ᠬᠠᠨ ᠲᠤᠤ ᠪᠤᠷᠵᠠᠩ ᠨᠠᠭᠤᠷ ᠪᠠᠯᠭᠠᠰᠤᠨ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/11/24
     11 ᠰᠠᠷ᠎ᠠ ᠶᠢᠨ 23  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠤᠷᠵᠠᠩ ᠨᠠᠭᠤᠷ ᠪᠠᠯᠭᠠᠰᠤᠨ ᠳᠤ ᠬᠦᠷᠴᠦ᠂ ᠦᠨᠳᠦᠰᠦᠨ ᠱᠠᠲᠤᠨ ᠤ ᠨᠠᠮ ᠤᠨ ᠭᠡᠰᠢᠬᠦᠳ ᠺᠠᠳ᠋ᠷ ᠤᠯᠠᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃     ᠬᠠᠨ ᠲᠤᠤ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ᠂ ᠥᠩᠭᠡᠷᠡᠭᠰᠡᠨ 5 ᠵᠢᠯ ᠤᠨ ᠠᠵᠢᠯ ᠪᠣᠯᠣᠨ ᠰᠢᠨ᠎ᠡ ᠴᠠᠭ ᠦᠶ᠎ᠡ ᠶᠢᠨ 10 ᠵᠢᠯ ᠤᠨ ᠠᠤᠭ᠎ᠠ ᠶᠡᠭᠡ ᠬᠤᠪᠢᠰᠤᠯᠲᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠤ ᠰᠢᠰᠲ᠋ᠧᠮ ᠲᠠᠢ ᠲᠠᠶᠢᠯᠪᠤᠷᠢᠯᠠᠯᠲᠠ ᠪᠠ ᠭᠦᠨᠵᠡᠭᠡᠢ ᠲᠠᠶᠢᠯᠤᠮᠵᠢ ᠬᠢᠭᠰᠡᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠠᠵᠢᠯ ᠤᠨ ᠲᠣᠭᠤᠷᠢᠨ ᠳᠤ ᠦᠨᠳᠦᠰᠦᠨ ᠱᠠᠲᠤᠨ ᠤ ᠨᠠᠮ ᠤᠨ ᠭᠡᠰᠢᠬᠦᠳ ᠺᠠᠳ᠋ᠷ ᠤᠯᠠᠨ ᠲᠦᠮᠡᠨ ᠤ ᠲᠥᠯᠥᠭᠡᠯᠡᠭᠴᠢᠳ ᠲᠠᠢ ᠰᠤᠷᠤᠯᠴᠠᠭᠰᠠᠨ ᠣᠶᠢᠯᠠᠭᠠᠯᠲᠠ ᠪᠠᠨ ᠰᠣᠯᠢᠯᠴᠠᠪᠠ᠃     ᠬᠠᠨ ᠲᠤᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠣᠷᠣᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠴᠢ ᠰᠢᠳᠤᠷᠭᠤ ᠪᠠᠷ       ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠤᠬᠠᠮᠰᠠᠷ ᠢ ᠡᠷᠡᠰ ᠪᠡᠶᠡᠯᠡᠬᠦᠯᠬᠦ᠂ ᠰᠢᠨ᠎ᠡ ᠪᠠᠶᠢᠳᠠᠯ ᠳᠤ ᠵᠣᠬᠢᠴᠠᠬᠤ᠂ ᠰᠢᠨ᠎ᠡ ᠱᠠᠭᠠᠷᠳᠠᠯᠭ᠎ᠠ ᠶᠢ ᠡᠵᠡᠮᠳᠡᠬᠦ᠂ ᠰᠢᠨ᠎ᠡ ᠥᠷᠢᠰᠦᠯᠳᠦᠭᠡᠨ ᠢ ᠠᠷᠭᠠᠴᠠᠬᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠬᠦᠴᠦᠷᠬᠡᠭ ᠶᠡᠭᠡ ᠬᠦᠳᠡᠯᠬᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳ᠋ᠦᠩᠱᠧᠩ ᠳᠤ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠬᠦ ᠬᠡᠷᠡᠭᠲᠡᠢ ᠭᠡᠵᠤ ᠱᠠᠭᠠᠷᠳᠠᠪᠠ᠃     ᠬᠠᠨ ᠲᠤᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ᠂ ᠤᠳᠤ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠲᠤᠭᠳᠠᠯᠴᠠᠭ᠎ᠠ ᠶᠢ ᠪᠠᠶᠢᠭᠤᠯᠬᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠴᠢᠭᠯᠡᠬᠦᠯᠦᠨ᠂ ᠨᠡᠩ ᠥᠨᠳᠥᠷ  ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠶᠡᠭᠡ ᠪᠠᠶᠢᠷᠢᠰᠢᠯ ᠢᠶᠠᠷ ᠬᠠᠷᠠᠯᠲᠠ ᠪᠠᠨ ᠲᠣᠭᠲᠠᠭᠠᠵᠤ᠂ ᠬᠥᠭᠵᠢᠯᠲᠡ ᠶᠢ ᠡᠷᠢᠯᠬᠢᠯᠡᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠠᠷᠢᠶᠠᠯᠠᠩ ᠠᠵᠤ ᠠᠬᠤᠢ ᠶᠢᠨ ᠥᠨᠳᠥᠷ ᠴᠢᠨᠠᠷ ᠳᠡᠰ᠂ ᠦᠨᠳᠦᠷ ᠦᠷ᠎ᠡ ᠠᠰᠢᠭ ᠲᠠᠢ ᠪᠠᠶᠢᠬᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠵᠤ᠂ ᠳ᠋ᠦᠩᠱᠧᠩ ᠤᠨ ᠨᠡᠩ ᠰᠠᠶᠢᠨ ᠰᠠᠶᠢᠬᠠᠨ ᠢᠷᠡᠬᠡᠳᠦᠢ ᠶᠢᠨ ᠲᠥᠯᠥᠭᠡ ᠬᠠᠮᠲᠤᠪᠠᠷ ᠪᠦᠯᠬᠦᠮᠳᠡᠨ ᠲᠡᠮᠡᠴᠡᠵᠡᠭᠡᠶ᠎ᠡ ᠭᠡᠪᠡ᠃     ᠤᠬᠠᠭᠤᠯᠤᠨ ᠳᠠᠶᠢᠯᠪᠤᠷᠢᠯᠠᠯᠳᠠ ᠬᠢᠬᠦ ᠠᠴᠠ ᠡᠮᠦᠨ᠎ᠡ᠂ ᠬᠠᠨ ᠲᠤᠤ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠪᠣᠯᠣᠨ ᠳᠤᠰᠬᠤᠨ ᠤ ᠡᠷᠦᠬᠡ ᠳᠤ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠲᠤᠬᠠᠢ ᠬᠠᠮᠢᠶ᠎ᠠ ᠪᠦᠬᠦᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃     ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃ 
ᠢᠷᠡᠯᠲᠡ᠄ ᠲᠤᠰ ᠰᠦᠯᠵᠢᠶ᠎ᠠ