ᠳ᠋ᠦᠩᠱᠧᠩ ᠲᠣᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠤᠯᠠᠨ ᠲᠦᠮᠡᠨ ᠷᠠᠳᠢᠣ᠋ ᠲᠧᠯᠸᠢᠰ᠂ ᠭᠠᠷ ᠤᠲᠠᠰᠤ ᠵᠡᠷᠭᠡ ᠵᠠᠭᠤᠴᠢᠯᠠᠭᠤᠷ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠭᠥᠯᠢᠶᠡᠨ ᠠᠪᠴᠤ ᠦᠵᠡᠵᠦ
ᠨᠡᠶᠢᠲᠡᠯᠡᠭᠰᠡᠨ ᠴᠠᠭ᠄
2022/10/16
 6.1.jpg
      10 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠳ᠋ᠦᠩᠱᠧᠩ ᠲᠣᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠤᠯᠠᠨ ᠲᠦᠮᠡᠨ ᠷᠠᠳᠢᠣ᠋ ᠲᠧᠯᠸᠢᠰ᠂ ᠭᠠᠷ ᠤᠲᠠᠰᠤ ᠵᠡᠷᠭᠡ ᠵᠠᠭᠤᠴᠢᠯᠠᠭᠤᠷ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠭᠥᠯᠢᠶᠡᠨ ᠠᠪᠴᠤ ᠦᠵᠡᠵᠦ᠂ ᠶᠡᠷᠦᠩᠬᠡᠢ ᠱᠦᠵᠢ ᠰᠢ ᠶᠢᠨ ᠫᠢᠩ  ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠬᠢᠭᠰᠡᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠤ᠂ ᠤᠯᠠᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠰᠢᠯᠢᠳᠡᠭ ᠰᠠᠶᠢᠨ ᠠᠵᠢᠯ ᠤᠨ ᠠᠮᠵᠢᠯᠲᠠ ᠪᠠᠷ ᠢᠶᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠤᠰ ᠰᠦᠯᠵᠢᠶ᠎ᠠ