— 2021 ᠣᠨ ᠤ 3 ᠳ᠋ᠤᠭᠠᠷ ᠰᠠᠷ᠎ᠠ ᠶᠢᠨ 30 ᠤ ᠡᠳᠦᠷ ᠣᠷᠳᠣᠰ ᠬᠤᠲᠠ ᠶᠢᠨ | ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠡᠭᠡᠷ᠎ᠡ | | ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ | | ᠲᠥᠯᠥᠭᠡᠯᠡᠭᠴᠢᠳ ᠡ᠄ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠭᠡ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 2020 ᠣᠨ ᠤ | ᠲᠥᠰᠦᠪ ᠢ ᠭᠦᠶᠴᠡᠳᠬᠡᠭᠰᠡᠨ ᠪᠠᠶᠢᠳᠠᠯ ᠪᠠ 2021 ᠣᠨ ᠤ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ︾ ᠶᠢ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠦᠪᠯᠡᠬᠦᠯᠦᠶᠡ᠂ ᠲᠤᠭᠤᠷᠢᠭ ᠤᠨ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ ᠪᠠ ᠰᠤᠯᠠ ᠣᠷᠣᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | | ᠨᠢᠭᠡ᠂ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ | | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠬᠦᠯ ᠬᠤᠷᠢᠶᠠᠬᠤ ᠵᠢᠯ ᠪᠣᠯᠤᠨ᠎ᠠ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠵᠠᠩᠭᠢᠯᠠᠭ᠎ᠠ ᠶᠢᠨ ᠵᠢᠯ | ᠪᠣᠯᠤᠨ᠎ᠠ᠃ ᠨᠢᠭᠡ ᠵᠢᠯ ᠤᠨ ᠲᠤᠷᠰᠢ᠂ ᠪᠤᠳᠤᠯᠢᠶᠠᠨᠲᠠᠶ ᠬᠤᠪᠢᠷᠠᠯᠲᠠ ᠶᠡᠬᠡᠲᠡᠶ ᠠᠵᠤ ᠠᠬᠤᠶ ᠶᠢᠨ ᠪᠠᠶᠢᠳᠠᠯ ᠤᠨ ᠡᠮᠦᠨ᠎ᠡ᠂ ᠥᠭᠡᠷᠡᠴᠢᠯᠡᠯᠲᠡ ᠬᠥᠭᠵᠢᠯᠲᠡ ᠶᠢᠨ | ᠲᠣᠭᠲᠠᠭᠤᠨ ᠤ ᠬᠠᠲᠠᠭᠤ ᠪᠡᠷᠬᠡ ᠬᠦᠨᠳᠦ ᠨᠦᠰᠡᠷ ᠡᠭᠦᠷᠭᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ | ᠨᠣᠴᠢᠲᠠᠶ ᠳᠠᠭᠠᠷᠢᠯᠲᠠ ᠳᠣᠤᠷ᠎ᠠ᠂ ᠡᠳ᠋ ᠤᠨ ᠵᠠᠰᠠᠭ ᠤᠨ ᠠᠵᠢᠯ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠵᠢᠯᠣᠭᠤᠳᠤᠯᠭ᠎ᠠ ᠳᠣᠤᠷ᠎ᠠ᠂ ᠪᠦᠬᠦ | ᠲᠣᠭᠤᠷᠢᠭ ᠤᠨ ᠡᠯ᠎ᠡ ᠲᠠᠯ᠎ᠠ ᠶᠢᠨ ᠬᠦᠴᠦᠲᠡᠶ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠨᠠᠶᠮᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠵᠢᠯ ᠤᠨ ᠡᠬᠢᠨ ᠤ ᠠᠵᠢᠯ ᠤᠨ ᠬᠠᠷᠠᠯᠲᠠ ᠶᠢᠨ ᠲᠤᠭᠤᠷᠢᠨ ᠳᠤ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠦᠯᠦᠪᠵᠢᠭᠦᠯᠵᠤ᠂ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠳᠤᠷ ᠡᠵᠡᠮᠳᠡᠨ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ | ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠳᠤᠷ ᠬᠢᠵᠤ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ ᠪᠥᠬᠦ ᠲᠤᠭᠤᠷᠢᠭ ᠤᠨ ᠡᠳ᠋ ᠤᠨ ᠵᠠᠰᠠᠭ ᠤᠨ ᠠᠵᠢᠯ ᠤᠨ ᠲᠣᠭᠲᠠᠭᠤᠨ ᠢ ᠪᠠᠳᠤᠯᠠᠵᠤ᠂ ᠡᠯ᠎ᠡ ᠵᠦᠶᠯ ᠤᠨ ᠬᠠᠷᠠᠯᠲᠠ ᠡᠭᠦᠷᠭᠡ ᠪᠠᠨ | ᠨᠡᠯᠢᠶᠡᠳ ᠠᠮᠵᠢᠯᠳᠠᠳᠠᠢ ᠪᠡᠶᠡᠯᠡᠭᠦᠯᠪᠡ᠃ | ︵ᠨᠢᠭᠡ︶ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ | 1. ᠡᠩ ᠤᠨ ᠣᠯᠠᠨ ᠨᠡᠶᠢᠲᠡ ᠶᠢᠨ ᠲᠥᠰᠦᠪ᠃ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 54.02 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.83 ᠳ᠋ᠦᠩᠰᠢᠭᠤᠷ ᠲᠥᠭᠦᠷᠢᠭ ᠨᠡᠮᠡᠭᠳᠡᠵᠦ᠂ 14.5 % ᠪᠠᠷ ᠨᠡᠮᠡᠭᠳᠡᠪᠡ᠃ ᠳᠡᠭᠡᠳᠦ ᠱᠠᠲᠤᠨ | ᠤ ᠡᠳ᠋ ᠤᠨ ᠵᠠᠰᠠᠭ ᠤᠨ ᠨᠥᠬᠦᠪᠥᠷᠢ ᠶᠢᠨ ᠣᠷᠣᠯᠭ᠎ᠠ 21.64 ᠳ᠋ᠦᠩᠰᠢᠭᠤᠷ ᠲᠥᠭᠦᠷᠢᠭ᠂ ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ | ᠣᠷᠣᠯᠭ᠎ᠠ 20.17 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠰᠢᠯᠵᠢᠭᠦᠯᠦᠨ | ᠵᠢᠭᠡᠯᠡᠭᠦᠯᠦᠭᠰᠡᠨ ᠣᠷᠣᠯᠭ᠎ᠠ 59.52 ᠳ᠋ᠦᠩᠰᠢᠭᠤᠷ ᠲᠥᠭᠦᠷᠢᠭ᠂ ᠰᠢᠯᠵᠢᠭᠦᠯᠦᠨ ᠣᠷᠣᠭᠤᠯᠤᠭᠰᠠᠨ ᠲᠥᠰᠦᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ | ᠮᠥᠩᠭᠦ 0.66 ᠳ᠋ᠦᠩᠰᠢᠭᠤᠷ ᠲᠥᠭᠦᠷᠢᠭ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠵᠢᠴᠢ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ | ᠶᠢᠨ ᠲᠥᠰᠦᠪ ᠤᠨ ᠣᠷᠣᠯᠭ᠎ᠠ ᠶᠢ ᠡᠩ ᠤᠨ ᠣᠯᠠᠨ ᠨᠡᠶᠢᠲᠡ ᠶᠢᠨ ᠲᠥᠰᠦᠪ ᠲᠤ 0.5 ᠳ᠋ᠦᠩᠰᠢᠭᠤᠷ ᠲᠥᠭᠦᠷᠢᠭ ᠰᠢᠯᠵᠢᠭᠦᠯᠦᠨ ᠣᠷᠣᠭᠤᠯᠵᠤ᠂ ᠨᠡᠶᠢᠲᠡ | ᠣᠷᠣᠯᠭ᠎ᠠ 156.51 ᠳ᠋ᠦᠩᠰᠢᠭᠤᠷ ᠲᠥᠭᠦᠷᠢᠭ ᠲᠤ ᠬᠦᠷᠴᠡᠶ᠃ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 77.74 | ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6 ᠳ᠋ᠦᠩᠰᠢᠭᠤᠷ ᠲᠥᠭᠦᠷᠢᠭ ᠨᠡᠮᠡᠭᠳᠡᠵᠦ᠂ 8.4 % ᠪᠠᠷ ᠨᠡᠮᠡᠭᠳᠡᠪᠡ᠃ ᠳᠡᠭᠡᠭᠰᠢ | ᠲᠤᠰᠢᠶᠠᠬᠤ ᠳᠡᠭᠡᠳᠦ ᠱᠠᠲᠤᠨ ᠤ ᠡᠳ᠋ ᠤᠨ ᠵᠠᠰᠠᠭ ᠤᠨ ᠵᠠᠷᠤᠯᠭ᠎ᠠ 7.39 ᠳ᠋ᠦᠩᠰᠢᠭᠤᠷ ᠲᠥᠭᠦᠷᠢᠭ ᠢ ᠨᠡᠮᠡᠪᠡᠯ᠂ ᠣᠷᠣᠨ ᠨᠤᠲᠤᠭ ᠤᠨ ᠵᠠᠰᠠᠭ ᠤᠨ ᠣᠷᠳᠣᠨ ᠤ | ᠡᠩ ᠤᠨ ᠥᠭᠴᠡᠭᠡ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ 54.96 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ ᠲᠣᠭᠲᠠᠪᠤᠷᠢᠵᠢᠭᠤᠯᠤᠨ | ᠲᠣᠬᠢᠷᠠᠭᠤᠯᠬᠤ ᠰᠠᠭᠤᠷᠢ ᠮᠥᠩᠭᠦ ᠶᠢ 2.79 ᠳ᠋ᠦᠩᠰᠢᠭᠤᠷ ᠲᠥᠭᠦᠷᠢᠭ ᠢ ᠨᠡᠶᠢᠯᠡᠬᠦᠯᠪᠡᠯ ᠨᠡᠶᠢᠲᠡ ᠵᠠᠷᠤᠯᠭ᠎ᠠ 142.88 ᠳ᠋ᠦᠩᠰᠢᠭᠤᠷ ᠲᠥᠭᠦᠷᠢᠭ ᠲᠤ ᠬᠦᠷᠴᠡᠢ᠃ | ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 13.63 ᠳ᠋ᠦᠩᠰᠢᠭᠤᠷ ᠲᠥᠭᠦᠷᠢᠭ ᠪᠣᠯᠤᠨ᠎ᠠ᠃ | 2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ᠃ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ | ᠶᠢᠨ ᠣᠷᠣᠯᠭ᠎ᠠ 8.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.72 ᠳ᠋ᠦᠩᠰᠢᠭᠤᠷ ᠲᠥᠭᠦᠷᠢᠭ ᠨᠡᠮᠡᠭᠳᠡᠨ᠂ 131.7 % | ᠪᠠᠷ ᠨᠡᠮᠡᠭᠳᠡᠪᠡ᠃ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 1.95 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ | ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 5.45 ᠳ᠋ᠦᠩᠰᠢᠭᠤᠷ ᠲᠥᠭᠦᠷᠢᠭ᠂ ᠲᠦᠷᠦᠭᠦᠦ ᠵᠢᠯ ᠤᠨ ᠦᠯᠡᠳᠡᠪᠦᠷᠢ ᠶᠢᠨ | ᠳ᠋ᠦᠩᠨᠡᠨ ᠰᠢᠯᠵᠢᠭᠦᠯᠦᠭᠰᠡᠨ ᠣᠷᠣᠯᠭ᠎ᠠ 0.84 ᠳ᠋ᠦᠩᠰᠢᠭᠤᠷ ᠲᠥᠭᠦᠷᠢᠭ᠂ ᠨᠡᠶᠢᠲᠡ ᠣᠷᠣᠯᠭ᠎ᠠ 16.54 ᠳ᠋ᠦᠩᠰᠢᠭᠤᠷ ᠲᠥᠭᠦᠷᠢᠭ ᠲᠤ ᠬᠦᠷᠴᠡᠢ᠃ ᠪᠦᠬᠦ | ᠣᠷᠣᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ 15.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 11.7 ᠳ᠋ᠦᠩᠰᠢᠭᠤᠷ ᠲᠥᠭᠦᠷᠢᠭ ᠨᠡᠮᠡᠭᠳᠡᠨ᠂ 336.2 % ᠢᠶᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠪᠡᠯᠡ ᠮᠥᠩᠭᠦ ᠶᠢ 0.38 | ᠳ᠋ᠦᠩᠰᠢᠭᠤᠷ ᠲᠥᠭᠦᠷᠢᠭ ᠨᠡᠮᠡᠨ ᠰᠢᠯᠵᠢᠭᠦᠯᠦᠨ ᠭᠠᠷᠭᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠶᠯ ᠤᠨ ᠥᠷᠢ ᠥᠭᠴᠡᠭᠡ ᠶᠢᠨ ᠡᠬᠡ | ᠮᠥᠩᠭᠦ ᠶᠢ ᠪᠤᠴᠠᠭᠠᠭᠰᠠᠨ ᠵᠠᠷᠤᠯᠭ᠎ᠠ 527 ᠲᠦᠮᠡᠨ ᠲᠥᠭᠦᠷᠢᠭ᠂ ᠨᠡᠶᠢᠲᠡᠵᠠᠷᠤᠯᠭᠠ 15.61 ᠳ᠋ᠦᠩᠰᠢᠭᠤᠷ ᠲᠥᠭᠦᠷᠢᠭ ᠲᠤ ᠬᠦᠷᠴᠡᠶ᠃ ᠣᠷᠣᠯᠭ᠎ᠠ ᠵᠠᠷᠤᠯᠭ᠎ᠠ | ᠶᠢ ᠲᠤᠯᠭᠠᠵᠤ ᠪᠣᠳᠣᠪᠠᠯ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 0.93 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠭᠠᠯ ᠶᠣᠰᠣᠭᠠᠷ ᠳᠠᠷᠠᠭ᠎ᠠ ᠵᠢᠯ | ᠳᠤ ᠳ᠋ᠦᠩᠨᠡᠨ ᠰᠢᠯᠵᠢᠭᠦᠯᠵᠦ ᠲᠤᠰᠬᠠᠶ ᠵᠦᠶᠯ ᠢᠶᠠᠷ ᠬᠡᠷᠡᠭᠯᠡᠨ᠎ᠡ᠃ | 3. ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ᠃ ᠪᠦᠬᠦ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ | ᠶᠢᠨ ᠲᠥᠰᠦᠪ ᠤᠨ ᠣᠷᠣᠯᠭ᠎ᠠ 1215 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠳᠦ ᠱᠠᠲᠤᠨ ᠠᠴᠠ ᠨᠦᠬᠦᠪᠦᠷᠢᠯᠡᠭᠰᠡᠨ ᠣᠷᠣᠯᠭ᠎ᠠ 21 ᠲᠦᠮᠡᠨ ᠲᠥᠭᠦᠷᠢᠭ᠂ | ᠨᠡᠶᠢᠲᠡ ᠣᠷᠣᠯᠭ᠎ᠠ 1236 ᠲᠦᠮᠡᠨ ᠲᠥᠭᠦᠷᠢᠭ ᠪᠣᠯᠤᠨ᠎ᠠ᠃ ᠪᠦᠬᠦ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠵᠠᠷᠤᠯᠭ᠎ᠠ ᠶᠢ 1215 ᠲᠦᠮᠡᠨ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠭᠦᠯᠦᠨ ᠣᠷᠣᠭᠤᠯᠵᠤ ᠨᠢᠭᠡᠳᠦᠯᠲᠡᠶ ᠲᠥᠯᠥᠪᠯᠡᠨ | ᠲᠣᠬᠢᠷᠠᠭᠤᠯᠤᠨ ᠬᠡᠷᠡᠭᠯᠡᠨ᠎ᠡ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 21 ᠲᠦᠮᠡᠨ ᠲᠥᠭᠦᠷᠢᠭ ᠪᠠᠶᠢᠵᠤ᠂ | ᠲᠣᠭᠲᠠᠭᠠᠯ ᠶᠣᠰᠣᠭᠠᠷ ᠳᠠᠷᠠᠭ᠎ᠠ ᠵᠢᠯ ᠪᠣᠯᠲᠠᠯ᠎ᠠ ᠳ᠋ᠦᠩᠨᠡᠨ ᠰᠢᠯᠵᠢᠭᠦᠯᠵᠦ ᠲᠤᠰᠬᠠᠶ ᠵᠦᠶᠯ ᠢᠶᠠᠷ ᠬᠡᠷᠡᠭᠯᠡᠨ᠎ᠡ᠃ | 4. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ᠃ ᠪᠦᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ | ᠣᠷᠣᠯᠭ᠎ᠠ 14.54 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ᠄ ᠳᠠᠭᠠᠳᠬᠠᠯ ᠤᠨ ᠰᠦᠶᠳᠬᠡᠯ ᠤᠨ ᠣᠷᠣᠯᠭ᠎ᠠ 11.56 ᠳ᠋ᠦᠩᠰᠢᠭᠤᠷ ᠲᠥᠭᠦᠷᠢᠭ᠂ ᠬᠦᠦ | ᠮᠥᠩᠭᠦ ᠶᠢᠨ ᠣᠷᠣᠯᠭ᠎ᠠ 0.24 ᠳ᠋ᠦᠩᠰᠢᠭᠤᠷ ᠲᠥᠭᠦᠷᠢᠭ᠂ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠣᠷᠣᠯᠭ᠎ᠠ 2.7 ᠳ᠋ᠦᠩᠰᠢᠭᠤᠷ ᠲᠥᠭᠦᠷᠢᠭ᠂ | ᠰᠢᠯᠵᠢᠭᠦᠯᠦᠭᠰᠡᠨ ᠣᠷᠣᠯᠭ᠎ᠠ 200 ᠲᠦᠮᠡᠨ ᠲᠥᠭᠦᠷᠢᠭ᠂ ᠪᠤᠰᠤᠳ ᠣᠷᠣᠯᠭ᠎ᠠ 232 ᠲᠦᠮᠡᠨ ᠲᠥᠭᠦᠷᠢᠭ ᠪᠣᠯᠤᠨ᠎ᠠ᠃ ᠲᠤᠭᠤᠷᠢᠭ ᠤᠨ ᠨᠡᠶᠢᠭᠡᠮ ᠤᠨ ᠳᠠᠭᠠᠳᠬᠠᠯ | ᠤᠨ ᠰᠠᠭᠤᠷᠢ ᠮᠥᠩᠭᠦ ᠶᠢᠨ ᠶᠡᠷᠦᠩᠬᠡᠶ ᠵᠠᠷᠤᠯᠭ᠎ᠠ 10.12 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ | ᠵᠠᠷᠤᠯᠭ᠎ᠠ 9.92 ᠳ᠋ᠦᠩᠰᠢᠭᠤᠷ ᠲᠥᠭᠦᠷᠢᠭ᠂ ᠨᠠᠰᠤᠵᠢᠯ ᠤᠨ ᠳᠠᠭᠠᠳᠬᠠᠯ ᠤᠨ ᠰᠢᠯᠵᠢᠭᠦᠯᠦᠨ ᠦᠭᠬᠦᠭᠰᠡᠨ ᠵᠠᠷᠤᠯᠭ᠎ᠠ 0.14 ᠳ᠋ᠦᠩᠰᠢᠭᠤᠷ ᠲᠥᠭᠦᠷᠢᠭ᠂ ᠳᠡᠭᠡᠭᠰᠢ | ᠲᠤᠰᠢᠶᠠᠭᠰᠠᠨ ᠳᠡᠭᠡᠳᠦ ᠱᠠᠲᠤᠨ ᠤ ᠵᠠᠷᠤᠯᠭ᠎ᠠ 274 ᠲᠦᠮᠡᠨ ᠲᠥᠭᠦᠷᠢᠭ᠂ ᠪᠤᠰᠤᠳ ᠵᠠᠷᠤᠯᠭ᠎ᠠ 372 ᠲᠦᠮᠡᠨ ᠲᠥᠭᠦᠷᠢᠭ ᠪᠣᠯᠤᠨ᠎ᠠ᠃ ᠡᠯ᠎ᠡ ᠵᠦᠢᠯ ᠤᠨ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 4.42 ᠳ᠋ᠦᠩᠰᠢᠭᠤᠷ ᠲᠥᠭᠦᠷᠢᠭ ᠲᠤ ᠬᠦᠷᠴᠦ᠂ | ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 70.97 ᠳ᠋ᠦᠩᠰᠢᠭᠤᠷ ᠲᠥᠭᠦᠷᠢᠭ ᠲᠤ ᠬᠦᠷᠴᠡᠢ᠃ | ᠳᠡᠭᠡᠷᠡᠬᠢ ᠲᠤᠭ᠎ᠠ ᠪᠠᠷᠢᠮᠲᠠ ᠨᠢ ᠴᠥᠮ ᠡᠳ᠋ ᠤᠨ ᠵᠠᠰᠠᠭ ᠤᠨ 2020 ᠣᠨ ᠤ 12 ᠳ᠋ᠤᠭᠠᠷ ᠰᠠᠷ᠎ᠠ ᠶᠢᠨ ᠮᠡᠳᠡᠭᠦᠯᠦᠭᠰᠡᠨ ᠲᠤᠭ᠎ᠠ ᠠᠴᠠ ᠢᠷᠡᠯᠲᠡ ᠲᠠᠢ | ᠪᠠᠶᠢᠵᠤ᠂ ᠵᠢᠩᠬᠢᠨᠢ ᠲᠥᠰᠦᠪ ᠤᠨ ᠭᠦᠶᠴᠡᠳᠬᠡᠯ ᠤᠨ ᠲᠤᠭ᠎ᠠ ᠶᠢ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ | ᠴᠣᠬᠤᠯᠠᠪᠤᠷᠢᠯᠠᠭᠰᠠᠨ ᠤ ᠳᠠᠷᠠᠭ᠎ᠠ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠳᠤ ᠠᠰ ᠲᠤᠨᠢ ᠮᠡᠳᠡᠭᠦᠯᠦᠨ᠎ᠡ᠃ | ︵ᠬᠤᠶᠠᠷ︶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠰᠢᠶᠳᠪᠦᠷᠢ | ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠃ | 1. ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢᠨ | ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠳᠤᠯᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠭᠦᠨᠵᠡᠭᠡᠢ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠲᠤᠭᠤᠷᠢᠭ ᠤᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤᠯᠠᠭ᠎ᠠ ᠶᠢᠨ ᠪᠡᠯᠡ ᠮᠥᠩᠭᠦ ᠪᠣᠯᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ | ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ | ᠪᠦᠬᠦ ᠬᠦᠴᠦ ᠪᠠᠷ ᠢᠶᠠᠨ ᠲᠡᠮᠵᠢᠪᠡ᠃ ᠵᠢᠯ ᠤᠨ ᠡᠬᠢᠨ ᠳᠤ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ | ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠰᠢᠯᠵᠢᠭᠦᠯᠦᠨ ᠥᠭᠬᠦ ᠰᠠᠭᠠᠳ ᠥᠬᠡᠶ | ᠨᠡᠪᠲᠡᠷᠡᠬᠦ ᠵᠠᠮ ᠢ ᠢᠳᠡᠪᠬᠢᠲᠡᠶ ᠨᠡᠭᠡᠭᠡᠵᠦ᠂ ᠪᠥᠬᠦ ᠵᠢᠯ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ | ᠮᠥᠩᠭᠦ ᠶᠢ ᠨᠡᠶᠢᠲᠡ 2.47 ᠳ᠋ᠦᠩᠰᠢᠭᠤᠷ ᠲᠥᠭᠦᠷᠢᠭ ᠣᠷᠣᠭᠤᠯᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠬᠤᠳᠠᠯᠳᠤᠨ ᠠᠪᠬᠤ᠂ ᠡᠪᠡᠳᠴᠢᠲᠡᠨ ᠢ ᠡᠮᠴᠢᠯᠡᠭᠡ ᠪᠠᠷ | ᠠᠪᠤᠷᠠᠨ ᠲᠤᠰᠠᠯᠠᠬᠤ᠂ ᠡᠮᠨᠡᠯᠭᠡ ᠶᠢᠨ ᠠᠵᠢᠯᠲᠠᠨ ᠤ ᠨᠥᠬᠦᠪᠥᠷᠢ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ᠂ ᠳᠤᠮᠳᠠ ᠪᠠᠭ᠎ᠠ ᠵᠢᠵᠢᠭ ᠠᠵᠤ | ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠵᠡᠷᠭᠡ ᠠᠵᠢᠯ ᠳᠤ ᠪᠠᠲᠤ | ᠪᠠᠬᠢ ᠪᠠᠯᠠ ᠮᠥᠩᠭᠦ ᠶᠢᠨ ᠪᠠᠲᠤᠯᠠᠭ᠎ᠠ ᠬᠠᠩᠭᠠᠭᠰᠠᠨ ᠤ ᠬᠠᠮᠲᠤ 164 ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠷ ᠤᠨ ᠲᠦᠷᠢᠶᠡᠰᠦ ᠶᠢ 173 | ᠲᠦᠮᠡᠨ ᠲᠥᠭᠦᠷᠢᠭ ᠬᠠᠰᠤᠵᠤ ᠬᠡᠯᠳᠦᠷᠢᠬᠦᠯᠦᠨ᠂ ᠪᠠᠭ᠎ᠠ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ | ᠲᠡᠳᠬᠦᠵᠦ ᠬᠦᠴᠢᠷ ᠢ ᠳᠤᠭᠤᠯᠪᠠ᠃ | 2. ᠣᠷᠣᠯᠭ᠎ᠠ ᠶᠢᠨ ᠬᠠᠮᠢᠶᠠᠷᠤᠯᠲᠠ ᠶᠢ ᠬᠦᠴᠦᠲᠡᠶ ᠠᠳᠬᠤᠵᠤ᠂ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠪᠠ᠃ ᠨᠢᠭᠡ | ᠳᠤ᠂ ᠣᠷᠣᠯᠭ᠎ᠠ ᠶᠢ ᠵᠣᠬᠢᠶᠠᠨ ᠪᠠᠶᠢᠭᠤᠯᠬᠤ ᠠᠵᠢᠯ ᠢ ᠴᠢᠩᠭ᠎ᠠ ᠪᠥᠭᠡᠳ ᠪᠣᠳᠠᠲᠠᠶ ᠠᠳᠬᠤᠵᠤ᠂ ᠣᠷᠣᠯᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠣᠷᠣᠯᠭ᠎ᠠ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠲᠠᠲᠠᠪᠤᠷᠢᠯᠠᠨ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠦᠨ᠂ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠬᠤ ᠶᠢ ᠪᠠᠷᠢᠮᠲᠠᠯᠠᠵᠤ᠂ ᠪᠥᠬᠦ ᠵᠢᠯ ᠤᠨ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 14.5 % ᠪᠠᠷ ᠨᠡᠮᠡᠭᠳᠡᠪᠡ᠃ ᠬᠤᠶᠠᠷ ᠲᠤ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢ ᠬᠢᠨᠠᠨ ᠡᠵᠡᠮᠳᠡᠬᠦ | ᠪᠠᠨ ᠦᠷᠭᠦᠯᠵᠢᠯᠡᠨ ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ ᠵᠦᠶᠯ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠠᠵᠢᠯ ᠲᠥᠷᠥᠯ᠂ | ᠭᠤᠤᠯᠳᠠᠯᠭ᠎ᠠ ᠲᠠᠢ ᠭᠠᠶᠢᠯᠢ ᠶᠢᠨ ᠲᠥᠷᠥᠯ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠬᠦᠷᠢᠶᠡᠨ ᠳᠠᠬᠢ ᠭᠠᠶᠢᠯᠢ ᠲᠠᠲᠠᠪᠤᠷᠢ ᠶᠢᠨ ᠪᠠᠶᠢᠳᠠᠯ ᠤᠨ ᠬᠤᠪᠢᠷᠠᠯᠲᠠ ᠶᠢ | ᠨᠢᠭᠲᠠ ᠠᠩᠬᠠᠷᠴᠤ᠂ ᠭᠤᠤᠯᠳᠠᠯᠭ᠎ᠠ ᠲᠠᠢ ᠬᠦᠷᠢᠶᠡᠨ ᠳᠠᠬᠢ ᠪᠥᠬᠦ ᠲᠤᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠶᠢᠨ ᠣᠷᠣᠯᠭ᠎ᠠ ᠶᠢᠨ ᠨᠡᠮᠡᠭᠳᠡᠯ ᠳᠤ ᠬᠤᠪᠢ | ᠨᠡᠮᠡᠷᠢ ᠦᠵᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠭᠠᠶᠢᠯᠢ ᠲᠠᠲᠠᠪᠤᠷᠢ ᠶᠢᠨ ᠣᠷᠣᠯᠭ᠎ᠠ ᠶᠢ 42.07 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠭᠤᠷᠪᠠ ᠳᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠶᠡᠷᠦᠩᠬᠡᠶᠢᠯᠡᠨ ᠵᠠᠰᠠᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠵᠢᠴᠢ ᠭᠡᠷ | ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠲᠠᠢ ᠤᠶᠠᠯᠳᠤᠭᠤᠯᠤᠨ᠂ ᠡᠬᠢ ᠪᠠᠶᠠᠯᠢᠭ | ᠤᠨ ᠭᠠᠶᠢᠯᠢ᠂ ᠭᠡᠷ ᠬᠦᠷᠦᠩᠭᠡ ᠶᠢᠨ ᠭᠠᠶᠢᠯᠢ᠂ ᠲᠡᠮᠳᠡᠭᠲᠦ ᠶᠢᠨ ᠭᠠᠶᠢᠯᠢ᠂ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ᠂ ᠲᠣᠷᠭᠠᠵᠤ ᠬᠤᠷᠢᠶᠠᠭᠰᠠᠨ | ᠣᠷᠣᠯᠭ᠎ᠠ ᠵᠡᠷᠭᠡ ᠡᠯ᠎ᠡ ᠲᠦᠷᠦᠯ ᠤᠨ ᠭᠠᠶᠢᠯᠢ ᠰᠦᠢᠳᠬᠡᠯ ᠢ ᠢᠯᠭᠠᠷᠠᠭᠤᠯᠤᠨ ᠲᠤᠰᠢᠶᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠪᠦᠬᠦ ᠵᠢᠯ ᠳᠤ ᠡᠯ᠎ᠡ | ᠲᠦᠷᠦᠯ ᠤᠨ ᠭᠠᠶᠢᠯᠢ ᠰᠦᠢᠳᠬᠡᠯ ᠢ ᠢᠯᠭᠠᠷᠠᠭᠤᠯᠤᠨ ᠲᠤᠰᠢᠶᠠᠬᠤ ᠳᠠᠭᠠᠨ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 9.6 ᠳ᠋ᠦᠩᠰᠢᠭᠤᠷ | ᠲᠥᠭᠦᠷᠢᠭ ᠪᠡᠶᠡᠯᠡᠭᠦᠯᠪᠡ᠃ | 3. ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ | ᠃ ᠨᠢᠭᠡ ᠳᠤ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ ᠦᠶᠯᠡᠰ᠂ ᠢᠯᠠᠩᠭᠤᠶ᠎ᠠ ᠴᠢ ᠷᠦᠢ᠂ ᠵᠢᠩ ᠳ᠋ᠦᠩ ᠹᠠᠩ ᠢᠶᠠᠷ ᠲᠥᠯᠥᠭᠡᠯᠡᠭᠦᠯᠦᠭᠰᠡᠨ | ᠬᠥᠲᠥᠴᠢ ᠠᠵᠤ ᠠᠬᠤᠶᠢᠯᠠᠯ ᠢ ᠶᠡᠬᠡᠪᠡᠷ ᠳᠡᠮᠵᠢᠵᠦ᠂ ᠪᠥᠬᠦ ᠵᠢᠯ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠡᠯ᠎ᠡ ᠲᠥᠷᠥᠯ ᠤᠨ ᠲᠡᠳᠬᠦᠮᠵᠢ ᠶᠢᠨ ᠪᠠᠯᠠ ᠮᠥᠩᠭᠦ | ᠶᠢ 1530 ᠲᠦᠮᠡᠨ ᠲᠥᠭᠦᠷᠢᠭ ᠰᠠᠯᠭᠠᠨ ᠥᠭᠴᠦ᠂ ᠲᠣᠨᠤᠭ ᠲᠥᠬᠦᠭᠡᠷᠦᠮᠵᠢ ᠦᠶᠯᠡᠳᠬᠦ ᠦᠶᠯᠡᠰ ᠤᠨ ᠦᠶᠯᠡᠳᠪᠦᠷᠢᠯᠡᠯ ᠤᠨ ᠬᠡᠪᠴᠢᠶ᠎ᠡ ᠪᠠ ᠵᠠᠬ᠎ᠠ ᠳᠡᠯᠭᠡᠭᠦᠷ | ᠡᠵᠡᠯᠡᠬᠦ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠤᠶᠠᠷ ᠲᠤ᠂ ᠤᠯᠠᠮᠵᠢᠯᠠᠯᠲᠤ ᠳᠠᠪᠠᠭᠤᠯᠢᠭ ᠠᠵᠤ ᠠᠬᠤᠶᠢᠯᠠᠯ ᠤᠨ ᠪᠣᠬᠢᠷᠲᠤᠯ ᠦᠭᠡᠶ ᠦᠢᠯᠡᠳᠬᠦ ᠪᠠ | ᠣᠶᠤᠨᠴᠢ ᠦᠢᠯᠡᠳᠬᠦ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠦ᠂ ᠨᠣᠯᠤᠤᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ | ᠶᠡᠬᠡᠪᠡᠷ ᠬᠡᠷᠡᠭᠵᠢᠭᠦᠯᠦᠨ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ ︶ ᠤᠨ ᠣᠯᠠᠨ ᠤᠯᠤᠰ ᠤᠨ ᠨᠣᠯᠤᠤᠷ ᠤᠨ ᠦᠵᠡᠰᠬᠦᠯᠡᠩ ᠢ ᠠᠮᠵᠢᠯᠲᠠ | ᠲᠠᠢ ᠡᠷᠬᠢᠯᠡᠪᠡ︔ ᠨᠡᠭᠦᠷᠡᠰᠦᠨ ᠤ ᠠᠵᠤ ᠦᠶᠯᠡᠰ ᠤᠨ ᠪᠣᠬᠢᠷᠲᠤᠯ ᠥᠬᠡᠶ᠂ ᠤᠶᠤᠨᠴᠢᠯᠠᠭᠰᠠᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠪᠠ᠃ | ᠭᠤᠷᠪᠠ ᠳᠤ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠰ ᠢ ᠪᠣᠶᠢᠵᠢᠭᠤᠯᠤᠨ | ᠪᠤᠵᠠᠭᠠᠶᠢᠷᠠᠭᠤᠯᠵᠤ᠂ ᠰᠢᠨ᠎ᠡ ᠬᠡᠯᠪᠡᠷᠢ ᠶᠢᠨ ᠡᠳ᠋ ᠤᠨ ᠢᠷᠡᠯᠲᠡ ᠶᠢ ᠪᠤᠶᠢᠵᠢᠭᠤᠯᠪᠠ᠃ | 4. ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠤᠢᠭᠡᠢ ᠰᠢᠯᠢᠳᠡᠭᠵᠢᠭᠦᠯᠵᠦ᠂ ︽ᠵᠢᠷᠭᠤᠭ᠎ᠠ ᠶᠢ ᠪᠠᠲᠤᠯᠠᠬᠤ ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠭᠤᠯᠪᠠ᠃ ᠪᠥᠬᠦ ᠵᠢᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠣᠷᠣᠭᠤᠯᠤᠯᠲᠠ 32.34 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.16 ᠳ᠋ᠦᠩᠰᠢᠭᠤᠷ ᠲᠥᠭᠦᠷᠢᠭ ᠨᠡᠮᠡᠭᠳᠡᠨ᠂ 14.8 % ᠳᠤ ᠬᠦᠷᠴᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ 41.6 % ᠶᠢ ᠡᠵᠡᠯᠡᠪᠡ᠃ ᠨᠢᠭᠡ ᠳᠤ 13.97 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠰᠤᠷᠭᠠᠨ | ᠬᠥᠮᠦᠵᠢᠯ ᠤᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ ᠶᠢ ᠲᠦᠷᠭᠡᠳᠬᠡᠨ ᠠᠬᠢᠭᠤᠯᠪᠠ᠃ ᠪᠥᠬᠦ ᠵᠢᠯ ᠳᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ 11 ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 484 ᠨᠡᠷ᠎ᠡ ᠰᠢᠯᠢᠳᠡᠭ ᠪᠠᠭᠰᠢ ᠶᠢ ᠢᠯᠡ ᠪᠠᠷ ᠰᠣᠩᠭᠤᠨ | ᠤᠷᠢᠬᠤ ᠪᠠ ᠣᠷᠣᠭᠤᠯᠤᠨ ᠠᠪᠴᠢᠷᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ 16 ᠶᠢ ᠰᠢᠨ᠎ᠡ ᠪᠠᠷ | ᠮᠠᠭᠠᠳᠯᠠᠨ ᠲᠣᠭᠲᠠᠭᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠵᠤ᠂ | ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠠᠩ ᠲᠡᠩᠴᠡᠭᠦᠷᠢᠲᠡᠶ ᠪᠣᠯᠭᠠᠪᠠ᠃ ᠬᠤᠶᠠᠷ ᠲᠤ᠂ ᠨᠡᠶᠢᠭᠡᠮ ᠤᠨ ᠦᠨᠳᠦᠰᠦᠨ ᠵᠦᠶᠯ ᠢ ᠪᠠᠲᠤᠯᠠᠬᠤ ᠶᠢ | ᠪᠥᠬᠦ ᠲᠠᠯ᠎ᠠ ᠪᠠᠷ ᠴᠢᠩᠭᠠᠳᠬᠠᠵᠤ᠂ ᠣᠨᠢᠨ ᠳᠡᠭᠡᠷ᠎ᠡ ᠨᠢ ᠠᠪᠤᠷᠠᠨ ᠲᠤᠰᠠᠯᠠᠬᠤ ᠶᠢ ᠠᠬᠢᠭᠤᠯᠵᠤ᠂ 1.62 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 17 % ᠪᠠ 8.9 % ᠳᠡᠭᠡᠭᠰᠢᠯᠡᠭᠦᠯᠵᠦ᠂ ᠬᠤᠲᠠ | ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠲᠣᠰ ᠲᠣᠰ 36.4 % ᠪᠠ 7. 6 % ᠪᠠᠷ ᠳᠡᠭᠡᠭᠰᠢᠯᠡᠭᠦᠯᠵᠦ | ᠂ ᠬᠠᠤᠯᠢ ᠪᠠᠷ ᠲᠣᠭᠲᠠᠭᠠᠭᠰᠠᠨ ᠬᠥᠮᠦᠰ ᠤᠨ ᠪᠠᠲᠤᠯᠠᠭ᠎ᠠ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ | ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ 4.72 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠢᠴᠢ ᠠᠵᠤ ᠠᠬᠤᠶᠢᠯᠠᠯ ᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠴᠠᠯᠢᠩ ᠢ ᠲᠤᠭ᠎ᠠ ᠶᠣᠰᠣᠭᠠᠷ ᠭᠦᠢᠴᠡᠳ ᠥᠭᠬᠦ ᠶᠢ ᠪᠠᠲᠤᠯᠠᠪᠠ᠃ ᠪᠥᠬᠦ ᠵᠢᠯ ᠳᠤ ᠦᠶᠯᠡᠰ ᠴᠣᠭᠴᠠᠯᠠᠬᠤ | ᠲᠠᠭᠠᠭᠠᠯᠳᠠᠳᠤ ᠵᠢᠭᠡᠯᠡᠯᠭᠡ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠪᠠ ᠠᠵᠢᠯ ᠠᠯᠳᠠᠯᠲᠠ ᠶᠢᠨ ᠳᠠᠭᠠᠳᠬᠠᠯ ᠤᠨ | ᠮᠥᠩᠭᠦ ᠶᠢ 4660 ᠲᠦᠮᠡᠨ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢ ᠬᠠᠮᠤᠷᠤᠭᠰᠠᠨ ᠠᠵᠢᠯ ᠣᠯᠭᠤᠬᠤ᠂ ᠦᠶᠯᠡᠰ ᠴᠣᠭᠴᠠᠯᠠᠬᠤ ᠦᠶᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠪᠡ᠃ ᠭᠤᠷᠪᠠ ᠳᠤ᠂ ︽ᠡᠷᠡᠭᠦᠯ ᠮᠡᠨᠳᠦ ᠶᠢᠨ ᠳ᠋ᠦᠩᠱᠧᠩ ᠤᠨ ᠠᠵᠢᠯᠯᠠᠭ᠎ᠠ︾ ᠶᠢ ᠭᠦᠨᠵᠡᠭᠡᠶ ᠦᠷᠨᠢᠬᠦᠯᠵᠦ᠂ 3.96 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠤᠷᠰᠢᠯᠲᠠ ᠶᠢᠨ ᠲᠠᠰᠤᠭ᠂ ᠲᠣᠭᠤᠷᠢᠭ ᠤᠨ ᠡᠮᠨᠡᠯᠭᠡ ᠶᠢᠨ ᠬᠤᠷᠢᠶᠠᠨ ᠤ | ᠬᠠᠯᠳᠠᠪᠤᠷᠢᠲᠤ ᠡᠪᠡᠳᠴᠢᠨ ᠤ ᠲᠣᠭᠤᠷᠢᠭ᠂ ᠪᠡᠯᠡᠳᠬᠡᠯ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠶᠯᠡᠴᠢᠯᠡᠭᠡᠨ ᠤ ᠬᠢᠷᠢ ᠲᠦᠪᠰᠢᠨ ᠤ ᠶᠡᠭᠡ ᠪᠠᠷ ᠳᠡᠭᠡᠭᠰᠢᠯᠡᠬᠦ ᠶᠢ ᠳᠡᠮᠵᠢᠪᠡ᠃ ᠳᠥᠷᠪᠡ ᠳᠤ᠂ ᠰᠢᠷ᠎ᠠ ᠪᠤᠷᠴᠠᠭ ᠲᠥᠮᠥᠰᠥ ᠶᠢᠨ ᠦᠶᠯᠡᠳᠪᠦᠷᠢᠯᠡᠯ ᠤᠨ ᠨᠥᠬᠦᠪᠥᠷᠢ | ᠵᠢᠴᠢ ᠣᠷᠣᠨ ᠨᠤᠲᠤᠭ ᠤᠨ ᠨᠥᠭᠡᠴᠡ ᠠᠮᠤ ᠪᠤᠳᠠᠭᠠᠨ ᠤ ᠬᠦᠦ ᠮᠥᠩᠭᠦ ᠶᠢᠨ ᠵᠠᠷᠤᠳᠠᠯ ᠢ 308 ᠲᠦᠮᠡᠨ ᠲᠥᠭᠦᠷᠢᠭ ᠣᠯᠭᠤᠵᠤ᠂ ᠠᠵᠤ ᠦᠶᠯᠡᠰ ᠤᠨ ᠬᠡᠯᠬᠢᠶ᠎ᠡ | ᠶᠢᠨ ᠬᠠᠩᠭᠠᠯᠭ᠎ᠠ ᠲᠣᠭᠲᠠᠭᠤᠨ ᠪᠠᠶᠢᠬᠤ ᠪᠠ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠦᠨᠡᠨ ᠬᠦ ᠪᠠᠳᠤᠯᠠᠪᠠ᠃ ᠲᠠᠪᠤ ᠳᠤ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠨᠡᠶᠢᠲᠡ 4.3 ᠳ᠋ᠦᠩᠰᠢᠭᠤᠷ ᠲᠥᠭᠦᠷᠢᠭ ᠬᠥᠩᠭᠡᠷᠡᠭᠦᠯᠵᠦ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠭᠦᠢᠴᠡᠳ ᠬᠥᠭᠵᠢᠭᠡᠪᠡ᠃ ᠵᠢᠷᠭᠤᠭ᠎ᠠ ᠳᠤ᠂ ᠡᠯ᠎ᠡ ᠲᠥᠷᠥᠯ ᠤᠨ ᠰᠢᠯᠵᠢᠭᠦᠯᠦᠨ ᠥᠭᠬᠦ ᠪᠡᠯᠡ | ᠮᠥᠩᠭᠦ ᠶᠢ 10.95 ᠳ᠋ᠦᠩᠰᠢᠭᠤᠷ ᠲᠥᠭᠦᠷᠢᠭ ᠡᠷᠡᠮᠡᠯᠵᠡᠯᠡᠨ ᠣᠯᠵᠤ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠭᠤᠣᠯᠳᠠᠯᠭ᠎ᠠ ᠲᠠᠢ ᠵᠠᠷᠤᠯᠭ᠎ᠠ ᠶᠢ ᠡᠷᠡᠰ | ᠨᠠᠶᠢᠳᠠᠪᠤᠷᠢᠵᠢᠭᠤᠯᠪᠠ᠃ | 5. ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠶ ᠠᠬᠢᠬᠤ | ᠶᠢ ᠪᠠᠳᠤᠯᠠᠪᠠ᠃ ᠨᠢᠭᠡ ᠳᠤ᠂ 10.41 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠤᠲᠠ ᠶᠢᠨ ᠣᠯᠠᠨ ᠨᠡᠶᠢᠲᠡ ᠶᠢᠨ ᠲᠥᠬᠦᠭᠡᠷᠦᠮᠵᠢ ᠶᠢ | ᠦᠷᠭᠦᠯᠵᠢᠯᠡᠨ ᠰᠠᠢᠵᠢᠷᠠᠭᠤᠯᠵᠤ᠂ ᠬᠠᠭᠤᠴᠢᠨ ᠰᠠᠭᠤᠭᠠᠯᠢ ᠲᠣᠭᠤᠷᠢᠭ ᠪᠠ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠢ ᠳᠠᠮᠵᠢᠵᠤ᠂ ᠠᠮᠢᠳᠤᠷᠠᠯ ᠤᠨ ᠬᠤᠭ ᠨᠣᠪᠰᠢ ᠶᠢ | ᠲᠥᠷᠦᠯ ᠬᠤᠪᠢᠶᠠᠨ ᠰᠢᠢᠳᠪᠦᠷᠢᠯᠡᠬᠦ ᠶᠢ ᠲᠣᠭᠲᠠᠭᠤᠨ ᠢᠶᠠᠷ ᠠᠬᠢᠭᠤᠯᠵᠤ᠂ ᠬᠤᠲᠠ ᠶᠢᠨ ᠴᠢᠳᠠᠮᠵᠢ ᠶᠢᠨ ᠢᠵᠢ ᠪᠦᠷᠢᠳᠦᠭᠦᠯᠬᠦ ᠬᠢᠷᠢ ᠲᠦᠪᠰᠢᠨ ᠪᠠ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠪᠡ᠃ ᠬᠤᠶᠠᠷ ᠲᠤ᠂ 972 ᠲᠦᠮᠡᠨ ᠲᠥᠭᠦᠷᠢᠭ ᠤᠨ ᠪᠠᠯᠠ ᠣᠷᠣᠭᠤᠯᠵᠤ᠂ | ᠤᠯᠤᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠤᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠪᠥᠬᠦ ᠤᠯᠤᠰ ᠤᠨ ᠪᠣᠯᠪᠠᠰᠤᠨ ᠬᠤᠲᠠ ᠶᠢᠨ ᠳᠠᠬᠢᠨ ᠬᠢᠨᠠᠨ ᠦᠨᠡᠯᠡᠯᠲᠡ ᠳᠤ ᠤᠷᠤᠭᠰᠢᠲᠠᠶ ᠬᠢᠷᠢ ᠲᠡᠩᠴᠡᠵᠦ᠂ ᠬᠤᠲᠠ ᠶᠢᠨ ᠰᠠᠭᠤᠷᠢᠰᠢᠬᠤ ᠳᠤ ᠲᠣᠬᠢᠷᠠᠮᠵᠢᠲᠠᠶ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠭᠤᠷᠪᠠ ᠳᠤ᠂ 0.69 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠳᠡᠮᠵᠢᠬᠦ ᠲᠦᠷᠦᠯ ᠵᠦᠢᠯ ᠢ ᠪᠦᠬᠦ ᠲᠠᠯ᠎ᠠ | ᠪᠠᠷ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠢᠶᠠᠷᠤᠨ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠶᠡᠭᠡ ᠪᠠᠷ ᠠᠬᠢᠭᠤᠯᠪᠠ᠃ | ᠳᠥᠷᠪᠡ ᠳᠤ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ᠂ ᠬᠢᠵᠢᠭ ᠲᠠᠢ ᠲᠡᠮᠡᠴᠡᠬᠦ ᠤᠯᠤᠰ ᠤᠨ ᠣᠨᠴᠠᠭᠠᠶ ᠵᠢᠭᠡᠯᠡᠯᠭᠡ ᠵᠡᠷᠭᠡ ᠡᠯ᠎ᠡ ᠲᠥᠷᠥᠯ ᠤᠨ | ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 11.77 ᠳ᠋ᠦᠩᠰᠢᠭᠤᠷ ᠲᠥᠭᠦᠷᠢᠭ ᠣᠯᠵᠤ᠂ ᠡᠮᠴᠢᠯᠡᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ | ᠬᠦᠷᠢᠶᠡᠯᠡᠩ ᠲᠣᠭᠤᠷᠢᠭ ᠪᠠ ᠬᠤᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠤᠨ ᠪᠠᠯᠠ ᠮᠥᠩᠭᠦ | ᠶᠢᠨ ᠪᠠᠲᠤᠯᠠᠭ᠎ᠠ ᠶᠢ ᠦᠨᠡᠨ ᠬᠦ ᠪᠠᠲᠤᠯᠠᠪᠠ᠃ | 6. ᠴᠢᠨᠠᠷ ᠰᠠᠶᠢᠲᠠᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ︾ ᠢ ᠡᠷᠡᠰ | ᠰᠠᠶᠢᠲᠤᠷ ᠬᠢᠪᠠ᠃ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠬᠦ ᠲᠠᠯ᠎ᠠ ᠪᠠᠷ᠄ ᠨᠢᠭᠡ ᠳᠤ᠂ | ᠪᠥᠬᠦ ᠵᠢᠯ ᠳᠤ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠡᠶᠢᠲᠡ 38.2 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠪᠥᠬᠦ ᠵᠢᠯ ᠤᠨ | ᠰᠢᠶᠳᠪᠦᠷᠢᠯᠡᠬᠦ ᠬᠠᠷᠠᠯᠲᠠ ᠶᠢᠨ 100.5 % ᠶᠢ ᠪᠡᠶᠡᠯᠡᠭᠦᠯᠵᠦ᠂ ᠵᠥᠷᠢᠯᠳᠦᠭᠡᠨ ᠥᠬᠡᠶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ 8 | ᠰᠠᠷ᠎ᠠ ᠶᠢᠨ ᠰᠡᠭᠦᠯᠴᠢ ᠪᠠᠷ ᠪᠦᠬᠦᠨ ᠢ ᠦᠭᠡᠶᠢᠰᠬᠡᠪᠡ᠃ ᠬᠤᠶᠠᠷ ᠲᠤ᠂ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭ ᠤᠨ ᠪᠡᠯᠡ ᠮᠥᠩᠭᠦ ᠶᠢᠨ ᠡᠬᠡ ᠬᠦᠦ | ᠲᠠᠢ ᠨᠢ ᠪᠤᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠪᠠ᠃ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 55 | ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠬᠤᠭᠤᠴᠠᠭ᠎ᠠ ᠨᠢ ᠲᠤᠯᠤᠭᠰᠠᠨ ᠡᠬᠡ ᠮᠥᠩᠭᠦ ᠶᠢ ᠪᠤᠴᠠᠭᠠᠬᠤ ᠳᠤ | ᠬᠡᠷᠡᠭᠯᠡᠪᠡ︔ ᠲᠥᠰᠦᠪ ᠤᠨ ᠳᠣᠲᠣᠷ᠎ᠠ 14.91 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ | ᠬᠤᠭᠤᠴᠠᠭ᠎ᠠ ᠲᠤᠯᠤᠭᠰᠠᠨ ᠬᠦᠦ ᠮᠥᠩᠭᠦ ᠶᠢ ᠲᠥᠯᠥᠬᠦ ᠳᠤ ᠬᠡᠷᠡᠭᠯᠡᠪᠡ᠃ ᠭᠤᠷᠪᠠ ᠳᠤ᠂ ᠲᠤᠭᠤᠷᠢᠭ ᠤᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ | ᠠᠬᠤᠶᠢᠯᠠᠯ ᠮᠥᠩᠭᠦᠨ ᠭᠦᠶᠯᠭᠡᠭᠡᠨ ᠤ ᠠᠷᠭ᠎ᠠ ᠪᠠᠷᠢᠯ ᠢ ᠠᠰᠢᠭᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ 7 | ᠳ᠋ᠦᠩᠰᠢᠭᠤᠷ ᠲᠥᠭᠦᠷᠢᠭ ᠬᠤᠳᠠᠯᠳᠤᠨ ᠠᠪᠴᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠴᠡᠪᠡᠷᠯᠡᠬᠦ | ᠳᠤ ᠬᠡᠷᠡᠭᠯᠡᠪᠡ᠃ ᠳᠥᠷᠪᠡ ᠳᠤ᠂ ᠤᠯᠤᠰ ᠤᠨ ᠪᠠᠶᠢᠭᠤᠯᠤᠯᠳᠤ ᠰᠢᠶᠠᠨ ︵ᠲᠣᠭᠤᠷᠢᠭ ︶ ᠤ ᠳᠠᠯᠳᠠ ᠥᠭᠴᠡᠭᠡᠨ ᠤ ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢ | ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 29.4 ᠳ᠋ᠦᠩᠰᠢᠭᠤᠷ | ᠲᠥᠭᠦᠷᠢᠭ ᠤᠯᠬᠤ ᠪᠠᠷ ᠴᠢᠷᠮᠠᠶᠢᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠲᠠᠯ᠎ᠠ ᠪᠠᠷ᠄ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠤ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠵᠣᠯᠭᠠᠭᠤᠯᠵᠤ᠂ ᠪᠥᠬᠦ ᠵᠢᠯ ᠳᠤ ᠨᠡᠶᠢᠲᠡ 1532 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠣᠷᠣᠭᠤᠯᠵᠤ᠂ ︽ᠬᠤᠶᠠᠷ ᠲᠤ ᠵᠣᠪᠠᠭ᠋ᠤ | ᠥᠬᠡᠶ ᠭᠤᠷᠪᠠ ᠶᠢ ᠪᠠᠲᠤᠯᠠᠬᠤ ︾ ᠶᠢ ᠦᠷᠭᠦᠯᠵᠢᠯᠡᠨ ᠪᠠᠬᠢᠵᠢᠭᠦᠯᠵᠦ᠂ ᠠᠵᠤ ᠦᠶᠯᠡᠰ ᠢᠶᠠᠷ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ | ᠬᠤᠪᠢ ᠣᠷᠣᠭᠤᠯᠤᠨ ᠠᠰᠢᠭ ᠬᠤᠪᠢᠶᠠᠬᠤ᠂ ᠠᠵᠢᠯ ᠣᠯᠭᠤᠯᠲᠠ ᠪᠠᠷ ᠲᠡᠳᠬᠦᠬᠦ ᠵᠡᠷᠭᠡ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠶᠳᠪᠦᠷᠢᠲᠦ ᠢᠯᠠᠯᠲᠠ ᠶᠢ ᠤᠯᠬᠤ ᠳᠤ ᠪᠠᠲᠤ ᠪᠠᠬᠢ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ᠃ ᠪᠣᠬᠢᠷᠲᠤᠯ ᠢ | ᠰᠡᠷᠭᠡᠶᠢᠯᠡᠨ ᠵᠠᠰᠠᠬᠤ ᠲᠠᠯ᠎ᠠ ᠪᠠᠷ ᠪᠦᠬᠦ ᠬᠦᠴᠦᠨ ᠢᠶᠠᠷ ᠲᠡᠮᠵᠢᠪᠡ᠃ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠪᠠᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ | ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠠᠮᠢᠳᠤᠷᠠᠯ ᠤᠨ ᠬᠤᠭ ᠨᠣᠪᠰᠢ ᠶᠢ | ᠰᠢᠶᠳᠪᠦᠷᠢᠯᠡᠬᠦ ᠦᠶᠯᠡᠳᠪᠦᠷᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠡᠷᠭᠡ ᠶᠢ ᠲᠠᠮᠵᠢᠪᠡ᠃ ᠪᠥᠬᠦ ᠵᠢᠯ ᠳᠤ 6466 ᠲᠦᠮᠡᠨ ᠲᠥᠭᠦᠷᠢᠭ ᠤᠨ | ᠪᠠᠯᠠ ᠣᠷᠣᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠱᠠᠲᠤᠴᠢ ᠴᠢᠨᠠᠷᠲᠠᠶ ᠬᠠᠷᠠᠯᠲᠠ ᠶᠢ ᠪᠡᠶᠡᠯᠡᠭᠦᠯᠵᠦ᠂ ᠠᠮᠢ ᠠᠬᠤᠶ | ᠶᠢᠨ ᠬᠠᠮᠠᠭᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ | 7. ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ | ᠬᠢᠷᠢ ᠬᠡᠮᠵᠢᠶ᠎ᠡ ᠪᠠᠨ ᠲᠡᠭᠡᠭᠰᠢᠬᠦᠯᠪᠡ᠃ ᠨᠢᠭᠡ ᠳᠤ᠂ ︽ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠬᠤ | ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠮᠡᠳᠡᠭᠳᠡᠯ︾ ︵ᠳ᠋ᠦᠩᠱᠧᠩ ᠨᠠᠮ ᠠᠯᠪᠠᠨ ᠲᠠᠷᠬᠠᠭᠠᠭᠰᠠᠨ [2020] 26 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠳ᠋ ᠤᠨ ᠵᠠᠰᠠᠭ ᠤᠨ | ᠵᠠᠷᠤᠯᠭ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠡᠩ ᠤᠨ ᠴᠢᠨᠠᠷᠲᠠᠶ ᠵᠠᠷᠤᠯᠭ᠎ᠠ ᠶᠢ ᠶᠡᠬᠡᠪᠡᠷ ᠪᠠᠭᠠᠰᠬᠠᠵᠤ᠂ ᠪᠥᠬᠦ ᠵᠢᠯ ᠤᠨ ᠡᠩ ᠤᠨ ᠴᠢᠨᠠᠷᠲᠠᠶ | ᠵᠠᠷᠤᠯᠭ᠎ᠠ 23.08 % ᠪᠠᠷ ᠪᠠᠭᠤᠷᠠᠪᠠ᠃ ᠬᠤᠶᠠᠷ ᠲᠤ᠂ ︽ᠣᠷᠣᠨ ᠨᠤᠲᠤᠭ ᠤᠨ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢᠨ ᠴᠢᠯᠥᠭᠡᠲᠡᠶ ᠪᠠᠶᠢᠯᠭᠠᠬᠤ | ᠬᠤᠯᠪᠣᠭᠳᠠᠯ ᠪᠥᠬᠦᠶ ᠵᠦᠶᠯᠡᠰ ᠢ ᠠᠬᠢᠭᠤᠯᠬᠤ ᠲᠤᠬᠠᠶ ᠮᠡᠳᠡᠭᠳᠡᠯ︾ ︵ᠡᠳ᠋ ᠲᠥᠰᠦᠪ [2015]15 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ︽ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ | ᠶᠢᠨ ᠨᠢᠭᠡᠳᠦᠯᠲᠡᠶ ᠲᠥᠯᠥᠪᠯᠡᠨ ᠬᠡᠷᠡᠭᠯᠡᠬᠦ ᠲᠥᠰᠦᠯ ︾ ᠢ ᠪᠠᠲᠤᠯᠠᠵᠤ᠂ ᠳ᠋ᠦᠩᠨᠡᠨ ᠰᠢᠯᠵᠢᠭᠦᠯᠦᠭᠡᠳ ᠬᠤᠶᠠᠷ ᠵᠢᠯ ᠠᠴᠠ ᠬᠡᠲᠦᠷᠡᠭᠰᠡᠨ ᠰᠤᠷᠭᠠᠨ ᠬᠥᠮᠦᠵᠢᠯ ᠤᠨ | ᠨᠡᠮᠡᠯᠲᠡ ᠶᠢ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠳᠤ ᠰᠢᠯᠵᠢᠭᠦᠯᠦᠨ ᠤᠷᠤᠭᠤᠯᠪᠠ︔ ᠳ᠋ᠦᠩᠨᠡᠨ ᠰᠢᠯᠵᠢᠭᠦᠯᠦᠭᠰᠡᠨ ᠬᠤᠶᠠᠷ ᠵᠢᠯ ᠠᠴᠠ | ᠬᠡᠲᠦᠷᠡᠭᠰᠡᠨ ᠦᠯᠡᠳᠡᠪᠦᠷᠢ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢ ᠠᠯᠬᠤᠮ ᠠᠯᠬᠤᠮ ᠢᠶᠠᠷ ᠠᠮᠢᠳᠤᠯᠢᠭ ᠪᠣᠯᠭᠠᠨ ᠬᠤᠷᠢᠶᠠᠨ ᠠᠪᠴᠢᠷᠠᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠳᠤ ᠦᠶᠯᠡᠴᠢᠯᠡᠬᠦ ᠪᠠ ᠲᠦᠷ ᠥᠭᠬᠦ ᠵᠣᠭᠤᠰ ᠢ ᠰᠢᠩᠭᠡᠭᠡᠬᠦ ᠳᠤ ᠨᠢᠭᠡᠳᠦᠯᠲᠡᠶ ᠲᠥᠯᠥᠪᠯᠡᠨ | ᠬᠡᠷᠡᠭᠯᠡᠪᠡ᠃ ᠭᠤᠷᠪᠠ ᠳᠤ᠂ ᠲᠦᠷ ᠴᠠᠭ ᠤᠨ ᠵᠣᠭᠤᠰ ᠥᠭᠬᠦ ᠬᠡᠪᠴᠢᠶ᠎ᠡ ᠶᠢ ᠴᠢᠩᠭ᠎ᠠ ᠬᠢᠵᠠᠭᠠᠷᠯᠠᠪᠠ᠃ 2019 ᠣᠨ ᠤ ᠵᠢᠯ ᠤᠨ ᠡᠴᠦᠰ ᠲᠤ ᠮᠠᠨ ᠤ ᠣᠷᠣᠨ ᠤ | ᠲᠦᠷ ᠵᠣᠭᠤᠰ ᠲᠤᠰᠢᠶᠠᠭᠰᠠᠨ ᠦᠯᠡᠳᠡᠪᠦᠷᠢ 65.25 ᠳ᠋ᠦᠩᠰᠢᠭᠤᠷ ᠲᠥᠭᠦᠷᠢᠭ ᠲᠤ ᠬᠦᠷᠴᠦ᠂ 2020 ᠣᠨ ᠳᠤ 15.33 ᠳ᠋ᠦᠩᠰᠢᠭᠤᠷ ᠲᠥᠭᠦᠷᠢᠭ ᠰᠢᠨ᠎ᠡ | ᠪᠠᠷ ᠨᠡᠮᠡᠭᠳᠡᠵᠦ᠂ ᠲᠥᠰᠦᠪ ᠤᠨ ᠲᠣᠬᠢᠷᠠᠭᠤᠯᠤᠯᠲᠠ᠂ ᠦᠯᠡᠳᠡᠭᠡᠯ ᠪᠠᠯᠠ ᠮᠥᠩᠭᠦ ᠶᠢ ᠴᠢᠯᠥᠭᠡᠲᠡᠶ ᠪᠤᠯᠭᠠᠨ᠂ ᠢᠯᠭᠠᠷᠠᠭᠤᠯᠵᠤ ᠬᠤᠷᠢᠶᠠᠨ ᠠᠪᠬᠤ᠂ ᠰᠲ᠋ᠣᠺ ᠤᠨ ᠡᠷᠬᠡ | ᠶᠢ ᠰᠢᠯᠵᠢᠭᠦᠯᠦᠨ ᠥᠭᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ 19.37 ᠳ᠋ᠦᠩᠰᠢᠭᠤᠷ ᠲᠥᠭᠦᠷᠢᠭ ᠤᠨ ᠵᠠᠷᠤᠯᠭ᠎ᠠ ᠳᠤ ᠵᠢᠭᠰᠠᠭᠠᠨ ᠣᠷᠣᠭᠤᠯᠵᠤ᠂ 2020 | ᠣᠨ ᠤ ᠵᠢᠯ ᠤᠨ ᠡᠴᠦᠰ ᠲᠤ ᠡᠳ᠋ ᠤᠨ ᠵᠠᠰᠠᠭ ᠤᠨ ᠲᠦᠷ ᠵᠣᠭᠤᠰ ᠲᠤᠰᠢᠶᠠᠭᠰᠠᠨ ᠦᠯᠡᠳᠡᠪᠦᠷᠢ 61.21 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠪᠠᠷ | ᠨᠡᠮᠡᠭᠳᠡᠭᠰᠡᠨ ᠡᠳ᠋ ᠤᠨ ᠵᠠᠰᠠᠭ ᠤᠨ ᠲᠦᠷ ᠵᠣᠭᠤᠰ ᠥᠭᠬᠦ ᠬᠡᠪᠴᠢᠶ᠎ᠡ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠦᠪ ᠪᠠ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠲᠣᠰ ᠱᠠᠲᠤᠨ ᠤ ᠵᠠᠷᠤᠯᠭ᠎ᠠ ᠶᠢᠨ 5 % ᠶᠢᠨ ᠳᠣᠲᠣᠷ᠎ᠠ ᠬᠢᠵᠠᠭᠠᠷᠯᠠᠪᠠ᠃ ᠳᠥᠷᠪᠡ ᠳᠤ᠂ | ᠰᠢᠭᠤᠳ ᠬᠥᠷᠬᠦ ᠪᠠᠯᠠ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠤᠨ ᠬᠡᠷᠡᠭᠯᠡᠯᠲᠡ ᠶᠢ ᠴᠢᠩᠭᠠᠳᠬᠠᠵᠤ᠂ ᠪᠥᠬᠦ ᠵᠢᠯ ᠳᠤ ᠲᠥᠪ ᠤᠨ ᠰᠢᠭᠤᠳ ᠬᠥᠷᠬᠦ ᠪᠠᠯᠠ | ᠮᠥᠩᠭᠦ ᠶᠢ 3.12 ᠳ᠋ᠦᠩᠰᠢᠭᠤᠷ ᠲᠥᠭᠦᠷᠢᠭ ᠬᠡᠷᠡᠭᠯᠡᠵᠦ᠂ ᠰᠢᠭᠤᠳ ᠬᠥᠷᠬᠦ ᠪᠠᠯᠠ ᠮᠥᠩᠭᠦ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠰᠢᠭᠤᠳ ᠬᠦᠷᠭᠡᠬᠦ᠂ | ᠠᠵᠤ ᠠᠬᠤᠶᠢᠯᠠᠯ ᠳᠤ ᠰᠢᠭᠤᠳ ᠠᠰᠢᠭ ᠬᠦᠷᠲᠡᠭᠡᠵᠦ ᠠᠷᠠᠳ ᠲᠤ ᠰᠢᠭᠤᠳ ᠠᠰᠢᠭ ᠬᠦᠷᠲᠡᠭᠡᠬᠦ ᠢᠳᠡᠪᠬᠢ ᠦᠶᠯᠡᠳᠦᠯ ᠢ ᠭᠦᠶᠴᠡᠳ ᠪᠠᠳᠠᠷᠠᠭᠤᠯᠪᠠ᠃ ᠲᠠᠪᠤ ᠳᠤ᠂ | ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠰᠠᠨᠠᠯ︾ ︵ᠳ᠋ᠦᠩᠱᠧᠩ ᠵᠠᠰᠠᠭ ᠲᠠᠷᠬᠠᠭᠠᠭᠰᠠᠨ [ 2020] 47 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ | ᠠᠮᠵᠢᠯᠲᠠ ᠪᠦᠲᠦᠮᠵᠢ ᠶᠢᠨ ᠤᠨᠤᠯᠵᠢᠭᠤᠨ ᠪᠠ ᠠᠷᠭ᠎ᠠ ᠶᠢᠨ ᠲᠥᠰᠦᠪ ᠤᠨ ᠬᠠᠮᠢᠶᠠᠷᠤᠯᠲᠠ ᠳᠤ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ ᠡᠳ᠋ ᠤᠨ ᠵᠠᠰᠠᠭ ᠤᠨ | ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠬᠦᠴᠦᠯᠡᠨ ᠲᠡᠬᠡᠭᠰᠢᠯᠡᠬᠦᠯᠪᠡ᠃ ᠵᠢᠷᠭᠤᠭ᠎ᠠ ᠳᠤ᠂ | ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠶᠠᠪᠤᠭᠳᠠᠭᠰᠠᠨ ᠨᠢᠭᠡ ᠵᠢᠯ ᠤᠨ | ᠲᠤᠷᠰᠢ᠂ ᠡᠳ᠋ ᠤᠨ ᠬᠦᠴᠦᠨ ᠢ ᠦᠨᠳᠦᠰᠦᠨ ᠱᠠᠲᠤ ᠳᠠᠰᠢ ᠬᠡᠯᠪᠡᠶᠢᠯᠭᠡᠬᠦ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠳᠣᠭᠢᠷᠠᠭᠤᠯᠤᠭᠰᠠᠨ ᠣᠲᠣ ᠦᠶ᠎ᠡ | ᠶᠢᠨ ᠦᠨᠳᠦᠰᠦᠨ ᠱᠠᠲᠤᠨ ᠤ ᠡᠳ᠋ ᠤᠨ ᠵᠠᠰᠠᠭ ᠤᠨ ᠪᠠᠶᠢᠭᠤᠯᠤᠯ ᠢ ᠬᠦᠴᠦᠯᠡᠨ ᠪᠠᠶᠢᠭᠤᠯᠵᠤ᠂ ᠬᠦᠷᠢᠶᠡᠯᠡᠩ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ | ᠣᠷᠣᠯᠭ᠎ᠠ ᠶᠢ ᠨᠡᠮᠡᠭᠳᠡᠭᠦᠯᠬᠦ ᠢᠳᠡᠪᠬᠢᠵᠢᠯ ᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ ᠳᠣᠯᠤᠭ᠎ᠠ ᠳᠤ᠂ ︽ᠳ᠋ᠦᠩᠱᠧᠩ ᠲᠣᠭᠤᠷᠢᠭ ᠤᠨ ᠬᠡᠰᠡᠭ ᠤᠯᠤᠰ ᠤᠨ | ᠥᠮᠴᠢᠯᠡᠯᠲᠦ ᠬᠥᠷᠥᠩᠭᠡ ᠶᠢ ᠬᠤᠪᠢᠶᠠᠷᠢᠯᠠᠨ ᠰᠢᠯᠵᠢᠬᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠥᠰᠦᠯ︾ | ︵ᠳ᠋ᠦᠩᠱᠧᠩ ᠵᠠᠰᠠᠭ ᠲᠠᠷᠬᠠᠭᠠᠭᠰᠠᠨ [ 2020] 52 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠳ᠋ᠦᠩᠱᠧᠩ ᠲᠣᠭᠤᠷᠢᠭ ᠤᠨ ᠬᠡᠰᠡᠭ ᠤᠯᠤᠰ ᠤᠨ | ᠥᠮᠴᠢᠯᠡᠯᠲᠦ ᠬᠥᠷᠥᠩᠭᠡ ᠶᠢ ᠬᠤᠪᠢᠶᠠᠷᠢᠯᠠᠨ ᠰᠢᠯᠵᠢᠬᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠠᠵᠢᠯ ᠢ ᠦᠨᠡᠨᠬᠦ ᠰᠠᠶᠢᠲᠤᠷ | ᠬᠢᠪᠠ᠃ ᠨᠠᠢᠮᠠ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠣᠯᠤᠨ ᠵᠠᠰᠠᠭ ᠤᠨ ᠣᠷᠳᠣᠨ ᠤ ᠬᠤᠳᠠᠯᠳᠤᠨ ᠠᠪᠬᠤ ︽ᠰᠦᠯᠵᠢᠶ᠎ᠡ︾᠂ ︽ | ᠢᠨᠲ᠋ᠧᠷ ᠰᠦᠯᠵᠢᠶ᠎ᠡ + ᠵᠠᠰᠠᠭ ᠤᠨ ᠣᠷᠳᠣᠨ ᠤ ᠬᠤᠳᠠᠯᠳᠤᠨ ᠠᠪᠬᠤ︾ ᠡᠯᠧᠺᠲᠷᠦᠨ ᠲᠠᠪᠴᠠᠩ ᠢ ᠲᠣᠭᠲᠠᠭᠤᠨ ᠢᠶᠠᠷ ᠠᠵᠢᠯᠯᠠᠭᠤᠯᠬᠤ ᠶᠢ ᠭᠦᠨᠵᠡᠭᠡᠢ | ᠠᠬᠢᠭᠤᠯᠪᠠ᠃ ᠶᠢᠰᠦ ᠳᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠤᠬᠢᠷᠠᠯ ᠢ ᠲᠤᠰᠬᠠᠢ | ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠬᠤᠯᠪᠣᠭᠳᠠᠯ ᠪᠦᠬᠦᠢ ᠦᠨᠡᠯᠡᠯᠲᠡ ᠶᠢ ᠢᠳᠡᠪᠬᠢᠲᠡᠢ ᠥᠷᠨᠢᠭᠦᠯᠵᠦ᠂ ᠨᠡᠬᠡᠮᠵᠢᠯᠡᠨ ᠲᠤᠰᠢᠶᠠᠯᠭᠠᠬᠤ ᠠᠵᠢᠯ ᠳᠤ | ᠦᠨᠳᠦᠰᠦᠯᠡᠯ ᠬᠠᠩᠭᠠᠪᠠ᠃ | ᠲᠥᠯᠥᠭᠡᠯᠡᠭᠴᠢᠳ ᠡ᠂ 2020 ᠣᠨ ᠳᠤ ᠠᠵᠤ ᠠᠬᠤᠢ ᠪᠠᠭᠤᠷᠠᠬᠤ ᠳᠠᠷᠤᠯᠲᠠ ᠮᠥᠨ ᠯᠡ ᠨᠡᠯᠢᠶᠡᠳ ᠶᠡᠭᠡ᠂ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ | ᠵᠥᠷᠢᠴᠡᠯ ᠣᠨᠴᠠᠭᠠᠢ ᠲᠤᠪᠤᠶᠢᠮ᠎ᠠ ᠪᠠᠶᠢᠬᠤ ᠪᠠᠶᠢᠳᠠᠯ ᠳᠣᠣᠷ᠎ᠠ᠂ ᠡᠳ᠋ ᠤᠨ ᠵᠠᠰᠠᠭ ᠤᠨ ᠠᠵᠢᠯ ᠦᠨᠳᠦᠰᠦᠨ ᠳᠡᠭᠡᠨ ᠲᠣᠭᠲᠠᠭᠤᠨ ᠪᠠᠶᠢᠵᠤ᠂ ᠡᠳ᠋ ᠤᠨ ᠵᠠᠰᠠᠭ ᠭᠠᠶᠢᠯᠢ | ᠶᠢᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠤᠨ ᠬᠠᠷᠠᠯᠲᠠ ᠪᠠᠨ | ᠨᠡᠯᠢᠶᠡᠳ ᠠᠮᠵᠢᠯᠳᠠᠳᠠᠢ ᠪᠡᠶᠡᠯᠡᠭᠦᠯᠪᠡ᠃ ᠡᠭᠦᠨ ᠤ ᠬᠠᠮᠲᠤ᠂ ᠪᠢᠳᠡ ᠡᠳ᠋ ᠤᠨ ᠵᠠᠰᠠᠭ ᠤᠨ ᠠᠵᠢᠯ ᠤᠨ ᠶᠠᠪᠤᠴᠠ ᠳᠤ ᠪᠠᠰᠠ ᠵᠠᠷᠢᠮ ᠣᠮᠲᠣᠭᠠᠶᠢᠯᠠᠵᠤ ᠪᠣᠯᠤᠰᠢ | ᠥᠬᠡᠶ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠪᠠ᠂ ᠭᠤᠤᠯᠳᠠᠭᠤ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠨᠢ ᠠᠵᠤ ᠠᠬᠤᠶ ᠳᠤ ᠦᠵᠡᠭᠦᠯᠬᠦ ᠨᠥᠯᠥᠭᠡ ᠨᠢ ᠲᠥᠰᠦᠪ ᠢ ᠭᠦᠶᠴᠡᠳᠬᠡᠬᠦ ᠳᠤ ᠨᠡᠯᠢᠶᠡᠳ ᠶᠡᠭᠡ ᠲᠠᠭᠠᠷᠢᠯᠲᠠ ᠤᠴᠠᠷᠠᠭᠤᠯᠵᠤ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠣᠨᠴᠠᠭᠠᠶ ᠲᠣᠪᠣᠶᠢᠮ᠎ᠠ ᠪᠠᠶᠢᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠪᠠᠰᠠ ᠤᠯᠠᠮ ᠨᠢᠭᠡ | ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠲᠤᠶᠢᠯ ᠤᠨ ᠬᠠᠲᠠᠭᠤ | ᠪᠡᠷᠬᠡ᠂ ᠡᠳ᠋ ᠤᠨ ᠵᠠᠰᠠᠭ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠠᠪᠤᠳᠠᠯ ᠲᠤᠶᠢᠯ ᠤᠨ ᠲᠤᠯᠭᠠᠮ᠎ᠠ ᠱᠠᠭᠠᠷᠳᠠᠭᠳᠠᠵᠤ | ᠪᠠᠶᠢᠨ᠎ᠠ᠃ ᠪᠢᠳᠡ ᠡᠳᠡᠭᠡᠷ ᠠᠰᠠᠭᠤᠳᠠᠯ ᠢ ᠵᠥᠪ ᠢᠶᠠᠷ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠳᠡᠪᠬᠢᠲᠡᠶ ᠪᠠᠷ ᠠᠷᠭᠠᠴᠠᠵᠤ᠂ ᠬᠡᠯᠪᠡᠷᠢ ᠪᠠᠨ | ᠬᠤᠪᠢᠷᠠᠭᠤᠯᠤᠨ ᠬᠥᠭᠵᠢᠭᠦᠯᠬᠦ ᠶᠢ ᠳᠡᠮᠵᠢᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠶᠢ ᠪᠣᠳᠠᠲᠠᠶᠢᠵᠢᠭᠤᠯᠤᠨ᠎ᠠ︔ ᠲᠥᠰᠦᠪ ᠤᠨ | ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠪᠠᠷ ᠳᠠᠮᠵᠢᠭᠤᠯᠤᠨ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠪᠠᠶᠢᠳᠠᠯ ᠢ ᠪᠠᠳᠤᠯᠠᠨ᠎ᠠ︔ ᠣᠯᠠᠨ ᠲᠠᠯ᠎ᠠ ᠪᠠᠷ | ᠴᠤᠭᠯᠠᠭᠤᠯᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠡᠷᠭᠡᠶᠢᠯᠡᠨ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ | ᠦᠷᠨᠢᠬᠦᠯᠵᠦ᠂ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ | | ᠬᠤᠶᠠᠷ᠂ 2021 ᠣᠨ ᠤ ᠲᠥᠰᠦᠪ ︵ᠲᠥᠰᠦᠯ︶ | | ︽ᠲᠥᠰᠦᠪ ᠤᠨ ᠬᠠᠤᠯᠢ︾ ᠶᠢᠨ ᠱᠠᠭᠠᠷᠳᠠᠯᠭ᠎ᠠ ᠶᠣᠰᠣᠭᠠᠷ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠦᠨᠡᠨ ᠠᠴᠠ | ᠵᠥᠪ ᠢ ᠡᠷᠢᠬᠦ᠂ ᠰᠢᠨᠵᠢᠯᠡᠬᠦ ᠤᠬᠠᠭᠠᠨᠴᠢ ᠪᠠᠷ ᠲᠥᠰᠦᠭᠡᠯᠡᠬᠦ᠂ ᠴᠢᠳᠠᠯ ᠤᠨ ᠢᠶᠠᠨ ᠬᠢᠷᠢ ᠪᠠᠷ ᠬᠢᠬᠦ᠂ ᠨᠠᠷᠢᠨ ᠨᠢᠭᠲᠠ ᠲᠥᠯᠥᠪᠯᠡᠨ ᠪᠤᠳᠤᠬᠤ᠂ ᠭᠤᠣᠯᠳᠠᠯᠭ᠎ᠠ ᠶᠢ | ᠪᠠᠲᠤᠯᠠᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠪᠠᠶᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠠᠮᠵᠢᠯᠲᠠ | ᠪᠦᠲᠦᠮᠵᠢ ᠶᠢ ᠴᠢᠬᠤᠯᠠᠴᠢᠯᠠᠬᠤ︾ ᠵᠠᠷᠴᠢᠮ ᠢ ᠦᠨᠳᠦᠰᠦᠯᠡᠵᠦ᠂ ᠡᠨᠡ ᠵᠢᠯ ᠤᠨ ᠲᠥᠰᠦᠪ ᠢ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ ᠰᠠᠶᠢᠲᠤᠷ | ᠬᠡᠷᠡᠭᠵᠢᠭᠦᠯᠦᠨ᠎ᠡ᠃ 2021 ᠣᠨ ᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠥᠰᠦᠪ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠂ ᠬᠤᠳᠠ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠶᠢ ᠬᠦᠨᠵᠡᠬᠡᠢ ᠲᠤᠤᠱᠯᠠᠭᠤᠯᠵᠤ᠂ ︽ᠲᠥᠰᠦᠪ ᠤᠨ ᠬᠠᠤᠯᠢ︾᠂ ︽ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾ ᠢ ᠪᠥᠬᠦ ᠲᠠᠯ᠎ᠠ | ᠪᠠᠷ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ | ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠤᠯᠭᠠᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠢᠱᠢᠭᠰᠡᠨ ᠬᠠᠷᠠᠯᠲᠠ ᠶᠢ ᠰᠢᠨᠵᠢᠯᠡᠬᠦ | ᠤᠬᠠᠭᠠᠨᠴᠢ ᠪᠠᠷ ᠵᠦᠢ ᠵᠣᠬᠢᠰᠲᠠᠢ ᠲᠤᠬᠢᠷᠠᠭᠤᠯᠵᠤ᠂ ᠣᠷᠣᠯᠭ᠎ᠠ ᠪᠠᠨ ᠦᠵᠡᠵᠦ ᠵᠠᠷᠤᠬᠤ᠂ ᠣᠷᠣᠯᠭ᠎ᠠ ᠵᠠᠷᠤᠯᠭ᠎ᠠ ᠶᠢᠨ ᠲᠡᠩᠴᠡᠬᠦᠷᠢ ᠶᠢ ᠪᠠᠳᠤᠯᠠᠨ᠎ᠠ︔ ︽ᠨᠠᠷᠢᠯᠠᠵᠤ | ᠠᠮᠢᠳᠤᠷᠠᠬᠤ ︾ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠪᠠ ︽ᠭᠤᠷᠪᠠᠨ ᠵᠦᠶᠯ ᠤᠨ ᠠᠯᠪᠠᠨ ᠵᠠᠷᠤᠳᠠᠯ ︾ ᠤᠨ ᠵᠠᠷᠤᠯᠭ᠎ᠠ ᠶᠢ | ᠴᠢᠩᠭ᠎ᠠ ᠡᠵᠡᠮᠳᠡᠵᠦ᠂ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢ ᠪᠦᠲᠦᠮᠵᠢᠲᠡᠶ ᠪᠠᠷ ᠴᠢᠯᠥᠭᠡᠲᠡᠶ ᠪᠠᠶᠢᠯᠭᠠᠵᠤ᠂ ᠵᠠᠷᠤᠯᠭ᠎ᠠ ᠶᠢᠨ ᠪᠦᠲᠦᠴᠡ ᠶᠢ | ᠳᠣᠭᠢᠷᠠᠭᠤᠯᠤᠨ ᠰᠢᠯᠢᠳᠡᠭᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠪᠠᠲᠤ ᠪᠠᠬᠢ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠎ᠠ︔ ᠲᠥᠰᠦᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ︔ ᠣᠷᠣᠨ ᠨᠤᠲᠤᠭ ᠤᠨ | ᠵᠠᠰᠠᠭ ᠤᠨ ᠣᠷᠳᠣᠨ ᠤ ᠥᠭᠴᠡᠭᠡᠨ ᠤ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ | ᠢᠳᠡᠪᠬᠢᠲᠡᠢ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ | 1. ᠲᠤᠰ ᠱᠠᠲᠤᠨ ᠤ ᠡᠳ᠋ ᠤᠨ ᠬᠦᠴᠦᠨ ᠤ ᠣᠷᠣᠯᠭ᠎ᠠ ᠶᠢᠨ ᠲᠠᠯ᠎ᠠ ᠪᠠᠷ᠄ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ | ᠵᠢᠱᠢᠭᠰᠡᠨ ᠬᠠᠷᠠᠯᠲᠠ ᠪᠠ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠯ ᠢ ᠦᠨᠳᠦᠰᠦᠯᠡᠨ᠂ 2021 ᠣᠨ ᠤ ᠪᠥᠬᠦ ᠣᠷᠣᠨ ᠤ ᠡᠩ ᠤᠨ | ᠣᠯᠠᠨ ᠨᠡᠶᠢᠲᠡ ᠶᠢᠨ ᠲᠥᠰᠦᠪ ᠤᠨ ᠡᠯ᠎ᠡ ᠵᠦᠶᠯ ᠤᠨ ᠡᠳ᠋ ᠤᠨ ᠬᠦᠴᠦᠨ ᠤ ᠣᠷᠣᠯᠭ᠎ᠠ ᠶᠢ 60.61 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠰᠠᠨᠠᠭᠤᠯᠪᠠ᠂ | ᠡᠭᠦᠨ ᠳᠤ ᠪᠣᠳᠠᠲᠠᠶ ᠪᠠᠭᠲᠠᠭᠠᠬᠤ ᠨᠢ᠄ | ︵1︶ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 56.7 ᠳ᠋ᠦᠩᠰᠢᠭᠤᠷ ᠲᠥᠭᠦᠷᠢᠭ ᠲᠤ ᠬᠦᠷᠭᠡᠵᠦ᠂ 5 % ᠣᠷᠴᠢᠮ ᠨᠡᠮᠡᠭᠳᠡᠭᠦᠯᠦᠨ᠎ᠡ᠃ | ᠡᠭᠦᠨ ᠳᠤ᠄ ᠭᠠᠶᠢᠯᠢ ᠶᠢᠨ ᠣᠷᠣᠯᠭ᠎ᠠ 45.1 ᠳ᠋ᠦᠩᠰᠢᠭᠤᠷ ᠲᠥᠭᠦᠷᠢᠭ᠂ ᠭᠠᠶᠢᠯᠢ ᠶᠢᠨ ᠪᠤᠰᠤ ᠣᠷᠣᠯᠭ᠎ᠠ 11.6 ᠳ᠋ᠦᠩᠰᠢᠭᠤᠷ ᠲᠥᠭᠦᠷᠢᠭ᠃ | ︵2︶ ᠳᠡᠭᠡᠳᠦ ᠱᠠᠲᠤᠨ ᠤ ᠡᠩ ᠤᠨ ᠴᠢᠨᠠᠷᠲᠠᠢ ᠰᠢᠯᠵᠢᠭᠦᠯᠦᠨ ᠥᠭᠬᠦ ᠣᠷᠣᠯᠭ᠎ᠠ 10.12 ᠳ᠋ᠦᠩᠰᠢᠭᠤᠷ ᠲᠥᠭᠦᠷᠢᠭ᠂ ᠥᠩᠭᠡᠷᠡᠭᠰᠡᠨ ᠵᠢᠯ ᠤᠳ ᠤᠨ ᠡᠳ᠋ | ᠤᠨ ᠵᠠᠰᠠᠭ ᠤᠨ ᠪᠠᠶᠢᠭᠤᠯᠤᠯ ᠤᠨ ᠲᠣᠭᠲᠠᠭᠠᠭᠰᠠᠨ ᠲᠣᠭᠲᠠᠮᠠᠯ ᠰᠠᠭᠤᠷᠢ ᠲᠤᠭ᠎ᠠ ᠶᠢᠨ ᠨᠥᠬᠦᠪᠥᠷᠢ ᠪᠣᠯᠤᠨ᠎ᠠ᠃ ᠡᠭᠦᠨ ᠳᠤ ᠭᠤᠣᠯᠳᠠᠭᠤ᠄ ᠪᠤᠴᠠᠭᠠᠬᠤ ᠴᠢᠨᠠᠷᠲᠠᠢ | ᠣᠷᠣᠯᠭ᠎ᠠ 5.87 ᠳ᠋ᠦᠩᠰᠢᠭᠤᠷ ᠲᠥᠭᠦᠷᠢᠭ᠂ ᠲᠡᠩᠴᠡᠭᠦᠷᠢᠲᠦ ᠴᠢᠨᠠᠷᠲᠠᠢ ᠰᠢᠯᠵᠢᠭᠦᠯᠦᠨ ᠥᠭᠬᠦ ᠨᠥᠬᠦᠪᠥᠷᠢ 0.91 ᠳ᠋ᠦᠩᠰᠢᠭᠤᠷ ᠲᠥᠭᠦᠷᠢᠭ᠂ ᠰᠢᠶᠠᠨ ᠤ | ᠱᠠᠲᠤᠨ ᠤ ᠦᠨᠳᠦᠰᠦᠨ ᠡᠳ᠋ ᠤᠨ ᠬᠦᠴᠦᠨ ᠢ ᠪᠠᠲᠤᠯᠠᠬᠤ ᠲᠣᠭᠲᠠᠴᠠ ᠶᠢᠨ ᠱᠠᠩᠨᠠᠯ ᠨᠥᠬᠦᠪᠥᠷᠢ ᠶᠢᠨ ᠣᠷᠣᠯᠭ᠎ᠠ 202 ᠲᠦᠮᠡᠨ ᠲᠥᠭᠦᠷᠢᠭ᠂ ᠦᠨᠳᠦᠰᠦᠲᠡᠨ ᠤ | ᠭᠠᠵᠠᠷ ᠣᠷᠣᠨ ᠳᠤ ᠰᠢᠯᠵᠢᠭᠦᠯᠦᠨ ᠥᠭᠬᠦ ᠨᠥᠬᠦᠪᠥᠷᠢ 0.24 ᠳ᠋ᠦᠩᠰᠢᠭᠤᠷ ᠲᠥᠭᠦᠷᠢᠭ᠂ ᠲᠣᠭᠲᠠᠮᠠᠯ ᠲᠣᠭᠠᠨ ᠤ ᠨᠥᠬᠦᠪᠥᠷᠢ 0.5 ᠳ᠋ᠦᠩᠰᠢᠭᠤᠷ ᠲᠥᠭᠦᠷᠢᠭ᠂ | ᠳ᠋ᠦᠩᠨᠡᠨ ᠪᠤᠳᠤᠬᠤ ᠨᠥᠬᠦᠪᠥᠷᠢ ᠶᠢᠨ ᠣᠷᠣᠯᠭ᠎ᠠ 2.58 ᠳ᠋ᠦᠩᠰᠢᠭᠤᠷ ᠲᠥᠭᠦᠷᠢᠭ ᠪᠠᠭᠲᠠᠨ᠎ᠠ᠃ | ︵3︶ ᠲᠥᠰᠦᠪ ᠤᠨ ᠲᠣᠭᠲᠠᠪᠤᠷᠢᠵᠢᠭᠤᠯᠤᠨ ᠳᠤᠬᠢᠷᠠᠭᠤᠯᠬᠤ ᠰᠠᠭᠤᠷᠢ ᠮᠥᠩᠭᠦ ᠶᠢ 1.5 ᠳ᠋ᠦᠩᠰᠢᠭᠤᠷ ᠲᠥᠭᠦᠷᠢᠭ ᠰᠢᠯᠵᠢᠭᠦᠯᠦᠨ ᠣᠷᠣᠭᠤᠯᠪᠠ᠃ | ︵4︶ ᠳᠡᠭᠡᠭᠰᠢ ᠲᠤᠰᠢᠶᠠᠬᠤ ᠳᠡᠭᠡᠳᠦ ᠱᠠᠲᠤᠨ ᠤ ᠡᠳ᠋ ᠤᠨ ᠵᠠᠰᠠᠭ ᠤᠨ ᠵᠠᠷᠤᠯᠭ᠎ᠠ 7.71 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠤ ᠳᠣᠲᠣᠷ᠎ᠠ | ᠤᠤᠯ ᠤᠨ ᠪᠠᠶᠢᠭᠤᠯᠤᠯ ᠤᠨ ᠳᠡᠭᠡᠭᠰᠢ ᠲᠤᠰᠢᠶᠠᠬᠤ ᠵᠠᠷᠤᠯᠭ᠎ᠠ 5.5 ᠳ᠋ᠦᠩᠰᠢᠭᠤᠷ ᠲᠥᠭᠦᠷᠢᠭ ᠲᠤ ᠬᠦᠷᠴᠦ᠂ ᠬᠥᠮᠦᠨ ᠳᠤᠮᠳᠠᠴᠢ ᠶᠢᠨ ᠡᠳ᠋ ᠤᠨ ᠬᠦᠴᠦᠨ ᠠᠴᠠ | 12 ᠲᠦᠮᠡᠨ ᠲᠥᠭᠦᠷᠢᠭ ᠳᠠᠪᠠᠪᠠᠯ ᠳᠡᠭᠡᠭᠰᠢ ᠲᠤᠰᠢᠶᠠᠬᠤ ᠨᠢ 0.25 ᠳ᠋ᠦᠩᠰᠢᠭᠤᠷ ᠲᠥᠭᠦᠷᠢᠭ ᠲᠤ ᠬᠦᠷᠴᠦ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠨᠢᠭᠡ | ᠴᠤᠭᠴᠠᠵᠢᠭᠤᠯᠪᠠᠯ ᠳᠡᠭᠡᠭᠰᠢ ᠲᠤᠰᠢᠶᠠᠬᠤ ᠵᠢᠴᠢ ᠦᠷᠳᠡᠭ ᠨᠡᠮᠡᠭᠳᠡᠯ ᠤᠨ ᠭᠠᠶᠢᠯᠢ ᠶᠢ ᠦᠯᠡᠳᠡᠭᠡᠨ ᠰᠠᠭᠤᠯᠭᠠᠵᠤ ᠪᠤᠴᠠᠭᠠᠬᠤ ᠭᠠᠶᠢᠯᠢ ᠶᠢ ᠳᠡᠭᠡᠭᠰᠢ ᠲᠤᠰᠢᠶᠠᠬᠤ | ᠵᠡᠷᠭᠡ ᠲᠤᠰᠬᠠᠢ ᠵᠦᠢᠯ ᠤᠨ ᠳᠡᠭᠡᠭᠰᠢ ᠲᠤᠰᠢᠶᠠᠬᠤ ᠵᠠᠷᠤᠯᠭ᠎ᠠ 1.96 ᠳ᠋ᠦᠩᠰᠢᠭᠤᠷ ᠲᠥᠭᠦᠷᠢᠭ ᠲᠤ ᠬᠦᠷᠴᠡᠢ᠃ | 2. ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ ᠵᠢᠴᠢ ᠰᠢᠯᠵᠢᠭᠦᠯᠦᠨ ᠥᠭᠬᠦ ᠣᠷᠣᠯᠭ᠎ᠠ ᠶᠢᠨ ᠲᠠᠯ᠎ᠠ ᠪᠠᠷ᠄ | ︵1︶ ᠲᠡᠬᠡᠳᠦ ᠱᠠᠳᠤᠨ ᠤ ᠦᠯᠡᠳᠡᠪᠦᠷᠢ ᠤᠷᠤᠯᠭ᠎ᠠ 13.63 ᠳ᠋ᠦᠩᠰᠢᠭᠤᠷ ᠲᠦᠬᠦᠷᠢᠭ᠂ ᠲᠤᠭᠤᠷᠢᠭ ᠤᠨ ᠱᠠᠳᠤᠨ ᠤ ᠦᠯᠡᠳᠡᠪᠦᠷᠢ ᠤᠷᠤᠯᠭ᠎ᠠ 3.39 | ᠳ᠋ᠦᠩᠰᠢᠭᠤᠷ ᠲᠦᠬᠦᠷᠢᠭ᠂ ᠲᠡᠬᠳᠦ ᠵᠢᠯ ᠠᠴᠠ ᠰᠢᠯᠵᠢᠬᠦᠯᠦᠨ ᠢᠷᠡᠬᠦᠯᠦᠭᠰᠡᠨ ᠤᠷᠤᠯᠭ᠎ᠠ 10.24 ᠳ᠋ᠦᠩᠰᠢᠭᠤᠷ ᠲᠦᠬᠦᠷᠢᠭ᠃ | ︵2︶ ᠲᠤᠰ ᠵᠢᠯ ᠤᠨ ᠳᠡᠭᠡᠳᠦ ᠱᠠᠲᠤᠨ ᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠣᠷᠣᠯᠭ᠎ᠠ ᠶᠢ 12 ᠳ᠋ᠦᠩᠰᠢᠭᠤᠷ ᠲᠥᠭᠦᠷᠢᠭ ᠢᠶᠠᠷ ᠵᠢᠱᠢᠪᠠ᠃ | 3. ᠲᠤᠰ ᠱᠠᠲᠤᠨ ᠤ ᠲᠥᠰᠦᠪ ᠤᠨ ᠵᠠᠷᠤᠯᠭ᠎ᠠ ᠶᠢᠨ ᠲᠠᠯ᠎ᠠ ᠪᠠᠷ᠄ ᠣᠷᠣᠯᠭ᠎ᠠ ᠯᠤᠭ᠎ᠠ ᠬᠠᠷᠢᠯᠴᠠᠨ ᠵᠣᠬᠢᠴᠠᠭᠤᠯᠵᠤ᠂ ︽ᠣᠷᠣᠯᠭ᠎ᠠ ᠪᠠᠷ ᠵᠠᠷᠤᠯᠭ᠎ᠠ ᠶᠢ | ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ︾ ᠵᠠᠷᠴᠢᠮ ᠶᠣᠰᠣᠭᠠᠷ᠂ 2021 ᠣᠨ ᠤ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ | ᠶᠢᠨ ᠲᠥᠰᠦᠪ ᠤᠨ ᠵᠠᠷᠤᠯᠭ᠎ᠠ ᠶᠢ 60.61 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠰᠠᠨᠠᠭᠤᠯᠪᠠ᠃ ᠪᠣᠳᠠᠲᠠᠶ ᠪᠠᠭᠲᠠᠭᠠᠬᠤ ᠨᠢ᠄ | ︵1︶ ᠠᠵᠢᠯᠲᠠᠨ ᠤ ᠴᠠᠯᠢᠩ ᠢ ᠲᠣᠬᠢᠷᠠᠭᠤᠯᠬᠤ ᠵᠠᠷᠤᠯᠭ᠎ᠠ 27.43 ᠳ᠋ᠦᠩᠰᠢᠭᠤᠷ ᠲᠥᠭᠦᠷᠢᠭ᠃ | ︵2︶ ᠰᠠᠯᠠᠭ᠎ᠠ ᠮᠥᠴᠢᠷ ᠤᠨ ᠠᠯᠪᠠᠨ ᠵᠠᠷᠤᠳᠠᠯ ᠤᠨ ᠵᠠᠷᠤᠯᠭ᠎ᠠ ᠶᠢ 0.88 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ ︵ᠠᠯᠪᠠᠨ ᠵᠠᠷᠤᠳᠠᠯ᠂ ᠵᠠᠮ | ᠬᠠᠷᠢᠯᠴᠠᠭᠠᠨ ᠤ ᠵᠠᠷᠤᠳᠠᠯ᠂ ᠳᠤᠯᠠᠭᠠᠯᠠᠬᠤ ᠵᠠᠷᠤᠳᠠᠯ︶᠃ | ︵3︶ ᠰᠠᠯᠠᠭ᠎ᠠ ᠮᠥᠴᠢᠷ ᠤᠨ ᠡᠩ ᠤᠨ ᠴᠢᠨᠠᠷᠲᠠᠢ ᠵᠦᠢᠯᠡᠰ ᠵᠢᠴᠢ ᠠᠷᠠᠳ ᠤᠨ ᠠᠮᠢᠳᠤᠷᠠᠯ ᠤᠨ ᠵᠦᠢᠯᠡᠰ ᠤᠨ ᠵᠠᠷᠤᠯᠭ᠎ᠠ ᠶᠢ 15.5 ᠳ᠋ᠦᠩᠰᠢᠭᠤᠷ | ᠲᠥᠭᠦᠷᠢᠭ ᠲᠤᠬᠢᠷᠠᠭᠤᠯᠤᠨ᠎ᠠ᠂ ᠡᠭᠦᠨ ᠳᠤ ᠵᠠᠰᠠᠭ ᠵᠠᠬᠢᠷᠭ᠎ᠠ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠲᠤᠰᠬᠠᠢ ᠵᠦᠢᠯᠡᠰ 3.35 | ᠳ᠋ᠦᠩᠰᠢᠭᠤᠷ ᠲᠥᠭᠦᠷᠢᠭ ︵ᠡᠭᠦᠨ ᠳᠤ ᠥᠷᠢ ᠰᠢᠢᠳᠪᠦᠷᠢᠯᠡᠬᠦ ᠪᠡᠯᠡ ᠮᠥᠩᠭᠦ 1 ᠳ᠋ᠦᠩᠰᠢᠭᠤᠷ ᠲᠥᠭᠦᠷᠢᠭ︶᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠤᠨ ᠲᠤᠰᠬᠠᠢ ᠵᠦᠢᠯᠡᠰ 0.93 ᠳ᠋ᠦᠩᠰᠢᠭᠤᠷ ᠲᠥᠭᠦᠷᠢᠭ᠂ ᠨᠡᠶᠢᠭᠡᠮ ᠤᠨ ᠪᠠᠲᠤᠯᠠᠭ᠎ᠠ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠲᠤᠰᠬᠠᠢ | ᠵᠦᠢᠯᠡᠰ 3.14 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠲᠤᠰᠬᠠᠢ ᠵᠦᠢᠯᠡᠰ 1.01 ᠳ᠋ᠦᠩᠰᠢᠭᠤᠷ | ᠲᠥᠭᠦᠷᠢᠭ᠂ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠲᠤᠰᠬᠠᠢ ᠵᠦᠢᠯᠡᠰ 3.35 ᠳ᠋ᠦᠩᠰᠢᠭᠤᠷ ᠲᠥᠭᠦᠷᠢᠭ ︵ᠡᠭᠦᠨ ᠳᠤ | ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ 1 ᠳ᠋ᠦᠩᠰᠢᠭᠤᠷ ᠲᠥᠭᠦᠷᠢᠭ︶᠂ ᠮᠡᠳᠡᠭᠡ ᠵᠠᠩᠭᠢ ᠰᠦᠯᠵᠢᠶᠡᠨ ᠤ ᠰᠠᠯᠠᠭ᠎ᠠ ᠮᠥᠴᠢᠷ ᠤᠨ ᠲᠤᠰᠬᠠᠢ ᠵᠦᠢᠯᠡᠰ 0. | 19 ᠳ᠋ᠦᠩᠰᠢᠭᠤᠷ ᠲᠥᠭᠦᠷᠢᠭ᠂ ᠬᠤᠲᠠ ᠶᠢᠨ ᠠᠵᠢᠯ ᠤᠨ ᠢ ᠬᠠᠮᠠᠭᠠᠯᠠᠬᠤ ᠵᠠᠷᠤᠯᠭ᠎ᠠ 3.53 ᠳ᠋ᠦᠩᠰᠢᠭᠤᠷ ᠲᠥᠭᠦᠷᠢᠭ᠃ | ︵4︶ ᠡᠯ᠎ᠡ ᠵᠦᠢᠯ ᠤᠨ ᠭᠤᠣᠯᠳᠠᠯᠭ᠎ᠠ ᠲᠠᠢ ᠵᠦᠢᠯᠡᠰ ᠤᠨ ᠵᠠᠷᠤᠯᠭ᠎ᠠ ᠶᠢ 206 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠂ ᠡᠭᠦᠨ ᠳᠤ᠄ ᠥᠷᠢ ᠲᠥᠯᠥᠬᠦ | ᠪᠡᠯᠡᠳᠬᠡᠯ ᠮᠥᠩᠭᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠤᠨ ᠪᠠᠶᠢᠭᠤᠯᠤᠯᠳᠠ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠵᠢᠴᠢ ᠬᠦᠳᠡᠭᠡ ᠲᠤᠰᠬᠤᠨ ᠤ ᠰᠤᠷᠲᠠᠯ ᠪᠣᠯᠪᠠᠰᠤᠨ᠂ | ᠨᠣᠮ ᠤᠨ ᠰᠠᠩ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠢᠨᠵᠧᠨᠧᠷᠢᠩ᠂ | ᠴᠢᠬᠡᠴᠢ ᠵᠠᠰᠠᠭ ᠤᠨ ᠬᠥᠮᠦᠵᠢᠯ ᠤᠨ ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠸᠠᠺᠼᠢᠨ ᠤ ᠲᠠᠷᠢᠯᠭ᠎ᠠ᠂ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ᠂ ᠬᠤᠭᠤᠴᠠᠭ᠎ᠠ ᠰᠣᠯᠢᠬᠤ ᠠᠯᠪᠠᠨ ᠵᠠᠷᠤᠳᠠᠯ᠂ ᠨᠡᠶᠢᠭᠡᠮ ᠲᠣᠭᠤᠷᠢᠭ ᠤᠨ ᠪᠠᠬᠢᠯᠡᠯᠲᠡ ᠶᠢᠨ ᠪᠥᠲᠥᠭᠡᠨ | ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ᠂ ᠠᠮᠢ ᠠᠬᠤᠶ ᠶᠢᠨ | ᠣᠷᠴᠢᠨ ᠲᠣᠭᠤᠷᠢᠨ ᠤ ᠵᠠᠰᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠭᠤᠷᠪᠠᠨ | ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ | ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ᠂ ᠡᠨᠧᠷᠭᠢ | ᠶᠢᠨ ᠬᠤᠷᠣᠭᠳᠠᠯ ᠤᠨ ᠬᠤᠣᠰ ᠡᠵᠡᠮᠰᠢᠯᠲᠦ ᠠᠵᠢᠯ᠂ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠭᠤᠯᠭ᠎ᠠ ᠶᠢ ᠰᠢᠶᠳᠪᠦᠷᠢᠯᠡᠬᠦ ᠵᠠᠷᠤᠳᠠᠯ᠂ ᠴᠢᠬᠤᠯᠠ | ᠶᠡᠭᠡ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠢᠴᠢ ᠨᠡᠶᠢᠭᠡᠮ ᠤᠨ ᠪᠦᠯᠬᠦᠮ ᠤᠨ ᠵᠠᠷᠤᠳᠠᠯ᠂ ᠤᠯᠤᠰ ᠤᠨ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ | ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠵᠠᠷᠤᠳᠠᠯ ᠵᠡᠷᠭᠡ ᠨᠡᠶᠢᠲᠡ 1 ᠳ᠋ᠦᠩᠰᠢᠭᠤᠷ ᠲᠥᠭᠦᠷᠢᠭ ᠪᠣᠶ᠂ ᠣᠷᠣᠯᠭ᠎ᠠ ᠠᠴᠠ ᠬᠤᠷᠢᠶᠠᠬᠤ ᠵᠠᠷᠤᠳᠠᠯ 0. | 2 ᠳ᠋ᠦᠩᠰᠢᠭᠤᠷ ᠲᠥᠭᠦᠷᠢᠭ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠲᠤᠰᠬᠠᠢ ᠨᠥᠬᠦᠪᠥᠷᠢ ᠵᠢᠴᠢ ᠳᠡᠭᠡᠭᠰᠢ ᠲᠤᠰᠢᠶᠠᠬᠤ ᠲᠤᠰᠬᠠᠢ ᠵᠦᠢᠯ ᠤᠨ ᠵᠠᠷᠤᠯᠭ᠎ᠠ | 0.24 ᠳ᠋ᠦᠩᠰᠢᠭᠤᠷ ᠲᠥᠭᠦᠷᠢᠭ ︵ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠴᠡᠴᠡᠷᠯᠢᠭᠵᠢᠬᠦᠯᠦᠯᠳᠡ ᠤᠶᠢᠵᠢᠭᠤᠯᠤᠯᠳᠠ᠂ ᠬᠤᠲᠠ ᠶᠢᠨ ᠶᠠᠪᠤᠳᠠᠯ ᠵᠡᠷᠭᠡ ᠠᠵᠢᠯ | ᠡᠷᠬᠡ ᠶᠢᠨ ᠬᠤᠪᠢᠶᠠᠷᠢᠯᠠᠯ᠂ ᠲᠣᠭᠤᠷᠢᠭ ᠪᠠ ᠪᠠᠯᠭᠠᠰᠤᠨ ᠤ ᠡᠳ᠋ ᠤᠨ ᠡᠷᠬᠡ ᠶᠢ ᠰᠢᠯᠵᠢᠭᠦᠯᠦᠨ ᠥᠭᠬᠦ︶᠂ ᠭᠠᠶᠢᠯᠢ ᠶᠢᠨ ᠪᠤᠰᠤ ᠣᠷᠣᠯᠭ᠎ᠠ ᠶᠢ ᠤᠷᠮᠠᠰᠢᠭᠤᠯᠬᠤ | ᠱᠠᠩᠨᠠᠯ ᠤᠨ ᠵᠠᠷᠤᠳᠠᠯ 700 ᠲᠦᠮᠡᠨ ᠲᠥᠭᠦᠷᠢᠭ᠂ ᠬᠤᠲᠠ ᠶᠢᠨ ᠨᠠᠷᠢᠯᠢᠬᠵᠢᠭᠤᠯᠤᠭᠰᠠᠨ ᠵᠠᠰᠠᠯᠲᠠ᠂ ᠪᠤᠯᠪᠠᠰᠤᠨ ᠬᠤᠳᠠ᠂ ᠡᠷᠡᠭᠦᠯ ᠬᠠᠮᠠᠭᠠᠯᠠᠯ ᠤᠨ ᠬᠤᠳᠠ ᠶᠢ | ᠡᠬᠦᠳᠦᠨ ᠪᠠᠶᠢᠭᠤᠯᠬᠤ ᠵᠡᠷᠭᠡ ᠠᠵᠢᠯ ᠤᠨ ᠵᠠᠷᠤᠳᠠᠯ 800 ᠲᠦᠮᠡᠨ ᠲᠥᠭᠦᠷᠢᠭ᠂ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠵᠢᠷᠤᠭ ᠲᠥᠯᠥᠪᠯᠡᠭᠡᠨ ᠤ ᠵᠠᠷᠤᠳᠠᠯ᠂ | ᠲᠦᠷᠦᠯ ᠵᠦᠢᠯ ᠤᠨ ᠲᠤᠰᠬᠠᠶ ᠮᠡᠷᠭᠡᠵᠢᠯᠲᠡᠨ ᠤ ᠵᠠᠷᠤᠳᠠᠯ᠂ ᠠᠶᠤᠯᠭᠦᠶ ᠦᠶᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠵᠠᠷᠤᠳᠠᠯ 700 ᠲᠦᠮᠡᠨ ᠲᠥᠭᠦᠷᠢᠭ | ᠂ ᠵᠠᠬᠢᠳᠠᠯ ᠰᠤᠷᠪᠤᠯᠵᠢᠯᠠᠭ᠎ᠠ ᠶᠢᠨ ᠨᠥᠭᠡᠴᠡ ᠮᠥᠩᠭᠦ ᠵᠢᠴᠢ ᠬᠥᠯᠥᠰᠥᠨ ᠠᠵᠢᠯᠴᠢᠨ ᠤ ᠴᠠᠯᠢᠩ 600 ᠲᠦᠮᠡᠨ ᠲᠥᠭᠦᠷᠢᠭ᠂ ᠬᠤᠳᠠᠯᠳᠤᠨ ᠠᠪᠬᠤ ᠵᠠᠷᠤᠳᠠᠯ᠂ | ᠪᠠᠴᠢᠮ ᠪᠠᠶᠢᠳᠠᠯ ᠢ ᠠᠷᠭᠠᠴᠠᠬᠤ ᠰᠡᠯᠪᠢᠨ ᠵᠠᠰᠠᠬᠤ ᠵᠠᠷᠤᠳᠠᠯ 500 ᠲᠦᠮᠡᠨ ᠲᠥᠭᠦᠷᠢᠭ᠂ ᠲᠥᠰᠦᠪ ᠤᠨ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ 500 | ᠲᠦᠮᠡᠨ ᠲᠥᠭᠦᠷᠢᠭ᠂ ᠬᠢᠵᠢᠭ ᠤᠨ ᠪᠠᠶᠢᠳᠠᠯ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠯᠪᠠᠨ ᠵᠠᠷᠤᠳᠠᠯ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠠᠷᠤᠳᠠᠯ 300 ᠲᠦᠮᠡᠨ ᠲᠥᠭᠦᠷᠢᠭ᠂ ᠪᠤᠰᠤᠳ ᠭᠤᠣᠯᠳᠠᠯᠭ᠎ᠠ ᠪᠣᠯᠬᠤ ᠵᠦᠢᠯᠡᠰ ᠤᠨ ᠵᠠᠷᠤᠯᠭ᠎ᠠ 0.21 | ᠳ᠋ᠦᠩᠰᠢᠭᠤᠷ ᠲᠥᠭᠦᠷᠢᠭ᠃ | ︵5︶ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠵᠢᠴᠢ ᠡᠬᠡ ᠬᠦᠦ ᠶᠢ ᠪᠤᠴᠠᠭᠠᠬᠤ ᠪᠤᠰᠤᠳ ᠵᠠᠷᠤᠯᠭ᠎ᠠ ᠶᠢ 12.7 ᠳ᠋ᠦᠩᠰᠢᠭᠤᠷ ᠲᠥᠭᠦᠷᠢᠭ | ᠳᠤᠬᠢᠷᠠᠭᠤᠯᠤᠨ᠎ᠠ᠃ | ︵6︶ ᠬᠦᠷᠢᠶᠡᠯᠡᠩ ᠲᠣᠭᠤᠷᠢᠭ᠂ ᠪᠠᠯᠭᠠᠰᠤᠨ ᠤ ᠵᠠᠷᠤᠯᠭ᠎ᠠ ᠶᠢ 1.39 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ | ︵7︶ ᠪᠡᠯᠡᠳᠬᠡᠯ ᠵᠠᠷᠤᠳᠠᠯ 0.65 ᠳ᠋ᠦᠩᠰᠢᠭᠤᠷ ᠲᠥᠭᠦᠷᠢᠭ ᠢ ᠲᠤᠬᠢᠷᠠᠭᠤᠯᠵᠤ᠂ ︽ᠲᠥᠰᠦᠪ ᠤᠨ ᠬᠠᠤᠯᠢ︾ ᠶᠢᠨ ᠲᠣᠭᠲᠠᠭᠠᠯ ᠶᠣᠰᠣᠭᠠᠷ᠂ ᠵᠠᠷᠤᠯᠭ᠎ᠠ | ᠶᠢᠨ ᠲᠥᠰᠦᠪ ᠤᠨ 1 % - 3 % ᠪᠠᠷ ᠯᠠᠪᠯᠠᠯᠲᠠ ᠪᠣᠯᠭᠠᠵᠤ ᠲᠤᠬᠢᠷᠠᠭᠤᠯᠤᠨ᠂ ᠲᠤᠰ ᠵᠢᠯ ᠤᠨ ᠲᠥᠰᠦᠪ ᠢ ᠭᠦᠢᠴᠡᠳᠬᠡᠬᠦ ᠳᠤᠮᠳᠠ ᠪᠠᠶᠢᠭᠠᠯᠢ ᠶᠢᠨ ᠭᠠᠮᠰᠢᠭ | ᠵᠡᠷᠭᠡ ᠭᠡᠨᠡᠳᠲᠡ ᠡᠭᠦᠰᠦᠭᠰᠡᠨ ᠬᠡᠷᠡᠭ ᠵᠢᠴᠢ ᠤᠷᠢᠳᠴᠢᠯᠠᠨ ᠮᠡᠳᠡᠬᠦᠶ᠎ᠡ ᠪᠡᠷᠬᠡ ᠪᠤᠰᠤᠳ ᠵᠠᠷᠤᠯᠭ᠎ᠠ ᠳᠤ ᠬᠡᠷᠡᠭᠯᠡᠨ᠎ᠡ᠃ | 2021 ᠣᠨ ᠤ ︽ᠭᠤᠷᠪᠠ ᠶᠢ ᠪᠠᠲᠤᠯᠠᠬᠤ︾ ᠶᠢᠨ ᠬᠡᠷᠡᠭᠯᠡᠵᠦ ᠪᠣᠯᠬᠤ ᠡᠳ᠋ ᠤᠨ ᠬᠦᠴᠦᠨ ᠵᠢᠴᠢ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠬᠡᠷᠡᠭᠴᠡᠭᠡ | ᠶᠢ ᠦᠨᠳᠦᠰᠦᠯᠡᠨ ᠲᠥᠰᠦᠭᠡᠯᠡᠨ ᠪᠤᠳᠤᠨ᠎ᠠ᠂ ᠮᠠᠨ ᠤ ᠲᠤᠭᠤᠷᠢᠭ ᠤᠨ 2021 ᠣᠨ ᠤ ︽ᠭᠤᠷᠪᠠ ᠶᠢ ᠪᠠᠲᠤᠯᠠᠬᠤ︾ ᠶᠢᠨ ᠬᠡᠷᠡᠭᠯᠡᠵᠦ ᠪᠣᠯᠬᠤ ᠡᠳ᠋ ᠤᠨ ᠬᠦᠴᠦᠨ | ᠨᠢ ᠤᠯᠤᠰ ᠤᠨ ᠪᠠᠲᠤᠯᠠᠭ᠎ᠠ ᠶᠢᠨ ᠬᠡᠪᠴᠢᠶ᠎ᠡ ᠪᠠ ᠪᠠᠷᠢᠮᠵᠢᠶ᠎ᠠ ᠶᠢ ᠬᠠᠮᠤᠷᠤᠭᠰᠠᠨ ︽ᠭᠤᠷᠪᠠ ᠶᠢ ᠪᠠᠲᠤᠯᠠᠬᠤ︾ ᠵᠠᠷᠤᠯᠭ᠎ᠠ ᠵᠢᠴᠢ ᠣᠷᠣᠨ ᠨᠤᠲᠤᠭ ᠤᠨ ᠪᠠᠲᠤᠯᠠᠭ᠎ᠠ | ᠶᠢᠨ ᠬᠡᠪᠴᠢᠶ᠎ᠡ ᠪᠠ ᠪᠠᠷᠢᠮᠵᠢᠶ᠎ᠠ ᠶᠢᠨ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠬᠠᠮᠤᠷᠤᠭᠰᠠᠨ ᠤ ᠳᠠᠷᠠᠭ᠎ᠠ᠂ ᠦᠯᠡᠳᠡᠭᠰᠡᠨ ᠡᠳ᠋ ᠤᠨ ᠬᠦᠴᠦᠨ ᠨᠢ ᠮᠠᠨ ᠤ | ᠲᠤᠭᠤᠷᠢᠭ ᠤᠨ 2021 ᠣᠨ ᠤ ᠬᠤᠭᠤᠴᠠᠭ᠎ᠠ ᠲᠤᠯᠤᠭᠰᠠᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠮᠥᠩᠭᠦ ᠶᠢ ᠪᠥᠬᠦ ᠲᠤᠭ᠎ᠠ ᠪᠠᠷ ᠨᠢ ᠪᠠᠲᠤᠯᠠᠵᠤ | ᠳᠡᠶᠢᠯᠬᠦ ᠥᠬᠡᠶ᠂ ᠲᠠᠷᠠᠭᠠᠴᠢ ᠶᠢᠨ ᠠᠯᠬᠤᠮ ᠳᠤ ᠲᠥᠰᠦᠪ ᠢ ᠭᠦᠢᠴᠡᠳᠬᠡᠬᠦ ᠶᠠᠪᠤᠴᠠ ᠳᠤ ᠬᠡᠰᠡᠭ ᠭᠤᠣᠯᠳᠠᠯᠭ᠎ᠠ ᠲᠠᠢ ᠪᠤᠰᠤ ᠵᠠᠷᠤᠯᠭ᠎ᠠ ᠶᠢ ᠪᠠᠭᠠᠰᠬᠠᠨ | ᠢᠯᠭᠠᠷᠠᠭᠤᠯᠤᠨ᠎ᠠ᠂ ᠰᠠᠯᠠᠭ᠎ᠠ ᠮᠥᠴᠢᠷ ᠤᠨ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠵᠢᠴᠢ ᠪᠤᠰᠤᠳ ᠡᠩ ᠤᠨ ᠴᠢᠨᠠᠷᠲᠠᠢ ᠵᠠᠷᠤᠯᠭ᠎ᠠ ᠶᠢ | ᠦᠷᠭᠦᠯᠵᠢᠯᠡᠨ ᠪᠠᠭᠠᠰᠬᠠᠨ᠎ᠠ᠂ ᠰᠤᠯᠠᠯᠠᠵᠤ ᠭᠠᠷᠭᠠᠭᠰᠠᠨ ᠬᠡᠷᠡᠭᠯᠡᠵᠦ ᠪᠣᠯᠬᠤ ᠡᠳ᠋ ᠤᠨ ᠬᠦᠴᠦᠨ ᠢ ᠬᠤᠭᠤᠴᠠᠭ᠎ᠠ ᠲᠤᠯᠤᠭᠰᠠᠨ ᠡᠩ ᠤᠨ ᠵᠢᠭᠡᠯᠡᠯᠭᠡ ᠶᠢᠨ ᠲᠡᠮᠳᠡᠭᠲᠦ | ᠶᠢᠨ ᠡᠬᠡ ᠬᠦᠦ ᠮᠥᠩᠭᠦ ᠶᠢ ᠪᠤᠴᠠᠭᠠᠬᠤ ᠳᠤ ᠬᠡᠷᠡᠭᠯᠡᠨ᠎ᠡ᠃ | 4 . ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ ᠵᠢᠴᠢ ᠰᠢᠯᠵᠢᠭᠦᠯᠦᠨ ᠥᠭᠬᠦ ᠣᠷᠣᠯᠭ᠎ᠠ ᠶᠢ ᠲᠣᠬᠢᠷᠠᠭᠤᠯᠬᠤ ᠵᠠᠷᠤᠯᠭ᠎ᠠ ᠶᠢᠨ ᠲᠠᠯ᠎ᠠ ᠪᠠᠷ᠄ | ︵1︶ ᠲᠦᠷᠦᠭᠦᠦ ᠵᠢᠯ ᠤᠨ ᠦᠯᠡᠳᠡᠪᠦᠷᠢ ᠣᠷᠣᠯᠭ᠎ᠠ ᠶᠢ 13.63 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠤᠨ᠎ᠠ᠃ ᠭᠤᠣᠯᠳᠠᠭᠤ ᠲᠤᠭᠤᠷᠢᠭ ᠤᠨ ᠲᠣᠰ | ᠱᠠᠲᠤᠨ ᠤ ᠦᠯᠡᠳᠡᠪᠦᠷᠢ ᠣᠷᠣᠯᠭ᠎ᠠ ᠶᠢ 3.39 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠥᠩᠭᠡᠷᠡᠭᠰᠡᠨ ᠵᠢᠯ ᠤᠳ ᠤᠨ ᠲᠡᠬᠡᠳᠦ ᠱᠠᠲᠤᠨ ᠤ ᠰᠢᠯᠵᠢᠭᠦᠯᠦᠨ | ᠥᠭᠭᠦᠭᠰᠡᠨ ᠦᠯᠡᠳᠡᠪᠦᠷᠢ ᠣᠷᠣᠯᠭ᠎ᠠ ᠶᠢ 10.24 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ | ︵2︶ ᠲᠤᠬᠠᠢ ᠶᠢᠨ ᠵᠢᠯ ᠤᠨ ᠳᠡᠭᠡᠳᠦ ᠱᠠᠲᠤᠨ ᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠣᠷᠣᠯᠭ᠎ᠠ ᠶᠢ ᠵᠢᠱᠢᠯᠲᠡ ᠪᠠᠷ 12 ᠳ᠋ᠦᠩᠰᠢᠭᠤᠷ | ᠲᠥᠭᠦᠷᠢᠭ ᠲᠤᠬᠢᠷᠠᠭᠤᠯᠤᠨ᠎ᠠ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ | 2021 ᠣᠨ ᠤ ᠪᠥᠭ᠊ ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ 10.2 ᠳ᠋ᠦᠩᠰᠢᠭᠤᠷ | ᠲᠥᠭᠦᠷᠢᠭ ᠲᠣᠬᠢᠷᠠᠭᠤᠯᠬᠤ ᠪᠠᠷ ᠰᠠᠨᠠᠭᠤᠯᠵᠤ ᠪᠠᠶᠢᠨ᠎ᠠ᠂ ᠡᠭᠦᠨ ᠳᠤ᠄ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠢᠮᠳᠠ ᠪᠠᠷ | ᠬᠤᠳᠠᠯᠳᠤᠭᠰᠠᠨ ᠣᠷᠣᠯᠭ᠎ᠠ 8.1 ᠳ᠋ᠦᠩᠰᠢᠭᠤᠷ ᠲᠥᠭᠦᠷᠢᠭ᠂ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠠᠰᠢᠭ ᠣᠯᠵᠠᠪᠤᠷᠢ ᠶᠢᠨ ᠰᠠᠭᠤᠷᠢ ᠮᠥᠩᠭᠦ ᠶᠢᠨ | ᠣᠷᠣᠯᠭ᠎ᠠ 0.4 ᠳ᠋ᠦᠩᠰᠢᠭᠤᠷ ᠲᠥᠭᠦᠷᠢᠭ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠰᠦᠶᠳᠬᠡᠯ ᠤᠨ ᠣᠷᠣᠯᠭ᠎ᠠ 1.5 ᠳ᠋ᠦᠩᠰᠢᠭᠤᠷ | ᠲᠥᠭᠦᠷᠢᠭ᠂ ᠪᠣᠬᠢᠷ ᠤᠰᠤ ᠰᠢᠶᠳᠪᠦᠷᠢᠯᠡᠬᠦ ᠰᠦᠶᠳᠬᠡᠯ ᠤᠨ ᠣᠷᠣᠯᠭ᠎ᠠ 0.2 ᠳ᠋ᠦᠩᠰᠢᠭᠤᠷ ᠲᠥᠭᠦᠷᠢᠭ ᠪᠣᠯᠤᠨ᠎ᠠ᠃ | ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠵᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ︾ ᠵᠠᠷᠴᠢᠮ ᠤᠨ ᠶᠣᠰᠣᠭᠠᠷ 2021 ᠣᠨ ᠳᠤ ᠪᠦᠬᠦ | ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ 10.2 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ | ᠰᠠᠨᠠᠭᠤᠯᠪᠠ᠂ ᠡᠭᠦᠨ ᠳᠤ᠄ ᠤᠯᠤᠰ ᠠᠴᠠ ᠦᠮᠴᠢᠯᠡᠯᠳᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠵᠠᠷᠤᠯᠭ᠎ᠠ 8.1 ᠳ᠋ᠦᠩᠰᠢᠭᠤᠷ | ᠲᠥᠭᠦᠷᠢᠭ ︵ᠡᠭᠦᠨ ᠳᠤ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠵᠢᠴᠢ ᠪᠤᠰᠤᠳ ᠥᠷᠢ ᠥᠭᠴᠡᠭᠡ ᠶᠢ ᠪᠤᠴᠠᠭᠠᠬᠤ ᠵᠠᠷᠤᠯᠭ᠎ᠠ 0.5 ᠳ᠋ᠦᠩᠰᠢᠭᠤᠷ ᠲᠥᠭᠦᠷᠢᠭ︶ | ᠂ ᠭᠤᠣᠯᠳᠠᠭᠤ ᠭᠠᠵᠠᠷ ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠨᠥᠬᠦᠪᠥᠷᠢ ᠵᠠᠷᠤᠳᠠᠯ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠵᠢᠴᠢ ᠡᠬᠡ ᠬᠦᠦ ᠮᠥᠩᠭᠦ ᠶᠢ ᠪᠤᠴᠠᠭᠠᠬᠤ ᠵᠠᠷᠤᠯᠭ᠎ᠠ᠂ ᠤᠯᠤᠰ ᠤᠨ ᠦᠮᠴᠢᠯᠡᠯᠳᠦ ᠭᠠᠵᠠᠷ ᠰᠢᠷᠣᠢ ᠶᠢᠨ ᠠᠰᠢᠭ ᠣᠯᠵᠠᠪᠤᠷᠢ ᠶᠢᠨ ᠰᠠᠭᠤᠷᠢ ᠮᠥᠩᠭᠦ | ᠶᠢᠨ ᠵᠠᠷᠤᠯᠭ᠎ᠠ 0.4 ᠳ᠋ᠦᠩᠰᠢᠭᠤᠷ ᠲᠥᠭᠦᠷᠢᠭ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ ᠤᠨ ᠵᠠᠷᠤᠯᠭ᠎ᠠ 1.5 ᠳ᠋ᠦᠩᠰᠢᠭᠤᠷ | ᠲᠥᠭᠦᠷᠢᠭ᠂ ᠪᠣᠬᠢᠷ ᠤᠰᠤ ᠰᠢᠢᠳᠪᠦᠷᠢᠯᠡᠬᠦ ᠵᠠᠷᠤᠳᠠᠯ ᠤᠨ ᠵᠠᠷᠤᠯᠭ᠎ᠠ 0.2 ᠳ᠋ᠦᠩᠰᠢᠭᠤᠷ ᠲᠦᠬᠦᠷᠢᠭ᠃ | ᠲᠦᠷᠦᠭᠦᠦ ᠵᠢᠯ ᠤᠨ ᠦᠯᠡᠳᠡᠪᠦᠷᠢ ᠰᠠᠭᠤᠷᠢ ᠮᠥᠩᠭᠦ ᠶᠢᠨ ᠣᠷᠣᠯᠭ᠎ᠠ ᠶᠢ 0.93 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠵᠤ᠂ ᠵᠠᠷᠤᠯᠭ᠎ᠠ ᠶᠢ 0.93 | ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠤᠨ᠎ᠠ᠃ ᠵᠢᠯ ᠤᠨ ᠳᠡᠭᠡᠳᠦ ᠱᠠᠲᠤᠨ ᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠣᠷᠣᠯᠭ᠎ᠠ ᠶᠢ 0.15 ᠳ᠋ᠦᠩᠰᠢᠭᠤᠷ | ᠲᠥᠭᠦᠷᠢᠭ ᠢᠶᠠᠷ ᠵᠢᠱᠢᠵᠦ᠂ ᠵᠠᠷᠤᠯᠭ᠎ᠠ ᠳᠤ 0.15 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ | ︵ᠭᠤᠷᠪᠠ︶ ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ | ᠣᠷᠣᠨ ᠲᠤᠭ᠎ᠠ ᠶᠢᠨ ᠬᠡᠪᠴᠢᠶᠡᠨ ᠳᠤ ᠣᠷᠣᠭᠤᠯᠤᠭᠰᠠᠨ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ 2021 ᠣᠨ ᠤ | ᠭᠠᠶᠢᠯᠢ ᠲᠤᠰᠢᠶᠠᠭᠰᠠᠨ ᠤ ᠳᠠᠷᠠᠭᠠᠬᠢ ᠴᠡᠪᠡᠷ ᠠᠰᠢᠭ ᠬᠤᠨᠵᠢᠪᠣᠷᠢ ᠶᠢᠨ 20 % ᠶᠢᠨ ᠲᠥᠰᠦᠭᠡᠯᠡᠨ ᠪᠤᠳᠤᠯᠲᠠ ᠶᠢ ᠦᠨᠳᠦᠰᠦᠯᠡᠨ᠂ 2021 ᠣᠨ ᠤ ᠪᠥᠬᠦ | ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ 1571 ᠲᠦᠮᠡᠨ ᠲᠥᠭᠦᠷᠢᠭ ᠲᠣᠬᠢᠷᠠᠭᠤᠯᠬᠤ ᠪᠠᠷ | ᠰᠠᠨᠠᠭᠤᠯᠪᠠ᠃ | ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ ᠵᠠᠷᠴᠢᠮ ᠶᠣᠰᠣᠭᠠᠷ᠂ 2021 ᠣᠨ ᠤ ᠪᠥᠬᠦ ᠲᠤᠭᠤᠷᠢᠭ ᠤᠨ ᠤᠯᠤᠰ ᠤᠨ ᠥᠮᠴᠢᠯᠡᠯᠲᠦ ᠬᠥᠷᠥᠩᠭᠡ | ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ 1571 ᠲᠦᠮᠡᠨ ᠲᠥᠭᠦᠷᠢᠭ ᠲᠣᠬᠢᠷᠠᠭᠤᠯᠬᠤ ᠪᠠᠷ ᠰᠠᠨᠠᠭᠤᠯᠪᠠ᠃ | ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 21 ᠲᠦᠮᠡᠨ | ᠲᠥᠭᠦᠷᠢᠭ ᠲᠤ ᠬᠦᠷᠴᠦ᠂ 21 ᠲᠦᠮᠡᠨ ᠲᠥᠭᠦᠷᠢᠭ ᠤᠨ ᠵᠠᠷᠤᠯᠭ᠎ᠠ ᠲᠣᠬᠢᠷᠠᠭᠤᠯᠤᠨ᠎ᠠ᠃ | ︵ᠳᠥᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ | ︽ᠣᠷᠳᠣᠰ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ︵ | ᠣᠷᠳᠣᠰ ᠵᠠᠰᠠᠭ ᠲᠠᠷᠬᠠᠭᠠᠭᠰᠠᠨ [ 2012] 50 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ᠂ ᠡᠮᠨᠡᠯᠭᠡ ᠶᠢᠨ ᠳᠠᠭᠠᠳᠬᠠᠯ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠬᠥᠩᠭᠡᠵᠢᠯ ᠤᠨ ᠠᠵᠢᠯ ᠠᠴᠠ | ᠪᠣᠯᠤᠭᠰᠠᠨ ᠭᠡᠮᠲᠦᠯ ᠵᠡᠷᠭᠡ ᠳᠠᠭᠠᠳᠬᠠᠯ ᠤᠨ ᠰᠠᠭᠤᠷᠢ ᠮᠥᠩᠭᠦ ᠶᠢ ᠴᠥᠮ ᠣᠷᠣᠯᠭ᠎ᠠ ᠵᠠᠷᠤᠯᠭ᠎ᠠ ᠶᠢᠨ ᠬᠤᠶᠠᠷ ᠱᠤᠭᠤᠮ ᠤᠨ ᠶᠣᠰᠣᠭᠠᠷ ᠬᠤᠲᠠ ᠶᠢᠨ ᠱᠠᠲᠤᠨ ᠠᠴᠠ | ᠨᠢᠭᠡᠳᠦᠯᠲᠡᠶ ᠲᠥᠯᠥᠪᠯᠡᠬᠦ ᠶᠢᠨ ᠬᠠᠮᠲᠤ ᠲᠤᠰᠬᠠᠶ ᠳᠠᠩᠰᠠ ᠪᠠᠷ ᠬᠠᠮᠢᠶᠠᠷᠬᠤ ᠶᠢ ᠬᠡᠷᠡᠭᠵᠢᠭᠦᠯᠵᠦ᠂ ᠲᠥᠰᠦᠪ ᠪᠠ ᠲᠥᠰᠦᠪ ᠤᠨ ᠭᠦᠢᠴᠡᠳᠬᠡᠯ ᠢ ᠨᠢᠭᠡᠳᠦᠯᠲᠡᠶ | ᠲᠥᠯᠥᠪᠯᠡᠨ ᠨᠠᠶᠢᠷᠠᠭᠤᠯᠤᠨ ᠵᠣᠬᠢᠶᠠᠪᠠ᠃ ᠪᠣᠳᠠᠲᠠᠢ ᠨᠢ ᠳᠣᠣᠷᠠᠬᠢ ᠮᠡᠲᠦ᠄ | 2021 ᠣᠨ ᠳᠤ ᠪᠥᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ 19.32 ᠳ᠋ᠦᠩᠰᠢᠭᠤᠷ ᠲᠥᠭᠦᠷᠢᠭ | ᠪᠡᠶᠡᠯᠡᠬᠦᠯᠬᠦ ᠪᠠᠷ ᠵᠢᠱᠢᠵᠦ᠂ ᠡᠭᠦᠨ ᠳᠤ ᠳᠠᠭᠠᠳᠬᠠᠯ ᠤᠨ ᠰᠦᠶᠳᠬᠡᠯ ᠤᠨ ᠣᠷᠣᠯᠭ᠎ᠠ ᠶᠢ 16 ᠳ᠋ᠦᠩᠰᠢᠭᠤᠷ ᠲᠥᠭᠦᠷᠢᠭ ︵ᠠᠵᠤ ᠠᠬᠤᠶᠢᠯᠠᠯ ᠤᠨ ᠨᠠᠰᠤᠵᠢᠯ ᠤᠨ | ᠳᠠᠭᠠᠳᠬᠠᠯ 8.53 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ 0.23 ᠳ᠋ᠦᠩᠰᠢᠭᠤᠷ ᠲᠥᠭᠦᠷᠢᠭ᠂ | ᠪᠠᠶᠢᠭᠤᠯᠭ᠎ᠠ ᠶᠢᠨ ᠠᠵᠢᠯ ᠦᠶᠯᠡᠰ ᠤᠨ ᠨᠠᠰᠤᠵᠢᠯ ᠤᠨ ᠳᠠᠭᠠᠳᠬᠠᠯ 3.09 ᠳ᠋ᠦᠩᠰᠢᠭᠤᠷ ᠲᠥᠭᠦᠷᠢᠭ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ 3.03 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ 0.57 ᠳ᠋ᠦᠩᠰᠢᠭᠤᠷ | ᠲᠥᠭᠦᠷᠢᠭ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ 0.17 ᠳ᠋ᠦᠩᠰᠢᠭᠤᠷ ᠲᠥᠭᠦᠷᠢᠭ᠂ ᠠᠵᠢᠯ ᠠᠯᠳᠠᠯᠲᠠ ᠶᠢᠨ ᠳᠠᠭᠠᠳᠬᠠᠯ 0.38 ᠳ᠋ᠦᠩᠰᠢᠭᠤᠷ | ᠲᠥᠭᠦᠷᠢᠭ︶᠂ ᠬᠦᠦ ᠮᠥᠩᠭᠦ ᠶᠢᠨ ᠣᠷᠣᠯᠭ᠎ᠠ 0.26 ᠳ᠋ᠦᠩᠰᠢᠭᠤᠷ ᠲᠥᠭᠦᠷᠢᠭ᠂ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠣᠷᠣᠯᠭ᠎ᠠ 2.86 | ᠳ᠋ᠦᠩᠰᠢᠭᠤᠷ ᠲᠥᠭᠦᠷᠢᠭ᠃ | 2021 ᠣᠨ ᠳᠤ ᠪᠥᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 10.8 ᠳ᠋ᠦᠩᠰᠢᠭᠤᠷ ᠲᠥᠭᠦᠷᠢᠭ ᠪᠡᠶᠡᠯᠡᠬᠦᠯᠬᠦ ᠪᠠᠷ | ᠵᠢᠱᠢᠵᠤ᠂ ᠡᠭᠦᠨ ᠳᠤ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠵᠠᠷᠤᠯᠭ᠎ᠠ 9.62 ᠳ᠋ᠦᠩᠰᠢᠭᠤᠷ ᠲᠥᠭᠦᠷᠢᠭ ︵ᠠᠵᠤ ᠠᠬᠤᠶᠢᠯᠠᠯ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ 2.36 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ 0. | 95 ᠳ᠋ᠦᠩᠰᠢᠭᠤᠷ ᠲᠥᠭᠦᠷᠢᠭ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 2.8 ᠳ᠋ᠦᠩᠰᠢᠭᠤᠷ ᠲᠥᠭᠦᠷᠢᠭ | ᠣᠷᠣᠭᠤᠯᠤᠨ᠎ᠠ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ 2.25 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ 0.94 ᠳ᠋ᠦᠩᠰᠢᠭᠤᠷ ᠲᠥᠭᠦᠷᠢᠭ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ 0.26 | ᠳ᠋ᠦᠩᠰᠢᠭᠤᠷ ᠲᠥᠭᠦᠷᠢᠭ᠂ ᠠᠵᠢᠯ ᠠᠯᠳᠠᠯᠲᠠ ᠶᠢᠨ ᠳᠠᠭᠠᠳᠬᠠᠯ 558 ᠲᠦᠮᠡᠨ ᠲᠥᠭᠦᠷᠢᠭ︶᠂ ᠬᠦᠨᠳᠦ ᠡᠪᠡᠳᠴᠢᠨ ᠤ ᠳᠠᠭᠠᠳᠬᠠᠯ ᠬᠤᠳᠠᠯᠳᠤᠨ ᠠᠪᠬᠤ ᠳᠤ 0. | 13 ᠳ᠋ᠦᠩᠰᠢᠭᠤᠷ ᠲᠥᠭᠦᠷᠢᠭ ᠵᠠᠷᠤᠴᠠᠭᠤᠯᠤᠨ᠎ᠠ᠂ ᠣᠷᠣᠰᠢᠭᠤᠯᠭ᠎ᠠ ᠶᠢᠨ ᠠᠰᠠᠷᠠᠮᠵᠢ ᠶᠢᠨ ᠵᠠᠷᠤᠯᠭ᠎ᠠ 0.47 ᠳ᠋ᠦᠩᠰᠢᠭᠤᠷ ᠲᠥᠭᠦᠷᠢᠭ᠂ ᠰᠢᠯᠵᠢᠭᠦᠯᠦᠨ ᠥᠭᠬᠦ | ᠵᠠᠷᠤᠯᠭ᠎ᠠ ᠶᠢ 0.14 ᠳ᠋ᠦᠩᠰᠢᠭᠤᠷ ᠲᠥᠭᠦᠷᠢᠭ ᠳᠤᠬᠢᠷᠠᠭᠤᠯᠤᠨ᠎ᠠ᠂ ᠳᠡᠭᠡᠭᠰᠢ ᠲᠤᠰᠢᠶᠠᠬᠤ ᠵᠠᠷᠤᠯᠭ᠎ᠠ 379 ᠲᠦᠮᠡᠨ ᠲᠥᠭᠦᠷᠢᠭ᠂ ᠡᠮ ᠡᠮᠨᠡᠯᠭᠡ ᠶᠢᠨ ᠨᠥᠬᠦᠪᠥᠷᠢ | ᠮᠥᠩᠭᠦ ᠶᠢᠨ ᠵᠠᠷᠤᠯᠭ᠎ᠠ 109 ᠲᠦᠮᠡᠨ ᠲᠥᠭᠦᠷᠢᠭ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢᠨ ᠵᠠᠷᠤᠯᠭ᠎ᠠ ᠶᠢ 0.36 ᠳ᠋ᠦᠩᠰᠢᠭᠤᠷ | ᠲᠥᠭᠦᠷᠢᠭ ᠲᠤᠬᠢᠷᠠᠭᠤᠯᠵᠤ᠂ ᠪᠤᠰᠤᠳ ᠵᠠᠷᠤᠳᠠᠯ ᠤᠨ ᠵᠠᠷᠤᠯᠭ᠎ᠠ ᠶᠢ 342 ᠲᠦᠮᠡᠨ ᠲᠥᠭᠦᠷᠢᠭ ᠲᠤᠬᠢᠷᠠᠭᠤᠯᠤᠨ᠎ᠠ᠃ | ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠪᠦᠬᠦ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠶᠢ 8.52 ᠳ᠋ᠦᠩᠰᠢᠭᠤᠷ | ᠲᠥᠭᠦᠷᠢᠭ ᠢᠶᠠᠷ ᠵᠢᠱᠢᠵᠦ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ ᠶᠢ 81.49 ᠳ᠋ᠦᠩᠰᠢᠭᠤᠷ ᠲᠥᠭᠦᠷᠢᠭ ᠢᠶᠠᠷ ᠵᠢᠱᠢᠵᠦ ᠪᠠᠶᠢᠨ᠎ᠠ᠃ | ︵ᠲᠠᠪᠤ︶ ᠲᠣᠭᠤᠷᠢᠭ ᠤᠨ ᠰᠢᠭᠤᠳ ᠬᠠᠷᠢᠶ᠎ᠠ ᠬᠦᠷᠢᠶᠡᠯᠡᠩ ᠲᠣᠭᠤᠷᠢᠭ ᠤᠨ ᠲᠥᠰᠦᠪ | ᠣᠲᠣ ᠶᠢᠨ ᠬᠡᠷᠡᠭᠵᠢᠭᠦᠯᠵᠦ ᠪᠠᠶᠢᠭ᠎ᠠ ᠪᠠᠶᠢᠭᠤᠯᠤᠯ ᠤᠨ ᠲᠣᠭᠲᠠᠭᠠᠯ ᠶᠣᠰᠣᠭᠠᠷ ᠣᠷᠳᠣᠰ ᠤᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠶᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠭᠤᠷᠪᠠᠨ ᠬᠦᠷᠢᠶᠡᠯᠡᠩ ᠲᠣᠭᠤᠷᠢᠭ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠲᠣᠮᠢᠯᠠᠭᠰᠠᠨ ᠪᠠᠶᠢᠭᠤᠯᠤᠮᠵᠢ ᠳᠤ ᠬᠠᠷᠢᠶᠠᠯᠠᠭᠳᠠᠵᠤ᠂ ᠲᠡᠭᠦᠨ ᠤ ᠲᠥᠰᠦᠪ ᠢ ᠬᠠᠮᠲᠤ ᠳᠤᠨᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠳᠡᠪᠰᠢᠭᠦᠯᠵᠦ ᠬᠢᠨᠠᠨ ᠵᠦᠪᠯᠡᠬᠦᠯᠦᠨᠡ᠃ | 1. ᠣᠷᠳᠣᠰ ᠤᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃ 2021 | ᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠡᠯ᠎ᠡ ᠵᠦᠶᠯ ᠤᠨ ᠣᠷᠣᠯᠭ᠎ᠠ ᠶᠢ 0.95 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠢᠳᠤᠨᠤᠨ ᠤ ᠬᠢ ᠲᠠᠢ | ᠠᠳᠠᠯᠢ ᠪᠠᠶᠢᠯᠭᠠᠨ᠎ᠠ᠃ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠪᠠ | ᠳᠡᠭᠡᠭᠰᠢ ᠲᠤᠰᠢᠶᠠᠬᠤ ᠵᠠᠷᠤᠯᠭ᠎ᠠ ᠶᠢ ᠨᠡᠶᠢᠳᠡ 0.95 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ | 2. ᠣᠷᠳᠣᠰ ᠤᠨ ᠳ᠋ᠦᠩᠱᠧᠩ ᠤᠨ ᠠᠵᠤ ᠠᠬᠤᠶ ᠰᠢᠨᠵᠢᠯᠡᠬᠦ ᠤᠬᠠᠭᠠᠨ ᠰᠤᠷᠭᠠᠨ ᠬᠥᠮᠦᠵᠢᠯ ︵ᠬᠥᠩᠭᠡᠨ ᠨᠡᠬᠡᠮᠡᠯ ᠤᠨ ᠠᠵᠤ ᠦᠶᠯᠡᠳᠪᠦᠷᠢ ︶ ᠤᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃2021 ᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠡᠯ᠎ᠡ ᠵᠦᠶᠯ ᠤᠨ ᠣᠷᠣᠯᠭ᠎ᠠ ᠶᠢ 0. | 6 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠢᠳᠤᠨᠤᠨ ᠤ ᠬᠢ ᠲᠠᠢ ᠠᠳᠠᠯᠢ ᠪᠠᠶᠢᠯᠭᠠᠨ᠎ᠠ᠃ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ | ᠶᠣᠰᠣᠭᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠪᠠ ᠳᠡᠭᠡᠭᠰᠢ ᠲᠤᠰᠢᠶᠠᠬᠤ ᠵᠠᠷᠤᠯᠭ᠎ᠠ ᠶᠢ ᠨᠡᠶᠢᠳᠡ 0.6 ᠳ᠋ᠦᠩᠰᠢᠭᠤᠷ ᠲᠥᠭᠦᠷᠢᠭ | ᠲᠤᠬᠢᠷᠠᠭᠤᠯᠤᠨ᠎ᠠ᠃ | 3. ᠣᠷᠳᠣᠰ ᠤᠨ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠃ 2021 ᠣᠨ ᠤ ᠡᠩ ᠤᠨ | ᠣᠯᠠᠨ ᠨᠡᠶᠢᠲᠡ ᠶᠢᠨ ᠲᠥᠰᠦᠪ ᠤᠨ ᠡᠯ᠎ᠡ ᠵᠦᠶᠯ ᠤᠨ ᠣᠷᠣᠯᠭ᠎ᠠ ᠶᠢ 0.3 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠢᠳᠤᠨᠤᠨ ᠤ ᠬᠢ ᠲᠠᠢ ᠠᠳᠠᠯᠢ ᠪᠠᠶᠢᠯᠭᠠᠨ᠎ᠠ | ᠃ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠪᠠ ᠳᠡᠭᠡᠭᠰᠢ ᠲᠤᠰᠢᠶᠠᠬᠤ | ᠵᠠᠷᠤᠯᠭ᠎ᠠ ᠶᠢ ᠨᠡᠶᠢᠳᠡ 0.3 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ ᠳᠡᠭᠡᠷ᠎ᠡ ᠳᠤᠷᠠᠳᠤᠭᠰᠠᠨ ᠬᠦᠷᠢᠶᠡᠯᠡᠩ ᠲᠣᠭᠤᠷᠢᠭ ᠤᠨ ᠣᠷᠣᠯᠭ᠎ᠠ ᠵᠠᠷᠤᠯᠭ᠎ᠠ ᠶᠢᠨ | ᠰᠠᠭᠤᠷᠢ ᠲᠤᠭ᠎ᠠ ᠶᠢ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ︵ᠳ᠋ᠦᠩᠱᠧᠩ ᠨᠠᠮ ᠠᠯᠪᠠᠨ ᠲᠠᠷᠬᠠᠭᠠᠭᠰᠠᠨ [ 2019] 44 ᠳ᠋ᠦ᠋ᠭᠡᠷ ᠲᠣᠭᠠᠲᠤ︶ | ᠢ ᠦᠨᠳᠦᠰᠦᠯᠡᠨ ᠲᠣᠭᠲᠠᠭᠠᠵᠤ᠂ ᠰᠢᠨ᠎ᠡ ᠣᠷᠣᠯᠭ᠎ᠠ ᠵᠠᠷᠤᠯᠭ᠎ᠠ ᠶᠢᠨ ᠰᠠᠭᠤᠷᠢ ᠲᠤᠭ᠎ᠠ ᠶᠢ ᠲᠥᠰᠦᠪ ᠤᠨ ᠭᠦᠶᠴᠡᠳᠬᠡᠯ ᠬᠢᠭᠰᠡᠨ ᠤ ᠳᠠᠷᠠᠭ᠎ᠠ ᠣᠷᠴᠢᠨ ᠲᠣᠭᠤᠷᠢᠨ | ᠤ ᠡᠷᠡᠭᠦᠯ ᠬᠠᠮᠠᠭᠠᠯᠠᠯ᠂ ᠴᠡᠴᠡᠷᠯᠢᠭᠵᠢᠬᠦᠯᠦᠯᠳᠡ ᠤᠶᠢᠵᠢᠭᠤᠯᠤᠯᠳᠠ᠂ ᠬᠤᠲᠠ ᠶᠢᠨ ᠶᠠᠪᠤᠳᠠᠯ ᠵᠡᠷᠭᠡ ᠠᠵᠢᠯ ᠡᠷᠬᠡ ᠶᠢᠨ ᠬᠤᠪᠢᠶᠠᠷᠢᠯᠠᠯ ᠵᠢᠴᠢ ᠬᠦᠷᠢᠶᠡᠯᠡᠩ ᠲᠣᠭᠤᠷᠢᠭ | ᠢ ᠨᠡᠶᠢᠯᠡᠭᠦᠯᠬᠦ ᠵᠡᠷᠭᠡ ᠪᠣᠳᠠᠲᠤ ᠪᠠᠶᠢᠳᠠᠯ ᠢ ᠦᠨᠳᠦᠰᠦᠯᠡᠨ ᠲᠣᠬᠢᠷᠠᠭᠤᠯᠤᠨ᠎ᠠ᠃ | ᠭᠤᠷᠪᠠ᠂ ᠢᠲᠡᠭᠡᠯ ᠵᠣᠷᠢᠭ ᠢᠶᠠᠨ ᠪᠠᠲᠤᠳᠬᠠᠨ᠂ ᠯᠠᠪᠳᠠᠭᠤᠨ ᠪᠠᠲᠤᠲᠠᠶ ᠠᠵᠢᠯᠯᠠᠵᠤ᠂ 2021 ᠣᠨ ᠤ ᠡᠳ᠋ ᠤᠨ ᠵᠠᠰᠠᠭ ᠤᠨ ᠠᠵᠢᠯ ᠤᠨ ᠬᠠᠷᠠᠯᠲᠠ ᠶᠢ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ | ︵ᠨᠢᠭᠡ︶ ᠣᠷᠣᠯᠭ᠎ᠠ ᠵᠠᠷᠤᠯᠭ᠎ᠠ ᠶᠢᠨ ᠲᠥᠰᠦᠪ ᠢ ᠭᠦᠢᠴᠡᠳᠬᠡᠬᠦ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠲᠡᠩᠴᠡᠭᠦᠷᠢ ᠶᠢ ᠴᠢᠷᠮᠠᠶᠢᠨ ᠪᠡᠶᠡᠯᠡᠬᠦᠯᠦᠨ᠎ᠡ᠃ | ᠨᠢᠭᠡ ᠳᠤ᠂ ᠡᠳ᠋ ᠤᠨ ᠵᠠᠰᠠᠭ ᠭᠠᠶᠢᠯᠢ ᠶᠢᠨ ᠠᠵᠢᠯ ᠤᠨ ᠲᠣᠭᠢᠷᠠᠭᠤᠯᠣᠯᠳᠠ ᠶᠢ ᠴᠢᠩᠭᠠᠳᠬᠠᠵᠤ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠠᠷᠠᠳ ᠤᠨ | ᠪᠠᠩᠬᠢ ᠭᠤᠷᠪᠠᠨ ᠰᠠᠯᠠᠭ᠎ᠠ ᠮᠥᠴᠢᠷ ᠤᠨ ᠲᠥᠰᠦᠪ ᠢ ᠭᠦᠢᠴᠡᠳᠬᠡᠬᠦ ᠶᠢ ᠵᠠᠳᠠᠯᠤᠨ ᠰᠢᠨᠵᠢᠯᠡᠬᠦ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠢ ᠶᠢᠨ | ᠪᠠᠶᠢᠳᠠᠯ ᠪᠠ ᠭᠠᠶᠢᠯᠢ ᠶᠢᠨ ᠢᠷᠡᠯᠳᠡ ᠶᠢ ᠵᠠᠳᠠᠯᠤᠨ ᠵᠢᠱᠢᠬᠦ ᠠᠵᠢᠯ ᠢ ᠴᠢᠩᠭᠠᠳᠬᠠᠵᠤ᠂ ᠣᠷᠣᠯᠭ᠎ᠠ ᠶᠢᠨ ᠠᠬᠢᠴᠠ ᠶᠢ ᠴᠠᠭ ᠲᠤᠬᠠᠢ ᠳᠤᠨᠢ ᠡᠵᠡᠮᠳᠡᠨ᠎ᠡ᠃ ᠬᠤᠶᠠᠷ | ᠲᠤ᠂ ᠬᠠᠤᠯᠢ ᠶᠣᠰᠣᠭᠠᠷ ᠭᠠᠶᠢᠯᠢ ᠶᠢ ᠵᠠᠰᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠷᠢᠶ᠎ᠡ ᠴᠠᠷ᠎ᠠ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ | ᠭᠠᠶᠢᠯᠢ ᠶᠢᠨ ᠢᠷᠡᠯᠲᠡ ᠶᠢ ᠬᠢᠨᠠᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠎ᠠ᠃ ᠭᠤᠷᠪᠠ ᠳᠤ᠂ ︽ᠭᠠᠶᠢᠯᠢ ᠶᠢ ᠶᠡᠷᠦᠩᠬᠡᠶᠢᠯᠡᠨ ᠵᠠᠰᠠᠬᠤ︾ ᠠᠵᠢᠯ ᠤᠨ | ᠲᠣᠭᠲᠠᠴᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠭᠠᠶᠢᠯᠢ ᠶᠢ | ᠨᠡᠶᠢᠭᠡᠮᠴᠢᠯᠡᠨ ᠶᠡᠷᠦᠩᠬᠡᠶᠢᠯᠡᠨ ᠵᠠᠰᠠᠬᠤ︾ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠭᠠᠶᠢᠯᠢ ᠲᠠᠲᠠᠪᠤᠷᠢ ᠶᠢᠨ ︽ | ᠭᠤᠭᠤᠵᠢᠵᠤ ᠭᠡᠭᠡᠭᠳᠡᠬᠦ︾ ᠶᠢ ᠡᠷᠡᠰ ᠬᠤᠷᠢᠭᠯᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠦᠨᠡᠨᠬᠦ ᠪᠠᠲᠤᠯᠠᠨ᠎ᠠ᠃ ᠲᠦᠷᠪᠡ ᠳᠤ᠂ ᠭᠠᠶᠢᠯᠢ | ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠭᠠᠶᠢᠯᠢ ᠶᠢᠨ ᠪᠤᠰᠤ ᠣᠷᠣᠯᠭ᠎ᠠ ᠶᠢᠨ ᠡᠭᠦᠷᠭᠡ ᠴᠢᠳᠠᠪᠤᠷᠢ ᠶᠢ ᠬᠤᠪᠢᠶᠠᠷᠢᠯᠠᠨ ᠰᠢᠯᠵᠢᠭᠦᠯᠬᠦ ᠠᠵᠢᠯ | ᠢ ᠲᠣᠭᠲᠠᠭᠤᠨ ᠢᠶᠠᠷ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠡᠯᠧᠺᠲᠷᠤᠨᠴᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠭᠦᠢᠴᠡᠳ | ᠬᠡᠷᠡᠭᠯᠡᠨ ᠭᠠᠶᠢᠯᠢ ᠶᠢᠨ ᠪᠤᠰᠤ ᠣᠷᠣᠯᠭ᠎ᠠ ᠶᠢᠨ ᠬᠤᠷᠢᠶᠠᠵᠤ ᠲᠤᠰᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠪᠤ ᠳᠤ᠂ ᠭᠠᠶᠢᠯᠢ ᠥᠷᠢᠲᠦᠵᠦ ᠪᠠᠶᠢᠭ᠎ᠠ | ᠰᠦᠶᠳᠬᠡᠯ ᠢᠶᠠᠨ ᠬᠠᠤᠯᠢ ᠲᠣᠭᠲᠠᠭᠠᠯ ᠶᠣᠰᠣᠭᠠᠷ ᠢᠯᠭᠠᠷᠠᠭᠤᠯᠤᠨ ᠲᠤᠰᠢᠶᠠᠵᠤ᠂ ᠭᠠᠶᠢᠯᠢ ᠲᠠᠲᠠᠪᠤᠷᠢᠯᠠᠬᠤ ᠰᠠᠯᠠᠭ᠎ᠠ ᠮᠥᠴᠢᠷ ᠤᠨ ᠥᠩᠭᠡᠷᠡᠭᠰᠡᠨ ᠵᠢᠯ ᠤᠳ ᠤᠨ | ᠥᠷᠢ ᠰᠢᠷᠢ ᠪᠠᠨ ᠢᠯᠭᠠᠷᠠᠭᠤᠯᠵᠤ ᠪᠠᠶᠢᠭᠰᠠᠨ ᠪᠠᠶᠢᠳᠠᠯ ᠢ ᠦᠨᠳᠦᠰᠦᠯᠡᠨ᠂ ᠳᠠᠬᠢᠨ ᠪᠥᠬᠦ ᠲᠠᠯ᠎ᠠ ᠪᠠᠷ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠥᠷᠢ | ᠰᠢᠷᠢ ᠪᠠᠷ ᠭᠠᠶᠢᠯᠢ ᠶᠢ ᠲᠤᠯᠭᠠᠬᠤ᠂ ᠬᠥᠷᠥᠩᠭᠡ ᠪᠠᠷ ᠭᠠᠶᠢᠯᠢ ᠶᠢ ᠲᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠢ ᠰᠢᠷᠢ ᠪᠠᠨ ᠢᠯᠭᠠᠷᠠᠭᠤᠯᠤᠨ | ᠪᠤᠳᠤᠭᠰᠠᠨ ᠣᠷᠣᠯᠭ᠎ᠠ ᠶᠢ ᠪᠡᠶᠡᠯᠡᠭᠦᠯᠦᠨ᠎ᠡ᠃ ᠵᠢᠷᠭᠤᠭ᠎ᠠ ᠳᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠤᠯᠤᠰ ᠤᠨ | ᠥᠮᠴᠢᠯᠡᠯ ᠤᠨ ᠬᠦᠷᠦᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠵᠦᠢ ᠵᠣᠬᠢᠰᠲᠠᠢ | ᠲᠤᠬᠢᠷᠠᠭᠤᠯᠬᠤ ᠪᠠ ᠦᠷᠳᠡᠭ ᠢ ᠪᠠᠲᠤᠯᠠᠨ ᠨᠡᠮᠡᠭᠳᠡᠭᠦᠯᠬᠦ ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠠᠰᠢᠭ ᠣᠷᠣᠯᠭ᠎ᠠ ᠶᠢ | ᠯᠠᠪᠳᠠᠭᠤᠨ ᠢᠶᠠᠷ ᠥᠷᠭᠡᠳᠬᠡᠨ᠎ᠡ᠃ ᠳᠣᠯᠤᠭ᠎ᠠ ᠳᠤ᠂ ᠵᠠᠷᠤᠯᠭ᠎ᠠ ᠶᠢᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠪᠣᠭᠤᠮᠲᠠ ᠶᠢ ᠰᠠᠬᠢᠬᠤ | ᠪᠠ ᠰᠠᠬᠢᠯᠭ᠎ᠠ ᠪᠠᠲᠤ ᠪᠠᠷ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠡᠵᠡᠮᠳᠡᠬᠦ ᠪᠠ ᠪᠠᠭᠠᠰᠬᠠᠵᠤ᠂ ︽ | ᠭᠤᠷᠪᠠᠨ ᠵᠦᠶᠯ ᠤᠨ ᠠᠯᠪᠠᠨ ᠤ ᠵᠠᠷᠤᠳᠠᠯ︾ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠵᠠᠷᠤᠯᠭ᠎ᠠ ᠶᠢᠨ ᠭᠤᠤᠯᠳᠠᠯᠭ᠎ᠠ | ᠶᠢ ᠳᠣᠪᠣᠶᠢᠯᠭᠠᠨ᠂ ᠲᠥᠰᠦᠪ ᠢ ᠬᠢᠵᠠᠭᠠᠷᠯᠠᠬᠤ ᠤᠬᠠᠮᠰᠠᠷ ᠢ ᠪᠠᠲᠤ ᠪᠣᠶ ᠪᠣᠯᠭᠠᠵᠤ᠂ ᠰᠠᠭᠤᠷᠢ ᠥᠬᠡᠶ ᠲᠥᠰᠦᠪ ᠤᠨ ᠣᠶᠢᠯᠠᠭᠠᠭᠳᠠᠬᠤᠨ ᠢ ᠴᠢᠩᠭᠠᠳᠬᠠᠨ᠂ | ᠲᠣᠭᠲᠠᠮᠠᠯ ᠪᠤᠰᠤ ᠴᠢᠨᠠᠷᠲᠠᠶ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ︽ᠭᠤᠷᠪᠠ ᠶᠢ ᠪᠠᠲᠤᠯᠠᠬᠤ︾ ᠲᠥᠰᠦᠪ ᠤᠨ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠂ ᠨᠠᠩ ᠣᠯᠠᠨ ᠪᠠᠯᠠ ᠮᠥᠩᠭᠦ ᠶᠢ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠳᠤ ᠰᠢᠯᠵᠢᠭᠦᠯᠦᠨ ᠨᠡᠭᠦᠯᠭᠡᠵᠦ | ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠦᠶᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ | ᠃ | ᠬᠦᠨᠳᠦ ᠶᠡᠭᠡ ᠠᠶᠤᠯ ᠲᠦᠭᠰᠢᠭᠦᠷᠢ ᠶᠢ ᠢᠳᠡᠪᠬᠢᠲᠡᠢ ᠯᠠᠪᠳᠠᠭᠤᠨ ᠢᠶᠠᠷ ᠰᠡᠷᠭᠡᠶᠢᠯᠡᠨ ᠠᠷᠢᠯᠭᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢ ᠴᠢᠩᠳᠠᠯᠠᠵᠤ᠂ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠯᠳᠠ ᠴᠢᠨᠠᠷᠲᠠᠶ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠥᠷᠢ ᠥᠭᠴᠡᠭᠡ ᠶᠢᠨ | ᠦᠯᠡᠳᠡᠭᠡᠯ ᠢ ᠠᠷᠢᠯᠭᠠᠬᠤ ᠶᠢ ᠪᠥᠬᠦ ᠬᠦᠴᠦᠨ ᠢᠶᠠᠷ ᠠᠬᠢᠭᠤᠯᠤᠨ᠂ ᠢᠲᠡᠭᠡᠮᠵᠢᠲᠦ ᠵᠢᠭᠡᠯᠡᠯᠭᠡ ᠪᠠᠯᠠ ᠲᠣᠬᠢᠷᠠᠭᠤᠯᠭ᠎ᠠ ᠶᠢᠨ ᠲᠥᠷᠥᠯ ᠤᠨ ᠥᠷᠢ ᠥᠭᠴᠡᠭᠡ ᠶᠢᠨ | ᠥᠪᠡᠷ ᠤᠨ ᠥᠷᠲᠡᠭ ᠢ ᠪᠠᠭᠤᠷᠠᠭᠤᠯᠵᠤ᠂ ᠵᠠᠰᠠᠭ ᠤᠨ ᠣᠷᠳᠣᠨ ᠤ ᠳᠠᠯᠳᠠ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠢᠨᠠᠨ ᠰᠢᠨᠵᠢᠬᠦ ᠶᠢ ᠴᠢᠩᠭᠠᠳᠬᠠᠨ᠂ | ᠥᠷᠢ ᠥᠭᠴᠡᠭᠡ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠲᠠᠶ ᠣᠷᠣᠨ | ᠪᠦᠰᠡ ᠶᠢᠨ ᠴᠢᠨᠠᠷᠲᠠᠶ ᠲᠦᠭᠰᠢᠭᠦᠷᠢ ᠥᠯᠥ ᠡᠭᠦᠰᠬᠦ ᠬᠢᠵᠠᠭᠠᠷ ᠱᠤᠭᠤᠮ ᠢ ᠡᠷᠡᠰ ᠰᠠᠬᠢᠵᠤ᠂ 2021 ᠣᠨ ᠳᠤ ᠵᠠᠰᠠᠭ ᠤᠨ ᠣᠷᠳᠣᠨ ᠤ ᠳᠠᠯᠳᠠ ᠴᠢᠨᠠᠷᠲᠠᠶ ᠥᠷᠢ | ᠥᠭᠴᠡᠭᠡ ᠶᠢ ᠠᠷᠢᠯᠭᠠᠬᠤ 49.5 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠵᠢᠱᠢᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠲᠣᠭᠲᠠᠭᠤᠨ ᠢᠶᠠᠷ ᠰᠢᠯᠵᠢᠬᠦ ᠶᠢ ᠪᠡᠶᠡᠯᠡᠭᠦᠯᠦᠨ᠎ᠡ᠃ ᠰᠢᠯᠵᠢᠯᠲᠡ ᠶᠢᠨ ᠬᠤᠭᠤᠴᠠᠭᠠᠨ ᠳᠤ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠤᠨ ᠲᠣᠭᠲᠠᠭᠤᠨ ᠪᠥᠭᠡᠳ ᠦᠷᠭᠦᠯᠵᠢᠯᠡᠬᠦ ᠶᠢ ᠪᠠᠲᠤᠯᠠᠵᠤ᠂ ᠰᠢᠨ᠎ᠡ ᠪᠠᠷ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠵᠦ᠂ ᠲᠦᠷᠦ ᠶᠢᠨ | ᠪᠤᠳᠤᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠪᠡᠯᠡ ᠮᠥᠩᠭᠦ ᠶᠢ ᠴᠠᠭ ᠲᠤᠬᠠᠢ ᠳᠤᠨᠢ ᠥᠭᠬᠦ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠤᠨ ᠦᠢᠯᠡᠳᠦᠯ ᠢ ᠨᠡᠩ ᠶᠡᠭᠡ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ ᠰᠢᠯᠵᠢᠬᠦ ᠶᠢ ᠪᠠᠳᠤᠯᠠᠨ᠎ᠠ᠃ ᠪᠣᠬᠢᠷᠲᠤᠯ ᠢ ᠰᠡᠷᠭᠡᠶᠢᠯᠡᠨ | ᠵᠠᠰᠠᠬᠤ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠶ ᠣᠷᠴᠢᠨ ᠲᠣᠭᠤᠷᠢᠨ | ᠤ ᠬᠠᠮᠠᠭᠠᠯᠠᠯᠲᠠ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠨ᠎ᠠ᠃ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠮᠥᠩᠭᠦ | ᠶᠢ ᠰᠠᠯᠭᠠᠨ ᠥᠭᠬᠦ ᠡᠷᠴᠢᠮ ᠢᠶᠠᠨ ᠨᠡᠮᠡᠭᠳᠡᠭᠦᠯᠵᠦ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠣᠶ ᠰᠢᠭᠤᠶ ᠶᠢᠨ | ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠴᠠᠬᠤᠯᠠᠶ ᠶᠢᠨ ᠨᠤᠭᠤ ᠭᠠᠵᠠᠷ ᠢ ᠬᠠᠮᠠᠭᠠᠯᠠᠬᠤ ᠵᠡᠷᠭᠡ ᠲᠥᠷᠥᠯ ᠵᠦᠢᠯ ᠢ ᠶᠡᠬᠡᠪᠡᠷ ᠳᠡᠮᠵᠢᠨ ᠬᠡᠷᠡᠭᠵᠢᠭᠦᠯᠵᠦ᠂ ᠳ᠋ᠦᠩᠱᠧᠩ | ᠤᠨ ᠠᠷᠠᠳ ᠲᠦᠮᠡᠨ ᠳᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠳᠤᠨᠢ ᠡᠳ᠋ᠯᠡᠬᠦᠯᠦᠨ᠎ᠡ᠃ | ︵ᠭᠤᠷᠪᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠎ᠠ᠃ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠨᠢ ᠤᠯᠠᠨ ᠲᠦᠮᠡᠨ ᠤ ᠠᠵᠠ ᠵᠢᠷᠭᠠᠯ᠂ ᠨᠡᠶᠢᠭᠡᠮ ᠤᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠳᠤ ᠬᠤᠯᠪᠤᠭᠳᠠᠭᠤᠯᠵᠤ᠂ ᠬᠢᠵᠠᠭᠠᠷᠲᠠᠢ ᠡᠳ᠋ ᠤᠨ ᠬᠦᠴᠦᠨ ᠢ ︽ᠴᠢᠬᠤᠯᠠᠲᠠᠢ ᠭᠠᠵᠠᠷ︾ ᠲᠤ ᠲᠥᠪᠯᠡᠷᠡᠭᠦᠯᠦᠨ ᠬᠡᠷᠡᠭᠯᠡᠨ᠎ᠡ᠃ ᠨᠢᠭᠡ ᠳᠤ᠂ ︽ | ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠪᠠ ᠦᠨᠳᠦᠰᠦᠨ ᠠᠷᠠᠳ ᠤᠨ ᠠᠮᠢᠳᠤᠷᠠᠯ ᠢ | ᠪᠠᠲᠤᠯᠠᠬᠤ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠠᠷᠠᠳ ᠤᠨ ᠠᠮᠢᠳᠤᠷᠠᠯ ᠤᠨ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ | ᠲᠠᠯᠪᠢᠵᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠶᠯᠡᠰ ᠴᠣᠭᠴᠠᠯᠠᠬᠤ | ᠳᠠᠭᠠᠭᠠᠯᠲᠠᠲᠤ ᠵᠢᠭᠡᠯᠡᠯᠭᠡ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯ ᠣᠯᠭᠤᠯᠲᠠ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠤᠨ᠎ᠠ︔ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠦᠨᠳᠦᠰᠦᠨ | ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ | ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠨᠢᠭᠡᠳᠦᠯᠲᠡᠶ ᠪᠣᠯᠭᠠᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠳᠡᠮᠵᠢᠨ᠎ᠡ᠃ ᠭᠤᠷᠪᠠ ᠳᠤ᠂ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠲᠦᠷᠭᠡᠪᠴᠢᠯᠡᠨ ᠬᠥᠭᠵᠢᠬᠦ ᠶᠢ ᠲᠡᠮᠵᠢᠨ᠎ᠠ᠃ ᠰᠤᠷᠭᠠᠨ ᠬᠥᠮᠦᠵᠢᠯ | ᠤᠨ ᠣᠳᠣᠬᠢᠴᠢᠯᠠᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ | ᠲᠣᠭᠲᠠᠴᠠ ᠶᠢ ᠪᠠᠶᠢᠭᠤᠯᠤᠨ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠨᠡᠶᠢᠳᠡᠮ ᠳᠤᠨᠢ ᠠᠰᠢᠭ ᠬᠦᠷᠲᠡᠭᠡᠬᠦ ᠬᠥᠭᠵᠢᠯᠲᠡ᠂ ᠦᠨᠳᠦᠰᠦᠲᠡᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ ᠶᠢ ᠲᠦᠷᠭᠡᠳᠬᠡᠨ᠎ᠡ | ᠃ ᠳᠥᠷᠪᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠪᠡᠯᠡ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠨᠡᠮᠡᠭᠳᠡᠭᠦᠯᠦᠨ᠎ᠡ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠵᠦ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠣᠷᠣᠭᠤᠯᠤᠯᠲᠠ ᠶᠢ ᠨᠡᠮᠡᠭᠳᠡᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ | ᠥᠷᠭᠡᠳᠬᠡᠬᠦ ᠪᠠ ᠲᠡᠩᠴᠡᠭᠦᠷᠢᠲᠡᠶ ᠪᠠᠶᠢᠷᠢᠰᠢᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠶᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠶᠢ ᠪᠠᠶᠢᠩᠭᠤᠵᠢᠭᠤᠯᠬᠤ | ᠳᠤ ᠰᠠᠭᠤᠷᠢ ᠴᠢᠨᠠᠷᠲᠠᠶ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ ᠲᠠᠪᠤ ᠳᠤ᠂ ᠭᠤᠣᠯᠳᠠᠯᠭ᠎ᠠ ᠲᠠᠢ ᠵᠠᠷᠤᠯᠭ᠎ᠠ ᠶᠢᠨ ᠬᠡᠷᠡᠭᠴᠡᠭᠡ ᠶᠢ ᠪᠠᠲᠤᠯᠠᠨ᠎ᠠ᠃ ᠨᠠᠩ ᠣᠯᠠᠨ | ᠡᠳ᠋ ᠤᠨ ᠬᠦᠴᠦᠨ ᠢ ᠲᠥᠪᠯᠡᠷᠡᠭᠦᠯᠵᠦ ᠪᠠᠶᠢᠭᠠᠳ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠬᠤᠲᠠ ᠶᠢᠨ ᠨᠠᠷᠢᠯᠢᠬᠵᠢᠭᠤᠯᠤᠭᠰᠠᠨ ᠵᠠᠰᠠᠯᠲᠠ᠂ ᠵᠠᠮ | ᠪᠠ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ᠂ ᠴᠡᠴᠡᠷᠯᠢᠭ ᠤᠨ ᠦᠵᠡᠮᠵᠢ ᠶᠢᠨ ᠥᠭᠡᠷᠡᠴᠢᠯᠡᠯᠲᠡ ᠵᠡᠷᠭᠡ ᠣᠯᠠᠨ ᠲᠦᠮᠡᠨ ᠤ ᠬᠠᠮᠤᠭ ᠠᠴᠠ ᠢᠯᠡᠭᠦᠦ | ᠠᠩᠬᠠᠷᠴᠤ ᠪᠠᠶᠢᠭ᠎ᠠ᠂ ᠬᠠᠮᠤᠭ ᠠᠴᠠ ᠥᠷᠭᠡᠨ ᠳᠡᠯᠭᠡᠷ ᠠᠩᠬᠠᠷᠴᠤ ᠪᠠᠶᠢᠭ᠎ᠠ ᠠᠷᠠᠳ ᠲᠤ ᠠᠰᠢᠭ ᠬᠦᠷᠲᠡᠭᠡᠬᠦ ᠭᠤᠤᠯᠳᠠᠯᠭ᠎ᠠ ᠲᠠᠢ ᠢᠨᠵᠧᠨᠧᠷᠢᠩ ᠢ ᠤᠷᠤᠭᠰᠢᠲᠠᠶ | ᠬᠡᠷᠡᠭᠵᠢᠭᠦᠯᠬᠦ ᠶᠢ ᠪᠠᠲᠤᠯᠠᠵᠤ᠂ ᠤᠶᠤᠨᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠩᠭᠤ ᠶᠢᠨ ᠪᠥᠭᠡᠳ ᠣᠷᠳᠣ ᠬᠤᠭᠤᠴᠠᠭᠠᠨ | ᠤ ᠪᠦᠲᠦᠮᠵᠢᠲᠡᠶ ᠪᠠᠷ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠦᠷᠭᠦᠯᠵᠢᠯᠡᠨ ᠥᠷᠨᠢᠭᠦᠯᠬᠦ ᠶᠢ ᠴᠢᠬᠤᠯᠠᠴᠢᠯᠠᠨ᠎ᠠ᠃ | ︵ᠳᠥᠷᠪᠡ︶ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮᠵᠢ ᠶᠢ ᠲᠦᠷᠭᠡᠳᠬᠡᠨ ᠬᠥᠭᠵᠢᠭᠦᠯᠵᠦ᠂ ᠠᠵᠤ ᠠᠬᠤᠶ ᠶᠢᠨ ᠰᠢᠰᠲ᠋ᠧᠮᠵᠢ ᠶᠢ | ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ᠴᠢᠨᠠᠷ ᠰᠠᠶᠢᠲᠠᠶ ᠬᠥᠭᠵᠢᠯᠲᠡ ᠶᠢᠨ ᠦᠨᠳᠦᠰᠦ ᠰᠠᠭᠤᠷᠢ ᠪᠣᠯ ᠪᠣᠳᠠᠲᠤ ᠴᠣᠭᠴᠠ ᠶᠢᠨ ᠠᠵᠤ ᠠᠬᠤᠶ ᠪᠣᠯᠤᠨ᠎ᠠ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠳᠤᠷᠠᠳᠤᠭᠰᠠᠨ ︽ᠲᠠᠪᠤ ᠶᠢ ᠤᠶᠠᠯᠳᠤᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠣᠭᠤᠷᠢᠨ ᠳᠤ ᠦᠷᠭᠦᠯᠵᠢᠯᠡᠨ ᠠᠷᠭ᠎ᠠ ᠤᠬᠠᠭᠠᠨ ᠭᠠᠷᠭᠠᠵᠤ᠂ ᠪᠣᠳᠠᠲᠤ ᠴᠣᠭᠴᠠ ᠶᠢᠨ ᠠᠵᠤ ᠠᠬᠤᠶ ᠶᠢ | ᠪᠤᠵᠠᠭᠠᠶᠢᠷᠠᠭᠤᠯᠬᠤ᠂ ᠬᠦᠴᠦᠷᠬᠡᠭᠵᠢᠭᠦᠯᠬᠦ᠂ ᠰᠢᠯᠢᠳᠡᠭᠵᠢᠭᠦᠯᠬᠦ ᠶᠢ ᠦᠨᠡᠨ ᠬᠦ ᠳᠡᠮᠵᠢᠵᠦ᠂ ᠭᠠᠶᠢᠯᠢ ᠶᠢᠨ ᠢᠷᠡᠯᠲᠡ ᠶᠢᠨ ᠰᠠᠭᠤᠷᠢ ᠶᠢ ᠯᠠᠪᠳᠠᠭᠤᠨ ᠪᠠᠲᠤᠲᠠᠶ | ᠪᠠᠬᠢᠵᠢᠭᠦᠯᠦᠨ᠎ᠡ᠃ ᠨᠢᠭᠡ ᠳᠤ᠂ ᠡᠳ᠋ ᠤᠨ ᠵᠠᠰᠠᠭ ᠤᠨ ᠬᠥᠰᠢᠭᠦᠷᠭᠡ ᠶᠢᠨ ᠡᠭᠦᠷᠭᠡ ᠴᠢᠳᠠᠪᠤᠷᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠲᠥᠷᠥ ᠶᠢᠨ | ᠪᠣᠳᠣᠯᠭ᠎ᠠ ᠪᠠᠷ ᠳᠡᠮᠵᠢᠬᠦ᠂ ᠪᠠᠯᠠ ᠮᠥᠩᠭᠦ ᠪᠠᠷ ᠲᠡᠳᠬᠦᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠣᠯᠠᠨ ᠵᠦᠶᠯ ᠤᠨ ᠠᠷᠭ᠎ᠠ | ᠬᠡᠮᠵᠢᠶ᠎ᠡ ᠪᠠᠷ ᠳᠠᠮᠵᠢᠭᠤᠯᠤᠨ ᠲᠣᠨᠤᠭ ᠲᠥᠬᠦᠭᠡᠷᠦᠮᠵᠢ ᠦᠶᠯᠡᠳᠬᠦ᠂ ᠨᠡᠭᠦᠷᠡᠰᠦ᠂ ᠨᠣᠯᠤᠤᠷ ᠨᠡᠬᠡᠮᠡᠯ ᠤᠨ ᠭᠤᠷᠪᠠᠨ ᠶᠡᠭᠡ ᠲᠤᠯᠭᠠᠭᠤᠷᠢ ᠠᠵᠤ ᠦᠶᠯᠡᠰ ᠢ | ᠬᠡᠪᠴᠢᠶᠡᠵᠢᠭᠦᠯᠬᠦ᠂ ᠤᠶᠤᠨᠴᠢᠯᠠᠬᠤ᠂ ᠪᠦᠯᠦᠭᠵᠢᠭᠦᠯᠬᠦ᠂ ᠣᠳᠣᠬᠢᠴᠢᠯᠠᠬᠤ ᠳᠠᠰᠢ ᠠᠬᠢᠭᠤᠯᠵᠤ᠂ ᠲᠡᠭᠦᠨ ᠢ ᠳ᠋ᠦᠩᠱᠧᠩ ᠲᠣᠭᠤᠷᠢᠭ ᠤᠨ ᠪᠣᠳᠠᠲᠤ ᠴᠣᠭᠴᠠ ᠶᠢᠨ | ᠠᠵᠤ ᠠᠬᠤᠶ ᠶᠢᠨ ᠭᠤᠤᠯ ᠬᠦᠴᠦᠨ ᠪᠣᠯᠭᠠᠨ ᠪᠦᠷᠢᠯᠳᠦᠭᠦᠯᠵᠦ᠂ ᠡᠳ᠋ ᠤᠨ ᠢᠷᠡᠯᠲᠡ ᠶᠢᠨ ᠪᠠᠲᠤ ᠪᠠᠬᠢ ᠰᠠᠭᠤᠷᠢ ᠶᠢ ᠴᠣᠭᠴᠠᠯᠠᠨ᠎ᠠ᠃ ᠬᠤᠶᠠᠷ ᠲᠤ᠂ ᠳᠡᠭᠡᠳᠦ | ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠰᠢᠭᠦᠷᠭᠡ ᠶᠢᠨ ᠦᠶᠯᠡᠳᠦᠯ ᠢ | ᠦᠷᠭᠦᠯᠵᠢᠯᠡᠨ ᠪᠠᠳᠠᠷᠠᠭᠤᠯᠵᠤ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠬᠥᠭᠵᠢᠨ ᠪᠤᠵᠠᠭᠠᠶᠢᠷᠬᠠᠤ ᠶᠢ ᠦᠷᠭᠦᠯᠵᠢᠯᠡᠨ ᠳᠡᠮᠵᠢᠵᠦ᠂ ᠰᠣᠶᠣᠯ | ᠵᠢᠭᠤᠯᠴᠢᠯᠠᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ᠂ ᠡᠳ᠋ ᠪᠣᠳᠠᠰ ᠤᠨ ᠭᠦᠶᠯᠭᠡᠭᠡ ᠪᠠᠷ ᠭᠤᠤᠯ ᠪᠣᠯᠭᠠᠭᠰᠠᠨ | ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠢ ᠳᠡᠮᠵᠢᠵᠦ᠂ ᠲᠤᠰᠬᠠᠶ ᠮᠡᠷᠭᠡᠵᠢᠯ ᠤᠨ ᠦᠶᠯᠡᠴᠢᠯᠡᠭᠡᠨ ᠤ ᠲᠥᠪᠯᠡᠷᠡᠯ ᠤᠨ ᠲᠦᠪᠰᠢᠨ ᠢ ᠳᠡᠭᠡᠭᠰᠢᠯᠡᠭᠦᠯᠵᠦ᠂ | ᠦᠶᠯᠡᠴᠢᠯᠡᠭᠡᠨ ᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ | ᠳᠤ ᠪᠠᠲᠤ ᠪᠠᠬᠢ ᠰᠠᠭᠤᠷᠢ ᠶᠢ ᠲᠠᠯᠪᠢᠵᠤ᠂ ᠦᠷᠭᠦᠯᠵᠢᠯᠡᠬᠦ ᠡᠳ᠋ ᠤᠨ ᠢᠷᠡᠯᠲᠡ ᠶᠢᠨ ᠬᠦᠴᠦᠨ ᠢ ᠪᠦᠷᠢᠯᠳᠦᠭᠦᠯᠦᠨ᠎ᠡ᠃ ᠭᠤᠷᠪᠠ ᠳᠤ᠂ ᠲᠥᠪ᠂ ᠥᠪᠡᠷᠲᠡᠭᠡᠨ | ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠰᠢᠨ᠎ᠡ ᠬᠡᠯᠪᠡᠷᠢ ᠶᠢᠨ | ᠡᠳ᠋ ᠤᠨ ᠢᠷᠡᠯᠲᠡ ᠶᠢ ᠡᠭᠦᠳᠦᠨ᠎ᠡ᠃ ᠲᠦᠷᠪᠡ ᠳᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠳᠤᠯᠭᠠᠨ ᠤ ᠲᠦᠷᠦ | ᠶᠢᠨ ᠪᠤᠳᠤᠯᠭ᠎ᠠ ᠪᠣᠯᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠳᠡᠭᠡᠳᠦ ᠱᠠᠲᠤᠨ ᠤ ᠲᠡᠳᠬᠦᠬᠦ ᠲᠦᠷᠦ ᠶᠢᠨ ᠪᠤᠳᠤᠯᠭ᠎ᠠ ᠶᠢ ᠪᠡᠯᠡ | ᠣᠷᠣᠭᠤᠯᠤᠯᠲᠠ ᠶᠢᠨ ᠲᠦᠷᠦᠯ ᠵᠦᠢᠯ ᠤᠨ ᠪᠡᠯᠡ ᠮᠥᠩᠭᠦᠨ ᠤ ᠳᠡᠮᠵᠢᠯᠭᠡ ᠪᠣᠯᠭᠠᠨ ᠬᠤᠪᠢᠷᠠᠭᠤᠯᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ | ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠠᠲᠤᠯᠠᠵᠤ᠂ ᠪᠡᠯᠡ ᠣᠷᠣᠭᠤᠯᠤᠯᠲᠠ ᠶᠢᠨ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ︵ᠲᠠᠪᠤ︶ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ | ᠨᠢᠭᠡ ᠳᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ | ᠬᠠᠨᠳᠤᠰᠢ ᠶᠢ ᠨᠢᠭᠲᠠ ᠠᠩᠬᠠᠷᠤᠨ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠵᠡᠷᠭᠡ | ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠬᠢᠨ᠎ᠠ᠃ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠣᠪᠣᠶᠢᠮ᠎ᠠ᠂ ᠲᠦᠷ ᠵᠣᠭᠤᠰ ᠥᠭᠬᠦ ᠲᠤᠭ᠎ᠠ ᠬᠡᠮᠵᠢᠶ᠎ᠡ ᠯᠤᠲᠤ ᠶᠡᠭᠡ ᠵᠢᠴᠢ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠨᠦᠰᠡᠷ ᠬᠦᠨᠳᠦ | ᠪᠠᠶᠢᠬᠤ ᠵᠡᠷᠭᠡ ᠬᠦᠴᠦᠨ ᠵᠦᠶᠯ ᠢ ᠰᠢᠩᠭᠡᠭᠡᠨ ᠠᠪᠴᠤ᠂ ᠬᠤᠲᠠ ᠶᠢᠨ ᠱᠠᠲᠤᠨ ᠠᠴᠠ ᠳ᠋ᠦᠩᠱᠧᠩ ᠲᠣᠭᠤᠷᠢᠭ ᠤᠨ ᠣᠯᠠᠨ ᠨᠡᠶᠢᠲᠡ ᠶᠢᠨ ᠦᠨᠳᠦᠰᠦᠨ | ᠦᠶᠯᠡᠴᠢᠯᠡᠭᠡᠨ ᠤ ᠬᠦᠷᠢᠶᠡᠨ ᠳᠤ ᠳᠡᠮᠵᠢᠯᠭᠡ ᠦᠵᠡᠭᠦᠯᠬᠦ ᠡᠷᠴᠢᠮ ᠢ ᠴᠢᠷᠮᠠᠶᠢᠨ ᠣᠯᠵᠤ᠂ ᠢᠵᠢ ᠪᠦᠷᠢᠳᠦᠭᠦᠯᠬᠦ ᠬᠠᠷᠢᠴᠠᠯ ᠢ ᠵᠣᠬᠢᠰᠲᠠᠶ ᠪᠠᠭᠤᠷᠠᠭᠤᠯᠤᠨ᠎ᠠ᠃ ᠡᠭᠦᠨ | ᠤ ᠬᠠᠮᠲᠤ ᠲᠣᠭᠤᠷᠢᠭ ᠤᠨ ᠲᠣᠰ ᠱᠠᠲᠤ ᠬᠢᠭᠡᠳ ᠬᠦᠷᠢᠶᠡᠯᠡᠩ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠢ | ᠭᠦᠨᠵᠡᠭᠡᠶᠢᠷᠡᠭᠦᠯᠵᠦ᠂ ᠰᠠᠭᠤᠷᠢ ᠲᠤᠭ᠎ᠠ ᠶᠢ ᠵᠦᠶ ᠵᠣᠬᠢᠰᠲᠠᠶ ᠲᠣᠭᠲᠠᠭᠠᠨ᠂ ᠬᠦᠷᠢᠶᠡᠯᠡᠩ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠪᠠ ᠥᠷᠢᠰᠦᠯᠳᠦᠬᠦ ᠬᠦᠴᠦᠨ ᠢ ᠪᠦᠲᠦᠮᠵᠢᠲᠡᠶ ᠬᠥᠭᠵᠢᠭᠡᠨ᠎ᠡ᠃ ᠬᠤᠶᠠᠷ ᠲᠤ᠂ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ | ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠢ ᠡᠬᠢᠯᠡᠭᠦᠯᠵᠦ᠂ ᠲᠥᠰᠦᠪ ᠤᠨ | ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠤᠷᠪᠠ ᠳᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠤᠨᠤᠯᠵᠢᠭᠤᠨ ᠢ ᠲᠥᠰᠦᠪ ᠨᠠᠶᠢᠷᠠᠭᠤᠯᠤᠨ ᠵᠣᠬᠢᠶᠠᠬᠤ᠂ ᠲᠥᠰᠦᠪ ᠢ | ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠪᠣᠯᠤᠨ ᠠᠮᠵᠢᠯᠲᠠ ᠪᠦᠲᠦᠮᠵᠢ ᠶᠢ ᠦᠨᠡᠯᠡᠬᠦ ᠡᠷᠴᠢᠮ | ᠢᠶᠠᠨ ᠨᠡᠮᠡᠭᠳᠡᠭᠦᠯᠵᠦ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ | ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠤᠢᠭᠡᠢ | ᠳᠡᠭᠡᠭᠰᠢᠯᠡᠭᠦᠯᠦᠨ᠎ᠡ᠃ ᠳᠥᠷᠪᠡ ᠳᠤ᠂ ᠡᠳ᠋ ᠤᠨ ᠵᠠᠰᠠᠭ ᠤᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠠᠮᠵᠢᠯᠲᠠ ᠪᠦᠲᠦᠮᠵᠢ ᠶᠢ ᠦᠨᠡᠯᠡᠬᠦ | ᠪᠠ ᠡᠳ᠋ ᠤᠨ ᠵᠠᠰᠠᠭ ᠤᠨ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠬᠤ ᠶᠢ ᠬᠠᠶᠢᠨ ᠰᠦᠪᠡᠭᠴᠢᠯᠡᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠢᠯ ᠪᠠ | ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠬᠤᠯᠪᠣᠭᠳᠠᠬᠤ ᠬᠦᠷᠢᠶ᠎ᠡ ᠴᠠᠷ᠎ᠠ ᠶᠢ ᠬᠠᠮᠤᠷᠴᠤ᠂ ᠠᠵᠢᠯ ᠬᠡᠷᠡᠭ ᠤᠨ ᠡᠮᠦᠨᠡᠬᠢ ᠬᠥᠳᠡᠯᠦᠩᠭᠦᠶ ᠬᠢᠨᠠᠯᠲᠠ | ᠬᠠᠮᠢᠶᠠᠷᠤᠯᠲᠠ᠂ ᠠᠵᠢᠯ ᠬᠡᠷᠡᠭ ᠤᠨ ᠳᠤᠮᠳᠠᠬᠢ ᠬᠡᠪ ᠤᠨ ᠰᠤᠭᠤᠴᠢᠨ ᠪᠠᠶᠢᠴᠠᠭᠠᠯᠲᠠ᠂ ᠠᠵᠢᠯ ᠬᠡᠷᠡᠭ ᠤᠨ ᠳᠠᠷᠠᠭᠠᠬᠢ ᠦᠷ᠎ᠡ ᠪᠦᠲᠦᠮᠵᠢ ᠶᠢ ᠮᠥᠷᠳᠡᠨ ᠠᠰᠠᠭᠤᠬᠤ | ᠬᠢᠨᠠᠯᠲᠠ ᠲᠠᠯᠪᠢᠬᠤ ᠰᠢᠰᠲ᠋ᠧᠮᠵᠢ ᠶᠢ ᠪᠦᠷᠢᠨᠰᠢᠬᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠮᠤᠷ ᠲᠦᠪᠰᠢᠨ ᠴᠢᠨᠠᠷ ᠪᠠ ᠥᠨᠳᠥᠷ ᠦᠷ᠎ᠡ ᠪᠦᠲᠦᠮᠵᠢ ᠳᠤ | ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ ᠲᠠᠪᠤ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠢᠳᠡᠪᠬᠢᠲᠡᠢ ᠬᠠᠮᠵᠢᠯᠴᠠᠨ ᠲᠥᠰᠦᠪ ᠢ ᠰᠦᠯᠵᠢᠶᠡᠵᠢᠭᠦᠯᠦᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠵᠤ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠤᠭᠤᠷᠢᠭ ᠤᠨ ᠲᠣᠰ ᠱᠠᠲᠤᠨ ᠤ ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠠᠪᠤᠴᠠ | ᠳᠠᠬᠢ ᠬᠥᠳᠡᠯᠦᠩᠭᠦᠢ ᠬᠢᠨᠠᠯᠲᠠ ᠶᠢ ᠪᠡᠶᠡᠯᠡᠭᠦᠯᠦᠨ᠎ᠡ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠢ ᠬᠢᠨᠠᠨ ᠪᠠᠶᠢᠴᠠᠭᠠᠬᠤ ᠭᠤᠣᠯᠳᠠᠯᠭ᠎ᠠ ᠶᠢ | ᠵᠠᠷᠤᠯᠭ᠎ᠠ ᠶᠢᠨ ᠲᠥᠰᠦᠪ ᠪᠠ ᠲᠦᠷᠦ ᠶᠢᠨ ᠪᠤᠳᠤᠯᠭ᠎ᠠ ᠲᠡᠶᠢᠰᠢ ᠥᠷᠭᠡᠳᠬᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠰᠦᠪ ᠢ ᠨᠠᠶᠢᠷᠠᠭᠤᠯᠤᠨ | ᠵᠣᠬᠢᠶᠠᠬᠤ᠂ ᠲᠥᠰᠦᠪ ᠢ ᠭᠦᠢᠴᠡᠳᠬᠡᠬᠦ ᠪᠠ ᠲᠥᠰᠦᠪ ᠢ ᠲᠤᠬᠢᠷᠠᠭᠤᠯᠬᠤ ᠵᠢᠷᠤᠮ ᠢ ᠴᠢᠩᠳᠠᠯᠠᠨ᠎ᠠ᠃ | 2021 ᠣᠨ ᠤ ᠡᠳ᠋ ᠤᠨ ᠵᠠᠰᠠᠭ ᠤᠨ ᠥᠭᠡᠷᠡᠴᠢᠯᠡᠯᠲᠡ ᠬᠥᠭᠵᠢᠯᠲᠡ ᠳᠤ ᠰᠢᠨ᠎ᠡ ᠪᠠᠶᠢᠳᠠᠯ᠂ ᠰᠢᠨ᠎ᠡ ᠥᠷᠢᠰᠥᠯᠳᠦᠭᠡᠨ᠂ ᠰᠢᠨ᠎ᠡ ᠲᠣᠬᠢᠶᠠᠯ ᠲᠤᠯᠭᠠᠷᠠᠵᠤ | ᠪᠠᠶᠢᠨ᠎ᠠ᠂ ᠪᠢᠳᠠ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠵᠢᠯᠣᠭᠤᠳᠤᠯᠭ᠎ᠠ ᠳᠣᠤᠷ᠎ᠠ᠂ ᠡᠳ᠋ ᠤᠨ ᠵᠠᠰᠠᠭ ᠤᠨ ᠠᠵᠢᠯ ᠤᠨ | ᠳ᠋ᠦᠩᠱᠧᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠᠬᠢ ᠰᠢᠨ᠎ᠡ ᠡᠭᠦᠷᠭᠡ ᠶᠢ ᠪᠠᠲᠤ ᠡᠵᠡᠮᠳᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠤ ᠳ᠋ᠦᠩᠱᠧᠩ ᠲᠣᠭᠤᠷᠢᠭ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠭᠦᠨᠵᠡᠭᠡᠶ | ᠤᠶᠢᠯᠠᠭᠠᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠲᠤᠬᠢᠷᠠᠭᠤᠯᠵᠤ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ | ᠪᠦᠲᠦᠮᠵᠢᠲᠡᠶ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠳ᠋ᠦᠩᠱᠧᠩ | ᠲᠣᠭᠤᠷᠢᠭ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠤᠷᠸ᠎ᠠ ᠪᠠᠶᠢᠷᠢᠯᠠᠭᠤᠯᠤᠯᠲᠠ ᠳᠤ ᠣᠷᠣᠭᠤᠯᠤᠨ ᠪᠣᠳᠣᠯᠬᠢᠯᠠᠬᠤ ᠪᠠ ᠠᠷᠭ᠎ᠠ ᠰᠦᠪᠡᠭᠴᠢᠯᠡᠵᠦ᠂ ᠴᠢᠷᠮᠠᠶᠢᠨ | ᠳᠠᠪᠰᠢᠬᠤ ᠵᠣᠷᠢᠭ ᠰᠠᠨᠠᠭ᠎ᠠ ᠪᠠᠷ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ᠂ ᠯᠠᠪᠳᠠᠭᠤᠨ ᠬᠦᠴᠦᠲᠡᠶ ᠠᠷᠭ᠎ᠠ ᠬᠡᠮᠵᠢᠶ᠎ᠡ᠂ ᠪᠦᠬᠦ ᠲᠣᠭᠤᠷᠢᠭ ᠤᠨ ᠠᠵᠤ | ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠬᠤ ᠳᠤ ᠬᠦᠴᠦᠨ ᠴᠢᠳᠠᠯ | ᠢᠶᠠᠨ ᠡᠷᠬᠦᠵᠦ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠳᠤᠶ᠎ᠠ᠃ | ᠲᠥᠯᠥᠭᠡᠯᠡᠭᠴᠢᠳ ᠡ᠄ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 2020 ᠣᠨ ᠤ ᠲᠥᠰᠦᠪ ᠢ ᠭᠦᠶᠴᠡᠳᠬᠡᠭᠰᠡᠨ ᠪᠠᠶᠢᠳᠠᠯ ᠪᠠ 2021 | ᠣᠨ ᠤ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ︾ ᠶᠢ ᠲᠠᠨ ᠤ ᠨᠠᠩ ᠣᠨᠣᠪᠴᠢᠲᠠᠶ ᠪᠠᠷ ᠬᠢᠨᠠᠨ ᠵᠥᠪᠯᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ | ᠡᠳᠦᠭᠡ ᠮᠡᠳᠡᠭᠦᠯᠦᠯᠲᠡ ᠳᠠᠬᠢ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠨᠡᠷ᠎ᠡ ᠦᠭᠡ ᠶᠢ ᠳᠣᠤᠷᠠᠬᠢ ᠮᠡᠲᠦ ᠲᠠᠶᠢᠯᠪᠤᠷᠢᠯᠠᠪᠠ᠂ ᠯᠠᠪᠯᠠᠯᠳᠠ ᠪᠤᠯᠭᠠᠰᠤᠭᠠᠢ᠃ | 1. ᠡᠩ ᠤᠨ ᠣᠯᠠᠨ ᠨᠡᠢᠲᠡ ᠶᠢᠨ ᠲᠥᠰᠦᠪ᠄ ᠭᠠᠶᠢᠯᠢ ᠲᠠᠲᠠᠪᠤᠷᠢ ᠪᠠᠷ ᠭᠤᠣᠯ ᠴᠣᠭᠴᠠ ᠪᠣᠯᠭᠠᠭᠰᠠᠨ ᠡᠳ᠋ ᠤᠨ ᠵᠠᠰᠠᠭ ᠣᠨ ᠣᠷᠣᠯᠭ᠎ᠠ ᠪᠤᠯᠤᠨ᠎ᠠ᠂ | ᠠᠷᠠᠳ ᠤᠨ ᠠᠮᠢᠳᠤᠷᠠᠯ ᠢ ᠪᠠᠲᠤᠯᠠᠨ ᠰᠠᠢᠵᠢᠷᠠᠭᠤᠯᠬᠤ᠂ ᠠᠵᠤ ᠠᠬᠤᠢ ᠨᠡᠢᠭᠡᠮ ᠤᠨ ᠬᠥᠭᠵᠢᠯᠲᠡ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ | ᠲᠥᠷᠦ ᠶᠢᠨ ᠪᠠᠢᠭᠤᠯᠤᠮᠵᠢ ᠶᠢᠨ ᠬᠡᠪ ᠤᠨ ᠡᠷᠭᠢᠯᠲᠡ ᠶᠢ ᠪᠠᠲᠤᠯᠠᠬᠤ ᠵᠡᠷᠭᠡ ᠲᠠᠯ᠎ᠠ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠪᠤᠯᠤᠨ᠎ᠠ᠃ | 2. ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠄ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ | ᠶᠣᠰᠣᠭᠠᠷ ᠵᠣᠬᠢᠬᠤ ᠬᠤᠭᠤᠴᠠᠭᠠᠨ ᠤ ᠳᠣᠲᠣᠷ᠎ᠠ ᠣᠨᠴᠠ ᠲᠣᠭᠲᠠᠭᠰᠠᠨ ᠡᠲᠡᠭᠡᠳ ᠠᠴᠠ ᠲᠠᠲᠠᠪᠤᠷᠢᠯᠠᠭᠰᠠᠨ᠂ ᠬᠤᠷᠢᠶᠠᠭᠰᠠᠨ ᠪᠤᠶᠤ ᠪᠤᠰᠤᠳ ᠠᠷᠭ᠎ᠠ ᠮᠠᠶ᠋ᠢᠭ ᠢᠶᠠᠷ | ᠴᠤᠭᠯᠠᠭᠤᠯᠤᠭᠰᠠᠨ ᠪᠠᠯᠠ ᠮᠥᠩᠭᠦ ᠶᠢ ᠣᠨᠴᠠ ᠲᠣᠭᠲᠠᠭᠰᠠᠨ ᠣᠯᠠᠨ ᠨᠡᠶᠢᠲᠡ ᠶᠢᠨ ᠦᠶᠯᠡᠰ ᠤᠨ ᠬᠥᠭᠵᠢᠯᠲᠡ ᠳᠤ ᠲᠤᠰᠬᠠᠶ ᠬᠡᠷᠡᠭᠯᠡᠬᠦ ᠣᠷᠣᠯᠭ᠎ᠠ ᠵᠠᠷᠤᠯᠭ᠎ᠠ ᠶᠢᠨ | ᠲᠥᠰᠦᠪ ᠪᠣᠯᠤᠨ᠎ᠠ᠃ | 3. ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ᠄ ᠤᠯᠤᠰ ᠤᠨ ᠦᠮᠴᠢᠯᠡᠯᠳᠦ ᠬᠥᠷᠥᠩᠭᠡ ᠶᠢᠨ ᠠᠰᠢᠭ ᠣᠷᠣᠯᠭ᠎ᠠ ᠳᠤ | ᠵᠠᠷᠤᠯᠭ᠎ᠠ ᠲᠣᠬᠢᠷᠠᠭᠤᠯᠬᠤ ᠣᠷᠣᠯᠭ᠎ᠠ ᠵᠠᠷᠤᠯᠭ᠎ᠠ ᠶᠢᠨ ᠲᠥᠰᠦᠪ ᠪᠤᠯᠤᠨ᠎ᠠ᠃ | 4. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ᠄ ᠨᠡᠶᠢᠭᠡᠮ ᠤᠨ ᠳᠠᠭᠠᠳᠬᠠᠯ ᠤᠨ ᠮᠥᠩᠭᠦ ᠲᠤᠰᠢᠶᠠᠬᠤ᠂ ᠡᠩ ᠤᠨ ᠣᠯᠠᠨ ᠨᠡᠶᠢᠲᠡ | ᠶᠢᠨ ᠲᠥᠰᠦᠪ ᠤᠨ ᠲᠣᠬᠢᠷᠠᠭᠤᠯᠤᠯᠲᠠ ᠪᠠ ᠪᠤᠰᠤᠳ ᠠᠷᠭ᠎ᠠ ᠮᠠᠶ᠋ᠢᠭ ᠢᠶᠠᠷ ᠴᠤᠭᠯᠠᠭᠤᠯᠤᠭᠰᠠᠨ ᠪᠡᠯᠡ ᠮᠥᠩᠭᠦ ᠶᠢ ᠨᠡᠶᠢᠭᠡᠮ ᠤᠨ ᠳᠠᠭᠠᠳᠬᠠᠯ ᠳᠤ ᠲᠤᠰᠬᠠᠶ ᠬᠡᠷᠡᠭᠯᠡᠬᠦ | ᠣᠷᠣᠯᠭ᠎ᠠ ᠵᠠᠷᠤᠯᠭ᠎ᠠ ᠶᠢᠨ ᠲᠥᠰᠦᠪ ᠪᠤᠯᠤᠨ᠎ᠠ᠃ | 5. ᠲᠥᠪ ᠠᠴᠠ ᠰᠢᠭᠤᠳ ᠬᠦᠷᠭᠡᠬᠦ ᠪᠠᠯᠠ ᠮᠥᠩᠭᠦ᠄ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠵᠢᠷᠭᠤᠭ᠎ᠠ ᠶᠢ ᠪᠠᠲᠤᠯᠠᠬᠤ ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠠᠯᠠ ᠮᠥᠩᠭᠦ ᠶᠢ ᠬᠤᠲᠠ | ᠰᠢᠶᠠᠨ ᠤ ᠦᠨᠳᠦᠰᠦᠨ ᠱᠠᠲᠤᠨ ᠳᠤ ᠰᠢᠭᠤᠳ ᠬᠦᠷᠭᠡᠬᠦ᠂ ᠠᠵᠤ ᠠᠬᠤᠶᠢᠯᠠᠯ ᠳᠤ ᠰᠢᠭᠤᠳ ᠠᠰᠢᠭ ᠬᠦᠷᠲᠡᠭᠡᠵᠦ᠂ ᠠᠷᠠᠳ ᠲᠤ ᠰᠢᠭᠤᠳ ᠠᠰᠢᠭ ᠬᠦᠷᠲᠡᠭᠡᠬᠦ ᠪᠠᠷ | ᠪᠠᠶᠢᠭᠤᠯᠤᠭᠰᠠᠨ ᠣᠨᠴᠠᠭᠠᠶ ᠰᠢᠯᠵᠢᠭᠦᠯᠦᠨ ᠥᠭᠬᠦ ᠲᠣᠭᠲᠠᠴᠠ ᠶᠢᠨ ᠪᠠᠯᠠ ᠮᠥᠩᠭᠦ ᠶᠢ ᠪᠠᠲᠤᠯᠠᠬᠤ ᠲᠦᠰᠦᠪ ᠪᠤᠯᠤᠨ᠎ᠠ᠃ | 6. ᠡᠩ ᠤᠨ ᠴᠢᠨᠠᠷᠲᠠᠶ ᠵᠠᠷᠤᠯᠭ᠎ᠠ᠄ ᠠᠯᠪᠠᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠵᠠᠷᠤᠳᠠᠯ᠂ ᠠᠯᠪᠠᠨ ᠶᠠᠪᠤᠳᠠᠯ ᠤᠨ ᠲᠡᠷᠭᠡ ᠬᠤᠳᠠᠯᠳᠤᠨ | ᠠᠪᠬᠤ ᠵᠢᠴᠢ ᠠᠵᠢᠯᠯᠠᠭᠠᠨ ᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ ᠵᠡᠷᠭᠡ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠪᠠᠭᠲᠠᠭᠠᠭᠰᠠᠨ᠂ | ᠤᠯᠤᠰ ᠤᠨ ᠮᠠᠰᠢᠨ ᠲᠤᠨᠤᠭᠯᠠᠯ ᠤᠨ ᠬᠡᠪ ᠤᠨ ᠠᠵᠢᠯᠯᠠᠭᠠᠨ ᠢ ᠬᠠᠮᠠᠭᠠᠯᠠᠬᠤ᠂ ᠨᠡᠶᠢᠭᠡᠮ ᠤᠨ ᠣᠯᠠᠨ ᠨᠡᠶᠢᠲᠡ ᠶᠢᠨ ᠰᠠᠯᠠᠭ᠎ᠠ ᠮᠥᠴᠢᠷ ᠤᠨ ᠬᠡᠪ ᠤᠨ ᠵᠠᠷᠤᠯᠭ᠎ᠠ ᠶᠢᠨ | ᠬᠡᠷᠡᠭᠴᠡᠭᠡ ᠶᠢ ᠬᠠᠩᠭᠠᠬᠤ ᠳᠤ ᠬᠡᠷᠡᠭᠯᠡᠬᠦ ᠡᠳ᠋ ᠤᠨ ᠵᠠᠰᠠᠭ ᠤᠨ ᠵᠠᠷᠤᠯᠭ᠎ᠠ ᠪᠤᠯᠤᠨ᠎ᠠ᠃ | 7. ︽ᠭᠤᠷᠪᠠᠨ ᠵᠦᠢᠯ ᠤᠨ ᠠᠯᠪᠠᠨ ᠵᠠᠷᠤᠳᠠᠯ︾᠄ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠲᠠᠨ ᠤ ᠠᠯᠪᠠᠨ ᠶᠠᠪᠤᠳᠠᠯ ᠢᠶᠠᠷ ᠤᠯᠤᠰ ︵ᠬᠢᠯᠢ︶ | ᠠᠴᠠ ᠭᠠᠷᠬᠤ ᠵᠠᠷᠤᠳᠠᠯ᠂ ᠠᠯᠪᠠᠨ ᠶᠠᠪᠤᠳᠠᠯ ᠤᠨ ᠲᠡᠷᠭᠡ ᠬᠤᠳᠠᠯᠳᠤᠨ ᠠᠪᠬᠤ ᠵᠢᠴᠢ ᠠᠵᠢᠯᠯᠠᠭᠠᠨ ᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ ᠠᠴᠠ | ᠪᠤᠶ ᠪᠣᠯᠤᠭᠰᠠᠨ ᠵᠠᠷᠤᠳᠠᠯ ᠪᠣᠯᠤᠨ᠎ᠠ᠃ | 8. ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ᠄ ᠭᠤᠤᠯᠳᠠᠭᠤ ᠵᠠᠷᠢᠮ ᠲᠥᠰᠦᠪ ᠤᠨ ᠠᠬᠢᠴᠠ ᠶᠣᠰᠣᠭᠠᠷ ᠬᠡᠷᠡᠭᠵᠢᠭᠦᠯᠦᠭᠰᠡᠨ ᠥᠬᠡᠶ᠂ ᠮᠥᠨ ᠯᠡ ︽ | ᠳᠠᠩᠰᠠᠨ ᠳᠡᠭᠡᠷ᠎ᠡ ᠬᠡᠪᠲᠡᠵᠦ︾ ᠪᠠᠶᠢᠭ᠎ᠠ ︽ᠲᠤᠨᠤᠮᠠᠯ ᠦᠯᠡᠳᠡᠪᠦᠷᠢ ᠪᠠᠯᠠ ᠮᠥᠩᠭᠦ︾ ᠶᠢ ᠪᠠᠭᠲᠠᠭᠠᠨ᠎ᠠ᠃ ᠡᠭᠦᠨ ᠳᠤ ᠭᠤᠣᠯᠳᠠᠭᠤ ᠢᠪᠴᠤᠤ ᠤᠳᠬ᠎ᠠ ᠪᠠ | ᠳᠡᠯᠭᠡᠷᠡᠩᠭᠦᠢ ᠤᠳᠬ᠎ᠠ ᠶᠢᠨ ᠢᠯᠭᠠᠭ᠎ᠠ ᠪᠠᠶᠢᠳᠠᠭ᠂ ᠢᠪᠴᠤᠤ ᠤᠳᠬ᠎ᠠ ᠨᠢ ᠪᠠᠩᠬᠢ ᠳᠤ ᠬᠠᠳᠠᠭᠠᠯᠠᠵᠤ ᠪᠠᠶᠢᠭ᠎ᠠ ᠵᠣᠭᠤᠰ ᠮᠥᠩᠭᠦ ᠪᠣᠯᠤᠨ᠎ᠠ᠃ ᠳᠡᠯᠭᠡᠷᠡᠩᠭᠦᠢ ᠤᠳᠬ᠎ᠠ | ᠨᠢ ᠪᠣᠯ ᠳᠠᠷᠤᠭᠳᠠᠵᠤ ᠪᠠᠶᠢᠭ᠎ᠠ ᠵᠣᠭᠤᠰᠣᠨ ᠤ ᠪᠡᠯᠡ ᠮᠥᠩᠭᠦ ᠶᠢ ᠪᠠᠭᠲᠠᠭᠠᠬᠤ ᠠᠴᠠ ᠭᠠᠳᠠᠨ᠎ᠠ᠂ ᠪᠠᠰᠠ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠲᠤᠭ᠎ᠠ | ᠶᠢ ᠲᠤᠬᠢᠷᠠᠭᠤᠯᠤᠭᠰᠠᠨ ᠤ ᠲᠠᠷᠠᠭ᠎ᠠ᠂ ᠲᠥᠯᠥᠪᠯᠡᠭᠡ ᠶᠣᠰᠣᠭᠠᠷ ᠶᠠᠪᠤᠭᠳᠠᠭᠤᠯᠵᠤ ᠴᠢᠳᠠᠬᠤ ᠦᠭᠡᠢ ᠪᠤᠶᠤ ᠬᠡᠷᠡᠭᠵᠢᠭᠦᠯᠵᠦ ᠳᠠᠭᠤᠰᠤᠭᠰᠠᠨ ᠦᠭᠡᠢ ᠪᠠᠷ ᠡᠳ᠋ ᠤᠨ | ᠵᠠᠰᠠᠭ ᠤᠨ ᠪᠡᠯᠡ ᠮᠥᠩᠭᠦ ᠶᠢ ᠡᠵᠡᠯᠡᠨ ᠬᠡᠷᠡᠭᠯᠡᠬᠦ ᠲᠥᠯᠥᠪᠯᠡᠭᠡ ᠠᠴᠠ ᠪᠤᠢ ᠪᠣᠯᠤᠭᠰᠠᠨ ᠦᠯᠡᠳᠡᠪᠦᠷᠢ ᠭᠦᠢᠴᠡᠳᠬᠡᠯ ᠲᠤᠭ᠎ᠠ ᠶᠢ ᠪᠠᠭᠲᠠᠭᠠᠨ᠎ᠠ᠃ ᠲᠤᠭᠤᠷᠢᠭ ᠤᠨ | ᠲᠤᠰ ᠱᠠᠲᠤᠨ ᠤ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠭᠡᠳᠡᠭ ᠨᠢ ᠭᠤᠣᠯᠳᠠᠭᠤ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠥᠩᠭᠡᠷᠡᠭᠰᠡᠨ ᠵᠢᠯ ᠤᠳ ᠲᠤ ᠪᠤᠶ ᠪᠣᠯᠤᠭᠰᠠᠨ ᠦᠯᠡᠳᠡᠪᠦᠷᠢ ᠶᠢᠨ ᠭᠦᠢᠴᠡᠳᠬᠡᠬᠦ ᠲᠤᠭ᠎ᠠ ᠶᠢ ᠵᠢᠭᠠᠵᠤ ᠪᠤᠶ᠃ | 9. ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾᠄ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠭᠡᠳᠡᠭ ᠨᠢ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠶᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ | ᠶᠢ ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠠᠵᠢᠯ ᠢ ᠵᠢᠭᠠᠵᠤ ᠪᠠᠶᠢᠨ᠎ᠠ᠃ ︽ᠵᠢᠷᠭᠤᠭ᠎ᠠ | ᠶᠢ ᠪᠠᠲᠤᠯᠠᠬᠤ︾ ᠭᠡᠳᠡᠭ ᠨᠢ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ | ᠤᠨ ᠭᠤᠣᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ | ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠡᠷᠭᠢᠯᠲᠡ ᠶᠢ ᠪᠠᠲᠤᠯᠠᠬᠤ ᠶᠢ ᠵᠢᠭᠠᠵᠤ ᠪᠠᠶᠢᠨ᠎ᠠ᠃ | | | |