| | — 2021 ᠣᠨ ᠤ 3 ᠳ᠋ᠤᠭᠠᠷ ᠰᠠᠷ᠎ᠠ ᠶᠢᠨ 30 ᠤ ᠡᠳᠦᠷ | ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ | ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ | ᠲᠥᠯᠥᠭᠡᠯᠡᠭᠴᠢᠳ ᠡ᠄ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠭᠡ ᠶᠡᠭᠡ ᠬᠤᠷᠠᠯ ᠳᠤ ᠮᠠᠨ ᠤ ᠲᠣᠭᠤᠷᠢᠭ ᠤᠨ 2020 ᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠭᠦᠢᠴᠡᠳᠬᠡᠭᠰᠡᠨ ᠪᠠᠶᠢᠳᠠᠯ ᠬᠢᠭᠡᠳ 2021ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ︵ᠲᠥᠰᠦᠯ︶ ᠶᠢᠨ ᠮᠡᠳᠡᠭᠦᠯᠦᠯᠲᠡ ᠬᠢᠵᠦ ᠬᠢᠨᠠᠨ ᠵᠥᠪᠯᠡᠭᠦᠯᠦᠶ᠎ᠡ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠪᠣᠯᠣᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | | ᠨᠢᠭᠡ᠂ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠭᠦᠢᠴᠡᠳᠬᠡᠭᠰᠡᠨ ᠪᠠᠶᠢᠳᠠᠯ | 2020 ᠣᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠪᠠ ᠤᠯᠤᠰ ᠤᠨ ᠳᠣᠲᠣᠭᠠᠳᠤ ᠭᠠᠳᠠᠭᠠᠳᠤ | ᠶᠢᠨ ᠠᠶᠤᠯ ᠲᠦᠭᠰᠢᠭᠦᠷᠢ ᠥᠷᠢᠰᠥᠯᠳᠦᠭᠡᠨ ᠢᠯᠡᠳᠲᠡ ᠨᠡᠮᠡᠭᠳᠡᠭᠰᠡᠨ ᠨᠠᠷᠢᠨ ᠪᠤᠳᠤᠯᠢᠶᠠᠨᠲᠠᠶ ᠪᠠᠶᠢᠳᠠᠯ ᠤᠨ ᠳᠣᠣᠷ᠎ᠠ᠂ ᠪᠦᠬᠦ ᠲᠣᠭᠤᠷᠢᠭ ᠢᠶᠠᠷ ᠢᠶᠠᠨ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠢ ᠨᠡᠶᠢᠭᠡᠮ ᠤᠨ ᠵᠣᠬᠢᠴᠩᠭᠤᠢ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠭᠤᠶᠢᠪᠢᠰᠢ ᠦᠭᠡᠢ ᠪᠠᠷᠢᠮᠲᠠᠯᠠᠨ᠂ ᠪᠣᠬᠢᠷᠲᠤᠯ ᠦᠭᠡᠢ ᠬᠥᠭᠵᠢᠯᠲᠡ | ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠤᠷᠤᠭᠰᠢᠯᠠᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠡᠷᠭᠢᠯᠲᠡ ᠲᠣᠭᠲᠠᠭᠤᠨ ᠢᠶᠠᠷ ᠰᠡᠷᠭᠦᠵᠦ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠬᠦᠴᠦᠲᠡᠶ | ᠠᠬᠢᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠡᠷᠦᠩᠬᠡᠶ ᠳᠡᠭᠡᠨ ᠰᠠᠶᠢᠵᠢᠷᠠᠨ᠂ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠪᠠᠲᠤᠯᠠᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠠᠵᠢᠯ ᠤᠷᠤᠭᠰᠢᠲᠠᠶ ᠳᠠᠭᠤᠰᠪᠠ᠃ ᠪᠥᠬᠦ ᠵᠢᠯ ᠳᠤ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠶ ᠥᠷᠲᠡᠭ ᠢ 702.2 ᠳ᠋ᠦᠩᠰᠢᠭᠤᠷ ᠲᠥᠭᠦᠷᠢᠭ ᠪᠡᠶᠡᠯᠡᠭᠦᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5.6 | % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 54 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 14.5 % ᠪᠠᠷ ᠨᠡᠮᠡᠭᠳᠡᠪᠡ︔ | ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 52111 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.2 % ᠢᠶᠠᠷ ᠨᠡᠮᠡᠭᠳᠡᠪᠡ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠷᠭᠢᠯᠲᠡ ᠲᠣᠭᠲᠠᠭᠤᠨ ᠢᠶᠠᠷ | ᠰᠠᠶᠢᠵᠢᠷᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦ ᠤᠯᠤᠰ ᠤᠨ ᠵᠠᠭᠤᠨ ᠬᠦᠴᠦᠷᠬᠡᠭ ᠣᠷᠣᠨ ᠲᠣᠭᠤᠷᠢᠭ ᠤᠨ 48 ᠳ᠋ᠤᠭᠠᠷ ᠲᠤ ᠵᠢᠭᠰᠠᠭᠠᠭᠳᠠᠪᠠ᠃ | ︵ᠨᠢᠭᠡ︶ ᠬᠤᠷᠢᠭ᠎ᠠ ᠱᠤᠭᠤᠮ ᠢ ᠰᠠᠬᠢᠬᠤ᠂ ᠲᠣᠭᠲᠠᠭᠤᠨ ᠨᠡᠮᠡᠭᠳᠡᠯ ᠢ ᠪᠠᠲᠤᠯᠠᠬᠤ ᠶᠢ ᠪᠠᠷᠢᠮᠲᠠᠯᠠᠵᠤ᠂ ᠵᠢᠷᠭᠤᠭ᠎ᠠ ᠶᠢ ᠲᠣᠭᠲᠠᠪᠤᠷᠢᠵᠢᠭᠤᠯᠬᠤ ᠵᠢᠷᠭᠤᠭ᠎ᠠ ᠶᠢ | ᠪᠠᠲᠤᠯᠠᠬᠤ ᠡᠭᠦᠷᠭᠡ ᠶᠢ ᠬᠦᠴᠦᠲᠡᠶ ᠨᠠᠶᠢᠳᠠᠪᠤᠷᠢᠵᠢᠭᠤᠯᠪᠠ᠃ | ᠦᠢᠯᠡᠰ ᠪᠣᠰᠬᠠᠯᠲᠠ ᠪᠠ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ | ᠶᠡᠬᠡᠪᠡᠷ ᠬᠡᠷᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 1.3 ᠲᠦᠮᠡᠨ ᠠᠵᠢᠯ | ᠤᠨ ᠪᠠᠶᠢᠷᠢ ᠬᠠᠩᠭᠠᠪᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠠᠵᠢᠯ ᠤᠯᠬᠤ ᠭᠤᠤᠯ ᠴᠤᠭᠴᠠᠲᠦ | ᠬᠦᠮᠦᠰ ᠲᠤ ᠴᠢᠭᠯᠡᠭᠦᠯᠦᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠤᠨ ᠠᠩᠭᠢ ᠶᠢ 20 ᠰᠢᠬᠠᠮ ᠬᠤᠭᠤᠴᠠᠭ᠎ᠠ ᠡᠷᠭᠢᠯᠡᠪᠡ᠃ 6 | ᠦᠢᠯᠡᠰ ᠪᠤᠰᠬᠠᠯᠲᠠ ᠶᠢᠨ ᠬᠦᠷᠢᠶᠡᠯᠡᠩ ᠳᠤ ᠣᠷᠣᠵᠤ ᠰᠠᠭᠤᠷᠢᠰᠢᠭᠰᠠᠨ ᠠᠵᠤ ᠠᠬᠤᠶᠢᠯᠠᠯ 406 ᠪᠠᠶᠢᠵᠤ᠂ ᠠᠵᠢᠯ ᠡᠷᠭᠢᠯᠡᠭᠰᠡᠳ 1.2 ᠲᠦᠮᠡᠨ ᠬᠥᠮᠦᠨ ᠳᠤ | ᠬᠦᠷᠴᠦ᠂ 1.5 ᠳ᠋ᠦᠩᠰᠢᠭᠤᠷ ᠲᠥᠭᠦᠷᠢᠭ ᠤᠨ ᠦᠶᠯᠡᠳᠬᠦᠨ ᠤ ᠥᠷᠲᠡᠭ ᠢ ᠪᠡᠶᠡᠯᠡᠭᠦᠯᠪᠡ᠃ ᠪᠦᠬᠦ ᠲᠤᠭᠤᠷᠢᠭ ᠤᠨ 5815 ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.36 % ᠶᠢᠨ ᠳᠣᠲᠣᠷ᠎ᠠ ᠬᠢᠵᠠᠭᠠᠷᠯᠠᠵᠤ᠂ ︽ᠠᠵᠢᠯ ᠲᠠᠢ | ᠬᠦᠮᠦᠨ ᠦᠬᠡᠢ︾ ᠭᠡᠷ ᠪᠦᠯᠢ ᠶᠢᠨ ᠲᠤᠭ᠎ᠠ ᠨᠢ ᠦᠬᠡᠶᠢᠰᠬᠡᠭᠳᠡᠭᠰᠡᠨ ᠪᠠᠶᠢᠳᠠᠯ ᠢ ᠪᠠᠲᠤᠯᠠᠵᠤ᠂ ᠠᠵᠢᠯ ᠤᠯᠭᠤᠯᠲᠠ ᠶᠢᠨ ᠪᠠᠶᠢᠳᠠᠯ ᠢ ᠦᠨᠳᠦᠰᠦᠨ ᠳᠡᠭᠡᠨ | ᠲᠣᠭᠲᠠᠭᠤᠨ ᠪᠠᠶᠢᠯᠭᠠᠪᠠ᠃ | ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠪᠡ᠃ ᠭᠤᠤᠯᠳᠠᠯᠭ᠎ᠠ ᠲᠠᠢ ᠲᠥᠷᠥᠯ ᠵᠦᠶᠯ ᠤᠨ ︽ᠲᠥᠪᠯᠡᠷᠡᠭᠦᠯᠦᠨ ᠬᠢᠨᠠᠨ | ᠵᠥᠪᠰᠢᠶᠡᠷᠡᠬᠦ︾᠂ ︽ᠬᠤᠤᠰ ᠴᠢᠭᠯᠡᠯᠲᠦ ᠠᠮᠠᠯᠠᠯᠲᠠ︾ ᠬᠢᠯᠭᠡᠭᠦ ᠵᠡᠷᠭᠡ ᠲᠦᠷᠢᠮ ᠢ ᠭᠦᠨᠵᠡᠭᠡᠶ ᠬᠡᠷᠡᠭᠵᠢᠬᠦᠯᠦᠨ᠂ ︽ᠣᠶᠤᠨᠴᠢ ᠳ᠋ᠦᠩᠱᠧᠩ ᠭᠤᠤᠯᠳᠠᠯᠭ᠎ᠠ ᠲᠠᠢ | ᠲᠥᠷᠥᠯ ᠵᠦᠶᠯ ᠤᠨ ᠬᠤᠯᠪᠣᠭᠠᠯᠠᠨ ᠬᠥᠳᠡᠯᠦᠯᠴᠡᠬᠦ ᠡᠭᠦᠯᠡᠨ ᠲᠠᠪᠴᠠᠩ︾ ᠢ ᠪᠠᠶᠢᠭᠤᠯᠵᠤ᠂ ᠦᠶᠯᠡᠴᠢᠯᠡᠭᠡᠨ ᠤ ᠠᠵᠤ ᠠᠬᠤᠶᠢᠯᠠᠯ ᠤᠨ ᠣᠨᠣᠪᠴᠢᠲᠤ ᠴᠢᠨᠠᠷ ᠪᠠ | ᠴᠠᠭᠴᠢ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25. | 9 % ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 16.8 ᠵᠠᠭᠤᠨ ᠤ ᠬᠤᠪᠢ ᠶᠢᠨ ᠴᠡᠭ ᠳᠡᠭᠭᠡᠰᠢᠯᠡᠬᠦᠯᠪᠡ᠃ ᠠᠷᠠᠳ ᠤᠨ ᠲᠤᠮᠳᠠᠬᠢ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 16.4 % ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 61.9 | % ᠪᠠᠶᠢᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 9.2 ᠵᠠᠭᠤᠨ ᠤ ᠬᠤᠪᠢ ᠶᠢᠨ ᠴᠡᠭ ᠳᠡᠭᠡᠭᠰᠢᠯᠡᠬᠦᠯᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.3 % ᠪᠠᠷ ᠨᠡᠮᠡᠭᠳᠡᠵᠦ᠂ ᠳᠡᠭᠡᠳᠦ ᠬᠤᠷᠳᠤᠴᠠ ᠪᠠᠷ ᠨᠡᠮᠡᠭᠳᠡᠬᠦ ᠪᠠᠶᠢᠳᠠᠯ ᠢᠶᠠᠨ | ᠪᠠᠲᠤᠯᠠᠪᠠ᠃ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠶᠯ ᠢ 234 ᠲᠦᠷᠦᠯ ᠬᠡᠷᠡᠭᠵᠢᠭᠦᠯᠵᠦ᠂ 68 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠂ ᠡᠭᠦᠨ ᠳᠤ ᠬᠤᠲᠠ ᠶᠢᠨ ᠲᠠᠰ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠶᠯ ᠤᠨ 43 ᠲᠦᠷᠦᠯ ᠨᠢ ᠪᠦᠬᠦᠨ ᠢᠶᠠᠷ ᠠᠵᠢᠯ ᠡᠬᠢᠯᠡᠵᠦ ᠠᠵᠢᠯ ᠰᠡᠷᠭᠦᠭᠡᠪᠡ᠂ 41.49 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠵᠦ᠂ ᠣᠨ ᠤ ᠪᠠᠯᠠ ᠣᠷᠣᠭᠤᠯᠤᠯᠲᠠ ᠶᠢᠨ ᠲᠥᠯᠥᠪᠵᠢᠭᠦᠯᠭᠡ ᠶᠢᠨ 109.8 % ᠶᠢ ᠪᠡᠶᠡᠯᠡᠭᠦᠯᠪᠡ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ | 11.8 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ | ᠪᠦᠲᠦᠮᠵᠢᠲᠡᠶ ᠨᠠᠮᠳᠠᠭᠤᠯᠪᠠ᠃ 162 ᠲᠥᠷᠥᠯ ᠵᠦᠶᠯ ᠢ ᠣᠷᠣᠭᠤᠯᠤᠨ ᠠᠪᠴᠢᠷᠠᠭᠰᠠᠨ ᠪᠦᠬᠡᠳ ᠭᠡᠷ᠎ᠡ ᠲᠣᠭᠲᠠᠵᠤ᠂ ᠬᠡᠯᠡᠯᠴᠡᠭᠡᠷ ᠤᠨ ᠶᠡᠷᠦᠩᠬᠡᠶ ᠪᠠᠯᠠ | ᠣᠷᠣᠭᠤᠯᠤᠯᠲᠠ 654 ᠳ᠋ᠦᠩᠰᠢᠭᠤᠷ ᠲᠥᠭᠦᠷᠢᠭ ᠲᠤ ᠬᠦᠷᠴᠦ᠂ ᠣᠨ ᠤ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠴᠢᠩᠭᠠᠷᠠᠪᠠ᠃ ︽ᠠᠵᠤ ᠠᠬᠤᠶᠢᠯᠠᠯ ᠳᠤ ᠠᠰᠢᠭ ᠬᠦᠷᠲᠡᠭᠡᠬᠦ︾ ᠬᠦᠴᠦᠯᠡᠬᠦ ᠴᠡᠭ ᠢ | ᠣᠨᠣᠪᠴᠢᠲᠠᠢ ᠣᠯᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠶᠢᠯᠢ ᠲᠠᠲᠠᠪᠤᠷᠢ᠂ ᠠᠵᠢᠯ ᠣᠯᠭᠤᠯᠲᠠ ᠵᠡᠷᠭᠡ ᠲᠦᠷᠦ ᠶᠢᠨ ᠪᠤᠳᠤᠯᠭ᠎ᠠ ᠶᠢᠨ ᠰᠢᠰᠲ᠋ᠧᠮ ᠤᠨ | ᠬᠤᠷᠠᠮᠳᠤᠯ ᠪᠠ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠡᠬᠦ ᠲᠣᠭᠲᠠᠴᠠ ᠶᠢ ᠴᠢᠩᠭᠠᠳᠬᠠᠪᠠ᠃ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ 57.7 ᠳ᠋ᠦᠩᠰᠢᠭᠤᠷ ᠲᠥᠭᠦᠷᠢᠭ ᠤᠨ ᠬᠦᠴᠢᠷᠳᠡᠯ ᠢ ᠨᠠᠮᠳᠠᠭᠠᠬᠤ ᠪᠡᠯᠡ ᠮᠦᠩᠭᠦ ᠶᠢ ᠪᠠᠭᠤᠯᠭᠠᠨ᠂ ᠳᠤᠮᠳᠠ ᠪᠢᠴᠢᠯ | ᠵᠢᠵᠢᠭ ᠠᠵᠤ ᠠᠬᠤᠶᠢᠯᠠᠯ ᠳᠤ 1168 ᠬᠤᠪᠢ ᠰᠢᠨ᠎ᠡ ᠪᠠᠷ ᠵᠢᠭᠡᠯᠡᠯᠭᠡ ᠲᠠᠯᠪᠢᠵᠤ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 108.2 ᠳ᠋ᠦᠩᠰᠢᠭᠤᠷ | ᠲᠥᠭᠦᠷᠢᠭ ᠲᠤ ᠬᠥᠷᠪᠡ᠃ ᠮᠥᠩᠭᠦᠨ ᠭᠦᠶᠯᠭᠡᠭᠡᠨ ᠢᠶᠠᠷ ᠠᠵᠢᠯ ᠰᠡᠷᠭᠦᠭᠡᠯᠲᠡ ᠦᠢᠯᠡᠳᠪᠤᠷᠢᠯᠡᠯ ᠤᠨ ᠰᠡᠷᠭᠦᠭᠡᠯᠳᠡ ᠵᠠᠬ᠎ᠠ ᠳᠡᠯᠭᠡᠭᠦᠷ ᠤᠨ ᠰᠡᠷᠭᠦᠭᠡᠯᠲᠡ ᠪᠠ ᠠᠵᠢᠯ | ᠦᠢᠯᠡᠰ ᠤᠨ ᠰᠡᠷᠭᠦᠭᠡᠯᠲᠡ ᠶᠢ ᠳᠡᠮᠵᠢᠬᠦ ᠲᠤᠰᠬᠠᠶ ᠠᠵᠢᠯᠯᠠᠭ᠎ᠠ ᠶᠢ ᠡᠬᠢᠯᠡᠭᠦᠯᠵᠦ᠂ 9400 ᠲᠦᠮᠡᠨ ᠲᠥᠭᠦᠷᠢᠭ ᠤᠨ ᠵᠢᠭᠡᠯᠡᠯᠭᠡ ᠶᠢ ᠵᠣᠯᠭᠠᠭᠤᠯᠪᠠ᠃ ᠠᠵᠤ | ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠪᠦᠬᠦ ᠵᠢᠯ ᠳᠤ ᠦᠢᠯᠡᠰ ᠪᠣᠰᠬᠠᠬᠤ ᠪᠠᠲᠤᠯᠠᠭᠠᠲᠤ | ᠵᠢᠭᠡᠯᠡᠯᠭᠡ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠪᠠ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ | 4660 ᠲᠦᠮᠡᠨ ᠲᠥᠭᠦᠷᠢᠭ ᠲᠠᠷᠬᠠᠭᠠᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ 7.9 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ | ᠬᠡᠯᠲᠦᠷᠢᠭᠦᠯᠪᠡ᠃ ︽ᠳ᠋ᠦᠩᠱᠧᠩ ᠲᠣᠭᠤᠷᠢᠭ ᠤᠨ ᠮᠥᠩᠭᠦᠨ ᠬᠦᠢᠯᠭᠡᠭᠡ ᠪᠠᠷ ᠳᠤᠮᠳᠠ ᠪᠢᠴᠢᠯ ᠵᠢᠵᠢᠭ ᠠᠵᠤ ᠠᠬᠤᠶᠢᠯᠠᠯ ᠳᠤ ᠦᠶᠯᠡᠴᠢᠯᠡᠬᠦ ᠠᠵᠢᠯ ᠢ ᠬᠡᠷᠡᠭᠵᠢᠬᠦᠯᠬᠦ | ᠲᠥᠰᠦᠯ︾ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠵᠤ ᠠᠬᠤᠶᠢᠯᠠᠯ ᠤᠨ ᠢᠲᠡᠭᠡᠯ ᠵᠣᠷᠢᠭ ᠢ ᠦᠨᠡᠨᠬᠦ | ᠬᠥᠪᠴᠢᠯᠡᠨ᠂ ᠪᠥᠬᠦ ᠲᠤᠭᠤᠷᠢᠭ ᠲᠤ 11522 ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ ᠳᠡᠩᠰᠡᠯᠡᠵᠦ᠂ ᠪᠥᠬᠦ ᠬᠤᠲᠠ ᠶᠢᠨ ᠶᠡᠷᠦᠩᠬᠡᠶ ᠬᠡᠮᠵᠢᠶᠡᠨ ᠤ | 35 % ᠶᠢ ᠡᠵᠡᠯᠡᠪᠡ᠃ | ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠡᠷᠬᠦᠨ ᠰᠠᠶᠢᠵᠢᠷᠠᠪᠠ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠪᠣᠷᠣᠯᠠᠭᠤᠯᠭ᠎ᠠ ᠶᠢ | ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ | ᠠᠬᠤᠶ ᠪᠠᠶᠢᠳᠠᠯ ᠳᠣᠤᠷ᠎ᠠ᠂ ᠴᠢᠬᠤᠯᠠ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ᠂ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢᠳᠤᠨᠤᠨ | ᠤ ᠠᠳᠠᠯᠢ ᠬᠤᠭᠤᠴᠠᠭᠠᠨ ᠤ ᠬᠢ ᠠᠴᠠ 25 % ᠪᠠᠷ ᠨᠡᠮᠡᠭᠳᠡᠪᠡ᠃ ᠰᠠᠭᠤᠭᠠᠯᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠮᠤ ᠲᠣᠰᠣ᠂ ᠢᠳᠡᠭᠡᠨ ᠤ | ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠠᠯᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 16.9 % ᠪᠠᠷ ᠨᠡᠮᠡᠭᠳᠡᠪᠡ᠃ ᠮᠠᠰᠢᠨ ᠲᠡᠷᠭᠡᠨ ᠤ | ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 4.5 % ᠪᠠᠷ ᠨᠡᠮᠡᠭᠳᠡᠪᠡ᠂ ᠡᠭᠦᠨ ᠳᠤ᠂ ᠰᠢᠨ᠎ᠡ ᠡᠨᠧᠷᠭᠢ | ᠶᠢᠨ ᠮᠠᠰᠢᠨ ᠲᠡᠷᠭᠡᠨ ᠤ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.7 % ᠪᠠᠷ ᠨᠡᠮᠡᠭᠳᠡᠪᠡ᠃ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠵᠢᠴᠢ ᠢᠨᠲ᠋ᠧᠷ ᠰᠦᠯᠵᠢᠶᠡᠨ ᠤ ᠵᠢᠵᠢᠭᠯᠡᠨ ᠪᠣᠷᠣᠯᠠᠭᠤᠯᠤᠯᠲᠠ ᠲᠦᠷᠭᠡᠨ ᠬᠥᠭᠵᠢᠵᠦ᠂ ᠪᠥᠬᠦ ᠵᠢᠯ ᠳᠤ ᠣᠯᠠᠨ ᠨᠡᠶᠢᠲᠡ ᠶᠢᠨ ᠰᠦᠯᠵᠢᠶ᠎ᠡ ᠪᠠᠷ | ᠳᠡᠮᠵᠢᠨ ᠪᠡᠶᠡᠯᠡᠭᠦᠯᠦᠭᠰᠡᠨ ᠬᠢᠵᠠᠭᠠᠷᠯᠠᠯᠲᠠᠢ ᠬᠡᠮᠵᠢᠶ᠎ᠡ ᠠᠴᠠ ᠳᠡᠭᠡᠭᠰᠢᠬᠢ ᠲᠠᠸᠠᠷ ᠤᠨ ᠵᠢᠵᠢᠭᠯᠡᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ | 25.6 % ᠪᠠᠷ ᠨᠡᠮᠡᠭᠳᠡᠪᠡ᠃ ᠨᠣᠮ ᠰᠣᠨᠢᠨ ᠰᠡᠳᠬᠦᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠠᠯᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ | ᠠᠴᠠ 175.5 % ᠨᠡᠮᠡᠭᠳᠡᠵᠦ᠂ ᠬᠢᠲᠠᠳ ᠧᠦ᠋ᠷᠣᠫᠠ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 61.6 | % ᠨᠡᠮᠡᠭᠳᠡᠪᠡ᠃ ᠪᠥᠬᠦ ᠲᠤᠭᠤᠷᠢᠭ ᠤᠨ ᠲᠦᠷᠭᠡᠨ ᠢᠯᠡᠭᠡᠯᠲᠡ ᠶᠢᠨ ᠦᠶᠯᠡᠴᠢᠯᠡᠭᠡᠨ ᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ | 615 ᠲᠦᠮᠡᠨ ᠬᠤᠪᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 23 % ᠪᠠᠷ ᠨᠡᠮᠡᠭᠳᠡᠨ᠂ 1.9 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 32 % ᠢᠶᠠᠷ ᠨᠡᠮᠡᠭᠳᠡᠪᠡ᠃ ᠠᠪᠴᠠᠭᠠᠨ ᠤ ᠡᠷᠬᠡ ᠶᠢᠨ ᠭᠡᠷᠡᠴᠢ ︵ᠭᠡᠷ᠎ᠡ︶ ᠶᠢ ᠨᠡᠶᠢᠲᠡ 513 ᠬᠤᠪᠢ | ᠲᠠᠷᠬᠠᠭᠠᠵᠤ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 8 ᠳ᠋ᠦᠩᠰᠢᠭᠤᠷ ᠲᠥᠭᠦᠷᠢᠭ ᠲᠤ ᠬᠦᠷᠴᠦ᠂ 4.3 ᠲᠦᠮᠡᠨ ᠤᠳᠠᠭ᠎ᠠ ᠡᠷᠭᠢᠯᠳᠦᠵᠦ᠂ 3 ᠳ᠋ᠦᠩᠰᠢᠭᠤᠷ | ᠲᠥᠭᠦᠷᠢᠭ ᠰᠢᠬᠠᠮ ᠬᠡᠷᠡᠭᠯᠡᠭᠡ ᠶᠢ | ᠳᠠᠶᠢᠴᠢᠯᠠᠪᠠ᠃ | ᠦᠨᠳᠦᠰᠦᠨ ᠱᠠᠲᠤᠨ ᠤ ᠠᠵᠢᠯᠯᠠᠭᠠᠨ ᠤ ᠡᠷᠬᠢᠯᠲᠡ ᠶᠢ ᠬᠦᠴᠦᠲᠡᠶ ᠪᠠᠲᠤᠯᠠᠪᠠ᠃ ᠡᠳ᠋ ᠤᠨ ᠵᠠᠰᠠᠭ ᠤᠨ ᠵᠠᠷᠤᠯᠭ᠎ᠠ ᠳᠠᠬᠢ ︽ᠭᠤᠷᠪᠠ ᠶᠢ ᠪᠠᠲᠤᠯᠠᠬᠤ︾ | ᠵᠠᠷᠤᠯᠭ᠎ᠠ ᠶᠢᠨ ᠲᠡᠷᠢᠭᠦᠯᠡᠬᠦ ᠲᠡᠰ ᠳᠠᠷᠠᠭᠠᠯᠠᠯ ᠢ ᠪᠠᠷᠢᠮᠲᠠᠯᠠᠵᠤ᠂ ᠠᠷᠠᠳ ᠤᠨ ᠦᠨᠳᠦᠰᠦᠨ ᠠᠮᠢᠳᠤᠷᠠᠯ᠂ ᠴᠠᠯᠢᠩ ᠮᠦᠩᠭᠦ ᠲᠠᠷᠬᠠᠭᠠᠵᠦ ᠥᠭᠬᠦ ᠪᠠ ᠪᠠᠶᠢᠭᠤᠯᠤᠮᠵᠢ ᠶᠢᠨ | ᠠᠵᠢᠯᠯᠠᠭᠠᠨ ᠤ ᠡᠷᠬᠢᠯᠲᠡ ᠶᠢ ᠦᠨᠡᠨ ᠬᠦ ᠪᠠᠲᠤᠯᠠᠵᠤ᠂ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠪᠠ᠃ ︽ᠨᠠᠷᠢᠯᠠᠵᠦ ᠠᠮᠢᠳᠤᠷᠠᠬᠤ︾ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠂ ︽ᠭᠤᠷᠪᠠᠨ ᠵᠦᠶᠯ ᠤᠨ ᠠᠯᠪᠠᠨ | ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠦᠨᠳᠦᠰᠦᠨ ᠠᠵᠢᠯᠯᠠᠭᠠᠨ ᠤ ᠡᠳ᠋ ᠤᠨ ᠬᠦᠴᠦᠨ ᠤ ᠪᠠᠲᠤᠯᠠᠭ᠎ᠠ ᠶᠢᠨ ᠲᠣᠭᠲᠠᠴᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠪᠡ᠃ | ︵ᠬᠤᠶᠠᠷ︶ ᠪᠦᠲᠦᠴᠡ ᠪᠠᠨ ᠲᠤᠬᠢᠷᠠᠭᠤᠯᠤᠨ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ | ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ | ᠤᠯᠠᠮᠵᠢᠯᠠᠯᠲᠤ ᠠᠵᠤ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦᠯᠪᠡ᠃ ᠨᠡᠭᠦᠷᠡᠰᠦᠨ ᠤ ᠠᠵᠢᠯ ᠲᠥᠷᠥᠯ ᠤᠨ ᠶᠡᠷᠦᠩᠬᠡᠶᠢᠯᠡᠭᠰᠡᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠵᠢᠭᠦᠯᠭᠡ ᠶᠢ ᠭᠦᠨᠵᠡᠭᠡᠶ ᠬᠡᠷᠡᠭᠵᠢᠬᠦᠯᠦᠨ᠂ ᠴᠠᠬᠢᠯᠭᠠᠨ ᠬᠦᠴᠦᠨ ᠢ | ᠭᠠᠳᠠᠭᠰᠢ ᠬᠦᠷᠭᠡᠬᠦ ᠨᠡᠪᠲᠡᠷᠡᠯ ᠵᠠᠮ᠂ ᠠᠭᠤᠷᠬᠠᠶ ᠶᠢᠨ ᠠᠮᠠᠰᠠᠷ ᠤᠨ ᠴᠠᠬᠢᠯᠭᠠᠨ ᠦᠶᠯᠡᠳᠪᠦᠷᠢ ᠵᠢᠴᠢ ︽ᠰᠠᠯᠬᠢ ᠬᠡᠷᠡᠯ ᠤᠰᠤᠲᠥ᠋ᠷᠥᠭᠴᠢ ᠶᠢᠨ ᠬᠠᠳᠠᠭᠠᠯᠠᠯᠲᠠ︾ ᠶᠢ | ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠮᠧᠩ ᠲᠠᠢ ᠶᠢᠨ | ᠬᠤᠶᠠᠳᠤᠭᠠᠷ ᠬᠤᠭᠤᠴᠠᠭᠠᠨ ᠤ 2 × 66 ᠲᠦᠮᠡᠨ ᠺᠢᠯᠣᠸᠠᠲ ᠤᠨ ᠢᠯᠴᠢ ᠴᠠᠬᠢᠯᠭᠠᠨ ᠢ ᠬᠤᠯᠪᠣᠭᠠᠯᠠᠨ ᠦᠶᠯᠡᠳᠪᠦᠷᠢᠯᠡᠬᠦ ᠵᠡᠷᠭᠡ ᠲᠥᠷᠥᠯ ᠵᠦᠶᠯ ᠢ ᠡᠮᠬᠢ | ᠵᠢᠷᠤᠮ ᠲᠠᠢ ᠪᠠᠷ ᠪᠥᠲᠥᠭᠡᠨ ᠪᠠᠶᠢᠭᠤᠯᠵᠤ᠂ ᠨᠡᠶᠢᠲᠡ 8848 ᠲᠦᠮᠡᠨ ᠲᠣᠨ ᠲᠦᠭᠦᠬᠡᠶ ᠨᠡᠭᠦᠷᠡᠰᠦ ᠦᠶᠯᠡᠳᠪᠦᠷᠢᠯᠡᠵᠦ ᠪᠤᠷᠤᠯᠠᠭᠤᠯᠤᠨ᠂ ᠠᠳᠠᠯᠢ ᠬᠤᠭᠤᠴᠠᠭᠠᠨ ᠤ | ᠬᠢ ᠠᠴᠠ 3.6 % ᠪᠠᠷ ᠨᠡᠮᠡᠭᠳᠡᠵᠦ᠂ ᠴᠠᠬᠢᠯᠭᠠᠨ ᠭᠠᠷᠭᠠᠭᠰᠠᠨ ᠬᠡᠮᠵᠢᠶ᠎ᠡ ᠨᠢ 86.12 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 2.5 % ᠪᠠᠷ ᠨᠡᠮᠡᠭᠳᠡᠪᠡ᠃ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠢᠮᠠᠭᠠᠨ ᠨᠣᠯᠤᠤᠷ ᠤᠨ | ᠦᠵᠡᠰᠬᠦᠯᠡᠩ ᠢ ᠠᠮᠵᠢᠯᠲᠠ ᠲᠠᠢ ᠡᠷᠭᠢᠯᠡᠵᠦ᠂ ᠣᠷᠳᠣᠰ ᠬᠤᠲᠠ ᠶᠢᠨ ᠢᠮᠠᠭᠠᠨ ᠨᠣᠯᠤᠤᠷ ᠤᠨ ᠪᠦᠲᠦᠭᠡᠭᠳᠡᠬᠦᠨ ᠤ ᠭᠠᠵᠠᠷ ᠤᠷᠤᠨ ᠤ ᠲᠡᠮᠳᠡᠭ ᠢ ᠭᠤᠶᠤᠴᠢᠯᠠᠨ | ᠮᠡᠳᠡᠭᠦᠯᠬᠦ ︵ᠶᠡᠭᠡ ᠵᠣᠣ ᠢᠮᠠᠭᠠᠨ ᠨᠣᠯᠤᠤᠷ︶ ᠶᠢ ᠪᠡᠶᠡᠯᠡᠭᠦᠯᠵᠦ᠂ ᠪᠥᠬᠦ ᠵᠢᠯ ᠳᠤ 5000 ᠲᠣᠨ ᠣᠭ ᠨᠣᠯᠤᠤᠷ ᠢ ᠬᠤᠷᠢᠶᠠᠨ ᠬᠠᠳᠠᠭᠠᠯᠠᠵᠤ᠂ ᠢᠮᠠᠭᠠᠨ ᠨᠣᠯᠤᠤᠷ | ᠤᠨ ᠪᠦᠲᠦᠭᠡᠭᠳᠡᠬᠦᠨ ᠤ ᠭᠠᠷᠤᠯᠲᠠ ᠶᠢ 600 ᠲᠦᠮᠡᠨ ᠵᠦᠶᠯ ᠳᠤ ᠬᠦᠷᠦᠭᠦᠯᠪᠡ᠃ ᠣᠷᠳᠣᠰ ᠤᠨ ᠠᠷᠢᠬᠢᠨ ᠤ ᠦᠢᠯᠡᠰ ᠤᠨ ᠬᠦᠷᠢᠶᠡᠯᠡᠩ ᠲᠣᠭᠤᠷᠢᠭ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠰᠤᠷᠪᠤᠯᠵᠢᠲᠦ ᠠᠷᠢᠬᠢᠨ ᠤ ᠵᠢᠯ ᠤᠨ ᠦᠢᠯᠡᠳᠪᠦᠷᠢᠯᠡᠬᠦ ᠴᠢᠳᠠᠪᠤᠷᠢ ᠶᠢ 2 ᠲᠦᠮᠡᠨ ᠲᠣᠨ ᠪᠡᠶᠡᠯᠡᠭᠦᠯᠪᠡ᠃ ᠴᠢᠴᠠᠷᠭᠠᠨ᠎ᠠ ᠶᠢᠨ ᠠᠵᠤ | ᠦᠶᠯᠡᠰ ᠤᠨ ᠬᠥᠭᠵᠢᠯᠲᠡ ᠶᠢᠨ ᠬᠡᠯᠬᠢᠶ᠎ᠡ ᠲᠠᠰᠤᠷᠠᠯᠲᠠ ᠥᠬᠡᠶ ᠲᠡᠭᠦᠯᠳᠡᠷᠵᠢᠵᠦ᠂ ᠮᠧᠩ ᠴᠦᠨ᠂ ᠴᠢᠶᠠᠨ ᠴᠢᠶᠠᠨ ᠪᠧᠢ ᠵᠡᠷᠭᠡ ᠨᠢᠭᠡ ᠪᠦᠯᠦᠭ ᠭᠤᠤᠯᠯᠠᠭᠴᠢ | ᠢᠳᠡᠭᠡᠨ ᠤ ᠠᠵᠤ ᠠᠬᠤᠶᠢᠯᠠᠯ ᠠᠦ᠋ᠲ᠋ᠣᠴᠢᠯᠠᠭᠰᠠᠨ ᠤᠶᠤᠨᠴᠢᠯᠠᠭᠰᠠᠨ ᠦᠶᠯᠡᠳᠪᠦᠷᠢᠯᠡᠯ ᠤᠨ ᠲᠥᠬᠦᠭᠡᠷᠦᠮᠵᠢ ᠶᠢᠨ ᠲᠠᠰ ᠳᠡᠪᠰᠢᠬᠦ ᠶᠢ ᠪᠡᠶᠡᠯᠡᠭᠦᠯᠵᠦ᠂ ᠢ ᠯᠢ ᠡᠮ | ᠤᠨ ᠦᠢᠯᠡᠳᠬᠡᠯ ᠤᠨ ︽ᠬᠢᠲᠠᠳ ᠡᠮ ᠤᠨ ᠬᠤᠷᠤᠭᠤᠨ ᠣᠷᠣᠮ ᠤᠨ ᠵᠢᠷᠤᠭ ᠤᠨ ᠵᠢᠭᠰᠠᠯ︾ ᠤᠨ ᠲᠥᠷᠥᠯ ᠵᠦᠶᠯ ᠨᠢ ᠬᠢᠲᠠᠳ ᠮᠣᠩᠭᠤᠯ ᠡᠮ ᠤᠨ | ᠦᠶᠯᠡᠳᠪᠦᠷᠢᠯᠡᠯ ᠤᠨ ᠬᠦᠷᠢᠶᠡᠨ ᠳᠠᠬᠢ ᠬᠡᠷᠡᠭᠯᠡᠯᠲᠡ ᠪᠠ ᠰᠤᠳᠤᠯᠤᠨ ᠨᠡᠭᠡᠭᠡᠬᠦ ᠵᠠᠩᠭᠢᠯᠠᠭ᠎ᠠ ᠶᠢᠨ ᠮᠡᠷᠭᠡᠵᠢᠯ ᠤᠨ ᠲᠠᠯ᠎ᠠ ᠪᠠᠷ ᠴᠥᠮ ᠴᠢᠬᠤᠯᠠ ᠶᠡᠭᠡ ᠰᠢᠨ᠎ᠡ | ᠡᠭᠦᠳᠦᠯᠲᠡ ᠲᠠᠢ ᠪᠣᠯᠪᠠ᠃ | ᠲᠣᠨᠣᠭᠯᠠᠯ ᠦᠶᠯᠡᠳᠬᠦ ᠦᠶᠯᠡᠰ ᠤᠨ ᠦᠷ᠎ᠡ ᠠᠰᠢᠭ ᠪᠤᠯᠤᠨ ᠲᠠᠰ ᠨᠢ ᠳᠡᠭᠡᠭᠰᠢᠯᠡᠪᠡ᠃ ᠦᠢᠯᠡᠳᠬᠦ ᠦᠢᠯᠡᠰ ᠤᠨ ᠪᠦᠯᠦᠭᠵᠢᠨ ᠬᠥᠭᠵᠢᠬᠦ ᠶᠢ ᠠᠬᠢᠭᠤᠯᠬᠤ | ᠲᠤᠰᠬᠠᠢ ᠠᠵᠢᠯᠯᠠᠭ᠎ᠠ ᠶᠢ ᠡᠬᠢᠯᠡᠭᠦᠯᠵᠦ᠂ ᠲᠣᠨᠣᠭᠯᠠᠯ ᠦᠢᠯᠡᠳᠬᠦ ᠦᠢᠯᠡᠰ ᠤᠨ ᠦᠢᠯᠡᠳᠬᠦᠨ ᠤ ᠦᠷᠲᠡᠭ 200 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ | ᠬᠤᠭᠤᠴᠠᠭᠠᠨ ᠤ ᠬᠢ ᠠᠴᠠ 1.3 % ᠪᠠᠷ ᠨᠡᠮᠡᠭᠳᠡᠪᠡ᠂ ᠡᠭᠦᠨ ᠳᠤ ᠮᠠᠰᠢᠨ ᠲᠡᠷᠭᠡ ᠦᠢᠯᠡᠳᠬᠦ ᠦᠢᠯᠡᠰ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ | ᠬᠢ ᠠᠴᠠ 22.1 % ᠪᠠᠷ ᠨᠡᠮᠡᠭᠳᠡᠪᠡ᠂ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 20.8 % ᠪᠠᠷ | ᠨᠡᠮᠡᠭᠳᠡᠪᠡ᠂ ᠲᠡᠮᠦᠷᠯᠢᠭ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 6.7 % ᠪᠠᠷ ᠨᠡᠮᠡᠭᠳᠡᠪᠡ᠃ ᠵᠠᠪᠠᠯ ᠰᠣᠩᠭᠤᠬᠤ ᠠᠭᠤᠷᠬᠠᠢ ᠳᠤ ᠬᠡᠷᠡᠭᠯᠡᠬᠦ | ᠮᠧᠬᠠᠨᠢᠭᠴᠢᠯᠠᠭᠰᠠᠨ ᠬᠡᠰᠡᠭᠴᠢᠯᠡᠭᠰᠡᠨ ᠲᠡᠭᠡᠭᠡᠪᠦᠷᠢ ᠶᠢᠨ ᠮᠠᠰᠢᠨ ᠬᠥᠮᠦᠨ ᠵᠢᠴᠢ ᠳᠡᠯᠪᠡᠷᠡᠯᠲᠡ ᠶᠢ ᠰᠡᠷᠭᠡᠶᠢᠯᠡᠬᠦ ᠴᠠᠶᠢᠶ᠋ᠢᠦ ᠮᠠᠰᠢᠨ ᠤ ᠦᠢᠯᠡᠳᠪᠦᠷᠢᠯᠡᠯ᠂ ᠭᠦᠸᠧ ᠵᠢᠶᠠ | ᠡᠨᠧᠷᠭᠢ ᠶᠢᠨ ᠰᠤᠷᠪᠤᠯᠵᠢ ᠶᠢᠨ ᠡᠨᠧᠷᠭᠢ ᠠᠷᠪᠢᠯᠠᠬᠤ ᠰᠢᠰᠲ᠋ᠧᠮ ᠤᠨ ᠦᠢᠯᠡᠳᠬᠦᠨ ᠤ ᠦᠢᠯᠡᠳᠪᠦᠷᠢᠯᠡᠯ ᠵᠢᠴᠢ ᠰᠢᠨ᠎ᠡ ᠡᠨᠧᠷᠭᠢ ᠶᠢᠨ ᠰᠤᠷᠪᠤᠯᠵᠢ ᠶᠢ ᠰᠤᠳᠤᠯᠤᠨ | ᠨᠡᠭᠡᠭᠡᠬᠦ ᠵᠡᠷᠭᠡ 18 ᠲᠦᠷᠦᠯ ᠵᠦᠢᠯ ᠢ ᠣᠷᠣᠭᠤᠯᠵᠤ ᠠᠪᠴᠢᠷᠠᠬᠤ ᠪᠠᠷ ᠭᠡᠷ᠎ᠡ ᠲᠣᠭᠲᠠᠪᠠ᠃ ᠵᠦᠵᠸᠤ ᠶᠢᠨ ᠱᠢ ᠳ᠋ᠠᠢ ᠨᠠᠪᠴᠢᠨ ᠤ ᠢᠯᠲᠠᠰᠤ ᠶᠢᠨ ᠬᠤᠶᠠᠳᠤᠭᠠᠷ | ᠬᠤᠭᠤᠴᠠᠭ᠎ᠠ᠂ ᠱᠧᠩ ᠬᠤᠸᠠ ᠳ᠋ᠠ ᠤᠷᠢᠳᠴᠢᠯᠠᠨ ᠦᠶᠯᠡᠳᠦᠭᠰᠡᠨ ᠳᠤᠯᠠᠭᠠᠨ ᠬᠠᠳᠠᠭᠠᠯᠠᠬᠤ ᠬᠤᠭᠤᠯᠠᠶ᠂ ᠫᠯᠠᠰᠲ LED ᠳ᠋ᠧᠩ᠂ ᠵᠢᠦ ᠺᠧ ᠺᠠᠩ ᠷᠦᠢ ᠡᠨᠧᠷᠭᠢ | ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠠᠵᠤ ᠦᠶᠯᠡᠰ ᠤᠨ ᠬᠦᠷᠢᠶᠡᠯᠡᠩ ᠵᠡᠷᠭᠡ 6 ᠲᠥᠷᠥᠯ ᠵᠦᠶᠯ ᠢ ᠨᠢᠭᠡᠨᠲᠡ ᠪᠠᠶᠢᠭᠤᠯᠵᠤ ᠳᠠᠭᠤᠰᠬᠠᠭᠠᠳ ᠠᠰᠢᠭᠯᠠᠯᠲᠠ | ᠳᠤ ᠣᠷᠣᠭᠤᠯᠵᠤ᠂ ᠬᠤᠸᠠ ᠶᠠᠩ ᠤᠨ ᠨᠢᠮᠭᠡᠨ ᠪᠦᠷᠬᠦᠭᠦᠯᠲᠦ ᠨᠡᠷᠡᠨ ᠤ ᠡᠨᠧᠷᠭᠢ ᠶᠢᠨ ᠳ᠋ᠢᠶᠠᠨ ᡂᠢ ᠶᠢᠨ ᠬᠠᠪᠲᠠᠰᠤ᠂ ᠰᠢᠨ ᠾᠧᠩ ᠳ᠋ᠧ ᠤᠨ ᠡᠨᠧᠷᠭᠢ ᠠᠷᠪᠢᠯᠠᠵᠤ | ᠣᠷᠴᠢᠨ ᠠᠬᠤᠶ ᠶᠢ ᠬᠠᠮᠠᠭᠠᠯᠠᠬᠤ ᠲᠥᠬᠦᠭᠡᠷᠦᠮᠵᠢ ᠶᠢᠨ ᠦᠶᠯᠡᠳᠪᠦᠷᠢᠯᠡᠯ ᠵᠡᠷᠭᠡ 10 ᠲᠥᠷᠥᠯ ᠵᠦᠶᠯ ᠢ ᠶᠠᠭ ᠡᠮᠬᠢ ᠵᠢᠷᠤᠮ ᠲᠠᠢ ᠪᠠᠷ ᠠᠬᠢᠭᠤᠯᠵᠤ ᠪᠠᠶᠢᠨ᠎ᠠ᠃ | ᠪᠥᠬᠦ ᠵᠢᠯ ᠳᠤ ᠰᠠᠭᠤᠳᠠᠯ ᠤᠨ ᠮᠠᠰᠢᠨ ᠲᠡᠷᠭᠡ 38210 ᠰᠠᠥᠷᠢ᠂ ᠬᠥᠳᠡᠯᠭᠡᠭᠦᠷ ᠮᠠᠰᠢᠨ 28640 ᠰᠠᠥᠷᠢ᠂ ᠬᠤᠷᠳᠤᠴᠠ ᠥᠭᠡᠷᠡᠴᠢᠯᠡᠬᠦ ᠬᠠᠶᠢᠷᠴᠠᠭ 8969 | ᠬᠤᠪᠢ᠂ ᠭᠠᠷ ᠤᠲᠠᠰᠤᠨ ᠤ ᠳᠡᠯᠭᠡᠴᠡ 6559 ᠲᠦᠮᠡᠨ ᠭᠡᠰᠡᠭ᠂ ᠵᠥᠩ ᠴᠧ ᠰᠠᠯᠬᠢᠨ ᠬᠦᠴᠦᠨ ᠤ ᠮᠠᠰᠢᠨ ᠤ ᠪᠦᠬᠦᠯᠢ ᠮᠠᠰᠢᠨ ᠤ ᠥᠷᠥᠭᠡ 450᠂ ᠰᠠᠯᠬᠢᠨ | ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 80᠂ ᠵᠥᠩ ᠴᠧ ᠨᠠᠪᠴᠢᠨ ᠤ ᠢᠯᠲᠠᠰᠤ 1008 ᠶᠢ ᠦᠢᠯᠡᠳᠪᠤᠷᠢᠯᠡᠪᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠠᠶᠢᠳᠠᠯ ᠢ ᠰᠦᠷᠦᠨ ᠳᠡᠭᠡᠭᠰᠢᠯᠡᠪᠡ᠃ ᠪᠥᠬᠦ ᠲᠤᠭᠤᠷᠢᠭ ᠤᠨ ᠦᠶᠯᠡᠴᠢᠯᠡᠭᠡᠨ ᠤ ᠦᠶᠯᠡᠰ 459.11 | ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.9 % ᠨᠡᠮᠡᠭᠳᠡᠪᠡ᠃ ᠰᠣᠶᠣᠯ ᠵᠢᠭᠤᠯᠴᠢᠯᠠᠯ ᠤᠨ | ᠠᠵᠤ ᠦᠶᠯᠡᠰ ᠤᠨ ᠭᠦᠨᠵᠡᠭᠡᠶ ᠠᠭᠤᠰᠤᠯᠴᠠᠯ᠂ ᠬᠤᠤᠰ ᠴᠢᠭᠯᠡᠯ ᠢᠶᠠᠷ ᠴᠢᠳᠠᠪᠤᠷᠢ ᠤᠯᠭᠤᠬᠤ᠂ ᠪᠥᠬᠦ ᠲᠠᠯ᠎ᠠ ᠪᠠᠷ ᠳᠡᠭᠡᠭᠰᠢᠯᠡᠬᠦᠯᠬᠦ ᠶᠢ ᠠᠬᠢᠭᠤᠯᠵᠤ᠂ ᠬᠤᠪᠸᠢ ᠶᠢ | ᠲᠤᠰᠠᠯᠠᠭᠰᠠᠨ ᠡᠮᠴᠢᠯᠡᠭᠡᠨ ᠤ ᠠᠩᠭᠢ ᠶᠢᠨ ᠭᠡᠰᠢᠭᠦᠳ ᠲᠤ ᠬᠦᠨᠳᠦᠳᠬᠡᠯ ᠳᠡᠪᠰᠢᠭᠦᠯᠬᠦ ᠲᠤᠰᠬᠠᠶ ᠤᠷᠠᠨ ᠰᠠᠶᠢᠬᠠᠨ ᠤ ᠦᠳᠡᠰᠢᠯᠡᠭᠡ᠂ ᠰᠠᠷᠠᠨᠠᠢ ᠴᠡᠴᠡᠭ ᠤᠨ ᠰᠣᠶᠣᠯ | ᠵᠢᠭᠤᠯᠴᠢᠯᠠᠯ ᠤᠨ ᠨᠠᠶᠢᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ | ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠢ 93 ᠤᠳᠠᠭ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠤᠭᠠᠴᠠᠯ | ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠦᠬᠦ ᠵᠢᠯ ᠳᠤ ᠵᠢᠭᠤᠯᠴᠢᠯᠠᠭᠰᠠᠳ ᠢ 261.5 ᠲᠦᠮᠡᠨ ᠬᠥᠮᠦᠨ ᠤᠳᠠᠭ᠎ᠠ ᠬᠦᠯᠢᠶᠡᠨ | ᠠᠪᠴᠤ᠂ 69.63 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠠᠪᠴᠢᠷᠠᠪᠠ᠃ ︽ᠳ᠋ᠦᠩᠱᠧᠩ ᠲᠣᠭᠤᠷᠢᠭ ᠤᠨ ᠪᠠᠷᠠᠭᠠᠨ ᠤ ᠭᠦᠶᠯᠭᠡᠭᠡᠨ ᠤ | ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠳ᠋ᠦᠩᠱᠧᠩ ᠲᠣᠭᠤᠷᠢᠭ ᠤᠨ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠶᠯᠭᠡᠭᠡᠨ | ᠤ ᠠᠵᠤ ᠦᠶᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠪᠠᠷᠠᠭᠠᠨ ᠤ ᠭᠦᠶᠯᠭᠡᠭᠡᠨ ᠤ | ᠦᠶᠯᠡᠰ ᠤᠨ ᠲᠦᠪᠯᠡᠷᠡᠩᠭᠦᠢ ᠲᠦᠷᠭᠡᠨ ᠬᠥᠭᠵᠢᠬᠦ ᠶᠢ ᠠᠬᠢᠭᠤᠯᠪᠠ᠃ ᠨᠡᠭᠦᠳᠡᠯ ᠤᠨ ᠮᠠᠶ᠋ᠢᠭ ᠤᠨ ᠨᠠᠰᠤᠵᠢᠯ ᠤᠨ ᠠᠰᠠᠷᠠᠮᠵᠢ ᠪᠠ ᠡᠮᠴᠢᠯᠡᠭᠡ ᠰᠤᠪᠢᠯᠠᠯᠲᠠ ᠶᠢ | ᠤᠶᠠᠯᠳᠤᠭᠤᠯᠬᠤ ᠲᠤᠷᠰᠢᠯᠲᠠ ᠶᠢ ᠲᠦᠷᠭᠡᠪᠴᠢᠯᠡᠨ ᠬᠥᠭᠵᠢᠭᠦᠯᠵᠦ᠂ ᠭᠤᠸᠠᠩ ᠱᠠ ᠡᠮᠨᠡᠯᠭᠡ ᠶᠢᠨ ᠬᠤᠷᠢᠶᠠᠨ ᠤ ᠡᠮᠴᠢᠯᠡᠭᠡ ᠰᠤᠪᠢᠯᠠᠯᠲᠠ ᠶᠢᠨ ᠶᠡᠷᠦᠩᠬᠡᠶᠢᠯᠡᠭᠰᠡᠨ | ᠴᠤᠭᠴᠠᠲᠦ ᠨᠠᠰᠤᠵᠢᠯ ᠤᠨ ᠠᠰᠠᠷᠠᠮᠵᠢ᠂ ᠰᠢᠨ ᠬᠠᠢ ᠬᠤᠳᠠ ᠶᠢᠨ ᠠᠵᠤ ᠠᠬᠤᠶᠢᠯᠠᠯ ᠤᠨ ᠬᠤᠯᠪᠣᠭᠠᠯᠠᠨ ᠬᠦᠲᠡᠯᠦᠯᠴᠡᠬᠦ ᠲᠦᠭᠡᠮᠡᠯ ᠬᠠᠷᠠᠭᠠᠯᠵᠠᠯᠲᠤ ᠨᠠᠰᠤᠵᠢᠯ ᠤᠨ | ᠠᠰᠠᠷᠠᠮᠵᠢ ᠶᠢᠨ ᠵᠦᠢᠯᠡᠰ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 5 ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠢ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯᠭᠠᠨ ᠪᠠᠶᠢᠭᠤᠯᠵᠤ᠂ ᠦᠢᠯᠡᠴᠢᠯᠡᠭᠡᠨ ᠤ ᠦᠢᠯᠡᠰ ᠤᠨ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ | ᠲᠠᠰᠤᠷᠠᠯᠲᠠ ᠦᠭᠡᠢ ᠴᠢᠩᠭᠠᠷᠠᠭᠤᠯᠪᠠ᠃ | ︵ᠭᠤᠷᠪᠠ︶ ᠲᠣᠭᠲᠠᠴᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ | ᠠᠬᠢᠭᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠡᠭᠦᠰ ᠠᠮᠵᠢᠯᠲᠠ ᠲᠠᠢ ᠥᠨᠳᠥᠷᠯᠡᠪᠡ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ | ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ 31 ᠡᠷᠦᠬᠡ ᠶᠢᠨ 73 ᠶᠠᠳᠠᠭᠤ ᠬᠦᠴᠢᠷᠳᠡᠯᠲᠡᠶ ᠬᠥᠮᠦᠨ ᠠᠮᠠ ᠨᠢᠭᠡᠨᠲᠡ ᠪᠦᠬᠦᠨ ᠢᠶᠠᠷ ᠢᠶᠠᠨ ᠶᠠᠳᠠᠭᠤ | ᠠᠴᠠ ᠠᠩᠭᠢᠵᠢᠷᠠᠭᠰᠠᠨ ᠪᠥᠭᠡᠳ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠵᠦ᠂ ᠬᠥᠮᠦᠨ ᠳᠤᠮᠳᠠᠴᠢ ᠶᠢᠨ ᠴᠡᠪᠡᠷ ᠣᠷᠣᠯᠭ᠎ᠠ 31054 ᠲᠥᠭᠦᠷᠢᠭ ᠲᠤ | ᠬᠦᠷᠴᠡᠶ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠰᠤᠷᠭᠠᠭᠤᠯᠢ ᠳᠤ ᠪᠠᠶᠢᠭ᠎ᠠ 14 ᠶᠠᠳᠠᠭᠤ ᠬᠦᠴᠢᠷᠳᠡᠯᠲᠡᠶ | ᠰᠣᠷᠣᠭᠴᠢ ᠶᠢ ᠪᠦᠬᠦᠨ ᠢ ᠰᠤᠷᠭᠠᠨ ᠬᠥᠮᠦᠵᠢᠯ ᠢᠶᠠᠷ ᠲᠤᠰᠠᠯᠠᠬᠤ ᠬᠡᠪᠴᠢᠶᠡᠨ ᠳᠤ ᠤᠷᠤᠭᠤᠯᠪᠠ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ︽ᠨᠢᠭᠡ ᠥᠷᠲᠡᠭᠡ | ᠮᠠᠶ᠋ᠢᠭ︾ ᠤᠨ ᠳ᠋ᠦᠩᠨᠡᠨ ᠪᠤᠳᠤᠬᠤ ᠦᠶᠯᠡᠴᠢᠯᠡᠭᠡᠨ ᠤ ᠰᠢᠰᠲ᠋ᠧᠮ ᠳᠤ ᠨᠡᠶᠢᠲᠡ 110 ᠬᠥᠮᠦᠨ ᠤᠳᠠᠭ᠎ᠠ ᠨᠥᠬᠦᠪᠥᠷᠢᠯᠡᠵᠦ᠂ ᠲᠠᠩᠰᠠ ᠲᠠᠶᠢᠯᠬᠤ ᠬᠠᠷᠢᠴᠠᠯ 87 % | ᠳᠤ ᠬᠥᠷᠪᠡ᠃ ᠬᠥᠲᠥᠴᠢ ᠠᠵᠤ ᠠᠬᠤᠶᠢᠯᠠᠯ ᠬᠢᠭᠡᠳ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢᠨ ᠬᠤᠯᠪᠤᠭᠠᠲᠦ ᠲᠤᠭᠲᠠᠴᠠ ᠶᠢᠨ ᠰᠢᠨ᠎ᠡ ᠶᠢ | ᠡᠭᠦᠳᠴᠦ᠂ ︽ᠠᠵᠤ ᠠᠬᠤᠶᠢᠯᠠᠯ + ᠨᠠᠮ ᠤᠨ ᠡᠭᠦᠷ + ᠬᠤᠷᠰᠢᠶᠠᠵᠢᠯ + ᠶᠠᠳᠠᠭᠤ ᠬᠦᠴᠢᠷᠳᠡᠯᠲᠡᠶ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠪᠥᠬᠦ ᠲᠠᠯ᠎ᠠ | ᠪᠠᠷ ᠬᠡᠷᠡᠭᠵᠢᠭᠦᠯᠵᠦ᠂ ᠭᠠᠵᠠᠷ ᠰᠢᠷᠣᠶ ᠶᠢ ᠰᠢᠯᠵᠢᠭᠦᠯᠬᠦ᠂ ᠣᠷᠣᠯᠠᠨ ᠲᠡᠵᠢᠭᠡᠵᠦ ᠣᠷᠣᠯᠠᠨ ᠬᠤᠳᠠᠯᠳᠤᠨ ᠠᠪᠴᠤ ᠣᠷᠣᠯᠠᠨ ᠪᠣᠷᠣᠯᠠᠭᠤᠯᠬᠤ᠂ ᠣᠷᠣᠯᠠᠨ ᠳᠠᠷᠢᠵᠤ | ᠳᠠᠭᠠᠭᠠᠴᠢᠯᠠᠨ ᠪᠣᠷᠣᠯᠠᠭᠤᠯᠬᠤ᠂ ᠬᠤᠪᠢ ᠣᠷᠣᠵᠤ ᠠᠰᠢᠭ ᠬᠤᠪᠢᠶᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢᠨ | ᠳᠤᠮᠳᠠᠴᠢ ᠣᠷᠣᠯᠭ᠎ᠠ ᠶᠢ 1300 ᠲᠥᠭᠦᠷᠢᠭ ᠨᠡᠮᠡᠭᠳᠡᠭᠦᠯᠪᠡ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠶᠡᠬᠡᠪᠡᠷ ᠠᠬᠢᠭᠤᠯᠵᠤ᠂ ︽ᠭᠤᠷᠪᠠᠨ ᠲᠤᠰᠬᠠᠶ ᠨᠢᠭᠡ | ᠲᠠᠪᠴᠠᠩ︾ ᠢ ᠪᠠᠶᠢᠭᠤᠯᠵᠤ᠂ ᠲᠤᠰᠬᠠᠶ ᠲᠣᠭᠤᠷᠢᠭ᠂ ᠲᠤᠰᠬᠠᠶ ᠯᠠᠩᠭᠦᠶ᠂ ᠲᠤᠰᠬᠠᠶ ᠣᠷᠳᠣᠨ ᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠤ ᠪᠣᠷᠣᠯᠠᠭᠤᠯᠭ᠎ᠠ ᠶᠢᠨ | ᠨᠣᠷᠮ᠎ᠠ 103.8 ᠲᠦᠮᠡᠨ ᠲᠥᠭᠦᠷᠢᠭ ᠲᠤ ᠬᠥᠷᠪᠡ᠃ ᠠᠵᠤ ᠠᠬᠤᠶᠢᠯᠠᠯ ᠪᠠ ᠣᠷᠣᠨ ᠨᠤᠲᠤᠭ ᠤᠨ ᠵᠠᠰᠠᠭ ᠤᠨ ᠤᠷᠳᠤᠨ ᠬᠦᠴᠦ ᠪᠠᠨ ᠬᠠᠮᠲᠤᠳᠬᠠᠨ ᠬᠡᠷᠡᠭᠯᠡᠭᠡ | ᠪᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠥᠷᠥᠯ ᠤᠨ ᠬᠤᠳᠠᠯᠳᠤᠨ ᠠᠪᠬᠤ ᠪᠠ ᠪᠣᠷᠣᠯᠠᠭᠤᠯᠬᠤ ᠬᠡᠯᠡᠯᠴᠡᠭᠡᠷ ᠢ ᠨᠡᠶᠢᠲᠡ 100 | ᠬᠤᠪᠢ ᠲᠣᠭᠲᠠᠭᠠᠵᠤ᠂ ᠬᠡᠯᠡᠯᠴᠡᠭᠡᠷ ᠤᠨ ᠵᠣᠭᠤᠰ ᠤᠨ ᠲᠤᠭ᠎ᠠ ᠨᠢ 1.23 ᠳ᠋ᠦᠩᠰᠢᠭᠤᠷ ᠲᠥᠭᠦᠷᠢᠭ ᠲᠤ ᠬᠦᠷᠴᠦ᠂ ᠤᠷᠲᠤ ᠬᠤᠭᠤᠴᠠᠭᠠᠨ ᠤ ᠪᠦᠳᠦᠭᠦᠪᠴᠢ | ᠬᠡᠯᠡᠯᠴᠡᠭᠡᠷ 92 ᠢ ᠲᠤᠭᠳᠠᠭᠠᠵᠦ᠂ ᠬᠡᠯᠡᠯᠴᠡᠭᠡᠷ ᠤᠨ ᠵᠣᠭᠤᠰ ᠤᠨ ᠲᠤᠭ᠎ᠠ ᠨᠢ 1.37 ᠳ᠋ᠦᠩᠰᠢᠭᠤᠷ ᠲᠥᠭᠦᠷᠢᠭ ᠪᠣᠯᠤᠨ᠎ᠠ᠃ 13 ᠶᠠᠳᠠᠭᠤ ᠬᠦᠴᠢᠷᠳᠡᠯᠲᠡᠶ ᠡᠷᠦᠬᠡ | ᠳᠤ 42.5 ᠲᠦᠮᠡᠨ ᠲᠥᠭᠦᠷᠢᠭ ᠤᠨ ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠲᠠᠯᠪᠢᠵᠤ᠂ ᠵᠢᠭᠡᠯᠡᠪᠡᠰᠦ | ᠵᠣᠬᠢᠬᠤ ᠵᠢᠭᠡᠯᠡᠯᠭᠡ ᠶᠢ ᠪᠦᠬᠦᠨ ᠢ ᠦᠭᠬᠦ ᠶᠢ ᠪᠡᠶᠡᠯᠡᠭᠦᠯᠪᠡ᠃ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠪᠡ᠃ ᠥᠷᠢ ᠥᠭᠴᠡᠭᠡ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠬᠢᠷᠠᠭᠤᠯᠬᠤ᠂ ᠣᠯᠠᠨ ᠲᠠᠯᠠᠲᠤ ᠥᠷᠢ ᠥᠭᠴᠡᠭᠡ ᠶᠢ ᠠᠷᠢᠯᠭᠠᠬᠤ᠂ | ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠢ ᠥᠭᠴᠡᠭᠡ ᠶᠢ ᠢᠯᠭᠠᠷᠠᠭᠤᠯᠬᠤ᠂ ᠪᠦᠬᠦ ᠵᠢᠯ ᠳᠤ ᠳᠠᠯᠳᠠ ᠥᠷᠢ ᠥᠭᠴᠡᠭᠡ | ᠶᠢ 38.2 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠪᠦᠬᠦ ᠵᠢᠯ ᠤᠨ ᠥᠷᠢ ᠥᠭᠴᠡᠭᠡ ᠶᠢ ᠢᠯᠭᠠᠷᠠᠭᠤᠯᠬᠤ ᠬᠠᠷᠠᠯᠲᠠ ᠶᠢᠨ 100.5 % ᠶᠢ ᠪᠡᠶᠡᠯᠡᠭᠦᠯᠪᠡ᠃ | ᠮᠥᠩᠭᠦᠨ ᠭᠦᠶᠯᠭᠡᠭᠡᠨ ᠤ ᠠᠷᠭ᠎ᠠ ᠪᠠᠷᠢᠯ ᠢ ᠠᠰᠢᠭᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 7 ᠳ᠋ᠦᠩᠰᠢᠭᠤᠷ ᠲᠥᠭᠦᠷᠢᠭ ᠤᠨ ᠳᠠᠩᠰᠠᠨ ᠵᠤᠭᠤᠰ ᠢ | ᠠᠪᠴᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠵᠢᠭᠤᠷᠠᠯᠳᠤᠭᠠᠨ ᠥᠬᠡᠶ ᠲᠠᠩᠰᠠᠨ ᠳᠠᠬᠢ ᠵᠣᠭᠤᠰ ᠢ 22.6 | ᠳ᠋ᠦᠩᠰᠢᠭᠤᠷ ᠲᠥᠭᠦᠷᠢᠭ ᠳᠥᠯᠥᠵᠦ ᠳᠠᠭᠤᠰᠬᠠᠨ᠂ 7.6 ᠳ᠋ᠦᠩᠰᠢᠭᠤᠷ ᠲᠥᠭᠦᠷᠢᠭ ᠤᠨ ᠠᠪᠴᠠᠭ᠎ᠠ ᠶᠢ ᠢᠯᠭᠠᠷᠠᠭᠤᠯᠤᠨ ᠬᠤᠷᠢᠶᠠᠪᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠵᠢᠭᠡᠯᠡᠯᠭᠡ ᠶᠢᠨ ᠡᠬᠡ ᠬᠦᠦ ᠮᠦᠩᠭᠦ ᠶᠢ 17.2 ᠳ᠋ᠦᠩᠰᠢᠭᠤᠷ ᠲᠥᠭᠦᠷᠢᠭ ᠲᠥᠯᠥᠵᠦ᠂ 7 ᠬᠤᠪᠢ ᠵᠢᠭᠡᠯᠡᠯᠭᠡ ᠶᠢᠨ ᠬᠤᠭᠤᠴᠠᠭ᠎ᠠ ᠶᠢ | ᠤᠷᠲᠤᠳᠬᠠᠭᠰᠠᠨ᠂ ᠵᠣᠭᠤᠰ ᠤᠨ ᠲᠤᠭ᠎ᠠ ᠨᠢ 31.53 ᠳ᠋ᠦᠩᠰᠢᠭᠤᠷ ᠲᠥᠭᠦᠷᠢᠭ᠂ 28 ᠬᠤᠪᠢ ᠵᠢᠭᠡᠯᠡᠯᠭᠡ ᠶᠢᠨ ᠬᠦᠦ ᠮᠥᠩᠭᠦ ᠶᠢ ᠪᠠᠭᠤᠷᠠᠭᠤᠯᠤᠭᠰᠠᠨ᠂ | ᠬᠤᠭᠤᠴᠠᠭ᠎ᠠ ᠬᠡᠲᠦᠷᠡᠭᠰᠡᠨ ᠵᠢᠭᠡᠯᠡᠯᠭᠡ ᠶᠢ ᠨᠢᠭᠡᠨᠲᠡ ᠦᠨᠳᠦᠰᠦᠨ ᠳᠡᠭᠡᠨ ᠢᠯᠭᠠᠷᠠᠭᠤᠯᠪᠠ᠃ ᠤᠯᠤᠰ ᠤᠨ ᠪᠠᠶᠢᠭᠤᠯᠤᠯᠳᠤ ᠰᠢᠶᠠᠨ ︵ᠲᠣᠭᠤᠷᠢᠭ︶ ᠤ ᠳᠠᠯᠳᠠ | ᠥᠭᠴᠡᠭᠡᠨ ᠤ ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ | ᠲᠡᠮᠳᠡᠭᠲᠦ ᠶᠢᠨ ᠪᠠᠯᠠ ᠮᠥᠩᠭᠦ ᠶᠢ 31..5 ᠳ᠋ᠦᠩᠰᠢᠭᠤᠷ ᠲᠥᠭᠦᠷᠢᠭ ᠤᠯᠬᠤ ᠪᠠᠷ ᠴᠢᠷᠮᠠᠶᠢᠵᠤ᠂ ᠰᠢᠰᠲ᠋ᠧᠮ ᠤᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ | ᠥᠯᠥ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠪᠠ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠬᠤ ᠵᠢᠴᠢ ︽ᠡᠷᠬᠢᠨ ᠬᠠᠷᠠᠬᠤ︾ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ | 2020 ᠣᠨ ᠳᠤ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠥᠭᠴᠦ ᠭᠦᠢᠴᠡᠳᠬᠡᠭᠦᠯᠦᠭᠰᠡᠨ 15 ᠡᠬᠡᠯᠵᠢ ᠶᠢᠨ 35 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ | ᠬᠠᠰᠤᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ︽10 + 1︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠠᠭᠠᠷ ᠮᠠᠨᠳᠠᠯ ᠤᠨ ᠴᠢᠨᠠᠷ ᠰᠢᠯᠢᠳᠡᠭ ᠰᠠᠶᠢᠨ ᠡᠳᠦᠷ ᠨᠢ 331 ᠡᠳᠦᠷ ᠲᠤ ᠬᠦᠷᠴᠦ᠂ ᠰᠢᠯᠢᠳᠡᠭ ᠰᠠᠶᠢᠨ ᠨᠣᠷᠮ᠎ᠠ 90.4 % ᠳᠤ ᠬᠥᠷᠪᠡ᠃ 1400 | ᠾᠧᠺᠲ᠋ᠠᠷ ᠠᠭᠤᠷᠬᠠᠶ ᠶᠢ ᠰᠡᠷᠭᠦᠭᠡᠨ ᠨᠤᠭᠤᠭᠠᠷᠠᠭᠤᠯᠵᠤ᠂ ᠶᠦᠩ ᠾᠧᠩ ᠬᠤᠸᠠ᠂ ᠱᠧᠩ ᠰᠢᠨ ᠵᠡᠷᠭᠡ 3 ᠨᠡᠭᠦᠷᠡᠰᠦᠨ ᠠᠭᠤᠷᠬᠠᠶ ᠶᠢ ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠦᠯᠵᠦ᠂ 21 ᠨᠡᠭᠦᠷᠡᠰᠦᠨ ᠠᠭᠤᠷᠬᠠᠶ ᠶᠢ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠪᠡ᠃ ᠬᠤᠶᠢᠲᠤ ᠲᠡᠭᠦᠷᠭᠡ ᠶᠢᠨ | ᠢᠯᠴᠢ ᠴᠠᠬᠢᠯᠭᠠᠨ ᠵᠡᠷᠭᠡ 4 ᠦᠨᠡᠰᠦ ᠰᠢᠭᠠᠷᠤ ᠶᠢᠨ ᠲᠠᠯᠠᠪᠠᠢ᠂ 1 ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ᠂ 1 ᠪᠠᠷᠢᠯᠭ᠎ᠠ ᠶᠢᠨ ᠬᠤᠭ ᠨᠣᠪᠰᠢ | ᠶᠢ ᠠᠷᠢᠯᠭᠠᠬᠤ ᠲᠠᠯᠠᠪᠠᠢ ᠪᠠ 2 ᠨᠡᠭᠦᠷᠡᠰᠦᠨ ᠠᠭᠤᠷᠬᠠᠢ ᠶᠢᠨ ᠳᠤᠮᠳᠠᠬᠢ ᠤᠰᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠠᠰᠢᠭᠯᠠᠯᠲᠠ ᠳᠤ ᠤᠷᠤᠭᠤᠯᠤᠨ᠂ | ᠰᠠᠶᠢᠨ ᠲᠠᠶᠢᠵᠢ ᠶᠢᠨ ᠤᠰᠤᠨ ᠤ ᠣᠷᠴᠢᠨ ᠢ ᠴᠡᠭᠴᠡᠯᠡᠨ ᠵᠠᠰᠠᠬᠤ ᠢᠨᠵᠧᠨᠧᠷᠢᠩ᠂ ᠵᠢᠦ ᠺᠧ ᠣᠷᠴᠢᠨ ᠲᠣᠭᠤᠷᠢᠨ ᠤ ᠬᠠᠮᠠᠭᠠᠯᠠᠯᠲᠠ᠂ ᠵᠠᠪᠰᠠᠷ ᠤᠨ ᠤᠰᠤᠨ ᠤ | ᠪᠠᠷᠢᠮᠵᠢᠶ᠎ᠠ ᠶᠢ ᠳᠡᠭᠡᠭᠰᠢᠯᠡᠭᠦᠯᠦᠨ ᠠᠰᠢᠭᠯᠠᠬᠤ ᠢᠨᠵᠧᠨᠧᠷᠢᠩ᠂ ᠬᠠᠨᠲᠠᠢ ᠪᠠ ᠡᠮᠦᠨ᠎ᠡ ᠲᠡᠭᠦᠷᠭᠡ ᠶᠢᠨ ᠤᠰᠤᠨ ᠤ ᠴᠢᠨᠠᠷ ᠴᠢᠨᠰᠠᠭ᠎ᠠ ᠶᠢ ᠴᠡᠪᠡᠷᠰᠢᠭᠦᠯᠬᠦ ᠦᠢᠯᠡᠳᠪᠦᠷᠢ | ᠶᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ | ︵ᠳᠥᠷᠪᠡ︶ ᠥᠭᠡᠷᠡᠴᠢᠯᠡᠯᠲᠡ ᠶᠢ ᠴᠢᠩᠭᠠᠳᠬᠠᠬᠤ ᠪᠠ ᠡᠨᠧᠷᠭᠢ ᠶᠢ ᠨᠦᠬᠡᠴᠡᠯᠡᠬᠦ ᠶᠢ ᠪᠠᠷᠢᠮᠳᠠᠯᠠᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠦᠷᠭᠦᠯᠵᠢᠯᠡᠨ ᠠᠭᠤᠳᠠᠯᠯᠠᠪᠠ᠃ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠪᠡ᠃ ︽ᠪᠥᠬᠦ ᠶᠠᠪᠤᠴᠠ ᠶᠢ ᠡᠯᠧᠺᠲᠷᠣᠨᠵᠢᠭᠦᠯᠬᠦ | ︾᠂ ︽ᠭᠡᠷᠡᠴᠢ ᠦᠨᠡᠮᠯᠡᠯ ᠢ ᠰᠠᠯᠭᠠᠬᠤ︾᠂ | ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠬᠦᠰᠬᠡᠨ ᠪᠠᠶᠢᠭᠤᠯᠵᠤ | ᠳᠡᠩᠰᠡᠯᠡᠨ ᠲᠡᠮᠳᠡᠭᠯᠡᠭᠦᠯᠬᠦ ᠶᠢ ᠭᠦᠶᠴᠡᠳᠬᠡᠬᠦ ᠭᠤᠭᠴᠤᠭ᠎ᠠ ᠶᠢ 1 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠤᠭᠤᠨᠢᠰᠬᠠᠬᠤ᠂ ᠪᠠᠩᠬᠢ ᠶᠢᠨ ᠲᠣᠤᠷ ᠴᠡᠭ ᠲᠤ | ᠡᠵᠡᠩᠨᠡᠯᠲᠡ ᠶᠢᠨ ᠦᠨᠡᠮᠯᠡᠯ ᠢ ᠥᠪᠡᠰᠦᠪᠡᠨ ᠳᠠᠷᠤᠮᠠᠯᠯᠠᠬᠤ ᠦᠶᠯᠡᠴᠢᠯᠡᠭᠡ ᠶᠢ ᠤᠷᠢᠳᠠᠪᠠᠷ ᠡᠬᠢᠯᠡᠭᠦᠯᠪᠡ᠃ ︽ᠨᠢᠭᠡ ᠡᠵᠡᠩᠨᠡᠯᠲᠡ ᠶᠢᠨ ᠦᠨᠡᠮᠯᠡᠯ ᠢᠶᠠᠷ ᠤᠯᠠᠨ ᠭᠠᠵᠠᠷ | ᠡᠵᠡᠩᠨᠡᠯᠳᠡ ᠬᠢᠯᠬᠡᠬᠦ︾ ᠶᠢ ᠳᠠᠩᠰᠠᠯᠠᠨ ᠲᠡᠮᠳᠡᠭᠯᠡᠬᠦ ᠪᠠ ᠬᠦᠴᠦᠨ ᠥᠬᠡᠶ ᠪᠣᠯᠭᠠᠬᠤ ᠶᠢ ᠳᠥᠭᠦᠮᠴᠢᠯᠡᠬᠦ ᠥᠭᠡᠷᠡᠴᠢᠯᠡᠯᠲᠡ ᠶᠢ ᠰᠦᠪᠡᠭᠴᠢᠯᠡᠵᠦ᠂ 2068 ᠠᠵᠤ | ᠠᠬᠤᠶᠢᠯᠠᠯ ᠢ ᠳᠥᠭᠦᠮ ᠢᠶᠠᠷ ᠬᠦᠴᠦᠨ ᠥᠬᠡᠶ ᠪᠣᠯᠭᠠᠵᠤ᠂ ᠬᠦᠴᠦᠨ ᠥᠬᠡᠶ ᠪᠣᠯᠭᠠᠭᠰᠠᠨ ᠠᠵᠤ ᠠᠬᠤᠶᠢᠯᠠᠯ ᠤᠨ ᠶᠡᠷᠦᠩᠬᠡᠶ ᠲᠤᠭ᠎ᠠ ᠶᠢᠨ 52 % ᠠᠴᠠ | ᠳᠡᠭᠡᠭᠰᠢᠬᠢ ᠶᠢ ᠡᠵᠡᠯᠡᠪᠡ᠃ ᠱᠠᠳᠤ ᠬᠤᠪᠢᠶᠠᠨ ᠬᠠᠮᠲᠤᠷᠠᠨ ᠬᠢᠨᠠᠨ ᠵᠥᠪᠰᠢᠶᠡᠷᠡᠬᠦ ᠲᠣᠭᠲᠠᠴᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠢᠨᠠᠨ ᠵᠥᠪᠰᠢᠶᠡᠷᠡᠬᠦ | ᠵᠦᠢᠯᠡᠰ ᠢ 56 ᠵᠦᠢᠯ ᠪᠣᠯᠭᠠᠨ ᠴᠣᠮᠬᠠᠳᠬᠠᠵᠤ᠂ ᠪᠦᠳᠦᠭᠡᠨ ᠪᠠᠶᠢᠭᠤᠯᠬᠤ ᠨᠢᠭᠡᠴᠢ ᠶᠢᠨ ᠲᠤᠰᠢᠶᠠᠭᠰᠠᠨ ᠮᠠᠲ᠋ᠧᠷᠢᠶᠠᠯ ᠢ 150 ᠭᠠᠷᠤᠢ ᠵᠦᠢᠯ ᠪᠣᠯᠭᠠᠨ | ᠴᠣᠮᠬᠠᠳᠬᠠᠪᠠ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶ ᠠᠬᠢᠭᠤᠯᠵᠤ᠂ ᠬᠤᠲᠠ ᠶᠢᠨ ᠠᠷᠠᠳ ᠤᠨ ᠲᠥᠪ ᠲᠤ | ᠣᠷᠣᠵᠤ ᠰᠠᠭᠤᠷᠢᠰᠢᠭᠰᠠᠨ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ 921 ᠲᠦᠷᠦᠯ ᠳᠤ ᠬᠦᠷᠦᠬᠦᠯᠪᠡ᠃ ᠬᠢᠨᠠᠨ ᠵᠥᠪᠰᠢᠶᠡᠷᠡᠬᠦ ᠵᠦᠶᠯᠡᠰ ᠢ ︽ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾ ᠪᠠ ᠲᠤᠰᠬᠠᠶ ᠣᠷᠣᠨ ᠪᠦᠰᠡ ᠶᠢᠨ ᠵᠦᠶᠯᠡᠰ ᠢ ︽ᠵᠥᠷᠢᠶ᠎ᠡ ᠥᠬᠡᠶ ᠭᠦᠶᠴᠡᠳᠬᠡᠬᠦ︾ ᠶᠢ ᠪᠥᠬᠦ ᠲᠠᠯ᠎ᠠ ᠪᠠᠷ | ᠬᠡᠷᠡᠭᠵᠢᠬᠦᠯᠦᠨ᠂ 518 ᠵᠦᠶᠯ ᠤᠨ ᠦᠶᠯᠡᠴᠢᠯᠡᠭᠡᠨ ᠤ ᠵᠦᠶᠯᠡᠰ ᠢ ︽ᠨᠢᠬᠡᠯᠡ ᠳᠡᠭᠡᠷ᠎ᠡ ᠬᠦᠢᠴᠡᠳᠬᠡᠬᠦ︾ ᠶᠢ ᠪᠡᠶᠡᠯᠡᠭᠦᠯᠵᠦ᠂ 386 ᠵᠦᠶᠯ ᠤᠨ ᠦᠶᠯᠡᠴᠢᠯᠡᠭᠡᠨ ᠤ | ᠵᠦᠶᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠪᠡᠶᠡᠯᠡᠭᠦᠯᠪᠡ᠃ ︽ᠬᠤᠣᠰ ᠠᠮᠠᠷᠠᠯᠲᠠ ᠶᠢᠨ ᠡᠳᠦᠷ ᠤᠨ ᠪᠣᠯᠵᠤᠭ᠎ᠠ︾᠂ ︽ᠭᠡᠷ ᠲᠤᠨᠢ ᠬᠦᠷᠴᠦ ᠭᠠᠷ | ᠤᠨ ᠦᠰᠦᠭ ᠵᠢᠷᠤᠵᠤ ᠵᠥᠪᠰᠢᠶᠡᠷᠡᠬᠦ︾᠂ ︽ᠰᠦᠢᠳᠬᠡᠯ ᠬᠤᠷᠢᠶᠠᠬᠤ ᠦᠭᠡᠢ ᠪᠠᠷ ᠰᠢᠦᠳᠠᠨ ᠢᠶᠠᠷ ᠢᠯᠡᠭᠡᠬᠦ︾ ᠵᠡᠷᠭᠡ ᠪᠠᠷᠢᠮᠵᠢᠶᠠᠵᠢᠭᠰᠠᠨ ᠦᠢᠯᠡᠴᠢᠯᠡᠭᠡᠨ ᠤ | ᠠᠷᠭ᠎ᠠ ᠬᠡᠮᠵᠢᠶ᠎ᠡ ᠶᠢ ᠳᠡᠯᠭᠡᠷᠡᠭᠦᠯᠦᠨ ᠬᠡᠷᠡᠭᠵᠢᠭᠦᠯᠵᠦ᠂ ᠬᠤᠲᠠ ᠶᠢᠨ ᠠᠷᠠᠳ ᠤᠨ ᠲᠥᠪ ᠢ ᠤᠯᠤᠰ ᠤᠨ ᠲᠡᠰ ᠤᠨ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ | ᠶᠢᠨ ᠦᠢᠯᠡᠴᠢᠯᠡᠭᠡᠨ ᠤ ᠪᠠᠷᠢᠮᠵᠢᠶᠠᠵᠢᠭᠰᠠᠨ ᠲᠤᠷᠰᠢᠯᠲᠠ ᠶᠢᠨ ᠴᠢᠭ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ | ᠳᠥᠭᠦᠮ ᠳᠥᠲᠡ ᠪᠣᠯᠭᠠᠪᠠ᠃ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠬᠦᠭᠵᠢᠬᠦᠯᠬᠦ︾ ᠠᠵᠢᠯᠯᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠤᠨ | ᠰᠢᠨ᠎ᠡ ᠶᠢ ᠡᠭᠦᠳᠬᠦ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ 2020 ᠣᠨ ᠤ ᠤᠯᠤᠰ ᠤᠨ ᠲᠠᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠬᠦᠪᠦᠷᠡᠭᠦᠯᠦᠭᠴᠢ ᠪᠣᠯᠪᠠ᠃ ᠰᠢᠨ᠎ᠡ ᠨᠢᠭᠡ ᠡᠭᠡᠯᠵᠢ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠡᠬᠢᠯᠡᠭᠦᠯᠵᠦ᠂ ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ | ᠲᠥᠰᠦᠯ︾ ᠢ ᠲᠣᠭᠲᠠᠭᠠᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠤ ᠶᠠᠪᠤᠳᠠᠯ ᠤᠨ ᠳᠦᠷᠢᠮ᠂ ᠴᠠᠯᠢᠩ ᠬᠥᠯᠥᠰᠥ ᠶᠢᠨ ᠬᠠᠮᠢᠶᠠᠷᠤᠯᠲᠠ | ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠲᠣᠭᠤᠷᠢᠨ ᠳᠤ᠂ ᠠᠯᠢ ᠣᠯᠠᠨ ᠲᠥᠷᠦ ᠶᠢᠨ ᠪᠣᠳᠣᠯᠭ᠎ᠠ ᠳᠦᠷᠢᠮ ᠲᠤᠭᠳᠠᠭᠠᠯ ᠢ | ᠲᠥᠬᠦᠷᠵᠢᠭᠦᠯᠦᠨ ᠲᠣᠭᠲᠠᠭᠠᠵᠤ᠂ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ 1215 ᠲᠦᠮᠡᠨ ᠲᠥᠭᠦᠷᠢᠭ | ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠳᠤ 3.2 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ | ᠪᠡᠶᠡᠯᠡᠭᠦᠯᠬᠦ ᠶᠢ ᠠᠬᠢᠭᠤᠯᠪᠠ᠃ ︽ᠳ᠋ᠦᠩᠱᠧᠩ ᠲᠣᠭᠤᠷᠢᠭ ᠤᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯ | ᠢ ᠰᠢᠯᠭᠠᠨ ᠬᠢᠨᠠᠵᠤ ᠦᠨᠡᠯᠡᠬᠦ ᠠᠷᠭ᠎ᠠ︾ ᠪᠠ ︽ᠳ᠋ᠦᠩᠱᠧᠩ ᠲᠣᠭᠤᠷᠢᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ | ᠳᠡᠭᠡᠭᠰᠢᠯᠡᠭᠦᠯᠬᠦ ᠶᠢ ᠰᠢᠯᠭᠠᠨ ᠬᠢᠨᠠᠵᠤ ᠦᠨᠡᠯᠡᠬᠦ ᠭᠦᠶᠴᠡᠳᠬᠡᠯ ᠲᠤᠭ᠎ᠠ ᠶᠢᠨ ᠰᠢᠰᠲ᠋ᠧᠮᠵᠢ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠣᠯᠠᠨ ᠵᠦᠶᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠳᠠᠬᠢ ᠲᠦᠪᠡᠭᠲᠡᠶ ᠠᠰᠠᠭᠤᠳᠠᠯ ᠬᠦᠴᠢᠷ ᠠᠰᠠᠭᠤᠳᠠᠯ ᠢ ᠰᠢᠶᠳᠪᠦᠷᠢᠯᠡᠵᠦ᠂ | ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠨ᠂ 27 ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠤᠳᠠᠯᠳᠤᠭ᠎ᠠ ᠡᠵᠡᠩᠨᠡᠯᠳᠡ ᠶᠢᠨ | ᠣᠷᠴᠢᠨ ᠨᠥᠬᠦᠴᠡᠯ ᠢ ᠦᠨᠡᠯᠡᠨ ᠵᠠᠳᠠᠯᠬᠤ ᠠᠵᠢᠯᠯᠠᠭ᠎ᠠ ᠥᠷᠨᠢᠭᠦᠯᠵᠦ᠂ 2020 ᠣᠨ ᠤ ᠳᠡᠯᠡᠬᠡᠶ ᠶᠢᠨ ᠬᠠᠨᠳᠤᠰᠢ ᠶᠢᠨ ︽ᠣᠨ ᠤ ᠬᠤᠳᠠᠯᠳᠤᠭ᠎ᠠ | ᠡᠵᠡᠩᠨᠡᠯᠳᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠱᠠᠩᠨᠠᠯ︾ ᠢ ᠭᠥᠷᠳᠡᠪᠡ᠃ | ︵ᠲᠠᠪᠤ︶ ᠵᠠᠰᠠᠯᠲᠠ ᠶᠢ ᠠᠳᠬᠤᠵᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠳ᠋ᠦᠩᠱᠧᠩ ᠤᠨ ᠰᠢᠨ᠎ᠡ ᠳᠦᠷᠢ | ᠲᠥᠷᠬᠦ ᠶᠢ ᠢᠯᠡᠷᠡᠬᠦᠯᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠨᠵᠡᠭᠡᠶᠢᠷᠡᠬᠦᠯᠪᠡ᠃ 1 ᠲᠣᠭᠤᠷᠢᠭ ᠤᠨ ᠲᠠᠰ ᠤᠨ ᠲᠠᠷᠢᠶᠠᠴᠢᠳ ᠤᠨ ᠬᠤᠷᠰᠢᠶ᠎ᠠ ᠶᠢᠨ ᠵᠢᠱᠢᠶ᠎ᠡ | ᠦᠵᠡᠭᠦᠯᠬᠦ ᠬᠤᠷᠰᠢᠶ᠎ᠠ ᠶᠢ ᠰᠢᠨ᠎ᠡ ᠪᠠᠷ ᠪᠠᠶᠢᠭᠤᠯᠵᠤ᠂ 27 ᠲᠣᠰᠬᠤᠨ ᠪᠦᠬᠦᠨ ᠢᠶᠠᠷ ᠢᠶᠠᠨ ᠡᠳ᠋ ᠬᠥᠷᠥᠩᠭᠡ ᠪᠠᠨ ᠪᠠᠶᠢᠴᠠᠭᠠᠨ ᠬᠠᠷᠭᠤᠭᠤᠯᠬᠤ ᠪᠠ ᠪᠦᠷᠢᠯᠳᠦᠬᠦᠨ ᠤ | ᠬᠢᠷᠢ ᠬᠡᠮ ᠢᠶᠠᠨ ᠨᠤᠲᠠᠯᠠᠨ ᠲᠣᠭᠲᠠᠭᠠᠬᠤ ᠶᠢ ᠪᠡᠶᠡᠯᠡᠭᠦᠯᠵᠦ᠂ ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠶᠢ ᠪᠠᠶᠢᠭᠤᠯᠵᠤ᠂ | ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠲᠣᠰᠬᠤᠨ ᠤ ᠬᠠᠮᠲᠤ | ᠶᠢᠨ ᠠᠵᠤ ᠠᠬᠤᠶ ᠶᠢᠨ ᠲᠥᠷᠥᠯ ᠵᠦᠶᠯ ᠢ 77 ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠶᠡᠷᠦᠩᠬᠡᠶ ᠣᠷᠣᠯᠭ᠎ᠠ 950 ᠲᠦᠮᠡᠨ ᠲᠥᠭᠦᠷᠢᠭ | ᠲᠤ ᠬᠥᠷᠪᠡ᠃ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠳᠤᠲᠠᠭᠤᠳᠠᠯ ᠢ ᠨᠥᠬᠦᠪᠥᠷᠢᠯᠡᠬᠦ︾ 52 ᠲᠥᠷᠥᠯ ᠵᠦᠢᠯ ᠢ ᠭᠤᠶᠤᠴᠢᠯᠠᠨ | ᠮᠡᠳᠡᠭᠦᠯᠬᠦ ᠠᠵᠢᠯ ᠢ ᠪᠡᠶᠡᠯᠡᠭᠦᠯᠵᠦ᠂ ᠬᠤᠲᠠ ᠶᠢᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ 1 ᠶᠢ ᠰᠢᠨ᠎ᠡ ᠪᠠᠷ | ᠪᠣᠶᠢᠵᠢᠭᠤᠯᠵᠤ᠂ ᠬᠤᠲᠠ ᠶᠢᠨ ᠲᠡᠰ ᠤᠨ ᠲᠣᠯᠣᠭᠠᠶᠢᠯᠠᠭᠴᠢ ᠠᠵᠤ ᠠᠬᠤᠶᠢᠯᠠᠯ 4 ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ | ᠲᠠᠰᠤᠷᠠᠯᠲᠠ ᠦᠭᠡᠢ ᠪᠤᠵᠠᠭᠠᠶᠢᠷᠠᠪᠠ᠃ ᠪᠦᠬᠦ ᠤᠯᠤᠰ ᠤᠨ ᠲᠠᠷᠢᠶᠠᠯᠠᠩ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠢᠭ 1᠂ ᠥᠪᠡᠷᠲᠡᠭᠡᠨ ᠵᠠᠰᠠᠬᠤ ᠣᠷᠣᠨ ᠤ | ᠰᠢᠨ᠎ᠡ ᠲᠠᠷᠢᠶᠠᠯᠠᠬᠤ ᠮᠠᠯᠵᠢᠬᠤ ᠣᠷᠣᠨ ᠤ ᠵᠢᠱᠢᠶ᠎ᠡ ᠦᠵᠡᠭᠦᠯᠬᠦ ᠲᠣᠰᠬᠤᠨ 1᠂ ᠪᠦᠬᠦ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠲᠣᠰᠬᠤᠨ 2 ᠢ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠪᠦᠬᠦ ᠲᠠᠯ᠎ᠠ ᠪᠠᠷ ᠬᠥᠭᠵᠢᠪᠡ᠃ ︽ᠡᠷᠦᠬᠡ ᠪᠠᠷ ᠴᠤᠭᠯᠠᠭᠤᠯᠬᠤ᠂ ᠲᠣᠰᠬᠤᠨ ᠠᠴᠠ | ᠬᠤᠷᠢᠶᠠᠬᠤ᠂ ᠪᠠᠯᠭᠠᠰᠤ ᠠᠴᠠ ᠲᠡᠭᠡᠭᠡᠪᠦᠷᠢᠯᠡᠬᠦ᠂ ᠲᠣᠭᠤᠷᠢᠭ ᠠᠴᠠ ᠰᠢᠢᠳᠪᠦᠷᠢᠯᠡᠬᠦ︾ ᠬᠤᠭ ᠨᠣᠪᠰᠢ ᠶᠢ ᠰᠢᠢᠳᠪᠦᠷᠢᠯᠡᠬᠦ ᠲᠣᠭᠲᠠᠴᠠ ᠶᠢ ᠪᠦᠷᠢᠨ ᠪᠣᠯᠭᠠᠨ | ᠲᠡᠭᠦᠯᠳᠡᠷᠵᠢᠭᠦᠯᠵᠦ᠂ 568 ︽ᠡᠷᠦᠬᠡ ᠶᠢᠨ ᠵᠣᠷᠯᠣᠩ ᠢ ᠥᠭᠡᠷᠡᠴᠢᠯᠡᠬᠦ︾ ᠶᠢ ᠪᠡᠶᠡᠯᠡᠭᠦᠯᠵᠦ᠂ ᠨᠡᠶᠢᠲᠡ 17 ᠬᠤᠭ ᠨᠣᠪᠰᠢ ᠶᠢ ᠠᠪᠴᠢᠭᠤᠯᠤᠨ ᠬᠤᠷᠢᠶᠠᠬᠤ | ᠥᠷᠲᠡᠭᠡ᠂ 2 ᠬᠤᠭ ᠨᠣᠪᠰᠢ ᠶᠢ ᠰᠢᠢᠳᠪᠦᠷᠢᠯᠡᠬᠦ ᠥᠷᠲᠡᠭᠡ᠂᠂ 2 ᠪᠣᠬᠢᠷ ᠤᠰᠤ ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ ᠪᠤᠢ ᠪᠦᠬᠦᠢ ᠵᠠᠰᠠᠭ | ᠵᠠᠬᠢᠷᠭᠠᠨ ᠤ ᠲᠣᠰᠬᠤᠨ ᠳᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠬᠦᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠦᠷ᠎ᠡ ᠪᠦᠲᠦᠮᠵᠢ ᠢᠯᠡᠷᠬᠡᠢ ᠪᠠᠶᠢᠵᠤ᠂ ᠥᠪᠡᠷᠲᠡᠭᠡᠨ | ᠵᠠᠰᠠᠬᠤ ᠣᠷᠣᠨ ᠤ ᠳᠠᠬᠢᠨ ᠪᠠᠶᠢᠴᠠᠭᠠᠵᠦ ᠰᠢᠯᠭᠠᠨ ᠠᠪᠬᠤ ᠶᠢ ᠤᠷᠤᠭᠰᠢᠲᠠᠢ ᠪᠠᠲᠤᠯᠠᠪᠠ᠃ | ᠰᠠᠭᠤᠷᠢ ᠲᠥᠬᠦᠭᠡᠷᠦᠮᠵᠢ ᠶᠢ ᠨᠠᠩ ᠪᠦᠷᠢᠨ ᠲᠦᠬᠦᠷ ᠪᠤᠯᠭᠠᠪᠠ᠃ G65 ᠪᠤᠭᠤᠲᠤ ᠠᠴᠠ ᠮᠤᠤ ᠮᠢᠩ ᠬᠦᠷᠬᠦ ᠬᠤᠷᠳᠤᠨ ᠤ ᠵᠠᠮ ᠤᠨ ᠳ᠋ᠦᠩᠱᠧᠩ ᠤᠨ | ᠬᠡᠰᠡᠭ ᠢ ᠥᠷᠭᠡᠳᠬᠡᠨ ᠪᠠᠶᠢᠭᠤᠯᠬᠤ ᠢᠨᠵᠧᠨᠧᠷᠢᠩ᠂ 109 ᠤᠯᠤᠰ ᠤᠨ ᠵᠠᠮ ᠤᠨ ᠴᠠᠩ ᠴᠢᠩ ᠵᠠᠮ ᠢ ᠥᠷᠭᠡᠳᠬᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠵᠠᠮ | ᠬᠠᠷᠢᠯᠴᠠᠭᠠᠨ ᠤ ᠲᠥᠷᠥᠯ ᠵᠦᠶᠯ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠵᠦ᠂ ᠦᠦᠰᠢᠨ ᠵᠡᠭᠡᠯᠢ ᠵᠡᠷᠭᠡ ᠬᠤᠲᠠ ᠶᠢᠨ ᠶᠠᠪᠤᠳᠠᠯ ᠤᠨ ᠵᠠᠮ ᠢ 3 ᠵᠤᠷᠪᠤᠰ | ᠥᠭᠡᠷᠡᠴᠢᠯᠡᠨ ᠵᠠᠰᠠᠵᠤ᠂ ᠠᠨ ᠱᠠ ᠵᠡᠭᠡᠯᠢ ᠵᠡᠷᠭᠡ ᠬᠤᠲᠠ ᠶᠢᠨ ᠮᠤᠬᠤᠷ ᠵᠠᠮ ᠢ 8 ᠵᠤᠷᠪᠤᠰ ᠨᠡᠪᠲᠡᠷᠡᠭᠦᠯᠪᠡ᠃ 3 ᠰᠠᠭᠤᠭᠠᠯᠢ ᠲᠤᠭᠤᠷᠢᠭ ᠲᠤ 4 ᠴᠠᠬᠢᠯᠭᠠᠨ ᠱᠠᠲᠤ | ᠨᠡᠮᠡᠵᠦ ᠤᠭᠰᠠᠷᠠᠬᠤ ᠢᠨᠵᠧᠨᠧᠷᠢᠩ ᠢ ᠲᠤᠷᠰᠢᠨ ᠠᠬᠢᠭᠤᠯᠵᠤ᠂ 12 ᠵᠤᠷᠪᠤᠰ ᠭᠤᠣᠯ ᠳᠡᠳ᠋ ᠵᠠᠮ ᠪᠤᠯᠤᠨ 10 ᠵᠤᠷᠪᠤᠰ ᠵᠡᠭᠡᠯᠢ ᠶᠢᠨ ᠨᠠᠷᠢᠨ ᠭᠤᠳᠤᠮᠵᠢ ᠶᠢ | ᠰᠡᠯᠪᠢᠨ ᠵᠠᠰᠠᠵᠤ ᠥᠭᠡᠷᠡᠴᠢᠯᠡᠨ᠂ ᠬᠡᠰᠡᠭ ᠲᠣᠨᠣᠯᠵᠢᠨ ᠵᠠᠮ᠂ ᠲᠠᠰᠤᠷᠬᠠᠢ ᠵᠠᠮ᠂ ᠰᠡᠯᠪᠢᠨ ᠵᠠᠰᠠᠬᠤ ᠬᠤᠭᠤᠯᠠᠢ ᠶᠢᠨ ᠲᠣᠣᠷ ᠢ 300 ᠭᠠᠷᠤᠢ ᠺᠢᠯᠤᠮᠧᠲᠷ | ᠨᠡᠪᠲᠡᠷᠡᠭᠦᠯᠵᠦ᠂ ᠴᠡᠴᠡᠷᠯᠢᠭ ᠠᠭᠤᠳᠠᠮ ᠲᠠᠯᠠᠪᠠᠢ ᠶᠢ 3200 ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠤᠨ᠂ 1000 ᠲᠦᠮᠡᠨ ᠲᠡᠭᠰᠢ ᠳᠥᠷᠪᠡᠯᠵᠢᠨ ᠮᠧᠲᠷ | ᠬᠦᠷᠦᠰᠦᠲᠦ ᠭᠠᠵᠠᠷ ᠢ ᠰᠠᠶᠢᠵᠢᠷᠠᠭᠤᠯᠪᠠ᠃ | ᠬᠤᠲᠠ ᠶᠢᠨ ᠬᠠᠮᠢᠶᠠᠷᠤᠯᠲᠠ ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠤᠯᠪᠠ᠃ ᠬᠤᠸᠠ ᠸᠧᠶ ᠺᠣᠮᠫᠠᠨᠢ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽5G + ᠤᠶᠤᠨᠴᠢ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠢᠨᠠᠯᠲᠠ ᠲᠠᠯᠪᠢᠬᠤ᠂ | ᠬᠠᠮᠢᠶᠠᠷᠬᠤ᠂ ᠵᠢᠯᠣᠭᠤᠳᠬᠤ᠂ ᠰᠤᠳᠤᠯᠤᠨ ᠮᠠᠭᠠᠳᠯᠠᠬᠤ ᠪᠠᠷ ᠭᠤᠤᠯ ᠪᠣᠯᠭᠠᠭᠰᠠᠨ ᠤᠶᠤᠨᠴᠢ ᠬᠤᠲᠠ ᠶᠢᠨ ᠬᠤᠯᠪᠣᠭᠠᠯᠠᠨ ᠬᠥᠳᠡᠯᠦᠯᠴᠡᠬᠦ ᠬᠦᠲᠦᠴᠢ ᠡᠭᠦᠯᠡᠨ | ᠲᠠᠪᠴᠠᠩ ᠢ ᠪᠠᠶᠢᠭᠤᠯᠪᠠ᠃ ᠬᠤᠲᠠ ᠶᠢᠨ ᠨᠠᠷᠢᠯᠢᠬᠵᠢᠭᠤᠯᠤᠭᠰᠠᠨ ᠵᠠᠰᠠᠯᠲᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠷᠣᠨ ᠰᠠᠭᠤᠴᠠ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢᠨ 28 ᠲᠥᠷᠥᠯ ᠵᠦᠶᠯ ᠢ ᠬᠡᠷᠡᠭᠵᠢᠭᠦᠯᠵᠦ᠂ 27 ᠬᠠᠭᠤᠴᠢᠨ ᠰᠠᠭᠤᠭᠠᠯᠢ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠬᠦ | ᠢᠨᠵᠧᠨᠧᠷᠢᠩ ᠢ ᠪᠡᠶᠡᠯᠡᠬᠦᠯᠪᠡ᠃ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠲᠤᠰᠬᠠᠶᠢᠯᠠᠨ ᠵᠠᠰᠠᠬᠤ ᠭᠤᠷᠪᠠᠨ | ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠶᠯᠡᠴᠢᠯᠡᠭᠡᠨ ᠤ ᠪᠦᠷᠬᠦᠴᠡ | ᠶᠢ 90 % ᠠᠴᠠ ᠳᠡᠭᠡᠭᠰᠢ ᠪᠣᠯᠲᠠᠯ᠎ᠠ ᠳᠡᠭᠡᠭᠰᠢᠯᠡᠬᠦᠯᠪᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠶᠢ ᠪᠥᠬᠦ ᠲᠠᠯ᠎ᠠ ᠪᠠᠷ | ᠠᠬᠢᠭᠤᠯᠵᠤ᠂ ᠭᠤᠤᠯ ᠬᠤᠲᠠ ᠲᠣᠭᠤᠷᠢᠭ ᠤᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ | ᠦᠨᠳᠦᠰᠦᠨ ᠳᠡᠭᠡᠨ ᠪᠡᠶᠡᠯᠡᠭᠦᠯᠪᠡ᠃ | ︵ᠵᠢᠷᠭᠤᠭ᠎ᠠ︶ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠵᠤᠯ ᠵᠢᠷᠭᠠᠯᠲᠦ | ᠰᠡᠳᠬᠢᠯᠭᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠭᠲᠠ ᠪᠥᠭᠡᠳ ᠬᠦᠴᠦᠲᠡᠶ ᠶᠠᠪᠤᠭᠳᠠᠭᠤᠯᠪᠠ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ | ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠣᠰᠣᠭᠠᠷ᠂ ᠨᠡᠶᠢᠲᠡ 2 ᠲᠦᠮᠡ ᠭᠠᠷᠤᠶ ᠠᠵᠢᠯᠲᠠᠨ | ᠢ ᠰᠢᠯᠵᠢᠬᠦᠯᠦᠨ ᠲᠤᠮᠢᠯᠠᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠨᠢᠭᠲᠠ | ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ︽ᠣᠨᠣᠰᠢᠯᠠᠭᠰᠠᠨ ᠡᠪᠡᠳᠴᠢᠲᠡᠨ ᠥᠭᠦᠭᠰᠡᠨ ᠥᠬᠡᠶ᠂ ᠨᠢᠭᠲᠠ ᠬᠠᠷᠢᠯᠴᠠᠭᠰᠠᠨ ᠡᠪᠡᠳᠴᠢᠳᠠᠨ | ᠲᠠᠷᠬᠠᠭᠰᠠᠨ ᠥᠬᠡᠶ᠂ ᠡᠮᠴᠢ ᠰᠤᠪᠢᠯᠠᠭᠴᠢ ᠬᠠᠯᠳᠠᠪᠤᠷᠢᠯᠠᠭᠳᠠᠭᠰᠠᠨ ᠥᠬᠡᠶ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠬᠦᠰᠬᠡᠭᠰᠡᠨ ᠥᠬᠡᠶ︾ ᠰᠡᠷᠭᠡᠶᠢᠯᠡᠨ | ᠡᠵᠡᠮᠳᠡᠬᠦ ᠬᠠᠷᠠᠯᠲᠠ ᠶᠢ ᠪᠡᠶᠡᠯᠡᠭᠦᠯᠪᠡ᠃ ᠴᠣᠷ ᠤᠨ ᠭᠠᠭᠴᠠ ᠣᠨᠣᠰᠢᠯᠠᠭᠳᠠᠭᠰᠠᠨ ᠡᠪᠡᠳᠴᠢᠲᠡᠨ ᠡᠳᠡᠭᠡᠷᠡᠵᠦ ᠡᠮᠨᠡᠯᠭᠡ ᠠᠴᠠ ᠭᠠᠷᠤᠭᠰᠠᠨ ᠤ ᠳᠠᠷᠠᠭ᠎ᠠ᠂ ᠮᠠᠨ ᠤ | ᠲᠤᠭᠤᠷᠢᠭ ᠲᠤ ᠲᠤᠬᠠᠶ ᠶᠢᠨ ᠭᠠᠵᠠᠷ ᠤᠨ ᠰᠢᠨ᠎ᠡ ᠪᠠᠷ ᠨᠡᠮᠡᠭᠳᠡᠭᠰᠡᠨ ᠡᠪᠡᠳᠴᠢᠨ ᠤ ᠵᠢᠱᠢᠶ᠎ᠡ ᠪᠠ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ | ᠢᠯᠡᠷᠡᠭᠰᠡᠨ ᠥᠬᠡᠶ᠃ ᠥᠪᠡᠷᠲᠡᠭᠡᠨ ᠵᠠᠰᠠᠬᠤ ᠣᠷᠣᠨ ᠤ ᠬᠤᠪᠸᠢ ᠶᠢ ᠲᠤᠰᠠᠯᠠᠭᠰᠠᠨ 907 ᠡᠮᠴᠢᠯᠡᠭᠡᠨ ᠤ ᠠᠵᠢᠯᠲᠠᠨ ᠤ ᠠᠮᠠᠷᠠᠭᠤᠯᠤᠨ ᠴᠡᠭᠴᠡᠯᠡᠬᠦ ᠦᠶᠯᠡᠴᠢᠯᠡᠭᠡᠨ | ᠤ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠪᠦᠬᠦ | ᠬᠦᠴᠦ ᠪᠠᠷ ᠢᠶᠠᠨ ᠰᠠᠶᠢᠲᠤᠷ ᠬᠢᠵᠦ᠂ ᠳᠠᠷᠠᠭᠠᠯᠠᠨ ᠪᠠᠶᠢᠴᠠᠭᠠᠵᠤ ᠰᠢᠯᠭᠠᠨ ᠲᠤᠭᠳᠠᠭᠠᠬᠤ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠰ᠂ | ᠭᠤᠣᠯᠳᠠᠯᠭ᠎ᠠ ᠲᠠᠢ ᠲᠠᠯᠠᠪᠤᠷ ᠭᠠᠵᠠᠷ᠂ ᠬᠦᠯᠳᠡᠭᠡᠮᠡᠯ ᠢᠳᠡᠭᠡᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ︽ | ᠪᠠᠶᠢᠴᠠᠭᠠᠪᠠᠰᠤ ᠵᠣᠬᠢᠬᠤ ᠶᠢ ᠨᠢ ᠪᠦᠬᠦᠨ ᠢ ᠪᠠᠶᠢᠴᠠᠭᠠᠬᠤ︾ ᠶᠢ ᠪᠡᠶᠡᠯᠡᠭᠦᠯᠵᠦ᠂ ᠤᠯᠠᠨ ᠴᠡᠭ ᠤᠨ ᠬᠦᠨᠳᠡᠯᠳᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠠᠵᠢᠯ ᠤᠨ ᠲᠣᠭᠲᠠᠴᠠ ᠶᠢ ᠪᠦᠷᠢᠯᠳᠦᠬᠦᠯᠪᠡ᠃ | ᠰᠤᠷᠭᠠᠨ ᠬᠥᠮᠦᠵᠢᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠪᠡ᠃ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠬᠦ ᠶᠢᠨ | ᠲᠣᠭᠤᠷᠢᠨ ᠳᠤ᠂ ᠮᠠᠨ ᠱᠢ ᠳᠤᠮᠳᠠᠳᠤ ᠰᠤᠷᠭᠠᠭᠤᠯᠢ ᠵᠡᠷᠭᠡ 4 ᠳᠤᠮᠳᠠᠳᠤ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠲᠡᠮᠦᠷ ᠵᠠᠮ ᠤᠨ ᠪᠠᠷᠠᠭᠤᠨ ᠳᠠᠬᠢ | ᠰᠤᠷᠭᠠᠭᠤᠯᠢ ᠶᠢᠨ ᠲᠣᠭᠤᠷᠢᠭ ᠵᠡᠷᠭᠡ 4 ᠪᠠᠭ᠎ᠠ ᠰᠤᠷᠭᠠᠭᠤᠯᠢ ᠪᠠ ᠶᠤᠸᠠᠢ ᠱᠠᠨ ᠬᠡᠦᠬᠡᠳ ᠤᠨ ᠴᠡᠴᠡᠷᠯᠢᠭ ᠵᠡᠷᠭᠡ 3 ᠬᠡᠦᠬᠡᠳ ᠤᠨ ᠴᠡᠴᠡᠷᠯᠢᠭ ᠤᠨ | ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ 65 ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠶᠢᠷᠢ ᠪᠠ 12 ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ | ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠶᠯ ᠢ ᠪᠠᠶᠡᠯᠡᠬᠦᠯᠪᠡ᠃ ᠠᠷᠠᠳ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ 3 ᠰᠢᠨ᠎ᠡ ᠪᠠᠷ | ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ 16 ᠰᠢᠨ᠎ᠡ ᠪᠠᠷ ᠮᠠᠭᠠᠳᠯᠠᠨ ᠲᠣᠭᠲᠠᠭᠠᠵᠤ᠂ | 484 ᠪᠠᠭᠰᠢ ᠶᠢ ᠰᠤᠩᠭᠤᠨ ᠤᠷᠢᠬᠤ ᠪᠠ ᠤᠷᠢᠨ ᠠᠪᠴᠢᠷᠠᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ | ᠠᠵᠢᠯ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠠᠩ ᠲᠡᠩᠴᠡᠭᠦᠷᠢᠲᠡᠶ ᠪᠤᠯᠭᠠᠪᠠ᠃ | ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠪᠡ᠃ ᠣᠷᠳᠣᠰ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠶᠢᠨ | ᠳ᠋ᠦᠩᠱᠧᠩ ᠳᠠᠬᠢ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠣᠷᠣᠭᠤᠯᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ 3 | ᠪᠠᠶᠢᠭᠤᠯᠵᠤ᠂ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠵᠢᠴᠢ ᠪᠡᠯᠡᠳᠬᠡᠯ ᠡᠮᠨᠡᠯᠭᠡ ᠶᠢᠨ ᠬᠤᠷᠢᠶ᠎ᠠ ᠵᠡᠷᠭᠡ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠵᠦᠶᠯ ᠢ ᠲᠦᠷᠭᠡᠳᠬᠡᠨ ᠠᠬᠢᠭᠤᠯᠪᠠ᠃ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠶᠠᠪᠤᠭᠤᠯᠵᠤ᠂ ᠳ᠋ᠥᠩᠱᠧᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠤᠯᠤᠰ ᠤᠨ ᠣᠳᠣ ᠦᠶ᠎ᠡ ᠶᠢᠨ | ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠤᠨ ᠲᠤᠷᠰᠢᠯᠲᠠ ᠶᠢᠨ ᠴᠢᠭ ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠢᠱᠢᠶ᠎ᠡ ᠦᠵᠡᠭᠦᠯᠬᠦ ᠲᠣᠭᠤᠷᠢᠭ ᠪᠣᠯᠤᠨ ᠪᠦᠬᠦ ᠤᠯᠤᠰ ᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ | ᠶᠢᠨ ᠠᠵᠢᠯ ᠤᠨ ᠲᠡᠷᠢᠭᠦᠨ ᠤ ᠨᠢᠭᠡᠴᠡ ᠶᠢ ᠬᠢᠨᠠᠨ ᠰᠢᠯᠭᠠᠵᠤ ᠰᠢᠯᠭᠠᠨ ᠠᠪᠬᠤ ᠳᠤ ᠤᠷᠤᠭᠰᠢᠲᠠᠶ ᠪᠠᠲᠤᠯᠠᠭᠳᠠᠪᠠ᠃ | ᠨᠡᠶᠢᠭᠡᠮ ᠤᠨ ᠪᠠᠲᠤᠯᠠᠭ᠎ᠠ ᠶᠢ ᠤᠨᠢᠨ ᠳᠡᠭᠡᠷ᠎ᠡ ᠨᠢ ᠬᠦᠴᠦᠯᠡᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ | ᠶᠢ ᠲᠣᠰ ᠲᠣᠰ 17 % ᠪᠠ 8.9 % ᠪᠠᠷ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ | ᠪᠠᠷᠢᠮᠵᠢᠶ᠎ᠠ ᠶᠢ ᠲᠣᠰ ᠲᠣᠰ 36.4 % ᠪᠠ 7.6 % ᠪᠠᠷ ᠳᠡᠭᠡᠭᠰᠢᠯᠡᠭᠦᠯᠵᠦ᠂ 1811 ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠠᠶᠢᠭᠤᠯᠤᠨ | ᠳᠠᠭᠤᠰᠬᠠᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠬᠦᠷᠳᠡᠭᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ | ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠪᠡ᠃ ᠬᠡᠷ ᠪᠠᠶᠢᠰᠢᠩ ᠭᠠᠵᠠᠷ ᠬᠥᠷᠥᠩᠭᠡ | ᠶᠢᠨ ᠬᠠᠳᠠᠭᠠᠯᠠᠯᠲᠠ ᠶᠢ ᠪᠠᠭᠠᠰᠬᠠᠬᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠬᠡᠷ ᠪᠠᠶᠢᠰᠢᠩ ᠭᠠᠵᠠᠷ ᠬᠥᠷᠥᠩᠭᠡ | ᠶᠢᠨ ᠪᠠᠶᠢᠭᠤᠯᠵᠤ ᠪᠠᠶᠢᠭ᠎ᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠡᠷ ᠪᠠᠶᠢᠰᠢᠩ ᠤᠨ ᠥᠮᠴᠢᠯᠡᠬᠦ ᠡᠷᠬᠡ ᠶᠢ ᠳᠡᠩᠰᠡᠯᠡᠨ ᠲᠡᠮᠳᠡᠭᠯᠡᠵᠦ ᠲᠥᠪᠯᠡᠷᠡᠭᠦᠯᠦᠨ | ᠵᠠᠰᠠᠬᠤ ᠳᠥᠷᠪᠡᠨ ᠵᠦᠶᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 101 ᠲᠦᠷᠦᠯ ᠤᠨ ᠬᠡᠷ ᠪᠠᠶᠢᠰᠢᠩ ᠭᠠᠵᠠᠷ | ᠬᠥᠷᠥᠩᠭᠡ ᠶᠢᠨ ᠲᠥᠷᠥᠯ ᠵᠦᠶᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠢᠳᠡᠪᠬᠢᠲᠡᠶ ᠠᠬᠢᠭᠤᠯᠪᠠ᠃ 2.8 ᠲᠦᠮᠡ ᠰᠢᠬᠠᠮ ᠢᠵᠢ ︽ᠪᠤᠴᠠᠭᠠᠨ | ᠨᠡᠭᠦᠯᠭᠡᠬᠦ ᠳᠤ ᠬᠦᠴᠢᠷᠲᠡᠶ︾᠂ | ︽ᠣᠷᠣᠵᠤ ᠰᠠᠭᠤᠬᠤ ᠳᠤ ᠬᠦᠴᠢᠷᠲᠡᠶ︾ ᠬᠡᠷ ᠪᠠᠶᠢᠰᠢᠩ ᠢ ᠲᠤᠰᠢᠶᠠᠨ ᠥᠭᠴᠦ᠂ 8 ᠲᠦᠮᠡ ᠰᠢᠬᠠᠮ ᠢᠵᠢ ᠬᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠬᠢᠬᠦ ᠨᠥᠬᠦᠴᠡᠯ ᠢ ᠪᠦᠷᠢᠯᠳᠦᠭᠦᠯᠬᠦ ᠶᠢ ᠠᠬᠢᠭᠤᠯᠵᠤ᠂ ᠠᠰᠠᠭᠤᠳᠠᠯ ᠢ ᠴᠡᠭᠴᠡᠯᠡᠨ ᠵᠠᠰᠠᠭᠰᠠᠨ ᠨᠣᠷᠮ᠎ᠠ ᠶᠢ 91.5 % ᠳᠤ ᠬᠦᠷᠭᠡᠪᠡ᠃ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠤᠭᠳᠠᠭᠤᠨ ᠢ ᠪᠠᠲᠤᠯᠠᠪᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ | ᠲᠡᠮᠡᠴᠡᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠭᠤᠷᠬᠠᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ 12 | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠲᠥᠪᠯᠡᠷᠡᠭᠦᠯᠦᠨ | ᠥᠷᠨᠢᠭᠦᠯᠵᠦ᠂ ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠪᠡᠶᠡᠯᠡᠬᠦᠯᠪᠡ᠃ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ 30 ᠬᠡᠷᠡᠭ | ᠢ ᠰᠢᠶᠳᠪᠦᠷᠢᠯᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 12 ᠳ᠋ᠦᠩᠰᠢᠭᠤᠷ ᠲᠥᠭᠦᠷᠢᠭ ᠲᠤ ᠬᠥᠷᠪᠡ᠃ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠰᠦᠯᠵᠢᠶ᠎ᠡ ᠪᠠᠷ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ | ᠠᠮᠤᠭᠤᠯᠠᠩ ᠳ᠋ᠦᠩᠱᠧᠩ︾ ᠤᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠨᠡᠩ ᠭᠦᠨ ᠰᠠᠭᠤᠭᠳᠠᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ | ᠲᠠᠰᠤᠷᠠᠯᠳᠠ ᠦᠭᠡᠢ ᠳᠡᠭᠡᠭᠰᠢᠯᠡᠪᠡ᠃ ᠪᠠᠴᠢᠮ ᠪᠠᠶᠢᠳᠠᠯ ᠢ ᠠᠷᠭᠠᠴᠠᠬᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ | ᠠᠩᠭᠢ ᠪᠣᠯᠤᠨ ᠠᠳᠡᠯ ᠢ ᠰᠢᠶᠳᠪᠦᠷᠢᠯᠡᠬᠦ ᠲᠤᠰᠬᠠᠶ ᠡᠩᠨᠡᠭᠡ ᠶᠢ ᠵᠣᠬᠢᠶᠠᠨ ᠪᠠᠶᠢᠭᠤᠯᠵᠤ᠂ ᠠᠶᠤᠯ ᠦᠭᠡᠶ ᠦᠢᠯᠡᠳᠪᠦᠷᠢᠯᠡᠯ ᠢ ᠦᠨᠳᠦᠰᠦᠨ ᠳᠡᠭᠡᠨ ᠲᠣᠭᠲᠠᠭᠤᠨ | ᠪᠠᠶᠢᠯᠭᠠᠪᠠ᠃ | ᠠᠮᠵᠢᠯᠲᠠ ᠪᠦᠲᠦᠮᠵᠢ ᠤᠯᠬᠤ ᠶᠢᠨ ᠬᠠᠮᠲᠤ᠂ ᠪᠢᠳᠡ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠣᠯᠵᠤ | ᠬᠠᠷᠠᠪᠠ᠄ ᠨᠢᠭᠡ ᠳᠤ᠂ ᠠᠵᠤ ᠦᠶᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠤᠯᠠᠮᠵᠢᠯᠠᠯᠲᠤ ᠠᠵᠤ ᠦᠶᠯᠡᠰ ᠢ | ᠥᠭᠡᠷᠡᠴᠢᠯᠡᠨ ᠲᠠᠰ ᠳᠡᠪᠰᠢᠭᠦᠯᠬᠦ ᠳᠤ ᠮᠥᠨ ᠬᠦ ᠲᠦᠭᠵᠢᠷᠡᠯ ᠣᠷᠣᠰᠢᠵᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ | ᠬᠦᠴᠦᠷᠬᠡᠭᠵᠢᠭᠦᠯᠬᠦ ᠲᠠᠯ᠎ᠠ ᠪᠠᠷ ᠬᠦᠷᠦᠯᠴᠡᠬᠦ ᠥᠬᠡᠶ ᠪᠠᠶᠢᠨ᠎ᠠ︔ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ | ᠪᠠᠷ ᠬᠥᠭᠵᠢᠭᠰᠡᠨ ᠠᠵᠤ ᠦᠢᠯᠡᠰ ᠤᠨ ᠡᠵᠡᠯᠡᠬᠦ ᠬᠠᠷᠢᠴᠠᠯ ᠬᠠᠷᠢᠴᠠᠩᠭᠤᠢ ᠳᠣᠣᠷ᠎ᠠ ᠪᠠᠶᠢᠵᠤ᠂ ᠰᠢᠨ᠎ᠡ ᠪᠠᠷ ᠬᠥᠭᠵᠢᠭᠰᠡᠨ ᠬᠥᠳᠡᠯᠭᠡᠭᠴᠢ ᠡᠨᠧᠷᠭᠢ ᠶᠢ ᠲᠦᠷᠭᠡᠯᠡᠨ | ᠪᠤᠶᠢᠵᠢᠭᠤᠯᠬᠤ ᠴᠢᠬᠤᠯᠠᠲᠠᠢ︔ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠴᠢᠩᠭ᠎ᠠ ᠪᠤᠰᠤ ᠪᠠᠶᠢᠵᠦ᠂ ᠡᠵᠡᠩᠨᠡᠯᠲᠡ ᠶᠢᠨ | ᠪᠠᠶᠢᠳᠠᠯ ᠲᠥᠯᠥᠪ ᠪᠠᠶᠠᠯᠢᠭ ᠪᠤᠰᠤ ᠪᠠᠶᠢᠭᠰᠠᠭᠠᠷ᠃ ᠬᠤᠶᠠᠷ ᠲᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠦᠷᠬᠦᠯᠵᠢᠯᠡᠨ ᠪᠠᠬᠢᠵᠢᠭᠦᠯᠬᠦ ᠴᠢᠬᠤᠯᠠᠲᠠᠢ᠃ | ᠠᠵᠤ ᠠᠬᠤᠶ ᠶᠢᠨ ᠬᠥᠭᠵᠢᠯᠲᠡ ᠶᠢ ᠲᠤᠯᠭᠠᠭᠤᠷᠢᠯᠠᠬᠤ ᠳᠠᠭᠠᠭᠤᠯᠤᠭᠴᠢ ᠠᠵᠤ ᠠᠬᠤᠶᠢᠯᠠᠯ ᠴᠥᠭᠡᠨ᠂ ᠲᠤᠭ᠎ᠠ ᠬᠡᠮᠵᠢᠶ᠎ᠡ ᠪᠠᠷ ᠶᠡᠭᠡ᠂ ᠶᠠᠰᠤ ᠴᠢᠨᠠᠷ ᠢᠶᠠᠷ ᠰᠠᠶᠢᠨ | ᠲᠥᠷᠥᠯ ᠵᠦᠶᠯ ᠤᠨ ᠨᠥᠭᠡᠴᠡ ᠬᠦᠷᠦᠯᠴᠡᠬᠦ ᠥᠬᠡᠶ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠢ ᠬᠠᠷᠢᠴᠠᠩᠭᠤᠶ ᠪᠠᠷ ᠬᠤᠴᠣᠷᠴᠤ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠠᠮᠢ ᠠᠬᠤᠶ ᠣᠷᠴᠢᠨ ᠠᠬᠤᠶ ᠶᠢ ᠬᠠᠮᠠᠭᠠᠯᠠᠬᠤ ᠳᠠᠷᠤᠯᠲᠠ ᠮᠥᠨ ᠬᠦ | ᠨᠡᠯᠢᠶᠡᠳ ᠶᠡᠭᠡ ᠪᠠᠶᠢᠵᠤ᠂ ᠡᠳ᠋ ᠤᠨ ᠵᠠᠰᠠᠭ ᠮᠥᠩᠭᠦᠨ ᠭᠦᠶᠯᠭᠡᠭᠡ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠠᠶᠤᠯ ᠲᠦᠭᠰᠢᠭᠦᠷᠢ ᠪᠠᠰᠠ | ᠨᠡᠯᠢᠶᠡᠳ ᠲᠣᠪᠣᠶᠢᠮ᠎ᠠ ᠪᠠᠶᠢᠨ᠎ᠠ᠃ ᠭᠤᠷᠪᠠ ᠳᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠳᠤᠲᠠᠭᠤᠳᠠᠯ ᠣᠷᠣᠰᠢᠵᠤ ᠪᠠᠶᠢᠨ᠎ᠠ᠃ ᠬᠤᠳᠠ ᠶᠢᠨ ᠵᠠᠰᠠᠯᠲᠠ | ᠂ ᠨᠡᠶᠢᠭᠡᠮ ᠤᠨ ᠵᠠᠰᠠᠯᠲᠠ᠂ ᠤᠶᠤᠨᠴᠢ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠪᠠᠰᠠ ᠴᠢᠩᠭᠠᠳᠬᠠᠬᠤ ᠴᠢᠬᠤᠯᠠᠲᠠᠢ ᠪᠠᠶᠢᠵᠤ᠂ ᠰᠤᠷᠭᠠᠨ ᠬᠥᠮᠦᠵᠢᠯ | ᠂ ᠡᠮ ᠡᠮᠨᠡᠯᠭᠡ᠂ ᠠᠵᠢᠯ ᠣᠯᠭᠤᠯᠲᠠ᠂ ᠰᠣᠶᠣᠯ ᠪᠡᠶ᠎ᠡ ᠶᠢᠨ ᠲᠠᠮᠢᠷ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠲᠦᠪᠰᠢᠨ ᠪᠣᠯᠤᠨ ᠤᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠰᠠ ᠵᠥᠷᠢᠶ᠎ᠡ ᠲᠠᠢ ᠪᠠᠶᠢᠭᠰᠠᠭᠠᠷ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶᠢᠯᠡᠭᠰᠡᠨ | ᠨᠠᠷᠢᠯᠢᠭ ᠤᠨᠤᠴᠠᠲᠠᠢ ᠠᠷᠭ᠎ᠠ ᠪᠣᠳᠣᠯᠭ᠎ᠠ ᠶᠢ ᠬᠡᠷᠡᠭᠵᠢᠬᠦᠯᠵᠦ ᠰᠢᠢᠳᠪᠤᠷᠢᠯᠡᠨ᠎ᠡ᠃ | ᠬᠤᠶᠠᠷ᠂ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠬᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠪᠠᠰᠠ ᠴᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠢ ᠡᠬᠢᠯᠡᠭᠦᠯᠬᠦ ᠡᠬᠢᠯᠡᠯᠲᠡ ᠶᠢᠨ ᠵᠢᠯ ᠪᠣᠯᠤᠨ᠎ᠠ᠃ ᠳᠡᠯᠡᠬᠡᠶ ᠶᠢᠨ ᠪᠠᠶᠢᠳᠠᠯ ᠠᠴᠠ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠬᠦ | ᠪᠥᠮᠪᠥᠷᠴᠡᠭ ᠲᠤ ᠡᠭᠦᠰᠦᠭᠰᠡᠨ᠂ ᠳᠡᠯᠡᠬᠡᠶ ᠶᠢᠨ ᠠᠵᠤ ᠠᠬᠤᠶ ᠪᠠᠭᠤᠷᠠᠯᠲᠠ ᠶᠢᠨ ᠬᠤᠭᠤᠴᠠᠭᠠᠨ ᠳᠤ ᠤᠷᠤᠭᠰᠠᠨ᠂ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ | ᠥᠬᠡᠶ ᠶᠡᠭᠡ ᠬᠤᠪᠢᠰᠤᠯᠲᠠ ᠲᠦᠷᠭᠡᠨ ᠬᠤᠪᠢᠷᠠᠯᠲᠠ ᠶᠢᠨ ᠬᠤᠭᠤᠴᠠᠭᠠᠨ ᠳᠤ ᠤᠷᠤᠭᠰᠠᠨ᠂ ᠪᠥᠬᠦ ᠪᠥᠮᠪᠥᠷᠴᠡᠭ ᠤᠨ ᠪᠠᠯᠠ ᠣᠷᠣᠭᠤᠯᠤᠯᠲᠠ ᠶᠢᠨ ᠠᠷᠠᠯᠵᠢᠶᠠᠨ ᠤ | ᠪᠠᠶᠢᠷᠢᠰᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠯ᠂ ᠮᠥᠩᠭᠦᠨ ᠭᠦᠶᠯᠭᠡᠭᠡ ᠵᠣᠭᠤᠰᠣᠨ ᠤ ᠪᠠᠶᠢᠷᠢᠰᠢᠯ ᠵᠢᠴᠢ ᠳᠡᠯᠡᠬᠡᠶ ᠶᠢᠨ | ᠵᠠᠰᠠᠯᠲᠠ ᠶᠢᠨ ᠰᠢᠰᠲ᠋ᠧᠮ ᠵᠡᠷᠭᠡ ᠳᠤ ᠴᠥᠮ ᠤᠷᠢᠳ ᠡᠮᠦᠨ᠎ᠡ ᠪᠠᠶᠢᠭ᠎ᠠ ᠥᠬᠡᠶ ᠶᠡᠭᠡ ᠬᠤᠪᠢᠰᠤᠯᠲᠠ ᠲᠤᠯᠭᠠᠷᠠᠵᠤ ᠪᠠᠶᠢᠨ᠎ᠠ᠃ ᠤᠯᠤᠰ ᠤᠨ ᠳᠣᠲᠣᠭᠠᠳᠤ ᠶᠢᠨ | ᠪᠠᠶᠢᠳᠠᠯ ᠠᠴᠠ ᠦᠵᠡᠪᠡᠯ᠂ ᠤᠯᠤᠰ ᠠᠴᠠ ᠤᠷᠢᠳ ᠬᠤᠵᠢᠳ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ | ᠶᠢᠨ ᠬᠤᠪᠢᠷᠠᠭᠤᠯᠤᠯᠲᠠ᠂ ᠳᠣᠲᠣᠭᠠᠳᠤ ᠬᠡᠷᠡᠭᠴᠡᠭᠡ ᠶᠢᠨ ᠵᠠᠬ᠎ᠠ ᠳᠡᠯᠭᠡᠭᠦᠷ ᠤᠨ ᠣᠷᠣᠨ ᠵᠠᠢ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠶᠠᠭ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ | ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠵᠤ᠂ ᠠᠵᠤ ᠠᠬᠤᠢ ᠶᠢᠨ ᠤᠶᠠᠨ ᠬᠠᠳᠠᠨ ᠴᠢᠨᠠᠷ ᠢᠯᠡᠳᠲᠡ ᠴᠢᠩᠭᠠᠷᠠᠵᠤ᠂ ᠦᠷᠭᠦᠯᠵᠢᠯᠡᠨ | ᠲᠣᠭᠲᠠᠭᠤᠨ ᠢᠶᠠᠷ ᠬᠥᠭᠵᠢᠬᠦ ᠨᠢ ᠤᠯᠠᠨ ᠲᠠᠯ᠎ᠠ ᠶᠢᠨ ᠳᠠᠪᠠᠭᠤᠯᠢᠭ ᠪᠠ ᠨᠥᠬᠦᠴᠡᠯ ᠲᠠᠢ ᠶᠤᠮ᠃ ᠳ᠋ᠦᠩᠱᠧᠩ ᠲᠣᠭᠤᠷᠢᠭ ᠤᠨ ᠬᠥᠭᠵᠢᠯᠲᠡ ᠶᠢᠨ ᠪᠠᠶᠢᠳᠠᠯ ᠠᠴᠠ | ᠦᠵᠡᠪᠡᠯ᠂ ᠬᠡᠳᠦᠶᠢᠪᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠪᠠᠯᠠ ᠣᠷᠣᠭᠤᠯᠤᠯᠲᠠ᠂ ᠬᠡᠷᠡᠭᠯᠡᠭᠡ᠂ ᠡᠳ᠋ ᠤᠨ ᠵᠠᠰᠠᠭ ᠵᠡᠷᠭᠡ | ᠡᠯ᠎ᠡ ᠲᠠᠯ᠎ᠠ ᠳᠤ ᠴᠥᠮ ᠨᠡᠯᠢᠶᠡᠳ ᠶᠡᠭᠡ ᠨᠥᠯᠥᠭᠡ ᠦᠵᠡᠭᠦᠯᠵᠦ᠂ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠭᠰᠠᠨ ᠴᠦ᠂ ᠮᠠᠨ ᠤ | ᠲᠤᠭᠤᠷᠢᠭ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ᠂ ᠬᠥᠬᠡᠬᠤᠲᠠ ᠪᠤᠭᠤᠲᠤ ᠣᠷᠳᠣᠰ ᠦᠬᠠᠶ ᠶᠢᠨ ᠬᠠᠮᠵᠢᠯᠴᠠᠨ ᠬᠥᠭᠵᠢᠬᠦ | ᠵᠠᠩᠭᠢᠯᠠᠭ᠎ᠠ ᠶᠢᠨ ᠴᠡᠭ ᠲᠤ ᠣᠷᠣᠰᠢᠵᠤ᠂ ︽ᠭᠧᠣᠮᠧᠲᠷᠢ ᠶᠢᠨ ᠲᠥᠪ︾ ᠤᠨ ᠣᠷᠣᠨ ᠪᠠᠶᠢᠷᠢ ᠶᠢᠨ ᠳᠠᠪᠠᠭᠤᠯᠢᠭ ᠢ ᠨᠠᠩ ᠰᠠᠶᠢᠲᠤᠷ ᠪᠠᠳᠠᠷᠠᠭᠤᠯᠬᠤ ᠳᠤ ᠠᠰᠢᠭᠲᠠᠶ | ᠪᠠᠶᠢᠵᠤ᠂ ᠣᠷᠣᠨ ᠪᠦᠰᠡ ᠶᠢᠨ ᠬᠠᠮᠵᠢᠯᠴᠠᠭ᠎ᠠ ᠳᠤ ᠣᠷᠣᠯᠴᠠᠬᠤ᠂ ᠠᠵᠤ ᠦᠶᠯᠡᠰ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠪᠠᠶᠢᠷᠢ ᠰᠣᠯᠪᠢᠴᠠᠨ ᠬᠥᠭᠵᠢᠬᠦ ᠳᠤ | ᠠᠵᠠ ᠲᠣᠬᠢᠶᠠᠯ ᠬᠠᠩᠭᠠᠬᠤ ᠪᠣᠯᠤᠨ᠎ᠠ᠃ ᠡᠭᠦᠨ ᠤ ᠬᠠᠮᠲᠤ᠂ ᠮᠠᠨ ᠤ ᠲᠤᠭᠤᠷᠢᠭ ᠣᠯᠠᠨ ᠳᠠᠪᠬᠤᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠠᠪᠬᠤᠴᠠᠯ᠂ | ᠬᠥᠭᠵᠢᠯᠲᠡ ᠶᠢᠨ ᠣᠷᠣᠨ ᠵᠠᠶ ᠶᠢᠨ ᠪᠠᠭᠲᠠᠭᠠᠮᠵᠢ ᠶᠢ ᠥᠷᠭᠡᠳᠬᠡᠨ ᠳᠠᠬᠢᠨ ᠪᠠᠶᠢᠭᠤᠯᠬᠤ᠂ ᠪᠠᠯᠴᠢᠷ ᠴᠡᠭ ᠤᠨ ᠦᠶᠯᠡᠳᠦᠯ ᠲᠠᠰᠤᠷᠠᠯᠲᠠ ᠥᠬᠡᠶ ᠶᠡᠬᠡᠰᠬᠦ ᠵᠡᠷᠭᠡ | ᠳᠠᠪᠠᠭᠤᠯᠢᠭ ᠲᠠᠢ ᠪᠠᠶᠢᠵᠤ᠂ ᠰᠢᠨ᠎ᠡ ᠨᠢᠭᠡ ᠡᠭᠡᠯᠵᠢ ᠶᠢᠨ ᠣᠷᠣᠨ ᠪᠦᠰᠡ ᠶᠢᠨ ᠥᠷᠢᠰᠥᠯᠳᠦᠭᠡᠨ ᠤ ᠬᠠᠮᠲᠤᠷᠠᠯᠴᠠᠭ᠎ᠠ ᠳᠤᠮᠳᠠ ᠲᠡᠷᠢᠭᠦᠨ ᠲᠣᠬᠢᠶᠠᠯ ᠢ ᠤᠯᠬᠤ ᠨᠢ | ᠯᠠᠪᠲᠠᠶ ᠶᠤᠮ᠃ | ᠬᠤᠷᠸ᠎ᠠ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ 2021 ᠣᠨ ᠤ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠭᠤᠤᠯ ᠬᠠᠷᠠᠯᠲᠠ ᠶᠢ ᠠᠩᠬ᠎ᠠ ᠠᠯᠬᠤᠮ ᠲᠤᠭᠤᠷᠪᠢᠨ ᠲᠣᠭᠲᠠᠭᠠᠪᠠ᠄ ᠤᠷᠤᠨ ᠨᠤᠳᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 6 % ᠣᠷᠴᠢᠮ | ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5 % ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 6 % ᠣᠷᠴᠢᠮ ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ 6 % ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5 | % ᠶᠢᠨ ᠳᠣᠲᠣᠷ᠎ᠠ ᠬᠢᠵᠠᠭᠠᠷᠯᠠᠨ᠎ᠠ︔ ᠨᠢᠭᠡᠴᠢ ᠤᠷᠤᠨ ᠨᠤᠳᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠨᠧᠷᠭᠢ ᠶᠢᠨ ᠬᠤᠷᠣᠭᠳᠠᠭᠤᠯᠭ᠎ᠠ ᠶᠢ 3 | % ᠪᠠᠷ ᠪᠠᠭᠤᠷᠠᠭᠤᠯᠵᠤ᠂ ᠭᠤᠤᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ 2021 ᠣᠨ ᠤ ᠳ᠋ᠦᠩᠱᠧᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠠᠵᠢᠯ ᠤᠨ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠨᠠᠶᠢᠳᠠᠪᠤᠷᠢᠵᠢᠭᠤᠯᠵᠤ᠂ ᠲᠦᠪ ᠬᠤᠷᠢᠶ᠎ᠠ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠦᠨᠵᠡᠬᠡᠢ ᠲᠤᠤᠱᠯᠠᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠰᠠᠭᠤᠷᠢᠯᠠᠵᠦ᠂ ᠰᠢᠨ᠎ᠡ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠲᠤᠭᠳᠠᠭᠠᠵᠦ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠭᠤᠣᠯ ᠰᠢᠵᠢᠮ ᠪᠤᠯᠭᠠᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠵᠦ᠂ ᠰᠢᠰᠲ᠋ᠧᠮᠵᠢ ᠶᠢᠨ ᠦᠵᠡᠯᠳᠡ ᠶᠢ | ᠪᠠᠷᠢᠮᠳᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠵᠦ᠂ | ᠬᠥᠭᠵᠢᠯᠲᠡ ᠪᠠ ᠠᠮᠤᠷ ᠲᠦᠪᠰᠢᠨ ᠤ ᠠᠵᠢᠯ ᠢ ᠨᠡᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠎ᠡ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠬᠤᠷᠸ᠎ᠠ ᠲᠥᠷᠥ ᠶᠢᠨ | ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠥᠭᠡᠳ ᠣᠨᠣᠴᠠᠲᠠᠶ ᠪᠠᠷ ᠬᠡᠷᠡᠭᠵᠢᠬᠦᠯᠦᠨ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ | ᠪᠠᠶᠢᠯᠭᠠᠬᠤ ᠶᠢ ᠴᠢᠷᠮᠠᠶᠢᠨ ᠪᠠᠲᠤᠯᠠᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠡᠳᠬᠡᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠰᠠᠶᠢᠨ ᠡᠬᠢᠯᠡᠯᠲᠡ ᠶᠢ ᠪᠠᠲᠤᠯᠠᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠤᠭᠳᠤᠨ᠎ᠠ᠃ | ︵ᠨᠢᠭᠡ︶ ᠵᠢᠷᠭᠤᠭ᠎ᠠ ᠶᠢ ᠲᠣᠭᠲᠠᠪᠤᠷᠢᠵᠢᠭᠤᠯᠬᠤ ᠵᠢᠷᠭᠤᠭ᠎ᠠ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠡᠷᠡᠭᠦᠯ | ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ | ᠠᠳᠠᠯ ᠦᠢᠯᠡᠰ ᠴᠣᠭᠴᠠᠯᠠᠬᠤ ᠪᠠ ᠠᠵᠢᠯ ᠣᠯᠭᠤᠬᠤ ᠶᠢ ᠬᠦᠴᠦᠯᠡᠨ ᠠᠬᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠶᠡᠭᠡ ᠰᠤᠷᠭᠠᠭᠤᠯᠢ ᠲᠡᠭᠦᠰᠦᠭᠰᠡᠨ ᠣᠶᠤᠲᠠᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ | ᠠᠵᠢᠯ ᠣᠯᠭᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠡᠴᠦᠰ ᠲᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠠᠵᠢᠯ | ᠣᠯᠭᠤᠬᠤ ᠶᠢ ᠲᠤᠰᠠᠯᠠᠬᠤ ᠪᠠ ᠠᠳᠠᠯ ᠦᠢᠯᠡᠰ ᠴᠣᠭᠴᠠᠯᠠᠬᠤ ᠳᠠᠭᠠᠯᠳᠠᠳᠦ ᠵᠢᠭᠡᠯᠡᠯᠭᠡ ᠶᠢᠨ ᠬᠦᠦ ᠮᠦᠩᠭᠦ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠠᠵᠢᠯ ᠣᠯᠬᠤ ᠳᠤ ᠬᠦᠴᠢᠷᠲᠡᠶ ᠪᠠᠶᠢᠭ᠎ᠠ ᠬᠥᠮᠦᠰ ᠢ ᠡᠩ ᠲᠡᠷᠢᠭᠦᠨ ᠳᠤ ᠲᠡᠳᠬᠦᠬᠦ ᠪᠠ ᠭᠤᠣᠯᠳᠠᠯᠭ᠎ᠠ ᠲᠠᠢ ᠬᠠᠪᠰᠤᠷᠬᠤ ᠶᠢ ᠬᠡᠷᠡᠭᠵᠢᠭᠦᠯᠵᠦ | ᠂ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ᠂ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ | ᠢᠳᠡᠪᠬᠢᠲᠡᠶ ᠪᠠᠷ ᠵᠣᠷᠢᠭᠵᠢᠭᠤᠯᠬᠤ ᠪᠠ ᠲᠦᠯᠬᠢᠨ ᠠᠬᠢᠭᠤᠯᠤᠨ᠎ᠠ᠃ ︽ᠤᠯᠠᠨ ᠨᠡᠶᠢᠳᠡ ᠶᠢᠨ ᠰᠢᠨ᠎ᠡ ᠶᠢ ᠡᠬᠦᠳᠬᠦ ᠤᠷᠤᠨ ᠵᠠᠢ︾ ᠶᠢ ᠰᠢᠯᠢᠳᠡᠭᠵᠢᠬᠦᠯᠦᠨ᠂ ᠦᠢᠯᠡᠰ | ᠪᠣᠰᠬᠠᠯᠲᠠ ᠪᠠᠷ ᠠᠵᠢᠯ ᠣᠯᠭᠤᠯᠲᠠ ᠶᠢ ᠳᠠᠶᠢᠴᠢᠯᠠᠵᠦ 1.5 ᠲᠦᠮᠡᠨ ᠬᠥᠮᠦᠨ ᠳᠤ ᠠᠵᠢᠯ ᠣᠯᠭᠤᠬᠤ ᠪᠠᠷ ᠴᠢᠷᠮᠠᠶᠢᠨ᠎ᠠ᠃ | ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠥᠷᠭᠡᠳᠬᠡᠨ᠎ᠡ᠃ ᠤᠯᠤᠰ ᠤᠨ ᠠᠵᠤ ᠦᠢᠯᠡᠰ ᠤᠨ ᠰᠢᠯᠵᠢᠯᠲᠡ ᠪᠠᠷ ᠠᠵᠠ ᠲᠣᠬᠢᠶᠠᠯ | ᠪᠣᠯᠭᠠᠨ᠂ ︽ᠪᠡᠭᠡᠵᠢᠩ ᠲᠢᠶᠠᠨᠵᠢᠨ ᠾᠧᠪᠧᠢ︾᠂ ︽ᠬᠥᠬᠡ ᠮᠥᠷᠡᠨ ᠤ ᠭᠤᠷᠪᠠᠯᠵᠢᠨ ᠬᠤᠶᠢᠭ︾᠂ ︽ᠶᠡᠭᠡ ᠲᠤᠬᠤᠢ ᠶᠢᠨ ᠲᠤᠭᠤᠷᠢᠭ︾ ᠵᠡᠷᠭᠡ ᠬᠥᠭᠵᠢᠭᠰᠡᠨ | ᠭᠠᠵᠠᠷ ᠣᠷᠣᠨ ᠯᠤᠭ᠎ᠠ ᠢᠳᠡᠪᠬᠢᠲᠡᠢ ᠵᠣᠯᠭᠠᠭᠤᠯᠵᠤ᠂ ︽ᠬᠡᠯᠬᠢᠶ᠎ᠡ ᠪᠠᠶᠢᠭᠤᠯᠬᠤ᠂ ᠬᠡᠯᠬᠢᠶ᠎ᠡ ᠪᠠᠨ ᠨᠥᠬᠦᠪᠥᠷᠢᠯᠡᠬᠦ᠂ ᠬᠡᠯᠬᠢᠶ᠎ᠡ ᠪᠠᠨ ᠴᠢᠩᠭᠠᠳᠬᠠᠬᠤ︾ ᠨᠢᠭᠡ ᠪᠦᠯᠦᠭ | ᠲᠣᠮᠣ ᠠᠵᠤ ᠠᠬᠤᠶᠢᠯᠠᠯ᠂ ᠰᠠᠶᠢᠨ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠤᠷᠢᠨ ᠠᠪᠴᠢᠷᠠᠵᠤ᠂ ᠵᠢᠯ ᠤᠨ ᠳᠣᠲᠣᠷ᠎ᠠ 300 ᠠᠴᠠ ᠳᠡᠭᠡᠭᠰᠢ ᠲᠥᠷᠥᠯ | ᠵᠦᠢᠯ ᠢ ᠲᠡᠳᠡᠨ ᠣᠷᠣᠭᠤᠯᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠶᠢ 500 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠰᠢᠨ᠎ᠡ | ᠬᠡᠯᠪᠡᠷᠢ ᠶᠢᠨ ᠰᠠᠭᠤᠷᠢ ᠪᠡᠯᠡᠳᠬᠡᠮᠵᠢ᠂ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠶᠢᠨ ᠪᠥᠲᠥᠭᠡᠨ ᠪᠠᠶᠢᠭᠤᠯᠤᠯᠲᠠ᠂ ᠡᠨᠧᠷᠭᠢ᠂ ᠴᠠᠬᠢᠯᠭᠠᠨ ᠬᠦᠴᠦᠨ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠪᠦᠲᠦᠴᠡ ᠶᠢ ᠳᠣᠭᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠨᠥᠭᠡᠴᠡ ᠬᠦᠴᠦᠨ ᠢ ᠨᠡᠮᠡᠭᠳᠡᠭᠦᠯᠬᠦ ᠴᠢᠨᠠᠷ ᠰᠠᠶᠢᠲᠠᠶ ᠬᠥᠭᠵᠢᠯᠲᠡ ᠶᠢᠨ ᠲᠥᠷᠥᠯ ᠵᠦᠶᠯ ᠢ ᠬᠥᠳᠡᠯᠦᠩᠭᠦᠶ ᠪᠠᠷ | ᠲᠥᠰᠦᠪᠯᠡᠨ ᠨᠥᠭᠡᠴᠡᠯᠡᠵᠦ᠂ ᠪᠠᠯᠠ ᠣᠷᠣᠭᠤᠯᠤᠯᠲᠠ ᠶᠢᠨ ᠰᠢᠨ᠎ᠡ ᠨᠡᠮᠡᠭᠳᠡᠯ ᠪᠠ ᠲᠤᠯᠭᠠᠭᠤᠷᠢᠯᠠᠬᠤ ᠬᠦᠴᠦᠨ ᠢ ᠲᠦᠷᠭᠡᠬᠡᠨ ᠪᠦᠷᠢᠯᠳᠦᠭᠦᠯᠦᠨ᠎ᠡ᠃ ︽ᠭᠤᠤᠯᠳᠠᠯᠭ᠎ᠠ | ᠲᠠᠢ ᠲᠥᠷᠥᠯ ᠵᠦᠶᠯ ᠤᠨ ᠬᠤᠯᠪᠣᠭᠠᠯᠠᠨ ᠬᠥᠳᠡᠯᠦᠯᠴᠡᠬᠦ ᠡᠭᠦᠯᠡᠨ ᠲᠠᠪᠴᠠᠩ︾ ᠤᠨ ᠥᠨᠳᠥᠷ ᠪᠦᠲᠦᠮᠵᠢᠲᠡᠶ ᠠᠵᠢᠯᠯᠠᠭᠠᠨ ᠢ ᠴᠢᠩᠭᠠᠳᠬᠠᠵᠤ᠂ ᠲᠥᠷᠥᠯ ᠵᠦᠶᠯ ᠤᠨ | ᠭᠠᠷᠳᠠᠮ ᠢ ᠭᠦᠶᠴᠡᠳᠬᠡᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠶ ᠡᠮᠬᠢᠯᠡᠵᠦ᠂ ᠠᠵᠢᠯ ᠡᠬᠢᠯᠡᠭᠦᠯᠬᠦ ᠶᠢ ᠪᠠᠲᠤᠯᠠᠬᠤ ᠳᠤ ᠲᠤᠭ᠎ᠠ | ᠪᠠᠷᠢᠮᠲᠠ ᠶᠢᠨ ᠳᠡᠮᠵᠢᠯᠭᠡ ᠬᠠᠩᠭᠠᠨ᠎ᠠ᠃ 232 ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠬᠤᠭᠤᠴᠠᠭ᠎ᠠ ᠶᠣᠰᠣᠭᠠᠷ ᠲᠣᠬᠢᠷᠠᠭᠤᠯᠵᠤ᠂ | ᠲᠥᠷᠥᠯ ᠵᠦᠢᠯ ᠤᠨ ᠬᠤᠭᠤᠴᠠᠭ᠎ᠠ ᠶᠣᠰᠣᠭᠠᠷ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠦᠨᠡᠨᠬᠦ ᠪᠠᠲᠤᠯᠠᠵᠤ᠂ ᠣᠨ ᠤ ᠪᠡᠯᠡ ᠣᠷᠣᠭᠤᠯᠤᠯᠲᠠ ᠶᠢᠨ | ᠲᠥᠯᠥᠪᠵᠢᠭᠦᠯᠭᠡ ᠪᠠᠨ ᠳᠡᠰ ᠳᠠᠷᠠᠭᠠᠯᠠᠯ ᠲᠠᠢ ᠠᠬᠢᠴᠠ ᠶᠣᠰᠣᠭᠠᠷ ᠪᠡᠶᠡᠯᠡᠭᠦᠯᠦᠨ᠎ᠡ᠃ | ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠵᠤ᠂ ᠪᠣᠬᠢᠷᠲᠤᠯ ᠥᠬᠡᠶ ᠬᠡᠷᠡᠭᠯᠡᠭᠡ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ᠂ ᠢᠨᠲ᠋ᠧᠷ | ᠰᠦᠯᠵᠢᠶᠡᠨ ᠤ ᠡᠷᠡᠭᠦᠯ ᠮᠡᠨᠳᠦ ᠡᠮᠴᠢᠯᠡᠭᠡ ᠵᠡᠷᠭᠡ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠤᠯᠠᠮ ᠨᠢᠭᠡ ᠠᠯᠬᠤᠮ | ᠪᠣᠶᠢᠵᠢᠭᠤᠯᠤᠨ ᠪᠤᠵᠠᠭᠠᠶᠢᠷᠠᠭᠤᠯᠵᠤ᠂ ᠵᠣᠨ ᠤ ᠤᠯᠠᠷᠢᠯ ᠤᠨ ᠠᠵᠤ ᠠᠬᠤᠶ᠂ ᠰᠥᠨᠢ ᠶᠢᠨ ᠠᠵᠤ ᠠᠬᠤᠶ᠂ ᠮᠥᠰᠥ ᠴᠠᠰᠤᠨ ᠤ ᠠᠵᠤ ᠠᠬᠤᠶ᠂ ᠵᠢᠭᠤᠯᠴᠢᠯᠠᠯ ᠤᠨ | ᠠᠵᠤ ᠠᠬᠤᠶ ᠵᠡᠷᠭᠡ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠦᠷᠭᠡᠪᠴᠢᠯᠡᠨ ᠬᠥᠭᠵᠢᠬᠦ ᠶᠢ ᠠᠬᠢᠭᠤᠯᠤᠨ᠎ᠠ᠃ ᠬᠤᠳᠠ ᠬᠥᠳᠡᠭᠡ ᠶᠢᠨ | ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠲᠠᠸᠠᠷ ᠤᠨ ᠬᠤᠣᠰ ᠴᠢᠭᠯᠡᠯᠳᠤ ᠭᠦᠢᠯᠭᠡᠭᠡ ᠶᠢ ᠠᠬᠢᠭᠤᠯᠵᠤ᠂ ᠬᠥᠳᠡᠭᠡ ᠲᠣᠰᠬᠤᠨ ᠤ | ᠬᠡᠷᠡᠭᠯᠡᠭᠡᠨ ᠤ ᠵᠠᠬ᠎ᠠ ᠳᠡᠯᠭᠡᠭᠦᠷ ᠤᠨ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠬᠡᠷᠡᠭᠯᠡᠭᠡᠨ ᠤ | ᠲᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠥᠪᠡᠷᠲᠡᠭᠡᠨ ᠵᠠᠰᠠᠬᠤ ᠣᠷᠣᠨ ᠤ ︽ᠠᠷᠠᠳ ᠠᠴᠠ ᠡᠵᠡᠩᠨᠡᠭᠰᠡᠨ | ᠠᠵᠤ ᠠᠬᠤᠶ ᠶᠢᠨ 26 ᠵᠤᠷᠪᠤᠰ︾ ᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠦᠷᠭᠦᠯᠵᠢᠯᠡᠨ | ᠠᠭᠤᠵᠢᠭᠤ ᠲᠠᠯᠪᠢᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠡᠵᠡᠩᠨᠡᠯᠲᠡ ᠳᠤ ᠡᠷᠬᠡ ᠲᠡᠭᠰᠢ ᠪᠠᠷ ᠣᠷᠣᠯᠴᠠᠬᠤ ᠶᠢ ᠳᠡᠮᠵᠢᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠣᠶᠢᠵᠢᠭᠤᠯᠬᠤ ᠲᠥᠯᠥᠪᠵᠢᠭᠦᠯᠭᠡ ᠶᠢ | ᠬᠡᠷᠡᠭᠵᠢᠭᠦᠯᠵᠦ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ᠂ ᠴᠠᠬᠢᠯᠭᠠᠨ ᠬᠡᠷᠡᠭᠯᠡᠬᠦ᠂ ᠠᠵᠢᠯᠴᠢᠨ ᠬᠡᠷᠡᠭᠯᠡᠬᠦ᠂ ᠪᠠᠷᠠᠭ᠎ᠠ ᠶᠢᠨ ᠭᠦᠶᠯᠭᠡᠭᠡᠨ ᠤ ᠥᠪᠡᠷ ᠤᠨ ᠥᠷᠲᠡᠭ | ᠢ ᠪᠥᠬᠦ ᠬᠦᠴᠦᠨ ᠢᠶᠠᠷ ᠢᠶᠠᠨ ᠪᠠᠭᠤᠷᠠᠭᠤᠯᠤᠨ᠎ᠠ᠃ ᠡᠯ᠎ᠡ ᠵᠦᠶᠯ ᠤᠨ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠡᠷᠴᠢᠮ ᠢ ᠴᠢᠩᠭᠠᠷᠠᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠵᠢᠯᠴᠠᠭ᠎ᠠ᠂ ︽ᠮᠥᠩᠭᠦᠨ ᠭᠦᠶᠯᠭᠡᠭᠡᠨ ᠤ ᠬᠡᠲᠦ ᠳᠡᠯᠭᠡᠭᠦᠷ︾ ᠢ ᠬᠥᠭᠵᠢᠭᠦᠯᠬᠦ᠂ | ᠦᠶᠯᠡᠳᠪᠦᠷᠢᠯᠡᠯ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠪᠠᠶᠢᠭᠤᠯᠬᠤ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠬᠦᠴᠦᠯᠡᠨ ᠪᠠᠭᠤᠷᠠᠭᠤᠯᠤᠨ᠎ᠠ᠃ ᠠᠵᠤ ᠠᠬᠤᠶᠢᠯᠠᠯ ᠤᠨ ᠪᠠᠶᠢᠳᠠᠯ | ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠵᠤ ᠠᠬᠤᠶᠢᠯᠠᠯ | ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠴᠠᠭ ᠲᠤᠬᠠᠶ ᠳᠤᠨᠢ ᠬᠠᠪᠰᠤᠷᠤᠨ ᠦᠶᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ | ᠪᠠ ᠠᠰᠠᠭᠤᠳᠠᠯ ᠢ ᠨᠢ ᠰᠢᠶᠳᠪᠦᠷᠢᠯᠡᠵᠦ ᠥᠭᠭᠦᠨ᠎ᠡ᠃ | ︵ᠬᠤᠶᠠᠷ︶ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣ ᠦᠶ᠎ᠡ ᠶᠢᠨ ᠠᠵᠤ ᠦᠢᠯᠡᠰ ᠤᠨ | ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠦᠨ᠎ᠡ᠃ ᠨᠡᠭᠦᠷᠡᠰᠦᠨ ᠤ ᠠᠵᠤ ᠦᠢᠯᠡᠰ ᠢ ᠤᠶᠤᠨᠴᠢᠯᠠᠬᠤ᠂ ᠪᠣᠬᠢᠷᠲᠤᠯ ᠦᠬᠡᠢ ᠪᠣᠯᠭᠠᠨ | ᠥᠭᠡᠷᠡᠴᠢᠯᠡᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠱᠤᠸᠠᠩ ᠰᠢᠨ᠂ ᠰᠠᠯᠠᠭ᠎ᠠ ᠲᠤᠰᠬᠤᠨ ᠤ ᠬᠤᠶᠠᠳᠤᠭᠠᠷ ᠠᠭᠤᠷᠬᠠᠶ ᠵᠡᠷᠭᠡ | ᠣᠶᠤᠨᠴᠢᠯᠠᠭᠰᠠᠨ ᠠᠭᠤᠷᠬᠠᠶ ᠶᠢᠨ ᠬᠤᠳᠳᠤᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠ ᠶᠤᠸᠠᠨ ᠨᠡᠭᠦᠷᠡᠰᠦᠨ ᠠᠭᠤᠷᠬᠠᠶ ᠶᠢᠨ 5G | ᠴᠠᠬᠢᠯᠭᠠᠨ ᠬᠥᠳᠡᠯᠭᠡᠭᠦᠷᠲᠦ ᠠᠭᠤᠷᠬᠠᠶ ᠶᠢᠨ ᠺᠠᠷᠲ + ᠬᠡᠢ ᠬᠥᠪᠦᠮᠡᠯ ᠠᠷᠠᠰᠤᠨ ᠪᠦᠰᠡ ᠶᠢᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠠᠭᠤᠷᠬᠠᠶ ᠶᠢᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠶ ᠬᠡᠷᠡᠭᠵᠢᠭᠦᠯᠵᠦ᠂ ᠯᠢ ᠵᠢᠶᠠ ᠬᠤᠤ᠂ ᠾᠧᠩ ᠲᠠᠢ ᠵᠡᠷᠭᠡ 7 ᠨᠡᠭᠦᠷᠡᠰᠦᠨ ᠠᠭᠤᠷᠬᠠᠶ ᠶᠢᠨ ᠮᠡᠷᠭᠡᠵᠢᠯ ᠤᠨ ᠥᠭᠡᠷᠡᠴᠢᠯᠡᠯᠲᠡ ᠶᠢᠨ | ᠲᠥᠷᠥᠯ ᠵᠦᠶᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠯ ᠳᠤ 500 ᠲᠦᠮᠡᠨ ᠲᠣᠨ ᠦᠶᠯᠡᠳᠪᠦᠷᠢᠯᠡᠬᠦ ᠶᠥᠦ ᠹᠠᠩ ᠬᠤᠤ ᠨᠡᠭᠦᠷᠡᠰᠦᠨ ᠠᠭᠤᠷᠬᠠᠶ ᠶᠢᠨ | ᠬᠤᠳᠳᠤᠭ ᠵᠢᠴᠢ ᠨᠡᠭᠦᠷᠡᠰᠦ ᠰᠢᠯᠢᠬᠦ ᠦᠶᠯᠡᠳᠪᠦᠷᠢ ᠶᠢᠨ ᠲᠥᠷᠥᠯ ᠵᠦᠶᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠨ᠎ᠠ᠃ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠳᠡᠷᠡᠯ ᠵᠠᠮ ᠪᠠ ᠢᠵᠢ ᠪᠥᠷᠢᠳᠥᠬᠦᠯᠬᠦ ᠴᠠᠬᠢᠯᠭᠠᠨ ᠡᠭᠦᠰᠭᠡᠭᠴᠢ ᠶᠢᠨ ᠴᠡᠭ ᠤᠨ | ᠪᠥᠳᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠭᠤᠷᠬᠠᠢ ᠶᠢᠨ ᠣᠷᠣᠨ ᠤ ᠲᠠᠬᠢᠨ ᠬᠠᠭᠠᠯᠪᠤᠷᠢᠯᠠᠬᠤ | ᠣᠷᠣᠨ᠂ ᠨᠡᠭᠦᠷᠡᠰᠦ ᠮᠠᠯᠲᠠᠭᠰᠠᠨ ᠠᠴᠠ ᠳᠣᠷᠣᠭᠰᠢ ᠰᠠᠭᠤᠭᠰᠠᠨ ᠣᠷᠣᠨ ᠢ ᠭᠦᠢᠴᠡᠳ ᠠᠰᠢᠭᠯᠠᠨ᠂ ︽ᠰᠠᠯᠬᠢ ᠭᠡᠷᠡᠯ ᠤᠰᠤᠲᠥ᠋ᠷᠥᠭᠴᠢ ᠪᠠᠷ ᠨᠥᠭᠡᠴᠡᠯᠡᠬᠦ︾ ᠶᠢ | ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠲᠥᠯᠬᠢᠨ ᠠᠬᠢᠭᠤᠯᠤᠨ᠎ᠠ᠃ ᠳᠥᠷᠪᠡᠳᠦᠭᠡᠷ ᠬᠤᠭᠤᠴᠠᠭᠠᠨ ᠤ ᠨᠣᠯᠤᠤᠷ ᠤᠨ ᠦᠵᠡᠰᠬᠦᠯᠡᠩ ᠢ | ᠦᠷᠭᠦᠯᠵᠢᠯᠡᠨ ᠰᠠᠶᠢᠲᠤᠷ ᠡᠷᠬᠢᠯᠡᠵᠦ᠂ ᠨᠣᠯᠤᠤᠷ ᠤᠨ ᠨᠡᠬᠡᠮᠡᠯ ᠤᠨ ᠠᠵᠤ ᠠᠬᠤᠶᠢᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ᠂ ᠤᠶᠤᠨᠴᠢᠯᠠᠬᠤ ᠥᠭᠡᠷᠡᠴᠢᠯᠡᠯᠲᠡ | ᠶᠢᠨ ᠲᠠᠯ᠎ᠠ ᠪᠠᠷ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ᠂ ᠵᠠᠬᠢᠶᠠᠯᠠᠨ ᠦᠢᠯᠡᠳᠬᠦ ᠦᠢᠯᠡᠳᠪᠦᠷᠢᠯᠡᠯ ᠪᠠ ᠤᠶᠠᠨ ᠴᠢᠨᠠᠷᠲᠠᠶ ᠦᠢᠯᠡᠳᠪᠦᠷᠢᠯᠡᠯ ᠢ | ᠬᠥᠭᠵᠢᠭᠦᠯᠦᠨ᠂ ᠨᠣᠯᠤᠤᠷ ᠤᠨ ᠨᠡᠬᠡᠮᠡᠯ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠥᠯᠳᠦᠬᠦ ᠴᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠴᠢᠴᠠᠷᠭᠠᠨ᠎ᠠ ᠶᠢᠨ ᠠᠵᠤ ᠦᠶᠯᠡᠰ᠂ ᠢᠳᠡᠭᠡᠨ ᠡᠳ᠋ᠰᠢᠭᠦᠯᠬᠦ ᠠᠵᠤ ᠦᠶᠯᠡᠰ ᠢ ᠪᠤᠵᠠᠭᠠᠶᠢᠷᠠᠭᠤᠯᠤᠨ ᠰᠢᠯᠢᠳᠡᠭᠵᠢᠭᠦᠯᠬᠦ ᠶᠢ ᠳᠡᠮᠵᠢᠵᠦ᠂ ᠬᠠᠷ᠎ᠠ ᠠᠷᠢᠬᠢᠨ ᠤ | ᠦᠶᠯᠡᠳᠪᠦᠷᠢᠯᠡᠯ ᠤᠨ ᠱᠤᠭᠤᠮ ᠨᠢᠭᠡ ᠵᠤᠷᠪᠤᠰ ᠰᠢᠨ᠎ᠡ ᠪᠠᠷ ᠨᠡᠮᠡᠭᠳᠡᠭᠦᠯᠦᠨ᠂ ᠣᠷᠳᠣᠰ ᠤᠨ ᠠᠷᠢᠬᠢᠨ ᠤ ᠦᠶᠯᠡᠰ ᠤᠨ ᠪᠦᠯᠦᠭᠯᠡᠯ ᠤᠨ ᠦᠶᠯᠡᠳᠬᠦᠨ ᠢᠶᠠᠨ | ᠪᠠᠶᠠᠯᠢᠭᠵᠢᠭᠤᠯᠬᠤ᠂ ᠠᠷᠭ᠎ᠠ ᠵᠠᠮ ᠢᠶᠠᠨ ᠥᠷᠭᠡᠳᠬᠡᠬᠦ ᠶᠢ ᠠᠬᠢᠭᠤᠯᠤᠨ᠎ᠠ᠃ ᠢ ᠯᠢ ᠡᠮ ᠦᠢᠯᠡᠳᠬᠡᠯ ᠤᠨ CMO ᠲᠥᠷᠥᠯ ᠵᠦᠶᠯ ᠥᠷᠨᠢᠭᠦᠯᠬᠦ ᠶᠢ ᠠᠬᠢᠭᠤᠯᠵᠤ᠂ | ᠠᠵᠤ ᠦᠶᠯᠡᠰ ᠤᠨ ᠬᠡᠯᠬᠢᠶᠡᠰᠦ ᠶᠢ ᠲᠡᠭᠦᠯᠳᠡᠷᠵᠢᠭᠦᠯᠦᠨ᠂ ᠡᠮ ᠤᠨ ᠦᠶᠯᠡᠰ ᠤᠨ ᠶᠡᠷᠦᠩᠬᠡᠶ ᠬᠡᠪᠴᠢᠶ᠎ᠡ ᠪᠠ ᠠᠵᠢᠯ ᠲᠥᠷᠥᠯ ᠤᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠮᠠᠰᠢᠨ ᠲᠡᠷᠭᠡ᠂ ᠳᠡᠭᠡᠲᠦ ᠲᠡᠰ ᠤᠨ ᠲᠣᠨᠣᠭᠯᠠᠯ ᠦᠢᠯᠡᠳᠬᠦ ᠵᠡᠷᠭᠡ | ᠠᠵᠤ ᠦᠢᠯᠡᠰ ᠤᠨ ᠪᠦᠯᠦᠭᠵᠢᠨ ᠬᠥᠭᠵᠢᠬᠦ ᠶᠢ ᠠᠬᠢᠭᠤᠯᠵᠤ᠂ ᠴᠠᠬᠢᠯᠭᠠᠨ ᠮᠠᠰᠢᠨ᠂ ᠳ᠋ᠢᠶᠠᠨ ᡂᠢ᠂ ᠴᠠᠬᠢᠯᠭᠠᠨ ᠡᠵᠡᠮᠰᠢᠯ᠂ ᠰᠠᠯᠬᠢᠨ ᠬᠦᠴᠦᠨ ᠤ ᠮᠠᠰᠢᠨ ᠵᠡᠷᠭᠡ | ᠢᠵᠢ ᠪᠦᠷᠢᠳᠦᠭᠰᠡᠨ ᠠᠵᠤ ᠦᠢᠯᠡᠰ ᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠨ᠎ᠠ᠃ ᠳ᠋ᠦᠩ ᠱᠧᠩ ᠴᠠᠬᠢᠯᠭᠠᠨ ᠬᠦᠴᠦᠨ ᠤ ᠲᠥᠬᠦᠭᠡᠷᠦᠮᠵᠢ᠂ ᠺᠦᠨ | ᠷᠦᠢ ᠰᠠᠯᠬᠢᠨ ᠴᠠᠬᠢᠯᠭᠠᠨ ᠤ ᠰᠤᠪᠤᠷᠭ᠎ᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢ ᠷᠦᠢ ᠰᠢᠨ᠎ᠡ ᠡᠨᠧᠷᠭᠢ ᠶᠢᠨ | ᠬᠦᠨᠳᠦ ᠠᠴᠢᠶᠠᠨ ᠤ ᠮᠠᠰᠢᠨ᠂ ᠱᠠᠨ ᠾᠧ ᠠᠭᠤᠷᠬᠠᠢ ᠶᠢᠨ ᠬᠡᠷᠡᠭᠯᠡᠭᠡᠨ ᠤ ᠠᠴᠢᠶᠠᠨ ᠤ ᠮᠠᠰᠢᠨ ᠲᠡᠷᠭᠡ ᠦᠢᠯᠡᠳᠬᠦ ᠵᠡᠷᠭᠡ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠨ᠎ᠠ᠃ ᠠᠵᠤ ᠦᠶᠯᠡᠰ ᠤᠨ ᠰᠠᠭᠤᠷᠢ ᠶᠢ ᠳᠡᠭᠡᠳᠦ ᠳᠡᠰᠵᠢᠭᠦᠯᠬᠦ᠂ ᠠᠵᠤ ᠦᠶᠯᠡᠰ ᠤᠨ ᠬᠡᠯᠬᠢᠶ᠎ᠡ ᠶᠢ ᠣᠳᠣᠬᠢᠴᠢᠯᠠᠬᠤ ᠲᠣᠭᠤᠷᠢᠨ ᠳᠤ᠂ | ᠰᠢᠨ᠎ᠡ ᠬᠡᠯᠪᠡᠷᠢ ᠶᠢᠨ ᠨᠡᠭᠦᠷᠡᠰᠦᠲᠥ᠋ᠷᠥᠭᠴᠢ ᠮᠠᠲ᠋ᠧᠷᠢᠶᠠᠯ᠂ ᠳᠡᠭᠡᠳᠦ ᠲᠠᠰ ᠤᠨ ᠬᠦᠩᠭᠡᠨᠴᠠᠭᠠᠨ ᠤ ᠬᠠᠶᠢᠯᠤᠰᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠦᠶᠯᠡᠳᠬᠦᠨ ᠦᠶᠯᠡᠳᠬᠦ᠂ ᠰᠢᠩᠭᠡᠨ ᠲᠠᠯᠠᠰᠲᠤ ᠳᠡᠯᠭᠡᠴᠡ ᠵᠡᠷᠭᠡ ᠳᠡᠭᠡᠳᠦ ᠳᠣᠤᠷᠠᠳᠤ ᠤᠷᠤᠰᠬᠠᠯ ᠱᠤᠭᠤᠮ ᠤᠨ ᠢᠵᠢ ᠪᠥᠷᠢᠳᠦᠭᠦᠯᠬᠦ ᠠᠵᠤ ᠦᠶᠯᠡᠰ ᠤᠨ ᠲᠥᠷᠥᠯ | ᠵᠦᠶᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠨᠠᠨᠤᠮᠧᠲᠷ ᠨᠡᠭᠦᠷᠡᠰᠦ ᠴᠠᠬᠢᠭᠤᠷ ᠤᠨ ᠨᠡᠶᠢᠯᠡᠮᠡᠯ ᠮᠠᠲ᠋ᠧᠷᠢᠶᠠᠯ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠡᠷᠭᠡ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 5G ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ᠂ ᠣᠳᠣ ᠦᠶ᠎ᠡ ᠶᠢᠨ ᠮᠥᠩᠭᠦᠨ | ᠭᠦᠢᠯᠭᠡᠭᠡᠨ᠂ ᠮᠡᠳᠡᠭᠡ ᠵᠠᠩᠭᠢ ᠶᠢᠨ ᠦᠢᠯᠡᠴᠢᠯᠡᠭᠡᠨ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠪᠠ ᠡᠮᠴᠢᠯᠡᠭᠡ ᠡᠷᠡᠭᠦᠯ ᠮᠡᠨᠳᠦ᠂ ᠨᠠᠰᠤᠲᠠᠨ | ᠢ ᠠᠰᠠᠷᠠᠭᠤᠯᠬᠤ᠂ ᠰᠣᠶᠣᠯ ᠪᠡᠶ᠎ᠡ ᠶᠢᠨ ᠲᠠᠮᠢᠷ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠳ᠋ᠠ ᠰᠢᠩ ᠤᠨ ᠣᠯᠠᠨ | ᠤᠯᠤᠰ ᠤᠨ ᠬᠤᠳᠠᠯᠳᠤᠭᠠᠨ ᠤ ᠶᠠᠪᠤᠳᠠᠯ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪᠯᠡᠷᠡᠯ ᠵᠡᠷᠭᠡ ᠠᠷᠠᠯᠵᠢᠶ᠎ᠠ ᠬᠤᠳᠠᠯᠳᠤᠭᠠᠨ ᠤ 10 ᠲᠥᠷᠥᠯ ᠵᠦᠢᠯ ᠢ | ᠲᠦᠷᠭᠡᠳᠬᠡᠨ ᠬᠡᠷᠡᠭᠵᠢᠭᠦᠯᠦᠨ᠎ᠡ᠃ ᠣᠷᠣᠨ ᠪᠦᠰᠡ ᠶᠢᠨ ᠤᠳᠤ ᠦᠶ᠎ᠡ ᠶᠢᠨ ᠪᠣᠳᠠᠰ ᠤᠨ ᠭᠦᠢᠯᠭᠡᠭᠡᠨ ᠤ ᠪᠡᠯᠴᠢᠷ ᠴᠡᠭ ᠢ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠸᠠᠨ ᠵᠢᠢ ᠤᠳᠤ ᠦᠶ᠎ᠡ ᠶᠢᠨ ᠪᠣᠳᠠᠰ ᠤᠨ ᠭᠦᠢᠯᠭᠡᠭᠡᠨ ᠤ ᠬᠦᠷᠢᠶᠡᠯᠡᠩ᠂ ᠪᠤᠷᠤᠯᠠᠭᠤᠯᠭ᠎ᠠ ᠶᠢ ᠠᠬᠢᠭᠤᠯᠬᠤ ᠪᠣᠳᠠᠰ ᠤᠨ ᠭᠦᠢᠯᠭᠡᠭᠡᠨ ᠤ | ᠬᠦᠷᠢᠶᠡᠯᠡᠩ ᠪᠣᠯᠤᠨ ᠶᠡᠭᠡ ᠬᠡᠮᠵᠢᠶᠡᠨ ᠤ ᠪᠡᠯᠡᠨ ᠪᠠᠷᠠᠭ᠎ᠠ ᠶᠢ ᠶᠡᠷᠦᠩᠬᠡᠶᠢᠯᠡᠨ ᠬᠦᠷᠭᠡᠬᠦ ᠲᠠᠯᠠᠪᠠᠢ ᠶᠢᠨ ᠪᠠᠷᠢᠯᠭ᠎ᠠ ᠡᠬᠢᠯᠡᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠪᠥᠬᠦ ᠣᠷᠣᠨ ᠪᠦᠰᠡ ᠶᠢᠨ ᠵᠢᠭᠤᠯᠴᠢᠯᠠᠯ᠂ ᠣᠶᠤᠨᠴᠢ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠂ ᠣᠶᠤᠨᠴᠢ ᠰᠣᠶᠣᠯ | ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ ︽ᠨᠢᠭᠡ ᠺᠤᠳ᠋ ᠢᠶᠠᠷ ᠳ᠋ᠦᠩᠱᠧᠩ ᠢ ᠠᠶᠠᠯᠠᠬᠤ︾ ᠶᠡᠷᠦᠩᠬᠡᠶᠢᠯᠡᠭᠰᠡᠨ ᠦᠶᠯᠡᠴᠢᠯᠡᠭᠡᠨ ᠤ | ᠲᠠᠪᠴᠠᠩ ᠢ ᠡᠬᠢᠯᠡᠭᠦᠯᠵᠦ᠂ ᠲᠠᠯ᠎ᠠ ᠨᠤᠲᠤᠭ ᠤᠨ ᠮᠠᠩᠬᠠᠨ ᠵᠢᠵᠢᠭ ᠪᠠᠯᠭᠠᠰᠤ᠂ ᠲᠡᠯᠡᠶ ᠶᠢᠨ ᠠᠮᠢᠳᠠᠨ ᠤ ᠣᠷᠳᠣᠨ ᠤ ᠭᠤᠷᠪᠠᠳᠤᠭᠠᠷ ᠬᠤᠭᠤᠴᠠᠭ᠎ᠠ᠂ ᠰᠣᠶᠣᠯ | ᠵᠢᠭᠤᠯᠴᠢᠯᠠᠯ ᠤᠨ ᠲᠣᠮᠣ ᠠᠰᠠᠷ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠤᠯᠤᠰ ᠠᠴᠠ ᠨᠠᠰᠤᠵᠢᠯ | ᠤᠨ ᠠᠰᠠᠷᠠᠮᠵᠢ ᠶᠢᠨ ᠦᠶᠯᠡᠴᠢᠯᠡᠭᠡᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠲᠣᠬᠢᠶᠠᠯ ᠪᠣᠯᠭᠠᠵᠤ᠂ ︽ | ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ + ᠠᠵᠢᠯ ᠲᠥᠷᠥᠯ︾ ᠤᠨ ᠠᠵᠢᠯᠯᠠᠭ᠎ᠠ ᠶᠢ ᠬᠡᠷᠡᠭᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠢ | ᠠᠭᠤᠰᠤᠯᠴᠠᠭᠤᠯᠤᠨ ᠬᠥᠭᠵᠢᠭᠦᠯᠬᠦ ᠣᠶᠤᠨᠴᠢ ᠦᠶᠯᠡᠴᠢᠯᠡᠭᠡᠨ ᠤ ᠪᠠᠶᠢᠭᠤᠯᠤᠮᠵᠢ ᠶᠢ 3 ᠠᠴᠠ ᠳᠡᠭᠡᠭᠰᠢ ᠪᠣᠶᠢᠵᠢᠭᠤᠯᠵᠤ᠂ ︽15 ᠮᠢᠨᠦ᠋ᠲ ᠤᠨ ᠨᠠᠰᠤᠵᠢᠯ ᠤᠨ | ᠠᠰᠠᠷᠠᠮᠵᠢ ᠶᠢᠨ ᠦᠶᠯᠡᠴᠢᠯᠡᠭᠡᠨ ᠤ ᠲᠣᠭᠤᠷᠢᠭ︾ ᠢ ᠪᠤᠢ ᠪᠣᠯᠭᠠᠬᠤ ᠪᠠᠷ ᠴᠢᠷᠮᠠᠶᠢᠨ᠎ᠠ᠃ ᠦᠨᠡᠲᠦ ᠲᠡᠮᠳᠡᠭᠲᠦ᠂ ᠬᠤᠭᠤᠴᠠᠭᠠᠲᠤ ᠪᠠᠷᠠᠭ᠎ᠠ᠂ ᠢᠳᠡᠭᠡᠮᠵᠢᠲᠦ ᠨᠠᠶᠢᠳᠠᠯᠭ᠎ᠠ | ᠂ ᠰᠠᠭᠤᠷᠢ ᠮᠥᠩᠭᠦ ᠵᠡᠷᠭᠡ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠶᠡᠬᠡᠪᠡᠷ ᠤᠷᠤᠭᠤᠯᠤᠨ ᠠᠪᠴᠢᠷᠠᠵᠦ᠂ ᠮᠥᠩᠭᠦᠨ ᠭᠦᠢᠯᠭᠡᠭᠡᠨ ᠤ | ᠦᠢᠯᠡᠴᠢᠯᠡᠭᠡ ᠲᠥᠪᠯᠡᠷᠡᠭᠰᠡᠨ ᠣᠷᠣᠨ ᠢ ᠲᠦᠷᠭᠡᠳᠬᠡᠨ ᠪᠠᠶᠢᠭᠤᠯᠤᠨ᠎ᠠ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ | ᠲᠠᠯ᠎ᠠ ᠪᠠᠷ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠭᠵᠢᠬᠦᠯᠬᠦ︾ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ᠂ ᠲᠣᠨᠤᠭ ᠲᠥᠬᠦᠭᠡᠷᠦᠮᠵᠢ ᠦᠶᠯᠡᠳᠬᠦ᠂ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠤᠨ ᠭᠠᠵᠠᠷ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠰᠢᠨ᠎ᠡ ᠶᠢ ᠡᠭᠦᠳᠬᠦ ᠡᠯᠧᠮᠧᠨ᠋ᠲ ᠢ ᠠᠵᠤ | ᠠᠬᠤᠶᠢᠯᠠᠯ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠵᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠡᠷᠳᠡᠮ ᠰᠢᠨᠵᠢᠯᠡᠭᠡᠨ ᠤ ᠬᠡᠯᠪᠡᠷᠢ ᠠᠴᠠ ᠬᠡᠷᠡᠭᠯᠡᠭᠡᠨ ᠤ ᠬᠡᠯᠪᠡᠷᠢ ᠲᠡᠶᠢᠰᠢ ᠬᠤᠪᠢᠷᠠᠭᠤᠯᠬᠤ ᠶᠢ | ᠠᠬᠢᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠷᠠᠭᠤᠯᠤᠨ᠎ᠠ᠃ ︽ᠠᠳᠠᠯ ᠦᠶᠯᠡᠰ ᠴᠣᠭᠴᠠᠯᠠᠵᠤ ᠰᠢᠨ᠎ᠡ ᠶᠢ | ᠡᠭᠦᠳᠬᠦ ᠰᠠᠭᠤᠷᠢᠨ ᠭᠠᠵᠠᠷ︾᠂ ᠬᠦᠪᠦᠷᠡᠬᠦᠯᠬᠦ ᠬᠦᠷᠢᠶᠡᠯᠡᠩ ᠵᠡᠷᠭᠡ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠠᠴᠢᠶᠠᠯᠠᠪᠤᠷᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠧᠩ ᠲᠠᠢ ᠰᠢᠨ᠎ᠡ ᠡᠨᠧᠷᠭᠢ ᠪᠠ ᠳᠡᠭᠡᠳᠦ ᠮᠡᠷᠭᠡᠵᠢᠯ ᠤᠨ ᠠᠵᠤ ᠦᠶᠯᠡᠰ ᠤᠨ ᠰᠤᠳᠤᠯᠤᠨ ᠨᠡᠭᠡᠭᠡᠬᠦ ᠲᠥᠪ ᠤᠨ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ ᠵᠢᠯ ᠤᠨ ᠳᠣᠲᠣᠷ᠎ᠠ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ | ᠤᠨ ᠠᠵᠤ ᠠᠬᠤᠶᠢᠯᠠᠯ ᠢ 3 ᠠᠴᠠ ᠳᠡᠭᠡᠭᠰᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ | 2 ᠠᠴᠠ ᠳᠡᠭᠡᠭᠰᠢ ᠭᠤᠶᠤᠴᠢᠯᠠᠨ ᠮᠡᠳᠡᠭᠦᠯᠬᠦ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠪᠠᠴᠢᠮ ᠬᠡᠷᠡᠭᠴᠡᠭᠡ ᠲᠠᠢ | ᠳᠤᠲᠠᠭᠳᠠᠵᠤ ᠪᠠᠶᠢᠭ᠎ᠠ ᠴᠢᠳᠠᠪᠤᠷᠢᠲᠠᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠣᠯᠤᠨ ᠥᠨᠳᠥᠷ ᠲᠦᠪᠰᠢᠨ ᠪᠥᠬᠦᠶ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ | ᠶᠡᠭᠡ ᠪᠠᠷ ᠣᠷᠣᠭᠤᠯᠤᠨ ᠠᠪᠴᠢᠷᠠᠵᠤ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠶᠴᠡᠳ ᠬᠥᠭᠵᠢᠭᠡᠨ᠎ᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠳ᠋ᠦᠩᠱᠧᠩ ᠲᠣᠭᠤᠷᠢᠭ ᠤᠨ ᠬᠠᠷᠢᠴᠠᠩᠭᠤᠶ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠬᠦ ᠶᠢᠨ ᠬᠡᠷᠡᠭᠵᠢᠭᠦᠯᠬᠦ | ᠲᠥᠰᠦᠯ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠦᠭᠡᠷᠡᠴᠢᠯᠡᠯᠲᠡ ᠶᠢᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ︽ᠨᠢᠭᠡ ᠬᠦᠰᠦᠨᠦᠭᠲᠦ ᠪᠠᠷ ᠨᠡᠶᠢᠳᠡᠮ ᠭᠦᠶᠴᠡᠳᠬᠡᠬᠦ︾᠂ ︽ᠨᠢᠭᠡ ᠴᠣᠩᠬᠤᠪᠴᠢ ᠪᠠᠷ ᠭᠥᠯᠢᠶᠡᠨ ᠠᠪᠴᠤ | ᠭᠦᠶᠴᠡᠳᠬᠡᠬᠦ︾᠂ ︽ᠨᠢᠭᠡ ᠤᠳᠠᠭ᠎ᠠ ᠳᠤ ᠭᠦᠶᠴᠡᠳᠬᠡᠵᠦ ᠳᠠᠭᠤᠰᠬᠠᠬᠤ︾᠂ ︽ᠲᠠᠨ ᠢ ᠬᠠᠪᠰᠤᠷᠤᠨ ᠭᠦᠢᠴᠡᠳᠭᠡᠬᠦ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠬᠤᠯᠪᠤᠭᠠᠯᠠᠨ ᠬᠢᠨᠠᠨ ᠵᠥᠪᠰᠢᠶᠡᠷᠡᠬᠦ᠂ ᠤᠷᠢᠳᠠᠪᠠᠷ ᠬᠦᠯᠢᠶᠡᠨ ᠭᠦᠢᠴᠡᠳᠬᠡᠵᠦ ᠳᠠᠷᠠᠭ᠎ᠠ ᠨᠢ ᠨᠥᠬᠦᠪᠦᠷᠢᠯᠡᠬᠦ ᠬᠢᠨᠠᠨ ᠵᠥᠪᠰᠢᠶᠡᠷᠡᠯᠲᠡ᠂ ᠠᠮᠠᠯᠠᠯᠲᠠ ᠪᠠᠷ | ᠮᠡᠳᠡᠭᠳᠡᠬᠦ ᠬᠢᠨᠠᠨ ᠵᠦᠪᠰᠢᠶᠡᠷᠡᠯᠲᠡ ᠶᠢ ᠰᠢᠯᠢᠳᠡᠭᠵᠢᠭᠦᠯᠵᠦ᠂ ︽ᠨᠢᠭᠡ ᠲᠠᠮᠠᠭ᠎ᠠ ᠪᠠᠷ ᠬᠢᠨᠡᠨ ᠵᠥᠪᠰᠢᠶᠡᠷᠦᠯᠲᠡ ᠶᠢ ᠬᠠᠮᠢᠶᠠᠷᠬᠤ︾ ᠶᠢ ᠪᠡᠶᠡᠯᠡᠭᠦᠯᠬᠦ ᠶᠢ ᠠᠬᠢᠭᠤᠯᠤᠨ᠎ᠠ | ᠃ ᠪᠠᠷᠢᠯᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠰᠤ᠂ ᠴᠠᠬᠢᠯᠭᠠᠨ᠂ | ᠬᠡᠶ ᠬᠡᠷᠡᠭᠯᠡᠬᠦ ᠲᠥᠬᠦᠮ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠷᠠᠯᠵᠢᠶ᠎ᠠ ᠬᠤᠳᠠᠯᠳᠤᠭ᠎ᠠ ᠳᠤ ᠪᠡᠯᠡ ᠣᠷᠣᠭᠤᠯᠬᠤ ᠪᠣᠯᠤᠨ ᠰᠠᠭᠤᠭᠠᠯᠢ ᠠᠷᠠᠳ | ᠤᠨ ᠠᠵᠢᠯ ᠠᠮᠢᠳᠤᠷᠠᠯ ᠳᠤ ᠳᠦᠭᠦᠮ ᠦᠵᠡᠭᠦᠯᠦᠨ᠎ᠡ᠃ | ᠨᠡᠩ ᠵᠢᠷᠤᠮᠵᠢᠭᠤᠨ ᠪᠥᠭᠡᠳ ᠲᠥᠪ ᠭᠤᠣᠯᠴᠢ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ ᠬᠡᠷᠡᠭ ᠶᠠᠪᠤᠳᠠᠯ ᠤᠨ ᠳᠤᠮᠳᠠᠬᠢ | ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠲᠥᠪ ᠭᠤᠣᠯᠴᠢ ᠴᠢᠨᠠᠷ᠂ ᠵᠢᠷᠤᠮᠵᠢᠯᠳᠤ ᠴᠢᠨᠠᠷ | ᠪᠠ ᠪᠦᠳᠤᠮᠵᠢᠳᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠢᠲᠡᠭᠡᠯ ᠢᠶᠠᠨ ᠠᠯᠳᠠᠭᠰᠠᠨ ︽ᠯᠠᠶᠢᠮᠤᠤᠷᠴᠢ︾᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ | ᠳᠡᠯᠭᠡᠭᠦᠷ ᠢ ᠡᠵᠡᠷᠬᠡᠬᠦ᠂ ᠡᠷᠬᠡ ᠳᠤ ᠬᠠᠯᠳᠠᠨ ᠬᠤᠳᠠᠯ ᠬᠠᠭᠤᠷᠮᠠᠭ ᠢᠶᠠᠷ ᠵᠣᠬᠢᠶᠠᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠠᠵᠤ ᠠᠬᠤᠶᠢᠯᠠᠯ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠵᠤ᠂ ᠬᠠᠷᠢᠯᠴᠠᠨ ᠲᠦᠯᠬᠢᠯᠴᠡᠬᠦ᠂ ᠬᠢᠬᠠᠨ ᠠᠪᠬᠤ᠂ ᠵᠠᠰᠠᠭ ᠤᠨ ᠠᠵᠢᠯ ᠳᠤ | ᠬᠤᠶᠢᠷᠭᠤᠰᠢᠬᠤ ᠠᠰᠠᠭᠤᠳᠠᠯ ᠢ ᠬᠠᠤᠯᠢ ᠲᠣᠭᠲᠠᠭᠠᠯ ᠰᠠᠬᠢᠯᠭ᠎ᠠ ᠪᠠᠲᠤ ᠶᠢᠨ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠦᠴᠦᠲᠡᠢ ᠬᠢᠨᠠᠯᠲᠠ | ᠲᠠᠯᠪᠢᠬᠤ ᠪᠠ ᠰᠠᠬᠢᠯᠭ᠎ᠠ ᠲᠦᠷᠢᠮ ᠬᠠᠥᠯᠢ ᠴᠠᠭᠠᠵᠠ ᠶᠢ ᠬᠡᠷᠡᠭᠵᠢᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠪᠠᠷ ᠳᠠᠮᠵᠢᠭᠤᠯᠤᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠬᠠᠮᠠᠭᠠᠯᠠᠪᠠ᠃ | ︵ᠳᠥᠷᠪᠡ︶ ᠪᠣᠬᠢᠷᠲᠤᠯ ᠥᠬᠡᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠦᠨ᠎ᠡ᠃ | ᠪᠣᠬᠢᠷᠲᠤᠯ ᠦᠭᠡᠢ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠠᠬᠤᠶ ᠪᠠ ᠣᠷᠴᠢᠯ | ᠠᠵᠤ ᠠᠬᠤᠶ ᠶᠢ ᠶᠡᠬᠡᠪᠡᠷ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯ ᠣᠷᠭᠢᠯ ᠳᠠᠭᠠᠨ ᠲᠤᠯᠤᠭᠰᠠᠨ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠡᠨᠧᠷᠭᠢ ᠶᠢᠨ ᠬᠤᠷᠣᠭᠳᠠᠯ ᠤᠨ | ᠡᠷᠴᠢᠮ ᠢ ᠴᠢᠩᠭ᠎ᠠ ᠬᠢᠵᠠᠭᠠᠷᠯᠠᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠡᠨᠧᠷᠭᠢ ᠠᠷᠪᠢᠯᠠᠵᠤ ᠬᠤᠷᠣᠭᠳᠠᠯ ᠪᠠᠭᠠᠰᠬᠠᠬᠤ ᠪᠠ ᠡᠨᠧᠷᠭᠢ ᠶᠢᠨ ᠬᠤᠷᠣᠭᠳᠠᠯ | ᠶᠡᠬᠡᠲᠡᠶ ᠲᠥᠷᠥᠯ ᠵᠦᠶᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠶᠯ ᠤᠨ ᠨᠢᠭᠡᠴᠢ ᠦᠶᠯᠡᠳᠬᠦᠨ | ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠦᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ | ᠴᠠᠬᠢᠯᠭᠠᠨ ᠬᠡᠷᠡᠭᠯᠡᠬᠦ ᠳᠠᠭᠠᠭᠠᠴᠠ ᠶᠢ ᠠᠯᠬᠤᠮ ᠠᠯᠬᠤᠮ ᠢᠶᠠᠷ ᠪᠠᠭᠠᠰᠬᠠᠨ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠭᠤᠤᠯᠳᠠᠯᠭ᠎ᠠ ᠲᠠᠢ ᠡᠨᠧᠷᠭᠢ | ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠰᠢᠨᠵᠢᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ ᠬᠡᠷᠡᠭᠯᠡᠬᠦ ᠡᠷᠬᠡ᠂ | ᠪᠣᠬᠢᠷᠲᠤᠯ ᠭᠠᠳᠠᠭᠰᠢᠯᠠᠭᠤᠯᠬᠤ ᠡᠷᠬᠡ ᠵᠡᠷᠭᠡ ᠠᠷᠠᠯᠵᠢᠶᠠᠯᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ | ︽ᠣᠶᠤᠨᠴᠢ ᠣᠷᠴᠢᠨ ᠲᠣᠭᠤᠷᠢᠨ ᠤ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠲᠦᠷᠭᠡᠳᠬᠡᠨ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠲᠠᠯᠪᠢᠵᠤ | ᠬᠠᠤᠯᠢ ᠬᠡᠷᠡᠭᠵᠢᠭᠦᠯᠬᠦ ᠶᠢ ᠨᠠᠷᠢᠯᠢᠬᠵᠢᠭᠤᠯᠬᠤ᠂ ᠤᠶᠤᠨᠴᠢᠯᠠᠬᠤ ᠳᠡᠶᠢᠰᠢ ᠬᠦᠭᠵᠢᠬᠦᠯᠬᠦ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠴᠠᠬᠢᠯᠭᠠᠨ ᠬᠦᠴᠦᠨ᠂ ᠨᠡᠭᠦᠷᠡᠰᠦᠨ ᠤ ᠠᠵᠤ ᠠᠬᠤᠶᠢᠯᠠᠯ ᠤᠨ ᠪᠤᠬᠢᠷᠳᠤᠯ ᠪᠠᠭ᠎ᠠ | ᠭᠠᠳᠠᠭᠰᠢᠯᠠᠭᠤᠯᠬᠤ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠲᠦᠭᠦᠬᠡᠶ ᠨᠡᠭᠦᠷᠡᠰᠦ ᠶᠢ ᠰᠤᠯᠠ ᠰᠢᠲᠠᠭᠠᠬᠤ᠂ ᠠᠵᠤ ᠦᠶᠯᠡᠳᠪᠦᠷᠢ ᠶᠢᠨ ᠮᠠᠰᠢᠨᠲᠤ | ᠲᠡᠷᠭᠡ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠳᠡᠭᠳᠡᠮᠡᠯ ᠲᠣᠭᠤᠰᠣ ᠰᠢᠷᠣᠶ ᠶᠢᠨ ᠪᠣᠬᠢᠷᠲᠤᠯ ᠢ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠠᠭᠠᠷ | ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 85% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠰᠢᠨ᠎ᠡ ᠡᠨᠧᠷᠭᠢ | ᠶᠢᠨ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠵᠤ᠂ ᠰᠢᠲᠠᠭᠠᠯᠭ᠎ᠠ | ᠶᠢᠨ ᠲᠣᠰᠣᠨ ᠤ ᠬᠦᠨᠳᠦ ᠠᠴᠢᠶᠠᠨ ᠤ ᠮᠠᠰᠢᠨ ᠢ ᠣᠷᠣᠯᠠᠭᠤᠯᠬᠤ ᠶᠢ ᠲᠦᠷᠭᠡᠳᠬᠡᠨ᠎ᠡ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠶ | ᠠᠬᠢᠭᠤᠯᠵᠤ᠂ ᠰᠠᠶᠢᠨ ᠲᠠᠶᠢᠵᠢ ᠨᠠᠭᠤᠷ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠡᠮᠦᠨ᠎ᠡ ᠲᠡᠭᠦᠷᠭᠡ ᠬᠤᠶᠢᠲᠤ ᠲᠡᠭᠦᠷᠭᠡ ᠶᠢᠨ | ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠪᠣᠯᠤᠨ ᠬᠠᠨᠲᠠᠶ ᠶᠢᠨ ᠪᠣᠬᠢᠷ ᠤᠰᠤ ᠰᠢᠶᠳᠪᠦᠷᠢᠯᠡᠬᠦ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ | ᠲᠦᠷᠭᠡᠳᠬᠡᠨ ᠠᠬᠢᠭᠤᠯᠤᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠶᠡᠬᠡᠪᠡᠷ ᠲᠦᠯᠬᠢᠨ ᠠᠬᠢᠭᠤᠯᠵᠤ᠂ | ᠨᠡᠭᠦᠷᠡᠰᠦᠨ ᠠᠭᠤᠷᠬᠠᠶ ᠶᠢᠨ ᠳᠠᠪᠬᠤᠷᠭ᠎ᠠ ᠶᠢ ᠴᠡᠭᠴᠡᠯᠡᠨ ᠵᠠᠰᠠᠬᠤ ᠪᠠ ᠠᠭᠤᠷᠬᠠᠶ ᠶᠢᠨ ᠨᠦᠬᠡ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠲᠦᠷᠭᠡᠳᠬᠡᠨ | ᠲᠦᠯᠬᠢᠨ ᠠᠬᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠣᠰ ᠵᠢᠯ ᠳᠤ 2000 ᠾᠧᠺᠲ᠋ᠠᠷ ᠭᠠᠵᠠᠷ ᠤᠨ ᠲᠠᠷᠢᠶᠠᠯᠠᠬᠤ ᠶᠢ ᠰᠡᠷᠭᠦᠭᠡᠬᠦ ᠪᠠ ᠣᠶᠢᠵᠢᠭᠤᠯᠬᠤ ᠶᠢ ᠪᠡᠶᠡᠯᠡᠭᠦᠯᠬᠦ | ᠪᠠᠷ ᠴᠢᠷᠮᠠᠶᠢᠵᠤ᠂ 6 ᠤᠯᠤᠰ ᠤᠨ ᠲᠡᠰ ᠤᠨ ᠪᠠ 4 ᠦᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠳᠤᠯ ᠦᠬᠡᠢ ᠠᠭᠤᠷᠬᠠᠢ ᠶᠢᠨ ᠭᠠᠵᠠᠷ ᠢ ᠪᠠᠶᠢᠭᠤᠯᠤᠨ᠎ᠠ᠃ | ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠰᠡᠷᠭᠦᠭᠡᠬᠦ ᠪᠠᠷ ᠭᠤᠣᠯ ᠪᠣᠯᠭᠠᠬᠤ ᠶᠢ | ᠪᠠᠷᠢᠮᠲᠠᠯᠠᠨ᠂ ᠬᠠᠰᠢᠯᠭ᠎ᠠ ᠶᠢᠨ ᠭᠤᠤᠯ᠂ ᠬᠠᠨᠲᠠᠶ ᠶᠢᠨ ᠭᠤᠤᠯ ᠵᠡᠷᠭᠡ ᠲᠠᠪᠤᠨ ᠶᠡᠭᠡ ᠬᠥᠨᠳᠡᠶ ᠶᠢ ᠵᠠᠰᠠᠬᠤ ᠶᠠᠪᠤᠳᠠᠯ ᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ᠂ ᠠᠪᠠᠭ᠋ᠠᠢ ᠶᠢᠨ ᠭᠤᠣᠯ᠂ ᠣᠪᠣᠭᠠᠲᠤ ᠶᠢᠨ ᠤᠰᠤᠨ ᠴᠥᠭᠦᠷᠥᠮ ᠤᠨ ᠳᠣᠤᠷᠠᠳᠤ ᠤᠷᠤᠰᠬᠠᠯ ᠵᠡᠷᠭᠡ ᠭᠤᠣᠯ ᠤᠨ ᠵᠠᠮ ᠢ ᠵᠠᠰᠠᠬᠤ ᠢᠨᠵᠧᠨᠧᠷᠢᠩ ᠢ | ᠲᠦᠷᠭᠡᠳᠬᠡᠨ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ᠂ ᠪᠠᠯᠭᠠᠰᠤ᠂ ᠠᠭᠤᠷᠬᠠᠢ ᠶᠢᠨ ᠣᠷᠣᠨ᠂ ᠭᠤᠣᠯ ᠤᠨ ᠵᠠᠮ᠂ ᠵᠠᠮ ᠳᠠᠭᠠᠤ ᠵᠡᠷᠭᠡ ᠭᠤᠣᠯᠳᠠᠯᠭ᠎ᠠ ᠲᠠᠢ | ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ | ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠪᠠᠶᠢᠭᠠᠯᠢ ᠶᠢᠨ ᠤᠢ ᠶᠢᠨ | ᠡᠬᠢ ᠪᠠᠶᠠᠯᠢᠭ ᠢ ᠬᠠᠮᠠᠭᠠᠯᠠᠬᠤ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ᠂ ᠨᠡᠭᠦᠷᠡᠰᠦᠲᠥ᠋ᠷᠥᠭᠴᠢ ᠬᠤᠷᠠᠭᠤᠯᠬᠤ ᠤᠢ ᠶᠢᠨ ᠪᠦᠲᠦᠭᠡᠨ ᠪᠠᠶᠢᠭᠤᠯᠤᠯᠲᠠ ᠵᠡᠷᠭᠡ | ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠬᠦ ᠵᠢᠯ ᠳᠤ 2 ᠲᠦᠮᠡᠨ ᠮᠦ ᠭᠠᠵᠠᠷ ᠢ ᠰᠢᠨ᠎ᠡ ᠪᠠᠷ ᠣᠶᠢᠵᠢᠭᠤᠯᠬᠤ ᠪᠠᠷ | ᠴᠢᠷᠮᠠᠶᠢᠨ᠎ᠠ᠃ | ︵ᠲᠠᠪᠤ︶ ᠠᠭᠤᠰᠤᠯᠴᠠᠭᠤᠯᠤᠨ ᠬᠦᠭᠵᠢᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠶᠠᠰᠤ ᠴᠢᠨᠠᠷ ᠤᠨ ᠠᠭᠤᠯᠤᠭᠳᠠᠬᠤᠨ ᠢ ᠬᠦᠴᠦᠯᠡᠨ | ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ᠂ ︽ᠲᠠᠷᠢᠶᠠᠯᠠᠩ ᠮᠠᠯ ᠠᠵᠤ ᠠᠬᠤᠶ ᠶᠢᠨ ᠰᠢᠯᠢᠳᠡᠭ ᠪᠦᠳᠦᠬᠡᠭᠳᠡᠬᠦᠨ︾ ᠤ ᠬᠤᠯᠪᠣᠭᠠᠲᠤ ᠴᠣᠭᠴᠠ᠂ ᠪᠣᠬᠢᠷᠲᠤᠯ ᠦᠭᠡᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠵᠡᠷᠭᠡ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ | ᠲᠦᠯᠬᠢᠨ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠤᠢᠭᠡᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠲᠠᠷᠢᠶᠠᠴᠢᠳ ᠤᠨ ᠠᠵᠤ | ᠦᠢᠯᠡᠰ ᠤᠨ ᠬᠡᠯᠬᠢᠶ᠎ᠡ ᠪᠠᠨ ᠬᠤᠪᠢᠶᠠᠯᠴᠠᠵᠤ ᠦᠷᠲᠡᠭ ᠢᠶᠠᠨ ᠨᠡᠮᠡᠭᠳᠡᠭᠦᠯᠦᠨ ᠠᠰᠢᠭ ᠬᠦᠷᠲᠡᠬᠦ ᠲᠣᠭᠲᠠᠴᠠ ᠪᠦᠷᠢᠨᠰᠢᠭᠦᠯᠦᠨ ᠪᠠᠶᠢᠭᠤᠯᠵᠤ᠂ ᠲᠠᠷᠢᠶᠠᠴᠢᠳ ᠤᠨ | ᠲᠦᠷᠢᠶᠡᠰᠦ ᠬᠤᠷᠢᠶᠠᠵᠤ᠂ ᠬᠤᠪᠢᠴᠠᠭᠠᠲᠤ ᠮᠦᠩᠭᠦ ᠡᠵᠡᠮᠰᠢᠬᠦ ᠪᠠ ᠴᠠᠯᠢᠩ ᠮᠦᠩᠭᠦ ᠣᠯᠬᠤ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ᠬᠥᠳᠡᠭᠡ ᠲᠣᠰᠬᠤᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠠ ᠲᠠᠷᠢᠵᠤ ᠲᠡᠵᠢᠭᠡᠬᠦ ᠦᠢᠯᠡᠰ ᠤᠨ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠰᠠᠶᠢᠲᠤᠷ ᠠᠳᠬᠤᠨ᠎ᠠ᠃ ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠡᠷᠴᠢᠮ | ᠢ ᠴᠢᠩᠭᠠᠷᠠᠭᠤᠯᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠵᠠᠰᠠᠯᠲᠠ ᠶᠢᠨ | ᠪᠠᠶᠢᠷᠢᠯᠠᠭᠤᠯᠤᠯᠲᠠ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠥᠨᠳᠥᠷ ᠪᠠᠷᠢᠮᠵᠢᠶ᠎ᠠ ᠪᠠᠷ | ᠴᠣᠭᠴᠠᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠳᠥᠷᠪᠡ ᠶᠢ ᠲᠠᠶᠠᠭᠳᠠᠬᠤ ᠥᠬᠡᠶ︾ | ᠱᠠᠭᠠᠷᠳᠠᠯᠭ᠎ᠠ ᠶᠣᠰᠣᠭᠠᠷ᠂ ᠬᠠᠪᠰᠤᠷᠤᠨ ᠲᠡᠳᠬᠦᠬᠦ ᠬᠦᠴᠦᠨ᠂ ᠪᠠᠯᠠ ᠮᠥᠩᠭᠦ ᠶᠢᠨ ᠣᠷᠣᠭᠤᠯᠤᠯᠲᠠ ᠵᠡᠷᠭᠡ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠬᠥᠳᠡᠭᠡ | ᠲᠣᠰᠬᠤᠨ ᠤ ᠣᠷᠣᠯᠭ᠎ᠠ ᠪᠠᠭᠠᠲᠠᠢ ᠬᠥᠮᠦᠨ ᠠᠮᠠ ᠶᠢ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠠᠶᠤᠯ | ᠲᠦᠭᠰᠢᠭᠦᠷᠢ ᠣᠷᠣᠰᠢᠵᠤ ᠪᠠᠶᠢᠭ᠎ᠠ ᠣᠨᠴᠠᠭᠠᠢ ᠬᠥᠮᠦᠰ ᠤᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ | ᠡᠷᠡᠰ ᠰᠡᠷᠭᠡᠶᠢᠯᠡᠨ᠎ᠡ᠃ | ᠬᠤᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠣᠷᠳᠣᠰ ᠤᠨ ᠪᠠᠷᠠᠭᠤᠨ | ᠵᠡᠭᠡᠯᠢ᠂ ᠵᠡᠭᠦᠨᠭᠠᠷ ᠵᠠᠮ ᠵᠡᠷᠭᠡ ᠬᠤᠲᠠ ᠶᠢᠨ ᠶᠠᠪᠤᠳᠠᠯ ᠤᠨ 4 ᠵᠠᠮ ᠢ ᠥᠭᠡᠷᠡᠴᠢᠯᠡᠨ ᠳᠡᠭᠡᠭᠰᠢᠯᠡᠭᠦᠯᠵᠦ᠂ ᠨᠡᠬᠡᠮᠡᠯ ᠤᠨ ᠪᠠᠷᠠᠭᠤᠨ ᠵᠡᠭᠡᠯᠢ ᠵᠡᠷᠭᠡ 7 ᠬᠤᠲᠠ ᠶᠢᠨ | ᠨᠡᠪᠲᠡᠷᠡᠭᠡᠳᠦᠶ ᠵᠠᠮ ᠢ ᠨᠡᠪᠲᠡᠷᠡᠭᠦᠯᠦᠨ᠎ᠡ᠃ ᠴᠠᠬᠢᠯᠭᠠᠨ ᠱᠠᠲᠤ ᠨᠡᠮᠡᠵᠦ ᠤᠭᠰᠠᠷᠠᠬᠤ ᠠᠵᠢᠯ ᠢ ᠲᠦᠷᠭᠡᠳᠬᠡᠨ ᠠᠬᠢᠭᠤᠯᠵᠤ᠂ 50 ᠬᠠᠭᠤᠴᠢᠨ ᠰᠠᠭᠤᠭᠠᠯᠢ ᠲᠣᠭᠤᠷᠢᠭ | ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠣᠶᠤᠨᠴᠢ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ 80 ᠰᠠᠭᠤᠭᠠᠯᠢ ᠲᠣᠭᠤᠷᠢᠭ ᠢ ᠪᠠᠶᠢᠭᠤᠯᠵᠤ᠂ ᠰᠢᠩ ᠱᠧᠩ | ᠡᠮᠦᠨ᠎ᠡ ᠵᠠᠮ ᠵᠡᠷᠭᠡ 3 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠤᠨ᠎ᠠ᠃ ᠬᠤᠳᠠ ᠶᠢᠨ ᠤᠯᠠᠨ ᠨᠡᠶᠢᠳᠡ ᠶᠢᠨ ᠵᠠᠮ | ᠬᠠᠷᠢᠯᠴᠠᠭᠠᠨ ᠤ ᠵᠠᠩᠭᠢᠯᠠᠭ᠎ᠠ ᠶᠢᠨ ᠦᠷᠳᠡᠭᠡ ᠴᠡᠭ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠣᠰᠤᠭ᠎ᠠ ᠴᠣᠭᠴᠠᠲᠤ ᠲᠡᠷᠭᠡᠨ ᠵᠣᠭᠰᠣᠭᠠᠯ 2 ᠢ ᠲᠥᠯᠥᠪᠵᠢᠭᠦᠯᠦᠨ | ᠪᠦᠳᠦᠬᠡᠨ ᠪᠠᠶᠢᠭᠤᠯᠵᠤ᠂ ᠡᠬᠢ ᠰᠤᠷᠪᠤᠯᠵᠢ ᠶᠢᠨ ᠲᠣᠣᠷ ᠢ ᠰᠠᠯᠭᠠᠬᠤ ᠪᠠ ᠢᠯᠴᠢ ᠬᠠᠩᠭᠠᠬᠤ ᠬᠤᠭᠤᠯᠠᠢ ᠶᠢᠨ ᠲᠣᠣᠷ ᠢ ᠬᠤᠯᠪᠣᠨ ᠨᠡᠪᠲᠡᠷᠡᠭᠦᠯᠬᠦ ᠢᠨᠵᠧᠨᠧᠷᠢᠩ ᠢ | ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃ 42 ᠪᠦᠳᠦᠭᠡᠨ ᠪᠠᠶᠢᠭᠤᠯᠵᠤ ᠪᠠᠶᠢᠭ᠎ᠠ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠵᠦᠢᠯᠡᠰ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷᠳᠡᠯ︾ ᠤᠨ ᠠᠰᠠᠭᠤᠳᠠᠯ | ᠢ ᠪᠦᠬᠦ ᠲᠠᠯ᠎ᠠ ᠪᠠᠷ ᠰᠢᠢᠳᠪᠤᠷᠢᠯᠡᠨ᠎ᠡ᠃ ᠪᠤᠭᠤᠲᠤ ᠠᠴᠠ ᠣᠷᠳᠣᠰ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠸᠠᠨ ᠯᠢ᠂ ᠸᠠᠨ ᠢᠦᠢ᠂ ᠶᠢᠨ ᠾᠧ ᠶᠢᠨ ᠴᠠᠬᠢᠯᠭᠠᠨ ᠬᠦᠷᠭᠡᠬᠦ ᠬᠤᠪᠢᠰᠬᠠᠬᠤ ᠵᠢᠴᠢ ᠳᠡᠰ ᠳᠡᠪᠰᠢᠭᠦᠯᠦᠨ ᠥᠭᠡᠷᠡᠴᠢᠯᠡᠬᠦ | ᠪᠠ ᠡᠨᠧᠷᠭᠢ ᠶᠢᠨ ᠪᠠᠴᠢᠮ ᠪᠠᠶᠢᠳᠠᠯ ᠢ ᠠᠷᠭᠠᠴᠠᠬᠤ ᠨᠥᠭᠡᠴᠡ ᠪᠡᠯᠡᠳᠬᠡᠮᠵᠢ ᠵᠡᠷᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ᠃ ᠰᠢᠨ᠎ᠡ ᠦᠨᠳᠦᠰᠦᠨ | ᠪᠦᠲᠦᠭᠡᠨ ᠪᠠᠶᠢᠭᠤᠯᠤᠯᠲᠠ ᠬᠢᠭᠡᠳ ᠤᠯᠠᠮᠵᠢᠯᠠᠯᠲᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠠᠬᠢᠯᠭᠠᠨ ᠴᠡᠨᠡᠭᠯᠡᠬᠦ | ᠪᠠᠭᠠᠨ᠎ᠠ᠂ 5G ᠰᠦᠯᠵᠢᠶ᠎ᠡ ᠪᠠ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢ ᠰᠢᠰᠲ᠋ᠧᠮ ᠲᠠᠢ ᠪᠠᠶᠢᠷᠢᠰᠢᠭᠤᠯᠤᠨ᠎ᠠ᠃ | ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢᠳᠤᠷᠠᠯ ᠤᠨ ᠬᠤᠭ ᠨᠣᠪᠰᠢ | ᠶᠢ ᠢᠯᠭᠠᠬᠤ ᠲᠥᠪ᠂ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠠᠪᠴᠤ ᠳᠠᠬᠢᠨ ᠠᠰᠢᠭᠯᠠᠬᠤ ᠵᠡᠷᠭᠡ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠤᠨ᠎ᠠ᠃ | ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡ ᠶᠢ ᠳᠡᠭᠡᠭᠰᠢᠯᠡᠭᠦᠯᠵᠦ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠳᠠᠯ | ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠤᠯᠠᠭᠠᠨ ᠬᠠᠷ᠎ᠠ ᠲᠠᠩᠰᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠳᠠᠯ ᠠᠬᠤᠶ ᠶᠢᠨ | ᠦᠶᠯᠡᠴᠢᠯᠡᠭᠡ᠂ ᠠᠮᠢᠳᠤᠷᠠᠯ ᠤᠨ ᠦᠶᠯᠡᠴᠢᠯᠡᠭᠡᠨ ᠤ ᠦᠶᠯᠡᠰ ᠢ ᠰᠢᠭᠢᠳᠬᠡᠨ ᠬᠥᠭᠵᠢᠭᠦᠯᠬᠦ ᠵᠡᠷᠭᠡ ᠠᠵᠢᠯ ᠢ ᠶᠡᠬᠡᠪᠡᠷ ᠥᠷᠨᠢᠭᠦᠯᠦᠨ᠎ᠡ᠃ ᠰᠢᠨ᠎ᠡ ᠬᠡᠯᠪᠡᠷᠢ ᠶᠢᠨ | ᠤᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠶᠡᠭᠡ ᠲᠠᠷᠢᠬᠢ᠂ ᠬᠤᠲᠠ ᠶᠢᠨ ᠡᠭᠦᠯᠡᠨ ᠲᠠᠪᠴᠠᠩ ᠢᠶᠠᠷ ᠲᠤᠯᠭᠠᠭᠤᠷᠢᠯᠠᠯ | ᠪᠣᠯᠭᠠᠭᠰᠠᠨ ᠲᠠᠪᠤᠨ ᠶᠡᠭᠡ ᠬᠤᠲᠠ ᠶᠢᠨ ᠬᠡᠷᠡᠭᠯᠡᠭᠡᠨ ᠤ ᠲᠣᠤᠷ ᠰᠦᠯᠵᠢᠶ᠎ᠡ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠵᠣᠯ ᠵᠢᠷᠭᠠᠯ ᠤᠨ ᠲᠥᠷᠥᠭᠳᠡᠯ ᠢ | ᠦᠷᠭᠦᠯᠵᠢᠯᠡᠨ ᠳᠡᠭᠡᠭᠰᠢᠯᠡᠭᠦᠯᠦᠨ᠎ᠡ᠃ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠭᠦᠨᠵᠡᠭᠡᠶ ᠠᠬᠢᠭᠤᠯᠵᠤ᠂ | ᠡᠯ᠎ᠡ ᠲᠥᠷᠥᠯ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠲᠦᠭᠡᠮᠡᠯ ᠠᠰᠢᠭ ᠬᠦᠷᠲᠡᠭᠡᠬᠦ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠰᠤᠷᠭᠠᠨ ᠬᠥᠮᠦᠵᠢᠯ | ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠭᠤᠴᠢᠨ ᠨᠢᠭᠡᠳᠦᠭᠡᠷ ᠪᠠᠭ᠎ᠠ ᠰᠤᠷᠭᠠᠭᠤᠯᠢ᠂ ᠳ᠋ᠦᠩ | ᠴᠢᠩ ᠴᠡᠴᠡᠷᠯᠢᠭ ᠵᠡᠷᠭᠡ 8 ᠰᠤᠷᠭᠠᠭᠤᠯᠢ ᠬᠡᠦᠬᠡᠳ ᠤᠨ ᠴᠡᠴᠡᠷᠯᠢᠭ ᠪᠣᠯᠤᠨ ᠵᠠᠯᠠᠭᠤ ᠪᠠᠭᠠᠴᠤᠳ ᠤᠨ ᠠᠵᠢᠯᠯᠠᠭᠠᠨ ᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ | ᠠᠵᠢᠯ ᠢ ᠡᠬᠢᠯᠡᠭᠦᠯᠵᠦ᠂ ᠵᠢᠷᠭᠤᠳᠤᠭᠠᠷ ᠪᠠᠭ᠎ᠠ ᠰᠤᠷᠭᠠᠭᠤᠯᠢ ᠵᠡᠷᠭᠡ 6 ᠰᠤᠷᠭᠠᠭᠤᠯᠢ ᠶᠢ ᠵᠠᠰᠠᠬᠤ ᠪᠠ ᠦᠷᠭᠡᠳᠭᠡᠨ ᠪᠠᠶᠢᠭᠤᠯᠵᠤ᠂ ᠠᠷᠪᠠᠨ ᠲᠠᠪᠤᠳᠤᠭᠠᠷ ᠳᠤᠮᠳᠠᠳᠤ | ᠰᠤᠷᠭᠠᠭᠤᠯᠢ ᠵᠡᠷᠭᠡ 11 ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠲᠦᠷᠦᠯ ᠵᠦᠢᠯ ᠢ | ᠲᠦᠷᠭᠡᠳᠬᠡᠨ᠂ ᠮᠠᠨ ᠱᠢ ᠪᠠᠭ᠎ᠠ ᠰᠤᠷᠭᠠᠭᠤᠯᠢ᠂ ᠵᠢᠩ ᠱᠠᠨ ᠬᠡᠦᠬᠡᠳ ᠤᠨ ᠴᠡᠴᠡᠷᠯᠢᠭ ᠵᠡᠷᠭᠡ 7 ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠢ ᠵᠢᠯ ᠤᠨ | ᠳᠣᠲᠣᠷ᠎ᠠ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 570 ᠨᠡᠷᠡᠰ ᠰᠢᠯᠢᠳᠡᠭ | ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠨ᠎ᠡ᠃ | ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠬᠥᠮᠥᠷᠭᠡ᠂ ᠨᠡᠶᠢᠭᠡᠮ ᠲᠣᠭᠤᠷᠢᠭ ᠤᠨ ᠡᠮᠨᠡᠯᠭᠡ ᠶᠢᠨ | ᠪᠠᠶᠢᠭᠤᠯᠤᠯᠲᠠ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ 160 ᠨᠡᠷ᠎ᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠠᠵᠢᠯᠲᠠᠨ ᠢ ᠤᠷᠢᠨ ᠬᠡᠷᠡᠭᠯᠡᠨ᠎ᠡ᠃ | ︽ᠢᠨᠲ᠋ᠧᠷ ᠰᠦᠯᠵᠢᠶ᠎ᠡ + ᠣᠶᠤᠨᠴᠢ ᠡᠮᠴᠢᠯᠡᠭᠡ︾ ᠶᠢ ᠡᠬᠢᠯᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠪᠠ ᠡᠮᠴᠢᠯᠡᠭᠡᠨ ᠤ ᠦᠶᠯᠡᠴᠢᠯᠡᠭᠡ ᠶᠢᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠦᠬᠦ ᠤᠯᠤᠰ ᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ | ᠵᠢᠱᠢᠶ᠎ᠡ ᠦᠵᠡᠭᠦᠯᠬᠦ ᠲᠣᠭᠤᠷᠢᠭ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠦᠨ᠎ᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ | ᠲᠡᠭᠰᠢ ᠪᠣᠯᠭᠠᠬᠤ ᠠᠬᠢᠴᠠ ᠶᠢ ᠲᠦᠷᠭᠡᠳᠬᠡᠵᠦ᠂ ᠨᠣᠮ ᠤᠨ ᠰᠠᠩ᠂ ᠰᠣᠶᠣᠯ ᠤᠨ ᠣᠷᠳᠣᠨ ᠤ ᠶᠡᠷᠦᠩᠬᠡᠢ ᠬᠤᠪᠢᠶᠠᠷᠢ ᠣᠷᠳᠣᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ᠃ ᠰᠣᠶᠣᠯ ᠵᠢᠭᠤᠯᠴᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢ ᠡᠬᠢᠯᠡᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠵᠡᠷᠭᠡ ᠭᠤᠤᠯ ᠰᠡᠳᠦᠪ ᠤᠨ ᠲᠣᠭᠤᠷᠢᠨ ᠳᠤ᠂ ᠤᠳᠬ᠎ᠠ ᠤᠷᠠᠯᠢᠭ ᠤᠨ ᠵᠣᠬᠢᠶᠠᠨ | ᠪᠦᠲᠦᠭᠡᠯᠭᠡ ᠪᠠ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠦ ᠤᠬᠠᠭᠤᠯᠤᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠭᠡᠮ ᠤᠨ ᠬᠥᠷᠥᠩᠭᠡ ᠶᠢᠨ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ | ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠤ ᠦᠶᠯᠡᠰ ᠤᠨ ᠲᠠᠰ ᠳᠡᠪᠰᠢᠬᠦ ᠶᠢ | ᠠᠬᠢᠭᠤᠯᠤᠨ᠎ᠠ᠃ | ᠨᠡᠶᠢᠭᠡᠮ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠵᠢᠭᠦᠯᠭᠡ ᠶᠢ ᠭᠦᠨᠵᠡᠭᠡᠶ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠣᠨ ᠤ ᠠᠵᠢᠯᠯᠠᠭ᠎ᠠ ᠶᠢ ᠥᠷᠨᠢᠭᠦᠯᠦᠨ᠎ᠡ᠃ ᠨᠡᠶᠢᠭᠡᠮ ᠤᠨ ᠠᠰᠠᠷᠠᠮᠵᠢ᠂ ᠨᠢᠭᠦᠯᠡᠰᠦᠩᠭᠦᠶ ᠶᠢᠨ ᠦᠶᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠦᠭᠡᠮᠡᠯ | ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠠᠵᠤ ᠦᠶᠯᠡᠰ ᠢ ᠶᠡᠬᠡᠪᠡᠷ ᠬᠥᠭᠵᠢᠭᠦᠯᠦᠨ᠂ ᠵᠡᠮᠳᠡᠭᠴᠦᠳ ᠢ ᠬᠠᠯᠠᠮᠵᠢᠯᠠᠨ ᠲᠡᠳᠬᠦᠬᠦ ᠠᠵᠢᠯ ᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠪᠠᠲᠤᠯᠠᠭ᠎ᠠ ᠶᠢᠨ ᠲᠥᠷᠥ | ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠡᠮᠴᠢᠯᠡᠭᠡᠨ ᠤ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ | ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠬᠢ ᠪᠠᠶᠠᠯᠢᠭ ᠢ ᠬᠦᠴᠦᠯᠡᠨ ᠠᠭᠤᠳᠠᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ | ᠱᠤᠭᠤᠮ ᠢ ᠪᠠᠲᠤ ᠰᠠᠬᠢᠨ᠎ᠠ᠃ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ | ᠪᠣᠳᠠᠲᠠᠢ ᠠᠳᠬᠤᠨ ᠨᠠᠷᠢᠯᠢᠭ ᠠᠳᠬᠤᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ | ᠰᠡᠷᠭᠡᠶᠢᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠥᠮᠦᠰ ᠤᠨ | ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ︾ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠲᠠ ᠴᠢᠩᠭ᠎ᠠ | ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠲᠥᠷᠥᠯ ᠤᠨ ᠥᠷᠢ ᠥᠭᠴᠡᠭᠡ ᠶᠢᠨ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 49.5 ᠳ᠋ᠦᠩᠰᠢᠭᠤᠷ ᠲᠥᠭᠦᠷᠢᠭ | ᠰᠢᠢᠳᠪᠦᠷᠢᠯᠡᠬᠦ ᠪᠠᠷ ᠴᠢᠷᠮᠠᠶᠢᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ︽ᠠᠮᠤᠭᠤᠯᠠᠩ ᠳ᠋ᠦᠩᠱᠧᠩ︾ ᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠲᠥᠯᠥᠭᠡᠯᠡᠭᠴᠢᠳ ᠡ᠂ 2021 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠲᠠᠭᠤ ᠪᠡᠷᠬᠡ᠂ | ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂ ᠪᠢᠳᠡ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ ᠳᠣᠤᠷ᠎ᠠ᠂ ᠰᠠᠬᠢᠨ ᠪᠡᠷᠡᠯᠡᠵᠦ | ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠵᠠᠮ ᠨᠡᠭᠡᠭᠡᠨ ᠤᠷᠤᠭᠰᠢᠯᠠᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠳ᠋ᠦᠩᠱᠧᠩ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠴᠢᠷᠮᠠᠶᠢᠨ ᠡᠬᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠪᠠᠷ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠰᠠᠶᠢᠨ ᠡᠬᠢᠯᠡᠯᠲᠡ ᠪᠣᠯᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ | 100 ᠵᠢᠯ ᠤᠨ ᠣᠶ ᠶᠢ ᠤᠭᠲᠤᠶ᠎ᠠ᠃ | | | | |