ᠳ᠋ᠦᠩᠱᠧᠩ ᠲᠤᠭᠤᠷᠢᠭ ᠤᠨ ᠺᠠᠳ᠋ᠷ ᠤᠯᠠᠨ ᠲᠦᠮᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠭᠤᠳ ᠨᠡᠪᠳᠡᠷᠡᠬᠦᠯᠬᠡ ᠶᠢ ᠬᠦᠯᠢᠶᠠᠨ ᠠᠪᠴᠤ ᠦᠵᠡᠯ᠎ᠡ
ᠨᠡᠶᠢᠲᠡᠯᠡᠭᠰᠡᠨ ᠴᠠᠭ᠄
2022/10/17
     2022 ᠣᠨ ᠤ 10 ᠰᠠᠷ᠎ᠠ ᠶᠢᠨ 16  ᠤ ᠡᠳᠦᠷ᠂ ᠳᠡᠯᠡᠬᠡᠢ ᠳ᠋ᠠᠬᠢᠨ ᠤ ᠠᠩᠬᠠᠷᠤᠯ ᠢ ᠳᠠᠳᠠᠭᠰᠠᠨ ᠳᠤᠮᠳᠠᠳᠤ ᠤᠯᠤᠰ ᠤᠨ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠬᠡᠪᠡᠷ ᠡᠬᠢᠯᠡᠪᠡ᠃ ᠳ᠋ᠦᠩᠱᠧᠩ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠶᠡᠭᠡ ᠬᠤᠷᠠᠯ ᠤᠨ ᠰᠢᠭᠤᠳ ᠨᠡᠪᠳᠡᠷᠡᠬᠦᠯᠬᠡ ᠶᠢ ᠬᠦᠯᠢᠶᠠᠨ ᠠᠪᠴᠤ᠂ ᠶᠡᠭᠡ ᠬᠤᠷᠠᠯ ᠤᠨ ᠢᠯᠡᠳᠬᠡᠯ ᠢ ᠨᠠᠷᠢᠨ ᠬᠢᠨᠠᠮᠠᠭᠠᠢ ᠰᠤᠨᠤᠰᠤᠨ᠂ ︿ᠰᠤᠷᠤᠯᠴᠠᠬᠤ﹀ ᠶᠢ ᠬᠦᠨᠵᠡᠬᠡᠶᠢᠷᠡᠬᠦᠯᠦᠨ ᠪᠤᠳᠠᠳᠠᠶᠢᠵᠢᠭᠤᠯᠵᠤ᠂ ︿ᠤᠬᠠᠵᠤ ᠮᠡᠳᠡᠬᠦ﹀ ᠶᠢ ᠰᠡᠳᠬᠢᠯ ᠵᠢᠷᠤᠬᠡᠨ ᠳᠤ ᠪᠠᠨ ᠬᠠᠳᠠᠩᠰᠢᠭᠤᠯᠤᠨ᠂ ︿ᠠᠵᠢᠯᠯᠠᠬᠤ﹀ ᠳᠡᠭᠡᠷ᠎ᠡ ᠪᠠᠨ ᠰᠢᠨ᠎ᠡ ᠠᠮᠵᠢᠯᠲᠠ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠳ᠋ᠦᠩᠱᠧᠩ ᠤᠨ ᠴᠢᠨᠠᠷ ᠰᠠᠶᠢᠳᠠᠢ ᠬᠦᠭᠵᠢᠯᠳᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃
1.png
    ︽ᠦᠪᠡᠳᠡᠭᠰᠢ ᠶᠡᠭᠡ ᠬᠤᠷᠠᠯ ᠢ ᠦᠵᠡᠭᠡᠳ ᠲᠤᠶᠢᠯ ᠢᠶᠠᠷ ᠤᠮᠤᠭᠰᠢᠨ ᠵᠤᠷᠢᠭᠵᠢᠯ᠎ᠠ᠂ ᠶᠡᠭᠡ ᠬᠤᠷᠠᠯ ᠤᠨ ᠵᠤᠷᠢᠭ ᠰᠠᠨᠠᠭ᠎ᠠ ᠨᠢ ᠬᠦᠮᠦᠰ ‍ᠤᠨ‌‍ᠰᠡᠳᠬᠢᠯ ᠢ ᠬᠦᠭᠵᠢᠭᠡᠵᠤ᠂ ᠤᠷᠮ᠎ᠠ ᠵᠣᠷᠢᠭ ᠢ ᠬᠥᠪᠴᠢᠯᠡᠨ᠎ᠡ︔ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳ᠋ᠦᠩᠱᠧᠩ ᠲᠣᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠨ᠎ᠡ︾ ᠭᠡᠯ᠎ᠡ᠃                                     — ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠯᠪᠠᠨ ᠭᠡᠷ ᠤᠨ ᠠᠵᠢᠯᠳᠠᠨ ᠶᠠᠩ ᠵᠢᠶᠧ
2.jpg
     ︽ᠶᠡᠷᠦᠩᠬᠡᠢ ᠱᠦᠵᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠤᠭ᠎ᠠ ᠲᠥᠰᠥᠪ ᠢ ᠵᠢᠷᠤᠭᠯᠠᠵᠠᠢ᠃ ᠡᠮᠴᠢᠯᠡᠭᠡᠨ ᠤ ᠠᠵᠢᠯᠳᠠᠨ ᠪᠤᠯᠤᠭᠰᠠᠨ ᠤ ᠬᠤᠪᠢ ᠳᠤ᠂ ᠪᠢᠳᠠ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠡᠷᠬᠢᠮ ᠳᠡᠭᠡᠳᠦ ᠡᠭᠦᠷᠭᠡ ᠶᠢ ᠡᠭᠦᠷᠭᠡᠯᠡᠵᠦ ᠪᠠᠶᠢᠭ᠎ᠠ ᠶᠤᠮ᠂ ᠪᠢ ᠡᠮᠴᠢᠯᠡᠭᠡᠨ ᠤ ᠨᠢᠭᠡᠳᠦᠭᠡᠷ ᠹᠷᠣᠨᠲ ᠲᠤ ᠥᠪᠡᠷ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠮᠡᠷᠭᠡᠵᠢᠯ ᠳᠤ ᠪᠠᠨ ᠴᠠᠭᠠᠷᠠᠨ ᠪᠤᠯᠪᠠᠰᠤᠷᠠᠵᠤ᠂ ᠡᠪᠡᠳᠴᠢᠳᠡᠨ ᠤ ᠡᠪᠡᠳᠴᠢᠨ ᠵᠤᠪᠠᠯᠠᠩ ᠢ ᠰᠡᠳᠬᠢᠯ ᠳᠠᠯᠪᠢᠨ ᠰᠢᠢᠳᠪᠤᠷᠢᠯᠡᠵᠤ᠂ ᠠᠷᠠᠳ ᠣᠯᠠᠨ ᠤ ᠡᠷᠡᠭᠦᠯ ᠮᠡᠨᠳᠦ ᠶᠢᠨ ︿ᠰᠠᠬᠢᠭᠴᠢ﹀ ᠪᠤᠯᠤᠨ᠎ᠠ︾ ᠭᠡᠵᠡᠢ᠃                                   — ᠳ᠋ᠦᠩᠱᠧᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠸᠠᠩ ᠸᠧᠢ
3.jpg
     ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠣᠨᠣᠰᠤᠭᠠᠳ ᠪᠢᠳᠠ ᠤᠯᠠᠮ ᠵᠤᠷᠢᠭᠵᠢᠯ᠎ᠠ᠃ ᠣᠷᠣᠨ ᠰᠠᠭᠤᠴᠠ ᠶᠢᠨ ᠪᠠᠳᠤᠯᠠᠭ᠎ᠠ ᠶᠢᠨ ᠳᠤᠪᠴᠢᠶᠠᠨ ᠤ ᠠᠵᠢᠯᠳᠠᠨ ᠪᠣᠯᠤᠭᠰᠠᠨ ᠤ ᠬᠤᠪᠢ ᠳᠤ᠂ ᠪᠢᠳᠡ ᠢᠯᠴᠢ ᠬᠠᠩᠭᠠᠬᠤ᠂ ᠠᠳᠠᠯ ᠠᠬᠤᠢ ᠶᠢᠨ ᠤᠶᠢᠯᠡᠴᠢᠯᠡᠭᠡ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠪᠠᠳᠤᠯᠠᠭ᠎ᠠ  ᠶᠢᠨ ᠴᠢᠨᠠᠷᠲᠠᠢ ᠣᠷᠣᠨ ᠰᠠᠭᠤᠴᠠ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠴᠢᠷᠮᠠᠶᠢᠨ ᠰᠠᠶᠢᠲᠤᠷ ᠬᠢᠵᠦ᠂ ᠵᠣᠷᠢᠭᠲᠠᠢ ᠪᠠᠷ ᠬᠠᠷᠢᠭᠤᠴᠠᠯᠭ᠎ᠠ ᠡᠬᠦᠷᠭᠡᠯᠡᠨ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ᠂ ᠪᠣᠳᠠᠲᠠᠢ ᠠᠵᠢᠯᠯᠠᠨ ᠪᠤᠳᠠᠳᠤ ᠠᠮᠵᠢᠯᠲᠠ ᠪᠦᠲᠦᠮᠵᠢ ᠪᠠᠷ ᠢᠶᠠᠨ ᠨᠠᠮ ᠪᠣᠯᠣᠨ ᠠᠷᠠᠳ ᠤᠯᠠᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ︾ ᠭᠡᠪᠡ᠃                            — ᠳ᠋ᠦᠩᠱᠧᠩ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠨᠢᠭᠡᠳᠦᠭᠡᠷ ᠱᠦᠵᠢ ᠪᠠᠢ ᠭᠦᠸᠧ ᠬᠤᠸᠠ
4.jpg
     ︽ᠨᠢᠭᠡᠳᠦᠭᠡᠷ ᠹᠷᠣᠨᠲ ᠤᠨ ᠨᠣᠭᠤᠭᠠᠷᠠᠭᠤᠯᠤᠯᠲᠠ ᠠᠷᠠᠴᠢᠯᠠᠯᠲᠠ ᠶᠢᠨ ᠠᠵᠢᠯᠲᠠᠨ ᠪᠠ ᠦᠨᠳᠦᠰᠦᠨ ᠱᠠᠲᠤᠨ ᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠠᠵᠢᠯ ᠤᠨ ᠪᠠᠶᠢᠷᠢ ᠶᠢᠨ ᠪᠣᠳᠠᠲᠠᠢ ᠳᠠᠭᠠᠨ ᠰᠠᠭᠤᠷᠢᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠦᠵᠡᠰᠬᠦᠯᠡᠩᠲᠦ ᠰᠠᠶᠢᠬᠠᠨ ᠳ᠋ᠦᠩᠱᠧᠩ ᠢ ᠪᠦᠳᠦᠬᠡᠨ ᠪᠠᠶᠢᠭᠤᠯᠬᠤ ᠳᠤ ᠴᠢᠷᠮᠠᠶᠢᠯᠭ᠎ᠠ ᠪᠠ ᠬᠤᠪᠢ ᠨᠡᠮᠡᠷᠢ ᠪᠠᠨ ᠦᠵᠡᠭᠦᠯᠦᠨ᠎ᠡ︾ ᠭᠡᠵᠡᠢ᠃                                   — ᠳ᠋ᠦᠩᠱᠧᠩ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠳᠠᠨ ᠯᠢᠨ ᠸᠧᠢ
5.jpg
     ︽ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠣᠭᠠᠴᠢᠯᠠᠭᠰᠠᠨ ᠡᠬᠡ ᠬᠠᠭᠤᠷᠠᠢ ᠶᠢᠨ ᠭᠠᠷᠠᠮ᠂ ᠴᠠᠬᠢᠯᠭᠠᠨ ᠴᠡᠨᠡᠭᠯᠡᠬᠦ ᠰᠣᠯᠢᠬᠤ ᠦᠷᠳᠡᠭᠡ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠳᠡᠯᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠪᠠᠶᠢᠷᠢᠯᠠᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠨᠡᠭᠦᠷᠡᠰᠦᠨ ᠤ ᠠᠷᠠᠯᠵᠢᠶᠠᠨ ᠤ ᠪᠦᠷᠬᠦᠬᠦ ᠣᠷᠣᠨ ᠪᠦᠰᠡ ᠶᠢ ᠦᠷᠭᠡᠳᠬᠡᠨ᠂ ᠰᠢᠨ᠎ᠡ ᠡᠨᠧᠷᠭᠢ ᠶᠢᠨ ᠪᠠᠷᠠᠭᠠᠨ ᠤ ᠭᠦᠢᠯᠭᠡᠭᠡ ᠶᠢᠨ ᠲᠤᠤᠷᠵᠢᠨ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠡᠵᠡᠩᠨᠡᠯᠲᠡ ᠪᠠᠷ ᠰᠠᠯᠬᠢ ᠴᠠᠬᠢᠯᠭᠠᠨ ᠬᠡᠷᠡᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠭᠦᠨᠵᠡᠭᠡᠢ ᠠᠬᠢᠭᠤᠯᠵᠤ᠂ ᠡᠨᠧᠷᠭᠢ ᠶᠢᠨ ᠲᠡᠭᠡᠭᠡᠪᠦᠷᠢ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠠᠵᠤ ᠦᠢᠯᠡᠰ ᠪᠣᠯᠣᠨ ᠪᠣᠬᠢᠷᠳᠤᠯ ᠦᠭᠡᠢ ᠬᠥᠭᠵᠢᠯᠲᠡ ᠶᠢᠨ ᠠᠭᠤᠰᠤᠯᠴᠠᠨ ᠬᠠᠮᠲᠤ ᠣᠷᠣᠰᠢᠬᠤ ᠶᠢ ᠪᠡᠶᠡᠯᠡᠭᠦᠯᠵᠦ᠂ ᠳ᠋ᠦᠩᠱᠧᠩ ᠤᠨ ᠠᠵᠤ ᠠᠬᠤᠢ ᠶᠢᠨ ᠬᠥᠭᠵᠢᠯᠲᠡ ᠶᠢᠨ ᠳᠠᠬᠢᠨᠳᠠ ᠰᠢᠯᠢᠳᠡᠭ ᠠᠮᠵᠢᠯᠲᠠ ᠤᠯᠬᠤ ᠳᠤ ᠬᠦᠴᠦᠨ ᠨᠡᠮᠡᠷᠢᠯᠡᠨ᠎ᠡ︾ ᠭᠡᠵᠦ ᠬᠡᠯᠡᠪᠡ᠃                                   — ᠣᠷᠳᠣᠰ ᠬᠤᠳᠠ ᠶᠢᠨ ᠯᠢᠦᠢ ᠳ᠋ᠦᠩ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠹᠧᠩ
6.jpg
     ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠡᠷᠬᠡᠪᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠡᠯ᠎ᠡ ᠵᠦᠢᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠦᠨᠳᠦᠰᠦᠨ ᠱᠠᠳᠤᠨ ᠳᠤ ᠬᠦᠨᠵᠡᠭᠡᠶᠢᠷᠡᠨ᠂ ᠠᠷᠠᠳ ᠲᠦᠮᠡᠨ ᠳᠤ ᠤᠶᠢᠯᠡᠴᠢᠯᠡᠵᠤ᠂ ᠬᠠᠷᠢᠭᠤᠴᠠᠯᠭ᠎ᠠ ᠡᠬᠦᠷᠭᠡᠯᠡᠨ ᠬᠤᠪᠢ ᠨᠡᠮᠡᠷᠢ ᠦᠵᠡᠬᠦᠯᠬᠦ ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠶᠢᠯᠡᠳᠦᠯᠬᠡᠵᠢᠬᠦᠯᠦᠨ᠎ᠡ︾ ᠬᠡᠯ᠎ᠡ᠃                                   — ᠴᠡᠴᠡᠷᠯᠢᠭ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠤᠨ ᠢᠦᠢ ᠼᠠᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠤᠤ ᠶᠠ ᠯᠢ
7.jpg
     ︽ᠲᠣᠰᠬᠤᠨ ᠳᠤ ᠰᠠᠭᠤᠭ᠎ᠠ ᠺᠠᠳ᠋ᠷ ᠪᠣᠯᠤᠭᠰᠠᠨ ᠤ ᠬᠪᠢ ᠳᠤ᠂ ︽ᠠᠯᠪᠠᠨ ᠵᠠᠷᠤᠴᠠ ᠶᠢᠨ ᠰᠡᠳᠬᠢᠯ︾ ᠢᠶᠠᠷ        ︽ᠠᠷᠠᠳ ᠤᠨ ᠰᠡᠳᠬᠢᠯ︾ ᠢ ᠰᠠᠶᠢᠲᠤᠷ ᠰᠠᠬᠢᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠠᠷᠢᠶᠠᠴᠢᠳ ᠲᠤ ᠦᠨᠡᠨᠬᠦ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠤᠷᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠡᠷᠡᠮᠡᠬᠡᠶᠢᠯᠡᠨ ᠳᠠᠪᠰᠢᠨ᠎ᠠ︾ ᠭᠡᠪᠡ᠃                                   — ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠪᠤᠷᠵᠠᠩ ᠨᠠᠭᠤᠷ ᠪᠠᠯᠭᠠᠰᠤᠨ ᠤ ᠴᠧᠩ ᠯᠢᠶᠠᠩ ᠲᠣᠰᠬᠤᠨ ᠳᠤ ᠳᠤᠮᠢᠯᠠᠨ ᠰᠠᠭᠤᠯᠭᠠᠭᠰᠠᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ  ᠳ᠋ᠧᠩ ᠷᠦᠢ ᠴᠢᠩ
8.jpg
     ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠨᠢ ᠪᠢᠳᠡᠨ ᠢ ᠲᠤᠶᠢᠯ ᠢᠶᠠᠷ ᠵᠤᠷᠢᠭᠵᠢᠭᠤᠯᠤᠯ᠎ᠠ᠃ ᠨᠢᠭᠡᠨ ᠠᠷᠠᠳ ᠤᠨ ᠪᠠᠭᠰᠢ ᠪᠣᠯᠤᠭᠰᠠᠨ ᠤ ᠬᠤᠪᠢ ᠳᠤ᠂ ᠪᠢ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠠᠷᠢᠮᠳᠠᠯᠠᠨ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠥᠮᠥᠨ ᠴᠢᠨᠠᠷ ᠢ ᠲᠡᠭᠦᠯᠳᠡᠷᠵᠢᠭᠦᠯᠬᠦ᠂ ᠬᠥᠮᠥᠨ ᠤ ᠬᠦᠴᠦᠨ ᠢ ᠨᠡᠭᠡᠭᠡᠨ ᠬᠥᠭᠵᠢᠭᠦᠯᠬᠦ᠂ ᠴᠢᠳᠠᠪᠤᠷᠢᠲᠠᠨ ᠢ ᠬᠥᠮᠥᠵᠢᠭᠦᠯᠬᠦ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠠᠵᠢᠯ ᠤᠨ ᠬᠠᠷᠠᠯᠲᠠ ᠪᠠᠨ ᠪᠣᠯᠭᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠪᠠᠷ ᠡᠬᠦᠷᠭᠡ ᠬᠠᠷᠠᠯᠳᠠ ᠪᠠᠨ ᠪᠣᠯᠭᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃                                   — ᠳ᠋ᠦᠩᠱᠧᠩ ᠲᠣᠭᠤᠷᠢᠭ ᠤᠨ ᠣᠣ ᠴᠧᠩ ᠬᠡᠦᠬᠡᠳ ᠤᠨ ᠴᠡᠴᠡᠷᠯᠢᠭ ᠤᠨ ᠪᠠᠭᠰᠢ ᠳ᠋ᠢᠩ ᠶᠠ ᠨᠢ
9.jpg
     ︽ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠢᠳᠡ ᠡᠷᠬᠡᠪᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠤᠬᠠᠮᠰᠠᠷ ᠠᠴᠠ ᠪᠠᠨ ᠰᠤᠷᠤᠯᠴᠠᠨ ᠲᠤᠤᠱᠯᠠᠭᠤᠯᠬᠤ ᠪᠠ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠤᠶᠢᠯᠠᠭᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠤᠨ᠎ᠠ᠃ ᠢᠯᠠᠩᠭᠤᠶ᠎ᠠ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠤᠬᠠᠭᠤᠯᠤᠨ ᠲᠠᠶᠢᠯᠪᠤᠷᠢᠯᠠᠬᠤ ᠠᠵᠢᠯ ᠲᠠᠢ ᠤᠶᠠᠯᠳᠤᠭᠤᠯᠵᠤ᠂ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠳᠠᠷᠠᠭᠤᠯᠬᠤ᠂ ᠬᠦᠮᠦᠨ ᠢ ᠬᠦᠮᠦᠵᠢᠬᠦᠯᠬᠦ᠂ ᠰᠤᠶᠤᠯ ᠢ ᠮᠠᠨᠳᠤᠭᠤᠯᠬᠤ᠂ ᠲᠦᠷᠢ ᠳᠦᠷᠬᠦ ᠶᠢ ᠢᠯᠡᠷᠡᠬᠦᠯᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠲᠤᠷ ᠬᠢᠬᠦ ᠶᠢᠨ ᠳᠣᠲᠣᠭᠠᠳᠤ ᠬᠦᠳᠡᠯᠬᠡᠬᠦ ᠬᠦᠴᠦᠨ ᠪᠣᠯᠭᠠᠨ ᠬᠤᠪᠢᠷᠠᠭᠤᠯᠵᠤ᠂ ᠳ᠋ᠦᠩᠱᠧᠩ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠤᠨ᠎ᠠ︾ ᠭᠡᠵᠡᠢ᠃                                   — ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠵᠤᠤ ᡁᠢ ᠬᠤᠸᠠ
10.jpg
     ︽ᠬᠥᠭᠵᠢᠯ ᠪᠠᠳᠠᠷᠠᠯᠲᠤ ᠴᠠᠭ ᠦᠶ᠎ᠡ ᠳᠤ᠂ ᠶᠡᠷᠦᠩᠬᠡᠢ ᠱᠦᠵᠢ ᠶᠢᠨ ᠢᠯᠡᠳᠬᠡᠯ ᠠᠴᠠ ᠨᠠᠮ ᠤᠨ ᠮᠠᠨ ᠤ ᠵᠠᠯᠠᠭᠤᠴᠤᠳ ᠲᠤ ᠲᠠᠯᠪᠢᠵᠤ ᠪᠠᠶᠢᠭ᠎ᠠ ᠢᠲᠡᠭᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ ᠪᠣᠯᠣᠨ᠎ᠠ᠃ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠪᠢ ︽ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠶᠢ ᠲᠥᠪ ᠭᠤᠣᠯᠴᠢ ᠪᠠᠷ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠠᠵᠢᠯ ᠤᠨ ᠳᠤᠮᠳᠠ ᠪᠠᠨ ︽︿ᠭᠤᠶᠢᠪᠢᠰᠢ ᠦᠭᠡᠢ᠂ ᠰᠤᠯᠠᠷᠠᠰᠢ ᠦᠭᠡᠢ﹀ ᠬᠠᠷᠢᠭᠤᠴᠠᠯᠭᠠᠲᠤ ᠰᠡᠳᠬᠢᠯᠭᠡ ᠶᠢ ᠪᠠᠳᠠᠷᠠᠭᠤᠯᠵᠤ᠂ ᠠᠷᠠᠳ ᠤᠯᠠᠨ ᠤ ᠠᠮᠤᠷ ᠲᠦᠪᠰᠢᠨ ᠪᠣᠯᠣᠨ ᠠᠰᠢᠭ ᠲᠤᠰᠠ ᠶᠢ ᠦᠨᠡᠨᠬᠦ ᠰᠠᠶᠢᠲᠤᠷ ᠬᠠᠮᠠᠭᠠᠯᠠᠨ᠎ᠠ︾ ᠭᠡᠵᠦ ᠬᠡᠯᠡᠪᠡ᠃                                   — ᠳ᠋ᠦᠩᠱᠧᠩ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠬᠠᠤᠯᠢ ᠳᠦᠷᠢᠮ ᠤᠨ ᠶᠡᠭᠡ ᠠᠩᠭᠢ ᠶᠢᠨ ᠲᠤᠰᠠᠯᠠᠭᠴᠢ ᠴᠠᠭᠳᠠᠭ᠎ᠠ ᠴᠠᠢ ᠮᠧᠩ ᠵᠢᠶᠧ
11.jpg
     ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠣᠨᠣᠰᠤᠭᠠᠳ ᠪᠢ ᠲᠤᠶᠢᠯ ᠢᠶᠠᠷ ᠤᠷᠮᠠᠰᠢᠨ ᠵᠣᠷᠢᠭᠵᠢᠪᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠦᠷᠢᠶᠡᠨ ᠤ ᠬᠠᠮᠢᠶᠠᠷᠤᠭᠴᠢ ᠪᠠ ᠮᠡᠷᠭᠡᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠡᠬᠦᠷᠭᠡᠯᠡᠨ᠂ ᠲᠤᠯᠤᠭᠠᠶᠢᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠢᠮᠠᠭᠲᠠ ᠪᠠᠷᠢᠮᠳᠠᠯᠠᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠣᠶᠤᠨᠴᠢ ᠪᠦᠲᠦᠭᠡᠨ ᠪᠠᠶᠢᠭᠤᠯᠤᠯᠲᠠ᠂ ᠪᠣᠬᠢᠷᠳᠤᠯ ᠦᠭᠡᠢ ᠪᠠᠷᠢᠯᠭ᠎ᠠ᠂ BIM ᠮᠡᠷᠭᠡᠵᠢᠯ ᠤᠨ ᠰᠤᠳᠤᠯᠭᠠᠨ ᠬᠡᠷᠡᠭᠯᠡᠭᠡ ᠵᠡᠷᠭᠡ ᠲᠠᠯ᠎ᠠ ᠪᠠᠷ ᠲᠠᠰᠤᠷᠠᠯᠳᠠ ᠦᠭᠡᠢ ᠨᠡᠩ ᠶᠡᠭᠡ ᠠᠮᠵᠢᠯᠲᠠ ᠣᠯᠵᠤ᠂ ᠨᠡᠩ ᠶᠡᠭᠡ ᠰᠢᠪᠲᠤᠯᠤᠯᠲᠠ ᠶᠢ ᠪᠡᠶᠡᠯᠡᠬᠦᠯᠦᠨ᠎ᠡ︾ ᠭᠡᠪᠡ᠃                                  — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠪᠣᠶᠢᠮ᠎ᠠ ᠬᠤᠪᠢ ᠨᠡᠮᠡᠷᠢᠯᠡᠭᠴᠢ᠂ ᠳᠤᠰᠬᠠᠢ ᠮᠡᠷᠭᠡᠵᠢᠯᠳᠡᠨ                                  ︽ᠣᠷᠳᠣᠰ ᠤᠨ ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾                                  ᠥᠪᠥᠷ ᠮᠣᠩᠭᠤᠯ ᠤᠨ ᠰᠢᠩ ᠲᠠᠢ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠠᠨ ᠫᠢᠩ  
ᠢᠷᠡᠯᠲᠡ᠄ ᠳ᠋ᠦᠩᠱᠧᠩ ᠳᠤᠭᠷᠤᠶᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ