ᠳ᠋ᠦᠩᠱᠧᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/23
     11 ᠰᠠᠷ᠎ᠠ ᠶᠢᠨ 22 ᠤᠨ ᠡᠳᠦᠷ᠂ ᠤᠯᠤᠰ ᠲᠦᠷᠦ ᠶᠢᠨ ᠵᠥᠪᠯᠡᠯᠭᠡᠨ ᠤ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠬᠠᠨ ᠶᠣᠣ ᠲᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ᠂ ᠬᠡᠰᠡᠭ ᠪᠠᠶᠢᠩᠭᠤ ᠶᠢᠨ ᠭᠡᠰᠢᠬᠦᠳ ᠪᠣᠯᠣᠨ ᠭᠡᠰᠢᠭᠦᠳ ᠤᠨ ᠲᠥᠯᠥᠭᠡᠯᠡᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠤᠯᠤᠰ ᠲᠦᠷᠦ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠤᠯᠤᠰ ᠲᠦᠷᠦ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ᠃  ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠬᠦᠳ ᠪᠣᠯᠣᠨ ᠺᠠᠳ᠋ᠷᠴᠤᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠢᠮᠠᠭᠲᠠ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠡᠭᠦᠷᠭᠡ ᠴᠢᠳᠠᠪᠬᠢ ᠪᠠᠨ ᠭᠦᠢᠴᠡᠳᠬᠡᠬᠦ ᠡᠯ᠎ᠡ ᠭᠤᠭᠴᠤᠭ᠎ᠠ ᠪᠣᠯᠣᠨ ᠪᠦᠬᠦ ᠶᠠᠪᠤᠴᠠ ᠳᠤ ᠠᠭᠤᠰᠤᠯᠴᠠᠭᠤᠯᠤᠨ ᠨᠡᠪᠲᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠲᠠᠯᠪᠢᠭᠰᠠᠨ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠭᠡᠰᠢᠭᠦᠳ ᠤᠨ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠲᠠᠪᠴᠠᠩ ᠢ ᠰᠠᠶᠢᠲᠤᠷ ᠪᠠᠶᠢᠭᠤᠯᠤᠨ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠠᠨᠠᠭᠠᠴᠢᠯᠠᠭᠠᠲᠤ ᠴᠢᠨᠠᠷ᠂ ᠢᠳᠡᠪᠬᠢᠳᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠬᠦ ᠬᠡᠷᠡᠭᠲᠡᠢ᠃ ᠭᠡᠰᠢᠭᠦᠳ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠦᠴᠦᠯᠡᠬᠦ ᠴᠡᠭ ᠢᠶᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠠ ᠵᠥᠷᠢᠴᠡᠯ ᠢ ᠨᠠᠮᠳᠠᠭᠤᠯᠤᠨ᠂ ᠬᠠᠮᠲᠤ ᠶᠢᠨ ᠲᠠᠨᠢᠯᠲᠠ ᠶᠢ ᠨᠡᠮᠡᠭᠳᠡᠬᠦᠯᠵᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠳᠡᠭᠡᠷ᠎ᠡ ᠳᠠᠯᠪᠢᠵᠤ᠂ ᠳ᠋ᠦᠩᠱᠧᠩ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠳᠤ ᠤᠬᠠᠮᠰᠠᠷ ᠠᠴᠠ ᠪᠠᠨ ᠣᠷᠣᠯᠴᠠᠵᠤ᠂ ᠰᠠᠨᠠᠯ ᠰᠠᠨᠠᠭᠤᠯᠭ᠎ᠠ ᠳᠤᠷᠠᠳᠤᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠤᠨᠤᠪᠴᠢᠳᠠᠢ ᠮᠡᠳᠡᠭᠦᠯᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠦᠨ᠎ᠡ ᠦᠷᠳᠡᠭ ᠲᠠᠢ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠶᠢ ᠦᠨᠡᠨᠬᠦ ᠬᠠᠩᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠡᠰᠢᠭᠦᠳ ᠤᠨ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠯ᠎ᠡ ᠵᠦᠢᠯ ᠤᠨ ᠠᠵᠢᠯ ᠤᠨ ᠳᠤᠮᠳᠠ ᠲᠤᠤᠱᠯᠠᠭᠤᠯᠤᠨ ᠨᠠᠶᠢᠳᠠᠪᠤᠷᠢᠵᠢᠭᠤᠯᠵᠤ ᠴᠡᠴᠡᠭᠯᠡᠨ ᠵᠢᠮᠢᠰᠯᠡᠭᠦᠯᠬᠦ ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃
ᠢᠷᠡᠯᠲᠡ᠄ ᠲᠤᠰ ᠰᠦᠯᠵᠢᠶ᠎ᠠ