︽ᠪᠠᠭ᠎ᠠ ᠴᠠᠰᠤ︾ ᠶᠢᠨ ᠴᠠᠭ ᠤᠯᠠᠷᠢᠯ ᠤᠨ ᠤᠷᠢᠳ ᠬᠤᠵᠢᠳ ᠢᠶᠠᠷ ᠤᠮᠠᠷᠠᠳᠤ ᠤᠷᠤᠨ ᠤ ᠤᠯᠠᠨ ᠭᠠᠵᠠᠷ | ᠲᠤ ᠡᠬᠢᠯᠡᠨ ᠴᠠᠰᠤ ᠤᠷᠤᠬᠤ ᠪᠦᠬᠡᠳ ︽ᠴᠠᠰᠤ ᠬᠤᠷᠠᠬᠤ︾ ᠦᠵᠡᠭᠳᠡᠯ ᠠᠮᠠᠷᠬᠠᠨ ᠭᠠᠷᠳᠠᠭ᠃ ᠡᠮᠤᠨᠡᠳᠤ ᠤᠷᠤᠨ | ᠳᠤ ᠴᠠᠰᠤ ᠤᠷᠤᠬᠤ ᠦᠬᠡᠢ ᠪᠤᠯᠪᠠᠴᠤ ᠠᠭᠠᠷ ᠤᠨ ᠳᠤᠯᠠᠭᠠᠨ ᠦᠷᠬᠦᠯᠵᠢᠯᠡᠨ ᠳᠤᠷᠤᠭᠰᠢᠯᠠᠨ᠎ᠠ᠃ ᠡᠶᠢᠮᠤ ᠠᠴᠠ᠂ | ᠤᠯᠠᠨ ᠢᠶᠠᠷ ᠢᠶᠠᠨ ᠬᠦᠢᠳᠡᠨ ᠠᠴᠠ ᠰᠡᠷᠬᠡᠶᠢᠯᠡᠨ ᠳᠤᠯᠠᠭᠠᠯᠠᠬᠤ ᠪᠠᠨ ᠠᠩᠬᠠᠷᠬᠤ ᠬᠡᠷᠡᠭᠳᠡᠢ᠃ | ︽ᠪᠠᠭ᠎ᠠ ᠴᠠᠰᠤ︾ ᠳᠤ ᠪᠡᠶ᠎ᠡ ᠰᠤᠪᠢᠯᠠᠬᠤ ᠵᠦᠭᠯᠡᠬᠦᠷ᠄ | ᠨᠢᠬᠡ ᠳᠤ᠂ ᠬᠦᠢᠴᠡᠳ ᠤᠨᠳᠠᠯᠭ᠎ᠠ ᠶᠢ ᠪᠠᠳᠤᠯᠠᠬᠤ ᠬᠡᠷᠡᠭᠳᠡᠢ᠃ ᠬᠢᠳᠠᠳ ᠡᠮᠨᠡᠯᠬᠡ ᠶᠢᠨ ᠦᠵᠡᠬᠦ ᠪᠠᠷ᠂ | ᠡᠪᠤᠯ ᠤᠨ ᠤᠯᠠᠷᠢᠯ ᠳᠤ 22 ᠴᠠᠭ ᠠᠴᠠ ᠤᠷᠤᠢ ᠠᠮᠠᠷᠠᠵᠤ ᠪᠤᠯᠬᠤ ᠦᠬᠡᠢ᠃ ᠬᠡᠷᠪᠡ ᠤᠷᠤᠢ ᠤᠨᠳᠠᠪᠠᠯ ᠬᠦᠮᠦᠨ ᠤ | ᠡᠬᠡᠯᠢᠯᠡᠭᠡ ᠶᠢᠨ ᠴᠢᠳᠠᠪᠤᠷᠢ ᠠᠮᠠᠷᠬᠠᠨ ᠮᠠᠭᠤᠳᠠᠨ᠎ᠠ᠂ ︽ᠪᠠᠭ᠎ᠠ ᠴᠠᠰᠤ︾ ᠪᠤᠯᠤᠭᠰᠠᠨ ᠤ ᠳᠠᠷᠠᠭ᠎ᠠ ᠠᠭᠠᠷ ᠤᠨ | ᠳᠤᠯᠠᠭᠠᠨ ᠮᠡᠳᠡᠭᠳᠡᠮ᠎ᠡ ᠳᠤᠷᠤᠭᠰᠢᠯᠠᠵᠤ᠂ ᠤᠷᠤᠢ ᠠᠮᠠᠷᠠᠪᠠᠯ ᠠᠮᠠᠷᠬᠠᠨ ᠡᠪᠡᠳᠴᠢᠯᠡᠨ᠎ᠡ᠃ | ᠬᠤᠶᠠᠷ ᠲᠤ᠂ ᠪᠦᠯᠢᠶᠡᠨ ᠴᠢᠨᠠᠷᠳᠠᠢ ᠢᠳᠡᠬᠡᠨ ᠢ ᠢᠯᠡᠬᠦᠬᠡᠨ ᠢᠳᠡᠪᠡᠯ ᠵᠤᠬᠢᠨ᠎ᠠ᠃ ᠡᠩ ᠤᠨ ᠬᠤᠭᠤᠯᠠᠨ | ᠳᠠᠭᠠᠨ ᠰᠤᠩᠬᠢᠨ᠎ᠠ᠂ ᠭᠠ᠂ ᠰᠠᠷᠢᠮᠰᠠᠭ ᠢᠯᠡᠬᠦᠦ ᠬᠢᠵᠤ᠂ ᠡᠳᠤᠷ ᠪᠦᠷᠢ ᠨᠢᠬᠡ ᠴᠤᠮᠤ ᠬᠠᠯᠠᠭᠤᠨ ᠰᠦ ᠤᠤᠭᠤᠵᠤ᠂ | ᠵᠤᠬᠢᠬᠤ ᠬᠡᠮᠵᠢᠶᠡᠨ ᠤ ᠮᠠᠭᠠᠵᠢ᠂ ᠯᠤᠬᠠᠱᠸᠡᠭ ᠵᠡᠷᠬᠡ ᠢᠳᠡᠬᠡᠨ ᠢᠳᠡᠪᠡᠯ ᠵᠤᠬᠢᠨ᠎ᠠ᠃ | ᠭᠤᠷᠪᠠ ᠳᠤ᠂ ᠤᠷᠤᠢ ᠪᠦᠷᠢ ᠬᠠᠯᠠᠭᠤᠨ ᠤᠰᠤ ᠪᠠᠷ ᠬᠦᠯ ᠢᠶᠠᠨ ᠳᠡᠪᠳᠤᠬᠡᠵᠤ ︵ᠬᠠᠯᠠᠭᠤᠨ ᠤᠰᠤᠨ ᠳᠤ | ᠳᠡᠪᠳᠤᠬᠡᠬᠡᠳ ᠳᠤᠬᠢᠷᠠᠬᠤ ᠦᠬᠡᠢ ᠬᠦᠯ ᠤᠨ ᠡᠪᠡᠳᠴᠢᠨ ᠳᠤ ᠨᠡᠷᠪᠡᠭᠳᠡᠭᠰᠡᠳ ᠠᠴᠠ ᠪᠤᠰᠤᠳ︶᠂ ᠬᠠᠯᠠᠭᠤᠨ ᠤᠰᠤ | ᠪᠠᠷ ᠬᠦᠯ ᠢᠶᠠᠨ ᠳᠡᠪᠳᠤᠬᠡᠪᠡᠯ ᠬᠦᠯ ᠤᠨ ᠤᠯᠠ ᠶᠢᠨ ᠪᠠᠯᠴᠢᠷ ᠲᠤ ᠰᠡᠳᠤᠯᠳᠡ ᠦᠭᠴᠤ᠂ ᠪᠡᠶ᠎ᠡ ᠮᠠᠬᠠᠪᠤᠳ ᠤᠨ | ᠬᠦᠢᠳᠡᠨ ᠢ ᠡᠰᠡᠷᠬᠦᠴᠡᠬᠦ ᠴᠢᠳᠠᠪᠤᠷᠢ ᠶᠢ ᠳᠡᠬᠡᠭᠰᠢᠯᠡᠬᠦᠯᠦᠨ᠎ᠡ᠃ | ᠲᠦᠷᠪᠡ ᠳᠤ᠂ ᠬᠡᠷ ᠤᠨ ᠭᠠᠳᠠᠨᠠᠬᠢ ᠬᠦᠳᠡᠯᠬᠡᠬᠡᠨ ᠳᠤ ᠢᠯᠡᠬᠦᠦ ᠤᠷᠤᠯᠴᠠᠪᠠᠯ ᠵᠤᠬᠢᠨ᠎ᠠ᠃ ᠠᠭᠤᠷ | ᠠᠮᠢᠰᠬᠤᠯ ᠬᠠᠬᠢᠷ ᠬᠦᠢᠳᠡᠷᠡᠵᠤ᠂ ᠵᠤᠬᠢᠰᠳᠠᠢ ᠬᠡᠷ ᠤᠨ ᠭᠠᠳᠠᠨᠠᠬᠢ ᠬᠦᠳᠡᠯᠬᠡᠬᠡᠨ ᠬᠢᠪᠡᠯ᠂ ᠪᠡᠶ᠎ᠡ ᠮᠠᠬᠠᠪᠤᠳ ᠤᠨ | ᠡᠬᠡᠯᠢᠯᠡᠭᠡ ᠶᠢᠨ ᠴᠢᠳᠠᠪᠤᠷᠢ ᠪᠠ ᠬᠦᠢᠳᠡᠨ ᠢ ᠳᠠᠭᠠᠭᠠᠬᠤ ᠴᠢᠳᠠᠪᠤᠷᠢ ᠶᠢ ᠳᠡᠬᠡᠭᠰᠢᠯᠡᠬᠦᠯᠵᠤ᠂ ᠤᠯᠠᠷᠢᠯ ᠤᠨ ᠴᠢᠨᠠᠷᠳᠠᠢ | ᠬᠢᠮᠤᠷᠠᠭ᠎ᠠ ᠶᠢ ᠨᠡᠩ ᠢᠯᠡᠬᠦᠦ ᠰᠡᠷᠬᠡᠶᠢᠯᠡᠵᠤ ᠴᠢᠳᠠᠨ᠎ᠠ᠃ | |