ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠬᠤᠯᠪᠣᠭᠳᠠᠯ ᠪᠥᠬᠦᠶ ᠵᠤᠶᠢᠯᠡᠰ ᠤᠨ ᠲᠤᠬᠠᠶ‌ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2021/5/21
﹇2021﹈ 14 ᠲᠣᠭᠠᠲᠤ ᠳ᠋ᠦᠩᠱᠧᠩ ᠲᠤᠭᠤᠷᠢᠭ  ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠲᠠᠮᠦᠷ ᠵᠠᠮ ᠤᠨ ᠪᠠᠷᠠᠭᠤᠨᠳᠠᠬᠢ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠄    ᠳ᠋ᠦᠩᠱᠧᠩ ᠲᠣᠭᠤᠷᠢᠭ ᠤᠨ ᠨᠡᠭᠡᠭᠡᠨ ᠬᠥᠭᠵᠢᠭᠦᠯᠬᠦ ᠶᠢ ᠴᠠᠭᠠᠵᠠᠯᠠᠬᠤ ᠣᠷᠣᠨ ᠪᠠ ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠣᠷᠣᠨ ᠳᠠᠬᠢ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠶᠢᠨ ᠵᠤᠶᠢᠯᠡᠰ ᠤᠨ ᠲᠤᠬᠠᠶ ᠲᠠ ᠨᠠᠷ ᠤᠨ ᠵᠢᠭᠠᠪᠤᠷᠢ ᠠᠪᠬᠤ ᠮᠡᠳᠡᠭᠦᠯᠦᠯᠲᠡ ᠶᠢ ᠣᠯᠵᠤ ᠣᠶᠢᠯᠠᠭᠠᠪᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠭᠤᠯᠵᠤ᠂ ᠳ᠋ᠦᠩᠱᠧᠩ ᠲᠣᠭᠤᠷᠢᠭ ᠤᠨ ᠰᠠᠭᠤᠭᠠᠯᠢ ᠠᠷᠠᠳ᠂ ᠵᠢᠵᠢᠭ ᠪᠢᠴᠢᠯ ᠠᠵᠤ ᠠᠬᠤᠶᠢᠯᠠᠯ᠂ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠶᠢᠨ ᠤᠶᠢᠯᠡᠳᠪᠤᠷᠢᠯᠠᠯ ᠠᠮᠢᠳᠤᠷᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ︵ᠭᠡᠷᠡᠯᠲᠦᠭᠦᠯᠭᠡ᠂ ᠳᠤᠯᠠᠭᠠᠯᠠᠯᠭ᠎ᠠ᠂ ᠤᠰᠤ ᠬᠠᠳᠠᠭᠠᠯᠠᠬᠤ ᠤᠰᠤ ᠤᠮᠳᠠ᠂ ᠪᠡᠯᠡᠳᠬᠡᠮᠵᠢᠲᠦ ᠲᠡᠵᠢᠭᠡᠨ ᠦᠷᠡᠵᠢᠭᠦᠯᠬᠦ᠂ ᠲᠠᠷᠢᠶᠠᠨ ᠭᠠᠵᠠᠷ ᠤᠨ ᠤᠰᠤᠯᠠᠯᠲᠠ᠂ ᠢᠳᠡᠭᠡᠨ ᠤᠮᠳᠠᠭᠠᠨ ᠵᠡᠷᠭᠡ ᠪᠠᠭᠲᠠᠨ᠎ᠠ︶ ᠶᠢ ᠬᠠᠩᠭᠠᠬᠤ ᠶᠢᠨ ᠲᠤᠰᠠᠳᠠ᠂ ᠠᠮᠢ ᠠᠬᠤᠶ ᠶᠢᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠪᠠ ᠣᠷᠣᠨ ᠪᠦᠰᠡ ᠶᠢᠨ ᠬᠥᠭᠵᠢᠯᠲᠡ ᠶᠢᠨ ᠳᠠᠯᠳᠠ ᠬᠦᠴᠦᠨ ᠲᠠᠢ ᠤᠶᠠᠯᠳᠤᠭᠤᠯᠤᠨ᠂ ᠲᠠᠨᠤᠰ ᠤᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠠᠷᠢᠶ᠎ᠠ ᠤᠷᠤᠨ ᠳᠠᠬᠢ ᠨᠡᠭᠡᠭᠡᠨ ᠬᠥᠭᠵᠢᠭᠦᠯᠬᠦ ᠶᠢ ᠴᠠᠭᠠᠵᠠᠯᠠᠬᠤ ᠣᠷᠣᠨ᠂ ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠣᠷᠣᠨ ᠳᠠᠬᠢ ᠰᠠᠭᠤᠭᠠᠯᠢ ᠠᠷᠠᠳ᠂ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠴᠠᠬᠢᠯᠭᠠᠨ ᠤᠷᠤᠭᠤᠯᠬᠤ ᠪᠠ ᠪᠠᠭᠲᠠᠭᠠᠮᠵᠢ ᠶᠢ ᠨᠡᠮᠡᠭᠳᠡᠭᠦᠯᠬᠦ ᠵᠤᠶᠢᠯᠡᠰ ᠢ ᠬᠦᠢᠴᠡᠳᠬᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ ᠪᠣᠳᠠᠲᠠᠶ ᠪᠠᠷ ᠬᠤᠯᠪᠤᠭᠳᠠᠯ ᠪᠦᠬᠦᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠤ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠠᠨ ᠤ ᠲᠣᠪᠴᠢᠶ᠎ᠠ ᠳᠤ ᠮᠡᠳᠡᠭᠦᠯᠵᠦ ᠬᠦᠢᠴᠡᠳᠬᠡᠬᠦᠯᠦᠨ᠎ᠠ᠃                ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                         2021 ᠣᠨ ᠤ 5  ᠰᠠᠷ᠎ᠠ ᠶᠢᠨ 20 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ