ᠮᠠᠨ ᠤ ᠣᠷᠣᠨ ᠤ 10 ᠳ᠋ᠤᠭᠠᠷ ᠰᠠᠷ᠎ᠠ ᠶᠢᠨ 27 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/10/28
      10 ᠳ᠋ᠤᠭᠠᠷ ᠰᠠᠷ᠎ᠠ ᠶᠢᠨ 27 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 37 ᠨᠡᠮᠡᠭᠳᠡᠵᠦ᠂ ᠡᠭᠦᠨ ᠳᠤ ᠬᠥᠬᠡᠬᠤᠲᠠ ᠳᠤ 8᠂ ᠪᠤᠭᠤᠲᠤ ᠬᠤᠲᠠ ᠳᠤ 4 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 1 ᠵᠢᠱᠢᠶ᠎ᠡ ᠶᠢ ᠪᠠᠭᠲᠠᠭᠠᠨ᠎ᠠ᠂ ᠡᠭᠦᠨ ᠳᠤ ᠴᠢᠩᠱᠠᠨ ᠲᠣᠭᠤᠷᠢᠭ ᠲᠤ 2᠂ ᠳ᠋ᠦᠩ ᠾᠧ ᠲᠣᠭᠤᠷᠢᠭ ᠲᠤ 1᠂ ᠵᠢᠦ ᠶᠤᠸᠠᠨ ᠲᠣᠭᠤᠷᠢᠭ ᠲᠤ 1︶᠂ ᠤᠯᠠᠭᠠᠨᠬᠠᠳᠠ ᠬᠤᠲᠠ ᠳᠤ 3 ︵ᠬᠤᠩᠱᠠᠨ ᠲᠣᠭᠤᠷᠢᠭ ᠲᠤ 1᠂ ᠠᠷᠤ ᠬᠤᠷᠴᠢᠨ ᠬᠤᠰᠢᠭᠤᠨ ᠳᠤ 2︶᠂ ᠰᠢᠯᠢ ᠶᠢᠨ ᠭᠤᠣᠯ ᠠᠶᠢᠮᠠᠭ ᠲᠤ 2 ︵ᠴᠥᠮ ᠰᠢᠯᠢ ᠶᠢᠨ ᠬᠤᠲᠠ ᠳᠤ︶᠂ ᠣᠷᠳᠣᠰ ᠬᠤᠲᠠ ᠳᠤ 20 ︵ᠳᠠᠯᠠᠳ ᠬᠤᠰᠢᠭᠤᠨ ᠳᠤ 3᠂ ᠵᠡᠭᠦᠨᠭᠠᠷ ᠬᠤᠰᠢᠭᠤᠨ ᠳᠤ 3᠂ ᠬᠠᠩᠭᠢᠨ ᠬᠤᠰᠢᠭᠤᠨ ᠳᠤ 14︶ ᠪᠣᠢ︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 110 ᠨᠡᠮᠡᠭᠳᠡᠵᠦ᠂ ᠡᠭᠦᠨ ᠳᠤ ᠬᠥᠬᠡᠬᠤᠲᠠ ᠳᠤ 64᠂ ᠪᠤᠭᠤᠲᠤ ᠬᠤᠲᠠ ᠳᠤ 2 ︵ᠬᠥᠨᠳᠡᠯᠡᠨ ᠲᠣᠭᠤᠷᠢᠭ ᠲᠤ 1᠂ ᠳ᠋ᠦᠩ ᠾᠧ ᠲᠣᠭᠤᠷᠢᠭ ᠲᠤ 1︶᠂ ᠤᠯᠠᠭᠠᠨᠬᠠᠳᠠ ᠬᠤᠲᠠ ᠳᠤ 13 ︵ᠴᠥᠮ ᠬᠤᠩᠱᠠᠨ ᠲᠣᠭᠤᠷᠢᠭ ᠲᠤ︶᠂ ᠰᠢᠯᠢ ᠶᠢᠨ ᠭᠤᠣᠯ ᠠᠶᠢᠮᠠᠭ ᠲᠤ 8 ︵ᠴᠥᠮ ᠰᠢᠯᠢ ᠶᠢᠨ ᠬᠤᠲᠠ ᠳᠤ︶᠂ ᠤᠯᠠᠭᠠᠨᠴᠠᠪ ᠬᠤᠲᠠ ᠳᠤ 9 ︵ᠴᠥᠮ ᠵᠢᠨᠢᠩ ᠲᠣᠭᠤᠷᠢᠭ ᠲᠤ︶᠂ ᠣᠷᠳᠣᠰ ᠬᠤᠲᠠ ᠳᠤ 5 ︵ᠴᠥᠮ ᠬᠠᠩᠭᠢᠨ ᠬᠤᠰᠢᠭᠤᠨ ᠳᠤ︶᠂ ᠪᠠᠶᠠᠨᠨᠠᠭᠤᠷ ᠬᠤᠲᠠ ᠳᠤ 9 ︵ᠴᠥᠮ ᠯᠢᠨ ᠾᠧ ᠲᠣᠭᠤᠷᠢᠭ ᠲᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠵᠦ᠂ ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ 26 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠴᠤ᠂ ᠡᠭᠦᠨ ᠳᠤ ᠬᠥᠬᠡᠬᠤᠲᠠ ᠳᠤ 8᠂ ᠪᠤᠭᠤᠲᠤ ᠬᠤᠲᠠ ᠳᠤ 9 ︵ᠬᠥᠨᠳᠡᠯᠡᠨ ᠲᠣᠭᠤᠷᠢᠭ ᠲᠤ 2᠂ ᠴᠢᠩᠱᠠᠨ ᠲᠣᠭᠤᠷᠢᠭ ᠲᠤ 5᠂ ᠳ᠋ᠦᠩ ᠾᠧ ᠲᠣᠭᠤᠷᠢᠭ ᠲᠤ 1᠂ ᠵᠢᠦ ᠶᠤᠸᠠᠨ ᠲᠣᠭᠤᠷᠢᠭ ᠲᠤ 1︶᠂ ᠬᠥᠯᠥᠨ ᠪᠤᠶᠢᠷ ᠬᠤᠲᠠ ᠳᠤ 1 ︵ᠬᠠᠶᠢᠯᠠᠷ ᠲᠣᠭᠤᠷᠢᠭ ᠲᠤ︶᠂ ᠬᠢᠩᠭᠠᠨ ᠠᠶᠢᠮᠠᠭ ᠲᠤ 1 ︵ᠤᠯᠠᠭᠠᠨᠬᠤᠲᠠ ᠳᠤ︶᠂ ᠲᠦᠩᠯᠢᠶᠣᠣ ᠬᠤᠲᠠ ᠳᠤ 1 ︵ᠬᠤᠷᠴᠢᠨ ᠲᠣᠭᠤᠷᠢᠭ ᠲᠤ︶᠂ ᠤᠯᠠᠭᠠᠨᠬᠠᠳᠠ ᠬᠤᠲᠠ ᠳᠤ 2 ︵ᠴᠥᠮ ᠬᠤᠩᠱᠠᠨ ᠲᠣᠭᠤᠷᠢᠭ ᠲᠤ︶᠂ ᠣᠷᠳᠣᠰ ᠬᠤᠲᠠ ᠳᠤ 1 ︵ᠵᠡᠭᠦᠨᠭᠠᠷ ᠬᠤᠰᠢᠭᠤᠨ ᠳᠤ︶᠂ ᠦᠬᠠᠢ ᠬᠤᠲᠠ ᠳᠤ 3 ︵ᠬᠠᠶᠢᠷᠤᠪ ᠤᠨ ᠲᠣᠬᠤᠢ ᠲᠣᠭᠤᠷᠢᠭ ᠲᠤ 1᠂ ᠬᠠᠶᠢᠨᠠᠨ ᠲᠣᠭᠤᠷᠢᠭ ᠲᠤ 2︶ ᠪᠣᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 83 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠥᠬᠡᠬᠤᠲᠠ ᠳᠤ 40᠂ ᠪᠤᠭᠤᠲᠤ ᠬᠤᠲᠠ ᠳᠤ 13 ︵ᠬᠥᠨᠳᠡᠯᠡᠨ ᠲᠣᠭᠤᠷᠢᠭ ᠲᠤ 3᠂ ᠴᠢᠩᠱᠠᠨ ᠲᠣᠭᠤᠷᠢᠭ ᠲᠤ 4᠂ ᠳ᠋ᠦᠩ ᠾᠧ ᠲᠣᠭᠤᠷᠢᠭ ᠲᠤ 1᠂ ᠵᠢᠦ ᠶᠤᠸᠠᠨ ᠲᠣᠭᠤᠷᠢᠭ ᠲᠤ 4᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ 1︶᠂ ᠬᠥᠯᠥᠨ ᠪᠤᠶᠢᠷ ᠬᠤᠲᠠ ᠳᠤ 3 ︵ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 2᠂ ᠮᠠᠨᠵᠤᠤᠷ ᠬᠤᠲᠠ ᠳᠤ 1︶᠂ ᠬᠢᠩᠭᠠᠨ ᠠᠶᠢᠮᠠᠭ ᠲᠤ 12 ︵ᠴᠥᠮ ᠤᠯᠠᠭᠠᠨᠬᠤᠲᠠ ᠳᠤ︶᠂ ᠤᠯᠠᠭᠠᠨᠬᠠᠳᠠ ᠬᠤᠲᠠ ᠳᠤ 2 ︵ᠰᠦᠩᠱᠠᠨ ᠲᠣᠭᠤᠷᠢᠭ ᠲᠤ 1᠂ ᠠᠷᠤ ᠬᠤᠷᠴᠢᠨ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 1 ︵ᠠᠪᠠᠭ᠎ᠠ ᠬᠤᠰᠢᠭᠤᠨ ᠳᠤ︶᠂ ᠤᠯᠠᠭᠠᠨᠴᠠᠪ ᠬᠤᠲᠠ ᠳᠤ 1 ︵ᠵᠢᠨᠢᠩ ᠲᠣᠭᠤᠷᠢᠭ ᠲᠤ︶ ᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ︶᠂ ᠦᠬᠠᠢ ᠬᠤᠲᠠ ᠳᠤ 5 ︵ᠬᠠᠶᠢᠷᠤᠪ ᠤᠨ ᠲᠣᠬᠤᠢ ᠲᠣᠭᠤᠷᠢᠭ ᠲᠤ 1᠂ ᠬᠠᠶᠢᠨᠠᠨ ᠲᠣᠭᠤᠷᠢᠭ ᠲᠤ 4︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ︶ ᠪᠣᠢ᠃       10 ᠳ᠋ᠤᠭᠠᠷ ᠰᠠᠷ᠎ᠠ ᠶᠢᠨ 27 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 484 ᠪᠠᠶᠢᠵᠤ᠂ ᠡᠭᠦᠨ ᠳᠤ ᠬᠥᠬᠡᠬᠤᠲᠠ ᠳᠤ 263᠂ ᠪᠤᠭᠤᠲᠤ ᠬᠤᠲᠠ ᠳᠤ 55 ︵ᠬᠥᠨᠳᠡᠯᠡᠨ ᠲᠣᠭᠤᠷᠢᠭ ᠲᠤ 6᠂ ᠴᠢᠩᠱᠠᠨ ᠲᠣᠭᠤᠷᠢᠭ ᠲᠤ 22᠂ ᠳ᠋ᠦᠩ ᠾᠧ ᠲᠣᠭᠤᠷᠢᠭ ᠲᠤ 3᠂ ᠵᠢᠦ ᠶᠤᠸᠠᠨ ᠲᠣᠭᠤᠷᠢᠭ ᠲᠤ 21᠂ ᠲᠦᠮᠡᠳ ᠪᠠᠷᠠᠭᠤᠨ ᠬᠤᠰᠢᠭᠤᠨ ᠳᠤ 2᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ 1︶᠂ ᠬᠥᠯᠥᠨ ᠪᠤᠶᠢᠷ ᠬᠤᠲᠠ ᠳᠤ 10 ︵ᠬᠠᠶᠢᠯᠠᠷ ᠲᠣᠭᠤᠷᠢᠭ ᠲᠤ 2᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ 2᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 6︶᠂ ᠬᠢᠩᠭᠠᠨ ᠠᠶᠢᠮᠠᠭ ᠲᠤ 4 ︵ᠴᠥᠮ ᠤᠯᠠᠭᠠᠨᠬᠤᠲᠠ ᠳᠤ︶᠂ ᠲᠦᠩᠯᠢᠶᠣᠣ ᠬᠤᠲᠠ ᠳᠤ 1 ︵ᠬᠤᠷᠴᠢᠨ ᠲᠣᠭᠤᠷᠢᠭ ᠲᠤ︶᠂ ᠤᠯᠠᠭᠠᠨᠬᠠᠳᠠ ᠬᠤᠲᠠ ᠳᠤ 58 ︵ᠬᠤᠩᠱᠠᠨ ᠲᠣᠭᠤᠷᠢᠭ ᠲᠤ 14᠂ ᠠᠷᠤ ᠬᠤᠷᠴᠢᠨ ᠬᠤᠰᠢᠭᠤᠨ ᠳᠤ 44︶᠂ ᠰᠢᠯᠢ ᠶᠢᠨ ᠭᠤᠣᠯ ᠠᠶᠢᠮᠠᠭ ᠲᠤ 38 ︵ᠰᠢᠯᠢ ᠶᠢᠨ ᠬᠤᠲᠠ ᠳᠤ 33᠂ ᠪᠠᠷᠠᠭᠤᠨ ᠦᠵᠦᠮᠦᠴᠢᠨ ᠬᠤᠰᠢᠭᠤᠨ ᠳᠤ 2᠂ ᠠᠪᠠᠭ᠎ᠠ ᠬᠤᠰᠢᠭᠤᠨ ᠳᠤ 2᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ 1︶᠂ ᠣᠷᠳᠣᠰ ᠬᠤᠲᠠ ᠳᠤ 50 ︵ᠳ᠋ᠦᠩᠱᠧᠩ ᠲᠣᠭᠤᠷᠢᠭ ᠲᠤ 1᠂ ᠲᠠᠯᠠᠳ ᠬᠤᠰᠢᠭᠤᠨ ᠳᠤ 5᠂ ᠵᠡᠭᠦᠨᠭᠠᠷ ᠬᠤᠰᠢᠭᠤᠨ ᠳᠤ 6᠂ ᠬᠠᠩᠭᠢᠨ ᠬᠤᠰᠢᠭᠤᠨ ᠳᠤ 38︶᠂ ᠦᠬᠠᠢ ᠬᠤᠲᠠ ᠳᠤ 5 ︵ᠬᠠᠶᠢᠷᠤᠪ ᠤᠨ ᠲᠣᠬᠤᠢ ᠲᠣᠭᠤᠷᠢᠭ ᠲᠤ 4᠂ ᠬᠠᠶᠢᠨᠠᠨ ᠲᠣᠭᠤᠷᠢᠭ ᠲᠤ 1︶ ᠪᠣᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2259 ᠪᠠᠶᠢᠵᠤ᠂ ᠡᠭᠦᠨ ᠳᠤ ᠬᠥᠬᠡᠬᠤᠲᠠ ᠳᠤ 1943᠂ ᠪᠤᠭᠤᠲᠤ ᠬᠤᠲᠠ ᠳᠤ 62 ︵ᠬᠥᠨᠳᠡᠯᠡᠨ ᠲᠣᠭᠤᠷᠢᠭ ᠲᠤ 11᠂ ᠴᠢᠩᠱᠠᠨ ᠲᠣᠭᠤᠷᠢᠭ ᠲᠤ 23᠂ ᠳ᠋ᠦᠩ ᠾᠧ ᠲᠣᠭᠤᠷᠢᠭ ᠲᠤ 4᠂ ᠵᠢᠦ ᠶᠤᠸᠠᠨ ᠲᠣᠭᠤᠷᠢᠭ ᠲᠤ 21᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ 3︶᠂ ᠬᠥᠯᠥᠨ ᠪᠤᠶᠢᠷ ᠬᠤᠲᠠ ᠳᠤ 21 ︵ᠬᠠᠶᠢᠯᠠᠷ ᠲᠣᠭᠤᠷᠢᠭ ᠲᠤ 6᠂ ᠠᠷᠤᠨ ᠬᠤᠰᠢᠭᠤᠨ ᠳᠤ 2᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 11᠂ ᠮᠠᠨᠵᠤᠤᠷ ᠬᠤᠲᠠ ᠳᠤ 2︶᠂ ᠬᠢᠩᠭᠠᠨ ᠠᠶᠢᠮᠠᠭ ᠲᠤ 10 ︵ᠤᠯᠠᠭᠠᠨᠬᠤᠲᠠ ᠳᠤ 9᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 1︶᠂ ᠤᠯᠠᠭᠠᠨᠬᠠᠳᠠ ᠬᠤᠲᠠ ᠳᠤ 102 ︵ᠬᠤᠩᠱᠠᠨ ᠲᠣᠭᠤᠷᠢᠭ ᠲᠤ 58᠂ ᠰᠦᠩᠱᠠᠨ ᠲᠣᠭᠤᠷᠢᠭ ᠲᠤ 2᠂ ᠨᠢᠩᠴᠧᠩ ᠰᠢᠶᠠᠨ ᠳᠤ 1᠂ ᠠᠷᠤ ᠬᠤᠷᠴᠢᠨ ᠬᠤᠰᠢᠭᠤᠨ ᠳᠤ 41︶᠂ ᠰᠢᠯᠢ ᠶᠢᠨ ᠭᠤᠣᠯ ᠠᠶᠢᠮᠠᠭ ᠲᠤ 25 ︵ᠰᠢᠯᠢ ᠶᠢᠨ ᠬᠤᠲᠠ ᠳᠤ 19᠂ ᠠᠪᠠᠭ᠎ᠠ ᠬᠤᠰᠢᠭᠤᠨ ᠳᠤ 4᠂ ᠰᠢᠯᠤᠭᠤᠨ ᠬᠥᠬᠡ ᠬᠤᠰᠢᠭᠤᠨ ᠳᠤ 2︶᠂ ᠤᠯᠠᠭᠠᠨᠴᠠᠪ ᠬᠤᠲᠠ ᠳᠤ 38 ︵ᠵᠢᠨᠢᠩ ᠲᠣᠭᠤᠷᠢᠭ ᠲᠤ 34᠂ ᠹᠧᠩᠵᠧᠨ ᠬᠤᠲᠠ ᠳᠤ 1᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 2᠂ ᠵᠦᠸᠧᠽᠢ ᠰᠢᠶᠠᠨ ᠳᠤ 1︶᠂ ᠣᠷᠳᠣᠰ ᠬᠤᠲᠠ ᠳᠤ 5 ︵ᠴᠥᠮ ᠬᠠᠩᠭᠢᠨ ᠬᠤᠰᠢᠭᠤᠨ ᠳᠤ︶᠂ ᠪᠠᠶᠠᠨᠨᠠᠭᠤᠷ ᠬᠤᠲᠠ ᠳᠤ 34 ︵ᠯᠢᠨ ᠾᠧ ᠲᠣᠭᠤᠷᠢᠭ ᠲᠤ 29᠂ ᠦᠶᠤᠸᠠᠨ ᠰᠢᠶᠠᠨ ᠳᠤ 3᠂ ᠤᠷᠠᠳ ᠤᠨ ᠡᠮᠦᠨᠡᠲᠦ ᠬᠤᠰᠢᠭᠤᠨ ᠳᠤ 1᠂ ᠬᠠᠩᠭᠢᠨ ᠬᠤᠶᠢᠲᠤ ᠬᠤᠰᠢᠭᠤᠨ ᠳᠤ 1︶᠂ ᠦᠬᠠᠢ ᠬᠤᠲᠠ ᠳᠤ 13 ︵ᠬᠠᠶᠢᠷᠤᠪ ᠤᠨ ᠲᠣᠬᠤᠢ ᠲᠣᠭᠤᠷᠢᠭ ᠲᠤ 8᠂ ᠬᠠᠶᠢᠨᠠᠨ ᠲᠣᠭᠤᠷᠢᠭ ᠲᠤ 4᠂ ᠤᠳᠠ ᠲᠣᠭᠤᠷᠢᠭ ᠲᠤ 1︶᠂ ᠠᠯᠠᠱᠠ ᠠᠶᠢᠮᠠᠭ ᠲᠤ 6 ︵ᠴᠥᠮ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 7᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ