ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
ᠨᠡᠶᠢᠲᠡᠯᠡᠭᠰᠡᠨ ᠴᠠᠭ᠄
2022/11/18
ᠨᠢᠬᠡ᠂ ᠳᠤᠰᠢᠶᠠᠯ ᠬᠠᠷᠢᠭᠤᠴᠠᠯᠭ᠎ᠠ ᠶᠢᠨ ᠲᠣᠬᠢᠷᠠᠭᠤᠯᠤᠯᠲᠠ      ᠶᠡᠷᠦᠩᠬᠡᠶᠢᠯᠡᠭᠰᠡᠨ ᠦᠢᠯᠡᠴᠢᠯᠡᠭᠡ᠂ ᠨᠠᠷᠢᠨ ᠪᠢᠴᠢᠬᠡᠴᠢ ᠶᠢᠨ ᠬᠠᠮᠢᠶᠠᠷᠤᠯᠳᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠬᠢᠳᠠᠯ ᠰᠤᠷᠪᠤᠯᠵᠢᠯᠠᠭ᠎ᠠ ᠪᠠ ᠱᠠᠭᠠᠷᠳᠠᠨ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠨ᠎ᠠ᠃ ᠬᠤᠶᠠᠷ᠂ ᠭᠤᠣᠯ ᠳᠤᠰᠢᠶᠠᠯ ᠬᠠᠷᠢᠭᠤᠴᠠᠯᠭ᠎ᠠ      ︵ᠨᠢᠭᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠮᠵᠢᠨ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠤᠬᠢᠶᠠᠨ ᠪᠠᠶᠢᠭᠤᠯᠤᠨ ᠳᠤᠭᠤᠷᠪᠢᠬᠤ ᠪᠠ ᠬᠢᠨᠠᠨ ᠬᠠᠷᠭᠤᠭᠤᠯᠵᠤ᠂ ᠡᠯ᠎ᠡ ᠰᠠᠯᠠᠭ᠎ᠠ ᠮᠥᠴᠢᠷ ᠤᠨ ᠠᠯᠪᠠᠨ ᠪᠢᠴᠢᠭ ᠢ ᠰᠢᠶᠳᠪᠦᠷᠢᠯᠡᠬᠦ ᠠᠵᠢᠯ ᠢ ᠪᠠᠶᠢᠴᠠᠭᠠᠨ ᠵᠢᠯᠣᠭᠤᠳᠤᠨ᠎ᠠ︔ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ  ᠤᠨ ᠢᠯᠡᠳᠬᠡᠯ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠳᠤᠭᠤᠷᠪᠢᠨ᠎ᠠ᠃      ︵ᠬᠤᠶᠠᠷ︶ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠷᠠᠯ ᠢ ᠵᠣᠬᠢᠶᠠᠨ ᠪᠠᠶᠢᠭᠤᠯᠤᠨ ᠪᠡᠯᠡᠳᠬᠡᠬᠦ ᠪᠠ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠬᠤ ᠶᠢᠨ ᠬᠠᠮᠲᠤ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠮᠵᠢᠨ ᠵᠠᠰᠠᠭ ᠤᠨ ᠣᠷᠳᠣᠨ ᠤ ᠬᠤᠷᠠᠯ ᠠᠴᠠ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠬᠠᠷ᠎ᠠ ᠶᠢ ᠰᠢᠶᠳᠪᠦᠷᠢᠯᠡᠬᠦ᠂ ᠳᠠᠩᠰᠠ ᠡᠪᠬᠡᠮᠡᠯ ᠤᠨ ᠬᠠᠮᠢᠶᠠᠷᠤᠯᠲᠠ ᠪᠣᠯᠤᠨ ᠨᠢᠭᠤᠴᠠ ᠮᠠᠲ᠋ᠧᠷᠢᠶᠠᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃      ︵ᠭᠤᠷᠪᠠ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠰᠠᠨᠠᠯ ᠳᠤᠷᠠᠳᠴᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠬᠦᠯᠦᠨ ᠬᠢᠨᠠᠨ ᠵᠦᠪᠰᠢᠶᠡᠷᠡᠬᠦᠯᠦᠨ᠎ᠡ᠃      ︵ᠳᠥᠷᠪᠡ︶ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠪᠤᠶᠤ ᠪᠢᠴᠢᠭ ᠮᠠᠲ᠋ᠧᠷᠢᠶᠠᠯ ᠢ ᠭᠦᠢᠴᠡᠳᠬᠡᠬᠦ ᠬᠡᠷᠡᠭᠴᠡᠭᠡ ᠶᠢ ᠦᠨᠳᠦᠰᠦᠯᠡᠨ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠠᠷᠭᠤᠭᠠᠨ ᠲᠠᠢ ᠠᠰᠠᠭᠤᠳᠠᠯ ᠳᠤ ᠰᠢᠢᠳᠪᠤᠷᠢᠯᠡᠬᠦ ᠰᠠᠨᠠᠯ ᠳᠤᠷᠠᠳᠴᠤ᠂ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠨ᠎ᠠ︔ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠮᠵᠢᠨ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ  ᠠᠴᠠ ᠰᠢᠭᠤᠳ ᠰᠢᠢᠳᠪᠤᠷᠢᠯᠡᠬᠦ ᠴᠢᠬᠤᠯᠠᠳᠠᠢ ᠭᠡᠨᠡᠳᠲᠡ ᠶᠢᠨ ᠬᠡᠷᠡᠭ ᠵᠢᠴᠢ ᠴᠢᠬᠤᠯᠠ ᠶᠡᠭᠡ ᠵᠦᠢᠯᠡᠰ ᠢ ᠵᠤᠬᠢᠶᠠᠨ ᠪᠠᠶᠢᠭᠤᠯᠤᠨ ᠰᠢᠶᠳᠪᠦᠷᠢᠯᠡᠨ᠎ᠡ᠃      ︵ᠲᠠᠪᠤ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠤᠨ ᠲᠣᠭᠲᠠᠭᠠᠯ᠂ ᠤᠳᠤᠷᠢᠳᠤᠯᠭ᠎ᠠ ᠶᠢᠨ ᠴᠣᠬᠤᠯᠠᠪᠤᠷᠢ᠂ ᠲᠣᠭᠤᠷᠢᠭ ᠤᠨ ᠳᠠᠷᠤᠭ᠎ᠠ ᠶᠢᠨ ᠬᠠᠯᠠᠮᠰᠢᠯ ᠤᠲᠠᠰᠤ ᠪᠠᠷ ᠲᠤᠰᠬᠠᠭᠰᠠᠨ  ᠵᠦᠢᠯᠡᠰ ᠢ ᠬᠦᠢᠴᠡᠳᠬᠡᠭᠰᠡᠨ ᠵᠡᠷᠭᠡ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠪᠤᠶᠤ ᠮᠥᠷᠳᠡᠨ ᠪᠠᠶᠢᠴᠠᠭᠠᠬᠤ ᠶᠢᠨ ᠬᠠᠮᠲᠤ᠂ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠬᠠᠷᠢᠭᠤ ᠮᠡᠳᠡᠬᠦᠯᠦᠨ᠎ᠡ᠃      ︵ᠵᠢᠷᠭᠤᠭ᠎ᠠ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ᠂ ᠰᠠᠨᠠᠯ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠶᠴᠡᠳᠬᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠶᠢᠨ ᠬᠠᠮᠲᠤ ᠵᠠᠷᠢᠮ ᠰᠠᠨᠠᠭᠤᠯᠭ᠎ᠠ ᠪᠠ ᠰᠠᠨᠠᠯ ᠳᠤᠷᠠᠳᠤᠯᠭ᠎ᠠ ᠳᠤ ᠬᠠᠷᠢᠭᠤᠯᠳᠠ ᠦᠭᠬᠦ ᠠᠵᠢᠯ ᠢ ᠡᠭᠦᠷᠭᠡᠯᠡᠨ᠎ᠡ᠃      ︵ᠳᠣᠯᠤᠭ᠎ᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠯᠡᠬᠦ᠂ ᠳᠠᠮᠵᠢᠭᠤᠯᠬᠤ ᠵᠡᠷᠭᠡ ᠠᠵᠢᠯ ᠢ ᠬᠠᠷᠢᠭᠤᠴᠠᠵᠤ᠂ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠪᠤᠶᠤ ᠠᠵᠢᠯ ᠤᠨ ᠬᠡᠷᠡᠭᠴᠡᠭᠡ ᠶᠢ ᠦᠨᠳᠦᠰᠦᠯᠡᠨ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠵᠦ᠂ ᠤᠳᠤᠷᠢᠳᠤᠯᠭ᠎ᠠ ᠶᠢᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ︔ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠠᠯᠪᠠᠨ ᠰᠦᠯᠵᠢᠶᠡᠨ ᠤ ᠥᠷᠲᠡᠭᠡ ᠶᠢ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠨᠠᠶᠮᠠ︶ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠬᠡᠷᠡᠭᠵᠢᠬᠦᠯᠦᠨ᠎ᠡ︔ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠵᠠᠰᠠᠪᠤᠷᠢ ᠣᠷᠣᠭᠤᠯᠵᠤ᠂ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠂ ᠪᠦᠬᠦ ᠳᠤᠭᠤᠷᠢᠭ   ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ︔ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠ᠊ ᠤ ᠳᠠᠬᠢᠨ ᠵᠦᠪᠯᠡᠬᠦ ᠬᠡᠷᠡᠭ ᠪᠠ ᠵᠠᠰᠠᠭ ᠵᠠᠬᠢᠷᠭᠠᠨ ᠤ ᠵᠠᠷᠭᠤ ᠶᠢᠨ ᠤᠴᠢᠷ ᠶᠠᠪᠤᠳᠠᠯ ᠢ ᠬᠠᠷᠢᠭᠤᠴᠠᠨ᠎ᠠ᠃      ︵ᠶᠢᠰᠦ︶ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠶᠡᠷᠦᠩᠬᠡᠶ ᠵᠢᠵᠢᠬᠦᠷᠯᠡᠬᠦ ᠠᠵᠢᠯ ᠢ ᠬᠠᠷᠢᠭᠤᠴᠠᠵᠤ᠂ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠬᠠᠮᠢᠶ᠎ᠠ ᠪᠦᠬᠦᠢ ᠤᠴᠢᠷ ᠢ ᠬᠠᠮᠵᠢᠨ ᠰᠢᠶᠳᠪᠦᠷᠢᠯᠡᠨ᠎ᠡ︔ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠵᠢᠯᠣᠭᠤᠳᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠵᠡᠷᠭᠡ ᠠᠵᠢᠯ ᠢ ᠥᠷᠨᠢᠭᠦᠯᠦᠨ᠎ᠡ᠃      ︵ᠠᠷᠪᠠ︶ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠬᠤᠷᠠᠯ ᠤᠨ ᠮᠠᠲ᠋ᠧᠷᠢᠶᠠᠯ ᠢ ᠣᠷᠴᠢᠭᠤᠯᠬᠤ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠶᠢ ᠬᠢᠨᠠᠨ ᠵᠥᠪᠰᠢᠶᠡᠷᠡᠬᠦ᠂ ᠭᠠᠳᠠᠭᠠᠳᠤ ᠶᠠᠪᠤᠳᠠᠯ ᠤᠨ ᠬᠦᠯᠢᠶᠡᠨ ᠠᠪᠬᠤ ᠪᠠ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢ ᠠᠵᠢᠯ ᠤᠨ ᠳᠤᠬᠠᠢ ᠬᠠᠮᠢᠶ᠎ᠠ ᠪᠦᠬᠦᠢ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠵᠢᠴᠢ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ᠂ ᠳᠠᠮᠵᠢᠭᠤᠯᠤᠨ ᠭᠦᠢᠴᠡᠳᠬᠡᠯᠭᠡᠬᠦ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠭᠦᠢᠴᠡᠳᠬᠡᠵᠦ᠂ ᠤᠳᠤᠷᠢᠳᠤᠯᠭ᠎ᠠ ᠶᠢᠨ ᠬᠦᠢᠴᠡᠳᠬᠡᠬᠦ ᠶᠢ ᠵᠦᠪᠰᠢᠶᠡᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠷᠢᠭᠤᠴᠠᠨ ᠰᠢᠶᠳᠪᠦᠷᠢᠯᠡᠨ᠎ᠡ᠃      ︵ᠠᠷᠪᠠᠨ ᠭᠤᠷᠪᠠ︶ ᠠᠷᠠᠳ ᠣᠯᠠᠨ ᠤ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ᠂ ᠤᠲᠠᠰᠤ ᠶᠢ ᠬᠦᠯᠢᠶᠡᠨ ᠠᠪᠴᠤ ᠰᠢᠢᠳᠪᠤᠷᠢᠯᠡᠵᠤ᠂ ᠡᠯ᠎ᠡ ᠰᠠᠯᠠᠭ᠎ᠠ ᠮᠥᠴᠢᠷ ᠪᠠ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠤᠬᠢᠴᠠᠭᠤᠯᠤᠨ ᠵᠢᠯᠤᠭᠤᠳᠴᠤ ᠪᠠᠶᠢᠭᠠᠳ᠂ ᠲᠤᠰᠢᠶᠠᠨ ᠰᠢᠶᠳᠪᠦᠷᠢᠯᠡᠭᠦᠯᠦᠭᠰᠡᠨ᠂ ᠰᠢᠯᠵᠢᠭᠦᠯᠦᠨ ᠰᠢᠶᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠶᠳᠪᠦᠷᠢᠯᠡᠭᠰᠡᠨ ᠪᠠᠶᠢᠳᠠᠯ ᠢ ᠱᠠᠯᠠᠪᠳᠠᠨ ᠪᠠᠶᠢᠴᠠᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃      ︵ᠠᠷᠪᠠᠨ ᠳᠥᠷᠪᠡ︶ ᠣᠷᠣᠨ ᠪᠦᠰᠡ᠂ ᠰᠠᠯᠠᠭ᠎ᠠ ᠮᠥᠴᠢᠷ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠣᠯᠠᠨ ᠲᠦᠮᠡᠨ ᠤ ᠪᠡᠭᠡᠵᠢᠩ ᠳᠤ ᠣᠴᠢᠭᠰᠠᠨ᠂ ᠥᠪᠡᠷᠲᠡᠭᠡᠨ ᠵᠠᠰᠠᠬᠤ ᠣᠷᠣᠨ᠂ ᠬᠤᠲᠠ ᠳᠤ ᠬᠦᠷᠴᠦ ᠳᠡᠭᠡᠭᠰᠢ ᠰᠤᠷᠪᠤᠯᠵᠢᠯᠠᠭ᠎ᠠ ᠬᠢᠭᠰᠡᠨ ᠬᠡᠷᠡᠭ ᠪᠣᠯᠤᠨ ᠪᠦᠯᠦᠭᠯᠡᠯ ᠤᠨ ᠴᠢᠨᠠᠷᠳᠠᠢ ᠭᠡᠨᠡᠳᠲᠡ ᠶᠢᠨ ᠴᠢᠨᠠᠷᠲᠠᠶ ᠬᠡᠷᠡᠭ ᠵᠢᠴᠢ ᠣᠯᠠᠨ ᠲᠦᠮᠡᠨ ᠤ ᠳᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ  ᠳᠤ ᠢᠷᠡᠵᠦ ᠬᠠᠮᠲᠤ ᠪᠠᠷ ᠰᠤᠷᠪᠤᠯᠵᠢᠯᠠᠭᠰᠠᠨ ᠬᠡᠷᠡᠭ ᠢ ᠵᠣᠬᠢᠴᠠᠭᠤᠯᠤᠨ ᠰᠢᠢᠳᠪᠤᠷᠢᠯᠡᠨ᠎ᠡ︔ ᠴᠢᠬᠤᠯᠠ ᠬᠡᠷᠡᠭ ᠲᠤ ᠬᠢᠨᠠᠯᠲᠠ ᠳᠠᠯᠪᠢᠬᠤ ᠶᠢ ᠬᠡᠷᠡᠭᠵᠢᠬᠦᠯᠵᠤ᠂ ᠭᠤᠷᠪᠠᠨ ᠵᠦᠢᠯ ᠤᠨ ︽ᠰᠠᠨᠠᠭᠤᠯᠭ᠎ᠠ ᠭᠠᠷᠭᠠᠬᠤ ᠡᠷᠬᠡ︾ ︵ᠠᠵᠢᠯ ᠢᠶᠠᠨ ᠰᠠᠶᠢᠵᠢᠷᠠᠭᠤᠯᠬᠤ ᠰᠠᠨᠠᠭᠤᠯᠭ᠎ᠠ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ ᠠᠰᠠᠭᠤᠳᠠᠯ ᠢ ᠰᠢᠢᠳᠪᠦᠷᠢᠯᠡᠬᠦ ᠰᠠᠨᠠᠭᠤᠯᠭ᠎ᠠ᠂ ᠵᠠᠰᠠᠭ ᠵᠠᠬᠢᠷᠭᠠᠨ ᠤ ᠰᠢᠳᠬᠡᠯ ᠥᠭᠬᠦ ᠰᠠᠨᠠᠭᠤᠯᠭ᠎ᠠ︶ ᠶᠢ ᠰᠠᠶᠢᠲᠤᠷ ᠭᠦᠢᠴᠡᠳᠬᠡᠨ᠎ᠡ᠃      ︵ᠠᠷᠪᠠᠨ ᠲᠠᠪᠤ︶ ᠡᠳ᠋ ᠤᠨ ᠶᠠᠪᠤᠳᠠᠯ᠂ ᠲᠡᠷᠭᠡ ᠬᠥᠰᠬᠡ᠂ ᠡᠳ᠋ ᠪᠤᠳᠠᠰ ᠵᠡᠷᠭᠡ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃      ︵ᠠᠷᠪᠠᠨ ᠵᠢᠷᠭᠤᠭ᠎ᠠ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠬᠦᠢᠴᠡᠳᠬᠡᠯᠬᠡᠭᠰᠡᠨ ᠪᠤᠰᠤᠳ ᠵᠦᠢᠯ ᠤᠳ ᠢ ᠳᠠᠭᠠᠭᠠᠨ ᠭᠦᠢᠴᠡᠳᠬᠡᠨ᠎ᠡ᠃ ᠠᠵᠢᠯᠯᠠᠬᠤ ᠭᠠᠵᠠᠷ᠄ ᠳ᠋ᠦᠩᠱᠧᠩ ᠲᠣᠭᠤᠷᠢᠭ ᠤᠨ ᠣᠲᠤᠭ ᠪᠠᠷᠠᠭᠤᠨ ᠵᠡᠭᠡᠯᠢ ᠶᠢᠨ 77 ᠳ᠋ᠤᠭᠠᠷ ᠨᠣᠮᠧᠷᠲᠤ ᠨᠠᠮ ᠵᠠᠰᠠᠭ ᠤᠨ ᠲᠣᠮᠣ ᠠᠰᠠᠷ ᠠᠵᠢᠯᠯᠠᠬᠤ ᠴᠠᠭ᠄ ᠡᠪᠦᠯ ᠤᠨ ᠤᠯᠠᠷᠢᠯ ᠤᠨ 8᠄ 30 —12᠄ 00  2᠄ 30 — 5᠄ 30 ᠵᠤᠨ ᠤ ᠤᠯᠠᠷᠢᠯ ᠤᠨ 8᠄ 30 — 12᠄ 00  3᠄ 00 — 6᠄ 00 ᠬᠠᠷᠢᠯᠴᠠᠬᠤ ᠤᠲᠠᠰᠤ᠄ 0477 — 8381637
ᠢᠷᠡᠯᠲᠡ᠄ ᠳᠤᠰ ᠰᠦᠯᠵᠢᠶ᠎ᠡ