ᠬᠠᠨ ᠲᠤᠸ ᠲᠦᠷᠭᠡᠨ ᠬᠦᠷᠭᠡᠯᠳᠡ ᠶᠢᠨ ᠪᠠᠷᠠᠭᠠᠨ ᠤ ᠭᠦᠢᠯᠭᠡᠭᠡ ᠪᠠ ᠨᠡᠭᠦᠷᠡᠰᠦᠨ ᠤ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/11/22
     11 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠤᠷᠢᠳ ᠬᠤᠵᠢᠳ ᠣᠷᠳᠣᠰ ᠬᠤᠲᠠ ᠶᠢᠨ ᠸᠠᠨ ᠵᠢᠢ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠥᠪ ᠲᠤ ᠭᠦᠨᠵᠡᠭᠡᠶᠢᠷᠡᠵᠦ᠂ ᠣᠷᠳᠣᠰ ᠬᠤᠲᠠ ᠶᠢᠨ ᠬᠤᠩ ᠶᠧ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠳ᠋ᠦᠩᠱᠧᠩ ᠲᠣᠭᠤᠷᠢᠭ ᠤᠨ ᠷᠦᠨ ᠳ᠋ᠡ ᠪᠠᠷᠠᠭᠠᠨ ᠤ ᠭᠦᠢᠯᠭᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ ᠣᠷᠳᠣᠰ ᠬᠤᠲᠠ ᠶᠢᠨ ᠬᠤᠪᠢᠶᠠᠷᠢ ᠺᠣᠮᠫᠠᠨᠢ᠂ ᠣᠷᠳᠣᠰ ᠬᠤᠲᠠ ᠶᠢᠨ ᠰᠢ ᠾᠧ ᠸᠠᠨ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠦᠩ ᠶᠦᠨ ᠳ᠋ᠡ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠤᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠪᠠ ᠨᠡᠭᠦᠷᠡᠰᠦᠨ ᠤ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠃     ᠬᠠᠨ ᠲᠤᠸ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠪᠠ ᠠᠶᠠᠨᠴᠢᠨ ᠤ ᠪᠢᠳᠡᠬᠦᠮᠵᠢᠯᠡᠭᠰᠡᠨ ᠬᠠᠮᠢᠶᠠᠷᠤᠯᠲᠠ᠂ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠡᠳ᠋ ᠪᠠᠷᠠᠭ᠎ᠠ ᠪᠠ ᠣᠷᠴᠢᠨ ᠠᠬᠤᠢ ᠶᠢ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠭᠰᠠᠨ ᠪᠥᠭᠡᠳ ᠲᠦᠷᠭᠡᠨ ᠬᠦᠷᠭᠡᠯᠲᠡ ᠶᠢᠨ ᠠᠵᠢᠯ᠂ ᠪᠠᠷᠠᠭᠠᠨ ᠤ ᠭᠦᠢᠯᠭᠡᠭᠡ᠂ ᠨᠡᠭᠦᠷᠡᠰᠦ ᠵᠡᠷᠭᠡ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃     ᠬᠠᠨ ᠲᠤᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂            ︽ᠬᠥᠮᠥᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠨ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ︽ᠭᠠᠳᠠᠨ᠎ᠠ ᠠᠴᠠ ᠤᠷᠤᠭᠤᠯᠬᠤ ᠶᠢ ᠰᠡᠷᠭᠡᠶᠢᠯᠡᠬᠦ︾ ᠪᠣᠭᠤᠮᠲᠠ ᠶᠢ ᠡᠷᠡᠰ ᠪᠠᠲᠤ ᠰᠠᠬᠢᠬᠤ ᠬᠡᠷᠡᠭᠲᠡᠢ᠃ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠲᠦᠷᠭᠡᠨ ᠬᠦᠷᠬᠡᠯᠳᠡ ᠶᠢᠨ ᠪᠠᠷᠠᠭᠠᠨ ᠤ ᠭᠦᠢᠯᠭᠡᠭᠡ ᠪᠣᠯᠣᠨ ᠨᠡᠬᠦᠷᠡᠰᠦᠨ ᠤ ᠳᠡᠭᠡᠭᠡᠪᠤᠷᠢ ᠶᠢᠨ ᠠᠵᠢᠯ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠭᠡᠨ ᠬᠦᠷᠭᠡᠯᠳᠡ᠂ ᠲᠡᠷᠭᠡ ᠬᠥᠰᠬᠡ᠂ ᠣᠷᠴᠢᠨ ᠲᠣᠭᠤᠷᠢᠨ ᠤ ᠠᠷᠢᠭᠤᠳᠬᠠᠬᠤ ᠠᠵᠢᠯ ᠢ ᠴᠢᠩᠭ᠎ᠠ ᠨᠢᠮᠪᠠᠢ ᠰᠠᠶᠢᠲᠤᠷ ᠬᠢᠬᠦ ᠬᠡᠷᠡᠭᠲᠡᠢ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠤᠨ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠦᠷᠭᠡᠨ ᠬᠦᠷᠭᠡᠯᠳᠡ᠂ ᠡᠳ᠋ ᠪᠠᠷᠠᠭ᠎ᠠ᠂ ᠨᠡᠭᠦᠷᠡᠰᠦ ᠵᠡᠷᠭᠡ ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠢᠯᠣᠭᠤᠴᠢ ᠶᠢᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠤᠨ᠂ ᠬᠥᠮᠦᠯᠢᠭ ᠨᠡᠶᠢᠬᠡᠮ ᠤᠨ ᠬᠠᠯᠠᠮᠵᠢᠯᠠᠯ ᠪᠠ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠠᠮᠤᠷ ᠲᠦᠪᠰᠢᠨ ᠢᠶᠠᠷ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠠᠵᠢᠯ ᠤᠶᠢᠯᠡᠰ ᠡᠷᠬᠢᠯᠡᠭᠰᠡᠳ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ   ᠵᠠᠮ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠵᠤ᠂ ᠲᠦᠷᠭᠡᠨ ᠬᠦᠷᠭᠡᠯᠳᠡ ᠶᠢᠨ ᠪᠠᠷᠠᠭᠠᠨ ᠤ ᠭᠦᠢᠯᠭᠡᠭᠡ᠂ ᠨᠡᠭᠦᠷᠡᠰᠦ ᠲᠡᠭᠡᠭᠡᠪᠦᠷᠢᠯᠡᠬᠦ ᠵᠡᠷᠭᠡ ᠶᠠᠪᠤᠴᠠ ᠳᠤ ᠬᠢᠵᠢᠭ ᠤᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ ᠭᠡᠵᠤ ᠱᠠᠭᠠᠷᠳᠠᠪᠠ᠃     ᠲᠣᠭᠤᠷᠢᠭ ᠤᠨ ᠤᠳᠤᠷᠢᠳᠤᠯᠭ᠎ᠠ ᠶᠠᠩ ᠶᠦᠨ᠂ ᠵᠠᠩ ᠪᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤᠪᠠᠷ ᠱᠠᠯᠠᠪᠳᠠᠭᠤᠯᠤᠨ ᠵᠢᠯᠤᠭᠤᠳᠴᠤ ᠪᠠᠶᠢᠴᠠᠭᠠᠵᠠᠢ᠃ 
ᠢᠷᠡᠯᠲᠡ᠄ ᠲᠤᠰ ᠰᠦᠯᠵᠢᠶ᠎ᠠ