ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2022/10/17
    ᠳᠤᠰᠢᠶᠠᠯ ᠬᠠᠷᠢᠭᠤᠴᠠᠯᠭ᠎ᠠ᠄     ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠳᠠᠢ ᠥᠪᠡᠷᠲᠡᠭᠡᠨ ᠵᠠᠰᠠᠬᠤ ᠣᠷᠣᠨ᠂ ᠬᠤᠲᠠ  ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠳ᠋ᠦᠩᠱᠧᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ ᠵᠡᠷᠭᠡ ᠶᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ  ᠢ ᠬᠠᠷᠢᠭᠤᠴᠠᠨ᠎ᠠ᠃     ︵ᠬᠤᠶᠠᠷ︶ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠦᠶᠯᠡᠴᠢᠯᠡᠭᠡ ᠬᠠᠮᠢᠶᠠᠷᠤᠯᠲᠠ ᠪᠠᠲᠤᠯᠠᠭ᠎ᠠ ᠪᠠ ᠳᠦᠪᠬᠢᠯᠡᠬᠦᠯᠬᠦ ᠤᠨᠴᠠ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠠᠷᠭ᠎ᠠ ᠠᠪᠴᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭᠠᠨ ᠤ ᠬᠡᠪ ᠨᠠᠮᠪᠠ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ ᠢᠯᠡᠷᠡᠭᠦᠯᠦᠨ᠎ᠡ᠃     ︵ᠭᠤᠷᠪᠠ︶ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠭᠰᠠᠨ ᠲᠤᠰᠢᠶᠠᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠣᠯᠤᠨ ᠠᠵᠢᠯ ᠰᠣᠩᠭᠤᠬᠤ᠂ ᠠᠵᠢᠯ ᠣᠯᠬᠤ ᠵᠡᠷᠭᠡ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠳᠥᠷᠪᠡ︶ ᠴᠡᠷᠢᠭ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠶᠢ ᠬᠠᠷᠢᠭᠤᠴᠠᠵᠤ᠂ ᠴᠡᠷᠢᠭ ᠤᠨ ᠠᠯᠪᠠ ᠴᠡᠷᠢᠭ ᠠᠴᠠ ᠬᠠᠯᠠᠭᠳᠠᠭᠰᠠᠳ ᠪᠠ ᠴᠡᠷᠢᠭ ᠢ ᠳᠠᠭᠠᠵᠤ ᠰᠢᠯᠵᠢᠬᠦ ᠭᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠳᠬᠦᠨ ᠵᠤᠬᠢᠴᠠᠭᠤᠯᠤᠨ᠎ᠠ᠃     ︵ᠲᠠᠪᠤ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠡᠷᠢᠭ ᠠᠴᠠ ᠬᠠᠯᠠᠭᠳᠠᠭᠰᠠᠳ ᠤᠨ ᠣᠨᠴᠠᠭᠠᠢ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ  ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃     ︵ᠵᠢᠷᠭᠤᠭ᠎ᠠ︶ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠣᠷᠣᠨ ᠨᠤᠲᠤᠭ ᠤᠨ ᠨᠥᠬᠦᠴᠡᠯ ᠳᠤ ᠨᠡᠶᠢᠴᠡᠬᠦ ᠪᠤᠰᠤᠳ ᠴᠡᠷᠢᠭ ᠠᠴᠠ ᠬᠠᠯᠠᠭᠳᠠᠭᠰᠠᠳ ᠤᠨ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ ᠪᠠᠲᠤᠯᠠᠭ᠎ᠠ ᠶᠢᠨ ᠠᠵᠢᠯ ᠢ ᠨᠠᠶᠢᠳᠠᠪᠤᠷᠢᠵᠢᠭᠤᠯᠤᠨ᠎ᠠ᠃     ︵ᠳᠣᠯᠤᠭ᠎ᠠ︶ ᠰᠢᠷᠬᠠᠳᠤᠭᠰᠠᠨ᠂ ᠡᠪᠡᠳᠴᠢᠯᠡᠭᠰᠡᠨ᠂ ᠵᠡᠮᠳᠡᠭ ᠪᠣᠯᠤᠭᠰᠠᠨ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡ ᠬᠠᠮᠢᠶᠠᠷᠤᠯᠲᠠ ᠪᠠ ᠠᠰᠠᠷᠠᠮᠵᠢ ᠬᠠᠷᠠᠭᠠᠯᠵᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠵᠡᠷᠭᠡ ᠬᠤᠯᠪᠣᠭᠳᠠᠯ ᠪᠥᠬᠦᠶ ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠬᠤ ᠦᠭᠡᠶ ᠰᠢᠷᠬᠠᠲᠤᠭᠰᠠᠨ᠂ ᠡᠪᠡᠳᠴᠢᠯᠡᠭᠰᠡᠨ᠂ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ︵ᠨᠠᠶᠮᠠ︶ ᠳ᠋ᠦᠩᠱᠧᠩ ᠲᠣᠭᠤᠷᠢᠭ ᠤᠨ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠠᠯᠪᠠᠨ ᠴᠡᠷᠢᠭ᠂ ᠴᠡᠷᠢᠭ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠣᠯᠤᠨ ᠴᠡᠷᠢᠭ ᠤᠨ ᠭᠡᠷ ᠪᠦᠯᠢ ᠶᠢᠨ ᠬᠢᠨ ᠳᠤ ᠬᠠᠷᠠᠭᠠᠯᠵᠠᠯ ᠦᠵᠡᠭᠦᠯᠬᠦ᠂ ᠠᠰᠠᠷᠠᠮᠵᠢ ᠦᠵᠡᠭᠦᠯᠬᠦ ᠵᠡᠷᠭᠡ ᠠᠵᠢᠯ ᠢ ᠬᠠᠷᠢᠭᠤᠴᠠᠨ᠎ᠠ᠃     ︵ᠶᠢᠰᠦ︶ ᠴᠡᠷᠢᠭ ᠬᠥᠮᠦᠨ ᠤ ᠨᠡᠶᠢᠲᠡ ᠶᠢᠨ ᠣᠩᠭᠤᠨ ᠢ ᠬᠠᠮᠢᠶᠠᠷᠴᠤ ᠬᠠᠮᠠᠭᠠᠯᠠᠬᠤ᠂ ᠦᠷᠡᠭᠳᠡᠭᠰᠡᠨ ᠪᠠᠭᠠᠲᠤᠷᠴᠤᠳ ᠤᠨ ᠣᠩᠭᠤᠨ ᠢ ᠬᠠᠮᠢᠶᠠᠷᠴᠤ ᠬᠠᠮᠠᠭᠠᠯᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠡ ᠶᠢᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠯ ᠤᠨ ᠪᠠᠷᠢᠯᠭ᠎ᠠ ᠶᠢᠨ ᠨᠡᠷᠡᠰ ᠲᠤ ᠲᠤᠭᠤᠷᠪᠢᠨ ᠤᠷᠤᠭᠤᠯᠬᠤ ᠪᠠᠷ ᠮᠡᠳᠡᠬᠦᠯᠦᠨ᠎ᠡ᠃ ᠦᠷᠡᠭᠳᠡᠭᠰᠡᠨ ᠪᠠᠭᠠᠲᠤᠷᠴᠤᠳ ᠵᠢᠴᠢ ᠴᠡᠷᠢᠭ ᠠᠴᠠ ᠬᠠᠯᠠᠭᠳᠠᠭᠰᠠᠳ  ᠤᠨ ᠢᠷᠠᠭᠤ ᠠᠯᠳᠠᠷ ᠤᠨ ᠱᠠᠩᠨᠠᠯ ᠢ ᠬᠠᠷᠢᠭᠤᠴᠠᠨ ᠤᠯᠭᠤᠵᠤ᠂ ᠳ᠋ᠦᠩᠨᠡᠨ ᠬᠥᠬᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠨᠢᠭᠡᠴᠡ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠬᠤ ᠠᠵᠢᠯ ᠢ ᠬᠠᠷᠢᠭᠤᠴᠠᠨ᠎ᠠ᠃     ︵ᠠᠷᠪᠠ︶ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠨᠢᠭᠡ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠᠨ ᠬᠤᠶᠠᠷ︶ ᠳᠤᠰᠢᠶᠠᠯ ᠴᠢᠳᠠᠪᠬᠢ ᠶᠢᠨ ᠬᠤᠪᠢᠷᠠᠭᠤᠯᠤᠯᠳᠠ᠃     ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠦᠶᠯᠡᠴᠢᠯᠡᠭᠡ ᠪᠠᠲᠤᠯᠠᠭ᠎ᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠲᠤᠰᠢᠶᠠᠯ ᠬᠠᠷᠢᠭᠤᠴᠠᠯᠭ᠎ᠠ ᠲᠣᠳᠣᠷᠬᠠᠶ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠵᠤ ᠪᠠᠶᠢᠭᠠᠳ ᠴᠡᠷᠢᠭ ᠪᠠ ᠴᠡᠷᠢᠭ ᠤᠨ ᠬᠡᠷ ᠪᠦᠯᠢ ᠳᠤ ᠨᠠᠩ ᠰᠠᠶᠢᠲᠤᠷ ᠦᠶᠯᠡᠴᠢᠯᠡᠭᠦᠯᠵᠦ᠂ ᠴᠡᠷᠢᠭ ᠪᠠ ᠴᠡᠷᠢᠭ ᠤᠨ ᠬᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠴᠡᠷᠢᠭ ᠢ ᠪᠥᠬᠦ ᠨᠡᠶᠢᠭᠡᠮ ᠢᠶᠠᠷ ᠢᠶᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠵᠤ᠂ ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠬᠦ ᠣᠶᠤᠨ ᠰᠠᠨᠠᠭᠠᠨ ᠤ ᠬᠡᠪ ᠨᠠᠮᠪᠠ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ᠂ ᠴᠡᠷᠢᠭ ᠠᠩᠭᠢ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠳᠤ ᠨᠠᠩ ᠰᠠᠶᠢᠲᠤᠷ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃     ᠳᠣᠲᠣᠭᠠᠳᠤ ᠪᠠᠶᠢᠭᠤᠯᠤᠮᠵᠢ᠄     ︵ᠨᠢᠭᠡ︶ ᠠᠯᠪᠠᠨ ᠭᠡᠷ     ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠯᠪᠠᠨ ᠪᠢᠴᠢᠭ ᠢ ᠰᠢᠶᠳᠪᠦᠷᠢᠯᠡᠬᠦ ᠪᠠ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ ᠠᠵᠢᠯ ᠢ ᠬᠠᠷᠢᠭᠤᠴᠠᠨ᠎ᠠ᠃ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ  ᠶᠢᠨ ᠰᠤᠳᠤᠯᠭᠠᠨ ᠢ ᠡᠭᠦᠷᠭᠡᠯᠡᠵᠦ᠂ ᠴᠡᠷᠢᠭ ᠠᠴᠠ ᠬᠠᠯᠠᠭᠳᠠᠭᠰᠠᠳ ᠤᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠰᠠᠭᠤᠷᠢ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠲᠤᠭ᠎ᠠ ᠪᠦᠷᠢᠳᠬᠡᠯ ᠵᠡᠷᠭᠡ ᠠᠵᠢᠯ ᠢ ᠡᠭᠦᠷᠭᠡᠯᠡᠨ᠎ᠡ᠃     ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠬᠥᠬᠢᠭᠦᠯᠦᠨ ᠰᠠᠶᠢᠰᠢᠶᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠵᠤ᠂ ᠴᠡᠷᠢᠭ ᠠᠴᠠ ᠬᠠᠯᠠᠭᠳᠠᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠠ᠃ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠤᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠬᠠᠷᠢᠭᠤᠴᠠᠨ᠎ᠠ᠃     ᠪᠠᠶᠢᠭᠤᠯᠭ᠎ᠠ ᠪᠣᠯᠤᠨ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠠᠵᠢᠯ ᠢ ᠡᠭᠦᠷᠭᠡᠯᠡᠨ᠎ᠡ᠃     ︵ᠬᠤᠶᠠᠷ︶ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠯᠪᠠᠨ ᠭᠡᠷ     ᠲᠤᠭᠤᠷᠢᠭ ᠤᠨ ᠲᠤᠰ ᠱᠠᠲᠤᠨ ᠤ ᠲᠥᠯᠥᠪᠯᠡᠭᠡ ᠪᠠᠷ ᠬᠤᠪᠢᠶᠠᠷᠢᠯᠠᠬᠤ ᠶᠢ ᠡᠭᠦᠷᠭᠡᠯᠡᠭᠰᠡᠨ ᠴᠡᠷᠢᠭ ᠠᠴᠠ ᠰᠢᠯᠵᠢᠭᠰᠡᠨ ᠺᠠᠳ᠋ᠷ᠂ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠣᠨ ᠤ ᠲᠦᠪᠬᠢᠨᠡᠬᠦᠯᠦᠯᠳᠡ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠵᠢᠴᠢ ᠴᠡᠷᠢᠭ ᠠᠴᠠ ᠰᠢᠯᠵᠢᠭᠰᠡᠨ ᠺᠠᠳ᠋ᠷ ᠤᠨ ᠬᠠᠨᠢ ᠨᠥᠬᠦᠷ ᠢ ᠰᠢᠯᠵᠢᠭᠦᠯᠦᠨ ᠲᠥᠪᠬᠢᠨᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠴᠡᠷᠢᠭ ᠠᠩᠭᠢ ᠶᠢᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠭᠰᠠᠨ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠥᠪᠬᠢᠨᠡᠭᠦᠯᠬᠦ ᠪᠠ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠨᠥᠬᠦᠴᠡᠯ ᠳᠤ ᠨᠡᠶᠢᠴᠡᠬᠦ ᠪᠤᠰᠤᠳ ᠴᠡᠷᠢᠭ ᠠᠴᠠ ᠬᠠᠯᠠᠭᠳᠠᠭᠰᠠᠳ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠭᠰᠠᠨ ᠠᠵᠢᠯ ᠠᠴᠠ  ᠪᠠᠨ ᠠᠮᠠᠷᠠᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠭ ᠤᠨ ᠲᠤᠰ ᠱᠠᠲᠤᠨ ᠤ ᠢᠷᠠᠭᠤ ᠠᠯᠳᠠᠷ ᠤᠨ ᠬᠦᠷᠢᠶᠡᠯᠡᠩ ᠤᠨ ᠠᠵᠢᠯ ᠢ ᠵᠢᠯᠣᠭᠤᠳᠤᠨ᠎ᠠ᠃     ᠳ᠋ᠦᠩᠱᠧᠩ ᠲᠣᠭᠤᠷᠢᠭ ᠤᠨ ᠪᠡᠶ᠎ᠡ ᠪᠠᠨ ᠳᠠᠭᠠᠭᠠᠵᠤ ᠠᠵᠢᠯ ᠰᠤᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠪᠡᠶ᠎ᠡ  ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠣᠨ ᠤ ᠲᠥᠯᠥᠪᠯᠡᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ ᠠᠬᠢᠭᠤᠯᠬᠤ ᠪᠠ ᠬᠥᠮᠦᠵᠢᠯ ᠪᠣᠯᠪᠠᠰᠤᠷᠠᠭᠤᠯᠤᠯ ᠬᠢᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠥᠬᠦᠶ ᠵᠠᠭᠤᠴᠢ ᠦᠶᠯᠡᠴᠢᠯᠡᠭᠡᠨ ᠤ ᠠᠵᠢᠯ ᠢ ᠵᠢᠯᠣᠭᠤᠳᠤᠨ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ ᠪᠠᠲᠤᠯᠠᠭ᠎ᠠ ᠶᠢᠨ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠴᠡᠷᠢᠭ ᠠᠩᠭᠢ ᠶᠢᠨ ᠭᠡᠷ ᠪᠦᠯᠢ ᠶᠢᠨ ᠬᠢᠨ ᠤ ᠠᠵᠢᠯ ᠣᠯᠵᠤ ᠦᠶᠯᠡᠰ ᠴᠣᠭᠴᠠᠯᠠᠬᠤ ᠶᠢ ᠵᠣᠬᠢᠴᠠᠭᠤᠯᠤᠨ ᠵᠢᠯᠣᠭᠤᠳᠤᠨ᠎ᠠ᠃     ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠳᠤᠭᠳᠠᠯᠴᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃     ︵ᠭᠤᠷᠪᠠ︶ ᠬᠤᠶᠠᠷ ᠢ ᠬᠦᠷᠢᠶᠡᠯᠡᠬᠦ ᠪᠠ ᠬᠠᠷᠠᠭᠠᠯᠵᠠᠨ ᠰᠠᠶᠢᠰᠢᠶᠠᠬᠤ ᠳᠤᠷᠠᠰᠬᠠᠯ ᠤᠨ ᠥᠷᠥᠭᠡ     ᠳ᠋ᠦᠩᠱᠧᠩ ᠲᠣᠭᠤᠷᠢᠭ ᠤᠨ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠠᠰᠠᠷᠠᠮᠵᠢ ᠬᠠᠷᠠᠭᠠᠯᠵᠠᠯ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠤᠨ᠎ᠠ᠃ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠬᠤ ᠦᠭᠡᠶ ᠰᠢᠷᠬᠠᠲᠤᠭᠰᠠᠨ ᠡᠪᠡᠳᠴᠢᠯᠡᠭᠰᠡᠨ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠵᠡᠷᠭᠡ ᠬᠠᠮᠢᠶ᠎ᠠ ᠪᠥᠬᠦᠶ ᠦᠶᠯᠡᠴᠢᠯᠡᠭᠡ ᠪᠠᠲᠤᠯᠠᠭ᠎ᠠ  ᠶᠢᠨ ᠪᠠᠶᠢᠭᠤᠯᠤᠮᠵᠢ ᠵᠢᠴᠢ ᠴᠡᠷᠢᠭ ᠤᠨ ᠬᠠᠩᠭᠠᠯᠭ᠎ᠠ ᠪᠠᠲᠤᠯᠠᠭ᠎ᠠ ᠶᠢᠨ ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠵᠢᠯᠣᠭᠤᠳᠤᠨ ᠬᠡᠷᠡᠭᠵᠢᠭᠦᠯᠦᠨ᠎ᠡ᠃ ᠦᠷᠡᠭᠳᠡᠭᠰᠡᠨ ᠪᠠᠭᠠᠲᠤᠷᠴᠤᠳ ᠢ ᠬᠥᠬᠢᠭᠦᠯᠦᠨ ᠰᠠᠶᠢᠰᠢᠶᠠᠬᠤ᠂ ᠳᠤᠷᠠᠰᠬᠠᠯ ᠤᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠪᠠ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠴᠡᠷᠢᠭ ᠤᠨ ᠨᠡᠶᠢᠲᠡ ᠶᠢᠨ ᠤᠩᠭᠤᠨ ᠤ ᠪᠦᠳᠤᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠠᠮᠢᠶᠠᠷᠴᠤ ᠬᠠᠮᠠᠭᠠᠯᠠᠬᠤ ᠠᠵᠢᠯ ᠢ ᠵᠢᠯᠣᠭᠤᠳᠤᠨ ᠰᠠᠶᠢᠲᠤᠷ ᠬᠢᠵᠦ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ᠃     ᠠᠵᠢᠯᠯᠠᠬᠤ ᠭᠠᠵᠠᠷ᠄ ᠳ᠋ᠦᠩᠱᠧᠩ ᠲᠣᠭᠤᠷᠢᠭ ᠤᠨ ᠯᠢᠶᠠᠨ ᠪᠠᠩ ᠲᠣᠮᠣ ᠠᠰᠠᠷ ᠤᠨ 5 ᠳ᠋ᠤᠭᠠᠷ ᠳᠠᠪᠬᠤᠷᠭ᠎ᠠ     ᠠᠵᠢᠯᠯᠠᠬᠤ ᠴᠠᠭ᠄     ᠦᠳᠡ ᠶᠢᠨ ᠡᠮᠦᠨ᠎ᠡ 8᠄ 30 — 12᠄ 00     ᠦᠳᠡ ᠶᠢᠨ ᠬᠤᠶᠢᠨ᠎ᠠ 3᠄ 00 — 6᠄ 00     ᠬᠠᠷᠢᠯᠴᠠᠬᠤ ᠠᠷᠭ᠎ᠠ᠄ 8380081
ᠢᠷᠡᠯᠲᠡ᠄ ᠳ᠋ᠥᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ