ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/11/14
    ᠪᠠᠶᠢᠭᠤᠯᠤᠮᠵᠢ ᠶᠢᠨ ᠳᠤᠰᠢᠶᠠᠯ ᠴᠢᠳᠠᠪᠬᠢ᠄     ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2019 ᠣᠨ ᠤ 2 ᠰᠠᠷ᠎ᠠ ᠳᠤ ᠫᠠᠶᠢᠰᠠ ᠡᠯᠭᠦᠨ ᠪᠠᠶᠢᠭᠤᠯᠤᠭᠳᠠᠵᠤ᠂ ᠤᠤᠯ ᠤᠨ ᠣᠷᠳᠣᠰ ᠬᠤᠲᠠ ᠶᠢᠨ ᠦᠶᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ᠂ ᠣᠷᠳᠣᠰ ᠬᠤᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ᠂ ᠳ᠋ᠦᠩᠱᠧᠩ ᠲᠣᠭᠤᠷᠢᠭ ᠤᠨ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠨᠢᠭᠡᠳᠬᠡᠬᠦ ᠶᠢᠨ ᠬᠠᠮᠳᠤ ᠳ᠋ᠦᠩᠱᠧᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠳᠤ ᠬᠢᠨᠠᠯᠲᠠ ᠲᠠᠯᠪᠢᠬᠤ ᠳᠤᠰᠢᠶᠠᠯ ᠬᠠᠷᠢᠭᠤᠴᠠᠯᠭ᠎ᠠ᠂ ᠳ᠋ᠦᠩᠱᠧᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠤᠰᠬᠠᠶ ᠠᠰᠢᠭ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠡᠯᠭᠦᠪᠡ᠃     ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ᠭᠤᠣᠯ ᠳᠤᠰᠢᠶᠠᠯ ᠬᠠᠷᠢᠭᠤᠴᠠᠯᠭ᠎ᠠ ᠨᠢ᠄     ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠲᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ ᠵᠡᠷᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃     ︵ᠬᠤᠶᠠᠷ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠣᠭᠲᠠᠭᠠᠨ᠎ᠠ᠃ ᠳ᠋ᠦᠩᠱᠧᠩ ᠲᠣᠭᠤᠷᠢᠭ ᠤᠨ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ᠂ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠪᠠ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠭᠤᠷᠪᠠ︶ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠬᠤᠪᠢ ᠣᠷᠣᠭᠤᠯᠬᠤ ᠳᠦᠷᠢᠮ ᠠᠴᠠ ᠭᠠᠳᠠᠨᠠᠬᠢ ᠠᠵᠤ ᠠᠬᠤᠶᠢᠯᠠᠯ᠂ ᠲᠠᠷᠢᠶᠠᠴᠢᠨ ᠮᠠᠯᠴᠢᠳ ᠤᠨ ᠲᠤᠰᠬᠠᠶ ᠬᠤᠷᠰᠢᠶᠠᠵᠢᠯ ᠪᠣᠯᠤᠨ ᠡᠵᠡᠩᠨᠡᠯᠲᠡ ᠶᠢᠨ ᠠᠵᠢᠯᠯᠠᠭ᠎ᠠ ᠬᠢᠬᠦ ᠨᠢᠭᠡᠴᠡ᠂ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠦᠷᠢᠳᠬᠡᠨ ᠳᠠᠩᠰᠠᠯᠠᠬᠤ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠥᠬᠦᠶ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤᠪᠠᠷ ᠭᠥᠷᠳᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃     ︵ᠳᠥᠷᠪᠡ︶ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠭᠦᠯᠬᠦ ᠪᠠ ᠪᠠᠶᠢᠭᠤᠯᠬᠤ ᠶᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠵᠦ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ  ᠳᠤ ᠬᠠᠮᠵᠢᠯᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠠᠮᠢᠶ᠎ᠠ ᠪᠦᠬᠦᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ ᠬᠠᠮᠢᠶᠠᠷᠤᠨ᠎ᠠ᠃     ︵ᠲᠠᠪᠤ︶ ᠭᠠᠭᠴᠠᠭᠠᠷ ᠡᠵᠡᠮᠰᠢᠯ ᠢ ᠡᠰᠡᠷᠭᠦᠴᠡᠬᠦ ᠨᠢᠭᠡᠳᠦᠯᠲᠡᠢ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠨ᠎ᠠ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ  ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠵᠢᠯᠣᠭᠤᠳᠤᠨ ᠬᠡᠷᠡᠭᠵᠢᠭᠦᠯᠦᠨ᠎ᠡ ᠃ ᠡᠵᠡᠩᠨᠡᠭᠴᠢ ᠤᠨ ᠲᠦᠪᠯᠡᠷᠡᠬᠦᠯᠦᠭᠰᠡᠨ ᠠᠵᠢᠯᠯᠠᠭ᠎ᠠ ᠳᠤ ᠬᠠᠤᠯᠢ ᠶᠣᠰᠣᠭᠠᠷ ᠤᠯᠭᠤᠭᠰᠠᠨ ᠡᠷᠬᠡ ᠶᠤᠰᠤᠭᠠᠷ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠨᠠᠨ ᠪᠠᠶᠢᠴᠠᠭᠠᠯᠲᠠ ᠬᠢᠵᠦ᠂ ᠭᠠᠭᠴᠠᠭᠠᠷ ᠡᠵᠡᠮᠰᠢᠯ ᠤᠨ ᠬᠡᠯᠡᠯᠴᠡᠭᠡᠷ᠂ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠪᠠ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ  ᠢᠶᠠᠨ ᠬᠡᠷᠡᠭᠯᠡᠨ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠵᠢᠴᠢ ᠦᠨ᠎ᠡ ᠬᠠᠩᠰᠢ ᠶᠢ ᠭᠠᠭᠴᠠᠭᠠᠷ ᠡᠵᠡᠮᠳᠡᠬᠦ ᠵᠡᠷᠭᠡ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ  ᠰᠦᠢᠳᠬᠡᠯ ᠬᠤᠷᠢᠶᠠᠬᠤ ᠠᠵᠢᠯᠯᠠᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠢ ᠪᠤᠰᠤ ᠪᠠᠷ ᠥᠷᠢᠰᠥᠯᠳᠦᠭᠰᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠤᠭᠰᠠᠨ᠂ ᠳᠠᠮᠵᠢᠭᠤᠯᠤᠨ ᠪᠣᠷᠣᠯᠠᠭᠤᠯᠤᠭᠰᠠᠨ᠂ ᠲᠠᠸᠠᠷ ᠤᠨ ᠳᠡᠮᠳᠡᠭᠳᠤ ᠶᠢᠨ ᠲᠤᠰᠬᠠᠶ ᠠᠰᠢᠭ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠨ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡ ᠶᠢᠨ ᠠᠵᠢᠯᠯᠠᠭ᠎ᠠ  ᠶᠢ ᠬᠢᠨᠠᠨ ᠬᠠᠮᠢᠶᠠᠷᠤᠨ᠎ᠠ᠃ ᠡᠵᠡᠩᠨᠡᠯᠳᠡ ᠶᠢᠨ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠨ᠎ᠡ᠃ ᠳ᠋ᠦᠩᠱᠧᠩ ᠲᠣᠭᠤᠷᠢᠭ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃     ︵ᠳᠣᠯᠤᠭ᠎ᠠ︶ ᠶᠠᠰᠤ ᠴᠢᠨᠠᠷ ᠤᠨ ᠬᠤᠷᠸ᠎ᠠ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ  ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ  ᠶᠢ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠨ᠂ ᠦᠢᠯᠡᠳᠬᠦᠨ  ᠤ ᠶᠠᠰᠤ ᠴᠢᠨᠠᠷ ᠤᠨ ᠬᠡᠷᠡᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠭᠡᠮ ᠰᠣᠭᠤᠭ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠲᠤᠭᠳᠠᠭᠠᠬᠤ  ᠶᠢᠨ ᠬᠠᠮᠲᠤ ᠨᠢᠭᠡᠳᠦᠯᠲᠡᠶ ᠬᠡᠷᠡᠭᠵᠢᠭᠦᠯᠵᠦ᠂ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃     ︵ᠨᠠᠶᠮᠠ︶ ᠦᠢᠯᠡᠳᠬᠦᠨ ᠤ ᠶᠠᠰᠤ ᠴᠢᠨᠠᠷ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ    ᠥᠷᠨᠢᠭᠦᠯᠵᠦ᠂ ᠳ᠋ᠦᠩᠱᠧᠩ ᠲᠣᠭᠤᠷᠢᠭ ᠤᠨ ᠦᠶᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠢ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠶᠤᠯ ᠦᠭᠡᠶ  ᠶᠢᠨ ᠨᠡᠬᠡᠮᠵᠢᠯᠡᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠬᠦ ᠶᠢ ᠵᠥᠪᠰᠢᠶᠡᠷᠡᠬᠦ ᠬᠠᠮᠢᠶᠠᠷᠤᠯᠲᠠ ᠪᠣᠯᠤᠨ ᠰᠢᠷᠬᠢᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃     ︵ᠶᠢᠰᠦ︶ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯᠬᠦᠢ ᠶᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃     ︵ᠠᠷᠪᠠ︶ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠠᠮᠤᠷ ᠲᠦᠪᠰᠢᠨ ᠤ ᠬᠤᠯᠪᠤᠭᠳᠠᠯ ᠪᠦᠬᠦᠢ ᠲᠥᠷᠥ  ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃ ᠢᠳᠡᠭᠡᠨ ᠤ ᠠᠶᠤᠯᠬᠦᠢ ᠶᠢᠨ ᠪᠠᠴᠢᠮ ᠪᠠᠶᠢᠳᠠᠯ ᠢ ᠠᠷᠭᠠᠴᠠᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠶᠤᠯᠬᠦᠢ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠠ ᠪᠠᠶᠢᠴᠠᠭᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠶᠤᠯᠬᠦᠢ ᠶᠢᠨ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠬᠦᠯᠦᠨ᠎ᠡ᠃ ᠢᠳᠡᠭᠡᠨ ᠢ ᠦᠢᠯᠡᠳᠪᠦᠷᠢᠯᠡᠬᠦ᠂ ᠭᠦᠢᠯᠭᠡᠭᠡᠬᠦ᠂ ᠪᠤᠷᠤᠯᠠᠭᠤᠯᠬᠤ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠳᠡᠭᠡᠨ ᠤ ᠠᠶᠤᠯᠬᠦᠢ ᠶᠢᠨ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠢ ᠤᠶᠢᠯᠡᠳᠪᠤᠷᠢᠯᠡᠬᠦ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠠᠶᠤᠯᠬᠦᠢ ᠶᠢᠨ ᠨᠡᠬᠡᠮᠵᠢᠯᠡᠬᠦ ᠲᠤᠭᠳᠠᠯᠴᠠᠭ᠎ᠠ ᠶᠢ ᠪᠦᠷᠢᠨᠰᠢᠬᠦᠯᠦᠨ᠎ᠡ᠃ ᠢᠳᠡᠭᠡᠨ ᠤ ᠠᠶᠤᠯᠬᠦᠢ ᠶᠢᠨ ᠬᠢᠨᠠᠯᠲᠠ ᠳᠠᠯᠪᠢᠬᠤ ᠰᠤᠭᠤᠴᠠᠨ ᠪᠠᠶᠢᠴᠠᠭᠠᠬᠤ᠂ ᠲᠦᠭᠰᠢᠭᠦᠷᠢ ᠶᠢ ᠬᠢᠨᠠᠨ    ᠬᠡᠮᠵᠢᠬᠦ᠂ ᠬᠢᠨᠠᠨ ᠪᠠᠶᠢᠴᠠᠭᠠᠵᠤ ᠰᠢᠶᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠡᠷᠬᠡᠶᠢᠯᠡᠬᠦ ᠳᠤᠷᠰᠢᠯᠭ᠎ᠠ ᠪᠠᠨ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠤᠨᠴᠠᠭᠠᠢ ᠢᠳᠡᠭᠡᠨ ᠤ ᠵᠥᠪᠰᠢᠶᠡᠷᠡᠯ᠂ ᠪᠦᠷᠢᠳᠬᠡᠨ ᠳᠠᠩᠰᠠᠯᠠᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ᠠᠶᠤᠯᠬᠦᠢ ᠦᠶᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃     ︵ᠠᠷᠪᠠᠨ ᠨᠢᠭᠡ︶ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠲᠤᠭ᠎ᠠ ᠬᠡᠮᠵᠢᠭᠳᠡᠯ  ᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ ᠬᠢᠨᠠᠯᠲᠠ ᠲᠠᠯᠪᠢᠨ᠎ᠠ᠃     ︵ᠠᠷᠪᠠᠨ ᠬᠤᠶᠠᠷ︶ ᠳ᠋ᠦᠩᠱᠧᠩ ᠲᠣᠭᠤᠷᠢᠭ ᠤᠨ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷᠠᠭ᠎ᠠ ᠶᠢᠨ ᠪᠠᠷᠢᠮᠵᠢᠶᠠᠵᠢᠭᠤᠯᠬᠤ ᠠᠵᠢᠯ ᠳᠤ ᠣᠷᠣᠯᠴᠠᠬᠤ ᠶᠢ ᠠᠬᠢᠭᠤᠯᠤᠨ᠎ᠠ᠃ ᠬᠢᠨᠠᠯᠲᠠ ᠬᠠᠮᠢᠶᠠᠷᠤᠯᠲᠠ ᠶᠢᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠵᠢᠯᠣᠭᠤᠳᠤᠨ᠎ᠠ᠃ ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠠᠵᠢᠯ ᠢ ᠵᠢᠯᠤᠭᠤᠳᠤᠯᠭ᠎ᠠ ᠬᠢᠬᠦ ᠪᠠ ᠬᠢᠨᠠᠯᠲᠠ ᠲᠠᠯᠪᠢᠨ᠎ᠠ᠃     ︵ᠠᠷᠪᠠᠨ ᠭᠤᠷᠪᠠ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠤᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃     ︵ᠠᠷᠪᠠᠨ ᠳᠥᠷᠪᠡ︶ ᠳ᠋ᠦᠩᠱᠧᠩ ᠲᠣᠭᠤᠷᠢᠭ ᠤᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠶ ᠬᠠᠮᠢᠶᠠᠷᠴᠤ᠂ ᠬᠢᠨᠠᠯᠲᠠ ᠲᠠᠯᠪᠢᠬᠤ ᠶᠢ       ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠮᠢᠶ᠎ᠠ ᠪᠦᠬᠦᠢ ᠭᠡᠷᠡᠴᠢᠯᠡᠵᠦ ᠵᠥᠪᠰᠢᠶᠡᠷᠡᠬᠦ ᠪᠠ ᠬᠢᠷᠢ ᠳᠡᠩᠴᠡᠬᠦ ᠶᠢ ᠦᠨᠡᠯᠡᠨ ᠲᠣᠭᠲᠠᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃     ︵ᠠᠷᠪᠠᠨ ᠲᠠᠪᠤ︶ ᠳ᠋ᠦᠩᠱᠧᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠶᠯᠡᠴᠢᠯᠡᠬᠦ ᠠᠵᠢᠯ ᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃     ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠯᠠᠷᠢᠭᠤᠯᠬᠤ ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠬᠠᠤᠯᠢ ᠬᠡᠷᠡᠭᠵᠢᠭᠦᠯᠦᠯᠲᠡ  ᠶᠢ ᠥᠷᠨᠢᠭᠦᠯᠵᠦ᠂ ᠲᠠᠸᠠᠷ ᠤᠨ ᠲᠡᠮᠳᠡᠭ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ᠃ ᠳ᠋ᠦᠩᠱᠧᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠠᠵᠢᠯᠯᠠᠭ᠎ᠠ᠂ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢᠴᠢ ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠴᠢᠷ ᠶᠠᠪᠤᠳᠠᠯ ᠢ ᠬᠠᠷᠢᠭᠤᠴᠠᠨ᠎ᠠ᠃     ︵ᠠᠷᠪᠠᠨ ᠳᠣᠯᠤᠭ᠎ᠠ︶ ᠡᠮ ᠤᠨ ᠵᠦᠶᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠬᠦᠯᠬᠦ ᠶᠢ ᠬᠠᠷᠢᠭᠤᠴᠠᠵᠤ᠂ ᠡᠮᠴᠢᠯᠡᠭᠡᠨ ᠤ ᠮᠠᠰᠢᠨ ᠪᠠᠭᠠᠵᠢ ᠶᠢᠨ ᠡᠵᠡᠩᠨᠡᠯᠳᠡ ᠪᠠ ᠬᠡᠷᠡᠭᠯᠡᠯᠳᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠡᠮ ᠤᠨ ᠨᠠᠶᠢᠷᠠᠯᠭ᠎ᠠ ᠬᠡᠷᠡᠭᠯᠡᠭᠡ ᠪᠠ ᠮᠣᠩᠭᠤᠯ ᠡᠮ ᠤᠨ ᠭᠦᠶᠯᠭᠡᠭᠡᠨ᠂ ᠬᠡᠷᠡᠭᠯᠡᠭᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ ᠤᠨ ᠵᠢᠵᠢᠭᠯᠡᠨ ᠬᠤᠳᠠᠯᠳᠤᠬᠤ᠂ ᠡᠮᠴᠢᠯᠡᠭᠡᠨ ᠤ ᠮᠠᠰᠢᠨ ᠪᠠᠭᠠᠵᠢ ᠶᠢᠨ ᠡᠵᠡᠩᠨᠡᠬᠦ ᠵᠥᠪᠰᠢᠶᠡᠷᠡᠯ᠂ ᠪᠠᠶᠢᠴᠠᠭᠠᠯᠲᠠ ᠬᠢᠬᠦ ᠪᠠ ᠰᠢᠳᠬᠡᠨ ᠲᠣᠷᠭᠠᠬᠤ ᠵᠢᠴᠢ ᠵᠠᠰᠠᠯ ᠭᠤᠶᠤᠯᠠᠯ ᠤᠨ ᠡᠳ᠋ ᠤᠨ ᠡᠵᠡᠩᠨᠡᠯᠲᠡ ᠪᠣᠯᠤᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠬᠡᠷᠡᠭᠯᠡᠭᠡᠨ ᠤ ᠶᠠᠰᠤ ᠴᠢᠨᠠᠷ ᠤᠨ ᠪᠠᠶᠢᠴᠠᠭᠠᠯᠲᠠ ᠪᠣᠯᠤᠨ ᠰᠢᠳᠬᠡᠨ ᠲᠣᠷᠭᠠᠬᠤ ᠶᠢ ᠬᠠᠷᠢᠭᠤᠴᠠᠨ᠎ᠠ᠃     ︵ᠠᠷᠪᠠᠨ ᠨᠠᠶᠮᠠ︶ ᠳ᠋ᠦᠩᠱᠧᠩ ᠲᠣᠭᠤᠷᠢᠭ ᠤᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠳ᠋ᠦᠩᠱᠧᠩ ᠲᠣᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠬᠤᠪᠢ ᠶᠢᠨ ᠡᠷᠦᠬᠡ ᠪᠠ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃     ︵ᠠᠷᠪᠠ ᠶᠢᠰᠦ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃     ︵ᠬᠤᠷᠢ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠬᠤᠷᠢᠨ ᠨᠢᠭᠡ︶ ᠳᠤᠰᠢᠶᠠᠯ ᠴᠢᠳᠠᠪᠬᠢ ᠶᠢᠨ ᠬᠤᠪᠢᠷᠠᠭᠤᠯᠤᠯᠳᠠ     1 . ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠬᠡᠪᠡᠷ ᠠᠬᠢᠭᠤᠯᠤᠨ᠎ᠠ᠃ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ ᠳᠦᠬᠦᠭᠡᠷᠦᠮᠵᠢ ᠶᠢᠨ ᠳᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠤᠷᠮᠠᠰᠢᠭᠤᠯᠬᠤ ᠲᠦᠷᠢᠮ ᠢ ᠲᠡᠭᠦᠯᠳᠡᠷᠵᠢᠭᠦᠯᠦᠨ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠶᠤᠯᠬᠦᠢ ᠶᠢᠨ ᠬᠡᠷᠡᠭ ᠢ ᠠᠯᠪᠠᠳᠠᠨ ᠮᠡᠳᠡᠭᠦᠯᠬᠦ ᠳᠦᠷᠢᠮ ᠵᠢᠴᠢ ᠡᠵᠡᠩᠨᠡᠭᠴᠢ ᠶᠢᠨ ᠲᠦᠷᠦᠬᠦᠨ ᠬᠠᠷᠢᠭᠤᠴᠠᠯᠭ᠎ᠠ ᠪᠠ ᠲᠥᠯᠥᠪᠦᠷᠢ ᠶᠢ ᠤᠷᠢᠳᠠᠪᠠᠷ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠭᠤᠷᠪᠠᠳᠠᠬᠢ ᠡᠲᠡᠭᠡᠳ ᠤᠨ ᠶᠠᠰᠤ ᠴᠢᠨᠠᠷ ᠤᠨ ᠦᠨᠡᠯᠡᠯᠲᠡ ᠶᠢ ᠬᠡᠷᠡᠭᠯᠡᠨ᠂ ᠤᠶᠢᠯᠡᠳᠪᠤᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠤᠨ ᠦᠢᠯᠡᠳᠬᠦᠨ ᠬᠢᠭᠡᠳ ᠦᠢᠯᠡᠴᠢᠯᠡᠭᠡᠨ ᠤ ᠪᠠᠷᠢᠮᠵᠢᠶ᠎ᠠ  ᠶᠢᠨ ᠦᠪᠡᠷ ᠤᠨ ᠢᠯᠡᠷᠬᠡᠶᠢᠯᠡᠯᠳᠡ ᠶᠢ ᠢᠯᠡ ᠪᠣᠯᠭᠠᠬᠤ ᠪᠠ ᠬᠢᠨᠠᠯᠲᠠ ᠲᠠᠯᠪᠢᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠡᠷᠢᠭᠦᠨ ᠤ ᠮᠡᠷᠭᠡᠵᠢᠯ ᠲᠠᠢ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠪᠣᠶᠢᠵᠢᠭᠤᠯᠤᠨ ᠬᠥᠭᠵᠢᠭᠦᠯᠵᠦ᠂ ᠪᠠᠷᠢᠮᠵᠢᠶᠠᠵᠢᠯᠳᠠ ᠪᠠᠷ ᠴᠢᠨᠠᠷᠵᠢᠭᠤᠨ ᠬᠦᠴᠦᠷᠭᠡᠭ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃     2 . ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠠᠬᠢᠭᠤᠯᠤᠨ᠎ᠠ᠃ ᠦᠶᠯᠡᠳᠪᠦᠷᠢ ᠬᠤᠳᠠᠯᠳᠤᠭ᠎ᠠ ᠶᠢᠨ ᠵᠦᠶᠯᠡᠰ ᠤᠨ ᠲᠦᠷᠢᠮ  ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠬᠠᠷᠭᠤᠭᠤᠯᠤᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠤᠬᠤᠷᠢᠨ ᠭᠠᠷᠭᠠᠬᠤ ᠵᠡᠷᠭᠡ ᠲᠦᠷᠢᠮ ᠢ ᠥᠭᠡᠷᠡᠴᠢᠯᠡᠨ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠦᠨᠡᠮᠯᠡᠯ ᠤᠨ ᠳᠠᠷᠠᠭ᠎ᠠ ᠭᠡᠷᠡᠴᠢ ᠶᠢ ᠬᠠᠰᠤᠬᠤ︾ ᠶᠢ ᠠᠬᠢᠭᠤᠯᠤᠨ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠴᠠᠭ ᠢ ᠪᠣᠭᠤᠨᠢᠰᠬᠠᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠥᠭᠡᠳᠬᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠶᠡᠭᠡ ᠪᠠᠷ ᠪᠠᠭᠠᠰᠬᠠᠨ ᠬᠠᠰᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃     3 . ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ᠂ ᠠᠵᠤ ᠦᠶᠯᠡᠳᠪᠦᠷᠢ ᠶᠢᠨ ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠣᠨᠴᠠ ᠲᠥᠷᠥᠯ ᠤᠨ ᠲᠥᠬᠦᠭᠡᠷᠦᠮᠵᠢ  ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠰᠢᠳᠬᠡᠵᠤ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠠᠷᠠᠳ ᠣᠯᠠᠨ ᠢ ᠬᠤᠳᠠᠯᠳᠤᠨ ᠠᠪᠬᠤ ᠳᠤ ᠰᠠᠨᠠᠭ᠎ᠠ ᠠᠮᠤᠷ᠂ ᠬᠡᠷᠡᠭᠯᠡᠬᠦ ᠳᠤ ᠰᠠᠨᠠᠭ᠎ᠠ ᠠᠮᠤᠷ᠂ ᠢᠳᠡᠬᠦ ᠳᠤ ᠰᠠᠨᠠᠭ᠎ᠠ ᠠᠮᠤᠷ ᠪᠠᠶᠢᠯᠭᠠᠨ᠎ᠠ᠃     4 . ᠠᠵᠢᠯ ᠤᠨ ᠳᠤᠮᠳᠠ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠬᠦᠴᠦᠨ ᠦᠭᠡᠢ ᠪᠣᠯᠭᠠᠵᠤ᠂ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠪᠠᠷᠢᠮᠵᠢᠶ᠎ᠠ ᠶᠢ ᠦᠨᠳᠦᠰᠦᠯᠡᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠬᠤ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠᠷ ᠠᠷᠭ᠎ᠠ ᠪᠠᠷᠢᠯ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃     5 . ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠵᠠᠭᠠᠯᠳᠤᠯᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠢᠳᠡᠭᠡᠨ ᠪᠠ ᠡᠮ ᠤᠨ ᠵᠦᠶᠯ ᠤᠨ ᠵᠠᠭᠠᠯᠳᠤᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠯᠭ᠎ᠠ᠂ ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ ᠲᠤᠰᠬᠠᠶ ᠤᠳᠠᠰᠤ ᠶᠢ ᠲᠦᠷᠭᠡᠳᠬᠡᠨ ᠡᠮᠬᠢᠯᠡᠨ ᠨᠡᠶᠢᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠥᠪᠰᠢᠶᠡᠷᠡᠨ ᠣᠷᠣᠭᠤᠯᠬᠤ  ᠠᠴᠠ ᠤᠬᠤᠷᠢᠨ ᠭᠠᠷᠭᠠᠬᠤ ᠪᠥᠬᠦ ᠶᠠᠪᠤᠴᠠ ᠳᠤ ᠳᠥᠭᠦᠮ ᠳᠥᠲᠡ ᠪᠣᠯᠭᠠᠬᠤ ᠶᠢ ᠠᠬᠢᠭᠤᠯᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠶᠯᠡᠰ᠂ ᠰᠢᠨ᠎ᠡ ᠡᠵᠡᠩᠨᠡᠯᠲᠡ  ᠶᠢᠨ ᠪᠠᠶᠢᠳᠠᠯ᠂ ᠰᠢᠨ᠎ᠡ ᠵᠠᠭᠪᠤᠷ ᠲᠤ ᠰᠠᠨᠠᠭᠠᠴᠢᠯᠠᠭ᠎ᠠ ᠠᠴᠠ ᠪᠠᠨ ᠦᠶᠯᠡᠴᠢᠯᠡᠨ ᠬᠥᠭᠵᠢᠭᠦᠯᠵᠦ᠂ ᠲᠣᠮᠣ ᠳ᠋ᠠᠶᠢᠲ᠋ᠠ ᠶᠢ ᠬᠡᠷᠡᠭᠯᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠶᠯᠡᠴᠢᠯᠡᠭᠡ ᠶᠢ ᠴᠢᠩᠭᠠᠳᠬᠠᠨ᠂ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠪᠠ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠳᠤ ᠢᠳᠡᠪᠬᠢᠲᠡᠶ ᠪᠠᠷ ᠦᠶᠯᠡᠴᠢᠯᠡᠵᠦ᠂ ᠲᠦᠭ ᠲᠦᠮᠡᠨ ᠢᠶᠠᠷ ᠢᠶᠠᠨ ᠠᠳᠠᠯ ᠦᠶᠯᠡᠰ ᠴᠣᠭᠴᠠᠯᠠᠨ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃     6 . ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠶᠠᠪᠤᠴᠠ ᠶᠢ ᠰᠢᠯᠢᠳᠡᠭᠵᠢᠭᠦᠯᠦᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠪᠦᠲᠦᠮᠵᠢᠲᠡᠶ ᠠᠰᠢᠭᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠴᠤᠭᠯᠠᠭᠤᠯᠤᠨ᠂ ᠠᠵᠤ ᠦᠢᠯᠡᠰ ᠤᠨ ᠬᠦᠷᠢᠶ᠎ᠡ ᠴᠠᠷᠠᠭ᠎ᠠ  ᠶᠢᠨ ᠶᠣᠰᠣᠭᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠮᠴᠢᠯᠠᠭᠴᠢ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ  ᠳᠤ ᠳᠥᠭᠦᠮ ᠳᠥᠲᠡ  ᠠᠰᠠᠭᠤᠨ ᠯᠠᠪᠯᠠᠬᠤ ᠯᠠᠪᠯᠠᠯᠭ᠎ᠠ ᠵᠡᠷᠭᠡ ᠦᠢᠯᠡᠴᠢᠯᠡᠭᠡ ᠶᠢ ᠬᠠᠩᠭᠠᠵᠤ᠂ ᠮᠡᠳᠡᠭᠡ ᠵᠠᠩᠭᠢ ᠶᠢ ᠰᠦᠢᠳᠬᠡᠯ ᠬᠤᠷᠢᠶᠠᠬᠤ ᠦᠭᠡᠶ ᠪᠤᠶᠤ ᠲᠤᠤᠷ᠎ᠠ ᠥᠪᠡᠷ ᠤᠨ ᠥᠷᠲᠡᠭ ᠢᠶᠠᠷ ᠨᠡᠭᠡᠭᠡᠬᠦ ᠶᠢ ᠪᠡᠶᠡᠯᠡᠭᠦᠯᠦᠨ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠬᠦᠯᠦᠨ᠎ᠡ᠃ ᠲᠠᠸᠠᠷ ᠤᠨ ᠳᠡᠮᠳᠡᠭᠳᠤ ᠶᠢ ᠪᠤᠯᠢᠶᠠᠨ ᠳᠠᠩᠰᠠᠯᠠᠭᠤᠯᠬᠤ᠂ ᠬᠡᠪ ᠤᠨ ᠪᠤᠰᠤ ᠲᠤᠰᠬᠠᠶ ᠠᠰᠢᠭ ᠭᠤᠶᠤᠴᠢᠯᠠᠬᠤ ᠵᠡᠷᠭᠡ ᠦᠢᠯᠡ ᠠᠵᠢᠯᠯᠠᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠳᠡᠮᠳᠡᠭᠳᠤ ᠳᠠᠩᠰᠠᠯᠠᠭᠤᠯᠬᠤ ᠪᠠ ᠲᠤᠰᠬᠠᠶ ᠠᠰᠢᠭ ᠭᠤᠶᠤᠴᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃     ︵ᠬᠤᠷᠢᠨ ᠭᠤᠷᠪᠠ︶ ᠬᠤᠯᠪᠣᠭᠳᠠᠯ ᠪᠦᠬᠦᠢ ᠳᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ     1 . ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠯᠤᠭ᠎ᠠ ᠶᠢᠨ ᠬᠤᠯᠪᠣᠭᠳᠠᠯ ᠪᠥᠬᠦᠶ ᠳᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ     ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠭᠤᠶᠤᠯᠠᠯ ᠳᠤ ᠲᠤ ᠬᠤᠯᠪᠤᠭᠳᠠᠭᠰᠠᠨ ᠶᠠᠯᠠᠲᠤ ᠬᠡᠷᠡᠭ ᠢ ᠳᠠᠩᠨᠠᠨ ᠪᠠᠶᠢᠴᠠᠭᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠠᠵᠢᠯ ᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠦᠳᠲᠡᠷ ᠲᠦᠷᠭᠡᠨ ᠬᠢᠨᠠᠨ ᠪᠠᠶᠢᠴᠠᠭᠠᠬᠤ ᠬᠡᠷᠡᠭᠲᠡᠢ ᠪᠥᠭᠡᠳ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠬᠤ ᠪᠤᠶᠤ ᠬᠡᠷᠡᠭ ᠪᠣᠯᠭᠠᠨ ᠳᠠᠩᠰᠠᠯᠠᠬᠤ ᠦᠭᠡᠢ ᠲᠣᠭᠲᠠᠭᠠᠯ ᠭᠠᠷᠭᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠭᠠᠨ ᠪᠠᠶᠢᠴᠠᠭᠠᠬᠤ᠂ ᠬᠢᠨᠠᠨ ᠲᠣᠭᠲᠠᠭᠠᠬᠤ᠂ ᠮᠠᠭᠠᠳᠯᠠᠨ ᠲᠣᠭᠲᠠᠭᠠᠬᠤ ᠵᠡᠷᠭᠡ ᠬᠠᠮᠵᠢᠯᠴᠠᠭ᠎ᠠ ᠬᠢᠯᠭᠡᠬᠦ ᠪᠠᠷ ᠬᠠᠤᠯᠢ ᠶᠣᠰᠣᠭᠠᠷ ᠳᠡᠪᠰᠢᠭᠦᠯᠦᠭᠰᠡᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠵᠢᠯᠴᠠᠬᠤ ᠬᠡᠷᠡᠭᠲᠡᠢ᠃     2 . ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠳᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ     ︵1︶ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠷᠢᠵᠤ ᠲᠡᠵᠢᠭᠡᠬᠦ ᠭᠤᠭᠴᠤᠭ᠎ᠠ ᠠᠴᠠ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠬᠦᠯᠬᠦ ᠠᠵᠤ ᠠᠬᠤᠶᠢᠯᠠᠯ ᠳᠤ ᠣᠷᠣᠬᠤ ᠠᠴᠠ ᠡᠮᠦᠨᠡᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠬᠦᠯᠬᠦ ᠠᠵᠤ ᠠᠬᠤᠶᠢᠯᠠᠯ ᠳᠤ ᠤᠷᠤᠭᠰᠠᠨ ᠤ ᠳᠠᠷᠠᠭ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠯᠲᠠ ᠲᠠᠯᠪᠢᠵᠤ       ᠬᠠᠮᠢᠶᠠᠷᠤᠨ᠎ᠠ᠃     ︵2︶ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠮᠠᠯ ᠵᠢᠭᠦᠷᠲᠡᠨ ᠢ ᠨᠢᠲᠤᠯᠬᠤ ᠭᠤᠭᠴᠤᠭ᠎ᠠ᠂ ᠲᠦᠭᠦᠬᠡᠶ ᠰᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠶᠤᠯᠬᠦᠢ ᠳᠤ ᠬᠢᠨᠠᠯᠲᠠ ᠲᠠᠯᠪᠢᠵᠤ ᠬᠠᠮᠢᠶᠠᠷᠬᠤ  ᠶᠢ ᠬᠠᠷᠢᠭᠤᠴᠠᠨ᠎ᠠ᠃     ︵3︶ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠢᠳᠡᠭᠡᠨ ᠤ ᠠᠮᠤᠷ ᠲᠦᠪᠰᠢᠨ ᠤ ᠭᠠᠷᠤᠯᠲᠠ ᠶᠢᠨ ᠭᠠᠵᠠᠷ ᠠᠴᠠ ᠵᠥᠪᠰᠢᠶᠡᠷᠡᠨ ᠭᠠᠷᠭᠠᠬᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠮᠥᠷᠳᠡᠬᠦ ᠲᠣᠭᠲᠠᠴᠠ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠤᠯᠭᠠᠨ᠎ᠠ᠃     3 . ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠬᠤᠯᠪᠣᠭᠳᠠᠬᠤ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ     ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠭᠰᠡᠨ ᠪᠤᠶᠤ ᠢᠯᠡᠴᠢᠯᠡᠨ ᠮᠡᠳᠡᠭᠦᠯᠦᠭᠰᠡᠨ ᠢ ᠭᠥᠯᠢᠶᠡᠨ ᠠᠪᠬᠤ ᠪᠠᠷ ᠳᠡᠮᠵᠢᠨ ᠢᠳᠡᠭᠡᠨ  ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠮᠡᠳᠡᠬᠦ ᠶᠢ ᠣᠯᠵᠤ ᠮᠡᠳᠡᠪᠡᠯ᠂ ᠳᠠᠷᠤᠶᠢᠬᠠᠨ ᠵᠣᠬᠢᠶᠠᠨ ᠪᠠᠶᠢᠭᠤᠯᠤᠨ ᠰᠢᠯᠭᠠᠨ ᠪᠠᠶᠢᠴᠠᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠠᠮᠲᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠮᠡᠳᠡᠭᠡᠯᠡᠵᠦ᠂ ᠠᠶᠤᠯ ᠲᠠᠢ ᠳ᠋ᠦᠩᠨᠡᠯᠲᠡ ᠭᠠᠷᠭᠠᠭᠰᠠᠨ ᠢᠳᠡᠭᠡᠨ ᠳᠤ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠠᠷᠤᠶᠢᠬᠠᠨ ᠠᠷᠭ᠎ᠠ ᠬᠡᠮᠵᠢᠶ᠎ᠡ ᠠᠪᠤᠨ᠎ᠠ᠃ ᠲᠤᠭᠤᠷᠢᠭ  ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠳᠤ ᠰᠠᠨᠠᠭᠤᠯᠭ᠎ᠠ ᠳᠤᠷᠠᠳᠤᠨ᠎ᠠ᠃ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠡᠮ ᠤᠨ ᠵᠦᠶᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠷᠡᠭ ᠢ ᠬᠠᠷᠢᠯᠴᠠᠨ ᠮᠡᠳᠡᠭᠳᠡᠬᠦ ᠲᠣᠭᠲᠠᠴᠠ ᠪᠠ ᠬᠠᠮᠲᠤᠷᠠᠨ ᠰᠢᠶᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃     4. ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠯᠤᠭ᠎ᠠ ᠵᠤᠯᠭᠠᠯᠳᠤᠬᠤ ᠳᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ     ︵1︶ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠵᠡᠩᠨᠡᠭᠴᠢ ᠶᠢ ᠲᠥᠪᠯᠡᠷᠡᠭᠦᠯᠦᠨ ᠭᠠᠭᠴᠠᠭᠠᠷ ᠡᠵᠡᠮᠰᠢᠬᠦ ᠶᠢ ᠡᠰᠡᠷᠬᠦᠴᠡᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ ᠪᠠ ᠬᠠᠭᠤᠷᠮᠠᠭ ᠮᠠᠭᠤ ᠲᠠᠸᠠᠷ ᠦᠶᠯᠡᠳᠴᠦ ᠪᠣᠷᠣᠯᠠᠭᠤᠯᠬᠤ ᠳᠤ ᠴᠣᠬᠢᠯᠲᠠ ᠥᠭᠬᠦ ᠵᠡᠷᠭᠡ ᠠᠵᠢᠯ ᠢ ᠡᠭᠦᠷᠭᠡᠯᠡᠨ᠎ᠡ᠃ ᠠᠷᠢᠬᠢᠨ ᠤ ᠵᠦᠶᠯ ᠤᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠠᠷᠢᠬᠢᠨ ᠤ ᠵᠦᠶᠯ ᠤᠨ ᠢᠳᠡᠭᠡᠨ ᠤ ᠠᠶᠤᠯ ᠦᠭᠡᠶ ᠶᠢ ᠬᠠᠷᠢᠭᠤᠴᠠᠨ᠎ᠠ᠃ ᠡᠮ ᠤᠨ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ  ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠠᠮᠵᠢᠯᠴᠠᠬᠤ ᠶᠢ ᠬᠠᠷᠢᠭᠤᠴᠠᠵᠤ᠂ ᠡᠮ ᠤᠨ ᠵᠦᠶᠯ ᠤᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠶᠠᠪᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃     ︵2︶ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠠᠬᠢᠭᠤᠯᠬᠤ ᠬᠠᠮᠢᠶ᠎ᠠ ᠪᠥᠬᠦᠶ ᠠᠵᠢᠯ ᠢ ᠲᠦᠷᠦᠭᠦᠯᠡᠨ ᠬᠠᠷᠢᠭᠤᠴᠠᠨ᠎ᠠ᠃ ᠠᠷᠢᠬᠢᠨ ᠤ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠣᠭᠲᠠᠭᠠᠨ᠎ᠠ᠃ ᠡᠮ ᠤᠨ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠡᠷᠬᠡ ᠮᠡᠳᠡᠯ ᠤᠨ ᠶᠣᠰᠣᠭᠠᠷ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠠᠬᠤᠶ ᠠᠷᠠᠯᠵᠢᠶ᠎ᠠ ᠯᠤᠭ᠎ᠠ ᠬᠤᠯᠪᠣᠭᠳᠠᠬᠤ ᠣᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠶ ᠭᠠᠳᠠᠭᠠᠳᠤ ᠬᠡᠯᠡᠯᠴᠡᠭᠡ ᠶᠢ ᠥᠷᠨᠢᠭᠦᠯᠵᠦ᠂ ᠳ᠋ᠦᠩᠱᠧᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠳᠤ ᠣᠷᠣᠯᠴᠠᠨ᠎ᠠ᠃     5 . ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠯᠤᠭ᠎ᠠ ᠬᠤᠯᠪᠤᠭᠳᠠᠬᠤ ᠳᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ     ᠵᠣᠬᠢᠶᠠᠯ ᠪᠦᠲᠦᠭᠡᠯ ᠤᠨ ᠡᠷᠬᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ᠂ ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ  ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠬᠤᠪᠢᠶᠠᠷᠢᠯᠠᠨ ᠭᠦᠢᠴᠡᠳᠬᠡᠨ᠎ᠡ᠃     ᠪᠠᠶᠢᠭᠤᠯᠭ᠎ᠠ ᠶᠢᠨ ᠪᠠᠶᠢᠷᠢᠯᠠᠭᠤᠯᠤᠯᠲᠠ᠄     ᠡᠭᠦᠷᠭᠡ ᠴᠢᠳᠠᠪᠤᠷᠢ ᠳᠤᠰᠢᠶᠠᠯ ᠬᠠᠷᠢᠭᠤᠴᠠᠯᠭ᠎ᠠ ᠪᠠ ᠪᠣᠳᠠᠲᠠᠶ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠳᠣᠲᠣᠭᠠᠳᠤ ᠳᠤ 11 ᠡᠭᠦᠷᠭᠡ ᠴᠢᠳᠠᠪᠤᠷᠢᠲᠤ ᠲᠠᠰᠤᠭ ᠭᠠᠷᠭᠠᠵᠤ᠂ ᠲᠣᠰ ᠲᠣᠰ ᠠᠯᠪᠠᠨ ᠬᠡᠷ᠂ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠂ ᠵᠠᠬ᠎ᠠ ᠳᠡᠯᠭᠡᠭᠦᠷ ᠤᠨ ᠵᠢᠷᠤᠮᠵᠢᠯ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠂ ᠬᠡᠷᠡᠭᠯᠡᠭᠡᠨ ᠤ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠲᠠᠰᠤᠭ᠂ ᠢᠳᠡᠭᠡᠨ ᠤ ᠦᠶᠯᠡᠳᠪᠦᠷᠢᠯᠡᠯ ᠤᠨ ᠭᠦᠶᠯᠭᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠂ ᠡᠮ ᠤᠨ ᠵᠦᠶᠯ ᠡᠮᠴᠢᠯᠡᠭᠡᠨ ᠤ ᠪᠠᠭᠠᠵᠢ ᠬᠡᠷᠡᠭᠰᠡᠯ ᠵᠠᠰᠠᠯ ᠭᠤᠶᠤᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠲᠠᠰᠤᠭ᠂ ᠶᠠᠰᠤ ᠴᠢᠨᠠᠷ ᠤᠨ ᠬᠡᠮᠵᠢᠯᠲᠡ ᠶᠢᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ᠪᠣᠯᠤᠨ᠎ᠠ᠃ ᠳ᠋ᠦᠩᠱᠧᠩ ᠲᠣᠭᠤᠷᠢᠭ ᠤᠨ ᠠᠵᠤ ᠦᠶᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠥᠪ᠂ ᠳ᠋ᠦᠩᠱᠧᠩ ᠲᠣᠭᠤᠷᠢᠭ ᠤᠨ ᠡᠮ ᠤᠨ ᠵᠦᠶᠯ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠳᠤᠰᠬᠠᠯ ᠢ ᠬᠢᠨᠠᠨ ᠬᠡᠮᠵᠢᠬᠦ ᠲᠥᠪ᠂ ᠳ᠋ᠦᠩᠱᠧᠩ ᠲᠣᠭᠤᠷᠢᠭ ᠤᠨ ᠢᠳᠡᠭᠡᠨ ᠪᠠ ᠡᠮ ᠤᠨ ᠵᠦᠶᠯ ᠤᠨ ᠬᠤᠳᠠᠯᠳᠤᠭᠠᠨ ᠤ ᠶᠠᠪᠤᠳᠠᠯ ᠤᠨ ᠬᠢᠨᠠᠯᠲᠠ ᠲᠠᠯᠪᠢᠬᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠤᠶᠠᠳᠤᠭᠠᠷ ᠳᠡᠰ ᠤᠨ ᠨᠢᠭᠡᠴᠡ 3 ᠶᠢ ᠪᠠᠶᠢᠭᠤᠯᠵᠤ᠂ ᠳ᠋ᠦᠩᠱᠧᠩ ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠣᠷᠣᠨ ᠢ ᠦᠨᠳᠦᠰᠦᠯᠡᠨ᠂ 15 ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢ ᠪᠠᠶᠢᠭᠤᠯᠬᠤ ᠪᠠᠷ ᠲᠣᠭᠲᠠᠭᠠᠪᠠ᠃     ᠠᠵᠢᠯᠯᠠᠬᠤ ᠭᠠᠵᠠᠷ᠄ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠯᠢᠶᠠᠨ ᠪᠠᠩ ᠲᠣᠮᠣ ᠠᠰᠠᠷ ᠤᠨ A ᠰᠠᠭᠤᠳᠠᠯ ᠤᠨ ᠭᠤᠷᠪᠠ᠂ ᠳᠦᠷᠪᠡᠳᠦᠭᠡᠷ ᠳᠠᠪᠬᠤᠷᠯᠢᠭ     ᠠᠵᠢᠯᠯᠠᠬᠤ ᠴᠠᠭ᠄     ᠵᠣᠨ ᠤ ᠤᠯᠠᠷᠢᠯ᠄ 8᠄ 30 — 12᠄ 00᠂ 15᠄ 00 — 18᠄ 00     ᠡᠪᠦᠯ ᠤᠨ ᠤᠯᠠᠷᠢᠯ᠄ 8᠄ 30 — 12᠄ 00᠂ 14᠄ 30 — 17᠄ 30     ᠬᠠᠷᠢᠯᠴᠠᠬᠤ ᠤᠳᠠᠰᠤ᠄ 0477 - 8368194᠂ 0477 - 8575306
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ