ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠤᠷᠢᠯᠡᠭᠰᠡᠨ ᠠᠵᠢᠯ ᠤᠨ ᠦᠷ᠎ᠡ ᠳ᠋ᠦᠩ ᠢ ᠨᠡᠶᠢᠲᠡᠯᠡᠬᠦ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/8/31
                    ﹇2021﹈ 20 ᠲᠣᠭᠠᠲᠤᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠄    ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠢᠳᠪᠤᠷᠢᠯᠡᠬᠦ ᠠᠵᠢᠯ ᠥᠷᠨᠢᠭᠦᠯᠬᠦ ᠲᠤᠬᠠᠶ‌ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈4 ᠲᠣᠭᠠᠲᠤ︶ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ  ᠰᠢᠢᠳᠪᠤᠷᠢᠯᠡᠬᠦ ᠠᠵᠢᠯ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠥᠬᠦᠪᠥᠷᠢ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈ 31 ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2019 ᠣᠨ ᠳᠤ ᠪᠥᠬᠦ ᠲᠠᠯ᠎ᠠ ᠪᠠᠷ ᠰᠢᠢᠳᠪᠤᠷᠢᠯᠡᠭᠰᠡᠨ ᠤ ᠳᠠᠷᠠᠭ᠎ᠠ ᠦᠷᠭᠦᠯᠵᠢᠯᠡᠨ ᠬᠦᠴᠦᠨ ᠲᠠᠢ ᠪᠠᠶᠢᠬᠤ ᠮᠠᠨ ᠤ ᠲᠤᠭᠤᠷᠢᠭ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠵᠠᠰᠠᠪᠤᠷᠢ ᠣᠷᠣᠭᠤᠯᠤᠭᠰᠠᠨ ᠤ ᠳᠠᠷᠠᠭ᠎ᠠ ᠳᠠᠬᠢᠨ ᠰᠢᠨ᠎ᠡ ᠪᠠᠷ ᠨᠡᠶᠢᠲᠡᠯᠡᠭᠰᠡᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ 2019 ᠣᠨ ᠤ 1 ᠰᠠᠷ᠎ᠠ ᠶᠢᠨ 1 ᠤ ᠡᠳᠦᠷ ᠠᠴᠠ 2020 ᠣᠨ ᠤ 12 ᠰᠠᠷ᠎ᠠ ᠶᠢᠨ 31 ᠤ ᠡᠳᠦᠷ ᠬᠤᠭᠤᠷᠤᠨᠳᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠠᠯᠪᠠᠨ ᠬᠡᠷ ᠤᠨ ᠨᠡᠷ᠎ᠡ ᠪᠠᠷ ᠲᠣᠭᠲᠠᠭᠠᠵᠤ ᠲᠠᠷᠬᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠥᠪᠯᠡᠷᠡᠭᠦᠯᠦᠨ ᠰᠢᠢᠳᠪᠤᠷᠢᠯᠡᠵᠤ᠂ ᠡᠳᠦᠭᠡ ᠰᠢᠢᠳᠪᠤᠷᠢᠯᠡᠭᠰᠡᠨ ᠦᠷ᠎ᠡ ᠳ᠋ᠦᠩ ᠢ ᠨᠡᠶᠢᠲᠡᠯᠡᠪᠡ᠃    ᠳᠠᠭᠠᠯᠳᠤᠭᠤᠯᠤᠯ᠄ 1 . ᠦᠷᠭᠦᠯᠵᠢᠯᠡᠨ ᠬᠦᠴᠦᠨ ᠲᠠᠢ ᠪᠠᠶᠢᠬᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ    2 . ᠬᠦᠴᠦᠨ ᠥᠬᠡᠶ ᠪᠣᠯᠤᠭᠰᠠᠨ ᠪᠠ ᠬᠦᠴᠦᠨ ᠥᠬᠡᠶ ᠪᠣᠯᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ               ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                      2021 ᠣᠨ ᠤ 8 ᠰᠠᠷ᠎ᠠ ᠶᠢᠨ 31 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ