ᠣᠷᠳᠣᠰ ᠬᠤᠲᠠ ᠶᠢᠨ ᠠᠩᠬᠠᠳᠠᠭᠴᠢ ︽ᠨᠡᠶᠢᠭᠡᠮ ᠲᠣᠭᠤᠷᠢᠭ ᠲᠤ ᠵᠠᠯᠠᠷᠠᠭᠤᠯᠬᠤ ᠪᠠᠶᠢᠴᠠᠭᠠᠭᠴᠢ ᠶᠢᠨ ᠠᠯᠪᠠᠨ ᠭᠡᠷ︾ ᠳ᠋ᠦᠩᠱᠧᠩ ᠳᠤᠭᠤᠷᠢᠭ ᠲᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/11/15
      11 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠣᠷᠳᠣᠰ ᠬᠤᠲᠠ ᠶᠢᠨ ᠠᠩᠬᠠᠳᠠᠭᠴᠢ ︽ᠨᠡᠶᠢᠭᠡᠮ ᠲᠣᠭᠤᠷᠢᠭ ᠲᠤ ᠵᠠᠯᠠᠷᠠᠭᠤᠯᠬᠤ ᠪᠠᠶᠢᠴᠠᠭᠠᠭᠴᠢ ᠶᠢᠨ ᠠᠯᠪᠠᠨ ᠭᠡᠷ︾ ᠳ᠋ᠦᠩᠱᠧᠩ ᠲᠣᠭᠤᠷᠢᠭ ᠤᠨ ᠬᠠᠤᠯᠢ ᠴᠠᠭᠠᠵᠠ ᠶᠢᠨ ᠳᠤᠪᠴᠢᠶᠠᠨ  ᠤ ᠨᠡᠶᠢᠭᠡᠮ ᠲᠣᠭᠤᠷᠢᠭ ᠲᠤ ᠵᠠᠯᠠᠷᠠᠭᠤᠯᠬᠤ ᠲᠥᠪ ᠫᠠᠶᠢᠰᠠ ᠡᠯᠬᠦᠵᠤ ᠵᠢᠩᠬᠢᠨᠢ ᠪᠠᠷ ᠪᠠᠶᠢᠭᠤᠯᠤᠭᠳᠠᠪᠠ᠃      ᠨᠡᠶᠢᠭᠡᠮ ᠲᠣᠭᠤᠷᠢᠭ ᠲᠤ ᠵᠠᠯᠠᠷᠠᠭᠤᠯᠬᠤ ᠪᠠᠶᠢᠴᠠᠭᠠᠭᠴᠢ ᠶᠢᠨ ᠠᠯᠪᠠᠨ ᠭᠡᠷ ᠢ ᠪᠠᠶᠢᠭᠤᠯᠬᠤ ᠨᠢ ᠡᠷᠡᠭᠦᠦ ᠶᠢᠨ ᠬᠡᠷᠡᠭ ᠤᠨ ᠰᠢᠳᠬᠡᠯ ᠢ ᠬᠡᠷᠡᠭᠵᠢᠬᠦᠯᠬᠦ ᠪᠠᠶᠢᠴᠠᠭᠠᠯᠳᠠ ᠶᠢᠨ ᠠᠵᠢᠯ ᠪᠣᠯᠣᠨ ᠨᠡᠶᠢᠭᠡᠮ ᠲᠣᠭᠤᠷᠢᠭ ᠲᠤ ᠵᠠᠯᠠᠷᠠᠭᠤᠯᠬᠤ ᠠᠵᠢᠯ ᠢ ᠬᠠᠷᠢᠯᠴᠠᠨ  ᠠᠭᠤᠰᠤᠯᠴᠠᠭᠤᠯᠤᠭᠰᠠᠨ ᠴᠢᠬᠤᠯᠠ ᠲᠤᠷᠰᠢᠯᠲᠠ ᠮᠥᠨ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠳᠤᠪᠴᠢᠶᠠᠨ ᠤ ᠡᠭᠦᠷᠭᠡ  ᠴᠢᠳᠠᠪᠬᠢ ᠶᠢ ᠨᠡᠩ ᠰᠠᠶᠢᠲᠤᠷ ᠪᠠᠳᠠᠷᠠᠭᠤᠯᠬᠤ ᠳᠤ ᠠᠰᠢᠭᠲᠠᠢ ᠦᠢᠯᠡᠳᠦᠯᠭᠡ ᠮᠥᠨ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠳᠤᠷᠰᠢᠯᠳᠠ ᠶᠢᠨ ᠴᠢᠭ  ᠤᠨ ᠠᠵᠢᠯ ᠢ ᠠᠬᠢᠭᠤᠯᠬᠤ ᠢᠳᠡᠪᠬᠢᠲᠡᠢ ᠰᠦᠪᠡᠭᠴᠢᠯᠡᠯᠲᠡ ᠮᠥᠨ᠂ ᠨᠡᠩ ᠴᠤ ᠬᠢᠨᠠᠯᠲᠠ ᠲᠠᠯᠪᠢᠬᠤ ᠪᠣᠭᠤᠮᠲᠠ ᠶᠢ ᠤᠷᠢᠳᠴᠢᠯᠠᠭᠤᠯᠬᠤ᠂ ᠠᠵᠢᠯ ᠤᠨ ᠬᠦᠷᠢᠶ᠎ᠡ ᠶᠢ ᠤᠷᠲᠤᠳᠬᠠᠬᠤ᠂ ᠬᠥᠮᠥᠨ ᠤ ᠡᠷᠬᠡ ᠶᠢᠨ ᠬᠠᠤᠯᠢ ᠶᠢᠨ ᠪᠠᠲᠤᠯᠠᠭ᠎ᠠ ᠶᠢ ᠴᠢᠩᠭᠠᠳᠬᠠᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠳ᠋ᠦᠩᠱᠧᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠨᠢ ᠨᠡᠶᠢᠭᠡᠮ ᠲᠣᠭᠤᠷᠢᠭ ᠲᠤ ᠵᠠᠯᠠᠷᠠᠭᠤᠯᠬᠤ ᠪᠠᠶᠢᠴᠠᠭᠠᠭᠴᠢ ᠶᠢᠨ ᠠᠯᠪᠠᠨ ᠭᠡᠷ ᠲᠤ  ᠲᠦᠰᠢᠭᠯᠡᠨ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠢ ᠦᠨᠳᠤᠷᠵᠢᠬᠦᠯᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠠᠠᠳᠠᠷᠠᠭᠤᠯᠤᠨ᠂ ᠳᠦᠷᠢᠮ ᠳᠤᠭᠳᠠᠭᠠᠯ ᠢᠶᠠᠨ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠲᠣᠪᠴᠢᠶ᠎ᠠ᠂ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠳᠤᠪᠴᠢᠶ᠎ᠠ ᠵᠡᠷᠭᠡ ᠨᠢᠬᠡᠴᠡ ᠲᠠᠢ ᠬᠤᠯᠪᠤᠭᠠᠯᠠᠨ ᠬᠦᠳᠡᠯᠦᠯᠴᠡᠬᠦ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠳᠦᠷ ᠲᠤᠳᠤᠮ ᠤᠨ ᠪᠠᠶᠢᠴᠠᠭᠠᠯᠳᠠ ᠪᠠ ᠳᠤᠮᠢᠯᠠᠨ ᠰᠠᠭᠤᠵᠤ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠬᠡᠭᠰᠢᠯᠡᠬᠦᠯᠦᠨ᠂ ᠳ᠋ᠦᠩᠱᠧᠩ ᠤᠨ ᠦᠯᠢᠭᠡᠷ ᠬᠡᠪ ᠢ ᠪᠤᠢ ᠪᠣᠯᠭᠠᠵᠤ᠂ ᠨᠡᠶᠢᠭᠡᠮ ᠲᠣᠭᠤᠷᠢᠭ ᠲᠤ ᠵᠠᠯᠠᠷᠠᠭᠤᠯᠬᠤ ᠶᠢᠨ ᠬᠠᠤᠯᠢ ᠴᠠᠭᠠᠵᠠ ᠶᠢᠨ ᠬᠢᠨᠠᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠦᠷᠨᠢᠬᠦᠯᠦᠨ᠂ ᠡᠷᠡᠭᠦᠦ ᠶᠢᠨ ᠰᠢᠳᠬᠡᠯ ᠢ ᠬᠡᠷᠡᠭᠵᠢᠬᠦᠯᠬᠦ ᠪᠠᠶᠢᠴᠠᠭᠠᠯᠳᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠩ ᠲᠥᠪ ᠭᠤᠣᠯᠴᠢ ᠥᠨᠳᠥᠷ ᠪᠦᠲᠦᠮᠵᠢᠲᠡᠶ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠠᠶᠢᠭᠤᠯᠬᠤ ᠳᠤ ᠪᠠᠶᠢᠴᠠᠭᠠᠬᠤ  ᠬᠤᠷᠢᠶᠠᠨ ᠤ ᠬᠦᠴᠦᠨ ᠢᠶᠠᠨ ᠨᠡᠮᠡᠷᠢᠯᠡᠪᠡ᠃
ᠢᠷᠡᠯᠲᠡ᠄ ᠲᠤᠰ ᠰᠦᠯᠵᠢᠶ᠎ᠠ