ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 2020 ᠣᠨ ᠤ ᠲᠥᠰᠦᠪ ᠢ ᠭᠦᠶᠴᠡᠳᠬᠡᠭᠰᠡᠨ ᠪᠠᠶᠢᠳᠠᠯ ᠪᠠ 2021 ᠣᠨ ᠤ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2021/7/9
           — 2021 ᠣᠨ ᠤ 3 ᠳ᠋ᠤᠭᠠᠷ ᠰᠠᠷ᠎ᠠ ᠶᠢᠨ 30 ᠤ ᠡᠳᠦᠷ ᠣᠷᠳᠣᠰ ᠬᠤᠲᠠ ᠶᠢᠨ                 ᠳ᠋ᠦᠩᠱᠧᠩ    ᠲᠣᠭᠤᠷᠢᠭ ᠤᠨ   ᠶᠢᠰᠦᠳᠦᠭᠡᠷ  ᠬᠤᠭᠤᠴᠠᠭᠠᠨ ᠤ   ᠠᠷᠠᠳ ᠤᠨ                 ᠲᠥᠯᠥᠭᠡᠯᠡᠭᠴᠢᠳ ᠤᠨ   ᠶᠡᠭᠡ  ᠬᠤᠷᠠᠯ ᠤᠨ   ᠲᠠᠪᠤᠳᠤᠭᠠᠷ   ᠬᠤᠷᠠᠯ  ᠳᠡᠭᠡᠷ᠎ᠡ                       ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠᠲᠥᠯᠥᠭᠡᠯᠡᠭᠴᠢᠳ ᠡ᠄     ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠭᠡ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 2020 ᠣᠨ ᠤ ᠲᠥᠰᠦᠪ ᠢ ᠭᠦᠶᠴᠡᠳᠬᠡᠭᠰᠡᠨ ᠪᠠᠶᠢᠳᠠᠯ ᠪᠠ 2021 ᠣᠨ ᠤ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ︾ ᠶᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠦᠪᠯᠡᠬᠦᠯᠦᠶ᠎ᠡ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠰᠤᠯᠠ ᠣᠷᠣᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃      ᠨᠢᠭᠡ᠂ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ         2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠪᠣᠯᠤᠨ᠎ᠠ᠂ ᠪᠠᠰᠠ  ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠤᠳᠤᠯᠢᠶᠠᠨᠲᠠᠶ ᠬᠤᠪᠢᠷᠠᠯᠲᠠ ᠶᠡᠬᠡᠲᠡᠶ ᠠᠵᠤ ᠠᠬᠤᠶ ᠶᠢᠨ ᠪᠠᠶᠢᠳᠠᠯ ᠤᠨ ᠡᠮᠦᠨ᠎ᠡ᠂ ᠥᠭᠡᠷᠡᠴᠢᠯᠡᠯᠲᠡ ᠬᠥᠭᠵᠢᠯᠲᠡ ᠶᠢᠨ ᠲᠣᠭᠲᠠᠭᠤᠨ ᠤ ᠬᠠᠲᠠᠭᠤ ᠪᠡᠷᠬᠡ ᠬᠦᠨᠳᠦ ᠨᠦᠰᠡᠷ ᠡᠭᠦᠷᠭᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠳᠣᠤᠷ᠎ᠠ᠂ ᠡᠳ᠋ ᠤᠨ ᠵᠠᠰᠠᠭ ᠤᠨ ᠠᠵᠢᠯ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠵᠢᠯᠣᠭᠤᠳᠤᠯᠭ᠎ᠠ ᠳᠣᠤᠷ᠎ᠠ᠂ ᠪᠦᠬᠦ ᠲᠣᠭᠤᠷᠢᠭ ᠤᠨ ᠡᠯ᠎ᠡ ᠲᠠᠯ᠎ᠠ ᠶᠢᠨ ᠬᠦᠴᠦᠲᠡᠶ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠨᠠᠶᠮᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠵᠢᠯ ᠤᠨ ᠡᠬᠢᠨ ᠤ ᠠᠵᠢᠯ ᠤᠨ ᠬᠠᠷᠠᠯᠲᠠ ᠶᠢᠨ ᠲᠤᠭᠤᠷᠢᠨ ᠳᠤ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠦᠯᠦᠪᠵᠢᠭᠦᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ  ᠰᠠᠶᠢᠳᠤᠷ ᠡᠵᠡᠮᠳᠡᠨ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ  ᠰᠠᠶᠢᠳᠤᠷ ᠬᠢᠵᠤ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠪᠥᠬᠦ ᠲᠤᠭᠤᠷᠢᠭ ᠤᠨ ᠡᠳ᠋ ᠤᠨ ᠵᠠᠰᠠᠭ ᠤᠨ ᠠᠵᠢᠯ ᠤᠨ ᠲᠣᠭᠲᠠᠭᠤᠨ ᠢ ᠪᠠᠳᠤᠯᠠᠵᠤ᠂ ᠡᠯ᠎ᠡ ᠵᠦᠶᠯ ᠤᠨ ᠬᠠᠷᠠᠯᠲᠠ ᠡᠭᠦᠷᠭᠡ ᠪᠠᠨ ᠨᠡᠯᠢᠶᠡᠳ ᠠᠮᠵᠢᠯᠳᠠᠳᠠᠢ ᠪᠡᠶᠡᠯᠡᠭᠦᠯᠪᠡ᠃      ︵ᠨᠢᠭᠡ︶ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ      1. ᠡᠩ ᠤᠨ ᠣᠯᠠᠨ ᠨᠡᠶᠢᠲᠡ ᠶᠢᠨ ᠲᠥᠰᠦᠪ᠃ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 54.02 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.83 ᠳ᠋ᠦᠩᠰᠢᠭᠤᠷ ᠲᠥᠭᠦᠷᠢᠭ ᠨᠡᠮᠡᠭᠳᠡᠵᠦ᠂ 14.5 % ᠪᠠᠷ ᠨᠡᠮᠡᠭᠳᠡᠪᠡ᠃ ᠳᠡᠭᠡᠳᠦ ᠱᠠᠲᠤᠨ  ᠤ ᠡᠳ᠋ ᠤᠨ ᠵᠠᠰᠠᠭ ᠤᠨ ᠨᠥᠬᠦᠪᠥᠷᠢ ᠶᠢᠨ ᠣᠷᠣᠯᠭ᠎ᠠ 21.64 ᠳ᠋ᠦᠩᠰᠢᠭᠤᠷ ᠲᠥᠭᠦᠷᠢᠭ᠂ ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠣᠷᠣᠯᠭ᠎ᠠ 20.17 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 59.52 ᠳ᠋ᠦᠩᠰᠢᠭᠤᠷ ᠲᠥᠭᠦᠷᠢᠭ᠂ ᠰᠢᠯᠵᠢᠭᠦᠯᠦᠨ ᠣᠷᠣᠭᠤᠯᠤᠭᠰᠠᠨ ᠲᠥᠰᠦᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ 0.66 ᠳ᠋ᠦᠩᠰᠢᠭᠤᠷ ᠲᠥᠭᠦᠷᠢᠭ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠵᠢᠴᠢ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ  ᠶᠢᠨ ᠲᠥᠰᠦᠪ ᠤᠨ ᠣᠷᠣᠯᠭ᠎ᠠ ᠶᠢ ᠡᠩ ᠤᠨ ᠣᠯᠠᠨ ᠨᠡᠶᠢᠲᠡ ᠶᠢᠨ ᠲᠥᠰᠦᠪ ᠲᠤ 0.5 ᠳ᠋ᠦᠩᠰᠢᠭᠤᠷ ᠲᠥᠭᠦᠷᠢᠭ ᠰᠢᠯᠵᠢᠭᠦᠯᠦᠨ ᠣᠷᠣᠭᠤᠯᠵᠤ᠂ ᠨᠡᠶᠢᠲᠡ ᠣᠷᠣᠯᠭ᠎ᠠ 156.51 ᠳ᠋ᠦᠩᠰᠢᠭᠤᠷ ᠲᠥᠭᠦᠷᠢᠭ ᠲᠤ ᠬᠦᠷᠴᠡᠶ᠃ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 77.74 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6 ᠳ᠋ᠦᠩᠰᠢᠭᠤᠷ ᠲᠥᠭᠦᠷᠢᠭ ᠨᠡᠮᠡᠭᠳᠡᠵᠦ᠂ 8.4 % ᠪᠠᠷ ᠨᠡᠮᠡᠭᠳᠡᠪᠡ᠃ ᠳᠡᠭᠡᠭᠰᠢ ᠲᠤᠰᠢᠶᠠᠬᠤ ᠳᠡᠭᠡᠳᠦ ᠱᠠᠲᠤᠨ ᠤ ᠡᠳ᠋ ᠤᠨ ᠵᠠᠰᠠᠭ ᠤᠨ ᠵᠠᠷᠤᠯᠭ᠎ᠠ 7.39 ᠳ᠋ᠦᠩᠰᠢᠭᠤᠷ ᠲᠥᠭᠦᠷᠢᠭ ᠢ ᠨᠡᠮᠡᠪᠡᠯ᠂ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠥᠭᠴᠡᠭᠡ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ 54.96 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ 2.79 ᠳ᠋ᠦᠩᠰᠢᠭᠤᠷ ᠲᠥᠭᠦᠷᠢᠭ ᠢ ᠨᠡᠶᠢᠯᠡᠬᠦᠯᠪᠡᠯ ᠨᠡᠶᠢᠲᠡ ᠵᠠᠷᠤᠯᠭ᠎ᠠ 142.88 ᠳ᠋ᠦᠩᠰᠢᠭᠤᠷ ᠲᠥᠭᠦᠷᠢᠭ ᠲᠤ ᠬᠦᠷᠴᠡᠢ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 13.63 ᠳ᠋ᠦᠩᠰᠢᠭᠤᠷ ᠲᠥᠭᠦᠷᠢᠭ ᠪᠣᠯᠤᠨ᠎ᠠ᠃      2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ᠃ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ  ᠶᠢᠨ ᠣᠷᠣᠯᠭ᠎ᠠ 8.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.72 ᠳ᠋ᠦᠩᠰᠢᠭᠤᠷ ᠲᠥᠭᠦᠷᠢᠭ ᠨᠡᠮᠡᠭᠳᠡᠨ᠂ 131.7 %  ᠪᠠᠷ ᠨᠡᠮᠡᠭᠳᠡᠪᠡ᠃ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 1.95 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 5.45 ᠳ᠋ᠦᠩᠰᠢᠭᠤᠷ ᠲᠥᠭᠦᠷᠢᠭ᠂ ᠲᠦᠷᠦᠭᠦᠦ ᠵᠢᠯ ᠤᠨ ᠦᠯᠡᠳᠡᠪᠦᠷᠢ ᠶᠢᠨ ᠳ᠋ᠦᠩᠨᠡᠨ ᠰᠢᠯᠵᠢᠭᠦᠯᠦᠭᠰᠡᠨ ᠣᠷᠣᠯᠭ᠎ᠠ 0.84 ᠳ᠋ᠦᠩᠰᠢᠭᠤᠷ ᠲᠥᠭᠦᠷᠢᠭ᠂ ᠨᠡᠶᠢᠲᠡ ᠣᠷᠣᠯᠭ᠎ᠠ 16.54 ᠳ᠋ᠦᠩᠰᠢᠭᠤᠷ ᠲᠥᠭᠦᠷᠢᠭ ᠲᠤ ᠬᠦᠷᠴᠡᠢ᠃ ᠪᠦᠬᠦ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ 15.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 11.7 ᠳ᠋ᠦᠩᠰᠢᠭᠤᠷ ᠲᠥᠭᠦᠷᠢᠭ ᠨᠡᠮᠡᠭᠳᠡᠨ᠂ 336.2 % ᠢᠶᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠪᠡᠯᠡ ᠮᠥᠩᠭᠦ ᠶᠢ 0.38 ᠳ᠋ᠦᠩᠰᠢᠭᠤᠷ ᠲᠥᠭᠦᠷᠢᠭ ᠨᠡᠮᠡᠨ ᠰᠢᠯᠵᠢᠭᠦᠯᠦᠨ ᠭᠠᠷᠭᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠶᠯ ᠤᠨ ᠥᠷᠢ ᠥᠭᠴᠡᠭᠡ ᠶᠢᠨ ᠡᠬᠡ ᠮᠥᠩᠭᠦ ᠶᠢ ᠪᠤᠴᠠᠭᠠᠭᠰᠠᠨ ᠵᠠᠷᠤᠯᠭ᠎ᠠ 527 ᠲᠦᠮᠡᠨ ᠲᠥᠭᠦᠷᠢᠭ᠂  ᠨᠡᠶᠢᠲᠡ‌ᠵᠠᠷᠤᠯᠭ᠎ᠠ 15.61 ᠳ᠋ᠦᠩᠰᠢᠭᠤᠷ ᠲᠥᠭᠦᠷᠢᠭ ᠲᠤ ᠬᠦᠷᠴᠡᠶ᠃ ᠣᠷᠣᠯᠭ᠎ᠠ ᠵᠠᠷᠤᠯᠭ᠎ᠠ  ᠶᠢ ᠲᠤᠯᠭᠠᠵᠤ ᠪᠣᠳᠣᠪᠠᠯ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 0.93 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠭᠠᠯ ᠶᠣᠰᠣᠭᠠᠷ ᠳᠠᠷᠠᠭ᠎ᠠ ᠵᠢᠯ  ᠳᠤ ᠳ᠋ᠦᠩᠨᠡᠨ ᠰᠢᠯᠵᠢᠭᠦᠯᠵᠦ ᠲᠤᠰᠬᠠᠶ ᠵᠦᠶᠯ ᠢᠶᠠᠷ ᠬᠡᠷᠡᠭᠯᠡᠨ᠎ᠡ᠃   3. ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ᠃ ᠪᠦᠬᠦ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ  ᠶᠢᠨ ᠲᠥᠰᠦᠪ ᠤᠨ ᠣᠷᠣᠯᠭ᠎ᠠ 1215 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠳᠦ ᠱᠠᠲᠤᠨ ᠠᠴᠠ ᠨᠦᠬᠦᠪᠦᠷᠢᠯᠡᠭᠰᠡᠨ ᠣᠷᠣᠯᠭ᠎ᠠ 21 ᠲᠦᠮᠡᠨ ᠲᠥᠭᠦᠷᠢᠭ᠂ ᠨᠡᠶᠢᠲᠡ ᠣᠷᠣᠯᠭ᠎ᠠ 1236 ᠲᠦᠮᠡᠨ ᠲᠥᠭᠦᠷᠢᠭ ᠪᠣᠯᠤᠨ᠎ᠠ᠃ ᠪᠦᠬᠦ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ 1215 ᠲᠦᠮᠡᠨ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠭᠦᠯᠦᠨ ᠣᠷᠣᠭᠤᠯᠵᠤ ᠨᠢᠭᠡᠳᠦᠯᠲᠡᠶ ᠲᠥᠯᠥᠪᠯᠡᠨ ᠲᠣᠬᠢᠷᠠᠭᠤᠯᠤᠨ ᠬᠡᠷᠡᠭᠯᠡᠨ᠎ᠡ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 21 ᠲᠦᠮᠡᠨ ᠲᠥᠭᠦᠷᠢᠭ ᠪᠠᠶᠢᠵᠤ᠂ ᠲᠣᠭᠲᠠᠭᠠᠯ ᠶᠣᠰᠣᠭᠠᠷ ᠳᠠᠷᠠᠭ᠎ᠠ ᠵᠢᠯ ᠪᠣᠯᠲᠠᠯ᠎ᠠ ᠳ᠋ᠦᠩᠨᠡᠨ ᠰᠢᠯᠵᠢᠭᠦᠯᠵᠦ ᠲᠤᠰᠬᠠᠶ ᠵᠦᠶᠯ ᠢᠶᠠᠷ ᠬᠡᠷᠡᠭᠯᠡᠨ᠎ᠡ᠃   4. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ᠃ ᠪᠦᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠣᠷᠣᠯᠭ᠎ᠠ 14.54 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ᠄ ᠳᠠᠭᠠᠳᠬᠠᠯ ᠤᠨ ᠰᠦᠶᠳᠬᠡᠯ ᠤᠨ ᠣᠷᠣᠯᠭ᠎ᠠ 11.56 ᠳ᠋ᠦᠩᠰᠢᠭᠤᠷ ᠲᠥᠭᠦᠷᠢᠭ᠂ ᠬᠦᠦ ᠮᠥᠩᠭᠦ ᠶᠢᠨ ᠣᠷᠣᠯᠭ᠎ᠠ 0.24 ᠳ᠋ᠦᠩᠰᠢᠭᠤᠷ ᠲᠥᠭᠦᠷᠢᠭ᠂ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠣᠷᠣᠯᠭ᠎ᠠ 2.7 ᠳ᠋ᠦᠩᠰᠢᠭᠤᠷ ᠲᠥᠭᠦᠷᠢᠭ᠂ ᠰᠢᠯᠵᠢᠭᠦᠯᠦᠭᠰᠡᠨ ᠣᠷᠣᠯᠭ᠎ᠠ 200 ᠲᠦᠮᠡᠨ ᠲᠥᠭᠦᠷᠢᠭ᠂ ᠪᠤᠰᠤᠳ ᠣᠷᠣᠯᠭ᠎ᠠ 232 ᠲᠦᠮᠡᠨ ᠲᠥᠭᠦᠷᠢᠭ ᠪᠣᠯᠤᠨ᠎ᠠ᠃ ᠲᠤᠭᠤᠷᠢᠭ ᠤᠨ ᠨᠡᠶᠢᠭᠡᠮ ᠤᠨ ᠳᠠᠭᠠᠳᠬᠠᠯ  ᠤᠨ ᠰᠠᠭᠤᠷᠢ ᠮᠥᠩᠭᠦ ᠶᠢᠨ ᠶᠡᠷᠦᠩᠬᠡᠶ ᠵᠠᠷᠤᠯᠭ᠎ᠠ 10.12 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠵᠠᠷᠤᠯᠭ᠎ᠠ 9.92 ᠳ᠋ᠦᠩᠰᠢᠭᠤᠷ ᠲᠥᠭᠦᠷᠢᠭ᠂ ᠨᠠᠰᠤᠵᠢᠯ ᠤᠨ ᠳᠠᠭᠠᠳᠬᠠᠯ ᠤᠨ ᠰᠢᠯᠵᠢᠭᠦᠯᠦᠨ ᠦᠭᠬᠦᠭᠰᠡᠨ ᠵᠠᠷᠤᠯᠭ᠎ᠠ 0.14 ᠳ᠋ᠦᠩᠰᠢᠭᠤᠷ ᠲᠥᠭᠦᠷᠢᠭ᠂ ᠳᠡᠭᠡᠭᠰᠢ ᠲᠤᠰᠢᠶᠠᠭᠰᠠᠨ ᠳᠡᠭᠡᠳᠦ ᠱᠠᠲᠤᠨ ᠤ ᠵᠠᠷᠤᠯᠭ᠎ᠠ 274 ᠲᠦᠮᠡᠨ ᠲᠥᠭᠦᠷᠢᠭ᠂ ᠪᠤᠰᠤᠳ ᠵᠠᠷᠤᠯᠭ᠎ᠠ 372 ᠲᠦᠮᠡᠨ ᠲᠥᠭᠦᠷᠢᠭ ᠪᠣᠯᠤᠨ᠎ᠠ᠃ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 4.42 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 70.97 ᠳ᠋ᠦᠩᠰᠢᠭᠤᠷ ᠲᠥᠭᠦᠷᠢᠭ ᠲᠤ ᠬᠦᠷᠴᠡᠢ᠃    ᠳᠡᠭᠡᠷᠡᠬᠢ ᠲᠤᠭ᠎ᠠ ᠪᠠᠷᠢᠮᠲᠠ ᠨᠢ ᠴᠥᠮ ᠡᠳ᠋ ᠤᠨ ᠵᠠᠰᠠᠭ ᠤᠨ 2020 ᠣᠨ ᠤ 12 ᠳ᠋ᠤᠭᠠᠷ ᠰᠠᠷ᠎ᠠ ᠶᠢᠨ ᠮᠡᠳᠡᠭᠦᠯᠦᠭᠰᠡᠨ ᠲᠤᠭ᠎ᠠ ᠠᠴᠠ ᠢᠷᠡᠯᠲᠡ ᠲᠠᠢ ᠪᠠᠶᠢᠵᠤ᠂ ᠵᠢᠩᠬᠢᠨᠢ ᠲᠥᠰᠦᠪ ᠤᠨ ᠭᠦᠶᠴᠡᠳᠬᠡᠯ ᠤᠨ ᠲᠤᠭ᠎ᠠ ᠶᠢ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠴᠣᠬᠤᠯᠠᠪᠤᠷᠢᠯᠠᠭᠰᠠᠨ ᠤ ᠳᠠᠷᠠᠭ᠎ᠠ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ ᠳᠤ ᠠᠰ ᠲᠤᠨᠢ ᠮᠡᠳᠡᠭᠦᠯᠦᠨ᠎ᠡ᠃    ︵ᠬᠤᠶᠠᠷ︶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠰᠢᠶᠳᠪᠦᠷᠢ  ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠃    1. ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠳᠤᠯᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠭᠦᠨᠵᠡᠭᠡᠢ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ  ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤᠯᠠᠭ᠎ᠠ ᠶᠢᠨ ᠪᠡᠯᠡ ᠮᠥᠩᠭᠦ ᠪᠣᠯᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠪᠦᠬᠦ ᠬᠦᠴᠦ ᠪᠠᠷ ᠢᠶᠠᠨ ᠲᠡᠮᠵᠢᠪᠡ᠃ ᠵᠢᠯ ᠤᠨ ᠡᠬᠢᠨ ᠳᠤ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠰᠢᠯᠵᠢᠭᠦᠯᠦᠨ ᠥᠭᠬᠦ ᠰᠠᠭᠠᠳ ᠥᠬᠡᠶ ᠨᠡᠪᠲᠡᠷᠡᠬᠦ ᠵᠠᠮ ᠢ ᠢᠳᠡᠪᠬᠢᠲᠡᠶ ᠨᠡᠭᠡᠭᠡᠵᠦ᠂ ᠪᠥᠬᠦ ᠵᠢᠯ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢ ᠨᠡᠶᠢᠲᠡ 2.47 ᠳ᠋ᠦᠩᠰᠢᠭᠤᠷ ᠲᠥᠭᠦᠷᠢᠭ ᠣᠷᠣᠭᠤᠯᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠬᠤᠳᠠᠯᠳᠤᠨ ᠠᠪᠬᠤ᠂ ᠡᠪᠡᠳᠴᠢᠲᠡᠨ ᠢ ᠡᠮᠴᠢᠯᠡᠭᠡ ᠪᠠᠷ ᠠᠪᠤᠷᠠᠨ ᠲᠤᠰᠠᠯᠠᠬᠤ᠂ ᠡᠮᠨᠡᠯᠭᠡ ᠶᠢᠨ ᠠᠵᠢᠯᠲᠠᠨ ᠤ ᠨᠥᠬᠦᠪᠥᠷᠢ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠵᠡᠷᠭᠡ ᠠᠵᠢᠯ ᠳᠤ ᠪᠠᠲᠤ ᠪᠠᠬᠢ ᠪᠠᠯᠠ ᠮᠥᠩᠭᠦ ᠶᠢᠨ ᠪᠠᠲᠤᠯᠠᠭ᠎ᠠ ᠬᠠᠩᠭᠠᠭᠰᠠᠨ ᠤ ᠬᠠᠮᠲᠤ 164 ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠷ ᠤᠨ ᠲᠦᠷᠢᠶᠡᠰᠦ ᠶᠢ 173 ᠲᠦᠮᠡᠨ ᠲᠥᠭᠦᠷᠢᠭ ᠬᠠᠰᠤᠵᠤ ᠬᠡᠯᠳᠦᠷᠢᠬᠦᠯᠦᠨ᠂ ᠪᠠᠭ᠎ᠠ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠲᠡᠳᠬᠦᠵᠦ ᠬᠦᠴᠢᠷ ᠢ ᠳᠤᠭᠤᠯᠪᠠ᠃    2. ᠣᠷᠣᠯᠭ᠎ᠠ ᠶᠢᠨ ᠬᠠᠮᠢᠶᠠᠷᠤᠯᠲᠠ ᠶᠢ ᠬᠦᠴᠦᠲᠡᠶ ᠠᠳᠬᠤᠵᠤ᠂ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠪᠠ᠃ ᠨᠢᠭᠡ  ᠳᠤ᠂ ᠣᠷᠣᠯᠭ᠎ᠠ ᠶᠢ ᠵᠣᠬᠢᠶᠠᠨ ᠪᠠᠶᠢᠭᠤᠯᠬᠤ ᠠᠵᠢᠯ ᠢ ᠴᠢᠩᠭ᠎ᠠ ᠪᠥᠭᠡᠳ ᠪᠣᠳᠠᠲᠠᠶ ᠠᠳᠬᠤᠵᠤ᠂ ᠣᠷᠣᠯᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠣᠷᠣᠯᠭ᠎ᠠ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠲᠠᠲᠠᠪᠤᠷᠢᠯᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠂ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠬᠤ ᠶᠢ ᠪᠠᠷᠢᠮᠲᠠᠯᠠᠵᠤ᠂ ᠪᠥᠬᠦ ᠵᠢᠯ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 14.5 % ᠪᠠᠷ ᠨᠡᠮᠡᠭᠳᠡᠪᠡ᠃ ᠬᠤᠶᠠᠷ ᠲᠤ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢ ᠬᠢᠨᠠᠨ ᠡᠵᠡᠮᠳᠡᠬᠦ  ᠪᠠᠨ ᠦᠷᠭᠦᠯᠵᠢᠯᠡᠨ ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ ᠵᠦᠶᠯ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠭᠠᠶᠢᠯᠢ ᠶᠢᠨ ᠲᠥᠷᠥᠯ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠬᠦᠷᠢᠶᠡᠨ ᠳᠠᠬᠢ ᠭᠠᠶᠢᠯᠢ ᠲᠠᠲᠠᠪᠤᠷᠢ ᠶᠢᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠭᠤᠤᠯᠳᠠᠯᠭ᠎ᠠ ᠲᠠᠢ ᠬᠦᠷᠢᠶᠡᠨ ᠳᠠᠬᠢ ᠪᠥᠬᠦ ᠲᠤᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠶᠢᠨ ᠣᠷᠣᠯᠭ᠎ᠠ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠭᠠᠶᠢᠯᠢ ᠲᠠᠲᠠᠪᠤᠷᠢ ᠶᠢᠨ ᠣᠷᠣᠯᠭ᠎ᠠ ᠶᠢ 42.07 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠭᠤᠷᠪᠠ ᠳᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠶᠡᠷᠦᠩᠬᠡᠶᠢᠯᠡᠨ ᠵᠠᠰᠠᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠵᠢᠴᠢ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠲᠠᠢ ᠤᠶᠠᠯᠳᠤᠭᠤᠯᠤᠨ᠂ ᠡᠬᠢ ᠪᠠᠶᠠᠯᠢᠭ  ᠤᠨ ᠭᠠᠶᠢᠯᠢ᠂ ᠭᠡᠷ ᠬᠦᠷᠦᠩᠭᠡ ᠶᠢᠨ ᠭᠠᠶᠢᠯᠢ᠂ ᠲᠡᠮᠳᠡᠭᠲᠦ ᠶᠢᠨ ᠭᠠᠶᠢᠯᠢ᠂ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ᠂ ᠲᠣᠷᠭᠠᠵᠤ ᠬᠤᠷᠢᠶᠠᠭᠰᠠᠨ ᠣᠷᠣᠯᠭ᠎ᠠ ᠵᠡᠷᠭᠡ ᠡᠯ᠎ᠡ ᠲᠦᠷᠦᠯ ᠤᠨ ᠭᠠᠶᠢᠯᠢ ᠰᠦᠢᠳᠬᠡᠯ ᠢ ᠢᠯᠭᠠᠷᠠᠭᠤᠯᠤᠨ ᠲᠤᠰᠢᠶᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠪᠦᠬᠦ ᠵᠢᠯ ᠳᠤ ᠡᠯ᠎ᠡ ᠲᠦᠷᠦᠯ ᠤᠨ ᠭᠠᠶᠢᠯᠢ ᠰᠦᠢᠳᠬᠡᠯ ᠢ ᠢᠯᠭᠠᠷᠠᠭᠤᠯᠤᠨ ᠲᠤᠰᠢᠶᠠᠬᠤ ᠳᠠᠭᠠᠨ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 9.6 ᠳ᠋ᠦᠩᠰᠢᠭᠤᠷ ᠲᠥᠭᠦᠷᠢᠭ ᠪᠡᠶᠡᠯᠡᠭᠦᠯᠪᠡ᠃    3. ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ ᠃ ᠨᠢᠭᠡ ᠳᠤ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ ᠦᠶᠯᠡᠰ᠂ ᠢᠯᠠᠩᠭᠤᠶ᠎ᠠ ᠴᠢ ᠷᠦᠢ᠂ ᠵᠢᠩ ᠳ᠋ᠦᠩ ᠹᠠᠩ ᠢᠶᠠᠷ ᠲᠥᠯᠥᠭᠡᠯᠡᠭᠦᠯᠦᠭᠰᠡᠨ ᠬᠥᠲᠥᠴᠢ ᠠᠵᠤ ᠠᠬᠤᠶᠢᠯᠠᠯ ᠢ ᠶᠡᠬᠡᠪᠡᠷ ᠳᠡᠮᠵᠢᠵᠦ᠂ ᠪᠥᠬᠦ ᠵᠢᠯ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠡᠯ᠎ᠡ ᠲᠥᠷᠥᠯ ᠤᠨ ᠲᠡᠳᠬᠦᠮᠵᠢ ᠶᠢᠨ ᠪᠠᠯᠠ ᠮᠥᠩᠭᠦ  ᠶᠢ 1530 ᠲᠦᠮᠡᠨ ᠲᠥᠭᠦᠷᠢᠭ ᠰᠠᠯᠭᠠᠨ ᠥᠭᠴᠦ᠂ ᠲᠣᠨᠤᠭ ᠲᠥᠬᠦᠭᠡᠷᠦᠮᠵᠢ ᠦᠶᠯᠡᠳᠬᠦ ᠦᠶᠯᠡᠰ ᠤᠨ ᠦᠶᠯᠡᠳᠪᠦᠷᠢᠯᠡᠯ ᠤᠨ ᠬᠡᠪᠴᠢᠶ᠎ᠡ ᠪᠠ ᠵᠠᠬ᠎ᠠ ᠳᠡᠯᠭᠡᠭᠦᠷ ᠡᠵᠡᠯᠡᠬᠦ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠤᠶᠠᠷ ᠲᠤ᠂ ᠤᠯᠠᠮᠵᠢᠯᠠᠯᠲᠤ ᠳᠠᠪᠠᠭᠤᠯᠢᠭ ᠠᠵᠤ ᠠᠬᠤᠶᠢᠯᠠᠯ ᠤᠨ ᠪᠣᠬᠢᠷᠲᠤᠯ ᠦᠭᠡᠶ ᠦᠢᠯᠡᠳᠬᠦ ᠪᠠ ᠣᠶᠤᠨᠴᠢ ᠦᠢᠯᠡᠳᠬᠦ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠦ᠂ ᠨᠣᠯᠤᠤᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠦᠨ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ  ︵ᠣᠷᠳᠣᠰ  ︶ ᠤᠨ ᠣᠯᠠᠨ ᠤᠯᠤᠰ ᠤᠨ ᠨᠣᠯᠤᠤᠷ ᠤᠨ ᠦᠵᠡᠰᠬᠦᠯᠡᠩ ᠢ ᠠᠮᠵᠢᠯᠲᠠ  ᠲᠠᠢ ᠡᠷᠬᠢᠯᠡᠪᠡ︔ ᠨᠡᠭᠦᠷᠡᠰᠦᠨ ᠤ ᠠᠵᠤ ᠦᠶᠯᠡᠰ ᠤᠨ ᠪᠣᠬᠢᠷᠲᠤᠯ ᠥᠬᠡᠶ᠂ ᠤᠶᠤᠨᠴᠢᠯᠠᠭᠰᠠᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠪᠠ᠃ ᠭᠤᠷᠪᠠ ᠳᠤ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠰᠢᠨ᠎ᠡ ᠬᠡᠯᠪᠡᠷᠢ ᠶᠢᠨ ᠡᠳ᠋ ᠤᠨ ᠢᠷᠡᠯᠲᠡ ᠶᠢ ᠪᠤᠶᠢᠵᠢᠭᠤᠯᠪᠠ᠃    4. ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠤᠢᠭᠡᠢ ᠰᠢᠯᠢᠳᠡᠭᠵᠢᠭᠦᠯᠵᠦ᠂  ︽ᠵᠢᠷᠭᠤᠭ᠎ᠠ ᠶᠢ ᠪᠠᠲᠤᠯᠠᠬᠤ  ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠭᠤᠯᠪᠠ᠃ ᠪᠥᠬᠦ ᠵᠢᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠣᠷᠣᠭᠤᠯᠤᠯᠲᠠ 32.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.16 ᠳ᠋ᠦᠩᠰᠢᠭᠤᠷ ᠲᠥᠭᠦᠷᠢᠭ ᠨᠡᠮᠡᠭᠳᠡᠨ᠂ 14.8 % ᠳᠤ  ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 41.6 % ᠶᠢ ᠡᠵᠡᠯᠡᠪᠡ᠃ ᠨᠢᠭᠡ ᠳᠤ 13.97 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ ᠶᠢ ᠲᠦᠷᠭᠡᠳᠬᠡᠨ ᠠᠬᠢᠭᠤᠯᠪᠠ᠃ ᠪᠥᠬᠦ ᠵᠢᠯ ᠳᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ 11 ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 484 ᠨᠡᠷ᠎ᠡ ᠰᠢᠯᠢᠳᠡᠭ ᠪᠠᠭᠰᠢ ᠶᠢ ᠢᠯᠡ ᠪᠠᠷ ᠰᠣᠩᠭᠤᠨ ᠤᠷᠢᠬᠤ ᠪᠠ ᠣᠷᠣᠭᠤᠯᠤᠨ ᠠᠪᠴᠢᠷᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ 16 ᠶᠢ ᠰᠢᠨ᠎ᠡ ᠪᠠᠷ ᠮᠠᠭᠠᠳᠯᠠᠨ ᠲᠣᠭᠲᠠᠭᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠠᠩ ᠲᠡᠩᠴᠡᠭᠦᠷᠢᠲᠡᠶ ᠪᠣᠯᠭᠠᠪᠠ᠃ ᠬᠤᠶᠠᠷ ᠲᠤ᠂ ᠨᠡᠶᠢᠭᠡᠮ ᠤᠨ ᠦᠨᠳᠦᠰᠦᠨ ᠵᠦᠶᠯ ᠢ ᠪᠠᠲᠤᠯᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠣᠨᠢᠨ ᠳᠡᠭᠡᠷ᠎ᠡ ᠨᠢ ᠠᠪᠤᠷᠠᠨ ᠲᠤᠰᠠᠯᠠᠬᠤ ᠶᠢ ᠠᠬᠢᠭᠤᠯᠵᠤ᠂ 1.62 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 17 % ᠪᠠ 8.9 % ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠲᠣᠰ ᠲᠣᠰ 36.4 % ᠪᠠ 7. 6 % ᠪᠠᠷ ᠳᠡᠭᠡᠭᠰᠢᠯᠡᠭᠦᠯᠵᠦ ᠂ ᠬᠠᠤᠯᠢ ᠪᠠᠷ ᠲᠣᠭᠲᠠᠭᠠᠭᠰᠠᠨ ᠬᠥᠮᠦᠰ ᠤᠨ ᠪᠠᠲᠤᠯᠠᠭ᠎ᠠ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ 4.72 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠢᠴᠢ ᠠᠵᠤ ᠠᠬᠤᠶᠢᠯᠠᠯ ᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠴᠠᠯᠢᠩ ᠢ ᠲᠤᠭ᠎ᠠ ᠶᠣᠰᠣᠭᠠᠷ ᠭᠦᠢᠴᠡᠳ ᠥᠭᠬᠦ ᠶᠢ ᠪᠠᠲᠤᠯᠠᠪᠠ᠃ ᠪᠥᠬᠦ ᠵᠢᠯ ᠳᠤ ᠦᠶᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠪᠠ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ 4660 ᠲᠦᠮᠡᠨ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢ ᠬᠠᠮᠤᠷᠤᠭᠰᠠᠨ ᠠᠵᠢᠯ ᠣᠯᠭᠤᠬᠤ᠂ ᠦᠶᠯᠡᠰ ᠴᠣᠭᠴᠠᠯᠠᠬᠤ ᠦᠶᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠪᠡ᠃ ᠭᠤᠷᠪᠠ ᠳᠤ᠂ ︽ᠡᠷᠡᠭᠦᠯ ᠮᠡᠨᠳᠦ ᠶᠢᠨ ᠳ᠋ᠦᠩᠱᠧᠩ ᠤᠨ ᠠᠵᠢᠯᠯᠠᠭ᠎ᠠ︾ ᠶᠢ ᠭᠦᠨᠵᠡᠭᠡᠶ ᠦᠷᠨᠢᠬᠦᠯᠵᠦ᠂ 3.96 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠤᠷᠰᠢᠯᠲᠠ ᠶᠢᠨ ᠲᠠᠰᠤᠭ᠂ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠪᠡᠯᠡᠳᠬᠡᠯ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠬᠢᠷᠢ ᠲᠦᠪᠰᠢᠨ ᠤ ᠶᠡᠭᠡ ᠪᠠᠷ ᠳᠡᠭᠡᠭᠰᠢᠯᠡᠬᠦ ᠶᠢ ᠳᠡᠮᠵᠢᠪᠡ᠃ ᠳᠥᠷᠪᠡ ᠳᠤ᠂ ᠰᠢᠷ᠎ᠠ ᠪᠤᠷᠴᠠᠭ ᠲᠥᠮᠥᠰᠥ ᠶᠢᠨ ᠦᠶᠯᠡᠳᠪᠦᠷᠢᠯᠡᠯ ᠤᠨ ᠨᠥᠬᠦᠪᠥᠷᠢ ᠵᠢᠴᠢ ᠣᠷᠣᠨ ᠨᠤᠲᠤᠭ ᠤᠨ ᠨᠥᠭᠡᠴᠡ ᠠᠮᠤ ᠪᠤᠳᠠᠭᠠᠨ ᠤ ᠬᠦᠦ ᠮᠥᠩᠭᠦ ᠶᠢᠨ ᠵᠠᠷᠤᠳᠠᠯ ᠢ 308 ᠲᠦᠮᠡᠨ ᠲᠥᠭᠦᠷᠢᠭ ᠣᠯᠭᠤᠵᠤ᠂ ᠠᠵᠤ ᠦᠶᠯᠡᠰ ᠤᠨ ᠬᠡᠯᠬᠢᠶ᠎ᠡ  ᠶᠢᠨ ᠬᠠᠩᠭᠠᠯᠭ᠎ᠠ ᠲᠣᠭᠲᠠᠭᠤᠨ ᠪᠠᠶᠢᠬᠤ ᠪᠠ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠦᠨᠡᠨ ᠬᠦ ᠪᠠᠳᠤᠯᠠᠪᠠ᠃ ᠲᠠᠪᠤ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠨᠡᠶᠢᠲᠡ 4.3 ᠳ᠋ᠦᠩᠰᠢᠭᠤᠷ ᠲᠥᠭᠦᠷᠢᠭ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠭᠦᠢᠴᠡᠳ ᠬᠥᠭᠵᠢᠭᠡᠪᠡ᠃ ᠵᠢᠷᠭᠤᠭ᠎ᠠ ᠳᠤ᠂ ᠡᠯ᠎ᠡ ᠲᠥᠷᠥᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢ 10.95 ᠳ᠋ᠦᠩᠰᠢᠭᠤᠷ ᠲᠥᠭᠦᠷᠢᠭ ᠡᠷᠡᠮᠡᠯᠵᠡᠯᠡᠨ ᠣᠯᠵᠤ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠭᠤᠣᠯᠳᠠᠯᠭ᠎ᠠ ᠲᠠᠢ ᠵᠠᠷᠤᠯᠭ᠎ᠠ ᠶᠢ ᠡᠷᠡᠰ ᠨᠠᠶᠢᠳᠠᠪᠤᠷᠢᠵᠢᠭᠤᠯᠪᠠ᠃    5. ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠶ ᠠᠬᠢᠬᠤ  ᠶᠢ ᠪᠠᠳᠤᠯᠠᠪᠠ᠃ ᠨᠢᠭᠡ ᠳᠤ᠂ 10.41 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠤᠲᠠ ᠶᠢᠨ ᠣᠯᠠᠨ ᠨᠡᠶᠢᠲᠡ ᠶᠢᠨ ᠲᠥᠬᠦᠭᠡᠷᠦᠮᠵᠢ ᠶᠢ ᠦᠷᠭᠦᠯᠵᠢᠯᠡᠨ ᠰᠠᠢᠵᠢᠷᠠᠭᠤᠯᠵᠤ᠂ ᠬᠠᠭᠤᠴᠢᠨ ᠰᠠᠭᠤᠭᠠᠯᠢ ᠲᠣᠭᠤᠷᠢᠭ ᠪᠠ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠢ ᠳᠠᠮᠵᠢᠵᠤ᠂ ᠠᠮᠢᠳᠤᠷᠠᠯ ᠤᠨ ᠬᠤᠭ ᠨᠣᠪᠰᠢ ᠶᠢ ᠲᠥᠷᠦᠯ ᠬᠤᠪᠢᠶᠠᠨ ᠰᠢᠢᠳᠪᠦᠷᠢᠯᠡᠬᠦ ᠶᠢ ᠲᠣᠭᠲᠠᠭᠤᠨ ᠢᠶᠠᠷ ᠠᠬᠢᠭᠤᠯᠵᠤ᠂ ᠬᠤᠲᠠ ᠶᠢᠨ ᠴᠢᠳᠠᠮᠵᠢ ᠶᠢᠨ ᠢᠵᠢ ᠪᠦᠷᠢᠳᠦᠭᠦᠯᠬᠦ ᠬᠢᠷᠢ ᠲᠦᠪᠰᠢᠨ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠪᠡ᠃ ᠬᠤᠶᠠᠷ ᠲᠤ᠂ 972 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠤᠯᠤᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠤᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠤᠯᠤᠰ ᠤᠨ ᠪᠣᠯᠪᠠᠰᠤᠨ ᠬᠤᠲᠠ ᠶᠢᠨ ᠳᠠᠬᠢᠨ ᠬᠢᠨᠠᠨ ᠦᠨᠡᠯᠡᠯᠲᠡ ᠳᠤ ᠤᠷᠤᠭᠰᠢᠲᠠᠶ ᠬᠢᠷᠢ ᠲᠡᠩᠴᠡᠵᠦ᠂ ᠬᠤᠲᠠ ᠶᠢᠨ ᠰᠠᠭᠤᠷᠢᠰᠢᠬᠤ ᠳᠤ ᠲᠣᠬᠢᠷᠠᠮᠵᠢᠲᠠᠶ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠭᠤᠷᠪᠠ ᠳᠤ᠂ 0.69 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠳᠡᠮᠵᠢᠬᠦ ᠲᠦᠷᠦᠯ ᠵᠦᠢᠯ ᠢ ᠪᠦᠬᠦ ᠲᠠᠯ᠎ᠠ  ᠪᠠᠷ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠢᠶᠠᠷᠤᠨ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠶᠡᠭᠡ ᠪᠠᠷ ᠠᠬᠢᠭᠤᠯᠪᠠ᠃ ᠳᠥᠷᠪᠡ ᠳᠤ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ᠂ ᠬᠢᠵᠢᠭ ᠲᠠᠢ ᠲᠡᠮᠡᠴᠡᠬᠦ ᠤᠯᠤᠰ ᠤᠨ ᠣᠨᠴᠠᠭᠠᠶ ᠵᠢᠭᠡᠯᠡᠯᠭᠡ ᠵᠡᠷᠭᠡ ᠡᠯ᠎ᠡ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 11.77 ᠳ᠋ᠦᠩᠰᠢᠭᠤᠷ ᠲᠥᠭᠦᠷᠢᠭ ᠣᠯᠵᠤ᠂ ᠡᠮᠴᠢᠯᠡᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠬᠦᠷᠢᠶᠡᠯᠡᠩ ᠲᠣᠭᠤᠷᠢᠭ ᠪᠠ ᠬᠤᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠤᠨ ᠪᠠᠯᠠ ᠮᠥᠩᠭᠦ  ᠶᠢᠨ ᠪᠠᠲᠤᠯᠠᠭ᠎ᠠ ᠶᠢ ᠦᠨᠡᠨ ᠬᠦ ᠪᠠᠲᠤᠯᠠᠪᠠ᠃     6. ᠴᠢᠨᠠᠷ ᠰᠠᠶᠢᠲᠠᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂  ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ  ︾ ᠢ ᠡᠷᠡᠰ ᠰᠠᠶᠢᠲᠤᠷ ᠬᠢᠪᠠ᠃ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠬᠦ ᠲᠠᠯ᠎ᠠ ᠪᠠᠷ᠄ ᠨᠢᠭᠡ ᠳᠤ᠂ ᠪᠥᠬᠦ ᠵᠢᠯ ᠳᠤ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠡᠶᠢᠲᠡ 38.2 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠪᠥᠬᠦ ᠵᠢᠯ ᠤᠨ ᠰᠢᠶᠳᠪᠦᠷᠢᠯᠡᠬᠦ ᠬᠠᠷᠠᠯᠲᠠ ᠶᠢᠨ 100.5 % ᠶᠢ ᠪᠡᠶᠡᠯᠡᠭᠦᠯᠵᠦ᠂ ᠵᠥᠷᠢᠯᠳᠦᠭᠡᠨ ᠥᠬᠡᠶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ 8 ᠰᠠᠷ᠎ᠠ ᠶᠢᠨ ᠰᠡᠭᠦᠯᠴᠢ ᠪᠠᠷ ᠪᠦᠬᠦᠨ ᠢ ᠦᠭᠡᠶᠢᠰᠬᠡᠪᠡ᠃ ᠬᠤᠶᠠᠷ ᠲᠤ᠂ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭ ᠤᠨ ᠪᠡᠯᠡ ᠮᠥᠩᠭᠦ ᠶᠢᠨ ᠡᠬᠡ ᠬᠦᠦ  ᠲᠠᠢ ᠨᠢ ᠪᠤᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠪᠠ᠃ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 55 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠬᠤᠭᠤᠴᠠᠭ᠎ᠠ ᠨᠢ ᠲᠤᠯᠤᠭᠰᠠᠨ ᠡᠬᠡ ᠮᠥᠩᠭᠦ ᠶᠢ ᠪᠤᠴᠠᠭᠠᠬᠤ ᠳᠤ ᠬᠡᠷᠡᠭᠯᠡᠪᠡ︔ ᠲᠥᠰᠦᠪ ᠤᠨ ᠳᠣᠲᠣᠷ᠎ᠠ 14.91 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠤᠭᠤᠴᠠᠭ᠎ᠠ ᠲᠤᠯᠤᠭᠰᠠᠨ ᠬᠦᠦ ᠮᠥᠩᠭᠦ ᠶᠢ ᠲᠥᠯᠥᠬᠦ ᠳᠤ ᠬᠡᠷᠡᠭᠯᠡᠪᠡ᠃ ᠭᠤᠷᠪᠠ ᠳᠤ᠂ ᠲᠤᠭᠤᠷᠢᠭ ᠤᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠮᠥᠩᠭᠦᠨ ᠭᠦᠶᠯᠭᠡᠭᠡᠨ ᠤ ᠠᠷᠭ᠎ᠠ ᠪᠠᠷᠢᠯ ᠢ ᠠᠰᠢᠭᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ 7 ᠳ᠋ᠦᠩᠰᠢᠭᠤᠷ ᠲᠥᠭᠦᠷᠢᠭ ᠬᠤᠳᠠᠯᠳᠤᠨ ᠠᠪᠴᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠴᠡᠪᠡᠷᠯᠡᠬᠦ  ᠳᠤ ᠬᠡᠷᠡᠭᠯᠡᠪᠡ᠃ ᠳᠥᠷᠪᠡ ᠳᠤ᠂ ᠤᠯᠤᠰ ᠤᠨ ᠪᠠᠶᠢᠭᠤᠯᠤᠯᠳᠤ ᠰᠢᠶᠠᠨ  ︵ᠲᠣᠭᠤᠷᠢᠭ  ︶ ᠤ ᠳᠠᠯᠳᠠ ᠥᠭᠴᠡᠭᠡᠨ ᠤ ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 29.4 ᠳ᠋ᠦᠩᠰᠢᠭᠤᠷ ᠲᠥᠭᠦᠷᠢᠭ ᠤᠯᠬᠤ ᠪᠠᠷ ᠴᠢᠷᠮᠠᠶᠢᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠲᠠᠯ᠎ᠠ ᠪᠠᠷ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠤ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠵᠤ᠂ ᠪᠥᠬᠦ ᠵᠢᠯ ᠳᠤ ᠨᠡᠶᠢᠲᠡ 1532 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠣᠷᠣᠭᠤᠯᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ  ︾ ᠶᠢ ᠦᠷᠭᠦᠯᠵᠢᠯᠡᠨ ᠪᠠᠬᠢᠵᠢᠭᠦᠯᠵᠦ᠂ ᠠᠵᠤ ᠦᠶᠯᠡᠰ ᠢᠶᠠᠷ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠬᠤᠪᠢ ᠣᠷᠣᠭᠤᠯᠤᠨ ᠠᠰᠢᠭ ᠬᠤᠪᠢᠶᠠᠬᠤ᠂ ᠠᠵᠢᠯ ᠣᠯᠭᠤᠯᠲᠠ ᠪᠠᠷ ᠲᠡᠳᠬᠦᠬᠦ ᠵᠡᠷᠭᠡ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠶᠳᠪᠦᠷᠢᠲᠦ ᠢᠯᠠᠯᠲᠠ ᠶᠢ ᠤᠯᠬᠤ ᠳᠤ ᠪᠠᠲᠤ ᠪᠠᠬᠢ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ ᠪᠦᠬᠦ ᠬᠦᠴᠦᠨ ᠢᠶᠠᠷ  ᠲᠡᠮᠵᠢᠪᠡ᠃ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠦᠶᠯᠡᠳᠪᠦᠷᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠡᠷᠭᠡ ᠶᠢ ᠲᠠᠮᠵᠢᠪᠡ᠃ ᠪᠥᠬᠦ ᠵᠢᠯ ᠳᠤ 6466 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠱᠠᠲᠤᠴᠢ ᠴᠢᠨᠠᠷᠲᠠᠶ ᠬᠠᠷᠠᠯᠲᠠ ᠶᠢ ᠪᠡᠶᠡᠯᠡᠭᠦᠯᠵᠦ᠂ ᠠᠮᠢ ᠠᠬᠤᠶ  ᠶᠢᠨ ᠬᠠᠮᠠᠭᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃    7. ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠬᠢᠷᠢ ᠬᠡᠮᠵᠢᠶ᠎ᠡ ᠪᠠᠨ ᠲᠡᠭᠡᠭᠰᠢᠬᠦᠯᠪᠡ᠃ ᠨᠢᠭᠡ ᠳᠤ᠂ ︽ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠬᠤ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾  ︵ᠳ᠋ᠦᠩᠱᠧᠩ ᠨᠠᠮ ᠠᠯᠪᠠᠨ ᠲᠠᠷᠬᠠᠭᠠᠭᠰᠠᠨ [2020] 26 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠡᠩ ᠤᠨ ᠴᠢᠨᠠᠷᠲᠠᠶ ᠵᠠᠷᠤᠯᠭ᠎ᠠ ᠶᠢ ᠶᠡᠬᠡᠪᠡᠷ ᠪᠠᠭᠠᠰᠬᠠᠵᠤ᠂ ᠪᠥᠬᠦ ᠵᠢᠯ ᠤᠨ ᠡᠩ ᠤᠨ ᠴᠢᠨᠠᠷᠲᠠᠶ ᠵᠠᠷᠤᠯᠭ᠎ᠠ 23.08 % ᠪᠠᠷ ᠪᠠᠭᠤᠷᠠᠪᠠ᠃ ᠬᠤᠶᠠᠷ ᠲᠤ᠂ ︽ᠣᠷᠣᠨ ᠨᠤᠲᠤᠭ ᠤᠨ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢᠨ ᠴᠢᠯᠥᠭᠡᠲᠡᠶ  ᠪᠠᠶᠢᠯᠭᠠᠬᠤ ᠬᠤᠯᠪᠣᠭᠳᠠᠯ ᠪᠥᠬᠦᠶ ᠵᠦᠶᠯᠡᠰ ᠢ ᠠᠬᠢᠭᠤᠯᠬᠤ ᠲᠤᠬᠠᠶ ᠮᠡᠳᠡᠭᠳᠡᠯ︾ ︵ᠡᠳ᠋ ᠲᠥᠰᠦᠪ [2015]15 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ  ︽ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ  ᠶᠢᠨ ᠨᠢᠭᠡᠳᠦᠯᠲᠡᠶ ᠲᠥᠯᠥᠪᠯᠡᠨ ᠬᠡᠷᠡᠭᠯᠡᠬᠦ ᠲᠥᠰᠦᠯ  ︾ ᠢ ᠪᠠᠲᠤᠯᠠᠵᠤ᠂ ᠳ᠋ᠦᠩᠨᠡᠨ ᠰᠢᠯᠵᠢᠭᠦᠯᠦᠭᠡᠳ ᠬᠤᠶᠠᠷ ᠵᠢᠯ ᠠᠴᠠ ᠬᠡᠲᠦᠷᠡᠭᠰᠡᠨ ᠰᠤᠷᠭᠠᠨ ᠬᠥᠮᠦᠵᠢᠯ ᠤᠨ ᠨᠡᠮᠡᠯᠲᠡ ᠶᠢ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠳᠤ ᠰᠢᠯᠵᠢᠭᠦᠯᠦᠨ ᠤᠷᠤᠭᠤᠯᠪᠠ︔ ᠳ᠋ᠦᠩᠨᠡᠨ ᠰᠢᠯᠵᠢᠭᠦᠯᠦᠭᠰᠡᠨ ᠬᠤᠶᠠᠷ ᠵᠢᠯ ᠠᠴᠠ ᠬᠡᠲᠦᠷᠡᠭᠰᠡᠨ ᠦᠯᠡᠳᠡᠪᠦᠷᠢ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢ ᠠᠯᠬᠤᠮ ᠠᠯᠬᠤᠮ ᠢᠶᠠᠷ ᠠᠮᠢᠳᠤᠯᠢᠭ ᠪᠣᠯᠭᠠᠨ ᠬᠤᠷᠢᠶᠠᠨ ᠠᠪᠴᠢᠷᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠳᠤ ᠦᠶᠯᠡᠴᠢᠯᠡᠬᠦ ᠪᠠ ᠲᠦᠷ ᠥᠭᠬᠦ ᠵᠣᠭᠤᠰ ᠢ ᠰᠢᠩᠭᠡᠭᠡᠬᠦ ᠳᠤ ᠨᠢᠭᠡᠳᠦᠯᠲᠡᠶ ᠲᠥᠯᠥᠪᠯᠡᠨ  ᠬᠡᠷᠡᠭᠯᠡᠪᠡ᠃ ᠭᠤᠷᠪᠠ ᠳᠤ᠂ ᠲᠦᠷ ᠴᠠᠭ ᠤᠨ ᠵᠣᠭᠤᠰ ᠥᠭᠬᠦ ᠬᠡᠪᠴᠢᠶ᠎ᠡ ᠶᠢ ᠴᠢᠩᠭ᠎ᠠ ᠬᠢᠵᠠᠭᠠᠷᠯᠠᠪᠠ᠃ 2019 ᠣᠨ ᠤ ᠵᠢᠯ ᠤᠨ ᠡᠴᠦᠰ ᠲᠤ ᠮᠠᠨ ᠤ ᠣᠷᠣᠨ ᠤ ᠲᠦᠷ ᠵᠣᠭᠤᠰ ᠲᠤᠰᠢᠶᠠᠭᠰᠠᠨ ᠦᠯᠡᠳᠡᠪᠦᠷᠢ 65.25 ᠳ᠋ᠦᠩᠰᠢᠭᠤᠷ ᠲᠥᠭᠦᠷᠢᠭ ᠲᠤ ᠬᠦᠷᠴᠦ᠂ 2020 ᠣᠨ ᠳᠤ 15.33 ᠳ᠋ᠦᠩᠰᠢᠭᠤᠷ ᠲᠥᠭᠦᠷᠢᠭ ᠰᠢᠨ᠎ᠡ  ᠪᠠᠷ ᠨᠡᠮᠡᠭᠳᠡᠵᠦ᠂ ᠲᠥᠰᠦᠪ ᠤᠨ ᠲᠣᠬᠢᠷᠠᠭᠤᠯᠤᠯᠲᠠ᠂ ᠦᠯᠡᠳᠡᠭᠡᠯ ᠪᠠᠯᠠ ᠮᠥᠩᠭᠦ ᠶᠢ ᠴᠢᠯᠥᠭᠡᠲᠡᠶ ᠪᠤᠯᠭᠠᠨ᠂ ᠢᠯᠭᠠᠷᠠᠭᠤᠯᠵᠤ ᠬᠤᠷᠢᠶᠠᠨ ᠠᠪᠬᠤ᠂ ᠰᠲ᠋ᠣᠺ ᠤᠨ ᠡᠷᠬᠡ  ᠶᠢ ᠰᠢᠯᠵᠢᠭᠦᠯᠦᠨ ᠥᠭᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ 19.37 ᠳ᠋ᠦᠩᠰᠢᠭᠤᠷ ᠲᠥᠭᠦᠷᠢᠭ ᠤᠨ ᠵᠠᠷᠤᠯᠭ᠎ᠠ ᠳᠤ ᠵᠢᠭᠰᠠᠭᠠᠨ ᠣᠷᠣᠭᠤᠯᠵᠤ᠂ 2020 ᠣᠨ ᠤ ᠵᠢᠯ ᠤᠨ ᠡᠴᠦᠰ ᠲᠤ ᠡᠳ᠋ ᠤᠨ ᠵᠠᠰᠠᠭ ᠤᠨ ᠲᠦᠷ ᠵᠣᠭᠤᠰ ᠲᠤᠰᠢᠶᠠᠭᠰᠠᠨ ᠦᠯᠡᠳᠡᠪᠦᠷᠢ 61.21 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠲᠦᠷ ᠵᠣᠭᠤᠰ ᠥᠭᠬᠦ ᠬᠡᠪᠴᠢᠶ᠎ᠡ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠦᠪ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠲᠣᠰ ᠱᠠᠲᠤᠨ ᠤ ᠵᠠᠷᠤᠯᠭ᠎ᠠ ᠶᠢᠨ 5 % ᠶᠢᠨ ᠳᠣᠲᠣᠷ᠎ᠠ ᠬᠢᠵᠠᠭᠠᠷᠯᠠᠪᠠ᠃ ᠳᠥᠷᠪᠡ ᠳᠤ᠂ ᠰᠢᠭᠤᠳ ᠬᠥᠷᠬᠦ ᠪᠠᠯᠠ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠤᠨ ᠬᠡᠷᠡᠭᠯᠡᠯᠲᠡ ᠶᠢ ᠴᠢᠩᠭᠠᠳᠬᠠᠵᠤ᠂ ᠪᠥᠬᠦ ᠵᠢᠯ ᠳᠤ ᠲᠥᠪ ᠤᠨ ᠰᠢᠭᠤᠳ ᠬᠥᠷᠬᠦ ᠪᠠᠯᠠ ᠮᠥᠩᠭᠦ ᠶᠢ 3.12 ᠳ᠋ᠦᠩᠰᠢᠭᠤᠷ ᠲᠥᠭᠦᠷᠢᠭ ᠬᠡᠷᠡᠭᠯᠡᠵᠦ᠂ ᠰᠢᠭᠤᠳ ᠬᠥᠷᠬᠦ ᠪᠠᠯᠠ ᠮᠥᠩᠭᠦ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠰᠢᠭᠤᠳ ᠬᠦᠷᠭᠡᠬᠦ᠂ ᠠᠵᠤ ᠠᠬᠤᠶᠢᠯᠠᠯ ᠳᠤ ᠰᠢᠭᠤᠳ ᠠᠰᠢᠭ ᠬᠦᠷᠲᠡᠭᠡᠵᠦ ᠠᠷᠠᠳ ᠲᠤ ᠰᠢᠭᠤᠳ ᠠᠰᠢᠭ ᠬᠦᠷᠲᠡᠭᠡᠬᠦ ᠢᠳᠡᠪᠬᠢ ᠦᠶᠯᠡᠳᠦᠯ ᠢ ᠭᠦᠶᠴᠡᠳ ᠪᠠᠳᠠᠷᠠᠭᠤᠯᠪᠠ᠃ ᠲᠠᠪᠤ ᠳᠤ᠂ ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠳ᠋ᠦᠩᠱᠧᠩ ᠵᠠᠰᠠᠭ ᠲᠠᠷᠬᠠᠭᠠᠭᠰᠠᠨ [ 2020] 47 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠠᠮᠵᠢᠯᠲᠠ ᠪᠦᠲᠦᠮᠵᠢ ᠶᠢᠨ ᠤᠨᠤᠯᠵᠢᠭᠤᠨ ᠪᠠ ᠠᠷᠭ᠎ᠠ ᠶᠢᠨ ᠲᠥᠰᠦᠪ ᠤᠨ ᠬᠠᠮᠢᠶᠠᠷᠤᠯᠲᠠ ᠳᠤ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠬᠦᠴᠦᠯᠡᠨ ᠲᠡᠬᠡᠭᠰᠢᠯᠡᠬᠦᠯᠪᠡ᠃ ᠵᠢᠷᠭᠤᠭ᠎ᠠ ᠳᠤ᠂ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠶᠠᠪᠤᠭᠳᠠᠭᠰᠠᠨ ᠨᠢᠭᠡ ᠵᠢᠯ ᠤᠨ ᠲᠤᠷᠰᠢ᠂ ᠡᠳ᠋ ᠤᠨ ᠬᠦᠴᠦᠨ ᠢ ᠦᠨᠳᠦᠰᠦᠨ ᠱᠠᠲᠤ ᠳᠠᠰᠢ ᠬᠡᠯᠪᠡᠶᠢᠯᠭᠡᠬᠦ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠳᠣᠭᠢᠷᠠᠭᠤᠯᠤᠭᠰᠠᠨ ᠣᠲᠣ ᠦᠶ᠎ᠡ  ᠶᠢᠨ ᠦᠨᠳᠦᠰᠦᠨ ᠱᠠᠲᠤᠨ ᠤ ᠡᠳ᠋ ᠤᠨ ᠵᠠᠰᠠᠭ ᠤᠨ ᠪᠠᠶᠢᠭᠤᠯᠤᠯ ᠢ ᠬᠦᠴᠦᠯᠡᠨ ᠪᠠᠶᠢᠭᠤᠯᠵᠤ᠂ ᠬᠦᠷᠢᠶᠡᠯᠡᠩ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠣᠷᠣᠯᠭ᠎ᠠ ᠶᠢ ᠨᠡᠮᠡᠭᠳᠡᠭᠦᠯᠬᠦ ᠢᠳᠡᠪᠬᠢᠵᠢᠯ ᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ ᠳᠣᠯᠤᠭ᠎ᠠ ᠳᠤ᠂ ︽ᠳ᠋ᠦᠩᠱᠧᠩ ᠲᠣᠭᠤᠷᠢᠭ ᠤᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠬᠤᠪᠢᠶᠠᠷᠢᠯᠠᠨ ᠰᠢᠯᠵᠢᠬᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠥᠰᠦᠯ︾ ︵ᠳ᠋ᠦᠩᠱᠧᠩ ᠵᠠᠰᠠᠭ ᠲᠠᠷᠬᠠᠭᠠᠭᠰᠠᠨ [ 2020] 52 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠳ᠋ᠦᠩᠱᠧᠩ ᠲᠣᠭᠤᠷᠢᠭ ᠤᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠬᠤᠪᠢᠶᠠᠷᠢᠯᠠᠨ ᠰᠢᠯᠵᠢᠬᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠠᠵᠢᠯ ᠢ ᠦᠨᠡᠨᠬᠦ ᠰᠠᠶᠢᠲᠤᠷ ᠬᠢᠪᠠ᠃ ᠨᠠᠢᠮᠠ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠣᠯᠤᠨ ᠵᠠᠰᠠᠭ ᠤᠨ ᠣᠷᠳᠣᠨ ᠤ ᠬᠤᠳᠠᠯᠳᠤᠨ ᠠᠪᠬᠤ ︽ᠰᠦᠯᠵᠢᠶ᠎ᠡ︾᠂ ︽ᠢᠨᠲ᠋ᠧᠷ ᠰᠦᠯᠵᠢᠶ᠎ᠡ + ᠵᠠᠰᠠᠭ ᠤᠨ ᠣᠷᠳᠣᠨ ᠤ ᠬᠤᠳᠠᠯᠳᠤᠨ ᠠᠪᠬᠤ︾  ᠡᠯᠧᠺᠲᠷᠦᠨ ᠲᠠᠪᠴᠠᠩ ᠢ ᠲᠣᠭᠲᠠᠭᠤᠨ ᠢᠶᠠᠷ ᠠᠵᠢᠯᠯᠠᠭᠤᠯᠬᠤ ᠶᠢ ᠭᠦᠨᠵᠡᠭᠡᠢ ᠠᠬᠢᠭᠤᠯᠪᠠ᠃ ᠶᠢᠰᠦ ᠳᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠤᠬᠢᠷᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠬᠤᠯᠪᠣᠭᠳᠠᠯ ᠪᠦᠬᠦᠢ ᠦᠨᠡᠯᠡᠯᠲᠡ ᠶᠢ ᠢᠳᠡᠪᠬᠢᠲᠡᠢ ᠥᠷᠨᠢᠭᠦᠯᠵᠦ᠂ ᠨᠡᠬᠡᠮᠵᠢᠯᠡᠨ ᠲᠤᠰᠢᠶᠠᠯᠭᠠᠬᠤ ᠠᠵᠢᠯ ᠳᠤ ᠦᠨᠳᠦᠰᠦᠯᠡᠯ ᠬᠠᠩᠭᠠᠪᠠ᠃     ᠲᠥᠯᠥᠭᠡᠯᠡᠭᠴᠢᠳ ᠡ᠂ 2020 ᠣᠨ ᠳᠤ ᠠᠵᠤ ᠠᠬᠤᠢ ᠪᠠᠭᠤᠷᠠᠬᠤ ᠳᠠᠷᠤᠯᠲᠠ ᠮᠥᠨ ᠯᠡ ᠨᠡᠯᠢᠶᠡᠳ ᠶᠡᠭᠡ᠂ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ ᠵᠥᠷᠢᠴᠡᠯ ᠣᠨᠴᠠᠭᠠᠢ ᠲᠤᠪᠤᠶᠢᠮ᠎ᠠ ᠪᠠᠶᠢᠬᠤ ᠪᠠᠶᠢᠳᠠᠯ ᠳᠣᠣᠷ᠎ᠠ᠂ ᠡᠳ᠋ ᠤᠨ ᠵᠠᠰᠠᠭ ᠤᠨ ᠠᠵᠢᠯ ᠦᠨᠳᠦᠰᠦᠨ ᠳᠡᠭᠡᠨ ᠲᠣᠭᠲᠠᠭᠤᠨ ᠪᠠᠶᠢᠵᠤ᠂ ᠡᠳ᠋ ᠤᠨ ᠵᠠᠰᠠᠭ ᠭᠠᠶᠢᠯᠢ  ᠶᠢᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠤᠨ ᠬᠠᠷᠠᠯᠲᠠ ᠪᠠᠨ ᠨᠡᠯᠢᠶᠡᠳ ᠠᠮᠵᠢᠯᠳᠠᠳᠠᠢ ᠪᠡᠶᠡᠯᠡᠭᠦᠯᠪᠡ᠃ ᠡᠭᠦᠨ ᠤ ᠬᠠᠮᠲᠤ᠂ ᠪᠢᠳᠡ ᠡᠳ᠋ ᠤᠨ ᠵᠠᠰᠠᠭ ᠤᠨ  ᠠᠵᠢᠯ ᠤᠨ ᠶᠠᠪᠤᠴᠠ ᠳᠤ ᠪᠠᠰᠠ ᠵᠠᠷᠢᠮ ᠣᠮᠲᠣᠭᠠᠶᠢᠯᠠᠵᠤ ᠪᠣᠯᠤᠰᠢ ᠥᠬᠡᠶ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠪᠠ᠂ ᠭᠤᠤᠯᠳᠠᠭᠤ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠠᠵᠤ ᠠᠬᠤᠶ ᠳᠤ ᠦᠵᠡᠭᠦᠯᠬᠦ ᠨᠥᠯᠥᠭᠡ ᠨᠢ ᠲᠥᠰᠦᠪ ᠢ ᠭᠦᠶᠴᠡᠳᠬᠡᠬᠦ ᠳᠤ ᠨᠡᠯᠢᠶᠡᠳ ᠶᠡᠭᠡ ᠲᠠᠭᠠᠷᠢᠯᠲᠠ ᠤᠴᠠᠷᠠᠭᠤᠯᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠣᠨᠴᠠᠭᠠᠶ ᠲᠣᠪᠣᠶᠢᠮ᠎ᠠ ᠪᠠᠶᠢᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠲᠤᠶᠢᠯ ᠤᠨ ᠬᠠᠲᠠᠭᠤ ᠪᠡᠷᠬᠡ᠂ ᠡᠳ᠋ ᠤᠨ ᠵᠠᠰᠠᠭ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠠᠪᠤᠳᠠᠯ ᠲᠤᠶᠢᠯ ᠤᠨ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠪᠢᠳᠡ ᠡᠳᠡᠭᠡᠷ ᠠᠰᠠᠭᠤᠳᠠᠯ ᠢ ᠵᠥᠪ ᠢᠶᠠᠷ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠳᠡᠪᠬᠢᠲᠡᠶ ᠪᠠᠷ ᠠᠷᠭᠠᠴᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠳᠡᠮᠵᠢᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠶᠢ ᠪᠣᠳᠠᠲᠠᠶᠢᠵᠢᠭᠤᠯᠤᠨ᠎ᠠ︔ ᠲᠥᠰᠦᠪ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠪᠠᠷ ᠳᠠᠮᠵᠢᠭᠤᠯᠤᠨ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠪᠠᠶᠢᠳᠠᠯ ᠢ ᠪᠠᠳᠤᠯᠠᠨ᠎ᠠ︔ ᠣᠯᠠᠨ ᠲᠠᠯ᠎ᠠ ᠪᠠᠷ ᠴᠤᠭᠯᠠᠭᠤᠯᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠡᠷᠭᠡᠶᠢᠯᠡᠨ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠦᠷᠨᠢᠬᠦᠯᠵᠦ᠂ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠠᠯᠬᠤᠮ ᠠᠯᠬᠤᠮ ᠢᠶᠠᠷ ᠰᠢᠢᠳᠪᠦᠷᠢᠯᠡᠨ᠎ᠡ᠃       ᠬᠤᠶᠠᠷ᠂ 2021 ᠣᠨ ᠤ ᠲᠥᠰᠦᠪ  ︵ᠲᠥᠰᠦᠯ︶      ︽ᠲᠥᠰᠦᠪ ᠤᠨ ᠬᠠᠤᠯᠢ︾ ᠶᠢᠨ ᠱᠠᠭᠠᠷᠳᠠᠯᠭ᠎ᠠ ᠶᠣᠰᠣᠭᠠᠷ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠦᠨᠡᠨ ᠠᠴᠠ ᠵᠥᠪ ᠢ ᠡᠷᠢᠬᠦ᠂ ᠰᠢᠨᠵᠢᠯᠡᠬᠦ ᠤᠬᠠᠭᠠᠨᠴᠢ ᠪᠠᠷ ᠲᠥᠰᠦᠭᠡᠯᠡᠬᠦ᠂ ᠴᠢᠳᠠᠯ ᠤᠨ ᠢᠶᠠᠨ ᠬᠢᠷᠢ ᠪᠠᠷ ᠬᠢᠬᠦ᠂ ᠨᠠᠷᠢᠨ ᠨᠢᠭᠲᠠ ᠲᠥᠯᠥᠪᠯᠡᠨ ᠪᠤᠳᠤᠬᠤ᠂ ᠭᠤᠣᠯᠳᠠᠯᠭ᠎ᠠ ᠶᠢ ᠪᠠᠲᠤᠯᠠᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠪᠠᠶᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠠᠮᠵᠢᠯᠲᠠ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠢ ᠦᠨᠳᠦᠰᠦᠯᠡᠵᠦ᠂ ᠡᠨᠡ ᠵᠢᠯ ᠤᠨ ᠲᠥᠰᠦᠪ ᠢ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ ᠰᠠᠶᠢᠲᠤᠷ ᠬᠡᠷᠡᠭᠵᠢᠭᠦᠯᠦᠨ᠎ᠡ᠃ 2021 ᠣᠨ ᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠥᠰᠦᠪ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠂ ᠬᠤᠳᠠ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠶᠢ ᠬᠦᠨᠵᠡᠬᠡᠢ ᠲᠤᠤᠱᠯᠠᠭᠤᠯᠵᠤ᠂ ︽ᠲᠥᠰᠦᠪ ᠤᠨ ᠬᠠᠤᠯᠢ︾᠂ ︽ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾ ᠢ ᠪᠥᠬᠦ ᠲᠠᠯ᠎ᠠ  ᠪᠠᠷ ᠨᠠᠶᠢᠳᠠᠪᠤᠷᠢᠵᠢᠭᠤᠯᠬᠤ ᠲᠠᠢ ᠨᠢᠭᠲᠠ  ᠤᠶᠠᠯᠳᠤᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠤᠯᠭᠠᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠢᠱᠢᠭᠰᠡᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠤᠬᠢᠷᠠᠭᠤᠯᠵᠤ᠂ ᠣᠷᠣᠯᠭ᠎ᠠ ᠪᠠᠨ ᠦᠵᠡᠵᠦ ᠵᠠᠷᠤᠬᠤ᠂ ᠣᠷᠣᠯᠭ᠎ᠠ ᠵᠠᠷᠤᠯᠭ᠎ᠠ ᠶᠢᠨ ᠲᠡᠩᠴᠡᠬᠦᠷᠢ ᠶᠢ ᠪᠠᠳᠤᠯᠠᠨ᠎ᠠ︔ ︽ᠨᠠᠷᠢᠯᠠᠵᠤ ᠠᠮᠢᠳᠤᠷᠠᠬᠤ  ︾ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠪᠠ  ︽ᠭᠤᠷᠪᠠᠨ ᠵᠦᠶᠯ ᠤᠨ ᠠᠯᠪᠠᠨ ᠵᠠᠷᠤᠳᠠᠯ  ︾ ᠤᠨ ᠵᠠᠷᠤᠯᠭ᠎ᠠ ᠶᠢ ᠴᠢᠩᠭ᠎ᠠ ᠡᠵᠡᠮᠳᠡᠵᠦ᠂ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢ ᠪᠦᠲᠦᠮᠵᠢᠲᠡᠶ ᠪᠠᠷ ᠴᠢᠯᠥᠭᠡᠲᠡᠶ ᠪᠠᠶᠢᠯᠭᠠᠵᠤ᠂ ᠵᠠᠷᠤᠯᠭ᠎ᠠ ᠶᠢᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠪᠠᠲᠤ ᠪᠠᠬᠢ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠎ᠠ︔ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ︔ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ     1. ᠲᠤᠰ ᠱᠠᠲᠤᠨ ᠤ ᠡᠳ᠋ ᠤᠨ ᠬᠦᠴᠦᠨ ᠤ ᠣᠷᠣᠯᠭ᠎ᠠ ᠶᠢᠨ ᠲᠠᠯ᠎ᠠ ᠪᠠᠷ᠄ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠵᠢᠱᠢᠭᠰᠡᠨ ᠬᠠᠷᠠᠯᠲᠠ ᠪᠠ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠯ ᠢ ᠦᠨᠳᠦᠰᠦᠯᠡᠨ᠂ 2021 ᠣᠨ ᠤ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠡᠯ᠎ᠡ ᠵᠦᠶᠯ ᠤᠨ ᠡᠳ᠋ ᠤᠨ ᠬᠦᠴᠦᠨ ᠤ ᠣᠷᠣᠯᠭ᠎ᠠ ᠶᠢ 60.61 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠰᠠᠨᠠᠭᠤᠯᠪᠠ᠂ ᠡᠭᠦᠨ ᠳᠤ ᠪᠣᠳᠠᠲᠠᠶ ᠪᠠᠭᠲᠠᠭᠠᠬᠤ ᠨᠢ᠄    ︵1︶ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 56.7 ᠳ᠋ᠦᠩᠰᠢᠭᠤᠷ ᠲᠥᠭᠦᠷᠢᠭ ᠲᠤ ᠬᠦᠷᠭᠡᠵᠦ᠂ 5 % ᠣᠷᠴᠢᠮ ᠨᠡᠮᠡᠭᠳᠡᠭᠦᠯᠦᠨ᠎ᠡ᠃ ᠡᠭᠦᠨ ᠳᠤ᠄ ᠭᠠᠶᠢᠯᠢ ᠶᠢᠨ ᠣᠷᠣᠯᠭ᠎ᠠ 45.1 ᠳ᠋ᠦᠩᠰᠢᠭᠤᠷ ᠲᠥᠭᠦᠷᠢᠭ᠂ ᠭᠠᠶᠢᠯᠢ ᠶᠢᠨ ᠪᠤᠰᠤ ᠣᠷᠣᠯᠭ᠎ᠠ 11.6 ᠳ᠋ᠦᠩᠰᠢᠭᠤᠷ ᠲᠥᠭᠦᠷᠢᠭ᠃    ︵2︶ ᠳᠡᠭᠡᠳᠦ ᠱᠠᠲᠤᠨ ᠤ ᠡᠩ ᠤᠨ ᠴᠢᠨᠠᠷᠲᠠᠢ ᠰᠢᠯᠵᠢᠭᠦᠯᠦᠨ ᠥᠭᠬᠦ ᠣᠷᠣᠯᠭ᠎ᠠ 10.12 ᠳ᠋ᠦᠩᠰᠢᠭᠤᠷ ᠲᠥᠭᠦᠷᠢᠭ᠂ ᠥᠩᠭᠡᠷᠡᠭᠰᠡᠨ ᠵᠢᠯ ᠤᠳ ᠤᠨ ᠡᠳ᠋  ᠤᠨ ᠵᠠᠰᠠᠭ ᠤᠨ ᠪᠠᠶᠢᠭᠤᠯᠤᠯ ᠤᠨ ᠲᠣᠭᠲᠠᠭᠠᠭᠰᠠᠨ ᠲᠣᠭᠲᠠᠮᠠᠯ ᠰᠠᠭᠤᠷᠢ ᠲᠤᠭ᠎ᠠ ᠶᠢᠨ ᠨᠥᠬᠦᠪᠥᠷᠢ ᠪᠣᠯᠤᠨ᠎ᠠ᠃ ᠡᠭᠦᠨ ᠳᠤ ᠭᠤᠣᠯᠳᠠᠭᠤ᠄ ᠪᠤᠴᠠᠭᠠᠬᠤ ᠴᠢᠨᠠᠷᠲᠠᠢ ᠣᠷᠣᠯᠭ᠎ᠠ 5.87 ᠳ᠋ᠦᠩᠰᠢᠭᠤᠷ ᠲᠥᠭᠦᠷᠢᠭ᠂ ᠲᠡᠩᠴᠡᠭᠦᠷᠢᠲᠦ ᠴᠢᠨᠠᠷᠲᠠᠢ ᠰᠢᠯᠵᠢᠭᠦᠯᠦᠨ ᠥᠭᠬᠦ ᠨᠥᠬᠦᠪᠥᠷᠢ 0.91 ᠳ᠋ᠦᠩᠰᠢᠭᠤᠷ ᠲᠥᠭᠦᠷᠢᠭ᠂ ᠰᠢᠶᠠᠨ ᠤ ᠱᠠᠲᠤᠨ ᠤ ᠦᠨᠳᠦᠰᠦᠨ ᠡᠳ᠋ ᠤᠨ ᠬᠦᠴᠦᠨ ᠢ ᠪᠠᠲᠤᠯᠠᠬᠤ ᠲᠣᠭᠲᠠᠴᠠ ᠶᠢᠨ ᠱᠠᠩᠨᠠᠯ ᠨᠥᠬᠦᠪᠥᠷᠢ ᠶᠢᠨ ᠣᠷᠣᠯᠭ᠎ᠠ 202 ᠲᠦᠮᠡᠨ ᠲᠥᠭᠦᠷᠢᠭ᠂ ᠦᠨᠳᠦᠰᠦᠲᠡᠨ ᠤ ᠭᠠᠵᠠᠷ ᠣᠷᠣᠨ ᠳᠤ ᠰᠢᠯᠵᠢᠭᠦᠯᠦᠨ ᠥᠭᠬᠦ ᠨᠥᠬᠦᠪᠥᠷᠢ 0.24 ᠳ᠋ᠦᠩᠰᠢᠭᠤᠷ ᠲᠥᠭᠦᠷᠢᠭ᠂ ᠲᠣᠭᠲᠠᠮᠠᠯ ᠲᠣᠭᠠᠨ ᠤ ᠨᠥᠬᠦᠪᠥᠷᠢ 0.5 ᠳ᠋ᠦᠩᠰᠢᠭᠤᠷ ᠲᠥᠭᠦᠷᠢᠭ᠂ ᠳ᠋ᠦᠩᠨᠡᠨ ᠪᠤᠳᠤᠬᠤ ᠨᠥᠬᠦᠪᠥᠷᠢ ᠶᠢᠨ ᠣᠷᠣᠯᠭ᠎ᠠ 2.58 ᠳ᠋ᠦᠩᠰᠢᠭᠤᠷ ᠲᠥᠭᠦᠷᠢᠭ ᠪᠠᠭᠲᠠᠨ᠎ᠠ᠃     ︵3︶ ᠲᠥᠰᠦᠪ ᠤᠨ ᠲᠣᠭᠲᠠᠪᠤᠷᠢᠵᠢᠭᠤᠯᠤᠨ ᠳᠤᠬᠢᠷᠠᠭᠤᠯᠬᠤ ᠰᠠᠭᠤᠷᠢ ᠮᠥᠩᠭᠦ ᠶᠢ 1.5 ᠳ᠋ᠦᠩᠰᠢᠭᠤᠷ ᠲᠥᠭᠦᠷᠢᠭ ᠰᠢᠯᠵᠢᠭᠦᠯᠦᠨ ᠣᠷᠣᠭᠤᠯᠪᠠ᠃    ︵4︶ ᠳᠡᠭᠡᠭᠰᠢ ᠲᠤᠰᠢᠶᠠᠬᠤ ᠳᠡᠭᠡᠳᠦ ᠱᠠᠲᠤᠨ ᠤ ᠡᠳ᠋ ᠤᠨ ᠵᠠᠰᠠᠭ ᠤᠨ ᠵᠠᠷᠤᠯᠭ᠎ᠠ 7.71 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠤ ᠳᠣᠲᠣᠷ᠎ᠠ ᠤᠤᠯ ᠤᠨ ᠪᠠᠶᠢᠭᠤᠯᠤᠯ ᠤᠨ ᠳᠡᠭᠡᠭᠰᠢ ᠲᠤᠰᠢᠶᠠᠬᠤ ᠵᠠᠷᠤᠯᠭ᠎ᠠ 5.5 ᠳ᠋ᠦᠩᠰᠢᠭᠤᠷ ᠲᠥᠭᠦᠷᠢᠭ ᠲᠤ ᠬᠦᠷᠴᠦ᠂ ᠬᠥᠮᠦᠨ ᠳᠤᠮᠳᠠᠴᠢ ᠶᠢᠨ ᠡᠳ᠋ ᠤᠨ ᠬᠦᠴᠦᠨ ᠠᠴᠠ 12 ᠲᠦᠮᠡᠨ ᠲᠥᠭᠦᠷᠢᠭ ᠳᠠᠪᠠᠪᠠᠯ ᠳᠡᠭᠡᠭᠰᠢ ᠲᠤᠰᠢᠶᠠᠬᠤ ᠨᠢ 0.25 ᠳ᠋ᠦᠩᠰᠢᠭᠤᠷ ᠲᠥᠭᠦᠷᠢᠭ ᠲᠤ ᠬᠦᠷᠴᠦ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠨᠢᠭᠡ ᠴᠤᠭᠴᠠᠵᠢᠭᠤᠯᠪᠠᠯ ᠳᠡᠭᠡᠭᠰᠢ ᠲᠤᠰᠢᠶᠠᠬᠤ ᠵᠢᠴᠢ ᠦᠷᠳᠡᠭ ᠨᠡᠮᠡᠭᠳᠡᠯ ᠤᠨ ᠭᠠᠶᠢᠯᠢ ᠶᠢ ᠦᠯᠡᠳᠡᠭᠡᠨ  ᠰᠠᠭᠤᠯᠭᠠᠵᠤ ᠪᠤᠴᠠᠭᠠᠬᠤ ᠭᠠᠶᠢᠯᠢ ᠶᠢ ᠳᠡᠭᠡᠭᠰᠢ ᠲᠤᠰᠢᠶᠠᠬᠤ ᠵᠡᠷᠭᠡ ᠲᠤᠰᠬᠠᠢ ᠵᠦᠢᠯ ᠤᠨ ᠳᠡᠭᠡᠭᠰᠢ ᠲᠤᠰᠢᠶᠠᠬᠤ ᠵᠠᠷᠤᠯᠭ᠎ᠠ 1.96 ᠳ᠋ᠦᠩᠰᠢᠭᠤᠷ ᠲᠥᠭᠦᠷᠢᠭ ᠲᠤ ᠬᠦᠷᠴᠡᠢ᠃     2. ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ ᠵᠢᠴᠢ ᠰᠢᠯᠵᠢᠭᠦᠯᠦᠨ ᠥᠭᠬᠦ ᠣᠷᠣᠯᠭ᠎ᠠ ᠶᠢᠨ ᠲᠠᠯ᠎ᠠ ᠪᠠᠷ᠄    ︵1︶ ᠲᠡᠬᠡᠳᠦ ᠱᠠᠳᠤᠨ ᠤ ᠦᠯᠡᠳᠡᠪᠦᠷᠢ ᠤᠷᠤᠯᠭ᠎ᠠ 13.63 ᠳ᠋ᠦᠩᠰᠢᠭᠤᠷ ᠲᠦᠬᠦᠷᠢᠭ᠂ ᠲᠤᠭᠤᠷᠢᠭ ᠤᠨ ᠱᠠᠳᠤᠨ ᠤ ᠦᠯᠡᠳᠡᠪᠦᠷᠢ ᠤᠷᠤᠯᠭ᠎ᠠ 3.39 ᠳ᠋ᠦᠩᠰᠢᠭᠤᠷ ᠲᠦᠬᠦᠷᠢᠭ᠂ ᠲᠡᠬᠳᠦ ᠵᠢᠯ ᠠᠴᠠ ᠰᠢᠯᠵᠢᠬᠦᠯᠦᠨ ᠢᠷᠡᠬᠦᠯᠦᠭᠰᠡᠨ ᠤᠷᠤᠯᠭ᠎ᠠ 10.24 ᠳ᠋ᠦᠩᠰᠢᠭᠤᠷ ᠲᠦᠬᠦᠷᠢᠭ᠃     ︵2︶ ᠲᠤᠰ ᠵᠢᠯ ᠤᠨ ᠳᠡᠭᠡᠳᠦ ᠱᠠᠲᠤᠨ ᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠣᠷᠣᠯᠭ᠎ᠠ ᠶᠢ 12 ᠳ᠋ᠦᠩᠰᠢᠭᠤᠷ ᠲᠥᠭᠦᠷᠢᠭ ᠢᠶᠠᠷ ᠵᠢᠱᠢᠪᠠ᠃     3. ᠲᠤᠰ ᠱᠠᠲᠤᠨ ᠤ ᠲᠥᠰᠦᠪ ᠤᠨ ᠵᠠᠷᠤᠯᠭ᠎ᠠ ᠶᠢᠨ ᠲᠠᠯ᠎ᠠ ᠪᠠᠷ᠄ ᠣᠷᠣᠯᠭ᠎ᠠ ᠯᠤᠭ᠎ᠠ ᠬᠠᠷᠢᠯᠴᠠᠨ ᠵᠣᠬᠢᠴᠠᠭᠤᠯᠵᠤ᠂  ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ︾ ᠵᠠᠷᠴᠢᠮ ᠶᠣᠰᠣᠭᠠᠷ᠂ 2021 ᠣᠨ ᠤ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ  ᠶᠢᠨ ᠲᠥᠰᠦᠪ ᠤᠨ ᠵᠠᠷᠤᠯᠭ᠎ᠠ ᠶᠢ 60.61 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠰᠠᠨᠠᠭᠤᠯᠪᠠ᠃ ᠪᠣᠳᠠᠲᠠᠶ ᠪᠠᠭᠲᠠᠭᠠᠬᠤ ᠨᠢ᠄     ︵1︶ ᠠᠵᠢᠯᠲᠠᠨ ᠤ ᠴᠠᠯᠢᠩ ᠢ ᠲᠣᠬᠢᠷᠠᠭᠤᠯᠬᠤ ᠵᠠᠷᠤᠯᠭ᠎ᠠ 27.43 ᠳ᠋ᠦᠩᠰᠢᠭᠤᠷ ᠲᠥᠭᠦᠷᠢᠭ᠃     ︵2︶ ᠰᠠᠯᠠᠭ᠎ᠠ ᠮᠥᠴᠢᠷ ᠤᠨ ᠠᠯᠪᠠᠨ ᠵᠠᠷᠤᠳᠠᠯ ᠤᠨ ᠵᠠᠷᠤᠯᠭ᠎ᠠ ᠶᠢ 0.88 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ ︵ᠠᠯᠪᠠᠨ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ᠂ ᠳᠤᠯᠠᠭᠠᠯᠠᠬᠤ ᠵᠠᠷᠤᠳᠠᠯ︶᠃     ︵3︶ ᠰᠠᠯᠠᠭ᠎ᠠ ᠮᠥᠴᠢᠷ ᠤᠨ ᠡᠩ ᠤᠨ ᠴᠢᠨᠠᠷᠲᠠᠢ ᠵᠦᠢᠯᠡᠰ ᠵᠢᠴᠢ ᠠᠷᠠᠳ ᠤᠨ ᠠᠮᠢᠳᠤᠷᠠᠯ ᠤᠨ ᠵᠦᠢᠯᠡᠰ ᠤᠨ ᠵᠠᠷᠤᠯᠭ᠎ᠠ ᠶᠢ 15.5 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠂ ᠡᠭᠦᠨ ᠳᠤ ᠵᠠᠰᠠᠭ ᠵᠠᠬᠢᠷᠭ᠎ᠠ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠲᠤᠰᠬᠠᠢ ᠵᠦᠢᠯᠡᠰ 3.35 ᠳ᠋ᠦᠩᠰᠢᠭᠤᠷ ᠲᠥᠭᠦᠷᠢᠭ ︵ᠡᠭᠦᠨ ᠳᠤ ᠥᠷᠢ ᠰᠢᠢᠳᠪᠦᠷᠢᠯᠡᠬᠦ ᠪᠡᠯᠡ ᠮᠥᠩᠭᠦ 1 ᠳ᠋ᠦᠩᠰᠢᠭᠤᠷ ᠲᠥᠭᠦᠷᠢᠭ︶᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠲᠤᠰᠬᠠᠢ ᠵᠦᠢᠯᠡᠰ 0.93 ᠳ᠋ᠦᠩᠰᠢᠭᠤᠷ ᠲᠥᠭᠦᠷᠢᠭ᠂ ᠨᠡᠶᠢᠭᠡᠮ ᠤᠨ ᠪᠠᠲᠤᠯᠠᠭ᠎ᠠ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠲᠤᠰᠬᠠᠢ ᠵᠦᠢᠯᠡᠰ 3.14 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠲᠤᠰᠬᠠᠢ ᠵᠦᠢᠯᠡᠰ 1.01 ᠳ᠋ᠦᠩᠰᠢᠭᠤᠷ ᠲᠥᠭᠦᠷᠢᠭ᠂ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠲᠤᠰᠬᠠᠢ ᠵᠦᠢᠯᠡᠰ 3.35 ᠳ᠋ᠦᠩᠰᠢᠭᠤᠷ ᠲᠥᠭᠦᠷᠢᠭ ︵ᠡᠭᠦᠨ ᠳᠤ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ 1 ᠳ᠋ᠦᠩᠰᠢᠭᠤᠷ ᠲᠥᠭᠦᠷᠢᠭ︶᠂ ᠮᠡᠳᠡᠭᠡ ᠵᠠᠩᠭᠢ ᠰᠦᠯᠵᠢᠶᠡᠨ ᠤ ᠰᠠᠯᠠᠭ᠎ᠠ ᠮᠥᠴᠢᠷ ᠤᠨ ᠲᠤᠰᠬᠠᠢ ᠵᠦᠢᠯᠡᠰ 0.19 ᠳ᠋ᠦᠩᠰᠢᠭᠤᠷ ᠲᠥᠭᠦᠷᠢᠭ᠂ ᠬᠤᠲᠠ ᠶᠢᠨ ᠠᠵᠢᠯ ᠤᠨ ᠢ ᠬᠠᠮᠠᠭᠠᠯᠠᠬᠤ ᠵᠠᠷᠤᠯᠭ᠎ᠠ 3.53 ᠳ᠋ᠦᠩᠰᠢᠭᠤᠷ ᠲᠥᠭᠦᠷᠢᠭ᠃     ︵4︶ ᠡᠯ᠎ᠡ ᠵᠦᠢᠯ ᠤᠨ ᠭᠤᠣᠯᠳᠠᠯᠭ᠎ᠠ ᠲᠠᠢ ᠵᠦᠢᠯᠡᠰ ᠤᠨ ᠵᠠᠷᠤᠯᠭ᠎ᠠ ᠶᠢ 206 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠂ ᠡᠭᠦᠨ ᠳᠤ᠄ ᠥᠷᠢ ᠲᠥᠯᠥᠬᠦ ᠪᠡᠯᠡᠳᠬᠡᠯ ᠮᠥᠩᠭᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠤᠨ ᠪᠠᠶᠢᠭᠤᠯᠤᠯᠳᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠵᠢᠴᠢ ᠬᠦᠳᠡᠭᠡ ᠲᠤᠰᠬᠤᠨ ᠤ ᠰᠤᠷᠲᠠᠯ ᠪᠣᠯᠪᠠᠰᠤᠨ᠂ ᠨᠣᠮ ᠤᠨ ᠰᠠᠩ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠢᠨᠵᠧᠨᠧᠷᠢᠩ᠂ ᠴᠢᠬᠡᠴᠢ ᠵᠠᠰᠠᠭ ᠤᠨ ᠬᠥᠮᠦᠵᠢᠯ ᠤᠨ ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠸᠠᠺᠼᠢᠨ ᠤ ᠲᠠᠷᠢᠯᠭ᠎ᠠ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ᠂ ᠬᠤᠭᠤᠴᠠᠭ᠎ᠠ ᠰᠣᠯᠢᠬᠤ ᠠᠯᠪᠠᠨ ᠵᠠᠷᠤᠳᠠᠯ᠂ ᠨᠡᠶᠢᠭᠡᠮ ᠲᠣᠭᠤᠷᠢᠭ ᠤᠨ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ  ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ᠂ ᠡᠨᠧᠷᠭᠢ  ᠶᠢᠨ ᠬᠤᠷᠣᠭᠳᠠᠯ ᠤᠨ ᠬᠤᠣᠰ ᠡᠵᠡᠮᠰᠢᠯᠲᠦ ᠠᠵᠢᠯ᠂ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠭᠤᠯᠭ᠎ᠠ ᠶᠢ ᠰᠢᠶᠳᠪᠦᠷᠢᠯᠡᠬᠦ ᠵᠠᠷᠤᠳᠠᠯ᠂ ᠴᠢᠬᠤᠯᠠ ᠶᠡᠭᠡ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠢᠴᠢ ᠨᠡᠶᠢᠭᠡᠮ ᠤᠨ ᠪᠦᠯᠬᠦᠮ ᠤᠨ ᠵᠠᠷᠤᠳᠠᠯ᠂ ᠤᠯᠤᠰ ᠤᠨ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ  ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠵᠠᠷᠤᠳᠠᠯ ᠵᠡᠷᠭᠡ ᠨᠡᠶᠢᠲᠡ 1 ᠳ᠋ᠦᠩᠰᠢᠭᠤᠷ ᠲᠥᠭᠦᠷᠢᠭ ᠪᠣᠶ᠂ ᠣᠷᠣᠯᠭ᠎ᠠ ᠠᠴᠠ ᠬᠤᠷᠢᠶᠠᠬᠤ ᠵᠠᠷᠤᠳᠠᠯ 0.2 ᠳ᠋ᠦᠩᠰᠢᠭᠤᠷ ᠲᠥᠭᠦᠷᠢᠭ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠲᠤᠰᠬᠠᠢ ᠨᠥᠬᠦᠪᠥᠷᠢ ᠵᠢᠴᠢ ᠳᠡᠭᠡᠭᠰᠢ ᠲᠤᠰᠢᠶᠠᠬᠤ ᠲᠤᠰᠬᠠᠢ ᠵᠦᠢᠯ ᠤᠨ ᠵᠠᠷᠤᠯᠭ᠎ᠠ 0.24 ᠳ᠋ᠦᠩᠰᠢᠭᠤᠷ ᠲᠥᠭᠦᠷᠢᠭ ︵ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠴᠡᠴᠡᠷᠯᠢᠭᠵᠢᠬᠦᠯᠦᠯᠳᠡ ᠤᠶᠢᠵᠢᠭᠤᠯᠤᠯᠳᠠ᠂ ᠬᠤᠲᠠ ᠶᠢᠨ ᠶᠠᠪᠤᠳᠠᠯ ᠵᠡᠷᠭᠡ ᠠᠵᠢᠯ ᠡᠷᠬᠡ ᠶᠢᠨ ᠬᠤᠪᠢᠶᠠᠷᠢᠯᠠᠯ᠂ ᠲᠣᠭᠤᠷᠢᠭ ᠪᠠ ᠪᠠᠯᠭᠠᠰᠤᠨ ᠤ ᠡᠳ᠋ ᠤᠨ ᠡᠷᠬᠡ ᠶᠢ ᠰᠢᠯᠵᠢᠭᠦᠯᠦᠨ ᠥᠭᠬᠦ︶᠂ ᠭᠠᠶᠢᠯᠢ ᠶᠢᠨ ᠪᠤᠰᠤ ᠣᠷᠣᠯᠭ᠎ᠠ ᠶᠢ ᠤᠷᠮᠠᠰᠢᠭᠤᠯᠬᠤ ᠱᠠᠩᠨᠠᠯ ᠤᠨ ᠵᠠᠷᠤᠳᠠᠯ 700 ᠲᠦᠮᠡᠨ ᠲᠥᠭᠦᠷᠢᠭ᠂ ᠬᠤᠲᠠ ᠶᠢᠨ ᠨᠠᠷᠢᠯᠢᠬᠵᠢᠭᠤᠯᠤᠭᠰᠠᠨ ᠵᠠᠰᠠᠯᠲᠠ᠂ ᠪᠤᠯᠪᠠᠰᠤᠨ ᠬᠤᠳᠠ᠂ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠵᠡᠷᠭᠡ ᠠᠵᠢᠯ ᠤᠨ ᠵᠠᠷᠤᠳᠠᠯ 800 ᠲᠦᠮᠡᠨ ᠲᠥᠭᠦᠷᠢᠭ᠂ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠵᠢᠷᠤᠭ ᠲᠥᠯᠥᠪᠯᠡᠭᠡᠨ ᠤ ᠵᠠᠷᠤᠳᠠᠯ᠂ ᠲᠦᠷᠦᠯ ᠵᠦᠢᠯ ᠤᠨ ᠲᠤᠰᠬᠠᠶ ᠮᠡᠷᠭᠡᠵᠢᠯᠲᠡᠨ ᠤ ᠵᠠᠷᠤᠳᠠᠯ᠂ ᠠᠶᠤᠯᠭᠦᠶ ᠦᠶᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠵᠠᠷᠤᠳᠠᠯ 700 ᠲᠦᠮᠡᠨ ᠲᠥᠭᠦᠷᠢᠭ ᠂ ᠵᠠᠬᠢᠳᠠᠯ ᠰᠤᠷᠪᠤᠯᠵᠢᠯᠠᠭ᠎ᠠ ᠶᠢᠨ ᠨᠥᠭᠡᠴᠡ ᠮᠥᠩᠭᠦ ᠵᠢᠴᠢ ᠬᠥᠯᠥᠰᠥᠨ ᠠᠵᠢᠯᠴᠢᠨ ᠤ ᠴᠠᠯᠢᠩ 600 ᠲᠦᠮᠡᠨ ᠲᠥᠭᠦᠷᠢᠭ᠂ ᠬᠤᠳᠠᠯᠳᠤᠨ ᠠᠪᠬᠤ ᠵᠠᠷᠤᠳᠠᠯ᠂ ᠪᠠᠴᠢᠮ ᠪᠠᠶᠢᠳᠠᠯ ᠢ ᠠᠷᠭᠠᠴᠠᠬᠤ ᠰᠡᠯᠪᠢᠨ ᠵᠠᠰᠠᠬᠤ ᠵᠠᠷᠤᠳᠠᠯ 500 ᠲᠦᠮᠡᠨ ᠲᠥᠭᠦᠷᠢᠭ᠂ ᠲᠥᠰᠦᠪ ᠤᠨ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ 500 ᠲᠦᠮᠡᠨ ᠲᠥᠭᠦᠷᠢᠭ᠂ ᠬᠢᠵᠢᠭ ᠤᠨ ᠪᠠᠶᠢᠳᠠᠯ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠯᠪᠠᠨ ᠵᠠᠷᠤᠳᠠᠯ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠠᠷᠤᠳᠠᠯ 300 ᠲᠦᠮᠡᠨ ᠲᠥᠭᠦᠷᠢᠭ᠂ ᠪᠤᠰᠤᠳ ᠭᠤᠣᠯᠳᠠᠯᠭ᠎ᠠ ᠪᠣᠯᠬᠤ ᠵᠦᠢᠯᠡᠰ ᠤᠨ ᠵᠠᠷᠤᠯᠭ᠎ᠠ 0.21 ᠳ᠋ᠦᠩᠰᠢᠭᠤᠷ ᠲᠥᠭᠦᠷᠢᠭ᠃      ︵5︶ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠵᠢᠴᠢ ᠡᠬᠡ ᠬᠦᠦ ᠶᠢ ᠪᠤᠴᠠᠭᠠᠬᠤ ᠪᠤᠰᠤᠳ ᠵᠠᠷᠤᠯᠭ᠎ᠠ ᠶᠢ 12.7 ᠳ᠋ᠦᠩᠰᠢᠭᠤᠷ ᠲᠥᠭᠦᠷᠢᠭ ᠳᠤᠬᠢᠷᠠᠭᠤᠯᠤᠨ᠎ᠠ᠃      ︵6︶ ᠬᠦᠷᠢᠶᠡᠯᠡᠩ ᠲᠣᠭᠤᠷᠢᠭ᠂ ᠪᠠᠯᠭᠠᠰᠤᠨ ᠤ ᠵᠠᠷᠤᠯᠭ᠎ᠠ ᠶᠢ 1.39 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃     ︵7︶ ᠪᠡᠯᠡᠳᠬᠡᠯ ᠵᠠᠷᠤᠳᠠᠯ 0.65 ᠳ᠋ᠦᠩᠰᠢᠭᠤᠷ ᠲᠥᠭᠦᠷᠢᠭ ᠢ ᠲᠤᠬᠢᠷᠠᠭᠤᠯᠵᠤ᠂  ︽ᠲᠥᠰᠦᠪ ᠤᠨ ᠬᠠᠤᠯᠢ︾ ᠶᠢᠨ ᠲᠣᠭᠲᠠᠭᠠᠯ ᠶᠣᠰᠣᠭᠠᠷ᠂ ᠵᠠᠷᠤᠯᠭ᠎ᠠ  ᠶᠢᠨ ᠲᠥᠰᠦᠪ ᠤᠨ 1 % - 3 % ᠪᠠᠷ ᠯᠠᠪᠯᠠᠯᠲᠠ ᠪᠣᠯᠭᠠᠵᠤ ᠲᠤᠬᠢᠷᠠᠭᠤᠯᠤᠨ᠂ ᠲᠤᠰ ᠵᠢᠯ ᠤᠨ ᠲᠥᠰᠦᠪ ᠢ ᠭᠦᠢᠴᠡᠳᠬᠡᠬᠦ ᠳᠤᠮᠳᠠ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠡᠭᠦᠰᠦᠭᠰᠡᠨ ᠬᠡᠷᠡᠭ ᠵᠢᠴᠢ ᠤᠷᠢᠳᠴᠢᠯᠠᠨ ᠮᠡᠳᠡᠬᠦᠶ᠎ᠡ ᠪᠡᠷᠬᠡ ᠪᠤᠰᠤᠳ ᠵᠠᠷᠤᠯᠭ᠎ᠠ ᠳᠤ ᠬᠡᠷᠡᠭᠯᠡᠨ᠎ᠡ᠃     2021 ᠣᠨ ᠤ ︽ᠭᠤᠷᠪᠠ ᠶᠢ ᠪᠠᠲᠤᠯᠠᠬᠤ︾ ᠶᠢᠨ ᠬᠡᠷᠡᠭᠯᠡᠵᠦ ᠪᠣᠯᠬᠤ ᠡᠳ᠋ ᠤᠨ ᠬᠦᠴᠦᠨ ᠵᠢᠴᠢ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠬᠡᠷᠡᠭᠴᠡᠭᠡ  ᠶᠢ ᠦᠨᠳᠦᠰᠦᠯᠡᠨ ᠲᠥᠰᠦᠭᠡᠯᠡᠨ ᠪᠤᠳᠤᠨ᠎ᠠ᠂ ᠮᠠᠨ ᠤ ᠲᠤᠭᠤᠷᠢᠭ ᠤᠨ 2021 ᠣᠨ ᠤ ︽ᠭᠤᠷᠪᠠ ᠶᠢ ᠪᠠᠲᠤᠯᠠᠬᠤ︾ ᠶᠢᠨ ᠬᠡᠷᠡᠭᠯᠡᠵᠦ ᠪᠣᠯᠬᠤ ᠡᠳ᠋ ᠤᠨ ᠬᠦᠴᠦᠨ  ᠨᠢ ᠤᠯᠤᠰ ᠤᠨ ᠪᠠᠲᠤᠯᠠᠭ᠎ᠠ ᠶᠢᠨ ᠬᠡᠪᠴᠢᠶ᠎ᠡ ᠪᠠ ᠪᠠᠷᠢᠮᠵᠢᠶ᠎ᠠ ᠶᠢ ᠬᠠᠮᠤᠷᠤᠭᠰᠠᠨ ︽ᠭᠤᠷᠪᠠ ᠶᠢ ᠪᠠᠲᠤᠯᠠᠬᠤ︾ ᠵᠠᠷᠤᠯᠭ᠎ᠠ ᠵᠢᠴᠢ ᠣᠷᠣᠨ ᠨᠤᠲᠤᠭ ᠤᠨ ᠪᠠᠲᠤᠯᠠᠭ᠎ᠠ  ᠶᠢᠨ ᠬᠡᠪᠴᠢᠶ᠎ᠡ ᠪᠠ ᠪᠠᠷᠢᠮᠵᠢᠶ᠎ᠠ ᠶᠢᠨ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠬᠠᠮᠤᠷᠤᠭᠰᠠᠨ ᠤ ᠳᠠᠷᠠᠭ᠎ᠠ᠂ ᠦᠯᠡᠳᠡᠭᠰᠡᠨ ᠡᠳ᠋ ᠤᠨ ᠬᠦᠴᠦᠨ ᠨᠢ ᠮᠠᠨ ᠤ ᠲᠤᠭᠤᠷᠢᠭ ᠤᠨ 2021 ᠣᠨ ᠤ ᠬᠤᠭᠤᠴᠠᠭ᠎ᠠ ᠲᠤᠯᠤᠭᠰᠠᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠮᠥᠩᠭᠦ ᠶᠢ ᠪᠥᠬᠦ ᠲᠤᠭ᠎ᠠ ᠪᠠᠷ ᠨᠢ ᠪᠠᠲᠤᠯᠠᠵᠤ ᠳᠡᠶᠢᠯᠬᠦ ᠥᠬᠡᠶ᠂ ᠲᠠᠷᠠᠭᠠᠴᠢ ᠶᠢᠨ ᠠᠯᠬᠤᠮ ᠳᠤ ᠲᠥᠰᠦᠪ ᠢ ᠭᠦᠢᠴᠡᠳᠬᠡᠬᠦ ᠶᠠᠪᠤᠴᠠ ᠳᠤ ᠬᠡᠰᠡᠭ ᠭᠤᠣᠯᠳᠠᠯᠭ᠎ᠠ ᠲᠠᠢ ᠪᠤᠰᠤ ᠵᠠᠷᠤᠯᠭ᠎ᠠ ᠶᠢ ᠪᠠᠭᠠᠰᠬᠠᠨ ᠢᠯᠭᠠᠷᠠᠭᠤᠯᠤᠨ᠎ᠠ᠂ ᠰᠠᠯᠠᠭ᠎ᠠ ᠮᠥᠴᠢᠷ ᠤᠨ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠵᠢᠴᠢ ᠪᠤᠰᠤᠳ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠨ᠎ᠠ᠂ ᠰᠤᠯᠠᠯᠠᠵᠤ ᠭᠠᠷᠭᠠᠭᠰᠠᠨ ᠬᠡᠷᠡᠭᠯᠡᠵᠦ ᠪᠣᠯᠬᠤ ᠡᠳ᠋ ᠤᠨ ᠬᠦᠴᠦᠨ ᠢ ᠬᠤᠭᠤᠴᠠᠭ᠎ᠠ ᠲᠤᠯᠤᠭᠰᠠᠨ ᠡᠩ ᠤᠨ ᠵᠢᠭᠡᠯᠡᠯᠭᠡ ᠶᠢᠨ ᠲᠡᠮᠳᠡᠭᠲᠦ  ᠶᠢᠨ ᠡᠬᠡ ᠬᠦᠦ ᠮᠥᠩᠭᠦ ᠶᠢ ᠪᠤᠴᠠᠭᠠᠬᠤ ᠳᠤ ᠬᠡᠷᠡᠭᠯᠡᠨ᠎ᠡ᠃      4 . ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ ᠵᠢᠴᠢ ᠰᠢᠯᠵᠢᠭᠦᠯᠦᠨ ᠥᠭᠬᠦ ᠣᠷᠣᠯᠭ᠎ᠠ ᠶᠢ ᠲᠣᠬᠢᠷᠠᠭᠤᠯᠬᠤ ᠵᠠᠷᠤᠯᠭ᠎ᠠ ᠶᠢᠨ ᠲᠠᠯ᠎ᠠ ᠪᠠᠷ᠄    ︵1︶ ᠲᠦᠷᠦᠭᠦᠦ ᠵᠢᠯ ᠤᠨ ᠦᠯᠡᠳᠡᠪᠦᠷᠢ ᠣᠷᠣᠯᠭ᠎ᠠ ᠶᠢ 13.63 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠤᠨ᠎ᠠ᠃ ᠭᠤᠣᠯᠳᠠᠭᠤ ᠲᠤᠭᠤᠷᠢᠭ ᠤᠨ ᠲᠣᠰ ᠱᠠᠲᠤᠨ ᠤ ᠦᠯᠡᠳᠡᠪᠦᠷᠢ ᠣᠷᠣᠯᠭ᠎ᠠ ᠶᠢ 3.39 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠥᠩᠭᠡᠷᠡᠭᠰᠡᠨ ᠵᠢᠯ ᠤᠳ ᠤᠨ ᠲᠡᠬᠡᠳᠦ ᠱᠠᠲᠤᠨ ᠤ ᠰᠢᠯᠵᠢᠭᠦᠯᠦᠨ ᠥᠭᠭᠦᠭᠰᠡᠨ ᠦᠯᠡᠳᠡᠪᠦᠷᠢ ᠣᠷᠣᠯᠭ᠎ᠠ ᠶᠢ 10.24 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃     ︵2︶  ᠲᠤᠬᠠᠢ ᠶᠢᠨ ᠵᠢᠯ ᠤᠨ ᠳᠡᠭᠡᠳᠦ ᠱᠠᠲᠤᠨ ᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠣᠷᠣᠯᠭ᠎ᠠ ᠶᠢ ᠵᠢᠱᠢᠯᠲᠡ ᠪᠠᠷ 12 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃    ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ    2021 ᠣᠨ ᠤ ᠪᠥᠭ᠊ ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ 10.2 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠰᠠᠨᠠᠭᠤᠯᠵᠤ ᠪᠠᠶᠢᠨ᠎ᠠ᠂ ᠡᠭᠦᠨ ᠳᠤ᠄ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠢᠮᠳᠠ ᠪᠠᠷ ᠬᠤᠳᠠᠯᠳᠤᠭᠰᠠᠨ ᠣᠷᠣᠯᠭ᠎ᠠ 8.1 ᠳ᠋ᠦᠩᠰᠢᠭᠤᠷ ᠲᠥᠭᠦᠷᠢᠭ᠂ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠠᠰᠢᠭ ᠣᠯᠵᠠᠪᠤᠷᠢ ᠶᠢᠨ ᠰᠠᠭᠤᠷᠢ ᠮᠥᠩᠭᠦ ᠶᠢᠨ ᠣᠷᠣᠯᠭ᠎ᠠ 0.4 ᠳ᠋ᠦᠩᠰᠢᠭᠤᠷ ᠲᠥᠭᠦᠷᠢᠭ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠰᠦᠶᠳᠬᠡᠯ ᠤᠨ ᠣᠷᠣᠯᠭ᠎ᠠ 1.5 ᠳ᠋ᠦᠩᠰᠢᠭᠤᠷ ᠲᠥᠭᠦᠷᠢᠭ᠂ ᠪᠣᠬᠢᠷ ᠤᠰᠤ ᠰᠢᠶᠳᠪᠦᠷᠢᠯᠡᠬᠦ ᠰᠦᠶᠳᠬᠡᠯ ᠤᠨ ᠣᠷᠣᠯᠭ᠎ᠠ 0.2 ᠳ᠋ᠦᠩᠰᠢᠭᠤᠷ ᠲᠥᠭᠦᠷᠢᠭ ᠪᠣᠯᠤᠨ᠎ᠠ᠃    ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠵᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ︾ ᠵᠠᠷᠴᠢᠮ ᠤᠨ ᠶᠣᠰᠣᠭᠠᠷ 2021 ᠣᠨ ᠳᠤ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ 10.2 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠰᠠᠨᠠᠭᠤᠯᠪᠠ᠂ ᠡᠭᠦᠨ ᠳᠤ᠄ ᠤᠯᠤᠰ ᠠᠴᠠ ᠦᠮᠴᠢᠯᠡᠯᠳᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠵᠠᠷᠤᠯᠭ᠎ᠠ 8.1 ᠳ᠋ᠦᠩᠰᠢᠭᠤᠷ ᠲᠥᠭᠦᠷᠢᠭ ︵ᠡᠭᠦᠨ ᠳᠤ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠵᠢᠴᠢ ᠪᠤᠰᠤᠳ ᠥᠷᠢ ᠥᠭᠴᠡᠭᠡ ᠶᠢ ᠪᠤᠴᠠᠭᠠᠬᠤ ᠵᠠᠷᠤᠯᠭ᠎ᠠ 0.5 ᠳ᠋ᠦᠩᠰᠢᠭᠤᠷ ᠲᠥᠭᠦᠷᠢᠭ︶᠂ ᠭᠤᠣᠯᠳᠠᠭᠤ ᠭᠠᠵᠠᠷ ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠨᠥᠬᠦᠪᠥᠷᠢ ᠵᠠᠷᠤᠳᠠᠯ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠡᠬᠡ ᠬᠦᠦ ᠮᠥᠩᠭᠦ ᠶᠢ ᠪᠤᠴᠠᠭᠠᠬᠤ ᠵᠠᠷᠤᠯᠭ᠎ᠠ᠂ ᠤᠯᠤᠰ ᠤᠨ ᠦᠮᠴᠢᠯᠡᠯᠳᠦ ᠭᠠᠵᠠᠷ ᠰᠢᠷᠣᠢ ᠶᠢᠨ ᠠᠰᠢᠭ ᠣᠯᠵᠠᠪᠤᠷᠢ ᠶᠢᠨ ᠰᠠᠭᠤᠷᠢ ᠮᠥᠩᠭᠦ  ᠶᠢᠨ ᠵᠠᠷᠤᠯᠭ᠎ᠠ 0.4 ᠳ᠋ᠦᠩᠰᠢᠭᠤᠷ ᠲᠥᠭᠦᠷᠢᠭ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ ᠤᠨ ᠵᠠᠷᠤᠯᠭ᠎ᠠ 1.5 ᠳ᠋ᠦᠩᠰᠢᠭᠤᠷ ᠲᠥᠭᠦᠷᠢᠭ᠂ ᠪᠣᠬᠢᠷ ᠤᠰᠤ ᠰᠢᠢᠳᠪᠦᠷᠢᠯᠡᠬᠦ ᠵᠠᠷᠤᠳᠠᠯ   ᠤᠨ ᠵᠠᠷᠤᠯᠭ᠎ᠠ 0.2 ᠳ᠋ᠦᠩᠰᠢᠭᠤᠷ ᠲᠦᠬᠦᠷᠢᠭ᠃   ᠲᠦᠷᠦᠭᠦᠦ ᠵᠢᠯ ᠤᠨ ᠦᠯᠡᠳᠡᠪᠦᠷᠢ ᠰᠠᠭᠤᠷᠢ ᠮᠥᠩᠭᠦ ᠶᠢᠨ ᠣᠷᠣᠯᠭ᠎ᠠ ᠶᠢ 0.93 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠵᠤ᠂ ᠵᠠᠷᠤᠯᠭ᠎ᠠ ᠶᠢ 0.93 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠤᠨ᠎ᠠ᠃ ᠵᠢᠯ ᠤᠨ ᠳᠡᠭᠡᠳᠦ ᠱᠠᠲᠤᠨ ᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠣᠷᠣᠯᠭ᠎ᠠ ᠶᠢ 0.15 ᠳ᠋ᠦᠩᠰᠢᠭᠤᠷ ᠲᠥᠭᠦᠷᠢᠭ ᠢᠶᠠᠷ ᠵᠢᠱᠢᠵᠦ᠂ ᠵᠠᠷᠤᠯᠭ᠎ᠠ ᠳᠤ 0.15 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃     ︵ᠭᠤᠷᠪᠠ︶ ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ    ᠣᠷᠣᠨ ᠲᠤᠭ᠎ᠠ ᠶᠢᠨ ᠬᠡᠪᠴᠢᠶᠡᠨ ᠳᠤ ᠣᠷᠣᠭᠤᠯᠤᠭᠰᠠᠨ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ 2021 ᠣᠨ ᠤ ᠭᠠᠶᠢᠯᠢ ᠲᠤᠰᠢᠶᠠᠭᠰᠠᠨ ᠤ ᠳᠠᠷᠠᠭᠠᠬᠢ ᠴᠡᠪᠡᠷ ᠠᠰᠢᠭ ᠬᠤᠨᠵᠢᠪᠣᠷᠢ ᠶᠢᠨ 20 % ᠶᠢᠨ ᠲᠥᠰᠦᠭᠡᠯᠡᠨ ᠪᠤᠳᠤᠯᠲᠠ ᠶᠢ ᠦᠨᠳᠦᠰᠦᠯᠡᠨ᠂ 2021 ᠣᠨ ᠤ ᠪᠥᠬᠦ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ 1571 ᠲᠦᠮᠡᠨ ᠲᠥᠭᠦᠷᠢᠭ ᠲᠣᠬᠢᠷᠠᠭᠤᠯᠬᠤ ᠪᠠᠷ ᠰᠠᠨᠠᠭᠤᠯᠪᠠ᠃    ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ ᠵᠠᠷᠴᠢᠮ ᠶᠣᠰᠣᠭᠠᠷ᠂ 2021 ᠣᠨ ᠤ ᠪᠥᠬᠦ ᠲᠤᠭᠤᠷᠢᠭ ᠤᠨ ᠤᠯᠤᠰ ᠤᠨ ᠥᠮᠴᠢᠯᠡᠯᠲᠦ ᠬᠥᠷᠥᠩᠭᠡ  ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ 1571 ᠲᠦᠮᠡᠨ ᠲᠥᠭᠦᠷᠢᠭ ᠲᠣᠬᠢᠷᠠᠭᠤᠯᠬᠤ ᠪᠠᠷ ᠰᠠᠨᠠᠭᠤᠯᠪᠠ᠃    ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 21 ᠲᠦᠮᠡᠨ ᠲᠥᠭᠦᠷᠢᠭ ᠲᠤ ᠬᠦᠷᠴᠦ᠂ 21 ᠲᠦᠮᠡᠨ ᠲᠥᠭᠦᠷᠢᠭ ᠤᠨ ᠵᠠᠷᠤᠯᠭ᠎ᠠ ᠲᠣᠬᠢᠷᠠᠭᠤᠯᠤᠨ᠎ᠠ᠃     ︵ᠳᠥᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ    ︽ᠣᠷᠳᠣᠰ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ︵ᠣᠷᠳᠣᠰ ᠵᠠᠰᠠᠭ ᠲᠠᠷᠬᠠᠭᠠᠭᠰᠠᠨ [ 2012] 50 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ᠂ ᠡᠮᠨᠡᠯᠭᠡ ᠶᠢᠨ ᠳᠠᠭᠠᠳᠬᠠᠯ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠬᠥᠩᠭᠡᠵᠢᠯ ᠤᠨ ᠠᠵᠢᠯ ᠠᠴᠠ ᠪᠣᠯᠤᠭᠰᠠᠨ ᠭᠡᠮᠲᠦᠯ ᠵᠡᠷᠭᠡ ᠳᠠᠭᠠᠳᠬᠠᠯ ᠤᠨ ᠰᠠᠭᠤᠷᠢ ᠮᠥᠩᠭᠦ ᠶᠢ ᠴᠥᠮ ᠣᠷᠣᠯᠭ᠎ᠠ ᠵᠠᠷᠤᠯᠭ᠎ᠠ ᠶᠢᠨ ᠬᠤᠶᠠᠷ ᠱᠤᠭᠤᠮ ᠤᠨ ᠶᠣᠰᠣᠭᠠᠷ ᠬᠤᠲᠠ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢᠨ ᠬᠠᠮᠲᠤ ᠲᠤᠰᠬᠠᠶ ᠳᠠᠩᠰᠠ ᠪᠠᠷ ᠬᠠᠮᠢᠶᠠᠷᠬᠤ ᠶᠢ ᠬᠡᠷᠡᠭᠵᠢᠭᠦᠯᠵᠦ᠂ ᠲᠥᠰᠦᠪ ᠪᠠ ᠲᠥᠰᠦᠪ ᠤᠨ ᠭᠦᠢᠴᠡᠳᠬᠡᠯ ᠢ ᠨᠢᠭᠡᠳᠦᠯᠲᠡᠶ ᠲᠥᠯᠥᠪᠯᠡᠨ ᠨᠠᠶᠢᠷᠠᠭᠤᠯᠤᠨ ᠵᠣᠬᠢᠶᠠᠪᠠ᠃ ᠪᠣᠳᠠᠲᠠᠢ ᠨᠢ ᠳᠣᠣᠷᠠᠬᠢ ᠮᠡᠲᠦ᠄    2021 ᠣᠨ ᠳᠤ ᠪᠥᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ 19.32 ᠳ᠋ᠦᠩᠰᠢᠭᠤᠷ ᠲᠥᠭᠦᠷᠢᠭ ᠪᠡᠶᠡᠯᠡᠬᠦᠯᠬᠦ ᠪᠠᠷ ᠵᠢᠱᠢᠵᠦ᠂ ᠡᠭᠦᠨ ᠳᠤ ᠳᠠᠭᠠᠳᠬᠠᠯ ᠤᠨ ᠰᠦᠶᠳᠬᠡᠯ ᠤᠨ ᠣᠷᠣᠯᠭ᠎ᠠ ᠶᠢ 16 ᠳ᠋ᠦᠩᠰᠢᠭᠤᠷ ᠲᠥᠭᠦᠷᠢᠭ ︵ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ 8.53 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ 0.23 ᠳ᠋ᠦᠩᠰᠢᠭᠤᠷ ᠲᠥᠭᠦᠷᠢᠭ᠂ ᠪᠠᠶᠢᠭᠤᠯᠭ᠎ᠠ ᠶᠢᠨ ᠠᠵᠢᠯ ᠦᠶᠯᠡᠰ ᠤᠨ ᠨᠠᠰᠤᠵᠢᠯ ᠤᠨ ᠳᠠᠭᠠᠳᠬᠠᠯ 3.09 ᠳ᠋ᠦᠩᠰᠢᠭᠤᠷ ᠲᠥᠭᠦᠷᠢᠭ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ 3.03 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ 0.57 ᠳ᠋ᠦᠩᠰᠢᠭᠤᠷ ᠲᠥᠭᠦᠷᠢᠭ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ 0.17 ᠳ᠋ᠦᠩᠰᠢᠭᠤᠷ ᠲᠥᠭᠦᠷᠢᠭ᠂ ᠠᠵᠢᠯ ᠠᠯᠳᠠᠯᠲᠠ ᠶᠢᠨ ᠳᠠᠭᠠᠳᠬᠠᠯ 0.38 ᠳ᠋ᠦᠩᠰᠢᠭᠤᠷ ᠲᠥᠭᠦᠷᠢᠭ︶᠂ ᠬᠦᠦ ᠮᠥᠩᠭᠦ ᠶᠢᠨ ᠣᠷᠣᠯᠭ᠎ᠠ 0.26 ᠳ᠋ᠦᠩᠰᠢᠭᠤᠷ ᠲᠥᠭᠦᠷᠢᠭ᠂ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠣᠷᠣᠯᠭ᠎ᠠ 2.86 ᠳ᠋ᠦᠩᠰᠢᠭᠤᠷ ᠲᠥᠭᠦᠷᠢᠭ᠃    2021 ᠣᠨ ᠳᠤ ᠪᠥᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 10.8 ᠳ᠋ᠦᠩᠰᠢᠭᠤᠷ ᠲᠥᠭᠦᠷᠢᠭ ᠪᠡᠶᠡᠯᠡᠬᠦᠯᠬᠦ ᠪᠠᠷ ᠵᠢᠱᠢᠵᠤ᠂ ᠡᠭᠦᠨ ᠳᠤ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠵᠠᠷᠤᠯᠭ᠎ᠠ 9.62 ᠳ᠋ᠦᠩᠰᠢᠭᠤᠷ ᠲᠥᠭᠦᠷᠢᠭ ︵ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ 2.36 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ 0.95 ᠳ᠋ᠦᠩᠰᠢᠭᠤᠷ ᠲᠥᠭᠦᠷᠢᠭ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 2.8 ᠳ᠋ᠦᠩᠰᠢᠭᠤᠷ ᠲᠥᠭᠦᠷᠢᠭ ᠣᠷᠣᠭᠤᠯᠤᠨ᠎ᠠ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ 2.25 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ 0.94 ᠳ᠋ᠦᠩᠰᠢᠭᠤᠷ ᠲᠥᠭᠦᠷᠢᠭ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ 0.26 ᠳ᠋ᠦᠩᠰᠢᠭᠤᠷ ᠲᠥᠭᠦᠷᠢᠭ᠂ ᠠᠵᠢᠯ ᠠᠯᠳᠠᠯᠲᠠ ᠶᠢᠨ ᠳᠠᠭᠠᠳᠬᠠᠯ 558 ᠲᠦᠮᠡᠨ ᠲᠥᠭᠦᠷᠢᠭ︶᠂ ᠬᠦᠨᠳᠦ ᠡᠪᠡᠳᠴᠢᠨ ᠤ ᠳᠠᠭᠠᠳᠬᠠᠯ ᠬᠤᠳᠠᠯᠳᠤᠨ ᠠᠪᠬᠤ ᠳᠤ 0.13 ᠳ᠋ᠦᠩᠰᠢᠭᠤᠷ ᠲᠥᠭᠦᠷᠢᠭ ᠵᠠᠷᠤᠴᠠᠭᠤᠯᠤᠨ᠎ᠠ᠂ ᠣᠷᠣᠰᠢᠭᠤᠯᠭ᠎ᠠ ᠶᠢᠨ ᠠᠰᠠᠷᠠᠮᠵᠢ ᠶᠢᠨ ᠵᠠᠷᠤᠯᠭ᠎ᠠ 0.47 ᠳ᠋ᠦᠩᠰᠢᠭᠤᠷ ᠲᠥᠭᠦᠷᠢᠭ᠂ ᠰᠢᠯᠵᠢᠭᠦᠯᠦᠨ ᠥᠭᠬᠦ ᠵᠠᠷᠤᠯᠭ᠎ᠠ ᠶᠢ 0.14 ᠳ᠋ᠦᠩᠰᠢᠭᠤᠷ ᠲᠥᠭᠦᠷᠢᠭ ᠳᠤᠬᠢᠷᠠᠭᠤᠯᠤᠨ᠎ᠠ᠂ ᠳᠡᠭᠡᠭᠰᠢ ᠲᠤᠰᠢᠶᠠᠬᠤ ᠵᠠᠷᠤᠯᠭ᠎ᠠ 379 ᠲᠦᠮᠡᠨ ᠲᠥᠭᠦᠷᠢᠭ᠂ ᠡᠮ ᠡᠮᠨᠡᠯᠭᠡ ᠶᠢᠨ ᠨᠥᠬᠦᠪᠥᠷᠢ ᠮᠥᠩᠭᠦ ᠶᠢᠨ ᠵᠠᠷᠤᠯᠭ᠎ᠠ 109 ᠲᠦᠮᠡᠨ ᠲᠥᠭᠦᠷᠢᠭ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢᠨ ᠵᠠᠷᠤᠯᠭ᠎ᠠ ᠶᠢ 0.36 ᠳ᠋ᠦᠩᠰᠢᠭᠤᠷ ᠲᠥᠭᠦᠷᠢᠭ ᠲᠤᠬᠢᠷᠠᠭᠤᠯᠵᠤ᠂ ᠪᠤᠰᠤᠳ ᠵᠠᠷᠤᠳᠠᠯ ᠤᠨ ᠵᠠᠷᠤᠯᠭ᠎ᠠ ᠶᠢ 342 ᠲᠦᠮᠡᠨ ᠲᠥᠭᠦᠷᠢᠭ ᠲᠤᠬᠢᠷᠠᠭᠤᠯᠤᠨ᠎ᠠ᠃    ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠪᠦᠬᠦ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠶᠢ 8.52 ᠳ᠋ᠦᠩᠰᠢᠭᠤᠷ ᠲᠥᠭᠦᠷᠢᠭ ᠢᠶᠠᠷ ᠵᠢᠱᠢᠵᠦ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ ᠶᠢ 81.49 ᠳ᠋ᠦᠩᠰᠢᠭᠤᠷ ᠲᠥᠭᠦᠷᠢᠭ ᠢᠶᠠᠷ ᠵᠢᠱᠢᠵᠦ ᠪᠠᠶᠢᠨ᠎ᠠ᠃    ︵ᠲᠠᠪᠤ︶ ᠲᠣᠭᠤᠷᠢᠭ ᠤᠨ ᠰᠢᠭᠤᠳ ᠬᠠᠷᠢᠶ᠎ᠠ ᠬᠦᠷᠢᠶᠡᠯᠡᠩ ᠲᠣᠭᠤᠷᠢᠭ ᠤᠨ ᠲᠥᠰᠦᠪ    ᠣᠲᠣ ᠶᠢᠨ ᠬᠡᠷᠡᠭᠵᠢᠭᠦᠯᠵᠦ ᠪᠠᠶᠢᠭ᠎ᠠ ᠪᠠᠶᠢᠭᠤᠯᠤᠯ ᠤᠨ ᠲᠣᠭᠲᠠᠭᠠᠯ ᠶᠣᠰᠣᠭᠠᠷ ᠣᠷᠳᠣᠰ ᠤᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠭᠤᠷᠪᠠᠨ ᠬᠦᠷᠢᠶᠡᠯᠡᠩ ᠲᠣᠭᠤᠷᠢᠭ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠤᠮᠵᠢ ᠳᠤ ᠬᠠᠷᠢᠶᠠᠯᠠᠭᠳᠠᠵᠤ᠂ ᠲᠡᠭᠦᠨ ᠤ ᠲᠥᠰᠦᠪ ᠢ ᠬᠠᠮᠲᠤ ᠳᠤᠨᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠬᠢᠨᠠᠨ ᠵᠦᠪᠯᠡᠬᠦᠯᠦᠨ᠎ᠡ᠃    1. ᠣᠷᠳᠣᠰ ᠤᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃ 2021 ᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠡᠯ᠎ᠡ ᠵᠦᠶᠯ ᠤᠨ ᠣᠷᠣᠯᠭ᠎ᠠ ᠶᠢ 0.95 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠢᠳᠤᠨᠤᠨ ᠤ ᠬᠢ ᠲᠠᠢ ᠠᠳᠠᠯᠢ ᠪᠠᠶᠢᠯᠭᠠᠨ᠎ᠠ᠃ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠪᠠ ᠳᠡᠭᠡᠭᠰᠢ ᠲᠤᠰᠢᠶᠠᠬᠤ ᠵᠠᠷᠤᠯᠭ᠎ᠠ ᠶᠢ ᠨᠡᠶᠢᠳᠡ 0.95 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃    2. ᠣᠷᠳᠣᠰ ᠤᠨ ᠳ᠋ᠦᠩᠱᠧᠩ ᠤᠨ ᠠᠵᠤ ᠠᠬᠤᠶ ᠰᠢᠨᠵᠢᠯᠡᠬᠦ ᠤᠬᠠᠭᠠᠨ ᠰᠤᠷᠭᠠᠨ ᠬᠥᠮᠦᠵᠢᠯ  ︵ᠬᠥᠩᠭᠡᠨ ᠨᠡᠬᠡᠮᠡᠯ ᠤᠨ ᠠᠵᠤ ᠦᠶᠯᠡᠳᠪᠦᠷᠢ  ︶ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃2021 ᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠡᠯ᠎ᠡ ᠵᠦᠶᠯ ᠤᠨ ᠣᠷᠣᠯᠭ᠎ᠠ ᠶᠢ 0.6 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠢᠳᠤᠨᠤᠨ ᠤ ᠬᠢ ᠲᠠᠢ ᠠᠳᠠᠯᠢ ᠪᠠᠶᠢᠯᠭᠠᠨ᠎ᠠ᠃ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠪᠠ ᠳᠡᠭᠡᠭᠰᠢ ᠲᠤᠰᠢᠶᠠᠬᠤ ᠵᠠᠷᠤᠯᠭ᠎ᠠ ᠶᠢ ᠨᠡᠶᠢᠳᠡ 0.6 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃    3. ᠣᠷᠳᠣᠰ ᠤᠨ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠃ 2021 ᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠡᠯ᠎ᠡ ᠵᠦᠶᠯ ᠤᠨ ᠣᠷᠣᠯᠭ᠎ᠠ ᠶᠢ 0.3 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠢᠳᠤᠨᠤᠨ ᠤ ᠬᠢ ᠲᠠᠢ ᠠᠳᠠᠯᠢ ᠪᠠᠶᠢᠯᠭᠠᠨ᠎ᠠ ᠃ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠪᠠ ᠳᠡᠭᠡᠭᠰᠢ ᠲᠤᠰᠢᠶᠠᠬᠤ ᠵᠠᠷᠤᠯᠭ᠎ᠠ ᠶᠢ ᠨᠡᠶᠢᠳᠡ 0.3 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ ᠳᠡᠭᠡᠷ᠎ᠡ ᠳᠤᠷᠠᠳᠤᠭᠰᠠᠨ ᠬᠦᠷᠢᠶᠡᠯᠡᠩ ᠲᠣᠭᠤᠷᠢᠭ ᠤᠨ ᠣᠷᠣᠯᠭ᠎ᠠ ᠵᠠᠷᠤᠯᠭ᠎ᠠ ᠶᠢᠨ ᠰᠠᠭᠤᠷᠢ ᠲᠤᠭ᠎ᠠ ᠶᠢ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ︵ᠳ᠋ᠦᠩᠱᠧᠩ ᠨᠠᠮ ᠠᠯᠪᠠᠨ ᠲᠠᠷᠬᠠᠭᠠᠭᠰᠠᠨ [ 2019] 44 ᠳ᠋ᠦ᠋ᠭᠡᠷ ᠲᠣᠭᠠᠲᠤ︶ ᠢ ᠦᠨᠳᠦᠰᠦᠯᠡᠨ ᠲᠣᠭᠲᠠᠭᠠᠵᠤ᠂ ᠰᠢᠨ᠎ᠡ ᠣᠷᠣᠯᠭ᠎ᠠ ᠵᠠᠷᠤᠯᠭ᠎ᠠ ᠶᠢᠨ ᠰᠠᠭᠤᠷᠢ ᠲᠤᠭ᠎ᠠ ᠶᠢ ᠲᠥᠰᠦᠪ ᠤᠨ ᠭᠦᠶᠴᠡᠳᠬᠡᠯ ᠬᠢᠭᠰᠡᠨ ᠤ ᠳᠠᠷᠠᠭ᠎ᠠ ᠣᠷᠴᠢᠨ ᠲᠣᠭᠤᠷᠢᠨ  ᠤ ᠡᠷᠡᠭᠦᠯ ᠬᠠᠮᠠᠭᠠᠯᠠᠯ᠂ ᠴᠡᠴᠡᠷᠯᠢᠭᠵᠢᠬᠦᠯᠦᠯᠳᠡ ᠤᠶᠢᠵᠢᠭᠤᠯᠤᠯᠳᠠ᠂ ᠬᠤᠲᠠ ᠶᠢᠨ ᠶᠠᠪᠤᠳᠠᠯ ᠵᠡᠷᠭᠡ ᠠᠵᠢᠯ ᠡᠷᠬᠡ ᠶᠢᠨ ᠬᠤᠪᠢᠶᠠᠷᠢᠯᠠᠯ ᠵᠢᠴᠢ ᠬᠦᠷᠢᠶᠡᠯᠡᠩ ᠲᠣᠭᠤᠷᠢᠭ  ᠢ ᠨᠡᠶᠢᠯᠡᠭᠦᠯᠬᠦ ᠵᠡᠷᠭᠡ ᠪᠣᠳᠠᠲᠤ ᠪᠠᠶᠢᠳᠠᠯ ᠢ ᠦᠨᠳᠦᠰᠦᠯᠡᠨ ᠲᠣᠬᠢᠷᠠᠭᠤᠯᠤᠨ᠎ᠠ᠃    ᠭᠤᠷᠪᠠ᠂ ᠢᠲᠡᠭᠡᠯ ᠵᠣᠷᠢᠭ ᠢᠶᠠᠨ ᠪᠠᠲᠤᠳᠬᠠᠨ᠂ ᠯᠠᠪᠳᠠᠭᠤᠨ ᠪᠠᠲᠤᠲᠠᠶ ᠠᠵᠢᠯᠯᠠᠵᠤ᠂ 2021 ᠣᠨ ᠤ ᠡᠳ᠋ ᠤᠨ ᠵᠠᠰᠠᠭ ᠤᠨ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ    ︵ᠨᠢᠭᠡ︶ ᠣᠷᠣᠯᠭ᠎ᠠ ᠵᠠᠷᠤᠯᠭ᠎ᠠ ᠶᠢᠨ ᠲᠥᠰᠦᠪ ᠢ ᠭᠦᠢᠴᠡᠳᠬᠡᠬᠦ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢ ᠴᠢᠷᠮᠠᠶᠢᠨ ᠪᠡᠶᠡᠯᠡᠬᠦᠯᠦᠨ᠎ᠡ᠃   ᠨᠢᠭᠡ ᠳᠤ᠂ ᠡᠳ᠋ ᠤᠨ ᠵᠠᠰᠠᠭ ᠭᠠᠶᠢᠯᠢ ᠶᠢᠨ ᠠᠵᠢᠯ ᠤᠨ ᠲᠣᠭᠢᠷᠠᠭᠤᠯᠣᠯᠳᠠ ᠶᠢ ᠴᠢᠩᠭᠠᠳᠬᠠᠵᠤ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠠᠷᠠᠳ ᠤᠨ ᠪᠠᠩᠬᠢ ᠭᠤᠷᠪᠠᠨ ᠰᠠᠯᠠᠭ᠎ᠠ ᠮᠥᠴᠢᠷ ᠤᠨ ᠲᠥᠰᠦᠪ ᠢ ᠭᠦᠢᠴᠡᠳᠬᠡᠬᠦ ᠶᠢ ᠵᠠᠳᠠᠯᠤᠨ ᠰᠢᠨᠵᠢᠯᠡᠬᠦ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠢ ᠶᠢᠨ ᠪᠠᠶᠢᠳᠠᠯ ᠪᠠ ᠭᠠᠶᠢᠯᠢ ᠶᠢᠨ ᠢᠷᠡᠯᠳᠡ ᠶᠢ ᠵᠠᠳᠠᠯᠤᠨ ᠵᠢᠱᠢᠬᠦ ᠠᠵᠢᠯ ᠢ ᠴᠢᠩᠭᠠᠳᠬᠠᠵᠤ᠂ ᠣᠷᠣᠯᠭ᠎ᠠ ᠶᠢᠨ ᠠᠬᠢᠴᠠ ᠶᠢ ᠴᠠᠭ ᠲᠤᠬᠠᠢ ᠳᠤᠨᠢ ᠡᠵᠡᠮᠳᠡᠨ᠎ᠡ᠃ ᠬᠤᠶᠠᠷ  ᠲᠤ᠂ ᠬᠠᠤᠯᠢ ᠶᠣᠰᠣᠭᠠᠷ ᠭᠠᠶᠢᠯᠢ ᠶᠢ ᠵᠠᠰᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠷᠢᠶ᠎ᠡ ᠴᠠᠷ᠎ᠠ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢ ᠬᠢᠨᠠᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠎ᠠ᠃ ᠭᠤᠷᠪᠠ ᠳᠤ᠂ ︽ᠭᠠᠶᠢᠯᠢ ᠶᠢ ᠶᠡᠷᠦᠩᠬᠡᠶᠢᠯᠡᠨ ᠵᠠᠰᠠᠬᠤ︾ ᠠᠵᠢᠯ ᠤᠨ ᠲᠣᠭᠲᠠᠴᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠭᠠᠶᠢᠯᠢ ᠶᠢ ᠨᠡᠶᠢᠭᠡᠮᠴᠢᠯᠡᠨ ᠶᠡᠷᠦᠩᠬᠡᠶᠢᠯᠡᠨ ᠵᠠᠰᠠᠬᠤ︾ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠭᠠᠶᠢᠯᠢ ᠲᠠᠲᠠᠪᠤᠷᠢ ᠶᠢᠨ ︽ᠭᠤᠭᠤᠵᠢᠵᠤ ᠭᠡᠭᠡᠭᠳᠡᠬᠦ︾ ᠶᠢ ᠡᠷᠡᠰ ᠬᠤᠷᠢᠭᠯᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠦᠨᠡᠨᠬᠦ ᠪᠠᠲᠤᠯᠠᠨ᠎ᠠ᠃ ᠲᠦᠷᠪᠡ ᠳᠤ᠂ ᠭᠠᠶᠢᠯᠢ  ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠭᠠᠶᠢᠯᠢ ᠶᠢᠨ ᠪᠤᠰᠤ ᠣᠷᠣᠯᠭ᠎ᠠ ᠶᠢᠨ ᠡᠭᠦᠷᠭᠡ ᠴᠢᠳᠠᠪᠤᠷᠢ ᠶᠢ ᠬᠤᠪᠢᠶᠠᠷᠢᠯᠠᠨ ᠰᠢᠯᠵᠢᠭᠦᠯᠬᠦ ᠠᠵᠢᠯ  ᠢ ᠲᠣᠭᠲᠠᠭᠤᠨ ᠢᠶᠠᠷ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠡᠯᠧᠺᠲᠷᠤᠨᠴᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠭᠦᠢᠴᠡᠳ ᠬᠡᠷᠡᠭᠯᠡᠨ ᠭᠠᠶᠢᠯᠢ ᠶᠢᠨ ᠪᠤᠰᠤ ᠣᠷᠣᠯᠭ᠎ᠠ ᠶᠢᠨ ᠬᠤᠷᠢᠶᠠᠵᠤ ᠲᠤᠰᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠪᠤ ᠳᠤ᠂ ᠭᠠᠶᠢᠯᠢ ᠥᠷᠢᠲᠦᠵᠦ ᠪᠠᠶᠢᠭ᠎ᠠ ᠰᠦᠶᠳᠬᠡᠯ ᠢᠶᠠᠨ ᠬᠠᠤᠯᠢ ᠲᠣᠭᠲᠠᠭᠠᠯ ᠶᠣᠰᠣᠭᠠᠷ ᠢᠯᠭᠠᠷᠠᠭᠤᠯᠤᠨ ᠲᠤᠰᠢᠶᠠᠵᠤ᠂ ᠭᠠᠶᠢᠯᠢ ᠲᠠᠲᠠᠪᠤᠷᠢᠯᠠᠬᠤ ᠰᠠᠯᠠᠭ᠎ᠠ ᠮᠥᠴᠢᠷ ᠤᠨ ᠥᠩᠭᠡᠷᠡᠭᠰᠡᠨ ᠵᠢᠯ ᠤᠳ ᠤᠨ ᠥᠷᠢ ᠰᠢᠷᠢ ᠪᠠᠨ ᠢᠯᠭᠠᠷᠠᠭᠤᠯᠵᠤ ᠪᠠᠶᠢᠭᠰᠠᠨ ᠪᠠᠶᠢᠳᠠᠯ ᠢ ᠦᠨᠳᠦᠰᠦᠯᠡᠨ᠂ ᠳᠠᠬᠢᠨ ᠪᠥᠬᠦ ᠲᠠᠯ᠎ᠠ ᠪᠠᠷ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠥᠷᠢ ᠰᠢᠷᠢ ᠪᠠᠷ ᠭᠠᠶᠢᠯᠢ ᠶᠢ ᠲᠤᠯᠭᠠᠬᠤ᠂ ᠬᠥᠷᠥᠩᠭᠡ ᠪᠠᠷ ᠭᠠᠶᠢᠯᠢ ᠶᠢ ᠲᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠢ ᠰᠢᠷᠢ ᠪᠠᠨ ᠢᠯᠭᠠᠷᠠᠭᠤᠯᠤᠨ ᠪᠤᠳᠤᠭᠰᠠᠨ ᠣᠷᠣᠯᠭ᠎ᠠ ᠶᠢ ᠪᠡᠶᠡᠯᠡᠭᠦᠯᠦᠨ᠎ᠡ᠃ ᠵᠢᠷᠭᠤᠭ᠎ᠠ ᠳᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠵᠦᠢ ᠵᠣᠬᠢᠰᠲᠠᠢ ᠲᠤᠬᠢᠷᠠᠭᠤᠯᠬᠤ ᠪᠠ ᠦᠷᠳᠡᠭ ᠢ ᠪᠠᠲᠤᠯᠠᠨ ᠨᠡᠮᠡᠭᠳᠡᠭᠦᠯᠬᠦ ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠠᠰᠢᠭ ᠣᠷᠣᠯᠭ᠎ᠠ ᠶᠢ ᠯᠠᠪᠳᠠᠭᠤᠨ ᠢᠶᠠᠷ ᠥᠷᠭᠡᠳᠬᠡᠨ᠎ᠡ᠃ ᠳᠣᠯᠤᠭ᠎ᠠ ᠳᠤ᠂ ᠵᠠᠷᠤᠯᠭ᠎ᠠ ᠶᠢᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠪᠣᠭᠤᠮᠲᠠ ᠶᠢ ᠰᠠᠬᠢᠬᠤ ᠪᠠ ᠰᠠᠬᠢᠯᠭ᠎ᠠ ᠪᠠᠲᠤ ᠪᠠᠷ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠡᠵᠡᠮᠳᠡᠬᠦ ᠪᠠ ᠪᠠᠭᠠᠰᠬᠠᠵᠤ᠂ ︽ᠭᠤᠷᠪᠠᠨ ᠵᠦᠶᠯ ᠤᠨ ᠠᠯᠪᠠᠨ ᠤ ᠵᠠᠷᠤᠳᠠᠯ︾ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠵᠠᠷᠤᠯᠭ᠎ᠠ ᠶᠢᠨ ᠭᠤᠤᠯᠳᠠᠯᠭ᠎ᠠ  ᠶᠢ ᠳᠣᠪᠣᠶᠢᠯᠭᠠᠨ᠂ ᠲᠥᠰᠦᠪ ᠢ ᠬᠢᠵᠠᠭᠠᠷᠯᠠᠬᠤ ᠤᠬᠠᠮᠰᠠᠷ ᠢ ᠪᠠᠲᠤ ᠪᠣᠶ ᠪᠣᠯᠭᠠᠵᠤ᠂ ᠰᠠᠭᠤᠷᠢ ᠥᠬᠡᠶ ᠲᠥᠰᠦᠪ ᠤᠨ ᠣᠶᠢᠯᠠᠭᠠᠭᠳᠠᠬᠤᠨ ᠢ ᠴᠢᠩᠭᠠᠳᠬᠠᠨ᠂ ᠲᠣᠭᠲᠠᠮᠠᠯ ᠪᠤᠰᠤ ᠴᠢᠨᠠᠷᠲᠠᠶ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ︽ᠭᠤᠷᠪᠠ ᠶᠢ ᠪᠠᠲᠤᠯᠠᠬᠤ︾ ᠲᠥᠰᠦᠪ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠨᠠᠩ ᠣᠯᠠᠨ ᠪᠠᠯᠠ ᠮᠥᠩᠭᠦ ᠶᠢ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠳᠤ ᠰᠢᠯᠵᠢᠭᠦᠯᠦᠨ ᠨᠡᠭᠦᠯᠭᠡᠵᠦ ᠲᠤᠯᠭᠠᠭᠤᠷᠢᠯᠠᠯ ᠬᠠᠩᠭᠠᠨ᠎ᠠ᠃    ︵ᠬᠤᠶᠠᠷ︶ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠦᠶᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ    ᠬᠦᠨᠳᠦ ᠶᠡᠭᠡ ᠠᠶᠤᠯ ᠲᠦᠭᠰᠢᠭᠦᠷᠢ ᠶᠢ ᠢᠳᠡᠪᠬᠢᠲᠡᠢ ᠯᠠᠪᠳᠠᠭᠤᠨ ᠢᠶᠠᠷ ᠰᠡᠷᠭᠡᠶᠢᠯᠡᠨ ᠠᠷᠢᠯᠭᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠳᠠᠯᠠᠵᠤ᠂ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠯᠳᠠ ᠴᠢᠨᠠᠷᠲᠠᠶ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠥᠷᠢ ᠥᠭᠴᠡᠭᠡ ᠶᠢᠨ ᠦᠯᠡᠳᠡᠭᠡᠯ ᠢ ᠠᠷᠢᠯᠭᠠᠬᠤ ᠶᠢ ᠪᠥᠬᠦ ᠬᠦᠴᠦᠨ ᠢᠶᠠᠷ ᠠᠬᠢᠭᠤᠯᠤᠨ᠂ ᠢᠲᠡᠭᠡᠮᠵᠢᠲᠦ ᠵᠢᠭᠡᠯᠡᠯᠭᠡ ᠪᠠᠯᠠ ᠲᠣᠬᠢᠷᠠᠭᠤᠯᠭ᠎ᠠ ᠶᠢᠨ ᠲᠥᠷᠥᠯ ᠤᠨ ᠥᠷᠢ ᠥᠭᠴᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠵᠠᠰᠠᠭ ᠤᠨ ᠣᠷᠳᠣᠨ ᠤ ᠳᠠᠯᠳᠠ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠢᠨᠠᠨ ᠰᠢᠨᠵᠢᠬᠦ ᠶᠢ ᠴᠢᠩᠭᠠᠳᠬᠠᠨ᠂ ᠥᠷᠢ ᠥᠭᠴᠡᠭᠡ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠲᠠᠶ ᠣᠷᠣᠨ ᠪᠦᠰᠡ ᠶᠢᠨ ᠴᠢᠨᠠᠷᠲᠠᠶ ᠲᠦᠭᠰᠢᠭᠦᠷᠢ ᠥᠯᠥ ᠡᠭᠦᠰᠬᠦ ᠬᠢᠵᠠᠭᠠᠷ ᠱᠤᠭᠤᠮ ᠢ ᠡᠷᠡᠰ ᠰᠠᠬᠢᠵᠤ᠂ 2021 ᠣᠨ ᠳᠤ ᠵᠠᠰᠠᠭ ᠤᠨ ᠣᠷᠳᠣᠨ ᠤ ᠳᠠᠯᠳᠠ ᠴᠢᠨᠠᠷᠲᠠᠶ ᠥᠷᠢ ᠥᠭᠴᠡᠭᠡ ᠶᠢ ᠠᠷᠢᠯᠭᠠᠬᠤ 49.5 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠵᠢᠱᠢᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠲᠣᠭᠲᠠᠭᠤᠨ ᠢᠶᠠᠷ ᠰᠢᠯᠵᠢᠬᠦ ᠶᠢ ᠪᠡᠶᠡᠯᠡᠭᠦᠯᠦᠨ᠎ᠡ᠃ ᠰᠢᠯᠵᠢᠯᠲᠡ ᠶᠢᠨ ᠬᠤᠭᠤᠴᠠᠭᠠᠨ ᠳᠤ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠤᠨ ᠲᠣᠭᠲᠠᠭᠤᠨ ᠪᠥᠭᠡᠳ ᠦᠷᠭᠦᠯᠵᠢᠯᠡᠬᠦ ᠶᠢ ᠪᠠᠲᠤᠯᠠᠵᠤ᠂ ᠰᠢᠨ᠎ᠡ ᠪᠠᠷ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠵᠦ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠪᠡᠯᠡ ᠮᠥᠩᠭᠦ ᠶᠢ ᠴᠠᠭ ᠲᠤᠬᠠᠢ ᠳᠤᠨᠢ ᠥᠭᠬᠦ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠤᠨ ᠦᠢᠯᠡᠳᠦᠯ ᠢ ᠨᠡᠩ ᠶᠡᠭᠡ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ ᠰᠢᠯᠵᠢᠬᠦ ᠶᠢ  ᠪᠠᠳᠤᠯᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠶ ᠣᠷᠴᠢᠨ ᠲᠣᠭᠤᠷᠢᠨ  ᠤ ᠬᠠᠮᠠᠭᠠᠯᠠᠯᠲᠠ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠨ᠎ᠠ᠃ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠮᠥᠩᠭᠦ  ᠶᠢ ᠰᠠᠯᠭᠠᠨ ᠥᠭᠬᠦ ᠡᠷᠴᠢᠮ ᠢᠶᠠᠨ ᠨᠡᠮᠡᠭᠳᠡᠭᠦᠯᠵᠦ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠣᠶ ᠰᠢᠭᠤᠶ ᠶᠢᠨ ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠴᠠᠬᠤᠯᠠᠶ ᠶᠢᠨ ᠨᠤᠭᠤ ᠭᠠᠵᠠᠷ ᠢ ᠬᠠᠮᠠᠭᠠᠯᠠᠬᠤ ᠵᠡᠷᠭᠡ ᠲᠥᠷᠥᠯ ᠵᠦᠢᠯ ᠢ ᠶᠡᠬᠡᠪᠡᠷ ᠳᠡᠮᠵᠢᠨ ᠬᠡᠷᠡᠭᠵᠢᠭᠦᠯᠵᠦ᠂ ᠳ᠋ᠦᠩᠱᠧᠩ  ᠤᠨ ᠠᠷᠠᠳ ᠲᠦᠮᠡᠨ ᠳᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠳᠤᠨᠢ ᠡᠳ᠋ᠯᠡᠬᠦᠯᠦᠨ᠎ᠡ᠃     ︵ᠭᠤᠷᠪᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠎ᠠ᠃     ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠨᠢ ᠤᠯᠠᠨ ᠲᠦᠮᠡᠨ ᠤ ᠠᠵᠠ ᠵᠢᠷᠭᠠᠯ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠤᠭᠳᠠᠭᠤᠯᠵᠤ᠂ ᠬᠢᠵᠠᠭᠠᠷᠲᠠᠢ ᠡᠳ᠋ ᠤᠨ ᠬᠦᠴᠦᠨ ᠢ ︽ᠴᠢᠬᠤᠯᠠᠲᠠᠢ ᠭᠠᠵᠠᠷ︾ ᠲᠤ ᠲᠥᠪᠯᠡᠷᠡᠭᠦᠯᠦᠨ ᠬᠡᠷᠡᠭᠯᠡᠨ᠎ᠡ᠃ ᠨᠢᠭᠡ ᠳᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠪᠠ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠠᠷᠠᠳ ᠤᠨ ᠠᠮᠢᠳᠤᠷᠠᠯ ᠤᠨ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠶᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯ ᠣᠯᠭᠤᠯᠲᠠ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ︔ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠦᠨᠳᠦᠰᠦᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ  ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠨᠢᠭᠡᠳᠦᠯᠲᠡᠶ ᠪᠣᠯᠭᠠᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠳᠡᠮᠵᠢᠨ᠎ᠡ᠃ ᠭᠤᠷᠪᠠ ᠳᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠲᠦᠷᠭᠡᠪᠴᠢᠯᠡᠨ ᠬᠥᠭᠵᠢᠬᠦ ᠶᠢ ᠲᠡᠮᠵᠢᠨ᠎ᠠ᠃ ᠰᠤᠷᠭᠠᠨ ᠬᠥᠮᠦᠵᠢᠯ  ᠤᠨ ᠣᠳᠣᠬᠢᠴᠢᠯᠠᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠳᠡᠮ ᠳᠤᠨᠢ ᠠᠰᠢᠭ ᠬᠦᠷᠲᠡᠭᠡᠬᠦ ᠬᠥᠭᠵᠢᠯᠲᠡ᠂ ᠦᠨᠳᠦᠰᠦᠲᠡᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ ᠶᠢ ᠲᠦᠷᠭᠡᠳᠬᠡᠨ᠎ᠡ ᠃ ᠳᠥᠷᠪᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠪᠡᠯᠡ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠵᠦ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠣᠷᠣᠭᠤᠯᠤᠯᠲᠠ ᠶᠢ ᠨᠡᠮᠡᠭᠳᠡᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠲᠡᠩᠴᠡᠭᠦᠷᠢᠲᠡᠶ ᠪᠠᠶᠢᠷᠢᠰᠢᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠶᠢ ᠪᠠᠶᠢᠩᠭᠤᠵᠢᠭᠤᠯᠬᠤ  ᠳᠤ ᠰᠠᠭᠤᠷᠢ ᠴᠢᠨᠠᠷᠲᠠᠶ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ ᠲᠠᠪᠤ ᠳᠤ᠂ ᠭᠤᠣᠯᠳᠠᠯᠭ᠎ᠠ ᠲᠠᠢ ᠵᠠᠷᠤᠯᠭ᠎ᠠ ᠶᠢᠨ ᠬᠡᠷᠡᠭᠴᠡᠭᠡ ᠶᠢ ᠪᠠᠲᠤᠯᠠᠨ᠎ᠠ᠃ ᠨᠠᠩ ᠣᠯᠠᠨ ᠡᠳ᠋ ᠤᠨ ᠬᠦᠴᠦᠨ ᠢ ᠲᠥᠪᠯᠡᠷᠡᠭᠦᠯᠵᠦ ᠪᠠᠶᠢᠭᠠᠳ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠬᠤᠲᠠ ᠶᠢᠨ ᠨᠠᠷᠢᠯᠢᠬᠵᠢᠭᠤᠯᠤᠭᠰᠠᠨ ᠵᠠᠰᠠᠯᠲᠠ᠂ ᠵᠠᠮ ᠪᠠ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ᠂ ᠴᠡᠴᠡᠷᠯᠢᠭ ᠤᠨ ᠦᠵᠡᠮᠵᠢ ᠶᠢᠨ ᠥᠭᠡᠷᠡᠴᠢᠯᠡᠯᠲᠡ ᠵᠡᠷᠭᠡ ᠣᠯᠠᠨ ᠲᠦᠮᠡᠨ ᠤ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ᠂ ᠬᠠᠮᠤᠭ ᠠᠴᠠ ᠥᠷᠭᠡᠨ ᠳᠡᠯᠭᠡᠷ ᠠᠩᠬᠠᠷᠴᠤ ᠪᠠᠶᠢᠭ᠎ᠠ ᠠᠷᠠᠳ ᠲᠤ ᠠᠰᠢᠭ ᠬᠦᠷᠲᠡᠭᠡᠬᠦ ᠭᠤᠤᠯᠳᠠᠯᠭ᠎ᠠ ᠲᠠᠢ ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠬᠦ ᠶᠢ ᠪᠠᠲᠤᠯᠠᠵᠤ᠂ ᠤᠶᠤᠨᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠩᠭᠤ ᠶᠢᠨ ᠪᠥᠭᠡᠳ ᠣᠷᠳᠣ ᠬᠤᠭᠤᠴᠠᠭᠠᠨ  ᠤ ᠪᠦᠲᠦᠮᠵᠢᠲᠡᠶ ᠪᠠᠷ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠦᠷᠭᠦᠯᠵᠢᠯᠡᠨ ᠥᠷᠨᠢᠭᠦᠯᠬᠦ ᠶᠢ ᠴᠢᠬᠤᠯᠠᠴᠢᠯᠠᠨ᠎ᠠ᠃      ︵ᠳᠥᠷᠪᠡ︶ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮᠵᠢ ᠶᠢ ᠲᠦᠷᠭᠡᠳᠬᠡᠨ ᠬᠥᠭᠵᠢᠭᠦᠯᠵᠦ᠂ ᠠᠵᠤ ᠠᠬᠤᠶ ᠶᠢᠨ ᠰᠢᠰᠲ᠋ᠧᠮᠵᠢ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃      ᠴᠢᠨᠠᠷ ᠰᠠᠶᠢᠲᠠᠶ ᠬᠥᠭᠵᠢᠯᠲᠡ ᠶᠢᠨ ᠦᠨᠳᠦᠰᠦ ᠰᠠᠭᠤᠷᠢ ᠪᠣᠯ ᠪᠣᠳᠠᠲᠤ ᠴᠣᠭᠴᠠ ᠶᠢᠨ ᠠᠵᠤ ᠠᠬᠤᠶ ᠪᠣᠯᠤᠨ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠳᠤᠷᠠᠳᠤᠭᠰᠠᠨ ︽ᠲᠠᠪᠤ ᠶᠢ ᠤᠶᠠᠯᠳᠤᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠣᠭᠤᠷᠢᠨ ᠳᠤ ᠦᠷᠭᠦᠯᠵᠢᠯᠡᠨ ᠠᠷᠭ᠎ᠠ ᠤᠬᠠᠭᠠᠨ ᠭᠠᠷᠭᠠᠵᠤ᠂ ᠪᠣᠳᠠᠲᠤ ᠴᠣᠭᠴᠠ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠬᠦᠴᠦᠷᠬᠡᠭᠵᠢᠭᠦᠯᠬᠦ᠂ ᠰᠢᠯᠢᠳᠡᠭᠵᠢᠭᠦᠯᠬᠦ ᠶᠢ ᠦᠨᠡᠨ ᠬᠦ ᠳᠡᠮᠵᠢᠵᠦ᠂ ᠭᠠᠶᠢᠯᠢ ᠶᠢᠨ ᠢᠷᠡᠯᠲᠡ ᠶᠢᠨ ᠰᠠᠭᠤᠷᠢ ᠶᠢ ᠯᠠᠪᠳᠠᠭᠤᠨ ᠪᠠᠲᠤᠲᠠᠶ ᠪᠠᠬᠢᠵᠢᠭᠦᠯᠦᠨ᠎ᠡ᠃ ᠨᠢᠭᠡ ᠳᠤ᠂ ᠡᠳ᠋ ᠤᠨ ᠵᠠᠰᠠᠭ ᠤᠨ ᠬᠥᠰᠢᠭᠦᠷᠭᠡ ᠶᠢᠨ ᠡᠭᠦᠷᠭᠡ ᠴᠢᠳᠠᠪᠤᠷᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠪᠠᠷ ᠳᠡᠮᠵᠢᠬᠦ᠂ ᠪᠠᠯᠠ ᠮᠥᠩᠭᠦ ᠪᠠᠷ ᠲᠡᠳᠬᠦᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠣᠯᠠᠨ ᠵᠦᠶᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠣᠨᠤᠭ ᠲᠥᠬᠦᠭᠡᠷᠦᠮᠵᠢ ᠦᠶᠯᠡᠳᠬᠦ᠂ ᠨᠡᠭᠦᠷᠡᠰᠦ᠂ ᠨᠣᠯᠤᠤᠷ ᠨᠡᠬᠡᠮᠡᠯ ᠤᠨ ᠭᠤᠷᠪᠠᠨ ᠶᠡᠭᠡ ᠲᠤᠯᠭᠠᠭᠤᠷᠢ ᠠᠵᠤ ᠦᠶᠯᠡᠰ ᠢ ᠬᠡᠪᠴᠢᠶᠡᠵᠢᠭᠦᠯᠬᠦ᠂ ᠤᠶᠤᠨᠴᠢᠯᠠᠬᠤ᠂ ᠪᠦᠯᠦᠭᠵᠢᠭᠦᠯᠬᠦ᠂ ᠣᠳᠣᠬᠢᠴᠢᠯᠠᠬᠤ ᠳᠠᠰᠢ ᠠᠬᠢᠭᠤᠯᠵᠤ᠂ ᠲᠡᠭᠦᠨ ᠢ ᠳ᠋ᠦᠩᠱᠧᠩ ᠲᠣᠭᠤᠷᠢᠭ ᠤᠨ ᠪᠣᠳᠠᠲᠤ ᠴᠣᠭᠴᠠ ᠶᠢᠨ ᠠᠵᠤ ᠠᠬᠤᠶ ᠶᠢᠨ ᠭᠤᠤᠯ ᠬᠦᠴᠦᠨ ᠪᠣᠯᠭᠠᠨ ᠪᠦᠷᠢᠯᠳᠦᠭᠦᠯᠵᠦ᠂ ᠡᠳ᠋ ᠤᠨ ᠢᠷᠡᠯᠲᠡ ᠶᠢᠨ ᠪᠠᠲᠤ ᠪᠠᠬᠢ ᠰᠠᠭᠤᠷᠢ ᠶᠢ ᠴᠣᠭᠴᠠᠯᠠᠨ᠎ᠠ᠃ ᠬᠤᠶᠠᠷ ᠲᠤ᠂ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠰᠢᠭᠦᠷᠭᠡ ᠶᠢᠨ ᠦᠶᠯᠡᠳᠦᠯ ᠢ ᠦᠷᠭᠦᠯᠵᠢᠯᠡᠨ ᠪᠠᠳᠠᠷᠠᠭᠤᠯᠵᠤ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠬᠥᠭᠵᠢᠨ ᠪᠤᠵᠠᠭᠠᠶᠢᠷᠬᠠᠤ ᠶᠢ ᠦᠷᠭᠦᠯᠵᠢᠯᠡᠨ ᠳᠡᠮᠵᠢᠵᠦ᠂ ᠰᠣᠶᠣᠯ ᠵᠢᠭᠤᠯᠴᠢᠯᠠᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ᠂ ᠡᠳ᠋ ᠪᠣᠳᠠᠰ ᠤᠨ ᠭᠦᠶᠯᠭᠡᠭᠡ ᠪᠠᠷ ᠭᠤᠤᠯ ᠪᠣᠯᠭᠠᠭᠰᠠᠨ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠢ ᠳᠡᠮᠵᠢᠵᠦ᠂ ᠲᠤᠰᠬᠠᠶ ᠮᠡᠷᠭᠡᠵᠢᠯ ᠤᠨ ᠦᠶᠯᠡᠴᠢᠯᠡᠭᠡᠨ ᠤ ᠲᠥᠪᠯᠡᠷᠡᠯ ᠤᠨ ᠲᠦᠪᠰᠢᠨ ᠢ ᠳᠡᠭᠡᠭᠰᠢᠯᠡᠭᠦᠯᠵᠦ᠂ ᠦᠶᠯᠡᠴᠢᠯᠡᠭᠡᠨ ᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ  ᠳᠤ ᠪᠠᠲᠤ ᠪᠠᠬᠢ ᠰᠠᠭᠤᠷᠢ ᠶᠢ ᠲᠠᠯᠪᠢᠵᠤ᠂ ᠦᠷᠭᠦᠯᠵᠢᠯᠡᠬᠦ ᠡᠳ᠋ ᠤᠨ ᠢᠷᠡᠯᠲᠡ ᠶᠢᠨ ᠬᠦᠴᠦᠨ ᠢ ᠪᠦᠷᠢᠯᠳᠦᠭᠦᠯᠦᠨ᠎ᠡ᠃ ᠭᠤᠷᠪᠠ ᠳᠤ᠂ ᠲᠥᠪ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠰᠢᠨ᠎ᠡ ᠬᠡᠯᠪᠡᠷᠢ ᠶᠢᠨ ᠡᠳ᠋ ᠤᠨ ᠢᠷᠡᠯᠲᠡ ᠶᠢ ᠡᠭᠦᠳᠦᠨ᠎ᠡ᠃ ᠲᠦᠷᠪᠡ ᠳᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠳᠤᠯᠭᠠᠨ ᠤ ᠲᠦᠷᠦ  ᠶᠢᠨ ᠪᠤᠳᠤᠯᠭ᠎ᠠ ᠪᠣᠯᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠳᠡᠭᠡᠳᠦ ᠱᠠᠲᠤᠨ ᠤ ᠲᠡᠳᠬᠦᠬᠦ ᠲᠦᠷᠦ ᠶᠢᠨ ᠪᠤᠳᠤᠯᠭ᠎ᠠ ᠶᠢ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠡᠯᠡ ᠮᠥᠩᠭᠦᠨ ᠤ ᠳᠡᠮᠵᠢᠯᠭᠡ ᠪᠣᠯᠭᠠᠨ ᠬᠤᠪᠢᠷᠠᠭᠤᠯᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠠᠲᠤᠯᠠᠵᠤ᠂ ᠪᠡᠯᠡ ᠣᠷᠣᠭᠤᠯᠤᠯᠲᠠ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃         ︵ᠲᠠᠪᠤ︶ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃         ᠨᠢᠭᠡ ᠳᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠬᠠᠨᠳᠤᠰᠢ ᠶᠢ ᠨᠢᠭᠲᠠ ᠠᠩᠬᠠᠷᠤᠨ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠬᠢᠨ᠎ᠠ᠃ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ᠂ ᠲᠦᠷ ᠵᠣᠭᠤᠰ ᠥᠭᠬᠦ ᠲᠤᠭ᠎ᠠ ᠬᠡᠮᠵᠢᠶ᠎ᠡ ᠯᠤᠲᠤ ᠶᠡᠭᠡ ᠵᠢᠴᠢ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠨᠦᠰᠡᠷ ᠬᠦᠨᠳᠦ ᠪᠠᠶᠢᠬᠤ ᠵᠡᠷᠭᠡ ᠬᠦᠴᠦᠨ ᠵᠦᠶᠯ ᠢ ᠰᠢᠩᠭᠡᠭᠡᠨ ᠠᠪᠴᠤ᠂ ᠬᠤᠲᠠ ᠶᠢᠨ ᠱᠠᠲᠤᠨ ᠠᠴᠠ ᠳ᠋ᠦᠩᠱᠧᠩ ᠲᠣᠭᠤᠷᠢᠭ ᠤᠨ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡᠨ ᠤ ᠬᠦᠷᠢᠶᠡᠨ ᠳᠤ ᠳᠡᠮᠵᠢᠯᠭᠡ ᠦᠵᠡᠭᠦᠯᠬᠦ ᠡᠷᠴᠢᠮ ᠢ ᠴᠢᠷᠮᠠᠶᠢᠨ ᠣᠯᠵᠤ᠂ ᠢᠵᠢ ᠪᠦᠷᠢᠳᠦᠭᠦᠯᠬᠦ ᠬᠠᠷᠢᠴᠠᠯ ᠢ ᠵᠣᠬᠢᠰᠲᠠᠶ ᠪᠠᠭᠤᠷᠠᠭᠤᠯᠤᠨ᠎ᠠ᠃ ᠡᠭᠦᠨ  ᠤ ᠬᠠᠮᠲᠤ ᠲᠣᠭᠤᠷᠢᠭ ᠤᠨ ᠲᠣᠰ ᠱᠠᠲᠤ ᠬᠢᠭᠡᠳ ᠬᠦᠷᠢᠶᠡᠯᠡᠩ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠢ ᠭᠦᠨᠵᠡᠭᠡᠶᠢᠷᠡᠭᠦᠯᠵᠦ᠂ ᠰᠠᠭᠤᠷᠢ ᠲᠤᠭ᠎ᠠ ᠶᠢ ᠵᠦᠶ ᠵᠣᠬᠢᠰᠲᠠᠶ ᠲᠣᠭᠲᠠᠭᠠᠨ᠂ ᠬᠦᠷᠢᠶᠡᠯᠡᠩ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠥᠷᠢᠰᠦᠯᠳᠦᠬᠦ ᠬᠦᠴᠦᠨ ᠢ ᠪᠦᠲᠦᠮᠵᠢᠲᠡᠶ ᠬᠥᠭᠵᠢᠭᠡᠨ᠎ᠡ᠃ ᠬᠤᠶᠠᠷ ᠲᠤ᠂ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠢ ᠡᠬᠢᠯᠡᠭᠦᠯᠵᠦ᠂ ᠲᠥᠰᠦᠪ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠤᠷᠪᠠ ᠳᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠤᠨᠤᠯᠵᠢᠭᠤᠨ ᠢ ᠲᠥᠰᠦᠪ ᠨᠠᠶᠢᠷᠠᠭᠤᠯᠤᠨ ᠵᠣᠬᠢᠶᠠᠬᠤ᠂ ᠲᠥᠰᠦᠪ ᠢ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠪᠣᠯᠤᠨ ᠠᠮᠵᠢᠯᠲᠠ ᠪᠦᠲᠦᠮᠵᠢ ᠶᠢ ᠦᠨᠡᠯᠡᠬᠦ ᠡᠷᠴᠢᠮ  ᠢᠶᠠᠨ ᠨᠡᠮᠡᠭᠳᠡᠭᠦᠯᠵᠦ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠳᠥᠷᠪᠡ ᠳᠤ᠂ ᠡᠳ᠋ ᠤᠨ ᠵᠠᠰᠠᠭ ᠤᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠠᠮᠵᠢᠯᠲᠠ ᠪᠦᠲᠦᠮᠵᠢ ᠶᠢ ᠦᠨᠡᠯᠡᠬᠦ ᠪᠠ ᠡᠳ᠋ ᠤᠨ ᠵᠠᠰᠠᠭ ᠤᠨ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠬᠤ ᠶᠢ ᠬᠠᠶᠢᠨ ᠰᠦᠪᠡᠭᠴᠢᠯᠡᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠢᠯ ᠪᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠬᠤᠯᠪᠣᠭᠳᠠᠬᠤ ᠬᠦᠷᠢᠶ᠎ᠡ ᠴᠠᠷ᠎ᠠ ᠶᠢ ᠬᠠᠮᠤᠷᠴᠤ᠂ ᠠᠵᠢᠯ ᠬᠡᠷᠡᠭ ᠤᠨ ᠡᠮᠦᠨᠡᠬᠢ ᠬᠥᠳᠡᠯᠦᠩᠭᠦᠶ ᠬᠢᠨᠠᠯᠲᠠ ᠬᠠᠮᠢᠶᠠᠷᠤᠯᠲᠠ᠂ ᠠᠵᠢᠯ ᠬᠡᠷᠡᠭ ᠤᠨ ᠳᠤᠮᠳᠠᠬᠢ ᠬᠡᠪ ᠤᠨ ᠰᠤᠭᠤᠴᠢᠨ ᠪᠠᠶᠢᠴᠠᠭᠠᠯᠲᠠ᠂ ᠠᠵᠢᠯ ᠬᠡᠷᠡᠭ ᠤᠨ ᠳᠠᠷᠠᠭᠠᠬᠢ ᠦᠷ᠎ᠡ ᠪᠦᠲᠦᠮᠵᠢ ᠶᠢ ᠮᠥᠷᠳᠡᠨ ᠠᠰᠠᠭᠤᠬᠤ ᠬᠢᠨᠠᠯᠲᠠ ᠲᠠᠯᠪᠢᠬᠤ ᠰᠢᠰᠲ᠋ᠧᠮᠵᠢ ᠶᠢ ᠪᠦᠷᠢᠨᠰᠢᠬᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠮᠤᠷ ᠲᠦᠪᠰᠢᠨ ᠴᠢᠨᠠᠷ ᠪᠠ ᠥᠨᠳᠥᠷ ᠦᠷ᠎ᠡ ᠪᠦᠲᠦᠮᠵᠢ ᠳᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ ᠲᠠᠪᠤ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠢᠳᠡᠪᠬᠢᠲᠡᠢ ᠬᠠᠮᠵᠢᠯᠴᠠᠨ ᠲᠥᠰᠦᠪ ᠢ ᠰᠦᠯᠵᠢᠶᠡᠵᠢᠭᠦᠯᠦᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠤᠭᠤᠷᠢᠭ ᠤᠨ ᠲᠣᠰ ᠱᠠᠲᠤᠨ ᠤ ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠠᠪᠤᠴᠠ  ᠳᠠᠬᠢ ᠬᠥᠳᠡᠯᠦᠩᠭᠦᠢ ᠬᠢᠨᠠᠯᠲᠠ ᠶᠢ ᠪᠡᠶᠡᠯᠡᠭᠦᠯᠦᠨ᠎ᠡ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠢ ᠬᠢᠨᠠᠨ ᠪᠠᠶᠢᠴᠠᠭᠠᠬᠤ ᠭᠤᠣᠯᠳᠠᠯᠭ᠎ᠠ ᠶᠢ ᠵᠠᠷᠤᠯᠭ᠎ᠠ ᠶᠢᠨ ᠲᠥᠰᠦᠪ ᠪᠠ ᠲᠦᠷᠦ ᠶᠢᠨ ᠪᠤᠳᠤᠯᠭ᠎ᠠ ᠲᠡᠶᠢᠰᠢ ᠥᠷᠭᠡᠳᠬᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠰᠦᠪ ᠢ ᠨᠠᠶᠢᠷᠠᠭᠤᠯᠤᠨ ᠵᠣᠬᠢᠶᠠᠬᠤ᠂ ᠲᠥᠰᠦᠪ ᠢ ᠭᠦᠢᠴᠡᠳᠬᠡᠬᠦ ᠪᠠ ᠲᠥᠰᠦᠪ ᠢ ᠲᠤᠬᠢᠷᠠᠭᠤᠯᠬᠤ ᠵᠢᠷᠤᠮ ᠢ ᠴᠢᠩᠳᠠᠯᠠᠨ᠎ᠠ᠃      2021 ᠣᠨ ᠤ ᠡᠳ᠋ ᠤᠨ ᠵᠠᠰᠠᠭ ᠤᠨ ᠥᠭᠡᠷᠡᠴᠢᠯᠡᠯᠲᠡ ᠬᠥᠭᠵᠢᠯᠲᠡ ᠳᠤ ᠰᠢᠨ᠎ᠡ ᠪᠠᠶᠢᠳᠠᠯ᠂ ᠰᠢᠨ᠎ᠡ ᠥᠷᠢᠰᠥᠯᠳᠦᠭᠡᠨ᠂ ᠰᠢᠨ᠎ᠡ ᠲᠣᠬᠢᠶᠠᠯ ᠲᠤᠯᠭᠠᠷᠠᠵᠤ ᠪᠠᠶᠢᠨ᠎ᠠ᠂ ᠪᠢᠳᠠ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠵᠢᠯᠣᠭᠤᠳᠤᠯᠭ᠎ᠠ ᠳᠣᠤᠷ᠎ᠠ᠂ ᠡᠳ᠋ ᠤᠨ ᠵᠠᠰᠠᠭ ᠤᠨ ᠠᠵᠢᠯ ᠤᠨ ᠳ᠋ᠦᠩᠱᠧᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠᠬᠢ ᠰᠢᠨ᠎ᠡ ᠡᠭᠦᠷᠭᠡ ᠶᠢ ᠪᠠᠲᠤ ᠡᠵᠡᠮᠳᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠳ᠋ᠦᠩᠱᠧᠩ ᠲᠣᠭᠤᠷᠢᠭ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠭᠦᠨᠵᠡᠭᠡᠶ ᠤᠶᠢᠯᠠᠭᠠᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠲᠤᠬᠢᠷᠠᠭᠤᠯᠵᠤ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠳ᠋ᠦᠩᠱᠧᠩ ᠲᠣᠭᠤᠷᠢᠭ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠤᠷᠸ᠎ᠠ ᠪᠠᠶᠢᠷᠢᠯᠠᠭᠤᠯᠤᠯᠲᠠ ᠳᠤ ᠣᠷᠣᠭᠤᠯᠤᠨ ᠪᠣᠳᠣᠯᠬᠢᠯᠠᠬᠤ ᠪᠠ ᠠᠷᠭ᠎ᠠ ᠰᠦᠪᠡᠭᠴᠢᠯᠡᠵᠦ᠂ ᠴᠢᠷᠮᠠᠶᠢᠨ ᠳᠠᠪᠰᠢᠬᠤ ᠵᠣᠷᠢᠭ ᠰᠠᠨᠠᠭ᠎ᠠ ᠪᠠᠷ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ᠂ ᠯᠠᠪᠳᠠᠭᠤᠨ ᠬᠦᠴᠦᠲᠡᠶ ᠠᠷᠭ᠎ᠠ ᠬᠡᠮᠵᠢᠶ᠎ᠡ᠂ ᠪᠦᠬᠦ  ᠲᠣᠭᠤᠷᠢᠭ ᠤᠨ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠬᠤ ᠳᠤ ᠬᠦᠴᠦᠨ ᠴᠢᠳᠠᠯ  ᠢᠶᠠᠨ ᠡᠷᠬᠦᠵᠦ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠳᠤᠶ᠎ᠠ᠃      ᠲᠥᠯᠥᠭᠡᠯᠡᠭᠴᠢᠳ ᠡ᠄ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 2020 ᠣᠨ ᠤ ᠲᠥᠰᠦᠪ ᠢ ᠭᠦᠶᠴᠡᠳᠬᠡᠭᠰᠡᠨ ᠪᠠᠶᠢᠳᠠᠯ ᠪᠠ 2021 ᠣᠨ ᠤ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ︾ ᠶᠢ ᠲᠠᠨ ᠤ ᠨᠠᠩ ᠣᠨᠣᠪᠴᠢᠲᠠᠶ ᠪᠠᠷ ᠬᠢᠨᠠᠨ ᠵᠥᠪᠯᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠮᠡᠳᠡᠭᠦᠯᠦᠯᠲᠡ ᠳᠠᠬᠢ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠨᠡᠷ᠎ᠡ ᠦᠭᠡ ᠶᠢ ᠳᠣᠤᠷᠠᠬᠢ ᠮᠡᠲᠦ ᠲᠠᠶᠢᠯᠪᠤᠷᠢᠯᠠᠪᠠ᠂ ᠯᠠᠪᠯᠠᠯᠳᠠ ᠪᠤᠯᠭᠠᠰᠤᠭᠠᠢ᠃      1. ᠡᠩ ᠤᠨ ᠣᠯᠠᠨ ᠨᠡᠢᠲᠡ ᠶᠢᠨ ᠲᠥᠰᠦᠪ᠄  ᠭᠠᠶᠢᠯᠢ ᠲᠠᠲᠠᠪᠤᠷᠢ ᠪᠠᠷ ᠭᠤᠣᠯ ᠴᠣᠭᠴᠠ ᠪᠣᠯᠭᠠᠭᠰᠠᠨ ᠡᠳ᠋ ᠤᠨ ᠵᠠᠰᠠᠭ ᠣᠨ ᠣᠷᠣᠯᠭ᠎ᠠ ᠪᠤᠯᠤᠨ᠎ᠠ᠂ ᠠᠷᠠᠳ ᠤᠨ ᠠᠮᠢᠳᠤᠷᠠᠯ ᠢ ᠪᠠᠲᠤᠯᠠᠨ ᠰᠠᠢᠵᠢᠷᠠᠭᠤᠯᠬᠤ᠂ ᠠᠵᠤ ᠠᠬᠤᠢ ᠨᠡᠢᠭᠡᠮ ᠤᠨ ᠬᠥᠭᠵᠢᠯᠲᠡ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠲᠥᠷᠦ ᠶᠢᠨ ᠪᠠᠢᠭᠤᠯᠤᠮᠵᠢ ᠶᠢᠨ ᠬᠡᠪ ᠤᠨ ᠡᠷᠭᠢᠯᠲᠡ ᠶᠢ ᠪᠠᠲᠤᠯᠠᠬᠤ ᠵᠡᠷᠭᠡ ᠲᠠᠯ᠎ᠠ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠪᠤᠯᠤᠨ᠎ᠠ᠃      2. ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠄ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠵᠣᠬᠢᠬᠤ ᠬᠤᠭᠤᠴᠠᠭᠠᠨ ᠤ ᠳᠣᠲᠣᠷ᠎ᠠ ᠣᠨᠴᠠ ᠲᠣᠭᠲᠠᠭᠰᠠᠨ ᠡᠲᠡᠭᠡᠳ ᠠᠴᠠ ᠲᠠᠲᠠᠪᠤᠷᠢᠯᠠᠭᠰᠠᠨ᠂ ᠬᠤᠷᠢᠶᠠᠭᠰᠠᠨ ᠪᠤᠶᠤ ᠪᠤᠰᠤᠳ ᠠᠷᠭ᠎ᠠ ᠮᠠᠶ᠋ᠢᠭ ᠢᠶᠠᠷ ᠴᠤᠭᠯᠠᠭᠤᠯᠤᠭᠰᠠᠨ ᠪᠠᠯᠠ ᠮᠥᠩᠭᠦ ᠶᠢ ᠣᠨᠴᠠ ᠲᠣᠭᠲᠠᠭᠰᠠᠨ ᠣᠯᠠᠨ ᠨᠡᠶᠢᠲᠡ ᠶᠢᠨ ᠦᠶᠯᠡᠰ ᠤᠨ ᠬᠥᠭᠵᠢᠯᠲᠡ ᠳᠤ ᠲᠤᠰᠬᠠᠶ ᠬᠡᠷᠡᠭᠯᠡᠬᠦ ᠣᠷᠣᠯᠭ᠎ᠠ ᠵᠠᠷᠤᠯᠭ᠎ᠠ ᠶᠢᠨ ᠲᠥᠰᠦᠪ ᠪᠣᠯᠤᠨ᠎ᠠ᠃      3. ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ᠄ ᠤᠯᠤᠰ ᠤᠨ ᠦᠮᠴᠢᠯᠡᠯᠳᠦ ᠬᠥᠷᠥᠩᠭᠡ ᠶᠢᠨ ᠠᠰᠢᠭ ᠣᠷᠣᠯᠭ᠎ᠠ ᠳᠤ ᠵᠠᠷᠤᠯᠭ᠎ᠠ ᠲᠣᠬᠢᠷᠠᠭᠤᠯᠬᠤ ᠣᠷᠣᠯᠭ᠎ᠠ ᠵᠠᠷᠤᠯᠭ᠎ᠠ ᠶᠢᠨ ᠲᠥᠰᠦᠪ  ᠪᠤᠯᠤᠨ᠎ᠠ᠃      4. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ᠄ ᠨᠡᠶᠢᠭᠡᠮ ᠤᠨ ᠳᠠᠭᠠᠳᠬᠠᠯ ᠤᠨ ᠮᠥᠩᠭᠦ ᠲᠤᠰᠢᠶᠠᠬᠤ᠂ ᠡᠩ ᠤᠨ ᠣᠯᠠᠨ ᠨᠡᠶᠢᠲᠡ  ᠶᠢᠨ ᠲᠥᠰᠦᠪ ᠤᠨ ᠲᠣᠬᠢᠷᠠᠭᠤᠯᠤᠯᠲᠠ ᠪᠠ ᠪᠤᠰᠤᠳ ᠠᠷᠭ᠎ᠠ ᠮᠠᠶ᠋ᠢᠭ ᠢᠶᠠᠷ ᠴᠤᠭᠯᠠᠭᠤᠯᠤᠭᠰᠠᠨ ᠪᠡᠯᠡ ᠮᠥᠩᠭᠦ ᠶᠢ ᠨᠡᠶᠢᠭᠡᠮ ᠤᠨ ᠳᠠᠭᠠᠳᠬᠠᠯ ᠳᠤ ᠲᠤᠰᠬᠠᠶ ᠬᠡᠷᠡᠭᠯᠡᠬᠦ ᠣᠷᠣᠯᠭ᠎ᠠ ᠵᠠᠷᠤᠯᠭ᠎ᠠ ᠶᠢᠨ ᠲᠥᠰᠦᠪ ᠪᠤᠯᠤᠨ᠎ᠠ᠃      5. ᠲᠥᠪ ᠠᠴᠠ ᠰᠢᠭᠤᠳ ᠬᠦᠷᠭᠡᠬᠦ ᠪᠠᠯᠠ ᠮᠥᠩᠭᠦ᠄  ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂  ︽ᠵᠢᠷᠭᠤᠭ᠎ᠠ ᠶᠢ ᠪᠠᠲᠤᠯᠠᠬᠤ  ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠠᠯᠠ ᠮᠥᠩᠭᠦ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠰᠢᠭᠤᠳ ᠬᠦᠷᠭᠡᠬᠦ᠂ ᠠᠵᠤ ᠠᠬᠤᠶᠢᠯᠠᠯ ᠳᠤ ᠰᠢᠭᠤᠳ ᠠᠰᠢᠭ ᠬᠦᠷᠲᠡᠭᠡᠵᠦ᠂ ᠠᠷᠠᠳ ᠲᠤ ᠰᠢᠭᠤᠳ ᠠᠰᠢᠭ ᠬᠦᠷᠲᠡᠭᠡᠬᠦ ᠪᠠᠷ ᠪᠠᠶᠢᠭᠤᠯᠤᠭᠰᠠᠨ ᠣᠨᠴᠠᠭᠠᠶ ᠰᠢᠯᠵᠢᠭᠦᠯᠦᠨ ᠥᠭᠬᠦ ᠲᠣᠭᠲᠠᠴᠠ ᠶᠢᠨ ᠪᠠᠯᠠ ᠮᠥᠩᠭᠦ ᠶᠢ ᠪᠠᠲᠤᠯᠠᠬᠤ ᠲᠦᠰᠦᠪ ᠪᠤᠯᠤᠨ᠎ᠠ᠃      6. ᠡᠩ ᠤᠨ ᠴᠢᠨᠠᠷᠲᠠᠶ ᠵᠠᠷᠤᠯᠭ᠎ᠠ᠄ ᠠᠯᠪᠠᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠵᠠᠷᠤᠳᠠᠯ᠂ ᠠᠯᠪᠠᠨ ᠶᠠᠪᠤᠳᠠᠯ ᠤᠨ ᠲᠡᠷᠭᠡ ᠬᠤᠳᠠᠯᠳᠤᠨ ᠠᠪᠬᠤ ᠵᠢᠴᠢ ᠠᠵᠢᠯᠯᠠᠭᠠᠨ ᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ ᠵᠡᠷᠭᠡ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠪᠠᠭᠲᠠᠭᠠᠭᠰᠠᠨ᠂ ᠤᠯᠤᠰ ᠤᠨ ᠮᠠᠰᠢᠨ ᠲᠤᠨᠤᠭᠯᠠᠯ ᠤᠨ ᠬᠡᠪ ᠤᠨ ᠠᠵᠢᠯᠯᠠᠭᠠᠨ ᠢ ᠬᠠᠮᠠᠭᠠᠯᠠᠬᠤ᠂ ᠨᠡᠶᠢᠭᠡᠮ ᠤᠨ ᠣᠯᠠᠨ ᠨᠡᠶᠢᠲᠡ ᠶᠢᠨ ᠰᠠᠯᠠᠭ᠎ᠠ ᠮᠥᠴᠢᠷ ᠤᠨ ᠬᠡᠪ ᠤᠨ ᠵᠠᠷᠤᠯᠭ᠎ᠠ ᠶᠢᠨ ᠬᠡᠷᠡᠭᠴᠡᠭᠡ ᠶᠢ ᠬᠠᠩᠭᠠᠬᠤ ᠳᠤ ᠬᠡᠷᠡᠭᠯᠡᠬᠦ ᠡᠳ᠋ ᠤᠨ ᠵᠠᠰᠠᠭ ᠤᠨ ᠵᠠᠷᠤᠯᠭ᠎ᠠ  ᠪᠤᠯᠤᠨ᠎ᠠ᠃     7. ︽ᠭᠤᠷᠪᠠᠨ ᠵᠦᠢᠯ ᠤᠨ ᠠᠯᠪᠠᠨ ᠵᠠᠷᠤᠳᠠᠯ︾᠄ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠲᠠᠨ ᠤ ᠠᠯᠪᠠᠨ ᠶᠠᠪᠤᠳᠠᠯ ᠢᠶᠠᠷ ᠤᠯᠤᠰ ︵ᠬᠢᠯᠢ︶  ᠠᠴᠠ ᠭᠠᠷᠬᠤ ᠵᠠᠷᠤᠳᠠᠯ᠂ ᠠᠯᠪᠠᠨ ᠶᠠᠪᠤᠳᠠᠯ ᠤᠨ ᠲᠡᠷᠭᠡ ᠬᠤᠳᠠᠯᠳᠤᠨ ᠠᠪᠬᠤ ᠵᠢᠴᠢ ᠠᠵᠢᠯᠯᠠᠭᠠᠨ ᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ ᠠᠴᠠ ᠪᠤᠶ ᠪᠣᠯᠤᠭᠰᠠᠨ ᠵᠠᠷᠤᠳᠠᠯ ᠪᠣᠯᠤᠨ᠎ᠠ᠃     8. ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ᠄ ᠭᠤᠤᠯᠳᠠᠭᠤ ᠵᠠᠷᠢᠮ ᠲᠥᠰᠦᠪ ᠤᠨ ᠠᠬᠢᠴᠠ ᠶᠣᠰᠣᠭᠠᠷ ᠬᠡᠷᠡᠭᠵᠢᠭᠦᠯᠦᠭᠰᠡᠨ ᠥᠬᠡᠶ᠂ ᠮᠥᠨ ᠯᠡ ︽ᠳᠠᠩᠰᠠᠨ ᠳᠡᠭᠡᠷ᠎ᠡ ᠬᠡᠪᠲᠡᠵᠦ︾ ᠪᠠᠶᠢᠭ᠎ᠠ ︽ᠲᠤᠨᠤᠮᠠᠯ ᠦᠯᠡᠳᠡᠪᠦᠷᠢ ᠪᠠᠯᠠ ᠮᠥᠩᠭᠦ︾ ᠶᠢ ᠪᠠᠭᠲᠠᠭᠠᠨ᠎ᠠ᠃ ᠡᠭᠦᠨ ᠳᠤ ᠭᠤᠣᠯᠳᠠᠭᠤ ᠢᠪᠴᠤᠤ ᠤᠳᠬ᠎ᠠ ᠪᠠ ᠳᠡᠯᠭᠡᠷᠡᠩᠭᠦᠢ ᠤᠳᠬ᠎ᠠ ᠶᠢᠨ ᠢᠯᠭᠠᠭ᠎ᠠ ᠪᠠᠶᠢᠳᠠᠭ᠂ ᠢᠪᠴᠤᠤ ᠤᠳᠬ᠎ᠠ ᠨᠢ ᠪᠠᠩᠬᠢ ᠳᠤ ᠬᠠᠳᠠᠭᠠᠯᠠᠵᠤ ᠪᠠᠶᠢᠭ᠎ᠠ ᠵᠣᠭᠤᠰ ᠮᠥᠩᠭᠦ ᠪᠣᠯᠤᠨ᠎ᠠ᠃ ᠳᠡᠯᠭᠡᠷᠡᠩᠭᠦᠢ ᠤᠳᠬ᠎ᠠ  ᠨᠢ ᠪᠣᠯ ᠳᠠᠷᠤᠭᠳᠠᠵᠤ ᠪᠠᠶᠢᠭ᠎ᠠ ᠵᠣᠭᠤᠰᠣᠨ ᠤ ᠪᠡᠯᠡ ᠮᠥᠩᠭᠦ ᠶᠢ ᠪᠠᠭᠲᠠᠭᠠᠬᠤ ᠠᠴᠠ ᠭᠠᠳᠠᠨ᠎ᠠ᠂ ᠪᠠᠰᠠ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠲᠤᠭ᠎ᠠ  ᠶᠢ ᠲᠤᠬᠢᠷᠠᠭᠤᠯᠤᠭᠰᠠᠨ ᠤ ᠲᠠᠷᠠᠭ᠎ᠠ᠂ ᠲᠥᠯᠥᠪᠯᠡᠭᠡ ᠶᠣᠰᠣᠭᠠᠷ ᠶᠠᠪᠤᠭᠳᠠᠭᠤᠯᠵᠤ ᠴᠢᠳᠠᠬᠤ ᠦᠭᠡᠢ ᠪᠤᠶᠤ ᠬᠡᠷᠡᠭᠵᠢᠭᠦᠯᠵᠦ ᠳᠠᠭᠤᠰᠤᠭᠰᠠᠨ ᠦᠭᠡᠢ ᠪᠠᠷ ᠡᠳ᠋ ᠤᠨ ᠵᠠᠰᠠᠭ ᠤᠨ ᠪᠡᠯᠡ ᠮᠥᠩᠭᠦ ᠶᠢ ᠡᠵᠡᠯᠡᠨ ᠬᠡᠷᠡᠭᠯᠡᠬᠦ ᠲᠥᠯᠥᠪᠯᠡᠭᠡ ᠠᠴᠠ ᠪᠤᠢ ᠪᠣᠯᠤᠭᠰᠠᠨ ᠦᠯᠡᠳᠡᠪᠦᠷᠢ ᠭᠦᠢᠴᠡᠳᠬᠡᠯ ᠲᠤᠭ᠎ᠠ ᠶᠢ ᠪᠠᠭᠲᠠᠭᠠᠨ᠎ᠠ᠃ ᠲᠤᠭᠤᠷᠢᠭ ᠤᠨ ᠲᠤᠰ ᠱᠠᠲᠤᠨ ᠤ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠭᠡᠳᠡᠭ ᠨᠢ ᠭᠤᠣᠯᠳᠠᠭᠤ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠥᠩᠭᠡᠷᠡᠭᠰᠡᠨ ᠵᠢᠯ ᠤᠳ ᠲᠤ ᠪᠤᠶ ᠪᠣᠯᠤᠭᠰᠠᠨ ᠦᠯᠡᠳᠡᠪᠦᠷᠢ ᠶᠢᠨ ᠭᠦᠢᠴᠡᠳᠬᠡᠬᠦ ᠲᠤᠭ᠎ᠠ ᠶᠢ ᠵᠢᠭᠠᠵᠤ ᠪᠤᠶ᠃     9. ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾᠄  ︽ᠵᠢᠷᠭᠤᠭ᠎ᠠ ᠶᠢ ᠲᠣᠭᠲᠠᠪᠤᠷᠢᠵᠢᠭᠤᠯᠬᠤ︾ ᠭᠡᠳᠡᠭ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠶᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ  ᠶᠢ ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠠᠵᠢᠯ ᠢ ᠵᠢᠭᠠᠵᠤ ᠪᠠᠶᠢᠨ᠎ᠠ᠃ ︽ᠵᠢᠷᠭᠤᠭ᠎ᠠ  ᠶᠢ ᠪᠠᠲᠤᠯᠠᠬᠤ︾ ᠭᠡᠳᠡᠭ ᠨᠢ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ  ᠤᠨ ᠭᠤᠣᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ  ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠡᠷᠭᠢᠯᠲᠡ ᠶᠢ ᠪᠠᠲᠤᠯᠠᠬᠤ ᠶᠢ ᠵᠢᠭᠠᠵᠤ ᠪᠠᠶᠢᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ