︽ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/6/4
    ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ᠂ ᠡᠯ᠎ᠡ ᠰᠢᠭᠤᠳ ᠬᠠᠮᠵᠢᠯᠴᠠᠨ ᠬᠠᠮᠢᠶᠠᠷᠬᠤ ᠰᠠᠯᠠᠭ᠎ᠠ ᠮᠥᠴᠢᠷ ᠲᠤ᠄     ︽ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠲᠥᠰᠦᠯ︾ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                   ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                  2021 ᠣᠨ ᠤ 6 ᠰᠠᠷ᠎ᠠ ᠶᠢᠨ 4 ᠤ ᠡᠳᠤᠷ          ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ    ᠳᠠᠷᠤᠭ᠎ᠠ ᠶᠢᠨ      ᠳᠦᠷᠢᠮ ᠤᠨ      ᠠᠵᠢᠯ ᠤᠨ     ᠲᠥᠰᠦᠯ                ᠳ᠋ᠦᠩᠱᠧᠩ ᠵᠠᠰᠠᠭ ᠳᠠᠷᠬᠠᠭᠠᠬᠤ ﹇2021﹈ 18 ᠲᠣᠭᠠᠲᠤ     ᠰᠢ ᠶᠢᠨ ᠫᠢᠩ ᠶᠡᠷᠦᠩᠬᠡᠶ ᠱᠦᠵᠢ ᠶᠢᠨ ︽ᠬᠥᠳᠡᠭᠡ ᠲᠣᠰᠬᠤᠨ ᠤ ᠵᠠᠮ ᠤᠨ ᠳᠦᠷᠪᠡᠨ ᠰᠠᠶᠢᠳᠤᠷ︾ ᠤᠨ ᠲᠤᠬᠠᠶ ᠴᠢᠬᠤᠯᠠ ᠵᠢᠭᠠᠪᠤᠷᠢ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠮᠠᠨ ᠤ ᠲᠤᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ︽ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠦᠨᠳᠦᠰᠦᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠤᠰᠠᠳᠠ᠂ 2021 ᠣᠨ ᠪᠣᠯᠬᠤ ᠳᠤ ︽ᠬᠥᠳᠡᠭᠡ ᠲᠣᠰᠬᠤᠨ ᠤ ᠵᠠᠮ ᠤᠨ ᠳᠦᠷᠪᠡᠨ ᠰᠠᠶᠢᠳᠤᠷ︾ ᠤᠨ ᠶᠡᠷᠦᠩᠬᠡᠶ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 38 ᠲᠣᠭᠠᠲᠤ︶ ᠪᠠ       ︽ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2018﹈ 123  ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠡᠳᠦᠭᠡ ᠳ᠋ᠦᠩᠱᠧᠩ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠶ ᠬᠠᠷᠠᠯᠲᠠ     ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠬᠠᠷᠢᠶ᠎ᠠ ᠣᠷᠣᠨ ᠢᠶᠠᠷ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠵᠠᠷᠴᠢᠮ ᠶᠣᠰᠣᠭᠠᠷ᠂ 2021 ᠣᠨ ᠤ ᠰᠡᠭᠦᠯᠴᠢ ᠪᠣᠯᠬᠤ ᠳᠤ᠂ ᠪᠦᠬᠦ ᠲᠤᠭᠤᠷᠢᠭ ᠤᠨ ᠪᠤᠶ ᠪᠦᠬᠦᠢ ᠪᠠᠯᠭᠠᠰᠤ ᠲᠣᠰᠬᠤᠨ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ︾ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠪᠠ ᠠᠶᠢᠯ ᠲᠣᠰᠬᠤᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠤᠨ ᠨᠡᠶᠢᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠦᠮᠴᠢᠯᠡᠯ ᠤᠨ ᠡᠷᠬᠡ ᠶᠢ ᠬᠠᠮᠠᠭᠠᠯᠠᠬᠤ᠂ ᠵᠠᠮ ᠤᠨ ᠣᠷᠴᠢᠨ ᠠᠬᠤᠶ ᠶᠢ ᠴᠡᠭᠴᠡᠯᠡᠨ ᠵᠠᠰᠠᠬᠤ ᠵᠡᠷᠭᠡ ᠠᠵᠢᠯ ᠢ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠳᠠᠭᠠᠤ ᠶᠢᠨ ︽ᠣᠷᠴᠢᠨ ᠠᠬᠤᠶ ᠶᠢᠨ ᠠᠷᠢᠭᠤᠨ ᠴᠡᠪᠡᠷ ᠢ ᠴᠡᠪᠡᠷ ᠲᠡᠭᠰᠢ ᠪᠣᠯᠭᠠᠬᠤ᠂ ᠴᠡᠴᠡᠭ ᠡᠪᠡᠰᠦ ᠮᠣᠳᠣ ᠶᠢ ᠣᠨᠴᠠᠯᠢᠬᠵᠢᠭᠤᠯᠬᠤ᠂ ᠦᠢᠯᠡᠴᠢᠯᠡᠭᠡᠨ ᠤ ᠲᠥᠬᠦᠭᠡᠷᠦᠮᠵᠢ ᠶᠢ ᠪᠦᠷᠢᠨ ᠲᠡᠭᠦᠯᠳᠡᠷ ᠪᠣᠯᠭᠠᠬᠤ᠂ ᠦᠢᠯᠡ ᠠᠵᠢᠯᠯᠠᠭ᠎ᠠ ᠶᠢᠨ ᠳᠠᠳᠬᠠᠯ ᠢ ᠪᠣᠯᠪᠠᠰᠤᠨ ᠪᠣᠯᠭᠠᠬᠤ︾ ᠱᠠᠭᠠᠷᠳᠠᠯᠭ᠎ᠠ ᠶᠢ ᠪᠡᠶᠡᠯᠡᠭᠦᠯᠦᠨ᠎ᠡ᠃ ᠵᠠᠮ ᠬᠠᠷᠢᠯᠴᠠᠭᠠᠨ ᠤ ᠴᠢᠬᠤᠯᠠ ᠵᠠᠮ ᠪᠣᠯᠤᠨ ᠭᠤᠣᠯ ᠵᠠᠮ ᠳᠤ ᠠᠮᠢ ᠠᠬᠤᠶ ᠶᠢᠨ ᠦᠵᠡᠮᠵᠢ᠂ ᠵᠠᠩᠭᠢᠯᠠᠭ᠎ᠠ ᠶᠢᠨ ᠴᠡᠭ ᠤᠨ ᠦᠵᠡᠮᠵᠢ ᠪᠣᠯᠤᠨ ᠲᠣᠰᠬᠤᠨ ᠤ ᠵᠠᠬ᠎ᠠ ᠶᠢᠨ ᠬᠢᠯᠠᠰ ᠴᠡᠭ ᠵᠡᠷᠭᠡ ᠣᠨᠴᠠᠯᠢᠭ ᠢ ᠪᠦᠷᠢᠯᠳᠦᠬᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠤᠶᠢᠯᠡᠴᠢᠯᠡᠭᠡ᠂ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ  ᠪᠠᠷ ᠳᠡᠭᠡᠭᠰᠢᠯᠡᠭᠦᠯᠦᠨ᠎ᠡ᠃     ᠬᠤᠶᠠᠷ᠂ ᠵᠣᠬᠢᠶᠠᠨ ᠪᠠᠶᠢᠭᠤᠯᠤᠯᠲᠠ ᠶᠢᠨ ᠲᠤᠭᠳᠠᠯᠴᠠᠭ᠎ᠠ     ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠰᠢᠶᠠᠩ ᠤᠨ ᠵᠠᠮ ᠢ ᠰᠢᠶᠠᠩ ᠠᠴᠠ ᠬᠠᠮᠢᠶᠠᠷᠬᠤ᠂ ᠲᠣᠰᠬᠤᠨ ᠤ ᠵᠠᠮ ᠢ ᠲᠣᠰᠬᠤᠨ ᠠᠴᠠ ᠬᠠᠮᠢᠶᠠᠷᠬᠤ︾ ᠱᠠᠳᠤ ᠬᠤᠪᠢᠶᠠᠨ ᠬᠠᠮᠢᠶᠠᠷᠴᠤ ᠠᠷᠠᠴᠢᠯᠠᠬᠤ ᠵᠠᠷᠴᠢᠮ ᠶᠣᠰᠣᠭᠠᠷ᠂ ᠪᠠᠯᠭᠠᠰᠤ᠂ ᠲᠣᠰᠬᠤᠨ᠂ ᠬᠤᠷᠰᠢᠶ᠎ᠠ ᠶᠢᠨ ︽ᠵᠠᠮ ᠤᠨ ᠳᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ ᠪᠠᠶᠢᠭᠤᠯᠤᠨ᠎ᠠ᠃ ᠡᠯ᠎ᠡ ᠱᠠᠲᠤᠨ ᠤ ᠵᠠᠮ ᠤᠨ ᠳᠠᠷᠤᠭ᠎ᠠ ᠪᠣᠯ ᠬᠠᠷᠢᠶ᠎ᠠ ᠣᠷᠣᠨ ᠤ ᠪᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠲᠡᠭᠡᠭᠡᠪᠦᠷᠢ ᠪᠠ ᠵᠠᠮ ᠤᠨ ᠣᠷᠴᠢᠨ ᠲᠣᠭᠤᠷᠢᠨ ᠤ ᠵᠠᠰᠠᠯᠲᠠ ᠶᠢᠨ ᠶᠡᠷᠦᠩᠬᠡᠶ ᠬᠠᠷᠢᠭᠤᠴᠠᠯᠭᠠᠲᠠᠨ ᠪᠣᠯᠤᠨ᠎ᠠ᠃     ︵ᠨᠢᠭᠡ︶ ᠵᠠᠮ ᠤᠨ ᠶᠡᠷᠦᠩᠬᠡᠶ ᠳᠠᠷᠤᠭ᠎ᠠ᠃ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠠᠴᠠ ᠲᠤᠰ ᠲᠤᠰᠢᠶᠠᠯ ᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠲᠡᠭᠡᠭᠡᠪᠦᠷᠢ ᠪᠠ ᠵᠠᠮ ᠤᠨ ᠣᠷᠴᠢᠨ ᠲᠣᠭᠤᠷᠢᠨ ᠤ ᠵᠠᠰᠠᠯᠲᠠ ᠶᠢᠨ ᠶᠡᠷᠦᠩᠬᠡᠶ ᠬᠠᠷᠢᠭᠤᠴᠠᠯᠭᠠᠲᠠᠨ ᠪᠣᠯᠤᠨ᠎ᠠ᠃ ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠵᠣᠬᠢᠶᠠᠨ ᠪᠠᠶᠢᠭᠤᠯᠬᠤ᠂ ᠳᠣᠭᠢᠷᠠᠭᠤᠯᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠵᠡᠷᠭᠡ ᠠᠵᠢᠯ ᠢ ᠬᠠᠷᠢᠭᠤᠴᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠪᠥᠲᠥᠭᠡᠨ  ᠪᠠᠶᠢᠭᠤᠯᠬᠤ᠂ ᠬᠠᠮᠢᠶᠠᠷᠤᠨ ᠠᠷᠠᠴᠢᠯᠠᠬᠤ᠂ ᠡᠵᠡᠩᠨᠡᠬᠦ ᠪᠠ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠠᠷᠤᠳᠠᠯ ᠢ ᠨᠠᠶᠢᠳᠠᠪᠤᠷᠢᠵᠢᠭᠤᠯᠤᠨ᠂ ︽ᠬᠥᠳᠡᠭᠡ ᠲᠣᠰᠬᠤᠨ ᠤ ᠵᠠᠮ ᠤᠨ ᠳᠦᠷᠪᠡᠨ ᠰᠠᠶᠢᠳᠤᠷ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠤ᠂ ᠳᠣᠤᠷᠠᠳᠤ ᠱᠠᠲᠤᠨ ᠤ ᠵᠠᠮ ᠤᠨ ᠳᠠᠷᠤᠭ᠎ᠠ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠱᠠᠯᠠᠪᠳᠠᠭᠤᠯᠤᠨ ᠵᠢᠯᠣᠭᠤᠳᠤᠨ᠎ᠠ᠃     ︵ᠬᠤᠶᠠᠷ︶ ᠰᠢᠶᠠᠨ ︵ᠲᠣᠭᠤᠷᠢᠭ︶ ᠤ ᠵᠠᠮ ᠤᠨ ᠳᠠᠷᠤᠭ᠎ᠠ᠃ ᠳ᠋ᠦᠩᠱᠧᠩ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠳᠤᠪᠴᠢᠶᠠᠨ ᠤ ᠳᠤᠪᠴᠢᠶᠠᠨ ᠳᠠᠷᠤᠭ᠎ᠠ ᠠᠴᠠ ᠲᠤᠰ ᠲᠤᠰᠢᠶᠠᠯ ᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠰᠢᠶᠠᠨ ᠤ ᠳᠡᠰ ᠤᠨ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠪᠠ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠬᠠᠷᠢᠶᠠᠲᠤ ᠣᠷᠣᠨ ᠤ ᠰᠢᠶᠠᠨ ᠤ ᠳᠡᠰ ᠤᠨ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ᠂ ᠵᠠᠮ ᠤᠨ ᠦᠮᠴᠢᠯᠡᠯ ᠤᠨ ᠡᠷᠬᠡ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠡᠷᠡᠭ ᠢ ᠵᠣᠬᠢᠴᠠᠭᠤᠯᠤᠨ ᠰᠢᠢᠳᠪᠤᠷᠢᠯᠡᠬᠦ ᠪᠠ ᠵᠠᠮ ᠤᠨ ᠣᠷᠴᠢᠨ ᠲᠣᠭᠤᠷᠢᠨ ᠢ ᠵᠠᠰᠠᠬᠤ ᠠᠵᠢᠯ ᠢ ᠬᠠᠷᠢᠭᠤᠴᠠᠨ ᠰᠠᠶᠢᠲᠤᠷ ᠬᠢᠵᠦ᠂ ᠬᠠᠷᠢᠶ᠎ᠠ ᠬᠡᠰᠡᠭ ᠤᠨ ᠵᠠᠰᠠᠮᠠᠯ ᠵᠠᠮ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠳᠡ ᠬᠢᠵᠤ᠂ ᠶᠡᠭᠡ ᠳᠤᠮᠳᠠ ᠬᠡᠮᠵᠢᠶ᠎ᠡ ᠪᠠᠷ ᠵᠠᠰᠠᠬᠤ ᠶᠢ ᠬᠡᠷᠡᠭᠵᠢᠭᠦᠯᠦᠨ᠎ᠡ᠃     ︵ᠭᠤᠷᠪᠠ︶ ᠰᠢᠶᠠᠩ ︵ᠪᠠᠯᠭᠠᠰᠤ︶ ᠤᠨ ᠵᠠᠮ ᠤᠨ ᠳᠠᠷᠤᠭ᠎ᠠ᠃ ᠡᠯ᠎ᠡ ᠪᠠᠯᠭᠠᠰᠤᠨ ᠤ ᠪᠠᠯᠭᠠᠰᠤᠨ ᠳᠠᠷᠤᠭ᠎ᠠ ᠳᠤᠰ ᠲᠤᠰᠢᠶᠠᠯ ᠢ ᠬᠠᠷᠢᠭᠤᠴᠠᠵᠤ᠂ ᠡᠯ᠎ᠡ ᠪᠠᠯᠭᠠᠰᠤ ᠶᠢᠨ ᠬᠠᠷᠢᠶ ᠤᠷᠤᠨ ᠤ ᠰᠢᠶᠠᠩ ᠤᠨ ᠳᠡᠰ ᠤᠨ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠪᠠ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠬᠠᠷᠢᠶ᠎ᠠ ᠣᠷᠣᠨ ᠤ ᠬᠡᠪᠴᠢᠶᠡᠨ ᠤ ᠰᠢᠶᠠᠩ ᠤᠨ ᠳᠡᠰ ᠤᠨ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ᠂ ᠵᠠᠮ ᠤᠨ ᠦᠮᠴᠢᠯᠡᠯ ᠤᠨ ᠡᠷᠬᠡ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠡᠷᠡᠭ ᠢ ᠵᠣᠬᠢᠴᠠᠭᠤᠯᠤᠨ ᠰᠢᠢᠳᠪᠤᠷᠢᠯᠡᠬᠦ ᠪᠠ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠬᠠᠷᠢᠶ᠎ᠠ ᠬᠡᠰᠡᠭ ᠤᠨ ᠵᠠᠰᠠᠮᠠᠯ ᠵᠠᠮ ᠳᠤ ᠦᠨᠡᠯᠡᠨ ᠵᠢᠱᠢᠯᠳᠡ ᠬᠢᠬᠦ ᠶᠢᠨ ᠬᠠᠮᠲᠤ ᠳᠡᠭᠡᠳᠦ ᠱᠠᠲᠤᠨ  ᠠᠴᠠ ᠶᠡᠭᠡ ᠳᠤᠮᠳᠠ ᠵᠠᠰᠠᠯᠲᠠ ᠬᠢᠬᠦ ᠪᠠᠷ ᠭᠤᠶᠤᠴᠢᠯᠠᠨ᠎ᠠ᠃     ︵ᠲᠦᠷᠪᠡ︶ ᠳᠤᠰᠬᠤᠨ ᠤ ᠵᠠᠮ ᠤᠨ ᠳᠠᠷᠤᠭ᠎ᠠ᠃ ᠡᠯ᠎ᠡ ᠵᠠᠰᠠᠭ ᠵᠠᠬᠢᠷᠭᠠᠨ ᠤ ᠲᠣᠰᠬᠤᠨ ᠤ ᠳᠠᠷᠤᠭ᠎ᠠ ᠳᠤᠰ ᠳᠤᠰᠢᠶᠠᠯ ᠢ ᠬᠠᠷᠢᠭᠤᠴᠠᠵᠤ᠂ ᠬᠠᠷᠢᠶ᠎ᠠ ᠣᠷᠣᠨ ᠤ ᠲᠣᠰᠬᠤᠨ ᠤ ᠳᠡᠰ ᠤᠨ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠪᠠ ᠵᠠᠮ ᠤᠨ ᠣᠷᠴᠢᠨ ᠲᠣᠭᠤᠷᠢᠨ ᠢ ᠵᠠᠰᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠬᠠᠷᠢᠶ᠎ᠠ ᠣᠷᠣᠨ ᠤ ᠬᠡᠪᠴᠢᠶᠡᠨ ᠳᠠᠬᠢ ᠲᠣᠰᠬᠤᠨ ᠤ ᠳᠡᠰ ᠤᠨ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ᠂ ᠵᠠᠮ ᠤᠨ ᠦᠮᠴᠢᠯᠡᠯ ᠤᠨ ᠡᠷᠬᠡ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠡᠷᠡᠭ ᠢ ᠵᠣᠬᠢᠴᠠᠭᠤᠯᠤᠨ ᠰᠢᠢᠳᠪᠤᠷᠢᠯᠡᠬᠦ ᠪᠠ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃     ︵ᠲᠠᠪᠤ︶ ᠬᠤᠷᠰᠢᠶ᠎ᠠ ᠶᠢᠨ ᠵᠠᠮ ᠤᠨ ᠳᠠᠷᠤᠭ᠎ᠠ᠃ ᠡᠯ᠎ᠡ ᠬᠤᠷᠰᠢᠶᠠᠨ ᠤ ᠳᠠᠷᠤᠭ᠎ᠠ ᠳᠤᠰ ᠳᠤᠰᠢᠶᠠᠯ ᠢ ᠬᠠᠷᠢᠭᠤᠴᠠᠵᠤ᠂ ᠬᠠᠷᠢᠶ᠎ᠠ ᠣᠷᠣᠨ ᠤ ᠬᠡᠪᠴᠢᠶᠡᠨ ᠳᠠᠬᠢ ᠬᠤᠷᠰᠢᠶᠠᠨ ᠳᠤ ᠨᠡᠪᠲᠡᠷᠡᠬᠦ ᠵᠠᠮ ᠤᠨ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠵᠣ᠂ ᠬᠠᠷᠢᠶ᠎ᠠ ᠣᠷᠣᠨ ᠤ ᠬᠡᠪᠴᠢᠶᠡᠨ ᠳᠠᠬᠢ ᠬᠤᠷᠰᠢᠶᠠᠨ ᠳᠤ ᠨᠡᠪᠲᠡᠷᠡᠬᠦ ᠵᠠᠮ ᠤᠨ ᠠᠷᠠᠴᠢᠯᠠᠨ ᠬᠠᠮᠠᠭᠠᠯᠠᠵᠤ ᠬᠠᠮᠢᠶᠠᠷᠬᠤ᠂ ᠵᠠᠮ ᠤᠨ ᠦᠮᠴᠢᠯᠡᠯ ᠤᠨ ᠡᠷᠬᠡ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠡᠷᠡᠭ ᠢ ᠵᠣᠬᠢᠴᠠᠭᠤᠯᠤᠨ ᠰᠢᠢᠳᠪᠤᠷᠢᠯᠡᠬᠦ ᠪᠠ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃     ᠡᠯ᠎ᠡ ᠪᠠᠯᠭᠠᠰᠤ ᠪᠠ ᠲᠣᠰᠬᠤᠨ ᠬᠤᠷᠰᠢᠶ᠎ᠠ ᠪᠣᠳᠠᠲᠤ ᠪᠠᠶᠢᠳᠠᠯ ᠢᠶᠠᠨ ᠦᠨᠳᠦᠰᠦᠯᠡᠨ ᠲᠤᠰ ᠲᠤᠰ ᠤᠨ ᠪᠣᠳᠠᠲᠤ ᠪᠠᠶᠢᠳᠠᠯ ᠳᠠᠭᠠᠨ ᠨᠡᠶᠢᠴᠡᠭᠰᠡᠨ ︽ᠵᠠᠮ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠲᠥᠰᠦᠯ ᠢ ᠲᠣᠭᠲᠠᠭᠠᠵᠤ᠂ ᠠᠵᠢᠯ ᠤᠨ ᠪᠠᠶᠢᠭᠤᠯᠤᠮᠵᠢ ᠪᠠᠶᠢᠭᠤᠯᠵᠤ᠂ ᠠᠵᠢᠯ ᠤᠨ ᠬᠠᠷᠢᠯᠴᠠᠭᠴᠢ ᠶᠢ ᠲᠤᠭᠳᠠᠭᠠᠨ᠂ ︽ᠵᠠᠮ ᠤᠨ ᠳᠠᠷᠤᠭ᠎ᠠ ᠶᠢᠨ ᠳᠦᠷᠢᠮ︾ ᠤᠨ ᠠᠵᠢᠯ ᠢ ᠵᠣᠬᠢᠴᠠᠭᠤᠯᠬᠤ ᠪᠠ ᠲᠤᠬᠠᠶᠢᠯᠠᠭᠰᠠᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠠᠵᠢᠯ ᠢ ᠬᠠᠷᠢᠭᠤᠴᠠᠬᠤ ᠬᠡᠷᠡᠭᠳᠠᠢ᠃     ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠬᠤᠯᠪᠣᠭᠳᠠᠯ ᠪᠥᠬᠦᠶ ᠵᠠᠭᠤᠴᠢᠯᠠᠭᠤᠷ ᠢᠶᠠᠷ ᠳᠠᠮᠵᠢᠭᠤᠯᠤᠨ ᠡᠯ᠎ᠡ ᠱᠠᠲᠤᠨ ᠤ ︽ᠵᠠᠮ ᠤᠨ ᠳᠠᠷᠤᠭ᠎ᠠ︾ ᠶᠢᠨ ᠨᠡᠷᠡᠰ ᠢ ᠵᠠᠷᠯᠠᠨ ᠨᠡᠶᠢᠲᠡᠯᠡᠵᠦ᠂ ᠡᠯ᠎ᠡ ᠪᠠᠯᠭᠠᠰᠤ᠂ ᠲᠣᠰᠬᠤᠨ᠂ ᠬᠤᠷᠰᠢᠶ᠎ᠠ ᠶᠢᠨ ᠬᠢᠨ ᠭᠤᠤᠯ ᠪᠣᠯᠬᠤ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠩᠭᠢᠯᠠᠭ᠎ᠠ ᠶᠢᠨ ᠴᠡᠭ ᠤᠨ ᠪᠠᠶᠢᠷᠢᠨ ᠳᠤ ︽ᠵᠠᠮ ᠤᠨ ᠳᠠᠷᠤᠭ᠎ᠠ︾ ᠶᠢᠨ ᠵᠠᠷᠯᠠᠨ ᠨᠡᠶᠢᠲᠡᠯᠡᠬᠦ ᠫᠠᠶᠢᠰᠠ  ᠪᠠᠶᠢᠷᠢᠯᠠᠭᠤᠯᠵᠤ᠂ ᠵᠠᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ᠂ ᠵᠠᠰᠠᠮᠠᠯ ᠵᠠᠮ ᠤᠨ ᠲᠦᠢᠮᠣ ᠪᠠᠶᠢᠳᠠᠯ᠂ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠷᠠᠯᠲᠠ ᠪᠠ ᠬᠢᠨᠠᠯᠲᠠ ᠲᠠᠯᠪᠢᠬᠤ ᠤᠳᠠᠰᠤ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ︽ᠵᠠᠮ ᠤᠨ ᠳᠠᠷᠤᠭ᠎ᠠ ᠶᠢᠨ ᠲᠦᠷᠢᠮ︾ ᠤᠨ ᠤᠬᠠᠭᠤᠯᠭ᠎ᠠ ᠶᠢ ᠶᠡᠭᠡ ᠪᠠᠷ ᠥᠷᠨᠢᠭᠦᠯᠵᠦ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠳᠤ ᠢᠳᠡᠪᠬᠢᠲᠡᠶ ᠣᠷᠣᠯᠴᠠᠭᠤᠯᠵᠤ᠂ ᠨᠡᠶᠢᠭᠡᠮ ᠳᠠᠶᠠᠭᠠᠷ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠣᠷᠣᠯᠴᠠᠬᠤ ᠦᠵᠡᠯ ᠤᠬᠠᠮᠰᠠᠷ ᠢ ᠨᠡᠮᠡᠭᠳᠡᠬᠦᠯᠦᠨ᠎ᠡ᠃     ︵ᠬᠤᠶᠠᠷ︶ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠡᠯ᠎ᠡ ᠱᠠᠲᠤᠨ ᠤ ᠵᠠᠮ ᠤᠨ ᠳᠠᠷᠤᠭ᠎ᠠ ᠱᠠᠲᠤ ᠬᠤᠪᠢᠶᠠᠨ ᠬᠠᠷᠢᠭᠤᠴᠠᠭᠰᠠᠨ᠂ ᠡᠯ᠎ᠡ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠭᠰᠠᠨ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠭᠰᠠᠨ ᠠᠵᠢᠯ ᠤᠨ ᠲᠣᠭᠲᠠᠴᠠ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ︽ᠵᠠᠮ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠥᠷᠨᠢᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ︽ᠵᠠᠮ ᠤᠨ ᠳᠠᠷᠤᠭ᠎ᠠ︾ ᠳᠤ ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠢ ᠪᠣᠶ ᠪᠤᠯᠭᠠᠨ᠎ᠠ᠃ ᠠᠵᠢᠯᠳᠠᠨ ᠢ ᠲᠣᠬᠢᠷᠠᠭᠤᠯᠬᠤ ᠪᠠ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ︽ᠬᠠᠮᠢᠶᠠᠷᠬᠤ ᠬᠥᠮᠦᠨ ᠲᠠᠢ᠂ ᠬᠠᠮᠢᠶᠠᠷᠬᠤ ᠵᠣᠭᠤᠰ ᠲᠠᠢ︾ ᠪᠠᠶᠢᠯᠭᠠᠬᠤ ᠶᠢ ᠦᠨᠡᠨ ᠬᠦ ᠪᠠᠳᠤᠯᠠᠨ᠎ᠠ᠃ ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄     ᠳᠤᠭᠤᠶᠢᠯᠠᠩ ᠤᠨ ᠳᠠᠷᠤᠭ᠎ᠠ᠄ ᠯᠢᠦ ᠹᠧᠩ ᠶᠦᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ     ᠳᠤᠭᠤᠶᠢᠯᠠᠩ ᠤᠨ ᠳᠡᠳ᠋ ᠳᠠᠷᠤᠭ᠎ᠠ᠄ ᠰᠢᠶᠧ ᠬᠤᠸᠠᠢ ᠵᠢᠶᠦ᠋ᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ     ᠪᠦᠷᠢᠯᠳᠦᠬᠦᠨ᠄ ᠪᠠᠶ ᠬᠠᠶ ᠺᠤᠸᠠᠨ᠂ ᠬᠠᠨᠲᠠᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ     ᠶᠤᠸᠠᠨ ᡁᠢ ᠵᠢᠶᠦ᠋ᠨ᠂ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ     ᠭᠤᠤ ᠶᠦᠨ ᠱᠧᠩ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ     ᠶᠠᠨ ᠮᠢᠨ᠂  ᠲᠦᠩᠴᠤᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ     ᠯᠢᠦ ᠬᠠᠶ᠂ ᠪᠤᠷᠵᠠᠩ ᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ     ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠳ᠋ᠦᠩᠱᠧᠩ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠶᠤᠸᠠᠨ ᡁᠢ ᠵᠢᠶᠦ᠋ᠨ ᠨᠥᠬᠦᠷ ᠬᠠᠷᠢᠭᠤᠴᠠᠨ᠎ᠠ᠃     ︵ᠭᠤᠷᠪᠠ︶ ᠱᠠᠯᠠᠪᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠨᠠᠶᠢᠳᠠᠪᠤᠷᠢᠵᠢᠭᠤᠯᠤᠨ᠎ᠠ᠃ ︽ᠵᠠᠮ ᠤᠨ ᠳᠠᠷᠤᠭ᠎ᠠ ᠶᠢᠨ ᠲᠦᠷᠢᠮ︾ ᠤᠨ ᠠᠵᠢᠯ ᠢ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠢᠨᠠᠬᠤ᠂ ᠡᠳᠦᠷ ᠲᠤᠲᠤᠮ ᠤᠨ ᠰᠤᠭᠤᠴᠢᠨ ᠪᠠᠶᠢᠴᠠᠭᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠱᠠᠲᠤᠨ ᠤ ︽ᠵᠠᠮ ᠤᠨ ᠳᠠᠷᠤᠭ᠎ᠠ︾ ᠪᠠ ᠬᠠᠷᠢᠭᠤᠴᠠᠯᠭᠠᠲᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠬᠦ ᠶᠢ ᠱᠠᠯᠠᠪᠳᠠᠭᠤᠯᠬᠤ ᠶᠢᠨ ᠬᠠᠮᠲᠤ᠂ ᠰᠢᠯᠭᠠᠨ ᠬᠢᠨᠠᠭᠰᠠᠨ ᠦᠷ᠎ᠡ ᠳ᠋ᠦᠩ ᠢ ᠡᠯ᠎ᠡ ᠱᠠᠲᠤᠨ ᠤ ︽ᠵᠠᠮ ᠤᠨ ᠳᠠᠷᠤᠭ᠎ᠠ︾ ᠪᠠ ᠬᠠᠷᠢᠭᠤᠴᠠᠯᠭᠠᠲᠤ ᠪᠠᠶᠢᠭᠤᠯᠭ᠎ᠠ ᠶᠢᠨ ᠣᠨ ᠤ ᠶᠡᠷᠦᠩᠬᠡᠶᠢᠯᠡᠭᠰᠡᠨ ᠰᠢᠯᠭᠠᠨ ᠬᠢᠨᠠᠵᠤ ᠦᠨᠡᠯᠡᠬᠦ ᠶᠢᠨ ᠦᠨᠳᠦᠰᠦᠯᠡᠯ ᠪᠤᠯᠭᠠᠨ᠎ᠠ᠃     ᠳᠠᠭᠠᠯᠳᠤᠭᠤᠯᠤᠯ᠄     1. ᠳ᠋ᠦᠩᠱᠧᠩ ᠲᠣᠭᠤᠷᠢᠭ ᠤᠨ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠲᠦᠷᠢᠮ     2. ᠳ᠋ᠦᠩᠱᠧᠩ ᠲᠣᠭᠤᠷᠢᠭ ᠤᠨ ᠵᠠᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠤᠨ ᠳᠦᠷᠢᠮ     3. ᠳ᠋ᠦᠩᠱᠧᠩ ᠲᠣᠭᠤᠷᠢᠭ ᠤᠨ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠠᠬᠢᠴᠠ ᠶᠢᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠦᠷᠢᠮ     4. ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠲᠣᠭᠤᠷᠢᠨ ᠪᠠᠶᠢᠴᠠᠭᠠᠬᠤ ᠲᠦᠷᠢᠮ     5. ᠳ᠋ᠦᠩᠱᠧᠩ ᠲᠣᠭᠤᠷᠢᠭ ᠤᠨ ᠵᠠᠮ ᠤᠨ ᠳᠠᠷᠤᠭ᠎ᠠ ᠶᠢᠨ ᠳᠦᠷᠢᠮ ᠢ ᠲᠣᠭᠤᠷᠢᠨ ᠪᠠᠶᠢᠴᠠᠭᠠᠭᠰᠠᠨ ᠲᠡᠮᠳᠡᠭᠯᠡᠯ ᠤᠨ ᠬᠦᠰᠦᠨᠦᠭᠲᠦ     6. ᠲᠣᠭᠤᠷᠢᠨ ᠪᠠᠶᠢᠴᠠᠭᠠᠬᠤ ᠭᠤᠣᠯ ᠠᠭᠤᠯᠭ᠎ᠠ ᠪᠠ ᠪᠠᠷᠢᠮᠵᠢᠶ᠎ᠠ ᠶᠢᠨ ᠬᠠᠷᠢᠴᠠᠭᠤᠯᠤᠯ     7. ᠳ᠋ᠦᠩᠱᠧᠩ ᠲᠣᠭᠤᠷᠢᠭ ᠤᠨ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠰᠢᠯᠭᠠᠨ ᠬᠢᠨᠠᠵᠤ ᠰᠢᠯᠭᠠᠨ ᠠᠪᠬᠤ ᠠᠷᠭ᠎ᠠ     8. ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠰᠢᠯᠭᠠᠨ ᠬᠤᠷᠢᠶᠠᠵᠤ ᠬᠤᠪᠢ ᠣᠯᠭᠤᠬᠤ ᠨᠠᠷᠢᠨ ᠲᠦᠷᠢᠮ     9. ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠵᠠᠮ ᠤᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠥᠰᠦᠯ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ