ᠤᠯᠤᠰ ᠤᠨ ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠠᠮᠢᠳᠠᠨ ᠠᠮᠵᠢᠯᠳᠠ ᠲᠠᠢ ᠪᠠᠷ ᠠᠪᠤᠷᠠᠭᠳᠠᠪᠠ
ᠨᠡᠶᠢᠲᠡᠯᠡᠭᠰᠡᠨ ᠴᠠᠭ᠄
2022/10/24
7.1.jpg
      10 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠨᠢᠬᠡᠨ ᠭᠠᠴᠠᠭᠠᠨ ᠤ ᠠᠷᠠᠳ ᠦᠦᠰᠢᠨ ᠬᠤᠰᠢᠭᠤᠨ ᠤ ᠲᠤᠭ ᠪᠠᠯᠭᠠᠰᠤᠨ ᠤ ᠪᠠᠶᠠᠨᠲᠣᠯᠤᠭᠠᠢ ᠭᠠᠴᠠᠭᠠᠨ ᠳᠤ ᠨᠢᠭᠡ ᠲᠤᠭᠤᠷᠤᠤ ᠶᠢᠨ ᠵᠢᠭᠦᠷ ᠨᠢ ᠰᠢᠷᠬᠠᠲᠤᠭᠠᠳ ᠢᠰᠴᠦ ᠲᠡᠶᠢᠯᠬᠦ ᠦᠬᠡᠢ‌‍ᠪᠣᠯᠤᠭᠰᠠᠨ ᠢ‌ᠣᠷᠳᠣᠰ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡ ᠳᠤ ᠮᠡᠳᠡᠬᠦᠯᠪᠠ᠃ ᠠᠪᠤᠷᠠᠨ ᠲᠤᠰᠠᠯᠠᠬᠤ ᠤᠲᠠᠰᠤ ᠶᠢ ᠳᠤᠰᠤᠭᠰᠠᠨ ᠤ ᠳᠠᠷᠠᠭ᠎ᠠ᠂ ᠣᠷᠳᠣᠰ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡ ᠲᠡᠷᠡ ᠳᠠᠷᠤᠢ ᠳᠤᠨᠢ ᠠᠪᠤᠷᠠᠨ ᠲᠤᠰᠠᠯᠠᠬᠤ ᠬᠥᠮᠥᠰ ᠢ ᠵᠣᠬᠢᠶᠠᠨ ᠪᠠᠶᠢᠭᠤᠯᠤᠨ ᠦᠦᠰᠢᠨ ᠬᠤᠰᠢᠭᠤᠨ ᠤ ᠲᠤᠭ ᠪᠠᠯᠭᠠᠰᠤᠨ ᠤ ᠪᠠᠶᠠᠨᠲᠣᠯᠤᠭᠠᠢ ᠭᠠᠴᠠᠭ᠎ᠠ ᠳᠤ ᠬᠦᠷᠴᠦ ᠠᠪᠤᠷᠠᠨ ᠲᠤᠰᠠᠯᠠᠪᠠ᠃ ᠤᠶᠢᠯᠠᠭᠠᠯᠭᠰᠡᠨ ᠢᠶᠠᠷ ᠲᠤᠰ ᠲᠤᠭᠤᠷᠦᠦ ᠨᠢ ᠲᠤᠭᠤᠷᠤᠤ ᠶᠢᠨ ᠲᠦᠷᠦᠯ ᠤᠨ ᠬᠠᠷᠬᠢᠷ᠎ᠠ ᠪᠠᠶᠢᠵᠤ᠂ ᠬᠠᠷᠬᠢᠷ᠎ᠠ ᠪᠣᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠳᠤ ᠬᠠᠷᠢᠶᠠᠯᠠᠭᠳᠠᠨ᠎ᠠ᠃
 
ᠢᠷᠡᠯᠲᠡ᠄ ᠲᠤᠰ ᠰᠦᠯᠵᠢᠶ᠎ᠠ