ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2021/7/9
  ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ       ——  2021ᠣᠨ ᠤ 3 ᠳ᠋ᠤᠭᠠᠷ ᠰᠠᠷ᠎ᠠ ᠶᠢᠨ 31 ᠤ ᠡᠳᠦᠷ ᠣᠷᠳᠣᠰ                    ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ                    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ                    ᠤᠳᠠᠭᠠᠨ ᠤ ᠬᠤᠷᠠᠯᠳᠤᠭᠠᠨ ᠳᠡᠭᠡᠷ᠎ᠡ    ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ    ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ        ᠬᠤᠤ ᠵᠢᠶᠦ᠋ᠨ ᠬᠠᠶ ᠲᠥᠯᠥᠭᠡᠯᠡᠭᠴᠢᠳ ᠡ᠄         ᠡᠳᠦᠭᠡ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ  ᠪᠠᠷ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠠ᠂ ᠬᠢᠨᠠᠨ ᠵᠥᠪᠯᠡᠬᠦ ᠪᠣᠯᠪᠠᠤ᠃                             2020 ᠣᠨ ᠤ ᠠᠵᠢᠯ ᠤᠨ ᠡᠷᠭᠢᠴᠡᠭᠦᠯᠦᠯ       2020 ᠣᠨ ᠳᠤ᠂  ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠲᠣᠭᠤᠷᠢᠭ ᠤᠨ ᠭᠤᠤᠯᠳᠠᠯᠭᠠᠲᠦ ᠠᠵᠢᠯ ᠲᠠᠢ ᠨᠢᠭᠲᠠ  ᠤᠶᠠᠯᠳᠤᠭᠤᠯᠤᠨ᠂ ᠠᠷᠠᠳ ᠤᠯᠠᠨ ᠤ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠲᠠᠢ ᠨᠢᠭᠲᠠ ᠤᠶᠠᠯᠳᠤᠭᠤᠯᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠪᠡ᠃ ᠨᠢᠭᠡ ᠵᠢᠯ ᠤᠨ ᠲᠤᠷᠰᠢ᠂ ᠪᠠᠶᠢᠩᠭᠤ ᠶᠢᠨ ᠬᠤᠷᠢᠶᠠᠨ ᠤ ᠬᠤᠷᠠᠯ ᠢ ᠨᠡᠶᠢᠲᠡ 7 ᠤᠳᠠᠭ᠎ᠠ᠂ ᠡᠷᠬᠢᠯᠡᠭᠴᠢ ᠶᠢᠨ ᠬᠤᠷᠠᠯ ᠢ ᠨᠡᠶᠢᠲᠡ 12 ᠤᠳᠠᠭ᠎ᠠ ᠬᠤᠷᠠᠯᠳᠤᠭᠤᠯᠵᠤ᠂ 9 ᠤᠳᠠᠭᠠᠨ ᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ 8 ᠬᠠᠤᠯᠢ ᠴᠠᠭᠠᠵᠠ ᠬᠠᠤᠯᠢ ᠲᠣᠭᠲᠠᠭᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠦᠨ᠂ 8 ᠲᠦᠷᠦᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠡᠷᠬᠢᠯᠡᠭᠴᠢ ᠶᠢᠨ ᠬᠠᠮᠲᠤ ᠶᠢᠨ ᠪᠠᠶᠢᠴᠠᠭᠠᠨ ᠰᠤᠳᠤᠯᠤᠯᠲᠠ ᠶᠢ 2 ᠤᠳᠠᠭ᠎ᠠ ᠥᠷᠨᠢᠭᠦᠯᠦᠨ᠂ 2 ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠢ ᠦᠨᠡᠯᠡᠵᠦ᠂ ᠬᠠᠮᠲᠤᠷᠠᠭᠰᠠᠨ ᠳᠤᠭᠤᠶᠢᠯᠠᠩ ᠤᠨ ᠯᠠᠪᠯᠠᠯᠲᠠ ᠶᠢ 2 ᠤᠳᠠᠭ᠎ᠠ ᠥᠷᠨᠢᠭᠦᠯᠦᠨ᠂  ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠡᠯ᠎ᠡ ᠵᠦᠶᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃        ᠨᠢᠭᠡ᠂ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠪᠠᠷᠢᠮᠲᠠᠯᠠᠬᠤ ᠳᠤᠮᠳᠠ ᠤᠯᠤᠰ ᠲᠦᠷᠦ  ᠶᠢᠨ ᠴᠢᠭᠯᠡᠯ ᠢ ᠪᠠᠲᠤᠳᠬᠠᠪᠠ᠃        ︵ᠨᠢᠭᠡ︶ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠪᠠ᠃ ᠨᠢᠭᠡ ᠵᠢᠯ ᠤᠨ ᠲᠤᠷᠰᠢ᠂  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ  ᠪᠣᠯᠭᠠᠨ᠂ 17 ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢ ᠲᠤᠰᠬᠠᠢ ᠰᠡᠳᠦᠪ ᠢᠶᠠᠷ 6 ᠤᠳᠠᠭ᠎ᠠ ᠰᠤᠳᠤᠯᠤᠨ ᠶᠠᠷᠢᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂  ︽ᠲᠦᠷᠪᠡᠨ ᠤᠬᠠᠮᠰᠠᠷ︾ ᠢᠶᠠᠨ ᠤᠯᠠᠮ ᠴᠢᠨᠠᠭᠰᠢᠳᠠ ᠴᠢᠩᠭᠠᠳᠬᠠᠵᠤ᠂  ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃          ︵ᠬᠤᠶᠠᠷ︶ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠤᠯᠭ᠎ᠠ ᠶᠢ ᠢᠮᠠᠭᠲᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ  ᠲᠤᠤᠱᠯᠠᠭᠤᠯᠵᠤ᠂ ᠨᠠᠮ ᠤᠨ ᠤᠳᠤᠷᠢᠳᠬᠤ ᠬᠥᠮᠦᠰ ᠤᠨ ᠶᠡᠭᠡ ᠬᠤᠷᠠᠯ ᠤᠨ ᠠᠵᠢᠯ ᠤᠨ ᠡᠯ᠎ᠡ ᠵᠦᠢᠯ ᠤᠨ ᠲᠦᠷᠢᠮ  ᠢ ᠡᠷᠡᠰ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠢ ᠲᠣᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠶᠡᠭᠡ ᠤᠴᠢᠷ ᠶᠠᠪᠤᠳᠠᠯ ᠤᠨ ᠲᠣᠭᠤᠷᠢᠨ ᠳᠤ ᠲᠣᠭᠤᠷᠢᠭ ᠤᠨ ᠨᠠᠮ ᠤᠨ ᠬᠤᠷᠢᠶ᠎ᠠ ᠠᠴᠠ 6 ᠤᠳᠠᠭ᠎ᠠ ᠵᠢᠭᠠᠪᠤᠷᠢ ᠠᠪᠴᠤ ᠬᠠᠷᠢᠭᠤ ᠮᠡᠳᠡᠭᠦᠯᠪᠡ᠃ ᠨᠠᠮ ᠠᠴᠠ ᠺᠠᠳ᠋ᠷ ᠢ ᠬᠠᠮᠢᠶᠠᠷᠬᠤ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠠᠵᠢᠯᠲᠠᠨ ᠢ ᠰᠣᠩᠭᠤᠨ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠢᠷᠤᠮ ᠢ ᠴᠢᠩᠭ᠎ᠠ ᠬᠡᠷᠡᠭᠵᠢᠭᠦᠯᠦᠨ᠂ ᠤᠯᠤᠰ ᠤᠨ ᠠᠯᠪᠠᠨ ᠪᠠᠶᠢᠭᠤᠯᠭ᠎ᠠ ᠶᠢᠨ ᠠᠵᠢᠯᠲᠠᠨ ᠢ 66 ᠬᠥᠮᠦᠨ ᠤᠳᠠᠭ᠎ᠠ ᠬᠠᠤᠯᠢ ᠶᠣᠰᠣᠭᠠᠷ ᠰᠣᠩᠭᠤᠨ ᠲᠣᠮᠢᠯᠠᠵᠤ ᠲᠤᠰᠢᠶᠠᠯ ᠠᠴᠠ  ᠪᠠᠭᠤᠯᠭᠠᠬᠤ ᠶᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠᠬᠢ ᠨᠠᠮ ᠤᠨ ᠵᠣᠷᠢᠯᠲᠠ ᠪᠠ ᠠᠷᠠᠳ ᠲᠦᠮᠡᠨ ᠤ ᠬᠦᠰᠡᠯ ᠰᠠᠨᠠᠭ᠎ᠠ ᠶᠢ ᠪᠦᠬᠦ ᠲᠠᠯ᠎ᠠ ᠪᠠᠷ ᠢᠯᠡᠷᠡᠭᠦᠯᠪᠡ᠃        ︵ᠭᠤᠷᠪᠠ︶ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠠᠵᠢᠯ ᠢ ᠨᠠᠷᠢᠨ ᠬᠢᠨᠠᠮᠠᠭᠠᠶ ᠪᠡᠶᠡᠯᠡᠭᠦᠯᠪᠡ᠃ ︽ᠲᠣᠭᠤᠷᠢᠭ ᠤᠨ ᠨᠠᠮ ᠤᠨ ᠬᠤᠷᠢᠶ᠎ᠠ ᠪᠠᠶᠢᠷᠢᠯᠠᠭᠤᠯᠤᠯᠲᠠ ᠲᠠᠢ ᠪᠠᠶᠢᠪᠠᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠵᠢᠯᠯᠠᠭ᠎ᠠ ᠲᠠᠢ ᠪᠠᠶᠢᠬᠤ︾ ᠠᠵᠢᠯ ᠤᠨ ᠵᠠᠷᠴᠢᠮ ᠢ ᠢᠮᠠᠭᠲᠠ ᠪᠠᠷᠢᠮᠲᠠᠯᠠᠵᠤ᠂ ᠲᠣᠭᠤᠷᠢᠭ ᠤᠨ ᠨᠠᠮ ᠤᠨ ᠬᠤᠷᠢᠶ᠎ᠠ ᠠᠴᠠ ᠨᠢᠭᠡᠳᠦᠯᠲᠡᠶ ᠳᠣᠬᠢᠷᠠᠭᠤᠯᠤᠨ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠬᠡᠷᠡᠭ᠂ ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠤᠭᠰᠠᠨ ᠬᠡᠷᠡᠭ ᠢ ᠰᠢᠶᠳᠪᠦᠷᠢᠯᠡᠬᠦ᠂ ᠵᠠᠬᠢᠳᠠᠯ  ᠰᠤᠷᠪᠤᠯᠵᠢᠯᠠᠭ᠎ᠠ ᠶᠢ ᠭᠥᠯᠢᠶᠡᠨ ᠠᠪᠬᠤ᠂ ᠬᠤᠲᠠ ᠶᠢᠨ ᠪᠠᠶᠢᠭᠤᠯᠤᠯᠲᠠ ᠵᠡᠷᠭᠡ ᠠᠵᠢᠯ ᠳᠤ ᠢᠳᠡᠪᠬᠢᠲᠡᠶ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠡᠯ᠎ᠡ ᠵᠦᠶᠯ ᠤᠨ ᠠᠵᠢᠯ ᠤᠨ ᠡᠭᠦᠷᠭᠡ ᠶᠢ ᠪᠥᠬᠦ ᠬᠦᠴᠦᠨ  ᠢᠶᠠᠷ ᠢᠶᠠᠨ ᠰᠠᠶᠢᠲᠤᠷ ᠬᠢᠵᠦ᠂ ᠢᠮᠠᠭᠲᠠ ᠲᠣᠭᠤᠷᠢᠭ ᠤᠨ ᠨᠠᠮ ᠤᠨ ᠬᠤᠷᠢᠶ᠎ᠠ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠥᠪ ᠤᠯᠤᠰ ᠲᠥᠷᠥ ᠶᠢᠨ ᠴᠢᠭᠯᠡᠯ ᠢ ᠪᠠᠲᠤᠯᠠᠪᠠ᠃          ᠬᠤᠶᠠᠷ᠂ ᠪᠦᠬᠦ ᠲᠣᠭᠤᠷᠢᠭ ᠤᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃        ︵ᠨᠢᠭᠡ︶ ᠬᠠᠤᠯᠢ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠬᠢᠭᠤᠯᠪᠠ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠭᠤᠣᠯᠳᠠᠯᠭ᠎ᠠ ᠶᠢᠨ ᠭᠤᠣᠯᠳᠠᠯᠭ᠎ᠠ ᠠᠵᠢᠯ ᠪᠣᠯᠭᠠᠵᠤ᠂ ᠮᠠᠨ ᠤ  ᠲᠣᠭᠤᠷᠢᠭ ᠲᠤ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠥᠬᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤ ᠳᠠᠳᠬᠠᠯ ᠢ ᠠᠷᠢᠯᠭᠠᠬᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠬᠤ ᠰᠤᠳᠤᠯᠤᠨ ᠪᠠᠶᠢᠴᠠᠭᠠᠯᠲᠠ ᠶᠢ ᠦᠷᠨᠢᠭᠦᠯᠪᠡ᠃ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯ ᠢ ᠲᠤᠰᠬᠠᠶ ᠲᠥᠷᠥᠯ ᠢᠶᠠᠷ ᠦᠨᠡᠯᠡᠪᠡ᠃ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠬᠥᠮᠥᠷᠭᠡ ᠶᠢ ᠲᠦᠷᠭᠡᠳᠬᠡᠨ ᠪᠠᠶᠢᠭᠤᠯᠬᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠬᠠᠤᠯᠢ ᠶᠤᠰᠤᠭᠠᠷ ᠨᠠᠶᠢᠲᠠᠪᠤᠷᠢᠵᠢᠭᠤᠯᠬᠤ ᠵᠡᠷᠭᠡ 2 ᠵᠤᠷᠪᠤᠰ ᠬᠢᠨᠠᠯᠲᠠ ᠲᠠᠯᠪᠢᠬᠤ ᠰᠠᠨᠠᠯ ᠢ  ᠳᠤᠷᠠᠳᠤᠨ ᠭᠠᠷᠭᠠᠵᠤ᠂ ᠮᠠᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠢᠳᠡᠪᠬᠢᠲᠡᠶ ᠠᠬᠢᠭᠤᠯᠪᠠ᠃        ︵ᠬᠤᠶᠠᠷ︶ ᠡᠳ᠋ ᠤᠨ ᠵᠠᠰᠠᠭ ᠠᠵᠤ ᠠᠬᠤᠢ ᠶᠢᠨ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠪᠠ᠃         ︽ᠲᠥᠰᠦᠪ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠲᠦᠷᠢᠮ︾  ᠤᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠳ᠋ᠦᠩᠱᠧᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠶᠴᠡᠳᠬᠡᠭᠰᠡᠨ᠂ ᠲᠥᠰᠦᠪ ᠢ ᠭᠦᠶᠴᠡᠳᠬᠡᠭᠰᠡᠨ᠂ ᠲᠥᠰᠦᠪ ᠲᠤ ᠲᠣᠬᠢᠷᠠᠭᠤᠯᠤᠯᠲᠠ ᠬᠢᠭᠰᠡᠨ᠂ ᠲᠥᠰᠦᠪ ᠤᠨ ᠭᠦᠶᠴᠡᠳᠬᠡᠯ ᠤᠨ ᠪᠠᠶᠢᠳᠠᠯ ᠵᠡᠷᠭᠡ ᠶᠢ ᠬᠢᠨᠠᠨ ᠵᠥᠪᠯᠡᠵᠦ᠂ ᠲᠥᠰᠦᠪ ᠤᠨ ᠰᠦᠯᠵᠢᠶᠡᠵᠢᠭᠰᠡᠨ ᠲᠠᠪᠴᠠᠩ ᠢ ᠠᠩᠬ᠎ᠠ ᠤᠳᠠᠭ᠎ᠠ ᠬᠡᠷᠡᠭᠯᠡᠨ ᠲᠥᠰᠦᠪ ᠤᠨ ᠬᠡᠷᠡᠭᠵᠢᠭᠦᠯᠦᠯᠲᠡ ᠶᠢᠨ ᠪᠠᠶᠢᠳᠠᠯ ᠢ ᠪᠠᠶᠢᠴᠠᠭᠠᠨ ᠯᠠᠪᠯᠠᠵᠤ ᠵᠠᠳᠠᠯᠤᠨ ᠰᠢᠨᠵᠢᠯᠡᠵᠦ᠂ ᠵᠠᠰᠠᠭ ᠤᠨ ᠣᠷᠳᠣᠨ ᠤ  ︽ᠵᠣᠭᠤᠰᠣᠨ ᠴᠦᠩᠬᠦ︾ ᠶᠢ ᠣᠯᠠᠨ ᠠᠷᠭ᠎ᠠ ᠵᠠᠮ ᠢᠶᠠᠷ ᠰᠠᠶᠢᠲᠤᠷ ᠬᠠᠮᠢᠶᠠᠷᠴᠤ ᠪᠠᠶᠢᠬᠤ  ᠳᠤ ᠬᠢᠨᠠᠯᠲᠠ ᠲᠠᠯᠪᠢᠪᠠ︔ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠣᠭᠤᠷᠢᠭ ᠤᠨ  ᠵᠠᠰᠠᠭ ᠤᠨ ᠣᠷᠳᠣᠨ ᠤ ᠵᠠᠰᠠᠭ ᠵᠠᠬᠢᠷᠭ᠎ᠠ ᠠᠵᠢᠯ ᠦᠶᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠲᠤᠰᠬᠠᠶ ᠵᠦᠶᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠵᠠᠰᠠᠭ ᠤᠨ ᠣᠷᠳᠣᠨ  ᠠᠴᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠶᠢ ᠠᠬᠢᠭᠤᠯᠵᠤ᠂ ᠠᠷᠠᠳ ᠲᠦᠮᠡᠨ ᠤ ︽ᠡᠳ᠋ ᠬᠥᠷᠥᠩᠭᠡ︾ ᠶᠢ ᠰᠠᠶᠢᠲᠤᠷ ᠰᠠᠬᠢᠪᠠ᠃ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ 5 ᠵᠦᠶᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ᠬᠠᠨᠳᠤᠯᠭᠠᠲᠤ ᠴᠢᠨᠠᠷᠲᠠᠶ ᠰᠠᠨᠠᠭᠤᠯᠭ᠎ᠠ ᠳᠤᠷᠠᠳᠴᠤ᠂ ᠵᠠᠰᠠᠭ ᠤᠨ ᠣᠷᠳᠣᠨ ᠤ ᠦᠷᠢ ᠥᠭᠴᠡᠭᠡᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠤᠬᠠᠮᠰᠠᠷ ᠢ ᠴᠢᠩᠭᠠᠳᠬᠠᠪᠠ᠃          ︵ᠭᠤᠷᠪᠠ︶ ᠬᠠᠤᠯᠢ ᠪᠠᠷ ᠵᠠᠰᠠᠬᠤ ᠳ᠋ᠦᠩᠱᠧᠩ ᠤᠨ ᠪᠠᠶᠢᠭᠤᠯᠤᠯᠲᠠ ᠶᠢ ᠠᠬᠢᠭᠤᠯᠪᠠ᠃ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠬᠦ  ︽ᠬᠠᠤᠯᠢ ᠴᠠᠭᠠᠵᠠ ᠶᠢᠨ ᠲᠣᠭᠤᠷᠢᠨ ᠪᠠᠶᠢᠴᠠᠭᠠᠬᠤ︾ ᠦᠢᠯᠡᠳᠦᠯ ᠢ ᠭᠦᠢᠴᠡᠳ ᠪᠠᠳᠠᠷᠠᠭᠤᠯᠤᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ  ᠠᠮᠤᠷ ᠳᠦᠪᠰᠢᠨ ᠢ ᠪᠠᠲᠤᠯᠠᠬᠤ ᠬᠠᠤᠯᠢ︾ ᠵᠡᠷᠭᠡ 8 ᠬᠠᠤᠯᠢ ᠴᠠᠭᠠᠵᠠ ᠬᠠᠤᠯᠢ ᠲᠣᠭᠲᠠᠭᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠮᠠᠨ ᠤ ᠲᠣᠭᠤᠷᠢᠭ ᠲᠤ ᠪᠦᠲᠦᠮᠵᠢᠲᠡᠶ ᠲᠤᠤᠱᠯᠠᠭᠤᠯᠤᠨ ᠬᠡᠷᠡᠭᠵᠢᠭᠦᠯᠬᠦ ᠶᠢ ᠦᠨᠡᠨᠬᠦ ᠪᠠᠲᠤᠯᠠᠪᠠ︔ ︽ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ︾ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ᠂ ᠪᠦᠬᠦ ᠠᠷᠠᠳ ᠢᠶᠠᠷ ᠢᠶᠠᠨ ᠬᠠᠤᠯᠢ ᠶᠢ ᠬᠦᠨᠳᠦᠳᠬᠡᠨ ᠬᠠᠤᠯᠢ ᠶᠢ ᠰᠠᠬᠢᠬᠤ ᠶᠢ ᠤᠯᠠᠮ ᠨᠢᠭᠡ ᠠᠯᠬᠤᠮ ᠠᠬᠢᠭᠤᠯᠪᠠ︔ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠭᠦᠢᠴᠡᠳᠬᠡᠭᠰᠡᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂  ︽ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠭᠰᠡᠨ︾ ᠦᠷ᠎ᠡ ᠪᠦᠲᠦᠭᠡᠯ ᠢ ᠪᠠᠬᠢᠵᠢᠭᠦᠯᠪᠡ︔ 3 ᠨᠡᠷᠡᠰ ᠣᠷᠣᠨ ᠲᠣᠭᠠᠨ ᠤ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠦᠨᠡᠯᠡᠨ ᠶᠠᠷᠢᠯᠴᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠲᠥᠪ ᠭᠤᠣᠯᠴᠢ ᠪᠠᠷ ᠬᠠᠤᠯᠢ ᠪᠠᠷᠢᠬᠤ  ᠶᠢ ᠠᠬᠢᠭᠤᠯᠪᠠ︔ ︽ᠪᠢᠴᠢᠭ ᠮᠠᠲ᠋ᠧᠷᠢᠶᠠᠯ ᠪᠠᠶᠢᠪᠠᠯ ᠵᠠᠪᠠᠯ ᠳᠡᠩᠰᠡᠯᠡᠵᠦ᠂ ᠳᠠᠩᠰᠠᠯᠠᠭᠤᠯᠤᠭᠰᠠᠨ ᠪᠠᠶᠢᠪᠠᠯ ᠵᠠᠪᠠᠯ ᠬᠢᠨᠠᠬᠤ︾ ᠱᠠᠭᠠᠷᠳᠠᠯᠭ᠎ᠠ ᠶᠣᠰᠣᠭᠠᠷ᠂ ᠳᠦᠷᠢᠮᠵᠢᠯ   ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠢᠩᠭ᠎ᠠ ᠳᠡᠩᠰᠡᠯᠡᠵᠦ ᠬᠢᠨᠠᠨ ᠪᠠᠶᠢᠴᠠᠭᠠᠵᠤ᠂ ᠬᠠᠤᠯᠢ ᠪᠠᠷ  ᠲᠣᠭᠤᠷᠢᠭ ᠢᠶᠠᠨ ᠵᠠᠰᠠᠬᠤ ᠠᠬᠢᠴᠠ ᠶᠢ ᠪᠦᠲᠦᠮᠵᠢᠲᠡᠶ ᠠᠬᠢᠭᠤᠯᠪᠠ ᠃       ᠭᠤᠷᠪᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ      ︵ᠨᠢᠭᠡ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠯᠧᠲ ᠢᠶᠠᠷ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ 13 ᠲᠥᠷᠥᠯ ᠵᠦᠶᠯ ᠳᠤ ᠴᠢᠭᠯᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠤᠭᠤᠶᠢᠯᠠᠩ   ᠤᠨ ᠲᠣᠭᠲᠠᠭᠰᠠᠨ ᠴᠢᠭᠯᠡᠯᠲᠦ ᠪᠠᠶᠢᠴᠠᠭᠠᠯᠲᠠ᠂ 2 ᠤᠳᠠᠭᠠᠨ ᠤ ᠡᠷᠬᠢᠯᠡᠭᠴᠢ ᠶᠢᠨ ᠬᠠᠮᠲᠤ ᠶᠢᠨ ᠪᠠᠶᠢᠴᠠᠭᠠᠯᠲᠠ᠂ 3 ᠤᠳᠠᠭᠠᠨ ᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ ᠵᠢᠴᠢ 1 ᠤᠳᠠᠭᠠᠨ ᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠥᠪᠯᠡᠷᠡᠩᠭᠦᠶ ᠪᠠᠶᠢᠴᠠᠭᠠᠯᠲᠠ ᠵᠡᠷᠭᠡ ᠠᠷᠭ᠎ᠠ ᠬᠡᠯᠪᠡᠷᠢ ᠪᠠᠷ ᠳᠡᠮᠵᠢᠨ᠂ ᠪᠥᠬᠦ ᠶᠠᠪᠤᠴᠠ ᠳᠤ ᠣᠯᠠᠨ ᠲᠠᠰ ᠳᠠᠪᠬᠤᠷᠭ᠎ᠠ ᠲᠠᠢ ᠨᠠᠷᠢᠯᠢᠭ ᠣᠨᠣᠪᠴᠢᠲᠠᠶ ᠬᠢᠨᠠᠯᠲᠠ ᠲᠠᠯᠪᠢᠵᠤ᠂ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠢ ᠴᠢᠨᠠᠷ ᠰᠠᠶᠢᠲᠠᠶ ᠪᠠᠷ ᠪᠡᠶᠡᠯᠡᠭᠦᠯᠬᠦ ᠶᠢ ᠪᠠᠲᠤᠯᠠᠵᠤ᠂ ᠥᠷᠭᠡᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠪᠡ᠃          ︵ᠬᠤᠶᠠᠷ︶ ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠤᠨ ᠰᠠᠶᠢᠵᠢᠷᠠᠯᠲᠠ ᠶᠢ ᠠᠬᠢᠭᠤᠯᠪᠠ᠃ ᠨᠡᠶᠢᠭᠡᠮ ᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ᠂ 2019 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ  ᠶᠢ ᠰᠣᠨᠣᠰᠴᠤ ᠬᠢᠨᠠᠨ ᠵᠥᠪᠯᠡᠵᠦ᠂ ᠠᠵᠢᠯ ᠣᠯᠭᠤᠯᠲᠠ ᠦᠢᠯᠡᠰ ᠪᠣᠰᠬᠠᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠯᠡᠵᠦ᠂ ᠮᠠᠨ ᠤ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠪᠠᠶᠢᠳᠠᠯ ᠢ ᠲᠤᠰᠬᠠᠢ ᠰᠡᠳᠦᠪ ᠢᠶᠠᠷ ᠠᠰᠠᠭᠤᠨ ᠯᠠᠪᠯᠠᠵᠤ᠂ ᠨᠡᠶᠢᠭᠡᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠵᠢᠷᠤᠮᠵᠢᠯ ᠲᠠᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠪᠠ᠃          ︵ᠭᠤᠷᠪᠠ︶ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠠᠷᠠᠳ ᠤᠯᠠᠨ ᠲᠠᠢ ᠨᠢᠭᠲᠠ ᠬᠠᠷᠢᠯᠴᠠᠬᠤ᠂ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠬᠦ  ᠶᠢᠨ ᠨᠢᠭᠡᠨ ᠴᠢᠬᠤᠯᠠ ᠠᠵᠢᠯ ᠪᠣᠯᠭᠠᠨ ᠠᠳᠬᠤᠬᠤ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠵᠤ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ 79 ᠬᠥᠮᠦᠨ ᠤᠳᠠᠭ᠎ᠠ ᠬᠦᠯᠢᠶᠡᠨ ᠠᠪᠴᠤ ᠶᠠᠷᠢᠯᠴᠠᠪᠠ᠃ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠤᠲᠠᠰᠤ ᠪᠠᠷ ᠰᠢᠶᠳᠪᠦᠷᠢᠯᠡᠭᠦᠯᠬᠦ᠂ ᠲᠤᠬᠠᠶ ᠶᠢᠨ ᠲᠠᠯᠠᠪᠤᠷ ᠲᠤ ᠰᠢᠶᠳᠪᠦᠷᠢᠯᠡᠭᠦᠯᠬᠦ᠂ ᠲᠤᠰᠬᠠᠶ ᠰᠡᠳᠦᠪ ᠢᠶᠠᠷ ᠰᠢᠶᠳᠪᠦᠷᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠪᠡ᠃ ᠵᠣᠬᠢᠴᠠᠭᠤᠯᠬᠤ ᠳᠤ ᠨᠡᠯᠢᠶᠡᠳ ᠬᠦᠴᠢᠷᠲᠡᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠲᠤᠬᠠᠢ ᠶᠢᠨ ᠬᠥᠮᠦᠨ ᠲᠠᠢ ᠴᠠᠭ ᠲᠤᠬᠠᠢ ᠳᠤᠨᠢ ᠪᠣᠯᠵᠣᠨ ᠠᠭᠤᠯᠵᠠᠵᠤ  ᠱᠠᠯᠠᠪᠳᠠᠭᠤᠯᠤᠨ ᠰᠢᠢᠳᠪᠦᠷᠢᠯᠡᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃        ᠲᠦᠷᠪᠡ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠳᠤᠮᠳᠠ ᠲᠦᠯᠦᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠪᠠ      ︵ᠨᠢᠭᠡ︶ ᠲᠠᠩᠰᠠ ᠡᠪᠬᠡᠮᠡᠯ ᠳᠡᠪᠰᠢᠭᠦᠯᠵᠦ ᠲᠠᠰ ᠳᠡᠪᠰᠢᠭᠦᠯᠬᠦ ᠲᠥᠯᠥᠭᠡᠯᠡᠭᠴᠢᠳ ᠤᠨ ᠬᠠᠨᠢ ᠪᠠ ᠲᠥᠯᠥᠭᠡᠯᠡᠭᠴᠢᠳ ᠤᠨ ᠬᠤᠯᠪᠣᠭᠠᠯᠠᠯ ᠤᠨ ᠥᠷᠲᠡᠭᠡ   ᠶᠢᠨ ᠴᠢᠨᠠᠷ ᠲᠡᠰ ᠢ ᠳᠠᠪᠰᠢᠭᠦᠯᠪᠡ᠃  ᠪᠥᠬᠦ ᠲᠣᠭᠤᠷᠢᠭ ᠤᠨ 50 % ᠶᠢᠨ ᠪᠠᠯᠭᠠᠰᠤᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠬᠠᠨᠢ ᠶᠢ ᠲᠠᠪᠤᠨ ᠣᠳᠣᠨ ᠲᠠᠰ ᠤᠨ ᠲᠦᠯᠦᠭᠡᠯᠡᠭᠴᠢᠳ ᠤᠨ ᠬᠠᠨᠢ ᠶᠢᠨ  ᠪᠠᠷᠢᠮᠵᠢᠶ᠎ᠠ ᠪᠠᠷ ᠲᠠᠰ ᠳᠡᠪᠰᠢᠭᠦᠯᠵᠦ᠂ ᠲᠢᠶᠠᠨ ᠵᠢᠶᠤᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠥᠯᠥᠭᠡᠯᠡᠭᠴᠢᠳ ᠤᠨ ᠬᠠᠨᠢ ᠨᠢ ᠪᠥᠬᠦ ᠬᠤᠲᠠ ᠶᠢᠨ ᠬᠤᠶᠠᠳᠤᠭᠠᠷ ᠪᠦᠯᠦᠭ  ᠤᠨ  ︽ᠲᠠᠪᠤᠨ ᠣᠳᠣᠨ ᠲᠠᠰ ᠤᠨ︾ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠬᠠᠨᠢ ᠪᠠᠷ ᠦᠨᠡᠯᠡᠭᠳᠡᠪᠡ  ᠃ ᠲᠥᠯᠥᠭᠡᠯᠡᠭᠴᠢᠳ ᠤᠨ ᠬᠤᠯᠪᠤᠭᠠᠯᠠᠯ ᠤᠨ ᠥᠷᠲᠡᠭᠡ ᠶᠢ ᠰᠢᠨ᠎ᠡ ᠪᠠᠷ ᠪᠠᠶᠢᠭᠤᠯᠵᠤ᠂ 4 ᠲᠦᠯᠦᠭᠡᠯᠡᠭᠴᠢᠳ ᠤᠨ ᠬᠤᠯᠪᠣᠭᠠᠯᠠᠯ ᠤᠨ ᠥᠷᠲᠡᠭᠡ ᠶᠢ ᠰᠢᠨ᠎ᠡ ᠪᠠᠷ ᠲᠥᠯᠥᠪᠵᠢᠭᠦᠯᠦᠨ ᠥᠭᠡᠷᠡᠴᠢᠯᠡᠵᠦ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠳᠤ 1  ᠲᠦᠯᠦᠭᠡᠯᠡᠭᠴᠢᠳ ᠤᠨ ᠠᠵᠢᠯᠯᠠᠬᠤ ᠲᠠᠰᠤᠭ ᠢ ᠰᠢᠨ᠎ᠡ ᠪᠠᠷ ᠪᠠᠶᠢᠭᠤᠯᠤᠨ᠂ ᠲᠥᠯᠥᠭᠡᠯᠡᠭᠴᠢᠳ ᠲᠤ ᠡᠭᠦᠷᠭᠡ ᠲᠤᠰᠢᠶᠠᠯ ᠢᠶᠠᠨ ᠭᠦᠶᠴᠡᠳᠬᠡᠬᠦ ᠨᠡᠩ ᠰᠠᠶᠢᠨ ᠲᠠᠪᠴᠠᠩ ᠢ  ᠪᠠᠶᠢᠭᠤᠯᠵᠤ ᠥᠭᠪᠡ᠃          ︵ᠬᠤᠶᠠᠷ︶  ᠲᠦᠯᠦᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠭᠦᠢᠴᠡᠳ ᠪᠠᠲᠤᠯᠠᠪᠠ᠃ ᠬᠤᠷᠠᠯ ᠵᠠᠪᠰᠠᠷᠯᠠᠭᠰᠠᠨ ᠬᠤᠭᠤᠴᠠᠭᠠᠨ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠤᠤᠯ ᠴᠣᠭᠴᠠ ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠤᠰᠠᠳᠠ᠂ ︽ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠤᠭᠤᠶᠢᠯᠠᠩ ᠤᠨ 2020 ᠣᠨ ᠤ ᠳᠣᠭᠲᠠᠭᠰᠠᠨ ᠬᠠᠨᠳᠤᠯᠭ᠎ᠠ ᠲᠠᠢ ᠪᠠᠷ ᠰᠢᠨᠵᠢᠯᠡᠨ ᠪᠠᠶᠢᠴᠠᠭᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠤᠭᠤᠶᠢᠯᠠᠩ ᠬᠤᠪᠢᠶᠠᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠶᠳᠪᠦᠷᠢᠯᠡᠬᠦ ᠵᠡᠷᠭᠡ ᠠᠵᠢᠯ ᠢ ᠬᠠᠨᠳᠤᠯᠭ᠎ᠠ ᠲᠠᠢ ᠪᠠᠷ ᠰᠢᠨᠵᠢᠯᠡᠨ ᠪᠠᠶᠢᠴᠠᠭᠠᠵᠤ᠂ ᠲᠥᠯᠥᠭᠡᠯᠡᠭᠴᠢᠳ ᠤᠨ ᠰᠢᠨᠵᠢᠯᠡᠨ ᠪᠠᠶᠢᠴᠠᠭᠠᠬᠤ ᠠᠵᠢᠯ ᠢ ᠨᠠᠩ ᠣᠨᠣᠪᠴᠢᠲᠠᠶ ᠪᠦᠲᠦᠮᠵᠢᠲᠡᠶ ᠪᠣᠯᠭᠠᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠶᠢ ᠨᠠᠩ ᠢᠳᠡᠪᠬᠢᠲᠡᠶ ᠰᠠᠨᠠᠭᠠᠴᠢᠯᠠᠭᠠᠲᠠᠶ ᠪᠣᠯᠭᠠᠪᠠ᠃          ︵ᠭᠤᠷᠪᠠ︶ ᠲᠥᠯᠥᠭᠡᠯᠡᠭᠴᠢᠳ ᠤᠨ ᠰᠠᠨᠠᠭᠤᠯᠭ᠎ᠠ ᠶᠢ ᠬᠢᠨᠠᠮᠠᠭᠠᠢ ᠱᠠᠯᠠᠪᠳᠠᠭᠤᠯᠤᠨ ᠰᠢᠢᠳᠪᠦᠷᠢᠯᠡᠭᠦᠯᠪᠡ᠃ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠶᠢ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠠᠲᠤᠯᠠᠬᠤ ᠴᠢᠬᠤᠯᠠ ᠠᠷᠭ᠎ᠠ ᠵᠠᠮ ᠪᠣᠯᠭᠠᠬᠤ ᠶᠢ ᠪᠠᠷᠢᠮᠲᠠᠯᠠᠵᠤ᠂ ᠲᠥᠯᠥᠭᠡᠯᠡᠭᠴᠢᠳ ᠤᠨ ᠳᠤᠭᠤᠢᠯᠠᠩ ᠤᠨ ᠲᠣᠭᠲᠠᠭᠰᠠᠨ ᠴᠢᠭᠯᠡᠯ ᠢᠶᠠᠷ ᠪᠠᠶᠢᠴᠠᠭᠠᠨ ᠦᠵᠡᠬᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠥᠷᠨᠢᠭᠦᠯᠬᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠤᠰᠬᠠᠢ ᠰᠡᠳᠦᠪ ᠢᠶᠠᠷ ᠯᠠᠪᠯᠠᠨ ᠠᠰᠠᠭᠤᠬᠤ᠂ ᠡᠷᠬᠢᠯᠡᠭᠴᠢ ᠬᠠᠮᠲᠤ ᠪᠠᠷ ᠪᠠᠶᠢᠴᠠᠭᠠᠨ ᠦᠵᠡᠬᠦ᠂ ᠲᠥᠯᠥᠭᠡᠯᠡᠭᠴᠢᠳ ᠲᠥᠪᠯᠡᠷᠡᠭᠦᠯᠦᠨ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠨᠢᠭᠡ ᠪᠦᠯᠦᠭ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠵᠦ᠂ ᠲᠥᠯᠥᠭᠡᠯᠡᠭᠴᠢᠳ ᠤᠨ ᠬᠠᠨᠤᠮᠵᠢ ᠶᠢᠨ ᠬᠡᠮᠵᠢᠶ᠎ᠡ ᠪᠠ ᠮᠡᠳᠡᠷᠡᠨ ᠵᠥᠪᠰᠢᠶᠡᠷᠡᠬᠦ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃        ︵ᠲᠦᠷᠪᠡ︶ ᠲᠦᠯᠦᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠮᠢᠶᠠᠷᠤᠯᠲᠠ ᠶᠢ ᠴᠢᠩᠭᠠᠳᠬᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠡᠷᠭᠡ ᠲᠤᠰᠬᠠᠢ ᠰᠡᠳᠦᠪ ᠤᠨ ᠲᠣᠭᠤᠷᠢᠨ ᠳᠤ᠂ ︽ᠤᠷᠢᠵᠤ ᠠᠪᠴᠢᠷᠠᠬᠤ᠂ ᠭᠠᠳᠠᠭᠰᠢ ᠭᠠᠷᠬᠤ ︾ ᠬᠡᠯᠪᠡᠷᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢᠰᠬᠠᠯᠲᠤ ᠭᠤᠣᠯ ᠰᠡᠳᠦᠪᠲᠦ ᠬᠥᠮᠦᠵᠢᠯ ᠤᠨ ᠪᠣᠯᠪᠠᠰᠤᠷᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠵᠢᠭᠤᠯᠬᠤ ᠪᠣᠯᠪᠠᠰᠤᠷᠠᠯ ᠪᠠ ᠢᠷᠭᠡᠨ ᠤ ᠬᠠᠤᠯᠢ ᠶᠢᠨ ᠪᠢᠴᠢᠭ ᠤᠨ ᠪᠣᠯᠪᠠᠰᠤᠷᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠵᠢᠯ ᠳᠤ ᠨᠡᠶᠢᠲᠡ 3 ᠪᠦᠯᠦᠭ ᠤᠳᠠᠭᠠᠨ ᠤ ᠰᠤᠷᠤᠯᠴᠠᠯᠭ᠎ᠠ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 210 ᠭᠠᠷᠤᠢ ᠬᠥᠮᠦᠨ ᠤᠳᠠᠭ᠎ᠠ ᠪᠣᠯᠪᠠᠰᠤᠷᠠᠭᠤᠯᠪᠠ᠃ 102 ᠲᠥᠯᠥᠭᠡᠯᠡᠭᠴᠢ ᠶᠢ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠣᠷᠣᠯᠴᠠᠭᠤᠯᠬᠤ᠂ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ᠂ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠬᠢᠯᠭᠡᠬᠦ᠂ ᠲᠤᠰᠬᠠᠶ ᠰᠡᠳᠦᠪᠲᠦ ᠭᠡᠷᠡᠴᠢᠯᠡᠭᠡ ᠰᠣᠨᠣᠰᠬᠤ ᠬᠤᠷᠠᠯ ᠬᠢᠬᠦ ᠵᠡᠷᠭᠡ ᠠᠵᠢᠯᠯᠠᠭ᠎ᠠ ᠶᠢ ᠲᠣᠬᠢᠷᠠᠭᠤᠯᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 48 ᠲᠥᠯᠥᠭᠡᠯᠡᠭᠴᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 9 ᠲᠥᠯᠥᠭᠡᠯᠡᠭᠴᠢ ᠰᠣᠩᠭᠤᠭᠤᠯᠢ ᠶᠢᠨ ᠲᠣᠭᠤᠷᠢᠭ ᠤᠨ ᠰᠤᠩᠬᠤᠭᠤᠯᠢ ᠶᠢᠨ ᠠᠷᠠᠳ ᠲᠤ ᠲᠤᠰᠢᠶᠠᠯ ᠤᠨ ᠮᠡᠳᠡᠭᠦᠯᠦᠯᠲᠡ ᠬᠢᠵᠦ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃          ︵ᠲᠠᠪᠤ︶ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠪᠠ᠃      3 ᠪᠠᠯᠭᠠᠰᠤ ᠶᠢ ᠵᠢᠯᠣᠭᠤᠳᠤᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠦᠨᠳᠦᠰᠦᠨ ᠱᠠᠲᠤᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠯᠠᠮ ᠨᠢᠭᠡ ᠠᠯᠬᠤᠮ ᠳᠦᠷᠢᠮᠵᠢᠭᠦᠯᠪᠡ᠃ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ  ᠢᠶᠠᠷ ᠰᠢᠶᠳᠪᠦᠷᠢ ᠭᠠᠷᠭᠠᠬᠤ ᠲᠦᠷᠢᠮ ᠤᠨ ᠠᠵᠢᠯ ᠢ ᠴᠠᠭ ᠲᠤᠬᠠᠶ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ  ᠪᠠᠷ ᠬᠢᠨᠠᠨ ᠵᠢᠯᠣᠭᠤᠳᠴᠤ ᠲᠣᠬᠢᠷᠠᠭᠤᠯᠤᠨ᠂ ᠹᠦ᠋ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠥᠬᠦ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠢ ᠲᠣᠭᠤᠷᠢᠨ ᠦᠵᠡᠵᠦ ᠠᠬᠢᠭᠤᠯᠬᠤ ᠬᠤᠷᠠᠯ ᠢ ᠬᠤᠷᠠᠯᠳᠤᠭᠤᠯᠵᠤ᠂ ᠪᠠᠯᠭᠠᠰᠤ ᠵᠡᠭᠡᠯᠢ ᠭᠤᠳᠤᠮᠵᠢ ᠶᠢᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠪᠠ᠃         ᠲᠠᠪᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠬᠤᠯᠠᠴᠢᠯᠠᠵᠤ᠂ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠤᠮᠳᠠ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠪᠠ᠃       ︽ᠬᠤᠶᠠᠷ ᠠᠯᠪᠠᠨ ᠪᠠᠶᠢᠭᠤᠯᠭ᠎ᠠ︾ ᠶᠢᠨ ᠪᠠᠶᠢᠭᠤᠯᠤᠯᠲᠠ ᠶᠢ ᠪᠣᠳᠣᠯᠬᠢᠯᠠᠨ᠂ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠢᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠵᠢᠭᠰᠠᠭᠠᠯᠲᠠ ᠶᠢ  ᠬᠠᠭᠤᠳᠠᠰᠤ ᠶᠢ ᠲᠣᠭᠲᠠᠭᠠᠨ ᠲᠡᠭᠦᠯᠳᠡᠷᠵᠢᠭᠦᠯᠪᠡ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠡᠭᠦᠷ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ  ᠨᠠᠶᠢᠲᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠳ᠋ᠦᠩᠱᠧᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠯᠢᠭᠡᠷ ᠢ ᠰᠠᠶᠢᠲᠤᠷ ᠶᠠᠷᠢᠵᠤ᠂ ᠳᠡᠭᠡᠷ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠡᠯ᠎ᠡ ᠲᠥᠷᠥᠯ ᠤᠨ ᠮᠡᠳᠡᠭᠡ ᠵᠠᠩᠭᠢ ᠶᠢ 102 ᠬᠤᠪᠢ ᠮᠡᠳᠡᠭᠦᠯᠦᠨ ᠬᠦᠷᠭᠡᠪᠡ᠃ ᠲᠦᠷᠢᠮ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠶᠣᠰᠣ ᠲᠦᠷᠢᠮ ᠢᠶᠠᠷ ᠵᠢᠷᠤᠮᠵᠢᠯ ᠢ ᠠᠬᠢᠭᠤᠯᠬᠤ ᠶᠢ ᠪᠠᠷᠢᠮᠲᠠᠯᠠᠵᠤ᠂ ᠬᠤᠯᠪᠣᠭᠳᠠᠯ ᠪᠦᠬᠦᠢ ᠲᠦᠷᠢᠮ ᠳᠤ ᠪᠦᠬᠦ ᠲᠠᠯ᠎ᠠ ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠲᠥᠪ ᠤᠨ ᠨᠠᠶᠮᠠᠨ ᠵᠣᠷᠪᠣᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠶᠯ ᠤᠨ ᠱᠠᠭᠠᠷᠳᠠᠯᠭ᠎ᠠ ᠶᠢ ᠨᠠᠶᠢᠲᠠᠪᠤᠷᠢᠵᠢᠭᠤᠯᠪᠠ᠃ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ᠪᠢᠴᠢᠭ ᠮᠠᠲ᠋ᠧᠷᠢᠶᠠᠯ ᠢ ᠴᠣᠮᠬᠠᠳᠬᠠᠬᠤ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠴᠤᠪᠤᠷᠠᠯ ᠢ ᠰᠢᠯᠢᠳᠡᠭᠵᠢᠭᠦᠯᠦᠨ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃           ᠲᠥᠯᠥᠭᠡᠯᠡᠭᠴᠢᠳ ᠡ᠂ ᠨᠢᠭᠡ ᠵᠢᠯ ᠤᠨ ᠲᠤᠷᠰᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠣᠯᠤᠭᠰᠠᠨ ᠠᠮᠵᠢᠯᠲᠠ ᠨᠢ ᠲᠣᠭᠤᠷᠢᠭ ᠤᠨ ᠨᠠᠮ ᠤᠨ ᠬᠤᠷᠢᠶ᠎ᠠ ᠪᠥᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠵᠥᠪ ᠣᠨᠣᠪᠴᠢᠲᠠᠶ ᠤᠳᠤᠷᠢᠳᠤᠭᠰᠠᠨ  ᠤ ᠦᠷ᠎ᠡ ᠳ᠋ᠦᠩ ᠮᠥᠨ᠂ ᠪᠥᠬᠦ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠵᠦ᠂ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠮᠥᠨ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠵᠢᠴᠢ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠢᠳᠡᠪᠬᠢᠲᠡᠶ ᠬᠠᠮᠵᠢᠯᠴᠠᠭᠰᠠᠨ ᠤ ᠦᠷ᠎ᠡ ᠳ᠋ᠦᠩ ᠮᠥᠨ᠃ ᠠᠳᠡ ᠪᠢ ᠲᠣᠭᠤᠷᠢᠭ ᠤᠨ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ᠂ ᠡᠷᠬᠢᠮ ᠤᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃         ᠡᠭᠦᠨ ᠤ ᠬᠠᠮᠲᠤ᠂ ᠮᠠᠨ ᠤ ᠠᠵᠢᠯ ᠳᠤ ᠪᠠᠰᠠ ᠡᠳᠦᠢ ᠲᠡᠳᠦᠢ ᠵᠥᠷᠢᠶ᠎ᠡ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠵᠠᠢ᠃ ᠡᠭᠦᠨ ᠳᠤ ᠭᠤᠣᠯᠳᠠᠭᠤ᠄ ᠬᠢᠨᠠᠯᠲᠠ ᠲᠠᠯᠪᠢᠬᠤ ᠠᠵᠢᠯ ᠤᠨ ᠬᠦᠴᠦᠯᠡᠴᠡ ᠨᠢ ᠪᠠᠰᠠ ᠬᠦᠷᠦᠯᠴᠡᠬᠦ ᠦᠭᠡᠢ ᠪᠠᠶᠢᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ︔ ︽ᠬᠤᠶᠠᠷ ᠢ ᠤᠶᠠᠯᠳᠤᠭᠤᠯᠬᠤ︾ ᠥᠷᠭᠡᠴᠡ ᠪᠠ ᠭᠦᠨᠴᠡ ᠶᠢ ᠮᠥᠨ ᠯᠡ ᠥᠷᠭᠡᠳᠬᠡᠬᠦ ᠴᠢᠬᠤᠯᠠᠲᠠᠢ ᠪᠠᠶᠢᠵᠤ᠂ ᠲᠤᠰ ᠪᠡᠶ᠎ᠡ ᠶᠢᠨ ᠪᠠᠶᠢᠭᠤᠯᠤᠯᠲᠠ ᠨᠢ ᠪᠠᠰᠠ ᠵᠣᠬᠢᠬᠤ ᠵᠥᠷᠢᠶ᠎ᠡ ᠲᠠᠢ ᠪᠠᠶᠢᠬᠤ ᠵᠡᠷᠭᠡ ᠶᠠᠪᠤᠳᠠᠯ ᠪᠣᠯᠤᠨ᠎ᠠ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠰᠣᠨᠣᠰᠴᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠬᠠᠯᠠᠨ  ᠰᠠᠶᠢᠵᠢᠷᠠᠭᠤᠯᠤᠨ᠎ᠠ᠃                                   2021 ᠣᠨ ᠤ ᠠᠵᠢᠯ ᠤᠨ ᠡᠭᠦᠷᠭᠡ     2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠦᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ  ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠨ᠂ ᠴᠢᠨᠠᠷ ᠰᠠᠶᠢᠲᠠᠶ ᠬᠥᠭᠵᠢᠯᠲᠡ ᠭᠡᠬᠦ ᠭᠤᠤᠯ ᠰᠡᠳᠦᠪ ᠲᠠᠢ ᠨᠢᠭᠲᠠ ᠤᠶᠠᠯᠳᠣᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠨᠠᠶᠮᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠣᠳᠠᠭᠠᠨ ᠤ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠶᠠᠪᠤᠳᠠᠯ ᠴᠢᠬᠤᠯᠠ ᠶᠠᠪᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ᠠᠷᠠᠳ ᠣᠯᠠᠨ ᠤ ᠬᠠᠯᠠᠮᠵᠢᠯᠠᠵᠤ ᠪᠠᠶᠭ᠎ᠠ ᠠᠰᠠᠭᠤᠳᠠᠯ ᠳᠤ ᠠᠩᠬᠠᠷᠤᠯ ᠢᠶᠠᠨ ᠬᠠᠨᠳᠣᠭᠤᠯᠵᠤ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠨ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠬᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠬᠠᠨ ᠡᠬᠢᠯᠡᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨ ᠤᠬᠠᠭᠠᠨ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢ ᠨᠡᠮᠡᠷᠢᠯᠡᠨ᠎ᠡ᠃       ᠨᠢᠭᠡ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃     ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ  ᠶᠢ ᠭᠦᠨᠵᠡᠭᠡᠶ ᠰᠣᠷᠣᠯᠴᠠᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠎ᠡ᠃ ᠴᠢᠬᠤᠯᠠ ᠶᠡᠭᠡ ᠤᠴᠢᠷ ᠶᠠᠪᠤᠳᠠᠯ ᠢ ᠲᠤᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠬᠦᠯᠦᠯᠲᠡ ᠬᠢᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠭᠠᠪᠤᠷᠢ ᠠᠪᠴᠤ ᠮᠡᠳᠡᠬᠦᠯᠦᠯᠲᠡ ᠬᠢᠬᠦ ᠠᠵᠢᠯ ᠤᠨ ᠵᠢᠷᠤᠮᠵᠢᠯ ᠤᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ ᠂ ᠲᠤᠭᠤᠷᠢᠭ ᠤᠨ ᠨᠠᠮ ᠤᠨ ᠬᠤᠷᠢᠶᠠᠨ ᠤ ᠠᠶᠢᠵᠠᠮ ᠪᠣᠯᠤᠨ ᠠᠯᠬᠤᠭ᠎ᠠ ᠶᠢ ᠴᠢᠩᠭ᠎ᠠ ᠲᠠᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠬᠠᠮᠢᠭ᠎ᠠ ᠬᠦᠷᠪᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠳᠠᠷᠤᠢ ᠲᠡᠨᠳᠡ ᠲᠥᠪᠯᠡᠷᠡᠵᠦ᠂ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠭᠤᠣᠯᠳᠠᠯᠭ᠎ᠠ ᠬᠠᠮᠢᠭᠠᠰᠢ ᠴᠢᠭᠯᠡᠪᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠠᠷᠤᠢ ᠲᠡᠨᠳᠡ ᠬᠦᠷᠴᠦ᠂ ᠨᠠᠮ  ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠯ᠎ᠠ ᠪᠦᠬᠦᠨ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠡᠶᠡᠯᠡᠬᠦᠯᠦᠨ᠎ᠡ᠃ ᠨᠠᠮ ᠠᠴᠠ ᠺᠠᠳ᠋ᠷ ᠢ ᠬᠠᠮᠢᠶᠠᠷᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠲᠣᠮᠢᠯᠠᠵᠤ ᠪᠠᠭᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠤᠰᠢᠶᠠᠯ ᠳᠤ ᠲᠣᠮᠢᠯᠠᠬᠤ ᠠᠴᠠ ᠡᠮᠦᠨᠡᠬᠢ ᠰᠢᠯᠭᠠᠯᠲᠠ ᠶᠢ ᠴᠢᠩᠳᠠᠯᠠᠨ᠂ ᠲᠤᠰᠢᠶᠠᠯ ᠳᠤ ᠲᠣᠮᠢᠯᠠᠬᠤ ᠳᠦᠷᠢᠮ ᠢ ᠵᠢᠷᠤᠮᠵᠢᠭᠤᠯᠵᠤ᠂ ᠲᠤᠰᠢᠶᠠᠯ ᠳᠤ ᠲᠣᠮᠢᠯᠠᠭᠰᠠᠨ ᠤ ᠳᠠᠷᠠᠭᠠᠬᠢ ᠬᠢᠨᠠᠯᠲᠠ ᠶᠢ ᠴᠢᠩᠭᠠᠳᠬᠠᠨ᠎ᠠ᠃ ᠡᠨᠡ ᠵᠢᠯ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠳᠤ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠠᠷᠠᠳᠴᠢᠯᠠᠯ ᠢ ᠭᠦᠶᠴᠡᠳ ᠪᠠᠳᠠᠷᠠᠭᠤᠯᠤᠨ᠂ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠥᠬᠦᠶ ᠠᠵᠢᠯ ᠢ ᠬᠦᠴᠦᠨ  ᠲᠠᠢ ᠪᠥᠭᠡᠳ ᠡᠮᠬᠢ ᠵᠢᠷᠤᠮ ᠲᠠᠢ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃     ᠬᠤᠶᠠᠷ᠂ ᠴᠢᠨᠠᠷ ᠰᠠᠶᠢᠲᠠᠶ ᠬᠥᠭᠵᠢᠯᠲᠡ ᠳᠤ ᠪᠥᠬᠦ ᠬᠦᠴᠦᠨ ᠢᠶᠠᠷ ᠦᠢᠯᠡᠴᠢᠯᠡᠨ᠎ᠡ᠃    ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠤᠨ᠂ ᠤᠯᠠᠨ ᠵᠦᠢᠯ ᠤᠨ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠪᠣᠳᠠᠲᠠᠢ ᠶᠢ ᠡᠷᠬᠢᠮᠯᠡᠭᠰᠡᠨ ᠪᠦᠭᠡᠳ ᠨᠡᠮᠡᠷᠢ ᠲᠤᠰᠠᠲᠠᠢ ᠬᠢᠨᠠᠯᠲᠠ ᠲᠠᠯᠪᠢᠬᠤ ᠰᠠᠨᠠᠯ ᠢ ᠳᠤᠷᠠᠳᠤᠨ ᠭᠠᠷᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠷᠢᠨ ᠬᠢᠨᠠᠮᠠᠭᠠᠶ ᠬᠢᠨᠠᠨ ᠪᠠᠶᠢᠴᠠᠭᠠᠵᠤ᠂ ᠲᠥᠯᠥᠪᠯᠡᠭᠡ᠂ ᠲᠥᠰᠦᠪ ᠪᠠ ᠲᠥᠰᠦᠪ ᠤᠨ ᠭᠦᠶᠴᠡᠳᠬᠡᠯ᠂ ᠬᠢᠨᠠᠨ ᠪᠤᠳᠤᠯᠲᠠ ᠵᠡᠷᠭᠡ ᠲᠠᠯ᠎ᠠ ᠶᠢᠨ ᠬᠢᠨᠠᠯᠲᠠ ᠲᠠᠯᠪᠢᠬᠤ ᠠᠵᠢᠯ ᠢ ᠬᠠᠤᠯᠢ ᠲᠣᠭᠲᠠᠭᠠᠯ ᠶᠣᠰᠣᠭᠠᠷ ᠪᠡᠶᠡᠯᠡᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠲᠥᠰᠦᠪ ᠢ ᠰᠦᠯᠵᠢᠶᠡᠵᠢᠭᠦᠯᠦᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠦᠮᠴᠢᠯᠡᠯᠲᠦ ᠡᠳ᠋ ᠬᠥᠷᠥᠩᠭᠡ  ᠶᠢᠨ ᠬᠠᠮᠢᠶᠠᠷᠤᠯᠲᠠ ᠬᠢᠨᠠᠯᠲᠠ ᠶᠢ ᠥᠷᠨᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠨᠠᠷᠢᠯᠢᠭ ᠤᠨᠤᠪᠴᠢᠲᠠᠢ ᠪᠠᠷ ᠬᠢᠨᠠᠯᠲᠠ ᠲᠠᠯᠪᠢᠬᠤ ᠶᠢ ᠳᠣᠪᠣᠶᠢᠯᠭᠠᠵᠤ᠂ ᠥᠨᠳᠥᠷ ᠵᠣᠭᠰᠣᠴᠠ ᠠᠴᠠ ᠭᠠᠷᠳᠠᠨ ᠬᠢᠬᠦ ᠶᠢ ᠪᠠᠷᠢᠮᠲᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠪᠣᠳᠠᠲᠤ ᠴᠤᠭᠴᠠᠲᠤ ᠠᠵᠤ ᠠᠬᠤᠶ᠂ ᠪᠣᠬᠢᠷᠲᠤᠯ ᠥᠬᠡᠶ ᠠᠭᠤᠷᠬᠠᠶ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭ᠎ᠠ ᠪᠠᠷ ᠶᠡᠭᠡ ᠶᠢ ᠬᠠᠷᠠᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠨᠠᠷᠢᠯᠢᠭ ᠣᠨᠣᠪᠴᠢᠲᠠᠢ ᠪᠠᠷ ᠰᠡᠳᠦᠪ ᠰᠣᠩᠭᠤᠨ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠥᠪ ᠢᠶᠠᠷ ᠬᠢᠨᠠᠯᠲᠠ ᠲᠠᠯᠪᠢᠬᠤ ᠶᠢ ᠲᠤᠪᠤᠶᠢᠯᠭᠠᠨ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠵᠠᠭᠠᠭ ᠱᠤᠭᠤᠮ ᠢ ᠰᠠᠬᠢᠬᠤ ᠮᠥᠷᠲᠡᠭᠡᠨ ᠪᠠᠰᠠ ᠠᠷᠭ᠎ᠠ ᠵᠠᠮ ᠢ ᠰᠦᠪᠡᠭᠴᠢᠯᠡᠨ ᠰᠢᠨ᠎ᠡ ᠶᠢ ᠡᠭᠦᠳᠴᠦ᠂ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠨᠢᠬᠦᠯᠦᠨ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠬᠦ ᠶᠢ ᠠᠬᠢᠭᠤᠯᠵᠤ᠂ ᠠᠵᠢᠯ ᠤᠨ ᠬᠠᠮᠲᠤᠷᠠᠭᠰᠠᠨ ᠬᠦᠴᠦᠨ ᠢ ᠪᠦᠷᠢᠯᠳᠦᠬᠦᠯᠦᠨ᠎ᠡ᠃ ᠠᠷᠠᠳ ᠤᠨ ᠠᠮᠢᠳᠤᠷᠠᠯ ᠤᠨ ᠬᠢᠨᠠᠯᠲᠠ ᠶᠢ ᠲᠤᠪᠤᠶᠢᠯᠭᠠᠨ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ᠂ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠤᠨ ᠬᠢᠨᠠᠨ ᠵᠦᠪᠯᠡᠵᠦ᠂ ᠬᠤᠳᠠ ᠬᠥᠳᠡᠭᠡ ᠶᠢᠨ ᠳᠣᠣᠷ᠎ᠠ ᠠᠮᠢᠳᠤᠷᠠᠯ ᠤᠨ ᠪᠠᠲᠤᠯᠠᠭ᠎ᠠ ᠲᠠᠢ ᠠᠷᠠᠳ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠬᠠᠤᠯᠢ ᠶᠣᠰᠣᠨ  ᠤ ᠡᠷᠬᠡ ᠠᠰᠢᠭ ᠢ ᠬᠠᠮᠠᠭᠠᠯᠠᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠤᠯᠠᠨ ᠲᠦᠮᠡᠨ ᠤ ︽ᠪᠠᠴᠢᠮ ᠶᠠᠭᠠᠷᠠᠤ᠂ ᠬᠦᠴᠢᠷ ᠵᠤᠪᠠᠭᠤᠷᠢᠲᠠᠢ᠂ ᠬᠠᠯᠠᠰᠢᠷᠠᠵᠤ ᠴᠦᠬᠦᠷᠡᠭᠰᠡᠨ᠂ ᠰᠠᠨᠠᠵᠤ ᠬᠦᠰᠡᠭᠰᠡᠨ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠪᠦᠲᠦᠮᠵᠢᠲᠡᠢ ᠬᠢᠨᠠᠯᠲᠠ ᠲᠠᠯᠪᠢᠬᠤ ᠶᠢ ᠲᠤᠪᠤᠶᠢᠯᠭᠠᠨ᠂ ᠯᠠᠪᠯᠠᠨ ᠠᠰᠠᠭᠤᠬᠤ ᠪᠠ ᠦᠨᠡᠯᠡᠨ ᠶᠠᠷᠢᠯᠴᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠠᠯᠬᠤᠮ ᠳᠠᠷᠠᠭ᠎ᠠ ᠶᠢ ᠣᠯᠠᠮ ᠵᠢᠷᠤᠮᠵᠢᠭᠤᠯᠤᠨ᠂ ᠦᠷ᠎ᠡ ᠳ᠋ᠦᠩ  ᠤᠨ ᠬᠡᠷᠡᠭᠯᠡᠯᠲᠡ ᠶᠢ ᠴᠢᠩᠭᠠᠳᠬᠠᠨ᠎ᠠ᠃ ᠮᠥᠷᠳᠡᠨ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠢᠮᠳᠠᠭᠤᠯᠵᠤ᠂ ᠬᠢᠨᠠᠯᠲᠠ ᠲᠠᠯᠪᠢᠬᠤ ᠪᠢᠲᠡᠭᠦᠦ ᠭᠤᠭᠴᠤᠭ᠎ᠠ ᠶᠢ ᠪᠤᠢ ᠪᠣᠯᠭᠠᠨ᠎ᠠ᠃        ᠭᠤᠷᠪᠠ᠂ ᠲᠦᠯᠦᠭᠡᠯᠡᠭᠴᠢᠳ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠎ᠠ᠃     ᠲᠥᠯᠥᠭᠡᠯᠡᠭᠴᠢᠳ ᠤᠨ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠬᠤ ᠲᠠᠢ ᠨᠢᠭᠲᠠ ᠤᠶᠠᠯᠳᠤᠭᠤᠯᠤᠨ᠂ ᠲᠥᠯᠥᠭᠡᠯᠡᠭᠴᠢᠳ ᠤᠨ ᠲᠥᠪᠯᠡᠷᠡᠭᠦᠯᠦᠨ ᠪᠠᠶᠢᠴᠠᠭᠠᠬᠤ ᠪᠠ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠷᠭ᠎ᠠ ᠮᠠᠶ᠋ᠢᠭ ᠢ ᠰᠠᠶᠢᠵᠢᠷᠠᠭᠤᠯᠵᠤ᠂ ᠲᠥᠯᠥᠭᠡᠯᠡᠭᠴᠢᠳ ᠤᠨ ᠳᠤᠭᠤᠶᠢᠯᠠᠩ ᠤᠨ ᠲᠤᠰᠬᠠᠢ ᠮᠡᠷᠭᠡᠵᠢᠯ ᠤᠨ ᠪᠦᠲᠦᠴᠡ ᠶᠢᠨ ᠲᠣᠬᠢᠷᠠᠭᠤᠯᠤᠯᠲᠠ ᠶᠢ ᠰᠢᠯᠢᠳᠡᠭᠵᠢᠬᠦᠯᠦᠨ᠂ ᠲᠥᠯᠥᠭᠡᠯᠡᠭᠴᠢᠳ ᠤᠨ ᠳᠤᠭᠤᠶᠢᠯᠠᠩ ᠨᠢᠭᠡᠪᠦᠷᠢ ᠶᠢᠨ ᠭᠡᠰᠢᠬᠦᠨ ᠤ ᠲᠤᠭ᠎ᠠ ᠶᠢ 15 ᠬᠥᠮᠦᠨ ᠣᠷᠴᠢᠮ ᠪᠤᠯᠭᠠᠨ ᠨᠡᠮᠡᠭᠳᠡᠭᠦᠯᠵᠦ᠂ ᠲᠥᠯᠥᠭᠡᠯᠡᠭᠴᠢᠳ ᠤᠨ ᠳᠤᠭᠤᠶᠢᠯᠠᠩ ᠤᠨ ᠬᠠᠨᠳᠣᠯᠭᠠᠲᠤ ᠪᠠᠶᠢᠴᠠᠭᠠᠯᠲᠠ ᠶᠢᠨ ᠦᠷᠬᠦᠯᠵᠢᠬᠦᠶᠢᠴᠡ ᠴᠢᠨᠠᠷ᠂ ᠲᠤᠰᠬᠠᠢ ᠮᠡᠷᠭᠡᠵᠢᠯᠲᠦ ᠴᠢᠨᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃     ᠲᠥᠯᠥᠭᠡᠯᠡᠭᠴᠢᠳ ᠤᠨ ᠪᠤᠯᠪᠠᠰᠣᠷᠠᠯ ᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠤᠯᠪᠠᠰᠣᠷᠠᠯ ᠢ ᠥᠷᠨᠢᠭᠦᠯᠦᠭᠰᠡᠨ ᠰᠠᠭᠤᠷᠢᠨ ᠳᠡᠭᠡᠷ᠎ᠡ ᠪᠦᠬᠦ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠦᠵᠡᠯ ᠤᠬᠠᠮᠰᠠᠷ ᠢ ᠪᠠᠲᠤᠳᠬᠠᠬᠤ ᠬᠥᠮᠦᠵᠢᠯ ᠪᠤᠯᠪᠠᠰᠣᠷᠠᠯ ᠢ ᠥᠷᠨᠢᠭᠦᠯᠵᠦ᠂ ᠲᠥᠯᠥᠭᠡᠯᠡᠭᠴᠢᠳ ᠤᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠦᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠤᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠳᠤ ᠠᠷᠠᠳ ᠤᠨ ᠲᠥᠯᠥᠭᠡᠯᠡᠭᠴᠢ ᠪᠢᠯᠧᠲ  ᠢᠶᠠᠷ ᠰᠢᠶᠳᠪᠦᠷᠢ ᠭᠠᠷᠭᠠᠬᠤ ᠲᠦᠷᠢᠮ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠲᠤᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠤᠨ ᠲᠥᠷᠥᠯ ᠵᠦᠶᠯ ᠳᠤ ᠠᠷᠠᠳ ᠤᠨ ᠲᠥᠯᠥᠭᠡᠯᠡᠭᠴᠢ ᠪᠢᠯᠧᠲ ᠢᠶᠠᠷ ᠰᠢᠶᠳᠪᠦᠷᠢ ᠭᠠᠷᠭᠠᠬᠤ ᠲᠦᠷᠢᠮ ᠤᠨ ᠠᠵᠢᠯ ᠤᠨ ᠴᠤᠪᠤᠷᠠᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠣᠳᠠᠲᠠᠶ ᠠᠵᠢᠯ ᠢ ᠵᠣᠬᠢᠴᠠᠭᠤᠯᠤᠨ ᠵᠢᠯᠣᠭᠤᠳᠴᠤ ᠰᠠᠶᠢᠲᠤᠷ ᠬᠢᠨ᠎ᠠ᠃ ᠡᠷᠬᠢᠯᠡᠭᠴᠢᠳ ᠤᠨ ᠬᠠᠮᠲᠤ ᠪᠠᠷ ᠰᠢᠨᠵᠢᠯᠡᠨ ᠪᠠᠶᠢᠴᠠᠭᠠᠬᠤ᠂ ᠲᠥᠯᠥᠭᠡᠯᠡᠭᠴᠢᠳ ᠤᠨ ᠳᠤᠭᠤᠶᠢᠯᠠᠩ ᠬᠠᠨᠳᠤᠯᠭ᠎ᠠ ᠲᠠᠢ ᠪᠠᠷ ᠰᠢᠨᠵᠢᠯᠡᠨ ᠪᠠᠶᠢᠴᠠᠭᠠᠬᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ᠂ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠷᠢᠯᠴᠠᠨ ᠰᠣᠷᠣᠯᠴᠠᠭᠤᠯᠬᠤ᠂ ᠡᠳᠦᠷ ᠲᠤᠲᠤᠮ ᠤᠨ ᠲᠣᠬᠢᠷᠠᠭᠤᠯᠤᠯᠲᠠ ᠬᠢᠬᠦ ᠵᠡᠷᠭᠡ ᠠᠷᠭ᠎ᠠ ᠮᠠᠶ᠋ᠢᠭ  ᠢᠶᠠᠷ ᠳᠠᠮᠵᠢᠭᠤᠯᠤᠨ᠂ 2021 ᠣᠨ ᠤ ᠲᠤᠭᠤᠷᠢᠭ ᠤᠨ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠪᠠ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠪᠥᠲᠥᠭᠡᠨ ᠪᠠᠶᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠᠷ ᠭᠠᠷᠳᠠᠬᠤ ᠴᠡᠭ ᠪᠣᠯᠭᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠪᠣᠳᠠᠲᠠᠢ ᠠᠰᠢᠭ ᠲᠤᠰᠠ ᠲᠠᠢ ᠬᠤᠯᠪᠤᠭᠳᠠᠬᠤ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠠᠳᠬᠤᠵᠤ᠂ ᠵᠠᠰᠠᠭ ᠤᠨ ᠣᠷᠳᠣᠨ ᠤ ᠳᠠᠭᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠱᠠᠯᠠᠪᠳᠠᠨ ᠰᠢᠢᠳᠪᠦᠷᠢᠯᠡᠭᠦᠯᠬᠦ ᠡᠷᠴᠢᠮ ᠢ ᠴᠢᠩᠭᠠᠷᠠᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠰᠠᠨᠠᠭᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠣᠨᠣᠪᠴᠢᠲᠤ ᠴᠢᠨᠠᠷ ᠢ ᠳᠡᠭᠡᠭᠰᠢᠯᠡᠬᠦᠯᠦᠨ᠎ᠡ᠃ ᠲᠤᠬᠠᠢ ᠶᠢᠨ ᠲᠠᠯᠠᠪᠤᠷ ᠲᠤᠨᠢ ᠱᠠᠯᠠᠪᠳᠠᠨ ᠰᠢᠢᠳᠪᠦᠷᠢᠯᠡᠭᠦᠯᠬᠦ᠂ ᠠᠵᠢᠯ  ᠤᠨ ᠦᠨᠡᠯᠡᠯᠲᠡ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠬᠦ ᠲᠠᠪᠴᠠᠩ ᠢ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠨᠢ ᠶᠢᠨ ᠳᠠᠪᠴᠠᠩ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠨ ᠳᠡᠭᠡᠭᠰᠢᠯᠡᠭᠦᠯᠵᠦ᠂ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠬᠦ ᠠᠷᠭ᠎ᠠ ᠵᠠᠮ ᠢ ᠥᠷᠭᠡᠳᠬᠡᠨ᠎ᠡ᠃       ᠳᠥᠷᠪᠡ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠤᠢᠭᠡᠢ ᠴᠢᠩᠭᠠᠳᠬᠠᠨ᠎ᠠ᠃    ᠰᠢᠨ᠎ᠡ ᠴᠠᠭ ᠦᠶ᠎ᠡ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠦᠷᠨᠢᠬᠦᠯᠦᠨ᠂ ︽ᠬᠤᠶᠠᠷ ᠠᠯᠪᠠᠨ ᠪᠠᠶᠢᠭᠤᠯᠭ᠎ᠠ︾ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠥᠭᠡᠷᠡᠴᠢᠯᠡᠯᠲᠡ ᠬᠦᠭᠵᠢᠬᠦᠯᠦᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠪᠠᠷ ᠤᠶᠤᠨ ᠤᠬᠠᠭᠠᠨ ᠬᠦᠴᠦᠨ ᠴᠢᠳᠠᠯ ᠢᠶᠠᠨ ᠡᠷᠬᠦᠨ᠎ᠡ᠃ ᠤᠯᠤᠰ ᠲᠥᠷᠥ ᠶᠢ ᠡᠷᠬᠢᠮᠯᠡᠬᠦ᠂ ᠶᠣᠰᠣ ᠲᠦᠷᠢᠮ ᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠦᠨᠳᠦᠰᠦᠨ ᠱᠠᠭᠠᠷᠳᠠᠯᠭ᠎ᠠ ᠪᠠ ᠬᠤᠷᠢᠭ᠎ᠠ ᠱᠤᠭᠤᠮ ᠤᠨ ᠵᠠᠷᠴᠢᠮ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠂ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ ᠶᠣᠰᠣᠭᠠᠷ᠂ ᠮᠠᠨ ᠤ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠠᠬᠢᠭᠤᠯᠤᠨ᠎ᠠ᠃ ᠠᠵᠢᠯ ᠤᠨ ᠠᠷᠭ᠎ᠠ ᠬᠡᠯᠪᠡᠷᠢ ᠠᠷᠭ᠎ᠠ ᠪᠠᠷᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠢᠯ ᠢᠶᠠᠨ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠨ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠷᠡᠭ ᠵᠥᠪᠯᠡᠬᠦ ᠲᠦᠷᠢᠮ ᠪᠠ ᠬᠢᠨᠠᠯᠲᠠ ᠲᠠᠯᠪᠢᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠯᠢᠭᠡᠷ ᠢ ᠰᠠᠶᠢᠲᠤᠷ ᠶᠠᠷᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠭᠤᠨ ᠢ ᠰᠠᠶᠢᠲᠤᠷ ᠳᠠᠮᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢ ᠲᠥᠷᠬᠦ ᠶᠢ ᠪᠤᠢ ᠪᠣᠯᠭᠠᠨ᠎ᠠ᠃        ᠲᠥᠯᠥᠭᠡᠯᠡᠭᠴᠢᠳ ᠡ᠂ ᠨᠠᠮ ᠤᠨ ᠤᠳᠤᠷᠢᠳᠤᠯᠭ᠎ᠠ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ ᠡᠭᠦᠷᠭᠡᠯᠡᠯ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠴᠤᠭ ᠵᠢᠪᠬᠤᠭ᠎ᠠ ᠶᠢ ᠪᠠᠳᠠᠷᠠᠭᠤᠯᠵᠤ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠨᠡᠨ ᠬᠦ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ︕
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ