ᠨᠠᠮᠤᠷ ᠤᠨ ᠤᠯᠠᠷᠢᠯ ᠳᠤ ᠪᠡᠶ᠎ᠡ ᠪᠤᠯᠪᠠᠰᠤᠷᠠᠬᠤ ᠳᠤ ᠶᠠᠭᠤ ᠶᠢ ᠠᠩᠬᠠᠷᠬᠤ ᠴᠢᠬᠤᠯᠠᠳᠠᠢ ᠪᠤᠢ︖
ᠨᠡᠶᠢᠲᠡᠯᠡᠭᠰᠡᠨ ᠴᠠᠭ᠄
2022/10/28
       ᠨᠠᠮᠤᠷ ᠤᠨ ᠰᠡᠬᠦᠯᠴᠢ ᠪᠤᠯᠬᠤ ᠶᠢ ᠳᠠᠭᠠᠯᠳᠤᠨ᠂ ᠠᠭᠠᠷ ᠤᠨ ᠳᠤᠯᠠᠭᠠᠨ ᠪᠠ ᠴᠢᠬᠢᠭ ᠤᠨ ᠬᠡᠮᠵᠢᠶ᠎ᠡ ᠢᠯᠡᠳᠳᠡ ᠳᠤᠷᠤᠭᠰᠢᠯᠠᠵᠤ᠂ ᠡᠳᠤᠷ ᠰᠦᠨᠢ ᠶᠢᠨ ᠳᠤᠯᠠᠭᠠᠨ ᠤ ᠵᠦᠷᠢᠶ᠎ᠡ ᠴᠤ ᠶᠡᠬᠡᠰᠳᠡᠭ᠃ ᠡᠶᠢᠮᠤ ᠠᠴᠠ ᠡᠨᠡ ᠦᠶ᠎ᠡ ᠳᠤ ᠬᠦᠮᠦᠰ ᠠᠮᠠᠷᠬᠠᠨ ᠳᠠᠮᠢᠷᠳᠠᠵᠤ᠂ ᠪᠡᠶ᠎ᠡ ᠶᠢᠨ ᠳᠠᠮᠢᠷ ᠤᠨ ᠬᠦᠳᠡᠯᠬᠡᠬᠡᠨ ᠳᠤ ᠤᠷᠤᠯᠴᠠᠪᠠᠯ ᠰᠢᠷᠬᠠᠳᠤᠵᠤ ᠡᠪᠡᠳᠴᠢᠯᠡᠬᠦ ᠪᠠᠶᠢᠳᠠᠯ ᠬᠠᠷᠢᠴᠠᠩᠭᠤᠢ ᠪᠠᠷ ᠤᠯᠠᠨ ᠳᠤᠬᠢᠶᠠᠯᠳᠤᠳᠠᠭ᠂ ᠳᠡᠬᠡᠪᠡᠯ ᠨᠠᠮᠤᠷ ᠤᠨ ᠤᠯᠠᠷᠢᠯ ᠳᠤ ᠪᠡᠶ᠎ᠡ ᠪᠤᠯᠪᠠᠰᠤᠷᠠᠬᠤ ᠳᠤ ᠶᠠᠭᠤ ᠶᠢ ᠠᠩᠬᠠᠷᠬᠤ ᠴᠢᠬᠤᠯᠠᠳᠠᠢ ᠪᠤᠢ︖       ᠨᠠᠮᠤᠷ ᠪᠤᠯᠵᠤ ᠠᠭᠠᠷ ᠤᠨ ᠳᠤᠯᠠᠭᠠᠨ ᠳᠤᠷᠤᠭᠰᠢᠯᠠᠬᠤ ᠶᠢ ᠳᠠᠭᠠᠯᠳᠤᠨ ᠬᠦᠮᠦᠨ ᠤ ᠪᠡᠶ᠎ᠡ ᠶᠢᠨ ᠪᠤᠯᠴᠢᠩ ᠵᠢᠴᠢ ᠰᠢᠨᠳᠠᠰᠤ ᠶᠢᠨ ᠤᠶᠠᠨ ᠬᠠᠳᠠᠨ ᠴᠢᠨᠠᠷ ᠴᠤ ᠳᠠᠭᠠᠯᠳᠤᠨ ᠳᠤᠷᠤᠭᠰᠢᠯᠠᠵᠤ ᠬᠦᠳᠡᠯᠬᠡᠬᠡᠨ ᠬᠢᠬᠦ ᠳᠤ ᠪᠤᠯᠴᠢᠩ ᠠᠮᠠᠷᠬᠠᠨ ᠳᠠᠳᠠᠭᠳᠠᠨ ᠰᠢᠷᠬᠠᠳᠤᠳᠠᠭ᠃ ᠡᠶᠢᠮᠤ ᠠᠴᠠ ᠪᠡᠶ᠎ᠡ ᠶᠢᠨ ᠳᠠᠮᠢᠷ ᠤᠨ ᠬᠦᠳᠡᠯᠬᠡᠬᠡᠨ ᠬᠢᠬᠦ ᠠᠴᠠ ᠡᠮᠤᠨ᠎ᠡ ᠪᠡᠯᠡᠳᠬᠡᠯ ᠳᠠᠮᠢᠷ ᠤᠨ ᠴᠠᠭ ᠢᠶᠠᠨ ᠵᠤᠬᠢᠰᠳᠠᠢ ᠨᠡᠮᠡᠭᠳᠡᠬᠦᠯᠵᠤ᠂ ᠪᠡᠶ᠎ᠡ ᠶᠢᠨ ᠳᠤᠯᠠᠭᠠᠨ ᠢᠶᠠᠨ ᠬᠦᠳᠡᠯᠬᠡᠬᠡᠨ ᠬᠢᠬᠦ ᠳᠤ ᠳᠤᠬᠢᠷᠠᠮᠵᠢᠳᠡᠢ ᠬᠡᠮᠵᠢᠶᠡᠨ ᠳᠤ ᠬᠦᠷᠬᠡᠬᠦ ᠴᠢᠬᠤᠯᠠᠳᠠᠢ᠃        ᠠᠭᠠᠷ ᠤᠨ ᠳᠤᠯᠠᠭᠠᠨ ᠨᠡᠯᠢᠶᠡᠳ ᠦᠨᠳᠤᠷ ᠪᠠᠶᠢᠳᠠᠯ ᠳᠤᠤᠷ᠎ᠠ᠂ ᠬᠦᠮᠦᠰ ᠬᠦᠳᠡᠯᠬᠡᠬᠡᠨ ᠬᠢᠪᠡᠯ ᠬᠦᠯᠦᠰᠤ ᠶᠡᠭᠡ ᠭᠠᠷᠳᠠᠭ ᠠᠴᠠ ᠬᠦᠳᠡᠯᠬᠡᠬᠡᠨ ᠤ ᠳᠠᠷᠠᠭ᠎ᠠ ᠤᠰᠤ ᠤᠤᠭᠤᠵᠤ ᠪᠡᠶ᠎ᠡ ᠳᠤ ᠪᠠᠨ ᠤᠰᠤ ᠨᠦᠬᠦᠪᠤᠷᠢᠯᠡᠳᠡᠭ᠃ ᠬᠡᠪᠡᠴᠤ ᠨᠠᠮᠤᠷ ᠤᠨ ᠴᠠᠭ ᠠᠭᠠᠷ ᠤᠨ ᠳᠤᠯᠠᠭᠠᠨ ᠳᠤᠷᠤᠭᠰᠢᠯᠠᠬᠤ ᠠᠴᠠ ᠪᠤᠯᠵᠤ᠂ ᠪᠡᠶ᠎ᠡ ᠶᠢᠨ ᠳᠠᠮᠢᠷ ᠤᠨ ᠬᠦᠳᠡᠯᠬᠡᠬᠡᠨ ᠬᠢᠭᠰᠡᠨ ᠴᠤ ᠠᠷᠠᠰᠤᠨ ᠤ ᠦᠩᠬᠡᠨ ᠳᠠᠯ᠎ᠠ ᠳᠤ ᠬᠦᠯᠦᠰᠤ ᠳᠡᠮᠡᠢ ᠭᠠᠷᠳᠠᠭ ᠦᠬᠡᠢ ᠪᠤᠯᠬᠤᠷ ᠤᠯᠠᠩᠬᠢ ᠬᠦᠮᠦᠰ ᠤᠰᠤ ᠨᠦᠬᠦᠪᠤᠷᠢᠯᠡᠬᠦ ᠴᠢᠬᠤᠯᠠ ᠦᠬᠡᠢ ᠬᠡᠵᠤ ᠪᠤᠳᠤᠳᠠᠭ᠃ ᠬᠡᠳᠤᠶᠢᠪᠡᠷ ᠠᠭᠠᠷ ᠤᠨ ᠳᠤᠯᠠᠭᠠᠨ ᠳᠤᠷᠤᠭᠰᠢᠯᠠᠵᠤ ᠬᠦᠯᠦᠰᠤᠨ ᠤ ᠬᠡᠮᠵᠢᠶ᠎ᠡ ᠪᠠᠭᠠᠰᠳᠠᠭ ᠪᠤᠯᠪᠠᠴᠤ᠂ ᠬᠦᠳᠡᠯᠬᠡᠬᠡᠨ ᠤ ᠳᠠᠷᠠᠭᠠᠬᠢ ᠬᠠᠭᠠᠰ ᠴᠠᠭ ᠤᠨ ᠳᠤᠳᠤᠷ᠎ᠠ ᠪᠡᠶ᠎ᠡ ᠳᠤ ᠪᠠᠨ ᠵᠤᠬᠢᠬᠤ ᠬᠡᠮᠵᠢᠶᠡᠨ ᠤ ᠤᠰᠤ ᠨᠦᠬᠦᠪᠤᠷᠢᠯᠡᠪᠡᠯ ᠵᠤᠬᠢᠨ᠎ᠠ᠃ ᠡᠬᠦᠨ ᠢᠶᠠᠷ ᠪᠠᠷᠠᠬᠤ ᠦᠬᠡᠢ ᠪᠡᠶ᠎ᠡ ᠶᠢᠨ ᠳᠠᠮᠢᠷ ᠤᠨ ᠬᠦᠳᠡᠯᠬᠡᠬᠡᠨ ᠤ ᠳᠠᠷᠠᠭ᠎ᠠ ᠴᠠᠭ ᠳᠤᠬᠠᠢ ᠳᠤᠨᠢ ᠬᠤᠪᠴᠠᠰᠤ ᠬᠤᠨᠠᠷ ᠢᠶᠠᠨ ᠰᠤᠯᠢᠵᠤ᠂ ᠬᠠᠯᠠᠭᠤᠨ ᠤᠰᠤ ᠪᠠᠷ ᠪᠡᠶ᠎ᠡ ᠪᠠᠨ ᠤᠬᠢᠶᠠᠬᠤ ᠬᠡᠷᠡᠭᠳᠡᠢ᠂ ᠡᠰᠡ ᠳᠡᠬᠡᠪᠡᠯ ᠨᠢᠷᠤᠭᠤᠨ ᠬᠡᠰᠡᠭ ᠤᠨ ᠰᠢᠷᠪᠤᠰᠦᠯᠢᠭ ᠪᠦᠷᠬᠦᠪᠴᠢ ᠶᠢᠨ ᠦᠷᠪᠢᠰᠤᠯ ᠳᠤ ᠨᠡᠷᠪᠡᠭᠳᠡᠬᠦ ᠠᠶᠤᠯ ᠲᠠᠢ᠃        ᠡᠬᠦᠨ ᠠᠴᠠ ᠭᠠᠳᠠᠨ᠎ᠠ᠂ ᠨᠠᠮᠤᠷ ᠤᠨ ᠤᠯᠠᠷᠢᠯ ᠳᠤ ᠠᠭᠠᠷ ᠳᠤᠳᠤᠷ᠎ᠠ ᠬᠤᠭ ᠳᠤᠭᠤᠰᠤ ᠪᠤᠯᠤᠨ ᠮᠦᠬᠦᠯᠢᠭᠳᠦ ᠪᠤᠳᠠᠰ ᠤᠯᠠᠰᠢᠷᠠᠳᠠᠭ ᠠᠴᠠ᠂ ᠬᠡᠷ ᠤᠨ ᠭᠠᠳᠠᠨᠠᠬᠢ ᠪᠡᠶ᠎ᠡ ᠶᠢᠨ ᠳᠠᠮᠢᠷ ᠤᠨ ᠬᠦᠳᠡᠯᠬᠡᠬᠡᠨ ᠳᠤ ᠤᠷᠤᠯᠴᠠᠬᠤ ᠳᠤ ᠪᠠᠨ ᠠᠭᠠᠷ ᠤᠨ ᠪᠠᠶᠢᠳᠠᠯ ᠢ ᠠᠩᠬᠠᠷᠴᠤ᠂ ᠠᠮᠢᠰᠬᠤᠯ ᠤᠨ ᠵᠠᠮ ᠤᠨ ᠦᠷᠪᠢᠰᠤᠯ ᠳᠤ ᠨᠡᠷᠪᠡᠭᠳᠡᠬᠦ  ᠠᠴᠠ ᠰᠡᠷᠬᠡᠶᠢᠯᠡᠬᠦ ᠬᠡᠷᠡᠭᠳᠡᠢ ᠮᠦᠷᠳᠡᠬᠡᠨ ᠭᠤᠸᠠ ᠵᠢᠮᠢᠰ᠂ ᠦᠨᠳᠡᠭᠡ᠂ ᠰᠦ ᠮᠡᠳᠤ ᠶᠢᠨ ᠢᠳᠡᠬᠡᠨ ᠤᠮᠳᠠᠭᠠᠨ ᠢᠶᠠᠷ ᠳᠠᠮᠵᠢᠨ ᠦᠪᠡᠷ ᠤᠨ ᠪᠡᠶ᠎ᠡ ᠳᠤ ᠪᠠᠨ ᠰᠢᠮ᠎ᠡ ᠳᠡᠵᠢᠬᠡᠯ ᠨᠦᠬᠦᠪᠤᠷᠢᠯᠡᠪᠡᠯ ᠵᠤᠬᠢᠨ᠎ᠠ᠃
ᠢᠷᠡᠯᠲᠡ᠄ ᠬᠦᠯᠦᠭ ᠰᠦᠯᠵᠢᠶ᠎ᠡ