| | — 2021 ᠤᠨ ᠤ 3ᠰᠠᠷ᠎ᠠ ᠶᠢᠨ 31 ᠤ ᠡᠳᠦᠷ ᠤᠷᠳᠤᠰ | ᠬᠤᠳᠠ ᠶᠢᠨ ᠳ᠋ᠥᠩᠱᠧᠩ ᠲᠤᠭᠤᠷᠢᠭ ᠤᠨ ᠶᠢᠰᠦᠳᠦᠭᠡᠷ | ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠤᠷᠳᠤᠰ ᠬᠤᠳᠠ ᠶᠢᠨ ᠳ᠋ᠥᠩᠱᠧᠩ ᠲᠤᠭᠤᠷᠢᠭ ᠤᠨ ᠠᠷᠠᠳ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠸᠠᠩ ᡁᠢ ᠯᠤ᠋ | | ᠲᠦᠯᠦᠭᠡᠯᠡᠭᠴᠢᠳ ᠡ᠄ | ᠤᠳᠤ ᠪᠢ ᠳ᠋ᠥᠩᠱᠧᠩ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢ ᠲᠦᠯᠦᠭᠡᠯᠡᠵᠤ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ | ᠵᠦᠪᠯᠡᠬᠦ ᠪᠤᠯᠪᠠᠤ᠂ ᠤᠯᠤᠰ ᠲᠦᠷᠦ ᠶᠢᠨ ᠭᠡᠰᠢᠭᠦᠳ ᠪᠤᠯᠤᠨ ᠬᠤᠷᠠᠯ ᠳᠤ ᠤᠷᠤᠯᠴᠠᠭᠰᠠᠨ ᠨᠦᠭᠦᠳ ᠬᠢᠨᠠᠨ ᠵᠦᠪᠯᠡᠵᠤ ᠰᠠᠨᠠᠯ ᠲᠤᠷᠠᠳᠬᠤ ᠪᠤᠯᠪᠠᠤ︕ | | 2020 ᠤᠨ ᠤ ᠪᠠᠶᠢᠴᠠᠭᠠᠬᠤ ᠠᠵᠢᠯ ᠤᠨ ᠡᠷᠭᠢᠴᠡᠭᠦᠯᠦᠯ | | 2020 ᠤᠨ ᠳᠤ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠲᠤᠭᠤᠷᠢᠭ ᠤᠨ ᠨᠠᠮ ᠤᠨ ᠬᠤᠷᠢᠶ᠎ᠠ ᠪᠤᠯᠤᠨ ᠬᠤᠳᠠ ᠶᠢᠨ ᠪᠠᠶᠢᠴᠠᠭᠠᠬᠤ ᠬᠤᠷᠢᠶᠠᠨ | ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ | ᠬᠦᠴᠦᠲᠠᠢ ᠬᠢᠨᠠᠯᠲᠠ ᠶᠢᠨ ᠲᠤᠤᠷ᠎ᠠ᠂ ᠲᠤᠭᠤᠷᠢᠭ ᠤᠨ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠵᠢᠴᠢ ᠨᠡᠶᠢᠬᠡᠮ ᠤᠨ ᠡᠯ᠎ᠡ ᠡᠳᠡᠭᠡᠳ ᠤᠨ ᠬᠠᠶᠢᠷ᠎ᠠ | ᠬᠠᠯᠠᠮᠵᠢᠯᠠᠯ ᠪᠠ ᠳᠡᠮᠵᠢᠯᠭᠡ ᠲᠤᠤᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ | ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠡᠷᠢᠶ᠎ᠠ ᠵᠢᠭᠠᠪᠤᠷᠢ ᠶᠢ ᠯᠠᠪᠳᠠᠭᠤᠨ ᠪᠠᠲᠤᠲᠠᠢ | ᠲᠤᠤᠱᠯᠠᠭᠤᠯᠪᠠ᠃ ᠦᠷᠬᠦᠯᠵᠢᠯᠡᠨ ᠤᠳᠤᠷᠢᠳᠬᠤ ᠪᠠᠭ ᠢ ᠠᠳᠬᠤᠨ᠂ ᠡᠩᠨᠡᠭᠡ ᠪᠠᠨ ᠳᠠᠭᠠᠭᠤᠯᠵᠤ᠂ ᠬᠡᠪ ᠴᠢᠨᠠᠷ ᠢᠶᠠᠨ ᠳᠡᠭᠡᠭᠰᠢᠯᠡᠬᠦᠯᠦᠨ᠂ ᠳᠤᠳᠠᠭᠤᠳᠠᠯ ᠢᠶᠠᠨ | ᠨᠦᠬᠦᠵᠦ᠂ ᠴᠢᠨᠠᠷ ᠴᠢᠨᠰᠠᠭ᠎ᠠ ᠪᠠᠨ ᠳᠡᠭᠡᠭᠰᠢᠯᠡᠬᠦᠯᠦᠨ᠂ ᠲᠦᠪ ᠴᠢᠩᠭ᠎ᠠ ᠲᠦᠷᠢ ᠲᠦᠷᠬᠦ ᠶᠢ ᠱᠤᠭᠤᠬᠤ ᠶᠢ ᠠᠳᠬᠤᠵᠤ᠂ ᠡᠯ᠎ᠡ ᠲᠦᠷᠦᠯ ᠤᠨ ᠪᠠᠶᠢᠴᠠᠭᠠᠬᠤ ᠠᠵᠢᠯ ᠢ | ᠲᠤᠭᠳᠠᠭᠤᠨ ᠢᠶᠠᠷ ᠬᠦᠭᠵᠢᠬᠦᠯᠵᠦ᠂ ︽ᠬᠡᠪ ᠴᠢᠨᠠᠷ ᠢᠶᠠᠨ ᠳᠡᠭᠡᠭᠰᠢᠯᠡᠭᠦᠯᠬᠦ ᠣᠨ︾ ᠤ ᠠᠵᠢᠯᠯᠠᠭ᠎ᠠ ᠪᠠᠷ ᠭᠠᠷᠳᠠᠴᠠ ᠪᠣᠯᠭᠠᠨ᠂ ᠨᠠᠷᠢᠯᠢᠭ ᠢᠶᠠᠷ ᠬᠠᠮᠢᠶᠠᠷᠬᠤ᠂ ᠨᠠᠷᠢᠯᠢᠭ | ᠢᠶᠠᠷ ᠠᠯᠪᠠᠯᠠᠬᠤ᠂ ᠨᠠᠷᠢᠯᠢᠭ ᠢᠶᠠᠷ ᠬᠡᠷᠡᠭ ᠰᠢᠢᠳᠪᠦᠷᠢᠯᠡᠬᠦ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠠᠶᠢᠴᠠᠭᠠᠬᠤ ᠠᠵᠢᠯ ᠤᠨ ᠭᠦᠢᠴᠡᠳᠬᠡᠬᠦ ᠴᠢᠳᠠᠪᠤᠷᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃ ᠪᠦᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠪᠠᠶᠢᠴᠠᠭᠠᠬᠤ | ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠳᠡᠰ ᠤᠨ ᠠᠷᠠᠳ ᠣᠯᠠᠨ ᠤ ᠬᠠᠮᠤᠭ ᠤᠨ ᠬᠠᠨᠤᠮᠵᠢᠲᠠᠢ ᠠᠯᠪᠠᠲᠠᠨ ᠤ ᠨᠢᠭᠡᠴᠡ᠂ ᠦᠪᠡᠷᠳᠡᠭᠡᠨ ᠵᠠᠰᠠᠬᠤ ᠤᠷᠤᠨ ᠤ | ᠳᠡᠰ ᠤᠨ ᠪᠤᠯᠪᠠᠰᠤᠨ ᠨᠢᠭᠡᠴᠡ ᠵᠡᠷᠭᠡ 20 ᠭᠠᠷᠤᠢ ᠬᠠᠮᠲᠤ ᠨᠢᠭᠡᠴᠡ ᠶᠢᠨ ᠢᠷᠠᠭᠤ ᠠᠯᠳᠠᠷ ᠢ ᠣᠯᠵᠤ᠂ ᠺᠠᠳ᠋ᠷ ᠴᠠᠭᠳᠠᠭ᠎ᠠ ᠨᠠᠷ ᠪᠦᠬᠦ ᠤᠯᠤᠰ ᠤᠨ ᠪᠠᠶᠢᠴᠠᠭᠠᠬᠤ | ᠪᠠᠶᠢᠭᠤᠯᠭ᠎ᠠ ᠶᠢᠨ ᠬᠡᠷᠡᠭ ᠵᠠᠷᠭᠤ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠭᠠᠷᠮᠠᠭᠠᠢ ᠴᠢᠳᠠᠪᠤᠷᠢᠲᠠᠨ᠂ ᠦᠪᠡᠷᠳᠡᠭᠡᠨ ᠵᠠᠰᠠᠬᠤ ᠤᠷᠤᠨ ᠤ ᠳᠡᠰ ᠤᠨ | ᠰᠢᠯᠢᠳᠡᠭ ᠠᠯᠪᠠᠨ ᠵᠠᠭᠠᠯᠳᠤᠭᠴᠢ ᠵᠡᠷᠭᠡ 30 ᠭᠠᠷᠤᠢ ᠲᠦᠷᠦᠯ ᠤᠨ ᠳᠡᠭᠡᠲᠦ ᠱᠠᠲᠤᠨ ᠤ ᠱᠠᠩᠨᠠᠯ ᠬᠦᠬᠢᠬᠦᠯᠦᠯ ᠢ ᠬᠦᠷᠳᠡᠵᠡᠢ᠃ ᠲᠠᠪᠤ ᠶᠢ ᠨᠢᠭᠡ ᠴᠣᠭᠴᠠᠵᠢᠭᠤᠯᠬᠤ | ᠰᠢᠯᠭᠠᠨ ᠦᠨᠡᠯᠡᠯᠲᠡ ᠳᠤ ᠳᠠᠷᠠᠭᠠᠯᠠᠨ ᠲᠡᠷᠢᠭᠦᠯᠡᠵᠦ᠂ ᠬᠤᠳᠠ ᠶᠢᠨ ᠪᠠᠶᠢᠴᠠᠭᠠᠬᠤ ᠬᠤᠷᠢᠶᠠᠨ ᠠᠴᠠ ᠮᠠᠨ ᠤ ᠬᠤᠷᠢᠶ᠎ᠠ ᠶᠢ ᠪᠦᠬᠦ ᠬᠤᠲᠠ ᠪᠠᠷ ᠢᠶᠠᠨ ᠰᠤᠷᠤᠯᠴᠠᠬᠤ | ᠳᠠᠭᠤᠷᠢᠶᠠᠯ ᠪᠠᠶᠢᠭᠤᠯᠭ᠎ᠠ ᠪᠣᠯᠭᠠᠨ ᠲᠣᠭᠲᠠᠭᠠᠪᠠ᠃ | ᠨᠢᠭᠡ᠂ ᠳᠡᠭᠡᠳᠤ ᠬᠡᠮᠵᠢᠶᠡᠨ ᠤ ᠤᠯᠤᠰ ᠲᠦᠷᠦ ᠶᠢᠨ ᠦᠵᠡᠯ ᠤᠬᠠᠮᠰᠠᠷ ᠢ ᠪᠠᠷᠢᠮᠲᠠᠯᠠᠨ᠂ ᠬᠦᠭᠵᠢᠯᠲᠠ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠪᠠᠲᠤᠯᠠᠬᠤ | ᠪᠠᠷ ᠦᠷᠭᠦᠯᠵᠢᠯᠡᠨ ᠬᠦᠴᠦᠯᠡᠪᠡ᠃ | — ᠤᠯᠤᠰ ᠲᠦᠷᠦ ᠶᠢᠨ ᠦᠵᠡᠯ ᠤᠬᠠᠮᠰᠠᠷ ᠢ ᠴᠢᠩᠭ᠎ᠠ ᠪᠠᠷᠢᠮᠲᠠᠯᠠᠨ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠢ ᠬᠠᠮᠠᠭᠠᠯᠠᠪᠠ᠃ ᠶᠡᠭᠡ ᠲᠠᠯ᠎ᠠ | ᠳᠤ ᠦᠢᠯᠡᠴᠢᠯᠡᠬᠦ ᠶᠢ ᠪᠠᠶᠢᠴᠠᠭᠠᠬᠤ ᠠᠵᠢᠯ ᠤᠨ ᠬᠠᠮᠤᠭ ᠴᠢᠬᠤᠯᠠ ᠡᠭᠦᠷᠭᠡ ᠬᠠᠷᠢᠭᠤᠴᠠᠯᠭ᠎ᠠ ᠪᠣᠯᠭᠠᠨ᠂ ᠳ᠋ᠦᠩᠱᠧᠩ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠦᠭᠵᠢᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠵᠡᠷᠭᠡ ᠳᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠶᠢ | ᠬᠠᠩᠭᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠱᠦᠭᠦᠷᠳᠡᠨ ᠠᠷᠢᠯᠭᠠᠬᠤ ᠠᠵᠢᠯ ᠤᠨ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠤ᠂ ᠨᠡᠶᠢᠲᠡ 12 | ᠬᠡᠷᠡᠭ 40 ᠬᠦᠮᠦᠨ ᠢ ᠪᠠᠷᠢᠪᠴᠢᠯᠠᠬᠤ ᠪᠠᠷ ᠵᠥᠪᠰᠢᠶᠡᠷᠡᠨ᠂ 5 ᠬᠡᠷᠡᠭ 26 ᠬᠦᠮᠦᠨ ᠢ ᠵᠠᠭᠠᠯᠳᠤᠵᠤ᠂ ᠴᠦᠮ ᠶᠠᠯ᠎ᠠ ᠣᠨᠣᠭᠠᠵᠤ ᠰᠢᠭᠦᠨ ᠳᠠᠰᠤᠯᠪᠠ᠃ 26 ᠬᠡᠷᠡᠭ | ᠤᠨ ᠰᠦᠪᠡᠭᠴᠢ ᠶᠢ ᠰᠢᠯᠵᠢᠭᠦᠯᠦᠨ ᠬᠦᠷᠭᠡᠵᠦ᠂ 32 ᠬᠤᠪᠢ ᠪᠠᠶᠢᠴᠠᠭᠠᠬᠤ ᠰᠠᠨᠠᠭᠤᠯᠭ᠎ᠠ ᠶᠢ ᠨᠠᠶᠢᠷᠠᠭᠤᠯᠤᠨ ᠳᠠᠷᠬᠠᠭᠠᠪᠠ᠃ | — ᠠᠷᠠᠳ ᠤᠨ ᠲᠥᠯᠥᠭᠡ ᠦᠢᠯᠡᠴᠢᠯᠡᠬᠦ ᠵᠣᠷᠢᠯᠲᠠ ᠶᠢ ᠪᠠᠷᠢᠮᠲᠠᠯᠠᠨ᠂ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠳᠤ | ᠦᠢᠯᠡᠴᠢᠯᠡᠪᠡ᠃ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠳᠤ ᠦᠢᠯᠡᠴᠢᠯᠡᠬᠦ ᠶᠢ ᠣᠳᠣᠬᠠᠨ ᠤ ᠲᠡᠷᠢᠬᠦᠨ ᠤ ᠪᠠᠶᠢᠴᠠᠭᠠᠬᠤ | ᠡᠭᠦᠷᠭᠡ ᠪᠣᠯᠭᠠᠨ᠂ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠳᠤ ᠦᠢᠯᠡᠴᠢᠯᠡᠬᠦ 15 ᠲᠦᠷᠦᠯ ᠤᠨ ᠠᠷᠭ᠎ᠠ ᠪᠣᠳᠣᠯᠭ᠎ᠠ ᠶᠢ | ᠲᠣᠭᠲᠠᠭᠠᠨ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠭᠢ ᠳᠢᠭᠯᠢᠮ ᠢ ᠡᠪᠳᠡᠭᠰᠡᠨ ᠶᠠᠯᠠᠲᠤ ᠬᠡᠷᠡᠭ ᠢ 44 ᠬᠡᠷᠡᠭ 65 ᠬᠦᠮᠦᠨ ᠢ ᠰᠢᠢᠳᠬᠡᠨ ᠰᠢᠢᠳᠪᠦᠷᠢᠯᠡᠵᠦ᠂ | ᠲᠤᠰᠢᠶᠠᠯ ᠢᠶᠠᠨ ᠠᠰᠢᠭᠯᠠᠨ ᠦᠪᠡᠷᠴᠢᠯᠡᠭᠰᠡᠨ ᠶᠠᠯ᠎ᠠ ᠵᠡᠷᠭᠡ ᠠᠵᠤ ᠠᠬᠤᠶᠢᠯᠠᠯ ᠲᠠᠢ ᠬᠤᠯᠪᠤᠭᠳᠠᠭᠰᠠᠨ 3 ᠬᠡᠷᠡᠭ 3 ᠬᠦᠮᠦᠨ ᠢ ᠰᠢᠢᠳᠭᠡᠨ ᠰᠢᠢᠳᠪᠦᠷᠢᠯᠡᠪᠡ᠃ 20 | ᠲᠥᠷᠥᠯ ᠤᠨ ᠬᠤᠪᠢ ᠶᠢᠨ ᠠᠵᠤ ᠠᠬᠤᠢ ᠳᠤ ᠦᠢᠯᠡᠴᠢᠯᠡᠬᠦ ᠠᠷᠭ᠎ᠠ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠳᠤ ᠬᠤᠯᠪᠤᠭᠳᠠᠭᠰᠠᠨ ︽ᠳᠠᠷᠤᠭᠳᠠᠮᠠᠯ ᠬᠡᠷᠡᠭ︾ ᠢ ᠰᠢᠢᠳᠪᠦᠷᠢᠯᠡᠵᠦ ᠳᠠᠭᠤᠰᠬᠠᠬᠤ ᠲᠤᠰᠬᠠᠢ ᠠᠵᠢᠯᠯᠠᠭ᠎ᠠ ᠵᠢᠴᠢ ᠬᠤᠯᠪᠤᠭᠠᠲᠦ ᠬᠤᠷᠠᠯ ᠤᠨ | ᠠᠵᠢᠯᠯᠠᠭ᠎ᠠ᠂ ︽ᠬᠠᠤᠯᠢ ᠪᠠᠷ ᠵᠠᠰᠠᠬᠤ ᠶᠢ ᠠᠵᠤ ᠠᠬᠤᠶᠢᠯᠠᠯ ᠳᠤ ᠣᠷᠤᠭᠤᠯᠬᠤ︾ ᠠᠵᠢᠯᠯᠠᠭ᠎ᠠ ᠵᠡᠷᠭᠡ ᠶᠢ ᠢᠳᠡᠪᠬᠢᠲᠡᠢ ᠦᠷᠨᠢᠭᠦᠯᠦᠨ᠂ ᠬᠠᠤᠯᠢ ᠪᠠᠷ ᠵᠠᠰᠠᠭᠰᠠᠨ | ᠠᠷᠠᠯᠵᠢᠶ᠎ᠠ ᠬᠤᠳᠠᠯᠳᠤᠭᠠᠨ ᠤ ᠣᠷᠴᠢᠨ ᠢ ᠪᠦᠷᠢᠯᠳᠦᠭᠦᠯᠪᠡ᠃ ᠤᠯᠤᠰ ᠤᠨ ᠬᠠᠤᠯᠢ ᠴᠠᠭᠠᠵᠠ ᠶᠢᠨ ᠠᠪᠤᠷᠠᠨ ᠳᠤᠰᠠᠯᠠᠯᠲᠠ ᠶᠢᠨ ᠠᠵᠢᠯ ᠪᠠ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠢ ᠨᠢᠭᠲᠠ ᠤᠶᠠᠯᠳᠤᠭᠤᠯᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ 6 ᠬᠡᠷᠡᠭ ᠢ | ᠰᠢᠢᠳᠪᠦᠷᠢᠯᠡᠨ᠂ 15.6 ᠲᠦᠮᠡᠨ ᠲᠦᠭᠦᠷᠢᠭ ᠤᠨ ᠳᠤᠰᠠᠯᠠᠮᠵᠢ ᠶᠢᠨ ᠮᠦᠩᠭᠦ ᠶᠢ ᠳᠠᠷᠬᠠᠭᠠᠪᠠ᠃ ᠵᠠᠯᠠᠭᠤ ᠪᠠᠭᠠᠴᠤᠳ ᠤᠨ ᠬᠠᠥᠯᠢ ᠪᠠᠷ ᠵᠠᠰᠠᠬᠤ ᠰᠤᠷᠭᠠᠨ | ᠬᠦᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠠ ᠬᠠᠤᠯᠢ ᠪᠠᠷ ᠵᠠᠰᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠨᠠᠰᠤᠨ ᠳᠤ ᠦᠯᠦ | ᠬᠦᠷᠦᠭᠰᠡᠳ ᠲᠤ ᠬᠤᠯᠪᠤᠭᠳᠠᠭᠰᠠᠨ 8 ᠬᠡᠷᠡᠭ 9 ᠬᠦᠮᠦᠨ ᠢ ᠪᠠᠷᠢᠪᠴᠢᠯᠠᠬᠤ ᠪᠠᠷ ᠵᠦᠪᠰᠢᠶᠡᠷᠡᠵᠦ᠂ 12 ᠬᠡᠷᠡᠭ 14 ᠬᠦᠮᠦᠨ ᠢ ᠬᠢᠨᠠᠨ ᠪᠠᠶᠢᠴᠠᠭᠠᠵᠤ ᠵᠠᠭᠠᠯᠳᠤᠪᠠ᠃ | ᠨᠠᠰᠤᠨ ᠳᠤ ᠦᠯᠦ ᠬᠦᠷᠦᠭᠰᠡᠨ ᠰᠡᠵᠢᠭᠲᠡᠢ 5 ᠬᠡᠷᠡᠭ 5 ᠬᠦᠮᠦᠨ ᠢ ᠪᠠᠷᠢᠪᠴᠢᠯᠠᠬᠤ ᠪᠠᠷ ᠵᠥᠪᠰᠢᠶᠡᠷᠡᠭᠰᠡᠨ ᠦᠭᠡᠢ᠂ ᠦᠯᠦ ᠵᠠᠷᠭᠤᠯᠳᠤᠬᠤ ᠪᠠᠷ ᠲᠣᠭᠲᠠᠭᠰᠠᠨ ᠨᠢ | 3 ᠬᠡᠷᠡᠭ 3 ᠬᠦᠮᠦᠨ᠃ ᠦᠪᠦᠷ ᠮᠣᠩᠭᠤᠯ ᠤᠨ ᠦᠪᠡᠷᠳᠡᠭᠡᠨ ᠤ ᠵᠠᠰᠠᠬᠤ ᠣᠷᠣᠨ ᠤ ︽ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠢ ᠰᠢᠢᠳᠪᠦᠷᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠶᠢᠨ ᠭᠠᠵᠠᠷ ᠤᠨ ᠬᠤᠷᠠᠯᠳᠤᠭᠠᠨ ᠢ ᠳᠠᠭᠠᠭᠠᠴᠢᠯᠠᠨ ᠡᠷᠬᠢᠯᠡᠪᠡ ᠃ | | — ᠦᠢᠯᠡᠴᠢᠯᠡᠭᠡᠨ ᠤ ᠡᠭᠦᠷᠭᠡ ᠪᠠᠨ ᠪᠠᠷᠢᠮᠲᠠᠯᠠᠵᠤ᠂ ᠨᠡᠶᠢᠬᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠪᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠪᠠ ᠪᠠᠶᠢᠴᠠᠭᠠᠬᠤ ᠠᠵᠢᠯ ᠢ ᠨᠢᠭᠡᠳᠦᠯᠲᠡᠢ ᠲᠦᠯᠦᠪᠯᠡᠨ ᠠᠬᠢᠭᠤᠯᠵᠤ᠂ ᠪᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠨᠡᠶᠢᠭᠡᠮ | ᠲᠣᠭᠤᠷᠢᠭ ᠤᠨ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠠᠵᠢᠯ ᠳᠤ ᠢᠳᠡᠪᠬᠢᠯᠡᠨ ᠣᠷᠣᠯᠴᠠᠪᠠ᠃ ᠪᠠᠶᠢᠴᠠᠭᠠᠬᠤ ᠲᠤᠰᠢᠶᠠᠯ ᠴᠢᠳᠠᠪᠬᠢ ᠪᠠᠨ ᠭᠦᠢᠴᠡᠳ ᠪᠠᠳᠠᠷᠠᠭᠤᠯᠤᠨ᠂ | ᠬᠢᠵᠢᠭ ᠤᠨ ᠪᠠᠶᠢᠳᠠᠯ ᠳᠤ ᠬᠤᠯᠪᠤᠭᠳᠠᠭᠰᠠᠨ 3 ᠡᠷᠡᠭᠦᠦ ᠶᠢᠨ ᠬᠡᠷᠡᠭ 3 ᠡᠷᠡᠭᠦᠦ ᠶᠢᠨ ᠬᠡᠷᠡᠭᠲᠡᠨ᠂ ᠬᠦᠴᠦ ᠪᠠᠷ ᠡᠮᠴᠢ ᠰᠤᠪᠢᠯᠠᠭᠴᠢ ᠶᠢ ᠰᠢᠷᠬᠠᠳᠤᠭᠤᠯᠤᠭᠰᠠᠨ 1 | ᠬᠡᠷᠡᠭ 1 ᠬᠦᠮᠦᠨ ᠢ ᠰᠢᠢᠳᠬᠡᠨ ᠭᠦᠢᠴᠡᠳᠭᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷ᠎ᠠ ᠳᠠᠬᠢ ᠬᠠᠤᠯᠢ ᠳᠦᠷᠢᠮ ᠠᠴᠠ ᠵᠦᠷᠢᠴᠡᠭᠰᠡᠨ ᠠᠰᠠᠭᠤᠳᠠᠯ | ᠤᠨ ᠲᠤᠰᠬᠠᠢ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ 5465.6 ᠲᠦᠮᠡᠨ ᠲᠦᠭᠦᠷᠢᠭ ᠤᠨ ᠠᠵᠤ | ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠨᠡᠶᠢᠬᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠳᠤ ᠢᠳᠡᠪᠬᠢᠯᠡᠨ | ᠣᠷᠣᠯᠴᠠᠵᠤ᠂ 139 ᠵᠠᠭᠠᠯᠳᠤᠯᠭ᠎ᠠ ᠬᠢᠵᠦ ᠭᠤᠮᠤᠳᠠᠯ ᠲᠣᠭᠠᠴᠢᠭᠰᠠᠨ ᠬᠡᠷᠡᠭ ᠢ ᠭᠦᠢᠴᠡᠳᠬᠡᠨ ᠰᠢᠢᠳᠪᠦᠷᠢᠯᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠢ | ᠬᠤᠬᠢᠷᠠᠭᠤᠯᠤᠭᠰᠠᠨ ᠶᠠᠯᠠᠲᠤ ᠬᠡᠷᠡᠭ ᠢ 412 ᠬᠤᠪᠢ ᠭᠦᠢᠴᠡᠳᠭᠡᠨ ᠰᠢᠢᠳᠪᠦᠷᠢᠯᠡᠵᠦ᠂ ᠨᠡᠶᠢᠭᠡᠮ ᠤᠨ ᠠᠮᠤᠷ ᠲᠤᠭᠲᠠᠭᠤᠨ ᠪᠣᠯᠤᠨ ᠣᠯᠠᠨ ᠨᠡᠶᠢᠲᠡ ᠶᠢᠨ ᠠᠮᠤᠷ | ᠲᠦᠪᠰᠢᠨ ᠢ ᠬᠠᠮᠠᠭᠠᠯᠠᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠬᠤᠶᠠᠷ᠂ ᠪᠠᠶᠢᠴᠠᠭᠠᠬᠤ ᠠᠵᠢᠯ ᠤᠨ ᠦᠵᠡᠯ ᠤᠬᠠᠮᠰᠠᠷ ᠢᠶᠠᠨ ᠪᠠᠷᠢᠮᠲᠠᠯᠠᠨ᠂ ᠳᠦᠷᠪᠡᠨ ᠶᠡᠭᠡ ᠪᠠᠶᠢᠴᠠᠭᠠᠯᠲᠠ ᠶᠢᠨ ᠪᠦᠬᠦ ᠲᠠᠯ᠎ᠠ ᠪᠠᠷ ᠬᠦᠭᠵᠢᠬᠦ ᠶᠢ | ᠦᠷᠭᠦᠯᠵᠢᠯᠡᠨ ᠠᠬᠢᠭᠤᠯᠪᠠ᠃ | — ᠬᠡᠷᠡᠭ ᠵᠠᠷᠭᠤ ᠶᠢᠨ ᠰᠢᠢᠳᠪᠦᠷᠢᠯᠡᠯᠲᠡ ᠪᠠ ᠬᠢᠨᠠᠯᠲᠠ ᠲᠠᠯᠪᠢᠬᠤ ᠶᠢ ᠬᠠᠮᠲᠤ ᠳᠤ ᠨᠢ ᠴᠢᠬᠤᠯᠠᠴᠢᠯᠠᠬᠤ ᠶᠢ ᠡᠷᠬᠢᠮᠯᠡᠨ᠂ ᠡᠷᠡᠭᠦᠦ ᠶᠢᠨ ᠬᠡᠷᠡᠭ ᠤᠨ ᠬᠢᠨᠠᠨ | ᠪᠠᠶᠢᠴᠠᠭᠠᠯᠲᠠ ᠶᠢ ᠰᠢᠯᠢᠳᠡᠭᠵᠢᠭᠦᠯᠪᠡ᠃ ᠬᠢᠨᠠᠨ ᠪᠠᠶᠢᠴᠠᠭᠠᠬᠤ ᠪᠠᠷ ᠰᠢᠯᠵᠢᠬᠦᠯᠦᠨ ᠬᠦᠷᠭᠡᠭᠰᠡᠨ 386 ᠬᠦᠮᠦᠨ ᠢ ᠪᠠᠷᠢᠪᠴᠢᠯᠠᠬᠤ ᠪᠠᠷ ᠬᠦᠯᠢᠶᠡᠨ ᠰᠢᠢᠳᠪᠤᠷᠢᠯᠡᠵᠦ᠂ | 360 ᠬᠦᠮᠦᠨ ᠢ ᠪᠠᠷᠢᠪᠴᠢᠯᠠᠬᠤ ᠪᠠᠷ ᠵᠦᠪᠰᠢᠶᠡᠷᠡᠨ᠂ ᠪᠠᠷᠢᠪᠴᠢᠯᠠᠬᠤ ᠪᠠᠷ ᠵᠦᠪᠰᠢᠶᠡᠷᠡᠭᠰᠡᠨ ᠦᠬᠡᠢ ᠨᠢ 27 ᠬᠦᠮᠦᠨ᠂ ᠵᠠᠭᠠᠯᠳᠤᠯᠭ᠎ᠠ ᠶᠢ ᠬᠢᠨᠠᠨ ᠪᠠᠶᠢᠴᠠᠭᠠᠬᠤ ᠪᠠᠷ | ᠰᠢᠯᠵᠢᠬᠦᠯᠦᠨ ᠬᠦᠷᠭᠡᠭᠰᠡᠨ 1037 ᠬᠦᠮᠦᠨ ᠢ ᠵᠠᠭᠠᠯᠳᠤᠬᠤ ᠪᠠᠷ ᠬᠦᠯᠢᠶᠡᠨ ᠰᠢᠢᠳᠪᠤᠷᠢᠯᠡᠵᠦ᠂ 870 ᠬᠦᠮᠦᠨ ᠢ ᠵᠠᠭᠠᠯᠳᠤᠵᠤ᠂ ᠵᠠᠭᠠᠯᠳᠤᠭᠰᠠᠨ ᠦᠬᠡᠢ ᠨᠢ 54 | ᠬᠦᠮᠦᠨ᠃ ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠲᠤᠮᠢᠯᠠᠭᠰᠠᠨ ᠪᠠᠶᠢᠴᠠᠭᠠᠭᠴᠢ ᠶᠢᠨ ᠠᠵᠢᠯ ᠤᠨ ᠦᠷᠦᠭᠡ ᠶᠢᠨ ᠪᠠᠶᠢᠭᠤᠯᠤᠯᠲᠠ ᠶᠢ ᠬᠦᠨᠵᠡᠭᠡᠶᠢᠷᠡᠬᠦᠯᠦᠨ᠂ | ᠬᠡᠷᠡᠭ ᠭᠦᠢᠴᠡᠳᠬᠡᠬᠦ ᠳᠤᠭᠤᠶᠢᠯᠠᠩ ᠤᠨ ᠬᠢᠨ ᠡᠭᠡᠯᠵᠢ ᠪᠠᠷ ᠵᠢᠵᠢᠭᠦᠷᠯᠡᠪᠡ᠃ ᠪᠠᠶᠢᠴᠠᠭᠠᠬᠤ ᠪᠠ ᠬᠢᠨᠠᠯᠲᠠ ᠲᠠᠯᠪᠢᠬᠤ ᠦᠵᠡᠯᠲᠡ ᠣᠶᠢᠯᠠᠭᠠᠯᠲᠠ ᠪᠠᠨ ᠳᠡᠭᠡᠭᠰᠢᠯᠡᠭᠦᠯᠦᠨ | ᠂ ︽ᠬᠤᠶᠠᠷ ᠵᠦᠢᠯ ᠤᠨ ᠬᠢᠨᠠᠯᠲᠠ ᠲᠠᠯᠪᠢᠬᠤ︾ ᠲᠤᠰᠬᠠᠢ ᠠᠵᠢᠯᠯᠠᠭ᠎ᠠ ᠶᠢᠨ ᠨᠠᠷᠢᠯᠢᠭᠵᠢᠭᠤᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠬᠡᠷᠡᠭ ᠪᠣᠯᠭᠠᠨ | ᠳᠠᠩᠰᠠᠯᠠᠬᠤ ᠠᠵᠢᠯᠯᠠᠭ᠎ᠠ ᠳᠤ ᠬᠢᠨᠠᠯᠲᠠ ᠲᠠᠯᠪᠢᠭᠰᠠᠨ ᠬᠡᠷᠡᠭ ᠢ 31 ᠬᠤᠪᠢ ᠭᠦᠢᠴᠡᠳᠬᠡᠵᠦ᠂ 40 ᠬᠠᠤᠯᠢ ᠶᠢ ᠵᠥᠷᠢᠴᠡᠭᠰᠡᠨ ᠬᠡᠷᠡᠭ᠂ 9 ᠬᠤᠷᠢᠬᠤ ᠬᠡᠷᠡᠭᠴᠡᠭᠡᠲᠦ | ᠴᠢᠨᠠᠷ ᠲᠠᠢ ᠬᠢᠨᠠᠨ ᠪᠠᠶᠢᠴᠠᠭᠠᠭᠰᠠᠨ ᠬᠡᠷᠡᠭ᠂ 10 ᠭᠤᠭᠤᠵᠢᠭᠳᠠᠭᠰᠠᠨ ᠶᠠᠯ᠎ᠠ ᠶᠢᠨ ᠬᠡᠷᠡᠭ᠂ 19 ᠭᠤᠭᠤᠵᠢᠭᠳᠠᠭᠰᠠᠨ ᠶᠠᠯᠠᠲᠠᠨ ᠤ ᠬᠡᠷᠡᠭ᠂ 5 ᠡᠰᠡᠷᠭᠦᠴᠡᠨ | ᠵᠠᠭᠠᠯᠳᠤᠭᠰᠠᠨ ᠡᠷᠡᠭᠦᠦ ᠶᠢᠨ ᠬᠡᠷᠡᠭ ᠢ ᠵᠠᠯᠠᠷᠠᠭᠤᠯᠪᠠ᠃ ᠡᠷᠡᠭᠦᠦ ᠶᠢᠨ ᠬᠡᠷᠡᠭ ᠤᠨ ᠬᠡᠷᠡᠭᠵᠢᠬᠦᠯᠦᠯᠲᠡ ᠶᠢᠨ ᠪᠠᠶᠢᠴᠠᠭᠠᠬᠤ ᠠᠵᠢᠯ ᠢ ᠦᠷᠭᠦᠯᠵᠢᠯᠡᠨ ᠰᠢᠯᠢᠳᠡᠭᠵᠢᠭᠦᠯᠵᠦ᠂ | ᠱᠠᠭᠠᠷᠳᠠᠯᠭ᠎ᠠ ᠶᠣᠰᠣᠭᠠᠷ ᠺᠠᠳ᠋ᠷ ᠴᠠᠭᠳᠠᠭ᠎ᠠ ᠲᠣᠮᠢᠯᠠᠨ ᠰᠠᠭᠤᠯᠭᠠᠭᠰᠠᠨ ᠭᠠᠵᠠᠷ ᠤᠨ ᠡᠳᠦᠷ ᠲᠣᠳᠤᠮ ᠤᠨ ᠬᠢᠨᠠᠨ ᠪᠠᠶᠢᠴᠠᠭᠠᠬᠤ ᠠᠵᠢᠯ ᠢ ᠦᠷᠨᠢᠭᠦᠯᠵᠦ᠂ ᠬᠢᠨᠠᠨ | ᠪᠠᠶᠢᠴᠠᠭᠠᠵᠤ ᠪᠠᠶᠢᠭ᠎ᠠ ᠭᠠᠵᠠᠷ ᠣᠷᠣᠨ ᠤ ᠠᠮᠤᠷ ᠲᠤᠭᠲᠠᠭᠤᠨ ᠢ ᠦᠨᠡᠨᠬᠦ ᠪᠠᠲᠤᠯᠠᠪᠠ᠃ ᠡᠷᠡᠭᠦᠦ ᠰᠢᠢᠳᠬᠡᠯ ᠬᠦᠯᠢᠶᠡᠭᠴᠢ ᠶᠢᠨ ᠲᠣᠭᠲᠠᠭᠠᠯ ᠢ ᠵᠥᠷᠢᠴᠡᠨ | ᠠᠰᠠᠷᠠᠮᠵᠢ ᠶᠢᠨ ᠮᠦᠩᠭᠦ ᠬᠦᠷᠲᠡᠵᠦ ᠪᠠᠶᠢᠬᠤ ᠶᠢ ᠲᠤᠰᠬᠠᠢ ᠴᠡᠭᠴᠡᠯᠡᠨ ᠪᠠᠶᠢᠴᠠᠭᠠᠬᠤ ᠠᠵᠢᠯᠯᠠᠭ᠎ᠠ᠂ ᠤᠳᠠᠭᠠᠨ ᠪᠠᠷᠢᠪᠴᠢᠯᠠᠭᠠᠳ ᠳᠠᠰᠤᠯᠤᠭᠰᠠᠨ ᠦᠭᠡᠢ ᠬᠡᠷᠡᠭ ᠪᠣᠯᠤᠨ | ᠬᠤᠭᠤᠴᠠᠭ᠎ᠠ ᠬᠡᠲᠦᠷᠡᠭᠦᠯᠦᠨ ᠬᠤᠷᠢᠭᠰᠠᠨ ᠬᠡᠷᠡᠭ ᠢ ᠰᠢᠢᠳᠪᠦᠷᠢᠯᠡᠬᠦ ᠲᠤᠰᠬᠠᠢ ᠠᠵᠢᠯᠯᠠᠭ᠎ᠠ᠂ ᠬᠢᠨᠳᠠᠨ ᠤ ᠭᠠᠳᠠᠨ᠎ᠠ ᠭᠦᠢᠴᠡᠳᠬᠡᠬᠦ ᠪᠠᠷ ᠲᠦᠷ ᠵᠦᠪᠰᠢᠶᠡᠷᠡᠭᠰᠡᠨ ᠢ | ᠲᠤᠰᠬᠠᠢ ᠪᠠᠶᠢᠴᠠᠭᠠᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠦᠨ᠂ ᠬᠢᠨᠳᠠᠨ ᠤ ᠭᠠᠳᠠᠨ᠎ᠠ ᠭᠦᠢᠴᠡᠳᠬᠡᠬᠦ ᠪᠠᠷ ᠬᠢᠨᠠᠨ ᠵᠥᠪᠯᠡᠯᠲᠡ ᠳᠡᠪᠰᠢᠭᠦᠯᠦᠭᠰᠡᠨ 3 ᠬᠡᠷᠡᠭ᠂ | ᠬᠢᠨᠠᠨ ᠪᠠᠶᠢᠴᠠᠭᠠᠯᠲᠠ ᠶᠢᠨ ᠰᠢᠢᠳᠪᠦᠷᠢ 3 ᠶᠢ ᠭᠦᠢᠴᠡᠳᠭᠡᠪᠡ᠃ ᠬᠢᠨᠠᠨ ᠪᠠᠶᠢᠴᠠᠭᠠᠬᠤ ᠰᠠᠨᠠᠭᠤᠯᠭ᠎ᠠ ᠶᠢ 50 ᠬᠤᠪᠢ ᠨᠠᠶᠢᠷᠠᠭᠤᠯᠤᠨ ᠳᠠᠷᠬᠠᠭᠠᠵᠤ᠂ 5 ᠬᠠᠤᠯᠢ ᠶᠢ | ᠵᠥᠷᠢᠴᠡᠭᠰᠡᠨ ᠬᠡᠷᠡᠭ ᠢ ᠵᠠᠯᠠᠷᠠᠭᠤᠯᠪᠠ᠃ ᠡᠭᠦᠷᠭᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠬᠡᠷᠡᠭ ᠢ ᠪᠠᠶᠢᠴᠠᠭᠠᠨ ᠰᠢᠢᠳᠬᠡᠬᠦ ᠬᠦᠴᠦᠯᠡᠴᠡ ᠪᠠᠨ ᠴᠢᠩᠭᠠᠳᠬᠠᠵᠤ᠂ | ᠲᠤᠰᠬᠠᠢ ᠮᠡᠷᠭᠡᠵᠢᠭᠰᠡᠨ ᠡᠭᠦᠷᠭᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠬᠡᠷᠡᠭ ᠢ ᠮᠦᠷᠳᠡᠨ ᠪᠠᠶᠢᠴᠠᠭᠠᠬᠤ ᠠᠵᠢᠯ ᠤᠨ ᠡᠩᠨᠡᠭᠡ ᠶᠢ ᠪᠠᠶᠢᠭᠤᠯᠤᠨ᠂ ᠡᠭᠦᠷᠭᠡ | ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ 1 ᠬᠡᠷᠡᠭ ᠢ ᠬᠢᠨᠠᠨ ᠪᠠᠶᠢᠴᠠᠭᠠᠵᠤ 1 ᠬᠦᠮᠦᠨ ᠢ ᠪᠠᠷᠢᠪᠴᠢᠯᠠᠪᠠ᠂ 7 ᠬᠡᠷᠡᠭ ᠢ ᠬᠢᠨᠠᠨ ᠪᠠᠶᠢᠴᠠᠭᠠᠵᠤ 10 ᠬᠦᠮᠦᠨ ᠢ | ᠵᠠᠭᠠᠯᠳᠤᠪᠠ᠂ 8 ᠬᠡᠷᠡᠭ 12 ᠬᠦᠮᠦᠨ ᠢ ᠤᠷᠢᠳᠴᠢᠯᠠᠨ ᠮᠦᠷᠳᠡᠨ ᠪᠠᠶᠢᠴᠠᠭᠠᠵᠤ ᠰᠢᠢᠳᠪᠤᠷᠢᠯᠡᠪᠡ᠃ | — ᠨᠠᠷᠢᠯᠢᠭ ᠣᠨᠣᠪᠴᠢᠲᠠᠢ ᠪᠠ ᠪᠤᠳᠠᠳᠤ ᠪᠦᠲᠦᠮᠵᠢ ᠭᠠᠷᠭᠠᠬᠤ ᠶᠢ ᠬᠠᠮᠲᠤ ᠳᠤ ᠨᠢ ᠴᠢᠬᠤᠯᠠᠴᠢᠯᠠᠬᠤ ᠶᠢ ᠡᠷᠬᠢᠮᠯᠡᠨ᠂ ᠢᠷᠭᠡᠨ ᠤ ᠬᠡᠷᠡᠭ ᠤᠨ ᠵᠠᠰᠠᠭ | ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠪᠠ᠃ ᠢᠷᠭᠡᠨ ᠤ ᠬᠡᠷᠡᠭ ᠲᠤ ᠬᠢᠨᠠᠯᠲᠠ ᠲᠠᠯᠪᠢᠭᠰᠠᠨ 206 ᠬᠡᠷᠡᠭ ᠢ ᠬᠦᠯᠢᠶᠡᠨ ᠰᠢᠢᠳᠪᠦᠷᠢᠯᠡᠪᠡ᠃ ᠡᠭᠦᠨ ᠤ | ᠳᠤᠮᠳᠠ᠂ ᠡᠰᠡᠷᠭᠦᠴᠡᠨ ᠵᠠᠭᠠᠯᠳᠤᠭᠰᠠᠨ 11 ᠬᠡᠷᠡᠭ ᠢ ᠳᠡᠪᠰᠢᠭᠦᠯᠵᠦ᠂ ᠳᠠᠬᠢᠨ ᠬᠢᠨᠠᠵᠤ ᠪᠠᠶᠢᠴᠠᠭᠠᠬᠤ ᠰᠠᠨᠠᠭᠤᠯᠭ᠎ᠠ ᠳᠤᠷᠠᠳᠤᠭᠰᠠᠨ 9 ᠬᠡᠷᠡᠭ᠂ ᠪᠠᠶᠢᠴᠠᠭᠠᠬᠤ | ᠰᠠᠨᠠᠭᠤᠯᠭ᠎ᠠ ᠨᠠᠶᠢᠷᠠᠭᠤᠯᠤᠨ ᠳᠠᠷᠬᠠᠭᠠᠭᠰᠠᠨ 161 ᠬᠡᠷᠡᠭ ᠪᠠᠭᠲᠠᠨ᠎ᠠ᠃ ᠵᠠᠰᠠᠭ ᠵᠠᠬᠢᠷᠭᠠᠨ ᠤ ᠬᠢᠨᠠᠯᠲᠠ ᠲᠠᠯᠪᠢᠭᠰᠠᠨ 67 ᠬᠡᠷᠡᠭ ᠢ ᠬᠦᠯᠢᠶᠡᠨ ᠰᠢᠢᠳᠪᠦᠷᠢᠯᠡᠵᠦ᠂ | 60 ᠬᠤᠪᠢ ᠪᠠᠶᠢᠴᠠᠭᠠᠬᠤ ᠰᠠᠨᠠᠭᠤᠯᠭ᠎ᠠ ᠶᠢ ᠨᠠᠶᠢᠷᠠᠭᠤᠯᠤᠨ ᠳᠠᠷᠬᠠᠭᠠᠪᠠ᠃ ᠢᠷᠭᠡᠨ ᠤ ᠬᠡᠷᠡᠭ ᠤᠨ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯᠯᠠᠭ᠎ᠠ ᠶᠢ | ᠦᠷᠭᠦᠯᠵᠢᠯᠡᠨ ᠴᠢᠩᠭᠠᠳᠬᠠᠵᠤ᠂ ᠬᠡᠷᠡᠭᠵᠢᠭᠦᠯᠦᠯᠲᠡ ᠶᠢᠨ ᠪᠡᠷᠬᠡ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠪᠡ᠃ ︽ᠦᠨᠳᠦᠰᠦᠨ ᠱᠠᠲᠤᠨ ᠤ ᠵᠠᠰᠠᠭ ᠵᠠᠬᠢᠷᠭᠠᠨ ᠤ | ᠬᠢᠨᠠᠨ ᠪᠠᠶᠢᠴᠠᠭᠠᠯᠲᠠ ᠶᠢᠨ ᠠᠵᠢᠯ ᠢ ᠠᠬᠢᠭᠤᠯᠬᠤ ᠤᠨ︾ ᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠦ᠂ ︽ᠳᠥᠷᠪᠡᠨ ᠨᠢᠭᠡ ᠤᠳᠠᠭ᠎ᠠ ︾ ᠶᠢᠨ ᠠᠵᠢᠯ ᠤᠨ | ᠡᠭᠦᠷᠭᠡ ᠶᠢ ᠨᠠᠶᠢᠳᠠᠪᠤᠷᠢᠵᠢᠭᠤᠯᠤᠨ᠂ ᠬᠠᠤᠯᠢ ᠴᠠᠭᠠᠵᠠ ᠶᠢᠨ ᠳᠣᠪᠴᠢᠶ᠎ᠠ ᠲᠠᠢ ︽ᠵᠠᠰᠠᠭ ᠵᠠᠬᠢᠷᠭᠠᠨ ᠤ ᠮᠠᠷᠭᠤᠯᠳᠤᠭᠠᠨ ᠢ ᠪᠤᠳᠠᠲᠠᠢ ᠪᠠᠷ ᠰᠢᠢᠳᠪᠦᠷᠢᠯᠡᠬᠦ ᠶᠢ | ᠬᠠᠮᠲᠤ ᠪᠠᠷ ᠠᠬᠢᠭᠤᠯᠬᠤ ᠬᠠᠮᠵᠢᠯᠴᠭᠠᠨ ᠤ ᠲᠤᠭᠲᠠᠴᠠ ︵ᠲᠤᠷᠰᠢᠨ ᠬᠡᠷᠡᠭᠵᠢᠭᠦᠯᠬᠦ︶︾ ︽ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠬᠤ ᠪᠠ | ᠵᠠᠰᠠᠭ ᠵᠠᠬᠢᠷᠭᠠᠨ ᠤ ᠬᠠᠤᠯᠢ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠵᠣᠯᠭᠠᠭᠤᠯᠬᠤ ᠠᠵᠢᠯ ᠤᠨ ᠲᠤᠬᠠᠢ ᠰᠠᠨᠠᠯ ︵ᠲᠤᠷᠰᠢᠨ ᠬᠡᠷᠡᠭᠵᠢᠭᠦᠯᠬᠦ︶︾ ᠳᠡᠭᠡᠷ᠎ᠡ | ᠬᠠᠮᠲᠤ ᠪᠠᠷ ᠭᠠᠷ ᠤᠨ ᠦᠰᠦᠭ ᠵᠢᠷᠤᠵᠤ᠂ 1 ᠵᠠᠰᠠᠭ ᠵᠠᠬᠢᠷᠭᠠᠨ ᠤ ᠮᠠᠷᠭᠤᠯᠳᠤᠭᠠᠨ ᠤ ᠬᠡᠷᠡᠭ ᠢ ᠪᠤᠳᠠᠲᠠᠢ ᠪᠠᠷ ᠰᠢᠢᠳᠪᠦᠷᠢᠯᠡᠵᠦ᠂ ᠬᠡᠷᠡᠭ ᠵᠠᠷᠭᠤ ᠶᠢ ᠰᠢᠢᠳᠪᠦᠷᠢᠯᠡᠵᠦ | ᠳᠠᠭᠤᠰᠬᠠᠭᠠᠳ ᠵᠠᠰᠠᠭ ᠤᠨ ᠶᠠᠪᠤᠳᠠᠯ ᠤᠨ ᠲᠤᠭᠲᠠᠭᠤᠨ ᠢ ᠪᠡᠶᠡᠯᠡᠭᠦᠯᠪᠡ᠃ | — ᠰᠢᠨ᠎ᠡ ᠶᠢ ᠡᠭᠦᠳᠬᠦ ᠪᠠ ᠬᠠᠮᠠᠭᠠᠯᠠᠯᠲᠠ ᠪᠠᠨ ᠴᠢᠩᠭᠠᠳᠬᠠᠬᠤ ᠶᠢ ᠬᠠᠮᠲᠤ ᠳᠤ ᠨᠢ ᠴᠢᠬᠤᠯᠠᠴᠢᠯᠠᠬᠤ ᠶᠢ ᠡᠷᠬᠢᠮᠯᠡᠨ᠂ ᠨᠡᠶᠢᠲᠡ ᠶᠢᠨ ᠠᠰᠠᠷᠠᠮᠵᠢᠲᠤ ᠵᠠᠷᠭᠤ | ᠶᠢᠨ ᠪᠠᠶᠢᠴᠠᠭᠠᠯᠲᠠ ᠶᠢ ᠰᠠᠶᠢᠲᠤᠷ ᠠᠬᠢᠭᠤᠯᠪᠠ᠃ 85 ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠶᠢᠨ ᠬᠡᠷᠡᠭ ᠤᠨ ᠰᠦᠪᠡᠭᠴᠢ ᠶᠢ | ᠬᠦᠯᠢᠶᠡᠨ ᠰᠢᠢᠳᠪᠦᠷᠢᠯᠡᠵᠦ᠂ ᠬᠡᠷᠡᠭ ᠪᠣᠯᠭᠠᠨ ᠳᠠᠩᠰᠠᠯᠠᠭᠰᠠᠨ ᠨᠢ 87 ᠬᠤᠪᠢ᠂ 67 ᠪᠠᠶᠢᠴᠠᠭᠠᠬᠤ ᠰᠠᠨᠠᠭᠤᠯᠭ᠎ᠠ ᠶᠢ ᠨᠠᠶᠢᠷᠠᠭᠤᠯᠤᠨ ᠳᠠᠷᠬᠠᠭᠠᠪᠠ᠃ 3 ᠵᠠᠰᠠᠭ | ᠵᠠᠬᠢᠷᠭᠠᠨ ᠤ ᠨᠡᠶᠢᠲᠡ ᠶᠢᠨ ᠠᠰᠠᠷᠠᠮᠵᠢᠲᠤ ᠵᠠᠷᠭᠤ ᠶᠢ ᠬᠢᠵᠦ᠂ 4 ᠡᠷᠡᠭᠦᠦ ᠶᠢᠨ ᠬᠡᠷᠡᠭ ᠤᠨ ᠳᠠᠭᠠᠯᠳᠤᠭᠤᠯᠤᠯ ᠢᠷᠭᠡᠨ ᠤ ᠬᠡᠷᠡᠭ ᠤᠨ ᠵᠠᠷᠭᠤ ᠶᠢ ᠬᠢᠪᠡ᠃ ᠢᠳᠡᠭᠡᠨ | ᠪᠠ ᠡᠮ ᠤᠨ ᠵᠦᠢᠯᠡᠰ ᠤᠨ ᠠᠮᠤᠷ ᠳᠦᠪᠰᠢᠨ ᠢ ᠪᠠᠲᠤᠯᠠᠬᠤ ︽ᠳᠦᠷᠪᠡᠨ ᠴᠢᠩᠭ᠎ᠠ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠠᠤᠯᠤᠨ ᠨᠠᠶᠢᠳᠠᠪᠤᠷᠢᠵᠢᠭᠤᠯᠵᠤ᠂ | ᠨᠢᠯᠬ᠎ᠠ ᠨᠢᠷᠡᠢ ᠬᠡᠦᠬᠡᠳ ᠤᠨ ᠢᠳᠡᠭᠡᠨ ᠤ ᠠᠮᠤᠷ ᠳᠦᠪᠰᠢᠨ ᠪᠠ ᠬᠡᠦᠬᠡᠳ ᠪᠠᠭᠠᠴᠤᠳ ᠤᠨ ᠲᠣᠭᠯᠠᠭᠠᠮ ᠤᠨ ᠬᠢᠨᠠᠯᠲᠠ ᠲᠠᠯᠪᠢᠬᠤ ᠶᠢ ᠪᠠᠲᠤᠯᠠᠬᠤ ᠠᠵᠢᠯᠯᠠᠭ᠎ᠠ ᠵᠢᠴᠢ | ᠰᠤᠷᠠᠭᠤᠭᠤᠯᠢ ᠶᠢᠨ ᠬᠦᠷᠢᠶᠡᠨ ᠤ ᠣᠶᠢᠷ᠎ᠠ ᠣᠷᠴᠢᠮ ᠳᠤ ᠲᠠᠮᠠᠬᠢᠨ ᠤ ᠪᠦᠲᠦᠭᠡᠭᠳᠡᠭᠦᠨ ᠬᠤᠳᠠᠯᠳᠤᠭᠠᠯᠠᠬᠤ ᠶᠢ ᠡᠷᠡᠰ ᠬᠤᠷᠢᠭᠯᠠᠬᠤ ᠵᠡᠷᠭᠡ ᠲᠤᠰᠬᠠᠢ ᠠᠵᠢᠯᠯᠠᠭ᠎ᠠ ᠶᠢ | ᠦᠷᠨᠢᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠨᠡᠶᠢᠲᠡ ᠶᠢᠨ ᠠᠰᠠᠷᠠᠮᠵᠢᠲᠤ ᠵᠠᠷᠭᠤ ᠶᠢᠨ ᠠᠵᠢᠯ ᠢ ᠦᠷᠭᠦᠯᠵᠢᠯᠡᠨ ᠠᠬᠢᠭᠤᠯᠵᠤ᠂ ︽ᠬᠠᠤᠯᠢ ᠴᠠᠭᠠᠵᠠ | ᠶᠢᠨ ᠬᠢᠨᠠᠯᠲᠠ ᠲᠠᠯᠪᠢᠬᠤ + ᠰᠡᠷᠭᠦᠡᠭᠡᠯᠲᠡ ᠶᠢᠨ ᠴᠢᠨᠠᠷᠲᠠᠢ ᠬᠠᠤᠯᠢ ᠬᠡᠷᠡᠭᠵᠢᠭᠦᠯᠬᠦ + ᠨᠡᠶᠢᠬᠡᠮᠴᠢᠯᠡᠭᠰᠡᠨ ᠵᠠᠰᠠᠯᠲᠠ ᠶᠠᠪᠤᠭᠤᠯᠬᠤ + ᠣᠯᠠᠨ ᠲᠠᠯ᠎ᠠ ᠶᠢᠨ | ᠬᠠᠮᠵᠢᠯᠴᠠᠭ᠎ᠠ ᠬᠢᠬᠦ︾ ᠪᠣᠰᠤᠭ᠎ᠠ ᠴᠣᠭᠴᠠᠲᠤ ᠠᠮᠢ ᠠᠬᠤᠢ ᠶᠢᠨ ᠵᠠᠭᠪᠤᠷ ᠢ ᠪᠦᠷᠢᠯᠳᠦᠭᠦᠯᠦᠨ᠂ ᠦᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠠᠶᠢᠴᠠᠭᠠᠬᠤ | ᠬᠤᠷᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠤᠢ ᠶᠢ ᠪᠠᠶᠢᠭᠤᠯᠵᠤ᠂ ︽ᠠᠮᠢ ᠠᠬᠤᠢ ᠶᠢᠨ ᠪᠠᠶᠢᠴᠠᠭᠠᠬᠤ ᠬᠤᠷᠢᠶ᠎ᠠ︾ ︽ᠨᠣᠮᠢᠨ ᠨᠣᠭᠤᠭᠠᠨ ᠪᠠᠶᠢᠴᠠᠭᠠᠬᠤ ᠬᠤᠷᠢᠶ᠎ᠠ | ︾ ᠶᠢᠨ ᠪᠠᠶᠢᠭᠤᠯᠤᠯᠲᠠ ᠶᠢ ᠪᠤᠳᠠᠳᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠪᠡ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠤᠷᠰᠢᠯᠲᠠ ᠶᠢᠨ ᠦᠷᠦᠭᠡ ᠶᠢ | ᠪᠠᠶᠢᠭᠤᠯᠵᠤ᠂ ︽ᠨᠡᠶᠢᠲᠡ ᠶᠢᠨ ᠠᠰᠠᠷᠠᠮᠵᠢ ᠶᠢᠨ ᠵᠠᠷᠭᠤ + ᠰᠤᠳᠤᠯᠤᠨ ᠰᠤᠷᠤᠯᠴᠠᠬᠤ ᠰᠠᠭᠤᠷᠢᠨ ᠭᠠᠵᠠᠷ + ᠲᠤᠮᠤ ᠳ᠋ᠠᠶᠢᠲ᠋ᠠ︾ ᠤᠨ ᠬᠡᠷᠡᠭ ᠭᠦᠢᠴᠡᠳᠭᠡᠬᠦ ᠬᠡᠪ | ᠵᠠᠭᠪᠤᠷ ᠢ ᠪᠦᠷᠢᠯᠳᠦᠭᠦᠯᠦᠨ᠂ ᠬᠢᠨᠠᠨ ᠬᠠᠮᠢᠶᠠᠷᠬᠤ ᠪᠠᠶᠢᠭᠤᠯᠭ᠎ᠠ ᠶᠢᠨ ᠵᠠᠰᠠᠯᠲᠠ ᠨᠠᠶᠢᠳᠠᠪᠤᠷᠢᠵᠢᠭᠤᠯᠤᠯᠲᠠ ᠳᠤ ᠬᠦᠴᠦᠨ ᠨᠡᠮᠡᠷᠢᠯᠡᠪᠡ᠃ | ᠭᠤᠷᠪᠠ᠂ ᠪᠤᠳᠠᠲᠠᠢ ᠶᠢ ᠡᠷᠬᠢᠮᠯᠡᠬᠦ ᠠᠵᠢᠯ ᠤᠨ ᠰᠣᠷᠲᠠᠯ ᠢ ᠪᠠᠷᠢᠮᠲᠠᠯᠠᠨ᠂ ᠪᠠᠶᠢᠴᠠᠭᠠᠬᠤ ᠠᠵᠢᠯ ᠤᠨ ᠬᠡᠷᠡᠭ ᠰᠢᠢᠳᠪᠦᠷᠢᠯᠡᠬᠦ ᠶᠠᠰᠣ ᠴᠢᠨᠠᠷ ᠦᠷ᠎ᠡ ᠠᠰᠢᠭ ᠢ | ᠦᠷᠬᠦᠯᠵᠢᠯᠡᠨ ᠬᠦᠴᠦᠯᠡᠨ ᠳᠡᠭᠡᠭᠰᠢᠯᠡᠬᠦᠯᠵᠡᠢ᠃ | — ᠬᠠᠤᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠪᠡ᠃ ᠬᠡᠷᠡᠭ ᠵᠠᠷᠭᠤ ᠶᠢᠨ ᠠᠳᠠᠯᠢ ᠪᠤᠰᠤ ᠰᠢᠨᠵᠢ | ᠴᠢᠨᠠᠷ ᠲᠤ ᠲᠤᠬᠢᠷᠠᠭᠤᠯᠤᠨ ᠠᠷᠪᠠᠨ ᠬᠤᠶᠠᠷ ᠲᠤᠰᠬᠠᠶᠢᠵᠢᠭᠰᠠᠨ ᠬᠡᠷᠡᠭ ᠰᠢᠢᠳᠪᠦᠷᠢᠯᠡᠬᠦ ᠳᠣᠭᠤᠶᠢᠯᠠᠩ ᠢ ᠪᠠᠶᠢᠭᠤᠯᠤᠨ᠂ ︽ᠪᠠᠶᠢᠴᠠᠭᠠᠬᠤ ᠲᠤᠰᠢᠶᠠᠯᠲᠠᠨ ᠤ ᠬᠢᠴᠢᠶᠡᠯ | ᠤᠨ ᠲᠦᠯᠦᠭᠡᠯᠡᠭᠴᠢ︾ ᠶᠢᠨ ᠳᠦᠷᠢᠮ ᠢ ᠲᠤᠭᠲᠠᠭᠠᠵᠠᠢ᠃ ᠶᠠᠯ᠎ᠠ ᠪᠠᠨ ᠮᠡᠳᠡᠷᠡᠭᠰᠡᠳ ᠢ ᠠᠭᠤᠴᠢᠯᠠᠨ ᠰᠢᠢᠳᠭᠡᠬᠦ ᠳᠦᠷᠢᠮ ᠢ ᠦᠷᠬᠦᠯᠵᠢᠯᠡᠨ ᠬᠦᠨᠵᠡᠬᠡᠢ ᠠᠬᠢᠭᠤᠯᠵᠤ᠂ | ᠶᠠᠯ᠎ᠠ ᠪᠠᠨ ᠮᠡᠳᠡᠷᠡᠬᠦ ᠳᠦᠷᠢᠮ ᠤᠨ ᠬᠡᠷᠡᠭᠯᠡᠯᠲᠡ ᠶᠢᠨ ᠬᠡᠮᠵᠢᠶ᠎ᠡ ᠨᠢ 88.14% ᠳᠤ ᠬᠦᠷᠴᠦ᠂ ᠲᠦᠷᠭᠡᠨ ᠲᠠᠰᠣᠯᠬᠤ ᠵᠢᠷᠤᠮ ᠨᠢ 66.2% ᠢ ᠡᠵᠡᠯᠡᠭᠰᠡᠨ | ᠪᠠᠶᠢᠨ᠎ᠠ᠃ ᠣᠯᠠᠨ ᠲᠦᠮᠡᠨ ᠤ ᠬᠡᠷᠡᠭ ᠵᠠᠷᠭᠤᠯᠠᠬᠤ ᠬᠦᠴᠢᠷᠳᠡᠯ ᠢ ᠦᠨᠡᠨ ᠬᠦ ᠪᠠᠭᠠᠰᠬᠠᠨ᠂ ᠡᠷᠡᠬᠦᠦ ᠶᠢᠨ ᠬᠡᠷᠡᠭ ᠤᠨ ᠡᠵᠡᠯᠡᠬᠦ ᠬᠠᠷᠢᠴᠠᠯ ᠨᠢ 1.27 ᠬᠦᠷᠲᠡᠯ᠎ᠡ | ᠳᠣᠷᠣᠭᠰᠢᠯᠠᠵᠠᠢ᠃ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢᠨ ᠮᠠᠭᠠᠳᠯᠠᠯᠲᠠ ᠵᠠᠳᠠᠯᠤᠯᠲᠠ ᠶᠢ ᠬᠦᠨᠵᠡᠭᠡᠶᠢᠷᠡᠬᠦᠯᠦᠨ᠂ ︽ᠬᠡᠷᠡᠭ ᠢ ᠬᠦᠯᠢᠶᠡᠨ | ᠰᠢᠢᠳᠪᠦᠷᠢᠯᠡᠬᠦ ᠪᠠᠭᠦ᠋ᠴᠡᠳᠭᠡᠬᠦ ᠶᠠᠪᠤᠴᠠ ᠶᠢ ᠬᠢᠨᠠᠨ ᠡᠵᠡᠮᠳᠡᠬᠦ᠂ ᠬᠡᠷᠡᠭ ᠤᠨ ᠶᠠᠰᠣ ᠴᠢᠨᠠᠷ ᠢ ᠬᠠᠮᠢᠶᠠᠷᠬᠤ᠂ ᠲᠣᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ | ᠪᠦᠷᠢᠳᠭᠡᠬᠦ ᠪᠤᠯᠤᠨ ᠵᠠᠳᠠᠯᠤᠨ ᠮᠠᠭᠠᠳᠯᠠᠬᠤ ᠵᠢᠴᠢ ᠠᠷᠠᠳ ᠤᠨ ᠬᠢᠨᠠᠯᠲᠠ ᠲᠠᠯᠪᠢᠭᠴᠢ︾ ᠵᠡᠷᠭᠡᠲ᠋ᠦ᠋ᠷᠪᠡᠨ ᠬᠢᠨᠠᠯᠲᠠ ᠶᠢᠨ ᠰᠢᠰᠲ᠋ᠧᠮ ᠢ ᠪᠠᠬᠢᠵᠢᠬᠦᠯᠵᠦ᠂ ᠬᠡᠷᠡᠭ ᠵᠠᠷᠭᠤ | ᠶᠢᠨ ᠬᠠᠮᠢᠶᠠᠷᠤᠯᠲᠠ ᠬᠢᠨᠠᠯᠲᠠ ᠶᠢᠨ ᠬᠠᠮᠲᠤᠷᠠᠭᠰᠠᠨ ᠣᠷᠴᠢᠨ ᠢ ᠪᠦᠷᠢᠯᠳᠦᠬᠦᠯᠪᠡ᠃ ᠬᠡᠷᠡᠭ ᠵᠠᠷᠭᠤ ᠰᠢᠢᠳᠪᠦᠷᠢᠯᠡᠭᠰᠡᠨ ᠶᠠᠰᠣ ᠴᠢᠨᠠᠷ ᠢ ᠪᠠᠶᠢᠴᠠᠭᠠᠨ ᠦᠨᠡᠯᠡᠬᠦ | ᠳᠦᠷᠢᠮ ᠢ ᠲᠤᠭᠲᠠᠭᠠᠨ ᠲᠡᠬᠦᠯᠳᠡᠷᠵᠢᠬᠦᠯᠵᠦ᠂ ᠲᠤᠰᠬᠠᠢ ᠲᠦᠷᠦᠯ ᠤᠨ ᠪᠠᠶᠢᠴᠠᠭᠠᠨ ᠦᠨᠡᠯᠡᠯᠲᠡ ᠪᠤᠯᠤᠨ ᠡᠳᠦᠷ ᠲᠤᠲᠤᠮ ᠤᠨ ᠪᠠᠶᠢᠴᠠᠭᠠᠨ ᠦᠨᠡᠯᠡᠯᠲᠡ ᠶᠢ | ᠢᠳᠡᠪᠬᠢᠲᠠᠢ ᠬᠠᠷᠢᠯᠴᠠᠨ ᠣᠶᠠᠯᠳᠣᠭᠤᠯᠬᠤ ᠠᠵᠢᠯ ᠤᠨ ᠤᠷᠴᠢᠨ ᠢ ᠪᠤᠢ ᠪᠤᠯᠭᠠᠬᠤ ᠶᠢ ᠠᠬᠢᠭᠤᠯᠵᠠᠢ᠃ | — ᠣᠶᠣᠨᠴᠢ ᠪᠠᠶᠢᠴᠠᠭᠠᠬᠤ ᠠᠵᠢᠯ ᠶᠠᠪᠤᠳᠠᠯ ᠤᠨ ᠬᠡᠷᠡᠭᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠡᠢ᠃ ᠬᠠᠤᠯᠢ ᠴᠠᠭᠠᠴᠠ ᠶᠢᠨ ᠬᠢᠨᠠᠯᠲᠠ ᠶᠢᠨ ᠲᠤᠭ᠎ᠠ | ᠪᠠᠷᠢᠮᠲᠠ ᠶᠢᠨ ᠲᠦᠪ ᠤᠨ ᠭᠤᠷᠪᠠᠳᠣᠭᠠᠷ ᠬᠤᠭᠤᠴᠠᠭᠠᠨ ᠤ ᠪᠠᠶᠢᠭᠤᠯᠤᠯᠲᠠ ᠶᠢ ᠦᠷᠬᠦᠯᠵᠢᠯᠡᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ᠂ ᠢᠷᠭᠡᠨ ᠤ | ᠬᠡᠷᠡᠭ᠂ ᠵᠠᠰᠠᠭ ᠵᠠᠬᠢᠷᠭᠠᠨ ᠤ ᠭᠤᠷᠪᠠᠨ ᠶᠡᠭᠡ ᠬᠢᠨᠠᠯᠲᠠ ᠶᠢᠨ ᠳᠠᠪᠴᠠᠩ ᠤᠨ ᠪᠠᠶᠢᠭᠤᠯᠤᠯᠲᠠ ᠬᠡᠷᠡᠭᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠦᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠨ ᠱᠣᠣ ᠴᠦᠨ ᠲᠤᠬᠠᠢ ᠶᠢᠨ ᠭᠠᠵᠠᠷ ᠢᠶᠠᠷ | ᠪᠠᠶᠢᠴᠠᠭᠠᠨ ᠰᠣᠳᠣᠯᠣᠯᠲᠠ ᠬᠢᠭᠡᠳ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠭᠰᠠᠨ ᠪᠠᠶᠢᠨ᠎ᠠ᠃ ᠮᠦᠨ ᠮᠠᠨ ᠤ ᠬᠤᠷᠢᠶ᠎ᠠ ᠶᠢ ᠦᠪᠡᠷᠲᠡᠭᠡᠨ ᠵᠠᠰᠠᠬᠤ ᠣᠷᠣᠨ ᠤ | ᠪᠠᠶᠢᠴᠠᠭᠠᠬᠤ ᠬᠤᠷᠢᠶ᠎ᠠ ᠶᠢᠨ ᠨᠢᠭᠡᠳᠦᠯᠲᠡᠢ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ ᠤᠨ 2.0 ᠤᠨ ᠲᠤᠷᠰᠢᠯᠲᠠ ᠶᠢᠨ ᠪᠠᠶᠢᠭᠤᠯᠭ᠎ᠠ ᠪᠠᠷ ᠲᠤᠭᠲᠠᠭᠠᠨ᠂ | ᠣᠯᠣᠰ ᠲᠠᠭᠠᠨ ᠦᠢᠯᠡᠳᠪᠦᠷᠢᠯᠡᠭᠰᠡᠨ ᠡᠬᠦᠯᠡᠨᠴᠢᠷ ᠦᠵᠦᠬᠦᠷ ᠮᠡᠷᠭᠡᠵᠢᠯ 2.0 ᠢ ᠲᠡᠷᠢᠬᠦᠯᠡᠨ ᠬᠡᠷᠡᠭᠯᠡᠯᠲᠡ ᠳᠤ ᠣᠷᠣᠭᠤᠯᠵᠠᠢ᠃ 12309 ᠪᠠᠶᠢᠴᠠᠭᠠᠬᠤ ᠠᠵᠢᠯ ᠤᠨ | ᠦᠢᠯᠡᠴᠢᠯᠡᠭᠡᠨ ᠤ ᠲᠦᠪ ᠤᠨ ᠣᠶᠣᠨᠴᠢᠯᠠᠭᠰᠠᠨ ᠶᠡᠷᠦᠩᠬᠡᠢ ᠴᠤᠭᠴᠠ ᠶᠢᠨ ᠪᠠᠶᠢᠭᠤᠯᠤᠯᠲᠠ ᠶᠢ ᠲᠡᠬᠦᠯᠳᠡᠷᠵᠢᠬᠦᠯᠪᠡ᠃ ᠸᠢᠴᠠᠲ ᠣᠯᠠᠨ ᠨᠡᠶᠢᠲᠡ ᠶᠢᠨ ᠳᠠᠪᠴᠠᠩ ᠤᠨ | ᠨᠦᠯᠦᠭᠡᠯᠡᠬᠦ ᠬᠦᠴᠦᠨ ᠨᠢ ᠪᠦᠬᠦ ᠣᠯᠣᠰ ᠤᠨ ᠦᠨᠳᠦᠰᠦᠨ ᠱᠠᠲᠤᠨ ᠤ ᠪᠠᠶᠢᠴᠠᠭᠠᠬᠤ ᠬᠤᠷᠢᠶ᠎ᠠ ᠶᠢᠨ ᠲᠡᠷᠢᠬᠦᠨ ᠳᠤ ᠪᠠᠶᠢᠷᠢᠯᠠᠨ᠂ ᠳ᠋ᠦᠩᠱᠧᠩ ᠤᠨ ᠪᠠᠶᠢᠴᠠᠭᠠᠬᠤ | ᠠᠵᠢᠯ ᠤᠨ ᠰᠤᠨᠢᠨ ᠮᠡᠳᠡᠭᠡᠨ ᠤ ᠨᠡᠪᠲᠡᠷᠡᠬᠦᠯᠭᠡ ᠶᠢᠨ ᠪᠤᠯᠤᠩ ᠢ ᠰᠢᠨ᠎ᠡ ᠪᠠᠷ ᠡᠬᠦᠳᠴᠦ᠂ ᠤᠷᠢᠳ ᠬᠤᠵᠢᠳ ᠲᠦᠪ ᠤᠨ ᠣᠯᠣᠰ ᠲᠦᠷᠦ ᠬᠠᠤᠯᠢ ᠴᠠᠭᠠᠵᠠ ᠶᠢᠨ | ᠵᠦᠪᠯᠡᠯ ᠤᠨ ᠬᠤᠶᠠᠳᠣᠭᠠᠷ ᠬᠤᠭᠤᠴᠠᠭᠠᠨ ᠤ ︽ᠳᠦᠷᠪᠡᠨ ᠨᠢᠭᠡ ᠵᠠᠭᠤᠨ︾ ᠰᠢᠯᠢᠳᠡᠭ ᠣᠯᠣᠰ ᠲᠦᠷᠦ ᠬᠠᠤᠯᠢ ᠴᠠᠭᠠᠵᠠ ᠶᠢᠨ ᠰᠢᠨ᠎ᠡ ᠵᠠᠭᠤᠴᠢᠯᠠᠭᠤᠷ ᠤᠨ | ᠰᠢᠯᠭᠠᠷᠠᠭᠤᠯᠤᠯᠲᠠ ᠶᠢᠨ ᠲᠡᠷᠢᠬᠦᠨ ᠤ ᠪᠠᠶᠢᠭᠤᠯᠭ᠎ᠠ ᠨᠢᠭᠡᠴᠡ᠂ 2020 ᠤᠨ ᠤ ᠪᠠᠶᠢᠴᠠᠭᠠᠬᠤ ᠠᠵᠢᠯ ᠤᠨ ᠣᠬᠠᠭᠤᠯᠭ᠎ᠠ ᠰᠤᠷᠳᠠᠯᠴᠢᠯᠠᠭ᠎ᠠ ᠶᠢᠨ ᠲᠡᠷᠢᠬᠦᠨ ᠤ | ᠪᠠᠶᠢᠭᠤᠯᠭ᠎ᠠ ᠨᠢᠭᠡᠴᠡ ᠶᠢᠨ ᠢᠷᠠᠭᠤ ᠠᠯᠳᠠᠷ ᠢ ᠣᠯᠵᠠᠢ᠃ | — ︽ᠭᠤᠷᠪᠠᠨ ᠨᠠᠷᠢᠯᠢᠭ ᠪᠠᠶᠢᠯᠭᠠᠬᠤ︾ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠦᠨ ᠠᠬᠢᠭᠤᠯᠪᠠ᠃ ︽ᠨᠠᠷᠢᠯᠢᠭ᠂ ᠤᠨᠤᠪᠴᠢᠲᠠᠢ᠂ ᠨᠠᠷᠢᠨ᠂ ᠬᠢᠨᠠᠮᠠᠭᠠᠢ︾ | ᠪᠠᠶᠢᠬᠤ ᠪᠠᠷ ᠪᠠᠷᠢᠮᠵᠢᠶ᠎ᠠ ᠪᠤᠯᠭᠠᠨ᠂ ᠠᠰᠠᠭᠤᠳᠠᠯ ᠠᠴᠠ ᠭᠠᠷᠳᠠᠬᠤ ᠪᠠ ᠰᠢᠨ᠎ᠡ ᠰᠢᠯᠢᠳᠡᠭ ᠢ ᠡᠬᠦᠳᠬᠦ ᠪᠠᠷ ᠴᠢᠭᠯᠡᠯᠲᠡ ᠪᠤᠯᠭᠠᠵᠤ᠂ ︽ᠭᠠᠷᠠᠭ ᠲᠤ ᠨᠢᠭᠡ | ᠪᠠᠶᠢᠷᠢᠯᠠᠭᠤᠯᠬᠤ᠂ ᠰᠠᠷ᠎ᠠ ᠳᠤ ᠨᠢᠭᠡᠮᠡᠳᠡᠬᠦᠯᠬᠦ᠂ ᠵᠢᠯ ᠳᠤ ᠨᠢᠭᠡᠠᠵᠢᠯ ᠤᠨ ᠮᠡᠳᠡᠬᠦᠯᠦᠯᠲᠡ ᠬᠢᠬᠦ︾ ᠠᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠩ | ᠵᠢᠶᠦ᠋ᠨ ᠪᠠᠶᠢᠴᠠᠭᠠᠭᠴᠢ ᠳᠠᠷᠤᠭ᠎ᠠ ᠵᠡᠷᠭᠡᠪᠠᠶᠢᠴᠠᠭᠠᠭᠴᠢ ᠶᠢᠨ ᠶᠠᠷᠢᠶ᠎ᠠ ᠵᠢᠭᠠᠪᠤᠷᠢ ᠴᠤᠬᠤᠯᠠᠪᠤᠷᠢ ᠵᠡᠷᠭᠡᠶᠢ ᠲᠦᠷᠦᠯ ᠬᠤᠪᠢᠶᠠᠨ ᠵᠠᠳᠠᠯᠤᠯᠲᠠ ᠬᠢᠵᠦ᠂ ᠪᠠᠶᠢᠴᠠᠭᠠᠬᠤ | ᠠᠵᠢᠯ ᠤᠨ ︽ᠬᠡᠷᠡᠭᠯᠡᠭᠡᠨ ᠤ ᠨᠤᠮ︾ ᠪᠤᠯᠭᠠᠨ᠂ ᠡᠯ᠎ᠡ ᠰᠠᠯᠠᠭ᠎ᠠ ᠮᠦᠴᠢᠷ ᠲᠤ ︽ᠭᠤᠷᠪᠠᠨ ᠨᠠᠷᠢᠯᠢᠭ ᠪᠠᠶᠢᠯᠭᠠᠬᠤ︾ ᠠᠵᠢᠯ ᠤᠨ ᠳᠡᠪᠲᠡᠷ ᠭᠠᠷᠭᠠᠵᠤ᠂ | ᠵᠠᠭᠪᠤᠷᠴᠢᠯᠠᠭᠰᠠᠨ ᠴᠢᠨᠠᠷᠲᠠᠢ ᠠᠵᠢᠯᠯᠠᠭ᠎ᠠ ᠦᠷᠨᠢᠬᠦᠯᠵᠡᠢ᠃ ᠪᠠᠶᠢᠴᠠᠭᠠᠬᠤ ᠠᠵᠢᠯ ᠤᠨ ︽ABC ᠵᠠᠭᠪᠤᠷ︾ ᠤᠨ ᠠᠵᠢᠯ ᠤᠨ ᠳᠦᠷᠢᠮ ᠢ ᠬᠡᠷᠡᠭᠵᠢᠬᠦᠯᠵᠦ᠂ ᠠᠵᠢᠯ | ᠶᠠᠪᠤᠳᠠᠯ ᠤᠨ ᠬᠠᠷᠢᠯᠴᠠᠨ ᠨᠦᠬᠦᠪᠦᠷᠢᠯᠡᠬᠦ ᠪᠢᠲᠡᠬᠦᠦ ᠭᠤᠭᠴᠠᠭ᠎ᠠ ᠶᠢ ᠪᠦᠷᠢᠯᠳᠦᠬᠦᠯᠪᠡ᠃ | — ᠭᠠᠳᠠᠭᠠᠳᠤ ᠣᠷᠴᠢᠨ ᠤ ᠬᠢᠨᠠᠯᠲᠠ ᠶᠢ ᠣᠬᠠᠮᠰᠠᠷ ᠠᠴᠠ ᠪᠠᠨ ᠬᠦᠯᠢᠶᠡᠪᠡ᠃ ᠲᠦᠯᠦᠭᠡᠯᠡᠭᠴᠢ ᠭᠡᠰᠢᠬᠦᠨ ᠤ ᠡᠳᠦᠷ ᠲᠤᠲᠤᠮ ᠤᠨ ᠬᠤᠯᠪᠤᠭ᠎ᠠ ᠪᠠᠷᠢᠬᠤ | ᠪᠠᠰᠣᠷᠪᠤᠯᠵᠢᠯᠠᠭᠠ ᠬᠢᠬᠦ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠦᠷᠨᠢᠬᠦᠯᠵᠦ᠂ ᠸᠢᠴᠠᠲ᠂ ᠤᠬᠤᠷ ᠮᠡᠳᠡᠭᠡᠨ ᠤ ᠳᠠᠪᠴᠠᠩ ᠢ ᠢᠳᠡᠪᠬᠢᠲᠡᠢ ᠠᠰᠢᠭᠯᠠᠨ᠂ ᠠᠵᠢᠯ | ᠤᠨ ᠠᠬᠢᠴᠠ ᠪᠠ ᠴᠢᠬᠤᠯᠠ ᠶᠡᠭᠡᠠᠵᠢᠯ ᠤᠨ ᠪᠠᠶᠢᠳᠠᠯ ᠢ ᠴᠠᠭ ᠲᠤᠬᠠᠢ ᠳᠤ ᠨᠢ ᠮᠡᠳᠡᠬᠦᠯᠦᠯᠲᠡ ᠬᠢᠵᠦ᠂ ᠲᠦᠯᠦᠭᠡᠯᠡᠭᠴᠢ᠂ ᠭᠡᠰᠢᠬᠦᠨ ᠳᠤ ︽ᠪᠠᠶᠢᠴᠠᠭᠠᠬᠤ ᠠᠵᠢᠯ | ᠤᠨ ᠡᠳᠦᠷ ᠤᠨ ᠰᠣᠨᠢᠨ︾᠂ ︽ᠠᠷᠠᠳ ᠤᠨ ᠬᠢᠨᠠᠯᠲᠠ︾ ᠵᠡᠷᠭᠡᠰᠤᠨᠢᠨ ᠰᠡᠳᠬᠦᠯ ᠵᠠᠬᠢᠶᠠᠯᠠᠨ ᠦᠭᠴᠦ ︽ᠢᠷᠭᠡᠨ ᠤ ᠬᠠᠤᠯᠢ ᠶᠢᠨ ᠪᠢᠴᠢᠭ︾ ᠢ ᠪᠡᠯᠡᠭᠯᠡᠨ | ᠬᠦᠷᠭᠡᠭᠰᠡᠨ ᠪᠠᠶᠢᠨ᠎ᠠ᠃ ᠲᠦᠯᠦᠭᠡᠯᠡᠭᠴᠢ᠂ ᠭᠡᠰᠢᠬᠦᠨ ᠲᠠᠢ ᠬᠠᠷᠢᠯᠴᠠᠬᠤ ᠠᠵᠢᠯ ᠢ ᠬᠦᠨᠵᠡᠬᠡᠶᠢᠷᠡᠬᠦᠯᠦᠨ᠂ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ | ᠪᠦᠬᠦᠨ ᠳᠤ ᠬᠠᠷᠢᠭᠤᠯᠲᠠ ᠦᠭᠬᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠰᠣᠷᠣᠯᠴᠠᠬᠤ ᠵᠡᠷᠭᠡ 3 ᠣᠳᠠᠭᠠᠨ ᠤ ᠪᠠᠶᠢᠴᠠᠭᠠᠬᠤ ᠠᠵᠢᠯ ᠤᠨ ᠴᠢᠯᠦᠭᠡᠲᠦ ᠡᠳᠦᠷᠯᠢᠭ ᠤᠨ ᠠᠵᠢᠯᠯᠠᠭ᠎ᠠ ᠶᠢ ᠦᠷᠨᠢᠬᠦᠯᠵᠦ᠂ ᠬᠡᠷᠡᠭ ᠰᠢᠢᠳᠪᠦᠷᠢᠯᠡᠬᠦ ᠰᠠᠨᠠᠯ | ᠰᠠᠨᠠᠭᠤᠯᠭ᠎ᠠ ᠶᠢ ᠭᠤᠷᠪᠠᠨ ᠬᠤᠪᠢ ᠭᠠᠷᠭᠠᠨ᠂ ᠣᠷᠣᠨ ᠲᠤᠭᠠᠨ ᠤ ᠳᠠᠩᠰᠠᠯᠠᠯᠲᠠ ᠲᠠᠢ 3 ᠪᠠᠶᠢᠴᠠᠭᠠᠭᠴᠢ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠦᠨᠡᠯᠡᠯᠲᠡ ᠶᠢ ᠬᠦᠯᠢᠶᠡᠨ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ | ᠶᠡᠭᠡᠬᠤᠷᠠᠯ ᠤᠨ ᠲᠦᠯᠦᠭᠡᠯᠡᠭᠴᠢ ᠶᠢᠨ 3 ᠣᠳᠠᠭᠠᠨ ᠤ ᠲᠦᠪᠯᠡᠷᠡᠭᠰᠡᠨ ᠪᠠᠶᠢᠴᠠᠭᠠᠯᠲᠠ ᠶᠢ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡᠬᠤᠷᠠᠯ ᠤᠨ | ᠲᠦᠯᠦᠭᠡᠯᠡᠭᠴᠢ ᠶᠢ ᠣᠷᠢᠨ 2 ᠣᠳᠠᠭᠠᠨ ᠤ ᠭᠡᠷᠡᠴᠢᠯᠡᠯᠲᠡ ᠰᠣᠨᠣᠰᠬᠤ ᠬᠤᠷᠠᠯ ᠳᠤ ᠤᠷᠤᠯᠴᠠᠭᠤᠯᠵᠠᠢ᠃ ᠪᠦᠬᠦ ᠬᠤᠲᠠ ᠶᠢᠨ ᠪᠠᠶᠢᠴᠠᠭᠠᠬᠤ ᠪᠠᠶᠢᠭᠤᠯᠤᠮᠵᠢ ᠶᠢᠨ | ᠠᠩᠬᠠᠳᠠᠭᠴᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠠᠵᠢᠯ ᠤᠨ ᠭᠡᠷ ᠢ ᠪᠠᠶᠢᠭᠤᠯᠵᠤ᠂ ᠪᠠᠶᠢᠴᠠᠭᠠᠬᠤ ᠪᠠᠶᠢᠭᠤᠯᠤᠮᠵᠢ ᠪᠤᠯᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠪᠠᠶᠢᠩᠭᠤ ᠶᠢᠨ ᠴᠢᠨᠠᠷᠲᠠᠢ ᠨᠢᠭᠤᠷᠳᠠᠨ ᠶᠠᠷᠢᠯᠴᠠᠬᠤ ᠶᠢ ᠪᠡᠶᠡᠯᠡᠬᠦᠯᠪᠡ᠃ | ᠳᠦᠷᠪᠡ᠂ ᠬᠠᠲᠠᠭᠤ ᠴᠢᠩᠭ᠎ᠠ ᠰᠠᠬᠢᠯᠭ᠎ᠠ ᠪᠠᠲᠤ ᠤᠪᠤᠷ ᠰᠣᠷᠲᠠᠯ ᠢ ᠪᠠᠷᠢᠮᠲᠠᠯᠠᠨ᠂ ᠪᠠᠶᠢᠴᠠᠭᠠᠬᠤ ᠬᠤᠷᠢᠶ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ | ᠦᠷᠬᠦᠯᠵᠢᠯᠡᠨ ᠬᠦᠴᠦᠯᠡᠨ ᠴᠢᠷᠮᠠᠶᠢᠪᠠ᠃ | — ᠨᠠᠮ ᠤᠨ ᠪᠠᠶᠢᠭᠤᠯᠤᠯᠲᠠ ᠶᠢ ᠬᠦᠨᠵᠡᠬᠡᠢ ᠠᠬᠢᠭᠤᠯᠪᠠ᠃ ᠨᠠᠮ ᠤᠨ ᠬᠠᠷᠢᠴᠠᠯᠠᠰᠢ ᠦᠬᠡᠢ ᠣᠳᠣᠷᠢᠳᠣᠯᠭ᠎ᠠ ᠶᠢ ᠢᠮᠠᠭᠲᠠ ᠪᠠᠷᠢᠮᠲᠠᠯᠠᠨ᠂ ︽ᠳᠣᠮᠳᠠᠳᠣ | ᠣᠯᠣᠰ ᠤᠨ ᠡᠪ ᠬᠠᠮᠲᠤ ᠨᠠᠮ ᠤᠨ ᠬᠠᠤᠯᠢ ᠴᠠᠭᠠᠵᠠ ᠶᠢᠨ ᠠᠵᠢᠯ ᠤᠨ ᠳᠦᠷᠢᠮ︾ ᠪᠠᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠬᠡᠷᠡᠭᠵᠢᠬᠦᠯᠬᠦ | ᠠᠷᠭ᠎ᠠ︾ ᠶᠢ ᠬᠦᠨᠵᠡᠭᠡᠢ ᠬᠡᠷᠡᠭᠵᠢᠬᠦᠯᠦᠨ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ᠂ ᠳᠡᠭᠡᠳᠦ | ᠱᠠᠲᠤᠨ ᠤ ᠪᠠᠶᠢᠴᠠᠭᠠᠬᠤ ᠬᠤᠷᠢᠶ᠎ᠠ ᠵᠡᠷᠭᠡ ᠳᠤ 65 ᠣᠳᠠᠭᠠᠨ ᠤ ᠴᠢᠬᠤᠯᠠ ᠶᠡᠭᠡ ᠬᠡᠷᠡᠭ ᠶᠠᠪᠤᠳᠠᠯ ᠤᠨ ᠵᠢᠭᠠᠪᠤᠷᠢ ᠠᠪᠬᠤ ᠮᠡᠳᠡᠬᠦᠯᠦᠯᠲᠡ ᠶᠢ ᠬᠢᠵᠠᠢ᠃ ᠴᠢᠩᠭ᠎ᠠ | ᠬᠦᠴᠦᠲᠡᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠪᠠᠶᠢᠴᠠᠭᠠᠬᠤ ᠠᠵᠢᠯ ᠤᠨ ᠪᠦᠬᠦ ᠲᠠᠯ᠎ᠠ ᠶᠢᠨ ᠲᠤᠭᠲᠠᠭᠤᠨ ᠬᠦᠭᠵᠢᠯᠲᠠ ᠶᠢ ᠲᠦᠯᠬᠢᠨ ᠠᠬᠢᠭᠤᠯᠵᠤ᠂ ᠠᠯᠪᠠᠨ | ᠪᠠᠶᠢᠭᠤᠯᠭ᠎ᠠ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠪᠠᠶᠢᠭᠤᠯᠤᠨ᠂ ᠳ᠋ᠦᠩᠱᠧᠩ ᠲᠤᠭᠤᠷᠢᠭ ᠤᠨ ᠬᠤᠪᠢᠰᠬᠠᠯᠲᠤ ᠨᠠᠮ ᠤᠨ | ᠪᠠᠶᠢᠭᠤᠯᠤᠯᠲᠠ ᠶᠢᠨ ᠬᠤᠯᠪᠤᠭᠠᠲᠤ ᠵᠢᠱᠢᠶ᠎ᠡ ᠦᠵᠡᠬᠦᠯᠬᠦ ᠴᠡᠭ ᠢᠶᠠᠷ ᠦᠨᠡᠯᠡᠭᠳᠡᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ | ᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠰᠠᠨᠠᠭ᠎ᠠ ᠪᠤᠯᠵᠤ ᠪᠠᠶᠢᠭ᠎ᠠ ᠵᠦᠢᠯᠡᠰ ᠲᠤ ᠲᠤᠬᠢᠲᠠᠢ ᠬᠠᠷᠢᠭᠤᠯᠲᠠ ᠦᠭᠴᠡᠢ᠃ | — ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠬᠦᠨᠵᠡᠭᠡᠢ ᠠᠬᠢᠭᠤᠯᠵᠠᠢ᠃ ︽ᠬᠡᠪ ᠪᠤᠯᠪᠠᠰᠣᠷᠠᠯ ᠢᠶᠠᠨ ᠳᠡᠭᠡᠭᠰᠢᠯᠡᠬᠦᠯᠬᠦ ᠤᠨ︾ ᠤ ᠠᠵᠢᠯᠯᠠᠭ᠎ᠠ ᠶᠢ | ᠬᠦᠴᠦᠲᠡᠢ ᠠᠬᠢᠭᠤᠯᠤᠨ᠂ ᠦᠪᠦᠷ ᠮᠤᠩᠭᠤᠯ ᠤᠨ ᠶᠡᠭᠡ ᠰᠣᠷᠭᠠᠭᠤᠯᠢ ᠵᠡᠷᠭᠡᠲ᠋ᠡᠭᠡᠳᠦ ᠵᠡᠷᠭᠡ ᠶᠢᠨ ᠰᠣᠷᠭᠠᠭᠤᠯᠢ ᠲᠠᠢ ᠰᠣᠳᠣᠯᠭ᠎ᠠ ᠰᠣᠷᠣᠯᠴᠠᠯᠭ᠎ᠠ ᠶᠢᠨ ᠴᠢᠨᠠᠷᠲᠠᠢ | ᠰᠠᠭᠤᠷᠢᠨ ᠭᠠᠵᠠᠷ ᠪᠠᠶᠢᠭᠤᠯᠬᠤ ᠪᠠᠷ ᠬᠠᠶᠢᠨ ᠰᠦᠪᠡᠭᠴᠢᠯᠡᠭᠰᠡᠨ ᠪᠠᠶᠢᠨ᠎ᠠ᠃ ᠰᠢᠯᠢᠳᠡᠭ ᠺᠠᠳ᠋ᠷ ᠴᠠᠭᠳᠠᠭ᠎ᠠ ᠶᠢ ᠰᠢᠯᠭᠠᠷᠠᠭᠤᠯᠤᠨ ᠮᠠᠷᠭᠤᠯᠳᠣᠭᠠᠨ ᠤ ᠪᠦᠯᠬᠦᠮ ᠢ | ᠪᠠᠶᠢᠭᠤᠯᠵᠤ᠂ ᠮᠠᠷᠭᠤᠯᠳᠣᠬᠤ ᠣᠷᠣᠯᠳᠣᠭᠠᠨ᠂ ᠳᠣᠷ᠎ᠠ ᠰᠣᠨᠢᠷᠬᠠᠯᠲᠤ ᠳᠣᠭᠤᠶᠢᠯᠠᠩ ᠤᠨ ᠠᠵᠢᠯᠯᠠᠭ᠎ᠠ ᠶᠢ ᠦᠷᠬᠦᠯᠵᠢ ᠶᠢᠨ ᠴᠢᠨᠠᠷᠲᠠᠢ ᠦᠷᠨᠢᠬᠦᠯᠦᠨ᠂ ᠪᠦᠬᠦ ᠺᠠᠳ᠋ᠷ | ᠴᠠᠭᠳᠠᠭᠠᠨ ᠤ ︽ᠶᠠᠷᠢᠵᠤ ᠢᠯᠡᠳᠭᠡᠬᠦ ᠪᠢᠴᠢᠵᠦ ᠳᠣᠭᠤᠷᠪᠢᠬᠤ︾ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠬᠦᠯᠵᠡᠢ᠃ 2 ᠺᠠᠳ᠋ᠷ ᠢ ᠳᠡᠪᠰᠢᠬᠦᠯᠦᠨ ᠬᠡᠷᠡᠭᠯᠡᠵᠦ᠂ | ᠣᠳᠣᠷᠢᠳᠬᠤ ᠪᠠᠭ ᠤᠨ ᠪᠦᠲᠦᠴᠡ ᠶᠢ ᠣᠯᠠᠮ ᠨᠢᠭᠡ ᠠᠯᠬᠤᠮ ᠰᠢᠯᠢᠳᠡᠭᠵᠢᠬᠦᠯᠪᠡ᠃ 5 ᠪᠠᠶᠢᠴᠠᠭᠠᠬᠤ ᠵᠦᠪᠯᠡᠯ ᠤᠨ ᠬᠡᠰᠢᠬᠦᠨ᠂ 5 ᠰᠠᠯᠠᠭ᠎ᠠ ᠮᠦᠴᠢᠷ ᠤᠨ ᠳᠡᠳ᠋ | ᠲᠤᠰᠢᠶᠠᠯᠲᠠᠨ ᠢ ᠰᠣᠩᠭᠤᠨ ᠲᠤᠮᠢᠯᠠᠵᠤ᠂ ᠭᠤᠷᠪᠠᠳᠣᠭᠠᠷ ᠪᠦᠯᠦᠭ ᠤᠷᠤᠨ ᠲᠤᠭᠠᠨ ᠤ ᠳᠠᠩᠰᠠᠯᠠᠯᠲᠠ ᠪᠦᠬᠦᠢ ᠪᠠᠶᠢᠴᠠᠭᠠᠭᠴᠢ ᠶᠢ ᠰᠣᠩᠭᠤᠨ ᠲᠤᠮᠢᠯᠠᠬᠤ ᠠᠵᠢᠯ ᠢ | ᠣᠷᠣᠭᠰᠢᠲᠠᠢ ᠦᠷᠨᠢᠬᠦᠯᠦᠨ᠂ 1 ᠬᠡᠯᠲᠡᠰ ᠤᠨ ᠳᠡᠳ᠋ ᠲᠤᠰᠢᠶᠠᠯᠲᠠᠨ ᠢ ᠲᠤᠭᠤᠷᠢᠭ ᠤᠨ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠳᠤ ᠲᠠᠨᠢᠯᠴᠠᠭᠤᠯᠤᠨ | ᠲᠤᠮᠢᠯᠠᠪᠠ᠃ | — ᠰᠠᠬᠢᠯᠭ᠎ᠠ ᠪᠠᠲᠤ ᠤᠪᠤᠷ ᠰᠣᠷᠲᠠᠯ ᠤᠨ ᠪᠠᠶᠢᠭᠤᠯᠤᠯᠲᠠ ᠶᠢ ᠬᠦᠨᠵᠡᠭᠡᠢ ᠠᠬᠢᠭᠤᠯᠵᠠᠢ᠃ ︽ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ᠂ | ᠳᠠᠪᠰᠢᠯᠲᠠ ᠶᠢ ᠠᠬᠢᠭᠤᠯᠬᠤ᠂ ᠳᠦᠷᠢ ᠳᠦᠷᠬᠦ ᠶᠢ ᠱᠣᠭᠤᠬᠤ︾ ᠰᠠᠬᠢᠯᠭ᠎ᠠ ᠪᠠᠲᠤ ᠤᠪᠤᠷ ᠰᠣᠷᠲᠠᠯ ᠤᠨ ᠬᠦᠮᠦᠵᠢᠯ ᠴᠡᠭᠴᠡᠯᠡᠯᠲᠡ ᠶᠢᠨ ᠠᠵᠢᠯ ᠢ ᠰᠠᠶᠢᠲᠤᠷ ᠬᠢᠵᠦ᠂ | ᠪᠦᠬᠦ ᠣᠯᠣᠰ ᠤᠨ ᠣᠯᠣᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢᠨ ᠠᠵᠢᠯᠯᠠᠭ᠎ᠠ ᠲᠠᠢ ᠣᠶᠠᠯᠳᠣᠭᠤᠯᠤᠨ᠂ ᠡᠷᠡᠬᠦᠦ ᠶᠢᠨ ᠬᠡᠷᠡᠭ | ᠤᠨ ᠭᠤᠮᠤᠳᠠᠯ ᠲᠤᠭᠠᠴᠢᠯᠲᠠ ᠶᠢ ᠪᠠᠶᠢᠴᠠᠭᠠᠬᠤ ᠰᠠᠯᠠᠭ᠎ᠠ ᠮᠦᠴᠢᠷ ᠠᠴᠠ ᠣᠷᠢᠳᠴᠢᠯᠠᠨ ᠬᠡᠷᠡᠭᠵᠢᠬᠦᠯᠦᠨ ᠣᠷᠢᠳᠴᠢᠯᠠᠨ ᠲᠤᠷᠰᠢᠵᠤ᠂ ᠬᠦᠮᠦᠵᠢᠯ ᠴᠡᠭᠴᠡᠯᠡᠯᠲᠡ ᠶᠢᠨ | ᠠᠵᠢᠯ ᠤᠨ ᠲᠤᠭᠲᠠᠭᠤᠨ ᠪᠦᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ ᠯᠢ ᠱᠦ ᠶᠣᠣ᠂ ᠲᠢᠶᠠᠨ ᠵᠦᠩ ᠪᠣᠣ ᠵᠡᠷᠭᠡᠡᠰᠡᠷᠬᠦ ᠲᠠᠯ᠎ᠠ ᠶᠢᠨ ᠨᠡᠶᠢᠲᠡᠯᠢᠭ | ᠬᠡᠷᠡᠭ ᠤᠨ ᠵᠢᠱᠢᠶ᠎ᠡ ᠠᠴᠠ ᠰᠣᠷᠭᠠᠮᠵᠢ ᠠᠪᠴᠤ᠂ ︽ᠬᠡᠷᠡᠭ ᠢᠶᠠᠷ ᠳᠠᠮᠵᠢᠨ ᠴᠡᠭᠴᠡᠯᠡᠯᠲᠡ ᠶᠢ ᠠᠬᠢᠭᠤᠯᠬᠤ︾ ᠠᠵᠢᠯ ᠲᠠᠢ ᠣᠶᠠᠯᠳᠣᠭᠤᠯᠣᠨ᠂ ᠰᠡᠷᠡᠮᠵᠢᠯᠡᠬᠦᠯᠬᠦ | ᠬᠦᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠦᠷᠨᠢᠬᠦᠯᠵᠦ᠂ ᠪᠠᠶᠢᠴᠠᠭᠠᠬᠤ ᠬᠤᠷᠢᠶ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠦᠨᠵᠡᠭᠡᠶᠢᠷᠡᠬᠦᠯᠦᠨ ᠠᠬᠢᠭᠤᠯᠵᠠᠢ᠃ | ︽ᠭᠤᠷᠪᠠᠨ ᠲᠤᠭᠲᠠᠭᠠᠯ︾ ᠢ ᠨᠠᠶᠢᠳᠠᠪᠤᠷᠢᠵᠢᠭᠤᠯᠬᠤ ᠣᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢ ᠨᠡᠮᠡᠭᠳᠡᠬᠦᠯᠦᠨ᠂ ᠪᠦᠬᠦ ᠵᠢᠯ ᠳᠤ 45 ᠬᠦᠮᠦᠨ ᠣᠳᠠᠭᠠᠨ ᠤ | ᠮᠡᠳᠡᠬᠦᠯᠦᠯᠲᠡ ᠬᠢᠵᠦ᠂ ᠪᠦᠬᠦ ᠵᠢᠯ ᠳᠤ ᠬᠠᠤᠯᠢ ᠰᠠᠬᠢᠯᠭ᠎ᠠ ᠶᠢ ᠵᠦᠷᠢᠴᠡᠬᠦ ᠦᠬᠡᠢ ᠪᠠᠶᠢᠬᠤ ᠶᠢ ᠪᠠᠲᠤᠯᠠᠭᠰᠠᠨ ᠪᠠᠶᠢᠨ᠎ᠠ᠃ | ᠨᠢᠭᠡ ᠵᠢᠯ ᠤᠨ ᠲᠤᠷᠰᠢᠬᠢ ᠠᠵᠢᠯ ᠢᠶᠠᠨ ᠡᠷᠬᠢᠴᠡᠬᠦᠯᠪᠡᠯ᠂ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠨᠠᠮ ᠤᠨ ᠭᠤᠶᠢᠪᠢᠰᠢ ᠦᠬᠡᠢ ᠣᠳᠣᠷᠢᠳᠣᠯᠭ᠎ᠠ | ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠢᠮᠠᠭᠲᠠ ᠪᠠᠷᠢᠮᠲᠠᠯᠠᠵᠤ᠂ ᠬᠠᠤᠯᠢ ᠴᠠᠭᠠᠵᠠ ᠶᠢᠨ ᠲᠦᠪ ᠭᠤᠤᠯᠴᠢ ᠶᠢ ᠠᠬᠢᠭᠤᠯᠬᠤ᠂ ᠨᠡᠶᠢᠬᠡᠮ ᠤᠨ | ᠡᠷᠭᠡᠲ᠋ᠡᠭᠰᠢ ᠰᠢᠳᠤᠷᠭᠤ ᠶᠤᠰᠤ ᠶᠢ ᠬᠠᠮᠠᠭᠠᠯᠠᠬᠤ ᠶᠢ ᠭᠤᠤᠯᠯᠠᠭᠴᠢ ᠦᠷᠲᠡᠭ ᠤᠨ ᠬᠦᠭᠡᠭᠡᠴᠡᠯᠳᠦᠯ ᠪᠤᠯᠭᠠᠨ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠬᠢᠨᠠᠯᠲᠠ | ᠬᠢᠵᠠᠭᠠᠷᠯᠠᠯ ᠢ ᠬᠦᠯᠢᠶᠡᠬᠦ ᠶᠢ ᠣᠶᠢᠯᠠᠭᠠᠵᠤ ᠮᠡᠳᠡᠯ᠎ᠡ᠃ ᠨᠢᠭᠡ ᠵᠢᠯ ᠤᠨ ᠲᠤᠷᠰᠢᠬᠢ ᠪᠠᠶᠢᠴᠠᠭᠠᠬᠤ ᠠᠵᠢᠯ ᠤᠨ ᠰᠢᠨ᠎ᠡ ᠡᠬᠦᠳᠦᠯᠲᠡ ᠪᠦᠬᠦᠢ ᠬᠦᠭᠵᠢᠯᠲᠡ ᠨᠢ ᠨᠠᠮ ᠤᠨ | ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠣᠯᠣᠰ ᠲᠦᠷᠦ ᠶᠢᠨ ᠵᠦᠪᠯᠡᠯᠭᠡᠨ ᠪᠤᠯᠤᠨ ᠨᠡᠶᠢᠬᠡᠮ ᠤᠨ ᠡᠯ᠎ᠡ ᠡᠲᠡᠭᠡᠳ | ᠤᠨ ᠬᠢᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠤᠯᠤᠨ ᠬᠠᠯᠠᠭᠤᠨ ᠳᠡᠮᠵᠢᠯᠭᠡᠡᠴᠠ ᠰᠠᠯᠵᠤ ᠴᠢᠳᠠᠬᠤ ᠦᠬᠡᠢ᠂ ᠠᠳᠡ ᠪᠢ ᠳ᠋ᠦᠩᠱᠧᠩ ᠲᠤᠭᠤᠷᠢᠭ ᠤᠨ ᠠᠷᠠᠳ | ᠤᠨ ᠪᠠᠶᠢᠴᠠᠭᠠᠬᠤ ᠬᠤᠷᠢᠶ᠎ᠠ ᠶᠢ ᠲᠦᠯᠦᠭᠡᠯᠡᠨ ᠲᠠ ᠪᠦᠬᠦᠨ ᠳᠤ ᠪᠠᠨ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠶ᠎ᠡ︕ | ᠠᠵᠢᠯ ᠢᠶᠠᠨ ᠳ᠋ᠦᠩᠨᠡᠬᠦ ᠶᠢᠨ ᠵᠡᠷᠭᠡᠴᠡᠭᠡ ᠪᠢᠳᠡ ᠤ ᠣᠳᠣᠬᠠᠨ ᠤ ᠠᠵᠢᠯ ᠤᠨ ᠳᠣᠮᠳᠠ ᠡᠳᠦᠢ ᠲᠡᠳᠦᠢ ᠲᠤᠲᠠᠭᠳᠠᠯ ᠪᠠ ᠬᠦᠷᠦᠯᠴᠡᠬᠦ ᠦᠬᠡᠢ ᠲᠠᠯ᠎ᠠ ᠤᠷᠤᠰᠢᠵᠦ | ᠪᠠᠶᠢᠬᠤ ᠪᠠᠨ ᠲᠤᠲᠤᠷᠬᠠᠢ ᠲᠠᠨᠢᠵᠤ ᠮᠡᠳᠡᠯ᠎ᠠ᠃ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠴᠢᠭᠯᠡᠯᠲᠦ ᠴᠢᠨᠠᠷ ᠪᠠ ᠦᠷ᠎ᠡ | ᠠᠰᠢᠭᠲᠤ ᠴᠢᠨᠠᠷ ᠢ ᠣᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ︔ ᠪᠠᠶᠢᠴᠠᠭᠠᠯᠲᠠ ᠬᠢᠨᠠᠯᠲᠠ ᠶᠢᠨ ᠬᠦᠴᠦᠯᠡᠵᠡ᠂ ᠶᠠᠰᠣ ᠴᠢᠨᠠᠷ᠂ ᠦᠷ᠎ᠡ ᠪᠦᠲᠦᠮᠵᠢ ᠶᠢ | ᠳᠡᠭᠡᠭᠰᠢᠯᠡᠬᠦᠯᠬᠦ ᠴᠢᠬᠤᠯᠠᠲᠠᠢ︔ ᠪᠠᠶᠢᠴᠠᠭᠠᠬᠤ ᠠᠵᠢᠯᠲᠠᠨ ᠤ ᠶᠡᠷᠦᠩᠬᠡᠢ ᠬᠡᠪ ᠴᠢᠨᠠᠷ᠂ ᠲᠤᠰᠬᠠᠢ ᠮᠡᠷᠭᠡᠵᠢᠯ ᠤᠨ ᠬᠡᠪ ᠪᠤᠯᠪᠠᠰᠣᠷᠠᠯ ᠤᠨ ᠲᠠᠯ᠎ᠠ ᠪᠠᠷ ᠰᠢᠨ᠎ᠡ ᠴᠠᠭ | ᠦᠶ᠎ᠡ ᠶᠢᠨ ᠪᠠᠶᠢᠴᠠᠭᠠᠬᠤ ᠠᠵᠢᠯ ᠤᠨ ᠬᠦᠭᠵᠢᠯᠲᠡ ᠲᠠᠢ ᠪᠦᠷᠢᠮᠦᠰᠦᠨ ᠵᠤᠬᠢᠴᠠᠵᠤ ᠴᠢᠳᠠᠭ᠎ᠠ ᠦᠬᠡᠢ ᠪᠠᠶᠢᠨ᠎ᠠ︔ ᠨᠠᠮ ᠢ ᠴᠢᠩᠭ᠎ᠠ ᠵᠠᠰᠠᠬᠤ ᠶᠢᠨ ᠠᠶᠤᠯ ᠲᠦᠭᠰᠢᠬᠦᠷᠢ | ᠂ ᠳᠠᠯᠳᠠ ᠭᠡᠮ ᠠᠳᠠᠯᠢ ᠪᠤᠰᠤ ᠬᠡᠮᠵᠢᠶ᠎ᠡ ᠪᠠᠷ ᠣᠷᠣᠰᠢᠭᠰᠠᠭᠠᠷ ᠪᠠᠶᠢᠵᠤ᠂ ᠪᠠᠶᠢᠴᠠᠭᠠᠬᠤ ᠡᠷᠬᠡ ᠶᠢᠨ ᠳᠣᠳᠣᠭᠠᠳᠣ ᠶᠢᠨ ᠬᠢᠨᠠᠯᠲᠠ ᠬᠢᠵᠠᠭᠠᠷᠯᠠᠯ ᠢ ᠣᠯᠠᠮ | ᠲᠡᠬᠦᠯᠳᠡᠷᠵᠢᠬᠦᠯᠬᠦ ᠴᠢᠬᠤᠯᠠᠲᠠᠢ︔ ᠰᠢᠨ᠎ᠡ ᠶᠢ ᠡᠬᠦᠳᠬᠦ ᠰᠢᠯᠢᠳᠡᠭ ᠢ ᠡᠬᠦᠳᠬᠦ ᠴᠢᠳᠠᠪᠤᠷᠢ ᠪᠠᠨ ᠣᠯᠠᠮ ᠨᠢᠭᠡ ᠠᠯᠬᠤᠮ ᠳᠡᠭᠡᠭᠰᠢᠯᠡᠬᠦᠯᠬᠦ ᠴᠢᠬᠤᠯᠠᠲᠠᠢ ᠪᠠᠶᠢᠵᠤ᠂ | ᠣᠨᠴᠠᠭᠠᠶᠢᠯᠠᠨ ᠣᠶᠣᠨᠴᠢ ᠪᠠᠶᠢᠴᠠᠭᠠᠬᠤ ᠠᠵᠢᠯ ᠪᠤᠯᠤᠨ ᠲᠤᠮᠤ ᠳ᠋ᠠᠶᠢᠲ᠋ᠠ ᠶᠢᠨ ᠪᠤᠳᠠᠳᠠᠢ ᠬᠡᠷᠡᠭᠯᠡᠯᠲᠡ᠂ ᠨᠡᠶᠢᠲᠡᠯᠢᠭ ᠬᠡᠷᠡᠭ ᠤᠨ ᠵᠢᠱᠢᠶ᠎ᠡ ᠪᠤᠯᠤᠨ ᠰᠣᠩᠭᠤᠳᠠᠭ ᠬᠡᠷᠡᠭ | ᠤᠨ ᠰᠢᠢᠳᠪᠦᠷᠢᠯᠡᠯᠲᠡ ᠶᠢᠨ ᠲᠠᠯ᠎ᠠ ᠪᠠᠷ ᠪᠢᠳᠡ ᠴᠦᠬᠦᠷᠡᠯ ᠦᠬᠡᠢ ᠴᠢᠷᠮᠠᠶᠢᠯᠭ᠎ᠠ ᠭᠠᠷᠭᠠᠬᠤ ᠴᠢᠬᠤᠯᠠᠲᠠᠢ᠃ ᠡᠳᠡᠭᠡᠷ ᠠᠰᠠᠭᠤᠳᠠᠯ ᠳᠤ ᠬᠠᠨᠳᠣᠭᠤᠯᠣᠨ ᠰᠢᠨ᠎ᠡ ᠨᠢᠭᠡᠨ | ᠵᠢᠯ ᠳᠤ ᠪᠢᠳᠡ ᠲᠤᠬᠢᠲᠠᠢ ᠠᠷᠭ᠎ᠠ ᠬᠡᠮᠵᠢᠶ᠎ᠡ ᠠᠪᠴᠤ᠂ ᠯᠠᠪᠳᠠᠭᠤᠨ ᠬᠢᠨᠠᠮᠠᠭᠠᠢ ᠰᠢᠢᠳᠪᠦᠷᠢᠯᠡᠬᠦ ᠶᠤᠮ᠃ ᠡᠬᠦᠨ ᠤ ᠬᠠᠮᠲᠤ ᠡᠯ᠎ᠡ ᠲᠦᠯᠦᠭᠡᠯᠡᠭᠴᠢ᠂ ᠭᠡᠰᠢᠬᠦᠨ ᠠᠴᠠ | ᠪᠢᠳᠡᠨ ᠤ ᠠᠵᠢᠯ ᠳᠤ ᠬᠠᠨᠳᠣᠭᠰᠠᠨ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠳᠡᠪᠰᠢᠬᠦᠯᠬᠦ ᠶᠢ ᠬᠦᠰᠡᠵᠦ ᠪᠠᠶᠢᠨ᠎ᠠ︕ | | 2021 ᠤᠨ ᠤ ᠠᠵᠢᠯ ᠤᠨ ᠰᠡᠳᠬᠢᠴᠡ | | 2021 ᠤᠨ ᠳᠤ ᠮᠠᠨ ᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠤᠨ᠂ ᠬᠠᠤᠯᠢ ᠴᠠᠭᠠᠵᠠ ᠶᠢᠨ | ᠭᠤᠤᠯᠴᠢ ᠰᠢᠳᠤᠷᠭᠤ ᠲᠦᠪ ᠴᠢᠬᠡᠴᠢ ᠶᠢᠨ ᠤᠨᠤᠯᠵᠢᠭᠤᠨ ᠢ ᠪᠠᠳᠤ ᠰᠠᠬᠢᠵᠤ᠂ ᠦᠷᠬᠦᠯᠵᠢᠯᠡᠭᠰᠡᠨ ᠵᠤᠬᠢᠴᠠᠩᠭᠤᠢ ᠪᠦᠬᠦ ᠲᠠᠯ᠎ᠠ ᠶᠢᠨ ᠬᠦᠭᠵᠢᠯᠳᠡ ᠶᠢ ᠪᠠᠷᠢᠮᠳᠠᠯᠠᠨ᠂ | ᠰᠢᠰᠲ᠋ᠧᠮ ᠤᠨ ᠦᠵᠡᠯᠳᠡ ᠲᠠᠨᠢᠯᠳᠠ᠂ ᠬᠠᠤᠯᠢ ᠪᠠᠷ ᠵᠠᠰᠠᠬᠤ ᠰᠡᠳᠬᠢᠬᠦᠢ᠂ ᠰᠠᠭᠤᠷᠢ ᠶᠢ ᠬᠦᠴᠦᠷᠬᠡᠭᠵᠢᠬᠦᠯᠬᠦ ᠵᠢᠯᠤᠭᠤᠳᠤᠯᠭ᠎ᠠ ᠶᠢ ᠨᠡᠩ ᠴᠢᠬᠤᠯᠠᠴᠢᠯᠠᠵᠤ᠂ | ᠤᠳᠤᠷᠢᠳᠬᠤ ᠪᠠᠭ ᠢ ᠠᠳᠬᠤᠬᠤ᠂ ᠡᠩᠨᠡᠭᠡ ᠶᠢ ᠲᠠᠭᠠᠭᠤᠯᠬᠤ᠂ ᠬᠡᠪ ᠴᠢᠨᠠᠷ ᠢ ᠳᠡᠭᠡᠭᠰᠢᠯᠡᠬᠦᠯᠬᠦ ᠶᠢ ᠦᠷᠬᠦᠯᠵᠢᠯᠡᠨ ᠴᠢᠩᠭ᠎ᠠ ᠠᠳᠬᠤᠵᠤ᠂ ᠳᠤᠳᠠᠭᠤᠳᠠᠯ ᠢᠶᠠᠨ | ᠨᠦᠬᠦᠪᠦᠷᠢᠯᠡᠨ᠂ ᠴᠢᠨᠠᠷ ᠲᠡᠰ ᠦᠷ᠎ᠡ ᠪᠦᠳᠦᠮᠵᠢ ᠶᠢ ᠲᠡᠬᠡᠭᠰᠢᠯᠡᠬᠦᠯᠦᠨ᠂ ᠲᠦᠷᠢ ᠲᠦᠷᠬᠦ ᠪᠠᠨ ᠱᠤᠭᠤᠵᠤ᠂ ︽ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ | ᠪᠦᠳᠦᠮᠵᠢ ᠶᠢ ᠲᠡᠭᠡᠭᠰᠢᠯᠡᠬᠦᠯᠬᠦ ᠤᠨ︾ ᠤ ᠠᠵᠢᠯᠯᠠᠭ᠎ᠠ ᠶᠢ ᠬᠦᠴᠦᠳᠡᠢ ᠠᠳᠬᠤᠨ ᠦᠷᠨᠢᠬᠦᠯᠵᠦ᠂ ᠪᠦᠯᠬᠦᠮᠳᠡᠯ ᠨᠢᠭᠳᠠᠷᠠᠯ ᠲᠠᠢ᠂ ᠴᠢᠷᠮᠠᠶᠢᠨ ᠲᠡᠮᠡᠴᠡᠳᠡᠭ᠂ | ᠠᠮᠢᠵᠢᠷᠠᠯ ᠤᠨ ᠬᠦᠴᠦᠨ ᠲᠠᠢ ᠳ᠋ᠦᠩᠱᠧᠩ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠰᠤᠷᠳᠠᠯ ᠢ ᠬᠦᠢᠴᠡᠳ ᠪᠠᠳᠠᠷᠠᠭᠤᠯᠤᠨ᠂ ᠪᠠᠶᠢᠴᠠᠭᠠᠬᠤ ᠠᠵᠢᠯ ᠤᠨ ᠴᠢᠨᠠᠷ | ᠴᠢᠨᠰᠠᠭ᠎ᠠ᠂ ᠦᠷ᠎ᠡ ᠠᠰᠢᠭ ᠢ ᠪᠦᠬᠦ ᠲᠠᠯ᠎ᠠ ᠪᠠᠷ ᠲᠡᠬᠡᠭᠰᠢᠯᠡᠬᠦᠯᠦᠨ ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠬᠤᠷᠢᠶ᠎ᠠ ᠶᠢ ᠡᠬᠦᠳᠦᠨ ᠪᠠᠶᠢᠭᠤᠯᠬᠤ ᠪᠠᠷ ᠲᠡᠮᠡᠴᠡᠵᠤ | ᠂ ᠳ᠋ᠦᠩᠱᠧᠩ ᠤᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠦᠭᠵᠢᠯᠳᠡ ᠪᠤᠯᠤᠨ ᠤᠳᠤᠬᠢᠴᠢᠯᠠᠭᠰᠠᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ | ᠪᠠᠶᠢᠴᠠᠭᠠᠬᠤ ᠠᠵᠢᠯ ᠤᠨ ᠠᠷᠪᠠᠨ ᠲᠦᠷᠪᠡᠳᠦᠬᠡᠷ ᠲᠠᠪᠤᠨ ᠵᠢᠯ ᠤᠨ ᠬᠤᠭᠤᠴᠠᠭᠠᠨ ᠳᠤ ᠦᠷᠬᠦᠯᠵᠢᠯᠡᠨ ᠵᠤᠬᠢᠴᠠᠩᠭᠤᠢ ᠪᠠᠷ ᠬᠦᠭᠵᠢᠬᠦ ᠶᠢ ᠪᠡᠶᠡᠯᠡᠬᠦᠯᠵᠦ᠂ | ᠦᠵᠡᠰᠬᠦᠯᠡᠩᠳᠦ ᠰᠠᠶᠢᠬᠠᠨ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠪᠤᠯᠤᠨ ᠭᠠᠵᠠᠷ ᠤᠷᠤᠨ ᠤ ᠴᠢᠨᠠᠷ ᠰᠠᠶᠢᠲᠠᠢ ᠬᠦᠭᠵᠢᠯᠳᠡ ᠳᠤ ᠪᠠᠶᠢᠴᠠᠭᠠᠬᠤ ᠬᠤᠷᠢᠶ᠎ᠠ | ᠶᠢᠨ ᠬᠦᠴᠦᠨ ᠴᠢᠳᠠᠯ ᠢᠶᠠᠨ ᠡᠷᠬᠦᠨ᠎ᠡ᠃ | ᠨᠢᠬᠡ᠂ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠶᠢ ᠪᠤᠳᠠᠳᠠᠢ ᠳᠤ ᠲᠤᠤᠱᠯᠠᠭᠤᠯᠵᠤ᠂ ᠬᠦᠭᠵᠢᠯᠳᠡ ᠶᠢᠨ ᠶᠡᠭᠡ ᠲᠠᠯ᠎ᠠ ᠶᠢ ᠪᠠᠳᠤᠯᠠᠬᠤ ᠳᠤ ᠪᠦᠬᠦ ᠬᠦᠴᠦᠨ | ᠢᠶᠠᠷ ᠦᠢᠯᠡᠴᠢᠯᠡᠨ᠎ᠡ᠃ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾ ᠵᠢᠴᠢ ᠦᠪᠦᠷ ᠮᠤᠩᠭᠤᠯ | ᠤᠨ ᠦᠪᠡᠷᠳᠡᠬᠡᠨ ᠵᠠᠰᠠᠬᠤ ᠤᠷᠤᠨ ᠤ ︽ᠬᠡᠷᠡᠭᠵᠢᠬᠦᠯᠬᠦ ᠠᠷᠭ᠎ᠠ︾ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠴᠠᠭ ᠲᠠᠷᠤᠢ ᠳᠤ ᠨᠢ ᠮᠡᠳᠡᠬᠦᠯᠬᠦ᠂ ᠮᠡᠳᠡᠬᠦᠯᠬᠦ | ᠵᠤᠬᠢᠰᠳᠠᠢ ᠶᠢ ᠪᠦᠬᠦᠨ ᠢ ᠮᠡᠳᠡᠬᠦᠯᠬᠦ ᠶᠢ ᠴᠢᠬᠤᠯᠠᠴᠢᠯᠠᠵᠤ᠂ ᠨᠠᠮ ᠤᠨ ᠤᠳᠤᠷᠢᠳᠤᠯᠭ᠎ᠠ ᠶᠢ ᠪᠠᠶᠢᠴᠠᠭᠠᠬᠤ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ | ᠨᠡᠪᠴᠢᠬᠦᠯᠦᠨ᠎ᠡ᠃ ᠠᠯᠢᠪᠠ ᠠᠵᠢᠯ ᠢ ᠡᠬᠦᠷ ᠤᠨ ᠵᠦᠪᠯᠡᠯ ᠳᠤ ᠲᠤᠳᠤᠷᠬᠠᠢ ᠪᠡᠶᠡᠯᠡᠬᠦᠯᠬᠦ ᠪᠠᠷ ᠤᠳᠤᠷᠢᠳᠤᠮᠵᠢ ᠪᠤᠯᠭᠠᠬᠤ ᠶᠢ ᠴᠢᠬᠤᠯᠠᠴᠢᠯᠠᠵᠤ᠂ ᠠᠯᠪᠠᠨ | ᠪᠠᠶᠢᠭᠤᠯᠭ᠎ᠠ ᠶᠢᠨ ᠬᠦᠴᠦᠨ ᠲᠡᠬᠦᠯᠳᠡᠷ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠴᠤᠭᠴᠠᠯᠠᠨ ᠪᠤᠯᠪᠠᠰᠤᠷᠠᠭᠤᠯᠤᠨ᠎ᠠ᠃ ᠦᠵᠡᠯ ᠤᠬᠠᠮᠰᠠᠷ | ᠤᠨ ᠬᠡᠯᠪᠡᠷᠢ ᠶᠢᠨ ᠠᠵᠢᠯ ᠢ ᠦᠨᠡᠨ ᠬᠦ ᠰᠠᠶᠢᠳᠤᠷ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠤᠷᠤᠨ ᠪᠦᠰᠡ ᠶᠢᠨ ᠠᠮᠤᠷ ᠲᠦᠪᠰᠢᠨ ᠢ ᠬᠠᠮᠠᠭᠠᠯᠠᠵᠤ᠂ | ᠵᠠᠭᠤᠴᠢᠯᠠᠭᠤᠷ ᠮᠡᠳᠡᠬᠡᠯᠡᠯ ᠤᠨ ᠪᠤᠯᠪᠠᠰᠤᠷᠠᠯ ᠪᠤᠯᠤᠨ ᠶᠠᠷᠢᠶ᠎ᠠ ᠬᠡᠯᠡᠯᠴᠡᠬᠡᠷ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠬᠦᠴᠦᠨ ᠢ ᠨᠡᠮᠡᠭᠳᠡᠬᠦᠯᠦᠨ᠎ᠡ᠃ ᠤᠬᠠᠮᠰᠠᠷ | ᠠᠴᠠ ᠪᠠᠨ ᠠᠭᠤᠰᠤᠯᠴᠠᠨ ᠪᠦᠬᠦ ᠲᠠᠯ᠎ᠠ ᠪᠠᠷ ᠦᠢᠯᠡᠴᠢᠯᠡᠵᠦ᠂ ᠦᠢᠯᠡᠴᠢᠯᠡᠭᠡ ᠶᠢᠨ ︽ᠵᠢᠷᠭᠤᠭᠠᠨ ᠲᠤᠭᠳᠠᠭᠤᠨ︾᠂ ︽ᠵᠢᠷᠭᠤᠭᠠᠨ ᠪᠠᠳᠤᠯᠠᠯᠳᠠ︾ ᠶᠢᠨ ᠠᠵᠢᠯ | ᠤᠨ ᠠᠷᠭ᠎ᠠ ᠪᠠᠷᠢᠯ ᠢ ᠦᠷᠬᠦᠯᠵᠢᠯᠡᠨ ᠨᠠᠷᠢᠨ ᠬᠢᠨᠠᠮᠠᠭᠠᠢ ᠲᠤᠤᠱᠯᠠᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠱᠦᠬᠦᠷᠳᠡᠨ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠶᠢ ᠬᠦᠴᠦᠯᠡᠨ ᠪᠠᠳᠤᠯᠠᠵᠤ᠂ ᠡᠵᠡᠩᠨᠡᠯᠳᠡ ᠬᠤᠳᠠᠯᠳᠤᠭ᠎ᠠ ᠶᠢᠨ | ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠰᠢᠯᠢᠳᠡᠭᠵᠢᠬᠦᠯᠦᠨ᠎ᠡ᠃ ᠶᠠᠳᠠᠭᠤ ᠶᠢ ᠲᠡᠳᠬᠦᠬᠦ ᠤᠷᠤᠨ ᠪᠦᠰᠡ ᠳᠤ ᠬᠤᠯᠪᠤᠭᠳᠠᠭᠰᠠᠨ | ᠬᠡᠷᠡᠭ ᠤᠨ ᠡᠳ᠋ ᠪᠤᠳᠠᠰ ᠢ ᠲᠦᠷᠬᠡᠨ ᠡᠬᠡᠬᠦᠯᠦᠨ ᠪᠤᠴᠠᠭᠠᠬᠤ ᠲᠤᠭᠳᠠᠯᠴᠠᠭ᠎ᠠ ᠶᠢ ᠪᠦᠷᠢᠨᠰᠢᠬᠦᠯᠵᠦ᠂ ᠠᠷᠠᠳ ᠤᠨ ᠶᠠᠪᠤᠳᠠᠯ᠂ ᠶᠠᠳᠠᠭᠤ ᠶᠢ ᠲᠡᠳᠬᠦᠬᠦ ᠰᠠᠯᠠᠭ᠎ᠠ | ᠮᠦᠴᠢᠷ ᠲᠠᠢ ᠲᠤᠬᠢᠷᠠᠯᠴᠠᠨ ᠠᠵᠢᠯᠯᠠᠬᠤ ᠶᠢ ᠴᠢᠩᠭᠠᠳᠬᠠᠨ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠳᠠ᠂ ᠨᠡᠶᠢᠬᠡᠮ ᠤᠨ ᠠᠪᠤᠷᠠᠨ ᠲᠤᠰᠠᠯᠠᠯᠳᠠ ᠶᠢᠨ ᠵᠠᠮ ᠮᠦᠷ | ᠢ ᠰᠢᠯᠤᠭᠤᠳᠬᠠᠨ᠎ᠠ᠃ ᠦᠨᠳᠦᠰᠦᠳᠡᠨ ᠤ ᠤᠷᠤᠨ ᠤ ︽ᠨᠠᠬᠢᠶ᠎ᠠ ᠶᠢ ᠰᠠᠬᠢᠨ ᠬᠠᠮᠠᠭᠠᠯᠠᠬᠤ︾ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ | ᠨᠡᠷᠡᠳᠦ ᠲᠡᠮᠳᠡᠭᠳᠦ ᠶᠢᠨ ᠪᠠᠶᠢᠭᠤᠯᠤᠯᠳᠠ ᠶᠢ ᠬᠦᠨᠵᠡᠬᠡᠶᠢᠷᠡᠬᠦᠯᠵᠦ᠂ ︽ᠠᠷᠠᠳ ᠤᠨ ᠳᠡᠭᠡᠲᠦ ᠪᠠᠶᠢᠴᠠᠭᠠᠬᠤ ᠬᠤᠷᠢᠶ᠎ᠠ ᠶᠢᠨ ᠨᠢᠬᠡᠳᠦᠬᠡᠷ ᠲᠤᠭᠠᠳᠤ ᠪᠠᠶᠢᠴᠠᠭᠠᠬᠤ ᠰᠠᠨᠠᠯ︾ | ᠢ ᠨᠠᠷᠢᠨ ᠬᠢᠨᠠᠮᠠᠭᠠᠢ ᠲᠤᠤᠱᠯᠠᠭᠤᠯᠤᠨ ᠪᠠᠭᠰᠢ ᠠᠵᠢᠯᠳᠠᠨ ᠤ ᠲᠤᠰᠢᠶᠠᠯ ᠤᠨ ᠲᠤᠬᠠᠢ ᠪᠠᠶᠢᠴᠠᠭᠠᠨ ᠯᠠᠪᠯᠠᠯᠳᠠ᠂ ᠨᠠᠰᠤᠨ ᠳᠤ ᠦᠯᠦ ᠬᠦᠷᠦᠭᠰᠡᠳ ᠤᠨ ᠬᠤᠤᠷ | ᠬᠦᠨᠦᠬᠡᠯ ᠠᠮᠰᠠᠬᠤ ᠶᠢ ᠴᠢᠩᠭ᠎ᠠ ᠬᠢᠵᠠᠭᠠᠷᠯᠠᠬᠤ ᠮᠡᠳᠡᠬᠦᠯᠦᠯᠳᠡ ᠶᠢᠨ ᠲᠦᠷᠢᠮ ᠢ ᠰᠦᠪᠡᠭᠴᠢᠯᠡᠨ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ | ᠬᠦᠮᠦᠵᠢᠯ ᠤᠨ ᠦᠢᠯᠡᠳᠦᠯᠬᠡ ᠶᠢᠨ ᠰᠠᠭᠤᠷᠢᠨ ᠭᠠᠵᠠᠷ ᠤᠨ ᠬᠡᠷᠡᠭᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠬᠤᠶᠠᠷ᠂ ᠭᠤᠤᠯᠴᠢ ᠰᠢᠳᠤᠷᠭᠤ ᠲᠦᠪ ᠴᠢᠬᠡᠴᠢ ᠶᠢᠨ ᠤᠨᠤᠯᠵᠢᠭᠤᠨ ᠢ ᠪᠤᠳᠠᠳᠠᠢ ᠳᠤ ᠲᠤᠤᠱᠯᠠᠭᠤᠯᠵᠤ᠂ ᠨᠡᠶᠢᠬᠡᠮ ᠤᠨ ᠭᠤᠤᠯᠴᠢ ᠰᠢᠳᠤᠷᠭᠤ ᠶᠢ ᠪᠦᠬᠦ | ᠬᠦᠴᠦᠨ ᠢᠶᠠᠷ ᠬᠠᠮᠠᠭᠠᠯᠠᠨ᠎ᠠ᠃ ᠡᠯ᠎ᠡ ᠲᠦᠷᠦᠯ ᠤᠨ ᠠᠵᠢᠯ ᠢ ᠢᠳᠡᠪᠬᠢᠳᠡᠢ ᠤᠪᠤᠷ ᠢᠶᠠᠷ ᠰᠠᠶᠢᠳᠤᠷ ᠬᠢᠵᠤ᠂ ︽ᠬᠡᠷᠡᠭ ᠬᠦᠢᠴᠡᠳᠬᠡᠬᠦ ᠦᠷ᠎ᠡ ᠪᠦᠳᠦᠮᠵᠢ ᠶᠢ | ᠲᠡᠬᠡᠭᠰᠢᠯᠡᠬᠦᠯᠬᠦ ᠤᠨ︾ ᠢᠶᠠᠷ ᠭᠠᠷᠳᠠᠴᠠ ᠪᠤᠯᠭᠠᠨ᠂ ᠬᠡᠷᠡᠭ ᠰᠢᠢᠳᠪᠦᠷᠢᠯᠡᠬᠦ ᠶᠠᠰᠤ ᠴᠢᠨᠠᠷ ᠪᠤᠯᠤᠨ ᠦᠷ᠎ᠡ ᠠᠰᠢᠭ ᠢ ᠪᠦᠬᠦ ᠲᠠᠯ᠎ᠠ ᠪᠠᠷ ᠲᠡᠬᠡᠭᠰᠢᠯᠡᠬᠦᠯᠦᠨ᠎ᠡ᠃ | ᠡᠷᠡᠬᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠰᠠᠶᠢᠳᠤᠷ ᠬᠢᠵᠤ᠂ ᠶᠠᠯ᠎ᠠ ᠪᠠᠨ ᠮᠡᠳᠡᠷᠡᠵᠦ᠂ ᠲᠤᠷᠭᠠᠭᠤᠯᠢ ᠬᠦᠯᠢᠶᠡᠬᠦ ᠶᠢ ᠠᠭᠤᠴᠢᠯᠠᠨ ᠰᠢᠢᠳᠪᠦᠷᠢᠯᠡᠬᠦ ᠲᠦᠷᠢᠮ ᠢ | ᠬᠦᠨᠵᠡᠬᠡᠢ ᠬᠡᠷᠡᠭᠵᠢᠬᠦᠯᠦᠨ᠂ ᠬᠡᠷᠡᠭ ᠰᠢᠢᠳᠪᠦᠷᠢᠯᠡᠬᠦ ᠵᠤᠬᠢᠶᠠᠨ ᠪᠠᠶᠢᠭᠤᠯᠤᠯᠳᠠ ᠪᠠᠷ ᠰᠠᠭᠤᠷᠢ ᠪᠤᠯᠭᠠᠭᠰᠠᠨ ᠪᠠᠶᠢᠴᠠᠭᠠᠬᠤ ᠶᠢᠨ ᠲᠤᠬᠠᠶᠢᠯᠠᠭᠰᠠᠨ ᠲᠤᠭᠳᠠᠯᠴᠠᠭ᠎ᠠ ᠶᠢ | ᠴᠤᠭᠴᠠᠯᠠᠨ ᠪᠠᠶᠢᠭᠤᠯᠵᠤ᠂ ᠲᠦᠯᠦᠬᠡᠯᠡᠭᠴᠢ ᠴᠢᠨᠠᠷᠳᠠᠢ ᠬᠡᠷᠡᠭ ᠰᠢᠢᠳᠪᠦᠷᠢᠯᠡᠯᠳᠡ᠂ ᠰᠤᠳᠤᠨ ᠬᠡᠷᠡᠭ ᠰᠢᠢᠳᠪᠦᠷᠢᠯᠡᠯᠳᠡ ᠶᠢ ᠢᠯᠡᠬᠦᠦ ᠬᠦᠢᠴᠡᠳᠬᠡᠨ᠎ᠡ᠃ ᠡᠷᠡᠬᠦᠦ ᠶᠢᠨ | ᠬᠡᠷᠡᠭ ᠢ ᠬᠦᠢᠴᠡᠳᠬᠡᠨ ᠪᠠᠶᠢᠴᠠᠭᠠᠬᠤ ᠠᠵᠢᠯ ᠢ ᠰᠠᠶᠢᠳᠤᠷ ᠬᠢᠵᠤ᠂ ᠡᠷᠡᠬᠦᠦ ᠶᠢᠨ ᠬᠡᠷᠡᠭ ᠢ ᠬᠤᠪᠢᠷᠠᠭᠤᠯᠤᠨ ᠬᠦᠢᠴᠡᠳᠬᠡᠨ ᠬᠡᠷᠡᠭᠵᠢᠬᠦᠯᠬᠦ ᠳᠤ ᠬᠢᠨᠠᠯᠳᠠ ᠲᠠᠯᠪᠢᠬᠤ | ᠲᠦᠷᠢᠮ ᠢ ᠰᠠᠶᠢᠵᠢᠷᠠᠭᠤᠯᠵᠤ᠂ ᠭᠤᠤᠯᠳᠠᠯᠭ᠎ᠠ ᠲᠠᠢ ᠬᠢᠨᠠᠯᠳᠠ ᠲᠠᠯᠪᠢᠬᠤ ᠲᠤᠭ᠎ᠠ ᠪᠠᠷᠢᠮᠳᠠ ᠪᠠᠷ ᠵᠠᠳᠠᠯᠬᠤ ᠰᠦᠪᠡᠭᠴᠢ ᠶᠢᠨ ᠬᠠᠮᠢᠶᠠᠷᠤᠯᠳᠠ ᠶᠢᠨ ᠲᠦᠷᠢᠮ ᠲᠤᠭᠳᠠᠭᠠᠯ | ᠢ ᠪᠦᠷᠢᠨᠰᠢᠬᠦᠯᠦᠨ᠎ᠡ᠃ ᠢᠷᠬᠡᠨ ᠤ ᠬᠡᠷᠡᠭ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠪᠤᠳᠠᠳᠠᠢ ᠬᠢᠵᠤ ᠢᠷᠬᠡᠨ ᠤ ᠬᠠᠤᠯᠢ ᠪᠠᠷ ᠠᠨᠢᠰᠤ ᠪᠤᠯᠭᠠᠬᠤ ᠶᠢ ᠪᠦᠬᠦ ᠲᠠᠯ᠎ᠠ | ᠪᠠᠷ ᠬᠡᠷᠡᠭᠵᠢᠬᠦᠯᠦᠨ᠂ ᠶᠠᠷᠢᠯᠴᠠᠨ ᠲᠤᠬᠢᠷᠠᠯᠴᠠᠬᠤ ᠶᠢ ᠴᠢᠬᠤᠯᠠᠴᠢᠯᠠᠵᠤ᠂ ᠢᠷᠬᠡᠨ ᠤ ᠬᠠᠤᠯᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠳᠤ ᠬᠠᠤᠯᠢ ᠴᠠᠭᠠᠵᠠ | ᠶᠢᠨ ᠬᠢᠨᠠᠯᠳᠠ ᠲᠠᠯᠪᠢᠬᠤ ᠶᠢ ᠴᠢᠩᠭᠠᠳᠬᠠᠨ᠂ ᠵᠠᠭᠠᠯᠳᠤᠬᠤ ᠶᠢ ᠡᠰᠡᠷᠬᠦᠴᠡᠬᠦ᠂ ᠲᠠᠬᠢᠨ ᠬᠢᠨᠠᠨ ᠪᠠᠶᠢᠴᠠᠭᠠᠬᠤ ᠰᠠᠨᠠᠯ ᠵᠡᠷᠬᠡ ᠤᠯᠠᠨ ᠲᠠᠯᠠᠵᠢᠭᠤᠯᠤᠭᠰᠠᠨ ᠪᠦᠳᠦᠴᠠ ᠳᠤ | ᠬᠢᠨᠠᠯᠳᠠ ᠲᠠᠯᠪᠢᠬᠤ ᠶᠢ ᠰᠠᠶᠢᠵᠢᠷᠠᠭᠤᠯᠤᠨ᠎ᠠ᠃ ᠨᠡᠶᠢᠳᠡ ᠶᠢᠨ ᠠᠰᠠᠷᠠᠮᠵᠢ ᠶᠢᠨ ᠵᠠᠭᠠᠯᠳᠤᠯᠭ᠎ᠠ ᠶᠢᠨ ᠪᠠᠶᠢᠴᠠᠭᠠᠬᠤ ᠠᠵᠢᠯ ᠢ ᠰᠠᠶᠢᠳᠤᠷ ᠬᠢᠵᠤ᠂ ᠪᠠᠶᠢᠴᠠᠭᠠᠬᠤ ᠬᠤᠷᠢᠶ᠎ᠠ | ᠶᠢᠨ ᠬᠢᠨᠠᠯᠳᠠ ᠲᠠᠯᠪᠢᠬᠤ ᠲᠤᠰᠢᠶᠠᠯ ᠴᠢᠳᠠᠪᠬᠢ ᠪᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠰᠢᠶᠠᠯ ᠴᠢᠳᠠᠪᠬᠢ ᠶᠢ ᠤᠶᠠᠯᠳᠤᠭᠤᠯᠬᠤ ᠶᠢ ᠴᠢᠩᠭᠠᠳᠬᠠᠨ᠂ | ᠠᠮᠢ ᠠᠬᠤᠢ ᠶᠢᠨ ᠰᠡᠯᠪᠢᠨ ᠰᠡᠷᠬᠦᠬᠡᠯᠳᠡ᠂ ᠠᠵᠢᠯ ᠲᠦᠷᠦᠯ ᠤᠨ ᠴᠡᠭᠴᠡᠯᠡᠨ ᠵᠠᠰᠠᠯᠳᠠ ᠶᠢᠨ ᠲᠤᠭᠳᠠᠯᠴᠠᠭ᠎ᠠ ᠶᠢ ᠪᠦᠷᠢᠨᠰᠢᠬᠦᠯᠦᠨ ᠰᠠᠶᠢᠵᠢᠷᠠᠭᠤᠯᠬᠤ ᠶᠢ | ᠰᠦᠪᠡᠭᠴᠢᠯᠠᠨ ᠠᠬᠢᠭᠤᠯᠵᠤ᠂ ᠨᠡᠶᠢᠬᠡᠮ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠳᠠ ᠶᠢᠨ ᠦᠡᠷᠡ ᠠᠰᠢᠭ ᠢ ᠲᠡᠬᠡᠭᠰᠢᠯᠡᠬᠦᠯᠦᠨ᠎ᠡ᠃ | ᠭᠤᠷᠪᠠ᠂ ᠲᠦᠷᠢᠮ ᠤᠨ ᠦᠬᠡᠷᠡᠴᠢᠯᠡᠯᠳᠡ ᠶᠢᠨ ᠱᠠᠭᠠᠷᠳᠠᠯᠭ᠎ᠠ ᠶᠢ ᠪᠤᠳᠠᠳᠠᠢ ᠳᠤ ᠲᠤᠤᠱᠯᠠᠭᠤᠯᠵᠤ᠂ ᠪᠠᠶᠢᠴᠠᠭᠠᠬᠤ ᠬᠤᠷᠢᠶ᠎ᠠ ᠶᠢᠨ ᠬᠡᠷᠡᠭ ᠰᠢᠢᠳᠪᠦᠷᠢᠯᠡᠬᠦ | ᠶᠠᠰᠤ ᠴᠢᠨᠠᠷ ᠦᠷ᠎ᠡ ᠪᠦᠳᠦᠮᠵᠢ ᠶᠢ ᠪᠦᠬᠦ ᠬᠦᠴᠦᠨ ᠢᠶᠠᠷ ᠲᠡᠬᠡᠭᠰᠢᠯᠡᠬᠦᠯᠦᠨ᠎ᠡ᠃ ᠬᠠᠤᠯᠢ ᠴᠠᠭᠠᠵᠠ ᠶᠢᠨ ᠪᠦᠳᠦᠴᠡ ᠶᠢᠨ ᠦᠬᠡᠷᠡᠴᠢᠯᠡᠯᠳᠡ ᠶᠢᠨ | ᠨᠠᠷᠢᠯᠢᠭᠵᠢᠭᠤᠯᠤᠯᠳᠠ᠂ ᠲᠤᠭᠠᠴᠠᠵᠢᠭᠤᠯᠤᠯᠳᠠ ᠪᠤᠯᠤᠨ ᠲᠤᠬᠢᠷᠠᠯᠴᠠᠭᠠᠳᠤ ᠴᠢᠨᠠᠷ ᠢ ᠤᠯᠠᠮ ᠨᠢᠬᠡᠠᠯᠬᠤᠮ ᠲᠡᠭᠡᠭᠰᠢᠯᠡᠬᠦᠯᠦᠨ᠎ᠡ᠃ ᠴᠦᠬᠡᠨ ᠪᠠᠷᠢᠪᠴᠢᠯᠠᠬᠤ᠂ | ᠪᠤᠯᠭᠤᠮᠵᠢᠯᠠᠨ ᠵᠠᠭᠠᠯᠳᠤᠬᠤ᠂ ᠪᠤᠯᠭᠤᠮᠵᠢᠯᠠᠨ ᠲᠦᠷ ᠬᠤᠷᠢᠬᠤ ᠬᠠᠤᠯᠢ ᠴᠠᠭᠠᠵᠠ ᠶᠢᠨ ᠤᠨᠤᠯᠵᠢᠭᠤᠨ ᠢ ᠬᠦᠨᠵᠡᠬᠡᠢ ᠦᠢᠯᠡᠳᠦᠯᠬᠡᠵᠢᠬᠦᠯᠵᠦ᠂ ᠲᠠᠩᠨᠠᠨ ᠪᠠᠶᠢᠴᠠᠭᠠᠬᠤ᠂ | ᠰᠢᠬᠦᠨ ᠲᠠᠰᠤᠯᠬᠤ᠂ ᠬᠡᠷᠡᠭᠵᠢᠬᠦᠯᠦᠨ ᠬᠦᠢᠴᠡᠳᠬᠡᠬᠦ ᠵᠡᠷᠬᠡᠠᠵᠢᠯᠯᠠᠭᠠ ᠳᠤ ᠦᠷ᠎ᠡ ᠠᠰᠢᠭᠳᠤ ᠬᠢᠨᠠᠯᠳᠠ ᠲᠠᠯᠪᠢᠬᠤ ᠪᠠᠷ ᠲᠠᠮᠵᠢᠭᠤᠯᠤᠨ ᠬᠠᠤᠯᠢ ᠴᠠᠭᠠᠵᠠ ᠶᠢᠨ | ᠨᠡᠶᠢᠳᠡ ᠶᠢᠨ ᠢᠳᠡᠬᠡᠯ ᠤᠨ ᠬᠦᠴᠦᠨ ᠢ ᠶᠡᠷᠦᠩᠬᠡᠢ ᠳᠤ ᠨᠢ ᠲᠡᠭᠡᠭᠰᠢᠯᠡᠬᠦᠯᠦᠨ᠎ᠡ᠃ ᠬᠤᠳᠠ ᠶᠢᠨ ᠤᠷᠤᠨ ᠪᠦᠰᠡ ᠪᠤᠯᠤᠨ ᠨᠡᠶᠢᠬᠡᠮ ᠤᠨ ᠴᠡᠭᠴᠡᠯᠡᠨ ᠵᠠᠰᠠᠯᠳᠠ ᠶᠢᠨ | ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠳᠤ ᠢᠳᠡᠪᠬᠢᠯᠡᠨ ᠤᠷᠤᠯᠴᠠᠵᠤ 12309 ᠪᠠᠶᠢᠴᠠᠭᠠᠬᠤ ᠦᠢᠯᠡᠴᠢᠯᠡᠭᠡ ᠶᠢᠨ ᠲᠦᠪ ᠤᠨ | ᠤᠶᠤᠨᠵᠢᠭᠤᠯᠤᠭᠰᠠᠨ ᠶᠡᠷᠦᠩᠬᠡᠢ ᠴᠤᠭᠴᠠ ᠶᠢᠨ ᠪᠦᠳᠦᠬᠡᠨ ᠪᠠᠶᠢᠭᠤᠯᠤᠯᠳᠠ ᠶᠢ ᠰᠠᠶᠢᠵᠢᠷᠠᠭᠤᠯᠤᠨ᠂ ᠬᠠᠤᠯᠢ ᠴᠠᠭᠠᠵᠠ ᠪᠠᠷ ᠬᠡᠷᠡᠭ ᠰᠢᠢᠳᠪᠦᠷᠢᠯᠡᠬᠦ ᠲᠤᠮᠳᠠ ᠤᠯᠠᠨ | ᠲᠦᠮᠡᠨ ᠤ ᠬᠢᠨᠠᠯᠳᠠ ᠲᠠᠯᠪᠢᠬᠤ ᠶᠢ ᠬᠦᠳᠡᠯᠦᠩᠬᠦᠢ ᠪᠠᠷ ᠬᠦᠯᠢᠶᠡᠵᠦ᠂ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠲᠦᠪᠡᠭ ᠬᠦᠴᠢᠷᠳᠡᠯ ᠢ ᠪᠦᠬᠦ ᠬᠦᠴᠦᠨ ᠢᠶᠠᠷ | ᠰᠢᠢᠳᠪᠦᠷᠢᠯᠡᠨ᠎ᠡ᠃ ᠶᠡᠷᠦᠩᠬᠡᠢ ᠴᠤᠭᠴᠠ ᠶᠢᠨ ᠴᠢᠨᠠᠷ ᠲᠡᠰ ᠤᠨ ᠦᠵᠡᠯ ᠤᠬᠠᠮᠰᠠᠷ ᠢ ᠨᠡᠮᠡᠭᠳᠡᠬᠦᠯᠵᠦ᠂ ︽ᠬᠡᠷᠡᠭ ᠤᠨ ᠬᠠᠷᠢᠴᠠᠯ︾ ᠢ ᠡᠵᠡᠮᠳᠡᠨ᠂ ᠠᠷᠠᠳ ᠤᠯᠠᠨ | ᠳᠤ ᠬᠡᠷᠡᠭ ᠢ ᠨᠡᠩ ᠭᠤᠤᠯᠴᠢ᠂ ᠨᠡᠩ ᠦᠨᠳᠦᠷ ᠦᠷ᠎ᠡ ᠠᠰᠢᠭ ᠲᠠᠢ ᠪᠠᠷ ᠰᠢᠢᠳᠪᠦᠷᠢᠯᠡᠬᠦ ᠲᠦᠷᠦᠭᠳᠡᠯ ᠢ ᠤᠯᠭᠤᠨ᠎ᠠ᠃ ᠲᠤᠭ᠎ᠠ ᠪᠠᠷᠢᠮᠳᠠ ᠶᠢᠨ ᠬᠢᠨᠠᠨ ᠬᠠᠮᠢᠶᠠᠷᠤᠯᠳᠠ | ᠪᠤᠯᠤᠨ ᠰᠤᠳᠤᠯᠤᠨ ᠲᠤᠭᠳᠠᠭᠠᠬᠤ ᠲᠤᠭᠳᠠᠯᠴᠠᠭ᠎ᠠ ᠶᠢ ᠰᠠᠶᠢᠵᠢᠷᠠᠭᠤᠯᠤᠨ᠂ ᠪᠠᠶᠢᠴᠠᠭᠠᠬᠤ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠲᠤᠭᠠᠴᠠᠯᠠᠯᠳᠠ ᠨᠢ ᠬᠠᠤᠯᠢ | ᠴᠠᠭᠠᠵᠠ ᠶᠢᠨ ᠬᠢᠨᠠᠯᠳᠠ ᠲᠠᠯᠪᠢᠬᠤ ᠲᠠᠯ᠎ᠠ ᠳᠤ ᠬᠡᠷᠡᠭᠵᠢᠬᠦᠯᠦᠭᠳᠡᠬᠦ ᠬᠦᠨᠴᠡ ᠶᠢ ᠴᠢᠩᠭᠠᠳᠬᠠᠨ᠎ᠠ᠃ ᠪᠠᠶᠢᠴᠠᠭᠠᠬᠤ ᠬᠤᠷᠢᠶ᠎ᠠ ᠶᠢᠨ ᠬᠡᠷᠡᠭ ᠬᠦᠢᠴᠡᠳᠬᠡᠬᠦ ᠦᠢᠯᠡᠴᠢᠯᠡᠭᠡ | ᠶᠢ ᠲᠤᠪᠤᠶᠢᠯᠭᠠᠵᠤ᠂ ᠬᠠᠤᠯᠢ ᠴᠠᠭᠠᠵᠠ ᠶᠢᠨ ᠴᠠᠭᠳᠠᠭ᠎ᠠ ᠶᠢᠨ ᠲᠤᠰᠢᠶᠠᠯ ᠴᠢᠳᠠᠪᠬᠢ ᠪᠤᠯᠤᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠬᠡᠷᠡᠭ ᠰᠢᠢᠳᠪᠦᠷᠢᠯᠡᠬᠦ | ᠶᠠᠰᠤ ᠴᠢᠨᠠᠷ ᠦᠷ᠎ᠡ ᠪᠦᠳᠦᠮᠵᠢ ᠪᠠᠷ ᠭᠤᠤᠯ ᠪᠤᠯᠭᠠᠭᠰᠠᠨ ᠪᠠᠶᠢᠴᠠᠭᠠᠴᠢ ᠶᠢᠨ ᠲᠤᠬᠠᠶᠢᠯᠠᠭᠰᠠᠨ ᠠᠵᠢᠯ ᠤᠨ ᠦᠷ᠎ᠡ ᠪᠦᠳᠦᠮᠵᠢ ᠶᠢ ᠦᠨᠡᠯᠡᠨ ᠲᠤᠭᠳᠠᠭᠠᠬᠤ | ᠲᠤᠭᠳᠠᠯᠴᠠᠭ᠎ᠠ ᠶᠢ ᠪᠠᠶᠢᠭᠤᠯᠤᠨ᠂ ᠬᠢᠵᠭᠠᠷᠯᠠᠬᠤ ᠪᠠ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠲᠤᠰᠢᠶᠠᠯ ᠬᠡᠷᠡᠭᠵᠢᠬᠦᠯᠬᠦ ᠴᠢᠨᠠᠷ ᠲᠡᠰ᠂ ᠪᠦᠳᠦᠮᠵᠢ᠂ ᠦᠷ᠎ᠡ | ᠳ᠋ᠦᠩ ᠢ ᠲᠡᠬᠡᠭᠰᠢᠯᠡᠬᠦᠯᠦᠨ᠎ᠡ᠃ ︽ᠤᠶᠤᠨᠴᠢ ᠪᠠᠶᠢᠴᠠᠭᠠᠬᠤ︾ ᠶᠢᠨ ᠲᠠᠪᠴᠠᠩ ᠤᠨ ᠪᠠᠶᠢᠭᠤᠯᠤᠯᠳᠠ ᠶᠢ ᠬᠦᠨᠵᠡᠬᠡᠶᠢᠷᠡᠬᠦᠯᠵᠦ᠂ ᠬᠠᠤᠯᠢ ᠴᠠᠭᠠᠵᠠ ᠶᠢᠨ ᠬᠢᠨᠠᠯᠳᠠ | ᠲᠠᠯᠪᠢᠬᠤ ᠲᠤᠭ᠎ᠠ ᠪᠠᠷᠢᠮᠳᠠ ᠶᠢᠨ ᠲᠦᠪ ᠶᠢᠨ ᠲᠦᠷᠪᠡᠳᠦᠬᠡᠷ ᠬᠤᠭᠤᠴᠠᠭᠠᠨ ᠤ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠰᠢᠨ᠎ᠡ ᠬᠡᠯᠪᠡᠷᠢ ᠶᠢᠨ | ᠲᠤᠰᠠᠯᠠᠬᠤ ᠮᠠᠰᠢᠨ ᠲᠤᠨᠤᠭᠯᠠᠯ ᠤᠨ ᠬᠡᠷᠡᠭᠯᠡᠯᠳᠡ ᠶᠢ ᠴᠢᠩᠭᠠᠳᠬᠠᠨ᠂ ᠤᠶᠤᠨᠴᠢ ᠴᠢᠳᠠᠪᠬᠢ ᠶᠢᠨ ᠲᠤᠰᠠᠯᠠᠬᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ | ᠰᠢᠯᠢᠳᠡᠭᠵᠢᠬᠦᠯᠵᠦ᠂ ᠤᠶᠤᠨᠴᠢ ᠬᠢᠨᠠᠯᠳᠠ ᠲᠠᠯᠪᠢᠯᠳᠠ ᠶᠢᠨ ᠬᠢᠷᠢ ᠬᠡᠮ ᠢ ᠲᠠᠰᠤᠷᠠᠯᠳᠠ ᠦᠬᠡᠢ ᠲᠡᠬᠡᠭᠰᠢᠯᠡᠬᠦᠯᠦᠨ᠎ᠡ᠃ | ᠲᠦᠷᠪᠡ᠂ ᠡᠷᠡᠰ ᠴᠢᠩᠭ᠎ᠠ ᠡᠩᠨᠡᠭᠡ ᠶᠢᠨ ᠪᠠᠶᠢᠭᠤᠯᠤᠯᠳᠠ ᠶᠢ ᠪᠤᠳᠠᠳᠠᠢ ᠳᠤ ᠲᠤᠤᠱᠯᠠᠭᠤᠯᠵᠤ᠂ ᠪᠠᠶᠢᠴᠠᠭᠠᠬᠤ ᠬᠤᠷᠢᠶ᠎ᠠ ᠪᠠᠨ ᠪᠦᠬᠦ ᠲᠠᠯ᠎ᠠ ᠪᠠᠷ ᠴᠢᠩᠭ᠎ᠠ | ᠵᠠᠰᠠᠬᠤ ᠶᠢ ᠬᠦᠨᠵᠡᠬᠡᠶᠢᠷᠡᠬᠦᠯᠦᠨ᠎ᠡ᠃ ᠠᠯᠪᠠᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠨᠠᠮ ᠤᠨ ᠰᠤᠷᠳᠠᠯ ᠴᠢᠬᠡᠴᠢ ᠵᠠᠰᠠᠭ | ᠤᠨ ᠪᠠᠶᠢᠭᠤᠯᠤᠯᠳᠠ ᠪᠤᠯᠤᠨ ︽ᠨᠢᠬᠡ ᠪᠠᠶᠢᠷᠢ ᠬᠤᠤᠰ ᠬᠠᠷᠢᠭᠤᠴᠠᠯᠭ᠎ᠠ︾ ᠶᠢ ᠡᠷᠡᠰ ᠲᠤᠤᠱᠯᠠᠭᠤᠯᠵᠤ᠂ ᠪᠠᠶᠢᠴᠠᠭᠠᠬᠤ ᠬᠤᠷᠢᠶ᠎ᠠ ᠶᠢᠨ ᠬᠢᠨᠠᠯᠳᠠ ᠲᠠᠯᠪᠢᠬᠤ | ᠲᠤᠭᠳᠠᠯᠴᠠᠭ᠎ᠠ ᠶᠢ ᠰᠠᠶᠢᠵᠢᠷᠠᠭᠤᠯᠤᠨ ᠪᠠᠶᠢᠴᠠᠭᠠᠬᠤ ᠶᠢᠨ ᠡᠷᠬᠡ ᠶᠢᠨ ᠬᠡᠷᠡᠭᠯᠡᠯᠳᠡ ᠶᠢᠨ ᠬᠢᠨᠠᠯᠳᠠ ᠲᠠᠯᠪᠢᠯᠳᠠ ᠪᠠ ᠬᠢᠵᠠᠭᠠᠷᠯᠠᠯ ᠤᠨ ᠲᠦᠷᠢᠮ ᠤᠨ ᠰᠢᠨ᠎ᠡ ᠪᠦᠳᠦᠴᠡ | ᠶᠢ ᠴᠤᠭᠴᠠᠯᠠᠨ ᠪᠠᠶᠢᠭᠤᠯᠤᠨ᠎ᠠ᠃ ︽ᠵᠠᠩᠬᠢᠯᠭ᠎ᠠ ᠶᠢᠨ ᠴᠦᠬᠡᠨ ᠲᠤᠭ᠎ᠠ︾ ᠶᠢ ᠴᠢᠩᠭ᠎ᠠ ᠠᠳᠬᠤᠵᠤ᠂ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ | ᠡᠷᠡᠰ ᠴᠢᠩᠭ᠎ᠠ ᠪᠠᠷ ᠬᠡᠷᠡᠭᠵᠢᠬᠦᠯᠵᠦ᠂ ᠭᠠᠮᠨᠠᠨ ᠠᠷᠪᠢᠯᠠᠬᠤ ᠶᠢ ᠡᠷᠬᠢᠮᠯᠡᠨ᠂ ᠪᠦᠷᠢᠯᠬᠡᠨ ᠰᠦᠢᠳᠬᠡᠬᠦ ᠶᠢ ᠡᠰᠡᠷᠬᠦᠴᠡᠨ ᠤᠳᠤᠷᠢᠳᠬᠤ ᠺᠠᠳ᠋ᠷ ᠤᠨ ᠬᠤᠪᠢ ᠬᠦᠮᠦᠨ ᠤ | ᠵᠦᠢᠯᠡᠰ ᠤᠨ ᠮᠡᠳᠡᠬᠦᠯᠦᠯᠳᠡ᠂ ︽ᠭᠤᠷᠪᠠᠨ ᠲᠤᠭᠳᠠᠭᠠᠯ︾ ᠵᠡᠷᠬᠡ ᠲᠦᠷᠢᠮ ᠤᠨ ᠲᠤᠭᠤᠰᠢᠯᠠᠭᠤᠯᠤᠯᠳᠠ ᠶᠢ ᠦᠷᠬᠦᠯᠵᠢᠯᠡᠨ ᠰᠠᠶᠢᠳᠤᠷ ᠠᠳᠬᠤᠨ᠎ᠠ᠃ ᠴᠢᠩᠭ᠎ᠠ | ᠬᠠᠮᠢᠶᠠᠷᠤᠯᠳᠠ ᠪᠤᠯ ᠬᠦᠨ ᠵᠤᠵᠠᠭᠠᠨ ᠬᠠᠶᠢᠷ᠎ᠠ ᠬᠡᠮᠡᠬᠦ ᠶᠢ ᠪᠠᠷᠢᠮᠳᠠᠯᠠᠵᠤ᠂ ᠯᠠᠪᠳᠠᠢ ᠦᠨᠡᠨᠴᠢ ᠭᠤᠤᠯᠴᠢ᠂ ᠯᠠᠪᠳᠠᠢ ᠠᠷᠢᠭᠤᠨ ᠴᠢᠬᠡᠴᠢ᠂ ᠯᠠᠪᠳᠠᠢ ᠢᠳᠡᠬᠡᠯ | ᠨᠠᠶᠢᠳᠠᠪᠤᠷᠢᠳᠠᠢ ᠪᠠᠶᠢᠬᠤ ᠶᠢ ᠪᠡᠶᠡᠯᠡᠬᠦᠯᠤᠨ᠎ᠠ᠃ ᠲᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠳᠠ ᠲᠠᠯᠪᠢᠯᠳᠠ ᠪᠠ ᠪᠠᠶᠢᠴᠠᠭᠠᠬᠤ | ᠶᠢᠨ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ 2021 ᠤᠨ ᠤ ᠰᠤᠷᠭᠠᠨ ᠬᠦᠮᠦᠵᠢᠯ᠂ ᠴᠡᠭᠴᠡᠯᠡᠨ ᠵᠠᠰᠠᠯᠳᠠ ᠶᠢᠨ ᠠᠵᠢᠯᠯᠠᠭ᠎ᠠ ᠶᠢ ᠬᠦᠨᠵᠡᠬᠡᠢ | ᠦᠷᠨᠢᠬᠦᠯᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠤᠯᠠᠮ ᠪᠤᠳᠠᠳᠠᠶᠢᠵᠢᠭᠤᠯᠵᠤ᠂ ᠤᠯᠤᠰ ᠲᠦᠷᠦ ᠪᠠᠷ | ᠪᠠᠶᠢᠴᠠᠭᠠᠬᠤ ᠬᠤᠷᠢᠶ᠎ᠠ ᠶᠢ ᠪᠠᠶᠢᠭᠤᠯᠬᠤ᠂ ᠡᠷᠡᠰ ᠴᠢᠩᠭ᠎ᠠ ᠪᠠᠷ ᠪᠠᠶᠢᠴᠠᠭᠠᠬᠤ ᠬᠤᠷᠢᠶ᠎ᠠ ᠶᠢ ᠵᠠᠰᠠᠬᠤ ᠲᠤᠭᠳᠠᠭᠠᠯ ᠢ ᠡᠷᠡᠰ ᠲᠤᠤᠱᠯᠠᠭᠤᠯᠤᠨ᠎ᠠ᠃ ᠤᠳᠤᠷᠢᠳᠬᠤ ᠺᠠᠳ᠋ᠷ | ᠪᠠ ᠡᠩᠨᠡᠭᠡ ᠶᠢᠨ ᠪᠠᠶᠢᠭᠤᠯᠤᠯᠳᠠ ᠶᠢ ᠰᠢᠯᠢᠳᠡᠭᠵᠢᠬᠦᠯᠵᠦ᠂ ᠴᠢᠳᠠᠪᠤᠷᠢᠳᠠᠨ ᠤ ᠬᠦᠮᠦᠷᠬᠡ᠂ ᠱᠠᠳᠤᠴᠢᠯᠠᠭᠰᠠᠨ ᠬᠦᠭᠵᠢᠯᠳᠡ᠂ ᠴᠢᠳᠠᠪᠤᠷᠢᠳᠠᠨ ᠢ ᠰᠢᠯᠵᠢᠬᠦᠯᠬᠦ᠂ | ᠴᠢᠳᠠᠪᠤᠷᠢᠳᠠᠨ ᠢ ᠤᠷᠢᠨ ᠤᠷᠤᠭᠤᠯᠬᠤ ᠵᠡᠷᠬᠡ ᠠᠵᠢᠯ ᠢ ᠴᠢᠩᠭᠠᠳᠬᠠᠨ᠎ᠠ᠃ ︽ᠨᠢᠭᠳᠠᠷᠠᠯ ᠪᠦᠯᠬᠦᠮᠳᠡᠯ ᠲᠠᠢ ᠂ ᠴᠢᠷᠮᠠᠶᠢᠨ ᠲᠡᠮᠡᠴᠡᠳᠡᠭ᠂ ᠠᠮᠢᠵᠢᠷᠠᠯ ᠤᠨ ᠬᠦᠴᠦᠨ︾ | ᠲᠠᠢ ᠪᠠᠶᠢᠴᠠᠭᠠᠬᠤ ᠬᠤᠷᠢᠶᠠᠨ ᠤ ᠰᠤᠷᠳᠠᠯ ᠢ ᠶᠡᠭᠡ ᠪᠠᠷ ᠤᠷᠢᠶᠠᠯᠠᠨ ᠲᠡᠯᠬᠡᠷᠡᠬᠦᠯᠵᠦ᠂ ᠤᠯᠤᠰ ᠲᠦᠷᠦ ᠶᠢᠨ ᠠᠮᠢ ᠠᠬᠤᠢ ᠶᠢ ᠦᠷᠬᠦᠯᠵᠢᠯᠡᠨ ᠠᠬᠢᠭᠤᠯᠤᠨ᠎ᠠ᠃ | ᠲᠦᠯᠦᠬᠡᠯᠡᠭᠴᠢ ᠨᠦᠬᠦᠳ ᠡ᠂ ᠪᠢᠳᠠ ᠶᠠᠭ ᠰᠠᠶᠢᠬᠠᠨ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ ᠲᠡᠦᠬᠡᠨ ᠠᠭᠤᠯᠵᠠᠷ ᠲᠤ ᠤᠷᠤᠰᠢᠵᠤ | ᠪᠠᠶᠢᠭ᠎ᠠ ᠶᠤᠮ᠂ ᠮᠠᠨ ᠤ ᠬᠤᠷᠢᠶ᠎ᠠ ᠲᠤᠭᠤᠷᠢᠭ ᠤᠨ ᠨᠠᠮ ᠤᠨ ᠬᠤᠷᠢᠶ᠎ᠠ ᠪᠤᠯᠤᠨ ᠲᠡᠬᠡᠳᠦ ᠱᠠᠳᠤᠨ ᠤ ᠪᠠᠶᠢᠴᠠᠭᠠᠬᠤ ᠬᠤᠷᠢᠶ᠎ᠠ ᠶᠢᠨ ᠵᠦᠪ ᠤᠨᠤᠪᠴᠢᠳᠠᠢ | ᠤᠳᠤᠷᠢᠳᠤᠯᠭ᠎ᠠ ᠲᠤᠤᠷ᠎ᠠ ᠲᠤᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠢ ᠪᠤᠳᠠᠳᠠᠢ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ | ᠶᠢᠨ ᠨᠠᠢᠮᠠᠳᠤᠭᠠᠷ ᠬᠤᠭᠤᠴᠠᠭᠠᠨ ᠤ ᠠᠷᠪᠠᠨ ᠨᠢᠬᠡᠳᠦᠬᠡᠷ ᠤᠳᠠᠭᠠᠨ ᠤ ᠪᠦᠬᠦᠳᠡ ᠬᠤᠷᠠᠯ ᠤᠨ ᠰᠢᠢᠳᠪᠦᠷᠢᠳᠦ ᠪᠠᠶᠢᠷᠢᠯᠠᠭᠤᠯᠤᠯᠳᠠ ᠶᠢᠨ ᠲᠤᠭᠤᠷᠢᠨ ᠳᠤ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ ᠦᠨᠡᠨᠴᠢ ᠰᠢᠳᠤᠷᠭᠤ ᠪᠠᠷ ᠡᠬᠦᠷᠬᠡ ᠲᠤᠰᠢᠶᠠᠯ ᠢᠶᠠᠨ ᠬᠦᠢᠴᠡᠳᠬᠡᠵᠦ᠂ ᠦᠬᠡᠷᠡᠴᠢᠯᠡᠯᠳᠡ ᠬᠢᠵᠤ ᠰᠢᠨ᠎ᠡ ᠶᠢ ᠡᠬᠦᠳᠦᠨ | ᠬᠠᠳᠠᠭᠤᠵᠢᠯᠳᠠᠢ ᠪᠠᠷ ᠤᠷᠤᠭᠰᠢᠯᠠᠨ ᠲᠡᠮᠡᠴᠡᠵᠦ ᠳ᠋ᠦᠩᠱᠧᠩ ᠤᠨ ᠴᠢᠨᠠᠷ ᠰᠠᠶᠢᠲᠠᠢ ᠬᠦᠭᠵᠢᠯᠳᠡ ᠳᠤ ᠨᠡᠩ ᠶᠡᠭᠡ ᠬᠤᠪᠢ ᠨᠡᠮᠡᠬᠦᠷᠢ ᠪᠠᠨ ᠡᠷᠬᠦᠬᠦ ᠪᠠᠷ ᠴᠢᠷᠮᠠᠶᠢᠨ᠎ᠠ᠃ | | | | |