ᠭᠤᠤᠯ ᠤᠨ ᠵᠠᠮ᠂ ᠵᠠᠮ ᠳᠠᠭᠠᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠴᠢᠭᠯᠡᠬᠦᠯᠦᠨ᠂ ᠠᠮᠢ ᠠᠬᠤᠶ ᠶᠢ ᠶᠡᠷᠦᠩᠬᠡᠶᠢᠯᠡᠨ ᠵᠠᠰᠠᠬᠤ ᠪᠠ ᠤᠷᠭᠤᠮᠠᠯ ᠤᠨ | ᠪᠦᠷᠬᠦᠴᠡ ᠶᠢ ᠰᠡᠷᠭᠦᠭᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠪᠡᠭᠡᠵᠢᠩ ᠲᠢᠶᠠᠨᠵᠢᠨ ᠤ ᠰᠢᠭᠤᠷᠭᠠᠨ ᠡᠯᠡᠰᠦᠨ ᠤ ᠡᠬᠢ ᠶᠢ ᠵᠠᠰᠠᠬᠤ ᠬᠤᠶᠠᠳᠤᠭᠠᠷ | ᠬᠤᠭᠤᠴᠠᠭᠠᠨ ᠤ ᠪᠠᠷᠢᠯᠭ᠎ᠠ᠂ ᠪᠠᠶᠢᠭᠠᠯᠢ ᠶᠢᠨ ᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠤᠰᠤ ᠬᠦᠷᠦᠰᠦᠨ ᠤ ᠢᠳᠡᠭᠳᠡᠯ ᠢ ᠵᠠᠰᠠᠬᠤ ᠵᠡᠷᠭᠡ ᠠᠮᠢ ᠠᠬᠤᠢ ᠶᠢ ᠵᠠᠰᠠᠨ | ᠰᠡᠷᠭᠦᠭᠡᠬᠦ ᠪᠠᠷᠢᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠵᠢᠯ ᠳᠤ 2 ᠲᠦᠮᠡᠨ ᠮᠦ ᠭᠠᠵᠠᠷ ᠢ ᠰᠢᠨ᠎ᠡ ᠪᠠᠷ ᠣᠶᠢᠵᠢᠭᠤᠯᠬᠤ ᠪᠠᠷ ᠴᠢᠷᠮᠠᠶᠢᠨ᠎ᠠ᠃ ᠲᠠᠷᠢᠶᠠᠯᠠᠬᠤ ᠶᠢ | ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠤᠲᠤᠭ ᠪᠡᠯᠴᠢᠭᠡᠷ ᠢ ᠡᠪᠳᠡᠬᠦ᠂ ᠣᠶ | ᠰᠢᠭᠤᠶ ᠶᠢ ᠡᠪᠳᠡᠨ ᠠᠲᠠᠷ ᠬᠠᠭᠠᠯᠪᠤᠷᠢᠯᠠᠬᠤ᠂ ᠬᠤᠯᠠᠭᠠᠶᠢᠯᠠᠨ ᠮᠠᠯᠵᠢᠬᠤ ᠵᠡᠷᠭᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠢᠯᠪᠠᠷ ᠪᠤᠰᠤ ᠪᠠᠷ | ᠣᠯᠤᠭᠰᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠪᠣᠬᠢᠷᠲᠤᠯ ᠥᠬᠡᠶ ᠪᠠᠷ ᠬᠦᠭᠵᠢᠬᠦᠯᠬᠦ ᠠᠷᠭ᠎ᠠ ᠬᠡᠯᠪᠡᠷᠢ ᠶᠢ ᠲᠦᠷᠭᠡᠳᠬᠡᠨ ᠪᠦᠷᠢᠯᠳᠦᠭᠦᠯᠦᠨ᠎ᠡ᠃ ︽ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠵᠤ | ᠠᠬᠤᠢ︾ ᠶᠢ ᠶᠡᠭᠡ ᠪᠠᠷ ᠬᠦᠭᠵᠢᠬᠦᠯᠦᠨ᠂ ᠪᠤᠬᠢᠷᠳᠤᠯ ᠦᠭᠡᠢ ᠡᠨᠧᠷᠭᠢ ᠶᠢ ᠰᠣᠯᠢᠬᠤ ᠪᠠ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠡᠬᠢ ᠪᠠᠶᠠᠯᠢᠭ ᠤᠨ | ᠨᠥᠭᠡᠴᠡᠯᠡᠯᠲᠡ ᠶᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠨᠡᠶᠢᠲᠡ ᠶᠢᠨ ᠠᠰᠠᠷᠠᠮᠵᠢ ᠶᠢᠨ ᠣᠢ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠶᠢ | ᠪᠠᠬᠢᠵᠢᠭᠦᠯᠦᠨ ᠳᠡᠭᠡᠭᠰᠢᠯᠡᠭᠦᠯᠬᠦ᠂ ᠲᠠᠸᠠᠷ ᠤᠨ ᠣᠢ ᠶᠢ ᠪᠣᠶᠢᠵᠢᠭᠤᠯᠵᠤ ᠰᠢᠩᠭᠡᠭᠡᠨ ᠠᠪᠬᠤ ᠶᠢ ᠨᠡᠮᠡᠭᠳᠡᠭᠦᠯᠬᠦ᠂ ᠨᠤᠭᠤ ᠭᠠᠵᠠᠷ ᠲᠤ ᠨᠡᠭᠦᠷᠡᠰᠦᠲᠥ᠋ᠷᠥᠭᠴᠢ ᠶᠢ | ᠬᠠᠳᠠᠭᠠᠯᠠᠬᠤ ᠵᠡᠷᠭᠡ ᠪᠠᠷᠢᠯᠭ᠎ᠠ ᠶᠢ ᠲᠥᠷᠥᠯ ᠬᠤᠪᠢᠶᠠᠨ ᠬᠡᠷᠡᠭᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠵᠡᠷᠭᠡ | ᠰᠤᠯᠢᠯᠴᠠᠭᠠᠨ ᠤ ᠥᠭᠡᠷᠡᠴᠢᠯᠡᠯᠲᠡ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠵᠤ ᠦᠢᠯᠡᠰ ᠤᠨ ᠬᠡᠯᠬᠢᠶ᠎ᠡ ᠶᠢ ᠪᠣᠢ ᠪᠣᠯᠭᠠᠨ᠎ᠠ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠤᠷᠬᠢᠯ ᠬᠡᠮᠵᠢᠭᠳᠡᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠶᠢ | ᠵᠦᠭᠰᠢᠷᠡᠬᠦᠯᠦᠨ ᠨᠠᠮᠳᠠᠭᠠᠬᠤ ᠱᠠᠭᠠᠷᠳᠠᠯᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠡᠨᠧᠷᠭᠢ ᠶᠢᠨ | ᠬᠤᠷᠣᠭᠳᠠᠯ ᠤᠨ ᠡᠷᠴᠢᠮ ᠢ ᠴᠢᠩᠭ᠎ᠠ ᠬᠢᠵᠠᠭᠠᠷᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠨᠧᠷᠭᠢ | ᠶᠢᠨ ᠬᠤᠷᠣᠭᠳᠠᠯ ᠶᠡᠬᠡᠳᠡᠢ ᠲᠦᠷᠦᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ | ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠵᠦ᠂ ᠡᠨᠧᠷᠭᠢ ᠬᠡᠷᠡᠭᠯᠡᠬᠦ ᠲᠥᠰᠦᠪ ᠤᠨ | ᠬᠠᠮᠢᠶᠠᠷᠤᠯᠲᠠ ᠪᠠ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠬᠡᠴᠡ ᠶᠢᠨ ᠡᠨᠧᠷᠭᠢ ᠶᠢᠨ ᠬᠤᠷᠣᠭᠳᠠᠯ ᠤᠨ ᠰᠦᠯᠵᠢᠶᠡᠨ ᠳᠡᠬᠡᠷᠡᠬᠢ ᠬᠢᠨᠠᠯᠳᠠ ᠬᠡᠮᠵᠢᠯᠳᠡ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠦᠷᠦᠯ ᠤᠨ ᠴᠠᠬᠢᠯᠭᠠᠨ ᠬᠡᠷᠡᠭᠯᠡᠬᠦ ᠳᠠᠭᠠᠭᠠᠴᠠ ᠶᠢ ᠠᠯᠬᠤᠮ ᠠᠯᠬᠤᠮ ᠢᠶᠠᠷ ᠪᠠᠭᠠᠰᠬᠠᠨ᠎ᠠ᠃ | ᠨᠡᠭᠦᠷᠡᠰᠦᠨ ᠠᠭᠤᠷᠬᠠᠶ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠤᠨᠲᠠᠭ ᠨᠡᠭᠦᠷᠡᠰᠦᠨ ᠤ ᠦᠨᠡᠰᠦ | ᠂ ᠨᠡᠭᠦᠷᠡᠰᠦᠨ ᠴᠢᠯᠠᠭᠤ᠂ ᠨᠡᠭᠦᠷᠡᠰᠦᠨ ᠰᠢᠪᠠᠷ᠂ ᠠᠭᠤᠷᠬᠠᠶ ᠶᠢᠨ ᠬᠤᠳᠳᠤᠭ ᠤᠨ ᠤᠰᠤ ᠵᠡᠷᠭᠡ ᠡᠬᠢ ᠪᠠᠶᠠᠯᠢᠭ ᠢ ᠴᠡᠪᠡᠷᠰᠢᠭᠦᠯᠦᠨ ᠠᠰᠢᠭᠯᠠᠬᠤ ᠶᠢ ᠲᠦᠯᠬᠢᠨ | ᠠᠬᠢᠭᠤᠯᠤᠨ᠎ᠠ᠃ ᠪᠣᠬᠢᠷᠲᠤᠯ ᠦᠭᠡᠢ ᠪᠠᠶᠢᠭᠤᠯᠭ᠎ᠠ ᠶᠢ ᠪᠠᠶᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢ ᠬᠥᠭᠵᠢᠭᠦᠯᠦᠨ᠂ ᠪᠣᠬᠢᠷᠲᠤᠯ ᠦᠭᠡᠢ ᠵᠠᠮ ᠬᠠᠷᠢᠯᠴᠠᠭᠠᠨ ᠤ | ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠳᠡᠯᠭᠡᠷᠡᠭᠦᠯᠦᠨ᠂ ᠪᠣᠬᠢᠷᠲᠤᠯ | ᠦᠭᠡᠢ᠂ ᠳᠤᠤᠷ᠎ᠠ ᠨᠡᠬᠦᠷᠡᠰᠦᠳᠦ᠋ᠷᠦᠭᠴᠢᠳᠤ᠂ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ | ︵ᠲᠠᠪᠤ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠢᠳᠡᠪᠬᠢᠳᠠᠢ ᠲᠦᠯᠦᠪᠯᠡᠨ ᠠᠬᠢᠭᠤᠯᠵᠤ᠂ ᠬᠤᠲᠠ ᠶᠢᠨ ᠴᠢᠨᠠᠷ ᠲᠡᠰ ᠤᠨᠠᠭᠤᠯᠤᠭᠳᠠᠬᠤᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠬᠤᠲᠠ ᠶᠢᠨ ᠠᠭᠤᠯᠤᠭᠳᠠᠬᠤᠨᠴᠢ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠬᠤᠲᠠ ᠶᠢᠨ ᠰᠠᠭᠤᠷᠢ ᠲᠦᠬᠦᠬᠡᠷᠦᠮᠵᠢ ᠶᠢᠨ ᠦᠶᠯᠡᠴᠢᠯᠡᠭᠡᠨ ᠤ ᠳᠤᠭᠳᠠᠯᠴᠠᠭ᠎ᠠ ᠶᠢ ᠲᠦᠷᠭᠡᠳᠬᠡᠨ ᠥᠭᠡᠷᠡᠴᠢᠯᠡᠨ ᠳᠡᠬᠡᠭᠰᠢᠯᠡᠬᠦᠯᠦᠨ᠎ᠡ᠃ ᠤᠷᠳᠤᠰ ᠪᠠᠷᠠᠭᠤᠨ ᠵᠡᠭᠡᠯᠢ᠂ | ᠵᠡᠭᠦᠨᠭᠠᠷ ᠵᠠᠮ ᠵᠡᠷᠭᠡ ᠬᠤᠳᠠ ᠶᠢᠨ ᠶᠠᠪᠤᠳᠠᠯ ᠤᠨ 4 ᠵᠠᠮ ᠢ ᠥᠭᠡᠷᠡᠴᠢᠯᠡᠨ ᠳᠡᠭᠡᠭᠰᠢᠯᠡᠭᠦᠯᠵᠦ᠂ ᠨᠡᠬᠡᠮᠡᠯ ᠤᠨ ᠪᠠᠷᠠᠭᠤᠨ ᠵᠡᠭᠡᠯᠢ ᠵᠡᠷᠭᠡ ᠨᠡᠪᠲᠡᠷᠡᠭᠡᠳᠦᠢ 7 ᠵᠠᠮ ᠢ | ᠨᠡᠪᠲᠡᠷᠡᠭᠦᠯᠵᠦ᠂ ᠬᠤᠳᠠ ᠶᠢᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠦᠷᠳᠡᠭᠡ ᠴᠢᠭ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠣᠰᠤᠭ᠎ᠠ | ᠴᠣᠭᠴᠠᠲᠤ ᠲᠡᠷᠭᠡᠨ ᠵᠣᠭᠰᠣᠭᠠᠯ ᠢ ᠲᠥᠯᠥᠪᠵᠢᠭᠦᠯᠦᠨ ᠪᠦᠳᠦᠬᠡᠨ ᠪᠠᠶᠢᠭᠤᠯᠤᠨ᠎ᠠ︔ ᠣᠶᠤᠨᠴᠢ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠰᠠᠭᠤᠭᠠᠯᠢ | ᠲᠣᠭᠤᠷᠢᠭ ᠢ 80 ᠪᠠᠶᠢᠭᠤᠯᠵᠤ᠂ 50 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠴᠠᠬᠢᠯᠭᠠᠨ ᠱᠠᠲᠤ ᠶᠢ ᠨᠡᠮᠡᠵᠦ ᠤᠭᠰᠠᠷᠠᠬᠤ ᠳᠤᠷᠰᠢᠯᠳᠠ | ᠶᠢᠨ ᠴᠢᠭ ᠤᠨ ᠪᠠᠷᠢᠯᠭ᠎ᠠ ᠶᠢ ᠠᠬᠢᠭᠤᠯᠵᠤ᠂ ᠬᠠᠮᠲᠤ ᠪᠠᠷ ᠡᠳ᠋ᠯᠡᠬᠦ ᠴᠠᠬᠢᠯᠭᠠᠨ ᠱᠠᠲᠤ ᠶᠢ ᠰᠦᠪᠡᠭᠴᠢᠯᠡᠨ ᠪᠠᠶᠢᠭᠤᠯᠤᠨ᠎ᠠ︔ ᠬᠠᠭᠤᠴᠢᠨ ᠲᠣᠭᠤᠷᠢᠭ ᠢ ᠣᠷᠭᠠᠨᠢᠭ ᠢᠶᠠᠷ | ᠰᠢᠨᠡᠳᠬᠡᠬᠦ ᠶᠢ ᠲᠦᠷᠭᠡᠳᠬᠡᠨ ᠠᠬᠢᠭᠤᠯᠵᠤ᠂ ᠰᠢᠩ ᠱᠧᠩ ᠡᠮᠦᠨ᠎ᠡ ᠵᠠᠮ ᠵᠡᠷᠭᠡ 3 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ | ᠪᠠᠶᠢᠭᠤᠯᠤᠨ᠎ᠠ᠃ ᠰᠢᠨ᠎ᠡ ᠰᠠᠭᠤᠷᠢ ᠪᠥᠲᠥᠭᠡᠨ ᠪᠠᠶᠢᠭᠤᠯᠤᠯᠲᠠ ᠪᠠ ᠤᠯᠠᠮᠵᠢᠯᠠᠯᠲᠤ ᠰᠠᠭᠤᠷᠢ ᠪᠥᠲᠥᠭᠡᠨ ᠪᠠᠶᠢᠭᠤᠯᠤᠯᠲᠠ ᠶᠢ ᠠᠭᠤᠰᠤᠯᠴᠠᠭᠤᠯᠤᠨ ᠬᠠᠮᠲᠤ ᠪᠠᠷ | ᠠᠬᠢᠭᠤᠯᠬᠤ ᠶᠢ ᠪᠠᠷᠢᠮᠲᠠᠯᠠᠵᠤ᠂ ᠴᠠᠬᠢᠯᠭᠠᠨ ᠴᠡᠨᠡᠭᠯᠡᠬᠦ ᠪᠠᠭᠠᠨ᠎ᠠ᠂ 5 G ᠰᠦᠯᠵᠢᠶ᠎ᠡ ᠪᠠ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠢᠨ᠎ᠡ ᠬᠡᠯᠪᠡᠷᠢ ᠶᠢᠨ ᠰᠠᠭᠤᠷᠢ | ᠲᠦᠬᠦᠬᠡᠷᠦᠮᠵᠢ ᠶᠢ ᠰᠢᠰᠲ᠋ᠧᠮ ᠲᠠᠢ ᠪᠠᠶᠢᠷᠢᠰᠢᠭᠤᠯᠤᠨ᠂ ᠴᠠᠬᠢᠯᠭᠠᠨ ᠬᠦᠷᠭᠡᠬᠦ ᠭᠦᠴᠦᠳᠡᠯ ᠵᠢᠴᠢ ᠴᠠᠬᠢᠯᠭᠠᠨ ᠲᠦᠭᠡᠭᠡᠬᠦ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ | ᠪᠠᠷᠢᠯᠭ᠎ᠠ ᠶᠢ ᠲᠦᠷᠭᠡᠳᠬᠡᠨ ᠬᠡᠷᠡᠭᠵᠢᠭᠦᠯᠦᠨ᠎ᠡ᠃ ᠣᠷᠳᠣᠰ ᠲᠡᠮᠡᠭᠡᠲᠦ ᠶᠢᠨ ᠳᠦᠷᠭᠡᠨ ᠤ ᠲᠡᠮᠦᠷ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠠᠬᠢᠭᠤᠯᠵᠤ᠂ ᠪᠤᠭᠤᠲᠤ ᠣᠷᠳᠣᠰ ᠤᠨ ᠳᠦᠷᠭᠡᠨ ᠤ ᠲᠡᠮᠦᠷ ᠵᠠᠮ᠂ ᠬᠥᠬᠡᠬᠤᠲᠠ ᠣᠷᠳᠣᠰ ᠤᠨ ᠬᠤᠲᠠ ᠶᠢᠨ ᠬᠤᠭᠤᠷᠣᠨᠳᠣᠬᠢ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠂ ᠤᠮᠠᠷᠠᠰᠢ ᠬᠠᠷᠢᠯᠴᠠᠨ ᠨᠡᠪᠲᠡᠷᠡᠯᠴᠡᠬᠦ ᠬᠤᠯᠪᠣᠬᠤ ᠱᠤᠭᠤᠮ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠴᠤᠤ ᠹᠧᠩ ᠱᠤᠭᠤᠮ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠶᠢ | ᠪᠠᠲᠤᠯᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠨ ᠳᠠᠬᠢ ︽ᠭᠤᠷᠪᠠᠨ ᠬᠦᠴᠢᠷ︾ ᠠᠰᠠᠭᠤᠳᠠᠯ ᠢ ᠪᠦᠬᠦ ᠲᠠᠯ᠎ᠠ ᠪᠠᠷ ᠰᠢᠶᠳᠪᠦᠷᠢᠯᠡᠨ᠂ | ᠪᠦᠲᠦᠭᠡᠨ ᠪᠠᠶᠢᠭᠤᠯᠵᠤ ᠪᠠᠶᠢᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ 42 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭ᠎ᠠ ᠶᠢ ᠪᠠᠳᠤᠯᠠᠨ᠎ᠠ᠃ ︽ᠬᠡᠷ ᠬᠥᠷᠥᠩᠭᠡ ᠶᠢᠨ ᠬᠡᠲᠦ ᠳᠡᠯᠭᠡᠭᠦᠷ︾ ᠢ ᠥᠨᠳᠥᠷ ᠪᠦᠲᠦᠮᠵᠢᠲᠡᠶ | ᠪᠠᠷ ᠠᠵᠢᠯᠯᠠᠭᠤᠯᠵᠤ᠂ ᠳᠠᠷᠤᠭᠳᠠᠨ ᠬᠠᠳᠠᠭᠠᠯᠠᠭᠳᠠᠵᠤ ᠪᠠᠶᠢᠭ᠎ᠠ ᠬᠤᠳᠠᠯᠳᠤᠭ᠎ᠠ ᠣᠷᠣᠨ ᠰᠠᠭᠤᠴᠠ ᠶᠢᠨ ᠠᠰᠠᠷ᠂ ᠠᠯᠪᠠᠯᠠᠬᠤ ᠠᠰᠠᠷ ᠢ ᠬᠡᠯᠪᠡᠷᠢ ᠶᠢ ᠨᠢ | ᠬᠤᠪᠢᠷᠠᠭᠤᠯᠤᠨ ᠠᠰᠢᠭᠯᠠᠬᠤ ᠶᠢ ᠬᠥᠲᠥᠯᠥᠨ ᠵᠢᠯᠤᠭᠤᠳᠴᠤ ᠳᠡᠮᠵᠢᠨ᠂ ᠦᠢᠯᠡᠰ ᠪᠤᠰᠬᠠᠬᠤ ᠵᠠᠯᠠᠭᠤ ᠴᠢᠳᠠᠪᠤᠷᠢᠳᠠᠨ ᠤ ᠨᠡᠶᠢᠲᠡ ᠶᠢᠨ ᠪᠠᠶᠢᠷᠢ ᠶᠢᠨ ᠲᠥᠷᠥᠯ ᠵᠦᠶᠯ ᠢ | ᠪᠠᠶᠢᠭᠤᠯᠵᠤ᠂ ᠬᠤᠲᠠ ᠶᠢᠨ ᠳᠠᠷᠤᠭᠳᠠᠨ ᠬᠠᠳᠠᠭᠠᠯᠠᠭᠳᠠᠵᠤ ᠪᠠᠶᠢᠭ᠎ᠠ ᠪᠠᠷᠢᠯᠭ᠎ᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠢᠨᠡᠴᠢᠯᠡᠬᠦ ᠶᠢ ᠦᠷᠭᠦᠯᠵᠢᠯᠡᠨ | ᠠᠬᠢᠭᠤᠯᠤᠨ᠎ᠠ᠃ | ᠬᠤᠲᠠ ᠶᠢᠨ ᠣᠶᠤᠨᠴᠢᠯᠠᠭᠰᠠᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠤᠶᠤᠨᠲᠤ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ᠂ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠷᠢᠶ᠎ᠡ ᠴᠠᠷ᠎ᠠ ᠶᠢᠨ ᠣᠶᠤᠨᠴᠢ ᠬᠡᠷᠡᠭᠯᠡᠭᠡᠨ ᠤ | ᠲᠤᠭᠳᠠᠯᠴᠠᠭ᠎ᠠ ᠶᠢ ᠭᠦᠴᠦᠯᠡᠨ ᠪᠠᠶᠢᠭᠤᠯᠤᠨ᠎ᠠ᠃ ᠬᠠᠳᠬᠤᠮᠠᠯ ᠬᠠᠳᠬᠤᠬᠤ ᠰᠡᠳᠬᠢᠯᠬᠡ ᠪᠠᠷ ᠬᠠᠮᠢᠶᠠᠷᠤᠯᠲᠠ ᠶᠢ ᠠᠳᠬᠤᠵᠤ᠂ ᠬᠤᠲᠠ ᠶᠢᠨ ᠶᠠᠪᠤᠳᠠᠯ ᠤᠨ | ᠲᠦᠬᠦᠬᠡᠷᠦᠮᠵᠢ᠂ ᠦᠵᠡᠮᠵᠢ ᠶᠢᠨ ᠴᠡᠴᠡᠷᠯᠢᠭᠵᠢᠬᠦᠯᠦᠯᠳᠡ ᠵᠡᠷᠭᠡ ︽ᠬᠤᠲᠠ ᠶᠢᠨ ᠭᠡᠷ ᠤᠨ ᠬᠡᠷᠡᠭᠰᠡᠯ︾ ᠢ ᠪᠠᠷᠢᠮᠵᠢᠶᠠᠵᠢᠭᠤᠯᠤᠨ᠂ ᠳᠤᠭᠠᠵᠢᠭᠤᠯᠤᠨ᠂ | ᠨᠠᠷᠢᠯᠢᠭᠵᠢᠭᠤᠯᠤᠨ ᠬᠠᠮᠠᠭᠠᠯᠠᠬᠤ ᠶᠢ ᠪᠠᠷᠢᠮᠲᠠᠯᠠᠵᠤ᠂ ᠣᠷᠳᠣᠰ ᠪᠠᠷᠠᠭᠤᠨ ᠵᠡᠭᠡᠯᠢ᠂ ᠪᠠᠷᠠᠭᠤᠨᠳᠡᠬᠢ ᠬᠠᠷᠢᠯᠴᠠᠨ ᠨᠡᠪᠲᠡᠷᠡᠯᠴᠡᠬᠦ ᠵᠠᠮ ᠵᠡᠷᠭᠡ ᠴᠢᠬᠤᠯᠠ ᠵᠠᠮ ᠤᠨ ᠬᠡᠰᠡᠭ | ᠪᠠ ᠵᠠᠩᠭᠢᠯᠠᠭ᠎ᠠ ᠴᠢᠭ ᠤᠨ ᠦᠵᠡᠮᠵᠢ ᠶᠢᠨ ᠪᠣᠬᠢᠷᠲᠤᠯ ᠥᠬᠡᠶ ᠣᠷᠣᠨ ᠵᠠᠶ ᠶᠢᠨ ᠴᠢᠨᠠᠷ ᠲᠡᠰ ᠢ ᠳᠡᠭᠡᠭᠰᠢᠯᠡᠭᠦᠯᠦᠨ᠎ᠡ᠃ ᠬᠤᠲᠠ ᠶᠢᠨ ᠬᠤᠭ ᠨᠣᠪᠰᠢ ᠶᠢ ᠲᠥᠷᠥᠯ | ᠬᠤᠪᠢᠶᠠᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠢᠯᠭᠠᠬᠤ ᠲᠥᠪ᠂ ᠪᠠᠷᠢᠯᠭ᠎ᠠ ᠶᠢᠨ ᠬᠤᠭ ᠨᠣᠪᠰᠢ ᠶᠢ ᠡᠭᠡᠭᠦᠯᠦᠨ | ᠬᠤᠷᠢᠶᠠᠵᠤ ᠳᠠᠬᠢᠨ ᠠᠰᠢᠭᠯᠠᠬᠤ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠯᠡᠨ ᠠᠬᠢᠭᠤᠯᠤᠨ᠎ᠠ᠃ ᠪᠦᠷᠢᠨ ᠲᠦᠬᠦᠷ ᠰᠠᠭᠤᠭᠠᠯᠢ | ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠪᠠ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠠᠬᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡ ᠶᠢ ᠳᠡᠬᠡᠭᠰᠢᠯᠡᠬᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ | ᠠᠬᠢᠭᠤᠯᠤᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠠᠷ᠎ᠠ ᠤᠯᠠᠭᠠᠨ ᠲᠠᠩᠰᠠ᠂ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨᠠᠬᠢ ᠠᠳᠠᠯ | ᠠᠬᠤᠶ ᠶᠢᠨ ᠦᠶᠯᠡᠴᠢᠯᠡᠭᠡ᠂ ᠠᠮᠢᠳᠤᠷᠠᠯ ᠤᠨ ᠦᠶᠯᠡᠴᠢᠯᠡᠭᠡᠨ ᠤ ᠦᠶᠯᠡᠰ ᠢ ᠰᠢᠭᠢᠳᠬᠡᠨ ᠣᠷᠣᠭᠤᠯᠬᠤ ᠵᠡᠷᠭᠡ ᠠᠵᠢᠯ ᠢ ᠨᠢᠬᠡᠳᠤᠯᠳᠡᠢ ᠲᠦᠯᠦᠪᠯᠡᠨ ᠠᠬᠢᠭᠤᠯᠵᠤ᠂ | ᠰᠠᠭᠤᠭᠠᠯᠢ ᠠᠷᠠᠳ ᠤᠨ ᠥᠪᠡᠷᠮᠢᠴᠡ᠂ ᠣᠯᠠᠨ ᠶᠠᠩᠵᠤ ᠶᠢᠨ ᠠᠳᠠᠯ ᠠᠬᠤᠶ ᠶᠢᠨ ᠦᠶᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠠᠵᠤ ᠦᠶᠯᠡᠰ ᠬᠥᠭᠵᠢᠭᠰᠡᠨ᠂ ᠠᠮᠢ ᠠᠬᠤᠶ ᠣᠷᠣᠰᠢᠨ | ᠰᠠᠭᠤᠷᠢᠰᠢᠬᠤ ᠳᠤ ᠲᠣᠬᠢᠷᠠᠮᠵᠢᠲᠠᠶ᠂ ᠪᠤᠯᠪᠠᠰᠤᠨ ᠰᠤᠷᠳᠠᠯ᠂ ᠪᠦᠲᠦᠮᠵᠢᠲᠡᠶ ᠵᠠᠰᠠᠯᠲᠠ᠂ ᠪᠠᠶᠠᠨ ᠴᠢᠨᠡᠭᠡᠯᠢᠭ ᠠᠮᠢᠳᠤᠷᠠᠯ ᠤᠨ ᠶᠡᠷᠦᠩᠬᠡᠶ ᠱᠠᠭᠠᠷᠳᠠᠯᠭ᠎ᠠ ᠶᠣᠰᠣᠭᠠᠷ᠂ | ᠬᠥᠳᠡᠭᠡ ᠲᠣᠰᠬᠤᠨ ᠤ ᠠᠵᠤ ᠦᠶᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠪᠤᠨ ᠶᠡᠭᠡ ᠬᠦᠷᠢᠶ᠎ᠡ ᠴᠠᠷ᠎ᠠ ᠶᠢ | ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠤᠨ᠎ᠠ᠃ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠬᠤᠲᠠ ᠶᠢᠨ ᠲᠠᠷᠢᠶᠠᠯᠠᠩ ᠤᠨ ᠰᠢᠰᠲ᠋ᠧᠮ ᠢ ᠪᠠᠶᠢᠭᠤᠯᠬᠤ ᠳᠤ | ᠴᠢᠭᠯᠡᠬᠦᠯᠦᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ | ᠬᠡᠪᠴᠢᠶᠡᠵᠢᠯ᠂ ᠣᠨᠴᠠᠯᠢᠭᠲᠤ᠂ ᠠᠭᠤᠰᠤᠯᠴᠠᠯ︾ ᠢ ᠨᠢᠭᠡᠳᠦᠯᠲᠡᠢ ᠲᠦᠯᠦᠪᠯᠡᠨ ᠰᠠᠶᠢᠲᠤᠷ ᠬᠢᠨ᠎ᠡ᠃ ᠣᠯᠠᠨ ᠵᠦᠢᠯ ᠤᠨ ᠬᠡᠯᠪᠡᠷᠢ ᠪᠦᠬᠦᠢ ᠵᠤᠬᠢᠬᠤ ᠬᠡᠮᠵᠢᠶᠡᠨ ᠤ | ᠬᠡᠪᠴᠢᠶᠡᠵᠢᠯ ᠲᠠᠢ ᠡᠵᠡᠩᠨᠡᠯᠲᠡ ᠶᠢ ᠶᠡᠬᠡᠪᠡᠷ ᠬᠥᠭᠵᠢᠭᠦᠯᠵᠦ᠂ ᠲᠠᠷᠢᠶᠠᠴᠢᠨ ᠡᠷᠦᠬᠡ ᠶᠢᠨ ᠡᠵᠡᠩᠨᠡᠯᠲᠡ ᠪᠠᠷ ᠰᠠᠭᠤᠷᠢ ᠪᠣᠯᠭᠠᠭᠰᠠᠨ᠂ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠬᠡᠪᠴᠢᠶᠡᠲᠦ ᠬᠥᠭᠵᠢᠯᠲᠡ ᠪᠠᠷ ᠬᠤᠯᠪᠣᠭᠠᠰᠤ ᠪᠣᠯᠭᠠᠭᠰᠠᠨ ᠪᠣᠰᠤᠭ᠎ᠠ ᠨᠡᠶᠢᠯᠡᠮᠡᠯ ᠬᠡᠯᠪᠡᠷᠢ ᠶᠢᠨ ᠣᠳᠣ ᠦᠶ᠎ᠡ ᠶᠢᠨ | ᠲᠠᠷᠢᠶᠠᠯᠠᠩ ᠤᠨ ᠡᠵᠡᠩᠨᠡᠯᠲᠡ ᠶᠢᠨ ᠳᠤᠭᠳᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠭᠠᠷᠤᠯᠲᠠ ᠶᠢ | ᠲᠣᠭᠲᠠᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠪᠠᠭᠤᠯᠢᠭ ᠣᠨᠴᠠᠯᠢᠭ ᠪᠥᠬᠦᠶ ᠳᠠᠷᠢᠵᠤ ᠲᠡᠵᠢᠭᠡᠬᠦ ᠦᠶᠯᠡᠰ ᠢ | ᠬᠦᠭᠵᠢᠬᠦᠯᠦᠨ᠂ ᠵᠠᠬᠢᠶᠠᠯᠠᠭ᠎ᠠ ᠶᠢᠨ ᠲᠠᠷᠢᠶᠠᠯᠠᠩ ᠪᠠ ᠪᠦᠲᠦᠭᠡᠯᠴᠢ ᠲᠠᠷᠢᠶᠠᠯᠠᠩ ᠢ ᠢᠳᠡᠪᠬᠢᠲᠡᠶ ᠬᠥᠭᠵᠢᠭᠦᠯᠵᠦ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠬᠡᠷ ᠪᠦᠯᠢ | ᠶᠢᠨ ᠲᠠᠷᠢᠶᠠᠯᠠᠩ ᠤᠨ ᠲᠠᠯᠠᠪᠠᠶ᠂ ᠪᠢᠴᠢᠯ ᠬᠡᠯᠪᠡᠷᠢ ᠶᠢᠨ ᠣᠶᠤᠨᠴᠢ ᠲᠦᠬᠦᠭᠡᠷᠤᠮᠵᠢᠳᠤ ᠲᠠᠷᠢᠶᠠᠯᠠᠩ ᠪᠠ ᠭᠠᠵᠠᠷ ᠰᠢᠷᠣᠶ ᠶᠢ ᠨᠡᠷ᠎ᠡ ᠵᠢᠭᠠᠵᠤ ᠠᠷᠠᠴᠢᠯᠠᠬᠤ ᠵᠡᠷᠭᠡ ᠰᠢᠨ᠎ᠡ | ᠵᠠᠭᠪᠤᠷ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠰᠢᠶᠠᠨ ᠤ ᠪᠦᠰᠡ ᠶᠢᠨ ᠲᠤᠳᠤᠷ᠎ᠠ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ | ᠬᠤᠲᠠ ᠲᠣᠭᠤᠷᠢᠭ ᠲᠤ ᠬᠠᠨᠳᠤᠭᠤᠯᠤᠭᠰᠠᠨ᠂ ᠬᠤᠲᠠ ᠲᠣᠭᠤᠷᠢᠭ ᠲᠤ ᠦᠢᠯᠡᠴᠢᠯᠡᠭᠰᠡᠨ ᠬᠥᠳᠡᠭᠡ ᠲᠣᠰᠬᠤᠨ ᠤ ᠠᠵᠤ ᠦᠢᠯᠡᠰ ᠤᠨ ᠲᠤᠭᠳᠠᠯᠴᠠᠭ᠎ᠠ ᠶᠢ | ᠪᠠᠶᠢᠭᠤᠯᠵᠤ᠂ ︽ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ ᠪᠦᠲᠦᠭᠡᠭᠳᠡᠬᠦᠨ︾ ᠤ ᠬᠤᠯᠪᠣᠭᠠᠲᠤ ᠴᠣᠭᠴᠠ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠠᠷᠢᠶᠠᠴᠢᠳ ᠠᠵᠤ ᠦᠢᠯᠡᠰ ᠤᠨ ᠬᠡᠯᠬᠢᠶᠡᠰᠦ ᠶᠢᠨ ᠨᠡᠮᠡᠭᠳᠡᠯ ᠠᠰᠢᠭ | ᠤᠯᠵᠠᠪᠤᠷᠢ ᠶᠢ ᠬᠤᠪᠢᠶᠠᠨ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠴᠢᠳ ᠲᠦᠷᠢᠶᠡᠰᠦᠨ ᠮᠥᠩᠭᠦ ᠬᠤᠷᠢᠶᠠᠬᠤ᠂ ᠬᠤᠪᠢ ᠣᠷᠣᠭᠤᠯᠤᠭᠰᠠᠨ | ᠮᠥᠩᠭᠦ ᠬᠤᠪᠢᠶᠠᠬᠤ᠂ ᠴᠠᠯᠢᠩ ᠣᠯᠬᠤ ᠶᠢ ᠰᠦᠪᠡᠭᠴᠢᠯᠡᠨ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠵᠦ᠂ ᠬᠥᠳᠡᠭᠡ ᠲᠣᠰᠬᠤᠨ ᠤ ᠰᠢᠨ᠎ᠡ ᠶᠢ ᠡᠭᠦᠳᠦᠨ | ᠦᠶᠯᠡᠰ ᠪᠤᠰᠬᠠᠬᠤ ᠳᠠᠭᠠᠭᠤᠯᠤᠭᠴᠢ ᠶᠢ ᠬᠥᠮᠦᠵᠢᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠬᠦᠯᠦᠨ᠂ ᠦᠶᠯᠡᠳᠪᠦᠷᠢ ᠬᠤᠳᠠᠯᠳᠤᠭᠠᠨ ᠤ ᠬᠥᠷᠥᠩᠭᠡ ᠶᠢ ᠬᠥᠳᠡᠭᠡ | ᠪᠠᠭᠤᠯᠭᠠᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠰᠢᠯᠢᠳᠡᠭ ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠢ ᠠᠭᠤᠳᠠᠯᠤᠨ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠳᠤᠮᠳᠠ ᠨᠤᠲᠤᠭ ᠤᠨ ᠰᠣᠶᠣᠯ ᠢ ᠬᠠᠮᠠᠭᠠᠯᠠᠨ ᠤᠯᠠᠮᠵᠢᠯᠠᠵᠤ᠂ ᠰᠡᠯᠡᠭᠦᠴᠡᠯ ᠤᠨ | ᠠᠮᠢ ᠠᠬᠤᠶ ᠶᠢᠨ ᠲᠠᠷᠢᠶᠠᠯᠠᠩ ᠤᠨ ᠬᠥᠭᠵᠢᠯᠲᠡ ᠶᠢᠨ ᠳᠤᠮᠳᠠ ᠬᠥᠳᠡᠭᠡ ᠲᠣᠰᠬᠤᠨ ᠤ ᠵᠢᠭᠤᠯᠴᠢᠯᠠᠯ ᠢ ᠪᠠᠶᠢᠭᠤᠯᠤᠨ᠎ᠠ᠃ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠬᠦᠯᠦᠨ᠂ ᠬᠥᠳᠡᠭᠡ ᠲᠣᠰᠬᠤᠨ ᠤ ᠴᠡᠪᠡᠷ ᠡᠨᠧᠷᠭᠢ ᠶᠢ ᠣᠷᠣᠯᠠᠭᠤᠯᠬᠤ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠦᠶᠯ ᠢ ᠶᠡᠬᠡᠪᠡᠷ ᠬᠥᠭᠵᠢᠭᠦᠯᠦᠨ᠎ᠡ᠃ ᠲᠤᠭᠠᠴᠢᠯᠠᠭᠰᠠᠨ ᠬᠦᠳᠡᠭᠡ ᠳᠤᠰᠬᠤᠨ ᠤ ᠪᠦᠳᠦᠬᠡᠨ | ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠤ᠂ 5G ᠰᠦᠯᠵᠢᠶ᠎ᠡ ᠶᠢ ᠬᠦᠳᠡᠭᠡ ᠳᠤᠰᠬᠤᠨ ᠳᠤ ᠤᠷᠤᠭᠤᠯᠬᠤ ᠶᠢ ᠳᠦᠷᠭᠡᠳᠬᠡᠨ᠂ ᠬᠦᠳᠡᠭᠡ ᠳᠤᠰᠬᠤᠨ ᠤ ᠪᠤᠳᠠᠰ | ᠤᠨ ᠬᠦᠢᠯᠭᠡᠭᠡᠨ ᠤ ᠳᠤᠬᠢᠷᠠᠭᠤᠯᠤᠨ ᠬᠦᠷᠭᠡᠬᠦ ᠰᠢᠰᠲ᠋ᠧᠮ ᠤᠨ ᠪᠠᠶᠢᠭᠤᠯᠤᠯᠳᠠ ᠶᠢᠨ ᠬᠦᠴᠦᠯᠡᠴᠡ ᠶᠢ ᠴᠢᠩᠭᠠᠳᠬᠠᠨ᠎ᠠ᠃ ᠬᠦᠳᠡᠭᠡ ᠳᠤᠰᠬᠤᠨ ᠤ ᠤᠷᠤᠰᠢᠨ | ᠠᠮᠢᠳᠤᠷᠠᠬᠤ ᠤᠷᠴᠢᠨ ᠨᠦᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠬᠦᠯᠬᠦ ᠳᠠᠪᠤᠨ ᠵᠢᠯ ᠤᠨ ᠠᠵᠢᠯᠯᠠᠭ᠎ᠠ ᠶᠢ ᠬᠦᠨᠵᠡᠭᠡᠢ ᠬᠡᠷᠡᠭᠵᠢᠬᠦᠯᠦᠨ᠂ ᠡᠷᠦᠬᠡ ᠶᠢᠨ ᠵᠤᠷᠯᠤᠩ ᠢ | ᠦᠭᠡᠷᠡᠴᠢᠯᠡᠬᠦ᠂ ᠪᠤᠬᠢᠷ ᠤᠰᠤ ᠬᠤᠭ ᠨᠤᠪᠰᠢ ᠶᠢ ᠰᠢᠢᠳᠪᠤᠷᠢᠯᠡᠬᠦ ᠪᠠ ᠲᠠᠷᠢᠵᠤ ᠳᠡᠵᠢᠭᠡᠬᠦ ᠤᠶᠢᠯᠡᠰ ᠤᠨ ᠬᠠᠶᠠᠭᠳᠠᠮᠠᠯ ᠪᠤᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠪᠠᠷᠢᠮᠵᠢᠶ᠎ᠠ ᠶᠢ ᠳᠡᠭᠡᠭᠰᠢᠯᠡᠬᠦᠯᠬᠦ᠂ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠤᠷᠤᠰᠢᠨ ᠰᠠᠭᠤᠬᠤ ᠳᠤ ᠳᠤᠬᠢᠷᠠᠮᠵᠢᠳᠠᠢ ᠦᠵᠡᠰᠬᠦᠯᠡᠩᠳᠤ ᠰᠠᠶᠢᠬᠠᠨ | ᠠᠶᠢᠯ ᠳᠤᠰᠬᠤᠨ ᠪᠠ ᠬᠦᠷᠢᠶ᠎ᠡ ᠬᠠᠰᠢᠶ᠎ᠠ ᠶᠢ ᠵᠢᠱᠢᠶ᠎ᠡ ᠦᠵᠡᠬᠦᠯᠵᠤ ᠡᠬᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠬᠦᠯᠦᠨ᠎ᠡ᠃ ᠬᠥᠳᠡᠭᠡ ᠲᠣᠰᠬᠤᠨ ᠤ ᠲᠠᠷᠢᠶᠠᠨ | ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠲᠠᠷᠢᠶᠠᠨ ᠭᠠᠵᠠᠷ ᠢ ︽ | ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ ᠵᠣᠭᠰᠣᠭᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠨ᠎ᠠ᠃ ᠵᠤᠬᠢᠶᠠᠨ | ᠪᠠᠶᠢᠭᠤᠯᠵᠤ ᠬᠦᠭᠵᠢᠬᠦᠯᠦᠨ ᠮᠠᠨᠳᠤᠭᠤᠯᠬᠤ ᠪᠠᠷ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠵᠤ᠂ ᠥᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠳᠤᠭᠳᠠᠯᠴᠠᠭᠠᠨ ᠤ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠠᠭᠤᠴᠢᠨ ᠶᠣᠰᠣ ᠪᠦᠳᠦᠭᠦᠯᠢᠭ ᠵᠠᠩ ᠳᠠᠳᠬᠠᠯ ᠢ ᠨᠢ | ᠠᠷᠢᠯᠭᠠᠨ᠂ ᠣᠯᠠᠨ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠵᠠᠩ ᠳᠠᠳᠬᠠᠯ ᠢ ᠪᠠᠳᠠᠷᠠᠭᠤᠯᠵᠤ᠂ ᠪᠣᠯᠪᠠᠰᠤᠨ ᠰᠤᠷᠲᠠᠯ ᠢ ᠪᠣᠶᠢᠵᠢᠭᠤᠯᠤᠨ᠎ᠠ᠃ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠳᠤᠤᠷ᠎ᠠ ᠤᠷᠤᠯᠭᠠᠳᠤ ᠬᠥᠮᠦᠨ ᠠᠮᠠ ᠶᠢ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ | ᠭᠤᠤᠯᠳᠠᠯᠭ᠎ᠠ ᠲᠠᠢ ᠬᠥᠮᠦᠰ ᠤᠨ ᠬᠥᠳᠡᠯᠦᠩᠭᠦᠶ ᠬᠢᠨᠠᠨ ᠰᠢᠨᠵᠢᠯᠲᠡ ᠶᠢ ᠴᠢᠩᠭᠠᠳᠬᠠᠨ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ | ( ᠵᠢᠷᠭᠤᠭ᠎ᠠ ) ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠵᠤ ᠰᠠᠶᠢᠵᠢᠷᠠᠭᠤᠯᠤᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠤᠯ ᠵᠢᠷᠭᠠᠯᠲᠤ | ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ ᠠᠵᠢᠯ ᠣᠯᠭᠤᠬᠤ ᠦᠶᠯᠡᠴᠢᠯᠡᠭᠡᠨ ᠤ | ᠡᠭᠦᠯᠡᠨ ᠲᠠᠪᠴᠠᠩ ᠪᠠ ᠠᠵᠢᠯ ᠤᠯᠭᠤᠬᠤ ᠠᠳᠠᠯ ᠦᠶᠯᠡᠰ ᠪᠤᠰᠬᠠᠬᠤ ᠦᠶᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠠᠵᠢᠯ | ᠣᠯᠭᠤᠬᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠳᠠ ᠪᠠ ᠠᠵᠢᠯ ᠠᠯᠳᠠᠯᠲᠠ ᠶᠢᠨ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠬᠦᠯᠦᠨ᠎ᠡ᠃ | ᠨᠡᠶᠢᠬᠡᠮ ᠤᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠭᠦᠴᠦᠯᠡᠴᠡ ᠶᠢ ᠴᠢᠩᠭᠠᠳᠬᠠᠨ᠂ ᠶᠡᠭᠡ ᠰᠤᠷᠭᠠᠭᠤᠯᠢ ᠳᠤᠮᠳᠠ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠳᠤᠤᠷ᠎ᠠ ᠤᠷᠤᠯᠭ᠎ᠠ ᠲᠠᠢ ᠬᠥᠮᠦᠰ ᠵᠡᠷᠭᠡ ᠭᠤᠤᠯᠳᠠᠯᠭ᠎ᠠ ᠲᠠᠢ | ᠬᠥᠮᠦᠰ ᠲᠤ ᠤᠷᠢᠳᠠᠪᠠᠷ ᠠᠵᠢᠯ ᠤᠯᠭᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬᠢᠶᠠᠯᠠᠭ᠎ᠠ ᠮᠠᠶ᠋ᠢᠭ ᠤᠨ᠂ | ᠬᠠᠨᠳᠤᠯᠭᠠᠲᠤ ᠮᠠᠶ᠋ᠢᠭ ᠤᠨ᠂ ᠠᠵᠢᠯ ᠤᠨ ᠪᠠᠶᠢᠷᠢ ᠲᠣᠭᠲᠠᠭᠠᠬᠤ ᠮᠠᠶ᠋ᠢᠭ ᠤᠨ ᠪᠤᠯᠪᠠᠰᠤᠷᠠᠯ ᠥᠷᠨᠢᠭᠦᠯᠦᠨ᠂ ᠠᠳᠠᠯ ᠦᠶᠯᠡᠰ ᠪᠤᠰᠬᠠᠬᠤ ᠪᠠᠷ ᠠᠵᠢᠯ ᠣᠯᠭᠤᠬᠤ ᠶᠢ | ᠳᠠᠶᠢᠴᠢᠯᠠᠬᠤ ᠶᠢ ᠬᠥᠲᠥᠯᠦᠨ ᠵᠢᠯᠣᠭᠤᠳᠴᠤ᠂ ︽ᠣᠯᠠᠨ ᠢᠶᠠᠷ ᠢᠶᠠᠨ ᠠᠳᠠᠯ ᠦᠢᠯᠡᠰ ᠪᠤᠰᠬᠠᠬᠤ ᠣᠷᠣᠨ ᠵᠠᠶ︾ ᠶᠢ ᠰᠢᠯᠢᠳᠡᠭᠵᠢᠭᠦᠯᠦᠨ᠂ ᠠᠳᠠᠯ ᠦᠶᠯᠡᠰ | ᠪᠤᠰᠬᠠᠬᠤ ᠪᠠᠷ 1.5 ᠲᠦᠮᠡᠨ ᠬᠥᠮᠦᠨ ᠤ ᠠᠵᠢᠯ ᠣᠯᠭᠤᠯᠲᠠ ᠶᠢ ᠳᠠᠶᠢᠴᠢᠯᠠᠭᠤᠯᠬᠤ ᠪᠠᠷ ᠴᠢᠷᠮᠠᠶᠢᠨ᠎ᠠ᠃ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠰᠤᠷᠭᠠᠭᠤᠯᠢ ᠰᠠᠭᠤᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠦᠨ ᠲᠦᠭᠡᠮᠡᠯ ᠬᠠᠷᠠᠭᠠᠯᠵᠠᠯ ᠬᠦᠷᠳᠡᠬᠡᠬᠦ ᠶᠢ ᠲᠦᠷᠭᠡᠳᠬᠡᠵᠦ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠵᠢᠭᠰᠠᠨ ᠣᠨᠴᠠᠯᠢᠭ ᠲᠠᠢ ᠰᠤᠷᠭᠠᠭᠤᠯᠢ ᠡᠷᠭᠢᠯᠡᠬᠦ ᠶᠢ ᠵᠣᠷᠢᠭᠵᠢᠭᠤᠯᠵᠤ᠂ ᠠᠷᠠᠳ ᠠᠴᠠ | ᠡᠷᠭᠢᠯᠡᠭᠰᠡᠨ ᠰᠤᠷᠭᠠᠨ ᠬᠥᠮᠦᠵᠢᠯ ᠢ ᠵᠢᠷᠤᠮᠵᠢᠭᠤᠯᠤᠨ ᠳᠡᠮᠵᠢᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠬᠦ ᠶᠢ | ᠠᠬᠢᠭᠤᠯᠤᠨ᠂ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ | ᠤᠨ ᠰᠤᠷᠭᠠᠨ ᠬᠥᠮᠦᠵᠢᠯ ᠢ ᠳᠡᠯᠭᠡᠷᠡᠭᠦᠯᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠭᠤᠴᠢᠨ ᠨᠢᠭᠡᠳᠦᠭᠡᠷ ᠪᠠᠭ᠎ᠠ ᠰᠤᠷᠭᠠᠭᠤᠯᠢ᠂ ᠳ᠋ᠦᠩ ᠴᠢᠩ ᠬᠡᠦᠬᠡᠳ ᠤᠨ ᠴᠡᠴᠡᠷᠯᠢᠭ ᠵᠡᠷᠭᠡ ᠬᠡᠦᠬᠡᠳ ᠤᠨ | ᠴᠡᠴᠡᠷᠯᠢᠭ ᠪᠠ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠰᠠᠭᠤᠷᠢᠨ ᠭᠠᠵᠠᠷ ᠢ ᠰᠢᠨ᠎ᠡ ᠪᠠᠷ 8 ᠪᠠᠶᠢᠭᠤᠯᠤᠨ᠂ ᠵᠢᠷᠭᠤᠳᠤᠭᠠᠷ ᠪᠠᠭ᠎ᠠ ᠰᠤᠷᠭᠠᠭᠤᠯᠢ ᠵᠡᠷᠭᠡ 3 | ᠰᠤᠷᠭᠠᠭᠤᠯᠢ ᠶᠢ ᠥᠷᠭᠡᠳᠬᠡᠨ ᠪᠠᠶᠢᠭᠤᠯᠵᠤ᠂ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠵᠡᠷᠭᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ | ᠦᠷᠭᠦᠯᠵᠢᠯᠡᠨ ᠪᠦᠳᠦᠭᠡᠨ ᠪᠠᠶᠢᠭᠤᠯᠬᠤ11 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠮᠠᠨ ᠱᠢ ᠪᠠᠭ᠎ᠠ | ᠰᠤᠷᠭᠠᠭᠤᠯᠢ᠂ ᠵᠢᠩ ᠱᠠᠨ ᠬᠡᠦᠬᠡᠳ ᠤᠨ ᠴᠡᠴᠡᠷᠯᠢᠭ ᠵᠡᠷᠭᠡ 7 ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ | ᠪᠠᠲᠤᠯᠠᠨ᠎ᠠ᠃ ᠤᠶᠤᠨᠴᠢ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠮᠡᠷᠭᠡᠵᠢᠯ ᠤᠨ | ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ | ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠵᠤ᠂ 570 ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠡᠯᠰᠡᠨ᠎ᠡ᠃ | ᠡᠷᠡᠭᠦᠯ ᠡᠩᠭᠡ ᠳ᠋ᠦᠩᠱᠧᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠤ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ 160 ᠠᠵᠢᠯᠲᠠᠨ ᠢ ᠰᠢᠯᠭᠠᠨ ᠡᠯᠰᠡᠵᠦ | ᠣᠷᠣᠭᠤᠯᠤᠨ ᠠᠪᠴᠢᠷᠠᠨ᠎ᠠ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭᠠᠨ ᠤ ᠬᠥᠮᠥᠷᠭᠡ᠂ ᠨᠡᠶᠢᠭᠡᠮ ᠲᠣᠭᠤᠷᠢᠭ ᠤᠨ ᠡᠮᠨᠡᠯᠭᠡ ᠶᠢᠨ | ᠬᠤᠷᠢᠶ᠎ᠠ ᠵᠡᠷᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠢᠨᠲ᠋ᠧᠷ ᠰᠦᠯᠵᠢᠶ᠎ᠡ + ᠣᠶᠤᠨᠴᠢ ᠡᠮᠴᠢᠯᠡᠭᠡ︾ ᠶᠢ | ᠡᠬᠢᠯᠡᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠪᠠ ᠡᠮᠴᠢᠯᠡᠭᠡᠨ ᠤ ᠦᠶᠯᠡᠴᠢᠯᠡᠭᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠪᠡᠶᠡᠯᠡᠭᠦᠯᠦᠨ᠎ᠡ᠃ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠦᠬᠦ ᠤᠯᠤᠰ ᠤᠨ ᠦᠨᠳᠦᠰᠦᠨ | ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠵᠢᠱᠢᠶ᠎ᠡ ᠦᠵᠡᠭᠦᠯᠬᠦ ᠲᠣᠭᠤᠷᠢᠭ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠤᠯᠤᠰ | ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠪᠣᠯᠪᠠᠰᠤᠨ ᠰᠠᠶᠢᠬᠠᠨ ᠡᠷᠡᠭᠦᠯ ᠮᠡᠨᠳᠤ ᠠᠮᠢᠳᠤᠷᠠᠯ ᠤᠨ ᠠᠷᠭ᠎ᠠ ᠮᠠᠶ᠋ᠢᠭ ᠢ | ᠢᠳᠡᠪᠬᠢᠲᠡᠶ ᠰᠠᠨᠠᠭᠠᠴᠢᠯᠠᠨ᠎ᠠ᠃ | ᠰᠣᠶᠣᠯ ᠤᠨ ᠠᠵᠤ ᠤᠶᠢᠯᠡᠰ ᠪᠠ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠰᠢᠨ᠎ᠡ ᠨᠢᠭᠡ ᠡᠭᠡᠯᠵᠢ ᠶᠢᠨ ᠰᠣᠶᠣᠯ ᠵᠢᠭᠤᠯᠴᠢᠯᠠᠯ ᠤᠨ | ᠣᠯᠠᠨ ᠨᠡᠶᠢᠲᠡ ᠶᠢᠨ ᠦᠶᠯᠡᠴᠢᠯᠡᠭᠡᠨ ᠤ ᠳᠤᠭᠳᠠᠯᠴᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠬᠤᠲᠠ | ᠬᠥᠳᠡᠭᠡ ᠶᠢᠨ ᠰᠣᠶᠣᠯ ᠤᠨ ᠡᠬᠢ ᠪᠠᠶᠠᠯᠢᠭ ᠢ ᠲᠡᠩᠴᠡᠭᠦᠷᠢᠲᠡᠶ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ᠬᠠᠲᠤᠨ ᠭᠤᠤᠯ ᠤᠨ ᠰᠠᠪᠠ | ᠭᠠᠵᠠᠷ ᠤᠨ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠳᠤ ᠴᠢᠭᠯᠡᠬᠦᠯᠦᠨ᠂ ᠨᠠᠮ ᠪᠠᠶᠢᠭᠤᠯᠤᠭᠳᠠᠭᠰᠠᠨ 100 ᠵᠢᠯ ᠤᠨ ᠣᠶ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠪᠠ ᠦᠵᠡᠭᠦᠯᠦᠯᠭᠡ ᠶᠢᠨ | ᠲᠣᠭᠯᠠᠯᠲᠠ ᠶᠢᠨ ᠠᠵᠢᠯᠯᠠᠭ᠎ᠠ ᠶᠢ ᠨᠢᠮᠪᠠᠶ ᠵᠣᠬᠢᠶᠠᠨ ᠪᠠᠶᠢᠭᠤᠯᠤᠨ ᠲᠥᠰᠦᠪᠯᠡᠵᠦ᠂ ᠤᠯᠠᠮᠵᠢᠯᠠᠯᠲᠤ ᠰᠣᠶᠣᠯ ᠤᠨ ᠠᠵᠤ ᠦᠶᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ | ᠂ ᠰᠢᠨ᠎ᠡ ᠪᠠᠷ ᠬᠦᠭᠵᠢᠭᠰᠡᠨ ᠰᠣᠶᠣᠯ ᠤᠨ ᠠᠵᠤ ᠦᠶᠯᠡᠰ ᠢ ᠬᠥᠭᠵᠢᠭᠦᠯᠦᠨ᠂ ᠰᠦᠯᠵᠢᠶᠡᠨ ᠳᠡᠭᠡᠷᠡᠬᠢ ᠤᠯᠠᠭᠠᠨᠮᠥ᠋ᠴᠢᠷ ᠤᠨ ᠪᠠᠶᠢᠭᠤᠯᠤᠯᠲᠠ ᠶᠢ ᠠᠬᠢᠭᠤᠯᠵᠤ᠂ | ᠣᠷᠣᠨ ᠪᠦᠰᠡ ᠶᠢᠨ ᠳᠠᠶᠢᠴᠢᠯᠠᠬᠤ ᠬᠦᠴᠦᠨ ᠪᠠ ᠨᠥᠯᠥᠭᠡᠯᠡᠬᠦ ᠬᠦᠴᠦᠨ ᠲᠠᠢ ᠰᠣᠶᠣᠯ ᠤᠨ ᠰᠢᠨ᠎ᠡ ᠶᠢ ᠡᠭᠦᠳᠬᠦ ᠨᠢᠭᠡ ᠪᠦᠯᠦᠭ ᠬᠦᠷᠢᠶᠡᠯᠡᠩ ᠲᠣᠭᠤᠷᠢᠭ᠂ ᠵᠡᠭᠡᠯᠢ | ᠭᠤᠳᠤᠮᠵᠢ᠂ ᠠᠵᠤ ᠠᠬᠤᠶᠢᠯᠠᠯ ᠪᠠ ᠨᠠᠷᠠᠲᠤ ᠲᠡᠮᠳᠡᠭᠲᠦ ᠶᠢ ᠪᠠᠶᠢᠭᠤᠯᠤᠨ᠎ᠠ᠃ ᠳᠤᠭᠤᠷᠢᠭ ᠤᠨ ᠲᠡᠰ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ︽ᠳ᠋ᠦᠩᠱᠧᠩ ᠤᠨ ᠲᠡᠦᠬᠡ ᠰᠣᠶᠣᠯ ᠤᠨ ᠥᠪ︾ ᠢ ᠨᠠᠶᠢᠷᠠᠭᠤᠯᠤᠨ ᠬᠡᠪᠯᠡᠭᠦᠯᠵᠦ᠂ ︽ | ᠳ᠋ᠦᠩᠱᠧᠩ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ︾ ᠢ ᠪᠠᠶᠢᠭᠤᠯᠤᠨ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠦᠷᠨᠢᠬᠦᠯᠵᠤ᠂ ᠨᠡᠶᠢᠭᠡᠮ ᠤᠨ ᠬᠥᠷᠥᠩᠭᠡ ᠶᠢᠨ ᠪᠡᠶ᠎ᠡ ᠶᠢᠨ ᠲᠠᠮᠢᠷ ᠤᠨ ᠰᠠᠭᠤᠷᠢ ᠲᠦᠬᠦᠬᠡᠷᠦᠮᠵᠢ | ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠠᠵᠤ ᠦᠶᠯᠡᠰ ᠤᠨ ᠲᠠᠰ ᠳᠡᠪᠰᠢᠬᠦ ᠶᠢ | ᠠᠬᠢᠭᠤᠯᠤᠨ᠎ᠠ᠃ | ᠨᠡᠶᠢᠭᠡᠮ ᠤᠨ ᠦᠨᠳᠦᠰᠦᠨ ᠪᠠᠲᠤᠯᠠᠭ᠎ᠠ ᠶᠢ ᠦᠨᠡᠨ ᠬᠦ ᠴᠢᠩᠭᠠᠳᠬᠠᠨ᠎ᠠ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠠᠵᠢᠯᠯᠠᠭᠰᠠᠳ᠂ ᠬᠦᠴᠦ | ᠶᠠᠪᠤᠭᠰᠠᠨ ᠳᠠᠷᠢᠶᠠᠴᠢᠳ ᠪᠣᠯᠤᠨ ᠠᠮᠢᠳᠤᠯᠢᠭ ᠢᠶᠠᠷ ᠠᠵᠢᠯ ᠣᠯᠤᠭᠰᠠᠳ ᠢᠶᠠᠷ ᠭᠤᠣᠯᠳᠠᠯᠭ᠎ᠠ ᠪᠣᠯᠭᠠᠭᠰᠠᠨ ᠪᠦᠬᠦ ᠠᠷᠠᠳ ᠢ ᠳᠠᠭᠠᠳᠬᠠᠯ ᠳᠤ ᠤᠷᠤᠭᠤᠯᠬᠤ | ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ | ᠳᠦᠷᠢᠮ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠬᠦᠨ ᠤ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠠᠪᠤᠷᠠᠨ ᠳᠤᠰᠠᠯᠠᠯᠳᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠲᠤᠷᠰᠢᠨ ᠬᠡᠷᠡᠭᠵᠢᠭᠦᠯᠵᠦ᠂ ᠬᠦᠨᠳᠦ | ᠡᠪᠡᠳᠴᠢᠨ ᠡᠮᠭᠡᠭ ᠤᠨ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠪᠦᠷᠢᠨᠰᠢᠬᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ | ᠢ ᠪᠠᠶᠢᠭᠤᠯᠤᠨ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠲᠥᠪ ᠢ ᠲᠦᠷᠭᠡᠳᠬᠡᠨ ᠪᠠᠶᠢᠭᠤᠯᠵᠤ᠂ ᠬᠢᠵᠢᠭ ᠤᠨ ᠪᠠᠶᠢᠳᠠᠯ ᠪᠠ ᠡᠪᠡᠳᠴᠢᠨ ᠠᠴᠠ | ᠪᠣᠯᠵᠣ ᠬᠦᠴᠢᠷᠳᠡᠯ ᠳᠤ ᠲᠤᠯᠭᠠᠷᠠᠭᠰᠠᠨ ᠬᠥᠮᠦᠰ ᠢ ᠠᠪᠤᠷᠠᠨ ᠲᠤᠰᠠᠯᠠᠬᠤ ᠬᠦᠷᠢᠶ᠎ᠡ ᠬᠡᠪᠴᠢᠶᠡᠨ ᠳᠤ ᠣᠷᠣᠭᠤᠯᠤᠨ᠂ ᠦᠨᠳᠦᠰᠦᠨ ᠪᠠᠳᠤᠯᠠᠭ᠎ᠠ ᠶᠢᠨ ᠲᠣᠤᠷ ᠢ ᠨᠢᠭᠲᠠ | ᠪᠠᠬᠢ ᠪᠠᠶᠢᠭᠤᠯᠤᠨ᠎ᠠ᠃ | ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠯᠪᠠᠷ ᠪᠤᠰᠤ ᠪᠠᠷ ᠤᠯᠤᠭᠰᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠰᠠᠬᠢᠨ᠎ᠠ᠃ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠲᠥᠷᠥᠯ ᠤᠨ ᠥᠷᠢ ᠥᠭᠴᠡᠭᠡ ᠶᠢᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 49.5 ᠳ᠋ᠦᠩᠰᠢᠭᠤᠷ ᠲᠥᠭᠦᠷᠢᠭ | ᠢᠯᠭᠠᠷᠠᠭᠤᠯᠬᠤ ᠪᠠᠷ ᠴᠢᠷᠮᠠᠶᠢᠨ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠨᠡᠭᠦᠷᠡᠰᠦᠨ ᠠᠭᠤᠷᠬᠠᠢ᠂ ᠪᠠᠷᠢᠯᠭ᠎ᠠ ᠶᠢᠨ ᠭᠠᠵᠠᠷ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤ ᠵᠦᠢᠯ ᠡᠮ ᠤᠨ ᠵᠦᠢᠯ ᠵᠢᠴᠢ ᠠᠶᠤᠯᠲᠠᠢ ᠬᠢᠮᠢ ᠶᠢᠨ ᠵᠦᠢᠯ ᠵᠡᠷᠭᠡ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠤᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ︽ᠲᠠᠪᠤ ᠶᠢ ᠬᠠᠮᠵᠢᠯᠴᠠᠭᠤᠯᠬᠤ᠂ ᠦᠨᠳᠦᠰᠦᠨ ᠱᠠᠲᠤ ᠶᠢ ᠶᠡᠭᠡ ᠪᠠᠷ | ᠠᠳᠬᠤᠬᠤ︾ ᠶᠢ ᠪᠠᠷᠢᠮᠳᠠᠯᠠᠨ᠂ ᠬᠤᠲᠠ ᠬᠥᠳᠡᠭᠡ ᠲᠣᠰᠬᠤᠨ ᠨᠡᠶᠢᠭᠡᠮ ᠲᠣᠭᠤᠷᠢᠭ ᠤᠨ ᠵᠠᠰᠠᠯᠲᠠ ᠪᠠ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠰᠢᠶᠳᠪᠦᠷᠢᠯᠡᠬᠦ ᠣᠯᠠᠨ ᠡᠰᠢᠵᠢᠭᠰᠡᠨ ᠵᠢᠯᠣᠭᠤᠳᠬᠤ ᠲᠥᠪ ᠤᠨ ᠴᠢᠳᠠᠮᠵᠢ ᠶᠢᠨ ᠦᠶᠯᠡᠳᠦᠯ ᠢ ᠨᠠᠩ ᠰᠠᠶᠢᠲᠤᠷ | ᠪᠠᠳᠠᠷᠠᠭᠤᠯᠤᠨ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠯᠡᠬᠦ᠂ ᠵᠢᠭᠤᠷᠠᠯᠳᠤᠭᠠᠨ ᠢ ᠨᠠᠮᠳᠠᠭᠤᠯᠬᠤ᠂ ᠪᠠᠴᠢᠮ ᠪᠠᠶᠢᠳᠠᠯ ᠢ | ᠠᠷᠭᠠᠴᠠᠨ ᠰᠢᠶᠳᠪᠦᠷᠢᠯᠡᠬᠦ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠳᠠᠪᠬᠤᠴᠠᠭᠰᠠᠨ ᠭᠡᠷᠡᠭ ᠢ ᠲᠥᠪᠯᠡᠷᠡᠭᠦᠯᠦᠨ ᠵᠠᠰᠠᠬᠤ᠂ ᠵᠠᠬᠢᠳᠠᠯ | ᠰᠤᠷᠪᠤᠯᠵᠢᠯᠠᠭ᠎ᠠ ᠵᠢᠨᠲ᠋ᠠᠷᠤᠭᠳᠠᠭᠰᠠᠨ ᠬᠡᠷᠡᠭ ᠢ ᠰᠢᠢᠳᠪᠤᠷᠢᠯᠡᠬᠦ ᠭᠤᠷᠪᠠᠨ ᠵᠢᠯ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠥᠪ ᠤᠨ | ᠲᠣᠭᠤᠷᠢᠨ ᠪᠠᠶᠢᠴᠠᠭᠠᠬᠤ ᠨᠠᠢᠮᠠᠳᠤᠭᠠᠷ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠬᠦ ᠲᠠᠯ᠎ᠠ ᠪᠠᠷ | ᠰᠢᠢᠳᠪᠤᠷᠢᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠳᠤᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ᠎ᠡ᠃ | ᠡᠭᠦᠨ ᠤ ᠬᠠᠮᠲᠤ᠂ ᠪᠢᠳᠡ ᠪᠠᠰᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠴᠡᠷᠢᠭ ᠵᠠᠰᠠᠭ᠂ ᠴᠡᠷᠢᠭ ᠠᠷᠠᠳ ᠤᠨ ᠪᠦᠯᠬᠦᠮᠳᠡᠯ ᠢ ᠴᠢᠩᠭᠠᠳᠬᠠᠨ᠎ᠠ︔ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠨᠠᠰᠤᠲᠠᠶᠢᠴᠤᠳ᠂ ᠵᠡᠮᠳᠡᠭᠴᠦᠳ ᠵᠡᠷᠭᠡ ᠠᠵᠢᠯ ᠢ ᠲᠡᠮᠵᠢᠨ᠎ᠠ︔ ᠲᠤᠭ᠎ᠠ | ᠪᠦᠷᠢᠳᠬᠡᠯ ᠤᠨ ᠬᠢᠨᠠᠨ ᠪᠣᠳᠣᠯᠲᠠ᠂ ᠴᠠᠭ ᠠᠭᠤᠷ ᠭᠠᠵᠠᠷ ᠬᠥᠳᠡᠯᠦᠯᠲᠡ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠠᠮᠤ ᠪᠤᠳᠠᠭᠠᠨ ᠤ ᠠᠮᠤᠷ ᠲᠦᠪᠰᠢᠨ᠂ | ᠤᠯᠠᠭᠠᠨ ᠵᠠᠭᠠᠯᠮᠠᠶᠢᠲᠠᠨ᠂ ᠰᠢᠦᠳᠠᠨ ᠴᠢᠮᠡᠭᠡ ᠬᠤᠯᠪᠣᠭ᠎ᠠ ᠵᠡᠷᠭᠡ ᠡᠯ᠎ᠡ ᠵᠦᠢᠯ ᠤᠨ ᠠᠵᠢᠯ ᠢ ᠴᠢᠩᠭᠠᠳᠬᠠᠨ᠂ ᠨᠡᠶᠢᠭᠡᠮ ᠤᠨ ᠡᠯ᠎ᠡ ᠵᠦᠢᠯ ᠤᠨ ᠦᠢᠯᠡᠰ ᠤᠨ | ᠵᠣᠬᠢᠴᠠᠩᠭᠤᠶ ᠪᠠᠷ ᠬᠥᠭᠵᠢᠬᠦ ᠶᠢ ᠠᠬᠢᠭᠤᠯᠤᠨ᠎ᠠ᠃ | ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ︕ ᠰᠢᠨ᠎ᠡ ᠱᠠᠲᠤ᠂ ᠰᠢᠨ᠎ᠡ ᠱᠠᠭᠠᠷᠳᠠᠯᠭ᠎ᠠ ᠶᠢᠨ ᠡᠮᠤᠨ᠎ᠡ᠂ ᠥᠷᠢᠰᠥᠯᠳᠦᠭᠡᠨ ᠨᠠᠩ ᠣᠯᠠᠨ᠂ ᠡᠭᠦᠷᠭᠡ ᠨᠠᠩ ᠬᠦᠨᠳᠦ ᠪᠠᠶᠢᠨ᠎ᠠ᠃ | ᠪᠢᠳᠡ ᠬᠢᠳᠤᠭᠠᠨ ᠢᠷ ᠢᠶᠠᠨ ᠳᠣᠲᠣᠭᠰᠢ ᠬᠠᠨᠳᠤᠭᠤᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠥᠪᠡᠷ ᠤᠨ ᠪᠡᠶ᠎ᠡ ᠪᠠᠨ ᠬᠤᠪᠢᠰᠬᠠᠵᠤ᠂ ᠵᠠᠰᠠᠭ ᠤᠨ ᠣᠷᠳᠣᠨ ᠤ | ᠵᠠᠰᠠᠯᠲᠠ ᠶᠢᠨ ᠳᠤᠭᠳᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠠᠤᠯᠢ ᠪᠠᠷ ᠵᠠᠰᠠᠭᠰᠠᠨ᠂ ᠦᠨᠡᠨᠴᠢ | ᠢᠲᠡᠭᠡᠮᠵᠢᠲᠡᠢ᠂ ᠥᠨᠳᠥᠷ ᠪᠦᠲᠦᠮᠵᠢᠲᠡᠢ᠂ ᠠᠷᠢᠭᠤᠨ ᠴᠢᠬᠡᠴᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ | ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ︵ᠨᠢᠭᠡ︶ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠵᠤ᠂ ᠬᠠᠤᠯᠢᠵᠢᠯ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠵᠠᠰᠠᠭ ᠤᠨ ᠣᠷᠳᠣᠨ | ᠤ ᠠᠵᠢᠯ ᠢ ᠬᠠᠤᠯᠢᠵᠢᠯ ᠤᠨ ᠵᠠᠮ ᠳᠤ ᠪᠦᠬᠦ ᠲᠠᠯ᠎ᠠ ᠪᠠᠷ ᠣᠷᠣᠭᠤᠯᠵᠤ᠂ ᠬᠠᠤᠯᠢ ᠳᠤ ᠲᠣᠭᠲᠠᠭᠠᠭᠰᠠᠨ ᠡᠷᠬᠡ ᠶᠢᠨ ᠬᠢᠵᠠᠭᠠᠷᠯᠠᠯ ᠪᠠ ᠳᠡᠰ ᠳᠠᠷᠠᠭ᠎ᠠ ᠪᠠᠷ ᠡᠷᠬᠡ ᠪᠠᠨ | ᠬᠡᠷᠡᠭᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠵᠥᠷᠢᠴᠡᠯ ᠢ ᠠᠷᠢᠯᠭᠠᠵᠤ᠂ ᠬᠥᠭᠵᠢᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ | ᠲᠦᠷᠢᠮ ᠢ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ | ᠳᠤᠭᠳᠠᠯᠴᠠᠭ᠎ᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ | ᠵᠠᠰᠠᠭ ᠤᠨ ᠣᠷᠳᠣᠨ ᠤ ᠤᠴᠢᠷ ᠶᠠᠪᠤᠳᠠᠯ ᠢ ᠵᠥᠪᠯᠡᠬᠦ ᠲᠦᠷᠢᠮ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ | ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠲᠠᠢ ᠨᠡᠩ ᠢᠯᠡᠬᠦᠦ ᠤᠢᠢᠷᠠᠳᠤᠭᠤᠯᠵᠤ᠂ ᠠᠷᠠᠳ ᠤᠨ ᠰᠠᠨᠠᠭᠠᠨ ᠳᠤ ᠨᠡᠩ | ᠢᠯᠡᠬᠦᠦ ᠨᠡᠶᠢᠴᠡᠬᠦᠯᠦᠨ᠎ᠡ᠃ ᠪᠦᠬᠦ ᠶᠠᠪᠤᠴᠠ ᠳᠤ᠂ ᠪᠦᠬᠦ ᠳᠠᠯ᠎ᠠ ᠪᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠳᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ | ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ︵ᠬᠤᠶᠠᠷ︶ ᠦᠨᠡᠨᠴᠢ ᠢᠲᠡᠭᠡᠮᠵᠢᠲᠡᠢ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠦᠬᠦ ᠬᠦᠴᠦᠨ ᠢᠶᠠᠷ | ᠢᠶᠠᠨ ᠪᠠᠶᠢᠭᠤᠯᠤᠨ᠎ᠠ᠃ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ︾ ᠶᠢ ᠪᠠᠷᠢᠮᠲᠠᠯᠠᠵᠤ᠂ ᠵᠠᠰᠠᠭ ᠤᠨ ᠤᠷᠳᠤᠨ ᠤ ᠠᠮᠠᠯᠠᠯᠳᠠ ᠪᠠᠨ ᠬᠠᠤᠯᠢ ᠶᠤᠰᠤᠭᠠᠷ | ᠪᠡᠶᠡᠯᠡᠬᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠢᠲᠡᠭᠡᠯ ᠢᠶᠠᠨ ᠠᠯᠳᠠᠳᠰᠠᠳ ᠢ ᠵᠠᠯᠬᠠᠭᠠᠨ ᠴᠡᠭᠡᠷᠯᠡᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠵᠥᠪᠯᠡᠯᠴᠡᠭᠡᠷ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ | ᠤ ᠠᠮᠠᠯᠠᠯᠲᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠠᠵᠢᠯᠲᠠᠳ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠲᠠᠰᠤᠷᠠᠯᠲᠠ | ᠤᠢᠭᠡᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢᠶᠠᠷ ᠦᠨᠡᠨᠴᠢ ᠢᠳᠡᠭᠡᠮᠵᠢᠳᠠᠢ ᠨᠡᠶᠢᠬᠡᠮ ᠤᠨ ᠪᠠᠶᠢᠭᠤᠯᠤᠯᠳᠠ ᠶᠢ ᠳᠠᠶᠢᠴᠢᠯᠠᠨ᠎ᠠ᠃ | ︵ᠭᠤᠷᠪᠠ︶ ᠭᠡᠯᠡᠪᠡᠯ ᠪᠡᠶᠡᠯᠡᠬᠦᠯᠬᠦ ᠶᠢ ᠪᠠᠷᠢᠮᠲᠠᠯᠠᠵᠤ᠂ ᠥᠨᠳᠥᠷ ᠪᠦᠳᠦᠮᠵᠢᠳᠡᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠪᠤᠰᠢᠭᠤ ᠱᠠᠯᠠᠮᠠᠭᠠᠶ ᠪᠠᠶᠢᠬᠤ᠂ ᠲᠤᠤᠱᠲᠠᠢ ᠠᠳᠬᠤᠬᠤ ᠠᠵᠢᠯ | ᠤᠨ ᠰᠤᠷᠲᠠᠯ ᠢ ᠰᠠᠨᠠᠭᠠᠴᠢᠯᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠪᠣᠯᠤᠨ ᠠᠰᠠᠭᠤᠳᠠᠯ ᠢ ᠪᠦᠲᠦᠭᠡᠯᠴᠢ ᠪᠠᠷ | ᠰᠢᠶᠳᠪᠦᠷᠢᠯᠡᠵᠦ᠂ ᠳᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ | ᠦᠬᠡᠢ ᠤᠷᠤᠨᠵᠢᠭᠤᠯᠤᠨ ᠨᠠᠶᠢᠳᠠᠪᠤᠷᠢᠵᠢᠭᠤᠯᠤᠨ᠎ᠠ᠃ ᠳᠤᠭᠠᠴᠢᠯᠠᠯᠳᠠ ᠶᠢᠨ ᠵᠠᠰᠠᠭ ᠤᠨ ᠣᠷᠳᠣᠨ ᠤ ᠵᠠᠰᠠᠯᠲᠠ ᠶᠢ ᠠᠬᠢᠭᠤᠯᠬᠤ ᠴᠢᠬᠤᠯᠠ ᠦᠢᠯᠡᠳᠦᠯ ᠢ ᠰᠠᠶᠢᠲᠤᠷ | ᠪᠠᠳᠠᠷᠠᠭᠤᠯᠵᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠪᠠᠨ ᠭᠦᠢᠴᠡᠳᠬᠡᠬᠦ ᠬᠠᠮᠢᠶᠠᠷᠤᠯᠲᠠ ᠶᠢᠨ ᠳᠤᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ | ᠰᠠᠯᠠᠭ᠎ᠠ ᠮᠥᠴᠢᠷ ᠲᠤ ᠬᠦᠢᠴᠡᠳᠬᠡᠯ ᠲᠤᠭ᠎ᠠ ᠶᠢ ᠬᠠᠷᠢᠭᠤᠴᠠᠭᠤᠯᠬᠤ᠂ ᠬᠥᠮᠦᠨ ᠪᠦᠬᠦᠨ ᠳᠤ ᠬᠠᠷᠢᠭᠤᠴᠠᠯᠭ᠎ᠠ ᠶᠢ ᠡᠬᠦᠷᠬᠡᠯᠡᠬᠦᠯᠬᠦ ᠨᠠᠶᠢᠳᠠᠪᠤᠷᠵᠢᠭᠤᠯᠤᠯᠳᠠ ᠶᠢᠨ | ᠲᠣᠭᠲᠠᠴᠠ ᠶᠢ ᠪᠤᠢ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠠᠷᠤᠯᠲᠠ ᠶᠢ ᠡᠴᠤᠰ ᠲᠤᠨᠢ ᠳᠤᠯᠳᠠᠯ᠎ᠠ ᠦᠭᠬᠦᠨ᠎ᠡ᠃ ᠵᠥᠪ ᠴᠢᠭᠯᠡᠯ ᠢᠶᠠᠷ | ᠤᠷᠮᠠᠰᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠳᠠᠭ ᠺᠠᠳ᠋ᠷ ᠢ ᠳᠡᠮᠵᠢᠨ ᠵᠣᠷᠢᠭᠵᠢᠭᠤᠯᠵᠤ᠂ ᠠᠵᠢᠯ ᠶᠠᠪᠤᠳᠠᠯ ᠬᠢᠬᠦ᠂ ᠠᠵᠢᠯ ᠶᠠᠪᠤᠳᠠᠯ ᠬᠢᠵᠦ ᠳᠡᠶᠢᠯᠬᠦ᠂ | ᠠᠵᠢᠯ ᠶᠠᠪᠤᠳᠠᠯ ᠪᠦᠲᠦᠭᠡᠵᠦ ᠳᠡᠶᠢᠯᠬᠦ ᠬᠦᠨ ᠵᠤᠵᠠᠭᠠᠨ ᠤᠷᠴᠢᠨ ᠠᠬᠤᠢ ᠶᠢ ᠪᠤᠢ ᠪᠤᠯᠭᠠᠨ᠎ᠠ᠃ | ︵ᠲᠦᠷᠪᠡ︶ ᠠᠷᠢᠭᠤᠨ ᠴᠢᠭᠡᠴᠢ ᠪᠠᠷ ᠲᠦᠷᠦ ᠪᠠᠷᠢᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠪᠠᠶᠢᠭᠤᠯᠤᠨ᠎ᠠ | ᠃ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠦᠨᠡᠨᠬᠦ ᠡᠭᠦᠷᠭᠡᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ | ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ | ᠴᠥᠬᠦᠷᠡᠰᠢ ᠥᠬᠡᠶ ᠵᠠᠯᠠᠷᠠᠭᠤᠯᠤᠨ᠎ᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷ᠎ᠠ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠡᠬᠢ ᠢᠷᠡᠯᠳᠡ ᠠᠴᠠ ᠨᠢ | ᠵᠠᠰᠠᠬᠤ ᠶᠢ ᠰᠠᠶᠢᠲᠤᠷ ᠠᠳᠬᠤᠨ᠂ ᠲᠦᠷᠢᠮ ᠢᠶᠠᠷ ᠡᠷᠬᠡ ᠶᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ᠂ ᠬᠥᠮᠦᠨ ᠢ ᠬᠠᠮᠢᠶᠠᠷᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠦᠨ᠎ᠡ᠃ ᠠᠷᠪᠢᠴᠢ ᠭᠠᠮᠳᠠᠢ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠵᠦᠢᠯ ᠤᠨ | ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠡᠳ᠋ ᠤᠨ ᠬᠦᠴᠦᠨ ᠢᠶᠠᠨ ᠬᠥᠭᠵᠢᠯᠲᠡ ᠶᠢ ᠲᠦᠯᠬᠢᠨ | ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠣᠷᠣᠭᠤᠯᠵᠤ᠂ ᠵᠠᠰᠠᠭ ᠤᠨ ᠣᠷᠳᠣᠨ ᠤ ᠠᠵᠢᠯᠯᠠᠭᠠᠨ ᠤ ᠵᠠᠷᠤᠯᠭ᠎ᠠ ᠶᠢᠨ ᠬᠠᠰᠤᠭᠳᠠᠯ ᠢᠶᠠᠷ | ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠨᠡᠮᠡᠭᠳᠡᠯ ᠢ ᠰᠣᠯᠢᠵᠤ ᠠᠪᠴᠢᠷᠠᠨ᠎ᠠ᠃ | ᠲᠥᠯᠥᠭᠡᠯᠡᠭᠴᠢᠳ ᠡ᠂ ᠨᠥᠬᠦᠳ ᠡ︕ ᠴᠠᠭ ᠦᠶ᠎ᠡ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠵᠤ᠂ ᠡᠭᠦᠷᠭᠡ ᠬᠠᠷᠢᠭᠤᠴᠠᠯᠭ᠎ᠠ ᠠᠷᠢᠭᠤᠨ ᠲᠠᠷᠬᠠᠨ | ᠢᠷᠠᠭᠤ ᠠᠯᠳᠠᠷ ᠲᠠᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠤᠭ᠎ᠠ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠵᠤ᠂ 2021 ᠣᠨ ᠤ ᠠᠵᠢᠯ ᠤᠨ | ᠬᠠᠷᠠᠯᠲᠠ ᠨᠢᠭᠡᠨᠲᠡ ᠲᠣᠳᠣᠷᠬᠠᠢ ᠪᠣᠯᠪᠠ᠃ ᠪᠢᠳᠡ ᠰᠢᠨ᠎ᠡ ᠴᠠᠭ ᠦᠶ᠎ᠡ ᠶᠢᠨ ᠬᠦᠰᠡᠯ ᠵᠡᠭᠦᠳᠦ ᠶᠢ ᠡᠪᠦᠷᠯᠡᠨ᠂ ᠰᠢᠨ᠎ᠡ ᠴᠠᠭ ᠦᠶ᠎ᠡ ᠶᠢᠨ ᠠᠯᠬᠤᠭ᠎ᠠ ᠶᠢ ᠠᠯᠬᠤᠵᠤ᠂ | ᠰᠢᠨ᠎ᠡ ᠴᠠᠭ ᠦᠶ᠎ᠡ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠵᠠᠮ ᠳᠡᠭᠡᠷ᠎ᠡ ᠳᠠᠷᠪᠠᠭᠤᠯ ᠬᠡᠶᠢᠰᠬᠡᠨ ᠬᠤᠯᠠ ᠶᠢ ᠵᠤᠷᠢᠵᠤ᠂ ᠡᠷᠡᠮᠡᠬᠡᠶᠢᠯᠡᠨ ᠤᠷᠤᠭᠰᠢᠯᠠᠵᠤ᠂ | ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠶ᠎ᠠ︕ | | | |