ᠬᠦᠷᠡᠯ ᠪᠠᠭᠠᠵᠢ ᠶᠢᠨ ᠰᠤᠶᠤᠯ ᠢ ᠠᠭᠤᠳᠠᠯᠵᠤ ᠲᠠᠯ᠎ᠠ ᠨᠤᠲᠤᠭ ᠤᠨ ᠪᠤᠯᠪᠠᠰᠤᠨ ᠢ ᠦᠪᠯᠡᠬᠦᠢ
ᠨᠡᠶᠢᠲᠡᠯᠡᠭᠰᠡᠨ ᠴᠠᠭ᠄
2022/11/14
          ᠲᠠᠷᠢᠶᠠᠯᠠᠬᠤ ᠰᠤᠶᠤᠯ ᠪᠤᠯᠤᠨ ᠨᠡᠭᠦᠳᠡᠯ ᠰᠤᠶᠤᠯ ᠤᠨ ᠮᠦᠷᠭᠦᠯᠳᠦᠯ ᠤᠨ           ᠲᠤᠮᠳᠠᠬᠢ ᠬᠦᠷᠡᠯ ᠪᠠᠭᠠᠵᠢ ᠶᠢᠨ ᠤᠯᠠᠷᠢᠯ ᠬᠤᠪᠢᠷᠠᠯᠲᠠ     ᠨᠢᠬᠡ᠂ ᠡᠭᠦᠰᠦᠯ     ᠬᠡᠷᠡᠭ ᠪᠤᠳᠠᠰ ᠤᠨ ᠬᠦᠭᠵᠢᠯᠲᠡ ᠨᠢ ᠮᠤᠷᠤᠢ ᠰᠠᠷᠤᠢ ᠴᠢᠨᠠᠷ ᠲᠠᠢ ᠪᠠᠶᠢᠳᠠᠭ ᠢᠶᠠᠷ ᠤᠷᠳᠤᠰ ᠬᠦᠷᠡᠯ ᠪᠠᠭᠠᠵᠢ ᠤᠯᠠᠨ ᠮᠢᠩᠭᠠᠨ ᠵᠢᠯ ᠤᠨ ᠤᠯᠠᠮᠵᠢᠯᠠᠯ ᠤᠨ ᠶᠠᠪᠤᠴᠠ ᠳᠤ ᠡᠭᠦᠰᠤᠯ᠂ ᠬᠦᠭᠵᠢᠯ᠂ ᠳᠤᠷᠦ᠋ᠢᠳᠠᠯ ᠤᠨ ᠱᠠᠲᠤ ᠦᠶ᠎ᠡ ᠶᠢ ᠦᠩᠭᠡᠷᠡᠭᠦᠯᠵᠠᠢ᠃ 19 ᠳ᠋ᠤᠭᠡᠷ ᠵᠠᠭᠤᠨ ᠤ ᠰᠡᠭᠦᠯᠴᠢ ᠠᠴᠠ ᠡᠬᠢᠯᠡᠨ ᠤᠷᠳᠤᠰ ᠨᠤᠲᠤᠭ ᠢᠶᠠᠷ ᠤᠯᠠᠨ ᠠᠷᠪᠢᠨ ᠠᠮᠢᠲᠠᠨ ᠠᠷᠢᠶᠠᠲᠠᠨ ᠤ ᠭᠡ ᠤᠭᠠᠯᠵᠠ ᠲᠠᠢ ᠮᠦᠷᠲᠡᠭᠡᠨ ᠪᠤᠰᠤᠳ ᠭᠠᠵᠠᠷ ᠤᠨ ᠬᠦᠷᠡᠯ ᠪᠠᠭᠠᠵᠢ ᠲᠠᠢ ᠢᠯᠭᠠᠭᠳᠠᠬᠤ ᠦᠪᠡᠷᠮᠢᠴᠡ ᠤᠨᠴᠠᠯᠢᠭ ᠲᠠᠢ ᠬᠦᠷᠡᠯ ᠪᠠᠭᠠᠵᠢ ᠢᠯᠡᠷᠡᠭᠰᠡᠨ ᠠᠴᠠ ︽ᠤᠷᠳᠤᠰ ᠬᠦᠷᠡᠯ ᠪᠠᠭᠠᠵᠢ︾ ᠶᠢᠨ ᠤᠬᠠᠭᠳᠠᠬᠤᠨ ᠠᠩᠬ᠎ᠠ ᠪᠤᠢ ᠪᠤᠯᠪᠠ᠃ 1974 ᠤᠨ ᠳᠤ ᠡᠵᠡᠨ ᠬᠤᠷᠤᠭ᠎ᠠ ᠬᠤᠰᠢᠭᠤᠨ ᠳᠠᠬᠢ ᠬᠠᠭᠤᠴᠢ ᠰᠤᠳᠤᠯᠤᠯ ᠢᠶᠠᠷ ᠤᠯᠳᠠᠭᠰᠠᠨ ᠡᠳᠦᠭᠡ ᠠᠴᠠ 3500 ᠵᠢᠯ ᠤᠨ ᠡᠮᠦᠨᠡᠬᠢ ᠱᠠᠩ ᠤᠯᠤᠰ ᠤᠨ ᠦᠶ᠎ᠡ ᠶᠢᠨ ᠬᠦᠷᠡᠯ ᠵᠡᠪᠰᠡᠭ ᠢ ᠤᠷᠳᠤᠰ ᠤᠨ ᠬᠦᠷᠡᠯ ᠰᠤᠶᠤᠯ ᠤᠨ ᠡᠬᠢᠯᠡᠯᠲᠡ ᠶᠢᠨ ᠪᠡᠯᠭᠡ ᠲᠡᠮᠳᠡᠭ ᠢᠶᠠᠷ ᠦᠵᠡᠳᠡᠭ᠃ ᠤᠳᠤ ᠶᠢᠨ ᠤᠷᠳᠤᠰ ᠬᠦᠷᠡᠯ ᠪᠠᠭᠠᠵᠢ ᠶᠢᠨ ᠮᠦᠽᠸᠢ ᠳᠤ ᠬᠠᠳᠠᠭᠠᠯᠠᠭᠳᠠᠵᠤ ᠪᠠᠶᠢᠭ᠎ᠠ ᠴᠠᠭᠠᠷᠢᠭ ᠲᠦᠷᠦᠭᠦᠲᠤ ᠬᠦᠷᠡᠯ ᠬᠢᠲᠤᠭ᠎ᠠ ᠨᠢ ᠡᠨᠡ ᠴᠠᠭ ᠦᠶ᠎ᠡ ᠶᠢᠨ ᠬᠦᠷᠡᠯ ᠪᠠᠭᠠᠵᠢ ᠶᠢᠨ ᠲᠦᠯᠦᠭᠡᠯᠡᠭᠴᠢ ᠪᠤᠯᠤᠨ᠎ᠠ᠃ ᠡᠨᠡ ᠬᠢᠲᠤᠭ᠎ᠠ ᠪᠦᠬᠦ ᠤᠷᠲᠤ ᠨᠢ 34.1 ᠰᠡᠨᠲ᠋ᠢᠮᠧᠲᠷ᠂ ᠪᠠᠷᠢᠭᠤᠯ ᠤᠨ ᠤᠷᠲᠤ ᠨᠢ 10.5 ᠰᠡᠨᠲ᠋ᠢᠮᠧᠲᠷ᠂ ᠪᠡᠶ᠎ᠡ ᠨᠢ ᠨᠠᠷᠢᠨ ᠬᠠᠪᠲᠠᠭᠠᠢ᠂ ᠮᠦᠷᠦ ᠨᠢ ᠵᠢᠭᠠᠬᠠᠨ ᠬᠤᠲᠤᠭᠤᠷ᠂ ᠮᠢᠬ᠎ᠠ ᠤᠭᠲᠤᠯᠵᠤ ᠠᠷᠠᠰᠤ ᠦᠪᠴᠢᠵᠤ ᠠᠩ ᠠᠩᠨᠠᠬᠤ ᠳᠤ ᠬᠡᠷᠡᠭᠯᠡᠲᠡᠭ ᠪᠠᠭᠠᠵᠢ ᠶᠢᠨ ᠰᠢᠨᠵᠢ ᠲᠠᠢ᠃ ᠡᠭᠦᠨ ᠲᠠᠢ ᠵᠡᠷᠭᠡ ᠪᠠᠷ ᠪᠠᠰᠠ ᠶᠡᠭᠡ ᠬᠡᠮᠵᠢᠶᠡᠨ ᠤ ᠢᠮᠠᠭ᠎ᠠ ᠪᠤᠯᠤᠨ ᠮᠤᠷᠢ ᠶᠢᠨ ᠭᠡ ᠤᠭᠠᠯᠵᠠ ᠲᠠᠢ ᠸᠠᠭᠠᠷ ᠰᠠᠪᠠ ᠮᠡᠲᠤ ᠶᠢᠨ ᠠᠮᠢᠲᠤᠷᠠᠯ ᠤᠨ ᠬᠡᠷᠡᠭᠰᠡᠯ ᠤᠯᠳᠠᠪᠠ᠃ ᠡᠳᠡᠭᠡᠷ ᠨᠢ ᠡᠨᠡ ᠦᠶ᠎ᠡ ᠶᠢᠨ ᠤᠷᠳᠤᠰ ᠨᠤᠲᠤᠭ ᠲᠤ ᠠᠮᠢᠳᠤᠷᠠᠵᠤ ᠪᠠᠶᠢᠭ᠎ᠠ ᠦᠨᠳᠤᠰᠤᠲᠡᠨ ᠤᠭᠰᠠᠭᠠᠲᠠᠨ ᠤ ᠠᠩᠨᠠᠵᠤ ᠴᠤᠭᠯᠠᠭᠤᠯᠬᠤ ᠮᠠᠶᠢᠭ ᠤᠨ ᠠᠮᠢᠳᠤᠷᠠᠯ ᠠᠴᠠ ᠨᠡᠭᠦᠳᠡᠯ ᠠᠮᠢᠳᠤᠷᠠᠯ ᠤᠷᠤᠭᠤ ᠤᠯᠠᠷᠢᠨ ᠬᠦᠭᠵᠢᠵᠤ ᠪᠠᠶᠢᠭ᠎ᠠ ᠶᠢ ᠲᠤᠰᠬᠠᠵᠠᠢ᠃       ᠬᠤᠶᠠᠷ᠂ ᠦᠷᠨᠢᠯᠲᠡ     ᠤᠨ ᠲᠤᠭᠠᠯᠠᠯ ᠤᠨ ᠡᠮᠦᠨ᠎ᠡ 770 ᠤᠨ ᠠᠴᠠ ᠤᠨ ᠲᠤᠭᠠᠯᠠᠯ ᠤᠨ ᠡᠮᠤᠨ᠎ᠡ 221 ᠤᠨ ᠳᠤ ᠤᠷᠤᠰᠢᠬᠤ ᠵᠡᠭᠦᠨ ᠵᠸᠤ ᠤᠯᠤᠰ ︵ᠴᠦᠨ ᠴᠢᠤ ᠪᠠᠶᠢᠯᠲᠤᠭᠠᠨᠲᠤ ᠤᠯᠤᠰ︶ ᠤᠨ ᠦᠶ᠎ᠡ ᠳᠤ ᠮᠠᠨ ᠤ ᠤᠯᠤᠰ ᠤᠨ ᠨᠡᠶᠢᠬᠡᠮ ᠤᠨ ᠪᠠᠶᠢᠭᠤᠯᠤᠯ ᠨᠢ ᠮᠦᠨ ᠴᠢᠨᠠᠷ ᠤᠨ ᠬᠤᠪᠢᠷᠠᠯᠲᠠ ᠭᠠᠷᠴᠠᠢ᠃ ᠡᠨᠡ ᠦᠶ᠎ᠡ ᠳᠤ ᠪᠤᠭᠤᠯᠲᠤ ᠪᠠᠶᠢᠭᠤᠯᠤᠯ ᠨᠢ ᠢᠳᠡᠭ ᠢᠳᠡᠭ ᠢᠶᠠᠷ ᠤᠰᠠᠳᠴᠤ᠂ ᠹᠸᠤᠳᠠᠯ ᠤᠨ ᠪᠠᠶᠢᠭᠤᠯᠤᠯ ᠡᠬᠢᠯᠡᠨ ᠲᠤᠭᠲᠠᠭᠠᠭᠳᠠᠵᠤ᠂ ᠡᠯ᠎ᠡ ᠦᠨᠳᠤᠰᠤᠲᠡᠨ ᠳᠠᠶᠢᠨ ᠳᠠᠵᠢᠨ ᠤᠯᠠᠨ ᠂ ᠤᠷᠤᠭ᠎ᠠ ᠪᠤᠰᠤᠭ᠎ᠠ ᠦᠢᠮᠡᠭᠡᠨ ᠲᠠᠢ ᠵᠢᠯ ᠤᠳ ᠢ ᠦᠩᠭᠡᠷᠡᠭᠦᠯᠦᠭᠰᠡᠨ ᠪᠢᠯᠡ᠃ ᠨᠡᠶᠢᠬᠡᠮ ᠤᠨ ᠮᠤᠨᠳᠠᠭ ᠬᠤᠪᠢᠷᠠᠯᠲᠠ ᠶᠢ ᠳᠠᠭᠠᠯᠲᠤᠨ ᠡᠨᠡ ᠦᠶ᠎ᠡ ᠶᠢᠨ ᠬᠦᠷᠡᠯ ᠪᠠᠭᠠᠵᠢ ᠶᠢᠨ ᠬᠡᠯᠪᠡᠷᠢ ᠲᠦᠷᠰᠤ ᠪᠠ ᠤᠷᠠᠯᠠᠯ ᠤᠨ ᠬᠡᠪ ᠮᠠᠶ᠋ᠢᠭ ᠨᠢ ᠤᠯᠠᠷᠢᠨ ᠬᠤᠪᠢᠰᠴᠤ ᠰᠢᠨ᠎ᠠ ᠬᠦᠷᠢᠶ᠎ᠡ ᠴᠠᠷᠠᠭ᠎ᠠ ᠳᠤ ᠤᠷᠤᠭᠰᠠᠨ ᠨᠢ ᠢᠯᠡᠷᠬᠡᠢ᠃   ᠠᠷᠤᠴᠠᠶᠢᠳᠠᠮ ᠪᠠ ᠨᠠᠷᠢᠨᠭᠤᠤᠯ ᠤᠨ ᠬᠠᠭᠤᠴᠢ ᠰᠤᠳᠤᠯᠤᠯ ᠪᠤᠯᠤᠨ ᠤᠷᠳᠤᠰ ᠨᠤᠲᠤᠭ ᠢᠶᠠᠷ ᠴᠤᠭᠯᠠᠭᠤᠯᠤᠨ ᠬᠤᠷᠢᠶᠠᠭᠰᠠᠨ ᠪᠠᠶᠢᠯᠲᠤᠭᠠᠨᠲᠦ ᠤᠯᠤᠰ ᠤᠨ ᠬᠦᠷᠡᠯ ᠪᠠᠭᠠᠵᠢ ᠶᠢᠨ ᠤᠨᠴᠠᠯᠢᠭ ᠢ ᠰᠢᠨᠵᠢᠪᠡᠯ ᠲᠤᠬᠠᠢ ᠶᠢᠨ ᠦᠶ᠎ᠡ ᠳᠤ ᠪᠠᠷᠰ ᠤᠨ ᠳᠦᠷᠰᠤ ᠲᠠᠢ ᠤᠷᠠᠯᠠᠯ ᠤᠨ ᠬᠡᠯᠪᠡᠷᠢ ᠨᠢ ᠤᠮᠠᠷᠠᠲᠤ ᠤᠷᠤᠨ ᠢᠶᠠᠷ ᠲᠦᠭᠡᠮᠡᠯ ᠲᠡᠯᠭᠡᠷᠡᠵᠤ ᠪᠠᠶᠢᠵᠠᠢ᠃ 1979 ᠤᠨ ᠳᠤ ᠵᠡᠭᠦᠨᠭᠠᠷ ᠬᠤᠰᠢᠭᠤᠨ ᠳᠠᠬᠢ ᠪᠠᠶᠢᠯᠲᠤᠭᠠᠨᠲᠤ ᠤᠯᠤᠰ ᠤᠨ ᠾᠥᠩᠨᠤ ᠶᠢᠨ ᠢᠵᠠᠭᠤᠷᠲᠠᠨ ᠤ ᠤᠩᠭᠤᠨ ᠠᠴᠠ ᠤᠯᠳᠠᠬᠰᠠᠨ ᠪᠠᠷᠰ ᠭᠠᠭ᠋ᠠᠢ ᠬᠠᠵᠠᠵᠤ ᠵᠤᠳᠤᠯᠳᠤᠭᠰᠠᠨ ᠤᠭᠠᠯᠵᠠ ᠲᠠᠢ ᠠᠯᠲᠠᠨ ᠵᠠᠰᠠᠯ ᠤᠨ ᠫᠠᠶᠢᠰᠠ ᠨᠢ ᠤᠷᠲᠤ ᠪᠠᠷ 13 ᠰᠡᠨᠲ᠋ᠢᠮᠧᠲᠷ᠂ ᠦᠷᠭᠡᠨ ᠢᠶᠠᠷ 10 ᠰᠡᠨᠲ᠋ᠢᠮᠧᠲᠷ᠂ ᠵᠤᠵᠠᠭᠠᠨ ᠨᠢ 0.3 ᠰᠡᠨᠲ᠋ᠢᠮᠧᠲᠷ᠂ ᠬᠦᠨᠳᠦ ᠨᠢ 291.5 ᠭᠷᠠᠮ᠃ ᠲᠤᠰ ᠫᠠᠶᠢᠰᠨ ᠶᠢ ᠨᠠᠷᠢᠨ ᠦᠵᠡᠪᠡᠯ ᠪᠠᠷᠰ ᠨᠢ ᠡᠯᠢᠭᠡᠳᠡᠨ ᠭᠠᠭ᠋ᠠᠢ ᠶᠢᠨ ᠭᠤᠶ᠎ᠠ ᠶᠢ ᠬᠠᠵᠠᠵᠤ᠂ ᠭᠠᠭ᠋ᠠᠢ ᠨᠢ ᠪᠡᠶ᠎ᠡ ᠡᠷᠬᠢᠨ ᠪᠠᠷᠰ ᠲᠠᠢ ᠬᠠᠵᠠᠨ ᠵᠤᠳᠤᠯᠳᠤᠭᠰᠠᠨ ᠬᠡᠪ ᠮᠠᠶ᠋ᠢᠭ ᠲᠠᠢ ᠪᠠᠶᠢᠪᠠ᠃ ᠡᠨᠡ ᠬᠦ ᠠᠯᠲᠠᠨ ᠵᠠᠰᠠᠯ ᠤᠨ ᠫᠠᠶᠢᠰᠠ ᠲᠠᠢ ᠠᠳᠠᠯᠢ ᠴᠠᠭ ᠦᠶ᠎ᠡ ᠳᠤ ᠪᠤᠢ ᠪᠤᠯᠤᠬᠰᠠᠨ᠂ ᠤᠳᠤ ᠦᠪᠤᠷ ᠮᠤᠩᠭᠤᠯ ᠤᠨ ᠮᠦᠽᠸᠢ ᠳᠤ ᠬᠠᠳᠠᠭᠠᠯᠠᠬᠳᠠᠵᠤ ᠪᠠᠶᠢᠭ᠎ᠠ ᠪᠠᠷᠰ ᠢᠮᠠᠭ᠎ᠠ ᠶᠢ ᠬᠠᠵᠠᠬᠰᠠᠨ ᠤᠭᠠᠯᠵᠠ ᠲᠠᠢ ᠫᠠᠶᠢᠰᠠ ᠪᠠ ᠤᠷᠤᠰ ᠤᠨ ᠰᠢᠪᠧᠷᠢᠶ᠎ᠡ ᠠᠴᠠ ᠤᠯᠳᠠᠭᠰᠠᠨ ᠵᠠᠰᠠᠯ ᠤᠨ ᠫᠠᠶᠢᠰᠠ ᠵᠡᠷᠭᠡ ᠨᠢ ᠮᠦᠨ ᠴᠦ ᠪᠠᠷᠰ ᠤᠨ ᠳᠦᠷᠢ ᠪᠠᠷ ᠭᠤᠤᠯᠯᠠᠵᠤ᠂ ᠢᠯᠡ ᠲᠤᠳᠤ ᠨᠡᠭᠦᠳᠡᠯᠴᠢᠨ ᠦᠨᠳᠤᠰᠤᠲᠡᠨ ᠤ ᠪᠡᠯᠭᠡᠳᠡᠯ ︵  ᠲᠤᠲ᠋ᠧᠮ︶ ᠤᠨ ᠰᠤᠶᠤᠯ ᠤᠨ ᠤᠨᠴᠠᠯᠢᠭ ᠪᠤᠢ᠃ ᠡᠶᠢᠡ ᠬᠦ ᠲᠤᠭᠰᠢᠨ ᠠᠮᠢᠲᠠᠨ ᠤ ᠲᠦᠷᠢ ᠨᠢ ᠲᠤᠬᠠᠢ ᠶᠢᠨ ᠦᠶ ᠎ᠡ ᠳᠤ ᠤᠷᠤᠰᠬᠠᠯ ᠪᠤᠯᠬᠤ ᠶᠢᠨ ᠤᠴᠢᠷ ᠨᠢ ᠨᠡᠭᠦᠳᠡᠯᠴᠢᠨ ᠦᠨᠳᠦᠰᠦᠲᠡᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠵᠢᠴᠢ ᠦᠨᠳᠦᠰᠦᠲᠡᠨ ᠤ ᠵᠤᠷᠢᠭ ᠰᠠᠨᠠᠭ᠎ᠠ ᠲᠠᠢ ᠨᠢᠭᠲᠠ ᠬᠠᠷᠢᠴᠠᠭ᠎ᠠ ᠲᠠᠢ ᠪᠠᠶᠢᠬᠤ ᠨᠢ ᠳᠠᠮᠵᠢᠭ ᠦᠭᠡᠢ᠃     ᠨᠡᠶᠢᠲᠡ ᠶᠢᠨ ᠤᠨ ᠲᠤᠭᠠᠯᠠᠯ ᠤᠨ ᠡᠮᠦᠨᠡᠬᠢ 3 ᠳ᠋ᠤᠭᠠᠷ ᠵᠠᠭᠤᠨ ᠳᠤ ᠾᠥᠩᠨᠤᠴᠤᠳ ᠪᠤᠷᠤᠳᠤᠬᠤᠢ ᠬᠢᠬᠡᠳ ᠮᠤᠨᠢ ᠠᠭᠤᠯᠠ ᠶᠢᠨ ᠤᠷᠴᠢᠮ ᠳᠤ ᠮᠠᠨᠳᠤᠵᠤ᠂ ᠨᠡᠶᠢᠲᠡ ᠶᠢᠨ ᠤᠨ ᠲᠤᠭᠠᠯᠠᠯ ᠤᠨ ᠡᠮᠦᠨᠡᠬᠢ 209 ᠤᠨ ᠳᠤ ᠾᠥᠩᠨᠤ ᠶᠢᠨ ᠢᠵᠠᠭᠤᠷᠳᠠᠨ ᠮᠤᠬᠳᠤᠭ ᠦᠪᠡᠷ ᠢ ᠪᠠᠨ ᠾᠥᠩᠨᠤ ᠶᠢᠨ ᠴᠠᠨ ᠢᠤᠢ ︵ᠬᠠᠭᠠᠨ︶ ᠬᠡᠵᠤ ᠵᠠᠷᠯᠠᠭᠠᠳ ᠾᠥᠩᠨᠤ ᠶᠢᠨ ᠬᠦᠴᠦᠨ ᠪᠤᠵᠠᠭᠠᠢᠢᠷᠠᠵᠤ᠂ ᠪᠠᠷᠠᠭᠤᠨ ᠬᠠᠨ ᠤᠯᠤᠰ ᠤᠨ ᠬᠢᠵᠠᠭᠠᠷ ᠢ ᠲᠠᠰᠤᠷᠠᠯᠲᠠ ᠦᠭᠡᠢ ᠲᠤᠪᠳᠤᠯᠵᠤ᠂ ᠪᠠᠷᠠᠭᠤᠨ ᠬᠠᠨ ᠤᠯᠤᠰ ᠶᠠᠭᠠᠬᠢᠬᠤ ᠶᠢᠨ ᠠᠷᠭ᠎ᠠ ᠦᠭᠡᠢ ᠪᠠᠶᠢᠵᠠᠢ᠃       ᠨᠡᠶᠢᠲᠡ ᠶᠢᠨ ᠤᠨ ᠲᠤᠭᠠᠯᠠᠯ ᠤᠨ ᠡᠮᠦᠨᠡᠬᠢ 200 ᠤᠨ ᠳᠤ ᠬᠠᠨ ᠤᠯᠤᠰ ᠫᠢᠡᠭᠴᠸᠡᠭ ︵ᠤᠳᠤ ᠶᠢᠨ ᠱᠠᠨ ᠰᠢ ᠮᠤᠵᠢ ᠳᠤ ᠪᠤᠢ︶ ᠬᠡᠬᠦ ᠭᠠᠵᠠᠷ ᠶᠡᠬᠡᠳᠡ ᠢᠯᠠᠬᠳᠠᠵᠤ᠂ ᠰᠢᠬᠠᠮᠳᠠᠭᠳᠠᠬᠤ ᠳᠠᠭᠠᠨ ᠾᠦᠡᠭᠨᠦ ᠲᠠᠢ ᠤᠷᠤᠭ ᠡᠪᠰᠡᠯ ᠤᠨ ᠪᠤᠳᠤᠯᠭ᠎ᠠ ᠠᠪᠤᠭᠰᠠᠨ ᠪᠠᠶᠢᠨ᠎ᠠ᠃ ᠲᠦᠭᠦᠮ ᠪᠦᠳᠤᠭᠦᠯᠢᠭ ᠠᠮᠢᠳᠤᠷᠠᠯ ᠤᠨ ᠬᠡᠯᠪᠡᠷᠢ ᠪᠠ ᠡ᠊ᠡᠭᠭᠡ ᠲᠠᠶᠢᠪᠤᠡᠭ ᠪᠤᠰᠤ ᠠᠮᠢᠳᠤᠷᠠᠬᠤ ᠶᠢᠨ ᠤᠷᠴᠢᠨ ᠲᠤᠭᠤᠷᠢᠨ ᠵᠢᠴᠢ ᠯᠤᠲᠤ ᠶᠡᠭᠡ ᠳᠠᠶᠢᠨ ᠤ ᠢᠯᠠᠯᠲᠠ ᠨᠢ ᠾᠥᠩᠨᠤᠴᠤᠳ ᠤᠨ ᠡᠷᠡᠯᠭᠡᠭ ᠪᠠᠭᠠᠲᠤᠷᠯᠢᠭ ᠦᠨᠳᠤᠰᠤᠲᠡᠨ ᠤ ᠵᠤᠷᠢᠭ ᠰᠠᠨᠠᠭ᠎ᠠ ᠶᠢ ᠪᠤᠢ ᠪᠤᠯᠭᠠᠪᠠ᠃       ᠭᠤᠷᠪᠠ᠂ ᠤᠷᠤᠭᠤᠳᠠᠯ     ︽ᠴᠠᠭ ᠴᠠᠭ ᠢᠶᠠᠷ ᠢᠶᠠᠨ ᠪᠠᠶᠢᠳᠠᠭ ᠦᠭᠡᠢ᠂ ᠴᠠᠬᠢᠯᠳᠠᠭ ᠬᠦᠭᠡ ᠪᠠᠷ ᠢᠶᠠᠨ ᠡᠪᠤᠯᠵᠢᠳᠡᠭ ᠦᠭᠡᠢ︾᠃ ᠤᠷᠳᠤᠰ ᠤᠨ ᠡᠯ ᠎ᠡ ᠭᠠᠵᠠᠷ ᠠᠴᠠ ᠤᠯᠳᠠᠬᠰᠠᠨ ᠬᠦᠷᠡᠯ ᠪᠠᠭᠠᠵᠢ ᠶᠢᠨ ᠬᠦᠭᠵᠢᠯᠲᠡ ᠶᠢᠨ ᠪᠠᠶᠢᠳᠠᠯ ᠠᠴᠠ ᠰᠤᠳᠤᠯᠪᠠᠯ᠂ ᠪᠠᠷᠠᠭᠤᠨ ᠬᠠᠨ ᠤᠯᠤᠰ ᠤᠨ ᠲᠤᠮᠳᠠᠴᠢ ᠦᠶ᠎ᠡ ᠠᠴᠠ ᠵᠡᠭᠦᠨ ᠬᠠᠨ ᠤᠯᠤᠰ ᠤᠨ ᠡᠬᠢᠨ ᠪᠤᠯᠲᠠᠯᠠᠬᠢ ᠬᠤᠭᠤᠴᠠᠭᠠᠨ ᠳᠤ ᠪᠠᠷᠰ ᠤᠨ ᠲᠦᠷᠰᠦ ᠪᠠᠷ ᠤᠷᠠᠯᠠᠬᠰᠠᠨ ᠪᠤᠶᠤ ᠠᠷᠢᠶᠠᠲᠠᠨ ᠤ ᠲᠤᠬᠰᠢᠨ ᠰᠢᠷᠦᠭᠦᠨ ᠲᠤᠯᠤᠯᠳᠤᠭᠠᠨ ᠤ ᠬᠡ ᠤᠭᠠᠯᠵᠠ ᠲᠠᠢ ᠬᠦᠷᠡᠯ ᠪᠠᠭᠠᠵᠢ ᠨᠢ ᠢᠯᠡᠳᠳᠡ ᠴᠦᠬᠡᠷᠡᠵᠤ ᠠᠭᠠᠵᠢᠮ ᠢᠶᠠᠷ ᠠᠷᠢᠯᠤᠬᠰᠠᠨ ᠪᠠᠶᠢᠳᠠᠭ᠃ ᠬᠠᠭᠤᠴᠢ ᠰᠤᠳᠤᠯᠤᠭᠠᠴᠢ ᠹᠧᠩ ᠧᠨ ᠰᠢᠤᠸᠠᠢ ᠫᠷᠤᠹᠧᠰᠰᠤᠷ ᠰᠤᠳᠤᠯᠭᠠᠨ ᠤ ᠦᠬᠦᠯᠡᠯ ᠳᠡᠭᠡᠨ᠄ ︽ᠾᠦᠩᠨᠦ ᠶᠢᠨ ᠳᠠᠷᠠᠭᠠᠬᠢ ᠰᠢᠶᠡᠨᠪᠢ ᠮᠥᠨ ᠯᠡ ᠲᠤᠭᠰᠢᠨ ᠠᠮᠢᠲᠠᠨ ᠤ ᠬᠡ ᠤᠭᠠᠯᠵᠠ ᠲᠠᠢ ᠬᠦᠷᠡᠯ ᠪᠠᠭᠠᠵᠢ ᠶᠢ ᠦᠷᠭᠦᠯᠵᠢᠯᠡᠨ ᠬᠡᠷᠡᠭᠯᠡᠭᠰᠡᠨ ᠪᠤᠯᠪᠠᠴᠤ ᠡᠶᠢᠮᠤᠷᠬᠦᠦ ᠬᠡᠪ ᠨᠠᠮᠪᠠ ᠶᠢᠨ ᠤᠷᠠᠯᠠᠯ ᠨᠢ ᠢᠯᠡᠷᠬᠡᠢ ᠴᠦᠬᠡᠷᠡᠪᠡ︾ ᠬᠡᠵᠤ ᠪᠢᠴᠢᠭᠰᠡᠨ ᠪᠠᠶᠢᠨ᠎ᠠ᠃ ᠬᠦᠷᠡᠯ ᠪᠠᠭᠠᠵᠢ ᠶᠢᠨ ᠬᠡᠪ ᠨᠠᠮᠪᠠ ᠤᠷᠠᠯᠠᠯ ᠤᠨ ᠲᠠᠯ ᠎ᠠ ᠶᠢᠨ ᠬᠤᠪᠢᠷᠠᠯᠲᠠ ᠨᠢ ᠬᠤᠶᠠᠷ ᠬᠠᠨ ᠤᠯᠤᠰ ᠪᠠ ᠾᠥᠩᠨᠤ ᠶᠢᠨ ᠬᠤᠭᠤᠷᠤᠨᠳᠤᠬᠢ ᠵᠦᠷᠢᠴᠡᠯ ᠤᠨ ᠠᠬᠤᠢ ᠪᠠᠶᠢᠳᠠᠯ ᠢ ᠲᠤᠰᠬᠠᠪᠠ᠃ ᠤᠨ ᠲᠤᠭᠠᠯᠠᠯ ᠠᠴᠠ ᠡᠮᠦᠨᠡᠬᠢ 127 ᠤᠨ ᠳᠤ ᠬᠠᠨ ᠤᠯᠤᠰ ᠤᠨ ᠵᠠᠩᠵᠤᠨ ᠸᠧᠢ ᠴᠢᠩ ᠪᠤᠷᠤᠳᠤᠬᠤᠢ ᠠᠴᠠ ᠡᠮᠦᠨᠡᠬᠢ ᠾᠥᠩᠨᠤ ᠶᠢᠨ ᠭᠠᠵᠠᠷ ᠢ ᠡᠵᠡᠯᠡᠵᠤ᠂ ᠱᠦᠸᠧ ᠹᠠᠨᠭ᠌ ︵ᠤᠳᠤ ᠶᠢᠨ ᠤᠷᠳᠤᠰ ᠤᠨ ᠪᠠᠷᠠᠭᠤᠨ ᠬᠡᠰᠡᠭ ᠪᠤᠯᠤᠨ ᠪᠠᠶᠠᠨᠨᠠᠭᠤᠷ ᠤᠨ ᠪᠠᠷᠠᠭᠤᠨ ᠬᠡᠰᠡᠭ︶ ᠪᠤᠯᠤᠨ ᠦᠶᠤᠸᠠᠨ ︵ᠤᠳᠤ ᠶᠢᠨ ᠪᠤᠭᠤᠲᠤ ᠪᠤᠯᠤᠨ ᠪᠠᠶᠠᠨᠨᠠᠭᠤᠷ ᠤᠨ ᠵᠡᠭᠦᠨ ᠬᠡᠰᠡᠭ︶ ᠬᠤᠶᠠᠷ ᠵᠢᠶᠦ᠋ᠨ ᠢ ᠪᠠᠶᠢᠭᠤᠯᠵᠤ᠂ ᠲᠤᠲᠤᠭᠠᠳᠤ ᠭᠠᠵᠠᠷ ᠠᠴᠠ ᠠᠷᠪᠠᠨ ᠲᠦᠮᠡᠨ ᠢᠷᠭᠡᠳ ᠢ ᠰᠢᠯᠵᠢᠭᠦᠯᠦᠨ ᠰᠠᠭᠤᠷᠢᠰᠢᠭᠤᠯᠪᠠ᠃ ᠡᠭᠦᠨ ᠠᠴᠠ ᠪᠤᠯᠵᠤ ᠤᠨ ᠲᠤᠭᠠᠯᠠᠯ ᠤᠨ ᠡᠮᠦᠨ᠎ᠡ 51 ᠤᠨ ᠳᠤ ᠾᠥᠩᠨᠤᠴᠤᠳ ᠬᠠᠭᠠᠴᠠᠵᠤ᠂ ᠡᠮᠦᠨ᠎ᠡ ᠬᠤᠶᠢᠨ᠎ᠡ ᠬᠤᠶᠠᠷ ᠲᠦᠷᠦ ᠵᠡᠷᠭᠡᠴᠡᠵᠤ᠂ ᠤᠨ ᠲᠤᠭᠠᠯᠠᠯ ᠠᠴᠠ ᠡᠮᠦᠨ᠎ᠠ 48 ᠤᠨ ᠳᠤ ᠡᠮᠦᠨ᠎ᠡ ᠾᠥᠩᠨᠤ ᠪᠠᠷᠠᠭᠤᠨ ᠬᠠᠨ ᠤᠯᠤᠰ ᠲᠤ ᠪᠠᠭᠤᠵᠤ ᠦᠭᠪᠡ᠃ ᠡᠨᠡ ᠦᠶ ᠎ᠡ ᠠᠴᠠ ᠡᠬᠢᠯᠡᠵᠤ ᠤᠷᠳᠤᠰ ᠨᠤᠲᠤᠭ ᠲᠤ ᠾᠥᠩᠨᠤ ᠪᠠ ᠬᠢᠲᠠᠳ ᠦᠨᠳᠦᠰᠦᠲᠡᠨ ᠬᠠᠮᠲᠤᠷᠠᠨ ᠰᠠᠭᠤᠷᠢᠰᠢᠵᠤ᠂ ᠰᠤᠶᠤᠯ ᠤᠨ ᠰᠤᠯᠢᠯᠴᠠᠭ᠎ᠠ ᠨᠢ ᠤᠷᠢᠳ ᠡᠮᠦᠨ᠎ᠡ ᠪᠠᠶᠢᠭ᠎ᠠ ᠦᠭᠡᠢ ᠨᠢᠬᠲᠠᠷᠠᠬᠰᠠᠨ ᠠᠴᠠ ᠤᠷᠳᠤᠰ ᠬᠦᠷᠡᠯ ᠪᠠᠭᠠᠵᠢ ᠨᠢ ᠰᠢᠨ᠎ᠡ ᠬᠡᠪ ᠨᠠᠮᠪᠠ ᠲᠠᠢ ᠪᠤᠯᠵᠤ ᠲᠤᠬᠲᠠᠪᠠ᠃ ᠡᠨᠡ ᠭᠤᠤᠯᠳᠠᠭᠤ ᠭᠤᠷᠪᠠᠨ ᠲᠠᠯ᠎ᠠ ᠪᠠᠷ ᠢᠯᠡᠷᠡᠵᠤ ᠪᠤᠢ᠃     ᠨᠢᠬᠡ᠂ ᠬᠡ ᠤᠭᠠᠯᠵᠠ ᠶᠢᠨ ᠭᠤᠤᠯ ᠰᠡᠳᠦᠪ ᠤᠨ ᠤᠯᠠᠷᠢᠯ ᠬᠤᠪᠢᠷᠠᠯᠲᠠ᠃ ᠬᠦᠷᠡᠯ ᠪᠠᠭᠠᠵᠢ ᠶᠢᠨ ᠤᠷᠠᠯᠠᠯ ᠨᠢ ᠤᠤᠯ ᠤᠨ ᠪᠠᠷᠰ ᠪᠠ ᠳᠣᠭᠰᠢᠨ ᠠᠷᠢᠶᠠᠲᠠᠨ ᠤ ᠲᠦᠷᠰᠦ ᠪᠠᠷ ᠭᠤᠤᠯᠯᠠᠵᠤ ᠪᠠᠶᠢᠬᠰᠠᠨ ᠠᠴᠠ ᠦᠬᠡᠷ᠂ ᠬᠤᠨᠢ᠂ ᠪᠤᠭᠤ᠂ ᠮᠣᠷᠢ᠂ ᠲᠡᠮᠡᠭᠡ ᠵᠡᠷᠭᠡ ᠠᠮᠢᠳᠠᠨ ᠢᠶᠠᠷ ᠭᠤᠤᠯᠯᠠᠬᠤ ᠪᠤᠯᠪᠠ᠃ ᠡᠭᠦᠨ ᠳᠤ ᠦᠬᠡᠷ ᠤᠨ ᠲᠦᠷᠰᠦ ᠪᠠᠷ ᠭᠤᠤᠯᠯᠠᠬᠤ ᠨᠢ ᠤᠯᠠᠨ᠃ ᠬᠤᠶᠠᠷ᠂ ᠬᠡᠷᠡᠭᠴᠡᠬᠡᠨ ᠤ ᠲᠠᠯ᠎ᠠ ᠶᠢᠨ ᠬᠤᠪᠢᠷᠠᠯᠲᠠ᠃ ᠠᠮᠢᠳᠤᠷᠠᠯ ᠤᠨ ᠬᠡᠷᠡᠭᠯᠡᠬᠡᠨ ᠤ ᠵᠦᠢᠯ ᠢ ᠬᠢᠬᠦ ᠪᠠᠷ ᠭᠤᠤᠯᠯᠠᠵᠤ ᠪᠠᠶᠢᠬᠰᠠᠨ ᠠᠴᠠ ᠵᠠᠰᠠᠯ ᠴᠢᠮᠡᠭᠯᠡᠯ ᠤᠨ ᠵᠦᠢᠯ ᠢ ᠬᠢᠬᠦ ᠪᠤᠯᠪᠠ᠃  ᠭᠤᠷᠪᠠ᠂ ᠤᠷ᠎ᠠ ᠮᠡᠷᠭᠡᠵᠢᠯ ᠪᠠ ᠠᠬᠤᠢ ᠪᠠᠶᠢᠳᠠᠯ ᠤᠨ ᠵᠢᠷᠤᠭ ᠲᠦᠯᠦᠪᠯᠡᠭᠡ ᠶᠢᠨ ᠲᠠᠯ᠎ᠠ ᠶᠢᠨ ᠬᠤᠪᠢᠷᠠᠯᠲᠠ᠃ ᠪᠠᠶᠢᠯᠳᠤᠭᠠᠨᠳᠤ ᠤᠯᠤᠰ ᠤᠨ ᠦᠶ ᠎ᠡ ᠶᠢᠨ ᠬᠦᠷᠡᠯ ᠪᠠᠭᠠᠵᠢ ᠨᠢ ᠲᠤᠬᠰᠢᠨ ᠠᠷᠢᠶᠠᠳᠠᠨ ᠤ ᠵᠤᠳᠤᠯᠳᠤᠨ ᠲᠡᠮᠡᠴᠡᠯᠳᠦᠬᠦ ᠠᠬᠤᠢ ᠪᠠᠶᠢᠳᠠᠯ ᠢ ᠵᠢᠷᠤᠭᠯᠠᠵᠤ ᠪᠠᠶᠢᠭᠰᠠᠨ ᠪᠤᠯ ᠡ᠊ᠨᠡ ᠦᠶ᠎ᠡ ᠶᠢᠨ ᠬᠤᠶᠠᠷ ᠵᠦᠢᠯ ᠤᠨ ᠪᠤᠯᠪᠠᠰᠤᠨ ᠤ ᠰᠤᠶᠤᠯ ᠤᠨ ᠠᠭᠤᠰᠤᠯᠴᠠᠯ ᠨᠢ ᠡ᠊ᠩᠭᠡ ᠲᠠᠶᠢᠪᠤᠩ ᠡᠶ᠎ᠡ ᠨᠠᠶᠢᠷᠠᠮᠳᠠᠭᠤ ᠴᠠᠭ ᠤᠨ ᠪᠠᠶᠢᠳᠠᠯ ᠢ ᠪᠤᠢ ᠪᠤᠯᠭᠠᠵᠤ᠂ ᠤᠷᠠᠯᠢᠭᠴᠢᠨ ᠤ ᠵᠢᠷᠤᠭ ᠲᠦᠯᠦᠪᠯᠡᠭᠡ ᠶᠢᠨ ᠦᠵᠡᠯ ᠪᠤᠳᠤᠯ ᠢ ᠨᠦᠯᠤᠭᠡᠯᠡᠭᠰᠡᠨ ᠠᠴᠠ ᠲᠠᠯ᠎ᠠ ᠨᠤᠲᠤᠭ ᠤᠨ ᠠᠮᠢᠲᠠᠨ ᠠᠷᠢᠶᠠᠲᠠᠨ ᠤ ᠠᠮᠠᠷᠠᠨ ᠰᠡᠯᠡᠭᠦᠴᠡᠬᠦ᠂ ᠲᠤᠬᠯᠠᠨ ᠨᠠᠭᠠᠳᠬᠤ ᠮᠠᠶ᠋ᠢᠭ ᠤᠨ ᠠᠬᠤᠢ ᠪᠠᠶᠢᠳᠠᠯ ᠢ ᠵᠢᠷᠤᠬᠯᠠᠬᠤ ᠪᠠᠷ ᠭᠤᠤᠯᠯᠠᠵᠠᠢ᠃     ᠤᠷ᠎ᠠ ᠮᠡᠷᠭᠡᠵᠢᠯ ᠤᠨ ᠲᠠᠯ ᠎ᠠ ᠪᠠᠷ ᠤᠤᠯ ᠤᠨ ᠲᠦᠭᠦᠮ ᠪᠦᠳᠦᠭᠦᠯᠢᠭ ᠳᠠᠩ ᠴᠤᠯᠭᠤᠢ ᠠᠬᠤᠢᠢᠴᠢ ᠮᠠᠶ᠋ᠢᠭ ᠤᠨ ᠤᠯᠠᠮᠵᠢᠯᠠᠯᠲᠤ ᠵᠠᠭᠪᠤᠷ ᠠᠴᠠ ᠰᠠᠯᠤᠨ᠂ ᠤᠢ ᠮᠤᠳᠤ᠂ ᠠᠭᠤᠯᠠ ᠤᠰᠤ᠂ ᠨᠠᠷᠠ ᠰᠠᠷᠠ᠂ ᠤᠳᠤᠨ ᠮᠡᠴᠢᠳ ᠵᠡᠷᠭᠡ ᠪᠠᠶᠢᠭᠠᠯᠢ ᠶᠢᠨ ᠦᠵᠡᠮᠵᠢ ᠢᠯᠡᠷᠡᠭᠰᠡᠨ ᠮᠦᠷᠲᠡᠭᠡᠨ ᠬᠦᠮᠦᠨ ᠠᠮᠢᠲᠠᠨ ᠨᠡᠶᠢᠯᠡᠭᠰᠡᠨ ᠵᠢᠷᠤᠭ ᠲᠦᠷᠰᠤ ᠴᠤ ᠲᠤᠲᠤᠷᠠᠪᠠ᠃     ᠮᠠᠷᠺᠰ ᠤᠨ ᠦᠵᠡᠯ ᠤᠨ ᠲᠡᠤᠬᠡᠨ ᠤ ᠦᠵᠡᠯᠲᠠ ᠪᠠᠷ ᠪᠣᠯ ︽ᠰᠢᠨ᠎ᠡ ᠬᠡᠷᠡᠭ ᠪᠤᠳᠠᠰ ᠤᠨ ᠢᠯᠡᠷᠡᠬᠦ ᠶᠢ ᠳᠠᠭᠠᠯᠳᠤᠨ ᠬᠠᠭᠤᠴᠢᠨ ᠬᠡᠷᠡᠭ ᠪᠤᠳᠠᠰ ᠮᠦᠬᠦᠳᠡᠭ︾᠃ ᠦᠢᠯᠡᠳᠪᠦᠷᠢᠯᠡᠯ ᠤᠨ ᠬᠦᠴᠤᠨ ᠬᠦᠭᠵᠢᠬᠦ ᠶᠢ ᠳᠠᠭᠠᠯᠲᠤᠨ ᠬᠦᠷᠡᠯ ᠪᠠᠭᠠᠵᠢ ᠨᠢ ᠨᠡᠶᠢᠬᠡᠮ ᠤᠨ ᠬᠦᠭᠵᠢᠯᠳᠠ ᠶᠢᠨ ᠬᠠᠨᠳᠤᠰᠢ ᠲᠠᠢ ᠨᠡᠶᠢᠴᠡᠬᠦ ᠪᠠᠨ ᠪᠤᠯᠢᠵᠤ᠂ ᠨᠡᠶᠢᠬᠡᠮ ᠤᠨ ᠳᠠᠪᠰᠢᠯᠲᠠ ᠶᠢᠨ ᠱᠠᠭᠠᠷᠳᠠᠯᠭ᠎ᠠ ᠶᠢ ᠬᠠᠩᠭᠠᠵᠤ ᠲᠡᠶᠢᠯᠬᠦ ᠦᠭᠡᠢ ᠠᠴᠠ ᠮᠠᠨ ᠤ ᠤᠯᠤᠰ ᠲᠤ ᠤᠨ ᠲᠤᠭᠠᠯᠠᠯ ᠤᠨ 1 ᠳ᠋ᠤᠬᠡᠷ ᠵᠠᠭᠤᠨ ᠤ ᠵᠡᠬᠦᠨ ᠬᠠᠨ ᠤᠯᠤᠰ ᠤᠨ ᠦᠶ᠎ᠡ ᠪᠠᠷ ᠲᠡᠮᠤᠷ ᠪᠠᠭᠠᠵᠢ ᠨᠢ ᠬᠦᠷᠡᠯ ᠪᠠᠭᠠᠵᠢ ᠶᠢ ᠤᠷᠤᠯᠠᠨ ᠨᠡᠶᠢᠲᠡᠮ ᠬᠡᠷᠡᠭᠯᠡᠭᠳᠡᠬᠦ ᠪᠤᠯᠵᠠᠢ᠃ ᠡᠭᠦᠨ ᠠᠴᠠ ᠤᠷᠳᠤᠰ ᠬᠦᠷᠡᠯ ᠪᠠᠭᠠᠵᠢ ᠨᠢ ᠲᠡᠤᠬᠡ ᠶᠢᠨ ᠬᠠᠭᠤᠳᠠᠰᠤᠨ᠎ᠠ ᠬᠡᠷᠡᠯ ᠰᠠᠴᠤᠷᠠᠩᠭᠤᠢ ᠤᠯᠠ ᠮᠦᠷ ᠢᠶᠠᠨ ᠦᠯᠡᠳᠡᠭᠡᠭᠡᠳ ᠲᠡᠤᠬᠡ ᠶᠢᠨ ᠲᠡᠪᠴᠡᠩ ᠠᠴᠠ ᠪᠠᠭᠤᠪᠠ᠃     ᠤᠷᠳᠤᠰ ᠬᠦᠷᠡᠯ ᠪᠠᠭᠠᠵᠢ ᠶᠢᠨ ᠬᠦᠭᠵᠢᠯᠲᠡ ᠨᠢ ᠬᠢᠳᠠᠳ ᠪᠠ ᠾᠥᠩᠨᠤ ᠶᠢᠨ ᠬᠤᠭᠤᠷᠤᠨᠳᠤᠬᠢ᠂ ᠲᠠᠷᠢᠶᠠᠯᠠᠬᠤ ᠰᠤᠶᠤᠯ ᠪᠠ ᠨᠡᠭᠦᠳᠡᠯ ᠰᠤᠶᠤᠯ ᠤᠨ ᠬᠤᠭᠤᠷᠤᠨᠳᠤᠬᠢ ᠰᠤᠯᠢᠯᠴᠠᠭ᠎ᠠ ᠮᠦᠷᠭᠦᠯᠳᠤᠭᠡᠨ ᠲᠠᠢ ᠨᠢᠭᠲᠠ ᠬᠠᠷᠢᠴᠠᠭ᠎ᠠ ᠲᠠᠢ᠃ ᠪᠠᠶᠢᠯᠲᠤᠭᠠᠨᠲᠤ ᠤᠯᠤᠰ ᠠᠴᠠ ᠬᠤᠶᠠᠷ ᠬᠠᠨ ᠤᠯᠤᠰ ᠤᠨ ᠦᠶ᠎ᠡ ᠶᠢᠨ ᠬᠤᠶᠠᠷ ᠰᠤᠶᠤᠯ ᠪᠤᠯᠪᠠᠰᠤᠨ ᠤ ᠬᠠᠷᠭᠤᠯᠳᠤᠯ ᠠᠴᠠ ᠤᠷᠳᠤᠰ ᠬᠦᠷᠡᠯ ᠪᠠᠭᠠᠵᠢ ᠶᠢᠨ ᠭᠡᠭᠡᠨ ᠰᠠᠷᠠᠭᠤᠯ ᠲᠡᠤᠬᠡ ᠶᠢᠨ ᠬᠠᠭᠤᠳᠠᠰᠤ ᠶᠢ ᠵᠢᠷᠤᠭᠯᠠᠭᠰᠠᠨ ᠮᠦᠷᠳᠡᠭᠡᠨ ᠤᠷᠳᠤᠰ ᠨᠤᠲᠤᠭ ᠤᠨ ᠬᠢᠳᠠᠳ ᠪᠠ ᠾᠥᠩᠨᠤ ᠬᠤᠶᠠᠷ ᠦᠨᠳᠤᠰᠤᠲᠡᠨ ᠵᠢᠴᠢ ᠨᠠᠭᠦᠳᠡᠯ ᠰᠤᠶᠤᠯ ᠪᠤᠯᠤᠨ ᠲᠠᠷᠢᠶᠠᠯᠠᠬᠤ ᠰᠤᠶᠤᠯ ᠤᠨ ᠰᠤᠯᠢᠯᠴᠠᠭᠠᠨ ᠤ ᠪᠤᠳᠠᠲᠤ ᠪᠠᠷᠢᠮᠲᠠ ᠪᠤᠯᠵᠤ ᠠᠯᠤᠰ ᠬᠡᠳᠤ ᠶᠢᠨ ᠠᠴᠢ ᠬᠤᠯᠪᠤᠭᠳᠠᠯ ᠲᠠᠢ᠃ ᠲᠡᠤᠬᠡᠨ ᠰᠤᠳᠤᠷ᠂ ᠦᠰᠦᠭ ᠪᠢᠴᠢᠭ ᠤᠨ ᠲᠡᠮᠳᠡᠭᠯᠡᠯ ᠲᠠᠢ ᠠᠳᠠᠯᠢᠳᠬᠠᠪᠠᠯ ᠬᠦᠷᠡᠯ ᠪᠠᠭᠠᠵᠢ ᠮᠡᠲᠤ ᠶᠢᠨ ᠤᠷᠠᠯᠢᠭ ᠤᠨ ᠬᠠᠭᠤᠴᠢ ᠰᠤᠳᠤᠯᠤᠯ ᠤᠨ ᠮᠠᠲ᠋ᠧᠷᠢᠶᠠᠯ ᠨᠢ ᠨᠤᠶᠠᠷᠬᠠᠬᠴᠢ ᠠᠩᠭᠢ ᠶᠢᠨ ᠦᠵᠡᠯ ᠤᠬᠠᠮᠰᠠᠷ ᠢᠶᠠᠷ ᠦᠭᠡᠷᠡᠴᠢᠯᠡᠭᠳᠡᠬᠦ ᠦᠭᠡᠢ ᠮᠦᠷᠳᠡᠭᠡᠨ ᠲᠡᠤᠬᠡ ᠰᠤᠳᠤᠯᠤᠭᠠᠲᠠᠳ ᠤᠨ ᠵᠤᠭᠰᠤᠴᠠ᠂ ᠲᠤᠷ᠎ᠠ ᠪᠠᠬ᠎ᠠ ᠵᠡᠷᠭᠡ ᠳᠤ ᠠᠮᠠᠷᠬᠠᠨ ᠨᠦᠯᠦᠭᠡᠯᠡᠭᠳᠡᠬᠦ ᠦᠭᠡᠢ᠃     ᠤᠷᠳᠤᠰ ᠬᠦᠷᠡᠯ ᠪᠠᠭᠠᠵᠢ ᠨᠢ ᠾᠥᠩᠨᠤ ᠦᠨᠳᠤᠰᠤᠳᠡᠨ ᠤ ᠲᠡᠤᠬᠡ ᠰᠤᠶᠤᠯ ᠤᠨ ᠰᠤᠳᠤᠯᠤᠯ ᠳᠤ ᠬᠤᠪᠤᠷ ᠨᠠᠨᠳᠢᠨ ᠲᠡᠤᠬᠡ ᠶᠢᠨ  ᠮᠠᠲ᠋ᠧᠷᠢᠶᠠᠯ ᠪᠤᠯᠬᠤ ᠨᠢ ᠭᠠᠷᠴᠠᠭ᠎ᠠ ᠦᠭᠡᠢ᠃ ᠲᠠᠷᠢᠶᠠᠯᠠᠬᠤ ᠰᠤᠶᠤᠯ ᠪᠠ ᠨᠡᠭᠦᠳᠡᠯ ᠰᠤᠶᠤᠯ ᠤᠨ ᠮᠦᠷᠭᠦᠯᠳᠦᠭᠡᠨ ᠪᠠ ᠠᠭᠤᠰᠤᠯᠴᠠᠯ ᠨᠢ ᠨᠡᠩ ᠴᠤ ᠤᠷᠳᠤᠰ ᠬᠦᠷᠡᠯ ᠪᠠᠭᠠᠵᠢ ᠶᠢᠨ ᠰᠤᠶᠤᠯ ᠤᠨ ᠰᠤᠲᠤᠯᠭᠠᠨ ᠤ ᠲᠦᠰᠢᠭ ᠲᠤᠯᠭᠠᠭᠤᠷᠢ ᠪᠤᠯᠵᠤ᠂ ᠤᠨᠤᠯ ᠰᠤᠲᠤᠯᠭᠠᠨ ᠤ ᠴᠢᠭᠯᠡᠯ ᠢ ᠵᠢᠭᠠᠬᠤ ᠨᠢ ᠶᠠᠭᠤᠨ ᠠᠴᠠ ᠴᠤ ᠡᠷᠬᠢᠮ ᠪᠢᠯᠡ᠃        ᠣᠷᠳᠣᠰ ᠬᠦᠷᠡᠯ ᠪᠠᠭᠠᠵᠢ ᠶᠢᠨ ᠮᠦᠽᠧᠶ     ᠣᠷᠳᠣᠰ ᠬᠦᠷᠡᠯ ᠪᠠᠭᠠᠵᠢ ᠶᠢᠨ ᠮᠦᠽᠧᠶ ᠪᠣᠯ ᠳᠡᠯᠡᠬᠡᠶ ᠲᠡᠭᠡᠷᠡᠬᠢ ᠣᠷᠳᠣᠰ ᠬᠦᠷᠡᠯ ᠪᠠᠭᠠᠵᠢ ᠶᠢᠨ ᠬᠠᠳᠠᠭᠠᠯᠠᠮᠵᠢ ᠶᠢᠨ ᠲᠤᠭ᠎ᠠ ᠬᠠᠮᠤᠭ ᠣᠯᠠᠨ᠂ ᠲᠥᠷᠥᠯ ᠵᠦᠶ᠋ᠯ ᠨᠢ ᠬᠠᠮᠤᠭ ᠪᠦᠷᠢᠨ᠂ ᠣᠷᠳᠣᠰ ᠬᠦᠷᠡᠯ ᠪᠠᠭᠠᠵᠢ ᠶᠢᠨ ᠰᠤᠳᠤᠯᠭᠠᠨ ᠤ ᠬᠠᠮᠤᠭ ᠤᠨ ᠦᠨ᠎ᠡ ᠥᠷᠲᠡᠭ ᠲᠠᠢ ᠮᠦᠽᠧᠶ ᠪᠣᠯᠤᠨ᠎ᠠ᠃ ᠮᠦᠨ ᠴᠤ ᠮᠠᠨ ᠤ ᠤᠯᠤᠰ ᠤᠨ ᠴᠣᠷ ᠤᠨ ᠭᠠᠭᠴᠠ ᠣᠷᠳᠣᠰ ᠬᠦ᠋ᠷᠡᠯ ᠪᠠᠭᠠᠵᠢ ᠶᠢᠨ ᠰᠤᠷᠭᠠᠨ ᠬᠥᠮᠦᠵᠢᠯ᠂ ᠦᠵᠡᠭᠦᠯᠭᠡ᠂ ᠴᠤᠭᠯᠠᠭᠤᠯᠤᠯᠲᠠ᠂ ᠬᠠᠮᠠᠭᠠᠯᠠᠯᠲᠠ᠂ ᠰᠤᠳᠤᠯᠭᠠᠨ ᠤ ᠠᠵᠢᠯᠯᠠᠭ᠎ᠠ ᠶᠢ ᠪᠠᠭᠲᠠᠭᠠᠭᠰᠠᠨ ᠲᠤᠰᠬᠠᠶ ᠰᠡᠳᠦᠪᠲᠦ ᠮᠦᠽᠧᠶ ᠪᠣᠯᠤᠨ᠎ᠠ᠃ 1963 ᠣᠨ ᠳᠤ ᠤᠷᠳᠤᠰ ᠬᠦᠷᠡᠯ ᠪᠠᠭᠠᠵᠢ ᠶᠢᠨ ᠮᠦᠽᠧᠶ ᠶᠢᠨ ᠡᠭᠦᠰᠪᠦᠷᠢ ᠪᠤᠯᠬᠤ ᠶᠡᠭᠡ ᠵᠤᠤ ᠠᠶᠢᠮᠠᠭ ᠤᠨ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠥᠷᠲᠡᠭᠡ ᠪᠠᠶᠢᠭᠤᠯᠤᠭᠳᠠᠵᠤ᠂ 2000 ᠤᠨ ᠠᠴᠠ ᠡᠬᠢᠯᠡᠵᠤ ᠦᠳᠲᠡᠷ ᠲᠦᠷᠭᠡᠨ ᠬᠦᠭᠵᠢᠭᠡᠳ 2006 ᠤᠨ ᠪᠤᠯᠬᠤ ᠳᠤ ᠳ᠋ᠥ᠋ᠩᠱᠧᠩ ᠲᠤᠭᠤᠷᠢᠭ ᠲᠤ ᠰᠢᠨ᠎ᠡ ᠮᠦ᠋ᠽᠧᠶ ᠶᠢᠨ ᠲᠠᠯᠠᠪᠤᠷ ᠪᠠᠶᠢᠭᠤᠯᠤᠭᠲᠠᠪᠠ᠃ ᠤᠳᠤᠬᠠᠨ ᠳᠤ ᠡᠷᠳᠡᠨ ᠤ ᠲᠡᠤᠬᠡᠨ ᠲᠤᠷᠠᠰᠬᠠᠯᠲᠤ ᠵᠦᠢᠯ ᠤᠨ ᠶᠡᠷᠤᠩᠬᠡᠢ ᠬᠠᠳᠠᠭᠠᠯᠠᠮᠵᠢ ᠶᠢᠨ ᠲᠤᠭ᠎ᠠ ᠨᠢ 20000 ᠶᠢ ᠳᠠᠪᠠᠵᠤ᠂ ᠡᠭᠦᠨ ᠳᠤ ᠲᠡᠰ ᠬᠤᠪᠢᠶᠠᠭᠰᠠᠨ ᠲᠡᠤᠬᠡᠨ ᠲᠤᠷᠠᠰᠬᠠᠯᠲᠤ ᠵᠦᠢᠯ ᠨᠢ ᠮᠢᠩᠭ᠎ᠠ ᠭᠠᠷᠤᠢ ᠪᠤᠢ᠃ ᠮᠦᠽᠧᠶ ᠳᠤ ᠦᠯᠡᠮᠵᠢ ᠤᠯᠠᠨ ᠬᠦᠷᠡᠯ ᠪᠠᠭᠠᠵᠢ ᠶᠢ ᠬᠠᠳᠠᠭᠠᠯᠠᠬᠤ ᠠᠴᠠ ᠭᠠᠳᠠᠨ᠎ᠠ ᠪᠠᠰᠠ ᠲᠦᠮᠡ ᠭᠠᠷᠤᠶ ᠬᠤᠪᠣᠷ ᠨᠠᠨᠳᠢᠨ ᠨᠣᠮ ᠳᠡᠪᠳᠡᠷ ᠢ ᠬᠠᠳᠠᠭᠠᠯᠠᠵᠤ ᠪᠠᠶᠢᠨ᠎ᠠ᠃ ᠡᠭᠦᠨ ᠳᠤ ᠤᠷᠳᠤᠰ ᠬᠦᠷᠡᠯ ᠪᠠᠭᠠᠵᠢ ᠶᠢᠨ ᠲᠤᠬᠠᠢ ᠲᠤᠰᠬᠠᠶ ᠮᠡᠷᠭᠡᠵᠢᠯ ᠤᠨ ᠰᠡᠳᠬᠦᠯ᠂ ᠪᠦᠷᠢᠨ ᠪᠦᠲᠦᠨ ᠢᠵᠢ ᠪᠥᠷᠢᠳᠦᠭᠰᠡᠨ ᠲᠤᠯᠢ ᠪᠢᠴᠢᠭ᠂ ᠬᠠᠭᠤᠴᠢᠨ ᠨᠤᠮ᠂ ᠰᠤᠷᠪᠤᠯᠵᠢ ᠪᠢᠴᠢᠭ ᠢᠶᠠᠷ ᠪᠦᠷᠢᠯᠳᠤᠵᠠᠢ᠃ ᠡᠳᠡᠭᠡᠷ ᠨᠤᠮ ᠲᠡᠪᠲᠡᠷ ᠤᠨ ᠬᠠᠳᠠᠭᠠᠯᠠᠮᠵᠢ ᠨᠢ ᠶᠡᠷᠦᠩᠬᠡᠶ ᠬᠠᠳᠠᠭᠠᠯᠠᠮᠵᠢ ᠶᠢᠨ ᠬᠡᠮᠵᠢᠶᠡᠨ ᠳᠠᠬᠢ ᠡᠵᠡᠯᠡᠬᠦ ᠨᠤᠷᠮ᠎ᠠ ᠨᠢ ᠬᠡᠳᠦ᠋ᠢᠪᠠᠷ ᠦᠨᠳᠤᠷ ᠪᠢᠰᠢ ᠪᠣᠯᠪᠠᠴᠤ ᠪᠦᠷᠢᠨ ᠪᠦᠲᠦᠨ᠂ ᠭᠦᠨᠵᠡᠭᠡᠶ᠂ ᠦᠨᠡᠨ ᠪᠤᠳᠠᠲᠠᠢ᠂ ᠰᠢᠰᠲ᠋ᠧᠮ ᠲᠠᠢ ᠪᠠᠶᠢᠳᠠᠭ᠃     ᠲᠤᠰ ᠮᠦᠽᠧᠶ ᠨᠢ ᠤᠷᠢᠳ ᠬᠤᠵᠢᠳ ᠤᠯᠤᠰ ᠤᠨ ᠬᠤᠶᠠᠳᠤᠭᠠᠷ ᠳᠡᠰ ᠤᠨ ᠮᠦᠽᠧᠶ᠂ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠰᠢᠯᠢᠳᠡᠭ ᠬᠥᠮᠦᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠵᠤ᠂ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ᠂ ᠪᠦᠬᠦ ᠣᠷᠣᠨ ᠤ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠨᠡᠶᠢᠳᠡᠮ ᠪᠠᠶᠢᠴᠠᠭᠠᠯᠲᠠ ᠶᠢᠨ ᠲᠡᠷᠢᠭᠦᠨ ᠤ ᠬᠠᠮᠲᠤ ᠨᠡᠶᠢᠲᠡ ᠵᠡᠷᠭᠡ ᠢᠷᠠᠭᠤ ᠠᠯᠳᠠᠷ ᠢ ᠬᠠᠮᠤᠷᠴᠤ᠂ ᠡᠯ᠎ᠡ ᠱᠠᠲᠤᠨ ᠤ ᠨᠠᠮ ᠵᠠᠰᠠᠭ ᠤᠨ ᠮᠠᠭᠲᠠᠭᠠᠯ ᠢ ᠤᠯᠠᠨᠳᠠ ᠬᠦᠷᠲᠡᠪᠡ᠃      ᠨᠢᠬᠡ᠂ ᠰᠤᠷᠭᠠᠨ ᠬᠦᠮᠦᠵᠢᠯ ᠤᠨ ᠰᠠᠭᠤᠷᠢᠨ ᠭᠠᠵᠠᠷ ᠪᠤᠯᠪᠠ     ᠣᠷᠳᠣᠰ ᠬᠦᠷᠡᠯ ᠪᠠᠭᠠᠵᠢ ᠶᠢᠨ ᠮᠦᠽᠧᠶ ᠨᠢ ᠥᠨᠥᠳᠦᠷ ᠪᠣᠯᠲᠠᠯ᠎ᠠ ᠬᠦᠭᠵᠢᠭᠡᠳ ᠳᠠᠩ ᠭᠠᠭᠴᠠ ᠬᠠᠳᠠᠭᠠᠯᠠᠮᠵᠢ ᠶᠢ ᠳᠡᠯᠭᠡᠨ ᠦᠵᠡᠭᠦᠯᠬᠦ ᠨᠢᠬᠡᠴᠢ ᠠᠴᠠ ᠰᠤᠷᠭᠠᠨ ᠬᠥᠮᠦᠵᠢᠯ ᠤᠨ ᠪᠠᠶᠢᠭᠤᠯᠤᠮᠵᠢ ᠪᠣᠯᠵᠤ᠂ ᠵᠢᠯ ᠲᠤᠷᠰᠢ ᠡᠯ ᠎ᠡ ᠵᠦᠢᠯ ᠤᠨ ᠠᠵᠢᠯᠯᠠᠭ᠎ᠠ ᠦᠷᠨᠢᠭᠦᠯᠵᠤ ᠨᠡᠶᠢᠬᠡᠮ ᠤᠨ ᠰᠤᠷᠭᠠᠨ ᠬᠦᠮᠦᠵᠢᠯ ᠬᠢᠬᠦ ᠪᠤᠯᠪᠠ᠃ ᠮᠦᠽᠧᠶ ᠶᠢᠨ ᠲᠠᠷᠤᠭ᠎ᠠ ᠳ᠋ᠸᠦ ᡁᠢ ᠪᠢᠨ᠄ ︽ᠵᠢᠯ ᠲᠤᠷᠰᠢ ᠲᠦᠷ ᠴᠠᠭ ᠤᠨ ᠴᠢᠨᠠᠷᠲᠠᠶ ᠲᠤᠰᠬᠠᠶ ᠰᠡᠳᠦᠪᠲᠦ ᠦᠵᠡᠭᠦᠯᠭᠡ ᠡᠷᠬᠢᠯᠡᠬᠦ᠂ ᠰᠤᠷᠭᠠᠭᠤᠯᠢ ᠲᠠᠢ ᠬᠠᠮᠲᠤᠷᠠᠨ ᠬᠢᠴᠢᠶᠡᠯ ᠤᠨ ᠭᠠᠳᠠᠨᠠᠬᠢ ᠳᠤᠷ᠎ᠠ ᠰᠣᠨᠢᠷᠬᠠᠯ ᠪᠠ ᠲᠡᠦᠬᠡ ᠰᠣᠶᠣᠯ ᠮᠡᠳᠡᠯᠭᠡ ᠶᠢᠨ ᠠᠵᠢᠯᠯᠠᠭ᠎ᠠ ᠶᠢ ᠦᠷᠨᠢᠭᠦᠯᠭᠦ᠂ ᠴᠢᠨᠠᠬᠰᠢᠯᠠᠪᠠᠯ ᠠᠯᠪᠠᠨ ᠪᠠᠶᠢᠭᠤᠯᠭ᠎ᠠ᠂ ᠠᠵᠤ ᠠᠬᠤᠢᠢᠯᠠᠯ᠂ ᠨᠡᠶᠢᠬᠡᠮ ᠲᠤᠭᠤᠷᠢᠭ ᠪᠠ ᠭᠠᠴᠠᠭ᠎ᠠ ᠲᠤᠰᠬᠤᠨ ᠲᠠᠢ ᠢᠳᠡᠪᠬᠢᠲᠡᠢ ᠬᠠᠷᠢᠴᠠᠵᠤ᠂ ᠰᠤᠷᠭᠠᠨ ᠬᠦᠮᠦᠵᠢᠯ ᠤᠨ ᠠᠵᠢᠯᠯᠠᠭ᠎ᠠ ᠦᠷᠨᠢᠭᠦᠯᠵᠤ᠂ ᠣᠯᠠᠨ ᠨᠡᠶᠢᠲᠡ ᠶᠢᠨ ᠰᠣᠶᠣᠯ ᠤᠨ ᠦᠶ᠋ᠯᠡᠴᠢᠯᠡᠭᠡᠨ ᠤ ᠰᠢᠰᠲ᠋ᠧᠮ ᠤᠨ ᠰᠢᠨ᠎ᠡ ᠬᠡᠪ ᠵᠠᠭᠪᠤᠷ ᠢ ᠰᠦᠪᠡᠭᠴᠢᠯᠡᠭᠰᠡᠭᠡᠷ ᠢᠷᠡᠪᠡ᠃ ᠪᠢᠳᠠ ᠮᠦᠨ ᠡᠶᠢᠮᠦᠷᠬᠦᠤ ᠠᠷᠭ᠎ᠠ ᠬᠡᠯᠪᠡᠷᠢ ᠪᠠᠷ ᠤᠯᠠᠨ ᠲᠦᠮᠡᠨ ᠳᠤ ᠪᠤᠳᠠᠲᠠᠢ ᠰᠤᠶᠤᠯ ᠤᠨ ᠦᠢᠯᠡᠴᠢᠯᠡᠭᠡ ᠬᠠᠨᠭ᠍ᠭᠠᠵᠤ ᠪᠠᠶᠢᠨ᠎ᠠ︾ ᠬᠡᠪᠡ᠃ ᠮᠦᠽᠧᠶ ᠨᠢ ᠤᠯᠠᠨ ᠠᠵᠢᠯᠯᠠᠭ᠎ᠠ ᠪᠠᠷ ᠳᠠᠮᠵᠢᠭᠤᠯᠤᠨ ᠨᠡᠶᠢᠭᠡᠮ ᠨᠡᠶᠢᠲᠡ ᠶᠢᠨ ᠥᠪᠥᠷ ᠮᠣᠩᠭᠤᠯ ᠤᠨ ᠰᠣᠶᠣᠯ ᠦᠵᠡᠰᠬᠦᠯᠡᠩ ᠤᠨ ᠦᠶ᠋ᠯᠡᠰ ᠤᠨ ᠬᠥᠭᠵᠢᠯᠲᠡ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠰᠢᠯᠢᠳᠡᠭ ᠤᠯᠠᠮᠵᠢᠯᠠᠯᠲᠤ ᠰᠣᠶᠣᠯ ᠤᠨ ᠪᠤᠯᠪᠠᠰᠤᠨ ᠢ ᠤᠯᠠᠮᠵᠢᠯᠠᠨ ᠪᠠᠳᠠᠷᠠᠭᠤᠯᠬᠤ᠂ ᠤᠯᠤᠰ ᠠᠷᠠᠳ ᠤᠨ ᠶᠣᠰᠣ ᠰᠤᠷᠲᠠᠬᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠳᠤ ᠦᠢᠯᠡᠳᠦᠯ ᠢᠶᠠᠨ ᠪᠠᠳᠠᠷᠠᠭᠤᠯᠪᠠ᠃    ᠬᠤᠶᠠᠷ᠂ ᠡᠷᠳᠡᠮ ᠰᠢᠨᠵᠢᠯᠡᠬᠡᠨ ᠤ ᠰᠤᠳᠤᠯᠭᠠᠨ ᠨᠢ ᠲᠡᠯᠡᠬᠡᠶᠢᠴᠢᠯᠡᠪᠡ     ᠳᠡᠯᠡᠬᠡᠢ ᠳᠡᠭᠡᠷ᠎ᠡ ᠤᠷᠳᠤᠰ ᠬᠦᠷᠡᠯ ᠪᠠᠭᠠᠵᠢ ᠨᠢ ᠨᠢᠭᠡᠨᠲᠡ ᠨᠢᠭᠡ ᠵᠦᠢᠯ ᠤᠨ ᠡᠷᠳᠡᠮ ᠰᠢᠨᠵᠢᠯᠡᠭᠡᠨ ᠪᠤᠯᠤᠬᠰᠠᠨ ᠪᠠᠶᠢᠨ᠎ᠠ᠃ ᠳᠠᠷᠤᠢ ᠤᠷᠳᠤᠰ ᠬᠦᠷᠡᠯ ᠪᠠᠭᠠᠵᠢ ᠪᠠᠷ ᠲᠥᠯᠥᠭᠡᠯᠡᠭᠦᠯᠦᠭᠰᠡᠨ ᠳᠤᠮᠳᠠᠳᠤ ᠤᠯᠤᠰ ᠤᠨ ᠡᠷᠲᠡᠨ ᠤ ᠤᠮᠠᠷᠠᠲᠤ ᠶᠢᠨ ᠦᠨᠳᠦᠰᠦᠲᠡᠨ ᠤ ᠰᠣᠶᠣᠯ ᠲᠡᠦᠬᠡ ᠶᠢᠨ ᠰᠤᠳᠤᠯᠤᠯ ᠪᠣᠯᠤᠨ᠎ᠠ᠃ ᠣᠷᠳᠣᠰ ᠬᠦᠷᠡᠯ ᠪᠠᠭᠠᠵᠢ ᠶᠢᠨ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠢᠨ ᠤ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠮᠦᠽᠧᠢ ᠠᠴᠠ ᠤᠢᠢᠷ᠎ᠠ ᠶᠢᠨ ᠵᠢᠯ ᠤᠳ ᠲᠤ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠢ ᠤᠷᠢᠵᠤ᠂ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠪᠠ᠃ ᠤᠷᠢᠵᠤ ᠠᠪᠴᠢᠷᠠᠬᠤ ᠶᠢᠨ ᠬᠠᠮᠲᠤ ᠮᠦᠽᠧᠢ ᠨᠢ ᠪᠠᠰᠠ ᠲᠣᠬᠢᠶᠠᠯ ᠢ ᠠᠳᠬᠤᠵᠤ᠂ ᠤᠷᠳᠤᠰ ᠤᠨ ᠬᠦᠷᠡᠯ ᠪᠠᠭᠠᠵᠢ ᠶᠢᠨ ᠪᠦᠬᠦ ᠤᠯᠤᠰ ᠤᠨ ᠲᠣᠭᠤᠷᠢᠨ ᠦᠵᠡᠭᠦᠯᠭᠡ ᠬᠢᠪᠡ᠃ 2005 — 2006 ᠤᠨ ᠪᠤᠯᠲᠠᠯ ᠎ᠠ ᠰᠢ ᠠᠨ ᠪᠤᠯᠤᠨ ᠭᠤᠸᠠᠩᠵᠸᠤ ᠳᠤ ᠲᠤᠭᠤᠷᠢᠨ ᠦᠵᠡᠭᠦᠯᠭᠡ ᠬᠢᠵᠤ᠂ 2012 ᠤᠨ ᠤ 5 ᠰᠠᠷ ᠎ᠠ ᠳᠤ ᠹᠦᠵᠢᠶᠡᠨ ᠳᠤ ᠲᠡᠯᠬᠡᠨ ᠦᠵᠡᠭᠦᠯᠭᠡ ᠬᠢᠵᠤ᠂ 8 ᠰᠠᠷ ᠎ᠠ ᠳᠤ ᠱᠠᠨᠰᠢ ᠳᠤ ᠲᠡᠯᠬᠡᠨ ᠦᠵᠡᠭᠦᠯᠬᠡ ᠬᠢᠪᠡ᠃ ᠡᠨᠡ ᠬᠤᠭᠤᠴᠠᠭᠠᠨ ᠳᠤ ᠪᠠᠰᠠ ᠴᠢᠨ ᠤᠯᠤᠰ ᠪᠠ ᠤᠮᠠᠷᠠᠲᠤ ᠶᠢᠨ ᠦᠨᠳᠦᠰᠦᠲᠡᠨ ᠤ ᠤᠯᠠᠨ ᠤᠯᠤᠰ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠬᠢᠵᠤ᠂ ᠤᠷᠳᠤᠰ ᠬᠦᠷᠡᠯ ᠪᠠᠭᠠᠵᠢ ᠨᠢ ᠠᠩᠭ᠍ᠯᠢ᠂ ᠠᠮᠧᠷᠢᠺᠠ᠂ ᠺᠠᠨᠠᠳᠠ᠂ ᠣᠷᠣᠰ᠂ ᠶᠠᠫᠣᠨ᠂ ᠠᠦ᠋ᠰᠲᠷᠡᠯᠢᠶ᠎ᠠ ᠪᠣᠯᠤᠨ ᠲᠤᠮᠳᠠᠳᠤ ᠣᠯᠤᠰ ᠤᠨ ᠲᠠᠶᠢᠸᠠᠨ᠂ ᠲᠤᠮᠳᠠᠳᠤ ᠣᠯᠤᠰ ᠤᠨ ᠰᠢᠶᠠᠩᠭᠠᠩ ᠵᠡᠷᠭᠡ ᠭᠠᠵᠠᠷ ᠤᠨ ᠲᠥᠯᠥᠭᠡᠯᠡᠭᠴᠢ ᠶᠢᠨ ᠰᠠᠶᠢᠨ ᠦᠨᠡᠯᠡᠯᠲᠡ ᠶᠢ ᠤᠯᠪᠡ᠃ ᠡᠭᠦᠨ ᠠᠴᠠ ᠭᠠᠳᠠᠨ᠎ᠠ ᠡᠷᠳᠡᠮ ᠰᠢᠨᠵᠢᠯᠡᠬᠡᠨ ᠤ ᠲᠠᠯ᠎ᠠ ᠪᠠᠷ ᠡᠯ᠎ᠡ ᠲᠦᠷᠦᠯ ᠤᠨ ᠲᠤᠬᠠᠢᠢᠯᠠᠬᠰᠠᠨ ᠠᠵᠢᠯ ᠤᠨ ᠰᠤᠳᠤᠯᠭᠠᠨ ᠤ ᠦᠬᠦᠯᠡᠯ ᠵᠤᠬᠢᠶᠠᠯ ᠵᠢᠴᠢ ᠨᠤᠮ ᠲᠡᠪᠳᠡᠷ ᠢ ᠬᠡᠪᠯᠡᠪᠡ᠃      ᠭᠤᠷᠪᠠ᠂ ᠰᠤᠶᠤᠯ ᠤᠨ ᠪᠦᠲᠦᠭᠡᠯᠴᠢ ᠠᠵᠤ ᠦᠢᠯᠡᠰ ᠢ ᠡᠷᠬᠢᠯᠡᠪᠡ     ᠣᠳᠣᠬᠠᠨ ᠳᠤ ᠣᠷᠳᠣᠰ ᠬᠦ᠋ᠷᠠᠯ ᠪᠠᠭᠠᠵᠢ ᠶᠢᠨ ᠮᠦᠽᠧᠶ ᠶᠢᠨ ᠰᠣᠶᠣᠯ ᠤᠨ ᠠᠵᠤ ᠦᠶ᠋ᠯᠡᠰ ᠤᠨ ᠳᠡᠯᠭᠡᠭᠦᠷ ᠲᠤ ᠰᠣᠶᠣᠯ ᠤᠨ ᠡᠭᠦᠳᠦᠯᠲᠡ ᠶᠢᠨ ᠦᠶ᠋ᠯᠡᠳᠬᠦᠨ᠂ ᠦᠨᠳᠦᠰᠦᠲᠡᠨ ᠤ ᠭᠠᠷ ᠤᠷᠠᠯᠠᠯ ᠤᠨ ᠪᠡᠯᠡᠭ᠂ ᠵᠤᠭᠠᠴᠠᠯ ᠤᠨ ᠳᠤᠷᠠᠰᠬᠠᠯ ᠤᠨ ᠡᠳ᠋᠂ ᠢᠮᠠᠭᠠᠨ ᠨᠤᠤᠯᠤᠭᠤᠷ ᠤᠨ ᠪᠦᠲᠦᠭᠡᠭᠳᠡᠬᠦᠨ᠂ ᠨᠣᠮ ᠪᠢᠴᠢᠭ᠂ ᠠᠮᠢᠳᠤᠷᠠᠯ ᠤᠨ ᠬᠡᠷᠡᠭᠰᠡᠯ᠂ ᠬᠡᠤᠬᠡᠳ ᠤᠨ ᠲᠣᠭᠯᠠᠭᠠᠮ ᠵᠡᠷᠭᠡ ᠶᠢ ᠪᠣᠷᠣᠯᠠᠭᠤᠯᠵᠤ ᠪᠣᠶ᠃ ᠮᠦᠽᠧᠶ ᠨᠢ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠶ᠋ᠯᠡᠰ ᠢ ᠦᠨᠳᠦᠰᠦᠯᠡᠨ ᠦᠵᠡᠰᠬᠦᠯᠡᠩ ᠰᠠᠶᠢᠬᠠᠨ ᠵᠢᠷᠤᠭ ᠲᠥᠯᠥᠪᠯᠡᠭᠡ ᠲᠠᠢ ᠰᠣᠶᠣᠯ ᠤᠨ ᠡᠭᠦᠳᠦᠯᠲᠡ ᠶᠢᠨ ᠦᠶ᠋ᠯᠡᠳᠬᠦᠨ ᠭᠠᠷᠭᠠᠵᠤ ᠪᠤᠷᠤᠯᠠᠭᠤᠯᠪᠠ᠃ 2014 ᠣᠨ ᠤ 11 ᠰᠠᠷ᠎ᠠ ᠳᠤ᠂ ᠣᠷᠳᠣᠰ ᠬᠦ᠋ᠷᠠᠯ ᠪᠠᠭᠠᠵᠢ ᠶᠢᠨ ᠮᠦᠽᠧᠶ ᠶᠢᠨ ᠰᠣᠶᠣᠯ ᠤᠨ ᠡᠭᠦᠳᠦᠯᠲᠡ ᠶᠢᠨ ᠦᠶ᠋ᠯᠡᠳᠬᠦᠨ ᠪᠤᠯᠬᠤ ᠵᠢᠮᠢᠰ ᠤᠨ ᠬᠢᠲᠤᠭ᠎ᠠ ᠰᠡᠷᠡᠭᠡ ᠨᠢ ᠵᠢᠷᠭᠤᠳᠤᠭᠠᠷ ᠬᠤᠭᠤᠴᠠᠭᠠᠨ ᠤ ᠮᠦᠽᠧᠶ ᠵᠢᠴᠢ ᠬᠤᠯᠪᠣᠭᠳᠠᠯ ᠪᠥᠬᠦᠶ ᠦᠶ᠋ᠯᠡᠳᠬᠦᠨ ᠬᠢᠭᠡᠳ ᠮᠡᠷᠭᠡᠵᠢᠯ ᠤᠨ ᠦᠵᠡᠰᠬᠦᠯᠡᠩ ᠤᠨ ᠴᠤᠭᠯᠠᠭᠠᠨ ᠤ ︽2014 ᠣᠨ ᠤ ᠳᠤᠮᠳᠠᠳᠤ ᠤᠯᠤᠰ ᠤᠨ ᠮᠦᠽᠧᠶ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠰᠢᠯᠢᠳᠡᠭ ᠱᠠᠩᠨᠠᠯ︾ ᠢ ᠭᠥᠷᠳᠡᠪᠡ᠃ 2017 ᠣᠨ ᠤ 9 ᠰᠠᠷ᠎ᠠ ᠳᠤ ︽ᠾᠦᠩᠨᠦ ᠶᠢᠨ ᠠᠯᠲᠠᠨ ᠲᠢᠲᠢᠮ ᠤᠨ ᠰᠢᠷᠢᠰ ᠴᠠᠢ ᠶᠢᠨ ᠰᠠᠪᠠ ᠬᠡᠷᠡᠭᠰᠡᠯ︾ ᠨᠢ ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠦᠨᠳᠦᠰᠦᠲᠡᠨ ᠤ ᠵᠤᠭᠠᠴᠠᠯ ᠤᠨ ᠲᠠᠸᠠᠷ ᠤᠨ ᠦᠵᠡᠰᠬᠦᠯᠡᠩ ᠪᠠ ᠦᠨᠳᠦᠰᠦᠲᠡᠨ ᠤ ᠣᠨᠴᠠᠯᠢᠭᠲᠤ ᠵᠤᠭᠠᠴᠠᠯ ᠤᠨ ᠲᠠᠸᠠᠷ ᠤᠨ ᠤᠷᠤᠯᠳᠤᠭᠠᠨ ᠳᠤ ᠮᠥᠩᠭᠦᠨ ᠱᠠᠩᠨᠠᠯ ᠭᠥᠷᠳᠡᠪᠡ᠃      ᠲᠦᠷᠪᠡ᠂ ᠤᠶᠤᠨᠲᠤ ᠮᠦᠽᠧᠶ ᠶᠢᠨ ᠪᠦᠲᠦᠭᠡᠨ ᠪᠠᠶᠢᠭᠤᠯᠤᠯᠲᠠ     ᠲᠣᠮᠣ ᠳ᠋ᠠᠶᠢᠲ᠋ᠠ ᠶᠢᠨ ᠴᠠᠭ ᠦᠶ᠎ᠡ ᠬᠦᠷᠴᠦ ᠢᠷᠡᠬᠦ ᠶᠢ ᠲᠠᠭᠠᠯᠳᠤᠨ ᠤᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠣᠷᠳᠣᠰ ᠬᠦ᠋ᠷᠠᠯ ᠪᠠᠭᠠᠵᠢ ᠶᠢᠨ ᠮᠦᠽᠧᠶ ᠲᠣᠭᠠᠴᠠᠯᠠᠭᠰᠠᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠢᠳᠡᠪᠬᠢᠲᠡᠶ ᠴᠢᠷᠮᠠᠶᠢᠯᠭ᠎ᠠ ᠭᠠᠷᠭᠠᠪᠠ᠃ 360VR ᠮᠡᠷᠭᠡᠵᠢᠯ ᠢ ᠬᠡᠷᠡᠭᠯᠡᠵᠦ᠂ ᠦᠵᠡᠭᠴᠢᠳ ᠲᠤ ᠬᠡᠶᠢᠰᠪᠦᠷᠢ ᠠᠬᠤᠶ ᠲᠠᠯᠠᠪᠠᠶ ᠶᠢᠨ ᠲᠣᠭᠠᠴᠠᠯᠠᠭᠰᠠᠨ ᠦᠶ᠋ᠯᠡᠴᠢᠯᠡᠭᠡ ᠬᠠᠨᠭ᠍ᠭᠠᠵᠤ᠂ ᠦᠵᠡᠭᠴᠢᠳ ᠰᠦᠯᠵᠢᠶ᠎ᠡ ᠠᠴᠠ ᠦᠵᠡᠰᠬᠦᠯᠡᠩ ᠢ ᠴᠢᠯᠥᠭᠡᠲᠡᠶ ᠲᠣᠭᠤᠷᠢᠨ ᠦᠵᠡᠵᠦ ᠪᠣᠯᠤᠨ᠎ᠠ᠃   ᠣᠯᠠᠨ ᠨᠡᠶᠢᠲᠡ ᠶᠢᠨ ᠵᠢᠷᠬᠢᠶ᠎ᠡ ᠶᠢᠨ ᠲᠠᠪᠴᠠᠩ ᠳᠡᠭᠡᠷ᠎ᠡ ᠭᠠᠷ ᠤᠲᠠᠰᠤ ᠪᠠᠷ ᠰᠣᠨᠣᠰᠴᠤ ᠲᠠᠶᠢᠯᠪᠤᠷᠢᠯᠠᠬᠤ ᠦᠢᠯᠡᠴᠢᠯᠡᠭᠡᠨ ᠤ ᠪᠤᠯᠤᠩ ᠭᠠᠷᠭᠠᠵᠤ ᠦᠵᠡᠭᠴᠢᠳ ᠲᠤ ᠨᠡᠩ ᠲᠦᠭᠦᠮ ᠲᠦᠳᠡ ᠦᠢᠯᠡᠴᠢᠯᠡᠭᠡ ᠬᠠᠨᠭ᠍ᠭᠠᠬᠰᠠᠨ ᠪᠠᠶᠢᠨ᠎ᠠ᠃             
ᠢᠷᠡᠯᠲᠡ᠄ ᠤᠷᠳᠤᠰ ᠤᠨ ᠡᠳᠦᠷ ᠤᠨ ᠰᠤᠨᠢᠨ