ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/11/11
ᠨᠢᠭᠡ᠂ ᠳᠣᠲᠣᠭᠠᠳᠤ ᠶᠢᠨ ᠪᠠᠶᠢᠭᠤᠯᠤᠮᠵᠢ ᠶᠢᠨ ᠪᠠᠶᠢᠳᠠᠯ      ᠠᠯᠪᠠᠨ ᠬᠡᠷ᠂ ᠠᠵᠤ ᠦᠶᠯᠡᠰ ᠤᠨ ᠬᠥᠭᠵᠢᠯᠲᠡ ᠪᠠ ᠲᠥᠯᠥᠪᠵᠢᠭᠦᠯᠭᠡ ᠶᠢᠨ ᠲᠠᠰᠤᠭ᠂ ᠡᠳ᠋ ᠤᠨ ᠶᠠᠪᠤᠳᠠᠯ ᠪᠠ ᠬᠢᠨᠠᠨ ᠪᠤᠳᠤᠬᠤ ᠲᠠᠰᠤᠭ᠃ ᠬᠤᠶᠠᠷ᠂ ᠴᠢᠳᠠᠪᠬᠢ ᠪᠠ ᠬᠠᠷᠢᠭᠤᠴᠠᠯᠭ᠎ᠠ      ︵ᠨᠢᠬᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠦᠷᠢᠮ ᠳᠤᠭᠳᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ︽ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠮᠠᠯᠴᠢᠨ ᠳᠠᠷᠢᠶᠠᠴᠢᠨ︾ ᠂ ᠶᠠᠳᠠᠭᠤ ᠶᠢ ᠲᠡᠳᠬᠦᠵᠦ ᠨᠡᠬᠡᠬᠡᠯᠳᠡ ᠬᠢᠬᠦ ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠥᠷᠥ ᠶᠢᠨ ᠪᠣᠳᠣᠯᠭ᠎ᠠ ᠶᠢ ᠰᠤᠳᠤᠯᠤᠨ ᠳᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃      ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠦᠯᠦᠪᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠳᠤᠭᠤᠷᠪᠢᠨ ᠳᠤᠭᠳᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠶᠯᠡᠰ ᠤᠨ ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠲᠠ ᠬᠢᠬᠦ ᠶᠢ ᠡᠬᠦᠷᠬᠡᠯᠡᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠶᠯᠡᠰ᠂ ᠣᠯᠠᠨ ᠨᠡᠶᠢᠲᠡ ᠶᠢᠨ ᠦᠶᠯᠡᠴᠢᠯᠡᠭᠡ᠂ ᠰᠠᠭᠤᠷᠢ ᠲᠦᠬᠦᠬᠡᠷᠦᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠦᠯᠦᠪᠯᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠪᠠ ᠦᠶᠯᠡᠳᠪᠦᠷᠢᠯᠡᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠣᠶᠤᠨ ᠤ ᠪᠣᠯᠪᠠᠰᠤᠨ ᠪᠣᠯᠤᠨ ᠰᠢᠯᠢᠳᠡᠭ ᠲᠠᠷᠢᠶᠠᠯᠠᠬᠤ ᠰᠣᠶᠣᠯ᠂ ᠳᠠᠯ᠎ᠠ ᠨᠤᠳᠤᠭ ᠤᠨ ᠰᠣᠶᠣᠯ ᠤᠨ ᠪᠠᠶᠢᠭᠤᠯᠤᠯᠲᠠ ᠶᠢ ᠵᠢᠯᠤᠭᠤᠳᠤᠨ᠎ᠠ᠃      ︵ᠭᠤᠷᠪᠠ︶ ᠮᠠᠯᠵᠢᠬᠤ ᠳᠠᠷᠢᠶᠠᠯᠠᠬᠤ ᠤᠷᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠳᠠᠷᠢᠶᠠᠯᠠᠬᠤ ᠣᠷᠣᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠳᠤᠬᠠᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃      ︵ᠲᠦᠷᠪᠡ︶ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠴᠢᠯᠡᠭᠰᠡᠨ ᠡᠵᠡᠩᠨᠡᠯᠲᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ  ᠳᠤᠭᠤᠷᠪᠢᠨ ᠳᠤᠭᠳᠠᠭᠠᠬᠤ ᠶᠢ ᠬᠠᠷᠢᠭᠤᠴᠠᠨ᠎ᠠ᠃      ︵ᠳᠠᠪᠤ︶ ᠳ᠋ᠦᠩᠱᠧᠩ ᠲᠣᠭᠤᠷᠢᠭ ᠤᠨ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠳᠤᠭᠳᠠᠯᠴᠠᠭᠠᠨ ᠤ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠯᠴᠠᠨ᠎ᠠ᠃      ︵ᠵᠢᠷᠭᠤᠭ᠎ᠠ︶ ᠲᠠᠷᠢᠮᠠᠯ ᠤᠨ ᠦᠶᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠦᠶᠯᠡᠰ ᠲᠤ ᠵᠢᠭᠠᠨ ᠵᠢᠯᠣᠭᠤᠳᠴᠤ ᠦᠶᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      ︵ᠳᠤᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠬᠦᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠬᠦᠢ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠨᠠᠢᠮᠠ︶ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃      ︵ᠶᠢᠰᠤ︶ ᠲᠠᠷᠢᠶᠠᠯᠠᠩ ᠮᠠᠯ ᠠᠵᠤ ᠠᠬᠤᠶ ᠶᠢᠨ ᠬᠠᠮᠢᠶ᠎ᠠ ᠪᠦᠬᠦᠢ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠵᠦᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠ︶ ᠲᠠᠷᠢᠮᠠᠯ ᠪᠣᠯᠤᠨ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ ᠪᠣᠯᠤᠨ ᠤᠰᠤᠨ ᠤ ᠠᠮᠢᠳᠤ ᠪᠣᠳᠠᠰ ᠤᠨ ᠭᠡᠮ ᠬᠢᠵᠢᠭ ᠢ ᠰᠡᠷᠬᠡᠶᠢᠯᠡᠨ ᠵᠠᠰᠠᠬᠤ ᠶᠢ ᠬᠠᠷᠢᠭᠤᠴᠠᠨ᠎ᠠ᠃      ︵ᠠᠷᠪᠠᠨ ᠨᠢᠬᠡ︶ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠭᠠᠮᠰᠢᠭ ᠢ ᠰᠡᠷᠬᠡᠶᠢᠯᠡᠬᠦ ᠭᠠᠮᠰᠢᠭ ᠢ ᠪᠠᠭᠠᠰᠬᠠᠬᠤ ᠪᠠ ᠠᠶᠤᠯᠬᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠶ ᠮᠠᠯᠵᠢᠬᠤ ᠳᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠳᠤᠭᠤᠷᠪᠢᠨ ᠳᠤᠭᠳᠠᠭᠠᠬᠤ ᠶᠢ ᠬᠠᠷᠢᠭᠤᠴᠠᠨ᠎ᠠ᠃      ︵ᠠᠷᠪᠠᠨ ᠲᠦᠷᠪᠡ︶ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠳᠠᠷᠢᠶᠠᠯᠠᠬᠤ ᠣᠷᠣᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃      ︵ᠠᠷᠪᠠᠨ ᠳᠠᠪᠤ︶ ᠳ᠋ᠦᠩᠱᠧᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠮᠠᠯ ᠤᠨ ᠡᠮᠨᠡᠯᠭᠡ ᠮᠠᠯ ᠤᠨ ᠡᠮ᠂ ᠭᠠᠭ᠋ᠠᠶ ᠨᠢᠲᠤᠯᠬᠤ᠂ ᠦᠷ᠎ᠡ ᠬᠦᠷᠦᠩᠬᠡ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠵᠡᠷᠭᠡ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ᠬᠠᠤᠯᠢ ᠠᠴᠠ ᠵᠥᠷᠢᠴᠡᠭᠰᠡᠨ ᠬᠡᠷᠡᠭ ᠢ ᠰᠢᠶᠳᠪᠦᠷᠢᠯᠡᠨ᠎ᠡ᠃      ︵ᠠᠷᠪᠠᠨ ᠵᠢᠷᠭᠤᠭ᠎ᠠ︶ ᠶᠠᠳᠠᠭᠤ ᠶᠢ ᠲᠡᠳᠬᠦᠵᠦ ᠨᠡᠬᠡᠬᠡᠯᠳᠡ ᠬᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠥᠷᠨᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠶᠠᠳᠠᠭᠤ ᠶᠢ ᠲᠡᠳᠬᠦᠵᠦ ᠨᠡᠬᠡᠬᠡᠯᠳᠡ ᠬᠢᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃      ︵ᠠᠷᠪᠠᠨ ᠳᠤᠯᠤᠭ᠎ᠠ︶ ᠳ᠋ᠦᠩᠱᠧᠩ ᠲᠣᠭᠤᠷᠢᠭ ᠤᠨ ᠶᠠᠳᠠᠭᠤ ᠶᠢ ᠲᠡᠳᠬᠦᠵᠦ ᠨᠡᠬᠡᠬᠡᠯᠳᠡ ᠬᠢᠬᠦ ᠠᠵᠢᠯ ᠢ ᠬᠠᠷᠢᠭᠤᠴᠠᠨ᠂ ᠶᠠᠳᠠᠭᠤ ᠶᠢ ᠲᠡᠳᠬᠦᠵᠦ ᠨᠡᠬᠡᠬᠡᠯᠳᠡ ᠬᠢᠬᠦ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃      ︵ᠠᠷᠪᠠᠨ ᠨᠠᠢᠮᠠ︶ ᠶᠠᠳᠠᠭᠤ ᠶᠢ ᠲᠡᠳᠬᠦᠬᠦ ᠲᠥᠷᠥᠯ ᠵᠦᠶᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠ ᠶᠢᠰᠤ︶ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠶᠠᠳᠠᠭᠤ ᠶᠢ ᠲᠡᠳᠬᠦᠵᠦ ᠨᠡᠬᠡᠬᠡᠯᠳᠡ ᠬᠢᠬᠦ ᠠᠵᠢᠯ ᠳᠤ ᠣᠷᠣᠯᠴᠠᠭᠤᠯᠤᠨ᠂ ᠨᠠᠮ ᠵᠠᠰᠠᠭ ᠤᠨ ᠺᠠᠳ᠋ᠷ ᠢ ᠵᠣᠬᠢᠴᠠᠭᠤᠯᠵᠤ ᠪᠠᠶᠢᠭᠠᠳ ᠶᠠᠳᠠᠭᠤ ᠬᠦᠴᠢᠷᠳᠡᠯᠲᠡᠶ ᠡᠷᠦᠬᠡ ᠶᠢ ᠳᠠᠭᠠᠭᠠᠴᠢᠯᠠᠨ ᠬᠠᠷᠢᠯᠴᠠᠭᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ ᠬᠢ ᠤᠯᠤᠰ ᠤᠨ ᠳᠣᠲᠣᠭᠠᠳᠤ᠂ ᠣᠯᠠᠨ ᠤᠯᠤᠰ ᠤᠨ ᠰᠣᠯᠢᠯᠴᠠᠭ᠎ᠠ ᠬᠢᠭᠡᠳ ᠬᠠᠮᠳᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃      ︵ᠬᠤᠷᠢ︶ ᠳᠤᠭᠤᠷᠢᠭ ᠤᠨ ᠨᠠᠮ ᠤᠨ ᠬᠤᠷᠢᠶ᠎ᠠ᠂ ᠳᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠳᠣᠲᠣᠭᠠᠳᠤ ᠶᠢᠨ ᠪᠠᠶᠢᠭᠤᠯᠤᠮᠵᠢ        ︵ᠨᠢᠬᠡ︶ ᠠᠯᠪᠠᠨ ᠭᠡᠷ       ︵ᠬᠤᠶᠠᠷ︶ ᠬᠥᠭᠵᠢᠭᠦᠯᠦᠯᠲᠡ ᠶᠢᠨ ᠲᠥᠯᠥᠪᠵᠢᠭᠦᠯᠭᠡ ᠬᠢᠭᠡᠳ ᠥᠭᠡᠷᠡᠴᠢᠯᠡᠯᠲᠡ ᠶᠢᠨ ᠲᠠᠰᠤᠭ       ︵ᠭᠤᠷᠪᠠ︶ ᠮᠠᠯ ᠡᠮᠨᠡᠯᠭᠡ ᠶᠢᠨ ᠲᠠᠰᠤᠭ      ︵ᠳᠥᠷᠪᠡ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠢᠨᠠᠯᠲᠠ ᠬᠠᠮᠢᠶᠠᠷᠤᠯᠲᠠ ᠶᠢᠨ ᠳᠠᠰᠤᠭ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠠᠰᠤᠭ︶      ︵ᠳᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠭᠡᠳ ᠶᠠᠳᠠᠭᠤ ᠶᠢ ᠳᠡᠳᠬᠦᠨ ᠬᠦᠭᠵᠢᠬᠦᠯᠬᠦ ᠶᠢᠨ ᠲᠠᠰᠤᠭ      ︵ᠵᠢᠷᠭᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠳᠠᠰᠤᠭ        ︵ᠳᠤᠯᠤᠭ᠎ᠠ︶ ᠲᠠᠷᠢᠶᠠᠯᠠᠩ ᠳᠠᠷᠢᠶᠠᠨ ᠭᠠᠵᠠᠷ ᠲᠠᠷᠢᠶᠠᠯᠠᠩ ᠤᠨ ᠮᠠᠰᠢᠨ ᠵᠢᠭᠠᠰᠤᠨ ᠤ ᠠᠵᠤ ᠠᠬᠤᠢ ᠶᠢᠨ ᠪᠥᠲᠥᠭᠡᠨ ᠪᠠᠶᠢᠭᠤᠯᠤᠯᠲᠠ  ᠬᠠᠮᠢᠶᠠᠷᠤᠯᠲᠠ ᠶᠢᠨ ᠲᠠᠰᠤᠭ      ︵ᠨᠠᠢᠮᠠ︶ ᠡᠳ᠋ ᠤᠨ ᠶᠠᠪᠤᠳᠠᠯ ᠬᠢᠨᠠᠨ ᠪᠤᠳᠤᠬᠤ ᠲᠠᠰᠤᠭ ᠠᠵᠢᠯᠯᠠᠬᠤ ᠭᠠᠵᠠᠷ      ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠰᠢᠷᠬᠤᠰᠤ ᠵᠠᠮ ᠤᠨ 17 ᠳ᠋ᠤᠭᠠᠷ ᠨᠤᠮᠧᠷ      ᠬᠠᠷᠢᠯᠴᠠᠬᠤ ᠤᠳᠠᠰᠤ᠄ 0477 — 5160011 ᠠᠵᠢᠯᠯᠠᠬᠤ ᠴᠠᠭ      ᠵᠤᠨ ᠤ ᠤᠯᠠᠷᠢᠯ᠄ ᠦᠳᠡ ᠶᠢᠨ ᠡᠮᠤᠨ᠎ᠡ 8᠄ 30 — 12᠄ 00 ᠦᠳᠡ ᠶᠢᠨ ᠬᠤᠶᠢᠨ᠎ᠠ 3᠄ 00 — 6᠄ 00      ᠡᠪᠦᠯ ᠤᠨ ᠤᠯᠠᠷᠢᠯ᠄ ᠦᠳᠡ ᠶᠢᠨ ᠡᠮᠦᠨ᠎ᠡ 8᠄ 30 — 12᠄ 00 ᠦᠳᠡ ᠶᠢᠨ ᠬᠤᠶᠢᠨ᠎ᠠ 2᠄ 30 — 5᠄ 30
ᠢᠷᠡᠯᠲᠡ᠄ ᠳᠤᠰ ᠰᠦᠯᠵᠢᠶ᠎ᠡ