ᠲᠦᠩᠴᠤᠸᠠᠨ ᠪᠠᠯᠭᠠᠰᠤᠨ ᠤ ᠴᠠᠩ ᠴᠢᠩ ᠲᠣᠰᠬᠤᠨ ᠤ ᠨᠢᠶᠧ ᠵᠢᠶᠠ ᠲᠠ ᠬᠤᠷᠰᠢᠶ᠎ᠠ ᠶᠢᠨ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠶᠠᠪᠤᠳᠠᠯ ᠢ ᠰᠠᠶᠢᠲᠤᠷ ᠬᠢᠬᠦ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2021/4/30
                 ᠳ᠋ᠦᠩᠱᠧᠩ ᠵᠠᠰᠠᠭ ᠳᠠᠷᠬᠠᠭᠠᠬᠤ ﹇2021﹈ 12 ᠲᠣᠭᠠᠲᠤ ᠲᠦᠩᠴᠤᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠄      ᠲᠠᠨ ᠤ ᠪᠠᠯᠭᠠᠰᠤᠨ ᠤ ︽ᠨᠢᠶᠧ ᠵᠢᠶᠠ ᠲᠠ ᠬᠤᠷᠰᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠲᠣᠬᠢᠲᠠᠢ ᠰᠢᠢᠳᠪᠦᠷᠢᠯᠡᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠲᠦᠩᠴᠤᠸᠠᠨ ᠵᠠᠰᠠᠭ ᠦᠰᠦᠭ         ﹇2021﹈ 21 ᠲᠤᠭᠠᠳᠤ︶ ᠶᠢ ᠨᠢᠭᠡᠨᠲᠡ ᠣᠯᠵᠤ ᠣᠶᠢᠯᠠᠭᠠᠪᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠪᠠᠷ ᠳᠠᠮᠵᠢᠭᠠᠳ᠂ ᠲᠠᠨ ᠤ ᠪᠠᠯᠭᠠᠰᠤᠨ ᠤ ᠰᠠᠨᠠᠯ ᠢ ᠵᠦᠪᠰᠢᠶᠡᠷᠡᠵᠤ ᠪᠤᠢ᠂ ᠲᠤᠬᠠᠶᠢᠯᠠᠪᠠᠯ᠄ ︽ᠥᠪᠥᠷ ᠮᠣᠩᠭᠤᠯ  ᠤᠨ ᠾᠦᠢ ᠨᠧᠩ ᠨᠡᠭᠦᠷᠡᠰᠦ ᠴᠠᠬᠢᠯᠭᠠᠨ ᠤ ᠪᠦᠯᠦᠭᠯᠡᠯ ᠤᠨ ᠪᠠᠯᠤᠩᠲᠤ ᠨᠡᠭᠦᠷᠡᠰᠦᠨ ᠤ ᠬᠢᠵᠠᠭᠠᠷᠲᠤ ᠺᠣᠮᠫᠠᠨᠢ ᠶᠢᠨ ᠨᠢᠶᠧ ᠵᠢᠶᠠ ᠲᠠ ᠬᠤᠷᠰᠢᠶᠠᠨ ᠤ ᠬᠤᠳᠳᠤᠭ ᠤᠨ ᠳᠣᠲᠣᠷᠠᠬᠢ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠲᠤᠬᠠᠶ ᠠᠮᠠᠯᠠᠯᠲᠠ︾ ᠶᠤᠰᠤᠭᠠᠷ᠂ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠳᠠᠭᠠᠶ ᠨᠡᠭᠦᠷᠡᠰᠦᠨ ᠠᠭᠤᠷᠬᠠᠶ ᠶᠢᠨ ᠲᠦᠷ ᠬᠡᠷᠡᠭᠯᠡᠬᠦ ᠭᠠᠵᠠᠷ ᠤᠨ ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠦᠭᠡᠶ ᠪᠠᠶᠢᠬᠤ ᠤᠷᠢᠲᠠᠯ ᠳᠣᠤᠷ᠎ᠠ᠂ ᠭᠤᠷᠪᠠᠨ ᠵᠢᠯ ᠤᠨ ᠳᠣᠲᠣᠷ᠎ᠠ ︵2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ︶ ᠴᠠᠩ ᠴᠢᠩ ᠲᠣᠰᠬᠤᠨ ᠤ ᠨᠢᠶᠧ ᠵᠢᠶᠠ ᠲᠠ ᠬᠤᠷᠰᠢᠶ᠎ᠠ ᠶᠢᠨ ᠪᠠᠯᠤᠩᠳᠤ ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ ᠲᠠᠷᠢᠶᠠᠨ ᠭᠠᠵᠠᠷ ᠤᠨ ᠬᠡᠪᠴᠢᠶᠡᠨ ᠳᠠᠬᠢ 2900 ᠭᠠᠷᠤᠶ ᠮᠥ ᠬᠠᠮᠲᠤ ᠶᠢᠨ ᠭᠠᠵᠠᠷ ᠰᠢᠷᠣᠶ ᠳᠤ᠂ ᠲᠤᠬᠠᠶ ᠶᠢᠨ ᠵᠢᠯ ᠤᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠬᠠᠮᠲᠤ ᠶᠢᠨ ᠭᠠᠵᠠᠷ ᠰᠢᠷᠣᠶ ᠶᠢ ᠲᠦᠷ ᠲᠠᠲᠠᠪᠤᠷᠢᠯᠠᠨ ᠬᠡᠷᠡᠭᠯᠡᠬᠦ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠲᠠᠲᠠᠪᠤᠷᠢᠯᠠᠨ ᠬᠡᠷᠡᠭᠯᠡᠬᠦ ᠨᠥᠬᠦᠪᠥᠷᠢ ᠣᠯᠭᠤᠨ᠎ᠠ᠃      ᠲᠦᠩᠴᠤᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠣᠭᠤᠷᠢᠭ ᠤᠨ ᠡᠨᠧᠷᠭᠢ ᠶᠢᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠪᠠᠯᠤᠩᠲᠤ ᠨᠡᠭᠦᠷᠡᠰᠦᠨ ᠠᠭᠤᠷᠬᠠᠶ ᠲᠠᠢ ᠢᠳᠡᠪᠬᠢᠲᠡᠶ ᠬᠠᠮᠵᠢᠯᠴᠠᠨ ᠲᠦᠩᠴᠤᠸᠠᠨ ᠪᠠᠯᠭᠠᠰᠤ ᠶᠢᠨ ᠴᠠᠩ ᠴᠢᠩ ᠲᠣᠰᠬᠤᠨ ᠤ ᠨᠢᠶᠧ ᠵᠢᠶᠠ ᠲᠠ ᠬᠤᠷᠰᠢᠶ᠎ᠠ ᠶᠢᠨ ᠬᠠᠮᠲᠤ ᠶᠢᠨ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠨᠥᠬᠦᠪᠥᠷᠢ ᠶᠢᠨ ᠲᠥᠰᠦᠯ ᠢ ᠤᠷᠢᠳᠴᠢᠯᠠᠨ ᠲᠣᠭᠲᠠᠭᠠᠵᠤ᠂ ᠠᠵᠤ ᠠᠬᠤᠶᠢᠯᠠᠯ ᠤᠨ ᠠᠮᠠᠯᠠᠯᠲᠠ ᠪᠠᠨ ᠪᠡᠶᠡᠯᠡᠭᠦᠯᠬᠦ ᠳᠤ ᠴᠢᠩᠭ᠎ᠠ ᠬᠢᠨᠠᠯᠲᠠ ᠲᠠᠯᠪᠢᠵᠤ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠠᠵᠢᠯ ᠢ ᠰᠠᠶᠢᠲᠤᠷ ᠬᠢᠯᠬᠡᠬᠦ ᠬᠡᠷᠡᠭᠲᠡᠶ᠃                    ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                               2021 ᠣᠨ ᠤ 4 ᠰᠠᠷ᠎ᠠ ᠶᠢᠨ 30 ᠤ ᠡᠳᠦᠷ  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ