ᠳ᠋ᠦᠩᠱᠧᠩ ᠲᠣᠭᠤᠷᠢᠭ ᠤᠨ ᠬᠢᠮᠳᠠ ᠲᠣᠬᠢᠯᠢᠭ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/3/15
    ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ᠂ ᠡᠯ᠎ᠡ ᠰᠢᠭᠤᠳ ᠬᠠᠮᠵᠢᠯᠴᠠᠨ ᠬᠠᠮᠢᠶᠠᠷᠬᠤ ᠰᠠᠯᠠᠭ᠎ᠠ ᠮᠥᠴᠢᠷ ᠲᠤ᠄     ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠳ᠋ᠦᠩᠱᠧᠩ ᠲᠣᠭᠤᠷᠢᠭ ᠤᠨ ᠬᠢᠮᠳᠠ ᠲᠣᠬᠢᠯᠢᠭ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                       ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                               2021 ᠣᠨ ᠤ 3 ᠰᠠᠷ᠎ᠠ ᠶᠢᠨ 15 ᠤ ᠡᠳᠤᠷ     ᠳ᠋ᠦᠩᠱᠧᠩ ᠲᠣᠭᠤᠷᠢᠭ ᠤᠨ ᠬᠢᠮᠳᠠ ᠲᠣᠬᠢᠯᠢᠭ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠠᠷᠭ᠎ᠠ                 ᠳ᠋ᠦᠩᠱᠧᠩ ᠵᠠᠰᠠᠭ ᠳᠠᠷᠬᠠᠭᠠᠬᠤ ﹇2021﹈ 5 ᠳ᠋ᠤᠭᠠᠷ ᠲᠣᠭᠠᠲᠤ     ᠨᠢᠭᠡᠳᠦᠭᠡᠷ ᠵᠦᠢᠯ   ᠳ᠋ᠦᠩᠱᠧᠩ ᠲᠣᠭᠤᠷᠢᠭ ᠤᠨ ᠬᠢᠮᠳᠠ ᠳᠤᠬᠢᠯᠢᠭ ᠣᠷᠣᠨ ᠰᠠᠭᠤᠴᠠ ᠶᠢᠨ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ︽ᠬᠤᠳᠠ ᠵᠢᠨ‌‍ᠲ᠋ᠤᠤᠷ᠎ᠠ ᠤᠷᠤᠯᠭ᠎ᠠ ᠲᠠᠢ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠤᠷᠢᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠳᠠᠷᠬᠠᠭᠠᠬᠤ ﹇2007﹈ 24 ᠲᠣᠭᠠᠲᠤ︶ ᠪᠥᠳᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠲᠤᠯᠤᠭᠠᠨ ᠶᠠᠮᠤᠨ ᠬᠤᠷᠢᠶ᠎ᠠ ᠠᠴᠠ ︽ᠬᠢᠮᠳᠠ ᠳᠤᠬᠢᠯᠢᠭ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ︵ᠪᠦᠳᠦᠬᠡᠨ ᠣᠷᠣᠨ ᠰᠠᠭᠤᠴᠠ ﹇2007﹈ 258 ᠲᠣᠭᠠᠲᠤ︶ ᠶᠢᠨ ᠬᠤᠯᠪᠣᠭᠳᠠᠯ ᠪᠥᠬᠦᠢ ᠲᠣᠭᠲᠠᠭᠠᠯ ᠢ ᠳᠠᠷᠤᠮᠠᠯᠯᠠᠨ ᠶᠠᠪᠤᠭᠤᠯᠵᠤ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠤᠶᠢᠯ   ᠲᠣᠰ ᠠᠷᠭ᠎ᠠ ᠨᠢ ᠳ᠋ᠦᠩᠱᠧᠩ ᠲᠣᠭᠤᠷᠢᠭ ᠤᠨ ᠬᠡᠪᠴᠢᠶᠡᠨ ᠳᠤ ᠬᠢᠮᠳᠠ ᠲᠣᠬᠢᠯᠢᠭ ᠣᠷᠣᠨ ᠰᠠᠭᠤᠴᠠ ᠶᠢ ᠨᠢᠭᠡᠨᠲᠡ ᠬᠤᠳᠠᠯᠳᠤᠨ ᠠᠪᠴᠤ ᠭᠠᠵᠠᠷ ᠰᠢᠷᠣᠶ ᠶᠢᠨ ᠠᠰᠢᠭ ᠣᠯᠵᠠᠪᠤᠷᠢ ᠶᠢ ᠲᠤᠰᠢᠶᠠᠭᠰᠠᠨ ᠤ ᠳᠠᠷᠠᠭ᠎ᠠ ᠪᠦᠷᠢᠨ ᠥᠮᠴᠢᠯᠡᠬᠦ ᠡᠷᠬᠡ ᠶᠢ ᠤᠯᠬᠤ ᠪᠠ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠬᠠᠮᠢᠶᠠᠷᠤᠯᠲᠠ ᠳᠤ ᠳᠤᠬᠢᠷᠠᠨ᠎ᠠ᠃     ︵ᠨᠢᠭᠡ︶ ᠲᠣᠰ ᠠᠷᠭ᠎ᠠ ᠳᠤ ᠬᠡᠯᠡᠵᠦ ᠪᠠᠶᠢᠭ᠎ᠠ ᠬᠢᠮᠳᠠ ᠳᠤᠬᠢᠯᠢᠭ ᠣᠷᠣᠨ ᠰᠠᠭᠤᠴᠠ ᠶᠢᠨ ᠪᠦᠷᠢᠨ ᠥᠮᠴᠢᠯᠡᠬᠦ ᠡᠷᠬᠡ ᠶᠢ ᠤᠯᠬᠤ ᠭᠡᠳᠡᠭ ᠨᠢ ᠰᠠᠭᠤᠭᠠᠯᠢ ᠠᠷᠠᠳ ᠬᠤᠪᠢ ᠬᠥᠮᠦᠨ ᠬᠢᠮᠳᠠ ᠲᠣᠬᠢᠯᠢᠭ ᠣᠷᠣᠨ ᠰᠠᠭᠤᠴᠠ ᠶᠢ ᠬᠤᠳᠠᠯᠳᠤᠨ ᠠᠪᠤᠭᠠᠳ ᠪᠦᠬᠦᠯᠢ 5 ᠵᠢᠯ ᠪᠣᠯᠵᠣ᠂ ᠲᠣᠰ ᠠᠷᠭ᠎ᠠ ᠶᠢᠨ ᠲᠣᠭᠲᠠᠭᠠᠯ ᠶᠣᠰᠣᠭᠠᠷ ᠭᠠᠵᠠᠷ ᠰᠢᠷᠣᠶ ᠶᠢᠨ ᠠᠰᠢᠭ ᠣᠯᠵᠠᠪᠤᠷᠢ ᠶᠢ ᠲᠤᠰᠢᠶᠠᠭᠰᠠᠨ ᠤ ᠳᠠᠷᠠᠭ᠎ᠠ ᠲᠣᠰ ᠣᠷᠣᠨ ᠰᠠᠭᠤᠴᠠ ᠶᠢᠨ ᠥᠮᠴᠢᠯᠡᠬᠦ ᠡᠷᠬᠡ ᠶᠢ ᠣᠯᠵᠤ᠂ ᠣᠷᠣᠨ ᠰᠠᠭᠤᠴᠠ ᠶᠢᠨ ᠰᠢᠨᠵᠢ ᠴᠢᠨᠠᠷ ᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠬᠦᠢᠴᠡᠳᠬᠡᠬᠦ ᠦᠶ᠎ᠡ ᠳᠤ ᠬᠠᠮᠲᠤ ᠳᠤᠨᠢ ᠡᠩ ᠤᠨ ᠲᠠᠸᠠᠷ ᠤᠨ ᠬᠡᠷ ᠪᠠᠶᠢᠰᠢᠩ ᠪᠣᠯᠭᠠᠨ ᠬᠤᠪᠢᠷᠠᠭᠤᠯᠬᠤ ᠤᠶᠢᠯᠡ ᠠᠵᠢᠯᠯᠠᠭ᠎ᠠ ᠶᠢ ᠵᠢᠭᠠᠵᠤ ᠪᠣᠶ᠃     ︵ᠬᠤᠶᠠᠷ︶ ᠲᠣᠰ ᠠᠷᠭ᠎ᠠ ᠳᠤ ᠬᠡᠯᠡᠵᠦ ᠪᠠᠶᠢᠭ᠎ᠠ ᠬᠢᠮᠳᠠ ᠲᠣᠬᠢᠯᠢᠭ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠭᠡᠳᠡᠭ ᠨᠢ ᠰᠠᠭᠤᠭᠠᠯᠢ ᠠᠷᠠᠳ ᠬᠤᠪᠢ ᠬᠥᠮᠦᠨ ᠬᠢᠮᠳᠠ ᠲᠣᠬᠢᠯᠢᠭ ᠣᠷᠣᠨ ᠰᠠᠭᠤᠴᠠ ᠬᠤᠳᠠᠯᠳᠤᠨ ᠠᠪᠤᠭᠠᠳ ᠪᠦᠬᠦᠯᠢ 5 ᠵᠢᠯ ᠪᠣᠯᠤᠭᠰᠠᠨ ᠤ ᠳᠠᠷᠠᠭ᠎ᠠ᠂ ᠲᠣᠰ ᠠᠷᠭ᠎ᠠ ᠶᠢᠨ ᠲᠣᠭᠲᠠᠭᠠᠯ ᠶᠣᠰᠣᠭᠠᠷ ᠭᠠᠵᠠᠷ ᠰᠢᠷᠣᠶ ᠶᠢᠨ ᠠᠰᠢᠭ ᠣᠯᠵᠠᠪᠤᠷᠢ ᠶᠢ ᠲᠤᠰᠢᠶᠠᠭᠰᠠᠨ ᠤ ᠳᠠᠷᠠᠭ᠎ᠠ ᠭᠤᠷᠪᠠᠳᠠᠬᠢ ᠬᠥᠮᠦᠨ ᠳᠤ ᠰᠢᠯᠵᠢᠭᠦᠯᠦᠨ ᠥᠭᠬᠦ ᠶᠢᠨ ᠬᠠᠮᠲᠤ ᠣᠷᠣᠨ ᠰᠠᠭᠤᠴᠠ ᠶᠢᠨ ᠰᠢᠨᠵᠢ ᠴᠢᠨᠠᠷ ᠢ ᠡᠩ ᠤᠨ ᠲᠠᠸᠠᠷ ᠤᠨ ᠬᠡᠷ ᠪᠠᠶᠢᠰᠢᠩ ᠪᠣᠯᠭᠠᠨ ᠬᠤᠪᠢᠷᠠᠭᠤᠯᠬᠤ ᠤᠶᠢᠯᠡ ᠠᠵᠢᠯᠯᠠᠭ᠎ᠠ ᠶᠢ ᠵᠢᠭᠠᠵᠤ ᠪᠣᠶ᠃     ᠭᠤᠷᠪᠠᠳᠤᠭᠠᠷ ᠵᠦᠢᠯ   ᠬᠢᠮᠳᠠ ᠳᠤᠬᠢᠯᠢᠭ ᠣᠷᠣᠨ ᠰᠠᠭᠤᠴᠠ ᠶᠢ ᠬᠤᠳᠠᠯᠳᠤᠨ ᠠᠪᠤᠭᠠᠳ ᠪᠦᠬᠦᠯᠢ 5 ᠵᠢᠯ ᠪᠣᠯᠤᠭᠰᠠᠨ ᠤ ᠲᠠᠷᠠᠭ᠎ᠠ᠂ ᠪᠦᠷᠢᠨ ᠥᠮᠴᠢᠯᠡᠬᠦ ᠡᠷᠬᠡ ᠶᠢ ᠬᠤᠪᠢᠷᠠᠭᠤᠯᠬᠤ ᠲᠠᠩᠰᠠᠯᠠᠯᠳᠠ ᠬᠢᠯᠭᠡᠬᠦ ᠪᠤᠶᠤ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠪᠠᠷ ᠭᠤᠶᠤᠴᠢᠯᠠᠵᠤ ᠪᠣᠯᠤᠨ᠎ᠠ᠃     ᠳᠥᠷᠪᠡᠳᠦᠭᠡᠷ ᠵᠦᠢᠯ   ᠬᠢᠮᠳᠠ ᠳᠤᠬᠢᠯᠢᠭ ᠣᠷᠣᠨ ᠰᠠᠭᠤᠴᠠ ᠶᠢᠨ ᠪᠦᠷᠢᠨ ᠥᠮᠴᠢᠯᠡᠯ ᠤᠨ ᠡᠷᠬᠡ ᠶᠢ ᠬᠤᠪᠢᠷᠠᠭᠤᠯᠬᠤ ᠪᠤᠶᠤ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠶᠢ ᠭᠤᠶᠤᠴᠢᠯᠠᠬᠤ ᠳᠤ ᠳᠣᠣᠷᠠᠬᠢ ᠵᠢᠷᠤᠮ ᠢᠶᠠᠷ ᠭᠦᠢᠴᠡᠳᠬᠡᠨ᠎ᠡ᠄     ︵ᠨᠢᠭᠡ︶ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠣᠷᠣᠨ ᠰᠠᠭᠤᠴᠠ ᠶᠢᠨ ᠪᠠᠲᠤᠯᠠᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ 7 ᠠᠵᠢᠯ ᠤᠨ ᠡᠳᠤᠷ ᠳᠣᠲᠣᠷ᠎ᠠ ᠬᠢᠨᠠᠨ ᠬᠠᠷᠭᠤᠭᠤᠯᠵᠤ ᠳᠠᠭᠤᠰᠬᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠭᠠᠷᠭᠠᠨ᠎ᠠ︔ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠭᠤᠶᠤᠴᠢᠯᠠᠯ ᠢ ᠨᠢ ᠪᠤᠴᠠᠭᠠᠬᠤ ᠶᠢᠨ ᠬᠠᠮᠲᠤ ᠰᠢᠯᠲᠠᠭᠠᠨ ᠢ ᠨᠢ ᠬᠡᠯᠡᠵᠦ ᠥᠭᠭᠦᠨ᠎ᠡ᠃     ︵ᠬᠤᠶᠠᠷ︶ ᠬᠢᠮᠳᠠ ᠳᠤᠬᠢᠯᠢᠭ ᠣᠷᠣᠨ ᠰᠠᠭᠤᠴᠠ ᠶᠢᠨ ᠡᠷᠬᠡᠲᠦ ᠬᠥᠮᠦᠨ ᠨᠢ ᠲᠣᠭᠲᠠᠭᠠᠯ ᠶᠣᠰᠣᠭᠠᠷ ᠭᠠᠵᠠᠷ ᠰᠢᠷᠣᠶ ᠶᠢᠨ ᠠᠰᠢᠭ ᠣᠯᠵᠠᠪᠤᠷᠢ ᠶᠢ ᠲᠤᠰᠢᠶᠠᠨ᠎ᠠ᠃     ︵ᠭᠤᠷᠪᠠ︶ ᠬᠢᠮᠳᠠ ᠳᠤᠬᠢᠯᠢᠭ ᠣᠷᠣᠨ ᠰᠠᠭᠤᠴᠠ ᠶᠢᠨ ᠡᠷᠬᠡᠲᠦ ᠬᠥᠮᠦᠨ ᠨᠢ ᠣᠷᠣᠨ ᠰᠠᠭᠤᠴᠠ ᠶᠢᠨ ᠪᠠᠲᠤᠯᠠᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢ ᠲᠤᠰᠢᠶᠠᠭᠰᠠᠨ ᠭᠡᠷᠡᠴᠢ ᠪᠠᠷᠢᠮᠲᠠ ᠪᠤᠶᠤ ᠭᠠᠵᠠᠷ ᠰᠢᠷᠣᠶ ᠶᠢᠨ ᠠᠰᠢᠭ ᠣᠯᠵᠠᠪᠤᠷᠢ ᠶᠢ ᠲᠤᠰᠢᠶᠠᠭᠰᠠᠨ ᠭᠡᠷᠡᠴᠢ ᠪᠠᠷᠢᠮᠲᠠ ᠪᠠᠨ ᠠᠪᠴᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠲᠥᠪ ᠲᠤ ᠬᠦᠷᠴᠦ᠂ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠬᠠᠩᠭᠠᠵᠤ ᠬᠠᠮᠢᠶ᠎ᠠ ᠪᠥᠬᠦᠶ ᠭᠠᠷᠳᠠᠮ ᠢ ᠬᠦᠢᠴᠡᠳᠬᠡᠨ᠎ᠡ᠃     ᠲᠠᠪᠤᠳᠤᠭᠠᠷ ᠵᠦᠢᠯ   ᠬᠢᠮᠳᠠ ᠳᠤᠬᠢᠯᠢᠭ ᠣᠷᠣᠨ ᠰᠠᠭᠤᠴᠠ ᠶᠢᠨ ᠡᠷᠬᠡᠲᠦ ᠬᠥᠮᠦᠨ ᠪᠦᠷᠢᠨ ᠥᠮᠴᠢᠯᠡᠬᠦ ᠡᠷᠬᠡ ᠤᠯᠬᠤ ᠪᠠᠷ ᠭᠤᠶᠤᠴᠢᠯᠠᠬᠤ ᠪᠤᠶᠤ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠦᠶ᠎ᠡ ᠳᠤ ᠲᠤᠰᠢᠶᠠᠭᠰᠠᠨ ᠭᠠᠵᠠᠷ ᠰᠢᠷᠣᠶ ᠶᠢᠨ ᠠᠰᠢᠭ ᠣᠯᠵᠠᠪᠤᠷᠢ ᠶᠢ ᠲᠤᠰ ᠢᠵᠢ ᠭᠡᠷ ᠪᠠᠶᠢᠰᠢᠩ ᠤᠨ ᠭᠠᠵᠠᠷ ᠰᠢᠷᠣᠶ ᠶᠢ ᠰᠢᠯᠵᠢᠭᠦᠯᠦᠨ ᠥᠭᠬᠦ ᠮᠥᠩᠭᠦ ᠶᠢ ᠨᠥᠬᠦᠪᠥᠷᠢᠯᠡᠨ ᠲᠤᠰᠢᠶᠠᠬᠤ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃     ︽ᠣᠷᠳᠣᠰ ᠬᠤᠲᠠ ᠶᠢᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠶᠢᠨ ︿ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠢ ᠬᠦᠢᠴᠡᠳᠬᠡᠬᠦ ᠳᠤᠮᠳᠠᠬᠢ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠣᠷᠳᠣᠰ ᠤᠯᠤᠰ ᠤᠨ ᠭᠠᠵᠠᠷ ᠰᠢᠷᠣᠶ ᠡᠬᠢ ᠪᠠᠶᠠᠯᠢᠭ ᠳᠠᠷᠬᠠᠭᠠᠬᠤ ﹇2016﹈ 338 ᠲᠣᠭᠠᠲᠤ︶ ᠲᠣᠭᠲᠠᠭᠠᠯ ᠢ ᠦᠨᠳᠦᠰᠦᠯᠡᠪᠡᠯ᠂ ᠬᠢᠮᠳᠠ ᠬᠡᠷᠡᠭᠴᠡᠬᠡᠳᠤ ᠣᠷᠣᠨ ᠰᠠᠭᠤᠴᠠ ᠶᠢ ᠨᠥᠬᠦᠵᠦ ᠲᠤᠰᠢᠶᠠᠬᠤ ᠳᠤ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢ ᠬᠡᠷ ᠪᠠᠶᠢᠰᠢᠩ ᠤᠨ ᠪᠠᠶᠢᠭ᠎ᠠ ᠭᠠᠵᠠᠷ ᠤᠨ ᠬᠡᠰᠡᠭ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ 10% ᠪᠠᠷ ᠨᠥᠬᠦᠵᠦ ᠲᠤᠰᠢᠶᠠᠨ᠎ᠠ᠃ ᠬᠢᠮᠳᠠ ᠳᠤᠬᠢᠯᠢᠭ ᠣᠷᠣᠨ ᠰᠠᠭᠤᠴᠠ ᠶᠢᠨ ᠬᠤᠪᠢᠶᠠᠨ ᠨᠣᠭᠳᠠᠭᠤᠯᠬᠤ ᠭᠠᠵᠠᠷ ᠰᠢᠷᠣᠶ ᠶᠢᠨ ᠲᠠᠯᠠᠪᠠᠶ ᠶᠢ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠦᠨᠡᠮᠯᠡᠯ ᠪᠤᠶᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ᠲᠡᠮᠳᠡᠭᠯᠡᠭᠰᠡᠨ ᠭᠠᠵᠠᠷ ᠰᠢᠷᠣᠶ ᠶᠢᠨ ᠲᠠᠯᠠᠪᠠᠶ ᠪᠠᠷ ᠰᠠᠭᠤᠷᠢ ᠲᠤᠭ᠎ᠠ ᠪᠣᠯᠭᠠᠵᠤ ᠬᠤᠪᠢᠶᠠᠨ ᠨᠣᠭᠳᠠᠭᠤᠯᠬᠤ ᠲᠠᠯᠠᠪᠠᠶ ᠶᠢ ᠪᠤᠳᠤᠨ᠎ᠠ᠃     ᠵᠢᠷᠭᠤᠳᠤᠭᠠᠷ ᠵᠦᠢᠯ   ᠨᠢᠭᠡᠨᠲᠡ ᠬᠤᠳᠠᠯᠳᠤᠨ ᠠᠪᠤᠭᠰᠠᠨ ᠬᠢᠮᠳᠠ ᠳᠤᠬᠢᠯᠢᠭ ᠣᠷᠣᠨ ᠰᠠᠭᠤᠴᠠ ᠶᠢᠨ ᠪᠦᠷᠢᠨ ᠥᠮᠴᠢᠯᠡᠬᠦ ᠡᠷᠬᠡ ᠣᠯᠤᠭᠰᠠᠨ ᠪᠠ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠭᠰᠠᠨ ᠭᠠᠶᠢᠯᠢ᠂ ᠵᠠᠷᠤᠳᠠᠯ᠂ ᠰᠡᠯᠪᠢᠨ ᠵᠠᠰᠠᠬᠤ ᠪᠡᠯᠡ ᠮᠥᠩᠭᠦ ᠵᠡᠷᠭᠡ ᠬᠠᠮᠢᠶ᠎ᠠ ᠪᠦᠬᠦᠢ ᠵᠠᠷᠤᠳᠠᠯ ᠢ ᠭᠡᠷ ᠪᠠᠶᠢᠰᠢᠩ ᠠᠷᠠᠯᠵᠢᠶᠠᠯᠠᠭᠰᠠᠨ᠂ ᠳᠠᠩᠰᠠᠯᠠᠭᠰᠠᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃     ᠳᠣᠯᠣᠳᠤᠭᠠᠷ ᠵᠦᠢᠯ   ᠨᠢᠭᠡᠨᠲᠡ ᠬᠤᠳᠠᠯᠳᠤᠨ ᠠᠪᠤᠭᠰᠠᠨ ᠬᠢᠮᠳᠠ ᠳᠤᠬᠢᠯᠢᠭ ᠣᠷᠣᠨ ᠰᠠᠭᠤᠴᠠ ᠨᠢ ᠪᠦᠷᠢᠨ ᠥᠮᠴᠢᠯᠡᠬᠦ ᠡᠷᠬᠡ ᠣᠯᠤᠭᠰᠠᠨ ᠪᠤᠶᠤ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠭᠰᠠᠨ ᠤ ᠲᠠᠷᠠᠭ᠎ᠠ᠂ ᠤᠤᠯ ᠤᠨ ᠬᠢᠮᠳᠠ ᠬᠡᠷᠡᠭᠴᠡᠭᠡᠲᠦ ᠣᠷᠣᠨ ᠰᠠᠭᠤᠴᠠ ᠶᠢᠨ ᠡᠷᠬᠡᠲᠦ ᠬᠥᠮᠦᠨ ᠨᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠣᠯᠭᠤᠮᠵᠢ ᠬᠥᠷᠳᠡᠬᠦ ᠥᠭᠡᠢ᠃     ᠨᠠᠢᠮᠠᠳᠤᠭᠠᠷ ᠵᠦᠢᠯ   ᠬᠤᠯᠪᠣᠭᠳᠠᠯ ᠪᠦᠬᠦᠢ ᠠᠵᠢᠯᠳᠠᠨ ᠠᠵᠢᠯ ᠤᠨ ᠳᠤᠮᠳᠠ ᠪᠠᠨ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠤᠷᠢᠯᠡᠬᠦᠯᠦᠨ᠎ᠡ᠃     ᠶᠢᠰᠦᠳᠦᠭᠡᠷ ᠵᠤᠶᠢᠯ   ᠲᠣᠰ ᠠᠷᠭ᠎ᠠ ᠶᠢ ᠳ᠋ᠦᠩᠱᠧᠩ ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠤᠶᠢᠯᠡᠴᠢᠯᠡᠬᠡᠨ ᠤ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃     ᠠᠷᠪᠠᠳᠤᠭᠠᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ